ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠬᠢᠨᠠᠨ ᠬᠡᠮᠵᠢᠵᠦ ᠦᠨᠡᠯᠡᠬᠦ ᠠᠷᠭ᠎ᠠ》 ᠵᠢᠨ ᠲᠤᠬᠠᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2025-04-26

      ᠮᠠᠨ᠎ᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠪᠠ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠬᠢᠨᠠᠨ ᠬᠡᠮᠵᠢᠵᠦ ᠦᠨᠡᠯᠡᠬᠦ ᠳᠦᠷᠢᠮ᠎ᠢ ᠲᠡᠭᠦᠯᠳᠡᠷᠵᠢᠭᠦᠯᠵᠦ᠂ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠦᠷ᠎ᠡ  ᠪᠦᠲᠦᠮᠵᠢ ᠵᠢ ᠣᠨᠣᠪᠴᠢᠲᠠᠢ ᠦᠨᠡᠯᠡᠬᠦ ᠵᠢᠨ ᠲᠤᠰᠠᠳᠠ᠂ 3 ᠰᠠᠷ᠎ᠠ ᠵᠢᠨ 12᠎ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠠᠴᠠ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ  ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ  ᠵᠢᠯᠤᠭᠣᠳᠬᠤ ᠰᠠᠨᠠᠯ〉 〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ  ᠠᠵᠤ ᠦᠢ᠍ᠯᠡᠰ᠎ᠤᠨ ᠬᠦᠷᠢᠶᠡᠯᠡᠩ᠎ᠤᠨ  ᠬᠢᠨᠠᠨ  ᠬᠡᠮᠵᠢᠵᠦ  ᠦᠨᠡᠯᠡᠬᠦ ᠠᠷᠭ᠎ᠠ〉᠎ᠳᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ  ᠬᠢᠨᠠᠨ ᠬᠡᠮᠵᠢᠵᠦ  ᠦᠨᠡᠯᠡᠬᠦ ᠠᠷᠭ᠎ᠠ》 (ᠳᠣᠷᠣᠭᠰᠢ ᠬᠢᠨᠠᠨ ᠬᠡᠮᠵᠢᠵᠦ  ᠦᠨᠡᠯᠡᠬᠦ ᠠᠷᠭ᠎ᠠ ᠭᠡᠵᠦ ᠲᠣᠪᠴᠢᠯᠠᠨ᠎ᠠ) ᠵᠢᠨ ᠬᠠᠮᠢᠶ᠎ᠠ ᠪᠦᠬᠦᠢ ᠠᠭᠤᠯᠭ᠎ᠠ ᠵᠢ ᠳᠣᠣᠷᠠᠬᠢ ᠮᠡᠲᠦ ᠲᠠᠢ᠌ᠯᠪᠤᠷᠢᠯᠠᠶ᠎ᠠ᠄

      ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠢ᠌ᠳᠠᠯ

      2022 ᠣᠨ᠎ᠳᠤ᠂ ᠮᠠᠨ᠎ᠤ ᠲᠢᠩᠬᠢᠮ 《ᠤᠯᠤᠰ᠎ᠤᠨ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ  ᠬᠢᠨᠠᠨ ᠬᠡᠮᠵᠢᠵᠦ  ᠦᠨᠡᠯᠡᠬᠦ ᠠᠷᠭ᠎ᠠ (ᠲᠤᠷᠰᠢᠨ ᠬᠡᠷᠡᠭᠵᠢᠭᠦᠯᠬᠦ)》 ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠢ ᠡᠭᠦᠳᠦᠨ ᠪᠠᠢ᠌ᠭᠤᠯᠤᠭᠰᠠᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ  ᠬᠢᠨᠠᠨ ᠬᠡᠮᠵᠢᠵᠦ  ᠦᠨᠡᠯᠡᠬᠦ  ᠠᠷᠭ᠎ᠠ (ᠲᠤᠷᠰᠢᠨ ᠬᠡᠷᠡᠭᠵᠢᠭᠦᠯᠬᠦ)》 ᠵᠢ ᠲᠤᠭᠤᠷᠪᠢᠨ  ᠳᠠᠷᠤᠮᠠᠯᠯᠠᠨ  ᠲᠠᠷᠬᠠᠭ᠋ᠠᠵᠤ᠂ ᠮᠠᠨ᠎ᠤ ᠣᠷᠣᠨ᠎ᠤ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠤᠨ ᠬᠠᠮᠢᠶᠠᠷᠤᠯᠲᠠ᠎ᠳᠤ ᠢᠳᠡᠪᠬᠢᠲᠡᠢ ᠠᠬᠢᠭᠤᠯᠬᠤ ᠦᠢ᠍ᠯᠡᠳᠦᠯ ᠦᠵᠡᠭᠦᠯᠪᠡ᠃ ᠣᠢ᠌ᠷ᠎ᠠ ᠵᠢᠨ ᠵᠢᠯ᠎ᠤᠳ᠎ᠲᠤ᠂ ᠤᠯᠤᠰ᠎ᠤᠨ ᠤᠳᠤ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ  ᠭᠤᠶᠤᠴᠢᠯᠠᠨ ᠮᠡᠳᠡᠭᠦᠯᠦᠯᠳᠡ ᠵᠢᠨ   ᠭᠣᠣᠯᠳᠠᠯᠭ᠎ᠠ᠎ᠲᠠᠢ ᠭᠦᠢ᠍ᠴᠡᠳᠬᠡᠯ ᠲᠣᠭ᠎ᠠ ᠵᠢᠨ ᠲᠤᠬᠢᠷᠠᠭᠤᠯᠤᠯᠳᠠ ᠵᠢ ᠦᠨᠳᠦᠰᠦᠯᠡᠨ᠂  ᠮᠠᠨ᠎ᠤ ᠣᠷᠣᠨ᠎ᠤ ᠠᠵᠤ ᠦᠢ᠍ᠯᠡᠰ᠎ᠤᠨ  ᠬᠦᠷᠢᠶᠡᠯᠡᠩ᠎ᠤᠨ ᠬᠢᠨᠠᠨ ᠬᠡᠮᠵᠢᠬᠦ ᠭᠦᠢ᠍ᠴᠡᠳᠬᠡᠯ ᠲᠣᠭ᠎ᠠ ᠵᠢᠨ ᠲᠣᠭ᠎ᠠ ᠪᠠᠷᠢᠮᠲᠠ ᠵᠢᠨ ᠪᠣᠳᠠᠲᠠᠢ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠵᠦ᠂ 《ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠵᠢᠯᠤᠭᠣᠳᠬᠤ ᠰᠠᠨᠠᠯ》᠎ᠳᠤ ᠵᠠᠰᠠᠪᠤᠷᠢ ᠣᠷᠣᠭᠤᠯᠬᠤ ᠵᠢᠨ ᠬᠠᠮᠲᠤ᠂ ᠪᠠᠰᠠ  ᠤᠤᠯ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ  ᠠᠵᠤ ᠦᠢ᠍ᠯᠡᠰ᠎ᠤᠨ ᠬᠦᠷᠢᠶᠡᠯᠡᠩ᠎ᠤᠨ  ᠬᠢᠨᠠᠨ ᠬᠡᠮᠵᠢᠵᠦ  ᠦᠨᠡᠯᠡᠬᠦ ᠠᠷᠭ᠎ᠠ》᠎ᠳᠠᠬᠢ ᠬᠢᠨᠠᠨ ᠬᠡᠮᠵᠢᠬᠦ ᠭᠦᠢ᠍ᠴᠡᠳᠬᠡᠯ ᠲᠣᠭ᠎ᠠ ᠵᠢ ᠰᠢᠯᠢᠳᠡᠭᠵᠢᠭᠦᠯᠦᠨ ᠴᠣᠮᠬᠠᠳᠬᠠᠵᠤ᠂ 75 ᠵᠦᠢ᠍ᠯ ᠪᠠᠢ᠌ᠭᠰᠠᠨ᠎ᠠᠴᠠ ᠴᠤᠮᠬᠠᠳᠬᠠᠭ᠋ᠠᠳ 49 ᠵᠦᠢ᠍ᠯ ᠪᠤᠯᠭ᠋ᠠᠵᠤ᠂ ᠦᠨᠳᠦᠰᠦᠨ ᠱᠠᠲᠤᠨ᠎ᠤ ᠲᠣᠭ᠎ᠠ ᠪᠦᠷᠢᠳᠬᠡᠯ᠎ᠤᠨ ᠠᠵᠢᠯ᠎ᠤᠨ ᠳᠠᠷᠤᠭ᠋ᠠᠰᠤ ᠵᠢ ᠬᠠᠮᠤᠭ᠎ᠤᠨ ᠶᠡᠬᠡ ᠬᠡᠮᠵᠢᠶ᠎ᠡ᠎ᠪᠠᠷ  ᠬᠦᠩᠭᠡᠷᠡᠭᠦᠯᠪᠡ᠃ ᠡᠭᠦᠨ᠎ᠤ ᠲᠤᠯᠠᠳᠠ᠂ ᠮᠠᠨ᠎ᠤ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠬᠢᠨᠠᠨ ᠬᠡᠮᠵᠢᠵᠦ  ᠦᠨᠡᠯᠡᠬᠦ ᠠᠷᠭ᠎ᠠ》᠎ᠳᠤ  ᠲᠠᠬᠢᠨᠳᠠ  ᠵᠠᠰᠠᠪᠤᠷᠢ ᠣᠷᠣᠭᠤᠯᠤᠨ  ᠲᠡᠭᠦᠯᠳᠡᠷᠵᠢᠭᠦᠯᠪᠡ᠃

      ᠬᠣᠶᠠᠷ᠂ ᠭᠣᠣᠯ ᠪᠣᠷᠣ ᠲᠥᠯᠥᠪ

      《ᠬᠢᠨᠠᠨ ᠬᠡᠮᠵᠢᠵᠦ  ᠦᠨᠡᠯᠡᠬᠦ ᠠᠷᠭ᠎ᠠ》᠎ᠳᠤ ᠶᠡᠷᠦᠩᠬᠡᠢ ᠳᠦᠷᠢᠮ᠂ ᠬᠢᠨᠠᠨ ᠬᠡᠮᠵᠢᠵᠦ ᠦᠨᠡᠯᠡᠬᠦ ᠭᠦᠢ᠍ᠴᠡᠳᠬᠡᠯ ᠲᠣᠭ᠎ᠠ᠂ ᠬᠥᠳᠡᠯᠦᠩᠭᠦᠢ ᠬᠠᠮᠢᠶᠠᠷᠤᠯᠲᠠ᠂ ᠬᠢᠨᠠᠨ ᠰᠢᠯᠭ᠋ᠠᠵᠤ ᠮᠠᠭ᠋ᠠᠳᠯᠠᠨ ᠲᠣᠭᠲᠠᠭ᠋ᠠᠬᠤ ᠵᠢᠷᠤᠮ ᠪᠠ ᠳᠠᠭ᠋ᠠᠯᠳ᠋ᠨ ᠳᠦᠷᠢᠮ ᠵᠡᠷᠭᠡ 5 ᠬᠡᠰᠡᠭ ᠠᠭᠤᠯᠭ᠎ᠠ ᠪᠠᠭᠲᠠᠨ᠎ᠠ᠃

      ᠭᠤᠷᠪᠠ᠂ ᠭᠣᠣᠯ ᠠᠭᠤᠯᠭ᠎ᠠ

      ᠨᠢᠭᠡᠳᠦᠭᠡᠷ ᠬᠡᠰᠡᠭ᠄ ᠶᠡᠷᠦᠩᠬᠡᠢ ᠳᠦᠷᠢᠮ᠃ 《ᠬᠢᠨᠠᠨ ᠬᠡᠮᠵᠢᠵᠦ ᠦᠨᠡᠯᠡᠬᠦ ᠠᠷᠭ᠎ᠠ》 ᠵᠢ ᠨᠡᠢ᠌ᠲᠡᠯᠡᠭᠰᠡᠨ ᠵᠣᠷᠢᠯᠭ᠎ᠠ᠂ ᠦᠨᠳᠦᠰᠦᠯᠡᠯ ᠵᠢᠴᠢ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠴᠢᠭᠯᠡᠯ ᠪᠠ ᠦᠨᠳᠦᠰᠦᠨ ᠱᠠᠭ᠋ᠠᠷᠳᠠᠯᠭ᠎ᠠ ᠵᠢ ᠲᠣᠳᠣᠷᠬᠠᠢ᠌ᠯᠠᠨ  ᠲᠠᠢ᠌ᠯᠪᠤᠷᠢᠯᠠᠪᠠ᠃

      ᠬᠣᠶᠠᠳᠤᠭ᠋ᠠᠷ ᠬᠡᠰᠡᠭ᠄ ᠬᠢᠨᠠᠨ ᠬᠡᠮᠵᠢᠵᠦ ᠦᠨᠡᠯᠡᠬᠦ ᠭᠦᠢ᠍ᠴᠡᠳᠬᠡᠯ ᠲᠣᠭ᠎ᠠ᠃ ᠠᠵᠤ ᠦᠢ᠍ᠯᠡᠰ᠎ᠤᠨ ᠬᠦᠷᠢᠶᠡᠯᠡᠩ᠎ᠤᠨ ᠬᠢᠨᠠᠨ ᠬᠡᠮᠵᠢᠯᠲᠡ᠎ᠳᠤ  ᠦᠨᠳᠦᠰᠦᠨ  ᠪᠠᠢ᠌ᠳᠠᠯ᠂ ᠠᠵᠤ ᠦᠢ᠍ᠯᠡᠰ᠎ᠤᠨ ᠬᠥᠭᠵᠢᠯᠲᠡ᠂ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠲᠤᠯᠭ᠋ᠠᠭᠤᠷᠢᠯᠠᠯ᠂ ᠪᠣᠬᠢᠷᠲᠤᠯ ᠦᠭᠡᠢ ᠬᠥᠭᠵᠢᠯᠲᠡ᠂ ᠵᠢᠵᠢᠭ ᠲᠠᠷᠢᠶᠠᠴᠢᠨ ᠡᠷᠦᠬᠡ ᠬᠢᠭᠡᠳ ᠰᠢᠨ᠎ᠡ ᠬᠡᠯᠪᠡᠷᠢ ᠵᠢᠨ ᠲᠠᠷᠢᠶᠠᠯᠠᠩ ᠎ᠤᠨ ᠡᠵᠡᠩᠨᠡᠨᠯᠳᠡ ᠵᠢᠨ ᠭᠤᠤᠯ ᠴᠤᠬ᠍ᠴᠠ ᠵᠢᠨ ᠬᠤᠯᠪᠤᠭ᠋ᠠᠯᠠᠯ᠎ᠢ  ᠳᠠᠢ᠌ᠴᠢᠯᠠᠬᠤ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠡᠷᠭᠡ 6 ᠲᠠᠯ᠎ᠠ ᠵᠢ ᠪᠠᠭᠲᠠᠭ᠋ᠠᠵᠤ᠂ 49 ᠵᠦᠢ᠍ᠯ᠎ᠤᠨ ᠪᠣᠳᠠᠲᠠᠢ ᠬᠢᠨᠠᠨ ᠬᠡᠮᠵᠢᠯᠲᠡ ᠵᠢᠨ ᠭᠦᠢ᠍ᠴᠡᠳᠬᠡᠯ ᠲᠣᠭ᠎ᠠ ᠵᠢ ᠲᠣᠬᠢᠷᠠᠭᠤᠯᠵᠤ᠂  ᠠᠵᠢᠯ᠎ᠤᠨ ᠦᠷ᠎ᠡ  ᠪᠦᠲᠦᠮᠵᠢ ᠵᠢᠨ ᠦᠨᠡᠯᠡᠯᠲᠡ᠎ᠳᠤ ᠬᠢᠨᠠᠨ ᠬᠡᠮᠵᠢᠯᠲᠡ ᠵᠢᠨ ᠭᠦᠢ᠍ᠴᠡᠳᠬᠡᠯ ᠲᠣᠭ᠎ᠠ ᠵᠢᠨ ᠰᠠᠭᠤᠷᠢᠨ ᠳᠡᠭᠡᠷ᠎ᠡ 18 ᠭᠦᠢ᠍ᠴᠡᠳᠬᠡᠯ ᠲᠣᠭ᠎ᠠ ᠵᠢᠨ ᠵᠦᠢ᠍ᠯ᠎ᠢ ᠲᠣᠭᠲᠠᠭ᠋ᠠᠵᠤ᠂ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠬᠢᠷᠢ ᠲᠦᠪᠰᠢᠨ᠎ᠳᠤ  ᠠᠵᠢᠯ᠎ᠤᠨ ᠦᠷ᠎ᠡ  ᠪᠦᠲᠦᠮᠵᠢ ᠵᠢᠨ ᠦᠨᠡᠯᠡᠯᠲᠡ  ᠬᠢᠨ᠎ᠠ᠃

      ᠭᠤᠷᠪᠠᠳᠤᠭ᠋ᠠᠷ ᠬᠡᠰᠡᠭ᠄ ᠬᠥᠳᠡᠯᠦᠩᠭᠦᠢ ᠬᠠᠮᠢᠶᠠᠷᠤᠯᠲᠠ᠃ ᠨᠢᠭᠡᠨᠲᠡ ᠵᠥᠪᠰᠢᠶᠡᠷᠡᠨ ᠪᠠᠢ᠌ᠭᠤᠯᠤᠭᠰᠠᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠳᠤ ᠬᠥᠳᠡᠯᠦᠩᠭᠦᠢ ᠬᠢᠨᠠᠨ ᠬᠡᠮᠵᠢᠬᠦ ᠬᠠᠮᠢᠶᠠᠷᠤᠯᠲᠠ ᠵᠢᠨ ᠲᠣᠭᠲᠠᠴᠠ ᠵᠢ ᠬᠡᠷᠡᠭᠵᠢᠭᠦᠯᠵᠦ᠂ 2 ᠰᠠᠷ᠎ᠠ ᠪᠦᠷᠢ ᠨᠢᠭᠡ ᠤᠳᠠᠭ᠎ᠠ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠠᠬᠢᠴᠠ ᠵᠢᠨ ᠪᠠᠢ᠌ᠳᠠᠯ᠎ᠤᠨ ᠲᠣᠬᠢᠷᠠᠭᠤᠯᠤᠯᠲᠠ  ᠬᠢᠵᠦ᠂ ᠵᠢᠯ ᠪᠦᠷᠢ ᠵᠢᠨ 6  ᠰᠠᠷ᠎ᠠ᠎ᠳᠤ ᠨᠢᠭᠡ ᠤᠳᠠᠭ᠎ᠠ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠲᠣᠬᠢᠷᠠᠭᠤᠯᠤᠯᠲᠠ ᠵᠢᠨ ᠪᠦᠷᠢᠳᠬᠡᠯ  ᠬᠢᠵᠦ᠂ ᠵᠢᠯ ᠪᠦᠷᠢ ᠵᠢᠨ 1  ᠰᠠᠷ᠎ᠠ᠎ᠳᠤ ᠣᠨ᠎ᠤ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠦᠷ᠎ᠡ  ᠪᠦᠲᠦᠮᠵᠢ ᠵᠢᠨ ᠦᠨᠡᠯᠡᠯᠲᠡ  ᠬᠢᠨ᠎ᠡ᠃

      ᠳᠥᠷᠪᠡᠳᠦᠭᠡᠷ ᠬᠡᠰᠡᠭ᠄ ᠬᠢᠨᠠᠨ ᠰᠢᠯᠭ᠋ᠠᠵᠤ ᠮᠠᠭ᠋ᠠᠳᠯᠠᠨ ᠲᠣᠭᠲᠠᠭ᠋ᠠᠬᠤ ᠵᠢᠷᠤᠮ᠃ ᠬᠢᠨᠠᠨ ᠰᠢᠯᠭ᠋ᠠᠵᠤ ᠮᠠᠭ᠋ᠠᠳᠯᠠᠨ ᠲᠣᠭᠲᠠᠭ᠋ᠠᠬᠤ ᠠᠷᠭ᠎ᠠ ᠮᠠᠶᠢᠭ᠂ ᠵᠢᠷᠤᠮ᠎ᠢ ᠲᠣᠭᠲᠠᠭ᠋ᠠᠪᠠ; ᠬᠢᠨᠠᠨ ᠰᠢᠯᠭ᠋ᠠᠵᠤ ᠦᠨᠡᠯᠡᠬᠦ  ᠦᠷ᠎ᠡ ᠳ᠋ᠦᠩ᠎ᠤᠨ ᠵᠡᠷᠭᠡ ᠳᠡᠰ᠎ᠢ ᠲᠣᠳᠣᠷᠬᠠᠢ᠌ᠯᠠᠪᠠ; ᠬᠢᠨᠠᠨ ᠰᠢᠯᠭ᠋ᠠᠯᠳᠠ  ᠵᠢᠨ  ᠦᠷ᠎ᠡ ᠳ᠋ᠦᠩ᠎ᠤᠨ ᠬᠡᠷᠡᠭᠯᠡᠯᠲᠡ ᠵᠢ ᠳᠤᠷᠠᠳᠤᠭᠰᠠᠨ ᠪᠥᠭᠡᠳ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠢ ᠲᠣᠳᠣᠷᠬᠠᠢ᠌ᠯᠠᠪᠠ᠃

      ᠲᠠᠪᠤᠳᠤᠭ᠋ᠠᠷ ᠬᠡᠰᠡᠭ᠄ ᠲᠠᠭ᠋ᠠᠯᠳᠠ  ᠳᠦᠷᠢᠮ᠃ 《ᠬᠢᠨᠠᠨ ᠬᠡᠮᠵᠢᠵᠦ ᠦᠨᠡᠯᠡᠬᠦ ᠠᠷᠭ᠎ᠠ》 ᠵᠢ ᠲᠤᠷᠰᠢᠨ ᠬᠡᠷᠡᠭᠵᠢᠭᠦᠯᠬᠦ ᠴᠠᠭ  ᠬᠤᠭᠤᠴᠠᠭ᠎ᠠ ᠵᠢ ᠲᠣᠳᠣᠷᠬᠠᠢ᠌ᠯᠠᠪᠠ᠃

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            