ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ 2025 ᠣᠨ᠎ᠤ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠪᠦᠭᠡᠮᠨᠡᠷᠡᠯ᠎ᠢ ᠳᠡᠮᠵᠢᠬᠦ ᠲᠥᠷᠥᠯ ᠵᠦᠢ᠍ᠯ᠎ᠤᠨ ᠲᠤᠬᠠᠢ ᠠᠯᠪᠠᠨ ᠵᠠᠷ
ᠨᠡᠶ᠋ᠢᠲᠡᠯᠡᠭᠰᠡᠨ ᠴᠠᠭ᠄ 2025-06-01

      《ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠠᠯᠪᠠᠨ ᠲᠢᠩᠬᠢᠮ᠎ᠤᠨ 2025 ᠣᠨ᠎ᠤ ᠲᠠᠷᠢᠶᠠᠯᠠᠩ᠎ᠤᠨ ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠲᠥᠷᠥᠯ ᠵᠦᠢ᠍ᠯ᠎ᠤᠨ ᠨᠡᠷᠡᠰ᠎ᠢ ᠨᠡᠢ᠌ᠲᠡᠯᠡᠬᠦ ᠲᠤᠬᠠᠢ ᠮᠡᠳᠡᠭᠳᠡᠯ》 (ᠲᠠᠷᠢᠶᠠᠯᠠᠩ ᠠᠯᠪᠠᠨ  ᠲᠦᠯᠦᠪᠯᠡᠭᠡ ᠡᠳ᠋ [2025] 11  ᠳ᠋ᠤᠭᠡᠷ  ᠲᠣᠭ᠋ᠠᠲᠤ)᠂ 《〈ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ  ᠪᠦᠭᠡᠮᠨᠡᠷᠡᠯ᠎ᠤᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠵᠢᠯ᠎ᠤᠨ ᠳᠦᠷᠢᠮ (ᠲᠤᠷᠰᠢᠨ ᠬᠡᠷᠡᠭᠵᠢᠭᠦᠯᠬᠦ)〉᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 (ᠲᠠᠷᠢᠶᠠᠯᠠᠩ  ᠠᠵᠤ  ᠶᠡᠷᠦᠩᠬᠡᠢ ᠵᠠᠬᠢᠳᠠᠯ [2025] 9 ᠳ᠋ᠤᠭᠡᠷ  ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠨᠢᠭᠡᠨᠲᠡ ᠬᠢᠨᠠᠨ ᠲᠣᠭᠲᠠᠭ᠋ᠠᠭᠰᠠᠨ ᠰᠠᠨᠠᠯ᠎ᠤᠨ ᠶᠣᠰᠣᠭ᠋ᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠬᠠᠳᠠ ᠵᠢᠨ  ᠲᠦᠭᠦᠭᠡᠷᠦᠮᠵᠢᠲᠦ ᠢᠳᠡᠰᠢᠨ ᠨᠣᠭᠣᠭ᠎ᠠ ᠵᠢᠨ ᠠᠵᠤ ᠦᠢ᠍ᠯᠡᠰ᠎ᠤᠨ ᠪᠦᠭᠡᠮᠨᠡᠷᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠪᠤᠷ᠎ᠤᠨ ᠪᠤᠭᠤᠳᠠᠢ ᠵᠢᠨ ᠠᠵᠤ ᠦᠢ᠍ᠯᠡᠰ᠎ᠤᠨ ᠪᠦᠭᠡᠮᠨᠡᠷᠡᠯ᠎ᠢ ᠪᠦᠲᠦᠭᠡᠨ ᠪᠠᠶ᠋ᠢᠭᠤᠯᠬᠤ ᠲᠥᠰᠥᠯ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠣᠷᠣᠨ᠎ᠤ  ᠨᠤᠤᠯᠤᠭᠤᠷ᠎ᠤᠨ ᠢᠮᠠᠭ᠋ᠠᠨ᠎ᠤ ᠠᠵᠤ ᠦᠢ᠍ᠯᠡᠰ᠎ᠤᠨ ᠪᠦᠭᠡᠮᠨᠡᠷᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠᠷᠠᠭᠤᠨ ᠣᠷᠣᠨ᠎ᠤ ᠰᠦ ᠵᠢᠨ ᠦᠢ᠍ᠯᠡᠰ᠎ᠤᠨ ᠪᠦᠭᠡᠮᠨᠡᠷᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠮᠣᠨᠢ ᠠᠭᠤᠯᠠ ᠵᠢᠨ ᠲᠦᠮᠦᠰᠦ ᠵᠢᠨ ᠠᠵᠤ ᠦᠢ᠍ᠯᠡᠰ᠎ᠤᠨ ᠪᠦᠭᠡᠮᠨᠡᠷᠡᠯ᠎ᠢ ᠦᠷᠭᠦᠯᠵᠢᠯᠡᠨ ᠪᠠᠢ᠌ᠭᠤᠯᠬᠤ ᠲᠦᠰᠦᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂  ᠡᠳᠦᠭᠡ ᠲᠥᠪ᠎ᠤᠨ ᠡᠳ᠋᠎ᠤᠨ ᠵᠠᠰᠠᠭ᠎ᠤᠨ ᠱᠠᠩᠨᠠᠵᠤ ᠨᠥᠬᠥᠪᠦᠷᠢᠯᠡᠬᠦ ᠪᠡᠯᠡ ᠮᠥᠩᠭᠥ᠎ᠪᠠᠷ ᠳᠡᠮᠵᠢᠬᠦ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠭᠣᠣᠯ ᠴᠣᠭᠴᠠ᠂ ᠪᠦᠲᠦᠭᠡᠨ ᠪᠠᠢ᠌ᠭᠤᠯᠤᠯᠲᠠ ᠵᠢᠨ ᠠᠭᠤᠯᠭ᠎ᠠ ᠪᠠ ᠪᠡᠯᠡ ᠮᠥᠩᠭᠥ ᠵᠢᠨ ᠬᠤᠪᠢᠶᠠᠷᠢᠯᠠᠯᠲᠠ  ᠵᠡᠷᠭᠡ ᠵᠦᠢ᠍ᠯᠡᠰ᠎ᠢ  ᠵᠠᠷᠯᠠᠨ ᠨᠡᠢ᠌ᠲᠡᠯᠵᠤ ᠪᠠᠢ᠌ᠨ᠎ᠠ᠃ 

      ᠵᠠᠷᠯᠠᠨ ᠨᠡᠢ᠌ᠲᠡᠯᠡᠬᠦ ᠬᠤᠭᠤᠴᠠᠭ᠎ᠠ᠎ᠨᠢ 5 ᠰᠠᠷ᠎ᠠ ᠵᠢᠨ 30᠎ᠤ ᠡᠳᠦᠷ᠎ᠠᠴᠠ 6 ᠰᠠᠷ᠎ᠠ ᠵᠢᠨ 4᠎ᠤ ᠡᠳᠦᠷ  ᠪᠣᠯᠲᠠᠯ᠎ᠠ᠃ ᠬᠡᠷᠪᠡ ᠣᠨᠳᠣᠣ ᠰᠠᠨᠠᠯ᠎ᠲᠠᠢ ᠪᠣᠯ ᠦᠨᠡᠨ ᠨᠡᠷ᠎ᠡ᠎ᠪᠠᠷ ᠵᠶ᠋ᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ  ᠬᠦᠳᠡᠭᠡ ᠲᠤᠰᠬᠤᠨ  ᠮᠠᠯᠵᠢᠬᠤ ᠣᠷᠣᠨ᠎ᠤ  ᠲᠢᠩᠬᠢᠮ᠎ᠤᠨ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠪᠣᠯᠣᠨ ᠠᠲᠠᠷ ᠬᠠᠭ᠋ᠠᠯᠪᠤᠷᠢᠯᠠᠯᠲᠠ ᠵᠢᠨ ᠭᠠᠵᠠᠷ᠎ᠲᠤ ᠲᠤᠰᠬᠠᠵᠤ᠂ ᠪᠠᠢ᠌ᠳᠠᠯ ᠵᠶ᠋ᠠᠨ ᠲᠤᠰᠬᠠᠬᠤ᠎ᠳᠠᠭᠠᠨ ᠦᠨᠡᠨ᠎ᠠᠴᠠ ᠵᠥᠪ᠎ᠢ  ᠡᠷᠢᠬᠦ ᠵᠢ ᠪᠠᠷᠢᠮᠲᠠᠯᠠᠬᠤ ᠵᠢᠨ ᠬᠠᠮᠲᠤ ᠭᠡᠷᠡᠴᠢᠯᠡᠬᠦ  ᠮᠠᠲᠸᠷᠢᠶᠠᠯ  ᠬᠠᠩᠭ᠋ᠠᠬᠤ ᠬᠡᠷᠡᠭᠲᠡᠢ᠃

      ᠬᠠᠷᠢᠯᠴᠠᠬᠤ  ᠬᠥᠮᠥᠨ᠄ ᠼᠤᠤ ᠽᠢ ᠬᠠᠩ

      ᠬᠠᠷᠢᠯᠴᠠᠬᠤ ᠤᠲᠠᠰᠤ᠄ 0471-6652210

      ᠢᠮᠧᠯ᠄ nmtcynkc@163.com


      ᠳᠠᠭ᠋ᠠᠯᠳᠤᠭᠤᠯᠤᠯ᠄ 1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠬᠠᠳᠠ ᠵᠢᠨ  ᠲᠦᠭᠦᠭᠡᠷᠦᠮᠵᠢᠲᠦ  ᠢᠳᠡᠰᠢᠨ ᠨᠣᠭᠣᠭ᠋ᠠᠨ᠎ᠤ ᠠᠵᠤ ᠦᠢ᠍ᠯᠡᠰ᠎ᠤᠨ  ᠪᠦᠭᠡᠮᠨᠡᠷᠡᠯ᠎ᠤᠨ ᠪᠡᠯᠡ ᠮᠥᠩᠭᠥ  ᠬᠡᠷᠡᠭᠯᠡᠬᠦ ᠬᠤᠪᠢᠶᠠᠷᠢᠯᠠᠯᠲᠠ ᠵᠢᠨ  ᠬᠦᠰᠦᠨᠦᠭᠲᠦ

      2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠪᠤᠷ᠎ᠤᠨ ᠪᠤᠭᠤᠳᠠᠢ ᠵᠢᠨ ᠠᠵᠤ ᠦᠢ᠍ᠯᠡᠰ᠎ᠤᠨ ᠪᠥᠭᠡᠮᠨᠡᠷᠡᠯ᠎ᠤᠨ ᠪᠡᠯᠡ ᠮᠥᠩᠭᠥ  ᠬᠡᠷᠡᠭᠯᠡᠬᠦ ᠬᠤᠪᠢᠶᠠᠷᠢᠯᠠᠯᠲᠠ ᠵᠢᠨ  ᠬᠦᠰᠦᠨᠦᠭᠲᠦ

      3. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠣᠷᠣᠨ᠎ᠤ  ᠨᠤᠤᠯᠤᠭᠤᠷ᠎ᠤᠨ ᠢᠮᠠᠭ᠋ᠠᠨ᠎ᠤ ᠠᠵᠤ ᠦᠢ᠍ᠯᠡᠰ᠎ᠤᠨ ᠪᠥᠭᠡᠮᠨᠡᠷᠡᠯ᠎ᠤᠨ 2025 ᠣᠨ᠎ᠤ ᠦᠷᠭᠦᠯᠵᠢᠯᠡᠨ ᠪᠠᠶ᠋ᠢᠭᠤᠯᠬᠤ ᠲᠥᠷᠥᠯ ᠵᠦᠢ᠍ᠯ᠎ᠤᠨ ᠪᠡᠯᠡ ᠮᠥᠩᠭᠥ  ᠬᠡᠷᠡᠭᠯᠡᠬᠦ ᠬᠤᠪᠢᠶᠠᠷᠢᠯᠠᠯᠲᠠ ᠵᠢᠨ  ᠬᠦᠰᠦᠨᠦᠭᠲᠦ

      4. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠᠷᠠᠭᠤᠨ ᠣᠷᠣᠨ᠎ᠤ ᠰᠦ ᠵᠢᠨ ᠦᠢ᠍ᠯᠡᠰ᠎ᠤᠨ ᠠᠵᠤ ᠦᠢ᠍ᠯᠡᠰ᠎ᠤᠨ ᠪᠥᠭᠡᠮᠨᠡᠷᠡᠯ᠎ᠤᠨ 2025 ᠣᠨ᠎ᠤ ᠦᠷᠭᠦᠯᠵᠢᠯᠡᠨ ᠪᠠᠶ᠋ᠢᠭᠤᠯᠬᠤ ᠲᠥᠷᠥᠯ ᠵᠦᠢ᠍ᠯ᠎ᠤᠨ ᠪᠡᠯᠡ ᠮᠥᠩᠭᠥ ᠬᠡᠷᠡᠭᠯᠡᠬᠦ ᠬᠤᠪᠢᠶᠠᠷᠢᠯᠠᠯᠲᠠ ᠵᠢᠨ  ᠬᠦᠰᠦᠨᠦᠭᠲᠦ

      5. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠤᠨᠢ ᠠᠭᠤᠯᠠ ᠵᠢᠨ  ᠲᠦᠮᠦᠰᠦ ᠵᠢᠨ  ᠠᠵᠤ ᠦᠢ᠍ᠯᠡᠰ᠎ᠤᠨ ᠪᠥᠭᠡᠮᠨᠡᠷᠡᠯ᠎ᠤᠨ 2025 ᠣᠨ᠎ᠤ ᠦᠷᠭᠦᠯᠵᠢᠯᠡᠨ ᠪᠠᠶ᠋ᠢᠭᠤᠯᠬᠤ ᠲᠥᠷᠥᠯ ᠵᠦᠢ᠍ᠯ᠎ᠤᠨ ᠪᠡᠯᠡ ᠮᠥᠩᠭᠥ ᠬᠡᠷᠡᠭᠯᠡᠬᠦ ᠬᠤᠪᠢᠶᠠᠷᠢᠯᠠᠯᠲᠠ ᠵᠢᠨ  ᠬᠦᠰᠦᠨᠦᠭᠲᠦ


                       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ

                       ᠮᠠᠯ ᠠᠵᠤ ᠠᠬᠤᠢ ᠪᠠ  ᠬᠦᠳᠡᠭᠡ ᠲᠤᠰᠬᠤᠨ  ᠮᠠᠯᠵᠢᠬᠤ ᠣᠷᠣᠨ᠎ᠤ  ᠲᠢᠩᠬᠢᠮ

                              2025 ᠣᠨ᠎ᠤ 5 ᠰᠠᠷ᠎ᠠ ᠵᠢᠨ 30᠎ᠤ  ᠡᠳᠦᠷ

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            