ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠰᠤᠷᠪᠤᠯᠵᠢᠯᠠᠭ᠎ᠠ
ᠠᠷᠭ᠎ᠠ ᠬᠡᠮᠵᠢᠶ᠎ᠡ᠎ᠪᠠᠨ ᠴᠢᠩᠭ᠋ᠠᠳᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠵᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠦᠶ᠎ᠡ
ᠨᠡᠶ᠋ᠢᠲᠡᠯᠡᠭᠰᠡᠨ ᠴᠠᠭ᠄ 2021-04-13

ᠰᠤᠷᠪᠤᠯᠵᠢᠯᠠᠭᠰᠠᠨ ᠴᠠᠭ᠄ 2021 ᠣᠨ 3 ᠳ᠋ᠤᠭ᠋ᠠᠷ ᠰᠠᠷ᠎ᠠ ᠵᠢᠨ 10᠎ᠤ ᠡᠳᠦᠷ
ᠰᠣᠷᠪᠤᠯᠵᠢᠯᠠᠭ᠎ᠠ ᠬᠦᠯᠢᠶᠡᠭᠰᠡᠨ ᠵᠣᠴᠢᠨ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠳᠠᠷᠤᠭ᠎ᠠ ᠪᠣᠤ ᠵᠢᠶᠠᠨ ᠵᠦᠩ
ᠠᠭᠤᠯᠭ᠎ᠠ ᠵᠢᠨ ᠲᠣᠪᠴᠢ
      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠣᠯ ᠬᠥᠭᠵᠢᠯᠲᠡ ᠵᠢᠨ ᠣᠷᠴᠢᠨ ᠨᠥᠬᠦᠴᠡᠯ᠎ᠤᠨ ᠴᠢᠬᠤᠯᠠ ᠠᠭᠤᠯᠭ᠎ᠠ ᠮᠥᠨ᠂ ᠨᠢᠭᠡ ᠭᠠᠵᠠᠷ ᠣᠷᠣᠨ᠎ᠤ ᠠᠵᠤ ᠠᠬᠤᠢ ᠵᠢᠨ ᠵᠥᠭᠡᠯᠡᠨ ᠪᠣᠳᠠᠲᠤ ᠬᠦᠴᠦᠨ ᠪᠠ ᠶᠡᠷᠦᠩᠬᠡᠶ᠋ᠢᠯᠡᠭᠰᠡᠨ ᠦᠷᠢᠰᠦᠯᠳᠦᠬᠦ ᠬᠦᠴᠦᠨ᠎ᠤ ᠲᠥᠪᠯᠡᠷᠡᠩᠭᠦᠢ ᠢᠯᠡᠷᠡᠯ ᠶᠤᠮ᠃ ᠮᠠᠨ᠎ᠤ ᠤᠯᠤᠰ᠎ᠤᠨ ᠥᠭᠡᠷᠡᠴᠢᠯᠡᠯᠲᠡ ᠵᠢ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠦᠨ ᠠᠭᠢᠬᠤ᠂ ᠪᠥᠬᠦ ᠲᠠᠯ᠎ᠠ᠎ᠪᠠᠷ ᠨᠡᠭᠡᠭᠡᠯᠲᠡ ᠬᠢᠬᠦ ᠪᠠᠶ᠋ᠢᠷᠢᠰᠢᠯ᠎ᠤᠨ ᠦᠷᠭᠦᠯᠵᠢᠯᠡᠨ ᠪᠦᠷᠢᠨᠰᠢᠬᠦ ᠵᠢᠴᠢ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠲᠠᠰᠤᠷᠠᠯᠲᠠ ᠥᠬᠡᠶ ᠬᠥᠭᠵᠢᠬᠦ ᠵᠢ ᠳᠠᠭ᠋ᠠᠯᠳᠤᠨ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠳᠤᠮᠳᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠤᠨ ᠰᠠᠭᠤᠷᠢ ᠪᠣᠯᠬᠤ ᠪᠠᠶ᠋ᠢᠷᠢ ᠰᠠᠭᠤᠷᠢ ᠪᠠ ᠣᠷᠣᠨ ᠪᠦᠰᠡ ᠵᠢᠨ ᠬᠠᠮᠲᠤᠷᠠᠯᠴᠠᠭ᠋ᠠᠨ᠎ᠤ ᠥᠷᠢᠰᠥᠯᠳᠦᠭᠡᠨ ᠳᠤᠮᠳᠠ ᠲᠤᠯᠭ᠋ᠠᠭᠤᠷᠢᠯᠠᠬᠤ ᠦᠢ᠍ᠯᠡᠳᠦᠯ᠎ᠨᠢ ᠡᠳᠦᠷ ᠢᠷᠡᠬᠦᠶ᠎ᠡ ᠲᠣᠪᠣᠶ᠋ᠢᠮ᠎ᠠ ᠪᠣᠯᠵᠣ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ ᠵᠢ ᠬᠤᠪᠢᠷᠠᠭᠤᠯᠬᠤ ᠪᠠ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠶᠡᠭᠡ᠎ᠪᠠᠷ ᠠᠭᠢᠭᠤᠯᠤᠨ᠂ 《ᠮᠥᠩᠬᠡ ᠰᠤᠪᠠᠭ ᠵᠶ᠋ᠠᠷ ᠭᠦᠢ᠍ᠴᠡᠳᠭᠡᠬᠦ · ᠨᠢᠭᠡ ᠰᠦᠯᠵᠢᠶ᠎ᠡ᠎ᠪᠠᠷ ᠭᠦᠢ᠍ᠴᠡᠳᠭᠡᠬᠦ᠂ ᠠᠯᠠᠭ᠋ᠠᠨ ᠳᠡᠭᠡᠷ᠎ᠡ ᠭᠦᠢ᠍ᠴᠡᠳᠭᠡᠬᠦ᠂ ᠨᠢᠭᠡ ᠯᠠ ᠤᠳᠠᠭ᠎ᠠ᠎ᠳᠤ ᠭᠦᠢ᠍ᠴᠡᠳᠭᠡᠬᠦ᠂ ᠲᠠᠨ᠎ᠳᠤ ᠬᠠᠪᠰᠤᠷᠤᠨ ᠭᠦᠢ᠍ᠴᠡᠳᠭᠡᠬᠦ》 ᠵᠡᠷᠭᠡ ᠠᠯᠢ ᠣᠯᠠᠨ ᠠᠵᠢᠯ᠎ᠤᠨ ᠬᠡᠷᠡᠭᠵᠢᠭᠦᠯᠬᠦ ᠲᠥᠰᠦᠯ᠎ᠤᠳ᠎ᠢ ᠲᠣᠭᠲᠠᠭ᠋ᠠᠨ ᠨᠡᠶ᠋ᠢᠲᠡᠯᠡᠭᠡᠳ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠭᠢᠭᠤᠯᠤᠭᠰᠠᠨ ᠪᠠᠶ᠋ᠢᠨ᠎ᠠ᠃
ᠬᠥᠲᠥᠯᠥᠭᠴᠢ 2021 - 03109᠄ 00
      ᠰᠦᠯᠵᠢᠶᠡᠨ᠎ᠤ ᠠᠨᠳᠠ ᠨᠠᠷ ᠲᠠ ᠪᠦᠬᠦᠨ ᠰᠠᠶ᠋ᠢᠨ ᠪᠠᠶ᠋ᠢᠵᠠᠭ᠋ᠠᠨ᠎ᠠ ᠤᠤ! ᠲᠣᠰ ᠬᠤᠭᠤᠴᠠᠭ᠋ᠠᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ᠎ᠤ ᠰᠤᠷᠪᠤᠯᠵᠢᠯᠠᠭ᠎ᠠ ᠵᠢᠨ ᠪᠤᠯᠤᠩ᠎ᠢ ᠭᠥᠯᠢᠶᠡᠨ ᠠᠪᠴᠤ ᠦᠵᠡᠬᠦ ᠵᠢ ᠴᠢᠨᠢ ᠪᠠᠶᠠᠷᠯᠠᠨ ᠤᠭᠲᠤᠵᠤ ᠪᠠᠶ᠋ᠢᠨ᠎ᠠ᠃ ᠥᠨᠥᠳᠦᠷ᠂ ᠪᠢᠳᠡ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠳᠠᠷᠤᠭ᠎ᠠ ᠪᠣᠤ ᠵᠢᠶᠠᠨ ᠵᠦᠩ᠎ᠢ ᠤᠷᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠦᠷᠭᠦᠯᠵᠢᠯᠡᠨ ᠲᠡᠭᠡᠭᠰᠢᠯᠡᠭᠦᠯᠦᠶ᠎ᠡ ᠭᠡᠬᠦ ᠰᠡᠳᠦᠪ ᠵᠶ᠋ᠠᠷ ᠣᠯᠠᠨ᠎ᠲᠠᠢ ᠶᠠᠷᠢᠯᠴᠠᠬᠤ ᠪᠣᠯᠤᠭᠰᠠᠨ᠎ᠳᠤ᠎ᠪᠠᠨ ᠮᠠᠰᠢ ᠪᠠᠶᠠᠷᠲᠠᠶ ᠪᠠᠶ᠋ᠢᠨ᠎ᠠ᠃ ᠪᠣᠤ ᠲᠣᠪᠴᠢᠶᠠᠨ ᠳᠠᠷᠤᠭ᠎ᠠ ᠵᠢ ᠪᠠᠶᠠᠷᠯᠠᠨ ᠤᠭᠲᠤᠵᠤ ᠪᠠᠶ᠋ᠢᠨ᠎ᠠ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠳᠠᠷᠤᠭ᠎ᠠ ᠪᠣᠤ ᠵᠢᠶᠠᠨ ᠵᠦᠩ 2021 - 03109᠄ 00
      ᠬᠥᠲᠥᠯᠥᠭᠴᠢ ᠪᠠ ᠰᠦᠯᠵᠢᠶᠡᠨ᠎ᠤ ᠠᠨᠳᠠ ᠨᠠᠷ ᠰᠠᠶ᠋ᠢᠨ ᠪᠠᠶ᠋ᠢᠵᠠᠭ᠋ᠠᠨ᠎ᠠ ᠤᠤ! ᠲᠠ ᠣᠯᠠᠨ᠎ᠲᠠᠢ᠎ᠪᠠᠨ ᠶᠠᠷᠢᠯᠴᠠᠬᠤ ᠪᠣᠯᠤᠭᠰᠠᠨ᠎ᠳᠤ᠎ᠪᠠᠨ ᠶᠡᠭᠡ ᠪᠠᠶᠠᠷᠲᠠᠢ ᠪᠠᠶ᠋ᠢᠨ᠎ᠠ᠃
ᠬᠥᠲᠥᠯᠥᠭᠴᠢ 2021 - 03109᠄ 00
      ᠬᠤᠳᠠᠯᠳᠤᠭ᠎ᠠ ᠡᠵᠡᠩᠨᠡᠬᠦ ᠰᠠᠶ᠋ᠢᠨ ᠰᠠᠶ᠋ᠢᠬᠠᠨ ᠣᠷᠴᠢᠨ ᠨᠥᠬᠦᠴᠡᠯ ᠪᠣᠯ ᠦᠢ᠍ᠯᠡᠳᠪᠦᠷᠢᠯᠡᠯ᠎ᠤᠨ ᠬᠦᠴᠦᠨ᠂ ᠦᠷᠢᠰᠦᠯᠳᠦᠬᠦ ᠬᠦᠴᠦᠨ᠂ ᠵᠥᠭᠡᠯᠡᠨ ᠪᠣᠳᠠᠲᠤ ᠬᠦᠴᠦᠨ ᠮᠥᠨ᠂ ᠲᠡᠷᠡ᠎ᠨᠢ ᠠᠵᠤ ᠠᠬᠤᠢ ᠨᠡᠶ᠋ᠢᠭᠡᠮ᠎ᠤᠨ ᠡᠷᠡᠭᠦᠯ ᠵᠶ᠋ᠠᠷ ᠬᠥᠭᠵᠢᠬᠦ᠎ᠲᠠᠢ ᠰᠢᠭᠤᠳ ᠬᠤᠯᠪᠣᠭᠳᠠᠵᠤ ᠪᠠᠶ᠋ᠢᠳᠠᠭ᠃ ᠴᠠᠭ᠋ᠠᠨ ᠰᠠᠷ᠎ᠠ ᠵᠢᠨ ᠳᠠᠷᠠᠭ᠎ᠠ ᠠᠵᠢᠯ᠎ᠳᠤ ᠭᠠᠷᠤᠭᠰᠠᠨ ᠠᠩᠬᠠᠨ᠎ᠤ ᠡᠳᠦᠷ᠂ ᠥᠪᠡᠷᠲᠡᠭᠡᠨ ᠵᠠᠰᠠᠬᠤ ᠣᠷᠣᠨ ᠪᠥᠬᠦ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠶᠡᠭᠡ ᠬᠤᠷᠠᠯ ᠬᠤᠷᠠᠯᠳᠤᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ᠂ ᠤᠯᠤᠰ ᠲᠥᠷᠥ ᠵᠢᠨ ᠠᠮᠢ ᠠᠬᠤᠶ ᠵᠢ ᠴᠡᠪᠡᠷᠰᠢᠭᠦᠯᠬᠦ ᠠᠵᠢᠯ᠎ᠳᠤ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠡᠨᠡ ᠵᠢᠯ ᠭᠤᠤᠯᠳᠠᠭᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠪᠣᠶ?
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠳᠠᠷᠤᠭ᠎ᠠ ᠪᠣᠤ ᠵᠢᠶᠠᠨ ᠵᠦᠩ 2021 - 03109᠄ 01
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠠᠵᠢᠯ᠎ᠢ ᠢᠮᠠᠭᠲᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠵᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠨᠢᠭᠡᠨ ᠲᠣᠮᠤ ᠶᠠᠪᠤᠳᠠᠯ ᠪᠣᠯᠭ᠋ᠠᠨ ᠠᠳᠬᠤᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠵᠢᠭᠰᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠪᠥᠬᠦ ᠬᠦᠴᠦᠨ ᠵᠶ᠋ᠠᠷ ᠵᠶ᠋ᠠᠨ ᠴᠣᠭᠴᠠᠯᠠᠵᠤ ᠪᠤᠢ᠃ 2021 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠪᠥᠬᠦ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠲᠡᠷᠡ ᠬᠡᠪ ᠵᠶ᠋ᠠᠷ᠎ᠨᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠳᠤ᠎ᠪᠠᠨ ᠰᠠᠭᠤᠷᠢᠯᠠᠨ᠂ 《ᠮᠥᠩᠬᠡ ᠰᠤᠪᠠᠭ》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠠᠷᠠᠲᠤ ᠲᠥᠷᠥᠯ ᠲᠡᠮᠳᠡᠭᠲᠦ ᠵᠢ ᠢᠳᠡᠪᠬᠢᠲᠡᠶ ᠪᠣᠶ ᠪᠣᠯᠭ᠋ᠠᠵᠤ᠂ 《ᠨᠢᠭᠡ ᠰᠦᠯᠵᠢᠶ᠎ᠡ᠎ᠪᠠᠷ ᠭᠦᠢ᠍ᠴᠡᠳᠭᠡᠬᠦ᠂ ᠠᠯᠠᠭ᠋ᠠᠨ ᠳᠡᠭᠡᠷ᠎ᠡ ᠭᠦᠢ᠍ᠴᠡᠳᠭᠡᠬᠦ᠂ ᠨᠢᠭᠡ ᠯᠡ ᠤᠳᠠᠭ᠎ᠠ᠎ᠳᠤ ᠭᠦᠢ᠍ᠴᠡᠳᠭᠡᠬᠦ᠂ ᠲᠠᠨ᠎ᠳᠤ ᠬᠠᠪᠰᠤᠷᠤᠨ ᠭᠦᠢ᠍ᠴᠡᠳᠭᠡᠬᠦ》 4 ᠵᠦᠢ᠍ᠯ᠎ᠤᠨ ᠭᠤᠤᠯᠳᠠᠯᠭ᠎ᠠ᠎ᠲᠠᠢ ᠠᠵᠢᠯ ᠵᠶ᠋ᠠᠷ ᠭᠠᠷᠳᠠᠴᠠ ᠪᠣᠯᠭ᠋ᠠᠵᠤ᠂ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠵᠢ ᠭᠦᠨᠵᠡᠭᠡᠶ ᠠᠬᠢᠭᠤᠯᠵᠤ᠂ ᠨᠠᠷᠢᠯᠢᠭ   ᠦᠢ᠍ᠯᠡᠴᠢᠯᠡᠭᠡ᠎ᠪᠠᠨ ᠨᠢᠭᠲᠠ᠎ᠠᠴᠠ ᠨᠢᠭᠲᠠ ᠰᠠᠶ᠋ᠢᠲᠤᠷ ᠬᠢᠵᠦ᠂ ᠡᠷᠬᠡ ᠲᠡᠭᠰᠢ ᠢᠯᠡ ᠲᠣᠳᠣ᠂ ᠲᠥᠪ ᠭᠤᠤᠯᠴᠢ ᠥᠨᠳᠥᠷ ᠪᠦᠲᠦᠮᠵᠢᠲᠡᠶ᠂ ᠦᠨᠡᠨᠴᠢ ᠢᠲᠡᠭᠡᠮᠵᠢᠲᠡᠶ᠎ᠪᠠᠷ ᠬᠠᠤᠯᠢ ᠵᠢ ᠰᠠᠬᠢᠬᠤ ᠵᠠᠰᠠᠭ᠎ᠤᠨ ᠶᠠᠪᠤᠳᠠᠯ᠎ᠤᠨ ᠣᠷᠴᠢᠨ ᠨᠥᠬᠦᠴᠡᠯ᠎ᠢ ᠪᠥᠬᠦ ᠬᠦᠴᠦᠨ ᠵᠶ᠋ᠠᠷ ᠵᠶ᠋ᠠᠨ ᠪᠣᠶ ᠪᠣᠯᠭ᠋ᠠᠨ᠎ᠠ᠃
ᠬᠥᠲᠥᠯᠥᠭᠴᠢ 2021 - 03109᠄ 01
      ᠮᠡᠳᠡᠭᠡ ᠵᠠᠩᠭᠢ ᠵᠢᠨ ᠮᠡᠷᠭᠡᠵᠢᠯ᠎ᠤᠨ ᠦᠳᠲᠡᠷ ᠲᠦᠷᠭᠡᠨ ᠬᠥᠭᠵᠢᠯᠲᠡ ᠵᠢ ᠲᠠᠭ᠋ᠠᠯᠳᠤᠨ᠂ ᠤᠯᠠᠨ ᠲᠦᠮᠡᠨ᠎ᠤ ᠠᠵᠤ ᠠᠬᠤᠶ᠋ᠢᠯᠠᠯ᠎ᠤᠨ ᠠᠵᠢᠯ ᠶᠠᠪᠤᠳᠠᠯ ᠡᠷᠬᠢᠯᠡᠬᠦ ᠠᠷᠭ᠎ᠠ ᠮᠠᠶᠢᠭ᠎ᠲᠤ ᠴᠤ᠌ ᠮᠠᠰᠢ ᠶᠡᠭᠡ ᠬᠤᠪᠢᠷᠠᠯᠲᠠ ᠭᠠᠷᠴᠤ᠂ ᠦᠢ᠍ᠯᠡᠴᠢᠯᠡᠭᠡᠨ᠎ᠤ ᠬᠡᠯᠪᠡᠷᠢ᠎ᠨᠢ ᠨᠡᠩ ᠤᠯᠠᠨ ᠡᠰᠢᠴᠢᠯᠡᠭᠰᠡᠨ᠂ ᠳᠥᠭᠦᠮᠴᠢᠯᠡᠭᠰᠡᠨ ᠪᠠ ᠤᠶᠤᠨᠴᠢᠯᠠᠭᠰᠠᠨ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠠᠴᠠ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢ ᠠᠬᠢᠭᠤᠯᠬᠤ ᠲᠠᠯ᠎ᠠ᠎ᠪᠠᠷ᠂ ᠢᠯᠠᠩᠭᠤᠶ᠎ᠠ ᠰᠦᠯᠵᠢᠶᠡᠨ ᠳᠡᠭᠡᠷᠡᠬᠢ 《ᠨᠢᠭᠡ ᠰᠦᠯᠵᠢᠶ᠎ᠡ》᠂ ᠰᠦᠯᠵᠢᠶᠡᠨ ᠭᠠᠳᠠᠨᠠᠬᠢ 《ᠨᠢᠭᠡ ᠴᠣᠩᠬᠤᠪᠴᠢ》 ᠵᠢᠨ ᠦᠢ᠍ᠯᠡᠴᠢᠯᠡᠭᠡ ᠵᠢᠨ ᠲᠠᠯ᠎ᠠ᠎ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠣᠶ?
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠳᠠᠷᠤᠭ᠎ᠠ ᠪᠣᠤ ᠵᠢᠶᠠᠨ ᠵᠦᠩ 2021 - 03109᠄ 02
      ᠣᠶ᠋ᠢᠷ᠎ᠠ ᠵᠢᠨ ᠵᠢᠯ᠎ᠤᠳ᠎ᠲᠤ᠂ ᠥᠪᠡᠷᠲᠡᠭᠡᠨ ᠵᠠᠰᠠᠬᠤ ᠣᠷᠣᠨ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 2018 ᠣᠨ᠎ᠳᠤ᠂ ᠥᠪᠡᠷᠲᠡᠭᠡᠨ ᠵᠠᠰᠠᠬᠤ ᠣᠷᠣᠨ᠎ᠤ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠲᠠᠪᠴᠠᠩ᠎ᠢ ᠰᠦᠯᠵᠢᠶᠡᠨ ᠳᠡᠭᠡᠷ᠎ᠡ ᠭᠠᠷᠭ᠋ᠠᠪᠠ; 2019 ᠣᠨ᠎ᠳᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠢᠭᠡᠳᠦᠯᠲᠡᠶ ᠡᠭᠦᠳᠡ ᠡᠷᠦᠬᠡ ᠵᠢ ᠨᠢᠭᠡᠳᠦᠭᠦᠯᠬᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠬᠥᠮᠥᠷᠭᠡ ᠵᠢ ᠨᠢᠭᠡᠳᠦᠭᠦᠯᠬᠦ᠂ ᠪᠡᠶ᠎ᠡ ᠵᠢᠨ ᠭᠠᠷᠤᠯ᠎ᠤᠨ ᠭᠡᠷᠡᠴᠢᠯᠡᠯ᠎ᠢ ᠨᠢᠭᠡᠳᠦᠭᠦᠯᠬᠦ᠂ ᠡᠯᠧᠺᠲᠷᠣᠨ ᠦᠨᠡᠮᠯᠡᠯ᠎ᠤᠨ ᠬᠥᠮᠥᠷᠭᠡ ᠵᠢ ᠨᠢᠭᠡᠳᠦᠭᠦᠯᠬᠦ᠂ ᠡᠯᠧᠺᠲᠷᠣᠨ ᠲᠠᠮᠠᠭ᠎ᠠ ᠵᠢ ᠨᠢᠭᠡᠲᠦᠭᠦᠯᠬᠦ ᠵᠢ ᠪᠡᠶᠡᠯᠡᠭᠦᠯᠵᠦ᠂ ᠤᠯᠠᠮ ᠨᠢᠭᠡ ᠠᠯᠬᠤᠮ ᠡᠷᠴᠢᠮᠵᠢᠭᠦᠯᠪᠡ; 2020 ᠣᠨ᠎ᠳᠤ ᠤᠴᠢᠷ ᠶᠠᠪᠤᠳᠠᠯ᠎ᠢ ᠨᠠᠷᠢᠯᠢᠭᠵᠢᠭᠤᠯᠤᠨ ᠡᠮᠬᠢᠯᠡᠬᠦ ᠪᠠ ᠰᠠᠯᠠᠭ᠎ᠠ ᠮᠥᠴᠢᠷ᠎ᠤᠳ ᠬᠢᠨᠠᠨ ᠵᠥᠪᠰᠢᠶᠡᠷᠡᠬᠦ ᠰᠢᠰᠲ᠋ᠧᠮ᠎ᠢ ᠴᠡᠭᠴᠡᠯᠡᠨ ᠪᠠᠶ᠋ᠢᠭᠤᠯᠵᠤ ᠠᠵᠢᠯ ᠵᠶ᠋ᠠᠨ ᠵᠣᠯᠭ᠋ᠠᠭᠤᠯᠬᠤ ᠵᠢ ᠥᠷᠨᠢᠭᠦᠯᠵᠦ᠂ ᠮᠠᠰᠢ ᠰᠠᠶ᠋ᠢᠨ ᠰᠠᠭᠤᠷᠢ᠎ᠲᠠᠢ ᠪᠣᠯᠵᠠᠢ᠃ ᠡᠨᠡ ᠤᠳᠠᠭ᠎ᠠ ᠨᠡᠶ᠋ᠢᠲᠡᠯᠡᠭᠰᠡᠨ 《ᠨᠢᠭᠡ ᠰᠦᠯᠵᠢᠶ᠎ᠡ᠎ᠪᠠᠷ ᠭᠦᠢ᠍ᠴᠡᠳᠭᠡᠬᠦ》 ᠬᠡᠷᠡᠭᠵᠢᠭᠦᠯᠬᠦ ᠲᠥᠰᠦᠯ ᠪᠣᠯ ᠳᠠᠷᠤᠶ ᠵᠢᠷᠤᠮᠵᠢᠭᠤᠯᠤᠭᠰᠠᠨ   ᠦᠢ᠍ᠯᠡᠴᠢᠯᠡᠭᠡ ᠬᠢᠬᠦ ᠪᠠᠷᠢᠮᠵᠢᠶ᠎ᠠ ᠵᠢ ᠬᠡᠷᠡᠭᠯᠡᠬᠦ᠂ ᠰᠠᠯᠠᠭ᠎ᠠ ᠮᠥᠴᠢᠷ᠎ᠤᠨ ᠲᠤᠬᠠᠶ᠋ᠢᠯᠠᠭᠰᠠᠨ ᠠᠵᠢᠯ᠎ᠤᠨ ᠬᠢᠨᠠᠨ ᠵᠥᠪᠰᠢᠶᠡᠷᠡᠬᠦ ᠰᠢᠰᠲ᠋ᠧᠮ᠎ᠢ ᠨᠡᠪᠲᠡᠷᠡᠭᠦᠯᠬᠦ᠂ 《ᠶᠡᠷᠦᠩᠬᠡᠶ᠋ᠢᠯᠡᠭᠰᠡᠨ ᠨᠢᠭᠡ ᠴᠣᠩᠬᠤᠪᠴᠢ᠎ᠪᠠᠷ ᠭᠥᠯᠢᠶᠡᠨ ᠠᠪᠴᠤ ᠭᠦᠢ᠍ᠴᠡᠳᠭᠡᠬᠦ》 ᠰᠢᠰᠲ᠋ᠧᠮ᠎ᠤᠨ ᠬᠡᠷᠡᠭᠯᠡᠯᠲᠡ ᠵᠢ ᠳᠡᠯᠭᠡᠷᠡᠭᠦᠯᠬᠦ᠂ ᠨᠢᠭᠡᠳᠦᠯᠲᠡᠶ ᠲᠤᠯᠭ᠋ᠠᠭᠤᠷᠢᠯᠠᠬᠤ ᠰᠢᠰᠲ᠋ᠧᠮ᠎ᠢ ᠪᠠᠬᠢᠵᠢᠭᠦᠯᠬᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠠᠭᠤᠰᠤᠯᠴᠠᠭᠤᠯᠬᠤ ᠵᠡᠷᠭᠡ ᠬᠠᠮ ᠠᠷᠭ᠎ᠠ ᠬᠡᠮᠵᠢᠶ᠎ᠡ ᠵᠢ ᠠᠪᠬᠤ᠎ᠪᠠᠷ ᠳᠠᠮᠵᠢᠭᠤᠯᠤᠨ᠂ ᠠᠵᠤ ᠠᠬᠤᠶ᠋ᠢᠯᠠᠯ ᠣᠯᠠᠨ ᠲᠦᠮᠡᠨ᠎ᠤ ᠠᠩᠬᠠᠷᠴᠤ ᠪᠠᠶ᠋ᠢᠭ᠎ᠠ ᠥᠨᠳᠥᠷ ᠲᠠᠪᠳᠠᠮᠵᠢᠳᠤ ᠦᠢ᠍ᠯᠡᠴᠢᠯᠡᠭᠡᠨ᠎ᠤ ᠠᠭᠤᠯᠭ᠎ᠠ ᠵᠢ ᠰᠦᠯᠵᠢᠶᠡᠨ ᠳᠡᠭᠡᠷ᠎ᠡ ᠭᠦᠢ᠍ᠴᠡᠳᠬᠡᠵᠦ ᠪᠠᠶ᠋ᠢᠭᠰᠠᠨ᠎ᠢ ᠰᠦᠯᠵᠢᠶᠡᠨ ᠳᠡᠭᠡᠷ᠎ᠡ ᠳᠦᠭᠦᠮ ᠭᠦᠢ᠍ᠴᠡᠳᠭᠡᠬᠦ᠂ ᠰᠦᠯᠵᠢᠶᠡᠨ ᠳᠡᠭᠡᠷ᠎ᠡ ᠠᠮᠠᠷᠬᠠᠨ ᠭᠦᠢ᠍ᠴᠡᠳᠭᠡᠬᠦ ᠲᠡᠶ᠋ᠢᠰᠢ ᠬᠤᠪᠢᠷᠠᠭᠤᠯᠬᠤ ᠶᠠᠪᠤᠳᠠᠯ ᠪᠣᠯᠤᠨ᠎ᠠ᠃ ᠰᠦᠯᠵᠢᠶᠡᠨ᠎ᠠᠴᠠ ᠭᠠᠳᠠᠨ᠎ᠠ ᠶᠡᠭᠡ ᠲᠢᠩᠬᠢᠮ᠎ᠳᠤ᠂ ᠡᠯ᠎ᠡ ᠰᠠᠯᠠᠭ᠎ᠠ ᠮᠥᠴᠢᠷ᠎ᠲᠤ ᠲᠠᠷᠬᠠᠵᠤ ᠪᠠᠶ᠋ᠢᠭ᠎ᠠ ᠦᠢ᠍ᠯᠡᠴᠢᠯᠡᠭᠡᠨ᠎ᠤ ᠴᠣᠩᠬᠤᠪᠴᠢ ᠵᠢ ᠠᠯᠬᠤᠮ ᠠᠯᠬᠤᠮ ᠵᠶ᠋ᠠᠷ ᠡᠮᠬᠢᠯᠡᠨ ᠨᠡᠶ᠋ᠢᠯᠡᠭᠦᠯᠵᠦ ᠶᠡᠷᠦᠩᠬᠡᠶ᠋ᠢᠯᠡᠨ ᠭᠥᠯᠢᠶᠡᠨ ᠠᠪᠴᠤ ᠭᠦᠢ᠍ᠴᠡᠳᠭᠡᠬᠦ ᠴᠣᠩᠬᠤᠪᠴᠢ ᠪᠣᠯᠭ᠋ᠠᠨ᠂ 《ᠡᠮᠦᠨ᠎ᠡ ᠲᠠᠪᠴᠠᠩ᠎ᠳᠤ ᠶᠡᠷᠦᠩᠬᠡᠶ᠋ᠢᠯᠡᠨ ᠭᠥᠯᠢᠶᠡᠨ ᠠᠪᠴᠤ᠂ ᠠᠷᠤ ᠲᠠᠪᠴᠠᠩ᠎ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶ᠋ᠢᠯᠡᠭᠰᠡᠨ ᠴᠣᠩᠬᠤᠪᠴᠢ᠎ᠪᠠᠷ ᠪᠢᠴᠢᠭ ᠮᠠᠲ᠋ᠧᠷᠢᠶᠠᠯ ᠭᠠᠷᠭ᠋ᠠᠬᠤ》 ᠦᠢ᠍ᠯᠡᠴᠢᠯᠡᠭᠡᠨ᠎ᠤ ᠵᠠᠭᠪᠤᠷ᠎ᠢ ᠬᠡᠷᠡᠭᠵᠢᠭᠦᠯᠵᠦ᠂ ᠠᠵᠢᠯ ᠶᠠᠪᠤᠳᠠᠯ ᠭᠦᠢ᠍ᠴᠡᠳᠭᠡᠬᠦ ᠣᠯᠠᠨ ᠲᠦᠮᠡᠨ᠎ᠢ 《ᠣᠯᠠᠨ ᠡᠭᠦᠳᠡ᠎ᠪᠠᠷ ᠭᠦᠶᠦᠵᠦ》 ᠪᠠᠶ᠋ᠢᠭᠰᠠᠨ᠎ᠠᠴᠠ᠎ᠨᠢ 《ᠨᠢᠭᠡ ᠡᠭᠦᠳᠡ᠎ᠪᠠᠷ ᠭᠦᠶᠦᠬᠦ》 ᠪᠣᠯᠭ᠋ᠠᠨ ᠬᠤᠪᠢᠷᠠᠭᠤᠯᠵᠤ᠂ 《ᠰᠠᠯᠠᠭ᠎ᠠ ᠮᠥᠴᠢᠷ᠎ᠢ ᠡᠷᠢᠬᠦ》 ᠪᠠᠶ᠋ᠢᠭᠰᠠᠨ᠎ᠠᠴᠠ᠎ᠨᠢ 《ᠵᠠᠰᠠᠭ᠎ᠤᠨ ᠣᠷᠳᠣᠨ᠎ᠢ ᠡᠷᠢᠬᠦ》 ᠪᠣᠯᠭ᠋ᠠᠨ ᠬᠤᠪᠢᠷᠠᠭᠤᠯᠤᠨ᠎ᠠ᠃
ᠬᠥᠲᠥᠯᠥᠭᠴᠢ 2021 - 03109᠄ 03
     《ᠮᠥᠩᠬᠡ ᠰᠤᠪᠠᠭ》 APP᠎ᠢ ᠰᠦᠯᠵᠢᠶᠡᠨ᠎ᠳᠤ ᠭᠠᠷᠭ᠋ᠠᠭᠰᠠᠨ᠎ᠠᠴᠠ ᠨᠠᠭ᠋ᠠᠰᠢ᠂ ᠮᠠᠨ᠎ᠤ ᠣᠷᠤᠨ᠎ᠤ ᠨᠡᠶ᠋ᠢᠭᠡᠮ᠎ᠤᠨ ᠡᠯ᠎ᠡ ᠡᠲᠡᠭᠡᠳ᠎ᠤ᠎ᠬᠢᠨ᠎ᠤ ᠠᠩᠬᠠᠷᠤᠯ᠎ᠢ ᠳᠠᠲᠠᠵᠠᠢ᠃ ᠡᠭᠦᠨ᠎ᠠᠴᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠰᠢᠨ᠎ᠡ ᠮᠡᠳᠡᠭᠡ ᠵᠢᠭᠤᠴᠢᠯᠠᠭᠤᠷ᠎ᠤᠨ ᠬᠤᠵᠢᠭᠤ ᠳᠠᠪᠠᠭᠤᠯᠢᠭ᠎ᠢ ᠮᠡᠳᠡᠵᠦ ᠪᠣᠯᠤᠨ᠎ᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠠᠷᠭ᠎ᠠ ᠮᠠᠶᠢᠭ᠎ᠢ ᠲᠠᠰᠤᠷᠠᠯᠲᠠ ᠦᠭᠡᠢ ᠥᠷᠭᠡᠵᠢᠭᠦᠯᠵᠦ 《ᠰᠦᠯᠵᠢᠶᠠᠨ ᠭᠠᠳᠠᠨ᠎ᠠ》᠎ᠠᠴᠠ 《ᠰᠦᠯᠵᠢᠶᠡᠨ ᠳᠡᠭᠡᠷ᠎ᠡ》 ᠳᠠᠬᠢᠨ 《ᠠᠯᠠᠭ᠋ᠠᠨ ᠳᠡᠭᠡᠷ᠎ᠡ》 ᠭᠦᠢ᠍ᠴᠡᠳᠭᠡᠬᠦ ᠶᠠᠪᠤᠴᠠ᠎ᠳᠤ 《ᠮᠥᠩᠬᠡ ᠰᠤᠪᠠᠭ》 APP᠎ᠨᠢ ᠠᠵᠤ ᠠᠬᠤᠶ᠋ᠢᠯᠠᠯ ᠠᠷᠠᠳ ᠲᠦᠮᠡᠨ᠎ᠳᠤ ᠬᠡᠷᠬᠢᠨ ᠳᠦᠭᠦᠮ ᠦᠵᠡᠭᠦᠯᠦᠭᠰᠡᠨ ᠪᠤᠢ?
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠳᠠᠷᠤᠭ᠎ᠠ ᠪᠣᠤ ᠵᠢᠶᠠᠨ ᠵᠦᠩ 2021 - 03109᠄ 03
     《ᠮᠥᠩᠬᠡ ᠰᠤᠪᠠᠭ》 APP᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠲᠣᠭ᠋ᠠᠴᠢᠯᠠᠬᠤ ᠬᠡᠯᠪᠡᠷᠢ ᠪᠣᠯᠭ᠋ᠠᠭᠰᠠᠨ ᠦᠢ᠍ᠯᠡᠳᠦᠯᠭᠡ ᠵᠢᠨ ᠴᠢᠬᠤᠯᠠ ᠦᠷ᠎ᠡ ᠪᠦᠲᠦᠭᠡᠯ ᠪᠣᠯᠤᠭᠰᠠᠨ᠎ᠤ ᠬᠤᠪᠢ᠎ᠳᠤ᠂ ᠪᠥᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠪᠦᠲᠦᠮᠵᠢᠲᠡᠶ ᠤᠷᠲᠤᠳᠬᠠᠯ ᠪᠣᠯᠵᠠᠢ᠂ 《ᠠᠯᠠᠭ᠋ᠠᠨ ᠳᠡᠭᠡᠷ᠎ᠡ ᠭᠦᠢ᠍ᠴᠡᠳᠭᠡᠬᠦ》 ᠬᠡᠷᠡᠭᠵᠢᠭᠦᠯᠬᠦ ᠲᠥᠰᠦᠯ᠎ᠢ ᠨᠡᠶ᠋ᠢᠲᠡᠯᠡᠭᠰᠡᠨ᠎ᠤ ᠵᠣᠷᠢᠯᠭ᠎ᠠ᠎ᠨᠢ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢᠴᠢ ᠳᠥᠭᠦᠮᠴᠢᠯᠡᠯᠲᠡ ᠵᠢᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠦᠭᠡ ᠶᠤᠮ᠃ 2020 ᠣᠨ᠎ᠤ 5 ᠳ᠋ᠤᠭ᠋ᠠᠷ ᠰᠠᠷ᠎ᠠ ᠵᠢᠨ 8᠎ᠤ ᠡᠳᠦᠷ 《ᠮᠥᠩᠬᠡ ᠰᠤᠪᠠᠭ》 APP ᠵᠢ ᠵᠢᠩᠬᠢᠨᠢ᠎ᠪᠠᠷ ᠰᠦᠯᠵᠢᠶᠡᠨ᠎ᠳᠤ ᠭᠠᠷᠭ᠋ᠠᠭ᠋ᠠᠳ᠂ 12 ᠠᠶ᠋ᠢᠮᠠᠭ ᠬᠤᠲᠠ᠂ 103 ᠬᠤᠰᠢᠭᠤ ᠰᠢᠶᠠᠨ (ᠬᠤᠲᠠ᠂ ᠲᠣᠭᠤᠷᠢᠭ)᠎ᠳᠤ 《ᠰᠦᠯᠵᠢᠶᠡᠨ ᠳᠡᠭᠡᠷᠡᠬᠢ ᠴᠣᠩᠬᠤᠪᠴᠢ》 ᠵᠢ ᠨᠡᠭᠡᠭᠡᠨ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ 《ᠭᠤᠷᠪᠠᠨ ᠱᠠᠲᠤ》 ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠬᠡᠷᠡᠭᠯᠡᠬᠦ ᠵᠢ ᠪᠡᠶᠡᠯᠡᠭᠦᠯᠵᠡᠢ᠃ ᠰᠦᠯᠵᠢᠶᠡᠨ᠎ᠳᠤ ᠭᠠᠷᠭ᠋ᠠᠭᠰᠠᠨ᠎ᠤ 10 ᠰᠠᠷ᠎ᠠ ᠵᠢᠨ ᠳᠠᠷᠠᠭ᠎ᠠ᠂ 《ᠮᠥᠩᠬᠡ ᠰᠤᠪᠠᠭ》 APP᠎ᠳᠤ ᠳᠠᠩᠰᠠᠯᠠᠭᠤᠯᠤᠭᠰᠠᠨ ᠬᠡᠷᠡᠭᠯᠡᠭᠴᠢ ᠡᠷᠦᠬᠡ 410 ᠲᠦᠮᠡ᠎ᠳᠤ ᠬᠦᠷᠴᠦ᠂ ᠠᠰᠢᠭᠯᠠᠭᠰᠠᠨ ᠬᠡᠷᠡᠭᠯᠡᠭᠴᠢ ᠵᠢᠨ ᠲᠤᠭ᠎ᠠ ᠨᠡᠶ᠋ᠢᠲᠡ 7000 ᠭᠠᠷᠤᠶ ᠲᠦᠮᠡ ᠵᠢ ᠳᠠᠪᠠᠵᠤ᠂ ᠡᠷᠡᠭᠦᠯ ᠮᠡᠨᠳᠦ ᠵᠢᠨ ᠺᠣᠳ᠋᠎ᠢ 4800 ᠲᠦᠮᠡᠨ ᠤᠳᠠᠭ᠎ᠠ ᠭᠠᠷᠭ᠋ᠠᠪᠠ᠃ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ᠎ᠤ 5000 ᠭᠠᠷᠤᠶ ᠰᠠᠯᠠᠭ᠎ᠠ ᠮᠥᠴᠢᠷ᠎ᠤᠨ 10 ᠲᠦᠮᠡᠨ ᠵᠦᠢ᠍ᠯ᠎ᠤᠨ ᠬᠡᠷᠡᠭ ᠤᠴᠢᠷ᠎ᠤᠨ ᠴᠤᠪᠤᠷᠠᠯ᠎ᠤᠨ ᠠᠬᠢᠴᠠ ᠵᠢ ᠪᠠᠶ᠋ᠢᠴᠠᠭ᠋ᠠᠨ ᠯᠠᠪᠯᠠᠬᠤ᠂ ᠯᠠᠪᠯᠠᠵᠤ ᠦᠨᠡᠯᠡᠬᠦ ᠦᠢ᠍ᠯᠡᠴᠢᠯᠡᠭᠡ ᠵᠢ ᠪᠡᠶᠡᠯᠡᠭᠦᠯᠵᠦ᠂ 573 ᠲᠥᠷᠦᠯ᠎ᠤᠨ ᠣᠨᠴᠠᠯᠢᠭᠲᠤ ᠬᠡᠷᠡᠭᠯᠡᠭᠡᠨ᠎ᠨᠦᠭᠦᠳ᠎ᠢ ᠵᠠᠯᠭ᠋ᠠᠨ ᠣᠷᠣᠭᠤᠯᠵᠤ᠂ ᠡᠷᠡᠭᠦᠯ ᠮᠡᠨᠳᠦ ᠵᠢᠨ ᠺᠠᠷᠲ᠂ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠂ ᠵᠢᠯᠣᠭᠤᠴᠢ ᠵᠢᠨ ᠦᠨᠡᠮᠯᠡᠯ ᠵᠡᠷᠭᠡ 16 ᠲᠥᠷᠥᠯ᠎ᠤᠨ ᠡᠯᠧᠺᠲᠷᠣᠨ ᠦᠨᠡᠮᠯᠡᠯ᠎ᠤᠨ ᠬᠡᠷᠡᠭᠯᠡᠯᠲᠡ᠎ᠨᠦᠭᠦᠳ᠎ᠢ ᠳᠡᠮᠵᠢᠪᠡ᠃ ᠲᠠᠷᠠᠭ᠋ᠠᠴᠢ ᠵᠢᠨ ᠠᠯᠬᠤᠮ᠎ᠳᠤ᠂ 《ᠮᠥᠩᠬᠡ ᠰᠤᠪᠠᠭ》 APP᠎ᠨᠢ ᠠᠵᠤ ᠠᠬᠤᠶ᠋ᠢᠯᠠᠯ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠳᠤ ᠦᠷᠭᠦᠯᠵᠢᠯᠡᠨ ᠰᠠᠭᠤᠷᠢᠯᠠᠵᠤ᠂ ᠳᠣᠲᠣᠭ᠋ᠠᠳᠤ ᠵᠢ ᠬᠠᠮᠠᠭ᠋ᠠᠯᠠᠬᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠠᠷᠠᠳ᠎ᠤᠨ ᠶᠠᠪᠤᠳᠠᠯ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠡᠷᠭᠡ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠲᠣᠭᠤᠷᠢᠨ᠎ᠳᠤ᠂ ᠬᠠᠮᠤᠷᠬᠤ ᠬᠡᠪᠴᠢᠶ᠎ᠡ᠎ᠪᠠᠷ ᠥᠷᠭᠡᠨ᠂ ᠬᠡᠷᠡᠭᠯᠡᠭᠡᠨ᠎ᠤ ᠳᠠᠪᠲᠠᠮᠵᠢ᠎ᠪᠠᠷ ᠥᠨᠳᠥᠷ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠰᠢᠯᠵᠢᠭᠡ ᠦᠵᠦᠭᠦᠷ ᠳᠠᠰᠢ ᠤᠷᠲᠤᠳᠬᠠᠬᠤ ᠵᠢ ᠢᠳᠡᠪᠬᠢᠲᠡᠶ ᠠᠬᠢᠭᠤᠯᠵᠤ᠂ ᠨᠠᠩ ᠣᠯᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ 《ᠠᠯᠠᠭ᠋ᠠᠨ ᠳᠡᠭᠡᠷ᠎ᠡ ᠭᠦᠢ᠍ᠴᠡᠳᠭᠡᠬᠦ》᠂ 《ᠬᠤᠷᠤᠭᠤ᠎ᠪᠠᠷ ᠭᠦᠢ᠍ᠴᠡᠳᠭᠡᠬᠦ》 ᠵᠢ ᠪᠡᠶᠡᠯᠡᠭᠦᠯᠵᠦ᠂ 《ᠮᠥᠩᠬᠡ ᠰᠤᠪᠠᠭ》 APP ᠵᠢ ᠠᠵᠤ ᠠᠬᠤᠶ᠋ᠢᠯᠠᠯ ᠣᠯᠠᠨ ᠲᠦᠮᠡᠨ᠎ᠤ 《ᠦᠵᠡᠬᠦ᠎ᠳᠤ ᠡᠪᠲᠡᠢ ᠬᠡᠷᠡᠭᠯᠡᠬᠦ᠎ᠳᠤ ᠳᠦᠭᠦᠮ᠂ ᠦᠷᠭᠦᠯᠵᠢ ᠦᠵᠡᠨ ᠪᠠᠶ᠋ᠢᠩᠭᠤ ᠠᠰᠢᠭᠯᠠᠳᠠᠭ》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠰᠢᠯᠵᠢᠮᠡᠯ ᠲᠠᠪᠴᠠᠩ ᠪᠣᠯᠭ᠋ᠠᠨ᠎ᠠ᠃
ᠬᠥᠲᠥᠯᠥᠭᠴᠢ 2021 - 03109᠄ 05
      ᠲᠠᠨ᠎ᠤ ᠰᠠᠶᠢ ᠵᠢᠨ ᠳᠤᠷᠠᠳᠤᠭᠰᠠᠨ 《ᠮᠥᠩᠬᠡ ᠰᠤᠪᠠᠭ ᠵᠶ᠋ᠠᠷ ᠬᠦᠢ᠍ᠴᠡᠳᠭᠡᠬᠦ · ᠨᠢᠭᠡ ᠯᠠ ᠤᠳᠠᠭ᠎ᠠ᠎ᠳᠤ ᠭᠦᠢ᠍ᠴᠡᠳᠭᠡᠬᠦ》 ᠭᠡᠳᠡᠭ᠎ᠨᠢ ᠪᠣᠳᠠᠲᠠᠶ ᠶᠠᠭᠤ ᠵᠢ ᠵᠢᠭ᠋ᠠᠵᠤ ᠪᠠᠶ᠋ᠢᠬᠤ ᠪᠤᠢ? ᠡᠨᠡ ᠤᠳᠠᠭ᠎ᠠ᠂ ᠥᠪᠡᠷᠲᠡᠭᠡᠨ ᠵᠠᠰᠠᠬᠤ ᠣᠷᠣᠨ᠎ᠠᠴᠠ ᠨᠡᠶ᠋ᠢᠲᠡᠯᠡᠭᠰᠡᠨ 《〈ᠮᠥᠩᠬᠡ ᠰᠤᠪᠠᠭ〉᠎ᠤᠨ ᠨᠢᠭᠡ ᠯᠡ ᠤᠳᠠᠭ᠎ᠠ᠎ᠳᠤ ᠭᠦᠢ᠍ᠴᠡᠳᠭᠡᠬᠦ》 ᠠᠵᠢᠯ᠎ᠢ ᠪᠥᠬᠦ ᠲᠠᠯ᠎ᠠ᠎ᠪᠠᠷ ᠬᠡᠷᠡᠭᠵᠢᠭᠦᠯᠬᠦ ᠲᠥᠰᠦᠯ》᠎ᠳᠤ ᠴᠥᠮ ᠶᠠᠮᠠᠷ ᠶᠠᠮᠠᠷ ᠣᠨᠴᠠᠯᠢᠭ ᠪᠠ ᠬᠢᠯᠠᠰ ᠴᠡᠭ ᠪᠠᠶ᠋ᠢᠬᠤ ᠪᠣᠶ?
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠳᠠᠷᠤᠭ᠎ᠠ ᠪᠣᠤ ᠵᠢᠶᠠᠨ ᠵᠦᠩ 2021 - 03109᠄ 05
     《ᠨᠢᠭᠡ ᠯᠡ ᠤᠳᠠᠭ᠎ᠠ᠎ᠳᠤ ᠭᠦᠢ᠍ᠴᠡᠳᠭᠡᠬᠦ》 ᠭᠡᠳᠡᠭ᠎ᠢ ᠣᠶ᠋ᠢᠯᠠᠭ᠋ᠠᠮᠵᠢᠲᠠᠶ᠎ᠪᠠᠷ ᠬᠡᠯᠡᠪᠡᠯ᠂ ᠣᠯᠠᠨ ᠰᠠᠯᠠᠭ᠎ᠠ ᠮᠥᠴᠢᠷ᠎ᠤᠨ ᠰᠢᠢ᠍ᠳᠪᠦᠷᠢᠯᠡᠬᠦ 《ᠨᠢᠭᠡ ᠯᠡ ᠤᠴᠢᠷ ᠶᠠᠪᠤᠳᠠᠯ》᠎ᠢ ᠣᠯᠠᠨ ᠲᠦᠮᠡᠨ᠎ᠤ ᠨᠢᠳᠦᠨ᠎ᠳᠤ ᠦᠵᠡᠭᠳᠡᠬᠦ 《ᠨᠢᠭᠡ ᠯᠡ ᠶᠠᠪᠤᠳᠠᠯ》 ᠪᠣᠯᠭ᠋ᠠᠨ ᠲᠥᠪᠯᠡᠷᠡᠭᠦᠯᠵᠦ᠂ 《ᠨᠢᠭᠡ ᠯᠡ ᠤᠳᠠᠭ᠎ᠠ ᠮᠡᠳᠡᠭᠦᠯᠬᠦ᠂ ᠨᠢᠭᠡ ᠯᠡ ᠢᠵᠢ ᠬᠦᠰᠦᠨᠦᠭ᠂ ᠨᠢᠭᠡ ᠯᠡ ᠤᠳᠠᠭ᠎ᠠ᠎ᠳᠤ ᠭᠦᠢ᠍ᠴᠡᠳᠭᠡᠬᠦ᠂ ᠨᠢᠭᠡ ᠯᠡ ᠤᠳᠠᠭ᠎ᠠ᠎ᠳᠤ ᠬᠠᠮᠲᠤᠷᠠᠨ ᠭᠦᠢ᠍ᠴᠡᠳᠭᠡᠬᠦ᠂ ᠨᠢᠭᠡ ᠯᠡ ᠤᠳᠠᠭ᠎ᠠ᠎ᠳᠤ ᠭᠦᠢ᠍ᠴᠡᠳᠬᠡᠵᠦ ᠳᠠᠭᠤᠰᠬᠠᠬᠤ᠂ ᠨᠢᠭᠡ ᠯᠡ ᠴᠣᠩᠬᠤᠪᠴᠢ᠎ᠪᠠᠷ ᠦᠨᠡᠮᠯᠡᠯ ᠣᠯᠭᠤᠬᠤ》 ᠪᠢᠲᠡᠭᠦᠦ ᠴᠠᠭ᠋ᠠᠷᠢᠭ᠎ᠤᠨ ᠵᠠᠭᠪᠤᠷ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠤᠴᠢᠷ ᠶᠠᠪᠤᠳᠠᠯ ᠭᠦᠢ᠍ᠴᠡᠳᠬᠡᠯᠭᠡᠬᠦ ᠣᠯᠠᠨ ᠲᠦᠮᠡᠨ᠎ᠳᠤ ᠢᠵᠢ ᠦᠢ᠍ᠯᠡᠴᠢᠯᠡᠭᠡ᠂ ᠭᠤᠤᠯ ᠰᠡᠳᠦᠪᠲᠦ ᠦᠢ᠍ᠯᠡᠴᠢᠯᠡᠭᠡ ᠬᠠᠩᠭ᠋ᠠᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠵᠦᠢ᠍ᠯᠡᠰ᠎ᠢ 《ᠣᠯᠠᠨ ᠲᠠᠯ᠎ᠠ᠎ᠠᠴᠠ ᠬᠠᠮᠢᠶᠠᠷᠬᠤ》 ᠵᠢ 《ᠲᠥᠪᠯᠡᠷᠡᠭᠦᠯᠦᠨ ᠭᠦᠢ᠍ᠴᠡᠳᠬᠡᠬᠦ》 ᠪᠣᠯᠭ᠋ᠠᠨ ᠬᠤᠪᠢᠷᠠᠭᠤᠯᠵᠤ᠂ ᠠᠵᠤ ᠠᠬᠤᠶ᠋ᠢᠯᠠᠯ ᠣᠯᠠᠨ ᠲᠦᠮᠡᠨ᠎ᠤ 《ᠣᠯᠠᠨ ᠤᠳᠠᠭ᠎ᠠ ᠭᠦᠶᠦᠬᠦ》 ᠵᠢ 《ᠨᠢᠭᠡ ᠯᠡ ᠤᠳᠠᠭ᠎ᠠ᠎ᠳᠤ ᠭᠦᠢ᠍ᠴᠡᠳᠭᠡᠬᠦ》 ᠪᠣᠯᠭ᠋ᠠᠬᠤ ᠵᠢ ᠬᠡᠯᠡᠨ᠎ᠡ᠃ 《ᠨᠢᠭᠡ ᠯᠡ ᠤᠳᠠᠭ᠎ᠠ᠎ᠳᠤ ᠭᠦᠢ᠍ᠴᠡᠳᠭᠡᠬᠦ》 ᠠᠵᠢᠯ᠎ᠤᠨ ᠬᠡᠷᠡᠭᠵᠢᠭᠦᠯᠬᠦ ᠲᠥᠰᠦᠯ᠎ᠳᠤ 3 ᠭᠤᠤᠯ ᠠᠵᠢᠯ ᠪᠣᠶ᠃ ᠨᠢᠭᠡ᠎ᠳᠤ ᠥᠪᠡᠷᠲᠡᠭᠡᠨ ᠵᠠᠰᠠᠬᠤ ᠣᠷᠣᠨ 《ᠨᠢᠭᠡ ᠶᠠᠪᠤᠳᠠᠯ》᠎ᠤᠨ   ᠵᠦᠢ᠍ᠯᠡᠰ᠎ᠤᠨ ᠨᠠᠷᠢᠨ ᠬᠠᠭᠤᠳᠠᠰᠤ ᠵᠢ ᠨᠢᠭᠡᠳᠦᠯᠲᠡᠶ ᠡᠮᠬᠢᠯᠡᠨ ᠳᠢᠭᠯᠡᠨ᠎ᠡ᠃ ᠡᠯ᠎ᠡ ᠭᠠᠵᠠᠷ᠎ᠤᠨ᠎ᠬᠢᠨ ᠳᠠᠬᠢᠨ ᠳᠠᠪᠲᠠᠨ ᠡᠮᠬᠢᠯᠡᠬᠦ᠎ᠠᠴᠠ ᠵᠠᠶ᠋ᠢᠯᠠᠰᠬᠢᠵᠦ᠂ ᠦᠨᠳᠦᠰᠦᠨ ᠱᠠᠲᠤᠨ᠎ᠤ ᠠᠵᠢᠯ᠎ᠤᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠵᠦ᠂ ᠡᠯ᠎ᠡ ᠭᠠᠵᠠᠷ᠎ᠤᠨ᠎ᠬᠢᠨ᠎ᠤ 《ᠨᠢᠭᠡ ᠯᠡ ᠤᠳᠠᠭ᠎ᠠ᠎ᠳᠤ ᠭᠦᠢ᠍ᠴᠡᠳᠭᠡᠬᠦ》 ᠵᠢ ᠲᠦᠷᠭᠡᠨ ᠪᠥᠭᠡᠳ ᠥᠨᠳᠥᠷ ᠪᠦᠲᠦᠮᠵᠢᠲᠡᠶ᠎ᠪᠠᠷ ᠪᠡᠶᠡᠯᠡᠭᠦᠯᠬᠦ ᠵᠢ ᠠᠭᠢᠭᠤᠯᠤᠨ᠎ᠠ᠃ ᠬᠤᠶᠠᠷ᠎ᠲᠤ ᠠᠵᠢᠯ ᠶᠠᠪᠤᠳᠠᠯ ᠭᠦᠢ᠍ᠴᠡᠳᠭᠡᠬᠦ ᠵᠦᠭᠯᠡᠭᠦᠷ ᠪᠠ ᠴᠤᠪᠤᠷᠠᠯ ᠵᠢᠷᠤᠭ᠎ᠢ ᠨᠢᠭᠡᠳᠦᠯᠲᠡᠶ ᠨᠠᠶ᠋ᠢᠷᠠᠭᠤᠯᠤᠨ ᠵᠣᠬᠢᠶᠠᠨ᠎ᠠ᠃ ᠤᠯᠤᠰ᠎ᠤᠨ ᠬᠤᠯᠪᠣᠭᠳᠠᠯ ᠪᠦᠬᠦᠢ ᠪᠠᠷᠢᠮᠵᠢᠶ᠎ᠠ ᠶᠣᠰᠣᠭ᠋ᠠᠷ ᠥᠪᠡᠷᠲᠡᠭᠡᠨ ᠵᠠᠰᠠᠬᠤ ᠣᠷᠣᠨ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ ᠪᠠ ᠴᠤᠪᠤᠷᠠᠯ ᠵᠢᠷᠤᠭ᠎ᠢ ᠪᠦᠷᠢᠯᠳᠦᠭᠦᠯᠵᠦ᠂ ᠡᠯ᠎ᠡ ᠭᠠᠵᠠᠷ᠎ᠤᠨ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ᠎ᠤᠨ ᠬᠦᠴᠦᠨ ᠵᠦᠢ᠍ᠯ᠎ᠨᠢ ᠨᠢᠭᠡᠳᠦᠯ ᠦᠭᠡᠶ᠂ ᠮᠡᠳᠡᠭᠳᠡᠭᠰᠡᠨ᠎ᠨᠢ ᠪᠣᠳᠠᠲᠠᠶ᠋ᠢᠵᠢᠭᠰᠠᠨ ᠦᠭᠡᠶ᠂ ᠮᠠᠲ᠋ᠧᠷᠢᠶᠠᠯ᠎ᠢ ᠳᠠᠪᠬᠤᠷᠳᠠᠭᠤᠯᠤᠨ ᠲᠤᠰᠢᠶᠠᠭᠰᠠᠨ᠂ ᠠᠵᠢᠯ ᠶᠠᠪᠤᠳᠠᠯ ᠭᠦᠢ᠍ᠴᠡᠳᠬᠡᠬᠦ ᠭᠤᠭᠴᠤᠭ᠎ᠠ ᠣᠯᠠᠨ ᠪᠠᠶ᠋ᠢᠬᠤ ᠵᠡᠷᠭᠡ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠨ᠎ᠡ᠃ ᠭᠤᠷᠪᠠ᠎ᠳᠤ ᠣᠷᠣᠨ ᠨᠤᠲᠤᠭ᠎ᠤᠨ ᠪᠠᠷᠢᠮᠵᠢᠶ᠎ᠠ ᠵᠢ ᠨᠢᠭᠡᠳᠦᠯᠲᠡᠶ ᠲᠣᠭᠲᠠᠭ᠋ᠠᠨ᠎ᠠ᠃ ᠡᠯ᠎ᠡ ᠭᠠᠵᠠᠷ᠎ᠤᠨ 《ᠨᠢᠭᠡ ᠯᠡ ᠤᠳᠠᠭ᠎ᠠ᠎ᠳᠤ ᠭᠦᠢ᠍ᠴᠡᠳᠭᠡᠬᠦ》 ᠠᠵᠢᠯ᠎ᠢ ᠠᠯᠢ ᠴᠢᠳᠠᠬᠤ᠎ᠪᠠᠷ ᠵᠢᠷᠤᠮᠵᠢᠭᠤᠯᠵᠤ᠂ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃
ᠬᠥᠲᠥᠯᠥᠭᠴᠢ 2021 - 03109᠄ 06
      ᠥᠪᠡᠷᠲᠡᠭᠡᠨ ᠵᠠᠰᠠᠬᠤ ᠣᠷᠣᠨ 《ᠮᠥᠩᠬᠡ ᠰᠤᠪᠠᠭ ᠲᠠᠨ᠎ᠢ ᠬᠠᠪᠰᠤᠷᠤᠨ ᠭᠦᠢ᠍ᠴᠡᠳᠭᠡᠬᠦ》 ᠠᠵᠢᠯ᠎ᠤᠨ ᠬᠡᠷᠡᠭᠵᠢᠭᠦᠯᠬᠦ ᠲᠥᠰᠦᠯ᠎ᠢ ᠲᠣᠭᠲᠠᠭ᠋ᠠᠨ ᠨᠡᠶ᠋ᠢᠲᠡᠯᠡᠵᠦ᠂ ᠭᠤᠤᠯᠳᠠᠭᠤ ᠠᠵᠤ ᠠᠬᠤᠶ᠋ᠢᠯᠠᠯ ᠪᠠ ᠣᠯᠠᠨ ᠲᠦᠮᠡᠨ᠎ᠢ ᠬᠠᠪᠰᠤᠷᠤᠨ ᠶᠠᠮᠠᠷ ᠠᠰᠠᠭᠤᠳᠠᠯ᠎ᠢ ᠰᠢᠢ᠍ᠳᠪᠦᠷᠢᠯᠡᠵᠦ ᠥᠭᠬᠦ ᠭᠡᠰᠡᠨ ᠪᠣᠶ? ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ ᠶᠠᠮᠠᠷ ᠶᠠᠮᠠᠷ ᠭᠠᠵᠠᠷ ᠣᠷᠣᠨ᠎ᠳᠤ 《ᠮᠥᠩᠬᠡ ᠰᠤᠪᠠᠭ》 ᠦᠢ᠍ᠯᠡᠴᠢᠯᠡᠭᠡ ᠵᠢ ᠨᠢᠭᠡᠨᠲᠡ ᠥᠷᠨᠢᠭᠦᠯᠦᠭᠰᠡᠨ ᠪᠣᠶ? ᠪᠣᠳᠠᠲᠠᠶ ᠶᠠᠮᠠᠷ ᠲᠥᠷᠥᠯ ᠵᠦᠢ᠍ᠯ᠎ᠢ ᠣᠷᠣᠯᠠᠨ ᠭᠦᠢ᠍ᠴᠡᠳᠭᠡᠵᠦ ᠬᠠᠪᠰᠤᠷᠤᠨ ᠭᠦᠢ᠍ᠴᠡᠳᠬᠡᠵᠦ ᠪᠠᠶ᠋ᠢᠬᠤ ᠪᠣᠶ?
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠳᠠᠷᠤᠭ᠎ᠠ ᠪᠣᠤ ᠵᠢᠶᠠᠨ ᠵᠦᠩ 2021 - 03109᠄ 07
     《ᠲᠠᠨ᠎ᠢ ᠬᠠᠪᠰᠤᠷᠴᠤ ᠭᠦᠢ᠍ᠴᠡᠳᠭᠡᠬᠦ》 ᠭᠡᠳᠡᠭ᠎ᠨᠢ ᠠᠵᠤ ᠠᠬᠤᠶ᠋ᠢᠯᠠᠯ᠎ᠤᠨ ᠪᠠᠯᠠ ᠣᠷᠤᠭᠤᠯᠬᠤ ᠲᠥᠷᠥᠯ ᠵᠦᠢ᠍ᠯ᠎ᠤᠳ᠎ᠢ ᠣᠷᠣᠯᠠᠨ ᠭᠦᠢ᠍ᠴᠡᠳᠭᠡᠵᠦ ᠬᠠᠪᠰᠤᠷᠤᠨ ᠭᠦᠢ᠍ᠴᠡᠳᠭᠡᠬᠦ ᠦᠢ᠍ᠯᠡᠴᠢᠯᠡᠭᠡ ᠵᠢ ᠵᠢᠭ᠋ᠠᠵᠤ ᠪᠠᠶ᠋ᠢᠨ᠎ᠠ᠃ ᠪᠢᠳᠠ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠳᠤ ᠲᠤᠰᠬᠠᠢ ᠣᠷᠣᠯᠠᠨ ᠭᠦᠢ᠍ᠴᠡᠳᠬᠡᠬᠦ ᠡᠩᠨᠡᠭᠡ ᠲᠤᠬᠢᠷᠠᠭᠤᠯᠵᠤ᠂ ᠲᠤᠰᠬᠠᠢ ᠴᠤᠩᠬᠤᠪᠴᠢ ᠲᠤᠬᠢᠷᠠᠭᠤᠯᠵᠤ᠂ ᠭᠤᠣᠯᠳᠠᠯᠭ᠎ᠠ᠎ᠲᠠᠢ ᠲᠦᠷᠦᠯ ᠵᠦᠢ᠍ᠯ᠎ᠤᠨ ᠭᠤᠶᠤᠴᠢᠯᠠᠭᠴᠢ᠎ᠳᠤ ᠲᠦᠷᠦ ᠵᠢᠨ ᠪᠤᠳᠤᠯᠭ᠎ᠠ ᠵᠢᠨ ᠯᠠᠪᠯᠠᠭ᠎ᠠ ᠥᠭᠬᠦ᠂ ᠵᠣᠬᠢᠴᠠᠭᠤᠯᠤᠨ ᠠᠬᠢᠭᠤᠯᠬᠤ᠂ ᠬᠠᠮᠵᠢᠨ ᠭᠦᠢ᠍ᠴᠡᠳᠬᠡᠵᠦ ᠬᠠᠪᠰᠤᠷᠤᠨ ᠭᠦᠢ᠍ᠴᠡᠳᠬᠡᠬᠦ ᠵᠡᠷᠭᠡ ᠦᠢ᠍ᠯᠡᠴᠢᠯᠡᠭᠡ ᠬᠠᠩᠭ᠋ᠠᠵᠤ᠂ ᠲᠦᠷᠦᠯ ᠵᠦᠢ᠍ᠯ ᠡᠷᠲᠡᠬᠡᠨ ᠲᠣᠭᠲᠠᠭ᠋ᠠᠬᠤ᠂ ᠠᠵᠢᠯ ᠡᠷᠲᠡᠬᠡᠨ ᠡᠬᠢᠯᠡᠭᠦᠯᠬᠦ᠂ ᠠᠰᠢᠭᠯᠠᠯᠲᠠ᠎ᠳᠤ ᠡᠷᠲᠡᠬᠡᠨ ᠣᠷᠣᠭᠤᠯᠬᠤ ᠵᠢ ᠠᠬᠢᠭᠤᠯᠤᠨ᠎ᠠ᠃ 《ᠲᠠᠨ᠎ᠢ ᠬᠠᠪᠰᠤᠷᠤᠨ ᠭᠦᠢ᠍ᠴᠡᠳᠭᠡᠬᠦ》 ᠵᠢᠨ ᠬᠡᠷᠡᠭᠵᠢᠭᠦᠯᠬᠦ ᠬᠡᠪᠴᠢᠶ᠎ᠡ ᠪᠣᠯ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ) ᠵᠢᠴᠢ ᠬᠠᠤᠯᠢ ᠶᠣᠰᠣᠭ᠋ᠠᠷ ᠪᠠᠶ᠋ᠢᠭᠤᠯᠤᠭᠳᠠᠭᠰᠠᠨ ᠡᠯ᠎ᠡ ᠲᠥᠷᠥᠯ᠎ᠤᠨ ᠨᠡᠭᠡᠭᠡᠯᠲᠡ ᠵᠢᠨ ᠲᠣᠭᠤᠷᠢᠭ (ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠂ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠲᠣᠭᠤᠷᠢᠭ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠂ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠤᠷᠢᠭ ᠵᠡᠷᠭᠡ ᠵᠢ ᠪᠠᠭᠲᠠᠭ᠋ᠠᠨ᠎ᠠ) ᠪᠣᠯᠤᠨ᠎ᠠ᠃ ᠣᠷᠣᠯᠠᠨ ᠭᠦᠢ᠍ᠴᠡᠳᠬᠡᠵᠦ ᠬᠠᠪᠰᠤᠷᠤᠨ ᠭᠦᠢ᠍ᠴᠡᠳᠬᠡᠬᠦ ᠲᠥᠷᠥᠯ ᠵᠦᠢ᠍ᠯ᠎ᠳᠤ ᠭᠤᠣᠯᠴᠠᠭᠤ ᠭᠤᠷᠪᠠᠨ ᠲᠥᠷᠦᠯ᠎ᠢ ᠪᠠᠭᠲᠠᠨ᠎ᠠ᠄ ᠨᠢᠭᠡ᠎ᠳᠤ ᠰᠢᠶᠠᠨ᠎ᠤ ᠱᠠᠲᠤ ᠪᠠ ᠲᠡᠭᠦᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠭᠤᠣᠯᠳᠠᠯᠭ᠎ᠠ᠎ᠲᠠᠢ ᠪᠡᠯᠡ ᠣᠷᠣᠭᠤᠯᠤᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ; ᠬᠤᠶᠠᠷ᠎ᠲᠤ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠴᠢᠬᠤᠯᠠ ᠶᠡᠭᠡ ᠲᠥᠷᠥᠯ ᠵᠦᠢ᠍ᠯ; ᠭᠤᠷᠪᠠ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠷᠥᠯ ᠵᠦᠢ᠍ᠯ᠂ ᠤᠯᠤᠰ᠎ᠠᠴᠠ ᠵᠣᠷᠢᠭᠵᠢᠭᠤᠯᠬᠤ ᠲᠥᠷᠥᠯ ᠵᠦᠢ᠍ᠯ ᠵᠡᠷᠭᠡ ᠪᠠᠯᠠ ᠣᠷᠣᠭᠤᠯᠤᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠣᠯᠤᠨ᠎ᠠ᠃ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠢ ᠣᠷᠣᠯᠠᠨ ᠭᠦᠢ᠍ᠴᠡᠳᠭᠡᠵᠦ ᠬᠠᠪᠰᠤᠷᠤᠨ ᠭᠦᠢ᠍ᠴᠡᠳᠭᠡᠬᠦ ᠦᠢ᠍ᠯᠡᠴᠢᠯᠡᠭᠡ᠎ᠨᠢ 《ᠱᠠᠲᠤ ᠬᠤᠪᠢᠶᠠᠨ ᠭᠦᠢ᠍ᠴᠡᠳᠭᠡᠬᠦ᠂ ᠳᠡᠭᠡᠳᠦ ᠳᠣᠤᠷᠠᠳᠤ ᠱᠠᠲᠤ ᠬᠠᠮᠲᠤᠷᠠᠨ ᠬᠥᠳᠡᠯᠦᠯᠴᠡᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡᠪᠡᠷ ᠭᠦᠢ᠍ᠴᠡᠳᠭᠡᠬᠦ》 ᠠᠷᠭ᠎ᠠ ᠵᠢ ᠬᠡᠷᠡᠭᠯᠡᠨ᠎ᠡ᠃ ᠰᠦᠯᠵᠢᠶᠡᠨ ᠭᠠᠳᠠᠨ᠎ᠠ ᠭᠤᠷᠪᠠᠨ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠳᠤ ᠲᠦᠰᠢᠭᠯᠡᠨ 《ᠲᠠᠨ᠎ᠢ ᠬᠠᠪᠰᠤᠷᠤᠨ ᠭᠦᠢ᠍ᠴᠡᠳᠭᠡᠬᠦ》 ᠴᠣᠩᠬᠤᠪᠴᠢ ᠭᠠᠷᠭ᠋ᠠᠵᠤ᠂ ᠰᠦᠯᠵᠢᠶᠡᠨ ᠳᠡᠭᠡᠷ᠎ᠡ ᠥᠪᠥᠷ ᠮᠣᠩᠭᠤᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ᠂ 《ᠮᠥᠩᠬᠡ ᠰᠤᠪᠠᠭ》 ᠰᠢᠯᠵᠢᠮᠡᠯ ᠦᠵᠦᠭᠦᠷ᠂ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠯᠠᠮᠰᠢᠯ ᠤᠲᠠᠰᠤ᠎ᠳᠤ ᠲᠦᠰᠢᠭᠯᠡᠨ 《ᠲᠠᠨ᠎ᠢ ᠬᠠᠪᠰᠤᠷᠤᠨ ᠭᠦᠢ᠍ᠴᠡᠳᠭᠡᠬᠦ》 ᠲᠤᠰᠬᠠᠶ ᠪᠤᠯᠤᠩ ᠭᠠᠷᠭ᠋ᠠᠵᠤ᠂ ᠭᠤᠶᠤᠴᠢᠯᠠᠭᠴᠢ᠎ᠳᠤ ᠵᠥᠪᠯᠡᠯᠭᠡ ᠥᠭᠬᠦ᠂ ᠵᠢᠯᠣᠭᠤᠳᠬᠤ᠂ ᠵᠣᠬᠢᠴᠠᠭᠤᠯᠬᠤ ᠪᠠ ᠳᠠᠭ᠋ᠠᠭᠤᠯᠤᠨ ᠭᠦᠢ᠍ᠴᠡᠳᠭᠡᠬᠦ ᠵᠡᠷᠭᠡ ᠪᠥᠬᠦ ᠲᠠᠯ᠎ᠠ ᠵᠢᠨ ᠦᠢ᠍ᠯᠡᠴᠢᠯᠡᠭᠡ ᠬᠠᠩᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠨᠢᠭᠡᠨᠲᠡ 22 ᠦᠢ᠍ᠯᠡᠴᠢᠯᠡᠭᠡᠨ᠎ᠤ ᠵᠦᠢ᠍ᠯᠡᠰ᠎ᠢ ᠨᠢᠭᠡᠳᠦᠯᠲᠡᠶ ᠡᠮᠬᠢᠯᠡᠨ ᠨᠡᠶ᠋ᠢᠲᠡᠯᠡᠵᠦ᠂ ᠲᠤᠬᠠᠶ᠋ᠢᠯᠠᠭᠰᠠᠨ ᠠᠵᠢᠯ᠎ᠤᠨ ᠴᠤᠪᠤᠷᠠᠯ᠎ᠢ ᠵᠢᠷᠤᠮᠵᠢᠭᠤᠯᠤᠨ᠂ ᠴᠤᠪᠤᠷᠠᠯ ᠵᠢᠷᠤᠭ᠎ᠤᠨ ᠵᠢᠱ᠌ᠢᠶ᠎ᠡ ᠦᠵᠡᠭᠦᠯᠬᠦ ᠪᠢᠴᠢᠭ ᠬᠠᠷ᠎ᠠ᠂ ᠭᠤᠶᠤᠴᠢᠯᠠᠯ᠎ᠤᠨ ᠬᠦᠰᠦᠨᠦᠭᠲᠦ᠂ ᠡᠷᠬᠡ ᠣᠯᠭᠤᠬᠤ ᠨᠠᠶ᠋ᠢᠳᠠᠯᠭ᠎ᠠ ᠵᠢᠨ ᠪᠢᠴᠢᠭ ᠵᠡᠷᠭᠡ ᠴᠢᠬᠤᠯᠠ ᠮᠠᠲ᠋ᠧᠷᠢᠶᠠᠯ᠎ᠤᠳ᠎ᠢ ᠳᠠᠷᠤᠮᠠᠯᠯᠠᠨ ᠲᠠᠷᠬᠠᠭ᠋ᠠᠵᠤ᠂ ᠭᠤᠶᠤᠴᠢᠯᠠᠬᠤ᠎ᠠᠴᠠ ᠭᠦᠢ᠍ᠴᠡᠳᠭᠡᠬᠦ ᠬᠦᠷᠲᠡᠯᠡᠬᠢ ᠪᠥᠬᠦ ᠴᠤᠪᠤᠷᠠᠯ᠎ᠢ ᠬᠠᠮᠤᠷᠬᠤ ᠵᠢ ᠪᠡᠶᠡᠯᠡᠭᠦᠯᠦᠨ᠂ ᠲᠥᠷᠥᠯ   ᠵᠦᠢ᠍ᠯ᠎ᠤᠳ᠎ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠪᠡ᠃ ᠤᠢ᠍ᠢ᠍ᠷ᠎ᠠ ᠵᠢᠨ ᠵᠢᠯ᠎ᠤᠳ᠎ᠤᠨ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠪᠣᠯ ᠨᠢᠭᠡ ᠤᠳᠠᠭ᠎ᠠ ᠵᠢᠨ ᠭᠦᠨᠵᠡᠭᠡᠢ ᠪᠠᠶ᠋ᠢᠭᠤᠯᠤᠮᠵᠢ ᠵᠢᠨ ᠥᠭᠡᠷᠡᠴᠢᠯᠡᠯᠲᠡ ᠪᠠ ᠳᠦᠷᠢᠮ᠎ᠤᠨ ᠰᠢᠨ᠎ᠡ ᠡᠭᠦᠳᠦᠯᠲᠡ ᠮᠥᠨ᠂ ᠨᠢᠭᠡ ᠵᠦᠢ᠍ᠯ᠎ᠤᠨ ᠰᠠᠭᠤᠷᠢ ᠵᠢᠨ ᠴᠢᠨᠠᠷᠲᠠᠢ᠂ ᠰᠢᠰᠲ᠋ᠧᠮᠲᠦ ᠴᠢᠨᠠᠷᠲᠠᠢ ᠢᠨᠵᠧᠨᠧᠷᠢᠩ ᠮᠥᠨ᠂ ᠡᠭᠦᠷᠭᠡ ᠬᠦᠨᠳᠦ ᠵᠠᠮ ᠬᠤᠯᠠ ᠪᠠᠶ᠋ᠢᠨ᠎ᠠ᠂ ᠭᠠᠭᠴᠠ ᠬᠦ᠌ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠳᠦᠷᠢᠮ᠎ᠤᠨ ᠰᠢᠨ᠎ᠡ ᠡᠭᠦᠳᠦᠯᠲᠡ ᠵᠢ ᠠᠬᠢᠭᠤᠯᠵᠤ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠪᠦᠲᠦᠮᠵᠢᠲᠡᠢ ᠬᠥᠭᠵᠢᠭᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠵᠢ ᠡᠳᠦᠷ ᠳᠤᠳᠤᠮ᠎ᠤᠨ ᠠᠵᠢᠯ᠎ᠤᠳ᠎ᠤᠨ ᠡᠯ᠎ᠡ ᠲᠠᠯ᠎ᠠ᠎ᠳᠤ ᠨᠠᠶ᠋ᠢᠳᠠᠪᠤᠷᠢᠵᠢᠭᠤᠯᠪᠠᠯ ᠰᠠᠶᠢ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠢ ᠬᠥᠭᠵᠢᠯᠲᠡ᠎ᠳᠤ ᠢᠳᠡᠪᠬᠢᠲᠡᠢ ᠬᠦᠴᠦᠨ ᠴᠢᠳᠠᠯ ᠵᠶ᠋ᠠᠨ ᠡᠷᠭᠦᠵᠦ ᠴᠢᠳᠠᠨ᠎ᠠ ᠭᠡᠳᠡᠭ᠎ᠢ ᠪᠢᠳᠠ ᠦᠨᠡᠨ ᠬᠦ᠌ ᠣᠶ᠋ᠢᠯᠠᠭ᠋ᠠᠵᠤ ᠮᠡᠳᠡᠯ᠎ᠡ᠃
ᠬᠥᠲᠥᠯᠥᠭᠴᠢ 2021 - 03109᠄ 09 ᠵᠠ᠂ ᠪᠣᠤ ᠲᠣᠪᠴᠢᠶᠠᠨ ᠳᠠᠷᠤᠭ᠎ᠠ ᠵᠢᠨ ᠬᠦᠯᠢᠴᠡᠩᠭᠦᠶ᠎ᠪᠠᠷ ᠲᠠᠶ᠋ᠢᠯᠤᠮᠵᠢ ᠬᠢᠭᠰᠡᠨ᠎ᠳᠤ ᠪᠠᠶᠠᠷᠯᠠᠯ᠎ᠠ᠂ ᠥᠷᠭᠡᠨ ᠣᠯᠠᠨ ᠰᠦᠯᠵᠢᠶᠡᠨ ᠠᠨᠳᠠ ᠨᠠᠷ ᠲᠣᠰ ᠬᠤᠭᠤᠴᠠᠭ᠋ᠠᠨ᠎ᠤ ᠫᠷᠤᠭ᠌ᠷᠠᠮ᠎ᠢ ᠭᠥᠯᠢᠶᠡᠨ ᠠᠪᠴᠤ ᠦᠵᠡᠭᠰᠡᠨ᠎ᠳᠤ ᠪᠠᠶᠠᠷᠯᠠᠯ᠎ᠠ! ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠠᠳᠡ ᠬᠦᠷᠦᠭᠡᠳ ᠵᠢᠷᠭ᠋ᠠᠵᠤ ᠪᠠᠶ᠋ᠢᠨ᠎ᠠ᠂ ᠲᠠᠷᠠᠭ᠋ᠠᠴᠢ ᠵᠢᠨ ᠫᠷᠤᠭ᠌ᠷᠠᠮ᠎ᠳᠤ ᠪᠠᠶᠠᠷᠲᠠᠶ ᠵᠣᠯᠭ᠋ᠠᠶ᠎ᠠ!
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠳᠠᠷᠤᠭ᠎ᠠ ᠪᠣᠤ ᠵᠢᠶᠠᠨ ᠵᠦᠩ 2021 - 03109᠄ 09
      ᠪᠠᠶᠠᠷᠲᠠᠶ!

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
 
            