ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠠᠯᠪᠠᠨ ᠨᠡᠶ᠋ᠢᠲᠡᠯᠡᠯ
2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠮᠠᠯ᠎ᠤᠨ ᠴᠢᠬᠤᠯᠠ ᠶᠡᠬᠡ ᠡᠭᠦᠯᠳᠡᠷ᠎ᠢ ᠰᠤᠳᠤᠯᠤᠨ ᠨᠡᠭᠡᠭᠡᠵᠦ ᠳᠡᠯᠭᠡᠷᠡᠭᠦᠯᠦᠨ ᠬᠡᠷᠡᠭᠯᠡᠬᠦ ᠵᠢ ᠨᠢᠭᠡ ᠴᠣᠭᠴᠠᠵᠢᠭᠤᠯᠬᠤ ᠲᠤᠷᠰᠢᠯᠲᠠ ᠵᠢᠨ ᠴᠢᠭ᠋᠎ᠤᠨ ᠨᠥᠬᠥᠪᠦᠷᠢ ᠥᠭᠬᠦ᠎ᠪᠠᠷ ᠪᠠᠢ᠌ᠭ᠎ᠠ ᠡᠭᠦᠯᠳᠡᠷ᠎ᠤᠨ ᠲᠤᠬᠠᠢ ᠠᠯᠪᠠᠨ ᠵᠠᠷ
ᠨᠡᠶ᠋ᠢᠲᠡᠯᠡᠭᠰᠡᠨ ᠴᠠᠭ᠄ 2025-06-11

      2025 ᠣᠨ᠎ᠤ ᠴᠢᠬᠤᠯᠠ ᠶᠡᠬᠡ ᠡᠭᠦᠯᠳᠡᠷ᠎ᠢ ᠰᠤᠳᠤᠯᠤᠨ ᠨᠡᠭᠡᠭᠡᠵᠦ ᠳᠡᠯᠭᠡᠷᠡᠭᠦᠯᠦᠨ ᠬᠡᠷᠡᠭᠯᠡᠬᠦ ᠵᠢ ᠨᠢᠭᠡ ᠴᠣᠭᠴᠠᠵᠢᠭᠤᠯᠬᠤ ᠲᠤᠷᠰᠢᠯᠲᠠ ᠵᠢᠨ ᠴᠢᠭ᠋᠎ᠤᠨ ᠠᠵᠢᠯ᠎ᠢ ᠰᠠᠢ᠌ᠲᠤᠷ ᠨᠠᠢ᠌ᠳᠠᠪᠤᠷᠢᠵᠢᠭᠤᠯᠬᠤ ᠵᠢᠨ ᠲᠥᠯᠥᠭᠡ᠂ 《ᠰᠠᠢ᠌ᠨ ᠳᠤᠷ᠎ᠠ ᠵᠢᠨ᠂ ᠢᠯᠡ᠂ ᠡᠷᠬᠡ ᠲᠡᠭᠰᠢ᠂ ᠰᠢᠯᠢᠳᠡᠭ᠎ᠢ᠎ᠨᠢ ᠰᠣᠩᠭᠣᠬᠤ》 ᠵᠠᠷᠴᠢᠮ ᠶᠣᠰᠣᠭ᠋ᠠᠷ᠂ ᠠᠵᠤ ᠠᠬᠤᠢ᠌ᠯᠠᠯ ᠪᠡᠶ᠎ᠡ᠎ᠪᠠᠨ ᠳᠠᠭ᠋ᠠᠭ᠋ᠠᠨ ᠭᠤᠶᠤᠴᠢᠯᠠᠨ ᠮᠡᠳᠡᠭᠦᠯᠬᠦ᠂ ᠬᠣᠰᠢᠭᠤ ᠰᠢᠶᠠᠨ ᠪᠠ ᠠᠢ᠌ᠮᠠᠭ ᠬᠣᠲᠠ᠎ᠪᠠᠷ ᠬᠢᠨᠠᠨ ᠬᠠᠷᠭᠤᠭᠤᠯᠵᠤ ᠲᠠᠨᠢᠯᠴᠠᠭᠤᠯᠬᠤ᠂ ᠲᠤᠰᠬᠠᠢ ᠮᠡᠷᠭᠡᠵᠢᠯᠲᠡᠨ ᠵᠶ᠋ᠡᠷ ᠬᠢᠨᠠᠨ ᠲᠣᠭᠲᠠᠭ᠋ᠠᠯᠭ᠋ᠠᠬᠤ᠂ ᠨᠠᠮ᠎ᠤᠨ ᠤᠳᠤᠷᠢᠳᠬᠤ ᠳᠤᠭᠤᠢ᠌ᠯᠠᠩ ᠰᠤᠳᠤᠯᠤᠨ ᠬᠢᠨᠠᠨ ᠵᠥᠪᠯᠡᠬᠦ᠎ᠪᠠᠷ ᠳᠡᠮᠵᠢᠨ᠂ ᠮᠠᠨ᠎ᠤ ᠲᠢᠩᠬᠢᠮ᠎ᠠᠴᠠ 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠳᠡᠨᠢ ᠰᠢᠰᠢ᠂ ᠰᠢᠷ᠎ᠠ ᠪᠤᠷᠴᠠᠭ᠎ᠤᠨ ᠴᠢᠬᠤᠯᠠ ᠶᠡᠬᠡ ᠡᠭᠦᠯᠳᠡᠷ᠎ᠢ ᠰᠣᠩᠭᠣᠨ ᠲᠣᠭᠲᠠᠭ᠋ᠠᠪᠠ᠃

      ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠡᠳ᠋᠎ᠤᠨ ᠵᠠᠰᠠᠭ᠎ᠤᠨ ᠶᠠᠮᠤᠨ᠎ᠤ 《2025 ᠣᠨ᠎ᠤ ᠠᠮᠤ ᠲᠣᠰᠣᠨ᠎ᠤ ᠦᠢ᠍ᠯᠡᠳᠪᠦᠷᠢᠯᠡᠯ᠎ᠤᠨ ᠪᠠᠲᠤᠯᠠᠭ᠎ᠠ ᠵᠡᠷᠭᠡ ᠲᠥᠷᠥᠯ ᠵᠦᠢ᠍ᠯ᠎ᠢ ᠬᠡᠷᠡᠭᠵᠢᠭᠦᠯᠬᠦ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》 (ᠲᠠᠷᠢᠶᠠᠯᠠᠩ  ᠲᠦᠯᠦᠪᠯᠡᠭᠡ  ᠡᠳ᠋  ᠲᠠᠷᠬᠠᠭ᠋ᠠᠭᠰᠠᠨ[2025]9  ᠳ᠋ᠤᠭᠡᠷ  ᠲᠣᠭ᠋ᠠᠲᠤ)᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠦᠷ᠎ᠡ ᠵᠢᠨ ᠦᠢ᠍ᠯᠡᠰ᠎ᠢ ᠬᠠᠮᠢᠶᠠᠷᠬᠤ ᠵᠤᠷᠭ᠋ᠠᠨ᠎ᠤ 《ᠲᠠᠷᠢᠶᠠᠯᠠᠩ᠎ᠤᠨ  ᠡᠭᠦᠯᠳᠡᠷ᠎ᠤᠨ ᠴᠢᠨᠠᠷ᠎ᠤᠨ  ᠡᠬᠢ ᠪᠠᠶᠠᠯᠢᠭ᠎ᠢ ᠬᠠᠮᠠᠭ᠋ᠠᠯᠠᠬᠤ᠂ ᠦᠷ᠎ᠡ ᠵᠢᠨ ᠮᠠᠯ ᠵᠢᠭᠦᠷᠲᠡᠨ᠎ᠤ ᠦᠢ᠍ᠯᠡᠳᠪᠦᠷᠢᠯᠡᠯ᠎ᠤᠨ ᠴᠢᠳᠠᠪᠬᠢ ᠵᠢ ᠬᠡᠮᠵᠢᠨ ᠲᠣᠭᠲᠠᠭ᠋ᠠᠬᠤ ᠪᠠ ᠴᠢᠬᠤᠯᠠ ᠶᠡᠬᠡ  ᠡᠭᠦᠯᠳᠡᠷ᠎ᠢ ᠰᠤᠳᠤᠯᠤᠨ ᠨᠡᠭᠡᠭᠡᠵᠦ ᠳᠡᠯᠭᠡᠷᠡᠭᠦᠯᠦᠨ ᠬᠡᠷᠡᠭᠯᠡᠬᠦ ᠵᠢ ᠨᠢᠭᠡ ᠴᠣᠭᠴᠠᠵᠢᠭᠤᠯᠬᠤ ᠵᠡᠷᠭᠡ ᠲᠦᠷᠦᠯ ᠵᠦᠢ᠍ᠯ᠎ᠢ ᠰᠠᠢ᠌ᠲᠤᠷ ᠬᠢᠬᠦ ᠲᠤᠬᠠᠢ ᠮᠡᠳᠡᠭᠳᠡᠯ》 (ᠲᠠᠷᠢᠶᠠᠯᠠᠩ  ᠦᠷ᠎ᠡ ᠡᠭᠦᠳᠦᠯᠲᠡ  ᠵᠠᠬᠢᠳᠠᠯ[2025]1 ᠳ᠋ᠤᠭᠡᠷ  ᠲᠣᠭ᠋ᠠᠲᠤ)᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠤᠨ 《2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ  ᠡᠭᠦᠯᠳᠡᠷ᠎ᠢ ᠰᠤᠳᠤᠯᠤᠨ ᠨᠡᠭᠡᠭᠡᠵᠦ ᠳᠡᠯᠭᠡᠷᠡᠭᠦᠯᠦᠨ ᠬᠡᠷᠡᠭᠯᠡᠬᠦ ᠵᠢ ᠨᠢᠭᠡ ᠴᠣᠭᠴᠠᠵᠢᠭᠤᠯᠬᠤ ᠲᠤᠷᠰᠢᠯᠲᠠ ᠵᠢᠨ  ᠴᠢᠭ᠋᠎ᠤᠨ  ᠠᠵᠢᠯ᠎ᠤᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ  ᠲᠠᠷᠬᠠᠭ᠋ᠠᠬᠤ  ᠲᠤᠬᠠᠢ ᠮᠡᠳᠡᠭᠳᠡᠯ》 (ᠥᠪᠥᠷ ᠲᠠᠷᠢᠶᠠᠯᠠᠩ ᠮᠠᠯ  ᠦᠷ᠎ᠡ ᠲᠠᠷᠬᠠᠭ᠋ᠠᠭᠰᠠᠨ[2025]343 ᠳ᠋ᠤᠭ᠋ᠠᠷ ᠲᠣᠭ᠋ᠠᠲᠤ)᠎ᠢ  ᠦᠨᠳᠦᠰᠦᠯᠡᠨ᠂ 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠡᠭᠦᠯᠳᠡᠷ᠎ᠢ ᠰᠤᠳᠤᠯᠤᠨ ᠨᠡᠭᠡᠭᠡᠵᠦ ᠳᠡᠯᠭᠡᠷᠡᠭᠦᠯᠦᠨ ᠬᠡᠷᠡᠭᠯᠡᠬᠦ ᠵᠢ ᠨᠢᠭᠡ ᠴᠣᠭᠴᠠᠵᠢᠭᠤᠯᠬᠤ ᠲᠤᠷᠰᠢᠯᠲᠠ ᠵᠢᠨ ᠴᠢᠭ᠋᠎ᠤᠨ ᠡᠭᠦᠷᠭᠡ ᠵᠢ ᠡᠭᠦᠷᠭᠡᠯᠡᠬᠦ᠎ᠪᠠᠷ ᠪᠠᠢ᠌ᠭ᠎ᠠ  ᠡᠭᠦᠯᠳᠡᠷ᠎ᠢ ᠰᠢᠯᠢᠨ ᠰᠣᠩᠭᠣᠬᠤ ᠳᠠᠷᠠᠭ᠋ᠠᠯᠠᠯ ᠵᠶ᠋ᠠᠷ ᠲᠠᠰ ᠳᠠᠷᠠᠭ᠋ᠠᠯᠠᠯ᠎ᠲᠠᠢ ᠲᠠᠨᠢᠯᠴᠠᠭᠤᠯᠵᠤ᠂ ᠡᠳᠦᠭᠡ  ᠵᠠᠷᠯᠡᠨ ᠨᠡᠢ᠌ᠲᠡᠯᠡᠵᠤ ᠪᠠᠢ᠌ᠨ᠎ᠠ᠃ ᠵᠠᠷᠯᠠᠨ ᠨᠡᠢ᠌ᠲᠡᠯᠡᠬᠦ ᠬᠤᠭᠤᠴᠠᠭ᠎ᠠ᠎ᠨᠢ 5 ᠠᠵᠢᠯᠯᠠᠬᠤ ᠡᠳᠦᠷ ᠪᠣᠯᠣᠨ᠎ᠠ᠂ ᠬᠡᠷᠪᠡ ᠣᠨᠳᠣᠣ ᠰᠠᠨᠠᠯ᠎ᠲᠠᠢ ᠪᠣᠯ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠳᠤ ᠬᠠᠷᠢᠭᠤ  ᠳᠤᠰᠬᠠᠭ᠋ᠠᠷᠠᠢ᠃

      ᠵᠠᠷᠯᠠᠨ ᠨᠡᠢ᠌ᠲᠡᠯᠡᠬᠦ ᠬᠤᠭᠤᠴᠠᠭ᠎ᠠ᠄ 2025 ᠣᠨ᠎ᠤ 6 ᠰᠠᠷ᠎ᠠ ᠵᠢᠨ 11᠎ᠤ ᠡᠳᠦᠷ—6 ᠰᠠᠷ᠎ᠠ ᠵᠢᠨ 17᠎ᠤ ᠡᠳᠦᠷ

      ᠤᠲᠠᠰᠤ᠄ 0471-6651883

      ᠢᠮᠸᠯ᠄ nmgnmtzyc@163.com


      ᠳᠠᠭ᠋ᠠᠯᠳᠤᠭᠤᠯᠤᠯ᠄ 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠮᠠᠯ᠎ᠤᠨ ᠴᠢᠬᠤᠯᠠ ᠶᠡᠬᠡ ᠡᠭᠦᠯᠳᠡᠷ᠎ᠢ ᠰᠤᠳᠤᠯᠤᠨ ᠨᠡᠭᠡᠭᠡᠵᠦ ᠳᠡᠯᠭᠡᠷᠡᠭᠦᠯᠦᠨ ᠬᠡᠷᠡᠭᠯᠡᠬᠦ ᠵᠢ ᠨᠢᠭᠡ ᠴᠣᠭᠴᠠᠵᠢᠭᠤᠯᠬᠤ ᠲᠤᠷᠰᠢᠯᠲᠠ ᠵᠢᠨ  ᠴᠢᠭ᠋᠎ᠤᠨ  ᠨᠥᠬᠥᠪᠦᠷᠢ ᠥᠭᠬᠦ᠎ᠪᠠᠷ ᠪᠠᠢ᠌ᠭ᠎ᠠ  ᠡᠭᠦᠯᠳᠡᠷ᠎ᠤᠨ ᠨᠡᠷᠡᠰ


                       ᠥᠪᠥᠷ ᠮᠣᠩᠭᠣᠯ᠎ᠤᠨ  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ

                       ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ

                               2025 ᠣᠨ᠎ᠤ 6 ᠰᠠᠷ᠎ᠠ ᠵᠢᠨ 11᠎ᠤ  ᠡᠳᠦᠷ

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            