ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠠᠯᠪᠠᠨ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠦᠷ᠎ᠡ ᠵᠢᠨ ᠮᠠᠯ ᠵᠢᠭᠦᠷᠲᠡᠨ᠎ᠢ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠣᠷᠣᠭᠤᠯᠬᠤ ᠲᠤᠰᠬᠠᠢ ᠮᠡᠷᠭᠡᠵᠢᠯᠲᠡᠨ᠎ᠢ ᠡᠯᠰᠡᠨ ᠴᠤᠭᠯᠠᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠠᠯᠪᠠᠨ ᠵᠠᠷ
ᠨᠡᠶ᠋ᠢᠲᠡᠯᠡᠭᠰᠡᠨ ᠴᠠᠭ᠄ 2025-06-17

      《ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ  ᠵᠥᠪᠰᠢᠶᠡᠷᠡᠯ᠎ᠤᠨ ᠬᠠᠮᠢᠶᠠᠷᠤᠯᠲᠠ ᠵᠢᠨ ᠠᠷᠭ᠎ᠠ》 (ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠵᠠᠷᠯᠢᠭ 2025 ᠣᠨ᠎ᠤ 1  ᠳ᠋ᠤᠭᠡᠷ  ᠲᠣᠭ᠋ᠠᠲᠤ) ᠵᠢᠨ ᠶᠢᠰᠦᠳᠦᠭᠡᠷ ᠵᠦᠢ᠍ᠯ᠎ᠤᠨ ᠲᠣᠭᠲᠠᠭ᠋ᠠᠯ᠎ᠢ  ᠦᠨᠳᠦᠰᠦᠯᠡᠨ᠂ 《ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠢ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠲᠣᠰᠬᠣᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠪᠠᠶ᠋ᠢᠭᠤᠯᠬᠤ ᠵᠢᠨ ᠬᠠᠮᠲᠤ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠳᠤ ᠮᠡᠳᠡᠭᠦᠯᠵᠦ  ᠳᠠᠩᠰᠠᠯᠠᠭᠤᠯᠬᠤ ᠬᠡᠷᠡᠭᠲᠡᠢ᠃》 ᠮᠠᠨ᠎ᠤ ᠣᠷᠣᠨ᠎ᠤ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠢ ᠬᠢᠨᠠᠨ ᠲᠣᠭᠲᠠᠭ᠋ᠠᠬᠤ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠥᠷᠥ ᠵᠢᠨ ᠪᠣᠳᠣᠯᠭ᠎ᠠ ᠵᠢᠨ ᠰᠤᠳᠤᠯᠤᠯ᠂ ᠰᠢᠢ᠍ᠳᠪᠦᠷᠢᠲᠦ ᠪᠣᠳᠣᠯᠭ᠎ᠠ ᠵᠢᠨ ᠯᠠᠪᠯᠠᠯᠭ᠎ᠠ ᠵᠢᠨ ᠰᠢᠨᠵᠢᠯᠡᠬᠦ ᠤᠬᠠᠭ᠋ᠠᠨᠴᠢ ᠴᠢᠨᠠᠷ ᠪᠠ ᠲᠤᠰᠬᠠᠢ᠌ᠵᠢᠭᠰᠠᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢᠨ ᠲᠤᠰᠠᠳᠠ᠂ ᠡᠳᠦᠭᠡ ᠲᠤᠰᠬᠠᠢ ᠮᠡᠷᠭᠡᠵᠢᠯᠲᠡᠨ᠎ᠢ ᠢᠯᠡ᠎ᠪᠠᠷ ᠡᠯᠰᠡᠨ ᠴᠤᠭᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠦᠷ᠎ᠡ ᠵᠢᠨ ᠮᠠᠯ ᠵᠢᠭᠦᠷᠲᠡᠨ᠎ᠢ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠵᠣᠬᠢᠶᠠᠨ  ᠪᠠᠢ᠌ᠭᠤᠯᠬᠤ ᠭᠡᠵᠦ ᠪᠠᠢ᠌ᠨ᠎ᠠ᠃ ᠡᠳᠦᠭᠡ ᠬᠣᠯᠪᠣᠭᠳᠠᠯ ᠪᠦᠬᠦᠢ ᠵᠦᠢ᠍ᠯ᠎ᠢ ᠳᠣᠣᠷᠠᠬᠢ ᠮᠡᠲᠦ ᠮᠡᠳᠡᠭᠳᠡᠶ᠎ᠡ᠄

      ᠨᠢᠭᠡ᠂ ᠡᠯᠰᠡᠬᠦ ᠵᠠᠷᠴᠢᠮ

      《ᠨᠡᠢ᠌ᠭᠡᠮ᠎ᠳᠤ ᠬᠠᠨᠳᠤᠭᠤᠯᠬᠤ᠂ ᠢᠯᠡ ᠪᠥᠭᠡᠳ ᠲᠥᠪ ᠭᠣᠥᠯᠴᠢ᠂  ᠦᠪᠡᠷ ᠵᠶ᠋ᠡᠨ  ᠰᠠᠢ᠌ᠨ ᠳᠤᠷ᠎ᠠ  ᠎ᠠᠴᠠ᠎ᠪᠠᠨ ᠪᠠᠢ᠌ᠬᠤ᠂ ᠨᠢᠭᠡᠴᠡ᠎ᠠᠴᠠ ᠲᠠᠨᠢᠯᠴᠠᠭᠤᠯᠬᠤ᠂ ᠰᠢᠯᠢᠳᠡᠭ᠎ᠢ᠎ᠨᠢ ᠰᠣᠩᠭᠣᠨ ᠲᠣᠭᠲᠠᠭ᠋ᠠᠬᠤ᠂ ᠬᠥᠳᠡᠯᠦᠩᠭᠦᠢ᠎ᠪᠠᠷ ᠬᠠᠮᠢᠶᠠᠷᠬᠤ》 ᠵᠠᠷᠴᠢᠮ ᠶᠣᠰᠣᠭ᠋ᠠᠷ  ᠦᠷᠨᠢᠭᠦᠯᠦᠨ᠎ᠡ᠃

      ᠬᠣᠶᠠᠷ᠂ ᠡᠯᠰᠡᠬᠦ ᠬᠡᠪᠴᠢᠶ᠎ᠡ

      ᠮᠠᠯ ᠠᠵᠤ ᠠᠬᠤᠢ᠂ ᠮᠠᠯ᠎ᠤᠨ ᠡᠮᠴᠢ ᠵᠡᠷᠭᠡ ᠬᠠᠮᠢᠶ᠎ᠠ ᠪᠦᠬᠦᠢ ᠲᠤᠰᠬᠠᠢ ᠮᠡᠷᠭᠡᠵᠢᠯ᠃

      ᠭᠤᠷᠪᠠ᠂ ᠨᠥᠬᠥᠴᠡᠯ  ᠪᠦᠷᠢᠯᠳᠦᠭᠦᠯᠬᠦ

      (ᠨᠢᠭᠡ) ᠦᠨᠳᠦᠰᠦᠨ ᠨᠥᠬᠥᠴᠡᠯ

      1. ᠤᠯᠤᠰ ᠲᠦᠷᠦ ᠵᠢᠨ ᠪᠣᠯᠪᠠᠰᠤᠷᠠᠯ ᠥᠨᠳᠥᠷ᠂ ᠵᠣᠭᠰᠣᠯᠲᠠ ᠪᠠᠲᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠬᠦᠷᠢᠶᠡᠯᠡᠵᠦ᠂ ᠨᠠᠮ᠎ᠤᠨ ᠤᠨᠤᠯ ᠪᠠ ᠱᠤᠭᠤᠮ ᠴᠢᠭᠯᠡᠯᠲᠡ ᠲᠦᠷᠦ ᠵᠢᠨ ᠪᠣᠳᠣᠯᠭ᠎ᠠ ᠵᠢ ᠤᠬᠠᠮᠰᠠᠷ᠎ᠠᠴᠠ᠎ᠪᠠᠨ  ᠲᠤᠭᠤᠰᠢᠯᠠᠭᠤᠯᠤᠨ  ᠬᠡᠷᠡᠭᠵᠢᠭᠦᠯᠬᠦ ᠬᠡᠷᠡᠭᠲᠡᠢ᠃

      2. ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠨ ᠰᠠᠬᠢᠵᠤ᠂ ᠰᠠᠢ᠌ᠨ ᠰᠠᠢ᠌ᠬᠠᠨ ᠲᠤᠬᠠᠢ᠌ᠯᠠᠭᠰᠠᠨ ᠠᠵᠢᠯ᠎ᠤᠨ ᠶᠣᠰᠣ ᠮᠣᠷᠠᠯ᠎ᠲᠠᠢ ᠪᠠᠢ᠌ᠵᠤ᠂ ᠰᠢᠨᠵᠢᠯᠡᠬᠦ ᠤᠬᠠᠭ᠋ᠠᠨᠴᠢ ᠴᠢᠩᠭ᠎ᠠ ᠨᠢᠮᠪᠠᠢ᠂ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠵᠤ᠂ ᠣᠪᠣᠷ ᠰᠤᠷᠲᠠᠯ ᠲᠥᠪ ᠴᠢᠬᠡᠴᠢ ᠪᠠᠢ᠌ᠵᠤ᠂ ᠵᠠᠷᠴᠢᠮ᠎ᠢ ᠪᠠᠷᠢᠮᠲᠠᠯᠠᠨ᠂ ᠡᠭᠦᠷᠭᠡ ᠬᠠᠷᠢᠭᠤᠴᠠᠯᠭ᠎ᠠ᠎ᠪᠠᠨ ᠢᠳᠡᠪᠬᠢᠲᠡᠢ᠂ ᠨᠠᠷᠢᠨ ᠬᠢᠨᠠᠮᠠᠭ᠋ᠠᠢ᠂ ᠪᠤᠰᠤᠳᠴᠢ᠂ ᠲᠥᠪ ᠭᠣᠥᠯᠴᠢ᠎ᠪᠠᠷ ᠭᠦᠢ᠍ᠴᠡᠳᠬᠡᠬᠦ ᠵᠢᠨ ᠬᠠᠮᠲᠤ᠂ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠠᠵᠢᠯ᠎ᠤᠨ ᠨᠢᠭᠤᠴᠠ ᠵᠢ ᠬᠠᠮᠠᠭ᠋ᠠᠯᠠᠬᠤ ᠬᠡᠷᠡᠭᠲᠡᠢ᠃

      3. ᠪᠡᠶ᠎ᠡ ᠮᠠᠬᠠᠪᠤᠳ ᠡᠷᠡᠭᠦᠯ ᠴᠢᠭᠢᠷᠠᠭ᠂ ᠨᠠᠰᠤ᠎ᠨᠢ ᠡᠩ᠎ᠤᠨ ᠪᠠᠢ᠌ᠳᠠᠯ᠎ᠳᠤ ᠪᠦᠬᠦᠯᠢ 65 ᠨᠠᠰᠤᠨ ᠎ᠠᠴᠠ ᠳᠣᠷᠣᠭᠰᠢ ᠪᠠᠢ᠌ᠵᠤ᠂ ᠠᠺᠠᠳᠧᠮᠢᠴᠢ ᠵᠡᠷᠭᠡ  ᠣᠨᠴᠠᠭ᠋ᠠᠢ  ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ ᠨᠠᠰᠤᠨ᠎ᠤ ᠬᠢᠵᠠᠭ᠋ᠠᠷᠯᠠᠯ᠎ᠳᠤ ᠬᠢᠵᠠᠭ᠋ᠠᠷᠯᠠᠭᠳᠠᠬᠤ ᠦᠭᠡᠢ᠂ ᠦᠷ᠎ᠡ ᠵᠢᠨ ᠮᠠᠯ ᠵᠢᠭᠦᠷᠲᠡᠨ᠎ᠤ ᠬᠦᠷᠢᠶ᠎ᠡ ᠴᠠᠷᠠᠭ᠎ᠠ ᠵᠢᠨ ᠲᠤᠰᠬᠠᠢ ᠮᠡᠷᠭᠡᠵᠢᠯ᠎ᠤᠨ ᠯᠠᠪᠯᠠᠭ᠎ᠠ᠂ ᠲᠥᠷᠥᠯ ᠵᠦᠢ᠍ᠯ᠎ᠢ ᠬᠢᠨᠠᠨ ᠲᠣᠭᠲᠠᠭ᠋ᠠᠬᠤ᠂ ᠶᠠᠰᠤ ᠴᠢᠨᠠᠷ᠎ᠢ ᠰᠢᠯᠭ᠋ᠠᠨ ᠠᠪᠬᠤ᠂ ᠮᠡᠷᠭᠡᠵᠢᠯ᠎ᠤᠨ ᠯᠠᠪᠯᠠᠭ᠎ᠠ ᠥᠭᠬᠦ ᠠᠵᠢᠯ᠎ᠢ ᠡᠭᠦᠷᠭᠡᠯᠡᠵᠦ  ᠳᠡᠢ᠌ᠯᠬᠦ ᠬᠡᠷᠡᠭᠲᠡᠢ᠃

      4. ᠲᠣᠰ ᠬᠥᠮᠥᠨ᠎ᠨᠢ ᠮᠠᠨ᠎ᠤ ᠣᠷᠣᠨ᠎ᠤ ᠵᠣᠬᠢᠶᠠᠨ ᠪᠠᠢ᠌ᠭᠤᠯᠤᠭᠰᠠᠨ ᠦᠷ᠎ᠡ ᠵᠢᠨ ᠮᠠᠯ ᠵᠢᠭᠦᠷᠲᠡᠨ᠎ᠢ  ᠦᠢ᠍ᠯᠡᠳᠪᠦᠷᠢᠯᠡᠨ ᠡᠵᠡᠩᠨᠡᠬᠦ  ᠵᠥᠪᠰᠢᠶᠡᠷᠡᠯ᠎ᠢ ᠬᠢᠨᠠᠨ ᠲᠣᠭᠲᠠᠭ᠋ᠠᠬᠤ ᠵᠡᠷᠭᠡ ᠲᠠᠯ᠎ᠠ ᠵᠢᠨ ᠠᠵᠢᠯ᠎ᠳᠤ ᠪᠡᠶ᠎ᠡ᠎ᠪᠠᠨ ᠳᠠᠭ᠋ᠠᠭ᠋ᠠᠭᠰᠠᠨ ᠪᠡᠶ᠎ᠡ ᠬᠡᠮ ᠵᠶ᠋ᠡᠷ ᠰᠠᠢ᠌ᠨ ᠳᠤᠷ᠎ᠠ᠎ᠠᠴᠠ᠎ᠪᠠᠨ ᠣᠷᠣᠯᠴᠠᠬᠤ ᠵᠢᠨ ᠬᠠᠮᠲᠤ᠂ ᠠᠵᠢᠯᠯᠠᠵᠤ ᠪᠠᠢ᠌ᠭ᠎ᠠ ᠬᠤᠭᠤᠴᠠᠭ᠋ᠠᠨ᠎ᠳᠠᠭᠠᠨ ᠤᠳᠤᠷᠢᠳᠤᠯᠭ᠎ᠠ ᠪᠠ ᠬᠢᠨᠠᠯᠲᠠ ᠬᠠᠮᠢᠶᠠᠷᠤᠯᠲᠠ ᠵᠢ  ᠬᠦᠯᠢᠶᠡᠬᠦ ᠬᠡᠷᠡᠭᠲᠡᠢ᠃

      5. ᠠᠯᠪᠠᠲᠠᠨ ᠪᠤᠰᠤ᠃

      (ᠬᠣᠶᠠᠷ) ᠲᠤᠰᠬᠠᠢ ᠮᠡᠷᠭᠡᠵᠢᠯ᠎ᠤᠨ ᠨᠥᠬᠥᠴᠡᠯ

      1. ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠮᠡᠳᠡᠯᠭᠡ᠎ᠲᠠᠢ᠂ ᠲᠤᠬᠠᠢ᠌ᠯᠠᠭᠰᠠᠨ ᠠᠵᠢᠯ᠎ᠤᠨ ᠴᠢᠳᠠᠪᠤᠷᠢ᠎ᠪᠠᠷ ᠴᠢᠩᠭ᠎ᠠ᠂ ᠮᠠᠯ ᠠᠵᠤ ᠠᠬᠤᠢ᠂ ᠮᠠᠯ ᠡᠮᠨᠡᠯᠭᠡ ᠵᠡᠷᠭᠡ ᠲᠤᠰᠬᠠᠢ ᠮᠡᠷᠭᠡᠵᠢᠯ᠎ᠤᠨ ᠵᠢᠭ᠋ᠠᠨ ᠰᠤᠷᠭ᠋ᠠᠯᠲᠠ᠂ ᠰᠢᠨᠵᠢᠯᠡᠬᠦ ᠤᠬᠠᠭ᠋ᠠᠨ᠎ᠤ ᠰᠤᠳᠤᠯᠤᠯ ᠪᠤᠶᠤ ᠠᠵᠢᠯ ᠲᠥᠷᠥᠯ᠎ᠤᠨ ᠬᠠᠮᠢᠶᠠᠷᠤᠯᠲᠠ ᠵᠡᠷᠭᠡ ᠵᠢ ᠡᠷᠭᠢᠯᠡᠨ 5 ᠵᠢᠯ᠎ᠠᠴᠠ ᠳᠡᠭᠡᠭᠰᠢ ᠦᠷᠭᠦᠯᠵᠢᠯᠡᠨ ᠠᠵᠢᠯᠯᠠᠵᠤ᠂ ᠲᠤᠰᠬᠠᠢ ᠮᠡᠷᠭᠡᠵᠢᠯ᠎ᠤᠨ ᠬᠦᠷᠢᠶ᠎ᠡ ᠴᠠᠷᠠᠭ᠎ᠠ᠎ᠳᠤ ᠮᠡᠳᠡᠷᠡᠭᠳᠡᠬᠦ ᠬᠡᠮᠵᠢᠶ᠎ᠡ᠎ᠪᠠᠷ ᠥᠨᠳᠥᠷ᠂ ᠳᠡᠳ᠋ ᠳᠡᠭᠡᠳᠦ ᠵᠡᠷᠭᠡ ᠵᠢᠨ ᠪᠤᠶᠤ ᠲᠡᠭᠦᠨ᠎ᠠᠴᠠ ᠳᠡᠭᠡᠭᠰᠢᠬᠢ ᠲᠤᠰᠬᠠᠢ ᠮᠡᠷᠭᠡᠵᠢᠯ᠎ᠤᠨ ᠴᠣᠯᠠ᠎ᠲᠠᠢ ᠪᠠᠢ᠌ᠬᠤ ᠬᠡᠷᠡᠭᠲᠡᠢ᠃

      2. ᠬᠠᠤᠯᠢ ᠴᠠᠭ᠋ᠠᠵᠠ ᠵᠢᠨ ᠦᠵᠡᠯ ᠤᠬᠠᠮᠰᠠᠷ ᠵᠶ᠋ᠠᠷ ᠴᠢᠩᠭ᠎ᠠ ᠪᠠᠢ᠌ᠵᠤ᠂ ᠦᠷ᠎ᠡ ᠵᠢᠨ ᠮᠠᠯ ᠵᠢᠭᠦᠷᠲᠡᠨ᠎ᠤ ᠬᠦᠷᠢᠶ᠎ᠡ ᠴᠠᠷᠠᠭ᠎ᠠ ᠵᠢᠨ ᠬᠥᠭᠵᠢᠯᠲᠡ ᠵᠢᠨ ᠪᠠᠢ᠌ᠳᠠᠯ ᠪᠠ ᠤᠯᠤᠰ᠎ᠤᠨ ᠲᠥᠷᠥ ᠵᠢᠨ ᠪᠣᠳᠣᠯᠭ᠎ᠠ᠂ ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ᠂ ᠣᠷᠣᠨ ᠨᠤᠲᠤᠭ᠎ᠤᠨ ᠪᠠᠷᠢᠮᠵᠢᠶ᠎ᠠ ᠵᠢ ᠲᠣᠳᠣᠷᠬᠠᠢ  ᠣᠢ᠌ᠯᠭ᠋ᠠᠬᠤ ᠬᠡᠷᠡᠭᠲᠡᠢ᠃

      3. ᠦᠷ᠎ᠡ ᠵᠢᠨ ᠮᠠᠯ ᠵᠢᠭᠦᠷᠲᠡᠨ᠎ᠤ ᠬᠦᠷᠢᠶ᠎ᠡ ᠴᠠᠷᠠᠭ᠎ᠠ ᠵᠢᠨ ᠲᠥᠷᠥᠯ ᠵᠦᠢ᠍ᠯ᠎ᠤᠨ ᠠᠰᠠᠭᠤᠨ ᠯᠠᠪᠯᠠᠬᠤ ᠪᠤᠶᠤ ᠬᠢᠨᠠᠨ ᠲᠣᠭᠲᠠᠭ᠋ᠠᠬᠤ ᠠᠵᠢᠯᠯᠠᠭ᠎ᠠ ᠵᠢᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠪᠠ ᠱᠠᠭ᠋ᠠᠷᠳᠠᠯᠭ᠎ᠠ ᠵᠢ ᠰᠠᠢ᠌ᠨ ᠣᠢ᠌ᠯᠠᠭ᠋ᠠᠬᠤ ᠵᠢᠨ ᠬᠠᠮᠲᠤ ᠡᠯᠪᠡᠭ ᠪᠠᠶᠠᠯᠢᠭ ᠦᠢ᠍ᠯᠡᠳᠦᠯᠭᠡ ᠵᠢᠨ ᠲᠤᠷᠰᠢᠯᠭ᠎ᠠ᠎ᠲᠠᠢ ᠪᠠᠢ᠌ᠬᠤ ᠬᠡᠷᠡᠭᠲᠡᠢ᠃

      4. ᠣᠷᠣᠨ᠎ᠤ ᠭᠠᠳᠠᠨᠠᠬᠢ ᠬᠥᠮᠥᠷᠭᠡ᠎ᠳᠤ ᠣᠷᠣᠭᠤᠯᠬᠤ᠎ᠪᠠᠷ ᠭᠤᠶᠤᠴᠢᠯᠠᠬᠤ ᠲᠤᠰᠬᠠᠢ ᠮᠡᠷᠭᠡᠵᠢᠯᠲᠡᠳ᠎ᠨᠢ ᠮᠠᠨ᠎ᠤ ᠣᠷᠣᠨ᠎ᠤ ᠦᠷ᠎ᠡ ᠵᠢᠨ ᠮᠠᠯ ᠵᠢᠭᠦᠷᠲᠡᠨ᠎ᠤ ᠬᠥᠭᠵᠢᠯᠲᠡ᠎ᠳᠤ ᠵᠣᠬᠢᠬᠤ ᠴᠠᠭ ᠬᠤᠭᠤᠴᠠᠭ᠎ᠠ᠂ ᠣᠶᠤᠨ ᠴᠢᠳᠠᠯ ᠵᠶ᠋ᠠᠨ ᠬᠠᠩᠭ᠋ᠠᠬᠤ ᠵᠢ ᠪᠠᠲᠤᠯᠠᠵᠤ᠂ ᠲᠥᠷᠥᠯ ᠵᠦᠢ᠍ᠯ᠎ᠤᠨ ᠲᠥᠷᠥᠯ ᠵᠦᠢ᠍ᠯ ᠲᠣᠭᠲᠠᠭ᠋ᠠᠬᠤ᠂ ᠰᠢᠯᠭ᠋ᠠᠨ ᠠᠪᠬᠤ᠂ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠢ ᠬᠢᠨᠠᠨ ᠲᠣᠭᠲᠠᠭ᠋ᠠᠬᠤ ᠵᠡᠷᠭᠡ ᠭᠣᠭᠴᠣᠭ᠎ᠠ᠎ᠳᠤ ᠴᠠᠭ ᠲᠤᠬᠠᠢ᠎ᠳᠤᠨᠢ ᠣᠷᠣᠯᠴᠠᠬᠤ ᠵᠢ ᠪᠡᠶᠡᠯᠡᠭᠦᠯᠬᠦ ᠬᠡᠷᠡᠭᠲᠡᠢ᠃

      (ᠭᠤᠷᠪᠠ) ᠬᠢᠵᠠᠭ᠋ᠠᠷᠯᠠᠬᠤ ᠨᠥᠬᠥᠴᠡᠯ

      ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠨᠢ ᠪᠠᠢ᠌ᠪᠠᠯ᠂ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠲᠤᠰᠬᠠᠢ ᠮᠡᠷᠭᠡᠵᠢᠯᠲᠡᠨ᠎ᠳᠤ ᠮᠡᠳᠡᠭᠦᠯᠵᠦ ᠪᠣᠯᠬᠤ ᠦᠭᠡᠢ᠄

      1. ᠬᠣᠯᠪᠣᠭᠳᠠᠯ ᠪᠦᠬᠦᠢ ᠲᠤᠬᠠᠢ᠌ᠯᠠᠭᠰᠠᠨ ᠠᠵᠢᠯ᠎ᠤᠨ ᠠᠵᠢᠯᠯᠠᠭ᠎ᠠ ᠬᠢᠬᠦ᠎ᠳᠡᠭᠡᠨ ᠮᠠᠭᠤ ᠲᠡᠮᠳᠡᠭᠯᠡᠯ᠎ᠲᠠᠢ᠂ ᠢᠲᠡᠭᠡᠯ ᠠᠯᠳᠠᠭᠰᠠᠨ ᠭᠦᠢ᠍ᠴᠡᠳᠬᠡᠭᠳᠡᠭᠴᠢ ᠵᠢᠨ ᠨᠡᠷᠡᠰ᠎ᠲᠤ ᠵᠢᠭᠰᠠᠭ᠋ᠠᠭᠳᠠᠭᠰᠠᠨ;

      2. ᠰᠠᠬᠢᠯᠭ᠎ᠠ ᠪᠠᠲᠤ ᠵᠢ ᠵᠥᠷᠢᠴᠡᠵᠦ ᠰᠢᠳᠬᠡᠯ ᠣᠯᠣᠭᠰᠠᠨ ᠪᠤᠶᠤ ᠰᠠᠬᠢᠯᠭ᠎ᠠ ᠪᠠᠲᠤ ᠵᠢᠨ ᠬᠢᠨᠠᠨ ᠪᠠᠢ᠌ᠴᠠᠭ᠋ᠠᠯᠲᠠ ᠵᠢ ᠶᠠᠭ ᠬᠦᠯᠢᠶᠡᠵᠦ ᠪᠠᠢ᠌ᠬᠤ;

      3. ᠡᠷᠡᠭᠦᠦ ᠵᠢᠨ ᠰᠢᠳᠬᠡᠯ ᠣᠯᠵᠤ ᠥᠩᠭᠡᠷᠡᠭᠰᠡᠨ ᠪᠤᠶᠤ ᠶᠠᠭ ᠡᠷᠡᠭᠦᠦ ᠵᠢᠨ ᠬᠡᠷᠡᠭ ᠵᠶ᠋ᠡᠷ ᠬᠡᠷᠡᠭ ᠪᠣᠯᠭ᠋ᠠᠨ ᠲᠠᠨᠭ᠌ᠰᠠᠯᠠᠵᠤ ᠪᠠᠢ᠌ᠴᠠᠭ᠋ᠠᠭᠳᠠᠵᠤ ᠪᠠᠢ᠌ᠬᠤ᠃

      ᠳᠥᠷᠪᠡ᠂ ᠠᠵᠢᠯ᠎ᠤᠨ ᠡᠭᠦᠷᠭᠡ ᠬᠠᠷᠢᠭᠤᠴᠠᠯᠭ᠎ᠠ

      1. ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠢ ᠪᠢᠴᠢᠭ᠎ᠤᠨ  ᠬᠡᠯᠪᠡᠷᠢ᠎ᠪᠠᠷ  ᠬᠢᠨᠠᠨ ᠲᠣᠭᠲᠠᠭ᠋ᠠᠬᠤ ᠪᠠ ᠲᠤᠬᠠᠢ ᠵᠢᠨ ᠭᠠᠵᠠᠷ᠎ᠲᠤᠨᠢ ᠬᠢᠨᠠᠨ ᠲᠣᠭᠲᠠᠭ᠋ᠠᠬᠤ ᠠᠵᠢᠯ᠎ᠢ ᠡᠭᠦᠷᠭᠡᠯᠡᠨ᠎ᠡ᠃

      2. ᠮᠠᠨ᠎ᠤ ᠣᠷᠣᠨ᠎ᠤ ᠦᠷ᠎ᠡ ᠵᠢᠨ ᠮᠠᠯ ᠵᠢᠭᠦᠷᠲᠡᠨ᠎ᠤ ᠬᠦᠷᠢᠶ᠎ᠡ ᠴᠠᠷᠠᠭ᠎ᠠ ᠵᠢᠨ ᠠᠵᠢᠯ᠎ᠤᠨ ᠲᠥᠯᠦᠪᠵᠢᠭᠦᠯᠭᠡ ᠵᠢ ᠵᠢᠷᠤᠭᠯᠠᠨ ᠲᠥᠯᠥᠪᠯᠡᠬᠦ᠂ ᠲᠥᠷᠥ ᠵᠢᠨ ᠪᠣᠳᠣᠯᠭ᠎ᠠ ᠲᠣᠭᠲᠠᠭ᠋ᠠᠬᠤ᠂ ᠨᠤᠲᠠᠯᠠᠯᠲᠠ ᠬᠢᠵᠦ ᠦᠨᠡᠯᠡᠨ ᠵᠢᠱ᠌ᠢᠬᠦ ᠪᠠ ᠴᠢᠬᠤᠯᠠ ᠶᠡᠬᠡ ᠵᠦᠢ᠍ᠯᠡᠰ᠎ᠲᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠡᠷᠭᠡ᠎ᠳᠤ ᠯᠠᠪᠯᠠᠯᠭ᠎ᠠ ᠵᠢᠨ ᠰᠠᠨᠠᠭᠤᠯᠭ᠎ᠠ ᠬᠠᠩᠭ᠋ᠠᠨ᠎ᠠ᠃

      3. ᠮᠠᠨ᠎ᠤ ᠣᠷᠣᠨ᠎ᠤ ᠦᠷ᠎ᠡ ᠵᠢᠨ ᠮᠠᠯ ᠵᠢᠭᠦᠷᠲᠡᠨ᠎ᠤ ᠬᠦᠷᠢᠶ᠎ᠡ ᠴᠠᠷᠠᠭ᠎ᠠ ᠵᠢᠨ ᠲᠥᠷᠥᠯ ᠵᠦᠢ᠍ᠯ᠎ᠢ ᠨᠤᠲᠠᠯᠠᠵᠤ ᠬᠢᠨᠠᠨ ᠲᠣᠭᠲᠠᠭ᠋ᠠᠬᠤ᠂ ᠮᠡᠷᠭᠡᠵᠢᠯ᠎ᠤᠨ ᠬᠢᠨᠠᠨ ᠲᠣᠭᠲᠠᠭ᠋ᠠᠯᠲᠠ ᠬᠢᠬᠦ ᠪᠠ ᠲᠥᠷᠥᠯ ᠵᠦᠢ᠍ᠯ᠎ᠢ ᠰᠢᠯᠭ᠋ᠠᠨ ᠠᠪᠬᠤ ᠵᠡᠷᠭᠡ ᠠᠵᠢᠯ᠎ᠢ ᠬᠠᠮᠵᠢᠨ ᠥᠷᠨᠢᠭᠦᠯᠦᠨ᠎ᠡ᠃

      4. ᠮᠠᠨ᠎ᠤ ᠣᠷᠣᠨ᠎ᠤ ᠦᠷ᠎ᠡ ᠵᠢᠨ ᠮᠠᠯ ᠵᠢᠭᠦᠷᠲᠡᠨ᠎ᠤ  ᠬᠦᠷᠢᠶ᠎ᠡ ᠴᠠᠷᠠᠭ᠋ᠠᠨ᠎ᠳᠠᠬᠢ ᠲᠤᠰᠬᠠᠢ ᠰᠤᠳᠤᠯᠭ᠋ᠠᠨ᠂ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ᠂ ᠮᠡᠳᠡᠭᠡ ᠵᠠᠩᠭᠢ ᠵᠢᠨ ᠰᠣᠯᠢᠯᠴᠠᠭ᠎ᠠ᠂ ᠮᠡᠷᠭᠡᠵᠢᠯ᠎ᠤᠨ ᠯᠠᠪᠯᠠᠭ᠎ᠠ᠂ ᠲᠠᠢ᠌ᠯᠤᠮᠵᠢ ᠵᠢᠨ ᠪᠣᠯᠪᠠᠰᠤᠷᠠᠯ ᠪᠠ ᠪᠤᠰᠤᠳ ᠦᠢ᠍ᠯᠡᠴᠢᠯᠡᠭᠡᠨ᠎ᠤ ᠠᠵᠢᠯ᠎ᠳᠤ ᠣᠷᠣᠯᠴᠠᠨ᠎ᠠ᠃

      5. ᠦᠷ᠎ᠡ ᠵᠢᠨ ᠮᠠᠯ ᠵᠢᠭᠦᠷᠲᠡᠨ᠎ᠤ ᠮᠡᠷᠭᠡᠵᠢᠯ᠎ᠤᠨ ᠵᠢᠷᠤᠮᠵᠢᠯ᠂ ᠮᠡᠷᠭᠡᠵᠢᠯ᠎ᠤᠨ ᠳᠦᠷᠢᠮ ᠪᠠ ᠰᠢᠨ᠎ᠡ ᠵᠢ ᠡᠭᠦᠳᠬᠦ ᠲᠣᠭᠲᠠᠴᠠ ᠵᠢ ᠨᠠᠢ᠌ᠷᠠᠭᠤᠯᠤᠨ ᠵᠣᠬᠢᠶᠠᠵᠤ᠂ ᠮᠡᠷᠭᠡᠵᠢᠯ᠎ᠤᠨ ᠪᠣᠯᠪᠠᠰᠤᠷᠠᠯ᠂ ᠲᠠᠯᠠᠪᠠᠶ ᠪᠠ ᠡᠷᠦᠬᠡ᠎ᠳᠤ ᠣᠷᠣᠬᠤ ᠵᠢ ᠵᠢᠯᠤᠭᠣᠳᠬᠤ ᠪᠠ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠡᠷᠭᠡ ᠠᠵᠢᠯ᠎ᠢ ᠥᠷᠨᠢᠭᠦᠯᠦᠨ᠎ᠡ᠃

      6. ᠮᠠᠨ᠎ᠤ ᠲᠢᠩᠬᠢᠮ᠎ᠤᠨ ᠨᠠᠢ᠌ᠳᠠᠭᠰᠠᠨ ᠪᠤᠰᠤᠳ ᠠᠵᠢᠯ᠎ᠢ ᠡᠭᠦᠷᠭᠡᠯᠡᠨ᠎ᠡ᠃

      ᠲᠠᠪᠤ᠂ ᠭᠤᠶᠤᠴᠢᠯᠠᠬᠤ ᠠᠷᠭ᠎ᠠ

      ᠨᠡᠢ᠌ᠭᠡᠮ᠎ᠠᠴᠠ ᠢᠯᠡ᠎ᠪᠠᠷ ᠡᠯᠰᠡᠨ ᠴᠤᠭᠯᠠᠭᠤᠯᠬᠤ᠎ᠳᠤ᠂ ᠵᠣᠬᠢᠶᠠᠨ ᠪᠠᠢ᠌ᠭᠤᠯᠤᠯᠲᠠ᠎ᠠᠴᠠ ᠲᠠᠨᠢᠯᠴᠠᠭᠤᠯᠬᠤ ᠪᠠ ᠬᠤᠪᠢ ᠬᠥᠮᠥᠨ ᠭᠤᠶᠤᠴᠢᠯᠠᠬᠤ ᠬᠣᠶᠠᠷ ᠵᠦᠢ᠍ᠯ᠎ᠤᠨ ᠠᠷᠭ᠎ᠠ ᠮᠠᠶᠢᠭ᠎ᠢ ᠠᠪᠴᠤ᠂ ᠵᠣᠬᠢᠶᠠᠨ ᠪᠠᠢ᠌ᠭᠤᠯᠤᠯᠲᠠ᠎ᠠᠴᠠ ᠲᠠᠨᠢᠯᠴᠠᠭᠤᠯᠬᠤ᠎ᠪᠠᠷ ᠭᠣᠣᠯ ᠪᠣᠯᠭ᠋ᠠᠨ᠎ᠠ᠃ ᠣᠷᠣᠨ᠎ᠤ ᠳᠣᠲᠣᠷᠠᠬᠢ ᠡᠯ᠎ᠡ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠢ᠌ᠭᠤᠯᠤᠮᠵᠢ᠂ ᠳᠡᠭᠡᠳᠦ ᠰᠤᠷᠭ᠋ᠠᠭᠤᠯᠢ᠂ ᠣᠷᠣᠨ᠎ᠤ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠡ ᠪᠣᠯᠣᠨ ᠡᠯ᠎ᠡ ᠠᠢ᠌ᠮᠠᠭ ᠬᠣᠲᠠ᠂ ᠬᠣᠰᠢᠭᠤ ᠰᠢᠶᠠᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠤᠳ ᠴᠥᠮ ᠮᠠᠨ᠎ᠤ ᠲᠢᠩᠬᠢᠮ᠎ᠳᠤ ᠨᠥᠬᠥᠴᠡᠯ᠎ᠳᠤ ᠨᠡᠢ᠌ᠴᠡᠬᠦ ᠲᠤᠰᠬᠠᠢ ᠮᠡᠷᠭᠡᠵᠢᠯᠲᠡᠨ᠎ᠢ ᠲᠠᠨᠢᠯᠴᠠᠭᠤᠯᠵᠤ ᠪᠣᠯᠣᠨ᠎ᠠ; ᠬᠢᠷᠢ ᠬᠡᠮ᠎ᠤᠨ ᠨᠥᠬᠥᠴᠡᠯ᠎ᠳᠤ ᠨᠡᠢ᠌ᠴᠡᠬᠦ ᠲᠤᠰᠬᠠᠢ ᠮᠡᠷᠭᠡᠵᠢᠯᠲᠡᠨ ᠥᠪᠡᠷ ᠵᠶ᠋ᠡᠨ ᠴᠦ᠍ ᠥᠪᠡᠷ᠎ᠢ᠎ᠪᠠᠨ ᠲᠠᠨᠢᠯᠴᠠᠭᠤᠯᠵᠤ ᠪᠣᠯᠣᠨ᠎ᠠ᠃

ᠦᠷ᠎ᠡ ᠵᠢᠨ ᠮᠠᠯ ᠵᠢᠭᠦᠷᠲᠡᠨ᠎ᠢ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠣᠷᠣᠬᠤ᠎ᠪᠠᠷ ᠭᠤᠶᠤᠴᠢᠯᠠᠬᠤ᠎ᠪᠠᠷ ᠪᠠᠢ᠌ᠭ᠎ᠠ ᠲᠤᠰᠬᠠᠢ ᠮᠡᠷᠭᠡᠵᠢᠯᠲᠡᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠷ᠎ᠡ ᠵᠢᠨ ᠮᠠᠯ ᠵᠢᠭᠦᠷᠲᠡᠨ᠎ᠢ ᠬᠢᠨᠠᠨ  ᠲᠣᠭᠲᠠᠭ᠋ᠠᠬᠤ  ᠲᠤᠰᠬᠠᠢ ᠮᠡᠷᠭᠡᠵᠢᠯᠲᠡᠨ᠎ᠤ ᠭᠤᠶᠤᠴᠢᠯᠠᠯ᠎ᠤᠨ ᠬᠦᠰᠦᠨᠦᠭᠲᠦ》 ᠵᠢ ᠲᠠᠭᠯᠠᠵᠤ᠂  ᠲᠣᠰ ᠬᠥᠮᠥᠨ᠎ᠨᠢ ᠭᠠᠷ᠎ᠤᠨ ᠥᠰᠥᠭ ᠵᠢᠷᠤᠬᠤ ᠪᠠ ᠨᠢᠭᠡᠴᠡ᠎ᠨᠢ ᠭᠠᠷ᠎ᠤᠨ ᠥᠰᠥᠭ ᠵᠢᠷᠤᠬᠤ ᠵᠢᠨ ᠬᠠᠮᠲᠤ ᠲᠠᠮᠠᠭ᠎ᠠ᠎ᠪᠠᠨ ᠳᠠᠷᠤᠭᠰᠠᠨ᠎ᠤ ᠳᠠᠷᠠᠭ᠎ᠠ᠂ ᠪᠡᠶ᠎ᠡ ᠵᠢᠨ ᠦᠨᠡᠮᠯᠡᠯ᠂ ᠲᠤᠰᠬᠠᠢ ᠮᠡᠷᠭᠡᠵᠢᠯ᠎ᠤᠨ ᠴᠣᠯᠠ ᠵᠢᠨ ᠦᠨᠡᠮᠯᠡᠯ ᠵᠡᠷᠭᠡ ᠵᠢᠨ ᠬᠠᠭᠤᠯᠪᠤᠷᠢ᠎ᠲᠠᠢ᠎ᠪᠠᠨ ᠬᠠᠮᠲᠤ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠤᠨ ᠦᠷ᠎ᠡ ᠵᠢᠨ ᠦᠢ᠍ᠯᠡᠰ᠎ᠤᠨ ᠬᠠᠮᠢᠶᠠᠷᠤᠯᠲᠠ ᠵᠢᠨ ᠭᠠᠵᠠᠷ᠎ᠲᠤ ᠮᠡᠳᠡᠭᠦᠯᠦᠨ ᠬᠦᠷᠭᠡᠬᠦ ᠵᠢᠨ ᠬᠠᠮᠲᠤ᠂ ᠴᠠᠭ᠋ᠠᠰᠤᠨ ᠬᠡᠪᠯᠡᠯ᠎ᠤᠨ ᠮᠡᠳᠡᠭᠦᠯᠦᠨ ᠬᠦᠷᠭᠡᠬᠦ ᠮᠠᠲ᠋ᠧᠷᠢᠶᠠᠯ᠎ᠢ PDF ᠬᠡᠯᠪᠡᠷᠢ ᠪᠣᠯᠭ᠋ᠠᠨ ᠰᠢᠷᠪᠢᠵᠦ ᠳᠠᠭ᠋ᠠᠯᠳᠤᠭᠤᠯᠤᠯ 1 ᠪᠣᠯᠣᠨ ᠳᠠᠭ᠋ᠠᠯᠳᠤᠭᠤᠯᠤᠯ 2᠎ᠤᠨ ᠡᠯᠧᠺᠲᠷᠣᠨ ᠬᠡᠪᠯᠡᠯ᠎ᠲᠠᠢ ᠬᠠᠮᠲᠤ ᠵᠢᠭ᠋ᠠᠨ ᠲᠣᠭᠲᠠᠭ᠋ᠠᠭᠰᠠᠨ  ᠢᠮᠧᠯ᠎ᠳᠤ  ᠢᠯᠡᠭᠡᠨ᠎ᠡ᠃

      ᠵᠢᠷᠭᠤᠭ᠎ᠠ᠂ ᠬᠣᠯᠪᠣᠭᠳᠠᠯ ᠪᠦᠬᠦᠢ ᠱᠠᠭ᠋ᠠᠷᠳᠠᠯᠭ᠎ᠠ

      《ᠰᠠᠢ᠌ᠨ ᠳᠤᠷ᠎ᠠ᠎ᠠᠴᠠ᠎ᠪᠠᠨ᠂ ᠴᠢᠯᠦᠭᠡᠲᠡᠢ ᠶᠠᠪᠤᠯᠴᠠᠬᠤ᠂ ᠰᠢᠯᠵᠢᠬᠦ᠂ ᠰᠢᠯᠢᠳᠡᠭ᠎ᠢ᠎ᠨᠢ ᠰᠣᠩᠭᠣᠬᠤ》 ᠵᠠᠷᠴᠢᠮ ᠶᠣᠰᠣᠭ᠋ᠠᠷ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠵᠦ᠂ ᠮᠠᠨ᠎ᠤ ᠲᠢᠩᠬᠢᠮ᠎ᠤᠨ ᠵᠣᠬᠢᠶᠠᠨ ᠪᠠᠢ᠌ᠭᠤᠯᠤᠭᠰᠠᠨ ᠡᠯ᠎ᠡ ᠬᠤᠪᠢᠶᠠᠷᠢ ᠵᠦᠢ᠍ᠯ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ (ᠲᠤᠰᠬᠠᠢ ᠮᠡᠷᠭᠡᠵᠢᠯᠲᠡᠨ᠎ᠤ ᠳᠤᠭᠤᠢ᠌ᠯᠠᠩ) ᠵᠢ ᠴᠥᠮ ᠲᠤᠰ ᠲᠤᠰᠬᠠᠢ ᠮᠡᠷᠭᠡᠵᠢᠯᠲᠡᠨ᠎ᠤ ᠬᠥᠮᠥᠷᠭᠡ᠎ᠠᠴᠠ ᠭᠠᠷᠭ᠋ᠠᠨ᠎ᠠ᠃ ᠲᠤᠰᠬᠠᠢ ᠮᠡᠷᠭᠡᠵᠢᠯᠲᠡᠨ ᠬᠢᠨᠠᠨ ᠲᠣᠭᠲᠠᠭ᠋ᠠᠬᠤ᠂ ᠠᠰᠠᠭᠤᠨ ᠯᠠᠪᠯᠠᠬᠤ ᠵᠡᠷᠭᠡ ᠠᠵᠢᠯ᠎ᠳᠤ ᠣᠷᠣᠯᠴᠠᠬᠤ ᠳᠤᠮᠳᠠ ᠬᠠᠤᠯᠢ ᠴᠠᠭ᠋ᠠᠵᠠ ᠰᠠᠬᠢᠯᠭ᠎ᠠ ᠪᠠᠲᠤ᠎ᠠᠴᠠ ᠵᠥᠷᠢᠴᠡᠭᠰᠡᠨ ᠵᠡᠷᠭᠡ ᠠᠰᠠᠭᠤᠳᠠᠯ᠎ᠲᠠᠢ ᠪᠠᠢ᠌ᠬᠤ ᠵᠢ ᠣᠯᠵᠤ ᠮᠡᠳᠡᠪᠡᠯ᠂ ᠲᠤᠰᠬᠠᠢ ᠮᠡᠷᠭᠡᠵᠢᠯᠲᠡᠨ᠎ᠤ ᠬᠥᠮᠥᠷᠭᠡ᠎ᠠᠴᠠ ᠢᠯᠭ᠋ᠠᠷᠠᠭᠤᠯᠤᠨ ᠪᠤᠴᠠᠭ᠋ᠠᠬᠤ ᠵᠢᠨ ᠬᠠᠮᠲᠤ᠂ ᠠᠰᠠᠭᠤᠳᠠᠯ᠎ᠤᠨ ᠰᠦᠪᠡᠭᠴᠢ ᠵᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠵᠤ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠭᠦᠯᠦᠨ᠎ᠡ᠃ ᠲᠤᠰᠬᠠᠢ ᠮᠡᠷᠭᠡᠵᠢᠯᠲᠡᠨ ᠎ᠨᠢ  ᠬᠠᠤᠯᠢ ᠶᠣᠰᠣᠭ᠋ᠠᠷ ᠪᠡᠶ᠎ᠡ᠎ᠪᠠᠨ ᠳᠠᠭ᠋ᠠᠭ᠋ᠠᠨ ᠠᠵᠢᠯ ᠵᠶ᠋ᠠᠨ ᠥᠷᠨᠢᠭᠦᠯᠵᠦ᠂ ᠲᠥᠪ ᠭᠣᠣᠯᠴᠢ ᠰᠠᠨᠠᠯ ᠳᠤᠷᠠᠳᠴᠤ᠂ ᠶᠠᠮᠠᠷᠪᠠ  ᠨᠢᠭᠡᠴᠡ  ᠪᠤᠶᠤ ᠬᠤᠪᠢ ᠬᠥᠮᠥᠨ᠎ᠤ ᠭᠠᠷ ᠲᠦᠷᠦᠭᠦ ᠵᠢ ᠬᠦᠯᠢᠶᠡᠬᠦ ᠦᠭᠡᠢ᠎ᠪᠠᠷ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠥᠳᠡᠯᠮᠦᠷᠢ ᠦᠢ᠍ᠯᠡᠴᠢᠯᠡᠭᠡᠨ᠎ᠤ ᠬᠥᠯᠥᠰᠦ ᠣᠯᠭᠣᠮᠵᠢ ᠬᠦᠷᠳᠡᠨ᠎ᠠ᠃

      ᠳᠣᠯᠣᠭ᠎ᠠ᠂ ᠡᠯᠰᠡᠬᠦ ᠲᠠᠰ ᠳᠠᠷᠠᠭ᠋ᠠᠯᠠᠯ

      1. ᠭᠤᠶᠤᠴᠢᠯᠠᠭᠴᠢ ᠥᠪᠡᠷ ᠵᠶ᠋ᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠷ᠎ᠡ ᠵᠢᠨ ᠮᠠᠯ ᠵᠢᠭᠦᠷᠲᠡᠨ᠎ᠢ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠭᠤᠶᠤᠴᠢᠯᠠᠯ᠎ᠤᠨ ᠬᠦᠰᠦᠨᠦᠭᠲᠦ》 ᠵᠢ ᠲᠠᠭᠯᠠᠨ ᠪᠢᠴᠢᠬᠦ ᠵᠢᠨ ᠬᠠᠮᠲᠤ ᠰᠤᠷᠤᠯᠭ᠎ᠠ ᠵᠢᠨ ᠨᠠᠮᠲᠠᠷ ᠮᠡᠷᠭᠡᠵᠢᠯ᠎ᠤᠨ ᠴᠣᠯᠠ ᠪᠤᠶᠤ ᠠᠳᠠᠯᠢ ᠲᠠᠰ᠎ᠤᠨ ᠲᠤᠰᠬᠠᠢ ᠮᠡᠷᠭᠡᠵᠢᠯ᠎ᠤᠨ ᠬᠢᠷᠢ ᠬᠡᠮᠵᠢᠶ᠎ᠡ ᠵᠢᠨ ᠭᠡᠷᠡᠴᠢ᠂ ᠮᠡᠷᠭᠡᠵᠢᠯ᠎ᠤᠨ ᠴᠢᠳᠠᠪᠤᠷᠢ ᠵᠢᠨ ᠦᠨᠡᠮᠯᠡᠯ ᠵᠡᠷᠭᠡ ᠪᠠᠭᠤᠯᠭ᠋ᠠᠪᠤᠷᠢ ᠵᠢ ᠳᠠᠭ᠋ᠠᠯᠳᠤᠭᠤᠯᠤᠨ᠎ᠠ᠃

      2. ᠲᠠᠨᠢᠯᠴᠠᠭᠤᠯᠬᠤ ᠨᠢᠭᠡᠴᠡ᠎ᠨᠢ ᠬᠠᠮᠢᠶ᠎ᠠ ᠪᠦᠬᠦᠢ ᠮᠡᠳᠡᠭᠦᠯᠬᠦ ᠮᠠᠲ᠋ᠧᠷᠢᠶᠠᠯ᠎ᠢ ᠬᠢᠨᠠᠨ ᠬᠠᠷᠭᠤᠭᠤᠯᠵᠤ᠂ ᠮᠡᠳᠡᠭᠡ ᠵᠠᠩᠭᠢ ᠵᠢᠨ ᠦᠨᠡᠨ ᠪᠣᠳᠠᠲᠠᠢ᠂ ᠪᠦᠷᠢᠨ ᠪᠦᠲᠦᠨ᠂ ᠬᠦᠴᠦᠨ᠎ᠲᠠᠢ ᠪᠠᠢ᠌ᠬᠤ ᠵᠢ ᠪᠠᠲᠤᠯᠠᠬᠤ ᠵᠢᠨ ᠬᠠᠮᠲᠤ᠂ ᠭᠤᠶᠤᠴᠢᠯᠠᠯ᠎ᠤᠨ ᠬᠦᠰᠦᠨᠦᠭᠲᠦ ᠳᠡᠭᠡᠷ᠎ᠡ ᠰᠠᠨᠠᠯ ᠵᠶ᠋ᠠᠨ ᠪᠢᠴᠢᠵᠦ (ᠠᠯᠪᠠᠨ ᠲᠠᠮᠠᠭ᠎ᠠ ᠳᠠᠷᠤᠨ᠎ᠠ)᠂ ᠭᠤᠶᠤᠴᠢᠯᠠᠭᠰᠠᠨ ᠮᠠᠲ᠋ᠧᠷᠢᠶᠠᠯ ᠵᠶ᠋ᠠᠨ ᠲᠢᠩᠬᠢᠮ᠎ᠤᠨ ᠦᠷ᠎ᠡ ᠵᠢᠨ ᠦᠢ᠍ᠯᠡᠰ᠎ᠤᠨ ᠬᠠᠮᠢᠶᠠᠷᠤᠯᠲᠠ ᠵᠢᠨ ᠭᠠᠵᠠᠷ᠎ᠲᠤ ᠮᠡᠳᠡᠭᠦᠯᠦᠨ ᠬᠦᠷᠭᠡᠬᠦ ᠬᠡᠷᠡᠭᠲᠡᠢ᠃

      3. ᠮᠠᠨ᠎ᠤ ᠲᠢᠩᠬᠢᠮ᠎ᠠᠴᠠ ᠮᠡᠳᠡᠭᠦᠯᠬᠦ ᠮᠠᠲ᠋ᠧᠷᠢᠶᠠᠯ᠎ᠢ ᠬᠢᠨᠠᠨ ᠬᠠᠷᠭᠤᠭᠤᠯᠬᠤ ᠠᠵᠢᠯ᠎ᠢ ᠵᠣᠬᠢᠶᠠᠨ ᠪᠠᠢ᠌ᠭᠤᠯᠵᠤ᠂ ᠬᠥᠮᠥᠷᠭᠡ᠎ᠳᠤ ᠣᠷᠣᠭᠤᠯᠬᠤ ᠲᠤᠰᠬᠠᠢ ᠮᠡᠷᠭᠡᠵᠢᠯᠲᠡᠨ᠎ᠤ ᠵᠢᠱ᠌ᠢᠭᠳᠡᠭᠴᠢ ᠵᠢ ᠰᠢᠯᠢᠳᠡᠭ᠎ᠢ᠎ᠨᠢ ᠰᠣᠩᠭᠣᠨ ᠲᠣᠭᠲᠠᠭ᠋ᠠᠵᠤ᠂ ᠬᠢᠨᠠᠨ ᠪᠠᠢ᠌ᠴᠠᠭ᠋ᠠᠭ᠋ᠠᠳ ᠬᠢᠷᠢ ᠲᠡᠩᠴᠡᠭᠰᠡᠨ ᠲᠤᠰᠬᠠᠢ ᠮᠡᠷᠭᠡᠵᠢᠯᠲᠡᠨ᠎ᠤ ᠨᠡᠷᠡᠰ᠎ᠢ  ᠵᠠᠷᠯᠠᠨ ᠨᠡᠢ᠌ᠲᠡᠯᠡᠵᠦ᠂ ᠵᠠᠷᠯᠠᠨ  ᠨᠡᠢ᠌ᠲᠡᠯᠡᠬᠦ᠎ᠳᠤ ᠣᠨᠳᠣᠣ ᠰᠠᠨᠠᠯ ᠦᠭᠡᠢ ᠪᠣᠯ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠣᠷᠣᠭᠤᠯᠤᠨ᠎ᠠ᠃

      ᠨᠠᠢ᠍ᠮᠠ᠂ ᠡᠯᠰᠡᠬᠦ ᠴᠠᠭ

      ᠡᠯᠰᠡᠵᠦ ᠳᠠᠭᠤᠰᠬᠤ ᠴᠠᠭ᠎ᠨᠢ 2025 ᠣᠨ᠎ᠤ 6 ᠰᠠᠷ᠎ᠠ ᠵᠢᠨ 25᠎ᠤ ᠡᠳᠦᠷ᠃

      ᠶᠢᠰᠦ᠂ ᠬᠠᠷᠢᠯᠴᠠᠬᠤ ᠠᠷᠭ᠎ᠠ

      ᠬᠠᠷᠢᠯᠴᠠᠬᠤ ᠬᠥᠮᠥᠨ᠄ ᠼᠤᠤ ᠯᠢ ᠯᠢ 0471-6651841

      ᠢᠮᠸᠯ᠄ nmgnmtzyc@163.com

      ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠤᠨ ᠦᠷ᠎ᠡ ᠵᠢᠨ ᠦᠢ᠍ᠯᠡᠰ᠎ᠤᠨ ᠬᠠᠮᠢᠶᠠᠷᠤᠯᠲᠠ ᠵᠢᠨ ᠭᠠᠵᠠᠷ (ᠥᠪᠥᠷ ᠮᠣᠩᠭᠣᠯ᠎ᠤᠨ ᠬᠥᠬᠡᠬᠣᠲᠠ ᠵᠢᠨ ᠤᠯᠠᠭ᠋ᠠᠨᠴᠠᠪ᠎ᠤᠨ ᠵᠡᠭᠦᠨ ᠵᠡᠭᠡᠯᠢ ᠵᠢᠨ 70 ᠳ᠋ᠤᠭ᠋ᠠᠷ ᠨᠣᠮᠧᠷ; ᠰᠢᠤᠳᠠᠨ ᠳ᠋ᠤᠭ᠋ᠠᠷ᠄ 010011)


      ᠳᠠᠭ᠋ᠠᠯᠳᠤᠭᠤᠯᠤᠯ᠄ 1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠷ᠎ᠡ ᠵᠢᠨ ᠮᠠᠯ ᠵᠢᠭᠦᠷᠲᠡᠨ᠎ᠢ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠭᠤᠶᠤᠴᠢᠯᠠᠬᠤ ᠬᠦᠰᠦᠨᠦᠭᠲᠦ

      2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠷ᠎ᠡ ᠵᠢᠨ ᠮᠠᠯ ᠵᠢᠭᠦᠷᠲᠡᠨ᠎ᠢ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠮᠡᠳᠡᠭᠡ ᠵᠠᠩᠭᠢ ᠵᠢᠨ ᠬᠤᠷᠢᠶᠠᠩᠭᠤᠢ ᠬᠦᠰᠦᠨᠦᠭᠲᠦ


                        ᠥᠪᠥᠷ ᠮᠣᠩᠭᠣᠯ᠎ᠤᠨ  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ

                        ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ

                                2025 ᠣᠨ᠎ᠤ 6 ᠰᠠᠷ᠎ᠠ ᠵᠢᠨ 16᠎ᠤ  ᠡᠳᠦᠷ

 

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            