ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠠᠵᠤ ᠠᠬᠤᠢ᠌ᠯᠠᠯ᠎ᠯᠤᠭ᠎ᠠ ᠬᠣᠯᠪᠣᠭᠳᠠᠭᠰᠠᠨ ᠰᠦᠢ᠍ᠳᠬᠡᠯ ᠬᠤᠷᠢᠶᠠᠯᠲᠠ᠂ ᠤᠷᠤᠭ᠎ᠤᠨ ᠪᠦᠷᠢᠳᠬᠡᠯ᠎ᠲᠠᠢ ᠬᠣᠯᠪᠣᠭᠳᠠᠨ᠎ᠠ — ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯᠳᠤᠭ᠋ᠠᠨ ᠵᠶ᠋ᠠᠷ ᠡᠨᠡ ᠬᠣᠶᠠᠷ ᠶᠠᠪᠤᠳᠠᠯ᠎ᠢ ᠪᠠᠢ᠌ᠷᠢᠯᠠᠭᠤᠯᠪᠠ
ᠨᠡᠶ᠋ᠢᠲᠡᠯᠡᠭᠰᠡᠨ ᠴᠠᠭ᠄ 2025-03-28

      ᠠᠵᠤ ᠠᠬᠤᠢ᠌ᠯᠠᠯ᠎ᠯᠤᠭ᠎ᠠ ᠬᠣᠯᠪᠣᠭᠳᠠᠭᠰᠠᠨ ᠰᠦᠢ᠍ᠳᠬᠡᠯ ᠬᠤᠷᠢᠶᠠᠯᠲᠠ᠎ᠳᠤ ᠣᠷᠳᠣ ᠬᠤᠭᠤᠴᠠᠭ᠋ᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠬᠣᠯᠪᠣᠭᠳᠠᠯ ᠪᠦᠬᠦᠢ ᠠᠷᠭ᠎ᠠ ᠬᠡᠮᠵᠢᠶ᠎ᠡ ᠵᠢ ᠰᠤᠳᠤᠯᠪᠠ

      ᠬᠤᠷᠠᠯ ᠵᠶ᠋ᠠᠷ ᠵᠢᠭ᠋ᠠᠵᠤ ᠭᠠᠷᠭ᠋ᠠᠭᠰᠠᠨ᠎ᠨᠢ᠂ ᠠᠵᠤ ᠠᠬᠤᠢ᠌ᠯᠠᠯ᠎ᠯᠤᠭ᠎ᠠ ᠬᠣᠯᠪᠣᠭᠳᠠᠭᠰᠠᠨ ᠰᠦᠢ᠍ᠳᠬᠡᠯ ᠬᠤᠷᠢᠶᠠᠯᠲᠠ᠎ᠳᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠪᠣᠯ ᠠᠵᠤ ᠠᠬᠤᠢ᠌ᠯᠠᠯ᠎ᠤᠨ ᠡᠵᠡᠩᠨᠡᠯᠲᠡ ᠵᠢᠨ ᠥᠪᠡᠷ᠎ᠤᠨ ᠦᠷᠳᠡᠭ᠎ᠢ᠎ᠨᠢ ᠪᠠᠭᠤᠷᠠᠭᠤᠯᠬᠤ ᠪᠠ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃

      ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠰᠡᠷᠭᠡᠢ᠌ᠯᠡᠬᠦ ᠪᠠ ᠵᠠᠰᠠᠬᠤ ᠵᠢ ᠵᠡᠷᠭᠡ᠎ᠪᠠᠷ ᠠᠳᠬᠤᠬᠤ᠂ ᠦᠡᠭᠭᠡᠨ ᠲᠠᠯ᠎ᠠ ᠪᠠ ᠦᠨᠳᠦᠰᠦ᠎ᠠᠴᠠ᠎ᠨᠢ ᠵᠠᠰᠠᠬᠤ ᠵᠢ ᠪᠠᠷᠢᠮᠲᠠᠯᠠᠵᠤ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠠᠭᠤᠴᠢ ᠦᠢ᠍ᠯᠡᠴᠢᠯᠡᠭᠡᠨ᠎ᠤ ᠪᠠᠢ᠌ᠭᠤᠯᠤᠮᠵᠢ᠂ ᠠᠵᠢᠯ ᠲᠦᠷᠦᠯ᠎ᠤᠨ ᠨᠡᠢ᠌ᠭᠡᠮᠯᠢᠭ ᠬᠤᠳᠠᠯᠳᠤᠭ᠋ᠠᠴᠢᠳ᠎ᠤᠨ ᠡᠪᠯᠡᠯ᠂ ᠠᠶᠠᠨᠳᠠᠭ᠋ᠠᠨ ᠭᠠᠭᠴᠠᠭ᠋ᠠᠷ ᠡᠵᠡᠮᠰᠢᠬᠦ ᠭᠣᠭᠴᠣᠭ᠋ᠠᠨ᠎ᠤ ᠲᠤᠬᠠᠢ᠌ᠯᠠᠭᠰᠠᠨ ᠠᠵᠢᠯ ᠡᠵᠡᠩᠨᠡᠬᠦ ᠠᠵᠤ ᠠᠬᠤᠢ᠌ᠯᠠᠯ ᠵᠡᠷᠭᠡ ᠠᠵᠤ ᠠᠬᠤᠢ᠌ᠯᠠᠯ᠎ᠯᠤᠭ᠎ᠠ ᠬᠣᠯᠪᠣᠭᠳᠠᠭᠰᠠᠨ ᠰᠦᠢ᠍ᠳᠬᠡᠯ ᠬᠤᠷᠢᠶᠠᠬᠤ ᠭᠣᠣᠯ ᠴᠣᠭᠴᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠦᠬᠦ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂  ᠬᠠᠮᠵᠢᠯᠴᠠᠭᠰᠠᠨ ᠥᠨᠳᠥᠷ ᠪᠦᠲᠦᠮᠵᠢᠲᠡᠢ ᠤᠷᠳᠤ ᠬᠤᠭᠤᠴᠠᠭ᠋ᠠᠨ᠎ᠤ ᠪᠦᠲᠦᠮᠵᠢᠲᠡᠢ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠬᠦᠴᠦᠯᠡᠨ ᠪᠠᠢ᠌ᠭᠤᠯᠤᠨ᠎ᠠ᠃

      ᠠᠵᠤ ᠠᠬᠤᠢ᠌ᠯᠠᠯ᠎ᠯᠤᠭ᠎ᠠ ᠬᠣᠯᠪᠣᠭᠳᠠᠭᠰᠠᠨ ᠰᠦᠢ᠍ᠳᠬᠡᠯ ᠬᠤᠷᠢᠶᠠᠬᠤ ᠭᠠᠷᠴᠠᠭ᠎ᠤᠨ ᠨᠠᠷᠢᠨ ᠳᠠᠩᠰᠠᠨ᠎ᠤ ᠳᠦᠷᠢᠮ᠎ᠢ ᠪᠦᠷᠢᠨᠰᠢᠭᠦᠯᠵᠦ᠂ ᠪᠣᠶ ᠪᠦᠬᠦᠢ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠴᠥᠮ ᠨᠠᠷᠢᠨ ᠳᠠᠩᠰᠠᠨ᠎ᠳᠤ ᠣᠷᠣᠭᠤᠯᠬᠤ ᠵᠢᠨ ᠬᠠᠮᠲᠤ ᠨᠡᠢ᠌ᠭᠡᠮ᠎ᠳᠤ ᠢᠯᠡ ᠪᠣᠯᠭ᠋ᠠᠵᠤ᠂ ᠦᠢ᠍ᠯᠡᠴᠢᠯᠡᠭᠡᠨ᠎ᠤ ᠠᠭᠤᠯᠭ᠎ᠠ᠂ ᠦᠢ᠍ᠯᠡᠴᠢᠯᠡᠭᠡᠨ᠎ᠤ ᠪᠠᠷᠢᠮᠵᠢᠶ᠎ᠠ᠂ ᠰᠦᠢ᠍ᠳᠬᠡᠯ ᠬᠤᠷᠢᠶᠠᠬᠤ ᠲᠣᠭ᠎ᠠ ᠬᠡᠮᠵᠢᠶ᠎ᠡ ᠵᠢ ᠲᠣᠳᠣᠷᠬᠠᠢ᠌ᠯᠠᠨ᠎ᠠ᠂  ᠨᠠᠷᠢᠨ ᠳᠠᠩᠰᠠᠨ᠎ᠤ ᠳᠣᠲᠣᠷᠠᠬᠢ᠎ᠠᠴᠠ ᠪᠤᠰᠤᠳ ᠶᠠᠮᠠᠷ ᠴᠤ᠌ ᠰᠦᠢ᠍ᠳᠬᠡᠯ ᠬᠤᠷᠢᠶᠠᠵᠤ ᠪᠣᠯᠬᠤ ᠦᠭᠡᠢ᠂ ᠠᠵᠤ ᠠᠬᠤᠢ᠌ᠯᠠᠯ᠎ᠯᠤᠭ᠎ᠠ ᠬᠣᠯᠪᠣᠭᠳᠠᠭᠰᠠᠨ ᠰᠦᠢ᠍ᠳᠬᠡᠯ ᠬᠤᠷᠢᠶᠠᠯᠲᠠ ᠵᠢᠨ ᠦᠯᠡᠳᠡᠭᠡᠯ ᠲᠥᠷᠥ ᠵᠢᠨ ᠪᠣᠳᠣᠯᠭ᠎ᠠ᠎ᠨᠤᠭᠤᠳ᠎ᠢ ᠬᠠᠤᠯᠢ ᠲᠣᠭᠲᠠᠭ᠋ᠠᠯ ᠶᠣᠰᠣᠭ᠋ᠠᠷ ᠢᠯᠭ᠋ᠠᠷᠠᠭᠤᠯᠤᠨ᠎ᠠ᠃

      ᠲᠣᠭᠲᠠᠭ᠋ᠠᠯ᠎ᠠᠴᠠ ᠵᠥᠷᠢᠴᠡᠨ ᠰᠦᠢ᠍ᠳᠬᠡᠯ ᠬᠤᠷᠢᠶᠠᠬᠤ ᠵᠢ ᠵᠠᠰᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢᠨ ᠦᠨᠳᠦᠰᠦᠯᠡᠯ ᠦᠭᠡᠢ᠂ ᠠᠵᠤ ᠠᠬᠤᠢ᠌ᠯᠠᠯ᠎ᠯᠤᠭ᠎ᠠ ᠬᠣᠯᠪᠣᠭᠳᠠᠭᠰᠠᠨ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠡᠷᠬᠡ᠎ᠠᠴᠠ᠎ᠪᠠᠨ ᠳᠠᠪᠠᠭᠤᠯᠵᠤ ᠲᠣᠭᠲᠠᠭ᠋ᠠᠭᠰᠠᠨ ᠪᠠᠢ᠌ᠪᠠᠯ ᠴᠥᠮ ᠬᠦᠴᠦᠨ ᠦᠭᠡᠢ ᠪᠣᠯᠭ᠋ᠠᠨ᠎ᠠ;  ᠲᠠᠲᠠᠪᠤᠷᠢᠯᠠᠵᠤ ᠬᠤᠷᠢᠶᠠᠬᠤ ᠪᠠᠷᠢᠮᠵᠢᠶ᠎ᠠ ᠵᠢ ᠳᠤᠷ᠎ᠠ᠎ᠪᠠᠷ ᠵᠶ᠋ᠠᠨ ᠳᠡᠭᠡᠭᠰᠢᠯᠡᠭᠦᠯᠦᠭᠰᠡᠨ᠂  ᠲᠠᠲᠠᠪᠤᠷᠢᠯᠠᠵᠤ ᠬᠤᠷᠢᠶᠠᠬᠤ ᠬᠡᠪᠴᠢᠶ᠎ᠡ ᠵᠢ ᠳᠤᠷ᠎ᠠ᠎ᠪᠠᠷ ᠵᠶ᠋ᠠᠨ ᠥᠷᠭᠡᠳᠬᠡᠭᠰᠡᠨ ᠦᠢ᠍ᠯᠡ ᠠᠵᠢᠯᠯᠠᠭ᠎ᠠ᠎ᠨᠤᠭᠤᠳ᠎ᠢ ᠡᠷᠡᠰ ᠵᠠᠯᠠᠷᠠᠭᠤᠯᠤᠨ᠎ᠠ; ᠠᠵᠤ ᠠᠬᠤᠢ᠌ᠯᠠᠯ᠎ᠯᠤᠭ᠎ᠠ ᠬᠣᠯᠪᠣᠭᠳᠠᠭᠰᠠᠨ ᠰᠦᠢ᠍ᠳᠬᠡᠯ ᠬᠤᠷᠢᠶᠠᠯᠲᠠ ᠵᠢᠨ ᠲᠥᠷᠥ ᠵᠢᠨ ᠪᠣᠳᠣᠯᠭ᠎ᠠ ᠵᠢ ᠦᠨᠡᠨ ᠬᠦ᠌ ᠰᠢᠨ᠎ᠡ᠎ᠪᠠᠷ ᠨᠡᠢ᠌ᠲᠡᠯᠡᠬᠦ ᠴᠢᠬᠤᠯᠠᠲᠠᠢ ᠪᠣᠯ ᠬᠠᠤᠯᠢ ᠶᠣᠰᠣᠴᠢ ᠴᠢᠨᠠᠷ᠂ ᠲᠥᠪ ᠭᠤᠥᠯᠴᠢ ᠴᠢᠨᠠᠷ ᠵᠢᠴᠢ ᠨᠡᠢ᠌ᠭᠡᠮ᠎ᠳᠠᠬᠢ ᠨᠥᠯᠥᠭᠡ ᠵᠢᠨ ᠵᠢᠱ᠌ᠢᠯᠲᠡ ᠵᠡᠷᠭᠡ ᠲᠠᠯ᠎ᠠ᠎ᠠᠴᠠ ᠬᠢᠨᠠᠨ ᠬᠠᠷᠭᠤᠭᠤᠯᠤᠯᠲᠠ᠎ᠪᠠᠨ ᠴᠢᠩᠭ᠋ᠠᠳᠬᠠᠨ᠎ᠠ᠃

      ᠠᠵᠤ ᠠᠬᠤᠢ᠌ᠯᠠᠯ᠎ᠯᠤᠭ᠎ᠠ ᠬᠣᠯᠪᠣᠭᠳᠠᠭᠰᠠᠨ ᠰᠦᠢ᠍ᠳᠬᠡᠯ ᠬᠤᠷᠢᠶᠠᠯᠲᠠ ᠵᠢ ᠬᠢᠨᠠᠨ ᠰᠢᠨᠵᠢᠵᠦ ᠦᠨᠡᠯᠡᠨ ᠵᠢᠱ᠌ᠢᠬᠦ ᠳᠦᠷᠢᠮ ᠵᠶ᠋ᠠᠨ ᠪᠦᠷᠢᠨᠰᠢᠭᠦᠯᠦᠨ᠂  ᠠᠰᠠᠭᠤᠳᠠᠯ᠎ᠤᠳ᠎ᠤᠨ ᠰᠦᠪᠡᠭᠴᠢ᠎ᠨᠦᠭᠦᠳ᠎ᠢ ᠴᠤᠭᠯᠠᠭᠤᠯᠬᠤ ᠪᠠ ᠰᠢᠢ᠍ᠳᠪᠦᠷᠢᠯᠡᠬᠦ ᠲᠣᠭᠲᠠᠴᠠ᠎ᠪᠠᠨ ᠰᠢᠯᠢᠳᠡᠭᠵᠢᠭᠦᠯᠵᠦ᠂ ᠪᠦᠬᠦ ᠨᠡᠢ᠌ᠭᠡᠮ ᠵᠶ᠋ᠠᠷ ᠵᠶ᠋ᠠᠨ ᠣᠷᠣᠯᠴᠠᠭᠰᠠᠨ᠂  ᠬᠠᠮᠵᠢᠯᠴᠠᠨ ᠵᠠᠰᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠵᠤ᠂ ᠡᠯ᠎ᠡ ᠲᠦᠷᠦᠯ᠎ᠤᠨ ᠡᠵᠡᠩᠨᠡᠯᠲᠡ ᠵᠢᠨ ᠭᠣᠣᠯ ᠴᠣᠭᠴᠠ ᠵᠢᠨ ᠵᠢᠱ᠌ᠢᠯᠲᠡ ᠵᠢ᠎ᠨᠢ ᠴᠢᠨᠠᠭᠰᠢᠳᠠ ᠤᠯᠠᠮ ᠲᠣᠭᠲᠠᠪᠤᠷᠢᠵᠢᠭᠤᠯᠤᠨ᠂  ᠬᠥᠭᠵᠢᠯᠲᠡ ᠵᠢᠨ ᠢᠲᠡᠭᠡᠯ᠎ᠢ᠎ᠨᠢ ᠨᠡᠮᠡᠭᠳᠡᠭᠦᠯᠦᠨ᠎ᠡ᠃

      《ᠤᠷᠤᠭ᠎ᠤᠨ ᠪᠦᠷᠢᠳᠬᠡᠯ᠎ᠤᠨ ᠳᠦᠷᠢᠮ (ᠵᠠᠰᠠᠪᠤᠷᠢ ᠣᠷᠣᠭᠤᠯᠤᠭᠰᠠᠨ ᠲᠥᠰᠥᠯ)》᠎ᠢ ᠬᠢᠨᠠᠨ ᠵᠥᠪᠯᠡᠵᠦ ᠪᠠᠲᠤᠯᠠᠪᠠ

      ᠬᠤᠷᠠᠯ ᠵᠶ᠋ᠠᠷ 《ᠤᠷᠤᠭ᠎ᠤᠨ ᠪᠦᠷᠢᠳᠬᠡᠯ᠎ᠤᠨ ᠳᠦᠷᠢᠮ (ᠵᠠᠰᠠᠪᠤᠷᠢ ᠣᠷᠣᠭᠤᠯᠤᠭᠰᠠᠨ ᠲᠥᠰᠥᠯ)》᠎ᠢ ᠬᠢᠨᠠᠨ ᠵᠥᠪᠯᠡᠵᠦ ᠪᠠᠲᠤᠯᠠᠪᠠ᠃

      ᠬᠤᠷᠠᠯ ᠵᠶ᠋ᠠᠷ ᠵᠢᠭ᠋ᠠᠵᠤ ᠭᠠᠷᠭ᠋ᠠᠭᠰᠠᠨ᠎ᠨᠢ᠂  ᠲᠣᠰ ᠤᠳᠠᠭ᠎ᠠ ᠵᠠᠰᠠᠪᠤᠷᠢ ᠣᠷᠣᠭᠤᠯᠬᠤ᠎ᠳᠤ ᠢᠷᠭᠡᠨ᠎ᠤ ᠬᠠᠤᠯᠢ ᠵᠢᠨ ᠪᠢᠴᠢᠭ᠎ᠤᠨ ᠲᠣᠭᠲᠠᠭ᠋ᠠᠯ᠎ᠢ ᠨᠠᠢ᠌ᠳᠠᠪᠤᠷᠢᠵᠢᠭᠤᠯᠤᠨ᠂  ᠣᠯᠠᠨ ᠲᠦᠮᠡᠨ᠎ᠤ ᠠᠩᠬᠠᠷᠴᠤ ᠪᠠᠢ᠌ᠭ᠎ᠠ ᠠᠰᠠᠭᠤᠳᠠᠯ᠎ᠤᠳ᠎ᠲᠤ ᠢᠳᠡᠪᠬᠢᠲᠡᠢ ᠬᠠᠷᠢᠭᠤᠯᠲᠠ ᠥᠭᠴᠦ᠂ ᠣᠢ᠌ᠷ᠎ᠠ ᠵᠢᠨ ᠵᠢᠯ᠎ᠤᠳ᠎ᠤᠨ ᠣᠷᠤᠭ᠎ᠤᠨ ᠪᠦᠷᠢᠳᠬᠡᠯ᠎ᠤᠨ 《ᠮᠤᠵᠢ ᠠᠯᠤᠰᠯᠠᠨ ᠨᠡᠢ᠌ᠳᠡᠮ ᠭᠦᠢ᠍ᠴᠡᠳᠬᠡᠬᠦ》 ᠵᠡᠷᠭᠡ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠦᠷ᠎ᠡ ᠪᠦᠲᠦᠭᠡᠯ᠎ᠤᠳ᠎ᠢ ᠬᠠᠤᠯᠢ ᠴᠠᠭ᠋ᠠᠵᠠ ᠵᠢᠨ ᠳᠦᠷᠢᠮ ᠪᠣᠯᠭ᠋ᠠᠵᠤ᠂  ᠣᠷᠤᠭ᠎ᠤᠨ ᠪᠦᠷᠢᠳᠬᠡᠯ᠎ᠤᠨ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ᠂ ᠣᠷᠤᠭ᠎ᠤᠨ ᠪᠦᠷᠢᠳᠬᠡᠯ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠬᠦ᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠪᠠ᠃

      《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ》 ᠱᠠᠭ᠋ᠠᠷᠳᠠᠯᠭ᠎ᠠ ᠶᠣᠰᠣᠭ᠋ᠠᠷ᠂ ᠪᠥᠬᠦ ᠤᠯᠤᠰ᠎ᠤᠨ ᠣᠷᠤᠭ᠎ᠤᠨ ᠰᠠᠭᠤᠷᠢ ᠮᠡᠳᠡᠭᠡ ᠵᠠᠩᠭᠢ ᠵᠢᠨ ᠬᠥᠮᠥᠷᠭᠡ ᠵᠢ ᠦᠷᠭᠦᠯᠵᠢᠯᠡᠨ ᠲᠡᠭᠦᠯᠳᠡᠷᠵᠢᠭᠦᠯᠵᠦ᠂ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠵᠢ ᠴᠢᠩᠭ᠋ᠠᠳᠬᠠᠨ᠂ ᠤᠷᠤᠭ᠎ᠤᠨ ᠪᠦᠷᠢᠳᠬᠡᠯ᠎ᠢ 《ᠪᠥᠬᠦ ᠤᠯᠤᠰ᠎ᠲᠤ ᠨᠡᠢ᠌ᠳᠡᠮ ᠭᠦᠢ᠍ᠴᠡᠳᠬᠡᠬᠦ》 ᠵᠢ ᠪᠡᠶᠡᠯᠡᠭᠦᠯᠬᠦ᠎ᠪᠠᠨ ᠲᠦᠷᠭᠡᠳᠬᠡᠨ ᠠᠬᠢᠭᠤᠯᠵᠤ᠂ ᠤᠷᠤᠭ᠎ᠤᠨ ᠪᠦᠷᠢᠳᠬᠡᠯ᠎ᠤᠨ ᠦᠢ᠍ᠯᠡᠴᠢᠯᠡᠭᠡᠨ᠎ᠢ ᠪᠠᠷᠢᠮᠵᠢᠶᠠᠵᠢᠭᠤᠯᠬᠤ᠂  ᠵᠢᠷᠤᠮᠵᠢᠭᠤᠯᠬᠤ᠂  ᠳᠥᠭᠥᠮᠯᠡᠬᠦ ᠲᠦᠪᠰᠢᠨ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃

      ᠤᠷᠤᠭ ᠭᠡᠷ ᠪᠦᠯᠢ ᠵᠢᠨ ᠦᠢ᠍ᠯᠡᠴᠢᠯᠡᠭᠡᠨ᠎ᠤ ᠶᠡᠷᠦᠩᠬᠡᠢ᠌ᠯᠡᠭᠰᠡᠨ ᠴᠢᠨᠠᠷᠲᠠᠢ ᠵᠢᠭ᠋ᠠᠨ ᠵᠢᠯᠤᠭᠣᠳᠬᠤ ᠠᠵᠢᠯ ᠪᠠ ᠤᠷᠤᠭ ᠭᠡᠷ ᠪᠦᠯᠢ ᠵᠢᠨ ᠬᠠᠪᠰᠤᠷᠤᠨ ᠵᠢᠯᠤᠭᠣᠳᠬᠤ ᠦᠢ᠍ᠯᠡᠴᠢᠯᠡᠭᠡᠨ᠎ᠤ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠤᠷᠤᠭ ᠬᠤᠷᠢᠮ᠎ᠤᠨ ᠪᠣᠯᠪᠠᠰᠤᠨ ᠵᠠᠩ ᠦᠢ᠍ᠯᠡ ᠵᠢ ᠰᠠᠨᠠᠭ᠋ᠠᠴᠢᠯᠠᠨ᠂ ᠭᠡᠷ ᠪᠦᠯᠢ ᠵᠢᠨ ᠡᠶ᠎ᠡ ᠵᠣᠬᠢᠴᠠᠯ᠎ᠢ ᠠᠬᠢᠭᠤᠯᠵᠤ᠂ ᠢᠳᠡᠪᠬᠢᠲᠡᠢ ᠥᠭᠡᠳᠡᠷᠬᠡᠭ ᠰᠢᠨ᠎ᠡ ᠮᠠᠶᠢᠭ᠎ᠤᠨ ᠤᠷᠤᠭ ᠬᠤᠷᠢᠮ ᠦᠷᠡᠵᠢᠯ᠎ᠤᠨ ᠰᠣᠶᠣᠯ᠎ᠢ ᠪᠤᠢ ᠪᠣᠯᠭ᠋ᠠᠨ᠎ᠠ᠃ 

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
 
            