ᠨᠢᠭᠡ᠂ ᠬᠡᠷᠡᠭᠵᠢᠭᠦᠯᠬᠦ ᠬᠡᠪᠴᠢᠶ᠎ᠡ ᠪᠠ ᠴᠠᠭ᠎ᠤᠨ ᠬᠢᠵᠠᠭ᠋ᠠᠷ
1. ᠬᠡᠷᠡᠭᠵᠢᠭᠦᠯᠬᠦ ᠬᠡᠪᠴᠢᠶ᠎ᠡ᠄ ᠪᠥᠬᠥ ᠣᠷᠣᠨ᠎ᠤ 12 ᠠᠢ᠌ᠮᠠᠭ ᠬᠤᠳᠠ᠂ 2 ᠲᠤᠰᠠᠭ᠋ᠠᠷ ᠲᠥᠯᠥᠪᠯᠡᠭᠡᠲᠦ ᠬᠣᠲᠠ᠃
2. ᠬᠡᠷᠡᠭᠵᠢᠭᠦᠯᠬᠦ ᠴᠠᠭ᠎ᠤᠨ ᠬᠢᠵᠠᠭ᠋ᠠᠷ᠎ᠨᠢ᠄ 2025 ᠣᠨ᠎ᠤ 1 ᠰᠠᠷ᠎ᠠ ᠵᠢᠨ 1᠎ᠤ ᠡᠳᠦᠷ᠎ᠠᠴᠠ 2025 ᠣᠨ᠎ᠤ 12 ᠰᠠᠷ᠎ᠠ ᠵᠢᠨ 31᠎ᠤ ᠡᠳᠦᠷ ᠪᠣᠯᠲᠠᠯ᠎ᠠ᠃
ᠬᠣᠶᠠᠷ᠂ ᠨᠥᠬᠥᠪᠦᠷᠢ ᠥᠭᠬᠦ ᠡᠲᠡᠭᠡᠳ
ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠠᠬᠢ ᠳᠣᠣᠷᠠᠬᠢ ᠨᠥᠬᠥᠴᠡᠯ᠎ᠳᠤ ᠨᠡᠢ᠌ᠴᠡᠬᠦ ᠲᠡᠵᠢᠭᠡᠨ ᠦᠷᠡᠵᠢᠭᠦᠯᠬᠦ ᠭᠣᠣᠯ ᠴᠣᠭᠴᠠ᠎ᠳᠤ᠄
1. ᠲᠡᠵᠢᠭᠡᠨ ᠦᠷᠡᠵᠢᠭᠦᠯᠬᠦ ᠬᠡᠪᠴᠢᠶ᠎ᠡ ᠵᠢᠨ ᠱᠠᠭ᠋ᠠᠷᠳᠠᠯᠭ᠎ᠠ᠄ ᠬᠣᠯᠠᠨᠳ᠋᠎ᠤᠨ ᠰᠠᠭ᠋ᠠᠯᠢ ᠵᠢᠨ ᠦᠨᠢᠶ᠎ᠡ᠂ ᠵᠢᠤᠸᠠᠨ ᠱᠠᠨ ᠦᠬᠡᠷ᠂ ᠰᠠᠭ᠋ᠠᠯᠢ ᠵᠢᠨ ᠰᠢᠮᠸᠨ᠋ᠲ᠋ᠠᠷ ᠦᠨᠢᠶ᠎ᠡ᠂ ᠰᠠᠨ ᠾᠧ ᠦᠬᠡᠷ ᠵᠡᠷᠭᠡ ᠵᠢᠨ ᠲᠣᠭ᠎ᠠ ᠲᠣᠯᠣᠭ᠋ᠠᠢ ᠨᠢ 100—3000 ᠪᠠᠢ᠌ᠬᠤ; ᠰᠠᠭ᠋ᠠᠯᠢ ᠵᠢᠨ ᠢᠮᠠᠭ᠎ᠠ (ᠰᠠ ᠨᠧᠩ᠂ ᠳ᠋ᠦᠩ ᠹᠦᠸᠸ ᠯᠢ ᠱᠧᠩ ᠵᠡᠷᠭᠡ ᠲᠤᠰᠬᠠᠢ ᠬᠡᠷᠡᠭᠯᠡᠭᠡᠨ᠎ᠤ ᠡᠭᠦᠯᠳᠡᠷ) ᠵᠢᠨ ᠲᠣᠭ᠎ᠠ ᠲᠣᠯᠣᠭ᠋ᠠᠢ 500᠎ᠠᠴᠠ ᠳᠡᠭᠡᠭᠰᠢ; ᠮᠣᠷᠢ᠂ ᠲᠡᠮᠡᠭᠡ᠎ᠨᠢ 100 ᠲᠣᠯᠣᠭ᠋ᠠᠢ᠎ᠠᠴᠠ ᠳᠡᠭᠡᠭᠰᠢ ᠪᠠᠢ᠌ᠬᠤ᠃
2. ᠪᠤᠰᠤᠳ ᠨᠥᠬᠥᠴᠡᠯ᠄ ᠬᠠᠤᠯᠢ ᠶᠣᠰᠣᠭ᠋ᠠᠷ ᠪᠠᠢ᠌ᠭᠤᠯᠤᠭᠰᠠᠨ ᠮᠥᠷᠲᠡᠭᠡᠨ ᠡᠵᠡᠩᠨᠡᠯᠲᠡ᠎ᠨᠢ ᠬᠡᠪ᠎ᠤᠨ᠂ ᠡᠳ᠋᠎ᠤᠨ ᠶᠠᠪᠤᠳᠠᠯ ᠵᠡᠷᠭᠡ ᠵᠢᠨ ᠬᠠᠮᠢᠶᠠᠷᠤᠯᠲᠠ ᠵᠢᠨ ᠳᠦᠷᠢᠮ᠎ᠨᠢ ᠪᠦᠷᠢᠨ ᠲᠡᠭᠦᠯᠳᠡᠷ ᠵᠢᠷᠤᠮᠵᠢᠯ᠎ᠲᠠᠢ ᠪᠠᠢ᠌ᠵᠤ᠂ ᠲᠤᠬᠠᠢ ᠵᠢᠨ ᠭᠠᠵᠠᠷ᠎ᠤᠨ ᠰᠦ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ᠎ᠳᠤ ᠨᠡᠢ᠌ᠴᠡᠭᠰᠡᠨ ᠪᠠᠢ᠌ᠬᠤ ᠬᠡᠷᠡᠭᠲᠡᠢ; ᠲᠡᠵᠢᠭᠡᠨ ᠦᠷᠡᠵᠢᠭᠦᠯᠬᠦ ᠵᠢ ᠳᠠᠩᠰᠠᠯᠠᠬᠤ ᠺᠣᠳ᠋ ᠪᠠ ᠬᠦᠴᠦᠨ᠎ᠲᠠᠢ 《ᠠᠮᠢᠲᠠᠨ᠎ᠤ ᠬᠢᠵᠢᠭ᠎ᠢ ᠰᠡᠷᠭᠡᠢ᠌ᠯᠡᠬᠦ ᠨᠥᠬᠥᠴᠡᠯ᠎ᠤᠨ ᠬᠢᠷᠢ ᠲᠡᠩᠴᠡᠭᠰᠡᠨ ᠦᠨᠡᠮᠯᠡᠯ》᠎ᠢ ᠪᠦᠷᠢᠳᠦᠭᠦᠯᠵᠦ᠂ ᠬᠢᠨᠠᠨ ᠬᠠᠮᠢᠶᠠᠷᠴᠤ ᠬᠢᠨᠠᠨ ᠬᠡᠮᠵᠢᠬᠦ᠎ᠳᠤ ᠬᠠᠮᠵᠢᠯᠴᠠᠨ᠎ᠠ; ᠲᠡᠵᠢᠭᠡᠨ ᠦᠷᠡᠵᠢᠭᠦᠯᠬᠦ ᠲᠠᠯᠠᠪᠠᠢ ᠪᠤᠶᠤ ᠲᠡᠭᠦᠨ᠎ᠤ ᠭᠣᠣᠯ ᠪᠣᠯᠬᠤ ᠬᠤᠪᠢ ᠣᠷᠣᠭᠤᠯᠤᠭᠴᠢ᠎ᠠᠴᠠ ᠴᠠᠭ᠋ᠠᠨ ᠢᠳᠡᠭᠡᠨ ᠪᠣᠯᠪᠠᠰᠤᠷᠠᠭᠤᠯᠬᠤ ᠠᠵᠤ ᠠᠬᠤᠢ᠌ᠯᠠᠯ᠎ᠳᠤ ᠭᠠᠷᠭ᠋ᠠᠭᠰᠠᠨ ᠪᠡᠯᠡ ᠮᠥᠩᠭᠥ ᠵᠢᠨ ᠡᠵᠡᠯᠡᠬᠦ ᠬᠠᠷᠢᠴᠠᠯ᠎ᠨᠢ ᠵᠠᠭᠤᠨ᠎ᠤ ᠲᠠᠪᠢ ᠵᠢ ᠡᠵᠡᠯᠡᠬᠦ ᠬᠡᠷᠡᠭᠲᠡᠢ᠃
ᠭᠤᠷᠪᠠ᠂ ᠨᠥᠬᠥᠪᠦᠷᠢ ᠥᠭᠬᠦ ᠪᠠᠷᠢᠮᠵᠢᠶ᠎ᠠ
1. ᠰᠢᠨ᠎ᠡ᠎ᠪᠠᠷ ᠪᠠᠶ᠋ᠢᠭᠤᠯᠬᠤ ᠪᠣᠯᠪᠠᠰᠤᠷᠠᠭᠤᠯᠬᠤ ᠲᠥᠷᠥᠯ ᠵᠦᠢ᠍ᠯ᠄ 2025 ᠣᠨ᠎ᠤ ᠳᠣᠲᠣᠷ᠎ᠠ ᠢᠳᠡᠭᠡᠨ ᠦᠢ᠍ᠯᠡᠳᠪᠦᠷᠢᠯᠡᠬᠦ ᠵᠥᠪᠰᠢᠶᠡᠷᠡᠯ᠎ᠤᠨ ᠦᠨᠡᠮᠯᠡᠯ ᠣᠯᠣᠭᠰᠠᠨ ᠪᠠᠢ᠌ᠪᠠᠯ᠂ ᠪᠣᠯᠪᠠᠰᠤᠷᠠᠭᠤᠯᠬᠤ ᠵᠠᠩᠭᠢᠯᠠᠭ᠎ᠠ ᠵᠢᠨ 2025 ᠣᠨ᠎ᠤ ᠲᠣᠨᠣᠭ ᠲᠥᠬᠦᠭᠡᠷᠦᠮᠵᠢ ᠵᠢᠨ ᠪᠡᠯᠡ ᠣᠷᠣᠭᠤᠯᠤᠯᠲᠠ ᠵᠢᠨ ᠶᠡᠷᠦᠩᠬᠡᠢ ᠲᠣᠭ᠎ᠠ ᠵᠢᠨ 30%᠎ᠪᠠᠷ ᠨᠥᠬᠥᠪᠦᠷᠢ ᠥᠭᠴᠦ᠂ ᠳᠠᠩ ᠭᠠᠭᠴᠠ ᠭᠣᠣᠯ ᠴᠣᠭᠴᠠ᠎ᠳᠤ ᠬᠠᠮᠤᠭ᠎ᠤᠨ ᠥᠨᠳᠥᠷ᠎ᠲᠡᠭᠡᠨ 100 ᠲᠦᠮᠡᠨ ᠲᠥᠭᠥᠷᠢᠭ᠎ᠤᠨ ᠨᠥᠬᠥᠪᠦᠷᠢ ᠥᠭᠭᠦᠨ᠎ᠡ᠃
2. ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠲᠥᠷᠥᠯ ᠵᠦᠢ᠍ᠯ᠄ 2025 ᠣᠨ᠎ᠠᠴᠠ ᠡᠮᠦᠨ᠎ᠡ ᠨᠢᠭᠡᠨᠲᠡ ᠢᠳᠡᠭᠡᠨ ᠦᠢ᠍ᠯᠡᠳᠪᠦᠷᠢᠯᠡᠬᠦ ᠵᠥᠪᠰᠢᠶᠡᠷᠡᠯ᠎ᠤᠨ ᠦᠨᠡᠮᠯᠡᠯ ᠣᠯᠵᠤ᠂ 2025 ᠣᠨ᠎ᠤ ᠳᠣᠲᠣᠷ᠎ᠠ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠲᠥᠷᠥᠯ ᠵᠦᠢ᠍ᠯ᠎ᠢ ᠬᠡᠷᠡᠭᠵᠢᠭᠦᠯᠬᠦ ᠵᠢᠨ ᠬᠠᠮᠲᠤ ᠠᠰᠢᠭᠯᠠᠯᠲᠠ᠎ᠳᠤ ᠣᠷᠣᠭᠤᠯᠵᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠪᠠᠢ᠌ᠪᠠᠯ᠂ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠵᠠᠩᠭᠢᠯᠠᠭ᠎ᠠ ᠵᠢᠨ 2025 ᠣᠨ᠎ᠤ ᠲᠣᠨᠣᠭ ᠲᠥᠬᠦᠭᠡᠷᠦᠮᠵᠢ ᠵᠢᠨ ᠪᠡᠯᠡ ᠣᠷᠣᠭᠤᠯᠤᠯᠲᠠ ᠵᠢᠨ ᠲᠣᠭ᠎ᠠ ᠵᠢᠨ 30%᠎ᠪᠠᠷ ᠨᠥᠬᠥᠪᠦᠷᠢ ᠥᠭᠴᠦ᠂ ᠲᠠᠩ ᠭᠠᠭᠴᠠ ᠭᠣᠣᠯ ᠴᠣᠭᠴᠠ᠎ᠳᠤ ᠬᠠᠮᠤᠭ ᠥᠨᠳᠥᠷ᠎ᠲᠡᠭᠡᠨ 100 ᠲᠦᠮᠡᠨ ᠲᠥᠭᠥᠷᠢᠭ᠎ᠤᠨ ᠨᠥᠬᠥᠪᠦᠷᠢ ᠥᠭᠭᠦᠨ᠎ᠡ᠃
ᠳᠥᠷᠪᠡ᠂ ᠨᠥᠬᠥᠪᠦᠷᠢ ᠥᠭᠬᠦ ᠠᠷᠭ᠎ᠠ ᠮᠠᠶᠢᠭ
《ᠤᠷᠢᠳᠠᠪᠠᠷ ᠪᠠᠢ᠌ᠭᠤᠯᠵᠤ ᠲᠠᠷᠠᠭ᠎ᠠ᠎ᠨᠢ ᠨᠥᠬᠥᠪᠦᠷᠢᠯᠡᠬᠦ᠂ ᠱᠠᠩᠨᠠᠬᠤ᠎ᠪᠠᠷ ᠨᠥᠬᠥᠪᠦᠷᠢᠯᠡᠬᠦ ᠵᠢ ᠣᠷᠣᠯᠠᠭᠤᠯᠬᠤ》 ᠠᠷᠭ᠎ᠠ ᠮᠠᠲ᠋ᠧᠷᠢᠶᠠᠯ᠎ᠢ ᠠᠪᠴᠤ᠂ ᠲᠡᠵᠢᠭᠡᠨ ᠦᠷᠡᠵᠢᠭᠦᠯᠬᠦ ᠲᠠᠯᠠᠪᠠᠢᠨᠤᠭᠤᠳ ᠤᠷᠢᠳᠠᠪᠠᠷ ᠪᠡᠯᠡ ᠣᠷᠣᠭᠤᠯᠤᠨ ᠪᠦᠲᠦᠭᠡᠨ ᠪᠠᠢ᠌ᠭᠤᠯᠵᠤ᠂ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠲᠠᠷᠠᠭ᠎ᠠ ᠨᠥᠬᠥᠪᠦᠷᠢ ᠣᠯᠭᠣᠨ᠎ᠠ᠃
ᠲᠠᠪᠤ᠂ ᠮᠡᠳᠡᠭᠦᠯᠬᠦ ᠴᠤᠪᠤᠷᠠᠯ
1. ᠲᠥᠷᠥᠯ ᠵᠦᠢ᠍ᠯ ᠮᠡᠳᠡᠭᠦᠯᠬᠦ᠄ ᠲᠥᠷᠥᠯ ᠵᠦᠢ᠍ᠯ᠎ᠤᠨ ᠨᠢᠭᠡᠴᠡ ᠰᠢᠯᠭ᠋ᠠᠨ ᠠᠪᠬᠤ ᠪᠠᠷᠢᠮᠵᠢᠶ᠎ᠠ᠎ᠳᠤ ᠭᠦᠷᠦᠭᠰᠡᠨ᠎ᠤ ᠳᠠᠷᠠᠭ᠎ᠠ᠂ ᠲᠣᠰ ᠲᠣᠰ 8 ᠰᠠᠷ᠎ᠠ ᠵᠢᠨ 15᠎ᠤ ᠡᠳᠦᠷ (ᠨᠢᠭᠡᠳᠦᠭᠡᠷ ᠪᠦᠯᠦᠭ)᠂ 12 ᠰᠠᠷ᠎ᠠ ᠵᠢᠨ 31᠎ᠤ ᠡᠳᠦᠷ (ᠬᠣᠶᠠᠳᠤᠭ᠋ᠠᠷ ᠪᠦᠯᠦᠭ)᠎ᠠᠴᠠ ᠡᠮᠦᠨ᠎ᠡ ᠪᠠᠢ᠌ᠭ᠎ᠠ ᠭᠠᠵᠠᠷ᠎ᠤᠨ ᠬᠣᠰᠢᠭᠤ ᠰᠢᠶᠠᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠲᠤ ᠰᠢᠯᠭ᠋ᠠᠨ ᠠᠪᠬᠤ ᠭᠤᠶᠤᠴᠢᠯᠠᠯ ᠵᠶ᠋ᠠᠨ ᠳᠤᠷᠠᠳᠬᠤ ᠵᠢᠨ ᠬᠠᠮᠲᠤ᠂ ᠵᠣᠬᠢᠬᠤ ᠭᠡᠷᠡᠴᠢᠯᠡᠬᠦ ᠮᠠᠲ᠋ᠧᠷᠢᠶᠠᠯ (ᠲᠠᠮᠠᠭ᠎ᠠ ᠳᠠᠷᠤᠭᠰᠠᠨ) ᠬᠠᠩᠭ᠋ᠠᠨ᠎ᠠ᠃
ᠲᠡᠵᠢᠭᠡᠨ ᠦᠷᠡᠵᠢᠭᠦᠯᠬᠦ ᠲᠠᠯᠠᠪᠠᠢ ᠵᠢᠨ 《ᠨᠡᠢ᠌ᠭᠡᠮ᠎ᠤᠨ ᠢᠲᠡᠭᠡᠮᠵᠢ ᠵᠢᠨ ᠨᠢᠭᠡᠳᠦᠯᠲᠡᠢ ᠣᠷᠣᠯᠠᠬᠤ ᠨᠣᠮᠧᠷ᠎ᠤᠨ ᠦᠨᠡᠮᠯᠡᠯ》 ᠪᠠ 《ᠠᠮᠢᠲᠠᠨ᠎ᠤ ᠬᠢᠵᠢᠭ᠎ᠢ ᠰᠡᠷᠭᠡᠢ᠌ᠯᠡᠬᠦ ᠨᠥᠬᠥᠴᠡᠯ᠎ᠤᠨ ᠬᠢᠷᠢ ᠲᠡᠩᠴᠡᠭᠰᠡᠨ ᠦᠨᠡᠮᠯᠡᠯ》;
ᠴᠠᠭ᠋ᠠᠨ ᠢᠳᠡᠭᠡᠨ᠎ᠢ ᠪᠣᠯᠪᠠᠰᠤᠷᠠᠭᠤᠯᠬᠤ ᠠᠵᠤ ᠠᠬᠤᠢ᠌ᠯᠠᠯ᠎ᠤᠨ 《ᠨᠢᠭᠡᠳᠦᠯᠲᠡᠢ ᠨᠡᠢ᠌ᠭᠡᠮ᠎ᠤᠨ ᠢᠲᠡᠭᠡᠮᠵᠢ ᠵᠢᠨ ᠣᠷᠣᠯᠠᠬᠤ ᠨᠣᠮᠧᠷ᠎ᠤᠨ ᠦᠨᠡᠮᠯᠡᠯ》 ᠪᠠ 《ᠢᠳᠡᠭᠡᠨ ᠦᠢ᠍ᠯᠡᠳᠪᠦᠷᠢᠯᠡᠬᠦ ᠵᠥᠪᠰᠢᠶᠡᠷᠡᠯ᠎ᠤᠨ ᠦᠨᠡᠮᠯᠡᠯ》;
ᠰᠢᠨ᠎ᠡ᠎ᠪᠠᠷ ᠪᠠᠶ᠋ᠢᠭᠤᠯᠬᠤ ᠲᠥᠷᠥᠯ ᠵᠦᠢ᠍ᠯ᠎ᠤᠨ ᠳᠠᠩᠰᠠᠯᠠᠯᠲᠠ ᠵᠢᠨ ᠪᠢᠴᠢᠭ ᠪᠤᠶᠤ ᠥᠭᠡᠷᠡᠴᠢᠯᠡᠨ ᠪᠠᠶ᠋ᠢᠭᠤᠯᠬᠤ ᠥᠷᠭᠡᠳᠬᠡᠨ ᠪᠠᠶ᠋ᠢᠭᠤᠯᠬᠤ ᠲᠥᠷᠥᠯ ᠵᠦᠢ᠍ᠯ᠎ᠤᠨ ᠲᠥᠷᠥᠯ ᠵᠦᠢ᠍ᠯ᠎ᠤᠨ ᠪᠢᠴᠢᠭ;
ᠴᠠᠭ᠋ᠠᠨ ᠢᠳᠡᠭᠡᠨ᠎ᠢ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠣᠷᠣᠭᠤᠯᠤᠯᠲᠠ ᠵᠢᠨ ᠬᠠᠮᠢᠶ᠎ᠠ ᠪᠦᠬᠦᠢ ᠭᠡᠷ᠎ᠡ᠂ ᠪᠠᠷᠢᠮᠲᠠ;
ᠳᠦᠷᠰᠦ ᠰᠢᠩᠭᠡᠭᠡᠯᠲᠡ ᠵᠢᠨ ᠮᠠᠲ᠋ᠧᠷᠢᠶᠠᠯ᠄ ᠲᠣᠨᠣᠭ ᠲᠥᠬᠦᠭᠡᠷᠦᠮᠵᠢ᠂ ᠲᠣᠨᠣᠭ ᠲᠥᠬᠦᠭᠡᠷᠦᠮᠵᠢ ᠵᠢᠨ ᠵᠢᠷᠤᠭ ᠵᠡᠷᠭᠡ;
ᠲᠡᠵᠢᠭᠡᠨ ᠦᠷᠡᠵᠢᠭᠦᠯᠬᠦ ᠲᠠᠯᠠᠪᠠᠢ ᠵᠢᠨ ᠥᠪᠡᠰᠦᠪᠡᠨ ᠬᠢᠵᠦ ᠪᠣᠯᠪᠠᠰᠤᠷᠠᠭᠤᠯᠬᠤ ᠵᠢ ᠭᠡᠷᠡᠴᠢᠯᠡᠬᠦ ᠪᠤᠰᠤᠳ ᠭᠡᠷᠡᠴᠢ ᠮᠠᠲ᠋ᠧᠷᠢᠶᠠᠯ (ᠬᠠᠤᠯᠢ ᠵᠢᠨ ᠬᠥᠮᠥᠨ᠎ᠤ ᠪᠠᠢ᠌ᠳᠠᠯ᠂ ᠪᠡᠯᠡ ᠭᠠᠷᠭ᠋ᠠᠭᠰᠠᠨ ᠪᠠᠢ᠌ᠳᠠᠯ᠂ ᠰᠲ᠋ᠣᠺ᠎ᠤᠨ ᠡᠷᠬᠡ ᠵᠢᠨ ᠪᠠᠢ᠌ᠳᠠᠯ᠂ ᠪᠡᠯᠡ ᠮᠥᠩᠭᠥᠨ᠎ᠤ ᠢᠷᠡᠯᠲᠡ ᠵᠡᠷᠭᠡ ᠵᠢ ᠪᠠᠭᠲᠠᠭ᠋ᠠᠨ᠎ᠠ)᠃
2. ᠰᠢᠯᠭ᠋ᠠᠨ ᠬᠤᠷᠢᠶᠠᠵᠤ ᠬᠢᠨᠠᠨ ᠬᠠᠷᠭᠤᠭᠤᠯᠬᠤ᠄ ᠬᠣᠰᠢᠭᠤ ᠰᠢᠶᠠᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠤᠳ ᠲᠥᠷᠥᠯ ᠵᠦᠢ᠍ᠯ᠎ᠤᠨ ᠨᠢᠭᠡᠴᠡ ᠵᠢᠨ ᠰᠢᠯᠭ᠋ᠠᠨ ᠠᠪᠬᠤ ᠭᠤᠶᠤᠴᠢᠯᠠᠯ᠎ᠢ ᠣᠯᠣᠭᠰᠠᠨ᠎ᠤ ᠳᠠᠷᠠᠭ᠎ᠠ᠂ ᠮᠡᠳᠡᠭᠦᠯᠦᠭᠰᠡᠨ ᠲᠥᠷᠥᠯ ᠵᠦᠢ᠍ᠯ᠎ᠢ ᠰᠢᠯᠭ᠋ᠠᠨ ᠠᠪᠬᠤ ᠵᠢᠨ ᠬᠠᠮᠲᠤ ᠰᠢᠯᠭ᠋ᠠᠨ ᠠᠪᠤᠭᠰᠠᠨ ᠦᠷ᠎ᠡ ᠳ᠋ᠦᠩ ᠵᠶ᠋ᠡᠨ ᠢᠯᠡ ᠨᠡᠢ᠌ᠲᠡᠯᠡᠨ᠎ᠡ᠃ ᠵᠠᠷᠯᠠᠨ ᠨᠡᠢ᠌ᠲᠡᠯᠡᠭᠰᠡᠨ᠎ᠤ ᠳᠠᠷᠠᠭ᠎ᠠ᠂ ᠰᠢᠯᠭ᠋ᠠᠨ ᠠᠪᠤᠭᠰᠠᠨ ᠦᠷ᠎ᠡ ᠳ᠋ᠦᠩ ᠵᠶ᠋ᠡᠨ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠢ᠃ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠤᠳ ᠬᠣᠰᠢᠭᠤ ᠰᠢᠶᠠᠨ᠎ᠤ ᠮᠡᠳᠡᠭᠦᠯᠦᠨ ᠬᠦᠷᠭᠡᠭᠰᠡᠨ ᠰᠢᠯᠭ᠋ᠠᠨ ᠬᠤᠷᠢᠶᠠᠭᠰᠠᠨ ᠦᠷ᠎ᠡ ᠳ᠋ᠦᠩ᠎ᠢ ᠬᠢᠨᠠᠨ ᠰᠢᠯᠭ᠋ᠠᠵᠤ ᠬᠤᠷᠢᠶᠠᠩᠭᠤᠢ᠌ᠯᠠᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠳᠠᠩᠰᠠᠯᠠᠭᠤᠯᠵᠤ ᠳᠠᠭᠤᠰᠤᠭᠰᠠᠨ᠎ᠤ ᠳᠠᠷᠠᠭ᠎ᠠ᠂ ᠪᠡᠯᠡ ᠮᠥᠩᠭᠥ ᠰᠢᠯᠵᠢᠭᠦᠯᠦᠨ ᠥᠭᠬᠦ ᠲᠠᠰ ᠳᠠᠷᠠᠭ᠋ᠠᠯᠠᠯ᠎ᠢ ᠡᠬᠢᠯᠡᠭᠦᠯᠦᠨ᠎ᠡ᠃
3. ᠪᠡᠯᠡ ᠮᠥᠩᠭᠥ ᠵᠢ ᠰᠢᠯᠵᠢᠭᠦᠯᠦᠨ ᠥᠭᠬᠦ᠄ 《ᠲᠡᠭ ᠰᠠᠭᠤᠷᠢ ᠵᠢᠨ ᠲᠥᠰᠥᠪ》᠎ᠤᠨ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ 9 ᠰᠠᠷ᠎ᠠ ᠵᠢᠨ ᠰᠡᠭᠦᠯᠴᠢ᠎ᠠᠴᠠ ᠡᠮᠦᠨ᠎ᠡ ᠰᠢᠯᠭ᠋ᠠᠨ ᠠᠪᠤᠭᠰᠠᠨ ᠲᠥᠷᠥᠯ ᠵᠦᠢ᠍ᠯ᠎ᠢ 2026 ᠣᠨ᠎ᠤ ᠲᠥᠰᠥᠪ᠎ᠤᠨ ᠰᠢᠯᠵᠢᠭᠦᠯᠦᠨ ᠥᠭᠬᠦ᠎ᠳᠤ ᠣᠷᠣᠭᠤᠯᠵᠤ᠂ ᠲᠥᠰᠥᠪ᠎ᠤᠨ ᠪᠡᠯᠡ ᠮᠥᠩᠭᠥ ᠵᠢ ᠪᠠᠭᠤᠯᠭ᠋ᠠᠭᠰᠠᠨ᠎ᠤ ᠳᠠᠷᠠᠭ᠎ᠠ ᠲᠠᠰ ᠳᠠᠷᠠᠭ᠋ᠠᠯᠠᠯ ᠵᠶ᠋ᠠᠷ ᠪᠡᠯᠡ ᠮᠥᠩᠭᠥ ᠵᠢ ᠰᠢᠯᠵᠢᠭᠦᠯᠦᠨ ᠥᠭᠭᠦᠨ᠎ᠡ; 12 ᠰᠠᠷ᠎ᠠ ᠵᠢᠨ ᠰᠡᠭᠦᠯᠴᠢ᠎ᠠᠴᠠ ᠡᠮᠦᠨ᠎ᠡ ᠰᠢᠯᠭ᠋ᠠᠨ ᠬᠤᠷᠢᠶᠠᠬᠤ ᠲᠥᠷᠥᠯ ᠵᠦᠢ᠍ᠯ᠎ᠢ 2027 ᠣᠨ᠎ᠤ ᠲᠥᠰᠥᠪ᠎ᠤᠨ ᠰᠢᠯᠵᠢᠭᠦᠯᠦᠨ ᠥᠭᠬᠦ᠎ᠳᠤ ᠣᠷᠣᠭᠤᠯᠵᠤ᠂ ᠲᠥᠰᠥᠪ᠎ᠤᠨ ᠪᠡᠯᠡ ᠮᠥᠩᠭᠥ ᠵᠢ ᠪᠠᠭᠤᠯᠭ᠋ᠠᠭᠰᠠᠨ᠎ᠤ ᠳᠠᠷᠠᠭ᠎ᠠ ᠲᠠᠰ ᠳᠠᠷᠠᠭ᠋ᠠᠯᠠᠯ ᠵᠶ᠋ᠠᠷ ᠰᠢᠯᠵᠢᠭᠦᠯᠦᠨ ᠥᠭᠭᠦᠨ᠎ᠡ᠃