ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠠᠯᠪᠠᠨ ᠨᠡᠶ᠋ᠢᠲᠡᠯᠡᠯ
ᠮᠠᠯ᠎ᠤᠨ ᠡᠮ᠎ᠤᠨ GMP ᠬᠢᠷᠢ ᠲᠡᠩᠴᠡᠭᠰᠡᠨ ᠦᠢ᠍ᠯᠡᠳᠪᠦᠷᠢᠯᠡᠯ᠎ᠤᠨ ᠱᠤᠭᠤᠮ᠎ᠢ ᠵᠥᠪᠰᠢᠶᠡᠷᠡᠬᠦ᠎ᠪᠠᠷ ᠪᠠᠢ᠌ᠭ᠎ᠠ ᠲᠤᠬᠠᠢ ᠠᠯᠪᠠᠨ ᠵᠠᠷ
ᠨᠡᠶ᠋ᠢᠲᠡᠯᠡᠭᠰᠡᠨ ᠴᠠᠭ᠄ 2025-05-26

      《ᠮᠠᠯ᠎ᠤᠨ ᠡᠮ᠎ᠤᠨ ᠦᠢ᠍ᠯᠡᠳᠪᠦᠷᠢᠯᠡᠯ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠵᠢᠷᠤᠮᠵᠢᠯ (2020 ᠣᠨ᠎ᠳᠤ ᠵᠠᠰᠠᠪᠤᠷᠢ  ᠣᠷᠤᠭᠤᠯᠤᠭᠰᠠᠨ)》 《ᠮᠠᠯ᠎ᠤᠨ ᠡᠮ᠎ᠤᠨ ᠦᠢ᠍ᠯᠡᠳᠪᠦᠷᠢᠯᠡᠯ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠵᠢᠷᠤᠮᠵᠢᠯ᠎ᠢ ᠪᠠᠢ᠌ᠴᠠᠭ᠋ᠠᠵᠤ ᠰᠢᠯᠭ᠋ᠠᠨ ᠠᠪᠬᠤ ᠠᠷᠭ᠎ᠠ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ᠎ᠤᠨ ᠡᠮ᠎ᠤᠨ GMP ᠪᠠᠢ᠌ᠴᠠᠭ᠋ᠠᠵᠤ ᠰᠢᠯᠭ᠋ᠠᠨ ᠠᠪᠬᠤ ᠠᠵᠢᠯ᠎ᠤᠨ ᠳᠦᠷᠢᠮ》 ᠵᠡᠷᠭᠡ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂ ᠥᠪᠥᠷ ᠮᠣᠩᠭᠣᠯ᠎ᠤᠨ ᠱᠠᠨ ᠾᠧ ᠡᠮ᠎ᠤᠨ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢ  ᠮᠠᠯ᠎ᠤᠨ ᠡᠮ᠎ᠤᠨ GMP ᠲᠤᠬᠠᠢ ᠵᠢᠨ ᠲᠠᠯᠠᠪᠤᠷ᠎ᠲᠤ ᠪᠠᠢ᠌ᠴᠠᠭ᠋ᠠᠵᠤ ᠰᠢᠯᠭ᠋ᠠᠨ ᠠᠪᠬᠤ᠎ᠪᠠᠷ ᠳᠡᠮᠵᠢᠨ᠂ GMP ᠬᠢᠷᠢ ᠲᠡᠩᠴᠡᠭᠰᠡᠨ ᠦᠢ᠍ᠯᠡᠳᠪᠦᠷᠢᠯᠡᠯ᠎ᠤᠨ ᠱᠤᠭᠤᠮ ᠵᠶ᠋ᠠᠷ ᠵᠥᠪᠰᠢᠶᠡᠷᠡᠬᠦ᠎ᠪᠠᠷ ᠪᠣᠶ᠂ ᠡᠳᠦᠭᠡ ᠵᠠᠷᠯᠠᠨ  ᠨᠡᠢ᠌ᠲᠡᠯᠡᠵᠤ ᠪᠠᠢ᠌ᠨ᠎ᠠ᠃

      ᠵᠠᠷᠯᠠᠨ ᠨᠡᠢ᠌ᠲᠡᠯᠡᠬᠦ  ᠬᠤᠭᠤᠴᠠᠭ᠎ᠠ ᠎ᠨᠢ 2025 ᠣᠨ᠎ᠤ 5 ᠰᠠᠷ᠎ᠠ ᠵᠢᠨ 26᠎ᠤ ᠡᠳᠦᠷ᠎ᠠᠴᠠ 30᠎ᠤ ᠡᠳᠦᠷ  ᠪᠣᠯᠲᠠᠯ᠎ᠠ᠃ ᠬᠡᠷᠪᠡ  ᠣᠨᠳᠣᠣ  ᠰᠠᠨᠠᠯ᠎ᠲᠠᠢ ᠪᠣᠯ᠂ ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠤᠨ ᠮᠠᠯ ᠡᠮᠨᠡᠯᠭᠡ ᠵᠢᠨ ᠲᠣᠪᠴᠢᠶ᠎ᠠ᠎ᠳᠤ ᠬᠠᠷᠢᠭᠤ  ᠳᠤᠰᠬᠠᠭ᠋ᠠᠷᠠᠢ᠃

      ᠬᠠᠷᠢᠯᠴᠠᠬᠤ ᠬᠥᠮᠥᠨ᠄ ᠯᠢᠦ ᠮᠢᠨ

      ᠬᠢᠨᠠᠯᠲᠠ ᠲᠠᠯᠪᠢᠬᠤ ᠤᠲᠠᠰᠤ᠄ 0471-6652269

      ᠹᠠᠺᠰ᠄ 0471-6652269

      ᠬᠠᠶᠢᠭ᠄ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠤᠯᠠᠭ᠋ᠠᠨᠴᠠᠪ ᠵᠡᠭᠦᠨ  ᠵᠡᠭᠡᠯᠢ ᠵᠢᠨ 70 ᠳ᠋ᠤᠭ᠋ᠠᠷ ᠨᠣᠮᠧᠷ


      ᠳᠠᠭ᠋ᠠᠯᠳᠤᠭᠤᠯᠤᠯ᠄ ᠮᠠᠯ᠎ᠤᠨ ᠡᠮ ᠦᠢ᠍ᠯᠡᠳᠪᠦᠷᠢᠯᠡᠬᠦ ᠠᠵᠤ ᠠᠬᠤᠢ᠌ᠯᠠᠯ᠎ᠤᠨ GMP ᠲᠤᠬᠠᠢ ᠵᠢᠨ ᠲᠠᠯᠠᠪᠠᠶ᠎ᠳᠤ ᠪᠠᠢ᠌ᠴᠠᠭ᠋ᠠᠵᠤ ᠰᠢᠯᠭ᠋ᠠᠨ ᠠᠪᠤᠭᠰᠠᠨ ᠪᠠᠢ᠌ᠳᠠᠯ᠎ᠢ ᠵᠠᠷᠯᠠᠨ ᠨᠡᠢ᠌ᠲᠡᠯᠡᠬᠦ ᠬᠦᠰᠦᠨᠦᠭᠲᠦ


                       ᠥᠪᠥᠷ ᠮᠣᠩᠭᠣᠯ᠎ᠤᠨ  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ

                       ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ

                               2025 ᠣᠨ᠎ᠤ 5 ᠰᠠᠷ᠎ᠠ ᠵᠢᠨ 26᠎ᠤ  ᠡᠳᠦᠷ

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            