ᠰᠤᠷᠪᠤᠯᠵᠢᠯᠠᠭᠰᠠᠨ ᠵᠣᠴᠢᠨ᠄ ᠮᠥ᠍ ᠶᠤᠸᠠᠨ
ᠰᠤᠷᠪᠤᠯᠵᠢᠯᠠᠭᠰᠠᠨ ᠴᠠᠭ᠄ 2021 ᠣᠨ᠎ᠤ 11 ᠰᠠᠷ᠎ᠠ ᠵᠢᠨ 11᠎ᠤ ᠡᠳᠦᠷ
ᠭᠣᠤᠯ ᠠᠭᠤᠯᠭ᠎ᠠ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠠᠬᠢᠭᠤᠯᠵᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ ᠵᠢ ᠲᠦᠷᠭᠡᠳᠬᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》 (ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ 《ᠬᠡᠷᠡᠭᠵᠢᠭᠦᠯᠬᠦ ᠰᠠᠨᠠᠯ》᠎ᠢ ᠢᠯᠡ᠎ᠪᠠᠷ ᠨᠡᠢ᠌ᠲᠡᠯᠡᠬᠦ ᠲᠠᠰᠢᠷᠠᠮ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠬᠡᠷ᠎ᠤᠨ ᠬᠠᠷᠢᠭᠤᠴᠠᠯᠭ᠋ᠠᠲᠠᠨ 《ᠬᠡᠷᠡᠭᠵᠢᠭᠦᠯᠬᠦ ᠰᠠᠨᠠᠯ》᠎ᠢ ᠲᠣᠭᠲᠠᠭ᠋ᠠᠵᠤ ᠳᠠᠷᠤᠮᠠᠯᠯᠠᠨ ᠲᠠᠷᠬᠠᠭ᠋ᠠᠬᠤ ᠪᠠ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠡᠷᠭᠡ ᠠᠰᠠᠭᠤᠳᠠᠯ᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
ᠬᠥᠲᠥᠯᠥᠭᠴᠢ᠄ 《ᠬᠡᠷᠡᠭᠵᠢᠭᠦᠯᠬᠦ ᠰᠠᠨᠠᠯ》᠎ᠢ ᠨᠡᠢ᠌ᠲᠡᠯᠡᠭᠰᠡᠨ ᠠᠬᠤᠶ ᠪᠠᠢ᠌ᠳᠠᠯ᠎ᠨᠢ ᠶᠠᠭᠤ ᠪᠣᠶ?
ᠮᠦ᠍ ᠶᠣᠸᠠᠨ᠄ 2020 ᠣᠨ᠎ᠤ 12 ᠰᠠᠷ᠎ᠠ᠎ᠳᠤ ᠬᠤᠷᠠᠯᠳᠤᠭᠰᠠᠨ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠪᠥᠬᠥ ᠨᠠᠮ ᠪᠥᠬᠥ ᠨᠡᠢ᠌ᠭᠡᠮ᠎ᠳᠤ ᠢᠯᠡ ᠲᠣᠳᠣ ᠳᠣᠬᠢᠶ᠎ᠠ ᠥᠭᠪᠡ᠄ ᠰᠢᠨ᠎ᠡ ᠠᠶᠠᠨ ᠵᠠᠮ᠎ᠳᠤ 《ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ》᠎ᠤ ᠠᠵᠢᠯ ᠮᠥᠨ ᠬᠦ᠌ ᠲᠤᠢ᠌ᠯ᠎ᠤᠨ ᠴᠢᠬᠤᠯᠠ ᠪᠠᠢ᠌ᠵᠤ᠂ ᠬᠣᠷᠣᠮᠬᠠᠨ ᠵᠠᠭᠤᠷ᠎ᠠ ᠴᠤ᠌ ᠰᠤᠯᠠᠷᠠᠭᠤᠯᠵᠤ ᠪᠣᠯᠬᠤ ᠥᠬᠡᠶ᠂ ᠡᠷᠬᠡᠪᠰᠢ ᠴᠢᠩᠭ᠎ᠠ ᠠᠳᠬᠤᠵᠤ ᠪᠣᠳᠠᠲᠠᠶ ᠠᠳᠬᠤᠬᠤ ᠬᠡᠷᠡᠭᠲᠡᠶ᠃ ᠶᠡᠷᠦᠩᠬᠡᠢ ᠱᠦᠵᠢ ᠰᠢ ᠵᠢᠨ ᠫᠢᠩ 《ᠬᠣᠶᠠᠷ ᠶᠡᠬᠡ ᠲᠠᠯ᠎ᠠ》᠎ᠳᠤ ᠰᠠᠭᠤᠷᠢᠯᠠᠵᠤ᠂ ᠦᠨᠳᠦᠰᠦᠲᠡᠨ ᠵᠶ᠋ᠡᠨ ᠰᠡᠷᠭᠦᠭᠡᠨ ᠮᠠᠨᠳᠤᠭᠤᠯᠬᠤ᠎ᠳᠤ᠂ ᠬᠥᠳᠡᠭᠡ ᠲᠣᠰᠬᠣᠨ᠎ᠢ ᠡᠷᠬᠡᠪᠰᠢ ᠬᠦᠭᠵᠢᠭᠦᠯᠦᠨ ᠮᠠᠨᠳᠤᠭᠤᠯᠬᠤ ᠬᠡᠷᠡᠭᠲᠡᠢ᠂ ᠬᠥᠳᠡᠭᠡ ᠠᠵᠤ ᠠᠬᠤᠢ ᠵᠢᠨ ᠦᠨᠳᠦᠰᠦᠨ ᠪᠠᠢ᠌ᠳᠠᠯ᠎ᠢ ᠲᠣᠭᠲᠠᠪᠤᠷᠢᠵᠢᠭᠤᠯᠬᠤ᠂ 《ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ》᠎ᠤ ᠰᠠᠭᠤᠷᠢ ᠵᠢ ᠰᠠᠢ᠌ᠲᠤᠷ ᠰᠠᠬᠢᠬᠤ ᠪᠣᠯ ᠬᠤᠪᠢᠷᠠᠯᠲᠠ ᠵᠢ ᠠᠷᠭ᠋ᠠᠴᠠᠭ᠋ᠠᠬᠤ᠂ ᠰᠢᠨ᠎ᠡ ᠪᠠᠢ᠌ᠳᠠᠯ᠎ᠢ ᠡᠭᠦᠳᠬᠦ ᠵᠢᠨ 《ᠰᠠᠭᠤᠷᠢ ᠴᠢᠯᠠᠭᠤ》 ᠮᠥᠨ ᠭᠡᠵᠦ ᠵᠢᠭ᠋ᠠᠵᠤ ᠭᠠᠷᠭ᠋ᠠᠪᠠ; ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠬᠠᠮᠤᠭ᠎ᠤᠨ ᠪᠡᠷᠬᠡ ᠬᠠᠲᠠᠭᠤᠵᠢᠯᠲᠠᠢ ᠬᠠᠮᠤᠭ᠎ᠤᠨ ᠨᠦᠰᠡᠷ ᠬᠦᠨᠳᠦ ᠡᠭᠦᠷᠭᠡ᠎ᠨᠢ ᠮᠥᠨ ᠯᠡ ᠬᠥᠳᠡᠭᠡ ᠲᠣᠰᠬᠣᠨ᠎ᠳᠤ ᠪᠠᠢ᠌ᠵᠤ᠂ ᠬᠠᠮᠤᠭ᠎ᠤᠨ ᠥᠷᠭᠡᠨ ᠳᠡᠯᠭᠡᠷ ᠬᠠᠮᠤᠭ᠎ᠤᠨ ᠭᠦᠨ ᠵᠤᠵᠠᠭ᠋ᠠᠨ ᠰᠠᠭᠤᠷᠢᠨ᠎ᠢ ᠮᠥᠨ ᠯᠡ ᠬᠥᠳᠡᠭᠡ ᠲᠣᠰᠬᠣᠨ᠎ᠳᠤ ᠪᠠᠢ᠌ᠨ᠎ᠠ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠪᠢᠳᠡᠨ᠎ᠤ ᠰᠢᠨ᠎ᠡ ᠬᠥᠭᠵᠢᠯᠲᠡ ᠵᠢᠨ ᠱᠠᠲᠤᠨ᠎ᠤ 《ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ》᠎ᠤ ᠠᠵᠢᠯ᠎ᠢ ᠰᠠᠢ᠌ᠲᠤᠷ ᠬᠢᠬᠦ᠎ᠳᠤ ᠤᠷᠤᠭᠰᠢᠯᠠᠯᠲᠠ ᠵᠢᠨ ᠴᠢᠭᠯᠡᠯ᠎ᠢ ᠲᠣᠳᠣᠷᠬᠠᠢ ᠵᠢᠭ᠋ᠠᠵᠤ᠂ ᠦᠨᠳᠦᠰᠦᠨ ᠵᠢᠷᠤᠮᠯᠠᠯ ᠬᠠᠩᠭ᠋ᠠᠵᠠᠢ᠃ ᠡᠨᠡ ᠵᠢᠯ᠎ᠤᠨ 1 ᠰᠠᠷ᠎ᠠ ᠵᠢᠨ 4᠎ᠤ ᠡᠳᠦᠷ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠠᠬᠢᠭᠤᠯᠵᠤ ᠬᠥᠳᠡᠭᠡ ᠠᠵᠤ ᠠᠬᠤᠶ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠲᠦᠷᠭᠡᠳᠬᠡᠬᠦ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ 《ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ》᠎ᠤ ᠠᠵᠢᠯ᠎ᠳᠤ ᠪᠥᠬᠥ ᠲᠠᠯ᠎ᠠ ᠵᠢᠨ ᠪᠠᠢ᠌ᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠢ᠌ᠷᠢᠯᠠᠭᠤᠯᠤᠯᠲᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ᠎ᠤᠨ ᠲᠥᠪ ᠬᠣᠷᠢᠶᠠᠨ᠎ᠤ ᠰᠢᠨ᠎ᠡ ᠬᠥᠭᠵᠢᠯᠲᠡ ᠵᠢᠨ ᠱᠠᠲᠤᠨ᠎ᠤ 《ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ》᠎ᠤ ᠠᠵᠢᠯ᠎ᠤᠨ ᠲᠤᠬᠠᠢ ᠪᠠᠢ᠌ᠯᠳᠤᠬᠤ ᠪᠤᠳᠤᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠭᠦᠨᠵᠡᠭᠡᠢ ᠤᠢ᠍ᠢ᠍ᠯᠠᠭ᠋ᠠᠨ ᠡᠵᠡᠮᠰᠢᠵᠦ᠂ ᠥᠪᠥᠷ ᠮᠣᠩᠭᠣᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ 《ᠬᠡᠷᠡᠭᠵᠢᠭᠦᠯᠬᠦ ᠰᠠᠨᠠᠯ》᠎ᠢ ᠲᠣᠭᠲᠠᠭ᠋ᠠᠨ ᠨᠡᠢ᠌ᠲᠡᠯᠡᠵᠦ᠂ ᠣᠳᠣᠬᠠᠨ᠎ᠤ ᠪᠠ ᠬᠣᠢ᠌ᠰᠢᠳᠠ ᠵᠢᠨ ᠲᠠᠪᠤᠨ ᠵᠢᠯ᠎ᠤᠨ ᠥᠪᠥᠷ ᠮᠣᠩᠭᠣᠯ᠎ᠤᠨ 《ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ》᠎ᠤ ᠠᠵᠢᠯ᠎ᠤᠨ ᠶᠡᠷᠦᠩᠬᠡᠢ ᠱᠠᠭ᠋ᠠᠷᠳᠠᠯᠭ᠎ᠠ᠂ ᠬᠠᠷᠠᠯᠲᠠ ᠡᠭᠦᠷᠭᠡ ᠪᠣᠯᠤᠨ ᠪᠣᠳᠠᠲᠠᠢ ᠠᠷᠭ᠎ᠠ ᠬᠡᠮᠵᠢᠢ᠎ᠡ ᠵᠢ ᠲᠣᠳᠣᠷᠬᠠᠢ᠌ᠯᠠᠪᠠ᠃
ᠬᠥᠲᠥᠯᠥᠭᠴᠢ᠄ 《ᠬᠡᠷᠡᠭᠵᠢᠭᠦᠯᠬᠦ ᠰᠠᠨᠠᠯ》᠎ᠤᠨ ᠭᠣᠤᠯ ᠠᠭᠤᠯᠭ᠎ᠠ᠎ᠨᠢ ᠶᠠᠭᠤ ᠪᠣᠶ?
ᠮᠥ᠍ ᠶᠤᠸᠠᠨ᠄ ᠪᠢᠴᠢᠭ ᠮᠠᠲ᠋ᠧᠷᠢᠶᠠᠯ᠎ᠳᠤ 6 ᠬᠡᠰᠡᠭ᠂ 33 ᠵᠣᠷᠪᠤᠰ᠎ᠢ ᠪᠠᠭᠲᠠᠭ᠋ᠠᠵᠤ᠂ 5 ᠲᠠᠯ᠎ᠠ᠂ 31 ᠵᠦᠢᠯ᠎ᠤᠨ ᠭᠣᠤᠯᠳᠠᠯᠭ᠎ᠠ᠎ᠲᠠᠢ ᠡᠭᠦᠷᠭᠡ ᠵᠢ ᠲᠣᠳᠣᠷᠬᠠᠢ᠌ᠯᠠᠪᠠ᠃ ᠥᠩᠭᠡᠷᠡᠭᠰᠡᠨ᠎ᠲᠠᠢ ᠠᠳᠠᠯᠢ ᠥᠬᠡᠶ᠎ᠨᠢ ᠭᠡᠪᠡᠯ᠂ ᠡᠨᠡ ᠵᠢᠯ᠎ᠤᠨ 《ᠬᠡᠷᠡᠭᠵᠢᠭᠦᠯᠬᠦ ᠰᠠᠨᠠᠯ》᠎ᠨᠢ ᠣᠳᠣᠬᠠᠨ᠎ᠤ ᠪᠠᠢ᠌ᠳᠠᠯ᠎ᠳᠤ ᠰᠠᠭᠤᠷᠢᠯᠠᠨ᠂ ᠣᠨ᠎ᠤ ᠴᠢᠨᠠᠷ᠂ ᠬᠤᠭᠤᠴᠠᠭ᠋ᠠᠲᠤ ᠴᠢᠨᠠᠷ᠎ᠢ ᠳᠣᠪᠣᠢ᠌ᠯᠭ᠋ᠠᠵᠤ᠂ 2021 ᠣᠨ᠎ᠤ ᠬᠠᠷᠠᠯᠲᠠ ᠡᠭᠦᠷᠭᠡ ᠵᠢ ᠲᠦᠯᠦᠪᠵᠢᠭᠦᠯᠪᠡ᠂ ᠳᠠᠷᠤᠢ ᠡᠨᠡ ᠵᠢᠯ᠎ᠤᠨ 《ᠡᠭᠦᠷᠭᠡ ᠵᠢᠨ ᠪᠢᠴᠢᠭ》 ᠪᠣᠯᠤᠨ᠎ᠠ; ᠪᠠᠰᠠ ᠠᠯᠤᠰ ᠬᠡᠲᠦ ᠵᠢ ᠬᠠᠷᠠᠭ᠋ᠠᠯᠵᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠴᠡᠭ᠎ᠠᠴᠠ ᠪᠣᠳᠣᠯᠬᠢᠯᠠᠨ᠂ ᠪᠠᠢ᠌ᠯᠳᠤᠬᠤ ᠪᠣᠳᠣᠯᠭ᠎ᠠ ᠵᠢᠨ ᠴᠢᠨᠠᠷ᠂ ᠴᠢᠭᠯᠡᠯᠲᠦ ᠴᠢᠨᠠᠷ᠎ᠢ ᠳᠣᠪᠣᠢ᠌ᠯᠭ᠋ᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠠᠵᠢᠯ᠎ᠤᠨ ᠰᠡᠳᠬᠢᠮᠵᠢ ᠪᠠ ᠭᠣᠤᠯᠳᠠᠯᠭ᠎ᠠ᠎ᠲᠠᠢ ᠠᠷᠭ᠎ᠠ ᠬᠡᠮᠵᠢᠶ᠎ᠡ ᠵᠢ ᠲᠣᠳᠤᠷᠬᠠᠢ᠌ᠯᠠᠪᠠ᠂ ᠳᠠᠷᠤᠢ 5 ᠵᠢᠯ᠎ᠤᠨ 《ᠪᠠᠷᠢᠯᠭ᠎ᠠ ᠵᠢᠨ ᠵᠢᠷᠤᠭ》 ᠪᠣᠯᠤᠨ᠎ᠠ᠃ ᠪᠢᠴᠢᠭ ᠮᠠᠲ᠋ᠧᠷᠢᠶᠠᠯ᠎ᠤᠨ ᠭᠣᠣᠯ ᠠᠭᠤᠯᠭ᠎ᠠ ᠵᠢ 《ᠬᠣᠶᠠᠷ ᠡᠷᠡᠰ 》᠂ 《ᠬᠣᠶᠠᠷ᠎ᠢ ᠲᠦᠷᠭᠡᠳᠬᠡᠬᠦ》 ᠪᠠ 《ᠨᠢᠭᠡ ᠵᠢ ᠪᠦᠬᠦ ᠲᠠᠯ᠎ᠠ᠎ᠪᠠᠷ ᠴᠢᠩᠭ᠋ᠠᠳᠬᠠᠬᠤ》 ᠭᠡᠵᠦ ᠬᠤᠷᠢᠶᠠᠩᠭᠤᠢ᠌ᠯᠠᠵᠤ ᠪᠣᠯᠤᠨ᠎ᠠ᠃ 《ᠬᠣᠶᠠᠷ ᠡᠷᠡᠰ》 ᠭᠡᠳᠡᠭ ᠪᠣᠯ ᠳᠠᠷᠤᠢ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠡᠷᠡᠰ ᠪᠡᠬᠢᠵᠢᠭᠦᠯᠦᠨ ᠥᠷᠭᠡᠳᠬᠡᠵᠦ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠬᠦᠨᠳᠦ ᠡᠭᠦᠷᠭᠡ ᠵᠢ ᠡᠷᠡᠰ ᠯᠠᠪᠳᠠᠭᠤᠨ ᠵᠶ᠋ᠠᠷ ᠡᠭᠦᠷᠭᠡᠯᠡᠬᠦ ᠶᠠᠪᠤᠳᠠᠯ ᠪᠣᠯᠤᠨ᠎ᠠ᠃ ᠵᠣᠯᠭ᠋ᠠᠭᠤᠯᠬᠤ ᠰᠢᠯᠵᠢᠯᠲᠡ ᠵᠢᠨ ᠬᠤᠭᠤᠴᠠᠭ᠎ᠠ ᠵᠢ ᠪᠠᠢ᠌ᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠵᠢ ᠪᠡᠶᠡᠯᠡᠭᠦᠯᠵᠦ᠂ ᠬᠡᠪᠴᠢᠶᠡᠵᠢᠯ᠎ᠤᠨ ᠴᠢᠨᠠᠷᠲᠠᠢ ᠲᠠᠬᠢᠨ ᠶᠠᠳᠠᠭᠤᠷᠠᠬᠤ ᠪᠠᠢ᠌ᠳᠠᠯ ᠡᠭᠦᠰᠬᠦ ᠦᠭᠡᠢ ᠪᠠᠢ᠌ᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ; ᠠᠮᠤ ᠪᠤᠳᠠᠭ᠋ᠠᠨ᠎ᠤ ᠠᠮᠤᠷ ᠲᠦᠪᠰᠢᠨ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠵᠢ ᠬᠡᠷᠡᠭᠵᠢᠭᠦᠯᠵᠦ᠂ ᠳᠠᠪᠠᠭᠤᠯᠢᠭ ᠤᠨᠴᠠᠯᠢᠬᠳᠤ ᠲᠠᠷᠢᠶᠠᠯᠠᠩ᠎ᠤᠨ ᠪᠦᠲᠦᠭᠡᠭᠳᠡᠬᠦᠨ᠎ᠤ ᠠᠵᠤ ᠦᠢᠯᠡᠰ᠎ᠤᠨ ᠪᠦᠰᠡ ᠵᠢ ᠲᠦᠷᠭᠡᠳᠬᠡᠨ ᠪᠠᠢ᠌ᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠡᠯ᠎ᠡ ᠠᠢ᠌ᠮᠠᠭ ᠬᠣᠲᠠ ᠵᠢᠨ᠎ᠬᠢᠨ ᠠᠮᠤ ᠪᠤᠳᠠᠭ᠎ᠠ ᠳᠠᠷᠢᠬᠤ ᠲᠠᠯᠠᠪᠠᠶ᠎ᠪᠠᠨ ᠬᠠᠰᠤᠭᠳᠠᠭᠤᠯᠬᠤ ᠥᠬᠡᠶ᠂ ᠠᠮᠤ ᠪᠤᠳᠠᠭ᠋ᠠᠨ᠎ᠤ ᠤᠨᠠᠯᠲᠠ ᠲᠣᠭᠲᠠᠭᠤᠨ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠲᠣᠳᠣᠷᠬᠠᠶ ᠱᠠᠭ᠋ᠠᠷᠳᠠᠪᠠ᠃ 《ᠬᠣᠶᠠᠷ᠎ᠢ ᠲᠦᠷᠭᠡᠳᠬᠡᠬᠦ》 ᠭᠡᠳᠡᠭ᠎ᠨᠢ ᠳᠠᠷᠤᠢ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠬᠤ ᠶᠠᠪᠤᠳᠠᠯ ᠪᠣᠯᠤᠨ᠎ᠠ᠃ ᠲᠠᠷᠢᠶᠠᠯᠠᠩ ᠮᠠᠯ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢᠨ ᠲᠠᠯ᠎ᠠ᠎ᠪᠠᠷ᠂ ᠦᠷ᠎ᠡ ᠪᠠ ᠲᠠᠷᠢᠶᠠᠨ ᠭᠠᠵᠠᠷ ᠭᠡᠬᠦ ᠬᠣᠶᠠᠷ ᠵᠠᠩᠭᠢᠯᠠᠭ᠎ᠠ ᠵᠢᠨ ᠠᠰᠠᠭᠤᠳᠠᠯ᠎ᠢ ᠭᠣᠤᠯᠳᠠᠯᠭ᠎ᠠ᠎ᠲᠠᠢ ᠪᠠᠢ᠌ᠷᠢᠯᠠᠭᠤᠯᠤᠨ ᠰᠢᠢᠳᠪᠦᠷᠢᠯᠡᠵᠦ᠂ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠪᠠ ᠪᠣᠳᠠᠰ᠎ᠤᠨ ᠲᠣᠨᠣᠭᠯᠠᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠣᠲᠣ ᠦᠶ᠎ᠡ ᠵᠢᠨ ᠬᠥᠳᠡᠭᠡ ᠲᠣᠰᠬᠣᠨ᠎ᠤ ᠠᠵᠤ ᠦᠢᠯᠡᠰ᠎ᠤᠨ ᠰᠢᠰᠲᠸᠮᠵᠢ᠂ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠵᠢᠨ ᠰᠢᠰᠲᠸᠮᠵᠢ ᠵᠢ ᠬᠦᠴᠦᠯᠡᠨ ᠪᠠᠢ᠌ᠭᠤᠯᠵᠤ᠂ ᠪᠣᠬᠢᠷᠲᠤᠯ ᠥᠬᠡᠶ ᠴᠢᠨᠠᠷ ᠰᠠᠢ᠌ᠲᠠᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠦᠲᠦᠮᠵᠢᠲᠡᠶ ᠬᠠᠩᠭ᠋ᠠᠯᠭ᠎ᠠ ᠵᠢ ᠨᠡᠮᠡᠭᠳᠡᠭᠦᠯᠦᠨ᠎ᠡ; ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ ᠵᠢᠨ ᠲᠠᠯ᠎ᠠ᠎ᠪᠠᠷ᠂ ᠬᠥᠳᠡᠭᠡ ᠲᠣᠰᠬᠣᠨ᠎ᠤ ᠪᠥᠲᠥᠭᠡᠨ ᠪᠠᠢ᠌ᠭᠤᠯᠤᠯᠲᠠ ᠵᠢᠨ ᠠᠵᠢᠯᠯᠠᠭ᠎ᠠ ᠵᠢ ᠬᠡᠷᠡᠭᠵᠢᠭᠦᠯᠬᠦ᠎ᠪᠠᠷ ᠭᠠᠷᠳᠠᠴᠠ ᠪᠣᠯᠭ᠋ᠠᠵᠤ᠂ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠠᠮᠢᠳᠤᠷᠠᠬᠤ ᠣᠷᠴᠢᠨ ᠲᠣᠭᠣᠷᠢᠨ᠂ ᠰᠠᠭᠤᠷᠢ ᠪᠡᠯᠡᠳᠬᠡᠮᠵᠢ ᠪᠠ ᠣᠯᠠᠨ ᠨᠡᠢ᠌ᠲᠡ ᠵᠢᠨ ᠦᠢᠯᠡᠴᠢᠯᠡᠭᠡ᠂ ᠮᠠᠯᠵᠢᠬᠤ ᠲᠠᠷᠢᠶᠠᠯᠠᠬᠤ ᠣᠷᠣᠨ᠎ᠤ ᠬᠡᠷᠡᠭᠯᠡᠭᠡ᠂ ᠰᠢᠶᠠᠨ᠎ᠤ ᠬᠡᠪᠴᠢᠶᠡᠨ᠎ᠳᠠᠬᠢ ᠬᠣᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ᠂ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ᠎ᠤ ᠠᠵᠢᠯ ᠣᠯᠵᠤ ᠦᠢᠯᠡᠰ ᠪᠤᠰᠬᠠᠬᠤ ᠵᠡᠷᠭᠡ ᠲᠠᠯ᠎ᠠ᠎ᠪᠠᠷ ᠠᠯᠢ ᠣᠯᠠᠨ ᠭᠣᠤᠯᠳᠠᠯᠭ᠎ᠠ᠎ᠲᠠᠢ ᠢᠨᠵᠧᠨᠧᠷᠢᠩ᠂ ᠴᠢᠬᠤᠯᠠ ᠶᠡᠬᠡ ᠠᠵᠢᠯᠯᠠᠭ᠎ᠠ ᠵᠢ ᠪᠠᠢ᠌ᠷᠢᠯᠠᠭᠤᠯᠪᠠ᠃ 《ᠨᠢᠭᠡ ᠵᠢ ᠪᠦᠬᠦ ᠲᠠᠯ᠎ᠠ᠎ᠪᠠᠷ ᠴᠢᠩᠭ᠋ᠠᠳᠬᠠᠬᠤ》 ᠭᠡᠳᠡᠭ᠎ᠨᠢ ᠳᠠᠷᠤᠢ ᠨᠠᠮ᠎ᠤᠨ 《ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ》᠎ᠤ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠶᠠᠪᠤᠳᠠᠯ ᠪᠣᠯᠤᠨ᠎ᠠ᠃ ᠨᠠᠮ᠎ᠤᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠤᠳᠤᠷᠢᠳᠬᠤ ᠪᠠᠢ᠌ᠭᠤᠯᠤᠮᠵᠢ ᠪᠣᠯᠤᠨ ᠠᠵᠢᠯ᠎ᠤᠨ ᠲᠣᠭᠲᠠᠴᠠ ᠵᠢ ᠪᠦᠷᠢᠨᠰᠢᠭᠦᠯᠬᠦ᠂ ᠨᠠᠮ᠎ᠤᠨ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠳᠬᠠᠬᠤ᠂ ᠦᠨᠳᠦᠰᠦᠲᠡᠨ᠎ᠤ ᠪᠦᠯᠬᠦᠮᠳᠡᠯ᠎ᠤᠨ ᠶᠡᠬᠡ ᠲᠠᠯ᠎ᠠ ᠵᠢ ᠪᠡᠬᠢᠵᠢᠭᠦᠯᠦᠨ ᠬᠥᠭᠵᠢᠭᠦᠯᠬᠦ᠂ ᠬᠥᠳᠡᠭᠡ ᠲᠣᠰᠬᠣᠨ᠎ᠤ ᠵᠠᠰᠠᠯᠲᠠ ᠵᠢ ᠴᠢᠩᠭ᠋ᠠᠳᠬᠠᠬᠤ ᠵᠡᠷᠭᠡ ᠲᠠᠯ᠎ᠠ ᠵᠢᠨ ᠲᠤᠭᠤᠷᠢᠨ᠎ᠳᠤ ᠲᠣᠳᠣᠷᠬᠠᠶ ᠱᠠᠭ᠋ᠠᠷᠳᠠᠯᠭ᠎ᠠ ᠳᠤᠷᠠᠳᠴᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠰᠢᠯᠭ᠋ᠠᠨ ᠬᠢᠨᠠᠬᠤ ᠲᠣᠭᠲᠠᠴᠠ ᠵᠢ ᠪᠦᠷᠢᠨᠰᠢᠭᠦᠯᠬᠦ ᠵᠢ ᠴᠢᠬᠤᠯᠠᠴᠢᠯᠠᠪᠠ᠃
ᠬᠥᠲᠥᠯᠥᠭᠴᠢ᠄ 《ᠬᠡᠷᠡᠭᠵᠢᠭᠦᠯᠬᠦ ᠰᠠᠨᠠᠯ》᠎ᠳᠤ ᠶᠠᠮᠠᠷ ᠶᠠᠮᠠᠷ ᠲᠣᠪᠣᠢ᠌ᠮ᠎ᠠ ᠣᠨᠴᠠᠯᠢᠭ᠎ᠲᠠᠢ ᠪᠣᠶ?
ᠮᠥ᠍ ᠶᠤᠸᠠᠨ᠄ 《ᠬᠡᠷᠡᠭᠵᠢᠭᠦᠯᠬᠦ ᠰᠠᠨᠠᠯ》᠎ᠤᠨ ᠣᠨᠴᠠᠯᠢᠭ᠎ᠢ ᠬᠣᠶᠠᠷ ᠲᠠᠯ᠎ᠠ᠎ᠪᠠᠷ ᠬᠤᠷᠢᠶᠠᠩᠭᠤᠢ᠌ᠯᠠᠵᠤ ᠪᠣᠯᠤᠨ᠎ᠠ᠃ ᠨᠢᠭᠡ ᠲᠠᠯ᠎ᠠ᠎ᠪᠠᠷ ᠲᠥᠪ ᠬᠣᠷᠢᠶᠠᠨ᠎ᠤ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠢᠯᠡᠷᠡᠭᠦᠯᠪᠡ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ ᠵᠢ ᠲᠦᠷᠭᠡᠳᠬᠡᠬᠦ᠎ᠲᠠᠢ ᠨᠢᠭᠲᠠ ᠤᠶᠠᠯᠳᠤᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠂ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠬᠠᠮᠢᠶᠠᠷᠤᠯᠲᠠ ᠵᠢᠨ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠬᠦ᠂ ᠬᠥᠳᠡᠭᠡ ᠲᠣᠰᠬᠣᠨ᠎ᠤ ᠪᠦᠳᠦᠭᠡᠨ ᠪᠠᠢ᠌ᠭᠤᠯᠤᠯᠲᠠ ᠵᠢᠨ ᠠᠵᠢᠯᠯᠠᠭ᠎ᠠ ᠵᠢ ᠬᠡᠷᠡᠭᠵᠢᠭᠦᠯᠬᠦ᠂ ᠨᠠᠮ᠎ᠤᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠪᠣᠳᠠᠲᠠᠢ ᠨᠠᠢ᠌ᠳᠠᠪᠤᠷᠢᠵᠢᠭᠤᠯᠬᠤ ᠠᠷᠭ᠎ᠠ ᠬᠡᠮᠵᠢᠢ᠎ᠡ ᠳᠤᠷᠠᠳᠴᠤ᠂ ᠲᠥᠪ᠎ᠤᠨ ᠳᠤᠷᠠᠳᠤᠭᠰᠠᠨ ᠡᠯ᠎ᠡ ᠵᠦᠢ᠍ᠯ᠎ᠤᠨ ᠡᠭᠦᠷᠭᠡ ᠵᠢ ᠨᠢᠭᠡᠳ ᠨᠢᠭᠡ᠎ᠪᠠᠷ ᠨᠠᠷᠢᠯᠢᠬ᠍ᠵᠢᠭᠤᠯᠤᠨ ᠬᠤᠪᠢᠶᠠᠷᠢᠯᠠᠵᠤ᠂ ᠣᠷᠬᠢᠭᠳᠠᠭᠤᠯᠵᠤ ᠳᠤᠲᠠᠭᠤᠯᠬᠤ ᠦᠭᠡᠢ ᠪᠠᠢ᠌ᠬᠤ ᠵᠢ ᠪᠡᠶᠡᠯᠡᠭᠦᠯᠦᠨ᠎ᠡ᠃ ᠨᠥᠭᠥᠭᠡ ᠲᠠᠯ᠎ᠠ᠎ᠪᠠᠷ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠠᠪᠤᠪᠠ᠃ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠳᠤᠭ᠋ᠠᠷ ᠬᠤᠭᠤᠴᠠᠭ᠋ᠠᠨ᠎ᠤ ᠠᠷᠪᠠᠨ ᠭᠤᠷᠪᠠᠳᠤᠭ᠋ᠠᠷ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ 《ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢᠨ ᠲᠥᠯᠥᠪᠵᠢᠭᠦᠯᠭᠡ (2018 - 2022 ᠣᠨ)》᠂ 《ᠤᠯᠤᠰ ᠠᠷᠠᠳ᠎ᠤᠨ ᠠᠵᠤ ᠠᠬᠤᠶ ᠪᠠ ᠨᠡᠢ᠌ᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢᠨ ᠬᠥᠲᠥᠯᠪᠦᠷᠢ》 ᠵᠢ ᠨᠢᠭᠡᠳᠦᠯᠲᠡᠶ ᠲᠦᠯᠦᠪᠯᠡᠨ ᠵᠣᠯᠭ᠋ᠠᠭᠤᠯᠵᠤ᠂ ᠠᠯᠢ ᠣᠯᠠᠨ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠵᠢ ᠳᠤᠷᠠᠳᠴᠠᠶ᠃ ᠵᠢᠱ᠌ᠢᠶᠡᠯᠡᠪᠡᠯ᠂ ᠳᠠᠪᠠᠭᠤᠯᠢᠭ ᠣᠨᠴᠠᠯᠢᠭᠲᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠠᠵᠤ ᠦᠢ᠍ᠯᠡᠰ᠎ᠤᠨ ᠪᠦᠰᠡ ᠪᠠ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠰᠦᠷᠦᠭᠵᠢᠯ᠎ᠢ ᠪᠦᠲᠦᠭᠡᠨ ᠪᠠᠢ᠌ᠭᠤᠯᠬᠤ᠂ ᠡᠷᠳᠡᠨᠢ ᠰᠢᠰᠢ᠂ ᠠᠯᠠᠰᠢᠨ ᠦᠬᠡᠷ᠂ ᠪᠡᠯᠡᠳᠭᠡᠮᠵᠢᠲᠦ ᠢᠳᠡᠰᠢᠨ ᠨᠣᠭᠣᠭ᠎ᠠ᠂ ᠡᠪᠡᠰᠦ᠂ ᠲᠥᠮᠥᠰᠥ ᠵᠡᠷᠭᠡ ᠦᠷ᠎ᠡ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠬᠦ᠂ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠰᠢᠰᠲ᠋ᠧᠮᠵᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠂ ᠮᠠᠯᠵᠢᠬᠤ ᠣᠷᠣᠨ᠎ᠤ ᠣᠳᠣᠬᠢᠴᠢᠯᠠᠯᠲᠠ ᠪᠠ ᠲᠠᠷᠢᠶᠠᠯᠠᠬᠤ ᠣᠷᠣᠨ᠎ᠤ ᠣᠳᠣᠬᠢᠴᠢᠯᠠᠯᠲᠠ ᠵᠢᠨ ᠲᠤᠷᠰᠢᠯᠲᠠ ᠵᠢᠨ ᠴᠡᠭ᠎ᠢ ᠠᠬᠢᠭᠤᠯᠬᠤ ᠵᠡᠷᠭᠡ᠎ᠨᠢ ᠴᠥᠮ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠬᠤ ᠴᠢᠬᠤᠯᠠ ᠭᠠᠷᠳᠠᠴᠠ ᠪᠣᠯᠤᠨ᠎ᠠ᠃ ᠡᠭᠦᠨ᠎ᠤ ᠬᠠᠮᠲᠤ᠂ ᠪᠢᠴᠢᠭ ᠮᠠᠲ᠋ᠧᠷᠢᠶᠠᠯ᠎ᠳᠤ ᠪᠠᠰᠠ ᠣᠳᠣᠬᠠᠨ᠎ᠤ 《ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ》᠎ᠤ ᠠᠵᠢᠯ᠎ᠤᠨ ᠬᠦᠷᠢᠶᠡᠨ᠎ᠳᠠᠬᠢ ᠲᠣᠪᠣᠢ᠌ᠮ᠎ᠠ ᠳᠤᠲᠠᠭᠤᠳᠠᠯ ᠪᠠ ᠪᠠᠭᠤᠷᠠᠶ ᠭᠣᠭᠴᠣᠭ᠎ᠠ᠎ᠳᠤ ᠴᠢᠭᠯᠡᠭᠦᠯᠦᠨ᠂ ᠡᠳ᠋᠎ᠤᠨ ᠵᠠᠰᠠᠭ᠂ ᠮᠥᠩᠭᠥᠨ ᠭᠦᠢᠯᠭᠡᠭᠡ᠂ ᠴᠢᠳᠠᠪᠤᠷᠢᠲᠠᠨ ᠵᠡᠷᠭᠡ ᠲᠠᠯ᠎ᠠ᠎ᠪᠠᠷ ᠮᠠᠰᠢ ᠣᠯᠠᠨ ᠦᠨ᠎ᠡ ᠴᠠᠨ᠎ᠠ᠎ᠲᠠᠢ ᠳᠡᠮᠵᠢᠯᠭᠡ ᠵᠢᠨ ᠠᠷᠭ᠎ᠠ ᠬᠡᠮᠵᠢᠶ᠎ᠡ ᠵᠢ ᠳᠤᠷᠠᠳᠤᠭᠰᠠᠨ ᠪᠠᠢ᠌ᠨ᠎ᠠ᠃
ᠬᠥᠲᠥᠯᠥᠭᠴᠢ᠄ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ ᠵᠢ ᠬᠡᠷᠬᠢᠨ ᠪᠡᠶᠡᠯᠡᠭᠦᠯᠬᠦ ᠪᠣᠶ?
ᠮᠥ᠍ ᠶᠤᠸᠠᠨ᠄ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠲᠥᠷᠥ ᠵᠢᠨ ᠪᠣᠳᠣᠯᠭ᠎ᠠ ᠵᠢᠨ ᠲᠣᠭᠲᠠᠭᠤᠨ ᠪᠠᠢ᠌ᠬᠤ ᠵᠢ ᠪᠠᠲᠤᠯᠠᠵᠤ᠂ ᠣᠳᠣᠬᠠᠨ᠎ᠤ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠬᠦ ᠪᠣᠯ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ ᠵᠢ ᠤᠷᠤᠭᠰᠢᠲᠠᠶ ᠪᠡᠶᠡᠯᠡᠭᠦᠯᠬᠦ ᠵᠢᠨ ᠵᠠᠩᠭᠢᠯᠠᠭ᠎ᠠ ᠪᠠ ᠰᠠᠭᠤᠷᠢ ᠪᠠᠲᠤᠯᠠᠭ᠎ᠠ ᠪᠣᠯᠤᠨ᠎ᠠ᠃ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠤᠨ ᠶᠠᠰᠤ ᠴᠢᠨᠠᠷ ᠪᠠ ᠬᠢᠷᠢ ᠲᠦᠪᠰᠢᠨ᠎ᠢ ᠪᠡᠬᠢᠵᠢᠭᠦᠯᠬᠦ᠎ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠬᠢᠷᠢ ᠲᠦᠪᠰᠢᠨ᠎ᠢ ᠲᠣᠭᠲᠠᠭ᠋ᠠᠨ᠎ᠠ ᠭᠡᠵᠦ ᠬᠡᠯᠡᠵᠦ ᠪᠣᠯᠤᠨ᠎ᠠ᠃ ᠪᠢᠳᠡ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠣᠷᠣᠯᠭ᠎ᠠ ᠪᠠᠭ᠋ᠠᠲᠠᠢ ᠬᠥᠮᠦᠨ ᠠᠮᠠ ᠵᠢ ᠪᠠᠢ᠌ᠩᠭᠤᠵᠢᠭᠤᠯᠤᠨ ᠬᠠᠪᠰᠤᠷᠤᠨ ᠲᠡᠳᠬᠦᠬᠦ᠂ ᠪᠠᠢ᠌ᠭᠤᠯᠤᠮᠵᠢ ᠲᠣᠭᠲᠠᠴᠠ ᠵᠢ ᠵᠣᠯᠭ᠋ᠠᠭᠤᠯᠬᠤ᠂ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 4 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠴᠢᠩᠭ᠎ᠠ ᠪᠣᠳᠠᠲᠠᠢ ᠠᠳᠬᠤᠵᠤ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠪᠣᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 《ᠪᠤᠤᠬᠢᠢ᠎ᠠ》 ᠵᠢ ᠰᠠᠢ᠌ᠲᠤᠷ ᠲᠤᠰᠢᠶᠠᠬᠤ ᠬᠡᠷᠡᠭᠲᠡᠢ᠃ ᠶᠠᠳᠠᠭᠤ᠎ᠠᠴᠠ ᠠᠩᠭᠢᠵᠢᠷᠠᠭᠰᠠᠨ ᠬᠣᠰᠢᠭᠤ ᠰᠢᠶᠠᠨ᠎ᠳᠤ᠂ ᠶᠠᠳᠠᠭᠤ᠎ᠠᠴᠠ ᠠᠩᠭᠢᠵᠢᠷᠠᠭᠰᠠᠨ ᠡᠳᠦᠷ᠎ᠠᠴᠠ ᠡᠬᠢᠯᠡᠨ 5 ᠵᠢᠯ᠎ᠤᠨ ᠰᠢᠯᠵᠢᠯᠲᠡ ᠵᠢᠨ ᠬᠤᠭᠤᠴᠠᠭ᠎ᠠ ᠭᠠᠷᠭ᠋ᠠᠵᠤ᠂ ᠰᠢᠯᠵᠢᠯᠲᠡ ᠵᠢᠨ ᠬᠤᠭᠤᠴᠠᠭ᠋ᠠᠨ᠎ᠳᠤ ᠣᠲᠣ ᠵᠢᠨ ᠪᠠᠢ᠌ᠭ᠎ᠠ ᠭᠣᠤᠯ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢ ᠶᠡᠷᠦᠩᠬᠡᠶ᠎ᠳᠤ᠎ᠪᠠᠨ ᠲᠣᠭᠲᠠᠭᠤᠨ ᠪᠠᠢ᠌ᠯᠭ᠋ᠠᠬᠤ ᠵᠢ ᠪᠠᠲᠤᠯᠠᠵᠤ᠂ ᠠᠵᠤ ᠦᠢᠯᠡᠰ ᠵᠶ᠋ᠡᠷ ᠶᠠᠳᠠᠭᠤ ᠵᠢ ᠲᠡᠳᠬᠦᠬᠦ᠂ ᠠᠵᠢᠯ ᠣᠯᠭᠣᠯᠲᠠ᠎ᠪᠠᠷ ᠶᠠᠳᠠᠭᠤ ᠵᠢ ᠲᠡᠳᠬᠦᠬᠦ᠂ ᠣᠨᠳᠣᠤ ᠭᠠᠵᠠᠷ᠎ᠲᠤ ᠨᠡᠭᠦᠯᠭᠡᠭᠰᠡᠨ᠎ᠤ ᠳᠠᠷᠠᠭ᠋ᠠᠬᠢ ᠬᠠᠪᠰᠤᠷᠤᠨ ᠲᠡᠳᠬᠦᠬᠦ ᠵᠡᠷᠭᠡ ᠠᠵᠢᠯ᠎ᠢ ᠦᠷᠭᠦᠯᠵᠢᠯᠡᠨ ᠰᠠᠢ᠌ᠲᠤᠷ ᠠᠳᠬᠤᠵᠤ᠂ ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠥᠳᠡᠯᠦᠩᠭᠦᠶ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠵᠢ ᠪᠦᠷᠢᠨᠰᠢᠬᠦᠯᠵᠦ᠂ ᠨᠢᠭᠡ ᠪᠦᠯᠦᠭ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠤᠯᠳᠠᠯᠭ᠎ᠠ᠎ᠲᠠᠢ ᠬᠠᠪᠰᠤᠷᠤᠨ ᠲᠡᠳᠬᠦᠬᠦ ᠬᠣᠰᠢᠭᠤ ᠰᠢᠶᠠᠨ᠎ᠢ ᠲᠣᠭᠲᠠᠭ᠋ᠠᠵᠤ ᠭᠣᠤᠯᠳᠠᠯᠭ᠎ᠠ᠎ᠲᠠᠢ ᠳᠡᠮᠵᠢᠯᠭᠡ ᠦᠵᠡᠭᠦᠯᠵᠦ᠂ ᠬᠡᠪᠴᠢᠶᠡᠵᠢᠯ᠎ᠤᠨ ᠴᠢᠨᠠᠷᠲᠠᠶ᠎ᠪᠠᠷ ᠳᠠᠬᠢᠨ ᠶᠠᠳᠠᠭᠤᠷᠠᠬᠤ ᠥᠬᠡᠶ ᠪᠠᠢ᠌ᠬᠤ ᠡᠨᠡ ᠬᠦ᠌ ᠬᠣᠷᠢᠭ᠎ᠠ ᠱᠤᠭᠤᠮ᠎ᠢ ᠪᠠᠲᠤ ᠰᠠᠬᠢᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠪᠠᠷ ᠰᠢᠨ᠎ᠡ ᠬᠥᠭᠵᠢᠯᠲᠡ ᠵᠢᠨ ᠱᠠᠲᠤ ᠦᠶ᠎ᠡ ᠵᠢᠨ 《ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ》᠎ᠤ ᠡᠯ᠎ᠡ ᠵᠦᠢᠯ᠎ᠤᠨ ᠠᠵᠢᠯ᠎ᠢ ᠶᠡᠷᠦᠩᠬᠡᠢ᠌ᠯᠡᠨ ᠵᠢᠯᠣᠭᠣᠳᠴᠤ᠂ ᠰᠢᠯᠵᠢᠯᠲᠡ ᠵᠢᠨ ᠬᠤᠭᠤᠴᠠᠭ᠋ᠠᠨ᠎ᠳᠠᠬᠢ ᠤᠳᠤᠷᠢᠳᠬᠤ ᠪᠠᠢ᠌ᠭᠤᠯᠤᠮᠵᠢ᠂ ᠠᠵᠢᠯ᠎ᠤᠨ ᠰᠢᠰᠲᠸᠮᠵᠢ᠂ ᠲᠥᠯᠥᠪᠵᠢᠭᠦᠯᠭᠡ ᠵᠢᠨ ᠬᠡᠷᠡᠭᠵᠢᠭᠦᠯᠦᠯᠲᠡ᠂ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ᠂ ᠬᠢᠨᠠᠨ ᠰᠢᠯᠭ᠋ᠠᠬᠤ ᠲᠣᠭᠲᠠᠴᠠ ᠵᠡᠷᠭᠡ ᠵᠢ ᠪᠦᠲᠦᠮᠵᠢᠲᠡᠶ ᠵᠣᠯᠭ᠋ᠠᠭᠤᠯᠬᠤ ᠵᠢ ᠰᠠᠢ᠌ᠲᠤᠷ ᠬᠢᠵᠦ᠂ ᠡᠬᠢ ᠪᠠᠶᠠᠯᠢᠭ᠎ᠢ ᠲᠥᠪᠯᠡᠷᠡᠭᠦᠯᠦᠨ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢ ᠳᠡᠮᠵᠢᠵᠦ ᠪᠠᠢ᠌ᠭᠰᠠᠨ᠎ᠠᠴᠠ᠎ᠪᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠠᠬᠢᠭᠤᠯᠬᠤ ᠲᠡᠢ᠌ᠰᠢ ᠲᠣᠭᠲᠠᠭᠤᠨ ᠵᠶ᠋ᠠᠷ ᠰᠢᠯᠵᠢᠬᠦ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ᠃
ᠬᠥᠲᠥᠯᠥᠭᠴᠢ᠄ ᠲᠠᠷᠢᠶᠠᠯᠠᠩ ᠮᠠᠯ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠠᠯ᠎ᠠ᠎ᠪᠠᠷ᠂ ᠮᠠᠨ᠎ᠤ ᠣᠷᠣᠨ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠣᠶ?
ᠮᠥ᠍ ᠶᠤᠸᠠᠨ᠄ ᠲᠠᠷᠢᠶᠠᠯᠠᠩ ᠮᠠᠯ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠪᠣᠯ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠳᠤᠷᠠᠳᠤᠭᠰᠠᠨ ᠲᠣᠳᠣᠷᠬᠠᠶ ᠱᠠᠭ᠋ᠠᠷᠳᠠᠯᠭ᠎ᠠ ᠮᠥᠨ᠂ ᠪᠠᠰᠠ ᠴᠤ᠌ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ ᠵᠢᠨ ᠲᠣᠮᠣ ᠣᠷᠣᠨ᠎ᠠᠴᠠ ᠲᠠᠷᠢᠶᠠᠯᠠᠩ ᠮᠠᠯ ᠠᠵᠤ ᠠᠬᠤᠶ ᠵᠢᠨ ᠬᠦᠴᠦᠷᠬᠡᠭ ᠣᠷᠣᠨ ᠲᠡᠢ᠌ᠰᠢ ᠰᠢᠯᠵᠢᠬᠦ ᠵᠢᠨ ᠪᠣᠳᠠᠲᠤ ᠬᠡᠷᠡᠭᠴᠡᠭᠡ ᠮᠥᠨ᠃ ᠠᠮᠤ ᠪᠤᠳᠠᠭ᠋ᠠᠨ᠎ᠤ ᠦᠢᠯᠡᠳᠪᠦᠷᠢᠯᠡᠯ᠂ ᠮᠠᠯ ᠠᠵᠤ ᠠᠬᠤᠶ ᠵᠢᠨ ᠬᠥᠭᠵᠢᠯᠲᠡ᠂ ᠦᠷ᠎ᠡ ᠵᠢᠨ ᠦᠢᠯᠡᠰ᠂ ᠲᠠᠷᠢᠶᠠᠨ ᠭᠠᠵᠠᠷ᠂ ᠠᠵᠤ ᠦᠢᠯᠡᠰ᠎ᠤᠨ ᠰᠢᠰᠲ᠋ᠧᠮᠵᠢ ᠵᠢ ᠪᠠᠢ᠌ᠭᠤᠯᠬᠤ᠂ ᠪᠣᠬᠢᠷᠲᠤᠯ ᠥᠬᠡᠶ ᠬᠥᠭᠵᠢᠯᠲᠡ ᠵᠡᠷᠭᠡ ᠭᠣᠤᠯᠳᠠᠯᠭ᠎ᠠ᠎ᠲᠠᠢ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ ᠣᠨᠣᠴᠠᠲᠠᠶ᠎ᠪᠠᠷ ᠬᠦᠴᠦᠯᠡᠵᠦ᠂ ᠲᠠᠷᠢᠶᠠᠯᠠᠩ ᠮᠠᠯ ᠠᠵᠤ ᠠᠬᠤᠶ ᠴᠢᠨᠠᠷ ᠰᠠᠢ᠌ᠲᠠᠶ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠤ ᠴᠢᠨᠠᠷ ᠰᠠᠢ᠌ᠲᠠᠶ ᠥᠨᠳᠥᠷ ᠪᠦᠲᠦᠮᠵᠢᠲᠡᠶ ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠎ᠠ᠃ ᠨᠢᠭᠡ᠎ᠳᠤ ᠠᠮᠤ ᠪᠤᠳᠠᠭ᠎ᠠ ᠪᠠ ᠴᠢᠬᠤᠯᠠ ᠪᠣᠯᠬᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠦᠲᠦᠮᠵᠢᠲᠡᠶ ᠬᠠᠩᠭ᠋ᠠᠯᠭ᠎ᠠ ᠵᠢ ᠪᠠᠲᠤᠯᠠᠨ᠎ᠠ᠃ ᠠᠮᠤ ᠪᠤᠳᠠᠭ᠋ᠠᠨ᠎ᠤ ᠠᠮᠤᠷ ᠲᠦᠪᠰᠢᠨ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠵᠢ ᠬᠡᠷᠡᠭᠵᠢᠭᠦᠯᠵᠦ᠂ 《ᠤᠯᠤᠰ᠎ᠤᠨ ᠶᠡᠬᠡ ᠲᠠᠯ᠎ᠠ》 ᠵᠢᠨ ᠲᠣᠭᠣᠷᠢᠨ᠎ᠳᠤ ᠤᠯᠤᠰ ᠲᠥᠷᠥ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠡᠯ᠎ᠡ ᠭᠠᠵᠠᠷ᠎ᠤᠨ ᠲᠠᠷᠢᠶᠠᠯᠠᠩ᠎ᠢ ᠴᠢᠬᠤᠯᠠᠴᠢᠯᠠᠨ ᠠᠮᠤ ᠪᠤᠳᠠᠭ᠎ᠠ ᠵᠢ ᠠᠳᠬᠤᠬᠤ᠂ ᠲᠠᠷᠢᠶᠠᠴᠢᠳ᠎ᠤᠨ ᠲᠠᠷᠢᠶᠠᠨ ᠠᠵᠢᠯ ᠬᠢᠵᠦ ᠠᠮᠤ ᠪᠤᠳᠠᠭ᠎ᠠ ᠳᠠᠷᠢᠬᠤ ᠢᠳᠡᠪᠬᠢᠵᠢᠯ᠎ᠢ ᠳᠠᠢ᠌ᠴᠢᠯᠠᠨ᠂ ᠠᠮᠤ ᠪᠤᠳᠠᠭ᠎ᠠ ᠳᠠᠷᠢᠬᠤ ᠲᠠᠯᠠᠪᠠᠶ ᠪᠠ ᠠᠮᠤ ᠪᠤᠳᠠᠭ᠋ᠠᠨ᠎ᠤ ᠤᠨᠠᠯᠲᠠ ᠵᠢᠨ ᠲᠣᠭᠲᠠᠭᠤᠨ ᠪᠠᠢ᠌ᠬᠤ ᠵᠢ ᠦᠨᠡᠨ ᠬᠦ᠌ ᠪᠠᠲᠤᠯᠠᠨ᠎ᠠ᠃ ᠣᠲᠣ ᠦᠶ᠎ᠡ ᠵᠢᠨ ᠮᠠᠯ ᠠᠵᠤ ᠠᠬᠤᠶ ᠵᠢᠨ ᠬᠥᠭᠵᠢᠯᠲᠡ ᠵᠢ ᠲᠦᠷᠭᠡᠳᠬᠡᠵᠦ᠂ ᠭᠠᠬᠠᠶ ᠵᠢᠨ ᠭᠠᠷᠤᠯᠲᠠ ᠵᠢ ᠲᠣᠭᠲᠠᠪᠤᠷᠢᠵᠢᠭᠤᠯᠤᠨ ᠬᠠᠩᠭ᠋ᠠᠯᠭ᠎ᠠ ᠵᠢ ᠪᠠᠲᠤᠯᠠᠬᠤ ᠵᠢ ᠰᠠᠢ᠌ᠲᠤᠷ ᠠᠳᠬᠤᠵᠤ᠂ ᠦᠬᠡᠷ ᠬᠣᠨᠢ ᠢᠮᠠᠭ᠋ᠠᠨ᠎ᠤ ᠠᠵᠤ ᠦᠢᠯᠡᠰ᠎ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠰᠦ ᠰᠠᠭ᠋ᠠᠯᠢ ᠵᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ ᠵᠢ ᠲᠦᠷᠭᠡᠳᠬᠡᠨ ᠠᠬᠢᠭᠤᠯᠵᠤ᠂ ᠰᠦ ᠰᠠᠭ᠋ᠠᠯᠢ ᠵᠢᠨ ᠦᠢᠯᠡᠰ᠂ ᠠᠯᠠᠰᠢᠨ ᠬᠣᠨᠢ᠂ ᠨᠤᠤᠯᠤᠭᠤᠷ᠎ᠤᠨ ᠢᠮᠠᠭ᠎ᠠ᠂ ᠨᠠᠷᠢᠨ ᠨᠤᠤᠰᠤᠲᠤ ᠬᠣᠨᠢ᠂ ᠠᠯᠠᠰᠢᠨ ᠦᠬᠡᠷ᠎ᠤᠨ ᠪᠥᠬᠥ ᠤᠯᠤᠰ᠎ᠲᠠᠬᠢ ᠳᠠᠪᠠᠭᠤᠯᠢᠭ ᠪᠠᠢ᠌ᠷᠢ ᠰᠠᠭᠤᠷᠢ ᠵᠢ ᠴᠢᠨᠠᠭᠰᠢᠳᠠ ᠪᠡᠬᠢᠵᠢᠭᠦᠯᠦᠨ ᠳᠡᠭᠡᠭᠰᠢᠯᠡᠭᠦᠯᠦᠨ᠎ᠡ᠃ ᠬᠣᠶᠠᠷ᠎ᠲᠤ ᠦᠷ᠎ᠡ ᠪᠠ ᠲᠠᠷᠢᠶᠠᠨ ᠭᠠᠵᠠᠷ᠎ᠤᠨ ᠬᠣᠶᠠᠷ 《ᠠᠮᠢᠨ ᠭᠠᠵᠠᠷ》᠎ᠢ ᠠᠳᠬᠤᠨ᠎ᠠ᠃ ᠦᠷ᠎ᠡ ᠵᠢᠨ ᠦᠢᠯᠡᠰ᠎ᠤᠨ ᠰᠢᠨ᠎ᠡ ᠵᠢ ᠡᠭᠦᠳᠬᠦ ᠡᠷᠴᠢᠮ ᠵᠶ᠋ᠡᠨ ᠨᠡᠮᠡᠭᠳᠡᠭᠦᠯᠵᠦ᠂ ᠳᠠᠪᠠᠭᠤᠯᠢᠭ ᠠᠵᠤ ᠦᠢᠯᠡᠰ᠎ᠲᠤ ᠲᠦᠰᠢᠭᠯᠡᠨ ᠲᠠᠷᠢᠮᠠᠯ ᠪᠣᠯᠤᠨ ᠮᠠᠯ ᠵᠢᠭᠦᠷᠲᠡᠨ᠎ᠤ ᠰᠢᠯᠢᠳᠡᠭ ᠡᠭᠦᠯᠳᠡᠷ᠎ᠢ ᠰᠣᠩᠭᠣᠨ ᠪᠣᠢ᠌ᠵᠢᠭᠤᠯᠬᠤ ᠵᠢᠨ ᠬᠠᠮᠲᠤᠷᠠᠨ ᠪᠣᠭᠣᠮᠲᠠ ᠰᠢᠪᠲᠤᠯᠬᠤ ᠵᠢ ᠲᠥᠪᠯᠡᠷᠡᠭᠦᠯᠦᠨ ᠲᠦᠯᠬᠢᠨ ᠠᠬᠢᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠵᠡᠷᠭᠡ ᠡᠭᠦᠯᠳᠡᠷ ᠪᠣᠯᠤᠨ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠬᠢᠷᠢ ᠬᠡᠮᠵᠢᠶ᠎ᠡ ᠵᠢᠨ ᠵᠥᠷᠢᠶ᠎ᠡ ᠵᠢ ᠪᠠᠭ᠋ᠠᠰᠬᠠᠨ᠂ ᠠᠯᠠᠰᠢᠨ ᠦᠬᠡᠷ᠂ ᠰᠠᠭ᠋ᠠᠯᠢ ᠵᠢᠨ ᠦᠨᠢᠶ᠎ᠡ᠂ ᠲᠡᠵᠢᠭᠡᠯ ᠡᠪᠡᠰᠦᠨ᠎ᠤ ᠭᠣᠤᠯ ᠡᠭᠦᠯᠳᠡᠷ᠎ᠤᠨ ᠢᠷᠡᠯᠲᠡ ᠵᠢᠨ ᠥᠪᠡᠷ᠎ᠢ᠎ᠪᠠᠨ ᠬᠠᠩᠭ᠋ᠠᠬᠤ ᠨᠣᠷᠮ᠎ᠠ ᠵᠢ ᠳᠡᠭᠡᠭᠰᠢᠯᠡᠭᠦᠯᠦᠨ᠎ᠡ᠃ ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠲᠦᠷᠢᠮ᠎ᠢ ᠨᠠᠢ᠌ᠳᠠᠪᠤᠷᠢᠵᠢᠭᠤᠯᠵᠤ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠡᠷᠡᠰ ᠬᠣᠷᠢᠭᠯᠠᠨ ᠵᠣᠭᠰᠣᠭ᠋ᠠᠵᠤ᠂ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠰᠡᠷᠭᠡᠢ᠌ᠯᠡᠨ ᠬᠣᠷᠢᠭᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢ᠌ᠭᠤᠯᠤᠯᠲᠠ᠂ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠬᠤ᠂ ᠬᠤᠵᠢᠷᠯᠢᠭ ᠭᠠᠵᠠᠷ᠎ᠢ ᠰᠠᠢ᠌ᠵᠢᠷᠠᠭᠤᠯᠬᠤ᠂ ᠲᠠᠷᠢᠶᠠᠨ ᠭᠠᠵᠠᠷ᠎ᠤᠨ ᠬᠦᠴᠦ ᠰᠢᠮ᠎ᠡ ᠵᠢ ᠳᠡᠭᠡᠭᠰᠢᠯᠡᠭᠦᠯᠬᠦ ᠵᠡᠷᠭᠡ ᠭᠣᠤᠯᠳᠠᠯᠭ᠎ᠠ᠎ᠲᠠᠢ ᠡᠭᠦᠷᠭᠡ ᠵᠢ ᠰᠠᠢ᠌ᠲᠤᠷ ᠠᠳᠬᠤᠵᠤ᠂ ᠠᠮᠤ ᠪᠤᠳᠠᠭ᠋ᠠᠨ᠎ᠤ ᠦᠢᠯᠡᠳᠪᠦᠷᠢᠯᠡᠯ᠎ᠤᠨ ᠴᠢᠳᠠᠪᠤᠷᠢ ᠵᠢ ᠪᠡᠬᠢᠵᠢᠭᠦᠯᠦᠨ ᠳᠡᠭᠡᠭᠰᠢᠯᠡᠭᠦᠯᠦᠨ᠎ᠡ᠃ ᠭᠤᠷᠪᠠ᠎ᠳᠤ ᠣᠳᠣ ᠦᠶ᠎ᠡ ᠵᠢᠨ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠰᠢᠰᠲ᠋ᠧᠮᠵᠢ ᠵᠢ ᠪᠠᠢ᠌ᠭᠤᠯᠤᠨ᠎ᠠ᠃ ᠰᠦ᠂ ᠮᠢᠬ᠎ᠠ᠂ ᠨᠤᠤᠯᠤᠭᠤᠷ᠂ ᠡᠷᠳᠡᠨᠢ ᠰᠢᠰᠢ᠂ ᠲᠥᠮᠥᠰᠥ᠂ ᠲᠡᠵᠢᠭᠡᠯ ᠡᠪᠡᠰᠦ ᠵᠡᠷᠭᠡ ᠳᠠᠪᠠᠭᠤᠯᠢᠭ ᠠᠵᠤ ᠦᠢ᠍ᠯᠡᠰ ᠵᠶ᠋ᠡᠷ ᠭᠣᠣᠯᠳᠠᠯᠭ᠎ᠠ ᠪᠣᠯᠭ᠋ᠠᠨ᠂ ᠨᠢᠭᠡ ᠪᠦᠯᠦᠭ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠰᠦᠷᠦᠭᠵᠢᠯ᠂ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ ᠪᠣᠯᠤᠨ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰ᠎ᠤᠨ ᠬᠦᠴᠦᠷᠬᠡᠭ ᠪᠠᠯᠭ᠋ᠠᠰᠤ ᠵᠢ ᠬᠦᠴᠦᠯᠡᠨ ᠪᠦᠲᠦᠭᠡᠨ ᠪᠠᠢ᠌ᠭᠤᠯᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠯᠪᠠᠰᠤᠷᠠᠭᠤᠯᠵᠦ ᠬᠤᠪᠢᠷᠠᠭᠤᠯᠬᠤ ᠨᠣᠷᠮ᠎ᠠ ᠵᠢ ᠳᠡᠭᠡᠭᠰᠢᠯᠡᠭᠦᠯᠦᠨ᠂ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠤᠨ᠎ᠠ᠃ ᠲᠦᠷᠪᠡ᠎ᠳᠤ ᠲᠠᠷᠢᠶᠠᠯᠠᠩ ᠮᠠᠯ ᠠᠵᠤ ᠠᠬᠤᠢ ᠵᠢᠨ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠤᠨ᠎ᠠ᠃ ᠤᠰᠤᠨ᠎ᠤ ᠬᠡᠮᠵᠢᠶ᠎ᠡ᠎ᠪᠠᠷ ᠬᠢᠬᠦ᠂ ᠤᠰᠤ ᠠᠷᠪᠢᠯᠠᠬᠤ᠎ᠪᠠᠷ ᠭᠣᠤᠯᠳᠠᠯᠭ᠎ᠠ ᠪᠣᠯᠭ᠋ᠠᠬᠤ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨᠴᠢ ᠵᠣᠬᠢᠰᠲᠠᠶ ᠡᠮᠬᠢ ᠵᠢᠷᠤᠮ᠎ᠲᠠᠢ ᠲᠠᠷᠢᠶᠠᠯᠠᠩ ᠮᠠᠯ ᠠᠵᠤ ᠠᠬᠤᠶ ᠵᠢᠨ ᠣᠷᠣᠨ ᠵᠠᠶ ᠵᠢᠨ ᠪᠠᠢ᠌ᠷᠢᠰᠢᠭᠤᠯᠤᠯᠲᠠ ᠵᠢᠨ ᠰᠢᠰᠲ᠋ᠧᠮᠵᠢ ᠵᠢ ᠪᠠᠢ᠌ᠭᠤᠯᠵᠤ᠂ ᠭᠠᠷᠤᠯᠲᠠ ᠵᠢᠨ ᠣᠷᠣᠨ᠎ᠤ ᠣᠷᠴᠢᠨ ᠲᠣᠭᠣᠷᠢᠨ᠎ᠢ ᠴᠡᠪᠡᠷᠰᠢᠭᠦᠯᠬᠦ ᠵᠢ ᠭᠦᠨᠵᠡᠭᠡᠶ ᠠᠬᠢᠭᠤᠯᠵᠤ᠂ ᠠᠮᠢ ᠠᠬᠤᠶ ᠵᠢᠨ ᠲᠠᠷᠢᠶᠠᠯᠠᠩ ᠮᠠᠯ ᠠᠵᠤ ᠠᠬᠤᠶ ᠵᠢ ᠢᠳᠡᠪᠬᠢᠲᠡᠶ ᠬᠥᠭᠵᠢᠭᠦᠯᠵᠦ᠂ ᠪᠣᠬᠢᠷᠲᠤᠯ ᠥᠬᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠠᠵᠤ ᠦᠢᠯᠡᠰ᠎ᠤᠨ ᠪᠦᠰᠡ ᠪᠠ ᠲᠠᠷᠢᠶᠠᠯᠠᠩ ᠮᠠᠯ ᠠᠵᠤ ᠠᠬᠤᠶ ᠵᠢᠨ ᠣᠳᠣᠬᠢᠴᠢᠯᠠᠭᠰᠠᠨ ᠵᠢᠱ᠌ᠢᠶ᠎ᠡ ᠦᠵᠡᠭᠦᠯᠬᠦ ᠣᠷᠣᠨ᠎ᠢ ᠪᠥᠲᠥᠭᠡᠨ ᠪᠠᠢ᠌ᠭᠤᠯᠤᠨ᠎ᠠ᠃ ᠡᠭᠦᠨ᠎ᠠᠴᠠ ᠭᠠᠳᠠᠨ᠎ᠠ᠂ ᠳᠠᠭ᠋ᠠᠭᠤᠯᠤᠭᠴᠢ ᠠᠵᠤ ᠠᠬᠤᠢ᠌ᠯᠠᠯ᠂ ᠬᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠶ᠂ ᠮᠠᠯᠴᠢᠨ ᠲᠠᠷᠢᠶᠠᠴᠢᠨ᠎ᠤ ᠲᠤᠰᠬᠠᠶ ᠬᠣᠷᠰᠢᠶ᠎ᠠ᠂ ᠥᠨᠳᠥᠷ ᠬᠡᠪ ᠴᠢᠨᠠᠷ ᠪᠦᠬᠦᠢ ᠮᠠᠯᠴᠢᠨ ᠲᠠᠷᠢᠶᠠᠴᠢᠨ ᠵᠡᠷᠭᠡ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠵᠢᠨ ᠭᠣᠤᠯ ᠴᠣᠭᠴᠠ ᠵᠢ ᠪᠣᠢ᠌ᠵᠢᠭᠤᠯᠬᠤ ᠵᠢ ᠲᠣᠪᠣᠢ᠌ᠮ᠎ᠠ ᠰᠠᠢ᠌ᠲᠤᠷ ᠠᠳᠬᠤᠵᠤ᠂ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠵᠢᠨ ᠰᠢᠰᠲ᠋ᠧᠮᠵᠢ ᠵᠢᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠨ᠎ᠠ᠃
ᠬᠥᠲᠥᠯᠥᠭᠴᠢ᠄ ᠥᠪᠡᠷᠲᠡᠭᠡᠨ ᠵᠠᠰᠠᠬᠤ ᠣᠷᠣᠨ᠎ᠠᠴᠠ ᠬᠥᠳᠡᠭᠡ ᠲᠣᠰᠬᠣᠨ᠎ᠤ ᠪᠥᠲᠥᠭᠡᠨ ᠪᠠᠢ᠌ᠭᠤᠯᠤᠯᠲᠠ ᠵᠢᠨ ᠠᠵᠢᠯᠯᠠᠭ᠎ᠠ ᠵᠢ ᠬᠡᠷᠬᠢᠨ ᠠᠬᠢᠭᠤᠯᠬᠤ ᠪᠣᠶ? ᠭᠣᠤᠯᠳᠠᠭᠤ ᠶᠠᠮᠠᠷ ᠶᠠᠮᠠᠷ ᠭᠣᠤᠯᠳᠠᠯᠭ᠎ᠠ᠎ᠲᠠᠢ ᠡᠭᠦᠷᠭᠡ ᠵᠢ ᠰᠠᠢ᠌ᠲᠤᠷ ᠠᠳᠬᠤᠬᠤ ᠪᠣᠶ?
ᠮᠥ᠍ ᠶᠤᠸᠠᠨ᠄ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠠᠴᠠ ᠠᠩᠬ᠎ᠠ ᠤᠳᠠᠭ᠎ᠠ ᠬᠥᠳᠡᠭᠡ ᠲᠣᠰᠬᠣᠨ᠎ᠤ ᠪᠥᠲᠥᠭᠡᠨ ᠪᠠᠢ᠌ᠭᠤᠯᠤᠯᠲᠠ ᠵᠢᠨ ᠠᠵᠢᠯᠯᠠᠭ᠎ᠠ ᠵᠢ ᠬᠡᠷᠡᠭᠵᠢᠭᠦᠯᠬᠦ᠎ᠪᠠᠷ ᠳᠤᠷᠠᠳᠴᠤ᠂ ᠬᠥᠳᠡᠭᠡ ᠲᠣᠰᠬᠣᠨ᠎ᠤ ᠪᠥᠲᠥᠭᠡᠨ ᠪᠠᠢ᠌ᠭᠤᠯᠤᠯᠲᠠ ᠵᠢ ᠨᠡᠢ᠌ᠭᠡᠮ ᠵᠢᠷᠤᠮ᠎ᠤᠨ ᠣᠳᠣᠬᠢᠴᠢᠯᠠᠯᠲᠠ ᠵᠢᠨ ᠪᠥᠲᠥᠭᠡᠨ ᠪᠠᠢ᠌ᠭᠤᠯᠤᠯᠲᠠ ᠵᠢᠨ ᠴᠢᠬᠤᠯᠠ ᠪᠠᠢ᠌ᠷᠢᠨ᠎ᠳᠤ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃ ᠬᠥᠳᠡᠭᠡ ᠲᠣᠰᠬᠣᠨ᠎ᠤ ᠪᠦᠳᠦᠭᠡᠨ ᠪᠠᠢ᠌ᠭᠤᠯᠤᠯᠲᠠ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠪᠦᠬᠦ ᠶᠠᠪᠤᠴᠠ᠎ᠳᠤ ᠲᠤᠭᠤᠰᠢᠯᠠᠭᠤᠯᠬᠤ ᠤᠷᠳᠤ ᠬᠤᠭᠤᠴᠠᠭ᠋ᠠᠨ᠎ᠤ ᠡᠭᠦᠷᠭᠡ ᠮᠥᠨ᠂ ᠱᠠᠳᠤᠴᠢ ᠴᠢᠨᠠᠷᠲᠠᠢ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠪᠲᠤᠯᠤᠯᠲᠠ ᠵᠢᠨ ᠴᠡᠭ᠎ᠢ ᠣᠨᠣᠪᠴᠢᠲᠠᠢ ᠣᠯᠵᠤ᠂ ᠤᠷᠢᠳ ᠵᠶ᠋ᠠᠷ ᠬᠢᠬᠦ ᠳᠡᠰ ᠳᠠᠷᠠᠭ᠋ᠠᠯᠠᠯ ᠭᠠᠷᠭ᠋ᠠᠵᠤ᠂ ᠯᠠᠪᠳᠠᠭᠤᠨ ᠪᠠᠲᠤᠲᠠᠢ ᠠᠵᠢᠯᠯᠠᠨ᠂ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭᠲᠡᠢ᠃ ᠨᠢᠭᠡ᠎ᠳᠤ ᠲᠥᠯᠥᠪᠵᠢᠭᠦᠯᠭᠡ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠷᠠᠭᠤᠯᠤᠨ᠎ᠠ᠃ ᠤᠷᠢᠳᠠᠪᠠᠷ ᠲᠥᠯᠥᠪᠵᠢᠭᠦᠯᠵᠦ ᠳᠠᠷᠠᠭ᠎ᠠ᠎ᠨᠢ ᠪᠥᠲᠥᠭᠡᠨ ᠪᠠᠢ᠌ᠭᠤᠯᠬᠤ ᠵᠢ ᠪᠠᠷᠢᠮᠲᠠᠯᠠᠨ᠂ 2021 ᠣᠨ᠎ᠳᠤ ᠬᠣᠰᠢᠭᠤ ᠰᠢᠶᠠᠨ᠎ᠤ ᠱᠠᠲᠤᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠪᠥᠬᠥ ᠲᠠᠯ᠎ᠠ᠎ᠪᠠᠷ ᠪᠡᠶᠡᠯᠡᠭᠦᠯᠵᠦ᠂ ᠨᠥᠬᠥᠴᠡᠯ᠎ᠲᠠᠢ ᠬᠡᠷᠡᠭᠴᠡᠭᠡ ᠱᠠᠭ᠋ᠠᠷᠳᠠᠯᠭ᠎ᠠ᠎ᠲᠠᠢ ᠠᠢ᠌ᠯ ᠲᠣᠰᠬᠣᠨ᠎ᠳᠤ ᠠᠢ᠌ᠯ ᠲᠣᠰᠬᠣᠨ᠎ᠤ ᠲᠥᠯᠥᠪᠵᠢᠭᠦᠯᠭᠡ ᠵᠢ ᠪᠦᠷᠢᠨ ᠪᠥᠷᠬᠥᠭᠦᠯᠬᠦ ᠵᠢ ᠲᠦᠷᠭᠡᠬᠡᠨ ᠪᠡᠶᠡᠯᠡᠭᠦᠯᠦᠨ᠎ᠡ᠃ ᠬᠣᠲᠠ ᠬᠥᠳᠡᠭᠡ ᠵᠢᠨ ᠬᠥᠭᠵᠢᠯᠲᠡ ᠪᠦᠲᠦᠭᠡᠨ ᠪᠠᠢ᠌ᠭᠤᠯᠤᠯᠲᠠ ᠵᠢᠨ ᠵᠢᠮ᠎ᠡ ᠶᠣᠰᠣ ᠵᠢ ᠵᠢᠷᠤᠮᠯᠠᠨ᠂ ᠠᠢ᠌ᠯ ᠲᠣᠰᠬᠣᠨ᠎ᠢ ᠬᠠᠰᠤᠵᠤ ᠨᠡᠢ᠌ᠯᠡᠭᠦᠯᠬᠦ ᠵᠢ ᠴᠢᠩᠭ᠎ᠠ ᠵᠢᠷᠤᠮᠵᠢᠭᠤᠯᠬᠤ ᠬᠡᠷᠡᠭᠲᠡᠶ᠂ ᠬᠥᠭᠵᠢᠯᠲᠡ ᠵᠢᠨ ᠱᠠᠲᠤ ᠦᠶ᠎ᠡ᠎ᠠᠴᠠ ᠳᠠᠪᠠᠭᠤᠯᠵᠤ᠂ ᠦᠢ᠍ᠮᠡᠭᠡᠨ ᠳᠡᠪᠵᠢᠶᠡᠨ ᠭᠠᠷᠭ᠋ᠠᠵᠤ ᠪᠣᠯᠬᠤ ᠦᠭᠡᠶ᠃ ᠬᠣᠶᠠᠷ᠎ᠲᠤ ᠰᠠᠭᠤᠷᠢ ᠪᠡᠯᠡᠳᠭᠡᠮᠵᠢ ᠵᠢᠨ ᠳᠤᠲᠠᠭᠤᠳᠠᠯ᠎ᠢ ᠲᠦᠷᠭᠡᠳᠬᠡᠨ ᠨᠥᠬᠥᠪᠥᠷᠢᠯᠡᠨ᠎ᠡ᠃ ᠣᠷᠣᠰᠢᠨ ᠰᠠᠭᠤᠷᠢᠰᠢᠬᠤ ᠣᠷᠴᠢᠨ ᠨᠥᠬᠥᠴᠡᠯ᠎ᠢ ᠳᠡᠭᠡᠭᠰᠢᠯᠡᠭᠦᠯᠬᠦ ᠲᠠᠪᠤᠨ ᠵᠢᠯ᠎ᠤᠨ ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠵᠣᠷᠯᠣᠩ᠎ᠤᠨ ᠦᠭᠡᠷᠡᠴᠢᠯᠡᠯᠲᠡ᠂ ᠠᠮᠢᠳᠤᠷᠠᠯ᠎ᠤᠨ ᠬᠣᠭ ᠨᠣᠪᠰᠢ ᠵᠢ ᠰᠢᠢ᠍ᠳᠪᠦᠷᠢᠯᠡᠬᠦ᠂ ᠪᠣᠬᠢᠷ ᠤᠰᠤ ᠵᠢ ᠵᠠᠰᠠᠬᠤ᠂ ᠠᠢ᠌ᠯ ᠲᠣᠰᠬᠣᠨ᠎ᠢ ᠴᠡᠪᠡᠷᠰᠢᠭᠦᠯᠬᠦ ᠪᠠ ᠣᠢ᠌ᠵᠢᠭᠤᠯᠬᠤ ᠵᠡᠷᠭᠡ ᠠᠵᠢᠯ᠎ᠢ ᠨᠢᠭᠡᠳᠦᠯᠲᠡᠢ᠎ᠳᠤ ᠲᠥᠯᠥᠪᠯᠡᠨ ᠠᠬᠢᠭᠤᠯᠵᠤ᠂ ᠨᠢᠭᠡ ᠪᠦᠯᠦᠭ ᠤᠰᠤ᠂ ᠴᠠᠬᠢᠯᠭ᠋ᠠᠨ᠂ ᠵᠠᠮ᠂ ᠰᠢᠲᠠᠮᠠᠬᠠᠢ ᠬᠡᠢ᠂ ᠴᠢᠮᠡᠭᠡ ᠬᠣᠯᠪᠣᠭ᠎ᠠ᠂ ᠷᠠᠳᠢᠣ᠋ ᠲᠧᠯᠸᠢᠰ᠂ ᠪᠠᠷᠠᠭ᠎ᠠ ᠵᠢᠨ ᠭᠦᠢ᠍ᠯᠭᠡᠭᠡ ᠵᠡᠷᠭᠡ ᠲᠠᠯ᠎ᠠ ᠵᠢᠨ ᠭᠣᠣᠯᠳᠠᠯᠭ᠎ᠠ᠎ᠲᠠᠢ ᠢᠨᠵᠧᠨᠧᠷᠢᠩ᠎ᠤᠨ ᠲᠥᠷᠥᠯ ᠵᠦᠢ᠍ᠯ᠎ᠢ ᠴᠢᠭᠯᠡᠭᠦᠯᠬᠦ ᠴᠢᠨᠠᠷᠲᠠᠢ᠎ᠪᠠᠷ ᠰᠠᠢ᠌ᠲᠤᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠲᠣᠰᠬᠣᠨ ᠬᠦᠷᠲᠡᠯ᠎ᠡ ᠪᠦᠷᠢᠨ ᠪᠦᠷᠬᠦᠭᠦᠯᠬᠦ᠂ ᠡᠷᠦᠬᠡ᠎ᠳᠤ ᠬᠦᠷᠲᠡᠯ᠎ᠡ ᠤᠷᠲᠤᠳᠬᠠᠬᠤ ᠵᠢ ᠠᠬᠢᠭᠤᠯᠤᠨ᠎ᠠ᠃ ᠭᠤᠷᠪᠠ᠎ᠳᠤ ᠣᠯᠠᠨ ᠨᠡᠢ᠌ᠲᠡ ᠵᠢᠨ ᠦᠢᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠬᠣᠲᠠ ᠬᠥᠳᠡᠭᠡ ᠵᠢᠨ ᠣᠯᠠᠨ ᠨᠡᠢ᠌ᠲᠡ ᠵᠢᠨ ᠦᠨᠳᠦᠰᠦᠨ ᠦᠢᠯᠡᠴᠢᠯᠡᠭᠡ ᠵᠢ ᠠᠳᠠᠯᠢ ᠲᠡᠭᠰᠢ ᠪᠣᠯᠭ᠋ᠠᠬᠤ ᠵᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠮᠠᠯᠵᠢᠬᠤ ᠲᠠᠷᠢᠶᠠᠯᠠᠬᠤ ᠣᠷᠣᠨ᠎ᠤ ᠰᠤᠷᠭ᠋ᠠᠨ ᠬᠥᠮᠦᠵᠢᠯ᠂ ᠡᠮᠴᠢᠯᠡᠭᠡ᠂ ᠡᠷᠡᠭᠦᠯ ᠬᠠᠮᠠᠭ᠋ᠠᠯᠠᠯ᠂ ᠨᠠᠰᠤᠵᠢᠯ᠎ᠤᠨ ᠠᠰᠠᠷᠠᠮᠵᠢ᠂ ᠰᠣᠶᠣᠯ ᠵᠡᠷᠭᠡ ᠣᠯᠠᠨ ᠨᠡᠢ᠌ᠲᠡ ᠵᠢᠨ ᠦᠢᠯᠡᠴᠢᠯᠡᠭᠡᠨ᠎ᠤ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠶ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠶ᠂ ᠰᠠᠭᠤᠷᠢ ᠴᠢᠨᠠᠷᠲᠠᠶ ᠠᠷᠠᠳ᠎ᠤᠨ ᠠᠮᠢᠳᠤᠷᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠵᠢ ᠴᠢᠬᠤᠯᠠᠴᠢᠯᠠᠵᠤ᠂ ᠬᠣᠲᠠ ᠬᠥᠳᠡᠭᠡ ᠵᠢᠨ ᠣᠯᠠᠨ ᠨᠡᠢ᠌ᠲᠡ ᠵᠢᠨ ᠡᠬᠢ ᠪᠠᠶᠠᠯᠢᠭ᠎ᠢ ᠰᠢᠶᠠᠨ᠎ᠤ ᠬᠡᠪᠴᠢᠶᠡᠨ᠎ᠳᠤ ᠲᠡᠩᠴᠡᠭᠦᠷᠢᠲᠡᠶ ᠲᠣᠬᠢᠷᠠᠭᠤᠯᠬᠤ ᠲᠣᠭᠲᠠᠴᠠ ᠵᠢ ᠪᠠᠢ᠌ᠭᠤᠯᠤᠨ᠎ᠠ᠃ ᠬᠣᠲᠠ ᠬᠥᠳᠡᠭᠡ ᠵᠢᠨ ᠠᠵᠢᠯ ᠣᠯᠭᠣᠯᠲᠠ ᠵᠢ ᠨᠢᠭᠡᠳᠦᠯᠲᠡᠶ ᠲᠥᠯᠥᠪᠯᠡᠬᠦ ᠲᠥᠷᠥ ᠵᠢᠨ ᠪᠣᠳᠣᠯᠭ᠎ᠠ ᠪᠣᠯᠤᠨ ᠠᠵᠢᠯ ᠣᠯᠭᠣᠬᠤ ᠦᠢᠯᠡᠴᠢᠯᠡᠭᠡᠨ᠎ᠤ ᠰᠢᠰᠲ᠋ᠧᠮᠵᠢ ᠵᠢ ᠪᠠᠢ᠌ᠭᠤᠯᠵᠤ᠂ ᠲᠠᠷᠢᠶᠠᠯᠠᠬᠤ ᠮᠠᠯᠵᠢᠬᠤ ᠣᠷᠣᠨ᠎ᠤ ᠬᠥᠳᠡᠯᠮᠦᠷᠢ ᠬᠦᠴᠦᠨ᠎ᠤ ᠠᠵᠢᠯ ᠣᠯᠵᠤ ᠠᠳᠠᠯ ᠦᠢᠯᠡᠰ ᠪᠣᠰᠬᠠᠬᠤ ᠵᠢ ᠠᠬᠢᠭᠤᠯᠤᠨ᠎ᠠ᠃ ᠳᠥᠷᠪᠡ᠎ᠳᠤ ᠣᠷᠣᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠨ᠎ᠠ᠃ ᠲᠠᠷᠢᠶᠠᠯᠠᠩ ᠮᠠᠯ ᠠᠵᠤ ᠠᠬᠤᠶ ᠵᠢ ᠳᠡᠮᠵᠢᠵᠦ ᠬᠠᠮᠠᠭ᠋ᠠᠯᠠᠬᠤ ᠲᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠠᠵᠠᠷ ᠰᠢᠷᠣᠶ ᠵᠢ ᠰᠢᠯᠵᠢᠭᠦᠯᠦᠨ ᠬᠤᠳᠠᠯᠳᠤᠭᠰᠠᠨ ᠠᠰᠢᠭ ᠣᠷᠣᠯᠭ᠎ᠠ ᠵᠢᠨ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ᠎ᠳᠤ ᠬᠡᠷᠡᠭᠯᠡᠬᠦ ᠬᠠᠷᠢᠴᠠᠯ᠎ᠢ ᠳᠡᠭᠡᠭᠰᠢᠯᠡᠭᠦᠯᠦᠨ᠂ ᠮᠥᠩᠭᠥᠨ ᠭᠦᠢᠯᠭᠡᠭᠡᠨ ᠵᠶ᠋ᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠳᠡᠮᠵᠢᠬᠦ ᠡᠷᠴᠢᠮ᠎ᠢ ᠴᠢᠩᠭ᠋ᠠᠷᠠᠭᠤᠯᠵᠤ᠂ ᠡᠳ᠋᠎ᠤᠨ ᠵᠠᠰᠠᠭ᠎ᠠᠴᠠ ᠤᠷᠢᠳᠠᠪᠠᠷ ᠪᠠᠲᠤᠯᠠᠬᠤ᠂ ᠮᠥᠩᠭᠥᠨ ᠭᠦᠢᠯᠭᠡᠭᠡᠨ᠎ᠢ ᠭᠣᠤᠯᠳᠠᠯᠭ᠎ᠠ᠎ᠲᠠᠢ ᠬᠡᠯᠪᠡᠢ᠌ᠯᠭᠡᠬᠦ᠂ ᠨᠡᠢ᠌ᠭᠡᠮ᠎ᠠᠴᠠ ᠢᠳᠡᠪᠬᠢᠲᠡᠶ ᠣᠷᠣᠯᠴᠠᠬᠤ ᠣᠯᠠᠨ ᠡᠰᠢᠲᠦ ᠪᠠᠯᠠ ᠣᠷᠣᠭᠤᠯᠤᠯᠲᠠ ᠵᠢᠨ ᠪᠠᠢ᠌ᠷᠢᠰᠢᠯ᠎ᠢ ᠪᠣᠶ ᠪᠣᠯᠭ᠋ᠠᠨ᠎ᠠ᠃ ᠲᠠᠪᠤ᠎ᠳᠤ ᠲᠠᠷᠢᠶᠠᠯᠠᠬᠤ ᠮᠠᠯᠵᠢᠬᠤ ᠣᠷᠣᠨ᠎ᠤ ᠥᠭᠡᠷᠡᠴᠢᠯᠡᠯᠲᠡ ᠵᠢ ᠭᠦᠨᠵᠡᠭᠡᠶ ᠲᠦᠯᠬᠢᠨ ᠠᠬᠢᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ᠎ᠤ ᠦᠨᠳᠦᠰᠦᠨ ᠡᠵᠡᠩᠨᠡᠯᠲᠡ ᠵᠢᠨ ᠳᠦᠷᠢᠮ᠎ᠢ ᠪᠡᠬᠢᠵᠢᠭᠦᠯᠦᠨ᠂ ᠭᠠᠴᠠᠭ᠎ᠠ ᠲᠣᠰᠬᠣᠨ᠎ᠤ ᠱᠠᠲᠤᠨ᠎ᠤ ᠬᠠᠮᠲᠤ ᠵᠢᠨ ᠠᠵᠤ ᠠᠬᠤᠶ ᠵᠢ ᠬᠥᠭᠵᠢᠭᠦᠯᠦᠨ ᠪᠤᠵᠠᠭ᠋ᠠᠢ᠌ᠷᠠᠭᠤᠯᠵᠤ᠂ ᠮᠠᠯᠵᠢᠬᠤ ᠣᠷᠣᠨ᠎ᠤ ᠣᠳᠣᠬᠢᠴᠢᠯᠠᠯᠲᠠ ᠵᠢᠨ ᠲᠤᠷᠰᠢᠯᠲᠠ᠂ ᠲᠠᠷᠢᠶᠠᠯᠠᠬᠤ ᠣᠷᠣᠨ᠎ᠤ ᠣᠳᠣᠬᠢᠴᠢᠯᠠᠯᠲᠠ ᠵᠢᠨ ᠲᠤᠷᠰᠢᠯᠲᠠ᠂ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ᠂ ᠬᠠᠮᠲᠤ ᠵᠢᠨ ᠣᠶ ᠰᠢᠭᠤᠶ ᠵᠢᠨ ᠡᠷᠬᠡ ᠵᠡᠷᠭᠡ ᠥᠭᠡᠷᠡᠴᠢᠯᠡᠯᠲᠡ ᠵᠢᠨ ᠡᠭᠦᠷᠭᠡ ᠵᠢ ᠨᠢᠭᠡᠳᠦᠯᠲᠡᠶ ᠲᠥᠯᠥᠪᠯᠡᠨ ᠰᠠᠢ᠌ᠲᠤᠷ ᠠᠳᠬᠤᠨ᠎ᠠ᠃
ᠬᠥᠲᠥᠯᠥᠭᠴᠢ᠄ 《ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ》᠎ᠤᠨ ᠠᠵᠢᠯ᠎ᠤᠨ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠴᠢᠬᠤᠯᠠ ᠪᠠᠢ᠌ᠷᠢᠯᠠᠭᠤᠯᠤᠯᠲᠠ ᠵᠢ ᠪᠣᠳᠠᠲᠤ ᠭᠠᠵᠠᠷ᠎ᠲᠤᠨᠢ ᠨᠠᠢ᠌ᠳᠠᠪᠤᠷᠢᠵᠢᠭᠤᠯᠬᠤ ᠵᠢ ᠬᠡᠷᠬᠢᠨ ᠪᠠᠲᠤᠯᠠᠬᠤ ᠪᠣᠶ?
ᠮᠦ᠍ ᠶᠤᠸᠠᠨ᠄ 《ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ》᠎ᠤ ᠠᠵᠢᠯ᠎ᠳᠠᠬᠢ ᠨᠠᠮ᠎ᠤᠨ ᠪᠥᠬᠥ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠪᠣᠯ ᠰᠢᠨ᠎ᠡ ᠬᠥᠭᠵᠢᠯᠲᠡ ᠵᠢᠨ ᠱᠠᠲᠤᠨ᠎ᠤ 《ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ》᠎ᠤ ᠠᠵᠢᠯ᠎ᠢ ᠰᠠᠢ᠌ᠲᠤᠷ ᠬᠢᠬᠦ ᠵᠢᠨ ᠦᠨᠳᠦᠰᠦᠨ ᠤᠯᠤᠰ ᠲᠥᠷᠥ ᠵᠢᠨ ᠪᠠᠲᠤᠯᠠᠭ᠎ᠠ ᠪᠣᠯᠤᠨ᠎ᠠ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠥᠳᠡᠭᠡ ᠲᠣᠰᠬᠣᠨ᠎ᠤ ᠠᠵᠢᠯ᠎ᠤᠨ ᠲᠦᠷᠢᠮ》᠎ᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠠᠪᠤᠨ ᠱᠠᠲᠤᠨ᠎ᠤ ᠱᠦᠵᠢ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠳᠬᠤᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠴᠢᠩᠭ᠋ᠠᠳᠬᠠᠵᠤ᠂ ᠨᠠᠮ᠎ᠤᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠢ ᠤᠳᠤᠷᠢᠳᠬᠤ ᠵᠣᠬᠢᠶᠠᠨ ᠪᠠᠢ᠌ᠭᠤᠯᠤᠯᠲᠠ ᠵᠢᠨ ᠰᠢᠰᠲ᠋ᠧᠮᠵᠢ᠂ ᠲᠦᠷᠢᠮ᠎ᠤᠨ ᠰᠢᠰᠲ᠋ᠧᠮᠵᠢ᠂ ᠠᠵᠢᠯ᠎ᠤᠨ ᠲᠣᠭᠲᠠᠴᠠ ᠵᠢ ᠪᠦᠷᠢᠨᠰᠢᠬᠦᠯᠵᠤ᠂ ᠠᠢ᠌ᠮᠠᠭ ᠬᠣᠲᠠ᠂ ᠬᠣᠰᠢᠭᠤ ᠰᠢᠶᠠᠨ᠎ᠤ ᠨᠠᠮ ᠵᠠᠰᠠᠭ᠎ᠤᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠭᠰᠠᠨ ᠪᠣᠳᠠᠲᠤ ᠠᠮᠵᠢᠯᠲᠠ ᠵᠢ ᠬᠢᠨᠠᠨ ᠰᠢᠯᠭ᠋ᠠᠬᠤ ᠲᠦᠷᠢᠮ᠎ᠢ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠵᠢᠨ ᠨᠠᠮ᠎ᠤᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠢ ᠪᠥᠬᠥ ᠲᠠᠯ᠎ᠠ᠎ᠪᠠᠷ ᠤᠳᠤᠷᠢᠳᠬᠤ ᠴᠢᠳᠠᠪᠤᠷᠢ ᠪᠣᠯᠤᠨ ᠲᠦᠪᠰᠢᠨ᠎ᠢ ᠳᠡᠭᠡᠭᠰᠢᠯᠡᠭᠦᠯᠦᠨ᠎ᠡ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠤᠯᠤᠰ ᠲᠥᠷᠥ ᠵᠢᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠢ ᠤᠷᠢᠳ ᠵᠶ᠋ᠠᠷ ᠬᠥᠭᠵᠢᠭᠦᠯᠬᠦ ᠴᠢᠭᠯᠡᠯᠲᠡ ᠵᠢ ᠨᠠᠢ᠌ᠳᠠᠪᠤᠷᠢᠵᠢᠭᠤᠯᠵᠤ᠂ ᠨᠠᠩ ᠶᠡᠬᠡ ᠡᠷᠴᠢᠮ ᠵᠶ᠋ᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ᠃ ᠢᠯᠠᠩᠭᠤᠶ᠎ᠠ ᠬᠣᠰᠢᠭᠤ ᠰᠢᠶᠠᠨ᠎ᠤ ᠨᠠᠮ᠎ᠤᠨ ᠬᠣᠷᠢᠶᠠᠨ᠎ᠤ ᠱᠦᠵᠢ ᠭᠣᠤᠯ ᠣᠶᠤᠨ ᠴᠢᠳᠠᠯ ᠵᠶ᠋ᠠᠨ 《ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ》᠎ᠤ ᠠᠵᠢᠯ ᠳᠡᠭᠡᠷ᠎ᠡ ᠲᠠᠯᠪᠢᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 《ᠡᠮᠦᠨ᠎ᠡ ᠹᠷᠣᠨᠲ᠎ᠤᠨ ᠶᠡᠷᠦᠩᠬᠡᠶ ᠵᠢᠯᠣᠭᠣᠳᠣᠭᠴᠢ》 ᠵᠢᠨ ᠲᠤᠰᠢᠶᠠᠯ᠎ᠢ ᠰᠠᠢ᠌ᠳᠤᠷ ᠡᠭᠦᠷᠭᠡᠯᠡᠨ᠎ᠡ᠃ ᠦᠨᠳᠦᠰᠦᠨ ᠱᠠᠳᠤ ᠵᠢ ᠠᠳᠬᠤᠬᠤ᠂ ᠰᠠᠭᠤᠷᠢ ᠵᠢ ᠪᠠᠲᠤᠳᠬᠠᠬᠤ᠂ ᠦᠨᠳᠦᠰᠦᠨ ᠵᠦᠢ᠍ᠯ᠎ᠢ ᠪᠡᠬᠢᠵᠢᠭᠦᠯᠬᠦ ᠠᠵᠢᠯ᠎ᠤᠨ ᠤᠳᠤᠷᠢᠳᠤᠮᠵᠢ ᠵᠢ ᠲᠤᠪᠤᠢ᠍ᠢ᠍ᠯᠭ᠋ᠠᠨ᠂ ᠡᠯ᠎ᠡ ᠲᠦᠷᠦᠯ᠎ᠤᠨ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠪᠠᠭᠤᠯᠭ᠋ᠠᠬᠤ ᠵᠢ ᠠᠬᠢᠭᠤᠯᠵᠤ᠂ ᠦᠨᠳᠦᠰᠦᠨ ᠱᠠᠲᠤᠨ᠎ᠤ ᠠᠵᠢᠯ ᠬᠢᠵᠦ ᠦᠢ᠍ᠯᠡᠰ ᠪᠤᠰᠬᠠᠬᠤ᠎ᠳᠤ ᠨᠡᠩ ᠰᠠᠢ᠍ᠢ᠍ᠨ ᠨᠥᠬᠥᠴᠡᠯ ᠪᠦᠷᠢᠯᠳᠦᠭᠦᠯᠵᠦ ᠦᠭᠭᠦᠨ᠎ᠡ᠃ ᠤᠯᠤᠰ ᠲᠥᠷᠥ ᠵᠢᠨ ᠲᠠᠯ᠎ᠠ᠎ᠪᠠᠷ ᠪᠠᠲᠤ ᠴᠢᠩᠭ᠎ᠠ᠂ ᠡᠷᠳᠡᠮ ᠴᠢᠳᠠᠪᠤᠷᠢ ᠵᠢᠨ ᠲᠠᠯ᠎ᠠ᠎ᠪᠠᠷ ᠪᠠᠲᠤ ᠴᠢᠩᠭ᠎ᠠ᠂ ᠣᠪᠣᠷ ᠰᠤᠷᠲᠠᠯ᠎ᠤᠨ ᠲᠠᠯ᠎ᠠ᠎ᠪᠠᠷ ᠪᠠᠲᠤ ᠴᠢᠩᠭ᠎ᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠺᠠᠳ᠋ᠷ᠎ᠤᠨ ᠡᠩᠨᠡᠭᠡ ᠵᠢ ᠪᠠᠢ᠌ᠭᠤᠯᠵᠤ᠂ ᠨᠢᠭᠡ ᠪᠦᠯᠦᠭ ᠰᠢᠯᠢᠳᠡᠭ ᠺᠠᠳ᠋ᠷ᠎ᠢ ᠰᠣᠩᠭᠣᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ᠎ᠤᠨ ᠠᠵᠢᠯ᠎ᠤᠨ ᠪᠠᠢ᠌ᠷᠢ᠎ᠳᠤ ᠲᠣᠮᠢᠯᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠺᠠᠳ᠋ᠷ᠎ᠢ ᠬᠥᠮᠦᠵᠢᠭᠦᠯᠦᠨ ᠪᠣᠯᠪᠠᠰᠤᠷᠠᠭᠤᠯᠬᠤ ᠥᠷᠭᠡᠨ ᠠᠭᠤᠳᠠᠮ ᠲᠠᠪᠴᠠᠩ ᠪᠣᠯᠭ᠋ᠠᠨ᠎ᠠ᠃ ᠣᠲᠣ ᠦᠶ᠎ᠡ ᠵᠢᠨ ᠵᠠᠰᠠᠯᠲᠠ ᠵᠢᠨ ᠠᠷᠭ᠎ᠠ ᠬᠡᠯᠪᠡᠷᠢ ᠵᠢ ᠬᠡᠷᠡᠭᠯᠡᠬᠦ ᠵᠢ ᠮᠠᠯᠵᠢᠬᠤ ᠲᠠᠷᠢᠶᠠᠯᠠᠬᠤ ᠣᠷᠣᠨ᠎ᠤ ᠤᠯᠠᠮᠵᠢᠯᠠᠯᠲᠤ ᠵᠠᠰᠠᠯᠲᠠ ᠵᠢᠨ ᠡᠬᠢ ᠪᠠᠶᠠᠯᠢᠭ᠎ᠤᠨ ᠦᠢᠯᠡᠳᠦᠯ᠎ᠢ ᠪᠠᠳᠠᠷᠠᠭᠤᠯᠬᠤᠯᠤᠭᠠ ᠤᠶᠠᠯᠳᠤᠭᠤᠯᠬᠤ ᠵᠢ ᠴᠢᠬᠤᠯᠠᠴᠢᠯᠠᠵᠤ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠶᠣᠰᠣ ᠮᠣᠷᠠᠯ ᠵᠶ᠋ᠠᠷ ᠵᠠᠰᠠᠬᠤ ᠵᠢ ᠤᠶᠠᠯᠳᠤᠭᠤᠯᠤᠭᠰᠠᠨ ᠬᠥᠳᠡᠭᠡ ᠲᠣᠰᠬᠣᠨ᠎ᠤ ᠵᠠᠰᠠᠯᠲᠠ ᠵᠢᠨ ᠰᠢᠰᠲ᠋ᠧᠮᠵᠢ ᠵᠢ ᠲᠠᠰᠤᠷᠠᠯᠲᠠ ᠥᠬᠡᠶ ᠪᠦᠷᠢᠨᠰᠢᠬᠦᠯᠵᠦ᠂ ᠬᠥᠳᠡᠭᠡ ᠲᠣᠰᠬᠣᠨ᠎ᠤ ᠴᠢᠳᠠᠮᠠᠭ᠋ᠠᠶ᠎ᠪᠠᠷ ᠵᠠᠰᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠣᠢ᠌ᠯᠠᠭ᠋ᠠᠭᠳᠠᠬᠤᠨ᠎ᠢ ᠭᠦᠨᠵᠡᠭᠡᠢ᠌ᠷᠡᠭᠦᠯᠦᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠦᠨᠡᠨ ᠬᠦ᠌ ᠪᠠᠲᠤ ᠴᠣᠭᠴᠠᠯᠠᠨ᠎ᠠ᠃ ᠰᠢᠨ᠎ᠡ ᠴᠠᠭ ᠦᠶ᠎ᠡ ᠵᠢᠨ ᠮᠠᠯᠵᠢᠬᠤ ᠲᠠᠷᠢᠶᠠᠯᠠᠬᠤ ᠣᠷᠣᠨ᠎ᠤ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠤᠬᠠᠭᠤᠯᠭ᠎ᠠ ᠵᠢᠨ ᠠᠵᠢᠯ᠎ᠢ ᠰᠠᠢ᠌ᠲᠤᠷ ᠬᠢᠵᠦ᠂ ᠨᠡᠢ᠌ᠭᠡᠮ ᠳᠠᠶᠠᠭ᠋ᠠᠷ᠎ᠲᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠬᠠᠮᠲᠤ᠎ᠪᠠᠷ ᠠᠬᠢᠭᠤᠯᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃