ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠰᠤᠷᠪᠤᠯᠵᠢᠯᠠᠭ᠎ᠠ
《ᠡᠵᠡᠩᠨᠡᠨ ᠬᠤᠳᠠᠯᠳᠤᠭ᠋ᠠᠯᠠᠬᠤ ᠤᠷᠴᠢᠨ ᠨᠦᠬᠦᠴᠡᠯ᠎ᠢ ᠰᠢᠯᠢᠳᠡᠭᠵᠢᠭᠦᠯᠬᠦ ᠲᠦᠷᠢᠮ》᠎ᠤᠨ ᠬᠢᠯᠠᠰ ᠴᠡᠭ᠎ᠨᠢ ᠶᠠᠭᠤ ᠪᠤᠢ?
ᠨᠡᠶ᠋ᠢᠲᠡᠯᠡᠭᠰᠡᠨ ᠴᠠᠭ᠄ 2020-06-17

     (ᠨᠢᠭᠡ) ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠠᠷᠴᠢᠮ ᠪᠠ ᠴᠢᠭᠯᠡᠯ᠎ᠢ ᠲᠤᠳᠤᠷᠬᠠᠢ᠌ᠯᠠᠪᠠ
     《ᠳᠦᠷᠢᠮ》᠎ᠨᠢ ᠡᠵᠡᠩᠨᠡᠨ ᠬᠤᠳᠠᠯᠳᠤᠭ᠋ᠠᠯᠠᠬᠤ ᠤᠷᠴᠢᠨ ᠨᠦᠭᠦᠴᠡᠯ᠎ᠢ ᠠᠵᠤ ᠠᠬᠤᠶ᠋ᠢᠯᠠᠯ ᠵᠡᠷᠭᠡ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠠᠵᠢᠯᠯᠠᠭ᠎ᠠ ᠳᠤᠮᠳᠠ ᠬᠣᠯᠪᠣᠭᠳᠠᠭᠰᠠᠨ ᠪᠠᠶ᠋ᠢᠭᠤᠯᠤᠯ ᠲᠣᠭᠲᠠᠴᠠ ᠵᠢᠨ ᠴᠢᠨᠠᠷᠲᠠᠶ ᠬᠦᠴᠦᠨ ᠵᠦᠢ᠍ᠯ ᠪᠣᠯᠭ᠋ᠠᠨ ᠵᠠᠭ᠋ᠠᠭᠯᠠᠨ ᠲᠤᠭᠲᠠᠭ᠋ᠠᠬᠤ ᠵᠢᠨ ᠬᠠᠮᠲᠤ   ᠡᠵᠡᠩᠨᠡᠨ ᠬᠤᠳᠠᠯᠳᠤᠭ᠋ᠠᠯᠠᠬᠤ ᠤᠷᠴᠢᠨ ᠨᠦᠭᠦᠴᠡᠯ᠎ᠢ ᠰᠢᠯᠢᠳᠡᠭᠵᠢᠭᠦᠯᠬᠦ᠎ᠳᠤ ᠵᠠᠬ᠎ᠠ ᠳᠡᠯᠭᠡᠭᠦᠷᠴᠢᠯᠡᠬᠦ᠂ ᠬᠠᠤᠯᠢᠵᠢᠭᠤᠯᠬᠤ᠂ ᠳᠡᠯᠡᠬᠡᠶ᠋ᠢᠴᠢᠯᠡᠬᠦ ᠵᠠᠷᠴᠢᠮ᠎ᠢ ᠪᠠᠷᠢᠮᠲᠠᠯᠠᠬᠤ ᠬᠡᠷᠡᠭᠲᠡᠶ ᠭᠡᠳᠡᠭ᠎ᠢ ᠲᠣᠳᠣᠷᠬᠠᠶ᠋ᠢᠯᠠᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠨ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢ ᠭᠦᠨᠵᠡᠭᠡᠶ ᠬᠤᠪᠢᠷᠠᠭᠤᠯᠬᠤ᠎ᠪᠠᠷ ᠭᠣᠣᠯᠳᠠᠯᠭ᠎ᠠ ᠪᠣᠯᠭ᠋ᠠᠵᠤ᠂ ᠪᠠᠶ᠋ᠢᠭᠤᠯᠤᠯ ᠲᠣᠭᠲᠠᠴᠠ ᠵᠢᠨ ᠰᠢᠨ᠎ᠡ ᠵᠢ ᠡᠭᠦᠳᠴᠦ᠂ ᠬᠠᠮᠵᠢᠯᠴᠠᠨ ᠬᠥᠳᠡᠯᠦᠯᠴᠡᠬᠦ ᠵᠢ ᠴᠢᠩᠭ᠋ᠠᠳᠬᠠᠵᠤ᠂ ᠬᠠᠤᠯᠢ ᠳᠦᠷᠢᠮ᠎ᠤᠨ ᠪᠠᠲᠤᠯᠠᠭ᠎ᠠ ᠵᠢ ᠲᠡᠭᠦᠯᠳᠡᠷᠵᠢᠭᠦᠯᠵᠦ᠂ ᠳᠡᠯᠡᠬᠡᠶ ᠵᠢᠨ ᠲᠡᠷᠢᠭᠦᠨ᠎ᠤ ᠬᠢᠷᠢ ᠬᠡᠮᠵᠢᠶ᠎ᠡ᠎ᠲᠠᠢ ᠬᠠᠷᠢᠴᠠᠭᠤᠯᠵᠤ᠂ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠪᠠᠯᠠ ᠣᠷᠣᠭᠤᠯᠤᠨ ᠦᠢ᠍ᠯᠡᠰ ᠬᠥᠭᠵᠢᠭᠦᠯᠬᠦ᠎ᠳᠤ ᠲᠣᠭᠲᠠᠭᠤᠨ᠂ ᠲᠥᠪ ᠭᠣᠤᠯᠴᠢ᠂ ᠢᠯᠡ ᠲᠣᠳᠣ᠂ ᠵᠢᠱ᠌ᠢᠵᠦ ᠪᠣᠯᠬᠤᠶ᠋ᠢᠴᠠ ᠰᠠᠶ᠋ᠢᠨ ᠰᠠᠶ᠋ᠢᠬᠠᠨ ᠣᠷᠴᠢᠨ ᠨᠦᠭᠦᠴᠡᠯ᠎ᠢ ᠪᠣᠶ ᠪᠣᠯᠭ᠋ᠠᠵᠤ   ᠦᠭᠬᠦ ᠪᠤᠯᠤᠨ᠎ᠠ᠃
     (ᠬᠣᠶᠠᠷ) ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠡᠷᠬᠡ ᠲᠡᠭᠰᠢ ᠬᠠᠮᠠᠭ᠋ᠠᠯᠠᠯᠲᠠ ᠵᠢ ᠴᠢᠩᠭ᠋ᠠᠳᠬᠠᠵᠤ᠂ ᠵᠠᠬ᠎ᠠ ᠳᠡᠯᠭᠡᠭᠦᠷ᠎ᠤᠨ ᠰᠠᠢ᠍ᠢ᠍ᠨ ᠰᠠᠶ᠋ᠢᠬᠠᠨ ᠣᠷᠴᠢᠨ ᠨᠥᠬᠥᠴᠡᠯ᠎ᠢ ᠪᠤᠢ ᠪᠣᠯᠭ᠋ᠠᠨ᠎ᠠ
      ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠡᠷᠬᠡ ᠲᠡᠭᠰᠢ ᠬᠠᠮᠠᠭ᠋ᠠᠯᠠᠯᠲᠠ ᠵᠢ ᠴᠢᠩᠭ᠋ᠠᠳᠬᠠᠬᠤ ᠪᠣᠯ ᠨᠡᠶ᠋ᠢᠭᠡᠮ᠎ᠤᠨ ᠳᠡᠭᠡᠳᠦ ᠬᠡᠮᠵᠢᠶ᠎ᠡ᠎ᠪᠠᠷ ᠠᠩᠬᠠᠷᠴᠤ ᠪᠠᠶ᠋ᠢᠭ᠎ᠠ ᠠᠰᠠᠭᠤᠳᠠᠯ᠎ᠤᠨ ᠨᠢᠭᠡ ᠪᠣᠯᠤᠨ᠎ᠠ᠃ 《ᠳᠦᠷᠢᠮ》᠎ᠳᠤ ᠲᠣᠳᠣᠷᠬᠠᠶ ᠲᠣᠭᠲᠠᠭ᠋ᠠᠭᠰᠠᠨ᠎ᠨᠢ᠂ ᠤᠯᠤᠰ᠎ᠠᠴᠠ ᠡᠷᠬᠡ ᠠᠰᠢᠭ ᠡᠷᠬᠡ ᠲᠡᠭᠰᠢ᠂ ᠠᠵᠠ ᠲᠣᠬᠢᠶᠠᠯ ᠡᠷᠬᠡ ᠲᠡᠭᠰᠢ᠂ ᠳᠦᠷᠢᠮ ᠲᠣᠭᠲᠠᠭ᠋ᠠᠯ ᠡᠷᠬᠡ ᠲᠡᠭᠰᠢ ᠪᠠᠶ᠋ᠢᠬᠤ ᠵᠢ ᠪᠠᠷᠢᠮᠲᠠᠯᠠᠵᠤ᠂ ᠡᠯ᠎ᠡ ᠵᠦᠢ᠍ᠯ᠎ᠤᠨ ᠥᠮᠴᠢᠯᠡᠯ᠎ᠤᠨ ᠠᠵᠤ ᠠᠬᠤᠢ ᠵᠢᠨ ᠡᠷᠬᠡ ᠲᠡᠭᠰᠢ᠎ᠨᠢ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠬᠦᠷᠲᠡᠬᠦ ᠵᠢ ᠪᠠᠲᠤᠯᠠᠵᠤ᠂ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠣᠤᠯ ᠴᠣᠭᠴᠠ ᠵᠢ ᠡᠷᠬᠡ ᠲᠡᠭᠰᠢ᠎ᠪᠠᠷ ᠬᠠᠮᠠᠭ᠋ᠠᠯᠠᠬᠤ ᠵᠢ ᠬᠦᠴᠦᠯᠡᠨ ᠴᠢᠩᠭ᠋ᠠᠳᠬᠠᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠡᠷᠬᠡ ᠲᠡᠭᠰᠢ ᠣᠯᠭᠣᠮᠵᠢ ᠵᠢ ᠨᠠᠶ᠋ᠢᠳᠠᠪᠤᠷᠢᠵᠢᠭᠤᠯᠤᠨ᠎ᠠ᠃ ᠨᠢᠭᠡ᠎ᠳᠤ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠡᠷᠬᠡ ᠲᠡᠭᠰᠢ᠎ᠪᠠᠷ ᠬᠠᠨᠳᠤᠬᠤ ᠵᠢ ᠴᠢᠬᠤᠯᠠᠴᠢᠯᠠᠪᠠ᠃ 《ᠳᠦᠷᠢᠮ》᠎ᠳᠤ ᠲᠣᠳᠣᠷᠬᠠᠶ ᠲᠣᠭᠲᠠᠭ᠋ᠠᠭᠰᠠᠨ᠎ᠨᠢ᠂ ᠤᠯᠤᠰ᠎ᠠᠴᠠ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠦᠴᠦᠨ   ᠵᠦᠢ᠍ᠯ᠎ᠢ ᠬᠡᠷᠡᠭᠯᠡᠬᠦ᠂ ᠳᠡᠮᠵᠢᠯᠭᠡ ᠵᠢᠨ ᠲᠦᠷᠦ ᠵᠢᠨ ᠪᠤᠳᠤᠯᠭ᠎ᠠ ᠵᠢ ᠬᠦᠷᠳᠡᠬᠦ᠂ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠪᠠ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠡᠷᠭᠡ ᠲᠠᠯ᠎ᠠ᠎ᠪᠠᠷ᠎ᠬᠢ ᠡᠷᠬᠡ ᠲᠡᠭᠰᠢ ᠬᠠᠷᠠᠭ᠋ᠠᠯᠵᠠᠯ᠎ᠢ ᠬᠠᠤᠯᠢ   ᠶᠤᠰᠤᠭ᠋ᠠᠷ ᠬᠠᠮᠠᠭ᠋ᠠᠯᠠᠵᠤ᠂ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠳᠤ ᠡᠷᠬᠡ ᠲᠡᠭᠰᠢ᠎ᠪᠠᠷ ᠣᠷᠣᠯᠴᠠᠬᠤ᠎ᠳᠤ ᠬᠠᠤᠯᠢ ᠴᠠᠭ᠋ᠠᠵᠠ ᠵᠢᠨ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠎ᠠ᠃ ᠬᠣᠶᠠᠷ᠎ᠲᠤ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠪᠦᠬᠦ ᠲᠠᠯ᠎ᠠ ᠵᠢᠨ ᠬᠠᠮᠠᠭ᠋ᠠᠯᠠᠯᠲᠠ ᠬᠠᠩᠭ᠋ᠠᠬᠤ ᠵᠢ   ᠴᠢᠬᠤᠯᠠᠴᠢᠯᠠᠪᠠ᠃ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠡᠵᠡᠩᠨᠡᠯᠲᠡ ᠵᠢᠨ ᠡᠵᠡᠨ ᠮᠡᠳᠡᠬᠦ ᠡᠷᠬᠡ᠂ ᠡᠳ᠋ ᠬᠥᠷᠥᠩᠭᠡ ᠵᠢᠨ ᠡᠷᠬᠡ ᠪᠠ ᠪᠤᠰᠤᠳ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠵᠤ᠂ ᠠᠵᠤ ᠠᠬᠤᠶ᠋ᠢᠯᠠᠯ᠎ᠤᠨ ᠡᠵᠡᠩᠨᠡᠭᠴᠢ ᠵᠢᠨ ᠪᠡᠶ᠎ᠡ ᠮᠠᠬᠠᠪᠣᠳ ᠪᠠ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭ᠋ᠠᠯᠠᠨ᠎ᠠ᠃ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠳᠤ ᠬᠠᠯᠳᠠᠭᠰᠠᠳ᠎ᠢ ᠵᠠᠯᠬᠠᠭ᠋ᠠᠨ   ᠰᠢᠢ᠍ᠳᠬᠡᠬᠦ ᠴᠢᠨᠠᠷᠲᠠᠶ ᠲᠥᠯᠥᠪᠦᠷᠢ ᠵᠢᠨ ᠲᠦᠷᠢᠮ᠎ᠢ ᠪᠠᠶ᠋ᠢᠭᠤᠯᠤᠨ᠎ᠠ᠃ ᠭᠤᠷᠪᠠ᠎ᠳᠤ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠡᠷᠬᠡ᠎ᠪᠠᠨ ᠬᠠᠮᠠᠭ᠋ᠠᠯᠠᠬᠤ᠎ᠳᠤ ᠪᠠᠲᠤᠯᠠᠭ᠎ᠠ ᠬᠠᠩᠭ᠋ᠠᠬᠤ ᠵᠢ ᠴᠢᠬᠤᠯᠠᠴᠢᠯᠠᠪᠠ᠃ ᠪᠥᠬᠥ ᠤᠯᠤᠰ᠎ᠤᠨ ᠨᠢᠭᠡᠳᠦᠯᠲᠡᠶ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠡᠷᠬᠡ᠎ᠪᠠᠨ ᠬᠠᠮᠠᠭ᠋ᠠᠯᠠᠬᠤ ᠦᠢ᠍ᠯᠡᠴᠢᠯᠡᠭᠡᠨ᠎ᠤ ᠲᠠᠪᠴᠠᠩ ᠪᠠᠶ᠋ᠢᠭᠤᠯᠬᠤ ᠵᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ᠎ᠳᠤ ᠥᠨᠳᠥᠷ ᠪᠦᠲᠦᠮᠵᠢᠲᠡᠶ᠂ ᠳᠥᠭᠥᠮ ᠳᠥᠲᠡ ᠡᠷᠬᠡ᠎ᠪᠠᠨ ᠬᠠᠮᠠᠭ᠋ᠠᠯᠠᠬᠤ   ᠦᠢ᠍ᠯᠡᠴᠢᠯᠡᠭᠡ ᠬᠠᠩᠭ᠋ᠠᠨ᠎ᠠ᠃
      ᠵᠠᠬ᠎ᠠ ᠳᠡᠯᠭᠡᠭᠦᠷ᠎ᠤᠨ ᠰᠠᠶ᠋ᠢᠨ ᠰᠠᠶ᠋ᠢᠬᠠᠨ ᠣᠷᠴᠢᠨ ᠨᠦᠭᠦᠴᠡᠯ᠎ᠢ ᠪᠤᠢ ᠪᠣᠯᠭ᠋ᠠᠬᠤ ᠲᠠᠯ᠎ᠠ᠎ᠪᠠᠷ᠂ 《ᠳᠦᠷᠢᠮ》᠎ᠨᠢ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠳᠤᠮᠳᠠ ᠣᠷᠣᠰᠢᠵᠤ ᠪᠠᠢ᠌ᠭ᠎ᠠ ᠲᠦᠪᠡᠭᠲᠡᠢ ᠵᠦᠢ᠍ᠯ᠂ ᠡᠮᠵᠡᠭᠲᠡᠢ ᠲᠠᠯ᠎ᠠ᠂ ᠬᠦᠴᠢᠷᠲᠡᠢ ᠠᠰᠠᠭᠤᠳᠠᠯ᠎ᠢ ᠰᠢᠢ᠍ᠳᠪᠦᠷᠢᠯᠡᠬᠦ ᠵᠢᠨ ᠲᠣᠭᠣᠷᠢᠨ᠎ᠳᠤ᠂ ᠵᠠᠬ᠎ᠠ ᠳᠡᠯᠭᠡᠭᠦᠷ᠎ᠤᠨ ᠣᠷᠴᠢᠨ ᠨᠦᠭᠦᠴᠡᠯ᠎ᠢ ᠴᠡᠪᠡᠷᠰᠢᠭᠦᠯᠬᠦ᠎ᠪᠠᠷ ᠬᠦᠴᠦᠯᠡᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠨᠡᠩ ᠤᠯᠠᠨ ᠠᠮᠢᠵᠢᠷᠠᠯ᠎ᠤᠨ ᠬᠦᠴᠦᠨ᠎ᠢ ᠨᠡᠩ ᠰᠠᠶ᠋ᠢᠲᠤᠷ ᠬᠥᠭᠵᠢᠭᠡᠵᠦ᠂ ᠥᠷᠢᠰᠥᠯᠳᠦᠬᠦ ᠬᠦᠴᠦᠨ᠎ᠢ᠎ᠨᠢ   ᠳᠡᠭᠡᠭᠰᠢᠯᠡᠭᠦᠯᠦᠨ᠎ᠡ᠃ ᠨᠢᠭᠡ᠎ᠳᠤ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠪᠠ ᠵᠠᠬ᠎ᠠ ᠳᠡᠯᠭᠡᠭᠦᠷ᠎ᠠᠴᠠ ᠤᠬᠤᠷᠢᠨ ᠭᠠᠷᠬᠤ ᠬᠠᠷᠰᠢ ᠰᠠᠭ᠋ᠠᠳ᠎ᠢ ᠠᠷᠢᠯᠭ᠋ᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ᠃ ᠬᠤᠳᠠᠯᠳᠤᠭ᠋ᠠᠨ᠎ᠤ ᠶᠠᠪᠤᠳᠠᠯ᠎ᠤᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠭᠡᠷᠡᠴᠢ ᠪᠤᠯᠤᠨ ᠦᠨᠡᠮᠯᠡᠯ᠎ᠢ ᠰᠠᠯᠭ᠋ᠠᠬᠤ ᠥᠭᠡᠷᠡᠴᠢᠯᠡᠯᠲᠡ ᠵᠢ ᠲᠦᠯᠬᠢᠨ ᠠᠬᠢᠭᠤᠯᠬᠤ᠂ ᠠᠵᠤ ᠠᠬᠤᠶ᠋ᠢᠯᠠᠯ ᠡᠷᠬᠢᠯᠡᠬᠦ ᠴᠠᠭ᠎ᠢ ᠪᠣᠭᠣᠨᠢᠰᠬᠠᠬᠤ᠂ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠵᠡᠷᠭᠡ ᠠᠷᠭ᠎ᠠ ᠬᠡᠮᠵᠢᠶ᠎ᠡ ᠵᠢ ᠦᠷᠭᠦᠯᠵᠢᠯᠡᠨ ᠦᠷᠭᠡᠳᠬᠡᠬᠦ ᠵᠢ ᠲᠤᠳᠤᠷᠬᠠᠢ᠌ᠯᠠᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠵᠠᠬ᠎ᠠ ᠳᠡᠯᠭᠡᠭᠦᠷ᠎ᠲᠤ ᠣᠷᠣᠬᠤ ᠪᠠ ᠡᠵᠡᠩᠨᠡᠯᠲᠡ ᠵᠢᠨ ᠠᠵᠢᠯᠯᠠᠭ᠎ᠠ ᠦᠷᠨᠢᠭᠦᠯᠬᠦ᠎ᠳᠤ ᠬᠠᠷᠰᠢ ᠰᠠᠭ᠋ᠠᠳ᠎ᠢ᠎ᠨᠢ ᠠᠷᠢᠯᠭ᠋ᠠᠵᠤ ᠥᠭᠭᠦᠨ᠎ᠡ᠃ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠦᠴᠦᠨ ᠦᠭᠡᠢ ᠪᠤᠯᠭ᠋ᠠᠬᠤ ᠶᠠᠪᠤᠴᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠭᠤᠶᠤᠴᠢᠯᠠᠬᠤ ᠮᠠᠲ᠋ᠧᠷᠢᠶᠠᠯ᠎ᠢ ᠴᠣᠮᠬᠠᠳᠬᠠᠨ᠂ ᠭᠦᠢ᠍ᠴᠡᠳᠬᠡᠬᠦ ᠴᠠᠭ᠎ᠢ ᠪᠣᠭᠣᠨᠢᠰᠬᠠᠵᠤ᠂ ᠬᠦᠴᠦᠨ ᠥᠬᠡᠶ ᠪᠣᠯᠭ᠋ᠠᠬᠤ ᠥᠪᠡᠷ᠎ᠤᠨ ᠥᠷᠲᠡᠭ᠎ᠢ ᠪᠠᠭᠤᠷᠠᠭᠤᠯᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ 《ᠤᠬᠤᠷᠢᠨ ᠭᠠᠷᠬᠤ᠎ᠳᠤ ᠬᠦᠴᠢᠷ》 ᠠᠰᠠᠭᠤᠳᠠᠯ᠎ᠢ ᠰᠢᠢ᠍ᠳᠪᠦᠷᠢᠯᠡᠬᠦ ᠵᠢ ᠲᠦᠯᠬᠢᠨ ᠠᠬᠢᠭᠤᠯᠤᠨ᠎ᠠ᠃ ᠬᠣᠶᠠᠷ᠎ᠲᠤ ᠭᠠᠶ᠋ᠢᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ᠎ᠠᠴᠠ ᠡᠯ᠎ᠡ ᠵᠦᠢ᠍ᠯ᠎ᠤᠨ ᠭᠠᠶ᠋ᠢᠯᠢ ᠬᠥᠩᠭᠡᠯᠡᠵᠦ   ᠰᠦᠢ᠍ᠳᠬᠡᠯ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠴᠢᠩᠭ᠎ᠠ   ᠨᠠᠢ᠌ᠳᠠᠪᠤᠷᠢᠵᠢᠭᠤᠯᠵᠤ᠂ ᠭᠠᠶ᠋ᠢᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ᠂ ᠴᠠᠭ ᠲᠤᠬᠠᠶ᠎ᠳᠤ᠎ᠨᠢ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠠᠰᠢᠭ   ᠬᠦᠷᠲᠡᠭᠡᠬᠦ ᠵᠢᠨ ᠬᠠᠮᠲᠤ ᠠᠵᠤ ᠠᠬᠤᠶ᠋ᠢᠯᠠᠯ ᠪᠠᠶ᠋ᠢᠭᠤᠯᠬᠤ᠎ᠳᠤ ᠬᠣᠯᠪᠣᠭᠳᠠᠭᠰᠠᠨ ᠰᠦᠢ᠍ᠳᠭᠡᠯ ᠬᠤᠷᠢᠶᠠᠬᠤ ᠵᠢ ᠴᠢᠩᠭ᠎ᠠ ᠬᠢᠵᠠᠭ᠋ᠠᠷᠯᠠᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠡᠵᠡᠩᠨᠡᠯᠲᠡ ᠵᠢᠨ ᠥᠪᠡᠷ᠎ᠤᠨ ᠥᠷᠲᠡᠭ᠎ᠢ ᠦᠨᠡᠨ ᠬᠦ᠌ ᠪᠠᠭᠤᠷᠠᠭᠤᠯᠤᠨ᠎ᠠ᠃ ᠭᠤᠷᠪᠠ᠎ᠳᠤ 《ᠪᠡᠯᠡ ᠲᠣᠬᠢᠷᠠᠭᠤᠯᠬᠤ᠎ᠳᠤ ᠬᠦᠴᠢᠷᠲᠡᠶ᠂ ᠪᠡᠯᠡ ᠲᠣᠬᠢᠷᠠᠭᠤᠯᠬᠤ᠎ᠳᠤ ᠦᠨᠡᠲᠡᠶ》 ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ᠃ ᠮᠥᠩᠭᠥᠨ   ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠪᠣᠯᠤᠨ ᠳᠤᠮᠳᠠ ᠵᠢᠵᠢᠭ ᠠᠵᠤ ᠠᠬᠤᠶ᠋ᠢᠯᠠᠯ᠎ᠢ ᠳᠡᠮᠵᠢᠬᠦ ᠡᠷᠴᠢᠮ ᠵᠶ᠋ᠠᠨ ᠨᠡᠮᠡᠭᠳᠡᠭᠦᠯᠬᠦ ᠵᠢ ᠵᠣᠷᠢᠭᠵᠢᠭᠤᠯᠤᠨ ᠳᠡᠮᠵᠢᠵᠦ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠪᠣᠯᠤᠨ ᠳᠤᠮᠳᠠ ᠵᠢᠵᠢᠭ ᠠᠵᠤ ᠠᠬᠤᠶ᠋ᠢᠯᠠᠯ᠎ᠤᠨ ᠶᠡᠷᠦᠩᠬᠡᠶ᠋ᠢᠯᠡᠭᠰᠡᠨ ᠪᠡᠯᠡ ᠲᠤᠬᠢᠷᠠᠭᠤᠯᠭ᠎ᠠ ᠵᠢᠨ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠪᠣᠯᠤᠨ ᠳᠤᠮᠳᠠ ᠵᠢᠵᠢᠭ ᠠᠵᠤ ᠠᠬᠤᠢ᠌ᠯᠠᠯ᠎ᠳᠤ ᠭᠠᠳᠠᠭᠤᠷᠴᠢᠯᠠᠬᠤ ᠴᠢᠨᠠᠷ᠎ᠲᠠᠢ ᠱᠠᠭ᠋ᠠᠷᠳᠠᠯᠭ᠎ᠠ ᠲᠠᠯᠪᠢᠵᠤ ᠪᠣᠯᠬᠤ ᠦᠭᠡᠢ᠃
     (ᠭᠤᠷᠪᠠ) ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ
     《ᠳᠦᠷᠢᠮ》᠎ᠨᠢ ᠲᠥᠪ ᠭᠣᠣᠯᠴᠢ᠂ ᠢᠯᠡ ᠲᠣᠳᠣ᠂ ᠥᠨᠳᠥᠷ ᠪᠦᠲᠦᠮᠵᠢᠲᠡᠶ ᠵᠠᠰᠠᠭ᠎ᠤᠨ ᠣᠷᠳᠣᠨ᠎ᠤ ᠠᠵᠢᠯᠯᠠᠭ᠋ᠠᠨ᠎ᠤ ᠰᠢᠰᠲᠸᠮᠵᠢ ᠵᠢ ᠪᠠᠶ᠋ᠢᠭᠤᠯᠬᠤ ᠲᠣᠭᠣᠷᠢᠨ᠎ᠳᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠢᠳᠠᠪᠤᠷᠢ ᠪᠠ ᠬᠢᠷᠢ ᠬᠡᠮᠵᠢᠶ᠎ᠡ ᠵᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠶ᠋ᠢᠯᠠᠯ᠎ᠳᠤ ᠠᠰᠢᠭ ᠬᠦᠷᠲᠡᠭᠡᠵᠦ ᠠᠷᠠᠳ᠎ᠲᠤ ᠲᠥᠬᠥᠮ ᠦᠵᠡᠭᠦᠯᠬᠦ ᠥᠨᠳᠥᠷ ᠪᠦᠲᠦᠮᠵᠢᠲᠡᠶ ᠦᠢ᠍ᠯᠡᠴᠢᠯᠡᠭᠡ ᠬᠠᠩᠭ᠋ᠠᠨ᠎ᠠ᠃ ᠨᠢᠭᠡ᠎ᠳᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠪᠠᠷᠢᠮᠵᠢᠶᠠᠵᠢᠭᠤᠯᠤᠯᠲᠠ ᠵᠢ ᠲᠦᠯᠬᠢᠨ ᠠᠬᠢᠭᠤᠯᠤᠨ᠎ᠠ᠃ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠭᠣᠭᠴᠣᠭ᠎ᠠ ᠵᠢ ᠬᠠᠰᠤᠬᠤ᠂ ᠮᠠᠲ᠋ᠧᠷᠢᠶᠠᠯ᠎ᠢ ᠬᠠᠰᠤᠬᠤ᠂ ᠴᠠᠭ᠎ᠤᠨ ᠬᠢᠵᠠᠭ᠋ᠠᠷ᠎ᠢ ᠪᠠᠭ᠋ᠠᠰᠬᠠᠬᠤ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ ᠵᠢ ᠲᠤᠳᠤᠷᠬᠠᠢ᠌ᠯᠠᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠪᠠᠷᠢᠮᠵᠢᠶᠠᠵᠢᠭᠤᠯᠬᠤ ᠠᠵᠢᠯ᠎ᠤᠨ ᠴᠤᠪᠤᠷᠠᠯ ᠪᠣᠯᠤᠨ ᠠᠵᠢᠯ ᠡᠷᠬᠢᠯᠡᠬᠦ ᠵᠦᠭᠯᠡᠭᠦᠷ᠎ᠢ ᠨᠠᠶ᠋ᠢᠷᠠᠭᠤᠯᠤᠨ ᠲᠤᠭᠲᠠᠭ᠋ᠠᠬᠤ ᠵᠢᠨ ᠬᠠᠮᠲᠤ ᠨᠡᠶ᠋ᠢᠭᠡᠮ᠎ᠳᠤ ᠢᠯᠡ ᠪᠣᠯᠭ᠋ᠠᠵᠤ᠂ ᠠᠳᠠᠯᠢ ᠨᠢᠭᠡᠨ ᠬᠡᠷᠡᠭ ᠶᠠᠪᠤᠳᠠᠯ᠎ᠢ ᠢᠯᠭ᠋ᠠᠭ᠎ᠠ ᠥᠬᠡᠶ ᠭᠥᠯᠢᠶᠡᠨ ᠠᠪᠴᠤ ᠰᠢᠢ᠍ᠳᠪᠦᠷᠢᠯᠡᠬᠦ᠂ ᠠᠳᠠᠯᠢ ᠪᠠᠷᠢᠮᠵᠢᠶ᠎ᠠ᠎ᠪᠠᠷ ᠰᠢᠢ᠍ᠳᠪᠦᠷᠢᠯᠡᠬᠦ ᠵᠢ ᠲᠦᠯᠬᠢᠨ ᠠᠬᠢᠭᠤᠯᠤᠨ᠎ᠠ᠃ ᠬᠣᠶᠠᠷ᠎ᠲᠤ ᠳᠠᠷᠤᠶ᠋ᠢᠬᠠᠨ ᠭᠦᠢ᠍ᠴᠡᠳᠬᠡᠬᠦ᠂ ᠰᠦᠯᠵᠢᠶᠡᠨ ᠳᠡᠭᠡᠷ᠎ᠡ   ᠭᠦᠢ᠍ᠴᠡᠳᠬᠡᠬᠦ᠂ ᠤᠢ᠌ᠷ᠎ᠠ ᠬᠠᠪᠢ᠎ᠳᠤ᠎ᠨᠢ ᠭᠦᠢ᠍ᠴᠡᠳᠬᠡᠬᠦ᠂ ᠨᠢᠭᠡ ᠯᠡ ᠤᠳᠠᠭ᠎ᠠ᠎ᠳᠤ   ᠭᠦᠢ᠍ᠴᠡᠳᠬᠡᠬᠦ ᠵᠢ ᠲᠦᠯᠬᠢᠨ ᠠᠬᠢᠭᠤᠯᠤᠨ᠎ᠠ᠃ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠲᠤᠬᠠᠶ ᠵᠢᠨ ᠲᠠᠯᠠᠪᠤᠷ᠎ᠲᠤ᠎ᠨᠢ   ᠭᠦᠢ᠍ᠴᠡᠳᠬᠡᠵᠦ ᠳᠠᠭᠤᠰᠬᠠᠬᠤ᠂ ᠨᠢᠭᠡ ᠯᠡ ᠤᠳᠠᠭ᠎ᠠ᠎ᠳᠤ   ᠭᠦᠢ᠍ᠴᠡᠳᠬᠡᠵᠦ ᠳᠠᠭᠤᠰᠬᠠᠬᠤ᠂ ᠬᠤᠭᠤᠴᠠᠭ᠎ᠠ ᠬᠢᠵᠠᠭ᠋ᠠᠷᠯᠠᠨ ᠭᠦᠢ᠍ᠴᠡᠳᠬᠡᠵᠦ ᠳᠠᠭᠤᠰᠬᠠᠬᠤ ᠦᠢ᠍ᠯᠡᠴᠢᠯᠡᠭᠡᠨ᠎ᠤ ᠬᠡᠪ ᠵᠠᠭᠪᠤᠷ᠎ᠢ ᠬᠡᠷᠡᠭᠵᠢᠭᠦᠯᠵᠦ᠂ ᠲᠥᠪᠯᠡᠷᠡᠭᠦᠯᠦᠨ ᠭᠦᠢ᠍ᠴᠡᠳᠬᠡᠬᠦ᠂ ᠤᠢ᠌ᠷ᠎ᠠ ᠬᠠᠪᠢ᠎ᠳᠤ᠎ᠪᠠᠨ ᠭᠦᠢ᠍ᠴᠡᠳᠬᠡᠬᠦ᠂ ᠰᠦᠯᠵᠢᠶᠡᠨ ᠳᠡᠭᠡᠷ᠎ᠡ ᠭᠦᠢ᠍ᠴᠡᠳᠬᠡᠬᠦ᠂ ᠣᠨᠳᠣᠣ ᠭᠠᠵᠠᠷ᠎ᠲᠤ ᠭᠦᠢ᠍ᠴᠡᠳᠬᠡᠬᠦ ᠵᠢ ᠪᠡᠶᠡᠯᠡᠭᠦᠯᠬᠦ ᠵᠢᠨ ᠬᠠᠮᠲᠤ ᠪᠥᠬᠥ ᠤᠯᠤᠰ᠎ᠤᠨ ᠨᠢᠭᠡ ᠴᠤᠭᠴᠠᠵᠢᠭᠰᠠᠨ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠡᠮᠬᠢᠯᠡᠨ ᠨᠡᠶ᠋ᠢᠯᠡᠭᠦᠯᠵᠦ ᠬᠠᠮᠲᠤ᠎ᠪᠠᠷ ᠡᠳ᠋ᠯᠡᠬᠦ᠂ ᠡᠯᠧᠺᠲᠷᠣᠨ ᠭᠡᠷᠡᠴᠢ ᠦᠨᠡᠮᠯᠡᠯ᠎ᠢ ᠳᠡᠯᠭᠡᠷᠡᠭᠦᠯᠦᠨ ᠬᠡᠷᠡᠭᠯᠡᠬᠦ ᠲᠤᠬᠠᠶ   ᠪᠤᠳᠠᠲᠠᠢ ᠲᠣᠭᠲᠠᠭ᠋ᠠᠯ ᠭᠠᠷᠭ᠋ᠠᠵᠤ᠂ 《ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠯᠡ ᠤᠳᠠᠭ᠎ᠠ》 ᠵᠢᠨ ᠥᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠬᠠᠤᠯᠢ ᠴᠠᠭ᠋ᠠᠵᠠ ᠵᠢᠨ ᠬᠢᠵᠠᠭ᠋ᠠᠷᠯᠠᠬᠤ ᠬᠦᠴᠦᠨ᠎ᠲᠠᠢ ᠲᠦᠷᠢᠮ ᠲᠣᠭᠲᠠᠭ᠋ᠠᠯ ᠪᠣᠯᠭ᠋ᠠᠪᠠ᠃ ᠭᠤᠷᠪᠠ᠎ᠳᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠤᠨ᠎ᠠ᠃ ᠤᠯᠤᠰ᠎ᠠᠴᠠ ᠰᠢᠨ᠎ᠡ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠪᠠᠢ᠌ᠭᠤᠯᠬᠤ ᠵᠢ ᠴᠢᠩᠭ᠎ᠠ ᠬᠢᠵᠠᠭ᠋ᠠᠷᠯᠠᠬᠤ ᠵᠢᠨ ᠬᠠᠮᠲᠤ ᠨᠢᠭᠡᠨᠲᠡ ᠪᠠᠢ᠌ᠭ᠎ᠠ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠶᠡᠬᠡᠪᠡᠷ ᠴᠣᠮᠬᠠᠳᠬᠠᠵᠤ᠂ ᠡᠮᠬᠢᠯᠡᠨ ᠨᠡᠶ᠋ᠢᠯᠡᠭᠦᠯᠵᠦ ᠬᠡᠷᠡᠭᠵᠢᠭᠦᠯᠬᠦ᠂ ᠬᠢᠨᠠᠨ ᠵᠥᠪᠰᠢᠶᠡᠷᠡᠬᠦ ᠳᠡᠰ ᠳᠠᠪᠬᠤᠷᠭ᠎ᠠ ᠵᠢ ᠳᠣᠷᠣᠭᠰᠢ ᠪᠠᠭᠤᠯᠭ᠋ᠠᠬᠤ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠢᠨᠠᠨ ᠵᠥᠪᠰᠢᠶᠡᠷᠡᠬᠦ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠲᠦᠷᠪᠡ᠎ᠳᠤ ᠭᠣᠤᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠦᠢ᠍ᠯᠡᠴᠢᠯᠡᠭᠡ ᠵᠢ ᠳᠥᠭᠥᠮᠴᠢᠯᠡᠬᠦ ᠠᠵᠢᠯ᠎ᠢ ᠲᠦᠯᠬᠢᠨ ᠠᠬᠢᠭᠤᠯᠤᠨ᠎ᠠ᠃ ᠳᠡᠯᠡᠬᠡᠶ ᠵᠢᠨ ᠲᠡᠷᠢᠭᠦᠨ ᠵᠡᠷᠭᠡ ᠵᠢᠨ ᠪᠠᠷᠢᠮᠵᠢᠶ᠎ᠠ᠎ᠪᠠᠷ ᠪᠠᠷᠢᠮᠵᠢᠶᠠᠯᠠᠵᠤ᠂ ᠤᠯᠤᠰ᠎ᠤᠨ ᠳᠣᠲᠣᠭ᠋ᠠᠳᠤ ᠵᠢᠨ ᠬᠠᠮᠤᠭ ᠰᠠᠶ᠋ᠢᠨ   ᠦᠢ᠍ᠯᠡᠳᠦᠯᠭᠡ ᠵᠢ ᠳᠡᠯᠭᠡᠷᠡᠭᠦᠯᠵᠦ᠂ ᠪᠠᠷᠢᠯᠭ᠎ᠠ ᠵᠢᠨ ᠵᠥᠪᠰᠢᠶᠡᠷᠡᠯ᠂ ᠬᠢᠯᠢ ᠠᠯᠤᠰᠯᠠᠭᠰᠠᠨ ᠠᠷᠠᠯᠵᠢᠶ᠎ᠠ᠂ ᠭᠠᠶ᠋ᠢᠯᠢ ᠲᠤᠰᠢᠶᠠᠬᠤ᠂ ᠥᠯᠥ ᠬᠥᠳᠡᠯᠬᠦ ᠬᠦᠷᠦᠩᠭᠡ ᠵᠢᠨ ᠳᠡᠩᠰᠡᠯᠡᠯᠲᠡ ᠵᠡᠷᠭᠡ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ᠎ᠲᠠᠢ ᠨᠢᠭᠲᠠ ᠬᠣᠯᠪᠣᠭ᠎ᠠ᠎ᠲᠠᠢ ᠭᠣᠤᠯᠳᠠᠯᠭ᠎ᠠ᠎ᠲᠠᠢ ᠬᠦᠷᠢᠶ᠎ᠡ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠳᠥᠭᠥᠮᠴᠢᠯᠡᠬᠦ ᠬᠡᠮᠵᠢᠶ᠎ᠡ ᠵᠢ ᠳᠡᠭᠡᠭᠰᠢᠯᠡᠭᠦᠯᠬᠦ᠎ᠳᠤ ᠪᠣᠳᠠᠲᠠᠶ ᠱᠠᠭ᠋ᠠᠷᠳᠠᠯᠭ᠎ᠠ ᠳᠤᠷᠠᠳᠴᠤ᠂ ᠬᠠᠮᠢᠶ᠎ᠠ ᠪᠥᠬᠥᠶ ᠬᠦᠷᠢᠶ᠎ᠡ ᠴᠠᠷᠠᠭ᠎ᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠳᠤ ᠬᠠᠷᠠᠯᠲᠠ ᠵᠢᠨ ᠵᠢᠯᠣᠭᠣᠳᠣᠯᠭ᠎ᠠ ᠬᠠᠩᠭ᠋ᠠᠪᠠ᠃
     (ᠳᠥᠷᠪᠡ) ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠢ ᠵᠢᠷᠤᠮᠵᠢᠭᠤᠯᠬᠤ ᠪᠠ ᠰᠢᠨ᠎ᠡ ᠵᠢ ᠡᠭᠦᠳᠦᠨ᠎ᠡ
     《ᠲᠦᠷᠢᠮ》᠎ᠨᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠢ ᠵᠢᠷᠤᠮᠵᠢᠭᠤᠯᠬᠤ ᠪᠠ ᠰᠢᠨ᠎ᠡ ᠵᠢ ᠡᠭᠦᠳᠦᠨ᠂ ᠡᠷᠬᠡ ᠲᠡᠭᠰᠢ ᠲᠥᠪ ᠭᠣᠤᠯᠴᠢ ᠬᠢᠨᠠᠯᠲᠠ ᠬᠠᠮᠢᠶᠠᠷᠤᠯᠲᠠ ᠵᠢ ᠠᠬᠢᠭᠤᠯᠬᠤ᠂ ᠲᠦᠪ ᠭᠣᠤᠯᠴᠢ ᠥᠷᠢᠰᠥᠯᠳᠦᠭᠡᠨ᠎ᠢ ᠨᠠᠩ ᠰᠠᠶ᠋ᠢᠲᠤᠷ ᠪᠡᠶᠡᠯᠡᠭᠦᠯᠬᠦ᠎ᠳᠤ ᠦᠨᠳᠦᠰᠦᠨ ᠵᠢᠷᠤᠮᠯᠠᠯ ᠬᠠᠩᠭ᠋ᠠᠨ᠎ᠠ ᠭᠡᠵᠦ ᠲᠤᠳᠤᠷᠬᠠᠢ᠌ᠯᠠᠪᠠ᠃ ᠨᠢᠭᠡ᠎ᠳᠤ ᠬᠠᠤᠯᠢ ᠬᠡᠷᠡᠭᠵᠢᠭᠦᠯᠬᠦ ᠲᠣᠭᠲᠠᠴᠠ ᠵᠢ ᠲᠡᠭᠦᠯᠳᠡᠷᠵᠢᠭᠦᠯᠬᠦ ᠵᠢ ᠲᠦᠯᠬᠢᠨ ᠠᠬᠢᠭᠤᠯᠤᠨ᠎ᠠ᠃ ᠰᠠᠯᠠᠭ᠎ᠠ ᠮᠥᠴᠢᠷ ᠪᠣᠯᠤᠨ ᠣᠷᠣᠨ ᠪᠦᠰᠡ ᠠᠯᠤᠰᠯᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠬᠠᠮᠲᠤᠷᠠᠨ ᠬᠥᠳᠡᠯᠦᠯᠴᠡᠬᠦ ᠪᠠ ᠳᠠᠭ᠋ᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠬᠦᠷᠢᠶᠡᠨ᠎ᠳᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢ ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠭᠣᠣᠯ ᠴᠣᠭᠴᠠ ᠪᠠ ᠬᠠᠤᠯᠢ ᠬᠡᠷᠡᠭᠵᠢᠭᠦᠯᠬᠦ ᠳᠡᠰ ᠳᠠᠪᠬᠤᠷᠭ᠎ᠠ ᠵᠢ ᠴᠦᠬᠡᠳᠭᠡᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠭᠠᠴᠢᠭᠳᠠᠭᠤᠯᠵᠤ ᠪᠠᠢ᠌ᠭ᠎ᠠ ᠵᠠᠰᠠᠭ ᠵᠠᠬᠢᠷᠭ᠋ᠠᠨ᠎ᠤ ᠬᠠᠤᠯᠢ   ᠬᠡᠷᠡᠭᠵᠢᠭᠦᠯᠬᠦ ᠪᠠᠶ᠋ᠢᠴᠠᠭ᠋ᠠᠯᠲᠠ᠎ᠨᠢ ᠬᠡᠲᠦ ᠣᠯᠠᠨ ᠬᠡᠲᠦ ᠳᠠᠪᠲᠠᠭᠳᠠᠭᠰᠠᠨ ᠠᠰᠠᠭᠤᠳᠠᠯ᠎ᠢ   ᠰᠢᠢ᠍ᠳᠪᠦᠷᠢᠯᠡᠬᠦ ᠵᠢ ᠲᠦᠯᠬᠢᠨ ᠠᠬᠢᠭᠤᠯᠵᠤ᠂ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ 《ᠭᠠᠭᠴᠠᠭ᠋ᠠᠷ ᠲᠡᠮᠡᠴᠡᠬᠦ》 ᠪᠠᠶ᠋ᠢᠭᠰᠠᠨ᠎ᠠᠴᠠ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠪᠣᠯᠭ᠋ᠠᠨ ᠬᠤᠪᠢᠷᠠᠭᠤᠯᠬᠤ ᠵᠢ ᠪᠡᠶᠡᠯᠡᠭᠦᠯᠵᠦ᠂ 《ᠨᠢᠭᠡ ᠯᠡ ᠤᠳᠠᠭ᠎ᠠ᠎ᠳᠤ   ᠪᠠᠢ᠌ᠴᠠᠭ᠋ᠠᠵᠤ᠂ ᠪᠥᠬᠥ ᠲᠠᠯ᠎ᠠ ᠵᠢᠨ ᠪᠡᠶ᠎ᠡ ᠵᠢᠨ ᠪᠠᠶ᠋ᠢᠴᠠᠭ᠋ᠠᠯᠲᠠ ᠬᠢᠬᠦ》 ᠵᠢ ᠪᠡᠶᠡᠯᠡᠭᠦᠯᠦᠨ᠎ᠡ᠃ ᠬᠣᠶᠠᠷ᠎ᠲᠤ ᠬᠢᠨᠠᠯᠲᠠ ᠬᠠᠮᠢᠶᠠᠷᠤᠯᠲᠠ ᠵᠢᠨ ᠠᠷᠭ᠎ᠠ ᠮᠠᠶᠢᠭ᠎ᠤᠨ ᠰᠢᠨ᠎ᠡ ᠵᠢ ᠡᠭᠦᠳᠬᠦ ᠵᠢ ᠲᠦᠯᠬᠢᠨ ᠠᠬᠢᠭᠤᠯᠤᠨ᠎ᠠ᠃ ᠣᠯᠠᠨ ᠨᠡᠢ᠍ᠢ᠍ᠲᠡ ᠵᠢᠨ ᠠᠮᠤᠷ ᠲᠦᠪᠰᠢᠨ ᠪᠠ ᠣᠯᠠᠨ ᠲᠦᠮᠡᠨ᠎ᠤ ᠠᠮᠢ ᠨᠠᠰᠤ ᠡᠷᠡᠭᠦᠯ ᠮᠡᠨᠳᠦ᠎ᠳᠤ ᠰᠢᠭᠤᠳ ᠬᠤᠯᠪᠤᠭᠳᠠᠬᠤ ᠵᠡᠷᠭᠡ ᠣᠨᠴᠠᠭ᠋ᠠᠢ ᠠᠵᠢᠯ ᠲᠥᠷᠥᠯ᠂ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠠᠴᠠ ᠭᠠᠳᠠᠨ᠎ᠠ᠂ ᠴᠥᠮ 《ᠬᠣᠶᠠᠷ᠎ᠢ ᠲᠠᠰᠢᠷᠠᠮ ᠵᠶ᠋ᠠᠷ ᠭᠦᠢ᠍ᠴᠡᠳᠭᠡᠵᠦ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠵᠦ᠂ 《ᠢᠨᠲᠸᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠵᠢ ᠬᠡᠷᠡᠭᠵᠢᠭᠦᠯᠵᠦ᠂ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠲᠤ ᠪᠠᠭᠲᠠᠭ᠋ᠠᠮᠵᠢᠲᠠᠶ ᠪᠥᠭᠡᠳ ᠪᠣᠯᠭᠣᠮᠵᠢᠲᠠᠶ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠭᠤᠷᠪᠠ᠎ᠳᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠵᠢ ᠲᠦᠯᠬᠢᠨ ᠠᠬᠢᠭᠤᠯᠤᠨ᠎ᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠤ᠎ᠪᠠᠨ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢ ᠬᠠᠤᠯᠢ ᠶᠤᠰᠤᠭ᠋ᠠᠷ ᠪᠣᠯᠭᠣᠮᠵᠢᠲᠠᠶ ᠬᠡᠷᠡᠭᠵᠢᠭᠦᠯᠬᠦ ᠵᠢ ᠲᠤᠳᠤᠷᠬᠠᠢ᠌ᠯᠠᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠬᠡᠪ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ᠎ᠳᠤ ᠦᠵᠡᠭᠦᠯᠬᠦ ᠨᠥᠯᠥᠭᠡ ᠵᠢ ᠪᠠᠭ᠋ᠠᠰᠬᠠᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢ ᠨᠡᠢ᠌ᠳᠡᠮ ᠦᠢ᠍ᠯᠡᠳᠪᠦᠷᠢᠯᠡᠯ ᠵᠶ᠋ᠡᠨ ᠵᠣᠭᠰᠣᠭ᠋ᠠᠬᠣ᠂ ᠠᠷᠠᠯᠵᠢᠶ᠎ᠠ᠎ᠪᠠᠨ ᠵᠤᠭᠰᠤᠭ᠋ᠠᠬᠤ ᠵᠢ ᠱᠠᠭ᠋ᠠᠷᠳᠠᠬᠤ ᠠᠷᠭ᠎ᠠ ᠬᠡᠮᠵᠢᠶ᠎ᠡ ᠵᠢ ᠳᠤᠷ᠎ᠠ᠎ᠪᠠᠷ ᠵᠶ᠋ᠠᠨ ᠠᠪᠴᠤ ᠪᠣᠯᠬᠤ ᠦᠭᠡᠶ᠂ ᠬᠠᠤᠯᠢ ᠬᠡᠷᠡᠭᠵᠢᠭᠦᠯᠬᠦ᠎ᠳᠤ 《ᠲᠠᠰᠤ ᠵᠤᠭᠰᠤᠭ᠋ᠠᠬᠤ》᠎ᠠᠴᠠ ᠵᠠᠶ᠋ᠢᠯᠠᠰᠬᠢᠬᠦ ᠬᠡᠷᠡᠭᠲᠡᠶ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠤ ᠴᠢᠯᠥᠭᠡᠲᠦ ᠲᠠᠰᠤᠯᠤᠯᠲᠠ ᠵᠢᠨ ᠡᠷᠬᠡ ᠵᠢ ᠵᠢᠷᠤᠮᠵᠢᠭᠤᠯᠤᠨ ᠬᠡᠷᠡᠭᠵᠢᠭᠦᠯᠵᠦ᠂ ᠲᠠᠰᠤᠯᠤᠯᠲᠠ ᠵᠢᠨ ᠬᠡᠪᠴᠢᠶ᠎ᠡ᠂ ᠲᠥᠷᠥᠯ ᠵᠦᠢ᠍ᠯ ᠪᠠ ᠬᠡᠮᠵᠢᠶ᠎ᠡ ᠵᠢ ᠵᠦᠶ ᠵᠣᠬᠢᠰᠲᠠᠶ ᠲᠣᠭᠲᠠᠭ᠋ᠠᠬᠤ ᠬᠡᠷᠡᠭᠲᠡᠶ ᠭᠡᠵᠦ ᠱᠠᠭ᠋ᠠᠷᠳᠠᠪᠠ᠃
     (ᠲᠠᠪᠤ) ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠪᠠᠶ᠋ᠢᠭᠤᠯᠤᠯᠲᠠ ᠵᠢᠨ ᠬᠠᠤᠯᠢ᠎ᠪᠠᠷ ᠵᠠᠰᠠᠬᠤ ᠪᠠᠲᠤᠯᠠᠭ᠎ᠠ ᠵᠢ ᠴᠢᠩᠭ᠋ᠠᠳᠬᠠᠨ᠎ᠠ
     《ᠳᠦᠷᠢᠮ》᠎ᠨᠢ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠲᠦᠯᠬᠢᠨ ᠠᠬᠢᠭᠤᠯᠬᠤ ᠲᠣᠭᠣᠷᠢᠨ᠎ᠳᠤ᠂ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠲᠣᠭᠲᠠᠭ᠋ᠠᠬᠤ᠎ᠳᠤ ᠢᠯᠡ ᠲᠤᠳᠤ ᠵᠢᠨ ᠬᠡᠮᠵᠢᠶ᠎ᠡ ᠬᠦᠷᠦᠯᠴᠡᠬᠦ ᠦᠭᠡᠢ ᠪᠠᠢ᠌ᠬᠤ᠂ ᠰᠢᠨ᠎ᠡ᠎ᠪᠠᠷ ᠨᠡᠢ᠌ᠲᠡᠯᠡᠭᠰᠡᠨ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢᠨ   ᠨᠠᠮᠬᠠᠳᠬᠠᠬᠤ ᠬᠤᠭᠤᠴᠠᠭ᠎ᠠ ᠳᠤᠲᠠᠭᠳᠠᠵᠤ ᠪᠠᠢ᠌ᠬᠤ᠂ ᠠᠵᠤ ᠠᠬᠤᠶ᠋ᠢᠯᠠᠯ᠎ᠠᠴᠠ ᠲᠥᠷᠥ ᠵᠢᠨ ᠪᠣᠳᠣᠯᠭ᠎ᠠ ᠵᠢᠨ ᠣᠷᠴᠢᠨ   ᠨᠦᠭᠦᠴᠡᠯ᠎ᠳᠤ ᠲᠣᠭᠲᠠᠭᠤᠨ ᠵᠢᠱ᠌ᠢᠯᠲᠡ ᠳᠤᠲᠠᠮᠠᠭ ᠵᠡᠷᠭᠡ ᠳᠣᠪᠣᠶ᠋ᠢᠮ᠎ᠠ ᠠᠰᠠᠭᠤᠳᠠᠯ᠎ᠳᠤ ᠭᠣᠣᠯᠳᠠᠯᠭ᠎ᠠ᠎ᠲᠠᠢ ᠴᠢᠭ᠍ᠯᠠᠭᠦᠯᠦᠨ ᠲᠣᠳᠣᠷᠬᠠᠶ ᠲᠣᠭᠲᠠᠭ᠋ᠠᠯ ᠭᠠᠷᠭ᠋ᠠᠵᠤ᠂ ᠲᠦᠷᠦ ᠵᠢᠨ ᠪᠤᠳᠤᠯᠭ᠎ᠠ ᠵᠢᠨ ᠢᠯᠡ ᠲᠣᠳᠣ ᠵᠢᠨ ᠬᠡᠮᠵᠢᠶ᠎ᠡ ᠪᠠ ᠲᠣᠭᠲᠠᠪᠤᠷᠢᠲᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠬᠠᠤᠯᠢ᠎ᠪᠠᠷ ᠵᠠᠰᠠᠬᠤ ᠪᠠᠲᠤᠯᠠᠭ᠎ᠠ ᠵᠢ ᠴᠢᠩᠭ᠋ᠠᠳᠬᠠᠪᠠ᠃ ᠨᠢᠭᠡ᠎ᠳᠤ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠲᠣᠭᠲᠠᠭ᠋ᠠᠬᠤ ᠵᠢᠨ ᠢᠯᠡ ᠲᠣᠳᠣ ᠵᠢᠨ ᠬᠡᠮᠵᠢᠶ᠎ᠡ ᠵᠢ ᠨᠡᠮᠡᠭᠳᠡᠭᠦᠯᠦᠨ᠎ᠡ᠃ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ᠎ᠲᠠᠢ ᠨᠢᠭᠲᠠ ᠬᠤᠯᠪᠤᠭᠳᠠᠬᠤ ᠬᠠᠤᠯᠢ ᠲᠣᠭᠲᠠᠭ᠋ᠠᠯ ᠲᠦᠷᠦ ᠵᠢᠨ ᠪᠤᠳᠤᠯᠭ᠎ᠠ ᠵᠢ ᠲᠣᠳᠣᠷᠬᠠᠶ ᠲᠣᠭᠲᠠᠭ᠋ᠠᠬᠤ᠎ᠳᠤ᠂ ᠵᠠᠬ᠎ᠠ ᠳᠡᠯᠭᠡᠭᠦᠷ᠎ᠤᠨ ᠭᠤᠤᠯ ᠴᠣᠭᠴᠠ᠂ ᠠᠵᠢᠯ ᠲᠦᠷᠦᠯ᠎ᠤᠨ ᠨᠡᠶ᠋ᠢᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ ᠰᠠᠨᠠᠯ᠎ᠢ ᠭᠦᠢ᠍ᠴᠡᠳ   ᠰᠤᠨᠤᠰᠤᠨ᠎ᠠ; ᠬᠠᠤᠯᠢ ᠶᠣᠰᠣᠭ᠋ᠠᠷ ᠨᠢᠭᠤᠴᠠ ᠵᠢ ᠬᠠᠮᠠᠭ᠋ᠠᠯᠠᠬᠤ ᠴᠢᠬᠤᠯᠠ᠎ᠲᠠᠢ᠎ᠠᠴᠠ ᠭᠠᠳᠠᠨ᠎ᠠ᠂ ᠨᠡᠶ᠋ᠢᠭᠡᠮ ᠨᠡᠶ᠋ᠢᠲᠡ᠎ᠠᠴᠠ ᠢᠯᠡ᠎ᠪᠠᠷ ᠰᠠᠨᠠᠯ ᠬᠤᠷᠢᠶᠠᠬᠤ ᠵᠢᠨ ᠬᠠᠮᠲᠤ ᠰᠠᠨᠠᠯ᠎ᠢ ᠬᠦᠯᠢᠶᠡᠨ ᠠᠪᠤᠭᠰᠠᠨ ᠪᠠᠶ᠋ᠢᠳᠠᠯ ᠵᠶ᠋ᠠᠨ ᠬᠠᠷᠢᠭᠤ ᠲᠤᠰᠬᠠᠨ᠎ᠠ᠃ ᠬᠣᠶᠠᠷ᠎ᠲᠤ ᠬᠠᠤᠯᠢ ᠲᠣᠭᠲᠠᠭ᠋ᠠᠯ ᠲᠦᠷᠦ ᠵᠢᠨ ᠪᠤᠳᠤᠯᠭ᠎ᠠ ᠵᠢ ᠬᠡᠷᠡᠭᠵᠢᠭᠦᠯᠬᠦ ᠰᠢᠨᠵᠢᠯᠡᠬᠦ ᠤᠬᠠᠭ᠋ᠠᠨᠴᠢ ᠴᠢᠨᠠᠷ᠎ᠢ ᠴᠢᠩᠭ᠋ᠠᠳᠬᠠᠨ᠎ᠠ᠃ ᠰᠢᠨ᠎ᠡ᠎ᠪᠠᠷ ᠨᠡᠶ᠋ᠢᠲᠡᠯᠡᠭᠰᠡᠨ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ᠎ᠨᠢ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠵᠠᠬ᠎ᠠ ᠳᠡᠯᠭᠡᠭᠦᠷ᠎ᠤᠨ ᠭᠣᠤᠯ ᠴᠣᠭᠴᠠ᠎ᠳᠤ ᠴᠢᠬᠤᠯᠠ ᠪᠦᠬᠦᠢ ᠵᠣᠬᠢᠴᠠᠭᠤᠯᠤᠨ ᠲᠣᠬᠢᠷᠠᠭᠤᠯᠬᠤ ᠬᠤᠭᠤᠴᠠᠭ᠎ᠠ ᠵᠢ ᠦᠯᠡᠳᠡᠭᠡᠵᠦ ᠥᠭᠬᠦ ᠵᠢ ᠲᠤᠳᠤᠷᠬᠠᠢ᠌ᠯᠠᠬᠤ ᠵᠢᠨ ᠬᠠᠮᠲᠤ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠨᠡᠢ᠌ᠲᠡᠯᠡᠬᠦ ᠠᠶ᠋ᠢᠵᠠᠮ᠎ᠢ ᠵᠦᠶ ᠵᠤᠬᠢᠰᠲᠠᠢ ᠡᠵᠡᠮᠰᠢᠵᠦ᠂ ᠲᠥᠷᠥ ᠵᠢᠨ ᠪᠣᠳᠣᠯᠭ᠎ᠠ ᠵᠢᠨ ᠦᠷ᠎ᠡ ᠪᠦᠲᠦᠮᠵᠢ ᠵᠢ ᠪᠦᠬᠦ ᠲᠠᠯ᠎ᠠ᠎ᠪᠠᠷ ᠦᠨᠡᠯᠡᠨ ᠵᠢᠱ᠌ᠢᠵᠦ᠂ ᠲᠥᠷᠥ ᠵᠢᠨ ᠪᠣᠳᠣᠯᠭ᠎ᠠ ᠵᠢᠨ ᠳᠠᠪᠬᠤᠴᠠᠯ ᠪᠤᠶᠤ ᠬᠠᠷᠢᠯᠴᠠᠨ ᠵᠣᠬᠢᠴᠠᠯᠳᠤᠬᠤ ᠥᠬᠡᠶ᠎ᠠᠴᠠ ᠪᠣᠯᠵᠣ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠬᠡᠪ᠎ᠤᠨ   ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ᠎ᠳᠤ ᠠᠰᠢᠭ ᠥᠬᠡᠶ ᠨᠥᠯᠥᠭᠡ ᠦᠵᠡᠭᠦᠯᠬᠦ᠎ᠠᠴᠠ ᠵᠠᠢ᠌ᠯᠠᠰᠬᠢᠨ᠎ᠠ᠃ ᠭᠤᠷᠪᠠ᠎ᠳᠤ ᠠᠵᠤ ᠠᠬᠤᠶ᠋ᠢᠯᠠᠯ᠎ᠳᠤ ᠬᠣᠯᠪᠣᠭᠳᠠᠭᠰᠠᠨ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠡᠷᠴᠢᠮ᠎ᠢ ᠴᠢᠩᠭ᠋ᠠᠷᠠᠭᠤᠯᠤᠨ᠎ᠠ᠃ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠵᠠᠬ᠎ᠠ ᠳᠡᠯᠭᠡᠭᠦᠷ᠎ᠤᠨ ᠭᠣᠤᠯ ᠴᠣᠭᠴᠠ᠎ᠳᠤ ᠬᠣᠯᠪᠣᠭᠳᠠᠬᠤ ᠡᠯ᠎ᠡ ᠲᠥᠷᠥᠯ᠎ᠤᠨ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢ ᠲᠥᠪᠯᠡᠷᠡᠭᠦᠯᠦᠨ ᠨᠡᠶ᠋ᠢᠲᠡᠯᠡᠬᠦ ᠵᠢᠨ ᠬᠠᠮᠲᠤ ᠣᠯᠠᠨ ᠵᠦᠢ᠍ᠯ᠎ᠤᠨ ᠠᠷᠭ᠎ᠠ ᠵᠠᠮ ᠪᠠ ᠠᠷᠭ᠎ᠠ ᠮᠠᠶᠢᠭ ᠵᠶ᠋ᠠᠷ ᠳᠠᠮᠵᠢᠭᠤᠯᠤᠨ ᠤᠬᠠᠭᠤᠯᠤᠨ ᠲᠠᠶ᠋ᠢᠯᠪᠤᠷᠢᠯᠠᠬᠤ᠎ᠪᠠᠨ ᠴᠢᠩᠭ᠋ᠠᠳᠬᠠᠬᠤ ᠬᠡᠷᠡᠭᠲᠡᠶ ᠭᠡᠵᠦ ᠲᠣᠳᠣᠷᠬᠠᠶ᠋ᠢᠯᠠᠪᠠ᠃

ᠢᠷᠡᠯᠲᠡ᠄ ᠦᠪᠦᠷ ᠮᠤᠩᠭᠤᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠡᠮ
          
ᠬᠠᠮᠢᠶ᠎ᠡ ᠪᠦᠬᠦᠢ ᠰᠣᠨᠢᠨ
 
            