1. ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠥᠬᠦᠪᠦᠷᠢ ᠵᠢᠨ ᠡᠲᠡᠭᠡᠳ᠎ᠨᠢ ᠠᠯᠢ ᠠᠯᠢ ᠪᠣᠢ?
ᠬᠠᠷᠢᠭᠤᠯᠲᠠ᠄ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠥᠬᠦᠪᠦᠷᠢ ᠵᠢᠨ ᠡᠲᠡᠭᠡᠳ᠎ᠨᠢ ᠥᠪᠡᠷᠲᠡᠭᠡᠨ ᠵᠠᠰᠠᠬᠤ ᠣᠷᠣᠨ᠎ᠤ ᠬᠢᠯᠢ᠎ᠳᠠᠬᠢ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ ᠡᠷᠬᠢᠯᠡᠵᠦ ᠪᠠᠶ᠋ᠢᠭ᠎ᠠ ᠬᠤᠪᠢ ᠬᠥᠮᠥᠨ ᠪᠠ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ ᠡᠵᠡᠩᠨᠡᠵᠦ ᠪᠠᠶ᠋ᠢᠭ᠎ᠠ ᠵᠣᠬᠢᠶᠠᠨ ᠪᠠᠶ᠋ᠢᠭᠤᠯᠤᠯᠲᠠ (ᠳᠣᠷᠣᠭᠰᠢ 《ᠮᠠᠰᠢᠨ ᠬᠤᠳᠠᠯᠳᠤᠨ ᠠᠪᠤᠭᠴᠢ》 ᠭᠡᠵᠦ ᠲᠣᠪᠴᠢᠯᠠᠨ᠎ᠠ) ᠪᠠᠶ᠋ᠢᠵᠤ᠂ ᠡᠭᠦᠨ᠎ᠳᠤ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠪᠡᠯᠡ ᠮᠥᠩᠭᠦ ᠵᠢᠨ ᠬᠤᠷᠠᠮᠳᠤᠯ ᠨᠥᠬᠦᠪᠦᠷᠢ ᠪᠠ ᠲᠤᠰᠠᠭ᠋ᠠᠷ ᠨᠥᠬᠦᠪᠦᠷᠢ ᠵᠢᠨ ᠦᠢ᠍ᠯᠡᠳᠬᠦᠨ᠎ᠢ ᠵᠥᠪᠬᠡᠨ ᠮᠠᠯᠴᠢᠨ ᠪᠠ ᠮᠠᠯᠴᠢᠨ᠎ᠤ ᠦᠢ᠍ᠯᠡᠳᠪᠦᠷᠢᠯᠡᠯ ᠡᠵᠡᠩᠨᠡᠵᠦ ᠪᠠᠶ᠋ᠢᠭ᠎ᠠ ᠵᠣᠬᠢᠶᠠᠨ ᠪᠠᠶ᠋ᠢᠭᠤᠯᠤᠯᠲᠠ᠎ᠪᠠᠷ ᠬᠢᠵᠠᠭ᠋ᠠᠷᠯᠠᠵᠤ᠂ ᠮᠠᠯᠴᠢᠨ ᠪᠠ ᠦᠢ᠍ᠯᠡᠳᠪᠦᠷᠢᠯᠡᠯ ᠡᠵᠡᠩᠨᠡᠵᠦ ᠪᠠᠶ᠋ᠢᠭ᠎ᠠ ᠮᠠᠯᠴᠢᠨ᠎ᠤ ᠵᠣᠬᠢᠶᠠᠨ ᠪᠠᠶ᠋ᠢᠭᠤᠯᠤᠯᠲᠠ ᠵᠢᠨ ᠵᠠᠭ᠋ᠠᠭ᠎ᠢ ᠲᠣᠭᠲᠠᠭ᠋ᠠᠬᠤ᠎ᠳᠤ ᠨᠤᠲᠤᠭ ᠪᠡᠯᠴᠢᠭᠡᠷ ᠳᠠᠭ᠋ᠠᠭ᠋ᠠᠴᠢᠯᠠᠨ ᠡᠵᠡᠩᠨᠡᠬᠦ ᠭᠡᠷᠡᠴᠢ ᠪᠠᠶ᠋ᠢᠬᠤ᠎ᠪᠠᠷ ᠦᠨᠳᠦᠰᠦᠯᠡᠯ ᠪᠣᠯᠭ᠋ᠠᠨ᠎ᠠ᠃ ᠨᠥᠬᠦᠪᠦᠷᠢ ᠵᠢᠨ ᠡᠲᠡᠭᠡᠳ᠎ᠳᠤ ᠤᠯᠤᠰ ᠪᠠ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠠᠴᠠ ᠠᠰᠠᠷᠠᠨ ᠲᠡᠵᠢᠭᠡᠵᠦ ᠪᠠᠶ᠋ᠢᠭ᠎ᠠ ᠬᠥᠮᠥᠰ ᠪᠠᠭᠲᠠᠬᠤ ᠦᠭᠡᠢ᠃
2. ᠶᠠᠮᠠᠷ ᠶᠠᠮᠠᠷ ᠲᠠᠷᠢᠶᠠᠯᠠᠩ᠎ᠤᠨ ᠮᠠᠰᠢᠨ ᠪᠠᠭ᠋ᠠᠵᠢ ᠵᠢ ᠮᠠᠨ᠎ᠤ ᠣᠷᠣᠨ᠎ᠤ ᠨᠥᠬᠦᠪᠦᠷᠢ ᠵᠢᠨ ᠬᠡᠪᠴᠢᠶᠡᠨ᠎ᠳᠤ ᠣᠷᠣᠭᠤᠯᠤᠭᠰᠠᠨ ᠪᠣᠢ?
ᠬᠠᠷᠢᠭᠤᠯᠲᠠ᠄ ᠲᠥᠪ᠎ᠤᠨ ᠡᠳ᠋᠎ᠤᠨ ᠵᠠᠰᠠᠭ᠎ᠤᠨ ᠨᠥᠬᠦᠪᠦᠷᠢ ᠵᠢᠨ ᠳᠠᠩᠰᠠ ᠡᠪᠬᠡᠮᠡᠯ᠎ᠳᠤ ᠣᠷᠣᠭᠤᠯᠤᠭᠰᠠᠨ ᠦᠢ᠍ᠯᠡᠳᠬᠦᠨ᠎ᠤ ᠬᠡᠪᠴᠢᠶ᠎ᠡ᠎ᠳᠤ 12 ᠶᠡᠭᠡ ᠲᠥᠷᠥᠯ 26 ᠪᠠᠭ᠎ᠠ ᠲᠥᠷᠥᠯ᠎ᠤᠨ 60 ᠦᠢ᠍ᠯᠡᠳᠬᠦᠨ᠎ᠤ ᠭᠠᠷᠴᠠᠭ ᠪᠠᠭᠲᠠᠨ᠎ᠠ᠃ ᠲᠠᠷᠢᠶᠠᠯᠠᠩ᠎ᠤᠨ ᠮᠠᠰᠢᠨ᠎ᠤ ᠰᠢᠨ᠎ᠡ ᠦᠢ᠍ᠯᠡᠳᠬᠦᠨ᠎ᠤ ᠬᠡᠪᠴᠢᠶ᠎ᠡ᠎ᠳᠤ 2 ᠶᠡᠭᠡ ᠲᠥᠷᠥᠯ 3 ᠪᠠᠭ᠎ᠠ ᠲᠥᠷᠥᠯ᠎ᠤᠨ 3 ᠦᠢ᠍ᠯᠡᠳᠬᠦᠨ᠎ᠤ ᠭᠠᠷᠴᠠᠭ ᠪᠠᠭᠲᠠᠨ᠎ᠠ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠳᠠᠩ ᠵᠶ᠋ᠠᠷ ᠨᠥᠬᠦᠪᠦᠷᠢᠯᠡᠬᠦ ᠦᠢ᠍ᠯᠡᠳᠬᠦᠨ᠎ᠤ ᠬᠡᠪᠴᠢᠶ᠎ᠡ᠎ᠳᠤ 1 ᠶᠡᠭᠡ ᠲᠥᠷᠥᠯ 3 ᠪᠠᠭ᠎ᠠ ᠲᠥᠷᠥᠯ᠎ᠤᠨ 10 ᠦᠢ᠍ᠯᠡᠳᠬᠦᠨ᠎ᠤ ᠭᠠᠷᠴᠠᠭ ᠪᠠᠭᠲᠠᠨ᠎ᠠ᠃ ᠨᠥᠬᠦᠪᠦᠷᠢ ᠵᠢᠨ ᠬᠡᠪᠴᠢᠶ᠎ᠡ ᠵᠢᠴᠢ ᠨᠥᠬᠦᠪᠦᠷᠢ ᠵᠢᠨ ᠦᠢ᠍ᠯᠡᠳᠬᠦᠨ᠎ᠤ ᠮᠡᠳᠡᠭᠡ ᠵᠠᠩᠭᠢ ᠵᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ᠎ᠤᠨ ᠠᠯᠪᠠᠨ᠎ᠤ ᠰᠦᠯᠵᠢᠶ᠎ᠡ ᠵᠢᠨ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠥᠬᠦᠪᠦᠷᠢ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠲᠤᠰᠬᠠᠢ ᠪᠤᠯᠤᠩ ᠵᠶ᠋ᠠᠷ ᠳᠠᠮᠵᠢᠭᠤᠯᠤᠨ ᠬᠠᠶ᠋ᠢᠨ ᠯᠠᠪᠯᠠᠵᠤ ᠪᠣᠯᠣᠨ᠎ᠠ᠃
3. ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠥᠬᠦᠪᠦᠷᠢ ᠵᠢᠨ ᠨᠥᠬᠦᠪᠦᠷᠢᠯᠡᠬᠦ ᠪᠠᠷᠢᠮᠵᠢᠶ᠎ᠠ᠎ᠨᠢ ᠶᠠᠭᠤ ᠪᠣᠢ?
ᠬᠠᠷᠢᠭᠤᠯᠲᠠ᠄ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠥᠬᠦᠪᠦᠷᠢ᠎ᠳᠤ ᠲᠣᠭᠲᠠᠭᠰᠠᠨ ᠲᠣᠭ᠋ᠠᠨ᠎ᠤ ᠨᠥᠬᠦᠪᠦᠷᠢ ᠵᠢ ᠬᠡᠷᠡᠭᠵᠢᠭᠦᠯᠵᠦ᠂ ᠪᠣᠳᠠᠲᠠᠢ᠎ᠪᠠᠷ ᠨᠥᠬᠦᠪᠦᠷᠢᠯᠡᠬᠦ ᠮᠠᠰᠢᠨ ᠪᠠᠭ᠋ᠠᠵᠢ ᠵᠢᠨ ᠨᠥᠬᠦᠪᠦᠷᠢ ᠵᠢᠨ ᠲᠤᠭ᠎ᠠ ᠵᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ ᠠᠯᠪᠠᠨ᠎ᠤ ᠰᠦᠯᠵᠢᠶ᠎ᠡ ᠵᠢᠨ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠥᠬᠦᠪᠦᠷᠢ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠲᠤᠰᠬᠠᠢ ᠪᠤᠯᠤᠩ ᠵᠶ᠋ᠠᠷ ᠳᠠᠮᠵᠢᠭᠤᠯᠤᠨ ᠬᠠᠶ᠋ᠢᠨ ᠯᠠᠪᠯᠠᠵᠤ ᠪᠣᠯᠣᠨ᠎ᠠ᠃
4. ᠣᠨ᠎ᠤ ᠳᠣᠲᠣᠷ᠎ᠠ ᠬᠤᠳᠠᠯᠳᠤᠨ ᠠᠪᠬᠤ ᠨᠥᠬᠦᠪᠦᠷᠢ ᠵᠢᠨ ᠮᠠᠰᠢᠨ ᠪᠠᠭ᠋ᠠᠵᠢ ᠵᠢᠨ ᠲᠤᠭ᠎ᠠ ᠬᠡᠮᠵᠢᠶ᠎ᠡ᠎ᠨᠢ ᠬᠡᠳᠦᠢ ᠪᠣᠢ?
ᠬᠠᠷᠢᠭᠤᠯᠲᠠ᠄ 2020 ᠣᠨ᠎ᠳᠤ᠂ 《ᠥᠪᠥᠷ ᠮᠣᠩᠭᠤᠯ᠎ᠤᠨ 2018 — 2020 ᠣᠨ᠎ᠤ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠥᠬᠦᠪᠦᠷᠢ ᠵᠢᠨ ᠬᠡᠷᠡᠭᠵᠢᠭᠦᠯᠬᠦ ᠲᠥᠰᠥᠯ》 (ᠥᠪᠥᠷ ᠲᠠᠷᠢᠶᠠᠯᠠᠩ ᠮᠠᠯ ᠠᠵᠤ ᠠᠬᠤᠢ ᠮᠠᠰᠢᠨ ᠲᠠᠷᠬᠠᠭ᠋ᠠᠭᠰᠠᠨ[2018] 115 ᠳ᠋ᠤᠭ᠋ᠠᠷ ᠲᠣᠭ᠋ᠠᠲᠤ)᠎ᠳᠠᠬᠢ 《ᠨᠢᠭᠡ ᠡᠷᠦᠬᠡ ᠮᠠᠰᠢᠨ ᠬᠤᠳᠠᠯᠳᠤᠨ ᠠᠪᠤᠭᠴᠢ ᠵᠢᠨ ᠣᠨ᠎ᠤ ᠳᠣᠲᠣᠷᠠᠬᠢ ᠬᠦᠷᠲᠡᠬᠦ ᠨᠥᠬᠦᠪᠦᠷᠢ ᠵᠢᠨ ᠮᠠᠰᠢᠨ᠎ᠤ ᠲᠤᠭ᠎ᠠ ᠬᠡᠮᠵᠢᠶ᠎ᠡ᠎ᠨᠢ ᠵᠠᠷᠴᠢᠮ ᠳᠡᠭᠡᠷ᠎ᠡ᠎ᠪᠠᠨ 1 ᠰᠠᠤᠷᠢ ᠢᠵᠢ᠎ᠠᠴᠠ ᠳᠠᠪᠠᠭ᠍ᠤ ᠦᠭᠡᠢ᠂ ᠲᠤᠬᠠᠶ᠋ᠢᠯᠠᠪᠠᠯ 1 ᠰᠠᠤᠷᠢ ᠲᠷᠠᠺᠲ᠋ᠣᠷ ᠪᠤᠶᠤ 1 ᠰᠠᠤᠷᠢ ᠥᠪᠡᠷ ᠵᠶ᠋ᠠᠨ ᠶᠠᠪᠤᠬᠤ ᠮᠠᠶᠢᠭ᠎ᠤᠨ ᠮᠠᠰᠢᠨ ᠮᠧᠬᠠᠨᠢᠭ ᠪᠠ 3 ᠰᠠᠤᠷᠢ ᠠᠵᠢᠯ᠎ᠤᠨ ᠮᠠᠰᠢᠨ ᠪᠠᠭ᠋ᠠᠵᠢ ᠪᠣᠯᠣᠨ᠎ᠠ᠃ ᠡᠭᠦᠨ᠎ᠳᠤ ᠨᠥᠬᠦᠪᠦᠷᠢᠯᠡᠭᠰᠡᠨ ᠲᠠᠷᠢᠶᠠᠯᠠᠩ᠎ᠤᠨ ᠪᠢᠴᠢᠯ ᠮᠠᠰᠢᠨ᠎ᠤ ᠲᠤᠭ᠎ᠠ᠎ᠨᠢ 1 ᠰᠠᠤᠷᠢ᠎ᠠᠴᠠ ᠬᠡᠲᠦᠷᠡᠬᠦ ᠦᠭᠡᠢ; ᠨᠢᠭᠡᠨ ᠲᠦᠭᠦᠬᠡᠢ ᠰᠢᠨ᠎ᠡ ᠰᠦ ᠬᠤᠳᠠᠯᠳᠤᠨ ᠠᠪᠬᠤ ᠥᠷᠲᠡᠭᠡᠨ᠎ᠤ ᠣᠨ᠎ᠤ ᠳᠣᠲᠣᠷ᠎ᠠ ᠬᠦᠷᠲᠡᠬᠦ ᠨᠥᠬᠦᠪᠦᠷᠢ ᠵᠢᠨ ᠲᠣᠮᠣ ᠬᠡᠯᠪᠡᠷᠢ ᠵᠢᠨ ᠰᠦ ᠰᠠᠭ᠋ᠠᠬᠤ ᠮᠠᠰᠢᠨ᠎ᠤ ᠲᠤᠭ᠎ᠠ᠎ᠨᠢ 1 ᠰᠠᠤᠷᠢ᠎ᠠᠴᠠ ᠬᠡᠲᠦᠷᠡᠬᠦ ᠦᠭᠡᠢ》 ᠭᠡᠬᠦ ᠲᠣᠭᠲᠠᠭ᠋ᠠᠯ᠎ᠢ ᠵᠦᠢ ᠵᠣᠬᠢᠰᠲᠠᠢ᠎ᠪᠠᠷ ᠠᠭᠤᠵᠢᠭᠤ ᠲᠠᠯᠪᠢᠨ᠎ᠠ᠃ ᠪᠣᠳᠠᠲᠠᠢ᠎ᠪᠠᠷ ᠬᠡᠷᠡᠭᠵᠢᠭᠦᠯᠬᠦ ᠶᠠᠪᠤᠴᠠ᠎ᠳᠤ᠂ ᠨᠢᠭᠡ ᠡᠷᠦᠬᠡ ᠵᠢᠨ ᠲᠤᠬᠠᠢ ᠵᠢᠨ ᠵᠢᠯ᠎ᠤᠨ ᠣᠯᠠᠨ ᠰᠠᠤᠷᠢ ᠢᠵᠢ ᠵᠢᠨ ᠳᠠᠪᠬᠤᠷᠳᠠᠭᠤᠯᠤᠭᠰᠠᠨ ᠨᠥᠬᠦᠪᠦᠷᠢ᠎ᠪᠠᠷ ᠳᠡᠭᠡᠷ᠎ᠡ ᠳᠤᠷᠠᠳᠤᠭᠰᠠᠨ ᠮᠠᠰᠢᠨ ᠪᠠᠭ᠋ᠠᠵᠢ ᠵᠢ ᠬᠤᠳᠠᠯᠳᠤᠨ ᠠᠪᠬᠤ᠎ᠳᠤ ᠬᠤᠯᠪᠣᠭᠳᠠᠭᠰᠠᠨ ᠪᠣᠯ᠂ ᠬᠤᠰᠢᠭᠤ ᠰᠢᠶᠠᠨ᠎ᠤ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠥᠬᠦᠪᠦᠷᠢ ᠵᠢᠨ ᠤᠳᠤᠷᠢᠳᠬᠤ ᠳᠤᠭᠤᠶ᠋ᠢᠯᠠᠩ᠎ᠠᠴᠠ ᠰᠤᠳᠤᠯᠤᠨ ᠲᠣᠭᠲᠠᠭ᠋ᠠᠬᠤ ᠪᠣᠯᠪᠠᠴᠤ᠂ ᠭᠤᠣᠯᠳᠠᠯᠭ᠎ᠠ᠎ᠲᠠᠢ ᠮᠠᠰᠢᠨ ᠪᠠᠭ᠋ᠠᠵᠢ ᠵᠢᠨ ᠬᠠᠷᠭᠤᠭᠤᠯᠤᠨ ᠪᠠᠶ᠋ᠢᠴᠠᠭ᠋ᠠᠬᠤ ᠬᠡᠪᠴᠢᠶ᠎ᠡ ᠪᠠ ᠭᠤᠣᠯᠳᠠᠯᠭ᠎ᠠ᠎ᠲᠠᠢ ᠬᠢᠨᠠᠯᠲᠠ ᠬᠠᠮᠢᠶᠠᠷᠤᠯᠲᠠ᠎ᠳᠤ ᠣᠷᠣᠭᠤᠯᠵᠤ᠂ ᠥᠪᠡᠰᠦᠪᠡᠨ ᠬᠤᠳᠠᠯᠳᠤᠨ ᠥᠪᠡᠰᠦᠪᠡᠨ ᠨᠥᠬᠦᠪᠦᠷᠢᠯᠡᠬᠦ᠂ ᠦᠢ᠍ᠯᠡᠳᠪᠦᠷᠢᠯᠡᠯ᠎ᠤᠨ ᠪᠤᠰᠤ᠎ᠪᠠᠷ ᠥᠪᠡᠰᠦᠪᠡᠨ ᠬᠡᠷᠡᠭᠯᠡᠬᠦ ᠪᠤᠶᠤ ᠰᠢᠯᠵᠢᠭᠦᠯᠦᠨ ᠬᠤᠳᠠᠯᠳᠤᠵᠤ ᠳᠠᠪᠬᠤᠷᠳᠠᠭᠤᠯᠤᠨ ᠨᠥᠬᠦᠪᠦᠷᠢᠯᠡᠬᠦ ᠵᠡᠷᠭᠡ ᠠᠵᠢᠯᠯᠠᠭ᠎ᠠ ᠡᠭᠦᠰᠬᠦ᠎ᠠᠴᠠ ᠰᠡᠷᠭᠡᠶ᠋ᠢᠯᠡᠬᠦ ᠬᠡᠷᠡᠭᠲᠡᠢ᠃
5. ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠥᠬᠦᠪᠦᠷᠢ ᠵᠢ ᠭᠦᠢ᠍ᠴᠡᠳᠬᠡᠬᠦ ᠴᠤᠪᠤᠷᠠᠯ᠎ᠨᠢ ᠶᠠᠮᠠᠷ ᠪᠣᠢ?

6. ᠣᠨ ᠠᠯᠤᠰᠯᠠᠭᠰᠠᠨ ᠨᠥᠬᠦᠪᠦᠷᠢ ᠵᠢ ᠶᠠᠮᠠᠷ ᠲᠥᠷᠥᠯ᠎ᠤᠨ ᠪᠠᠷᠢᠮᠵᠢᠶ᠎ᠠ᠎ᠪᠠᠷ ᠬᠡᠷᠡᠭᠵᠢᠭᠦᠯᠬᠦ ᠪᠣᠢ?
ᠬᠠᠷᠢᠭᠤᠯᠲᠠ᠄ ᠨᠥᠬᠦᠪᠦᠷᠢ ᠵᠢᠨ ᠲᠤᠰᠠᠯᠠᠬᠤ ᠰᠢᠰᠲ᠋ᠧᠮ᠎ᠤᠨ 2020 ᠣᠨ᠎ᠠᠴᠠ ᠡᠮᠦᠨᠡᠬᠢ ᠴᠠᠭ ᠬᠤᠭᠤᠴᠠᠭ᠎ᠠ᠎ᠳᠤ ᠰᠣᠯᠢᠨ ᠭᠠᠷᠴᠤ᠂ ᠨᠢᠭᠡᠨᠲᠡ ᠬᠦᠯᠢᠶᠡᠨ ᠠᠪᠴᠤ ᠭᠦᠢ᠍ᠴᠡᠳᠬᠡᠭᠰᠡᠨ ᠮᠥᠷᠲᠡᠭᠡᠨ ᠨᠢᠭᠡᠨᠲᠡ ᠨᠥᠬᠦᠪᠦᠷᠢ ᠵᠢᠨ ᠲᠤᠰᠠᠯᠠᠬᠤ ᠰᠢᠰᠲ᠋ᠧᠮ (ᠭᠠᠷ ᠤᠲᠠᠰᠤᠨ᠎ᠤ APP᠎ᠳᠤ ᠲᠡᠮᠳᠡᠭᠯᠡᠨ ᠣᠷᠣᠭᠤᠯᠤᠭᠰᠠᠨ᠎ᠢ ᠪᠠᠭᠲᠠᠭ᠋ᠠᠨ᠎ᠠ)᠎ᠳᠤ ᠲᠡᠮᠳᠡᠭᠯᠡᠨ ᠣᠷᠣᠭᠤᠯᠤᠭᠰᠠᠨ ᠦᠢ᠍ᠯᠡᠳᠬᠦᠨ᠎ᠢ ᠦᠷᠭᠦᠯᠵᠢᠯᠡᠨ 2019 ᠣᠨ᠎ᠤ ᠨᠥᠬᠦᠪᠦᠷᠢ ᠵᠢᠨ ᠪᠠᠷᠢᠮᠵᠢᠶ᠎ᠠ ᠶᠣᠰᠣᠭ᠋ᠠᠷ ᠬᠡᠷᠡᠭᠵᠢᠭᠦᠯᠵᠦ᠂ ᠰᠢᠨ᠎ᠡ᠎ᠪᠠᠷ ᠬᠤᠳᠠᠯᠳᠤᠨ ᠠᠪᠤᠭᠰᠠᠨ ᠮᠠᠰᠢᠨ ᠪᠠ ᠲᠣᠭᠲᠠᠭᠰᠠᠨ ᠬᠤᠭᠤᠴᠠᠭ᠋ᠠᠨ᠎ᠳᠤ ᠲᠡᠮᠳᠡᠭᠡᠯᠡᠨ ᠣᠷᠣᠭᠤᠯᠤᠭ᠎ᠠ ᠦᠭᠡᠢ ᠦᠢ᠍ᠯᠡᠳᠬᠦᠨ᠎ᠢ 2020 ᠣᠨ᠎ᠤ ᠪᠠᠷᠢᠮᠵᠢᠶ᠎ᠠ ᠶᠣᠰᠣᠭ᠋ᠠᠷ ᠬᠡᠷᠡᠭᠵᠢᠭᠦᠯᠦᠨ᠎ᠡ᠃
7. ᠮᠠᠰᠢᠨ ᠬᠤᠳᠠᠯᠳᠤᠨ ᠠᠪᠤᠭᠴᠢ᠎ᠠᠴᠠ ᠨᠥᠬᠦᠪᠦᠷᠢ ᠵᠢᠨ ᠪᠡᠯᠡ ᠮᠥᠩᠭᠦ ᠪᠠ ᠦᠯᠡᠳᠡᠭᠰᠡᠨ ᠵᠣᠭᠤᠰ ᠵᠶ᠋ᠠᠨ ᠬᠡᠷᠬᠢᠨ ᠬᠠᠶ᠋ᠢᠨ ᠯᠠᠪᠠᠯᠬᠤ ᠪᠣᠢ?
ᠬᠠᠷᠢᠭᠤᠯᠲᠠ᠄ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠥᠬᠦᠪᠦᠷᠢ ᠵᠢᠨ ᠲᠤᠰᠠᠯᠠᠬᠤ ᠰᠢᠰᠲ᠋ᠧᠮ᠎ᠤᠨ ᠲᠡᠷᠢᠭᠦᠨ ᠨᠢᠭᠤᠷ᠎ᠲᠤ ᠡᠳᠦᠷ ᠪᠦᠷᠢ ᠨᠢᠭᠡ ᠤᠳᠠᠭ᠎ᠠ ᠬᠤᠰᠢᠭᠤ ᠰᠢᠶᠠᠨ (ᠲᠠᠯᠠᠪᠠᠢ)᠎ᠤ ᠨᠥᠬᠦᠪᠦᠷᠢ ᠵᠢᠨ ᠪᠡᠯᠡ ᠮᠥᠩᠭᠦ ᠵᠢ ᠬᠡᠷᠡᠭᠯᠡᠭᠰᠡᠨ ᠵᠢᠴᠢ ᠦᠯᠡᠳᠡᠵᠦ ᠪᠠᠶ᠋ᠢᠭ᠎ᠠ ᠪᠡᠯᠡ ᠮᠥᠩᠭᠦ ᠵᠢᠨ ᠮᠡᠳᠡᠭᠡ ᠵᠠᠩᠭᠢ ᠵᠢ ᠠᠦ᠋ᠲ ᠵᠶ᠋ᠠᠷ ᠨᠡᠶ᠋ᠢᠲᠡᠯᠡᠵᠦ᠂ ᠮᠠᠰᠢᠨ ᠬᠤᠳᠠᠯᠳᠤᠨ ᠠᠪᠤᠭᠴᠢ᠎ᠠᠴᠠ ᠨᠥᠬᠦᠪᠦᠷᠢ ᠵᠢᠨ ᠪᠡᠯᠡ ᠮᠥᠩᠭᠦ ᠭᠤᠶᠤᠴᠢᠯᠠᠬᠤ᠎ᠳᠤ ᠯᠠᠪᠯᠠᠯᠲᠠ ᠪᠣᠯᠭ᠋ᠠᠨ ᠬᠠᠩᠭ᠋ᠠᠨ᠎ᠠ᠃