ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠠᠯᠪᠠᠨ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠮᠠᠯ᠎ᠳᠤ ᠬᠡᠷᠡᠭᠯᠡᠬᠦ ᠪᠠᠺᠲ᠋ᠧᠷᠢ ᠡᠰᠡᠷᠭᠦᠴᠡᠬᠦ ᠡᠮ᠎ᠤᠨ ᠬᠡᠷᠡᠭᠯᠡᠯᠲᠡ ᠵᠢᠨ ᠬᠡᠮᠵᠢᠶ᠎ᠡ ᠵᠢ ᠪᠠᠭ᠋ᠠᠰᠬᠠᠨ ᠪᠠᠷᠢᠮᠵᠢᠶ᠎ᠠ᠎ᠳᠤ ᠬᠦᠷᠦᠭᠰᠡᠨ ᠲᠡᠵᠢᠭᠡᠨ ᠦᠷᠡᠵᠢᠭᠦᠯᠬᠦ ᠲᠠᠯᠠᠪᠠᠶ᠎ᠤᠨ ᠲᠤᠬᠠᠢ ᠠᠯᠪᠠᠨ ᠵᠠᠷ
ᠨᠡᠶ᠋ᠢᠲᠡᠯᠡᠭᠰᠡᠨ ᠴᠠᠭ᠄ 2025-05-21

      《ᠲᠡᠵᠢᠭᠡᠨ ᠦᠷᠡᠵᠢᠭᠦᠯᠬᠦ ᠲᠠᠯᠠᠪᠠᠶ ᠵᠢᠨ ᠮᠠᠯ᠎ᠳᠤ ᠬᠡᠷᠡᠭᠯᠡᠬᠦ ᠪᠠᠺᠲ᠋ᠧᠷᠢ ᠡᠰᠡᠷᠭᠦᠴᠡᠬᠦ ᠡᠮ᠎ᠤᠨ  ᠬᠡᠷᠡᠭᠯᠡᠯᠲᠡ ᠵᠢᠨ ᠬᠡᠮᠵᠢᠶ᠎ᠡ ᠵᠢ ᠪᠠᠭ᠋ᠠᠰᠬᠠᠭᠰᠠᠨ ᠦᠷ᠎ᠡ ᠪᠦᠲᠦᠮᠵᠢ ᠵᠢ ᠦᠨᠡᠯᠡᠬᠦ ᠠᠷᠭ᠎ᠠ ᠪᠠ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠡᠷᠭᠡ ᠬᠠᠮᠢᠶ᠎ᠠ ᠪᠦᠬᠦᠢ ᠲᠣᠭᠲᠠᠭ᠋ᠠᠯ᠎ᠢ  ᠦᠨᠳᠦᠰᠦᠯᠡᠨ᠂ ᠲᠡᠵᠢᠭᠡᠨ ᠦᠷᠡᠵᠢᠭᠦᠯᠬᠦ ᠲᠠᠯᠠᠪᠠᠶ ᠵᠢᠨ ᠥᠪᠡᠷ᠎ᠢ᠎ᠪᠠᠨ ᠦᠨᠡᠯᠡᠬᠦ᠂ ᠰᠢᠶᠠᠨ᠎ᠤ ᠱᠠᠲᠤᠨ᠎ᠤ ᠠᠩᠬᠠᠨ᠎ᠤ ᠰᠢᠯᠭ᠋ᠠᠷᠠᠭᠤᠯᠤᠯᠲᠠ᠎ᠪᠠᠷ ᠲᠠᠨᠢᠯᠴᠠᠭᠤᠯᠤᠭᠰᠠᠨ ᠰᠠᠭᠤᠷᠢᠨ ᠳᠡᠭᠡᠷ᠎ᠡ᠂ ᠮᠠᠨ᠎ᠤ ᠲᠢᠩᠬᠢᠮ᠎ᠠᠴᠠ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠢ ᠲᠣᠮᠢᠯᠠᠨ ᠣᠷᠳᠣᠰ ᠬᠣᠲᠠ ᠵᠢᠨ ᠮᠧᠩ ᠴᠦᠨ ᠲᠠᠷᠢᠶᠠᠯᠠᠩ ᠮᠠᠯ ᠠᠵᠤ ᠠᠬᠤᠢ ᠵᠢᠨ ᠨᠡᠭᠡᠭᠡᠨ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ ᠵᠡᠷᠭᠡ 7 ᠺᠣᠮᠫᠠᠨᠢ᠎ᠳᠤ ᠮᠠᠯ᠎ᠳᠤ ᠬᠡᠷᠡᠭᠯᠡᠬᠦ ᠪᠠᠺᠲ᠋ᠧᠷᠢ ᠡᠰᠡᠷᠭᠦᠴᠡᠬᠦ ᠡᠮ᠎ᠤᠨ ᠬᠡᠷᠡᠭᠯᠡᠯᠲᠡ ᠵᠢᠨ ᠬᠡᠮᠵᠢᠶ᠎ᠡ ᠵᠢ ᠪᠠᠭ᠋ᠠᠰᠬᠠᠭᠰᠠᠨ ᠦᠷ᠎ᠡ ᠪᠦᠲᠦᠮᠵᠢ ᠵᠢᠨ ᠦᠨᠡᠯᠡᠯᠲᠡ ᠬᠢᠵᠦ᠂ ᠲᠤᠬᠠᠢ ᠵᠢᠨ ᠲᠠᠯᠠᠪᠤᠷ᠎ᠲᠤᠨᠢ ᠪᠠᠢ᠌ᠴᠠᠭ᠋ᠠᠵᠤ ᠰᠢᠯᠭ᠋ᠠᠨ ᠠᠪᠬᠤ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠺᠲ᠋ᠧᠷᠢ ᠡᠰᠡᠷᠭᠦᠴᠡᠬᠦ ᠡᠮ᠎ᠤᠨ  ᠬᠡᠷᠡᠭᠯᠡᠯᠲᠡ ᠵᠢᠨ ᠬᠡᠮᠵᠢᠶ᠎ᠡ ᠵᠢ  ᠪᠠᠭ᠋ᠠᠰᠬᠠᠭᠰᠠᠨ  ᠪᠠᠷᠢᠮᠵᠢᠶ᠎ᠠ᠎ᠳᠤ ᠬᠦᠷᠬᠦ ᠲᠡᠵᠢᠭᠡᠨ ᠦᠷᠡᠵᠢᠭᠦᠯᠬᠦ ᠲᠠᠯᠠᠪᠠᠶ᠎ᠪᠠᠷ ᠲᠠᠨᠢᠯᠴᠠᠭᠤᠯᠬᠤ᠎ᠪᠠᠷ ᠪᠣᠶ᠂ ᠡᠳᠦᠭᠡ ᠵᠠᠷᠯᠠᠨ  ᠨᠡᠢ᠌ᠲᠡᠯᠡᠵᠤ ᠪᠠᠢ᠌ᠨ᠎ᠠ᠃

      ᠵᠠᠷᠯᠠᠨ ᠨᠡᠢ᠌ᠲᠡᠯᠡᠬᠦ  ᠬᠤᠭᠤᠴᠠᠭ᠎ᠠ ᠎ᠨᠢ 2025 ᠣᠨ᠎ᠤ 5 ᠰᠠᠷ᠎ᠠ ᠵᠢᠨ 21—27᠎ᠤ ᠡᠳᠦᠷ  ᠪᠣᠯᠲᠠᠯ᠎ᠠ᠃ ᠬᠡᠷᠪᠡ  ᠣᠨᠳᠣᠣ  ᠰᠠᠨᠠᠯ᠎ᠲᠠᠢ ᠪᠣᠯ᠂ ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠤᠨ ᠮᠠᠯ ᠡᠮᠨᠡᠯᠭᠡ ᠵᠢᠨ ᠲᠣᠪᠴᠢᠶ᠎ᠠ᠎ᠳᠤ ᠬᠠᠷᠢᠭᠤ  ᠳᠤᠰᠬᠠᠭ᠋ᠠᠷᠠᠢ᠃

      ᠬᠠᠷᠢᠯᠴᠠᠬᠤ ᠬᠥᠮᠥᠨ᠄ ᠯᠢᠦ ᠮᠢᠨ 0471-6652269

      ᠬᠠᠶᠢᠭ᠄ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠤᠯᠠᠭ᠋ᠠᠨᠴᠠᠪ ᠵᠡᠭᠦᠨ  ᠵᠡᠭᠡᠯᠢ ᠵᠢᠨ 70 ᠳ᠋ᠤᠭ᠋ᠠᠷ ᠨᠣᠮᠧᠷ

 

      ᠳᠠᠭ᠋ᠠᠯᠳᠤᠭᠤᠯᠤᠯ᠄ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠺᠲ᠋ᠧᠷᠢ ᠡᠰᠡᠷᠭᠦᠴᠡᠬᠦ ᠡᠮ᠎ᠤᠨ  ᠬᠡᠷᠡᠭᠯᠡᠯᠲᠡ ᠵᠢᠨ  ᠬᠡᠮᠵᠢᠶ᠎ᠡ ᠵᠢ  ᠪᠠᠭ᠋ᠠᠰᠬᠠᠭᠰᠠᠨ  ᠪᠠᠷᠢᠮᠵᠢᠶ᠎ᠠ᠎ᠳᠤ ᠬᠦᠷᠦᠭᠰᠡᠨ ᠲᠡᠵᠢᠭᠡᠨ ᠦᠷᠡᠵᠢᠭᠦᠯᠬᠦ ᠲᠠᠯᠠᠪᠠᠶ᠎ᠪᠠᠷ  ᠲᠠᠨᠢᠯᠴᠠᠭᠤᠯᠬᠤ᠎ᠪᠠᠷ  ᠪᠠᠢ᠌ᠭ᠎ᠠ ᠨᠡᠷᠡᠰ

 

                       ᠦᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ

                       ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ

                                2025 ᠣᠨ᠎ᠤ 5 ᠰᠠᠷ᠎ᠠ ᠵᠢᠨ 21᠎ᠤ  ᠡᠳᠦᠷ

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            