ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠪᠥᠬᠥ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠬᠡᠷᠬᠢᠨ ᠪᠠᠶ᠋ᠢᠭᠤᠯᠬᠤ ᠪᠣᠶ (ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ)
ᠨᠡᠶ᠋ᠢᠲᠡᠯᠡᠭᠰᠡᠨ ᠴᠠᠭ᠄ 2025-06-03

      ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠪᠠᠶ᠋ᠢᠭᠤᠯᠬᠤ ᠪᠣᠯ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠶ᠋ᠢᠭᠤᠯᠬᠤ ᠵᠢᠨ ᠰᠠᠭᠤᠷᠢ ᠲᠤᠯᠭ᠋ᠠᠭᠤᠷᠢᠯᠠᠯ ᠪᠠ ᠳᠣᠲᠣᠭ᠋ᠠᠳᠤ ᠱᠠᠭ᠋ᠠᠷᠳᠠᠯᠭ᠎ᠠ ᠪᠣᠯᠣᠨ᠎ᠠ᠃  ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯᠳᠤᠭ᠋ᠠᠨ ᠵᠶ᠋ᠠᠷ 《ᠠᠵᠤ ᠠᠬᠤᠢ᠌ᠯᠠᠯ᠎ᠳᠤ ᠬᠣᠯᠪᠣᠭᠳᠠᠬᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠋ᠠᠨ᠎ᠢ ᠥᠷᠨᠢᠭᠦᠯᠬᠦ ᠬᠡᠷᠡᠭᠲᠡᠢ᠃  ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ ᠵᠢᠨ ᠵᠢᠯᠣᠭᠣᠳᠤᠮᠵᠢ ᠵᠢ ᠲᠣᠭᠲᠠᠭ᠋ᠠᠨ᠎ᠠ》  ᠭᠡᠵᠦ ᠳᠤᠷᠠᠳᠪᠠ᠃  ᠡᠨᠡ ᠵᠢᠯ᠎ᠤᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ 《ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠦᠨ ᠠᠬᠢᠭᠤᠯᠤᠨ᠎ᠠ》  ᠭᠡᠵᠦ ᠳᠤᠷᠠᠳᠪᠠ᠃  ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠤᠯᠠᠮ ᠨᠢᠭᠡ ᠠᠯᠬᠤᠮ ᠲᠤᠪᠤᠢ᠍ᠢ᠍ᠯᠭ᠋ᠠᠵᠤ᠂  ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ᠎ᠳᠤ ᠠᠰᠢᠭᠲᠠᠢ ᠡᠯ᠎ᠡ ᠵᠦᠢ᠍ᠯ᠎ᠤᠨ ᠳᠦᠷᠢᠮ ᠲᠣᠭᠲᠠᠭ᠋ᠠᠯ᠎ᠢ ᠬᠡᠷᠬᠢᠨ ᠲᠣᠭᠲᠠᠭ᠋ᠠᠵᠤ᠂  ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ᠎ᠳᠤ ᠠᠰᠢᠭ ᠦᠭᠡᠢ ᠡᠯ᠎ᠡ ᠵᠦᠢ᠍ᠯ᠎ᠤᠨ ᠬᠠᠷᠰᠢ ᠰᠠᠭ᠋ᠠᠳ᠎ᠢ ᠬᠡᠷᠬᠢᠨ ᠠᠷᠢᠯᠭ᠋ᠠᠬᠤ ᠪᠤᠢ?

      ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶᠠᠨ᠎ᠤ ᠥᠷᠢᠰᠦᠯᠳᠦᠭᠡᠨ᠎ᠤ ᠲᠥᠷᠥ ᠵᠢᠨ ᠪᠣᠳᠣᠯᠭ᠎ᠠ ᠵᠢ ᠵᠣᠬᠢᠴᠠᠭᠤᠯᠬᠤ ᠵᠤᠷᠭ᠋ᠠᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ ᠢᠯᠡᠷᠬᠡᠢ᠌ᠯᠡᠬᠦ᠎ᠳᠤ᠎ᠪᠠᠨ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠡᠷᠬᠡ ᠲᠡᠭᠰᠢ᠎ᠪᠠᠷ ᠥᠷᠢᠰᠦᠯᠳᠦᠬᠦ ᠳᠦᠷᠢᠮ ᠲᠣᠭᠲᠠᠭ᠋ᠠᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂  ᠵᠠᠬ᠎ᠠ ᠳᠡᠯᠭᠡᠭᠦᠷ᠎ᠤᠨ ᠥᠷᠢᠰᠦᠯᠳᠦᠭᠡᠨ᠎ᠳᠤ ᠵᠦᠢ ᠵᠣᠬᠢᠰ ᠦᠭᠡᠢ᠎ᠪᠠᠷ ᠭᠠᠷ ᠲᠦᠷᠦᠭᠦ ᠡᠯ᠎ᠡ ᠵᠦᠢ᠍ᠯ᠎ᠤᠨ ᠦᠢᠯᠡ ᠠᠵᠢᠯᠯᠠᠭ᠎ᠠ ᠵᠢ ᠡᠷᠡᠰ ᠵᠠᠯᠠᠷᠠᠭᠤᠯᠵᠤ᠂  ᠤᠯᠤᠰ ᠠᠷᠠᠳ᠎ᠤᠨ ᠠᠵᠤ ᠠᠬᠤᠢ ᠵᠢᠨ ᠣᠷᠴᠢᠯ᠎ᠤᠨ ᠰᠠᠭ᠋ᠠᠳ ᠦᠭᠡᠢ ᠨᠡᠪᠲᠡᠷᠡᠬᠦ ᠵᠢ ᠠᠬᠢᠭᠤᠯᠤᠨ᠎ᠠ᠃ 《ᠭᠣᠣᠯᠴᠢ ᠥᠷᠢᠰᠦᠯᠳᠦᠭᠡᠨ᠎ᠢ ᠬᠢᠨᠠᠨ ᠪᠠᠢ᠌ᠴᠠᠭ᠋ᠠᠬᠤ ᠳᠦᠷᠢᠮ᠎ᠤᠨ ᠬᠡᠷᠡᠭᠵᠢᠭᠦᠯᠬᠦ ᠠᠷᠭ᠎ᠠ》 ᠵᠢ ᠬᠡᠷᠡᠭᠵᠢᠭᠦᠯᠬᠦ᠎ᠪᠠᠨ ᠲᠦᠷᠭᠡᠪᠴᠢᠯᠡᠨ ᠠᠬᠢᠭᠤᠯᠵᠤ᠂  ᠭᠣᠣᠯᠴᠢ ᠥᠷᠢᠰᠦᠯᠳᠦᠭᠡᠨ᠎ᠤ ᠬᠢᠨᠠᠨ ᠪᠠᠢ᠌ᠴᠠᠭ᠋ᠠᠯᠲᠠ ᠵᠢᠨ ᠶᠡᠷᠦᠩᠬᠡᠢ ᠱᠠᠭ᠋ᠠᠷᠳᠠᠯᠭ᠎ᠠ᠂  ᠬᠢᠨᠠᠨ ᠪᠠᠢ᠌ᠴᠠᠭ᠋ᠠᠬᠤ ᠪᠠᠷᠢᠮᠵᠢᠶ᠎ᠠ᠂  ᠬᠢᠨᠠᠨ ᠪᠠᠢ᠌ᠴᠠᠭ᠋ᠠᠬᠤ ᠲᠣᠭᠲᠠᠴᠠ ᠪᠠ ᠬᠢᠨᠠᠯᠲᠠ ᠲᠠᠯᠪᠢᠵᠤ ᠪᠠᠲᠤᠯᠠᠬᠤ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠨᠠᠷᠢᠯᠢᠭᠵᠢᠭᠤᠯᠤᠨ᠎ᠠ ᠭᠡᠵᠡᠢ᠃

      ᠵᠠᠰᠠᠭ ᠵᠠᠬᠢᠷᠭ᠋ᠠᠨ᠎ᠤ ᠡᠷᠬᠡ ᠵᠢ ᠳᠤᠷ᠎ᠠ᠎ᠪᠠᠷ ᠬᠡᠷᠡᠭᠯᠡᠨ ᠥᠷᠢᠰᠦᠯᠳᠦᠭᠡᠨ᠎ᠢ ᠭᠠᠳᠠᠭᠤᠷᠴᠢᠯᠠᠬᠤ᠂  ᠬᠢᠵᠠᠭ᠋ᠠᠷᠯᠠᠬᠤ ᠪᠠᠢ᠌ᠳᠠᠯ᠎ᠳᠤ ᠴᠢᠭᠯᠡᠭᠦᠯᠦᠨ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠡᠵᠡᠩᠨᠡᠯᠲᠡ ᠵᠢᠨ ᠭᠣᠣᠯ ᠴᠣᠭᠴᠠ ᠵᠢᠨ ᠲᠤᠰᠬᠠᠯ ᠶᠡᠬᠡᠲᠡᠢ ᠬᠦᠷᠢᠶᠡᠨ᠎ᠳᠤ ᠠᠩᠬᠠᠷᠤᠯ ᠲᠥᠪᠯᠡᠷᠡᠭᠦᠯᠵᠦ᠂  ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠦᠯᠲᠡ ᠵᠢ ᠦᠷᠭᠦᠯᠵᠢᠯᠡᠨ ᠴᠢᠩᠭ᠋ᠠᠳᠬᠠᠵᠤ᠂  ᠠᠵᠤ ᠠᠬᠤᠢ᠌ᠯᠠᠯ᠎ᠤᠨ ᠨᠡᠭᠦᠬᠦ ᠵᠢ ᠬᠢᠵᠠᠭ᠋ᠠᠷᠯᠠᠬᠤ᠂  ᠲᠠᠸᠠᠷ᠎ᠤᠨ ᠬᠦᠴᠦᠨ ᠵᠦᠢ᠍ᠯ᠎ᠤᠨ ᠴᠢᠯᠦᠭᠡᠲᠡᠢ ᠭᠦᠢ᠍ᠯᠭᠡᠭᠡᠨ᠎ᠢ ᠬᠠᠷᠰᠢᠯᠠᠬᠤ᠂  ᠥᠪᠡᠷ᠎ᠤᠨ 《ᠪᠠᠭ᠎ᠠ ᠣᠷᠴᠢᠯ》 ᠎ᠲᠠᠢ ᠪᠠᠢ᠌ᠯᠭ᠋ᠠᠬᠤ ᠵᠡᠷᠭᠡ ᠠᠵᠢᠯᠯᠠᠭ᠎ᠠ ᠵᠢ ᠡᠷᠡᠰ ᠵᠠᠯᠠᠷᠠᠭᠤᠯᠵᠤ᠂  ᠤᠯᠤᠰ ᠠᠷᠠᠳ᠎ᠤᠨ ᠠᠵᠤ ᠠᠬᠤᠢ ᠵᠢᠨ ᠣᠷᠴᠢᠯ᠎ᠤᠨ ᠥᠨᠳᠥᠷ ᠪᠦᠲᠦᠮᠵᠢᠲᠡᠶ ᠰᠠᠭ᠋ᠠᠳ ᠦᠭᠡᠢ ᠨᠡᠪᠲᠡᠷᠡᠬᠦ ᠵᠢ ᠠᠬᠢᠭᠤᠯᠤᠨ᠎ᠠ᠃

      ᠬᠡᠰᠡᠭ ᠭᠠᠵᠠᠷ ᠣᠷᠣᠨ᠎ᠳᠤ ᠢᠯᠡᠷᠡᠵᠦ ᠪᠠᠢ᠌ᠭ᠎ᠠ 《ᠨᠢᠭᠡ ᠲᠥᠷᠥᠯ᠎ᠤᠨ ᠬᠡᠷᠡᠭ᠎ᠢ ᠠᠳᠠᠯᠢ ᠪᠤᠰᠤ᠎ᠪᠠᠷ ᠲᠣᠷᠭ᠋ᠠᠭᠰᠠᠨ》  ᠪᠠᠢ᠌ᠳᠠᠯ᠎ᠳᠤ  ᠴᠢᠭᠯᠡᠭᠦᠯᠦᠨ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠬᠠᠤᠯᠢ ᠬᠡᠷᠡᠭᠵᠢᠭᠦᠯᠬᠦ ᠬᠢᠨᠠᠨ ᠪᠠᠢ᠌ᠴᠠᠭ᠋ᠠᠬᠤ ᠲᠣᠪᠴᠢᠶᠠᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ ᠲᠠᠨᠢᠯᠴᠠᠭᠤᠯᠬᠤ᠎ᠳᠤ᠎ᠪᠠᠨ᠂ 《ᠠᠷᠠᠳ᠎ᠤᠨ ᠲᠥᠯᠥᠭᠡ ᠬᠢᠨᠠᠨ ᠬᠠᠮᠢᠶᠠᠷᠬᠤ ᠣᠨᠣᠯᠵᠢᠬᠤᠨ᠎ᠢ ᠪᠠᠲᠤ ᠪᠣᠢ ᠪᠣᠯᠭ᠋ᠠᠨ  ᠦᠢ᠍ᠯᠡᠴᠢᠯᠡᠬᠦ ᠬᠡᠯᠪᠡᠷᠢ ᠵᠢᠨ ᠬᠠᠤᠯᠢ ᠬᠡᠷᠡᠭᠵᠢᠭᠦᠯᠦᠯᠲᠡ ᠵᠢ ᠬᠡᠷᠡᠭᠵᠢᠭᠦᠯᠬᠦ ᠲᠤᠬᠠᠢ ᠵᠢᠯᠤᠭᠣᠳᠬᠤ ᠰᠠᠨᠠᠯ》  ᠪᠠ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠠᠵᠢᠯᠯᠠᠭ᠋ᠠᠨ᠎ᠤ ᠵᠢᠷᠤᠮᠵᠢᠯ》᠎ᠢ ᠳᠠᠷᠤᠮᠠᠯᠯᠠᠨ ᠶᠠᠪᠤᠭᠤᠯᠤᠭᠰᠠᠨ᠎ᠤ ᠳᠠᠷᠠᠭ᠎ᠠ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ 《ᠰᠡᠷᠭᠡᠢ᠌ᠯᠡᠬᠦ᠎ᠪᠠᠷ ᠭᠣᠣᠯᠯᠠᠵᠤ᠂  ᠬᠥᠩᠭᠡᠨ ᠲᠣᠷᠭ᠋ᠠᠭᠤᠯᠢ᠎ᠠᠴᠠ ᠬᠡᠯᠲᠦᠷᠢᠭᠦᠯᠬᠦ᠂  ᠬᠦᠨᠳᠦ᠎ᠪᠠᠷ ᠵᠥᠷᠢᠴᠡᠭᠰᠡᠨ ᠪᠠᠢ᠌ᠪᠠᠯ ᠴᠢᠩᠭ᠎ᠠ ᠰᠢᠢ᠍ᠳᠬᠡᠬᠦ᠂  ᠠᠯᠳᠠᠰᠢ ᠪᠠ ᠲᠣᠷᠭ᠋ᠠᠭᠤᠯᠢ ᠵᠢ ᠲᠡᠩᠨᠡᠭᠦᠯᠬᠦ᠂  ᠬᠡᠷᠡᠭ᠎ᠤᠨ ᠳᠠᠷᠠᠭ᠎ᠠ ᠰᠤᠷᠪᠤᠯᠵᠢᠯᠠᠬᠤ》  ᠦᠢ᠍ᠯᠡᠴᠢᠯᠡᠬᠦ ᠬᠡᠯᠪᠡᠷᠢ ᠵᠢᠨ ᠬᠠᠤᠯᠢ ᠬᠡᠷᠡᠭᠵᠢᠭᠦᠯᠬᠦ ᠬᠡᠪ ᠵᠠᠭᠪᠤᠷ᠎ᠢ ᠬᠦᠴᠦᠯᠡᠨ ᠪᠠᠢ᠌ᠭᠤᠯᠵᠤ᠂  ᠡᠵᠡᠩᠨᠡᠯᠲᠡ ᠵᠢᠨ ᠭᠣᠣᠯ ᠴᠣᠭᠴᠠ ᠪᠠ ᠠᠷᠠᠳ ᠤᠯᠠᠨ᠎ᠳᠤ ᠬᠠᠤᠯᠢ ᠬᠡᠷᠡᠭᠵᠢᠭᠦᠯᠬᠦ ᠠᠵᠢᠯᠯᠠᠭ᠎ᠠ ᠪᠣᠯᠭ᠋ᠠᠨ᠎ᠠᠴᠠ ᠰᠤᠷᠲᠠᠯ ᠴᠢᠬᠡᠴᠢ ᠣᠪᠣᠷ ᠲᠥᠪ ᠪᠠᠢ᠌ᠬᠤ ᠵᠢ ᠦᠵᠡᠭᠦᠯᠵᠦ᠂  ᠬᠠᠤᠯᠢ ᠬᠡᠷᠡᠭᠵᠢᠭᠦᠯᠬᠦ ᠲᠣᠭᠲᠠᠭ᠋ᠠᠯ ᠪᠣᠯᠭ᠋ᠠᠨ᠎ᠠᠴᠠ ᠲᠥᠪ ᠭᠣᠣᠯᠴᠢ ᠰᠢᠳᠤᠷᠭᠤ ᠶᠣᠰᠣ ᠵᠢ ᠮᠡᠳᠡᠷᠡᠭᠦᠯᠬᠦ᠎ᠪᠠᠷ ᠴᠢᠷᠮᠠᠢ᠌ᠵᠤ ᠪᠠᠢ᠌ᠨ᠎ᠠ ᠭᠡᠵᠡᠢ᠃

      ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠪᠠᠶ᠋ᠢᠭᠤᠯᠬᠤ᠎ᠳᠤ ᠬᠤᠳᠠ ᠬᠥᠳᠡᠭᠡ ᠵᠢᠨ ᠰᠠᠭ᠋ᠠᠳ ᠦᠭᠡᠢ ᠭᠦᠢ᠍ᠯᠭᠡᠭᠡᠨ᠎ᠤ ᠲᠣᠭᠲᠠᠯᠴᠠᠭ᠎ᠠ᠎ᠠᠴᠠ ᠰᠠᠯᠵᠤ ᠴᠢᠳᠠᠬᠤ ᠦᠭᠡᠢ ᠶᠤᠮ᠃ 《ᠬᠣᠲᠠ ᠬᠥᠳᠡᠭᠡ ᠵᠢ ᠨᠠᠪᠲᠠᠷᠡᠭᠦᠯᠵᠦ᠂  ᠭᠦᠢ᠍ᠯᠭᠡᠭᠡ ᠵᠢ ᠬᠥᠭᠵᠢᠶᠡᠨᠲᠡᠢ ᠪᠣᠯᠭ᠋ᠠᠬᠤ ᠪᠣᠯ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ ᠭᠣᠣᠯ ᠠᠵᠢᠯ ᠮᠥᠨ᠂  ᠪᠥᠬᠥ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ᠎ᠳᠤ ᠲᠦᠷᠭᠡᠨ ᠠᠭᠤᠰᠤᠯᠴᠠᠬᠤ ᠪᠠ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ ᠪᠣᠯ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ ᠴᠢᠨᠠᠷ ᠰᠠᠢ᠌ᠲᠠᠢ ᠬᠥᠭᠵᠢᠯᠲᠡ ᠵᠢᠨ ᠰᠡᠳᠦᠪ᠎ᠲᠠᠬᠢ ᠪᠠᠢ᠌ᠪᠠᠰᠤ ᠵᠣᠬᠢᠬᠤ ᠠᠭᠤᠯᠭ᠎ᠠ ᠮᠥᠨ᠃》  ᠭᠡᠵᠦ ᠳᠤᠮᠳᠠᠳᠤ ᠵᠢᠨ ᠪᠦᠬᠦ ᠤᠯᠤᠰ᠎ᠤᠨ ᠬᠠᠩᠭ᠋ᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ ᠵᠢᠨ ᠠᠵᠤ ᠠᠬᠤᠢ ᠵᠢᠨ ᠬᠥᠭᠵᠢᠯᠲᠡ ᠪᠠ ᠥᠭᠡᠷᠡᠴᠢᠯᠡᠯᠲᠡ ᠵᠢᠨ ᠬᠡᠯᠲᠡᠰ᠎ᠤᠨ ᠳᠠᠷᠤᠭ᠎ᠠ ᠮᠠ ᠵᠢᠢ ᠬᠣᠩ ᠬᠡᠯᠡᠪᠡ᠃

      ᠲᠠᠷᠠᠭ᠋ᠠᠴᠢ ᠵᠢᠨ ᠠᠯᠬᠤᠮ᠎ᠳᠤ᠂  ᠪᠥᠬᠥ ᠰᠢᠰᠲ᠋ᠧᠮ ᠵᠶ᠋ᠡᠷ ᠵᠶ᠋ᠡᠨ 《ᠵᠢᠷᠭᠤᠭ᠋ᠠᠨ ᠬᠥᠨᠳᠡᠯᠡᠨ ᠲᠤᠯᠤᠭ᠋ᠠᠨ ᠭᠤᠯᠳᠤ ᠬᠣᠶᠠᠷ ᠬᠥᠪᠡᠭᠡ》 ᠵᠢᠨ ᠪᠥᠬᠥ ᠤᠯᠤᠰ᠎ᠤᠨ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠭᠦᠢ᠍ᠯᠭᠡᠭᠡᠨ᠎ᠤ ᠬᠣᠩᠭᠢᠯ᠎ᠳᠤ ᠲᠦᠰᠢᠭᠯᠡᠨ᠂  ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠭᠦᠢ᠍ᠯᠭᠡᠭᠡᠨ᠎ᠤ ᠲᠣᠣᠷ ᠰᠦᠯᠵᠢᠶᠡᠨ᠎ᠤ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠰᠠᠢ᠌ᠲᠤᠷ ᠬᠢᠨ᠎ᠡ;  ᠲᠠᠷᠢᠶᠠᠯᠠᠩ᠎ᠤᠨ ᠪᠦᠲᠦᠭᠡᠭᠳᠡᠬᠦᠨ᠎ᠤ ᠤᠳᠤ ᠦᠶ᠎ᠡ ᠵᠢᠨ ᠭᠦᠢ᠍ᠯᠭᠡᠭᠡᠨ᠎ᠤ ᠲᠣᠣᠷ ᠰᠦᠯᠵᠢᠶᠡᠨ᠎ᠤ ᠪᠠᠢ᠌ᠭᠤᠯᠤᠯᠲᠠ ᠵᠢ ᠲᠦᠷᠭᠡᠪᠴᠢᠯᠡᠨ ᠠᠬᠢᠭᠤᠯᠵᠤ᠂  ᠰᠢᠶᠠᠨ ᠰᠢᠶᠠᠩ ᠲᠣᠰᠬᠣᠨ ᠭᠤᠷᠪᠠᠨ ᠱᠠᠲᠤᠨ᠎ᠤ ᠪᠠᠷᠠᠭ᠋ᠠᠨ᠎ᠤ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠵᠢ ᠪᠦᠷᠢᠨᠰᠢᠭᠦᠯᠵᠦ᠂  ᠲᠠᠷᠢᠶᠠᠯᠠᠩ᠎ᠤᠨ ᠪᠦᠲᠦᠭᠡᠭᠳᠡᠬᠦᠨ ᠪᠣᠳᠠᠰ᠎ᠤᠨ ᠭᠦᠢ᠍ᠯᠭᠡᠭᠡᠨ᠎ᠤ ᠰᠠᠭ᠋ᠠᠳ ᠦᠭᠡᠢ ᠨᠡᠪᠲᠡᠷᠡᠬᠦ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ;  ᠲᠠᠷᠢᠶᠠᠯᠠᠩ ᠲᠤᠰᠠᠯᠠᠬᠤ ᠠᠵᠤ ᠠᠬᠤᠢ ᠵᠢᠨ ᠪᠦᠲᠦᠭᠡᠭᠳᠡᠬᠦᠨ᠎ᠢ ᠳᠠᠢ᠍ᠢ᠍ᠴᠢᠯᠠᠨ ᠠᠭᠤᠯᠠᠨ ᠭᠠᠵᠠᠷ᠎ᠠᠴᠠ ᠭᠠᠷᠭ᠋ᠠᠵᠤ᠂  ᠵᠠᠬ᠎ᠠ ᠳᠡᠯᠭᠡᠭᠦᠷ᠎ᠲᠤ ᠭᠠᠷᠭ᠋ᠠᠨ᠎ᠠ᠃ 

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
 
            