ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
2025 ᠣᠨ᠎ᠤ ᠴᠠᠷᠭ᠋ᠠᠰᠤ ᠳᠠᠷᠢᠬᠤ ᠨᠥᠬᠥᠪᠦᠷᠢ ᠵᠢᠨ ᠲᠥᠷᠥᠯ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2025-05-15

      ᠨᠢᠭᠡ᠂  ᠬᠡᠷᠡᠭᠵᠢᠭᠦᠯᠬᠦ ᠬᠡᠪᠴᠢᠶ᠎ᠡ

      ᠪᠥᠬᠥ ᠣᠷᠣᠨ᠎ᠤ 12 ᠠᠢ᠌ᠮᠠᠭ ᠬᠣᠲᠠ᠂ 2 ᠲᠤᠰᠠᠭ᠋ᠠᠷ ᠲᠥᠯᠥᠪᠯᠡᠭᠡᠲᠦ ᠬᠣᠲᠠ᠃ 

      ᠬᠣᠶᠠᠷ᠂  ᠨᠥᠬᠥᠪᠦᠷᠢ  ᠥᠭᠬᠦ ᠡᠲᠡᠭᠡᠳ

      ᠨᠥᠬᠥᠪᠦᠷᠢ  ᠥᠭᠬᠦ ᠡᠲᠡᠭᠡᠳ᠎ᠨᠢ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠬᠥᠮᠥᠨ᠎ᠤ ᠬᠢᠷᠢ ᠬᠡᠮ᠎ᠲᠠᠢ ᠪᠠᠢ᠌ᠬᠤ ᠬᠡᠷᠡᠭᠲᠡᠢ᠂  ᠡᠳ᠋ ᠬᠥᠷᠥᠩᠭᠡ ᠵᠢᠨ ᠪᠦᠲᠦᠴᠡ ᠵᠢᠴᠢ ᠡᠵᠡᠩᠨᠡᠯᠲᠡ ᠵᠢᠨ ᠪᠠᠢ᠌ᠳᠠᠯ᠎ᠨᠢ ᠨᠡᠯᠢᠶᠡᠳ ᠰᠠᠢ᠌ᠨ ᠮᠥᠷᠲᠡᠭᠡᠨ ᠣᠷᠣᠨ᠎ᠤ ᠳᠣᠲᠣᠷᠠᠬᠢ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ᠎ᠯᠤᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠵᠤ᠂  ᠬᠠᠷᠢᠴᠠᠩᠭᠤᠢ᠎ᠪᠠᠷ ᠲᠥᠪᠯᠡᠷᠡᠨ ᠵᠠᠯᠭ᠋ᠠᠯᠳᠤᠭᠰᠠᠨ ᠪᠥᠭᠡᠳ ᠪᠠᠷᠢᠮᠵᠢᠶᠠᠵᠢᠭᠤᠯᠤᠨ ᠳᠠᠷᠢᠭᠰᠠᠨ 500 ᠮᠦ᠍᠎ᠠᠴᠠ ᠳᠡᠭᠡᠭᠰᠢᠬᠢ ᠲᠠᠷᠢᠶᠠᠴᠢᠳ᠎ᠤᠨ ᠡᠪᠡᠰᠦ ᠪᠣᠷᠳᠣᠭ᠎ᠠ ᠵᠢᠨ ᠲᠤᠰᠬᠠᠢ ᠦᠢ᠍ᠯᠡᠳᠪᠦᠷᠢᠯᠡᠯ᠎ᠤᠨ ᠬᠣᠷᠰᠢᠶ᠎ᠠ᠂  ᠡᠪᠡᠰᠦ ᠪᠣᠷᠳᠣᠭ᠎ᠠ ᠵᠢ ᠦᠢ᠍ᠯᠡᠳᠪᠦᠷᠢᠯᠡᠨ  ᠪᠣᠯᠪᠠᠰᠤᠷᠠᠭᠤᠯᠬᠤ  ᠠᠵᠤ ᠠᠬᠤᠢ᠌ᠯᠠᠯ᠂  ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠠᠵᠤ ᠠᠬᠤᠢ᠌ᠯᠠᠯ (ᠲᠠᠯᠠᠪᠠᠶ)᠂  ᠰᠠᠭ᠋ᠠᠯᠢ ᠵᠢᠨ ᠲᠠᠷᠢᠶᠠᠴᠢᠳ᠎ᠤᠨ ᠲᠤᠰᠬᠠᠢ ᠦᠢ᠍ᠯᠡᠳᠪᠦᠷᠢᠯᠡᠯ᠎ᠤᠨ ᠬᠣᠷᠰᠢᠶ᠎ᠠ᠂  ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠶ ᠪᠠ ᠴᠠᠷᠭ᠋ᠠᠰᠤ ᠵᠢᠨ ᠲᠠᠷᠢᠮᠠᠯ᠎ᠤᠨ ᠡᠷᠦᠬᠡ ᠵᠡᠷᠭᠡ ᠡᠵᠡᠩᠨᠡᠯᠲᠡ ᠵᠢᠨ ᠭᠣᠣᠯ ᠴᠣᠭᠴᠠ᠎ᠨᠤᠭᠤᠳ ᠪᠣᠯᠣᠨ᠎ᠠ᠃  ᠨᠥᠬᠥᠪᠦᠷᠢ ᠣᠯᠬᠤ 

ᠡᠲᠡᠭᠡᠳ᠎ᠨᠢ ᠪᠣᠳᠠᠲᠠᠢ  ᠦᠢ᠍ᠯᠡᠳᠪᠦᠷᠢᠯᠡᠯ᠎ᠤᠨ ᠡᠵᠡᠩᠨᠡᠭᠴᠢ ᠪᠣᠯᠣᠨ᠎ᠠ᠃ 

      ᠭᠤᠷᠪᠠ᠂  ᠨᠥᠬᠥᠪᠦᠷᠢ ᠥᠭᠬᠦ ᠪᠠᠷᠢᠮᠵᠢᠶ᠎ᠠ

      ᠬᠠᠷᠢᠴᠠᠩᠭᠤᠢ᠎ᠪᠠᠷ ᠲᠥᠪᠯᠡᠷᠡᠭᠦᠯᠦᠨ ᠵᠠᠯᠭ᠋ᠠᠯᠳᠤᠭᠤᠯᠤᠨ ᠳᠠᠷᠢᠬᠤ 500 ᠮᠦ᠍ ᠵᠢ 1 ᠨᠥᠬᠥᠪᠦᠷᠢ ᠵᠢᠨ ᠨᠢᠭᠡᠴᠡ ᠪᠣᠯᠭ᠋ᠠᠵᠤ᠂ 1 ᠨᠥᠬᠥᠪᠦᠷᠢ ᠵᠢᠨ ᠨᠢᠭᠡᠴᠡ᠎ᠳᠤ ᠬᠠᠩᠭ᠋ᠠᠭᠰᠠᠨ ᠰᠠᠭᠤᠷᠢᠨ ᠳᠡᠭᠡᠷ᠎ᠡ᠂  ᠪᠣᠳᠠᠲᠠᠢ ᠳᠠᠷᠢᠭᠰᠠᠨ ᠲᠠᠯᠠᠪᠠᠶ᠎ᠪᠠᠷ ᠨᠥᠬᠥᠪᠦᠷᠢ ᠣᠯᠭᠣᠨ᠎ᠠ᠃  ᠤᠯᠤᠰ᠂  ᠥᠪᠡᠷᠲᠡᠭᠡᠨ ᠵᠠᠰᠠᠬᠤ ᠣᠷᠣᠨ᠎ᠤ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠵᠦ᠂ 1 ᠵᠦᠢ ᠵᠣᠬᠢᠰᠲᠠᠢ ᠥᠰᠦᠯᠲᠡ ᠵᠢᠨ ᠦᠶᠡᠯᠡᠯ᠎ᠤᠨ ᠬᠤᠭᠤᠴᠠᠭ᠋ᠠᠨ᠎ᠤ 1000 ᠲᠥᠭᠥᠷᠢᠭ /  ᠮᠦ᠍ ᠵᠢᠨ ᠪᠠᠷᠢᠮᠵᠢᠶ᠎ᠠ᠎ᠪᠠᠷ 3 ᠵᠢᠯ ᠬᠤᠪᠢᠶᠠᠨ ᠨᠥᠬᠥᠪᠦᠷᠢ ᠣᠯᠭᠣᠨ᠎ᠠ᠂  ᠡᠭᠦᠨ᠎ᠳᠤ ᠨᠢᠭᠡᠳᠦᠭᠡᠷ ᠵᠢᠯ᠎ᠳᠤ 600 ᠲᠥᠭᠥᠷᠢᠭ᠂  ᠬᠣᠶᠠᠳᠤᠭ᠋ᠠᠷ ᠵᠢᠯ᠎ᠳᠤ 200 ᠲᠥᠭᠥᠷᠢᠭ᠂  ᠭᠤᠷᠪᠠᠳᠤᠭ᠋ᠠᠷ ᠵᠢᠯ᠎ᠳᠤ 200 ᠲᠥᠭᠥᠷᠢᠭ ᠪᠣᠯᠣᠨ᠎ᠠ᠃  ᠴᠠᠷᠭ᠋ᠠᠰᠤ ᠵᠢᠨ ᠵᠦᠢ ᠵᠣᠬᠢᠰᠲᠠᠢ ᠤᠷᠭᠤᠯᠲᠠ ᠵᠢᠨ ᠦᠶᠡᠯᠡᠯ᠎ᠤᠨ ᠬᠤᠭᠤᠴᠠᠭ᠎ᠠ ᠵᠢ ᠲᠥᠷᠥᠯ ᠵᠦᠢ᠍ᠯ᠎ᠤᠨ ᠬᠣᠰᠢᠭᠤ ᠰᠢᠶᠠᠨ᠎ᠤ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ ᠎ᠠᠴᠠ ᠲᠠᠷᠢᠮᠠᠯ᠎ᠤᠨ ᠲᠥᠷᠥᠯ ᠵᠦᠢ᠍ᠯ ᠵᠢᠴᠢ ᠠᠭᠤᠷ ᠠᠮᠢᠰᠬᠤᠯ᠎ᠤᠨ ᠣᠷᠴᠢᠨ ᠲᠣᠭᠣᠷᠢᠨ᠎ᠤ ᠣᠨᠴᠠᠯᠢᠭ ᠵᠡᠷᠭᠡ ᠪᠣᠳᠠᠲᠠᠢ ᠪᠠᠢ᠌ᠳᠠᠯ᠎ᠢ ᠦᠨᠳᠦᠰᠦᠯᠡᠨ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂  ᠵᠠᠷᠴᠢᠮ ᠳᠡᠭᠡᠷ᠎ᠡ᠎ᠪᠠᠨ 1 ᠵᠦᠢ ᠵᠣᠬᠢᠰᠲᠠᠢ ᠤᠷᠭᠤᠯᠲᠠ ᠵᠢᠨ ᠦᠶᠡᠯᠡᠯ᠎ᠤᠨ ᠬᠤᠭᠤᠴᠠᠭ᠎ᠠ ᠵᠢ 5 ᠵᠢᠯ᠎ᠠᠴᠠ ᠳᠣᠣᠷ᠎ᠠ ᠲᠠᠷᠢᠮᠠᠯ᠎ᠤᠨ ᠭᠣᠣᠯ ᠴᠣᠭᠴᠠ᠎ᠨᠢ ᠥᠨᠳᠥᠷ ᠤᠨᠠᠯᠲᠠ᠎ᠲᠠᠢ ᠴᠢᠨᠠᠷ ᠰᠠᠢ᠌ᠲᠠᠢ ᠪᠠᠢ᠌ᠬᠤ ᠵᠢ ᠪᠠᠲᠤᠯᠠᠬᠤ ᠮᠥᠷᠲᠡᠭᠡᠨ 5 ᠵᠢᠯ᠎ᠤᠨ ᠳᠣᠲᠣᠷ᠎ᠠ ᠳᠠᠬᠢᠨ ᠳᠠᠷᠢᠬᠤ ᠦᠭᠡᠢ ᠪᠠᠢ᠌ᠬᠤ ᠵᠢ ᠪᠠᠲᠤᠯᠠᠵᠤ᠂  ᠳᠠᠷᠢᠬᠤ ᠭᠠᠵᠠᠷ᠎ᠤᠨ ᠲᠠᠯᠠᠪᠠᠶ ᠵᠢ ᠪᠠᠭ᠋ᠠᠰᠬᠠᠬᠤ ᠦᠭᠡᠢ ᠪᠠᠢ᠌ᠬᠤ ᠵᠢ ᠪᠠᠲᠤᠯᠠᠬᠤ ᠬᠡᠷᠡᠭᠲᠡᠢ᠃ 

      ᠳᠥᠷᠪᠡ᠂  ᠨᠥᠬᠥᠪᠦᠷᠢ ᠥᠭᠬᠦ ᠠᠷᠭ᠎ᠠ ᠮᠠᠶᠢᠭ

      《ᠤᠷᠢᠳᠠᠪᠠᠷ ᠳᠠᠷᠢᠵᠤ ᠳᠠᠷᠠᠭ᠎ᠠ᠎ᠨᠢ ᠨᠥᠬᠥᠪᠦᠷᠢᠯᠡᠬᠦ᠂  ᠱᠠᠩᠨᠠᠬᠤ᠎ᠪᠠᠷ ᠨᠥᠬᠥᠪᠦᠷᠢᠯᠡᠬᠦ ᠵᠢ ᠣᠷᠣᠯᠠᠭᠤᠯᠬᠤ》 ᠠᠷᠭ᠎ᠠ ᠮᠠᠶᠢᠭ᠎ᠢ ᠠᠪᠴᠤ᠂  ᠭᠣᠣᠯ ᠴᠣᠭᠴᠠ᠎ᠨᠢ ᠤᠷᠢᠳᠠᠪᠠᠷ ᠳᠠᠷᠢᠬᠤ ᠵᠢ ᠬᠡᠷᠡᠭᠵᠢᠭᠦᠯᠵᠦ᠂  ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ ᠨᠥᠬᠥᠪᠦᠷᠢ ᠣᠯᠭᠣᠨ᠎ᠠ᠃ 

      ᠲᠠᠪᠤ᠂  ᠮᠡᠳᠡᠭᠦᠯᠬᠦ ᠴᠤᠪᠤᠷᠠᠯ

      1. ᠲᠥᠷᠥᠯ ᠵᠦᠢ᠍ᠯ᠎ᠢ ᠬᠡᠷᠡᠭᠵᠢᠭᠦᠯᠬᠦ ᠭᠣᠣᠯ ᠴᠣᠭᠴᠠ᠎ᠨᠢ ᠲᠥᠷᠥᠯ ᠵᠦᠢ᠍ᠯ᠎ᠢ ᠬᠡᠷᠡᠭᠵᠢᠭᠦᠯᠬᠦ ᠲᠥᠰᠥᠯ᠎ᠢ ᠨᠠᠢ᠌ᠷᠠᠭᠤᠯᠤᠨ ᠵᠣᠬᠢᠶᠠᠵᠤ᠂  ᠬᠣᠰᠢᠭᠤ ᠰᠢᠶᠠᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠲᠤ ᠲᠥᠷᠥᠯ ᠵᠦᠢ᠍ᠯ᠎ᠤᠨ ᠭᠤᠶᠤᠴᠢᠯᠠᠯ ᠵᠶ᠋ᠠᠨ ᠲᠤᠰᠢᠶᠠᠬᠤ ᠵᠢᠨ ᠬᠠᠮᠲᠤ᠂  ᠵᠣᠬᠢᠬᠤ ᠭᠡᠷᠡᠴᠢᠯᠡᠬᠦ ᠮᠠᠲ᠋ᠧᠷᠢᠶᠠᠯ (ᠲᠠᠮᠠᠭ᠎ᠠ  ᠳᠠᠷᠤᠭᠰᠠᠨ)᠎ᠢ ᠬᠠᠩᠭ᠋ᠠᠨ᠎ᠠ᠃ 

      2. ᠬᠣᠰᠢᠭᠤ ᠰᠢᠶᠠᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠠᠴᠠ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠲᠤ ᠲᠠᠨᠢᠯᠴᠠᠭᠤᠯᠤᠨ ᠲᠥᠷᠥᠯ ᠵᠦᠢ᠍ᠯ ᠲᠣᠭᠲᠠᠭ᠋ᠠᠬᠤ᠎ᠪᠠᠷ ᠭᠤᠶᠤᠴᠢᠯᠠᠨ᠎ᠠ᠃ 

      3. ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠤᠳ ᠲᠥᠷᠥᠯ ᠵᠦᠢ᠍ᠯ᠎ᠳᠤ ᠬᠢᠨᠠᠨ ᠲᠣᠭᠲᠠᠭ᠋ᠠᠯᠲᠠ ᠬᠢᠵᠦ᠂  ᠲᠣᠭᠲᠠᠭ᠋ᠠᠭᠰᠠᠨ ᠲᠥᠷᠥᠯ ᠵᠦᠢ᠍ᠯ᠎ᠢ ᠬᠡᠷᠡᠭᠵᠢᠭᠦᠯᠬᠦ ᠭᠣᠣᠯ ᠴᠣᠭᠴᠠ᠎ᠳᠤ ᠢᠯᠡ ᠨᠡᠢ᠌ᠲᠡᠯᠡᠵᠦ᠂  ᠢᠯᠡ ᠨᠡᠢ᠌ᠲᠡᠯᠡᠬᠦ᠎ᠳᠤ ᠣᠨᠳᠣᠣ ᠰᠠᠨᠠᠯ ᠦᠭᠡᠢ ᠪᠣᠯᠤᠭᠰᠠᠨ᠎ᠤ ᠳᠠᠷᠠᠭ᠎ᠠ ᠲᠥᠷᠥᠯ ᠵᠦᠢ᠍ᠯ ᠲᠣᠭᠲᠠᠭ᠋ᠠᠵᠤ ᠴᠣᠬᠣᠯᠠᠪᠤᠷᠢᠯᠠᠨ ᠬᠠᠷᠢᠭᠤᠯᠤᠨ᠎ᠠ᠃ 

      4. ᠲᠥᠷᠥᠯ ᠵᠦᠢ᠍ᠯ᠎ᠨᠢ ᠰᠢᠯᠭ᠋ᠠᠨ ᠠᠪᠬᠤ ᠨᠥᠬᠥᠴᠡᠯ᠎ᠳᠤ ᠬᠥᠷᠥᠭᠰᠡᠨ᠎ᠤ ᠲᠠᠷᠠᠭ᠎ᠠ᠂  ᠲᠥᠷᠥᠯ ᠵᠦᠢ᠍ᠯ᠎ᠤᠨ ᠭᠣᠣᠯ ᠴᠣᠭᠴᠠ᠎ᠨᠢ ᠲᠤᠰ ᠲᠤᠰ 8  ᠰᠠᠷ᠎ᠠ ᠵᠢᠨ 15᠎ᠤ ᠡᠳᠦᠷ (ᠨᠢᠭᠡᠳᠦᠭᠡᠷ ᠪᠦᠯᠦᠭ)᠂ 12  ᠰᠠᠷ᠎ᠠ ᠵᠢᠨ 31᠎ᠤ ᠡᠳᠦᠷ (ᠬᠣᠶᠠᠳᠤᠭ᠋ᠠᠷ ᠪᠦᠯᠦᠭ)᠎ᠠᠴᠠ ᠡᠮᠦᠨ᠎ᠡ ᠪᠠᠢ᠌ᠭ᠎ᠠ ᠭᠠᠵᠠᠷ᠎ᠤᠨ ᠬᠣᠰᠢᠭᠤ ᠰᠢᠶᠠᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠲᠤ ᠰᠢᠯᠭ᠋ᠠᠨ ᠠᠪᠬᠤ᠎ᠪᠠᠷ ᠭᠤᠶᠤᠴᠢᠯᠠᠵᠤ ᠪᠣᠯᠣᠨ᠎ᠠ᠃  ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠤᠳ ᠬᠣᠰᠢᠭᠤ ᠰᠢᠶᠠᠨ᠎ᠢ ᠵᠣᠬᠢᠶᠠᠨ ᠪᠠᠢ᠌ᠭᠤᠯᠤᠨ ᠲᠥᠷᠥᠯ ᠵᠦᠢ᠍ᠯ᠎ᠢ ᠬᠢᠨᠠᠨ ᠲᠣᠭᠲᠠᠭ᠋ᠠᠵᠤ ᠰᠢᠯᠭ᠋ᠠᠨ ᠠᠪᠬᠤ ᠵᠢᠨ ᠬᠠᠮᠲᠤ ᠢᠯᠡ ᠨᠡᠢ᠌ᠲᠡᠯᠡᠵᠦ᠂  ᠬᠣᠰᠢᠭᠤ ᠰᠢᠶᠠᠨ᠎ᠤ ᠰᠢᠯᠭ᠋ᠠᠨ ᠠᠪᠤᠭᠰᠠᠨ ᠦᠷ᠎ᠡ ᠳ᠋ᠦᠩ᠎ᠢ ᠬᠠᠷᠭᠤᠭᠤᠯᠤᠨ ᠬᠤᠷᠢᠶᠠᠩᠭᠤᠢ᠌ᠯᠠᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠳᠤ ᠮᠡᠳᠡᠭᠦᠯᠦᠨ ᠳᠠᠩᠰᠠᠯᠠᠭᠤᠯᠵᠤ᠂  ᠳᠠᠩᠰᠠᠯᠠᠭᠤᠯᠵᠤ ᠳᠠᠭᠤᠰᠤᠭᠰᠠᠨ᠎ᠤ ᠳᠠᠷᠠᠭ᠎ᠠ᠂  ᠪᠡᠯᠡ ᠮᠥᠩᠭᠥ ᠰᠠᠯᠭ᠋ᠠᠨ ᠥᠭᠬᠦ ᠲᠠᠰ ᠳᠠᠷᠠᠭ᠋ᠠᠯᠠᠯ᠎ᠢ ᠡᠬᠢᠯᠡᠭᠦᠯᠦᠨ᠎ᠡ᠃

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            