ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠠᠷᠪᠠᠨ ᠵᠢᠷᠭᠤᠳᠤᠭ᠋ᠠᠷ ᠬᠤᠷᠠᠯᠳᠤᠭ᠋ᠠᠨ᠎ᠠᠴᠠ ᠬᠢᠨᠠᠨ ᠵᠦᠪᠯᠡᠭᠡᠳ ᠪᠠᠲᠤᠯᠠᠭᠰᠠᠨ 《ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠠᠷᠠᠯᠵᠢᠶᠠᠯᠠᠬᠤ ᠵᠢ ᠪᠥᠬᠥ ᠲᠠᠯ᠎ᠠ᠎ᠪᠠᠷ ᠴᠠᠭ᠋ᠠᠵᠠᠯᠠᠬᠤ᠂ ᠬᠡᠭᠡᠷ᠎ᠡ ᠵᠢᠨ ᠠᠮᠢᠲᠠᠨ᠎ᠢ ᠳᠤᠷ᠎ᠠ᠎ᠪᠠᠷ ᠢᠳᠡᠬᠦ ᠮᠠᠭᠤᠬᠠᠢ ᠳᠠᠳᠬᠠᠯ᠎ᠢ ᠠᠷᠢᠯᠭ᠋ᠠᠬᠤ᠂ ᠠᠷᠠᠳ ᠲᠦᠮᠡᠨ᠎ᠤ ᠠᠮᠢ ᠨᠠᠰᠤ ᠡᠷᠡᠭᠦᠯ ᠮᠡᠨᠳᠦ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠲᠤᠬᠠᠶ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠲᠣᠭᠲᠠᠭ᠋ᠠᠯ》᠎ᠢ ᠳᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠤᠰᠠᠳᠠ ᠲᠠᠷᠢᠶᠠᠯᠠᠩ ᠬᠥᠳᠡᠭᠡ ᠲᠤᠰᠬᠤᠨ᠎ᠤ ᠶᠠᠮᠤᠨ᠎ᠠᠴᠠ ᠬᠡᠷᠡᠭᠵᠢᠭᠦᠯᠬᠦ ᠲᠥᠰᠦᠯ᠎ᠢ ᠰᠤᠳᠤᠯᠤᠨ ᠲᠣᠭᠲᠠᠭ᠋ᠠᠵᠤ᠂ ᠵᠢᠷᠭᠤᠭ᠋ᠠᠨ ᠵᠦᠢ᠍ᠯ᠎ᠤᠨ ᠪᠣᠳᠠᠲᠠᠶ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃
ᠨᠢᠭᠡ᠎ᠳᠤ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠎ᠠ᠃ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ ᠵᠢᠴᠢ ᠤᠰᠤᠨ᠎ᠤ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠡᠷᠡᠭᠵᠢᠭᠦᠯᠬᠦ ᠳᠦᠷᠢᠮ᠎ᠳᠠᠬᠢ ᠤᠰᠤᠨ᠎ᠤ ᠬᠡᠭᠡᠷ᠎ᠡ ᠵᠢᠨ ᠠᠮᠢᠲᠠᠨ᠎ᠢ ᠠᠩᠨᠠᠬᠤ᠂ ᠠᠷᠠᠯᠵᠢᠶᠠᠯᠠᠬᠤ᠂ ᠲᠡᠭᠡᠭᠡᠪᠦᠷᠢᠯᠡᠬᠦ ᠪᠠ ᠢᠳᠡᠬᠦ ᠵᠢ ᠴᠠᠭ᠋ᠠᠵᠠᠯᠠᠬᠤ ᠲᠤᠬᠠᠶ ᠲᠣᠭᠲᠠᠭ᠋ᠠᠯ᠎ᠢ ᠴᠢᠩᠭ᠎ᠠ ᠨᠠᠢ᠌ᠳᠠᠪᠤᠷᠢᠵᠢᠭᠤᠯᠵᠤ᠂ ᠲᠣᠭᠲᠠᠭ᠋ᠠᠯ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ᠎ᠳᠤ ᠣᠳᠣ ᠵᠢᠨ ᠬᠡᠷᠡᠭᠵᠢᠭᠦᠯᠵᠦ ᠪᠠᠢ᠌ᠭ᠎ᠠ ᠬᠠᠤᠯᠢ ᠴᠠᠭ᠋ᠠᠵᠠ ᠵᠢᠨ ᠰᠠᠭᠤᠷᠢᠨ ᠳᠡᠭᠡᠷ᠎ᠡ ᠬᠦᠨᠳᠦᠷᠡᠭᠦᠯᠦᠨ ᠰᠢᠢ᠍ᠳᠭᠡᠨ᠎ᠡ᠃
ᠬᠣᠶᠠᠷ᠎ᠲᠤ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠭᠠᠷᠴᠠᠭ᠎ᠢ ᠲᠦᠷᠭᠡᠪᠴᠢᠯᠡᠨ ᠲᠣᠭᠲᠠᠭ᠋ᠠᠨ᠎ᠠ᠃ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠮᠠᠯ ᠠᠵᠤ ᠠᠬᠤᠢ ᠵᠢᠨ ᠬᠠᠤᠯᠢ》 ᠵᠢᠨ ᠲᠣᠭᠲᠠᠭ᠋ᠠᠯ᠎ᠢ ᠦᠨᠳᠦᠰᠦᠯᠡᠵᠦ᠂ ᠨᠡᠯᠢᠶᠡᠳ ᠦᠷᠭᠦᠯᠵᠢ ᠬᠠᠷᠠᠭᠳᠠᠳᠠᠭ ᠭᠡᠷ᠎ᠤᠨ ᠲᠡᠵᠢᠭᠡᠪᠦᠷᠢ ᠭᠡᠷ᠎ᠤᠨ ᠵᠢᠭᠦᠷᠲᠡᠨ (ᠵᠢᠱ᠌ᠢᠶᠡᠯᠡᠪᠡᠯ ᠭᠠᠬᠠᠶ᠂ ᠦᠬᠡᠷ᠂ ᠬᠣᠨᠢ᠂ ᠲᠠᠬᠢᠶ᠎ᠠ᠂ ᠨᠤᠭᠤᠰᠤ᠂ ᠭᠠᠯᠠᠭᠤ) ᠵᠡᠷᠭᠡ ᠵᠢ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠭᠠᠷᠴᠠᠭ᠎ᠲᠤ ᠵᠢᠭᠰᠠᠭ᠋ᠠᠨ ᠣᠷᠣᠭᠤᠯᠵᠤ᠂ ᠮᠠᠯ ᠠᠵᠤ ᠠᠬᠤᠢ ᠵᠢᠨ ᠬᠠᠤᠯᠢ ᠵᠢᠨ ᠲᠣᠭᠲᠠᠭ᠋ᠠᠯ ᠶᠣᠰᠣᠭ᠋ᠠᠷ ᠬᠠᠮᠢᠶᠠᠷᠤᠨ᠎ᠠ᠃
ᠭᠤᠷᠪᠠ᠎ᠳᠤ ᠤᠰᠤᠨ᠎ᠤ ᠬᠡᠭᠡᠷ᠎ᠡ ᠵᠢᠨ ᠠᠮᠢᠲᠠᠨ᠎ᠤ ᠭᠠᠷᠴᠠᠭ᠎ᠲᠤ ᠵᠠᠰᠠᠪᠤᠷᠢ ᠣᠷᠣᠭᠤᠯᠬᠤ ᠵᠢ ᠲᠦᠷᠭᠡᠪᠴᠢᠯᠡᠨ ᠲᠦᠯᠬᠢᠨ ᠠᠬᠢᠭᠤᠯᠤᠨ᠎ᠠ᠃ ᠤᠯᠤᠰ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠯᠤᠭ᠎ᠠ ᠵᠢᠨ ᠨᠡᠪᠲᠡᠷᠡᠯᠴᠡᠭᠡ ᠪᠠ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠤᠰᠤᠨ᠎ᠤ ᠬᠡᠭᠡᠷ᠎ᠡ ᠵᠢᠨ ᠠᠮᠢᠲᠠᠨ ᠪᠠ ᠬᠠᠭᠤᠷᠠᠶ ᠵᠢᠨ ᠬᠡᠭᠡᠷ᠎ᠡ ᠵᠢᠨ ᠠᠮᠢᠲᠠᠨ᠎ᠤ ᠬᠠᠮᠢᠶ᠎ᠠ ᠪᠦᠬᠦᠢ ᠭᠠᠷᠴᠠᠭ᠎ᠤᠨ ᠬᠡᠪᠴᠢᠶ᠎ᠡ ᠵᠢ ᠤᠯᠠᠮ ᠨᠢᠭᠡ ᠠᠯᠬᠤᠮ ᠲᠤᠳᠤᠷᠬᠠᠢ᠌ᠯᠠᠨ᠎ᠠ᠃ 《ᠲᠣᠭᠲᠠᠭ᠋ᠠᠯ》᠎ᠤᠨ ᠲᠣᠭᠲᠠᠭ᠋ᠠᠯ ᠶᠣᠰᠣᠭ᠋ᠠᠷ᠂ ᠵᠢᠭ᠋ᠠᠰᠤᠨ᠎ᠤ ᠲᠥᠷᠥᠯ ᠵᠡᠷᠭᠡ ᠤᠰᠤᠨ᠎ᠤ ᠬᠡᠭᠡᠷ᠎ᠡ ᠵᠢᠨ ᠠᠮᠢᠲᠠᠨ᠎ᠢ ᠢᠳᠡᠬᠦ ᠵᠢ ᠴᠠᠭ᠋ᠠᠵᠠᠯᠠᠬᠤ ᠬᠡᠪᠴᠢᠶᠡᠨ᠎ᠳᠤ ᠤᠷᠤᠭᠤᠯᠬᠤ ᠥᠬᠡᠶ᠂ ᠵᠢᠭ᠋ᠠᠰᠤᠨ ᠠᠵᠤ ᠦᠢ᠍ᠯᠡᠰ᠎ᠤᠨ ᠬᠠᠤᠯᠢ ᠵᠢᠨ ᠲᠣᠭᠲᠠᠭ᠋ᠠᠯ ᠶᠣᠰᠣᠭ᠋ᠠᠷ ᠬᠠᠮᠢᠶᠠᠷᠤᠨ᠎ᠠ᠃
ᠲᠦᠷᠪᠡ᠎ᠳᠤ ᠬᠡᠭᠡᠷ᠎ᠡ ᠵᠢᠨ ᠠᠮᠢᠲᠠᠨ᠎ᠢ ᠢᠳᠡᠭᠡᠨ᠎ᠤ ᠪᠤᠰᠤ ᠴᠢᠨᠠᠷᠲᠠᠢ ᠠᠰᠢᠭᠯᠠᠬᠤ ᠵᠢᠨ ᠬᠢᠨᠠᠨ ᠵᠦᠪᠰᠢᠶᠡᠷᠡᠯ ᠪᠠ ᠰᠢᠯᠭ᠋ᠠᠨ ᠪᠠᠶ᠋ᠢᠴᠠᠭ᠋ᠠᠬᠤ᠂ ᠬᠢᠵᠢᠭ ᠪᠠᠶ᠋ᠢᠴᠠᠭ᠋ᠠᠬᠤ ᠵᠡᠷᠭᠡ ᠬᠠᠮᠢᠶᠠᠷᠤᠯᠲᠠ ᠵᠢ ᠴᠢᠩᠭ᠋ᠠᠳᠬᠠᠨ᠎ᠠ᠃ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ᠂ ᠬᠢᠲᠠᠳ ᠡᠮ ᠡᠮᠨᠡᠯᠭᠡ ᠵᠢᠨ ᠬᠠᠤᠯᠢ᠂ ᠲᠤᠷᠰᠢᠯᠲᠠ ᠵᠢᠨ ᠠᠮᠢᠲᠠᠨ᠎ᠤ ᠬᠠᠮᠢᠶᠠᠷᠤᠯᠲᠠ ᠵᠢᠨ ᠳᠦᠷᠢᠮ᠂ ᠬᠣᠲᠠ ᠵᠢᠨ ᠠᠮᠢᠲᠠᠨ᠎ᠤ ᠬᠦᠷᠢᠶᠡᠯᠡᠩ᠎ᠤᠨ ᠬᠠᠮᠢᠶᠠᠷᠤᠯᠲᠠ ᠵᠢᠨ ᠲᠣᠭᠲᠠᠭ᠋ᠠᠯ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠡᠮ᠎ᠳᠤ ᠬᠡᠷᠡᠭᠯᠡᠬᠦ᠂ ᠦᠵᠡᠭᠦᠯᠭᠡ ᠵᠡᠷᠭᠡ ᠣᠨᠴᠠᠭ᠋ᠠᠢ ᠪᠠᠢ᠌ᠳᠠᠯ᠎ᠠᠴᠠ ᠪᠣᠯᠵᠤ ᠬᠡᠭᠡᠷ᠎ᠡ ᠵᠢᠨ ᠠᠮᠢᠲᠠᠨ᠎ᠢ ᠢᠳᠡᠭᠡᠨ᠎ᠤ ᠪᠤᠰᠤ ᠴᠢᠨᠠᠷᠲᠠᠢ ᠠᠰᠢᠭᠯᠠᠬᠤ ᠵᠢᠨ ᠬᠢᠨᠠᠨ ᠵᠦᠪᠰᠢᠶᠡᠷᠡᠯ ᠪᠠ ᠬᠢᠵᠢᠭ᠎ᠤᠨ ᠪᠠᠢ᠌ᠴᠠᠭ᠋ᠠᠯᠲᠠ ᠵᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠬᠡᠷᠡᠭᠵᠢᠭᠦᠯᠦᠨ᠎ᠡ᠃
ᠲᠠᠪᠤ᠎ᠳᠤ ᠬᠠᠤᠯᠢ ᠬᠡᠷᠡᠭᠵᠢᠭᠦᠯᠦᠯᠲᠡ᠎ᠳᠠᠬᠢ ᠬᠢᠨᠠᠯᠲᠠ ᠵᠢ ᠴᠢᠩᠭ᠋ᠠᠳᠬᠠᠨ᠎ᠠ᠃ ᠬᠠᠤᠯᠢ ᠬᠡᠷᠡᠭᠵᠢᠭᠦᠯᠬᠦ ᠬᠠᠮᠢᠶᠠᠷᠤᠯᠲᠠ ᠵᠢᠨ ᠪᠠᠶ᠋ᠢᠭᠤᠯᠤᠯ᠎ᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠭᠣᠤᠯ ᠴᠣᠭᠴᠠ ᠵᠢ ᠲᠣᠳᠣᠷᠬᠠᠶ᠋ᠢᠯᠠᠨ᠂ ᠬᠠᠤᠯᠢ ᠬᠡᠷᠡᠭᠵᠢᠭᠦᠯᠬᠦ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ᠎ᠪᠠᠨ ᠴᠢᠩᠭ᠋ᠠᠳᠬᠠᠨ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ 《ᠲᠣᠭᠲᠠᠭ᠋ᠠᠯ》 ᠪᠣᠯᠤᠨ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠨ᠎ᠡ; ᠬᠠᠤᠯᠢ᠎ᠠᠴᠠ ᠵᠥᠷᠢᠴᠡᠵᠦ ᠡᠵᠡᠩᠨᠡᠭᠰᠡᠨ ᠲᠠᠯᠠᠪᠤᠷ ᠭᠠᠵᠠᠷ ᠪᠠ ᠬᠠᠤᠯᠢ᠎ᠠᠴᠠ ᠵᠦᠷᠢᠴᠡᠭᠰᠡᠨ ᠡᠵᠡᠩᠨᠡᠭᠴᠢ ᠵᠢ ᠬᠠᠤᠯᠢ ᠶᠤᠰᠤᠭ᠋ᠠᠷ ᠬᠦᠴᠦᠨ ᠦᠭᠡᠢ ᠪᠣᠯᠭ᠋ᠠᠬᠤ ᠪᠤᠶᠤ ᠪᠠᠶ᠋ᠢᠴᠠᠭ᠋ᠠᠨ ᠪᠢᠲᠡᠭᠦᠮᠵᠢᠯᠡᠵᠦ᠂ ᠡᠭᠦᠳᠡ ᠵᠢ᠎ᠨᠢ ᠬᠠᠭ᠋ᠠᠯᠭ᠋ᠠᠨ᠎ᠠ᠃
ᠵᠢᠷᠭᠤᠭ᠎ᠠ᠎ᠳᠤ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢ ᠦᠷᠨᠢᠭᠦᠯᠦᠨ᠎ᠡ᠃ ᠨᠡᠶ᠋ᠢᠭᠡᠮ᠎ᠤᠨ ᠡᠯ᠎ᠡ ᠡᠲᠡᠭᠡᠳ᠎ᠢ ᠵᠣᠬᠢᠶᠠᠨ ᠪᠠᠶ᠋ᠢᠭᠤᠯᠤᠨ 《ᠲᠣᠭᠲᠠᠭ᠋ᠠᠯ》᠎ᠢ ᠨᠡᠶ᠋ᠢᠲᠡᠯᠡᠭᠰᠡᠨ ᠴᠢᠬᠤᠯᠠ ᠠᠴᠢ ᠬᠣᠯᠪᠣᠭᠳᠠᠯ ᠪᠣᠯᠤᠨ ᠭᠣᠤᠯ ᠠᠭᠤᠯᠭ᠎ᠠ ᠵᠢ ᠵᠥᠪ ᠵᠶ᠋ᠠᠷ ᠣᠶ᠋ᠢᠯᠠᠭ᠋ᠠᠵᠤ᠂ ᠥᠷᠭᠡᠨ ᠵᠶ᠋ᠠᠷ ᠤᠬᠠᠭᠤᠯᠬᠤ ᠵᠢ ᠳᠠᠢ᠌ᠴᠢᠯᠠᠵᠤ᠂ ᠠᠮᠢ ᠠᠬᠤᠶ ᠵᠢᠨ ᠣᠷᠴᠢᠨ ᠲᠤᠭᠤᠷᠢᠨ᠎ᠤ ᠬᠠᠮᠠᠭ᠋ᠠᠯᠠᠯᠲᠠ᠂ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠶᠡᠬᠡᠪᠡᠷ ᠲᠦᠭᠡᠮᠡᠯᠵᠢᠭᠦᠯᠵᠦ᠂ 《ᠲᠣᠭᠲᠠᠭ᠋ᠠᠯ》 ᠪᠣᠯᠤᠨ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠳᠤᠭᠤᠰᠢᠯᠠᠭᠤᠯᠤᠨ ᠬᠡᠷᠡᠭᠵᠢᠭᠦᠯᠬᠦ᠎ᠳᠤ ᠰᠠᠢ᠍ᠢ᠍ᠨ ᠰᠠᠶ᠋ᠢᠬᠠᠨ ᠣᠷᠴᠢᠨ ᠨᠥᠬᠥᠴᠡᠯ᠎ᠢ ᠪᠤᠢ ᠪᠣᠯᠭ᠋ᠠᠵᠤ ᠦᠭᠭᠦᠨ᠎ᠡ᠃