ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠠᠯᠪᠠᠨ ᠨᠡᠶ᠋ᠢᠲᠡᠯᠡᠯ
《ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ》᠎ᠢ ᠬᠢᠨᠠᠨ ᠣᠯᠭᠣᠬᠤ ᠵᠢ ᠵᠥᠪᠰᠢᠶᠡᠷᠡᠬᠦ ᠲᠤᠬᠠᠢ ᠠᠯᠪᠠᠨ ᠵᠠᠷ
ᠨᠡᠶ᠋ᠢᠲᠡᠯᠡᠭᠰᠡᠨ ᠴᠠᠭ᠄ 2025-06-18

      《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠮᠠᠯ ᠠᠵᠤ ᠠᠬᠤᠢ ᠵᠢᠨ ᠬᠠᠤᠯᠢ》 ᠪᠣᠯᠣᠨ 《ᠭᠡᠷ᠎ᠤᠨ ᠲᠡᠵᠢᠭᠡᠪᠦᠷᠢ ᠵᠢᠨ ᠤᠳᠤᠮᠯᠠᠯ᠎ᠤᠨ ᠮᠠᠲ᠋ᠧᠷᠢᠶᠠᠯ᠎ᠤᠨ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠠᠷᠭ᠎ᠠ》 ᠵᠢᠨ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠬᠢᠨᠠᠨ  ᠰᠢᠯᠭ᠋ᠠᠷᠠᠭᠤᠯᠤᠯᠲᠠ᠎ᠳᠤ  ᠬᠢᠷᠢ  ᠲᠡᠩᠴᠡᠭᠰᠡᠨ᠎ᠠᠴᠠ  ᠴᠢᠩ ᠱᠦᠢ ᠾᠧ᠎ᠤᠨ  ᠰᠠᠢ ᠺᠸ ᠰᠢᠩ ᠮᠠᠯ ᠠᠵᠤ ᠠᠬᠤᠢ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠥᠪᠥᠷ ᠮᠣᠩᠭᠣᠯ᠎ᠤᠨ ᠰᠠᠢ ᠺᠸ ᠰᠢᠩ ᠦᠷᠡᠵᠢᠭᠦᠯᠦᠨ ᠪᠣᠢ᠌ᠵᠢᠭᠤᠯᠬᠤ ᠠᠮᠢᠳᠤ ᠪᠣᠳᠠᠰ᠎ᠤᠨ ᠮᠡᠷᠭᠡᠵᠢᠯ (ᠪᠦᠯᠦᠭᠯᠡᠯ)᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ 《ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ》᠎ᠢ ᠬᠢᠨᠠᠨ ᠣᠯᠭᠣᠬᠤ ᠵᠢ  ᠵᠦᠪᠰᠢᠶᠡᠷᠡᠪᠡ᠃

 

      ᠳᠠᠭ᠋ᠠᠯᠳᠤᠭᠤᠯᠤᠯ᠄ 《ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ》᠎ᠢ ᠣᠯᠭᠣᠭᠰᠠᠨ ᠠᠵᠤ ᠠᠬᠤᠢ᠌ᠯᠠᠯ᠎ᠤᠨ  ᠨᠡᠷᠡᠰ

 

                       ᠥᠪᠥᠷ ᠮᠣᠩᠭᠣᠯ᠎ᠤᠨ  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ

                       ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ

                               2025 ᠣᠨ᠎ᠤ 6 ᠰᠠᠷ᠎ᠠ ᠵᠢᠨ 18᠎ᠤ  ᠡᠳᠦᠷ

 

      ᠳᠠᠭ᠋ᠠᠯᠳᠤᠭᠤᠯᠤᠯ

      《ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ》᠎ᠢ ᠣᠯᠭᠣᠭᠰᠠᠨ  ᠠᠵᠤ ᠠᠬᠤᠢ᠌ᠯᠠᠯ᠎ᠤᠨ ᠨᠡᠷᠡᠰ  

      1. ᠴᠢᠩ ᠱᠦᠢ ᠾᠧ  ᠰᠠᠢ  ᠺᠸ ᠰᠢᠩ ᠮᠠᠯ ᠠᠵᠤ ᠠᠬᠤᠢ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ

      ᠰᠢᠯᠭ᠋ᠠᠨ ᠠᠪᠤᠭᠰᠠᠨ  ᠬᠡᠪᠴᠢᠶ᠎ᠡ᠄  ᠡᠾᠸᠰᠲ᠋ᠠᠨ  ᠦᠬᠡᠷ᠎ᠤᠨ ᠬᠦᠪᠦᠷᠡᠯ

      ᠦᠢ᠍ᠯᠡᠳᠪᠦᠷᠢᠯᠡᠯ᠎ᠤᠨ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠴᠢᠩ ᠱᠦᠢ ᠾᠧ ᠰᠢᠶᠠᠨ᠎ᠤ ᠦ᠋ ᠯᠢᠶᠠᠩ᠎ᠲᠠᠢ ᠰᠢᠶᠠᠩ᠎ᠤᠨ  ᠪᠦᠸᠸ  ᠪᠦᠸᠸ  ᠳ᠋ᠠᠢ ᠲᠣᠰᠬᠣᠨ᠎ᠠᠴᠠ ᠬᠤᠢ᠌ᠨ᠎ᠠ  800 ᠮᠧᠲᠷ

      ᠦᠢ᠍ᠯᠡᠳᠪᠦᠷᠢᠯᠡᠵᠦ  ᠡᠵᠡᠩᠨᠡᠬᠦ  ᠵᠥᠪᠰᠢᠶᠡᠷᠡᠯ᠎ᠤᠨ ᠦᠨᠡᠮᠯᠡᠯ᠎ᠤᠨ ᠳ᠋ᠤᠭ᠋ᠠᠷ᠄ (2025) ᠥᠪᠥᠷ ᠮᠣᠩᠭᠣᠯ A0816003

      ᠬᠦᠴᠦᠨ᠎ᠲᠠᠢ ᠬᠤᠭᠤᠴᠠᠭ᠎ᠠ᠄ 2028 ᠣᠨ᠎ᠤ 6 ᠰᠠᠷ᠎ᠠ ᠵᠢᠨ 18᠎ᠤ ᠡᠳᠦᠷ

      ᠲᠤᠳᠤᠷᠬᠠᠢ᠌ᠯᠠᠯᠳᠠ᠄  ᠰᠢᠨ᠎ᠡ ᠠᠪᠤᠭᠰᠠᠨ ᠦᠨᠡᠮᠯᠡᠯ

      2. ᠥᠪᠥᠷ ᠮᠣᠩᠭᠣᠯ᠎ᠤᠨ  ᠰᠠᠢ  ᠺᠸ ᠰᠢᠩ ᠦᠷᠡᠵᠢᠭᠦᠯᠦᠨ ᠪᠣᠢ᠌ᠵᠢᠭᠤᠯᠬᠤ ᠠᠮᠢᠳᠤ ᠪᠣᠳᠠᠰ᠎ᠤᠨ ᠮᠡᠷᠭᠡᠵᠢᠯ (ᠪᠦᠯᠦᠭᠯᠡᠯ)᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ

      ᠰᠢᠯᠭ᠋ᠠᠨ ᠠᠪᠤᠭᠰᠠᠨ  ᠬᠡᠪᠴᠢᠶ᠎ᠡ᠄ ᠡᠾᠸᠰᠲ᠋ᠠᠨ  ᠦᠬᠡᠷ᠎ᠤᠨ ᠬᠦᠪᠦᠷᠡᠯ

      ᠦᠢ᠍ᠯᠡᠳᠪᠦᠷᠢᠯᠡᠯ᠎ᠤᠨ ᠬᠠᠶᠢᠭ᠄  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠬᠣᠷᠢᠨᠭᠡᠷ ᠰᠢᠶᠠᠨ᠎ᠤ ᠴᠧᠩ  ᠭᠤᠸᠠᠨ  ᠪᠠᠯᠭ᠋ᠠᠰᠤᠨ᠎ᠤ ᠮᠣᠣ ᠶᠠᠨ ᠵᠢᠶᠠ  ᠤᠤ  ᠲᠣᠰᠬᠣᠨ

      ᠦᠢ᠍ᠯᠡᠳᠪᠦᠷᠢᠯᠡᠵᠦ  ᠡᠵᠡᠩᠨᠡᠬᠦ  ᠵᠥᠪᠰᠢᠶᠡᠷᠡᠯ᠎ᠤᠨ ᠦᠨᠡᠮᠯᠡᠯ᠎ᠤᠨ ᠳ᠋ᠤᠭ᠋ᠠᠷ᠄ (2024) ᠥᠪᠥᠷ ᠮᠣᠩᠭᠣᠯ A0716002

      ᠬᠦᠴᠦᠨ᠎ᠲᠠᠢ ᠬᠤᠭᠤᠴᠠᠭ᠎ᠠ᠄ 2027 ᠣᠨ 6 ᠰᠠᠷ᠎ᠠ ᠵᠢᠨ 20᠎ᠤ ᠡᠳᠦᠷ

      ᠲᠤᠳᠤᠷᠬᠠᠢ᠌ᠯᠠᠯᠳᠠ᠄  ᠬᠠᠤᠯᠢ ᠵᠢᠨ ᠲᠦᠯᠦᠭᠡᠨ᠎ᠤ ᠬᠦᠮᠦᠨ ᠵᠶ᠋ᠡᠨ  ᠰᠤᠯᠢᠪᠠ

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            