ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠠᠯᠪᠠᠨ ᠨᠡᠶ᠋ᠢᠲᠡᠯᠡᠯ
2023 ᠣᠨ᠎ᠤ ᠤᠯᠤᠰ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠡᠷᠡᠮᠵᠢ ᠵᠢᠨ ᠸᠢᠳᠢᠤ᠋᠎ᠳᠤ ᠨᠡᠢ᠌ᠲᠡᠯᠡᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠡᠭᠦᠷᠭᠡ ᠵᠢ ᠬᠦᠴᠦᠨ ᠦᠭᠡᠢ ᠪᠣᠯᠭ᠋ᠠᠬᠤ ᠲᠤᠬᠠᠢ ᠠᠯᠪᠠᠨ ᠵᠠᠷ
ᠨᠡᠶ᠋ᠢᠲᠡᠯᠡᠭᠰᠡᠨ ᠴᠠᠭ᠄ 2025-06-10

            (7 ᠳ᠋ᠤᠭ᠋ᠠᠷ ᠵᠤᠷᠪᠤᠰ᠎ᠤᠨ ᠴᠡᠭᠴᠡᠯᠡᠨ ᠰᠠᠢ᠌ᠵᠢᠷᠠᠭᠤᠯᠬᠤ ᠡᠭᠦᠷᠭᠡ)

      2023 ᠣᠨ᠎ᠳᠤ ᠤᠯᠤᠰ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠡᠷᠡᠮᠵᠢ ᠵᠢᠨ ᠸᠢᠳᠢᠤ᠋᠎ᠳᠤ ᠨᠡᠢ᠌ᠲᠡᠯᠡᠭᠰᠡᠨ ᠠᠰᠠᠭᠤᠳᠠᠯ᠎ᠤᠨ ᠲᠣᠳᠣᠷᠬᠠᠢ ᠬᠠᠭᠤᠳᠠᠰᠤ ᠵᠢᠨ 7 ᠳ᠋ᠤᠭ᠋ᠠᠷ ᠵᠤᠷᠪᠤᠰ᠎ᠤᠨ ᠴᠡᠭᠴᠡᠯᠡᠨ ᠰᠠᠢ᠌ᠵᠢᠷᠠᠭᠤᠯᠬᠤ ᠡᠭᠦᠷᠭᠡ ᠵᠢ ᠨᠢᠭᠡᠨᠲᠡ ᠴᠡᠭᠴᠡᠯᠡᠨ ᠰᠠᠢ᠌ᠵᠢᠷᠠᠭᠤᠯᠤᠭᠰᠠᠨ ᠪᠥᠭᠡᠳ ᠰᠢᠯᠭ᠋ᠠᠨ ᠠᠪᠬᠤ᠎ᠪᠠᠷ ᠳᠡᠮᠵᠢᠨ᠂ ᠲᠠᠰ ᠳᠠᠷᠠᠭ᠋ᠠᠯᠠᠯ ᠶᠣᠰᠣᠭ᠋ᠠᠷ ᠨᠣᠮᠧᠷ᠎ᠢ᠎ᠨᠢ ᠬᠦᠴᠦᠨ ᠦᠭᠡᠢ ᠪᠣᠯᠭ᠋ᠠᠬᠤ᠎ᠪᠠᠷ ᠲᠥᠯᠥᠪᠯᠡᠵᠦ ᠪᠣᠶ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠪ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ  ᠱᠠᠭ᠋ᠠᠷᠳᠠᠨ  ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠡᠭᠦᠷᠭᠡ ᠵᠢᠨ ᠨᠠᠢ᠌ᠳᠠᠪᠤᠷᠢᠵᠢᠭᠤᠯᠤᠯᠳᠠ ᠵᠢ ᠰᠢᠯᠭ᠋ᠠᠨ  ᠠᠪᠴᠤ  ᠨᠣᠮᠧᠷ᠎ᠢ ᠬᠦᠴᠦᠨ ᠦᠭᠡᠢ ᠪᠣᠯᠭ᠋ᠠᠬᠤ ᠠᠷᠭ᠎ᠠ》 ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ᠂ ᠡᠳᠦᠭᠡ ᠲᠣᠰ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠢ  ᠵᠠᠷᠯᠠᠨ ᠨᠡᠢ᠌ᠲᠡᠯᠡᠵᠦ ᠪᠠᠢ᠌ᠨ᠎ᠠ ᠂ ᠵᠠᠷᠯᠠᠨ  ᠨᠡᠢ᠌ᠲᠡᠯᠡᠬᠦ ᠬᠤᠭᠤᠴᠠᠭ᠎ᠠ᠎ᠨᠢ 2025 ᠣᠨ᠎ᠤ 6 ᠰᠠᠷ᠎ᠠ ᠵᠢᠨ 9᠎ᠤ ᠡᠳᠦᠷ᠎ᠠᠴᠠ 6 ᠰᠠᠷ᠎ᠠ ᠵᠢᠨ 20᠎ᠤ ᠡᠳᠦᠷ  ᠪᠣᠯᠲᠠᠯ᠎ᠠ᠃

      ᠬᠠᠷᠢᠯᠴᠠᠬᠤ ᠤᠲᠠᠰᠤ᠄ 0471-6652156

      ᠰᠢᠤᠳᠠᠨ ᠵᠶ᠋ᠠᠷ ᠶᠠᠪᠤᠭᠤᠯᠬᠤ ᠬᠠᠶᠢᠭ᠄ ᠬᠥᠬᠡᠬᠣᠲᠠ ᠵᠢᠨ ᠤᠯᠠᠭ᠋ᠠᠨᠴᠠᠪ ᠵᠡᠭᠦᠨ ᠵᠡᠭᠡᠯᠢ ᠵᠢᠨ 70 ᠳ᠋ᠤᠭ᠋ᠠᠷ ᠨᠣᠮᠧᠷ

 

      ᠳᠠᠭ᠋ᠠᠯᠳᠤᠭᠤᠯᠤᠯ᠄ 2023 ᠣᠨ᠎ᠤ ᠤᠯᠤᠰ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠡᠷᠡᠮᠵᠢ ᠵᠢᠨ ᠸᠢᠳᠢᠤ᠋᠎ᠳᠤ  ᠨᠡᠢ᠌ᠲᠡᠯᠡᠭᠰᠡᠨ ᠠᠰᠠᠭᠤᠳᠠᠯ᠎ᠤᠨ ᠲᠣᠳᠣᠷᠬᠠᠢ ᠬᠠᠭᠤᠳᠠᠰᠤ ᠵᠢᠨ 7 ᠳ᠋ᠤᠭ᠋ᠠᠷ ᠵᠤᠷᠪᠤᠰ᠎ᠤᠨ ᠴᠡᠭᠴᠡᠯᠡᠨ ᠰᠠᠢ᠌ᠵᠢᠷᠠᠭᠤᠯᠬᠤ ᠡᠭᠦᠷᠭᠡ ᠵᠢ ᠪᠡᠶᠡᠯᠡᠭᠦᠯᠦᠭᠰᠡᠨ ᠪᠠᠢ᠌ᠳᠠᠯ

      ᠴᠡᠭᠴᠡᠯᠡᠨ ᠰᠠᠢ᠌ᠵᠢᠷᠠᠭᠤᠯᠬᠤ ᠡᠭᠦᠷᠭᠡ᠄  ᠬᠠᠩᠭᠢᠨ ᠬᠣᠰᠢᠭᠤᠨ᠎ᠤ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ ᠵᠢᠨ᠎ᠬᠢᠨ ᠲᠥᠷᠥᠯ ᠵᠦᠢ᠍ᠯ᠎ᠨᠢ ᠬᠦᠨᠳᠦ ᠨᠣᠴᠢᠲᠠᠢ ᠡᠯᠡᠰᠦᠷᠬᠡᠭᠵᠢᠭᠰᠡᠨ ᠭᠠᠵᠠᠷ ᠰᠢᠷᠣᠢ᠎ᠳᠤ ᠣᠷᠣᠰᠢᠵᠤ ᠪᠠᠢ᠌ᠬᠤ ᠵᠢ ᠲᠣᠳᠣᠷᠬᠠᠢ ᠮᠡᠳᠡᠵᠦ ᠪᠠᠢ᠌ᠭ᠋ᠠᠳ ᠮᠥᠨ ᠬᠦ᠌ ᠲᠣᠭᠲᠠᠭ᠋ᠠᠯ᠎ᠢ ᠵᠥᠷᠢᠴᠡᠨ ᠬᠠᠩᠭᠢᠨ ᠬᠣᠰᠢᠭᠤᠨ᠎ᠤ ᠾᠧᠩ  ᠶᠤᠸᠠᠨ  ᠲᠠᠷᠢᠶᠠᠯᠠᠩ ᠮᠠᠯ ᠠᠵᠤ ᠠᠬᠤᠢ ᠵᠢᠨ ᠨᠡᠭᠡᠭᠡᠨ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ ᠵᠢᠨ 1 ᠲᠦᠮᠡᠨ ᠮᠦ᠍ ᠴᠢᠨᠠᠷ ᠰᠠᠢ᠌ᠲᠠᠢ ᠲᠡᠵᠢᠭᠡᠯ ᠡᠪᠡᠰᠦ ᠲᠥᠮᠥᠰᠥ ᠳᠠᠷᠢᠬᠤ ᠲᠥᠷᠥᠯ ᠵᠦᠢ᠍ᠯ᠎ᠢ ᠳᠠᠩᠰᠠᠯᠠᠭᠤᠯᠵᠠᠢ᠃

      ᠬᠠᠷᠢᠭᠤᠴᠠᠯᠭ᠋ᠠᠲᠤ ᠨᠢᠭᠡᠴᠡ᠄  ᠣᠷᠳᠣᠰ ᠬᠣᠲᠠ ᠵᠢᠨ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ

      ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ᠄  ᠬᠠᠩᠭᠢᠨ ᠬᠣᠰᠢᠭᠤᠨ᠎ᠤ ᠾᠧᠩ  ᠶᠤᠸᠠᠨ  ᠲᠠᠷᠢᠶᠠᠯᠠᠩ ᠮᠠᠯ ᠠᠵᠤ ᠠᠬᠤᠢ ᠵᠢᠨ ᠨᠡᠭᠡᠭᠡᠨ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ ᠵᠢᠨ 1 ᠲᠦᠮᠡᠨ ᠮᠦ᠍ ᠴᠢᠨᠠᠷ ᠰᠠᠢ᠌ᠲᠠᠢ ᠲᠡᠵᠢᠭᠡᠯ ᠡᠪᠡᠰᠦ ᠲᠥᠮᠥᠰᠥ ᠳᠠᠷᠢᠬᠤ ᠲᠥᠷᠥᠯ ᠵᠦᠢ᠍ᠯ᠎ᠤᠨ 《ᠳᠠᠩᠰᠠᠯᠠᠭᠤᠯᠬᠤ ᠮᠡᠳᠡᠭᠳᠡᠯ᠎ᠤᠨ ᠪᠢᠴᠢᠭ》᠎ᠢ ᠬᠦᠴᠦᠨ ᠦᠭᠡᠢ ᠪᠣᠯᠭ᠋ᠠᠵᠤ᠂ ᠲᠣᠭᠲᠠᠭ᠋ᠠᠯ᠎ᠠᠴᠠ ᠵᠥᠷᠢᠴᠡᠨ ᠬᠢᠨᠠᠨ  ᠵᠦᠪᠰᠢᠶᠡᠷᠡᠭᠰᠡᠨ ᠦᠢᠯᠡ ᠠᠵᠢᠯᠯᠠᠭ᠎ᠠ ᠵᠢ ᠵᠠᠯᠠᠷᠠᠭᠤᠯᠪᠠ᠃

      ᠪᠡᠶᠡᠯᠡᠭᠦᠯᠦᠭᠰᠡᠨ ᠪᠠᠢ᠌ᠳᠠᠯ᠄  ᠬᠠᠩᠭᠢᠨ ᠬᠣᠰᠢᠭᠤᠨ᠎ᠤ ᠾᠧᠩ ᠶᠤᠸᠠᠨ  ᠲᠠᠷᠢᠶᠠᠯᠠᠩ ᠮᠠᠯ ᠠᠵᠤ ᠠᠬᠤᠢ ᠵᠢᠨ ᠨᠡᠭᠡᠭᠡᠨ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ ᠵᠢᠨ 1 ᠲᠦᠮᠡᠨ ᠮᠦ᠍ ᠴᠢᠨᠠᠷ ᠰᠠᠢ᠌ᠲᠠᠢ ᠲᠡᠵᠢᠭᠡᠯ ᠡᠪᠡᠰᠦ ᠲᠥᠮᠥᠰᠥ ᠳᠠᠷᠢᠬᠤ ᠲᠥᠷᠥᠯ ᠵᠦᠢ᠍ᠯ᠎ᠤᠨ 《ᠲᠥᠷᠥᠯ ᠵᠦᠢ᠍ᠯ᠎ᠢ ᠳᠠᠩᠰᠠᠯᠠᠭᠤᠯᠬᠤ ᠮᠡᠳᠡᠭᠳᠡᠯ᠎ᠤᠨ ᠪᠢᠴᠢᠭ》᠎ᠢ ᠨᠢᠭᠡᠨᠲᠡ ᠬᠦᠴᠦᠨ ᠦᠭᠡᠢ ᠪᠣᠯᠭ᠋ᠠᠪᠠ᠃

 

                       ᠥᠪᠥᠷ ᠮᠣᠩᠭᠣᠯ᠎ᠤᠨ  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ

                       ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ

                             2025 ᠣᠨ᠎ᠤ 6 ᠰᠠᠷ᠎ᠠ ᠵᠢᠨ 9᠎ᠤ  ᠡᠳᠦᠷ

 

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            