ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《2025 ᠣᠨ᠎ᠤ ᠪᠥᠬᠥ ᠣᠷᠣᠨ᠎ᠤ 〈ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ〉 〈ᠦᠨᠳᠦᠰᠦᠲᠡᠨ᠎ᠤ ᠲᠤᠬᠠᠢ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ〉᠎ᠤᠨ ᠠᠵᠢᠯ᠎ᠤᠨ ᠲᠥᠰᠥᠯ》᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2025-05-06

      2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 《ᠦᠨᠳᠦᠰᠦᠲᠡᠨ᠎ᠤ ᠲᠤᠬᠠᠢ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》

      ᠴᠠᠭ᠎ᠤᠨ ᠲᠣᠬᠢᠷᠠᠭᠤᠯᠤᠯᠲᠠ

      ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ᠄ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 31᠎ᠤ ᠡᠳᠦᠷ

      ᠦᠨᠳᠦᠰᠦᠲᠡᠨ᠎ᠤ ᠲᠤᠬᠠᠢ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ᠄ 5 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 31᠎ᠤ ᠡᠳᠦᠷ

      ᠠᠵᠢᠯ᠎ᠤᠨ ᠭᠣᠣᠯ ᠰᠡᠳᠦᠪ

      ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂  ᠪᠦᠯᠬᠦᠮᠳᠡᠨ ᠲᠡᠮᠡᠴᠡᠵᠦ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ᠃

      ᠶᠡᠷᠦᠩᠬᠡᠢ ᠱᠠᠭ᠋ᠠᠷᠳᠠᠯᠭ᠎ᠠ

      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠨ᠂  ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂  ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂  ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠲᠤᠬᠠᠢ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠴᠢᠬᠤᠯᠠ ᠦᠵᠡᠯ ᠰᠠᠨᠠᠭ᠎ᠠ ᠪᠠ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠱᠤᠭᠤᠮ ᠪᠣᠯᠭ᠋ᠠᠵᠤ᠂ 《ᠳᠥᠷᠪᠡ ᠵᠢ ᠶᠡᠬᠡ᠎ᠪᠠᠷ ᠤᠬᠠᠭᠤᠯᠬᠤ》  ᠪᠠ 《ᠭᠤᠷᠪᠠ ᠵᠢ ᠲᠣᠳᠣᠷᠬᠠᠢ᠌ᠯᠠᠨ ᠶᠠᠷᠢᠬᠤ》 ᠎ᠯᠤᠭ᠎ᠠ ᠨᠢᠭᠲᠠ ᠤᠶᠠᠯᠳᠤᠭᠤᠯᠤᠨ᠂  ᠨᠠᠮ᠎ᠤᠨ ᠦᠨᠳᠦᠰᠦᠲᠡᠨ᠎ᠤ ᠲᠤᠬᠠᠢ ᠣᠨᠣᠯ᠎ᠤᠨ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠬᠥᠮᠦᠵᠢᠯ᠎ᠢ ᠪᠥᠬᠥ ᠲᠠᠯ᠎ᠠ᠎ᠪᠠᠷ ᠴᠢᠩᠭ᠋ᠠᠳᠬᠠᠵᠤ᠂  ᠪᠥᠬᠥ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠮᠥᠵᠢᠭᠦᠯᠦᠨ ᠳᠠᠭ᠋ᠠᠭᠤᠯᠵᠤ ᠪᠠᠢ᠌ᠭ᠋ᠠᠳ 《ᠬᠣᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠦᠨ᠂ 《ᠨᠢᠭᠡ ᠭᠣᠣᠯ ᠰᠢᠵᠢᠮ᠎ᠢ ᠲᠤᠭᠤᠰᠢᠯᠠᠭᠤᠯᠤᠨ᠂  ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂  ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ᠂  ᠰᠢᠨ᠎ᠡ ᠵᠠᠮ᠎ᠢ ᠨᠡᠭᠡᠭᠡᠵᠦ ᠳᠤᠮᠳᠠ ᠲᠦᠪᠰᠢᠨ᠎ᠳᠤ ᠳᠠᠪᠰᠢᠬᠤ》  ᠲᠠᠯ᠎ᠠ᠎ᠪᠠᠷ ᠨᠡᠩ ᠶᠡᠬᠡ ᠠᠬᠢᠴᠠ᠎ᠲᠠᠢ ᠪᠣᠯᠬᠤ᠎ᠪᠠᠷ ᠴᠢᠷᠮᠠᠢ᠌ᠨ᠎ᠠ᠃

      ᠭᠣᠣᠯᠳᠠᠯᠭ᠎ᠠ᠎ᠲᠠᠢ ᠤᠬᠠᠭᠤᠯᠬᠤ ᠠᠭᠤᠯᠭ᠎ᠠ

      ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂  ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ; ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠂ 

ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠂  ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠲᠤᠬᠠᠢ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠴᠢᠬᠤᠯᠠ ᠦᠵᠡᠯ ᠰᠠᠨᠠᠭ᠎ᠠ᠂  ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ;  ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠤ ᠲᠤᠬᠠᠢ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ;  ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂  ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ 《ᠮᠣᠩᠭᠣᠯ ᠮᠣᠷᠢᠨ᠎ᠤ ᠵᠣᠷᠢᠭ ᠰᠠᠨᠠᠭ᠎ᠠ》  ᠪᠠ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠪᠠᠳᠠᠷᠠᠭᠤᠯᠬᠤ᠎ᠪᠠᠷ ᠦᠨᠳᠦᠰᠦᠨ ᠠᠭᠤᠯᠤᠭᠳᠠᠬᠤᠨ ᠪᠣᠯᠭ᠋ᠠᠭᠰᠠᠨ ᠤᠮᠠᠷᠠᠲᠤ ᠬᠢᠯᠢ ᠵᠢᠨ ᠰᠣᠶᠣᠯ; 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠬᠠᠤᠯᠢ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠳᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ》  ᠵᠡᠷᠭᠡ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠃

      ᠠᠵᠢᠯ᠎ᠤᠨ ᠲᠣᠬᠢᠷᠠᠭᠤᠯᠤᠯᠲᠠ

      ᠲᠤᠰᠬᠠᠢ ᠬᠦᠷᠢᠶᠡᠨ᠎ᠳᠠᠬᠢ ᠠᠵᠢᠯ

      ᠡᠨᠡ ᠵᠢᠯ ᠭᠠᠴᠠᠭ᠎ᠠ ᠲᠣᠰᠬᠣᠨ ᠪᠠ ᠨᠡᠢ᠌ᠭᠡᠮ ᠲᠣᠭᠣᠷᠢᠭ᠎ᠲᠤ ᠭᠣᠣᠯᠳᠠᠯᠭ᠎ᠠ᠎ᠲᠠᠢ ᠬᠠᠨᠳᠤᠭᠤᠯᠤᠨ᠂  ᠠᠯᠪᠠᠨ ᠪᠠᠢ᠌ᠭᠤᠯᠭ᠎ᠠ᠂  ᠠᠵᠤ ᠠᠬᠤᠢ᠌ᠯᠠᠯ᠂  ᠰᠤᠷᠭ᠋ᠠᠭᠤᠯᠢ᠂  ᠴᠡᠷᠢᠭ᠎ᠤᠨ ᠰᠤᠮᠤᠨ ᠠᠩᠭᠢ᠂  ᠱᠠᠰᠢᠨ ᠰᠤᠷᠲᠠᠬᠤᠨ᠎ᠤ ᠠᠵᠢᠯᠯᠠᠭ᠎ᠠ ᠵᠢᠨ ᠲᠠᠯᠠᠪᠤᠷ ᠭᠠᠵᠠᠷ᠂  ᠰᠣᠶᠣᠯ ᠵᠢᠭᠤᠯᠴᠢᠯᠠᠯ᠎ᠤᠨ ᠲᠠᠯᠠᠪᠤᠷ ᠭᠠᠵᠠᠷ᠂  ᠰᠦᠯᠵᠢᠶ᠎ᠡ ᠵᠡᠷᠭᠡ 9 ᠬᠦᠷᠢᠶ᠎ᠡ ᠴᠠᠷᠠᠭ᠎ᠠ ᠵᠢᠴᠢ ᠨᠡᠢ᠌ᠭᠡᠮ᠎ᠤᠨ ᠡᠯ᠎ᠡ ᠬᠦᠷᠢᠶ᠎ᠡ ᠵᠢ ᠨᠢᠭᠡᠳᠦᠯᠲᠡᠢ ᠲᠥᠯᠥᠪᠯᠡᠨ ᠬᠠᠮᠤᠷᠴᠤ ᠠᠵᠢᠯ ᠵᠶ᠋ᠠᠨ ᠥᠷᠨᠢᠭᠦᠯᠦᠨ᠎ᠡ᠃

      ᠠᠯᠪᠠᠨ ᠪᠠᠢ᠌ᠭᠤᠯᠭ᠎ᠠ᠎ᠳᠤ ᠦᠷᠨᠢᠭᠦᠯᠦᠨ᠎ᠡ

      《ᠭᠤᠷᠪᠠᠨ ᠬᠤᠷᠠᠯ ᠨᠢᠭᠡ ᠬᠢᠴᠢᠶᠡᠯ》᠂  ᠨᠠᠮ᠎ᠤᠨ ᠭᠣᠣᠯ ᠰᠡᠳᠦᠪᠲᠦ ᠡᠳᠦᠷ᠂  ᠠᠯᠪᠠᠨ ᠪᠠᠢ᠌ᠭᠤᠯᠭ᠎ᠠ ᠵᠢᠨ ᠺᠠᠳ᠋ᠷᠴᠤᠳ᠎ᠤᠨ ᠤᠯᠤᠰ ᠲᠥᠷᠥ ᠣᠨᠣᠯ᠎ᠤᠨ ᠰᠤᠷᠤᠯᠴᠠᠯᠭ᠎ᠠ ᠵᠡᠷᠭᠡ ᠵᠢ ᠥᠷᠨᠢᠭᠦᠯᠬᠦ᠎ᠪᠠᠷ ᠳᠠᠮᠵᠢᠭᠤᠯᠤᠨ᠂  ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠨ ᠪᠠᠶᠠᠯᠢᠭ ᠠᠭᠤᠯᠤᠭᠳᠠᠬᠤᠨ᠎ᠢ ᠨᠠᠩ ᠭᠦᠨᠵᠡᠭᠡᠢ ᠲᠠᠨᠢᠭᠤᠯᠤᠨ᠎ᠠ᠃  ᠠᠯᠪᠠᠨ ᠪᠠᠢ᠌ᠭᠤᠯᠭ᠎ᠠ ᠵᠢᠨ ᠨᠠᠮ᠎ᠤᠨ ᠭᠡᠰᠢᠭᠦᠨ ᠺᠠᠳ᠋ᠷ᠂  ᠠᠵᠢᠯ᠎ᠠᠴᠠ᠎ᠪᠠᠨ ᠠᠮᠠᠷᠠᠭᠰᠠᠨ ᠺᠠᠳ᠋ᠷ᠂  ᠲᠤᠰᠬᠠᠢ ᠮᠡᠷᠭᠡᠵᠢᠯᠲᠡᠨ ᠡᠷᠳᠡᠮᠲᠡᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂  ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠲᠠᠢ᠌ᠯᠤᠮᠵᠢ ᠵᠢ ᠰᠠᠢ᠌ᠲᠤᠷ ᠬᠢᠨ᠎ᠡ᠃  ᠬᠣᠣᠰᠯᠠᠯ ᠪᠠᠢ᠌ᠭᠤᠯᠵᠤ ᠬᠠᠮᠲᠤ᠎ᠪᠠᠷ ᠪᠠᠶ᠋ᠢᠭᠤᠯᠬᠤ᠂  ᠬᠣᠶᠠᠷ᠎ᠲᠤ ᠮᠡᠳᠡᠭᠦᠯᠦᠨ ᠬᠣᠶᠠᠷ᠎ᠲᠤ ᠦᠢ᠍ᠯᠡᠴᠢᠯᠡᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂  ᠦᠢ᠍ᠯᠡᠴᠢᠯᠡᠬᠦ ᠡᠲᠡᠭᠡᠳ ᠪᠠ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠢ᠌ᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠠᠷᠠᠳ᠎ᠤᠨ ᠠᠮᠢᠳᠤᠷᠠᠯ᠎ᠤᠨ ᠨᠢᠭᠡ ᠪᠦᠯᠦᠭ ᠪᠣᠳᠠᠲᠤ ᠶᠠᠪᠤᠳᠠᠯ᠎ᠢ ᠰᠠᠢ᠌ᠲᠤᠷ ᠰᠢᠢ᠍ᠳᠪᠦᠷᠢᠯᠡᠨ ᠭᠦᠢ᠍ᠴᠡᠳᠬᠡᠵᠦ᠂  ᠠᠯᠪᠠᠨ ᠪᠠᠢ᠌ᠭᠤᠯᠭ᠎ᠠ ᠵᠢᠨ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠨᠠᠮ᠎ᠤᠨ ᠦᠨᠳᠦᠰᠦᠲᠡᠨ᠎ᠤ ᠲᠤᠬᠠᠢ ᠤᠨᠤᠯ ᠲᠦᠷᠦ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠠᠯ᠎ᠠ᠎ᠪᠠᠷ ᠬᠡᠪ ᠳᠠᠭᠤᠷᠢᠶᠠᠯ ᠪᠣᠯᠵᠤ᠂  ᠦᠯᠢᠭᠡᠷ ᠳᠠᠭᠤᠷᠢᠶᠠᠯ ᠦᠵᠡᠭᠦᠯᠦᠨ᠎ᠡ᠃

      ᠠᠵᠤ ᠠᠬᠤᠢ᠌ᠯᠠᠯ᠎ᠳᠤ ᠦᠷᠨᠢᠭᠦᠯᠦᠨ᠎ᠡ

      《ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠋ᠠᠨ》 ᠎ᠯᠤᠭ᠎ᠠ ᠤᠶᠠᠯᠳᠤᠭᠤᠯᠤᠨ᠂  ᠠᠵᠤ ᠠᠬᠤᠢ᠌ᠯᠠᠯ᠎ᠳᠤ ᠬᠣᠯᠪᠣᠭᠳᠠᠬᠤ ᠲᠥᠷᠥ ᠵᠢᠨ ᠪᠣᠳᠣᠯᠭ᠎ᠠ ᠵᠢᠨ ᠤᠬᠠᠭᠤᠯᠤᠨ ᠲᠤᠭᠤᠰᠢᠯᠠᠭᠤᠯᠬᠤ ᠬᠦᠴᠦᠨ᠎ᠢ ᠴᠢᠩᠭ᠋ᠠᠳᠬᠠᠵᠤ᠂  ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠪᠤᠲᠠᠲᠠᠢ᠌ᠵᠢᠭᠤᠯᠬᠤ ᠵᠢ ᠦᠨᠡᠨ ᠬᠦ᠌ ᠪᠠᠲᠤᠯᠠᠨ᠎ᠠ᠃  ᠰᠤᠷᠤᠯᠴᠠᠯᠭ᠎ᠠ᠂  ᠪᠣᠯᠪᠠᠰᠤᠷᠠᠯ᠂  ᠲᠥᠷᠥ ᠵᠢᠨ ᠪᠣᠳᠣᠯᠭ᠎ᠠ᠂  ᠬᠠᠤᠯᠢ ᠴᠠᠭ᠋ᠠᠵᠠ᠂  ᠦᠢ᠍ᠯᠡᠴᠢᠯᠡᠭᠡ ᠵᠢ ᠦᠢ᠍ᠯᠡᠳᠪᠦᠷᠢ ᠵᠢᠨ ᠲᠠᠰᠤᠭ ᠪᠠ ᠠᠩᠭᠢ ᠳᠤᠭᠤᠢ᠌ᠯᠠᠩ᠎ᠳᠤ ᠬᠦᠷᠭᠡᠬᠦ ᠠᠵᠢᠯ᠎ᠢ ᠦᠷᠨᠢᠭᠦᠯᠦᠨ᠂  ᠨᠠᠮ᠎ᠤᠨ ᠡᠭᠦᠷ᠎ᠤᠨ ᠱᠦᠵᠢ ᠵᠢ ᠵᠣᠬᠢᠶᠠᠨ ᠪᠠᠢ᠌ᠭᠤᠯᠵᠤ ᠪᠠᠢ᠌ᠭ᠋ᠠᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠲᠤᠰᠬᠠᠢ ᠰᠡᠳᠦᠪᠲᠦ ᠨᠠᠮ᠎ᠤᠨ ᠬᠢᠴᠢᠶᠡᠯ ᠶᠠᠷᠢᠭᠤᠯᠵᠤ᠂  ᠬᠠᠮᠲᠤ ᠵᠢᠨ ᠠᠵᠢᠯᠯᠠᠭ᠎ᠠ ᠵᠢᠴᠢ ᠰᠢᠯᠢᠳᠡᠭ ᠨᠠᠮ᠎ᠤᠨ ᠭᠡᠰᠢᠭᠦᠨ᠂  ᠠᠵᠢᠯ ᠲᠦᠷᠦᠯ᠎ᠤᠨ ᠬᠤᠰᠢᠭᠤᠴᠢᠯᠠᠭᠴᠢ᠂  ᠬᠥᠳᠡᠯᠮᠦᠷᠢ ᠵᠢᠨ ᠵᠢᠱ᠌ᠢᠶᠡᠴᠢ ᠤᠷᠠᠨ ᠳᠠᠷᠬᠠᠳ ᠵᠡᠷᠭᠡ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠵᠢᠨ ᠭᠣᠣᠯ ᠰᠡᠳᠦᠪᠲᠦ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂  ᠠᠵᠢᠯᠲᠠᠨ ᠠᠵᠢᠯᠴᠢᠨ᠎ᠤ ᠦᠰᠦᠨ ᠪᠣᠶ᠋ᠢᠵᠢᠯᠲᠠ ᠪᠠ ᠠᠵᠤ ᠠᠬᠤᠢ᠌ᠯᠠᠯ᠎ᠤᠨ ᠬᠥᠭᠵᠢᠯᠲᠡ ᠵᠢ ᠬᠣᠯᠪᠣᠯᠳᠤᠭᠤᠯᠤᠭᠰᠠᠨ 《ᠰᠡᠳᠬᠢᠯ᠎ᠤᠨ ᠬᠣᠯᠪᠣᠭ᠋ᠠᠰᠤ》 ᠵᠢ ᠪᠠᠢ᠌ᠭᠤᠯᠵᠤ᠂  ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠪᠠᠢ᠌ᠭᠤᠯᠤᠨ᠎ᠠ᠃

      ᠨᠡᠢ᠌ᠭᠡᠮ ᠲᠣᠭᠣᠷᠢᠭ᠎ᠲᠤ ᠦᠷᠨᠢᠭᠦᠯᠦᠨ᠎ᠡ

      ᠨᠠᠮ᠎ᠤᠨ ᠭᠡᠰᠢᠭᠦᠨ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠂  ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠪᠠ ᠠᠳᠠᠯ ᠠᠬᠤᠢ ᠵᠢᠨ᠎ᠬᠢᠨ᠎ᠤ ᠦᠢ᠍ᠯᠡᠳᠦᠯ᠎ᠢ ᠢᠳᠡᠪᠬᠢᠲᠡᠢ ᠪᠠᠳᠠᠷᠠᠭᠤᠯᠵᠤ᠂  ᠠᠳᠠᠯ ᠠᠬᠤᠢ ᠵᠢᠨ ᠸᠢᠴᠠᠲ᠎ᠤᠨ ᠴᠤᠭᠯᠠᠷᠠᠯ᠂  ᠬᠤᠪᠢᠰᠬᠠᠯᠲᠤ ᠰᠦᠯᠵᠢᠶᠡᠨ᠎ᠤ ᠴᠤᠭᠯᠠᠷᠠᠯ᠂  ᠦᠵᠡᠭᠦᠯᠭᠡ ᠵᠢᠨ ᠰᠠᠮᠪᠠᠷ᠎ᠠ ᠵᠡᠷᠭᠡ ᠵᠢ ᠠᠰᠢᠭᠯᠠᠨ᠂  ᠠᠷᠠᠳ᠎ᠲᠤ ᠠᠰᠢᠭ ᠬᠦᠷᠲᠡᠭᠡᠬᠦ ᠨᠠᠮ᠎ᠤᠨ ᠲᠥᠷᠥ ᠵᠢᠨ ᠪᠣᠳᠣᠯᠭ᠎ᠠ ᠬᠢᠭᠡᠳ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠯᠦᠭᠡ ᠨᠢᠭᠲᠠ ᠬᠣᠯᠪᠣᠭ᠎ᠠ᠎ᠲᠠᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ᠎ᠠ᠃  ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠭᠣᠣᠯ ᠰᠡᠳᠦᠪᠲᠦ ᠠᠵᠢᠯᠯᠠᠭ᠎ᠠ ᠵᠢ ᠵᠣᠬᠢᠶᠠᠨ ᠪᠠᠢ᠌ᠭᠤᠯᠵᠤ᠂  ᠰᠢᠯᠢᠳᠡᠭ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠲᠣᠭᠯᠠᠨ ᠨᠡᠪᠲᠡᠷᠡᠭᠦᠯᠬᠦ᠂  ᠬᠥᠷᠰᠢ ᠵᠡᠷᠭᠡᠯᠡᠳᠡᠭᠡ᠎ᠪᠠᠷ ᠵᠶ᠋ᠡᠨ ᠪᠦᠯᠬᠦᠮᠳᠡᠨ ᠬᠠᠪᠰᠤᠷᠤᠯᠴᠠᠬᠤ ᠰᠢᠷᠢᠰ ᠠᠵᠢᠯᠯᠠᠭ᠎ᠠ ᠵᠢ ᠦᠷᠨᠢᠭᠦᠯᠦᠨ᠂  ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤ᠎ᠪᠠᠷ ᠰᠠᠭᠤᠷᠢᠰᠢᠨ ᠬᠠᠮᠲᠤ᠎ᠪᠠᠷ ᠰᠤᠷᠤᠯᠴᠠᠬᠤ᠂  ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠬᠥᠷᠲᠡᠬᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠪᠠᠶᠠᠰᠬᠤ ᠨᠡᠢ᠌ᠭᠡᠮ᠎ᠤᠨ ᠨᠥᠬᠥᠴᠡᠯ᠎ᠢ ᠢᠳᠡᠪᠬᠢᠲᠡᠢ ᠪᠣᠢ ᠪᠣᠯᠭ᠋ᠠᠨ᠎ᠠ᠃

      ᠭᠠᠴᠠᠭ᠎ᠠ ᠲᠣᠰᠬᠣᠨ᠎ᠳᠤ ᠦᠷᠨᠢᠭᠦᠯᠦᠨ᠎ᠡ

      《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ᠎ᠢ ᠰᠠᠢ᠌ᠲᠤᠷ ᠶᠠᠷᠢᠬᠤ》  ᠠᠵᠢᠯᠯᠠᠭ᠋ᠠᠨ᠎ᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂  ᠭᠠᠴᠠᠭ᠎ᠠ ᠲᠣᠰᠬᠣᠨ᠎ᠤ 《ᠬᠣᠶᠠᠷ ᠵᠥᠪᠯᠡᠯ》᠎ᠤᠨ ᠪᠠᠭ᠎ᠤᠨ ᠪᠦᠷᠢᠯᠳᠦᠭᠦᠨ᠂  ᠲᠣᠰᠬᠣᠨ᠎ᠳᠤ ᠰᠠᠭᠤᠭᠰᠠᠨ ᠠᠵᠢᠯᠯᠠᠬᠤ ᠠᠩᠭᠢ᠂  ᠠᠬᠠᠮᠠᠳ ᠨᠠᠮ᠎ᠤᠨ ᠭᠡᠰᠢᠭᠦᠨ᠂  ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢ᠌ᠭᠤᠯᠤᠯᠲᠠ ᠵᠡᠷᠭᠡ᠎ᠨᠢ ᠡᠳᠦᠷ ᠲᠤᠲᠤᠮ᠎ᠤᠨ ᠠᠵᠢᠯ᠎ᠲᠠᠢ᠎ᠪᠠᠨ ᠤᠶᠠᠯᠳᠤᠭᠤᠯᠤᠨ ᠠᠢ᠌ᠯ ᠡᠷᠦᠬᠡ᠎ᠪᠠᠷ ᠰᠤᠷᠪᠤᠯᠵᠢᠯᠠᠵᠤ᠂  ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠯᠦᠭᠡ ᠬᠠᠮᠲᠤ᠎ᠪᠠᠷ ᠵᠣᠭᠣᠭ ᠳᠡᠯᠭᠡᠨ᠂  ᠨᠠᠮ᠎ᠤᠨ ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠬᠡᠷᠡᠯ ᠰᠠᠴᠤᠷᠠᠩᠭᠤᠢ ᠠᠮᠵᠢᠯᠲᠠ ᠪᠦᠲᠦᠮᠵᠢ ᠵᠢ ᠶᠠᠷᠢᠯᠴᠠᠵᠤ᠂  ᠦᠨᠳᠦᠰᠦᠲᠡᠨ᠎ᠨᠦᠭᠦᠳ᠎ᠤᠨ ᠮᠠᠯᠴᠢᠨ ᠲᠠᠷᠢᠶᠠᠴᠢᠳ᠎ᠢ ᠢᠳᠡᠪᠬᠢᠲᠡᠢ᠎ᠪᠠᠷ ᠬᠥᠲᠥᠯᠥᠨ ᠵᠢᠯᠤᠭᠣᠳᠴᠤ ᠪᠠᠢ᠌ᠭ᠋ᠠᠳ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠦᠢ᠍ᠯᠡᠳᠦᠯᠭᠡ᠎ᠳᠤ ᠣᠷᠣᠯᠴᠠᠭᠤᠯᠤᠨ᠎ᠠ᠃ 《ᠨᠠᠮ᠎ᠤᠨ ᠠᠴᠢ᠎ᠳᠤ ᠲᠠᠯᠠᠷᠬᠠᠨ᠂  ᠨᠠᠮ᠎ᠤᠨ ᠦᠭᠡ ᠵᠢ ᠰᠣᠨᠣᠰᠴᠤ᠂  ᠨᠠᠮ ᠵᠶ᠋ᠠᠨ ᠳᠠᠭ᠋ᠠᠬᠤ》  ᠭᠣᠣᠯ ᠰᠡᠳᠦᠪᠲᠦ ᠤᠬᠠᠭᠤᠯᠤᠨ ᠲᠠᠢ᠌ᠯᠪᠤᠷᠢᠯᠠᠯᠲᠠ ᠬᠢᠭᠡᠳ 《ᠠᠨᠠᠷ᠎ᠤᠨ ᠬᠡᠯᠬᠢᠶ᠎ᠡ》  ᠲᠦᠷᠦ ᠵᠢᠨ ᠪᠣᠳᠣᠯᠭ᠎ᠠ᠂  ᠮᠡᠷᠭᠡᠵᠢᠯ᠂  ᠦᠢ᠍ᠯᠡᠴᠢᠯᠡᠭᠡ ᠵᠢ ᠦᠨᠳᠦᠰᠦᠨ ᠱᠠᠲᠤᠨ᠎ᠳᠤ ᠬᠦᠷᠭᠡᠬᠦ ᠠᠵᠢᠯᠯᠠᠭ᠎ᠠ᠎ᠯᠤᠭ᠎ᠠ ᠤᠶᠠᠯᠳᠤᠭᠤᠯᠤᠨ ᠦᠨᠳᠦᠰᠦᠲᠡᠨ᠎ᠤ 18 ᠰᠢᠶᠠᠩ (ᠰᠤᠮᠤ)᠎ᠳᠤ ᠭᠦᠨᠵᠡᠭᠡᠢ᠌ᠷᠡᠵᠦ ᠨᠠᠮ᠎ᠤᠨ ᠦᠨᠳᠦᠰᠦᠲᠡᠨ᠎ᠤ ᠲᠤᠬᠠᠢ ᠤᠨᠤᠯ ᠲᠦᠷᠦ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢ ᠴᠢᠩᠭ᠋ᠠᠳᠬᠠᠨ᠎ᠠ᠃

      ᠰᠤᠷᠭ᠋ᠠᠭᠤᠯᠢ᠎ᠨᠤᠭᠤᠳ᠎ᠲᠤ ᠦᠷᠨᠢᠭᠦᠯᠦᠨ᠎ᠡ

      ᠵᠠᠯᠠᠭᠤᠴᠤᠳ ᠪᠠᠭ᠋ᠠᠴᠤᠳ᠎ᠤᠨ ᠣᠨᠴᠠᠯᠢᠭ᠎ᠯᠤᠭ᠎ᠠ ᠤᠶᠠᠯᠳᠤᠭᠤᠯᠤᠨ ᠰᠤᠷᠭ᠋ᠠᠭᠤᠯᠢ ᠵᠢᠨ ᠬᠦᠷᠢᠶᠡᠨ᠎ᠳᠠᠬᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠣᠯ ᠰᠡᠳᠦᠪᠲᠦ ᠠᠵᠢᠯᠯᠠᠭ᠎ᠠ ᠵᠢ ᠤᠯᠠᠨ ᠶᠠᠩᠵᠤ᠎ᠪᠠᠷ᠂  ᠪᠠᠶᠠᠯᠢᠭ ᠬᠡᠯᠪᠡᠷᠢ᠎ᠲᠠᠢ ᠥᠷᠨᠢᠭᠦᠯᠦᠨ᠎ᠡ᠃ 《ᠰᠤᠷᠭ᠋ᠠᠭᠤᠯᠢ᠎ᠳᠤ ᠣᠷᠣᠬᠤ ᠨᠠᠰᠤᠨ᠎ᠠᠴᠠ ᠡᠮᠦᠨᠡᠬᠢ ᠨᠡᠢ᠌ᠲᠡᠯᠢᠭ ᠬᠡᠯᠡ》 ᠵᠢᠨ ᠰᠤᠷᠭ᠋ᠠᠨ ᠬᠥᠮᠦᠵᠢᠯ᠎ᠤᠨ ᠲᠤᠰᠬᠠᠢ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠵᠦ᠂  ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂  ᠤᠯᠤᠰ᠎ᠠᠴᠠ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠵᠦ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠬᠠᠷᠠᠬᠠᠨ ᠪᠠᠭ᠎ᠠ᠎ᠠᠴᠠ᠎ᠨᠢ ᠬᠡᠦᠬᠡᠳ᠎ᠤᠨ ᠤᠶᠤᠨ ᠰᠠᠨᠠᠭ᠋ᠠᠨ᠎ᠳᠤ ᠬᠠᠳᠠᠩᠰᠢᠭᠤᠯᠤᠨ᠎ᠠ᠃

      ᠴᠡᠷᠢᠭ᠎ᠤᠨ ᠰᠤᠮᠤᠨ ᠠᠩᠭᠢ᠎ᠳᠤ ᠦᠷᠨᠢᠭᠦᠯᠦᠨ᠎ᠡ

      ᠨᠠᠮ᠎ᠤᠨ ᠭᠣᠣᠯ ᠰᠡᠳᠦᠪᠲᠦ ᠡᠳᠦᠷ᠎ᠤᠨ ᠠᠵᠢᠯᠯᠠᠭ᠎ᠠ᠂  ᠡᠯ᠎ᠡ ᠲᠥᠷᠥᠯ᠎ᠤᠨ ᠲᠥᠪᠯᠡᠷᠡᠭᠦᠯᠦᠨ ᠪᠣᠯᠪᠠᠰᠤᠷᠠᠭᠤᠯᠬᠤ ᠪᠠ ᠡᠭᠡᠯᠵᠢᠯᠡᠨ ᠪᠣᠯᠪᠠᠰᠤᠷᠠᠭᠤᠯᠬᠤ᠂  ᠶᠡᠬᠡ ᠳᠡᠭᠡᠳᠦ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠪᠣᠯᠪᠠᠰᠤᠷᠠᠯ ᠳᠤᠮᠳᠠ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠠ ᠬᠠᠤᠯᠢ᠎ᠪᠠᠷ ᠵᠠᠰᠠᠬᠤ ᠬᠥᠮᠦᠵᠢᠯ᠎ᠤᠨ ᠬᠠᠪᠰᠤᠷᠤᠨ ᠵᠢᠯᠤᠭᠣᠳᠬᠤ ᠬᠢᠴᠢᠶᠡᠯ᠎ᠢ ᠲᠣᠬᠢᠷᠠᠭᠤᠯᠵᠤ᠂  ᠬᠠᠪᠰᠤᠷᠤᠨ ᠳᠠᠭ᠋ᠠᠭᠤᠯᠵᠤ ᠬᠠᠪᠰᠤᠷᠤᠨ ᠪᠠᠶ᠋ᠢᠭᠤᠯᠬᠤ᠂  ᠴᠡᠭ᠎ᠲᠤ ᠰᠠᠭᠤᠵᠤ ᠪᠠᠢ᠌ᠴᠠᠭ᠋ᠠᠨ ᠰᠤᠳᠤᠯᠬᠤ ᠵᠡᠷᠭᠡ᠎ᠯᠦᠭᠡ ᠤᠶᠠᠯᠳᠤᠭᠤᠯᠤᠨ᠂ ᠨᠠᠮ᠎ᠤᠨ ᠦᠨᠳᠦᠰᠦᠲᠡᠨ᠎ᠤ ᠲᠤᠬᠠᠢ ᠤᠨᠤᠯ ᠲᠦᠷᠦ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ ᠲᠠᠢ᠌ᠯᠪᠤᠷᠢᠯᠠᠬᠤ ᠪᠠ ᠲᠣᠳᠣᠷᠬᠠᠢ᠌ᠯᠠᠨ ᠲᠠᠢ᠌ᠯᠪᠤᠷᠢᠯᠠᠬᠤ ᠠᠵᠢᠯᠯᠠᠭ᠎ᠠ ᠵᠢ ᠥᠷᠨᠢᠭᠦᠯᠵᠦ᠂  ᠦᠨᠳᠦᠰᠦᠲᠡᠨ᠎ᠨᠦᠭᠦᠳ᠎ᠤᠨ ᠵᠢᠯᠣᠭᠣᠳᠤᠭᠴᠢ ᠪᠠᠢ᠌ᠯᠳᠤᠭᠴᠢᠳ᠎ᠢ ᠬᠥᠮᠥᠵᠢᠭᠦᠯᠦᠨ ᠵᠢᠯᠤᠭᠣᠳᠴᠤ ᠪᠠᠢ᠌ᠭ᠋ᠠᠳ ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠴᠡᠷᠢᠭ ᠵᠶ᠋ᠡᠨ ᠬᠦᠴᠦᠷᠬᠡᠭᠵᠢᠭᠦᠯᠬᠦ ᠦᠢ᠍ᠯᠡᠳᠦᠯᠭᠡ᠎ᠳᠤ ᠣᠷᠣᠯᠴᠠᠭᠤᠯᠤᠨ᠎ᠠ᠃

      ᠱᠠᠰᠢᠨ ᠰᠤᠷᠲᠠᠬᠤᠨ᠎ᠤ ᠠᠵᠢᠯᠯᠠᠭ᠎ᠠ ᠵᠢᠨ ᠲᠠᠯᠠᠪᠤᠷ ᠭᠠᠵᠠᠷ᠎ᠲᠤ ᠦᠷᠨᠢᠭᠦᠯᠦᠨ᠎ᠡ

      ᠨᠠᠮ᠎ᠤᠨ ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠪᠠ ᠱᠠᠰᠢᠨ ᠰᠤᠷᠲᠠᠬᠤᠨ᠎ᠤ ᠲᠤᠬᠠᠢ ᠠᠵᠢᠯ᠎ᠤᠨ ᠦᠨᠳᠦᠰᠦᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂  ᠱᠠᠰᠢᠨ ᠰᠤᠷᠲᠠᠬᠤᠨ᠎ᠤ ᠪᠠᠭᠰᠢ ᠠᠵᠢᠯᠲᠠᠨ ᠪᠠ ᠱᠠᠰᠢᠨ ᠰᠢᠲᠦᠭᠴᠢᠳ᠎ᠲᠤ ᠬᠠᠨᠳᠤᠭᠤᠯᠤᠨ ᠦᠨᠳᠦᠰᠦᠨ ᠬᠠᠤᠯᠢ ᠪᠠ ᠦᠨᠳᠦᠰᠦᠲᠡᠨ ᠱᠠᠰᠢᠨ ᠰᠤᠷᠲᠠᠬᠤᠨ᠎ᠤ ᠬᠦᠷᠢᠶᠡᠨ᠎ᠳᠠᠬᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠶᠡᠬᠡ᠎ᠪᠠᠷ ᠤᠬᠠᠭᠤᠯᠵᠤ᠂  ᠡᠬᠡ ᠣᠷᠣᠨᠴᠢ ᠦᠵᠡᠯ᠎ᠤᠨ ᠬᠥᠮᠦᠵᠢᠯ᠂  ᠨᠡᠢ᠌ᠭᠡᠮ ᠵᠢᠷᠤᠮ᠎ᠤᠨ ᠭᠣᠣᠯᠯᠠᠬᠤ ᠦᠷᠳᠡᠭ᠎ᠤᠨ ᠦᠵᠡᠯᠲᠡ ᠵᠢᠨ ᠬᠥᠮᠦᠵᠢᠯ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠬᠥᠮᠦᠵᠢᠯ᠎ᠢ ᠥᠷᠨᠢᠭᠦᠯᠵᠦ᠂  ᠱᠠᠰᠢᠨ ᠰᠤᠷᠲᠠᠬᠤᠨ᠎ᠤ ᠪᠠᠭᠰᠢ ᠠᠵᠢᠯᠲᠠᠨ ᠪᠠ ᠱᠠᠰᠢᠨ ᠰᠢᠲᠦᠭᠴᠢᠳ᠎ᠢ ᠢᠳᠡᠪᠬᠢᠲᠡᠢ ᠬᠦᠲᠦᠯᠦᠨ ᠵᠢᠯᠣᠭᠣᠳᠴᠤ ᠪᠠᠢ᠌ᠭ᠋ᠠᠳ ᠦᠨᠳᠦᠰᠦᠲᠡᠨ᠎ᠤ ᠪᠦᠯᠬᠦᠮᠳᠡᠯ᠂  ᠱᠠᠰᠢᠨ ᠰᠤᠷᠲᠠᠬᠤᠨ᠎ᠤ ᠡᠶ᠎ᠡ ᠵᠣᠬᠢᠴᠠᠯ᠂  ᠨᠡᠢ᠌ᠭᠡᠮ᠎ᠤᠨ ᠲᠣᠭᠲᠠᠭᠤᠨ ᠪᠠᠢ᠌ᠳᠠᠯ᠎ᠢ ᠤᠬᠠᠮᠰᠠᠷ᠎ᠠᠴᠠ᠎ᠪᠠᠨ ᠬᠠᠮᠠᠭ᠋ᠠᠯᠠᠬᠤ ᠪᠣᠯᠭ᠋ᠠᠨ᠎ᠠ᠃

      ᠰᠣᠶᠣᠯ ᠵᠢᠭᠤᠯᠴᠢᠯᠠᠯ᠎ᠤᠨ ᠲᠠᠯᠠᠪᠤᠷ ᠭᠠᠵᠠᠷ᠎ᠲᠤ ᠦᠷᠨᠢᠭᠦᠯᠦᠨ᠎ᠡ

      ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠲᠤᠰᠬᠠᠵᠤ ᠳᠡᠶ᠋ᠢᠯᠬᠦ ᠲᠡᠦᠬᠡ ᠵᠢᠨ ᠳᠤᠷᠠᠰᠬᠠᠯᠲᠤ ᠵᠦᠢ᠍ᠯ ᠪᠠ ᠲᠡᠦᠬᠡ ᠵᠢᠨ ᠪᠣᠳᠠᠲᠤ ᠬᠡᠷᠡᠭ ᠵᠶ᠋ᠡᠷ ᠠᠴᠢᠶᠠᠯᠠᠪᠤᠷᠢ ᠪᠣᠯᠭ᠋ᠠᠵᠤ᠂  ᠵᠢᠷᠤᠭ ᠦᠰᠦᠭ ᠬᠣᠣᠰᠯᠠᠭᠤᠯᠤᠭᠰᠠᠨ ᠳᠡᠯᠭᠡᠨ ᠦᠵᠡᠭᠦᠯᠭᠡ ᠵᠢᠨ ᠰᠠᠮᠪᠠᠷ᠎ᠠ᠂  ᠪᠦᠷᠢᠨ ᠵᠠᠭᠤᠴᠢᠲᠤ ᠳᠡᠯᠭᠡᠨ ᠦᠵᠡᠭᠦᠯᠭᠡ ᠵᠡᠷᠭᠡ ᠠᠷᠭ᠎ᠠ ᠪᠠᠷᠢᠯ ᠵᠶ᠋ᠠᠷ ᠳᠠᠮᠵᠢᠭᠤᠯᠤᠨ᠂  ᠲᠡᠦᠬᠡ ᠵᠢᠨ ᠳᠤᠷᠠᠰᠬᠠᠯᠲᠤ ᠵᠦᠢ᠍ᠯ᠎ᠳᠤ ᠠᠭᠤᠯᠤᠭᠳᠠᠵᠤ ᠪᠠᠢ᠌ᠭ᠎ᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠨ ᠠᠭᠤᠯᠤᠭᠳᠠᠬᠤᠨ᠎ᠢ ᠲᠣᠳᠣᠷᠬᠠᠢ᠌ᠯᠠᠨ ᠲᠠᠢ᠌ᠯᠪᠤᠷᠢᠯᠠᠨ᠎ᠠ᠃  ᠣᠲᠣ ᠪᠠᠢ᠌ᠭ᠎ᠠ ᠳᠡᠯᠭᠡᠨ ᠦᠵᠡᠭᠦᠯᠭᠡ ᠵᠢᠨ ᠪᠠᠢ᠌ᠷᠢᠰᠢᠯ᠎ᠯᠤᠭ᠎ᠠ ᠤᠶᠠᠯᠳᠤᠭᠤᠯᠤᠨ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠵᠦ ᠬᠠᠮᠲᠤ᠎ᠪᠠᠷ ᠬᠥᠷᠲᠡᠭᠰᠡᠨ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠦᠷᠢ ᠲᠥᠷᠬᠦ ᠵᠢ ᠰᠢᠭᠢᠳᠬᠡᠨ ᠣᠷᠣᠭᠤᠯᠵᠤ᠂  ᠤᠬᠠᠭᠤᠯᠤᠨ ᠳᠡᠯᠭᠡᠨ ᠦᠵᠡᠭᠦᠯᠬᠦ᠎ᠪᠠᠨ ᠴᠢᠩᠭ᠋ᠠᠳᠬᠠᠨ᠂  ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠵᠤ᠂  ᠰᠣᠶᠣᠯ ᠵᠢᠭᠤᠯᠴᠢᠯᠠᠯ᠎ᠤᠨ ᠲᠠᠯᠠᠪᠤᠷ ᠭᠠᠵᠠᠷ᠎ᠢ ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠬᠤ ᠴᠢᠬᠤᠯᠠ ᠴᠣᠩᠬᠣᠪᠴᠢ ᠪᠣᠯᠭ᠋ᠠᠨ᠎ᠠ᠃

      ᠰᠦᠯᠵᠢᠶᠡᠨ᠎ᠳᠤ ᠦᠷᠨᠢᠭᠦᠯᠦᠨ᠎ᠡ

      《ᠢᠨᠲ᠋ᠧᠷ ᠰᠦᠯᠵᠢᠶ᠎ᠡ + ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ》  ᠠᠵᠢᠯᠯᠠᠭ᠋ᠠᠨ᠎ᠢ ᠭᠦᠨᠵᠡᠭᠡᠢ ᠬᠡᠷᠡᠭᠵᠢᠭᠦᠯᠵᠦ᠂ ᠡᠯ᠎ᠡ ᠰᠠᠯᠠᠭ᠎ᠠ ᠮᠥᠴᠢᠷ ᠨᠢᠭᠡᠴᠢ ᠢᠯᠠᠩᠭᠤᠶ᠎ᠠ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠭᠡᠰᠢᠭᠦᠨ ᠨᠢᠭᠡᠴᠢ᠎ᠨᠦᠭᠦᠳ ᠫᠣᠷᠲ᠋ᠧᠯ ᠰᠦᠯᠵᠢᠶ᠎ᠡ ᠪᠤᠶᠤ ᠸᠢᠴᠠᠲ᠎ᠤᠨ ᠨᠡᠶ᠋ᠢᠲᠡ ᠵᠢᠨ ᠲᠠᠪᠴᠠᠩ᠎ᠳᠤ ᠤᠬᠠᠭᠤᠯᠭ᠎ᠠ ᠵᠢᠨ ᠲᠤᠰᠬᠠᠢ ᠪᠤᠯᠤᠩ ᠭᠠᠷᠭ᠋ᠠᠵᠤ᠂  ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ ᠲᠠᠢ᠌ᠯᠪᠤᠷᠢᠯᠠᠬᠤ ᠠᠵᠢᠯ᠎ᠢ ᠰᠠᠢ᠌ᠲᠤᠷ ᠬᠢᠨ᠎ᠡ᠃  ᠡᠯ᠎ᠡ ᠭᠣᠣᠯ ᠪᠣᠯᠬᠤ ᠵᠠᠭᠤᠴᠢᠯᠠᠭᠤᠷ᠎ᠤᠨ᠎ᠬᠢᠨ ᠰᠢᠨ᠎ᠡ ᠵᠠᠭᠤᠴᠢᠯᠠᠭᠤᠷ᠎ᠤᠨ ᠲᠠᠪᠴᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂  ᠰᠦᠯᠵᠢᠶᠡᠨ᠎ᠤ ᠢᠷᠭᠡᠳ᠎ᠤᠨ ᠳᠤᠷᠠᠲᠠᠶ᠎ᠠ ᠬᠦᠯᠢᠶᠡᠨ ᠠᠪᠬᠤ ᠣᠬᠣᠷ ᠸᠢᠳᠢᠤ᠋ ᠵᠡᠷᠭᠡ ᠪᠦᠲᠦᠭᠡᠯ᠎ᠢ ᠵᠣᠬᠢᠶᠠᠨ ᠪᠦᠲᠦᠭᠡᠵᠦ ᠤᠬᠠᠭᠤᠯᠤᠨ ᠲᠠᠨᠢᠯᠴᠠᠭᠤᠯᠵᠤ᠂  ᠢᠨᠲ᠋ᠧᠷ ᠰᠦᠯᠵᠢᠶ᠎ᠡ ᠵᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠠᠮᠤᠭ᠎ᠤᠨ ᠶᠡᠬᠡ ᠨᠡᠮᠡᠭᠳᠡᠯ ᠪᠣᠯᠭ᠋ᠠᠨ᠎ᠠ᠃

      ᠡᠯ᠎ᠡ ᠬᠦᠷᠢᠶ᠎ᠡ ᠴᠠᠷᠠᠭ᠋ᠠᠨ᠎ᠳᠤ ᠦᠷᠨᠢᠭᠦᠯᠦᠨ᠎ᠡ

      ᠡᠯ᠎ᠡ ᠠᠵᠢᠯ ᠲᠦᠷᠦᠯ᠎ᠤᠨ᠎ᠬᠢᠨ ᠡᠷᠬᠡ ᠴᠢᠳᠠᠮᠵᠢ ᠡᠭᠦᠷᠭᠡ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠵᠤ᠂  ᠠᠷᠭ᠎ᠠ ᠬᠡᠯᠪᠡᠷᠢ ᠪᠠ ᠠᠴᠢᠶᠠᠯᠠᠪᠤᠷᠢ ᠵᠢᠨ ᠲᠠᠯ᠎ᠠ᠎ᠪᠠᠷ ᠢᠳᠡᠪᠬᠢᠲᠡᠢ ᠰᠢᠨ᠎ᠡ ᠵᠢ ᠡᠭᠦᠳᠴᠦ᠂  ᠨᠠᠮ᠎ᠤᠨ ᠦᠨᠳᠦᠰᠦᠲᠡᠨ᠎ᠤ ᠲᠤᠬᠠᠢ ᠤᠨᠤᠯ ᠲᠦᠷᠦ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠭᠦᠨᠵᠡᠭᠡᠢ ᠤᠬᠠᠭᠤᠯᠤᠨ᠂  ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠬᠠᠮᠲᠤ ᠵᠢᠨ ᠤᠬᠠᠮᠰᠠᠷ᠂  ᠡᠵᠡᠨ ᠬᠥᠮᠥᠨ᠎ᠤ ᠤᠬᠠᠮᠰᠠᠷ᠂  ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ᠂  ᠨᠠᠮ ᠵᠶ᠋ᠠᠨ ᠬᠠᠢ᠌ᠷᠠᠯᠠᠵᠤ ᠤᠯᠤᠰ ᠵᠶ᠋ᠠᠨ ᠬᠠᠢ᠌ᠷᠠᠯᠠᠬᠤ ᠤᠬᠠᠮᠰᠠᠷ᠎ᠢ ᠪᠠᠲᠤ ᠪᠤᠢ ᠪᠣᠯᠭ᠋ᠠᠵᠤ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠠᠭᠤᠤ ᠶᠡᠬᠡ ᠦᠢ᠍ᠯᠡᠳᠦᠯᠭᠡ᠎ᠳᠤ ᠤᠬᠠᠮᠰᠠᠷ᠎ᠠᠴᠠ᠎ᠪᠠᠨ ᠣᠷᠣᠯᠴᠠᠬᠤ ᠪᠣᠯᠭ᠋ᠠᠨ᠎ᠠ᠃

      ᠭᠣᠣᠯ ᠲᠠᠯᠠᠪᠤᠷ᠎ᠤᠨ ᠭᠣᠣᠯᠳᠠᠯᠭ᠎ᠠ ᠪᠣᠯᠬᠤ ᠠᠵᠢᠯ

      ᠭᠣᠣᠯ ᠲᠠᠯᠠᠪᠤᠷ᠎ᠤᠨ ᠠᠵᠢᠯᠯᠠᠭ᠎ᠠ

      4 ᠳ᠋ᠦ᠍ᠭᠡᠷ ᠰᠠᠷ᠎ᠠ ᠵᠢᠨ ᠰᠡᠭᠦᠯᠴᠢ᠎ᠪᠠᠷ᠂  ᠦᠬᠠᠢ ᠬᠣᠲᠠ᠎ᠳᠤ ᠪᠥᠬᠥ ᠣᠷᠣᠨ᠎ᠤ 《ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠭᠣᠣᠯ ᠲᠠᠯᠠᠪᠤᠷ᠎ᠤᠨ ᠠᠵᠢᠯᠯᠠᠭ᠎ᠠ ᠶᠠᠪᠤᠭᠳᠠᠭᠤᠯᠤᠨ᠎ᠠ᠃

      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠢᠷᠢᠰ ᠠᠵᠢᠯᠯᠠᠭ᠎ᠠ

      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠵᠢᠨ ᠵᠢᠷᠤᠭᠲᠤ ᠵᠠᠷ ᠪᠠ ᠤᠬᠠᠭᠤᠯᠭ᠎ᠠ ᠵᠢᠨ ᠣᠬᠣᠷ ᠸᠢᠳᠢᠣ᠋ ᠡᠯᠰᠡᠬᠦ ᠠᠵᠢᠯᠯᠠᠭ᠎ᠠ᠎ᠳᠤ ᠱᠠᠩᠨᠠᠯ ᠭᠥᠷᠳᠡᠭᠰᠡᠨ ᠪᠦᠲᠦᠭᠡᠯ᠎ᠢ ᠨᠡᠢ᠌ᠲᠡᠯᠡᠵᠦ᠂  ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠫᠤᠷᠲᠸᠯ ᠰᠦᠯᠵᠢᠶ᠎ᠡ ᠪᠠ ᠸᠢᠴᠠᠲ᠎ᠤᠨ ᠨᠡᠶ᠋ᠢᠲᠡ ᠵᠢᠨ ᠲᠠᠪᠴᠠᠩ ᠵᠶ᠋ᠠᠷ ᠳᠠᠮᠵᠢᠭᠤᠯᠤᠨ ᠱᠠᠩᠨᠠᠯ ᠭᠥᠷᠳᠡᠭᠰᠡᠨ ᠪᠦᠲᠦᠭᠡᠯ᠎ᠢ ᠬᠤᠭᠤᠴᠠᠭ᠎ᠠ ᠪᠦᠯᠦᠭ ᠬᠤᠪᠢᠶᠠᠨ ᠳᠡᠯᠭᠡᠨ ᠦᠵᠡᠭᠦᠯᠦᠨ᠎ᠡ᠂  ᠲᠡᠳᠡᠭᠡᠷ᠎ᠢ ᠡᠯ᠎ᠡ ᠰᠠᠯᠠᠭ᠎ᠠ ᠮᠥᠴᠢᠷ ᠨᠢᠭᠡᠴᠢ ᠵᠢᠨ᠎ᠬᠢᠨ ᠪᠠᠭᠤᠯᠭ᠋ᠠᠨ ᠠᠪᠴᠤ ᠤᠬᠠᠭᠤᠯᠬᠤ᠎ᠳᠤ ᠬᠡᠷᠡᠭᠯᠡᠵᠦ ᠪᠣᠯᠣᠨ᠎ᠠ᠃ 《ᠭᠡᠷᠡᠯ ᠵᠢᠷᠤᠭ᠎ᠲᠠᠬᠢ ᠤᠮᠠᠷᠠᠲᠤ ᠬᠢᠯᠢ · ᠰᠡᠳᠬᠢᠯ ᠵᠶ᠋ᠡᠨ ᠨᠢᠭᠡᠳᠬᠡᠨ ᠬᠦᠰᠡᠯ ᠵᠡᠭᠦᠳᠦ᠎ᠪᠠᠨ ᠲᠡᠷᠭᠡᠯᠰᠢᠭᠦᠯᠦᠶ᠎ᠡ—ᠮᠢᠨᠤ ᠳᠡᠷᠭᠡᠳᠡᠬᠢ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠯᠢᠭᠡᠷ》  ᠭᠡᠬᠦ ᠭᠡᠷᠡᠯ ᠵᠢᠷᠤᠭ᠎ᠤᠨ ᠪᠦᠲᠦᠭᠡᠯ ᠡᠯᠰᠡᠬᠦ ᠤᠷᠤᠯᠳᠤᠭ᠋ᠠᠨ᠎ᠤ ᠠᠵᠢᠯᠯᠠᠭ᠎ᠠ ᠵᠢ ᠡᠷᠬᠢᠯᠡᠨ᠎ᠡ᠃

      ᠵᠢᠱ᠌ᠢᠶ᠎ᠡ ᠦᠵᠡᠭᠦᠯᠵᠦ ᠬᠦᠲᠦᠯᠦᠨ ᠳᠠᠭ᠋ᠠᠭᠤᠯᠬᠤ ᠠᠵᠢᠯᠯᠠᠭ᠎ᠠ

      ᠡᠯ᠎ᠡ ᠱᠠᠲᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠨᠢᠭᠡᠴᠢ᠎ᠨᠦᠭᠦᠳ ᠵᠢᠱ᠌ᠢᠶ᠎ᠡ ᠦᠵᠡᠭᠦᠯᠵᠦ ᠦᠯᠢᠭᠡᠷ ᠳᠠᠭᠤᠷᠢᠶᠠᠯ ᠪᠣᠯᠬᠤ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂  ᠤᠯᠠᠨ ᠠᠷᠭ᠎ᠠ ᠵᠠᠮ ᠵᠶ᠋ᠠᠷ ᠤᠬᠠᠭᠤᠯᠭ᠎ᠠ ᠵᠢᠨ ᠠᠵᠢᠯ ᠵᠶ᠋ᠡᠨ ᠰᠠᠢ᠌ᠲᠤᠷ ᠬᠢᠨ᠎ᠡ᠃  ᠡᠯ᠎ᠡ ᠱᠠᠲᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠨᠠᠷ ᠲᠦᠷᠦᠭᠦᠯᠡᠨ ᠦᠨᠳᠦᠰᠦᠨ ᠱᠠᠲᠤᠨ᠎ᠳᠤ ᠭᠦᠨᠵᠡᠭᠡᠢ᠌ᠷᠡᠵᠦ ᠤᠬᠠᠭᠤᠯᠤᠨ ᠲᠠᠢ᠌ᠯᠪᠤᠷᠢᠯᠠᠬᠤ ᠠᠵᠢᠯ ᠦᠷᠨᠢᠭᠦᠯᠦᠨ᠎ᠡ᠃  ᠡᠯ᠎ᠡ ᠱᠠᠲᠤᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ᠎ᠬᠢᠨ ᠬᠣᠯᠪᠤᠭ᠋ᠠᠯᠠᠨ ᠰᠤᠷᠤᠯᠴᠠᠵᠤ ᠬᠣᠯᠪᠤᠭ᠋ᠠᠯᠠᠨ ᠪᠠᠶ᠋ᠢᠭᠤᠯᠬᠤ ᠵᠡᠷᠭᠡ ᠭᠣᠣᠯ ᠰᠡᠳᠦᠪᠲᠦ ᠠᠵᠢᠯᠯᠠᠭ᠎ᠠ ᠦᠷᠨᠢᠭᠦᠯᠦᠨ᠎ᠡ᠃

      ᠰᠦᠯᠵᠢᠶᠡᠨ᠎ᠤ ᠱᠠᠩᠨᠠᠯᠲᠤ ᠮᠡᠳᠡᠯᠭᠡ ᠵᠢᠨ ᠤᠷᠤᠯᠳᠤᠭ᠋ᠠᠨ᠎ᠤ ᠠᠵᠢᠯᠯᠠᠭ᠎ᠠ

      《ᠦᠨᠳᠦᠰᠦᠲᠡᠨ᠎ᠤ ᠲᠤᠬᠠᠢ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠬᠤᠭᠤᠴᠠᠭ᠋ᠠᠨ᠎ᠳᠤ᠂  ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠦᠯᠵᠢᠶᠡᠨ᠎ᠤ ᠱᠠᠩᠨᠠᠯᠲᠤ ᠮᠡᠳᠡᠯᠭᠡ ᠵᠢᠨ ᠤᠷᠤᠯᠳᠤᠭ᠋ᠠᠨ᠎ᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂  ᠡᠯ᠎ᠡ ᠰᠠᠯᠠᠭ᠎ᠠ ᠮᠥᠴᠢᠷ ᠨᠢᠭᠡᠴᠢ ᠵᠢ ᠥᠷᠭᠡᠨ ᠵᠶ᠋ᠡᠷ ᠳᠠᠶ᠋ᠢᠴᠢᠯᠠᠨ ᠣᠷᠣᠯᠴᠠᠭᠤᠯᠵᠤ᠂  ᠠᠵᠢᠯᠯᠠᠭ᠎ᠠ ᠵᠢᠨ ᠴᠥᠷᠬᠡᠯᠡᠭᠡ ᠵᠢ ᠸᠢᠴᠠᠲ᠎ᠤᠨ ᠨᠡᠶ᠋ᠢᠲᠡ ᠵᠢᠨ ᠲᠠᠪᠴᠠᠩ ᠵᠶ᠋ᠠᠷ ᠢᠳᠡᠪᠬᠢᠲᠡᠢ ᠳᠠᠮᠵᠢᠭᠤᠯᠤᠨ ᠲᠠᠷᠬᠠᠭ᠋ᠠᠵᠤ᠂  ᠠᠵᠢᠯᠯᠠᠭ᠎ᠠ ᠵᠢᠨ ᠬᠠᠮᠤᠷᠬᠤ ᠬᠡᠪᠴᠢᠶ᠎ᠡ ᠵᠢ ᠴᠢᠷᠮᠠᠢ᠌ᠨ ᠥᠷᠭᠡᠳᠬᠡᠵᠦ᠂  ᠨᠡᠢ᠌ᠭᠡᠮ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠃

      ᠤᠬᠠᠭᠤᠯᠭ᠎ᠠ ᠵᠢᠨ ᠣᠬᠣᠷ ᠮᠡᠳᠡᠭᠡ ᠳᠠᠮᠵᠢᠭᠤᠯᠬᠤ ᠠᠵᠢᠯᠯᠠᠭ᠎ᠠ

      5 ᠳ᠋ᠤᠭ᠋ᠠᠷ ᠰᠠᠷ᠎ᠠ ᠵᠢᠨ ᠡᠬᠢ᠎ᠪᠠᠷ᠂  ᠰᠢᠯᠵᠢᠮᠡᠯ ᠬᠣᠯᠪᠣᠭ᠎ᠠ᠂  ᠨᠢᠭᠡᠳᠦᠮᠡᠯ ᠬᠣᠯᠪᠣᠭ᠎ᠠ᠂  ᠴᠠᠬᠢᠯᠭ᠋ᠠᠨ ᠬᠣᠯᠪᠣᠭ᠎ᠠ ᠵᠡᠷᠭᠡ ᠡᠵᠡᠩᠨᠡᠨ ᠠᠵᠢᠯᠯᠠᠭᠰᠠᠳ ᠵᠶ᠋ᠠᠷ ᠳᠠᠮᠵᠢᠭᠤᠯᠤᠨ᠂ ᠪᠥᠬᠥ ᠣᠷᠣᠨ᠎ᠤ ᠭᠠᠷ ᠤᠲᠠᠰᠤᠨ᠎ᠤ ᠬᠡᠷᠡᠭᠯᠡᠭᠴᠢᠳ᠎ᠲᠤ ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠣᠬᠣᠷ ᠮᠡᠳᠡᠭᠡ ᠵᠢ ᠳᠠᠮᠵᠢᠭᠤᠯᠤᠨ᠎ᠠ᠃

      ᠠᠵᠢᠯ᠎ᠤᠨ ᠱᠠᠭ᠋ᠠᠷᠳᠠᠯᠭ᠎ᠠ

      ᠡᠯ᠎ᠡ ᠰᠠᠯᠠᠭ᠎ᠠ ᠮᠥᠴᠢᠷ ᠨᠢᠭᠡᠴᠢ᠎ᠨᠦᠭᠦᠳ ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢᠨ ᠠᠵᠢᠯ᠎ᠢ ᠥᠷᠨᠢᠭᠦᠯᠬᠦ᠎ᠳᠤ᠎ᠪᠠᠨ ᠦᠨᠡᠨ᠎ᠠᠴᠠ ᠵᠥᠪ᠎ᠢ ᠡᠷᠢᠬᠦ ᠵᠢ ᠪᠠᠷᠢᠮᠲᠠᠯᠠᠵᠤ᠂  ᠴᠠᠭ ᠬᠡᠮᠵᠢᠶ᠎ᠡ ᠪᠦᠲᠦᠮᠵᠢ᠎ᠪᠠᠨ ᠡᠵᠡᠮᠳᠡᠬᠦ ᠬᠡᠷᠡᠭᠲᠡᠢ;  ᠠᠷᠭ᠎ᠠ ᠬᠡᠯᠪᠡᠷᠢ ᠠᠷᠭ᠎ᠠ ᠮᠠᠶᠢᠭ᠎ᠢ ᠠᠩᠬᠠᠷᠴᠤ᠂  ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠨ᠂  ᠱᠠᠲᠤ ᠱᠠᠲᠤ᠎ᠪᠠᠷ ᠠᠵᠢᠯ᠎ᠤᠨ ᠡᠭᠦᠷᠭᠡ ᠵᠢ᠎ᠨᠢ ᠨᠡᠮᠡᠭᠳᠡᠭᠦᠯᠵᠦ ᠪᠣᠯᠬᠤ ᠦᠭᠡᠢ᠂  ᠦᠨᠳᠦᠰᠦᠨ ᠱᠠᠲᠤᠨ᠎ᠤ ᠳᠠᠷᠤᠭ᠋ᠠᠰᠤ ᠵᠢ᠎ᠨᠢ ᠨᠡᠮᠡᠭᠳᠡᠭᠦᠯᠵᠦ ᠪᠣᠯᠬᠤ ᠦᠭᠡᠢ;  ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠮᠠᠷᠬᠠᠨ ᠬᠦᠯᠢᠶᠡᠨ ᠠᠪᠬᠤ ᠬᠡᠯᠪᠡᠷᠢ᠎ᠪᠠᠷ ᠤᠬᠠᠭᠤᠯᠭ᠎ᠠ ᠵᠢᠨ ᠠᠵᠢᠯ ᠵᠶ᠋ᠠᠨ ᠥᠷᠨᠢᠭᠦᠯᠵᠦ᠂  ᠪᠣᠳᠠᠲᠤ ᠬᠡᠷᠡᠭ ᠲᠣᠭ᠎ᠠ ᠪᠠᠷᠢᠮᠲᠠ᠂  ᠨᠡᠢ᠌ᠲᠡᠯᠢᠭ ᠬᠡᠷᠡᠭ᠎ᠤᠨ ᠵᠢᠱ᠌ᠢᠶ᠎ᠡ᠎ᠪᠠᠷ ᠶᠣᠰᠣ ᠤᠴᠢᠷ᠎ᠢ ᠲᠣᠳᠣᠷᠬᠠᠢ᠌ᠯᠠᠬᠤ᠎ᠳᠤ᠎ᠪᠠᠨ ᠴᠢᠳᠠᠮᠠᠭ᠋ᠠᠢ ᠪᠠᠢ᠌ᠬᠤ ᠬᠡᠷᠡᠭᠲᠡᠢ;  ᠪᠦᠲᠦᠮᠵᠢᠲᠡᠶ ᠲᠤᠷᠰᠢᠯᠭ᠎ᠠ ᠪᠠ ᠠᠷᠭ᠎ᠠ ᠵᠢ ᠴᠠᠭ ᠲᠤᠬᠠᠢ᠎ᠳᠤ᠎ᠨᠢ ᠳ᠋ᠦᠩᠨᠡᠵᠦ᠂  ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠬᠥᠮᠦᠵᠢᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠢ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
 
            