ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠰᠤᠷᠪᠤᠯᠵᠢᠯᠠᠭ᠎ᠠ
ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠴᠢᠬᠤᠯᠠ ᠠᠷᠭ᠎ᠠ ᠵᠠᠮ᠎ᠢ ᠨᠡᠬᠡᠬᠡᠨ᠎ᠠ
ᠨᠡᠶ᠋ᠢᠲᠡᠯᠡᠭᠰᠡᠨ ᠴᠠᠭ᠄ 2021-11-02

     — ᠲᠦᠪ᠎ᠤᠨ ᠬᠦᠳᠡᠭᠡ ᠲᠤᠰᠬᠤᠨ᠎ᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠠᠷᠢᠭᠤᠴᠠᠯᠭ᠋ᠠᠳᠠᠨ 《ᠠᠮᠤ ᠪᠤᠳᠠᠭ᠎ᠠ ᠵᠢ ᠠᠷᠪᠢᠯᠠᠬᠤ ᠠᠵᠢᠯᠯᠠᠭ᠋ᠠᠨ᠎ᠤ ᠲᠦᠰᠦᠯ》᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠳᠠ ᠵᠢ ᠬᠠᠷᠢᠭᠤᠯᠪᠠ
      ᠣᠢ᠌ᠷ᠎ᠠ᠎ᠳᠤ᠂ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠠᠮᠤ ᠪᠤᠳᠠᠭ᠎ᠠ ᠵᠢ ᠠᠷᠪᠢᠯᠠᠬᠤ ᠠᠵᠢᠯᠯᠠᠭ᠋ᠠᠨ᠎ᠤ ᠲᠥᠰᠦᠯ》᠎ᠢ ᠳᠠᠷᠤᠮᠠᠯᠯᠠᠨ ᠲᠠᠷᠬᠠᠭ᠋ᠠᠪᠠ᠃ ᠶᠠᠭᠤᠨ᠎ᠳᠤ ᠲᠤᠰ ᠲᠥᠰᠦᠯ᠎ᠢ ᠭᠠᠷᠭ᠋ᠠᠭᠰᠠᠨ ᠪᠤᠢ? ᠶᠠᠮᠠᠷ ᠶᠠᠮᠠᠷ ᠬᠠᠨᠳᠤᠯᠭ᠋ᠠᠲᠤ ᠴᠢᠨᠠᠷᠲᠠᠶ ᠠᠷᠭ᠎ᠠ ᠬᠡᠮᠵᠢᠶ᠎ᠡ ᠵᠢ ᠠᠪᠬᠤ ᠪᠤᠢ? ᠬᠡᠷᠬᠢᠨ ᠠᠮᠤ ᠪᠤᠳᠠᠭ᠎ᠠ ᠵᠢ ᠠᠷᠪᠢᠯᠠᠨ ᠬᠤᠷᠤᠭᠳᠠᠭᠤᠯᠤᠯ᠎ᠢ ᠪᠠᠭ᠋ᠠᠰᠭ᠋ᠠᠬᠤ ᠪᠤᠢ? ᠲᠦᠪ᠎ᠤᠨ ᠬᠥᠳᠡᠭᠡ ᠲᠤᠰᠬᠤᠨ᠎ᠤ ᠠᠵᠢᠯ᠎ᠤᠨ ᠠᠯᠪᠠᠨ ᠬᠡᠷ᠎ᠤᠨ ᠬᠠᠷᠢᠭᠤᠴᠠᠯᠭ᠋ᠠᠲᠠᠨ ᠬᠤᠯᠪᠤᠭᠳᠠᠯ ᠪᠥᠬᠥᠶ ᠪᠠᠢ᠌ᠳᠠᠯ᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃


    《ᠦᠯᠦ ᠦᠵᠡᠭᠳᠡᠬᠦ ᠲᠠᠷᠢᠶ᠎ᠠ》 ᠵᠢ ᠨᠡᠮᠡᠭᠳᠡᠭᠦᠯᠵᠦ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠨ᠎ᠠ
    ᠠᠰᠠᠭᠤᠯᠲᠠ᠄ ᠶᠠᠮᠠᠷ ᠠᠬᠤᠢ ᠪᠠᠢ᠌ᠳᠠᠯ ᠲᠤᠤᠷ᠎ᠠ 《ᠲᠦᠰᠦᠯ》᠎ᠢ ᠨᠡᠢ᠌ᠲᠡᠯᠡᠭᠰᠡᠨ ᠪᠤᠢ? 《ᠲᠦᠰᠦᠯ》᠎ᠢ ᠨᠡᠢ᠌ᠲᠡᠯᠡᠭᠰᠡᠨ ᠠᠴᠢ ᠬᠤᠯᠪᠤᠭᠳᠠᠯ᠎ᠨᠢ ᠶᠠᠭᠤ ᠪᠣᠶ?
    ᠬᠠᠷᠢᠭᠤᠯᠲᠠ᠄ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠣᠷᠢᠶ᠎ᠠ ᠠᠮᠤ ᠪᠤᠳᠠᠭ᠎ᠠ ᠵᠢ ᠠᠷᠪᠢᠯᠠᠨ ᠬᠤᠷᠤᠭᠳᠠᠭᠤᠯᠤᠯ᠎ᠢ ᠪᠠᠭ᠋ᠠᠰᠬᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠢᠷᠡᠪᠡ᠃ ᠣᠢ᠍ᠷ᠎ᠠ ᠵᠢᠨ ᠵᠢᠯ᠎ᠤᠨ ᠲᠤᠷᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠷᠪᠢᠯᠠᠨ ᠭᠠᠮᠨᠠᠬᠤ ᠵᠢ ᠡᠷᠬᠢᠮᠯᠡᠬᠦ᠂ ᠢᠳᠡᠭᠡᠨ᠎ᠢ ᠪᠦᠷᠢᠯᠭᠡᠨ ᠰᠦᠢ᠍ᠳᠭᠡᠬᠦ ᠵᠢ ᠲᠡᠪᠴᠢᠬᠦ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠵᠤ᠂ ᠢᠳᠡᠪᠬᠢᠲᠡᠶ ᠦᠷ᠎ᠡ ᠪᠦᠲᠦᠮᠵᠢ ᠤᠯᠵᠠᠢ᠃ ᠭᠡᠪᠡᠴᠦ ᠮᠠᠨ᠎ᠤ ᠤᠯᠤᠰ ᠪᠣᠯ ᠳᠡᠯᠡᠬᠡᠢ ᠳᠡᠭᠡᠷᠡᠬᠢ ᠬᠠᠮᠤᠭ᠎ᠤᠨ ᠶᠡᠬᠡ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠤᠯᠤᠰ ᠪᠠ ᠠᠮᠤ ᠪᠤᠳᠠᠭ᠋ᠠᠨ᠎ᠤ ᠬᠡᠷᠡᠭᠯᠡᠭᠡᠨ᠎ᠤ ᠤᠯᠤᠰ ᠪᠤᠯᠬᠤᠷ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠠᠮᠤ ᠪᠤᠳᠠᠭ᠎ᠠ ᠵᠢ ᠠᠷᠪᠢᠯᠠᠨ ᠬᠣᠷᠤᠭᠳᠠᠭᠤᠯᠤᠯ᠎ᠢ ᠪᠠᠭ᠋ᠠᠰᠬᠠᠬᠤ ᠡᠭᠦᠷᠭᠡ ᠨᠡᠯᠢᠶᠡᠳ ᠬᠦᠨᠳᠦ᠂ ᠬᠤᠷᠤᠬᠳᠠᠭᠤᠯᠤᠯ᠎ᠢ ᠪᠠᠭ᠋ᠠᠰᠬᠠᠬᠤ ᠣᠷᠣᠨ ᠵᠠᠢ ᠮᠠᠰᠢ ᠶᠡᠬᠡ ᠪᠠᠢ᠌ᠬᠤ ᠵᠢ ᠣᠯᠵᠤ ᠬᠠᠷᠠᠬᠤ ᠬᠡᠷᠡᠭᠲᠡᠢ᠃
      ᠣᠳᠤᠬᠠᠨ᠎ᠳᠤ᠂ ᠮᠠᠨ᠎ᠤ ᠤᠯᠤᠰ᠎ᠤᠨ ᠠᠮᠤ ᠪᠤᠳᠠᠭ᠋ᠠᠨ᠎ᠤ ᠬᠠᠳᠠᠭᠤ ᠬᠡᠷᠡᠭᠴᠡᠭᠡ ᠲᠦᠷᠬᠡᠨ ᠨᠡᠮᠡᠭᠳᠡᠵᠦ᠂ ᠡᠬᠢ ᠪᠠᠶᠠᠯᠢᠭ ᠣᠷᠴᠢᠨ ᠲᠤᠭᠤᠷᠢᠨ᠎ᠤ ᠬᠢᠵᠠᠭ᠋ᠠᠷᠯᠠᠯ ᠡᠳᠦᠷ ᠢᠷᠡᠬᠦᠶ᠎ᠡ ᠬᠦᠨᠳᠤ ᠨᠤᠴᠢᠳᠠᠢ ᠪᠤᠯᠵᠤ᠂ ᠲᠠᠷᠢᠶᠠᠨ ᠭᠠᠵᠠᠷ᠎ᠤᠨ ᠲᠠᠯᠠᠪᠠᠢ ᠵᠢ ᠨᠡᠮᠡᠭᠳᠡᠭᠦᠯᠬᠦ᠂ ᠤᠨᠠᠯᠲᠠ ᠵᠢ ᠨᠡᠮᠡᠭᠳᠡᠭᠦᠯᠬᠦ ᠬᠦᠴᠢᠷᠳᠡᠯ ᠶᠠᠪᠤᠬᠤ ᠲᠤᠳᠤᠮ ᠬᠡᠴᠡᠬᠦᠳᠡᠵᠤ ᠪᠠᠢ᠌ᠨ᠎ᠠ᠃ ᠪᠦᠬᠦ ᠪᠦᠮᠪᠦᠷᠴᠡᠭ᠎ᠤᠨ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ ᠦᠷᠭᠦᠯᠵᠢᠯᠡᠨ ᠦᠷᠪᠢᠰᠦᠨ ᠳᠡᠯᠭᠡᠷᠡᠵᠦ᠂ ᠠᠭᠤᠷ ᠠᠮᠢᠰᠬᠤᠯ᠎ᠤᠨ ᠬᠤᠪᠢᠷᠠᠯᠲᠡ ᠵᠢᠨ ᠨᠥᠯᠥᠭᠡ ᠡᠳᠦᠷ ᠢᠷᠡᠬᠦᠶ᠎ᠡ ᠰᠢᠷᠦᠭᠦᠰᠴᠦ᠂ ᠠᠮᠤ ᠪᠤᠳᠠᠭ᠋ᠠᠨ᠎ᠤ ᠬᠠᠩᠭ᠋ᠠᠯᠭ᠎ᠠ ᠵᠢᠨ ᠬᠡᠯᠬᠢᠶ᠎ᠠ ᠵᠢ ᠪᠠᠲᠤᠯᠠᠬᠤ ᠬᠦᠴᠢᠷᠳᠡᠯ ᠴᠦ᠍ ᠨᠡᠮᠡᠭᠳᠡᠵᠡᠢ᠃
      ᠠᠮᠤ ᠪᠤᠳᠠᠭ᠎ᠠ ᠵᠢ ᠠᠷᠪᠢᠯᠠᠨ ᠬᠣᠷᠤᠭᠳᠠᠭᠤᠯᠤᠯ᠎ᠢ ᠪᠠᠭ᠋ᠠᠰᠬᠠᠬᠤ᠎ᠨᠢ ᠤᠨᠠᠯᠲᠠ ᠵᠢ   ᠲᠣᠭᠲᠠᠪᠤᠷᠢᠵᠢᠭᠤᠯᠤᠨ ᠬᠠᠩᠭ᠋ᠠᠯᠭ᠎ᠠ ᠵᠢ ᠪᠠᠲᠤᠯᠠᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠴᠢᠩᠭ᠋ᠠᠳᠬᠠᠬᠤ᠎ᠳᠤ ᠲᠤᠩ ᠠᠰᠢᠭᠲᠠᠢ ᠶᠤᠮ᠃ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠮᠤ ᠪᠤᠳᠠᠭ᠎ᠠ ᠲᠠᠷᠢᠶᠠᠯᠠᠩ᠎ᠤᠨ ᠵᠣᠬᠢᠶᠠᠨ ᠪᠠᠢ᠌ᠭᠤᠯᠤᠯᠲᠠ ᠵᠢᠨ ᠪᠦᠷᠢᠳᠭᠡᠯ᠎ᠢ ᠦᠨᠳᠦᠰᠦᠯᠡᠪᠡᠯ᠂ ᠵᠢᠯ ᠪᠦᠷᠢ ᠵᠢᠨ ᠪᠦᠬᠦ ᠪᠦᠮᠪᠦᠷᠴᠡᠭ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠠᠴᠠ ᠠᠪᠤᠭ᠋ᠠᠳ ᠵᠢᠵᠢᠭ᠍ᠯᠡᠨ ᠪᠤᠷᠤᠯᠠᠭᠤᠯᠬᠤ ᠬᠦᠷᠲᠡᠯᠡᠬᠢ ᠪᠦᠬᠦ ᠭᠤᠭᠴᠤᠭ᠎ᠠ ᠵᠢᠨ ᠬᠣᠷᠤᠭᠳᠠᠭᠤᠯᠤᠯ᠎ᠨᠢ ᠪᠠᠷᠤᠭ ᠳᠡᠯᠡᠭᠡᠢ ᠵᠢᠨ ᠠᠮᠤ ᠪᠤᠳᠠᠭ᠋ᠠᠨ᠎ᠤ ᠭᠠᠷᠤᠯᠲᠠ ᠵᠢᠨ 14% ᠵᠢ ᠡᠵᠡᠯᠡᠵᠦ ᠪᠠᠢ᠌ᠨ᠎ᠠ᠃ ᠡᠨᠡ ᠬᠦ᠌ ᠬᠣᠷᠤᠭᠳᠠᠭᠤᠯᠤᠯ᠎ᠢ ᠵᠠᠭᠤᠨ᠎ᠤ ᠬᠠᠷᠢᠴᠠᠯ ᠵᠶ᠋ᠠᠷ 1 ᠬᠤᠪᠢ ᠪᠠᠭᠤᠷᠠᠭᠤᠯᠪᠠᠯ ᠳᠠᠷᠤᠢ 2700 ᠭᠠᠷᠤᠢ ᠲᠦᠮᠡᠨ ᠲᠣᠨ ᠠᠮᠤ ᠪᠤᠳᠠᠭ᠎ᠠ ᠨᠡᠮᠡᠭᠳᠡᠵᠦ᠂ 7000 ᠲᠦᠮᠡᠨ ᠬᠥᠮᠦᠨ ᠨᠢᠭᠡ ᠵᠢᠯ ᠢᠳᠡᠵᠦ ᠬᠦᠷᠬᠦ ᠪᠣᠯᠤᠨ᠎ᠠ᠃ 《ᠲᠥᠰᠦᠯ》᠎ᠳᠤ ᠪᠥᠬᠥ ᠬᠡᠯᠬᠢᠶ᠎ᠡ ᠵᠢᠴᠢ ᠣᠯᠠᠨ ᠭᠤᠭᠴᠤᠭ᠎ᠠ᠎ᠳᠤ ᠠᠮᠤ ᠪᠤᠳᠠᠭ᠎ᠠ ᠵᠢ ᠠᠷᠪᠢᠯᠠᠨ ᠬᠣᠷᠤᠭᠳᠠᠭᠤᠯᠤᠯ᠎ᠢ ᠪᠠᠭ᠋ᠠᠰᠬᠠᠬᠤ ᠠᠵᠢᠯᠯᠠᠭ᠎ᠠ ᠵᠢ ᠥᠷᠨᠢᠭᠦᠯᠬᠦ᠎ᠨᠢ 《ᠦᠯᠦ ᠦᠵᠡᠭᠳᠡᠬᠦ ᠲᠠᠷᠢᠶ᠎ᠠ》 ᠵᠢ ᠲᠠᠷᠢᠭᠰᠠᠨ ᠮᠡᠳᠦ ᠪᠤᠯᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠴᠢᠨᠠᠭᠰᠢᠳᠠ ᠪᠠᠲᠤᠯᠠᠬᠤ᠎ᠳᠤ ᠴᠢᠬᠤᠯᠠ ᠠᠷᠭ᠎ᠠ ᠵᠠᠮ᠎ᠢ ᠨᠡᠭᠡᠭᠡᠵᠤ ᠦᠭᠭᠦ ᠪᠤᠯᠤᠨ᠎ᠠ᠃
      ᠡᠭᠦᠨ᠎ᠤ ᠬᠠᠮᠲᠤ᠂ ᠠᠮᠤ ᠪᠤᠳᠠᠭ᠎ᠠ ᠵᠢ ᠠᠷᠪᠢᠯᠠᠨ ᠬᠣᠷᠤᠭᠳᠠᠭᠤᠯᠤᠯ᠎ᠢ ᠪᠠᠭ᠋ᠠᠰᠬᠠᠬᠤ᠎ᠨᠢ ᠭᠠᠵᠠᠷ ᠰᠢᠷᠤᠢ ᠵᠢ ᠠᠷᠪᠢᠯᠠᠵᠤ ᠤᠰᠤ ᠵᠢ ᠠᠷᠪᠢᠯᠠᠬᠤ᠂ ᠪᠣᠷᠲᠣᠭᠣᠷ᠎ᠢ ᠠᠷᠪᠢᠯᠠᠵᠤ ᠲᠠᠷᠢᠶᠠᠨ ᠡᠮ᠎ᠢ ᠠᠷᠪᠢᠯᠠᠬᠤ᠎ᠪᠠᠷ ᠪᠠᠷᠠᠬᠤ ᠥᠬᠡᠶ ᠪᠠᠰᠠ ᠠᠮᠢ ᠠᠬᠤᠶ ᠵᠢ ᠬᠠᠮᠠᠭ᠋ᠠᠯᠠᠵᠤ᠂ ᠪᠤᠬᠢᠷᠳᠤᠯ᠎ᠤᠨ ᠭᠠᠳᠠᠭᠰᠢᠯᠠᠭᠤᠯᠤᠯᠳᠠ ᠵᠢ ᠪᠠᠭ᠋ᠠᠰᠬᠠᠨ ᠨᠡᠭᠦᠷᠡᠰᠦᠳᠦ᠋ᠷᠦᠭᠴᠢ ᠵᠢ ᠪᠠᠭ᠋ᠠᠰᠬᠠᠬᠤ᠂ ᠨᠡᠭᠦᠷᠡᠰᠦᠳᠦ᠋ᠷᠦᠭᠴᠢ ᠵᠢᠨ ᠭᠠᠳᠠᠭᠰᠢᠯᠠᠭᠤᠯᠤᠯᠳᠠ ᠤᠷᠭᠢᠯ ᠬᠡᠮᠵᠢᠭᠳᠡᠯ᠎ᠳᠤ ᠬᠦᠷᠬᠦ ᠪᠤᠯᠤᠨ ᠨᠡᠭᠦᠷᠡᠰᠦᠳᠦ᠋ᠷᠦᠭᠴᠢ ᠵᠢ ᠰᠠᠭ᠋ᠠᠷᠮᠠᠭᠵᠢᠭᠤᠯᠬᠤ᠂ ᠪᠣᠬᠢᠷᠲᠤᠯ ᠥᠬᠡᠶ ᠬᠦᠭᠵᠢᠯᠲᠡ᠂ ᠦᠷᠭᠦᠯᠵᠢᠯᠡᠬᠦ ᠬᠦᠭᠵᠢᠯᠲᠡ ᠵᠢ ᠪᠡᠶᠡᠯᠡᠭᠦᠯᠬᠦ᠎ᠳᠤ ᠬᠦᠴᠦᠨ ᠨᠡᠮᠡᠷᠢᠯᠡᠬᠦ ᠪᠣᠯᠤᠨ᠎ᠠ᠃
      ᠮᠦᠬᠦᠯᠢᠭ ᠠᠮᠤ ᠨᠢᠬᠡᠪᠦᠷᠢ᠎ᠨᠢ ᠬᠢᠯᠪᠡᠷ ᠪᠤᠰᠤ᠎ᠪᠠᠷ ᠢᠷᠡᠵᠤ ᠪᠤᠢ ᠭᠡᠳᠡᠭ᠎ᠢ ᠮᠡᠳᠡᠬᠦ ᠬᠡᠷᠡᠭᠳᠡᠢ᠂ ᠠᠮᠤ ᠪᠤᠳᠠᠭ᠎ᠠ ᠵᠢ ᠠᠷᠪᠢᠯᠠᠨ ᠬᠤᠷᠤᠭᠳᠠᠭᠤᠯᠤᠯ᠎ᠢ ᠪᠠᠭ᠋ᠠᠰᠬᠠᠬᠤ᠎ᠨᠢ ᠳᠤᠮᠳᠠᠳᠤ ᠵᠢᠨ ᠦᠨᠳᠦᠰᠦᠲᠡᠨ᠎ᠤ ᠠᠵᠢᠯᠴᠢ ᠠᠷᠪᠢᠴᠢ ᠵᠠᠩ ᠰᠤᠷᠲᠠᠯ᠎ᠢ ᠤᠯᠠᠮᠵᠢᠯᠠᠨ ᠵᠠᠯᠭ᠋ᠠᠮᠵᠢᠯᠠᠬᠤ᠎ᠳᠤ ᠴᠢᠬᠤᠯᠠ ᠠᠴᠢ ᠬᠤᠯᠪᠤᠭᠳᠠᠯ᠎ᠲᠠᠢ᠎ᠪᠠᠷ ᠪᠠᠷᠠᠬᠤ ᠦᠭᠡᠢ ᠪᠠᠰᠠ ᠨᠡᠢ᠌ᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ ᠵᠢ ᠦᠢ᠍ᠯᠡᠳᠦᠯᠭᠡᠵᠢᠬᠦᠯᠬᠦ᠎ᠳᠤ ᠴᠢᠬᠤᠯᠠ ᠤᠳᠤᠷᠢᠳᠤᠮᠵᠢ ᠵᠢᠨ ᠦᠢ᠍ᠯᠡᠳᠦᠯ᠎ᠲᠠᠢ ᠶᠤᠮ᠃


      ᠠᠷᠭ᠎ᠠ ᠬᠡᠮᠵᠢᠶ᠎ᠡ ᠵᠢ ᠪᠦᠬᠦ ᠬᠡᠯᠬᠢᠶ᠎ᠡ ᠤᠯᠠᠨ ᠭᠤᠭᠴᠤᠭ᠎ᠠ᠎ᠳᠤ ᠲᠤᠭᠤᠰᠢᠯᠠᠭᠤᠯᠤᠨ᠎ᠠ
      ᠠᠰᠠᠭᠤᠯᠲᠠ᠄ 《ᠲᠥᠰᠦᠯ》᠎ᠤᠨ ᠬᠠᠷᠠᠯᠲᠠ ᠪᠠ ᠱᠠᠭ᠋ᠠᠷᠳᠠᠯᠭ᠎ᠠ᠎ᠨᠢ ᠶᠠᠭᠤ ᠪᠣᠶ?
      ᠬᠠᠷᠢᠭᠤᠯᠲᠠ᠄ 《ᠲᠥᠰᠦᠯ》᠎ᠳᠤ᠂ 2025 ᠤᠨ ᠪᠣᠯᠬᠤ᠎ᠳᠤ᠂ ᠠᠮᠤ ᠪᠤᠳᠠᠭ᠋ᠠᠨ᠎ᠤ ᠪᠥᠬᠥ ᠠᠵᠤ ᠦᠢ᠍ᠯᠡᠰ᠎ᠤᠨ ᠬᠡᠯᠬᠢᠶ᠎ᠡ ᠵᠢᠴᠢ ᠡᠯ᠎ᠡ ᠭᠣᠭᠴᠤᠭ᠋ᠠᠨ᠎ᠤ ᠠᠮᠤ ᠪᠤᠳᠠᠭ᠎ᠠ ᠵᠢ ᠠᠷᠪᠢᠯᠠᠨ ᠬᠤᠷᠤᠭᠳᠠᠭᠤᠯᠤᠯ᠎ᠢ ᠪᠠᠭ᠋ᠠᠰᠬᠠᠬᠤ ᠠᠷᠭ᠎ᠠ ᠬᠡᠮᠵᠢᠶ᠎ᠡ ᠵᠢ ᠨᠠᠩ ᠴᠢᠩᠭ᠋ᠠᠳᠬᠠᠵᠤ ᠪᠤᠲᠠᠲᠠᠢ᠌ᠵᠢᠭᠤᠯᠤᠨ ᠨᠠᠷᠢᠯᠢᠭᠵᠢᠭᠤᠯᠵᠤ᠂ ᠠᠮᠤ ᠪᠤᠳᠠᠭ᠎ᠠ ᠵᠢ ᠠᠷᠪᠢᠯᠠᠨ   ᠬᠣᠷᠤᠭᠳᠠᠭᠤᠯᠤᠯ᠎ᠢ ᠪᠠᠭ᠋ᠠᠰᠬᠠᠬᠤ᠎ᠳᠤ ᠨᠠᠩ ᠢᠯᠡᠷᠬᠡᠶ ᠦᠷ᠎ᠡ ᠪᠦᠲᠦᠮᠵᠢ ᠣᠯᠬᠤ ᠵᠢ ᠠᠬᠢᠭᠤᠯᠵᠤ᠂ ᠠᠮᠤ ᠪᠤᠳᠠᠭ᠎ᠠ ᠵᠢ ᠠᠷᠪᠢᠯᠠᠨ ᠬᠣᠷᠤᠭᠳᠠᠭᠤᠯᠤᠯ᠎ᠢ ᠪᠠᠭ᠋ᠠᠰᠬᠠᠬᠤ ᠲᠦᠷᠢᠮ᠎ᠤᠨ ᠰᠢᠰᠲᠸᠮ᠂ ᠪᠠᠷᠢᠮᠵᠢᠶ᠎ᠠ ᠵᠢᠨ ᠰᠢᠰᠲᠸᠮ ᠪᠠ ᠬᠢᠨᠠᠨ ᠬᠡᠮᠵᠢᠬᠦ ᠰᠢᠰᠲᠸᠮ᠎ᠢ ᠦᠨᠳᠦᠰᠦᠨ᠎ᠳᠡᠭᠡᠨ ᠪᠠᠢ᠌ᠭᠤᠯᠵᠤ᠂ ᠪᠠᠢ᠌ᠩᠭᠤ ᠵᠢᠨ ᠣᠷᠳᠣ ᠬᠤᠭᠤᠴᠠᠭ᠋ᠠᠨ᠎ᠤ ᠪᠦᠲᠦᠮᠵᠢᠳᠤ   ᠵᠠᠰᠠᠯᠲᠠ ᠵᠢᠨ ᠲᠣᠭᠲᠠᠴᠠ ᠵᠢ ᠦᠨᠳᠦᠰᠦᠨ᠎ᠳᠡᠭᠡᠨ ᠪᠦᠷᠢᠨᠰᠢᠭᠦᠯᠵᠦ᠂ 《ᠠᠷᠪᠢᠳᠠᠢ ᠬᠤᠭᠤᠯᠯᠠᠬᠤ ᠠᠵᠢᠯᠯᠠᠭ᠎ᠠ》 ᠵᠢ ᠭᠦᠨᠵᠡᠭᠡᠶ ᠥᠷᠨᠢᠭᠦᠯᠵᠦ᠂ ᠢᠳᠡᠭᠡᠨ᠎ᠤ ᠪᠦᠷᠢᠯᠭᠡᠨ ᠰᠦᠢ᠍ᠳᠭᠡᠬᠦ ᠠᠰᠠᠭᠤᠳᠠᠯ᠎ᠢ ᠪᠦᠲᠦᠮᠵᠢᠲᠡᠶ ᠬᠣᠷᠢᠭᠯᠠᠵᠤ᠂ ᠠᠮᠤ ᠪᠤᠳᠠᠭ᠎ᠠ ᠵᠢ ᠠᠷᠪᠢᠯᠠᠨ ᠭᠠᠮᠨᠠᠬᠤ᠂ ᠪᠦᠷᠢᠯᠭᠡᠨ ᠰᠦᠢ᠍ᠳᠭᠡᠬᠦ ᠵᠢ ᠲᠡᠪᠴᠢᠬᠦ ᠵᠢ ᠨᠡᠢ᠌ᠭᠡᠮ ᠳᠠᠶᠠᠭ᠋ᠠᠷ᠎ᠤᠨ ᠬᠡᠪ ᠵᠠᠩᠰᠢᠯ ᠪᠣᠯᠭ᠋ᠠᠨ᠎ᠠ᠃
      ᠠᠰᠠᠭᠤᠯᠲᠠ᠄ ᠮᠠᠨ᠎ᠤ ᠤᠯᠤᠰ ᠶᠠᠮᠠᠷ ᠶᠠᠮᠠᠷ ᠠᠷᠭ᠎ᠠ ᠬᠡᠮᠵᠢᠶ᠎ᠡ ᠵᠢ ᠠᠪᠬᠤ ᠪᠣᠶ?
      ᠬᠠᠷᠢᠭᠤᠯᠲᠠ᠄ 《ᠲᠦᠰᠦᠯ》᠎ᠳᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠂ ᠬᠦᠮᠦᠷᠭᠡᠯᠡᠨ ᠨᠦᠬᠡᠴᠡᠯᠡᠬᠦ᠂ ᠲᠡᠭᠡᠭᠡᠪᠦᠷᠢᠯᠡᠬᠦ᠂ ᠡᠳ᠋ᠰᠢᠭᠦᠯᠦᠨ ᠪᠤᠯᠪᠠᠰᠤᠷᠠᠭᠤᠯᠬᠤ᠂ ᠬᠡᠷᠡᠭᠯᠡᠭᠡ ᠵᠡᠷᠭᠡ ᠭᠤᠭᠴᠤᠭ᠎ᠠ ᠵᠢᠨ ᠬᠤᠷᠤᠭᠳᠠᠭᠤᠯᠤᠯ ᠪᠠ ᠪᠦᠷᠢᠯᠭᠡᠬᠦ ᠠᠰᠠᠭᠤᠳᠠᠯ ᠵᠶ᠋ᠠᠷ ᠭᠤᠤᠯ ᠪᠤᠯᠭ᠋ᠠᠨ ᠬᠠᠨᠳᠤᠯᠭ᠋ᠠᠳᠤ ᠴᠢᠨᠠᠷᠳᠠᠢ ᠠᠷᠭ᠎ᠠ ᠬᠡᠮᠵᠢᠶ᠎ᠠ ᠳᠤᠷᠠᠳᠴᠠᠢ᠄
     — ᠦᠢ᠍ᠯᠡᠳᠪᠦᠷᠢᠯᠡᠬᠦ ᠭᠤᠭᠴᠤᠭ᠎ᠠ᠃ ᠠᠮᠤ ᠪᠤᠳᠠᠭ᠎ᠠ ᠵᠢ ᠲᠡᠷᠢᠬᠤ ᠬᠡᠯᠪᠡᠷᠢ ᠪᠦᠳᠦᠭᠦᠯᠢᠭ᠂ ᠬᠠᠳᠤᠵᠤ ᠬᠤᠷᠢᠶᠠᠬᠤ ᠮᠠᠰᠢᠨ᠎ᠤ ᠨᠠᠷᠢᠯᠢᠭᠵᠢᠭᠤᠯᠤᠯᠲᠠ ᠵᠢᠨ ᠬᠡᠮᠵᠢᠶ᠎ᠡ ᠬᠦᠷᠦᠯᠴᠡᠬᠦ ᠥᠬᠡᠶ ᠪᠠᠢ᠌ᠬᠤ᠂ ᠲᠠᠷᠢᠶᠠᠯᠠᠩ᠎ᠤᠨ ᠮᠠᠰᠢᠨ ᠲᠠᠷᠢᠶᠠᠯᠠᠩ᠎ᠤᠨ ᠮᠡᠷᠭᠡᠵᠢᠯ ᠬᠠᠷᠠᠬᠠᠨ ᠢᠵᠢ ᠪᠥᠷᠢᠳᠦᠬᠡ ᠥᠬᠡᠶ ᠪᠠᠢ᠌ᠬᠤ᠂ ᠲᠠᠷᠢᠶᠠᠯᠠᠩ᠎ᠤᠨ ᠮᠠᠰᠢᠨ ᠵᠢᠯᠤᠭᠤᠳᠤᠭᠴᠢ ᠵᠢᠨ ᠠᠵᠢᠯᠯᠠᠭ᠎ᠠ᠎ᠨᠢ ᠵᠢᠷᠤᠮᠵᠢᠩᠭᠤᠢ ᠪᠤᠰᠤ ᠪᠠᠢ᠌ᠬᠤ ᠵᠡᠷᠭᠡ ᠠᠰᠠᠭᠤᠳᠠᠯ᠎ᠲᠤ ᠴᠢᠭᠯᠡᠭᠦᠯᠦᠨ᠂ 《ᠲᠥᠰᠦᠯ》᠎ᠳᠤ᠂ ᠲᠠᠷᠢᠶᠠᠨ ᠦᠷ᠎ᠡ᠎ᠳᠤ ᠠᠷᠪᠢᠳᠠᠢ ᠲᠠᠷᠢᠶᠠᠯᠠᠩ᠎ᠤᠨ ᠮᠠᠰᠢᠨ᠎ᠳᠤ ᠲᠤᠬᠢᠷᠠᠮᠵᠢᠳᠠᠢ ᠡᠭᠦᠯᠳᠡᠷ᠎ᠢ ᠲᠦᠷᠭᠡᠳᠭᠡᠨ ᠪᠣᠢ᠌ᠵᠢᠭᠤᠯᠵᠤ᠂ ᠨᠠᠷᠢᠯᠢᠭ ᠲᠠᠷᠢᠶᠠᠯᠠᠭ᠎ᠠ ᠵᠢᠨ ᠮᠠᠰᠢᠨ ᠪᠠ ᠵᠠᠩᠭᠢᠯᠠᠭ᠎ᠠ ᠵᠢᠨ ᠮᠡᠷᠭᠡᠵᠢᠯ᠎ᠢ ᠳᠡᠯᠭᠡᠷᠡᠭᠦᠯᠦᠨ   ᠬᠡᠷᠡᠭᠯᠡᠨ᠎ᠡ; ᠠᠮᠤ ᠪᠤᠳᠠᠭ᠎ᠠ ᠵᠢ ᠨᠠᠷᠢᠯᠢᠭ ᠬᠤᠷᠢᠶᠠᠬᠤ ᠵᠢ ᠠᠬᠢᠭᠤᠯᠵᠤ᠂ ᠲᠤᠲᠤᠷᠭ᠎ᠠ᠂ ᠡᠷᠳᠡᠨᠢ ᠰᠢᠰᠢ᠂ ᠪᠤᠭᠤᠳᠠᠢ᠂ ᠰᠢᠷ᠎ᠠ ᠪᠤᠷᠴᠠᠭ᠎ᠢ ᠮᠠᠰᠢᠨ ᠵᠶ᠋ᠠᠷ ᠬᠤᠷᠢᠶᠠᠬᠤ᠎ᠳᠤ ᠬᠤᠷᠤᠭᠳᠠᠭᠤᠯᠤᠯ᠎ᠢ ᠪᠠᠭ᠋ᠠᠰᠬᠠᠬᠤ ᠮᠡᠷᠭᠡᠵᠢᠯ᠎ᠤᠨ ᠵᠢᠷᠤᠮᠵᠢᠯ᠎ᠢ ᠲᠤᠭᠲᠠᠭ᠋ᠠᠬᠤ ᠪᠤᠶᠤ ᠵᠠᠰᠠᠪᠤᠷᠢ ᠣᠷᠣᠭᠤᠯᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠦᠷᠭᠡᠨ ᠲᠠᠷᠢᠵᠤ ᠲᠦᠷᠭᠡᠨ ᠬᠤᠷᠢᠶᠠᠬᠤ ᠲᠣᠨᠤᠭᠯᠠᠯ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠦᠢ᠍ᠯᠡᠴᠢᠯᠡᠭᠡ ᠵᠢᠨ ᠴᠢᠳᠠᠪᠤᠷᠢ ᠵᠢ ᠳᠡᠭᠡᠭᠰᠢᠯᠡᠭᠦᠯᠦᠨ᠂ ᠲᠠᠷᠢᠶᠠᠯᠠᠩ᠎ᠤᠨ ᠮᠠᠰᠢᠨ ᠵᠢᠯᠤᠭᠤᠳᠤᠭᠴᠢ ᠵᠢᠨ ᠵᠢᠷᠤᠮᠵᠢᠩᠭᠤᠢ ᠠᠵᠢᠯᠯᠠᠬᠤ   ᠴᠢᠳᠠᠪᠦᠷᠢ ᠵᠢ ᠳᠡᠭᠡᠭᠰᠢᠯᠡᠭᠦᠯᠵᠦ᠂ ᠲᠠᠷᠢᠶᠠᠨ ᠭᠠᠵᠠᠷ᠎ᠤᠨ   ᠬᠤᠷᠢᠶᠠᠯᠲᠠ ᠵᠢᠨ ᠬᠤᠷᠤᠭᠳᠠᠭᠤᠯᠤᠯ᠎ᠢ ᠪᠠᠭ᠋ᠠᠰᠬᠠᠨ᠎ᠠ ᠬᠡᠵᠤ ᠲᠤᠷᠠᠳᠴᠠᠢ᠃
     — ᠬᠦᠮᠦᠷᠭᠡᠯᠡᠨ ᠨᠦᠬᠡᠴᠡᠯᠡᠬᠦ ᠭᠣᠭᠴᠤᠭ᠎ᠠ᠃ ᠬᠥᠮᠥᠷᠭᠡᠯᠡᠨ ᠨᠦᠬᠡᠴᠡᠯᠡᠬᠦ ᠲᠤᠨᠤᠭ ᠲᠥᠬᠥᠭᠡᠷᠦᠮᠵᠢ ᠬᠠᠭᠤᠴᠢᠷᠠᠭᠰᠠᠨ᠂ ᠬᠦᠮᠦᠷᠭᠡ ᠵᠢᠨ ᠪᠠᠭᠲᠠᠭ᠋ᠠᠮᠵᠢ ᠪᠠᠭ᠎ᠠ ᠪᠠᠢ᠌ᠬᠤ ᠵᠢᠴᠢ ᠲᠠᠷᠢᠶᠠᠴᠢᠨ ᠡᠷᠦᠭᠡ ᠵᠢᠨ ᠠᠮᠤ ᠪᠤᠳᠠᠭ᠋ᠠᠨ᠎ᠤ ᠬᠠᠳᠠᠭ᠋ᠠᠯᠠᠯᠲᠠ ᠵᠢᠨ ᠬᠤᠷᠤᠭᠳᠠᠭᠤᠯᠤᠯ ᠶᠡᠬᠡ ᠪᠠᠢ᠌ᠬᠤ ᠵᠡᠷᠭᠡ ᠠᠰᠠᠭᠤᠳᠠᠯ᠎ᠳᠤ ᠴᠢᠭᠯᠡᠭᠦᠯᠦᠨ᠂ 《ᠲᠥᠰᠦᠯ》᠎ᠳᠤ᠂ ᠠᠮᠤ ᠪᠤᠳᠠᠭ᠎ᠠ ᠬᠠᠳᠠᠭ᠋ᠠᠬᠤ ᠢᠵᠢ ᠪᠦᠷᠢᠳᠦᠬᠦᠯᠦᠭᠰᠡᠨ ᠲᠤᠨᠤᠭ ᠲᠥᠬᠥᠭᠡᠷᠦᠮᠵᠢ ᠵᠢ ᠲᠠᠷᠢᠶᠠᠯᠠᠩ᠎ᠤᠨ ᠮᠠᠰᠢᠨ᠎ᠤ ᠰᠢᠨ᠎ᠡ ᠦᠢ᠍ᠯᠡᠳᠭᠦᠨ᠎ᠳᠤ ᠨᠥᠬᠥᠪᠥᠷᠢ ᠦᠭᠬᠦ ᠲᠤᠷᠰᠢᠯᠲᠡ ᠵᠢᠨ ᠴᠡᠭ᠎ᠤᠨ ᠬᠡᠪᠴᠢᠶᠡᠨ᠎ᠳᠤ ᠣᠷᠣᠭᠤᠯᠵᠤ᠂ ᠠᠮᠤ ᠪᠤᠳᠠᠭ᠋ᠠᠨ᠎ᠤ ᠭᠠᠷᠤᠯᠲᠠ ᠵᠢᠨ ᠲᠤᠮᠤ ᠰᠢᠶᠠᠨ᠎ᠤ ᠪᠤᠬᠢᠷᠳᠤᠯ ᠪᠠᠭ᠎ᠠ ᠠᠮᠤ ᠪᠤᠳᠠᠭ᠎ᠠ ᠬᠠᠳᠠᠭ᠋ᠠᠬᠤ ᠲᠥᠬᠥᠭᠡᠷᠦᠮᠵᠢ ᠵᠢᠨ ᠬᠡᠷᠡᠭᠯᠡᠯᠲᠡ ᠵᠢ ᠠᠬᠢᠭᠤᠯᠬᠤ ᠵᠢ ᠵᠣᠷᠢᠭᠵᠢᠭᠤᠯᠵᠤ᠂ ᠰᠢᠨ᠎ᠡ ᠬᠡᠯᠪᠡᠷᠢ ᠵᠢᠨ ᠲᠠᠷᠢᠶᠠᠯᠠᠩ᠎ᠤᠨ ᠡᠵᠡᠩᠨᠡᠯᠲᠡ ᠵᠢᠨ ᠭᠤᠤᠯ ᠴᠣᠭᠴᠠ᠂ ᠠᠮᠤ ᠪᠤᠳᠠᠭ᠋ᠠᠨ᠎ᠤ ᠠᠵᠤ ᠠᠬᠤᠢ᠌ᠯᠠᠯ᠂ ᠠᠮᠤ ᠪᠤᠳᠠᠭ᠋ᠠᠨ᠎ᠤ ᠬᠤᠷᠢᠶᠠᠯᠲᠠ ᠵᠢᠨ ᠳᠠᠷᠠᠭ᠋ᠠᠬᠢ ᠦᠢ᠍ᠯᠡᠴᠢᠯᠡᠭᠡᠨ᠎ᠤ ᠲᠥᠪ ᠵᠡᠷᠭᠡ ᠵᠢᠨ ᠲᠠᠷᠢᠶᠠᠴᠢᠨ ᠡᠷᠦᠬᠡ᠎ᠳᠤ ᠠᠮᠤ ᠪᠤᠳᠠᠭ᠎ᠠ ᠬᠠᠳᠠᠭ᠋ᠠᠬᠤ ᠦᠢ᠍ᠯᠡᠴᠢᠯᠡᠭᠡ ᠬᠠᠩᠭ᠋ᠠᠬᠤ ᠵᠢ   ᠵᠣᠷᠢᠭᠵᠢᠭᠤᠯᠤᠨ᠎ᠠ; ᠲᠠᠷᠢᠶᠠᠴᠢᠨ ᠡᠷᠦᠬᠡ᠎ᠳᠤ ᠰᠢᠨᠵᠢᠯᠡᠬᠦ ᠤᠬᠠᠭ᠋ᠠᠨᠴᠢ᠎ᠪᠠᠷ ᠠᠮᠤ ᠪᠤᠳᠠᠭ᠎ᠠ ᠬᠦᠮᠦᠷᠭᠡᠯᠡᠨ ᠨᠥᠭᠡᠴᠡᠯᠡᠬᠦ ᠮᠡᠷᠭᠡᠵᠢᠯ᠎ᠤᠨ ᠪᠣᠯᠪᠠᠰᠤᠷᠠᠯ ᠪᠣᠯᠤᠨ ᠦᠢ᠍ᠯᠡᠴᠢᠯᠡᠭᠡ ᠬᠠᠩᠭ᠋ᠠᠬᠤ ᠵᠢ ᠴᠢᠩᠭ᠋ᠠᠳᠬᠠᠵᠤ᠂ ᠠᠳᠠᠯᠢ ᠪᠤᠰᠤ ᠬᠡᠪᠴᠢᠶ᠎ᠡ᠂ ᠠᠳᠠᠯᠢ ᠪᠤᠰᠤ ᠣᠷᠣᠨ ᠪᠦᠰᠡ ᠵᠢᠨ ᠲᠠᠷᠢᠶᠠᠴᠢᠨ ᠡᠷᠦᠭᠡ ᠵᠢᠨ ᠠᠮᠤ ᠪᠤᠳᠠᠭ᠎ᠠ ᠬᠦᠮᠦᠷᠭᠡᠯᠡᠨ ᠨᠥᠭᠡᠴᠡᠯᠡᠬᠦ ᠪᠠᠭ᠋ᠠᠵᠢ ᠬᠡᠷᠡᠭᠰᠡᠯ᠎ᠢ ᠰᠣᠩᠭᠣᠬᠤ ᠵᠢᠴᠢ ᠵᠢᠱ᠌ᠢᠶ᠎ᠡ ᠦᠵᠡᠭᠦᠯᠬᠦ ᠬᠡᠷᠡᠭᠯᠡᠯᠲᠡ ᠵᠢ ᠥᠷᠨᠢᠭᠦᠯᠦᠨ᠎ᠠ; ᠪᠣᠬᠢᠷᠲᠤᠯ ᠥᠬᠡᠶ ᠬᠦᠮᠦᠷᠭᠡᠯᠡᠨ ᠨᠦᠬᠡᠴᠡᠯᠡᠬᠦ ᠵᠢ ᠳᠡᠭᠡᠭᠰᠢᠯᠡᠭᠦᠯᠬᠦ ᠠᠵᠢᠯᠯᠠᠭ᠎ᠠ ᠪᠠ ᠠᠮᠤ ᠪᠤᠳᠠᠭ᠎ᠠ ᠵᠢ ᠪᠣᠬᠢᠷᠲᠤᠯ ᠥᠬᠡᠶ ᠬᠦᠮᠦᠷᠭᠡᠯᠡᠨ ᠨᠦᠬᠡᠴᠡᠯᠡᠬᠦ ᠪᠠᠷᠢᠮᠵᠢᠶᠠᠵᠢᠭᠤᠯᠤᠭᠰᠠᠨ ᠲᠤᠷᠰᠢᠯᠲᠡ ᠵᠢᠨ ᠴᠡᠭ᠎ᠢ ᠦᠷᠨᠢᠭᠦᠯᠬᠦ ᠵᠢ ᠵᠣᠷᠢᠭᠵᠢᠭᠤᠯᠵᠤ᠂ ᠬᠠᠭᠤᠴᠢᠨ ᠰᠠᠩ ᠬᠦᠮᠦᠷᠭᠡ ᠵᠢ ᠲᠠᠰ ᠳᠡᠪᠰᠢᠭᠦᠯᠦᠨ ᠰᠡᠯᠪᠢᠨ ᠵᠠᠰᠠᠨ᠎ᠠ ᠬᠡᠵᠤ ᠲᠤᠷᠠᠳᠴᠠᠢ᠃
     — ᠲᠡᠭᠡᠭᠡᠪᠦᠷᠢᠯᠡᠬᠦ ᠭᠤᠭᠴᠤᠭ᠎ᠠ᠃ ᠲᠤᠰᠬᠠᠢ᠌ᠵᠢᠭᠰᠠᠨ ᠠᠮᠤ ᠪᠤᠳᠠᠭ᠋ᠠᠨ᠎ᠤ ᠲᠡᠭᠡᠭᠡᠪᠦᠷᠢ ᠵᠢᠨ ᠲᠡᠷᠭᠡ ᠬᠦᠰᠭᠡ ᠵᠢᠨ ᠲᠣᠨᠤᠭᠯᠠᠯ᠎ᠤᠨ ᠬᠡᠷᠡᠭᠯᠡᠯᠲᠡ ᠬᠦᠷᠦᠯᠴᠡᠬᠦ ᠦᠭᠡᠶ᠂ ᠪᠠᠷᠢᠮᠵᠢᠶᠠᠵᠢᠭᠤᠯᠤᠭᠰᠠᠨ ᠲᠡᠭᠡᠭᠡᠪᠤᠷᠢ ᠵᠢᠨ ᠬᠡᠮᠵᠢᠶ᠎ᠡ ᠥᠨᠳᠥᠷ ᠪᠤᠰᠤ᠂ ᠠᠰᠬᠠᠵᠤ ᠭᠣᠭᠣᠵᠢᠬᠤ ᠵᠡᠷᠭᠡ ᠠᠰᠠᠭᠤᠳᠠᠯ᠎ᠳᠤ ᠴᠢᠨᠯᠡᠭᠦᠯᠦᠨ᠂ 《ᠲᠥᠰᠦᠯ》᠎ᠳᠤ᠂ ᠲᠡᠮᠦᠷ ᠵᠠᠮ᠎ᠤᠨ ᠲᠤᠰᠬᠠᠢ ᠱᠤᠭᠤᠮ᠂ ᠲᠤᠰᠬᠠᠢ ᠭᠠᠷᠠᠮ᠂ ᠰᠤᠯᠠ ᠠᠮᠤ ᠪᠤᠳᠠᠭ᠎ᠠ ᠵᠢ ᠰᠢᠯᠵᠢᠭᠦᠯᠦᠨ ᠲᠡᠭᠡᠭᠡᠪᠦᠷᠢᠯᠡᠬᠦ ᠵᠢᠴᠢ ᠢᠵᠢ ᠪᠦᠷᠢᠳᠦᠭᠦᠯᠦᠭᠰᠡᠨ ᠲᠤᠨᠤᠭ ᠲᠦᠬᠦᠬᠡᠷᠦᠮᠵᠢ ᠵᠢ ᠪᠠᠢ᠌ᠭᠤᠯᠤᠨ᠎ᠠ; ᠬᠥᠳᠡᠭᠡ ᠲᠤᠰᠬᠤᠨ᠎ᠤ ᠠᠮᠤ ᠠᠮᠤ ᠪᠤᠳᠠᠭ᠋ᠠᠨ᠎ᠤ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠴᠢᠯᠡᠭᠡᠨ᠎ᠤ ᠲᠣᠣᠷ᠎ᠢ ᠲᠡᠭᠦᠯᠳᠡᠷᠵᠢᠭᠦᠯᠵᠦ᠂ ᠬᠥᠳᠡᠭᠡ ᠲᠤᠰᠬᠤᠨ᠎ᠤ ᠵᠠᠮ ᠲᠡᠭᠡᠭᠡᠪᠦᠷᠢ ᠵᠢᠨ ᠲᠣᠣᠷ᠎ᠢ ᠲᠡᠭᠦᠯᠳᠡᠷᠵᠢᠭᠦᠯᠦᠨ᠎ᠡ; ᠵᠢᠷᠤᠮᠵᠢᠭᠰᠠᠨ᠂ ᠪᠠᠷᠢᠮᠵᠢᠶᠠᠵᠢᠭᠰᠠᠨ᠂ ᠮᠡᠳᠡᠭᠡ ᠵᠠᠩᠭᠢᠵᠢᠭᠰᠠᠨ ᠰᠤᠯᠠ ᠠᠮᠤ ᠪᠤᠳᠠᠭ᠋ᠠᠨ᠎ᠤ ᠲᠡᠭᠡᠭᠡᠪᠦᠷᠢ ᠵᠢᠨ ᠦᠢ᠍ᠯᠡᠴᠢᠯᠡᠭᠡᠨ᠎ᠤ ᠰᠢᠰᠲᠸᠮ᠎ᠢ ᠬᠦᠭᠵᠢᠭᠦᠯᠦᠨ᠎ᠡ ᠬᠡᠵᠤ ᠲᠣᠲᠤᠷᠬᠠᠢ᠌ᠯᠠᠵᠠᠢ᠃
     — ᠡᠳ᠋ᠰᠢᠭᠦᠯᠦᠨ ᠪᠤᠯᠪᠠᠰᠤᠷᠠᠭᠤᠯᠬᠤ ᠭᠣᠭᠴᠠᠭ᠎ᠠ᠃ ᠠᠮᠤ ᠪᠤᠳᠠᠭ᠎ᠠ ᠵᠢ ᠬᠡᠲᠦ ᠡᠳ᠋ᠰᠢᠭᠦᠯᠦᠭᠰᠡᠨ᠎ᠠᠴᠠ ᠪᠣᠯᠵᠤ ᠪᠦᠲᠦᠭᠡᠭᠳᠡᠭᠦᠨ ᠪᠤᠯᠬᠤ ᠨᠣᠷᠮ᠎ᠠ ᠵᠢ ᠪᠠᠭᠤᠷᠠᠭᠤᠯᠤᠭᠰᠠᠨ᠂ ᠠᠮᠤ ᠪᠤᠳᠠᠭ᠎ᠠ ᠵᠢᠨ ᠰᠢᠮ᠎ᠡ ᠲᠡᠵᠢᠭᠡᠯ᠎ᠤᠨ ᠪᠦᠷᠢᠯᠳᠦᠭᠦᠨ᠎ᠢ ᠬᠣᠬᠢᠷᠠᠭᠤᠯᠬᠤ ᠪᠠ ᠪᠦᠷᠢᠯᠭᠡᠨ ᠰᠦᠢ᠍ᠳᠭᠡᠬᠦ ᠠᠰᠠᠭᠤᠳᠠᠯ᠎ᠳᠤ ᠴᠢᠭᠯᠡᠭᠦᠯᠦᠨ᠂ 《ᠲᠥᠰᠦᠯ》᠎ᠳᠤ᠂ ᠠᠮᠤ ᠪᠤᠳᠠᠭ᠎ᠠ ᠲᠣᠰᠤ ᠵᠢ ᠡᠳ᠋ᠰᠢᠭᠦᠯᠵᠦ ᠤᠨᠳᠤᠤᠰᠢᠭᠤᠯᠬᠤ ᠨᠣᠷᠮ᠎ᠠ ᠵᠢ ᠳᠡᠭᠡᠭᠰᠢᠯᠡᠭᠦᠯᠦᠨ᠎ᠡ᠂ ᠵᠢᠱ᠌ᠢᠶᠡᠯᠡᠪᠡᠯ᠂ ᠠᠮᠤ ᠪᠤᠳᠠᠭ᠎ᠠ᠂ ᠢᠳᠡᠭᠡᠨ᠎ᠤ ᠲᠣᠰᠣ ᠵᠢ ᠪᠤᠯᠪᠠᠰᠤᠷᠠᠭᠤᠯᠬᠤ ᠪᠠᠷᠢᠮᠵᠢᠶ᠎ᠠ ᠵᠢ ᠲᠣᠭᠲᠠᠭ᠋ᠠᠬᠤ ᠪᠠ ᠵᠠᠰᠠᠪᠤᠷᠢ ᠣᠷᠣᠭᠤᠯᠤᠨ᠎ᠠ; ᠲᠡᠵᠢᠭᠡᠯ ᠪᠣᠷᠳᠤᠭ᠋ᠠᠨ᠎ᠤ ᠠᠮᠤ ᠪᠤᠳᠠᠭ᠋ᠠᠨ᠎ᠤ ᠬᠡᠮᠵᠢᠶ᠎ᠡ ᠵᠢ ᠪᠠᠭ᠋ᠠᠰᠬᠠᠨ ᠣᠷᠤᠯᠠᠭᠤᠯᠬᠤ ᠵᠢ ᠴᠢᠩᠭ᠋ᠠᠳᠬᠠᠨ᠎ᠠ; ᠠᠮᠤ ᠪᠤᠳᠠᠭ᠎ᠠ ᠲᠣᠰᠣ ᠵᠢ ᠪᠤᠪᠠᠰᠤᠷᠠᠭᠤᠯᠬᠤ᠎ᠠᠴᠠ ᠭᠠᠷᠴᠤ ᠢᠷᠡᠭᠰᠡᠨ ᠳᠠᠭ᠋ᠠᠯᠳᠠ ᠪᠤᠳᠠᠰ᠎ᠢ ᠪᠦᠲᠦᠮᠵᠢᠲᠡᠶ ᠠᠰᠢᠭᠯᠠᠨ ᠢᠳᠡᠭᠡᠨ᠎ᠤ ᠵᠦᠢ᠍ᠯ᠂ ᠴᠢᠳᠠᠮᠵᠢᠲᠤ ᠡᠳ᠋ ᠪᠣᠳᠠᠰ ᠵᠢᠴᠢ ᠠᠵᠤ ᠦᠢ᠍ᠯᠡᠳᠪᠦᠷᠢ ᠵᠢᠨ ᠪᠦᠲᠦᠭᠡᠭᠳᠡᠭᠦᠨ᠎ᠤ ᠦᠢ᠍ᠯᠡᠳᠪᠦᠷᠢᠯᠡᠨ᠎ᠡ ᠬᠡᠵᠤ ᠲᠣᠲᠤᠷᠬᠠᠢ᠌ᠯᠠᠵᠠᠢ᠃
     — ᠢᠳᠡᠭᠡᠨ ᠤᠮᠳᠠᠭ᠋ᠠᠨ᠎ᠤ ᠬᠡᠷᠡᠭᠯᠡᠭᠡᠨ᠎ᠤ ᠭᠣᠭᠴᠣᠭ᠎ᠠ᠃ 《ᠲᠥᠰᠦᠯ》᠎ᠳᠤ᠂ ᠢᠳᠡᠭᠡᠨ ᠤᠮᠳᠠᠭ᠋ᠠᠨ᠎ᠤ ᠠᠵᠢᠯ ᠲᠥᠷᠥᠯ᠂ ᠪᠠᠢ᠌ᠭᠤᠯᠭ᠎ᠠ ᠨᠢᠭᠡᠴᠢ ᠵᠢᠨ ᠬᠣᠭᠣᠯᠠᠨ ᠬᠡᠷ᠂ ᠠᠯᠪᠠᠨ ᠶᠠᠪᠤᠳᠠᠯ᠎ᠤᠨ ᠠᠵᠢᠯᠯᠠᠭ᠎ᠠ᠂ ᠰᠤᠷᠭ᠋ᠠᠭᠤᠯᠢ᠂ ᠬᠡᠷ ᠪᠦᠯᠢ ᠵᠢᠴᠢ ᠬᠤᠪᠢ ᠬᠥᠮᠦᠨ ᠵᠡᠷᠭᠡ ᠠᠳᠠᠯᠢ ᠪᠤᠰᠤ ᠭᠤᠭᠴᠤᠭ᠎ᠠ ᠠᠳᠠᠯᠢ ᠪᠤᠰᠤ ᠭᠤᠤ᠋ ᠴᠤᠭᠴᠠ᠎ᠠᠴᠠ ᠲᠣᠰ ᠲᠣᠰ ᠲᠦᠷᠢᠮ ᠵᠶ᠋ᠠᠷ ᠵᠢᠷᠤᠮᠵᠢᠭᠤᠯᠤᠨ ᠬᠢᠵᠠᠭ᠋ᠠᠷᠯᠠᠵᠤ᠂ ᠬᠢᠨᠠᠯᠲᠠ ᠲᠠᠯᠪᠢᠵᠤ ᠪᠠᠢ᠌ᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠤᠨ᠂ ᠬᠡᠷᠡᠭᠯᠡᠭᠡᠨ᠎ᠤ ᠣᠢ᠌ᠯᠠᠭ᠋ᠠᠭᠳᠠᠬᠤᠨ᠎ᠢ ᠬᠥᠲᠥᠯᠥᠨ ᠵᠢᠯᠣᠭᠣᠳᠴᠤ᠂ ᠢᠳᠡᠭᠡᠨ ᠤᠮᠳᠠᠭ᠋ᠠᠨ᠎ᠢ ᠪᠦᠷᠢᠯᠭᠡᠨ ᠰᠦᠢ᠍ᠳᠭᠡᠬᠦ ᠵᠢ ᠡᠷᠡᠰ ᠬᠣᠷᠢᠭᠯᠠᠬᠤ ᠪᠤᠯᠤᠨ᠎ᠠ᠃


      ᠠᠮᠤ ᠪᠤᠳᠠᠭ᠎ᠠ ᠵᠢ ᠠᠷᠪᠢᠯᠠᠨ ᠬᠤᠷᠤᠭᠳᠠᠭᠤᠯᠤᠯ᠎ᠢ ᠪᠠᠭ᠋ᠠᠰᠬᠠᠬᠤ ᠵᠢ ᠪᠤᠲᠠᠲᠠᠢ᠎ᠳᠤ ᠨᠡᠢ᠌ᠲᠡᠪᠦᠷᠢᠵᠢᠭᠤᠯᠬᠤ ᠵᠢ ᠪᠠᠲᠤᠯᠠᠨ᠎ᠠ
      ᠠᠰᠠᠭᠤᠯᠲᠠ᠄ ᠠᠮᠤ ᠪᠤᠳᠠᠭ᠎ᠠ ᠵᠢ ᠠᠷᠪᠢᠯᠠᠨ ᠬᠤᠷᠤᠭᠳᠠᠭᠤᠯᠤᠯ᠎ᠢ ᠪᠠᠭ᠋ᠠᠰᠬᠠᠬᠤ ᠱᠠᠭ᠋ᠠᠷᠳᠠᠯᠭ᠎ᠠ ᠵᠢ ᠬᠡᠷᠬᠢᠨ ᠨᠡᠢ᠌ᠲᠡᠪᠦᠷᠢᠵᠢᠭᠤᠯᠬᠤ ᠪᠣᠶ?
      ᠬᠠᠷᠢᠭᠤᠯᠲᠠ᠄ ᠵᠤᠬᠢᠶᠠᠨ ᠪᠠᠢ᠌ᠭᠤᠯᠵᠤ ᠤᠳᠤᠷᠢᠳᠬᠤ᠂ ᠳᠦᠷᠢᠮ᠎ᠤᠨ ᠪᠠᠢ᠌ᠭᠤᠯᠤᠯᠲᠠ᠂ ᠦᠨᠡᠯᠡᠬᠦ ᠲᠤᠭᠳᠠᠴᠠ᠂ ᠬᠡᠷᠡᠭᠵᠢᠭᠦᠯᠦᠨ ᠬᠢᠨᠠᠯᠳᠠ ᠲᠠᠯᠪᠢᠬᠤ ᠲᠠᠯ᠎ᠠ᠎ᠪᠠᠷ ᠬᠠᠮᠵᠢᠯᠴᠠᠨ ᠬᠦᠴᠦᠯᠡᠬᠦ ᠵᠡᠷᠬᠡ ᠲᠠᠯ᠎ᠠ᠎ᠠᠴᠠ ᠠᠮᠤ ᠪᠤᠳᠠᠭ᠎ᠠ ᠵᠢ ᠠᠷᠪᠢᠯᠠᠵᠤ ᠬᠤᠷᠤᠭᠳᠠᠭᠤᠯᠤᠯ᠎ᠢ ᠪᠠᠭ᠋ᠠᠰᠬᠠᠬᠤ ᠵᠢ ᠪᠤᠳᠠᠳᠠᠢ᠎ᠳᠤ ᠨᠡᠢ᠌ᠲᠡᠪᠦᠷᠢᠵᠢᠭᠤᠯᠤᠨ ᠦᠷ᠎ᠠ ᠪᠦᠲᠦᠮᠵᠢ ᠤᠯᠬᠤ ᠵᠢ ᠪᠠᠳᠤᠯᠠᠬᠤ ᠪᠤᠯᠤᠨ᠎ᠠ᠄
     — ᠵᠣᠬᠢᠶᠠᠨ ᠪᠠᠢ᠍ᠭᠤᠯᠵᠤ ᠤᠳᠤᠷᠢᠳᠬᠤ᠎ᠪᠠᠨ ᠴᠢᠩᠭ᠋ᠠᠳᠬᠠᠨ᠎ᠠ᠃ ᠠᠮᠤ ᠪᠤᠳᠠᠭ᠎ᠠ ᠵᠢ ᠠᠷᠪᠢᠯᠠᠨ ᠬᠣᠷᠤᠬᠳᠠᠭᠤᠯᠤᠯ᠎ᠢ ᠪᠠᠭ᠋ᠠᠰᠬᠠᠬᠤ ᠠᠵᠢᠯ᠎ᠢ ᠠᠮᠤ ᠪᠤᠳᠠᠭ᠋ᠠᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠲᠦᠷᠢᠮ᠎ᠤᠨ ᠬᠢᠨᠠᠨ ᠰᠢᠯᠭ᠋ᠠᠯᠲᠠ᠎ᠳᠤ ᠣᠷᠣᠭᠤᠯᠵᠤ᠂ ᠨᠠᠮ ᠵᠠᠰᠠᠭ ᠠᠳᠠᠯᠢ᠎ᠪᠠᠷ ᠬᠠᠷᠢᠭᠤᠴᠠᠯᠭ᠎ᠠ ᠡᠭᠦᠷᠭᠡᠯᠡᠬᠦ ᠵᠢ ᠪᠠᠷᠢᠮᠲᠠᠯᠠᠨ᠎ᠠ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠲᠤᠰ ᠪᠡᠶ᠎ᠡ ᠵᠢᠨ ᠡᠭᠦᠷᠭᠡ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠤᠨ᠂ ᠣᠨ᠎ᠤ ᠠᠮᠤ ᠪᠤᠳᠠᠭ᠎ᠠ ᠵᠢ ᠠᠷᠪᠢᠯᠠᠨ ᠬᠣᠷᠤᠭᠳᠠᠭᠤᠯᠤᠯ᠎ᠢ   ᠪᠠᠭ᠋ᠠᠰᠬᠠᠬᠤ ᠬᠠᠷᠠᠯᠲᠠ ᠡᠭᠦᠷᠭᠡ ᠪᠣᠯᠤᠨ ᠨᠡᠢ᠌ᠲᠡᠪᠦᠷᠢᠵᠢᠭᠤᠯᠬᠤ ᠠᠷᠭ᠎ᠠ ᠬᠡᠮᠵᠢᠶ᠎ᠡ᠎ᠪᠠᠨ ᠲᠤᠬᠳᠠᠭ᠋ᠠᠨ᠎ᠠ᠃
     — ᠳᠦᠷᠢᠮ᠎ᠤᠨ ᠪᠠᠷᠢᠮᠵᠢᠶ᠎ᠠ ᠵᠢ ᠲᠡᠭᠦᠯᠳᠡᠷᠵᠢᠭᠦᠯᠦᠨ᠎ᠡ᠃ ᠬᠠᠤᠯᠢ ᠶᠣᠰᠣᠭ᠋ᠠᠷ ᠠᠮᠤ ᠪᠤᠳᠠᠭ᠎ᠠ ᠵᠢ ᠬᠠᠮᠢᠶᠠᠷᠴᠤ ᠠᠮᠤ ᠪᠤᠳᠠᠭ᠎ᠠ ᠵᠢ ᠠᠷᠪᠢᠯᠠᠬᠤ ᠵᠢ ᠴᠢᠩᠭ᠋ᠠᠳᠬᠠᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠬᠠᠤᠯᠢ ᠵᠢ ᠲᠣᠭᠲᠠᠭ᠋ᠠᠨ᠎ᠠ᠃ ᠠᠮᠤ ᠪᠤᠳᠠᠭ᠎ᠠ ᠵᠢ ᠠᠷᠪᠢᠯᠠᠨ ᠬᠤᠷᠤᠭᠳᠠᠭᠤᠯᠯ᠎ᠢ   ᠪᠠᠭ᠋ᠠᠰᠬᠠᠬᠤ ᠱᠠᠭ᠋ᠠᠷᠳᠠᠯᠭ᠎ᠠ᠎ᠳᠤ ᠨᠡᠢ᠌ᠴᠡᠬᠦ᠂ ᠠᠮᠤ ᠪᠤᠳᠠᠭ᠎ᠠ ᠵᠢ ᠠᠷᠪᠢᠯᠠᠨ ᠭᠠᠮᠨᠠᠬᠤ ᠵᠢ ᠠᠬᠢᠭᠤᠯᠬᠤ ᠠᠮᠤ ᠪᠤᠳᠠᠭ᠋ᠠᠨ᠎ᠤ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠪᠠᠷᠢᠮᠵᠢᠶ᠎ᠠ᠂ ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ ᠪᠣᠯᠤᠨ ᠪᠦᠯᠬᠦᠮ᠎ᠤᠨ ᠪᠠᠷᠢᠮᠵᠢᠶ᠎ᠠ ᠵᠢ ᠪᠠᠢ᠌ᠭᠤᠯᠤᠨ᠎ᠠ᠃
     — ᠪᠠᠢ᠌ᠴᠠᠭ᠋ᠠᠵᠤ ᠦᠨᠡᠯᠡᠬᠦ ᠲᠤᠭᠲᠠᠴᠠ ᠵᠢ ᠪᠠᠢ᠌ᠭᠤᠯᠤᠨ᠎ᠠ᠃ ᠠᠮᠤ ᠪᠤᠳᠠᠭ᠎ᠠ ᠵᠢ ᠪᠦᠷᠢᠯᠭᠡᠨ ᠰᠦᠢ᠍ᠳᠭᠡᠭᠰᠡᠨ᠎ᠢ ᠦᠨᠡᠯᠡᠬᠦ ᠪᠠᠷᠢᠮᠵᠢᠶ᠎ᠠ ᠵᠢ ᠪᠠᠢ᠌ᠭᠤᠯᠤᠨ᠎ᠠ᠃ ᠪᠦᠬᠦ ᠬᠡᠯᠬᠢᠶᠡᠨ᠎ᠤ ᠠᠮᠤ ᠪᠤᠳᠠᠭ᠎ᠠ ᠵᠢ ᠪᠦᠷᠢᠯᠭᠡᠨ ᠰᠦᠢ᠍ᠳᠭᠡᠭᠰᠡᠨ᠎ᠢ ᠦᠨᠡᠯᠡᠨ ᠵᠢᠱ᠌ᠢᠬᠦ ᠭᠦᠢ᠍ᠴᠡᠳᠭᠡᠯ ᠲᠣᠭ᠎ᠠ ᠵᠢᠨ ᠰᠢᠰᠲᠸᠮ᠎ᠢ ᠰᠤᠳᠤᠯᠤᠨ ᠪᠠᠢ᠌ᠭᠤᠯᠵᠤ᠂ ᠲᠣᠭ᠎ᠠ ᠪᠠᠷᠢᠮᠲᠠ ᠵᠢ ᠬᠤᠷᠢᠶᠠᠩᠭᠤᠢ᠌ᠯᠠᠬᠤ ᠪᠠ ᠵᠠᠳᠠᠯᠤᠯᠲᠠ ᠬᠢᠵᠦ ᠦᠨᠡᠯᠡᠬᠦ ᠵᠢ ᠲᠣᠭᠲᠠᠭᠰᠠᠨ ᠬᠤᠭᠤᠴᠠᠭ᠎ᠠ᠎ᠲᠠᠢ᠎ᠪᠠᠷ ᠥᠷᠨᠢᠭᠦᠯᠦᠨ᠎ᠡ᠃
     — ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠠᠮᠤ ᠪᠤᠳᠠᠭ᠎ᠠ ᠵᠢ ᠬᠣᠷᠤᠭᠳᠠᠭᠤᠯᠤᠨ ᠪᠦᠷᠢᠯᠭᠡᠬᠦ ᠵᠢ ᠪᠠᠭ᠋ᠠᠰᠬᠠᠭᠰᠠᠨ ᠦᠷ᠎ᠡ ᠪᠦᠲᠦᠮᠵᠢ ᠵᠢ ᠦᠨᠡᠯᠡᠨ᠂ ᠵᠠᠷᠯᠠᠬᠤ᠂ ᠱᠠᠩᠨᠠᠬᠤ ᠪᠠ ᠲᠣᠷᠭ᠋ᠠᠬᠤ ᠳᠦᠷᠢᠮ᠎ᠢ ᠰᠤᠳᠤᠯᠤᠨ ᠪᠠᠢ᠌ᠭᠤᠯᠤᠨ᠎ᠠ᠃ ᠰᠠᠯᠠᠭ᠎ᠠ ᠮᠥᠴᠢᠷ᠎ᠠᠴᠠ ᠬᠢᠨᠠᠨ ᠬᠠᠮᠢᠶᠠᠷᠬᠤ᠂ ᠠᠵᠢᠯ ᠲᠥᠷᠥᠯ᠎ᠤᠨ᠎ᠬᠢᠨ ᠥᠪᠡᠷ᠎ᠢ᠎ᠪᠠᠨ ᠱᠠᠭ᠋ᠠᠷᠳᠠᠬᠤ᠂ ᠨᠡᠢ᠌ᠭᠡᠮ᠎ᠠᠴᠠ ᠬᠢᠨᠠᠯᠲᠠ ᠲᠠᠯᠪᠢᠬᠤ ᠵᠡᠷᠭᠡ ᠵᠢ ᠬᠠᠷᠢᠯᠴᠠᠨ ᠤᠶᠠᠯᠳᠤᠭᠤᠯᠤᠭᠰᠠᠨ ᠬᠢᠨᠠᠯᠲᠠ ᠬᠠᠮᠢᠶᠠᠷᠤᠯᠲᠠ ᠵᠢᠨ ᠰᠢᠰᠲᠸᠮ᠎ᠢ ᠪᠠᠢ᠌ᠭᠤᠯᠵᠤ᠂ ᠥᠪᠡᠰᠦᠪᠡᠨ ᠪᠠᠢ᠌ᠴᠠᠭ᠋ᠠᠬᠤ᠂ ᠰᠤᠭᠤᠴᠢᠨ ᠪᠠᠢ᠌ᠴᠠᠭ᠋ᠠᠬᠤ᠂ ᠬᠢᠨᠠᠨ ᠪᠠᠢ᠌ᠴᠠᠭ᠋ᠠᠬᠤ ᠵᠡᠷᠭᠡ ᠠᠷᠭ᠎ᠠ ᠮᠠᠶᠢᠭ᠎ᠢ ᠶᠡᠷᠦᠩᠭᠡᠢ᠌ᠯᠡᠨ ᠬᠡᠷᠡᠭᠯᠡᠵᠦ᠂ ᠪᠠᠢ᠌ᠩᠭᠤᠵᠢᠭᠰᠠᠨ ᠬᠢᠨᠠᠯᠲᠠ ᠬᠠᠮᠢᠶᠠᠷᠤᠯᠲᠠ ᠵᠢ ᠦᠷᠭᠦᠯᠵᠢᠯᠡᠨ ᠥᠷᠨᠢᠭᠦᠯᠦᠨ᠎ᠡ᠃ (ᠰᠢᠨᠬᠤᠸᠠ ᠬᠤᠷᠢᠶᠠᠨ᠎ᠤ ᠪᠡᠭᠡᠵᠢᠩ᠎ᠤᠨ 10 ᠰᠠᠷ᠎ᠠ ᠵᠢᠨ 31᠎ᠤ ᠴᠠᠬᠢᠯᠭ᠋ᠠᠨ ᠮᠡᠳᠡᠭᠡ)
   

ᠢᠷᠡᠯᠲᠡ᠄ ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠤᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            