ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠰᠤᠷᠪᠤᠯᠵᠢᠯᠠᠭ᠎ᠠ
《ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠳᠦᠷᠢᠮ》᠎ᠤᠨ ᠭᠣᠤᠯ ᠠᠭᠤᠯᠭ᠎ᠠ᠎ᠨᠢ ᠶᠠᠭᠤ ᠪᠣᠢ?
ᠨᠡᠶ᠋ᠢᠲᠡᠯᠡᠭᠰᠡᠨ ᠴᠠᠭ᠄ 2020-06-15

     《ᠳᠦᠷᠢᠮ》᠎ᠨᠢ ᠨᠡᠶ᠋ᠢᠲᠡ 7 ᠪᠦᠯᠦᠭ 45 ᠵᠤᠷᠪᠤᠰ ᠪᠣᠢ᠂ 4 ᠲᠠᠯ᠎ᠠ᠎ᠠᠴᠠ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠠᠵᠢᠯ᠎ᠢ ᠵᠢᠷᠤᠮᠵᠢᠭᠤᠯᠪᠠ᠂ ᠨᠢᠭᠡ᠎ᠳᠤ ᠡᠯ᠎ᠡ ᠲᠠᠯ᠎ᠠ ᠵᠢᠨ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢ ᠲᠣᠳᠣᠷᠬᠠᠶ᠋ᠢᠯᠠᠪᠠ; ᠬᠣᠶᠠᠷ᠎ᠲᠤ ᠰᠡᠷᠭᠡᠶ᠋ᠢᠯᠡᠨ ᠵᠠᠰᠠᠬᠤ ᠲᠦᠷᠢᠮ᠎ᠢ ᠲᠡᠭᠦᠯᠳᠡᠷᠵᠢᠭᠦᠯᠪᠡ; ᠭᠤᠷᠪᠠ᠎ᠳᠤ ᠲᠤᠰᠬᠠᠶ᠋ᠢᠵᠢᠭᠰᠠᠨ ᠰᠡᠷᠭᠡᠶ᠋ᠢᠯᠡᠨ ᠵᠠᠰᠠᠬᠤ ᠦᠢ᠍ᠯᠡᠴᠢᠯᠡᠭᠡ ᠵᠢ ᠵᠢᠷᠤᠮᠵᠢᠭᠤᠯᠪᠠ; ᠳᠥᠷᠪᠡ᠎ᠳᠤ ᠪᠣᠬᠢᠷᠲᠤᠯ ᠥᠬᠡᠶ ᠰᠡᠷᠭᠡᠶ᠋ᠢᠯᠡᠨ ᠡᠵᠡᠮᠳᠡᠬᠦ ᠵᠢ ᠶᠡᠬᠡᠪᠡᠷ ᠵᠣᠷᠢᠭᠵᠢᠭᠤᠯᠤᠨ᠎ᠠ᠃ ᠡᠭᠦᠨ᠎ᠠᠴᠠ ᠭᠠᠳᠠᠨ᠎ᠠ᠂ ᠲᠦᠷᠢᠮ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠠᠤᠯᠢ ᠴᠠᠭ᠋ᠠᠵᠠ ᠵᠢᠨ ᠴᠢᠩᠭ᠎ᠠ ᠬᠠᠷᠢᠭᠤᠴᠠᠯᠭ᠎ᠠ ᠲᠣᠭᠲᠠᠭ᠋ᠠᠵᠤ᠂ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠳᠬᠠᠪᠠ᠃
     1. 《ᠳᠦᠷᠢᠮ》᠎ᠳᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠦᠴᠢᠷ᠎ᠤᠨ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠡᠭᠦᠷᠭᠡ ᠬᠠᠷᠢᠭᠤᠴᠠᠯᠭ᠎ᠠ ᠪᠠ ᠲᠠᠷᠢᠶᠠᠯᠠᠩ᠎ᠤᠨ ᠦᠢ᠍ᠯᠡᠳᠪᠦᠷᠢᠯᠡᠭᠴᠢ ᠡᠵᠡᠩᠨᠡᠭᠴᠢ ᠵᠢᠨ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠵᠢ ᠲᠣᠳᠣᠷᠬᠠᠶ ᠲᠣᠭᠲᠠᠭ᠋ᠠᠪᠠ
     《ᠲᠦᠷᠢᠮ》᠎ᠳᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ᠂ ᠲᠠᠷᠢᠶᠠᠯᠠᠩ᠎ᠤᠨ ᠦᠢ᠍ᠯᠡᠳᠪᠦᠷᠢᠯᠡᠭᠴᠢ ᠡᠵᠡᠩᠨᠡᠭᠴᠢ ᠵᠢᠨ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢᠨ ᠲᠤᠬᠠᠢ (ᠳᠥᠷᠪᠡᠨ ᠲᠣᠳᠣᠷᠬᠠᠶ) ᠲᠣᠭᠲᠠᠭ᠋ᠠᠯ   ᠭᠠᠷᠭ᠋ᠠᠪᠠ᠄ ᠨᠢᠭᠡ᠎ᠳᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠵᠤᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠰᠡᠷᠭᠡᠶ᠋ᠢᠯᠡᠨ ᠵᠠᠰᠠᠬᠤ ᠠᠵᠢᠯ᠎ᠤᠨ ᠵᠠᠷᠤᠳᠠᠯ᠎ᠢ ᠲᠣᠰ ᠱᠠᠲᠤᠨ᠎ᠤ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠲᠥᠰᠦᠪ᠎ᠲᠤ ᠤᠷᠤᠭᠤᠯᠤᠨ᠎ᠠ ᠭᠡᠵᠦ ᠲᠣᠳᠣᠷᠬᠠᠶ ᠱᠠᠭ᠋ᠠᠷᠳᠠᠪᠠ᠃ ᠬᠣᠶᠠᠷ᠎ᠲᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠬᠢᠨᠠᠵᠤ ᠬᠠᠮᠢᠶᠠᠷᠬᠤ ᠠᠵᠢᠯ᠎ᠢ ᠬᠠᠷᠢᠭᠤᠴᠠᠵᠤ᠂ ᠳᠣᠲᠣᠭ᠋ᠠᠳᠤ ᠵᠢ ᠬᠠᠮᠠᠭ᠋ᠠᠯᠠᠬᠤ᠂ ᠵᠠᠮ ᠬᠠᠷᠢᠯᠴᠠᠭ᠎ᠠ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠴᠠᠭ ᠠᠭᠤᠷ ᠵᠡᠷᠭᠡ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠶᠣᠰᠣᠭ᠋ᠠᠷ ᠰᠡᠷᠭᠡᠢ᠌ᠯᠡᠨ ᠵᠠᠰᠠᠬᠤ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠲᠣᠳᠣᠷᠬᠠᠶ ᠲᠣᠭᠲᠠᠭ᠋ᠠᠪᠠ᠃ ᠭᠤᠷᠪᠠ᠎ᠳᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠬᠠᠮᠵᠢᠯᠴᠠᠨ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠵᠢ ᠤᠬᠠᠭᠤᠯᠬᠤ᠂ ᠳᠠᠶ᠋ᠢᠴᠢᠯᠠᠬᠤ᠂ ᠵᠣᠬᠢᠶᠠᠨ ᠪᠠᠶ᠋ᠢᠭᠤᠯᠬᠤ ᠵᠡᠷᠭᠡ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠲᠣᠳᠣᠷᠬᠠᠶ ᠱᠠᠭ᠋ᠠᠷᠳᠠᠵᠠᠶ᠃ ᠳᠥᠷᠪᠡ᠎ᠳᠤ ᠲᠠᠷᠢᠶᠠᠯᠠᠩ᠎ᠤᠨ ᠦᠢ᠍ᠯᠡᠳᠪᠦᠷᠢᠯᠡᠭᠴᠢ ᠡᠵᠡᠩᠨᠡᠭᠴᠢ ᠵᠡᠷᠭᠡ ᠬᠣᠯᠪᠣᠭᠳᠠᠯ ᠪᠦᠬᠦᠢ ᠨᠢᠭᠡᠴᠢ ᠪᠣᠯᠤᠨ ᠬᠤᠪᠢ ᠬᠥᠮᠦᠨ ᠦᠢ᠍ᠯᠡᠳᠪᠦᠷᠢᠯᠡᠨ ᠡᠵᠡᠩᠨᠡᠬᠦ ᠬᠡᠪᠴᠢᠶᠡᠨ᠎ᠳᠠᠬᠢ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠠᠵᠢᠯ᠎ᠢ ᠰᠠᠶ᠋ᠢᠲᠤᠷ ᠬᠢᠵᠦ᠂   ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠢᠳᠡᠪᠬᠢᠲᠡᠶ ᠬᠠᠮᠵᠢᠯᠴᠠᠨ ᠡᠪᠡᠳᠴᠢᠨ ᠬᠣᠷᠣᠬᠠᠶ ᠵᠢᠨ ᠬᠥᠨᠥᠭᠡᠯ ᠳᠡᠯᠭᠡᠷᠡᠬᠦ ᠵᠢ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠴᠤ᠂ ᠡᠪᠡᠳᠴᠢᠨ ᠬᠣᠷᠣᠬᠠᠶ ᠵᠢᠨ ᠬᠥᠨᠥᠭᠡᠯ ᠬᠦᠨᠳᠦ ᠨᠣᠴᠢᠲᠠᠶ ᠡᠭᠦᠰᠬᠦ ᠪᠤᠶᠤ ᠭᠡᠨᠡᠳᠲᠡ ᠡᠭᠦᠰᠬᠦ ᠦᠶ᠎ᠡ᠎ᠳᠤ ᠪᠠᠶ᠋ᠢᠭ᠎ᠠ ᠭᠠᠵᠠᠷ᠎ᠤᠨ ᠵᠶ᠋ᠠᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠴᠠᠭ ᠲᠤᠬᠠᠶ᠎ᠳᠤ᠎ᠨᠢ ᠮᠡᠳᠡᠭᠦᠯᠬᠦ ᠬᠡᠷᠡᠭᠲᠡᠶ ᠭᠡᠵᠦ ᠲᠣᠳᠣᠷᠬᠠᠶ ᠲᠣᠭᠲᠠᠭ᠋ᠠᠪᠠ᠃
    2. 《ᠲᠦᠷᠢᠮ》᠎ᠤᠨ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠲᠠᠯ᠎ᠠ᠎ᠪᠠᠷ᠎ᠬᠢ ᠲᠣᠭᠲᠠᠭ᠋ᠠᠯ
      ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠣᠯ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠢ᠌ᠯᠡᠨ ᠡᠵᠡᠮᠳᠡᠬᠦ ᠵᠢ ᠰᠠᠶ᠋ᠢᠲᠤᠷ ᠬᠢᠬᠦ ᠤᠷᠢᠲᠠᠯ ᠪᠣᠯᠤᠨ ᠰᠠᠭᠤᠷᠢ ᠠᠵᠢᠯ ᠪᠣᠯᠤᠨ᠎ᠠ᠃ 《ᠲᠦᠷᠢᠮ》᠎ᠳᠤ ᠦᠢ᠍ᠯᠡᠳᠦᠯᠭᠡ ᠵᠢᠨ ᠲᠤᠷᠰᠢᠯᠭ᠎ᠠ ᠵᠢ ᠳ᠋ᠦᠩᠨᠡᠬᠦ᠎ᠪᠠᠷ ᠳᠠᠮᠵᠢᠭᠤᠯᠤᠨ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠲᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠨᠢᠭᠡ᠎ᠳᠤ ᠬᠢᠨᠠᠨ ᠬᠡᠮᠵᠢᠬᠦ ᠰᠦᠯᠵᠢᠶᠡᠨ᠎ᠤ ᠪᠠᠶ᠋ᠢᠭᠤᠯᠤᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠪᠠ᠃ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠬᠡᠮᠵᠢᠬᠦ ᠲᠣᠣᠷ ᠰᠦᠯᠵᠢᠶᠡᠨ᠎ᠤ ᠪᠦᠲᠦᠭᠡᠨ ᠪᠠᠶ᠋ᠢᠭᠤᠯᠤᠯᠲᠠ ᠵᠢᠨ ᠲᠦᠯᠦᠪᠵᠢᠭᠦᠯᠭᠡ ᠵᠢ ᠨᠠᠶ᠋ᠢᠷᠠᠭᠤᠯᠤᠨ ᠲᠤᠭᠲᠠᠭ᠋ᠠᠬᠤ ᠵᠢ ᠬᠠᠷᠢᠭᠤᠴᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠠᠵᠤ ᠠᠬᠤᠶ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠬᠡᠮᠵᠢᠬᠦ ᠲᠣᠤᠷ ᠰᠦᠯᠵᠢᠶᠡᠨ᠎ᠤ ᠬᠠᠮᠢᠶᠠᠷᠤᠯᠲᠠ᠎ᠪᠠᠨ ᠴᠢᠩᠭ᠋ᠠᠳᠬᠠᠬᠤ ᠶᠤᠰᠤᠲᠠᠢ᠂ ᠶᠠᠮᠠᠷᠪᠠ ᠨᠢᠭᠡᠴᠢ ᠪᠠ ᠬᠤᠪᠢ ᠬᠥᠮᠦᠨ ᠬᠢᠨᠠᠨ ᠬᠡᠮᠵᠢᠬᠦ ᠪᠡᠯᠡᠳᠭᠡᠮᠵᠢ ᠲᠥᠬᠥᠭᠡᠷᠦᠮᠵᠢ ᠵᠢ ᠡᠵᠡᠯᠡᠬᠦ᠂ ᠡᠪᠳᠡᠬᠦ᠂ ᠨᠤᠷᠠᠭ᠋ᠠᠬᠤ᠂ ᠳᠤᠷ᠎ᠠ᠎ᠪᠠᠷ ᠵᠶ᠋ᠠᠨ ᠰᠢᠯᠵᠢᠭᠦᠯᠬᠦ ᠪᠤᠶᠤ ᠬᠢᠨᠠᠨ ᠬᠡᠮᠵᠢᠬᠦ ᠪᠡᠯᠡᠳᠭᠡᠮᠵᠢ ᠲᠥᠬᠥᠭᠡᠷᠦᠮᠵᠢ ᠵᠢᠨ ᠬᠡᠪ᠎ᠤᠨ ᠠᠵᠢᠯᠯᠠᠭ᠎ᠠ ᠵᠢ ᠪᠤᠰᠤᠳ ᠠᠷᠭ᠎ᠠ ᠮᠠᠶᠢᠭ ᠵᠶ᠋ᠠᠷ ᠬᠠᠷᠰᠢᠯᠠᠵᠤ ᠪᠣᠯᠬᠤ ᠦᠭᠡᠢ ᠭᠡᠵᠦ ᠲᠤᠭᠲᠠᠭ᠋ᠠᠬᠤ ᠵᠢᠨ ᠬᠠᠮᠲᠤ ᠲᠣᠷᠭ᠋ᠠᠬᠤ ᠳᠦᠷᠢᠮ ᠲᠣᠭᠲᠠᠭ᠋ᠠᠪᠠ᠃ ᠬᠣᠶᠠᠷ᠎ᠲᠤ ᠬᠢᠨᠠᠨ ᠬᠡᠮᠵᠢᠬᠦ ᠠᠭᠤᠯᠭ᠎ᠠ ᠵᠢ ᠵᠢᠷᠤᠮᠵᠢᠭᠤᠯᠪᠠ᠃ ᠡᠪᠡᠳᠴᠢᠨ ᠬᠣᠷᠣᠬᠠᠶ ᠵᠢᠨ ᠬᠥᠨᠥᠭᠡᠯ ᠡᠭᠦᠰᠬᠦ ᠲᠥᠷᠥᠯ ᠵᠦᠢ᠍ᠯ᠂ ᠴᠠᠭ ᠬᠤᠭᠤᠴᠠᠭ᠎ᠠ᠂ ᠬᠡᠪᠴᠢᠶ᠎ᠡ᠂ ᠬᠡᠮᠵᠢᠶ᠎ᠡ ᠵᠢ ᠬᠢᠨᠠᠨ ᠬᠡᠮᠵᠢᠬᠦ ᠲᠤᠬᠠᠶ ᠨᠠᠷᠢᠨ ᠲᠣᠳᠣᠷᠬᠠᠶ ᠲᠣᠭᠲᠠᠭ᠋ᠠᠯ ᠭᠠᠷᠭ᠋ᠠᠬᠤ ᠵᠢᠨ ᠬᠠᠮᠲᠤ ᠬᠢᠨᠠᠨ ᠬᠡᠮᠵᠢᠬᠦ ᠮᠡᠷᠭᠡᠵᠢᠯ᠎ᠤᠨ ᠵᠢᠷᠤᠮᠵᠢᠯ᠎ᠢ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠭᠲᠠᠭ᠋ᠠᠨ᠎ᠠ ᠭᠡᠵᠦ ᠲᠣᠭᠲᠠᠭ᠋ᠠᠪᠠ᠃ ᠭᠤᠷᠪᠠ᠎ᠳᠤ ᠬᠢᠨᠠᠨ ᠬᠡᠮᠵᠢᠭᠰᠡᠨ ᠮᠡᠳᠡᠭᠡ ᠵᠠᠩᠭᠢ ᠵᠢᠨ ᠮᠡᠳᠡᠭᠦᠯᠦᠯᠲᠡ ᠵᠢᠴᠢ ᠤᠷᠢᠳᠴᠢᠯᠠᠭᠰᠠᠨ ᠮᠡᠳᠡᠭᠡ ᠵᠢ ᠨᠡᠢ᠌ᠲᠡᠯᠡᠬᠦ ᠵᠢ ᠵᠢᠷᠤᠮᠵᠢᠭᠤᠯᠤᠨ᠎ᠠ᠃ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠬᠢᠨᠠᠨ ᠬᠡᠮᠵᠢᠭᠰᠡᠨ ᠮᠡᠳᠡᠭᠡ ᠵᠠᠩᠭᠢ ᠪᠠ ᠤᠷᠢᠳᠴᠢᠯᠠᠭᠰᠠᠨ ᠮᠡᠳᠡᠭᠡ ᠵᠢ ᠴᠠᠭ ᠲᠤᠬᠠᠶ᠎ᠳᠤ᠎ᠨᠢ ᠳᠡᠭᠡᠭᠰᠢ ᠮᠡᠳᠡᠭᠦᠯᠵᠦ᠂ ᠤᠷᠢᠳᠴᠢᠯᠠᠭᠰᠠᠨ ᠮᠡᠳᠡᠭᠡ ᠵᠢ ᠰᠢᠶᠠᠨ᠎ᠤ ᠱᠠᠲᠤᠨ᠎ᠠᠴᠠ ᠳᠡᠭᠡᠭᠰᠢᠬᠢ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠨᠡᠶ᠋ᠢᠲᠡᠯᠡᠨ᠎ᠡ ᠭᠡᠵᠦ ᠲᠤᠭᠲᠠᠭ᠋ᠠᠪᠠ᠃
     3. 《ᠲᠦᠷᠢᠮ》᠎ᠤᠨ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠡᠵᠡᠮᠳᠡᠬᠦ ᠲᠠᠯ᠎ᠠ᠎ᠪᠠᠷ᠎ᠬᠢ ᠲᠣᠭᠲᠠᠭ᠋ᠠᠯ
     《ᠲᠦᠷᠢᠮ》᠎ᠳᠤ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠡᠵᠡᠮᠳᠡᠬᠦ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠷᠢᠯᠢᠭᠵᠢᠭᠤᠯᠪᠠ᠃ ᠨᠢᠭᠡ᠎ᠳᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠡᠵᠡᠮᠳᠡᠬᠦ ᠲᠥᠰᠦᠯ᠎ᠢ ᠲᠤᠭᠲᠠᠭ᠋ᠠᠵᠤ᠂ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠤᠨ ᠡᠮ ᠳᠠᠭ᠋ᠠᠭ᠋ᠠᠬᠤ ᠴᠢᠨᠠᠷ᠎ᠢ ᠬᠢᠨᠠᠨ ᠬᠡᠮᠵᠢᠵᠦ ᠦᠨᠡᠯᠡᠨ ᠵᠢᠱ᠌ᠢᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠠᠷᠢᠶᠠᠯᠠᠩ᠎ᠤᠨ ᠦᠢ᠍ᠯᠡᠳᠪᠦᠷᠢᠯᠡᠭᠴᠢ ᠡᠵᠡᠩᠨᠡᠭᠴᠢᠳ᠎ᠲᠤ ᠮᠡᠷᠭᠡᠵᠢᠯ᠎ᠤᠨ ᠪᠣᠯᠪᠠᠰᠤᠷᠠᠭᠤᠯᠤᠯ᠂ ᠵᠢᠯᠤᠭᠤᠳᠤᠯᠭ᠎ᠠ᠂ ᠦᠢ᠍ᠯᠡᠴᠢᠯᠡᠭᠡ ᠬᠠᠩᠭ᠋ᠠᠬᠤ ᠬᠡᠷᠡᠭᠲᠡᠶ ᠭᠡᠵᠦ ᠲᠣᠭᠲᠠᠭ᠋ᠠᠵᠠᠶ᠃ ᠬᠣᠶᠠᠷ᠎ᠲᠤ ᠲᠥᠷᠥᠯ ᠬᠤᠪᠢᠶᠠᠨ ᠰᠡᠷᠭᠡᠶ᠋ᠢᠯᠡᠨ ᠡᠵᠡᠮᠳᠡᠬᠦ ᠵᠢ ᠬᠡᠷᠡᠭᠵᠢᠭᠦᠯᠬᠦ ᠵᠢ ᠲᠣᠭᠲᠠᠭ᠋ᠠᠪᠠ᠃ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠤᠨ ᠣᠨᠴᠠᠯᠢᠭ ᠪᠠ ᠬᠥᠨᠥᠭᠡᠯ᠎ᠤᠨ ᠬᠡᠮᠵᠢᠶ᠎ᠡ ᠵᠢ᠎ᠨᠢ ᠦᠨᠳᠦᠰᠦᠯᠡᠨ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠭᠤᠷᠪᠠᠨ ᠲᠥᠷᠥᠯ᠎ᠳᠤ ᠬᠤᠪᠢᠶᠠᠪᠠ᠄ ᠨᠢᠭᠡᠳᠦᠭᠡᠷ ᠲᠥᠷᠥᠯ᠎ᠤᠨ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ ᠬᠦᠨᠳᠦ ᠨᠣᠴᠢᠲᠠᠶ ᠡᠭᠦᠰᠬᠦ ᠦᠶ᠎ᠡ᠎ᠳᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠡᠵᠡᠮᠳᠡᠬᠦ ᠠᠵᠢᠯ᠎ᠢ ᠶᠡᠷᠦᠩᠬᠡᠶ᠋ᠢᠯᠡᠨ ᠵᠣᠬᠢᠴᠠᠭᠤᠯᠵᠤ᠂ ᠵᠢᠯᠣᠭᠣᠳᠬᠤ ᠬᠡᠷᠡᠭᠲᠡᠶ;   ᠬᠤᠶᠠᠳᠤᠭ᠋ᠠᠷ᠂ ᠭᠤᠷᠪᠠᠳᠤᠭ᠋ᠠᠷ ᠲᠦᠷᠦᠯ᠎ᠤᠨ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ ᠬᠦᠨᠳᠦ ᠨᠤᠴᠢᠲᠠᠢ ᠡᠭᠦᠰᠬᠦ ᠦᠶ᠎ᠡ᠎ᠳᠤ᠂ ᠮᠤᠵᠢ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠡᠵᠡᠮᠳᠡᠬᠦ ᠠᠵᠢᠯ᠎ᠢ ᠶᠡᠷᠦᠩᠬᠡᠶ᠋ᠢᠯᠡᠨ ᠵᠣᠬᠢᠴᠠᠭᠤᠯᠵᠤ᠂ ᠵᠢᠯᠣᠭᠣᠳᠬᠤ ᠬᠡᠷᠡᠭᠲᠡᠶ᠃ ᠭᠤᠷᠪᠠ᠎ᠳᠤ ᠭᠠᠮᠰᠢᠭ᠎ᠤᠨ   ᠪᠠᠢ᠌ᠳᠠᠯ᠎ᠤᠨ ᠮᠡᠳᠡᠭᠡ ᠵᠠᠩᠭᠢ ᠨᠡᠶ᠋ᠢᠲᠡᠯᠡᠬᠦ ᠵᠢ ᠵᠢᠷᠤᠮᠵᠢᠭᠤᠯᠵᠤ᠂ ᠲᠠᠷᠢᠮᠠᠯ᠎ᠤᠨ ᠡᠪᠡᠳᠴᠢᠨ ᠬᠣᠷᠣᠬᠠᠶ ᠵᠢᠨ ᠭᠠᠮᠰᠢᠭ᠎ᠤᠨ ᠪᠠᠶ᠋ᠢᠳᠠᠯ᠎ᠤᠨ ᠮᠡᠳᠡᠭᠡ ᠵᠠᠩᠭᠢ ᠵᠢ ᠵᠥᠪᠬᠡᠨ ᠰᠢᠶᠠᠨ᠎ᠤ   ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠯᠦᠭᠡ ᠵᠥᠪᠳᠡᠯᠴᠡᠵᠦ ᠪᠠᠢ᠌ᠭ᠋ᠠᠳ ᠨᠡᠶ᠋ᠢᠲᠡᠯᠡᠨ᠎ᠡ᠂ ᠪᠤᠰᠤᠳ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ᠎ᠠᠴᠠ ᠨᠡᠶ᠋ᠢᠭᠡᠮ᠎ᠳᠤ ᠨᠡᠶ᠋ᠢᠲᠡᠯᠡᠵᠦ ᠪᠣᠯᠬᠤ ᠦᠭᠡᠢ ᠭᠡᠵᠦ ᠲᠣᠭᠲᠠᠭ᠋ᠠᠪᠠ᠃
     4. 《ᠲᠦᠷᠢᠮ》᠎ᠤᠨ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠰᠢᠢ᠍ᠳᠪᠦᠷᠢᠯᠡᠬᠦ ᠲᠠᠯ᠎ᠠ᠎ᠪᠠᠷ᠎ᠬᠢ ᠲᠤᠭᠲᠠᠭ᠋ᠠᠯ
      ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ ᠭᠡᠨᠡᠳᠲᠡ ᠡᠭᠦᠰᠬᠦ ᠦᠶ᠎ᠡ᠎ᠳᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠰᠢᠢ᠍ᠳᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ 《ᠲᠦᠷᠢᠮ》᠎ᠳᠤ ᠭᠣᠤᠯᠳᠠᠭᠤ ᠳᠣᠤᠷᠠᠬᠢ ᠬᠡᠳᠦᠨ ᠲᠠᠯ᠎ᠠ ᠵᠢ ᠲᠣᠭᠲᠠᠭ᠋ᠠᠪᠠ᠄ ᠨᠢᠭᠡ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠲᠣᠭᠲᠠᠭ᠋ᠠᠬᠤ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠪᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢ ᠴᠤᠤᠷᠢᠶᠠᠳᠤᠨ ᠳᠠᠭ᠋ᠠᠬᠤ ᠪᠠ ᠰᠢᠢ᠍ᠳᠪᠦᠷᠢᠯᠡᠬᠦ ᠲᠣᠭᠲᠠᠴᠠ ᠪᠠᠶ᠋ᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠲᠣᠭᠲᠠᠭ᠋ᠠᠬᠤ ᠬᠡᠷᠡᠭᠲᠡᠶ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ ᠲᠣᠭᠲᠠᠭ᠋ᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ ᠪᠠ ᠰᠣᠷᠢᠯᠲᠠ ᠥᠷᠨᠢᠭᠦᠯᠵᠦ᠂ ᠴᠢᠬᠤᠯᠠ ᠪᠦᠬᠦᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠳ᠋ ᠪᠠᠷᠠᠭ᠎ᠠ ᠵᠢ ᠨᠥᠭᠡᠴᠡᠯᠡᠬᠦ ᠬᠡᠷᠡᠭᠲᠡᠶ ᠭᠡᠵᠦ ᠲᠣᠭᠲᠠᠭ᠋ᠠᠪᠠ᠃ ᠬᠣᠶᠠᠷ᠎ᠲᠤ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ ᠭᠡᠨᠡᠳᠲᠡ ᠡᠭᠦᠰᠬᠦ ᠦᠶ᠎ᠡ᠎ᠳᠤ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠤᠤᠷᠢᠶᠠᠲᠤᠯ᠎ᠢ ᠲᠡᠷᠡ ᠳᠠᠷᠤᠶ᠎ᠳᠤ᠎ᠨᠢ ᠡᠬᠢᠯᠡᠭᠦᠯᠵᠦ᠂ ᠪᠠᠴᠢᠮ ᠪᠠᠶ᠋ᠢᠳᠠᠯ᠎ᠢ   ᠠᠷᠭ᠋ᠠᠴᠠᠭ᠋ᠠᠵᠤ ᠰᠢᠢ᠍ᠳᠪᠦᠷᠢᠯᠡᠬᠦ ᠬᠡᠪᠴᠢᠶ᠎ᠠ ᠪᠠ ᠲᠠᠯᠠᠪᠠᠢ ᠵᠢ ᠵᠠᠭ᠋ᠠᠭᠯᠠᠨ ᠲᠣᠭᠲᠠᠭ᠋ᠠᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠰᠢᠢ᠍ᠳᠪᠦᠷᠢᠯᠡᠬᠦ ᠡᠩᠨᠡᠭᠡ ᠵᠢ ᠵᠣᠬᠢᠶᠠᠨ ᠪᠠᠶ᠋ᠢᠭᠤᠯᠤᠨ ᠴᠤᠭᠯᠠᠭᠤᠯᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠡᠳ᠋ ᠪᠣᠳᠠᠰ᠎ᠢ ᠬᠡᠷᠡᠭᠯᠡᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠰᠢᠢ᠍ᠳᠪᠦᠷᠢᠯᠡᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠶ ᠭᠡᠵᠦ ᠲᠣᠭᠲᠠᠭ᠋ᠠᠪᠠ᠃ ᠭᠤᠷᠪᠠ᠎ᠳᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠮᠵᠢᠯᠴᠠᠬᠤ ᠡᠭᠦᠷᠭᠡ ᠵᠢ ᠲᠣᠳᠣᠷᠬᠠᠶ᠋ᠢᠯᠠᠵᠤ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠳᠣᠲᠣᠭ᠋ᠠᠳᠤ ᠵᠢ ᠬᠠᠮᠠᠭ᠋ᠠᠯᠠᠬᠤ᠂ ᠵᠠᠮ ᠬᠠᠷᠢᠯᠴᠠᠭ᠎ᠠ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠴᠠᠭ ᠠᠭᠤᠷ ᠵᠡᠷᠭᠡ ᠬᠣᠯᠪᠣᠭᠳᠠᠯ ᠪᠦᠬᠦᠢ ᠰᠠᠯᠠᠭ᠎ᠠ ᠮᠦᠴᠢᠷ᠎ᠤᠳ ᠲᠤᠰ ᠲᠤᠰ᠎ᠤᠨ ᠵᠶ᠋ᠠᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠎ᠪᠠᠨ ᠲᠠᠷᠢᠮᠠᠯ᠎ᠤᠨ ᠡᠪᠡᠳᠴᠢᠨ ᠬᠤᠷᠤᠬᠠᠢ ᠵᠢᠨ ᠬᠥᠨᠥᠭᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠰᠢᠢ᠍ᠳᠪᠦᠷᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠲᠣᠭᠲᠠᠭ᠋ᠠᠪᠠ᠃
     5. 《ᠳᠦᠷᠢᠮ》᠎ᠨᠢ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠲᠤᠰᠬᠠᠶ᠋ᠢᠵᠢᠭᠰᠠᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢ ᠵᠢᠷᠤᠮᠵᠢᠭᠤᠯᠪᠠ
      ᠬᠥᠳᠡᠭᠡ ᠲᠣᠰᠬᠣᠨ᠎ᠤ ᠬᠥᠳᠡᠯᠮᠦᠷᠢ ᠬᠦᠴᠦᠨ᠎ᠤ ᠰᠢᠯᠵᠢᠯᠲᠡ ᠪᠠ ᠲᠠᠷᠢᠶᠠᠯᠠᠩ᠎ᠤᠨ ᠵᠣᠬᠢᠬᠤ ᠬᠡᠪᠴᠢᠶᠡᠲᠦ ᠡᠵᠡᠩᠨᠡᠯᠲᠡ ᠵᠢᠨ ᠬᠥᠭᠵᠢᠯᠲᠡ ᠵᠢ ᠳᠠᠭ᠋ᠠᠯᠳᠤᠨ᠂ ᠡᠪᠡᠳᠴᠢᠨ ᠬᠣᠷᠣᠬᠠᠶ ᠵᠢᠨ ᠬᠥᠨᠥᠭᠡᠯ᠎ᠢ ᠲᠤᠰᠬᠠᠶ᠋ᠢᠵᠢᠭᠰᠠᠨ ᠰᠡᠷᠭᠡᠶ᠋ᠢᠯᠡᠨ ᠵᠠᠰᠠᠯᠲᠠ ᠵᠢᠨ ᠴᠢᠬᠤᠯᠠ ᠴᠢᠨᠠᠷ ᠡᠳᠦᠷ ᠢᠷᠡᠬᠦᠶ᠎ᠡ ᠲᠣᠪᠣᠶ᠋ᠢᠮ᠎ᠠ ᠪᠣᠯᠵᠣ ᠪᠠᠶ᠋ᠢᠨ᠎ᠠ᠂ ᠡᠶ᠋ᠢᠮᠦ᠎ᠠᠴᠠ 《ᠲᠦᠷᠢᠮ》᠎ᠳᠤ ᠲᠤᠰᠬᠠᠶ ᠲᠤᠭᠲᠠᠭ᠋ᠠᠯ ᠭᠠᠷᠭ᠋ᠠᠵᠤ ᠵᠢᠷᠤᠮᠵᠢᠭᠤᠯᠤᠭᠰᠠᠨ ᠬᠠᠮᠢᠶᠠᠷᠤᠯᠲᠠ ᠶᠠᠪᠤᠭᠤᠯᠵᠠᠶ᠂ ᠡᠭᠦᠨ᠎ᠳᠤ ᠭᠣᠤᠯᠳᠠᠭᠤ ᠳᠣᠤᠷᠠᠬᠢ ᠬᠡᠳᠦᠨ ᠲᠠᠯ᠎ᠠ ᠵᠢ ᠲᠣᠭᠲᠠᠭ᠋ᠠᠪᠠ᠄ ᠨᠢᠭᠡ᠎ᠳᠤ ᠤᠯᠤᠰ᠎ᠠᠴᠠ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ   ᠬᠡᠯᠪᠡᠷᠢ᠎ᠪᠠᠷ ᠳᠠᠮᠵᠢᠭᠤᠯᠤᠨ ᠡᠪᠡᠳᠴᠢᠨ ᠬᠤᠷᠤᠬᠠᠢ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠲᠤᠰᠬᠠᠶ᠋ᠢᠵᠢᠭᠰᠠᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ ᠵᠢ ᠵᠣᠷᠢᠭᠵᠢᠭᠤᠯᠤᠨ   ᠲᠡᠳᠬᠦᠵᠦ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠬᠥᠳᠡᠭᠡ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠢᠷᠤᠮᠵᠢᠭᠤᠯᠤᠨ ᠬᠠᠮᠢᠶᠠᠷᠬᠤ ᠬᠡᠷᠡᠭᠲᠡᠶ ᠪᠥᠭᠡᠳ ᠲᠡᠭᠦᠨ᠎ᠳᠤ ᠮᠡᠷᠭᠡᠵᠢᠯ᠎ᠤᠨ ᠪᠣᠯᠪᠠᠰᠤᠷᠠᠭᠤᠯᠤᠯ᠂ ᠵᠢᠯᠤᠭᠤᠳᠤᠯᠭ᠎ᠠ᠂ ᠦᠢ᠍ᠯᠡᠴᠢᠯᠡᠭᠡ ᠬᠠᠩᠭ᠋ᠠᠬᠤ ᠬᠡᠷᠡᠭᠲᠡᠶ ᠭᠡᠵᠦ ᠲᠣᠭᠲᠠᠭ᠋ᠠᠪᠠ᠃ ᠬᠣᠶᠠᠷ᠎ᠲᠤ᠂ ᠰᠡᠷᠭᠡᠶ᠋ᠢᠯᠡᠨ ᠵᠠᠰᠠᠬᠤ ᠦᠢ᠍ᠯᠡᠴᠢᠯᠡᠭᠡᠨ ᠲᠤᠰᠬᠠᠢ᠌ᠵᠢᠭᠰᠠᠨ ᠴᠢᠨᠠᠷ᠂ ᠮᠡᠷᠭᠡᠵᠢᠯ᠎ᠤᠨ ᠴᠢᠨᠠᠷ᠎ᠢ ᠪᠣᠳᠣᠯᠬᠢᠯᠠᠵᠤ᠂ 《ᠲᠦᠷᠢᠮ》᠎ᠳᠤ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠲᠤᠰᠬᠠᠶ᠋ᠢᠵᠢᠭᠰᠠᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ᠎ᠨᠢ ᠬᠠᠷᠠᠭ᠋ᠠᠯᠵᠠᠭᠰᠠᠨ ᠮᠡᠷᠭᠡᠵᠢᠯ᠎ᠤᠨ ᠠᠵᠢᠯᠲᠠᠨ᠂ ᠪᠡᠯᠡᠳᠭᠡᠮᠵᠢ ᠲᠥᠬᠥᠭᠡᠷᠦᠮᠵᠢ ᠵᠢᠴᠢ ᠵᠢᠷᠤᠮᠵᠢᠭᠰᠠᠨ ᠬᠠᠮᠢᠶᠠᠷᠤᠯᠲᠠ ᠵᠢᠨ ᠲᠦᠷᠢᠮ᠎ᠢ ᠪᠦᠷᠢᠯᠳᠦᠭᠦᠯᠬᠦ ᠬᠡᠷᠡᠭᠲᠡᠶ ᠭᠡᠵᠦ ᠲᠣᠭᠲᠠᠭ᠋ᠠᠵᠠᠶ᠃ ᠲᠠᠷᠢᠶᠠᠨ ᠠᠵᠢᠯ ᠬᠢᠭᠰᠡᠳ᠎ᠨᠢ ᠦᠢ᠍ᠯᠡᠴᠢᠯᠡᠭᠡᠨ᠎ᠤ ᠣᠷᠣᠨ᠎ᠤ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠵᠥᠪ ᠢᠯᠭ᠋ᠠᠨ ᠲᠠᠨᠢᠵᠤ᠂ ᠲᠠᠷᠢᠶᠠᠨ ᠡᠮ ᠬᠡᠷᠡᠭᠯᠡᠬᠦ ᠬᠦᠷᠢᠶ᠎ᠡ ᠬᠡᠪᠴᠢᠶ᠎ᠡ᠂ ᠬᠡᠷᠡᠭᠯᠡᠬᠦ ᠠᠷᠭ᠎ᠠ᠂ ᠠᠶᠤᠯᠭᠦᠢ ᠵᠠᠪᠰᠠᠷ᠎ᠤᠨ ᠬᠤᠭᠤᠴᠠᠭ᠎ᠠ ᠵᠡᠷᠭᠡ ᠲᠤᠰᠬᠠᠢ ᠮᠡᠷᠭᠡᠵᠢᠯ᠎ᠤᠨ ᠮᠡᠳᠡᠯᠭᠡ ᠵᠢᠴᠢ ᠲᠠᠷᠢᠶᠠᠨ ᠠᠵᠢᠯ᠎ᠤᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠮᠡᠳᠡᠯᠭᠡ ᠵᠢ ᠵᠥᠪ ᠣᠨᠣᠪᠴᠢᠲᠠᠢ ᠡᠵᠡᠮᠰᠢᠵᠤ᠂ ᠡᠮ ᠣᠷᠣᠭᠤᠯᠬᠤ ᠮᠠᠰᠢᠨ ᠵᠢᠴᠢ ᠬᠠᠮᠢᠶ᠎ᠠ ᠪᠦᠬᠦᠢ ᠬᠡᠷᠡᠭᠰᠡᠯ᠎ᠢ ᠵᠥᠪ ᠵᠶ᠋ᠠᠷ ᠬᠡᠷᠡᠭᠯᠡᠬᠦ ᠬᠡᠷᠡᠭᠲᠡᠶ᠃ ᠭᠤᠷᠪᠠ᠎ᠳᠤ ᠰᠡᠷᠭᠡᠶ᠋ᠢᠯᠡᠨ ᠵᠠᠰᠠᠬᠤ ᠦᠢ᠍ᠯᠡᠴᠢᠯᠡᠭᠡᠨ᠎ᠤ ᠰᠢᠨᠵᠢᠯᠡᠬᠦ ᠤᠬᠠᠭ᠋ᠠᠨᠴᠢ ᠴᠢᠨᠠᠷ᠂ ᠳᠦᠷᠢᠮᠵᠢᠯ᠎ᠢ ᠪᠠᠲᠤᠯᠠᠬᠤ ᠵᠢᠨ ᠲᠤᠰᠠᠳᠠ᠂ 《ᠲᠦᠷᠢᠮ》᠎ᠳᠤ   ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠲᠤᠰᠬᠠᠶ᠋ᠢᠵᠢᠭᠰᠠᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ᠎ᠨᠢ ᠤᠯᠤᠰ᠎ᠤᠨ ᠬᠣᠯᠪᠣᠭᠳᠠᠯ ᠪᠦᠬᠦᠢ ᠲᠠᠷᠢᠶᠠᠨ ᠡᠮ᠎ᠢ ᠠᠶᠤᠯᠭᠦᠶ ᠵᠦᠶ ᠵᠣᠬᠢᠰᠲᠠᠶ ᠬᠡᠷᠡᠭᠯᠡᠬᠦ ᠲᠦᠷᠢᠮ᠎ᠢ ᠵᠢᠷᠤᠮᠯᠠᠵᠤ᠂ ᠦᠢ᠍ᠯᠡᠴᠢᠯᠡᠭᠡᠨ᠎ᠤ ᠲᠠᠨᠭ᠌ᠰᠠ ᠡᠪᠬᠡᠮᠡᠯ   ᠪᠠᠢ᠌ᠭᠤᠯᠵᠤ᠂ ᠲᠠᠷᠢᠶᠠᠨ ᠠᠵᠢᠯ ᠬᠢᠭᠰᠡᠳ ᠎ᠲᠤ ᠴᠢᠬᠤᠯᠠ ᠪᠦᠬᠦᠢ ᠬᠠᠮᠠᠭ᠋ᠠᠯᠠᠯᠲᠠ ᠵᠢᠨ ᠬᠡᠷᠡᠭᠰᠡᠯ ᠵᠡᠷᠭᠡ ᠠᠭᠤᠯᠭ᠎ᠠ ᠵᠢ ᠲᠤᠬᠢᠷᠠᠭᠤᠯᠵᠤ ᠥᠭᠬᠦ ᠬᠡᠷᠡᠭᠲᠡᠶ ᠭᠡᠵᠦ ᠲᠤᠭᠲᠠᠭ᠋ᠠᠪᠠ᠃
    6. 《ᠲᠦᠷᠢᠮ》᠎ᠳᠤ 《ᠪᠣᠬᠢᠷᠲᠤᠯ ᠥᠬᠡᠶ ᠰᠡᠷᠭᠡᠶ᠋ᠢᠯᠡᠨ ᠡᠵᠡᠮᠳᠡᠬᠦ》 ᠵᠢ ᠪᠠᠷᠢᠮᠲᠠᠯᠠᠬᠤ ᠵᠢ ᠰᠠᠨᠠᠭ᠋ᠠᠴᠢᠯᠠᠪᠠ
      ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠢᠯᠡᠳᠬᠡᠯ᠎ᠳᠠᠬᠢ ᠪᠣᠬᠢᠷᠲᠤᠯ ᠦᠭᠡᠢ ᠬᠥᠭᠵᠢᠯᠲᠡ ᠵᠢ ᠲᠦᠯᠬᠢᠨ ᠠᠬᠢᠭᠤᠯᠬᠤ ᠲᠤᠬᠠᠢ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠂ ᠲᠠᠷᠢᠶᠠᠯᠠᠩ᠎ᠤᠨ ᠬᠥᠭᠵᠢᠯᠲᠡ ᠵᠢᠨ ᠠᠷᠭ᠎ᠠ ᠮᠠᠶᠢᠭ᠎ᠢ ᠲᠦᠷᠭᠡᠪᠴᠢᠯᠡᠨ ᠬᠤᠪᠢᠷᠠᠭᠤᠯᠵᠤ᠂ ᠲᠠᠷᠢᠶᠠᠯᠠᠩ᠎ᠤᠨ ᠡᠬᠢ ᠪᠠᠶᠠᠯᠢᠭ᠎ᠤᠨ ᠠᠰᠢᠭᠯᠠᠯᠲᠠ ᠪᠣᠯᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠂ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠢ᠌ᠯᠡᠨ ᠵᠠᠰᠠᠬᠤ᠎ᠳᠤ ᠪᠣᠬᠢᠷᠲᠤᠯ ᠦᠭᠡᠶ ᠰᠡᠷᠭᠡᠶ᠋ᠢᠯᠡᠯᠲᠡ᠎ᠪᠠᠷ ᠬᠢᠮᠢ ᠵᠢᠨ ᠰᠡᠷᠭᠡᠶ᠋ᠢᠯᠡᠯᠲᠡ ᠵᠢ ᠣᠷᠣᠯᠠᠭᠣᠯᠵᠣ᠂ ᠠᠮᠢ ᠠᠬᠤᠶ ᠵᠢᠨ ᠲᠤᠬᠢᠷᠠᠭᠤᠯᠤᠯ ᠡᠵᠡᠮᠳᠡᠯ᠂ ᠹᠢᠽᠢᠺ᠎ᠤᠨ ᠰᠡᠷᠭᠡᠶ᠋ᠢᠯᠡᠨ ᠵᠠᠰᠠᠯᠲᠠ᠂ ᠠᠮᠢᠳᠤ ᠪᠣᠳᠠᠰ᠎ᠤᠨ ᠰᠡᠷᠭᠡᠢ᠌ᠯᠡᠯᠲᠡ ᠵᠡᠷᠭᠡ ᠪᠣᠬᠢᠷᠲᠤᠯ ᠦᠭᠡᠢ ᠰᠡᠷᠭᠡᠶ᠋ᠢᠯᠡᠨ ᠡᠵᠡᠮᠳᠡᠬᠦ ᠮᠡᠷᠭᠡᠵᠢᠯ᠎ᠢ ᠳᠡᠯᠭᠡᠷᠡᠭᠦᠯᠦᠨ᠂ ᠪᠣᠬᠢᠷᠲᠤᠯ ᠦᠭᠡᠢ ᠬᠦᠭᠵᠢᠯᠲᠡ ᠵᠢᠨ ᠵᠠᠮ ᠵᠶ᠋ᠠᠷ ᠵᠠᠮᠨᠠᠬᠤ ᠵᠢᠨ ᠲᠤᠰᠠᠳᠠ᠂ 《ᠲᠦᠷᠢᠮ》᠎ᠳᠤ ᠤᠯᠤᠰ᠎ᠠᠴᠠ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠰᠢᠨᠵᠢᠯᠡᠭᠡ ᠮᠡᠷᠭᠡᠵᠢᠯ᠎ᠤᠨ ᠰᠢᠨ᠎ᠡ ᠵᠢ ᠡᠭᠦᠳᠬᠦ᠂ ᠦᠷ᠎ᠡ ᠪᠦᠲᠦᠭᠡᠯ᠎ᠢ ᠬᠤᠪᠢᠷᠠᠭᠤᠯᠬᠤ ᠪᠠ ᠬᠠᠤᠯᠢ ᠶᠣᠰᠣᠭ᠋ᠠᠷ ᠳᠡᠯᠭᠡᠷᠡᠭᠦᠯᠦᠨ ᠬᠡᠷᠡᠭᠯᠡᠬᠦ ᠵᠢ ᠵᠣᠷᠢᠭᠵᠢᠭᠤᠯᠤᠨ ᠳᠡᠮᠵᠢᠵᠦ᠂ ᠬᠡᠷᠡᠭᠯᠡᠭᠡᠨ᠎ᠤ ᠮᠡᠳᠡᠭᠡ ᠵᠠᠩᠭᠢ ᠵᠢᠨ ᠮᠡᠷᠭᠡᠵᠢᠯ᠂ ᠠᠮᠢᠳᠤ ᠪᠣᠳᠠᠰ᠎ᠤᠨ ᠮᠡᠷᠭᠡᠵᠢᠯ᠎ᠢ ᠲᠦᠭᠡᠮᠡᠯᠵᠢᠭᠦᠯᠦᠨ᠂ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠠᠵᠢᠯ᠎ᠢ ᠤᠶᠤᠨᠴᠢᠯᠠᠬᠤ᠂ ᠲᠤᠰᠬᠠᠢ᠌ᠵᠢᠭᠤᠯᠬᠤ᠂ ᠪᠣᠬᠢᠷᠲᠤᠯ ᠦᠭᠡᠢ ᠪᠣᠯᠭ᠋ᠠᠬᠤ ᠵᠢ ᠲᠦᠯᠬᠢᠨ ᠠᠬᠢᠭᠤᠯᠤᠨ᠎ᠠ; ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠢ᠂ ᠬᠣᠯᠪᠣᠭᠳᠠᠯ ᠪᠦᠬᠦᠢ ᠶᠡᠬᠡ ᠳᠡᠭᠡᠳᠦ ᠰᠤᠷᠭ᠋ᠠᠭᠤᠯᠢ ᠵᠡᠷᠭᠡ ᠨᠢᠭᠡᠴᠢ ᠪᠠ ᠬᠤᠪᠢ ᠬᠥᠮᠦᠨ᠎ᠤ ᠪᠣᠬᠢᠷᠲᠤᠯ ᠦᠭᠡᠢ ᠰᠡᠷᠭᠡᠶ᠋ᠢᠯᠡᠨ ᠡᠵᠡᠮᠳᠡᠬᠦ ᠮᠡᠷᠭᠡᠵᠢᠯ᠎ᠢ ᠰᠤᠳᠤᠯᠬᠤ᠂ ᠬᠠᠤᠯᠢ ᠶᠣᠰᠣᠭ᠋ᠠᠷ ᠳᠡᠯᠭᠡᠷᠡᠭᠦᠯᠬᠦ ᠵᠢ ᠵᠣᠷᠢᠭᠵᠢᠭᠤᠯᠤᠨ ᠳᠠᠮᠵᠢᠵᠤ᠂   ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠲᠤᠰᠬᠠᠶ᠋ᠢᠵᠢᠭᠰᠠᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ᠎ᠳᠤ ᠪᠣᠬᠢᠷᠲᠤᠯ ᠥᠬᠡᠶ ᠰᠡᠷᠭᠡᠶ᠋ᠢᠯᠡᠨ ᠡᠵᠡᠮᠳᠡᠬᠦ ᠮᠡᠷᠭᠡᠵᠢᠯ ᠵᠡᠷᠭᠡ ᠵᠢ ᠬᠡᠷᠡᠭᠯᠡᠬᠦ ᠵᠢ ᠵᠣᠷᠢᠭᠵᠢᠭᠤᠯᠤᠨ᠎ᠠ  ᠃ ᠲᠠᠷᠢᠶᠠᠯᠠᠩ ᠬᠥᠳᠡᠭᠡ ᠠᠵᠤ ᠠᠬᠤᠢ ᠵᠢᠨ ᠶᠠᠮᠤᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ ᠵᠡᠷᠭᠡ ᠳᠣᠯᠣᠭ᠋ᠠᠨ ᠰᠠᠯᠠᠭ᠎ᠠ ᠮᠥᠴᠢᠷ᠎ᠤᠨ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ 《ᠤᠯᠤᠰ᠎ᠤᠨ ᠶᠠᠰᠤ ᠴᠢᠨᠠᠷ ᠵᠶ᠋ᠠᠷ ᠲᠠᠷᠢᠶᠠᠯᠠᠩ᠎ᠢ ᠬᠥᠭᠵᠢᠭᠦᠯᠬᠦ ᠪᠠᠶ᠋ᠢᠯᠳᠤᠬᠤ ᠪᠣᠳᠣᠯᠭ᠎ᠠ ᠵᠢᠨ ᠲᠦᠯᠦᠪᠵᠢᠭᠦᠯᠭᠡ (2018 — 2022 ᠤᠨ)》᠎ᠳᠤ᠂ ᠦᠷᠭᠦᠯᠵᠢᠯᠡᠨ ᠪᠦᠬᠦᠯᠢ ᠰᠢᠶᠠᠨ᠎ᠤ ᠳᠦᠷᠢᠮ ᠵᠶ᠋ᠠᠷ᠂ ᠲᠠᠷᠢᠮᠠᠯ᠎ᠤᠨ ᠡᠪᠡᠳᠴᠢᠨ ᠬᠣᠷᠣᠬᠠᠶ ᠵᠢᠨ ᠬᠥᠨᠥᠭᠡᠯ᠎ᠢ ᠪᠣᠬᠢᠷᠲᠤᠯ ᠦᠭᠡᠢ ᠰᠡᠷᠭᠡᠶ᠋ᠢᠯᠡᠨ ᠡᠵᠡᠮᠳᠡᠬᠦ ᠠᠵᠢᠯ᠎ᠢ ᠲᠦᠯᠬᠢᠨ ᠠᠬᠢᠭᠤᠯᠵᠤ᠂ ᠲᠠᠷᠢᠶᠠᠯᠠᠩ᠎ᠤᠨ ᠣᠷᠣᠭᠤᠯᠤᠯᠲᠠ ᠡᠳ᠋᠎ᠤᠨ ᠬᠡᠮᠵᠢᠶ᠎ᠡ ᠵᠢ ᠪᠠᠭ᠋ᠠᠰᠬᠠᠨ ᠦᠷ᠎ᠡ ᠠᠰᠢᠭ᠎ᠢ ᠨᠡᠮᠡᠭᠳᠡᠭᠦᠯᠬᠦ ᠵᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠪᠣᠬᠢᠷᠲᠤᠯ ᠦᠭᠡᠶ ᠰᠡᠷᠭᠡᠶ᠋ᠢᠯᠡᠨ ᠡᠵᠡᠮᠳᠡᠬᠦ ᠵᠢᠱ᠌ᠢᠶ᠎ᠡ ᠦᠵᠡᠭᠦᠯᠬᠦ ᠰᠢᠶᠠᠨ᠎ᠢ 300 ᠪᠠᠶ᠋ᠢᠭᠤᠯᠵᠤ᠂ ᠭᠣᠤᠯ ᠪᠣᠯᠬᠤ ᠲᠠᠷᠢᠮᠠᠯ᠎ᠤᠨ ᠡᠪᠡᠳᠴᠢᠨ ᠬᠣᠷᠣᠬᠠᠶ ᠵᠢᠨ ᠪᠣᠬᠢᠷᠲᠤᠯ ᠦᠭᠡᠶ ᠰᠡᠷᠭᠡᠶ᠋ᠢᠯᠡᠨ ᠡᠵᠡᠮᠳᠡᠬᠦ ᠪᠦᠷᠬᠦᠴᠡ ᠵᠢᠨ ᠨᠣᠷᠮ᠎ᠠ ᠵᠢ 50%᠎ᠠᠴᠠ ᠳᠡᠭᠡᠭᠰᠢ᠎ᠳᠤ ᠬᠦᠷᠦᠭᠦᠯᠦᠨ᠂ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠲᠦᠯᠬᠢᠨ ᠠᠬᠢᠭᠤᠯᠵᠤ᠂ ᠲᠠᠷᠢᠮᠠᠯ᠎ᠤᠨ ᠪᠣᠬᠢᠷᠲᠤᠯ ᠦᠭᠡᠢ ᠴᠢᠨᠠᠷᠯᠢᠭ ᠬᠥᠭᠵᠢᠯᠲᠡ ᠵᠢ ᠠᠬᠢᠭᠤᠯᠤᠨ᠎ᠠ ᠭᠡᠵᠦ ᠲᠤᠳᠤᠷᠬᠠᠢ ᠲᠤᠷᠠᠳᠪᠠ᠃

ᠢᠷᠡᠯᠲᠡ᠄ ᠦᠪᠦᠷ ᠮᠤᠩᠭᠤᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠡᠮ
          
ᠬᠠᠮᠢᠶ᠎ᠡ ᠪᠦᠬᠦᠢ ᠰᠣᠨᠢᠨ
 
            