ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠰᠤᠷᠪᠤᠯᠵᠢᠯᠠᠭ᠎ᠠ
ᠭᠤᠷᠪᠠᠨ ᠰᠠᠯᠠᠭ᠎ᠠ ᠮᠥᠴᠢᠷ 《ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ ᠴᠠᠭ᠋ᠠᠨ ᠢᠳᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠬᠤ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ ᠠᠰᠠᠭᠤᠯᠲᠠ ᠵᠢ ᠬᠠᠷᠢᠭᠤᠯᠪᠠ
ᠨᠡᠶ᠋ᠢᠲᠡᠯᠡᠭᠰᠡᠨ ᠴᠠᠭ᠄ 2021-08-20

      ᠣᠶ᠋ᠢᠷ᠎ᠠ᠎ᠳᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ ᠴᠠᠭ᠋ᠠᠨ ᠢᠳᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠬᠤ ᠲᠤᠬᠠᠶ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠰᠠᠭ᠋ᠠᠯᠢ ᠵᠢᠨ ᠡᠬᠢ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠂ ᠴᠠᠭ᠋ᠠᠨ ᠢᠳᠡᠭᠡ ᠪᠣᠯᠪᠠᠰᠤᠷᠠᠭᠤᠯᠬᠤ ᠭᠦᠢ᠍ᠯᠭᠡᠭᠡ᠂ ᠴᠠᠭ᠋ᠠᠨ ᠢᠳᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠴᠢ ᠬᠡᠷᠡᠭᠯᠡᠭᠡ ᠵᠢ ᠬᠥᠲᠥᠯᠥᠨ ᠵᠢᠯᠣᠭᠤᠳᠬᠤ ᠵᠡᠷᠭᠡ ᠲᠠᠯ᠎ᠠ᠎ᠪᠠᠷ ᠪᠥᠬᠦ ᠲᠠᠯ᠎ᠠ ᠵᠢᠨ ᠪᠠᠶ᠋ᠢᠷᠢᠯᠠᠭᠤᠯᠤᠯᠲᠠ ᠬᠢᠪᠠ᠃ ᠰᠤᠷᠪᠤᠯᠵᠢᠯᠠᠭᠴᠢ ᠬᠤᠯᠪᠣᠭᠳᠠᠯ ᠪᠥᠬᠦᠶ ᠠᠰᠠᠭᠤᠳᠠᠯ᠎ᠤᠨ ᠲᠤᠬᠠᠶ ᠲᠠᠷᠢᠶᠠᠯᠠᠩ ᠪᠠ ᠬᠥᠳᠡᠭᠡ ᠲᠣᠰᠬᠤᠨ᠎ᠤ ᠶᠠᠮᠤᠨ᠎ᠤ ᠮᠠᠯ ᠠᠵᠤ ᠠᠬᠤᠶ ᠵᠢᠨ ᠵᠤᠷᠭ᠋ᠠᠨ᠎ᠤ ᠳᠠᠷᠤᠭ᠎ᠠ ᠮᠠ ᠶᠢᠦ ᠰᠢᠶᠠᠩ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠳᠠ ᠵᠢᠨ ᠶᠠᠮᠤᠨ᠎ᠤ ᠬᠡᠷᠡᠭᠯᠡᠭᠡᠨ᠎ᠤ ᠵᠦᠢ᠍ᠯ᠎ᠤᠨ ᠠᠵᠤ ᠦᠢ᠍ᠯᠡᠳᠪᠦᠷᠢ ᠵᠢᠨ ᠵᠤᠷᠭ᠋ᠠᠨ᠎ᠤ ᠳᠠᠷᠤᠭ᠎ᠠ ᠭᠤᠤ ᠶᠠᠨ ᠮᠢᠨ᠂ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠢᠳᠡᠭᠡᠨ᠎ᠤ ᠬᠢᠨᠠᠯᠲᠠ ᠬᠠᠮᠢᠶᠠᠷᠤᠯᠲᠠ ᠵᠢᠨ ᠨᠢᠭᠡᠳᠦᠭᠡᠷ ᠵᠤᠷᠭ᠋ᠠᠨ᠎ᠤ ᠳᠠᠷᠤᠭ᠎ᠠ ᠵᠠᠩ ᠵᠢᠩ᠎ᠢ ᠰᠤᠷᠪᠤᠯᠵᠢᠯᠠᠪᠠ᠃
      ᠠᠰᠠᠭᠤᠯᠲᠠ᠄ ᠣᠶ᠋ᠢᠷ᠎ᠠ ᠵᠢᠨ ᠵᠢᠯ᠎ᠤᠳ᠎ᠲᠤ᠂ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭᠳᠠᠬᠤ ᠪᠤᠯᠪᠠ᠃ ᠡᠨᠡ ᠤᠳᠠᠭ᠎ᠠ ᠰᠠᠭ᠋ᠠᠯᠢ ᠵᠢᠨ ᠦᠢ᠍ᠯᠡᠰ᠎ᠢ ᠬᠦᠭᠵᠢᠭᠦᠯᠦᠨ ᠮᠠᠠᠳᠤᠭᠤᠯᠬᠤ ᠵᠢ ᠠᠬᠢᠭᠤᠯᠬᠤ ᠲᠤᠬᠠᠢ ᠰᠠᠨᠠᠯ᠎ᠢ ᠲᠤᠰᠬᠠᠶ᠋ᠢᠯᠠᠨ ᠨᠡᠶ᠋ᠢᠳᠡᠯᠡᠭᠰᠡᠨ᠎ᠨᠢ ᠶᠠᠮᠠᠷ ᠪᠣᠳᠣᠯᠬᠢᠯᠠᠯ᠎ᠠᠴᠠ ᠪᠣᠯᠤᠭᠰᠠᠨ ᠪᠤᠢ? 《ᠰᠠᠨᠠᠯ》᠎ᠳᠤ ᠶᠠᠮᠠᠷ ᠶᠠᠮᠠᠷ ᠰᠢᠨ᠎ᠡ ᠬᠠᠷᠠᠯᠲᠠ ᠪᠠ ᠠᠷᠭ᠎ᠠ ᠬᠡᠮᠵᠢᠶ᠎ᠡ ᠪᠠᠶ᠋ᠢᠬᠤ ᠪᠣᠶ?  
      ᠬᠠᠷᠢᠭᠤᠯᠲᠠ᠄ ᠡᠲᠡᠭᠡᠷ ᠵᠢᠯ᠎ᠤᠳ᠎ᠲᠤ᠂ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠣᠷᠣᠨ ᠨᠤᠲᠤᠭ᠎ᠤᠨ ᠵᠠᠰᠠᠭ᠎ᠤᠨ ᠣᠷᠳᠣᠨ ᠪᠠ ᠠᠵᠢᠯ ᠲᠥᠷᠥᠯ᠎ᠤᠨ᠎ᠬᠢᠨ ᠨᠠᠮ᠎ᠤᠨ ᠲᠥᠪ ᠬᠤᠷᠢᠶ᠎ᠠ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠲᠦᠷᠭᠡᠳᠬᠡᠨ ᠠᠬᠢᠭᠤᠯᠵᠤ᠂ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠂ ᠮᠡᠷᠭᠡᠵᠢᠯ᠎ᠤᠨ ᠳᠠᠪᠰᠢᠯᠲᠠ᠂ ᠦᠢ᠍ᠯᠡᠳᠪᠦᠷᠢᠯᠡᠯ᠎ᠤᠨ ᠬᠥᠭᠵᠢᠯᠲᠡ ᠪᠠ ᠲᠦᠷᠦᠯ ᠲᠡᠮᠳᠡᠭ᠎ᠤᠨ ᠪᠠᠶ᠋ᠢᠭᠤᠯᠤᠯᠲᠠ ᠵᠢ ᠴᠢᠩᠭ᠎ᠠ ᠠᠳᠬᠤᠵᠤ᠂ ᠮᠠᠨ᠎ᠤ ᠤᠯᠤᠰ᠎ᠤᠨ ᠰᠠᠭ᠋ᠠᠯᠢ ᠵᠢᠨ ᠦᠢ᠍ᠯᠡᠰ᠎ᠲᠤ ᠲᠦᠢ᠍ᠯᠪᠤᠷᠢᠲᠠᠶ ᠬᠤᠪᠢᠷᠠᠯᠲᠠ ᠭᠠᠷᠴᠤ᠂ ᠪᠥᠬᠦ ᠲᠠᠯ᠎ᠠ᠎ᠪᠠᠷ ᠬᠥᠭᠵᠢᠨ ᠮᠠᠠᠳᠤᠬᠤ ᠰᠢᠨ᠎ᠡ ᠴᠠᠭ ᠦᠶ᠎ᠡ᠎ᠳᠤ ᠣᠷᠣᠵᠠᠶ᠃ ᠭᠡᠪᠡᠴᠦ᠂ ᠮᠠᠨ᠎ᠤ ᠤᠯᠤᠰ᠎ᠤᠨ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠮᠥᠨ ᠬᠦ᠌ ᠦᠢ᠍ᠯᠡᠳᠬᠦᠨ᠎ᠤ ᠬᠠᠩᠭ᠋ᠠᠯᠭ᠎ᠠ ᠬᠡᠷᠡᠭᠴᠡᠭᠡ ᠵᠢᠨ ᠪᠦᠲᠦᠴᠡ ᠲᠡᠩᠴᠡᠭᠦᠷᠢ ᠦᠭᠡᠶ᠂ ᠠᠵᠤ ᠦᠢ᠍ᠯᠡᠰ᠎ᠤᠨ ᠥᠷᠢᠰᠥᠯᠳᠦᠬᠦ ᠬᠦᠴᠦᠨ ᠴᠢᠩᠭ᠎ᠠ ᠪᠤᠰᠤ᠂ ᠬᠡᠷᠡᠭᠯᠡᠭᠡ ᠵᠢ ᠪᠤᠶ᠋ᠢᠵᠢᠭᠤᠯᠤᠬᠰᠠᠨ ᠵᠶ᠋ᠠᠷ ᠬᠦᠷᠦᠯᠴᠡᠬᠦ ᠦᠭᠡᠶ ᠵᠡᠷᠭᠡ ᠳᠣᠪᠤᠶ᠋ᠢᠮ᠎ᠠ ᠠᠰᠠᠭᠤᠳᠠᠯ᠎ᠳᠤ ᠲᠤᠯᠭ᠋ᠠᠷᠠᠵᠤ ᠪᠠᠶ᠋ᠢᠨ᠎ᠠ᠃ ᠰᠢᠨ᠎ᠡ ᠪᠠᠶ᠋ᠢᠳᠠᠯ᠂ ᠰᠢᠨ᠎ᠡ ᠡᠭᠦᠷᠭᠡ ᠵᠢᠨ ᠡᠮᠦᠨ᠎ᠡ᠂ ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠵᠢᠯᠣᠭᠤᠳᠬᠤ ᠬᠥᠲᠥᠯᠪᠦᠷᠢ ᠵᠢᠨ ᠴᠢᠨᠠᠷᠲᠠᠶ ᠪᠢᠴᠢᠭ ᠮᠠᠲ᠋ᠧᠷᠢᠶᠠᠯ᠎ᠢ ᠨᠡᠶ᠋ᠢᠲᠡᠯᠡᠵᠦ᠂ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢᠨ ᠳᠤᠮᠳᠠᠬᠢ ᠪᠠᠭᠤᠷᠠᠶ ᠭᠤᠭᠴᠤᠭ᠎ᠠ ᠪᠠ ᠲᠣᠪᠤᠶ᠋ᠢᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠰᠠᠭ᠋ᠠᠯᠢ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠪᠥᠬᠦ ᠲᠠᠯ᠎ᠠ᠎ᠪᠠᠷ ᠠᠬᠢᠭᠤᠯᠬᠤ ᠶᠠᠪᠤᠳᠠᠯ ᠲᠤᠯᠭ᠋ᠠᠮ ᠱᠠᠭ᠋ᠠᠷᠳᠠᠬᠳᠠᠵᠤ ᠪᠠᠶ᠋ᠢᠨ᠎ᠠ᠃
     《ᠰᠠᠨᠠᠯ》᠎ᠢ 6 ᠬᠡᠰᠡᠭ 22 ᠵᠦᠢ᠍ᠯ᠎ᠳᠤ ᠬᠤᠪᠢᠶᠠᠵᠤ᠂ ᠬᠤᠶ᠋ᠢᠰᠢᠳᠠ ᠵᠢᠨ ᠨᠢᠭᠡ ᠬᠤᠭᠤᠴᠠᠭ᠋ᠠᠨ᠎ᠤ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠭᠤᠤᠯ ᠬᠠᠷᠠᠯᠲᠠ ᠪᠣᠯᠤᠨ ᠴᠢᠬᠤᠯᠠ ᠶᠡᠭᠡ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠪᠠ᠂ ᠡᠨᠡ᠎ᠨᠢ ᠬᠤᠶ᠋ᠢᠰᠢᠳᠠ ᠵᠢᠨ ᠨᠢᠭᠡ ᠬᠤᠭᠤᠴᠠᠭ᠋ᠠᠨ᠎ᠤ ᠮᠠᠨ᠎ᠤ ᠤᠯᠤᠰ᠎ᠤᠨ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢ ᠵᠢᠯᠣᠭᠤᠳᠬᠤ ᠬᠥᠲᠥᠯᠪᠦᠷᠢ ᠵᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠬᠤ ᠶᠤᠮ᠃
      ᠨᠢᠭᠡ᠎ᠳᠤ᠂ ᠰᠠᠭ᠋ᠠᠯᠢ ᠵᠢᠨ ᠦᠢ᠍ᠯᠡᠰ᠎ᠤᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠲᠣᠭᠲᠠᠭ᠋ᠠᠪᠠ᠃ 《ᠰᠠᠨᠠᠯ》᠎ᠳᠤ᠂ ᠰᠠᠭ᠋ᠠᠯᠢ ᠵᠢᠨ ᠦᠢ᠍ᠯᠡᠰ ᠪᠣᠯ ᠡᠷᠡᠭᠦᠯ ᠡᠩᠬᠡ ᠳᠤᠮᠳᠠᠳᠤ ᠤᠯᠤᠰ᠂ ᠢᠳᠡᠷ ᠴᠢᠬᠢᠷᠠᠭ ᠦᠨᠳᠦᠰᠦᠲᠡᠨ᠎ᠳᠤ ᠳᠤᠲᠠᠭᠳᠠᠵᠤ ᠪᠣᠯᠤᠰᠢ ᠥᠬᠡᠶ ᠠᠵᠤ ᠦᠢ᠍ᠯᠡᠰ ᠮᠥᠨ᠂ ᠢᠳᠡᠭᠡᠨ᠎ᠤ ᠠᠮᠤᠷ ᠲᠦᠪᠰᠢᠨ᠎ᠤ ᠲᠥᠯᠥᠭᠡᠯᠡᠬᠦ ᠴᠢᠨᠠᠷᠲᠠᠶ ᠠᠵᠤ ᠦᠢ᠍ᠯᠡᠰ ᠮᠥᠨ᠂ ᠲᠠᠷᠢᠶᠠᠯᠠᠩ᠎ᠤᠨ ᠣᠳᠣᠬᠢᠴᠢᠯᠠᠯᠲᠠ ᠵᠢᠨ ᠪᠡᠯᠭᠡ ᠲᠡᠮᠳᠡᠭ᠎ᠤᠨ ᠴᠢᠨᠠᠷᠲᠠᠢ ᠠᠵᠤ ᠦᠢ᠍ᠯᠡᠰ ᠪᠠ ᠨᠢᠭᠡᠳᠦᠭᠡᠷ ᠬᠤᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠢ ᠵᠣᠬᠢᠴᠠᠩᠭᠤᠶ ᠬᠥᠭᠵᠢᠭᠦᠯᠬᠦ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠵᠤ ᠦᠢ᠍ᠯᠡᠰ ᠮᠥᠨ ᠭᠡᠵᠦ ᠵᠢᠭ᠋ᠠᠵᠤ ᠭᠠᠷᠭ᠋ᠠᠪᠠ᠃
      ᠬᠤᠶᠠᠷ᠎ᠲᠤ᠂ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢᠨ ᠬᠠᠷᠠᠯᠲᠠ ᠡᠭᠦᠷᠭᠡ ᠵᠢ ᠲᠣᠳᠣᠷᠬᠠᠶ᠋ᠢᠯᠠᠪᠠ᠃ 《ᠰᠠᠨᠠᠯ》᠎ᠳᠤ᠂ 2020 ᠣᠨ ᠪᠣᠯᠬᠤ᠎ᠳᠤ ᠰᠠᠭ᠋ᠠᠯᠢ ᠵᠢᠨ ᠦᠢ᠍ᠯᠡᠰ᠎ᠤᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠪᠣᠳᠠᠲᠤ ᠦᠷ᠎ᠡ ᠪᠦᠲᠦᠮᠵᠢ᠎ᠲᠠᠢ ᠪᠤᠯᠭ᠋ᠠᠵᠤ᠂ ᠰᠠᠭ᠋ᠠᠯᠢ ᠵᠢᠨ ᠦᠢ᠍ᠯᠡᠰ᠎ᠤᠨ ᠣᠳᠣᠬᠢᠴᠢᠯᠠᠬᠤ ᠪᠥᠲᠥᠭᠡᠨ ᠪᠠᠶ᠋ᠢᠭᠤᠯᠤᠯᠲᠠ ᠵᠢ ᠢᠯᠡᠷᠬᠡᠢ ᠠᠬᠢᠯᠲᠠ᠎ᠲᠠᠢ ᠪᠣᠯᠭ᠋ᠠᠵᠤ᠂ 100 ᠲᠣᠯᠣᠭ᠋ᠠᠶ᠎ᠠᠴᠠ ᠲᠡᠭᠡᠭᠰᠢ ᠬᠡᠪᠴᠢᠶᠡᠵᠢᠭᠦᠯᠵᠦ ᠲᠡᠵᠢᠭᠡᠨ ᠦᠷᠡᠵᠢᠭᠦᠯᠬᠦ ᠬᠤᠪᠢ ᠵᠢᠨ ᠵᠢᠩ᠎ᠢ 65%᠎ᠠᠴᠠ ᠲᠠᠪᠠᠭᠤᠯᠵᠤ᠂ ᠰᠦ ᠰᠠᠭ᠋ᠠᠯᠢ ᠵᠢᠨ ᠥᠪᠡᠷ᠎ᠢ᠎ᠪᠠᠨ ᠬᠠᠩᠭ᠋ᠠᠬᠤ ᠨᠣᠷᠮ᠎ᠠ ᠵᠢ 70%᠎ᠠᠴᠠ ᠳᠡᠭᠡᠭᠰᠢ ᠪᠠᠶ᠋ᠢᠯᠭ᠋ᠠᠵᠤ᠂ ᠨᠢᠯᠬ᠎ᠠ ᠬᠡᠤᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ ᠵᠢᠨ ᠶᠠᠰᠤ ᠴᠢᠨᠠᠷ᠂ ᠥᠷᠢᠰᠦᠯᠳᠦᠬᠦ ᠬᠦᠴᠦᠨ ᠪᠠ ᠠᠯᠳᠠᠷ ᠨᠦᠯᠦᠭᠡ ᠵᠢ ᠢᠯᠡᠳᠲᠡ ᠳᠡᠭᠡᠭᠰᠢᠯᠡᠭᠦᠯᠵᠦ᠂ ᠴᠠᠭ᠋ᠠᠨ ᠢᠳᠡᠭᠡᠨ᠎ᠤ ᠬᠠᠩᠭ᠋ᠠᠯᠭ᠎ᠠ ᠪᠠ ᠬᠡᠷᠡᠭᠯᠡᠭᠡᠨ᠎ᠤ ᠬᠡᠷᠡᠭᠴᠡᠭᠡ ᠵᠢ ᠨᠠᠩ ᠢᠯᠡᠭᠦᠤ ᠵᠣᠬᠢᠴᠠᠭᠤᠯᠤᠨ᠎ᠠ; 2025 ᠣᠨ ᠪᠣᠯᠬᠤ᠎ᠳᠤ ᠰᠠᠭ᠋ᠠᠯᠢ ᠵᠢᠨ ᠦᠢ᠍ᠯᠡᠰ᠎ᠢ ᠪᠥᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠵᠤ᠂ ᠣᠳᠣᠬᠢᠴᠢᠯᠠᠯᠲᠠ ᠵᠢ ᠦᠨᠳᠦᠰᠦᠨ᠎ᠳᠤ᠎ᠪᠠᠨ ᠪᠡᠶᠡᠯᠡᠭᠦᠯᠵᠦ᠂ ᠳᠡᠯᠡᠬᠡᠶ ᠵᠢᠨ ᠲᠡᠷᠢᠭᠦᠨ᠎ᠤ ᠡᠩᠨᠡᠭᠡᠨ᠎ᠳᠤ ᠪᠦᠬᠦᠯᠢ ᠴᠣᠭᠴᠠ᠎ᠪᠠᠷ᠎ᠨᠢ ᠤᠷᠤᠭᠤᠯᠤᠨ᠎ᠠ ᠭᠡᠵᠦ ᠲᠤᠷᠠᠳᠪᠠ᠃
      ᠭᠤᠷᠪᠠ᠎ᠳᠤ᠂ ᠴᠢᠨᠠᠷ ᠰᠠᠶ᠋ᠢᠲᠠᠶ ᠬᠥᠭᠵᠢᠯᠲᠡ ᠵᠢᠨ ᠱᠠᠭ᠋ᠠᠷᠳᠠᠯᠭ᠎ᠠ ᠵᠢ ᠳᠣᠪᠤᠶ᠋ᠢᠯᠭ᠋ᠠᠪᠠ᠃ 《ᠰᠠᠨᠠᠯ》᠎ᠳᠤ᠂ ᠣᠳᠣᠬᠠᠨ᠎ᠤ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠲᠡᠩᠴᠡᠭᠦᠷᠢ ᠥᠬᠡᠶ ᠭᠦᠢ᠍ᠴᠡᠳ ᠥᠬᠡᠶ ᠪᠠᠶ᠋ᠢᠭ᠎ᠠ ᠠᠰᠠᠭᠤᠳᠠᠯ᠎ᠳᠤ ᠴᠢᠭᠯᠡᠭᠦᠯᠦᠨ᠂ ᠵᠠᠩᠭᠢᠯᠠᠭ᠎ᠠ ᠵᠢᠨ ᠭᠤᠭᠴᠤᠭ᠎ᠠ ᠪᠠ ᠭᠤᠤᠯᠳᠠᠯᠭ᠎ᠠ᠎ᠲᠠᠢ ᠬᠦᠴᠢᠷ ᠠᠰᠠᠭᠤᠳᠠᠯ ᠵᠶ᠋ᠠᠷ ᠰᠢᠪᠲᠤᠯᠤᠯᠲᠠ ᠪᠣᠯᠭ᠋ᠠᠵᠤ᠂ ᠰᠠᠭ᠋ᠠᠯᠢ ᠵᠢᠨ ᠦᠢ᠍ᠯᠡᠰ᠎ᠤᠨ ᠬᠠᠩᠭ᠋ᠠᠯᠭ᠎ᠠ ᠵᠢᠨ ᠲᠤᠬᠳᠠᠯᠴᠠᠭ᠎ᠠ ᠵᠢᠨ ᠶᠠᠰᠤ ᠴᠢᠨᠠᠷ ᠪᠠ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠵᠦ᠂ ᠴᠢᠨᠠᠷ ᠰᠠᠶ᠋ᠢᠲᠠᠶ ᠰᠠᠭ᠋ᠠᠯᠢ ᠵᠢᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠂ ᠴᠠᠭ᠋ᠠᠨ ᠢᠳᠡᠭᠡ ᠪᠤᠯᠪᠠᠰᠤᠷᠠᠭᠤᠯᠬᠤ ᠭᠦᠢ᠍ᠯᠭᠡᠭᠡ᠂ ᠴᠠᠭ᠋ᠠᠨ ᠢᠳᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠴᠢ ᠬᠡᠷᠡᠭᠯᠡᠭᠡ ᠵᠢ ᠬᠥᠲᠥᠯᠥᠨ ᠵᠢᠯᠣᠭᠤᠳᠬᠤ ᠵᠡᠷᠭᠡ ᠵᠠᠩᠭᠢᠯᠠᠭ᠎ᠠ ᠵᠢᠨ ᠭᠤᠭᠴᠤᠭ᠎ᠠ᠎ᠳᠤ ᠨᠠᠷᠢᠯᠢᠭ ᠣᠨᠣᠴᠠᠲᠠᠶ ᠬᠦᠴᠦᠯᠡᠵᠦ᠂ ᠬᠡᠷᠡᠭᠯᠡᠭᠡᠨ᠎ᠤ ᠬᠡᠷᠡᠭᠴᠡᠭᠡ ᠵᠢᠨ ᠶᠡᠷᠦᠩᠬᠡᠶ ᠬᠡᠮᠵᠢᠶ᠎ᠡ ᠪᠠ ᠬᠡᠷᠡᠭᠴᠡᠭᠡᠨ᠎ᠤ ᠪᠦᠲᠦᠴᠡ ᠵᠢᠨ ᠬᠤᠪᠢᠷᠠᠯᠲᠠ᠎ᠳᠤ ᠨᠠᠩ ᠰᠠᠶ᠋ᠢᠲᠤᠷ ᠵᠤᠬᠢᠴᠠᠭᠤᠯᠬᠤ ᠬᠡᠷᠡᠭᠲᠡᠢ ᠭᠡᠵᠦ ᠱᠠᠭ᠋ᠠᠷᠳᠠᠪᠠ᠃
      ᠳᠥᠷᠪᠡ᠎ᠳᠤ᠂ ᠰᠠᠭ᠋ᠠᠯᠢᠴᠢᠳ᠎ᠤᠨ ᠡᠷᠬᠡ ᠠᠰᠢᠭ᠎ᠢ ᠪᠠᠲᠤᠯᠠᠬᠤ ᠵᠢ ᠴᠢᠬᠤᠯᠠᠴᠢᠯᠠᠪᠠ᠃ 《ᠰᠠᠨᠠᠯ》᠎ᠳᠤ᠂ ᠰᠠᠭ᠋ᠠᠯᠢᠴᠢᠳ᠎ᠤᠨ ᠲᠤᠰᠬᠠᠶ ᠠᠵᠢᠯ᠎ᠤᠨ ᠬᠤᠷᠰᠢᠬᠰᠠᠨ ᠵᠣᠬᠢᠶᠠᠨ ᠪᠠᠶ᠋ᠢᠭᠤᠯᠤᠯᠲᠠ ᠵᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠬᠤ᠂ ᠲᠡᠵᠢᠭᠡᠨ ᠦᠷᠡᠵᠢᠭᠦᠯᠬᠦ ᠪᠠ ᠡᠳ᠋ᠰᠢᠭᠦᠯᠵᠦ ᠪᠣᠯᠪᠠᠰᠤᠷᠠᠭᠤᠯᠬᠤ ᠵᠢ ᠨᠢᠭᠡ ᠴᠤᠭᠴᠠᠵᠢᠭᠤᠯᠤᠨ ᠬᠥᠭᠵᠢᠭᠦᠯᠬᠦ ᠵᠢ ᠠᠬᠢᠭᠤᠯᠬᠤ᠂ ᠲᠦᠭᠦᠬᠡᠶ ᠰᠦ ᠵᠢᠨ ᠦᠨ᠎ᠡ ᠬᠠᠩᠰᠢ ᠵᠢ ᠵᠥᠪᠳᠡᠯᠴᠡᠬᠦ ᠲᠣᠭᠲᠠᠴᠠ ᠵᠢ ᠪᠠᠶ᠋ᠢᠭᠤᠯᠬᠤ᠂ ᠲᠦᠭᠦᠬᠡᠶ ᠰᠦ ᠵᠢᠨ ᠶᠠᠰᠤ ᠴᠢᠨᠠᠷ᠎ᠢ ᠭᠤᠷᠪᠠᠳᠠᠬᠢ ᠡᠲᠡᠭᠡᠳ᠎ᠠᠴᠠ ᠰᠢᠯᠭ᠋ᠠᠨ ᠪᠠᠶ᠋ᠢᠴᠠᠭ᠋ᠠᠬᠤ ᠲᠤᠷᠰᠢᠯᠲᠠ ᠵᠢ ᠥᠷᠨᠢᠭᠦᠯᠬᠦ᠂ ᠲᠦᠭᠦᠬᠡᠶ ᠰᠦ ᠬᠤᠳᠠᠯᠳᠤᠨ ᠠᠪᠬᠤ ᠪᠠ ᠪᠣᠷᠣᠯᠠᠭᠤᠯᠬᠤ ᠠᠵᠢᠯᠯᠠᠭ᠎ᠠ ᠵᠢ ᠵᠢᠷᠤᠮᠵᠢᠭᠤᠯᠬᠤ ᠵᠡᠷᠭᠡ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ᠂ ᠰᠠᠭ᠋ᠠᠯᠢᠴᠢᠳ᠎ᠤᠨ ᠵᠠᠬ᠎ᠠ ᠳᠡᠯᠭᠡᠭᠦᠷ᠎ᠤᠨ ᠲᠦᠭᠰᠢᠭᠦᠷᠢ ᠵᠢ ᠡᠰᠡᠷᠭᠦᠴᠡᠨ ᠲᠤᠯᠬᠤ᠂ ᠣᠲᠣ ᠦᠶ᠎ᠡ ᠵᠢᠨ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ ᠴᠢᠳᠠᠪᠤᠷᠢ ᠵᠢ ᠴᠢᠩᠭ᠋ᠠᠷᠠᠭᠤᠯᠤᠨ᠎ᠠ ᠭᠡᠵᠦ ᠲᠤᠷᠠᠳᠪᠠ᠃
     《ᠰᠠᠨᠠᠯ》᠎ᠨᠢ ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠴᠢᠩᠭ᠎ᠠ ᠳᠣᠬᠢᠶ᠎ᠠ ᠵᠢ ᠨᠡᠶ᠋ᠢᠭᠡᠮ ᠲᠠᠶᠠᠭ᠋ᠠᠷ᠎ᠲᠤ ᠥᠭᠴᠦ᠂ ᠰᠠᠭ᠋ᠠᠯᠢ ᠵᠢᠨ ᠦᠢ᠍ᠯᠡᠰ᠎ᠢ ᠨᠠᠩ ᠰᠠᠶ᠋ᠢᠲᠤᠷ ᠬᠥᠭᠵᠢᠭᠦᠯᠬᠦ᠎ᠳᠤ ᠴᠢᠭᠯᠡᠯ ᠪᠠ ᠠᠷᠭ᠎ᠠ ᠵᠠᠮ᠎ᠢ ᠲᠣᠳᠣᠷᠬᠠᠶ ᠵᠢᠭ᠋ᠠᠵᠤ᠂ ᠰᠠᠭ᠋ᠠᠯᠢ ᠵᠢᠨ ᠦᠢ᠍ᠯᠡᠰ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ᠎ᠳᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠬᠡᠲᠦ ᠵᠢᠨ ᠲᠡᠤᠬᠡᠲᠦ ᠠᠴᠢ ᠬᠤᠯᠪᠣᠭᠳᠠᠯ᠎ᠲᠠᠢ ᠶᠤᠮ᠃
      ᠠᠰᠠᠭᠤᠯᠲᠠ᠄ 《ᠰᠠᠨᠠᠯ》᠎ᠳᠤ ᠴᠢᠨᠠᠷ ᠰᠠᠶ᠋ᠢᠲᠠᠶ ᠰᠠᠭ᠋ᠠᠯᠢ ᠵᠢᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠎ᠳᠤ ᠪᠣᠳᠠᠲᠠᠶ ᠪᠠᠶ᠋ᠢᠷᠢᠯᠠᠭᠤᠯᠤᠯᠲᠠ ᠬᠢᠪᠠ᠂ ᠲᠠᠷᠠᠭ᠋ᠠᠴᠢ ᠵᠢᠨ ᠠᠯᠬᠤᠮ᠎ᠳᠤ ᠨᠠᠶ᠋ᠢᠳᠠᠪᠤᠷᠢᠵᠢᠭᠤᠯᠤᠯᠲᠠ ᠵᠢ ᠬᠡᠷᠬᠢᠨ ᠰᠠᠶ᠋ᠢᠲᠤᠷ ᠠᠳᠬᠤᠬᠤ ᠪᠣᠶ?
      ᠬᠠᠷᠢᠭᠤᠯᠲᠠ᠄ ᠰᠦ ᠰᠠᠭ᠋ᠠᠯᠢ ᠪᠣᠯ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢᠨ ᠰᠠᠭᠤᠷᠢ ᠮᠥᠨ᠂ ᠰᠠᠭᠤᠷᠢ᠎ᠨᠢ ᠪᠠᠲᠤ ᠥᠬᠡᠶ ᠪᠣᠯ ᠯᠠᠪᠳᠠᠭᠤᠨ ᠬᠦᠭᠵᠢᠵᠦ ᠴᠢᠳᠠᠬᠤ ᠦᠭᠡᠢ᠃ ᠡᠳᠡᠭᠡᠷ ᠵᠢᠯ᠎ᠤᠳ᠎ᠲᠤ᠂ ᠬᠦᠭᠵᠢᠯᠲᠡ ᠵᠢᠨ ᠠᠷᠭ᠎ᠠ ᠬᠡᠯᠪᠡᠷᠢ ᠵᠢ ᠬᠤᠪᠢᠷᠠᠭᠤᠯᠵᠤ ᠳᠡᠰ ᠳᠡᠪᠰᠢᠭᠦᠯᠬᠦ ᠠᠵᠢᠯ᠎ᠢ ᠶᠡᠭᠡ᠎ᠪᠠᠷ ᠥᠷᠨᠢᠭᠦᠯᠬᠦ᠎ᠪᠠᠷ ᠳᠠᠮᠵᠢᠭ᠋ᠠᠳ ᠮᠠᠨ᠎ᠤ ᠤᠯᠤᠰ᠎ᠤᠨ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠠᠵᠢᠯ᠎ᠳᠤ ᠢᠯᠡᠳᠲᠡ ᠬᠤᠪᠢᠷᠠᠯᠲᠠ ᠭᠠᠷᠴᠠᠶ᠃ ᠭᠡᠪᠡᠴᠦ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ᠎ᠳᠤ ᠮᠥᠨ ᠬᠦ᠌ ᠲᠡᠵᠢᠭᠡᠨ ᠦᠷᠡᠵᠢᠭᠦᠯᠬᠦ ᠥᠪᠡᠷ᠎ᠤᠨ ᠥᠷᠲᠡᠭ ᠨᠡᠯᠢᠶᠡᠳ ᠥᠨᠳᠥᠷ᠂ ᠦᠢ᠍ᠯᠡᠳᠪᠦᠷᠢᠯᠡᠯ᠎ᠤᠨ ᠦᠷ᠎ᠡ ᠪᠦᠲᠦᠮᠵᠢ ᠨᠡᠯᠢᠶᠡᠳ ᠳᠣᠣᠷ᠎ᠠ᠂ ᠵᠠᠬ᠎ᠠ ᠳᠡᠯᠭᠡᠭᠦᠷ᠎ᠤᠨ ᠥᠷᠢᠰᠥᠯᠳᠦᠬᠦ ᠬᠦᠴᠦᠨ ᠴᠢᠩᠭ᠎ᠠ ᠪᠤᠰᠤ ᠵᠡᠷᠭᠡ ᠠᠰᠠᠭᠤᠳᠠᠯ ᠣᠷᠣᠰᠢᠵᠤ ᠪᠠᠶ᠋ᠢᠬᠤ ᠵᠢ ᠪᠢᠳᠡ ᠰᠡᠷᠭᠡᠭ ᠵᠶ᠋ᠠᠷ ᠣᠯᠵᠤ ᠦᠵᠡᠬᠦ ᠬᠡᠷᠡᠭᠲᠡᠶ᠃ ᠲᠠᠷᠠᠭ᠋ᠠᠴᠢ ᠵᠢᠨ ᠠᠯᠬᠤᠮ᠎ᠳᠤ᠂ ᠪᠢᠳᠡ 《ᠰᠠᠨᠠᠯ》᠎ᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠦᠷᠪᠡᠨ ᠲᠠᠯ᠎ᠠ ᠵᠢᠨ ᠠᠵᠢᠯ᠎ᠢ ᠭᠤᠤᠯᠳᠠᠯᠭ᠎ᠠ᠎ᠲᠠᠢ ᠰᠠᠶ᠋ᠢᠲᠤᠷ ᠬᠢᠨ᠎ᠠ᠃
      ᠨᠢᠭᠡ᠎ᠳᠤ᠂ ᠰᠠᠶ᠋ᠢᠳᠤᠷ ᠪᠠᠶ᠋ᠢᠷᠢᠯᠠᠭᠤᠯᠤᠨ᠎ᠠ᠃ ᠲᠥᠯᠥᠪᠵᠢᠭᠦᠯᠵᠦ ᠬᠥᠲᠥᠯᠥᠨ ᠵᠢᠯᠣᠭᠤᠳᠬᠤ᠂ ᠲᠥᠷᠥ ᠵᠢᠨ ᠪᠣᠳᠣᠯᠭ᠎ᠠ᠎ᠪᠠᠷ ᠳᠡᠮᠵᠢᠬᠦ ᠪᠠ ᠮᠡᠷᠭᠡᠵᠢᠯ᠎ᠤᠨ ᠵᠢᠯᠣᠭᠤᠳᠤᠯᠭ᠎ᠠ ᠬᠢᠬᠦ ᠵᠢ ᠴᠢᠩᠭ᠋ᠠᠳᠬᠠᠵᠤ᠂ ᠭᠤᠣᠯᠳᠠᠯᠭ᠎ᠠ ᠵᠢ ᠲᠣᠪᠤᠶ᠋ᠢᠯᠭ᠋ᠠᠨ᠂ ᠵᠡᠭᠦᠨ ᠬᠤᠶ᠋ᠢᠲᠤ ᠣᠷᠣᠨ ᠪᠠ ᠥᠪᠥᠷ ᠮᠣᠩᠭᠤᠯ᠎ᠤᠨ ᠭᠠᠷᠤᠯᠲᠠ ᠵᠢᠨ ᠣᠷᠣᠨ᠂ ᠤᠮᠠᠷᠠᠲᠤ ᠣᠷᠣᠨ ᠪᠠ ᠲᠤᠮᠳᠠᠲᠦ ᠣᠷᠣᠨ᠎ᠤ ᠭᠠᠷᠤᠯᠲᠠ ᠵᠢᠨ ᠣᠷᠣᠨ᠂ ᠪᠠᠷᠠᠭᠤᠨ ᠬᠤᠶ᠋ᠢᠲᠤ ᠣᠷᠣᠨ᠎ᠤ ᠭᠠᠷᠤᠯᠲᠠ ᠵᠢᠨ ᠣᠷᠣᠨ᠎ᠢ ᠪᠠᠬᠢᠵᠢᠭᠦᠯᠦᠨ ᠬᠥᠭᠵᠢᠭᠦᠯᠵᠦ᠂ ᠡᠮᠦᠨᠡᠲᠦ ᠣᠷᠣᠨ᠎ᠤ ᠭᠠᠷᠤᠯᠲᠠ ᠵᠢᠨ ᠣᠷᠣᠨ᠎ᠢ ᠢᠳᠡᠪᠬᠢᠲᠡᠶ ᠨᠡᠭᠡᠭᠡᠵᠦ᠂ ᠶᠡᠭᠡ ᠬᠤᠲᠠ ᠵᠢᠨ ᠡᠷᠭᠢᠨ ᠲᠣᠭᠤᠷᠢᠨ᠎ᠤ ᠭᠠᠷᠤᠯᠲᠠ ᠵᠢᠨ ᠣᠷᠣᠨ᠎ᠢ ᠲᠣᠭᠲᠠᠭᠤᠨ ᠪᠠᠶ᠋ᠢᠯᠭ᠋ᠠᠨ᠎ᠠ᠃ ᠬᠤᠯᠰᠲ᠋ᠧᠢ᠍ᠢ᠍ᠨ ᠦᠨᠢᠶ᠎ᠠ ᠪᠣᠯᠤᠨ ᠪᠤᠰᠤᠳ ᠰᠠᠭ᠋ᠠᠯᠢ ᠵᠢᠨ ᠮᠠᠯ᠎ᠤᠨ ᠬᠥᠭᠵᠢᠯᠲᠡ ᠵᠢ ᠨᠢᠭᠡᠳᠦᠯᠲᠡᠶ ᠲᠦᠯᠦᠪᠵᠢᠭᠦᠯᠦᠨ᠂ ᠰᠠᠭ᠋ᠠᠯᠢ ᠵᠢᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠡᠵᠢᠭᠡᠯ ᠡᠪᠡᠰᠦ ᠪᠣᠷᠳᠤᠭ᠎ᠠ ᠲᠠᠷᠢᠬᠤ ᠪᠠ ᠴᠠᠭ᠋ᠠᠨ ᠢᠳᠡᠭᠡ ᠪᠣᠯᠪᠠᠰᠤᠷᠠᠭᠤᠯᠬᠤ᠎ᠯᠤᠭ᠎ᠠ ᠵᠣᠬᠢᠴᠠᠩᠭᠤᠶ᠎ᠪᠠᠷ ᠬᠥᠭᠵᠢᠬᠦᠯᠬᠦ ᠵᠢ ᠠᠬᠢᠭᠤᠯᠤᠨ᠎ᠠ᠃
      ᠬᠤᠶᠠᠷ᠎ᠲᠤ᠂ ᠰᠠᠶ᠋ᠢᠨ ᠦᠷ᠎ᠡ ᠵᠢ ᠪᠤᠶ᠋ᠢᠵᠢᠭᠤᠯᠤᠨ᠎ᠠ᠃ ᠰᠠᠶ᠋ᠢᠨ ᠡᠭᠦᠯᠳᠡᠷ᠎ᠤᠨ ᠦᠨᠢᠶ᠎ᠠ᠎ᠠᠴᠠ ᠰᠢᠮᠡᠲᠡᠢ ᠰᠦ ᠭᠠᠷᠤᠨ᠎ᠠ᠃ ᠰᠠᠭ᠋ᠠᠯᠢ ᠵᠢᠨ ᠦᠨᠢᠶᠡᠨ᠎ᠤ ᠤᠳᠤᠮᠯᠠᠯ᠎ᠢ ᠰᠠᠶ᠋ᠢᠵᠢᠷᠠᠭᠤᠯᠬᠤ ᠲᠥᠯᠥᠪᠯᠡᠭᠡ ᠵᠢ ᠭᠦᠨᠵᠡᠭᠡᠶ ᠬᠡᠷᠡᠭᠵᠢᠭᠦᠯᠵᠦ᠂ ᠰᠠᠭ᠋ᠠᠯᠢ ᠵᠢᠨ ᠦᠨᠢᠶᠡᠨ᠎ᠤ ᠰᠦ ᠪᠠᠭᠤᠬᠤ ᠴᠢᠠᠰᠠᠭ᠎ᠠ ᠵᠢ ᠬᠡᠮᠵᠢᠨ ᠲᠣᠭᠲᠠᠭ᠋ᠠᠬᠤ ᠪᠠ ᠪᠤᠬ᠎ᠠ ᠵᠢᠨ ᠬᠤᠶ᠋ᠢᠴᠢ ᠦᠶ᠎ᠡ ᠵᠢ ᠬᠡᠮᠵᠢᠨ ᠲᠣᠭᠲᠠᠭ᠋ᠠᠬᠤ ᠠᠵᠢᠯ᠎ᠢ ᠳᠡᠮᠵᠢᠵᠦ᠂ ᠰᠠᠭ᠋ᠠᠯᠢ ᠵᠢᠨ ᠦᠨᠢᠶᠡᠨ᠎ᠤ ᠡᠭᠦᠯᠳᠡᠷ ᠪᠤᠶ᠋ᠢᠵᠢᠭᠤᠯᠬᠤ ᠬᠤᠯᠪᠣᠭ᠋ᠠᠯᠠᠯ᠎ᠤᠨ ᠬᠥᠭᠵᠢᠯᠲᠡ ᠵᠢ ᠳᠡᠮᠵᠢᠵᠦ᠂ ᠰᠢᠯᠢᠳᠡᠭ ᠡᠭᠦᠯᠳᠡᠷ᠎ᠤᠨ ᠰᠠᠭ᠋ᠠᠯᠢ ᠵᠢᠨ ᠦᠨᠢᠶ᠎ᠡ ᠵᠢ ᠶᠡᠭᠡ᠎ᠪᠠᠷ ᠣᠷᠣᠭᠤᠯᠤᠨ ᠠᠪᠴᠢᠷᠠᠵᠤ ᠦᠷᠡᠵᠢᠭᠦᠯᠦᠨ ᠪᠤᠶ᠋ᠢᠵᠢᠭᠤᠯᠵᠤ᠂ ᠥᠨᠳᠥᠷ ᠭᠠᠷᠤᠯᠲᠠ᠎ᠲᠠᠢ ᠰᠠᠭ᠋ᠠᠯᠢ ᠵᠢᠨ ᠦᠨᠢᠶᠡᠨ᠎ᠤ ᠭᠤᠣᠯ ᠰᠦᠷᠦᠭ᠎ᠢ ᠪᠣᠶ ᠪᠣᠯᠭ᠋ᠠᠨ᠂ ᠰᠠᠭ᠋ᠠᠯᠢ ᠵᠢᠨ ᠦᠨᠢᠶ᠎ᠠ ᠵᠢ ᠰᠢᠯᠢᠳᠡᠭ ᠡᠭᠦᠯᠳᠡᠷᠵᠢᠭᠦᠯᠬᠦ ᠵᠢ ᠲᠦᠷᠭᠡᠳᠬᠡᠵᠦ᠂ ᠰᠠᠭ᠋ᠠᠯᠢ ᠵᠢᠨ ᠦᠨᠢᠶᠡᠨ᠎ᠤ ᠨᠢᠭᠡᠴᠢ ᠭᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠦᠨ᠎ᠡ᠃
      ᠭᠤᠷᠪᠠ᠎ᠳᠤ᠂ ᠰᠢᠮ᠎ᠠ ᠰᠠᠶ᠋ᠢᠳᠠᠢ ᠡᠪᠡᠰᠦ ᠳᠠᠷᠢᠨ᠎ᠠ᠃ ᠰᠢᠮ᠎ᠠ ᠰᠠᠶ᠋ᠢᠳᠠᠢ ᠡᠪᠡᠰᠦ᠎ᠪᠠᠷ ᠰᠢᠯᠢᠳᠡᠭ ᠡᠭᠦᠯᠳᠡᠷ᠎ᠤᠨ ᠦᠨᠢᠶ᠎ᠠ ᠵᠢ ᠲᠡᠵᠢᠭᠡᠨ᠎ᠠ᠃ ᠰᠠᠭ᠋ᠠᠯᠢ ᠵᠢᠨ ᠦᠨᠢᠶ᠎ᠡ ᠨᠢᠭᠡ ᠪᠦᠷᠢ᠎ᠳᠤ ᠵᠣᠬᠢᠬᠤ ᠲᠠᠯᠠᠪᠠᠶ ᠪᠦᠭᠦᠢ ᠪᠡᠯᠴᠢᠭᠡᠷ ᠲᠥᠬᠦᠷᠵᠢᠭᠦᠯᠬᠦ ᠪᠠᠷᠢᠮᠵᠢᠶ᠎ᠠ ᠶᠣᠰᠣᠭ᠋ᠠᠷ᠂ ᠲᠡᠵᠢᠭᠡᠯ ᠡᠪᠡᠰᠦ ᠪᠣᠷᠳᠤᠭ᠎ᠠ ᠲᠠᠷᠢᠬᠤ ᠪᠠ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠵᠢ ᠲᠥᠬᠦᠷᠵᠢᠭᠦᠯᠦᠨ ᠵᠣᠯᠭ᠋ᠠᠭᠤᠯᠬᠤ ᠵᠢ ᠠᠬᠢᠭᠤᠯᠵᠤ᠂ ᠲᠡᠵᠢᠭᠡᠯ ᠡᠪᠡᠰᠦ ᠪᠣᠷᠳᠤᠭ᠎ᠠ ᠬᠠᠩᠭ᠋ᠠᠬᠤ ᠠᠰᠠᠭᠤᠳᠠᠯ᠎ᠢ ᠰᠢᠢ᠍ᠳᠪᠦᠷᠢᠯᠡᠬᠦ ᠮᠥᠷᠲᠡᠭᠡᠨ ᠢᠯᠭ᠋ᠠᠳᠠᠰᠤ ᠵᠢ ᠰᠢᠩᠭᠡᠭᠡᠵᠦ ᠰᠢᠢ᠍ᠳᠪᠦᠷᠢᠯᠡᠭᠦ ᠵᠢ ᠪᠠᠲᠤᠯᠠᠨ᠎ᠠ᠃ ᠵᠢᠯ ᠪᠦᠷᠢ 50 ᠲᠦᠮᠡᠨ ᠮᠦ᠍ ᠥᠨᠳᠥᠷ ᠤᠨᠠᠯᠲᠠ᠎ᠲᠠᠢ ᠴᠢᠨᠠᠷ ᠰᠠᠶ᠋ᠢᠲᠠᠶ ᠴᠠᠷᠭ᠋ᠠᠰᠤ ᠵᠢᠨ ᠰᠠᠭᠤᠷᠢᠨ ᠭᠠᠵᠠᠷ ᠪᠠᠶ᠋ᠢᠭᠤᠯᠬᠤ ᠵᠢ ᠳᠡᠮᠵᠢᠵᠦ᠂ ᠠᠮᠤ ᠪᠤᠳᠠᠭ᠋ᠠᠨ᠎ᠤ ᠲᠠᠷᠢᠮᠠᠯ᠎ᠢ ᠪᠣᠷᠳᠣᠭ᠋ᠠᠨ ᠲᠠᠷᠢᠮᠠᠯ ᠪᠣᠯᠭ᠋ᠠᠨ ᠬᠤᠪᠢᠷᠠᠭᠤᠯᠬᠤ ᠵᠢ ᠬᠡᠷᠡᠭᠵᠢᠭᠦᠯᠬᠦ ᠬᠡᠪᠴᠢᠶ᠎ᠡ ᠵᠢ ᠥᠷᠭᠡᠳᠬᠡᠨ᠂ ᠰᠠᠭ᠋ᠠᠯᠢ ᠵᠢᠨ ᠦᠨᠢᠶᠡᠨ᠎ᠤ ᠲᠡᠵᠢᠭᠡᠯ ᠡᠪᠡᠰᠦ ᠵᠢ ᠴᠢᠨᠠᠷᠵᠢᠭᠤᠯᠤᠨ᠎ᠠ᠃ 2020 ᠣᠨ ᠪᠣᠯᠬᠤ᠎ᠳᠤ᠂ ᠴᠢᠨᠠᠷ ᠰᠠᠶ᠋ᠢᠲᠠᠶ ᠴᠠᠷᠭ᠋ᠠᠰᠤ ᠵᠢᠨ ᠥᠪᠡᠷ᠎ᠢ᠎ᠪᠠᠨ ᠬᠠᠩᠭ᠋ᠠᠬᠤ ᠨᠣᠷᠮ᠎ᠠ ᠵᠢ ᠨᠢᠳᠤᠨᠤᠨ᠎ᠤ 60% ᠪᠠᠶ᠋ᠢᠭᠰᠠᠨ᠎ᠠᠴᠠ᠎ᠨᠢ 80% ᠪᠣᠯᠲᠠᠯ᠎ᠠ ᠳᠡᠭᠡᠭᠰᠢᠯᠡᠭᠦᠯᠬᠦ᠎ᠪᠠᠷ ᠴᠢᠷᠮᠠᠶ᠋ᠢᠨ᠎ᠠ᠃
      ᠳᠥᠷᠪᠡ᠎ᠳᠤ ᠦᠨᠢᠶ᠎ᠡ ᠵᠢ ᠰᠠᠶ᠋ᠢᠳᠤᠷ ᠲᠡᠵᠢᠭᠡᠨ᠎ᠡ᠃ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠣᠮᠣ ᠰᠢᠶᠠᠨ ᠵᠶ᠋ᠠᠷ ᠭᠤᠣᠯᠳᠠᠯᠭ᠎ᠠ ᠪᠣᠯᠭ᠋ᠠᠵᠤ᠂ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠵᠢᠨ ᠬᠦᠭᠵᠢᠯᠳᠠ ᠵᠢᠨ ᠠᠷᠭ᠎ᠠ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦᠯᠬᠦ ᠪᠠ ᠭᠡᠷ ᠪᠦᠯᠢ ᠵᠢᠨ ᠮᠠᠯᠵᠢᠯ᠎ᠤᠨ ᠲᠠᠯᠠᠪᠠᠶ ᠵᠢᠨ ᠬᠥᠭᠵᠢᠯᠲᠡ ᠵᠢ ᠳᠡᠮᠵᠢᠵᠦ᠂ ᠵᠣᠬᠢᠬᠤ ᠬᠡᠪᠴᠢᠶ᠎ᠡ᠎ᠪᠠᠷ ᠲᠡᠵᠢᠭᠡᠨ ᠦᠷᠡᠵᠢᠭᠦᠯᠬᠦ ᠵᠢ ᠬᠥᠲᠥᠯᠥᠨ ᠵᠢᠯᠣᠭᠤᠳᠤᠨ᠎ᠠ᠃ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯ᠎ᠠ᠎ᠪᠠᠷ᠎ᠬᠢ ᠪᠠᠷᠢᠮᠵᠢᠶᠠᠵᠢᠭᠤᠯᠤᠨ ᠵᠢᠱ᠌ᠢᠶ᠎ᠡ ᠦᠵᠡᠭᠦᠯᠵᠦ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠣᠳᠣᠬᠢᠴᠢᠯᠠᠭᠰᠠᠨ ᠵᠢᠱ᠌ᠢᠶ᠎ᠡ ᠦᠵᠡᠭᠦᠯᠬᠦ ᠮᠠᠯᠵᠢᠯ᠎ᠤᠨ ᠲᠠᠯᠠᠪᠠᠶ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠣᠮᠣ ᠰᠢᠶᠠᠨ᠎ᠤ ᠲᠠᠷᠢᠵᠤ ᠲᠡᠵᠢᠭᠡᠬᠦ ᠵᠢ ᠤᠶᠠᠯᠳᠤᠭᠤᠯᠤᠨ ᠠᠬᠢᠭᠤᠯᠬᠤ ᠵᠢ ᠳᠡᠮᠵᠢᠵᠦ᠂ ᠦᠢ᠍ᠯᠡᠳᠪᠦᠷᠢᠯᠡᠯ᠎ᠤᠨ ᠮᠡᠷᠭᠡᠵᠢᠯ᠎ᠤᠨ ᠲᠦᠪᠰᠢᠨ ᠵᠶ᠋ᠠᠨ ᠳᠡᠭᠡᠭᠰᠢᠯᠡᠭᠦᠯᠬᠦ ᠵᠢ ᠬᠥᠲᠥᠯᠥᠨ ᠳᠠᠶ᠋ᠢᠴᠢᠯᠠᠨ᠎ᠠ᠃ 《ᠲᠣᠭ᠋ᠠᠴᠢᠯᠠᠭᠰᠠᠨ ᠰᠠᠭ᠋ᠠᠯᠢ ᠵᠢᠨ ᠦᠢ᠍ᠯᠡᠰ᠎ᠤᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠡᠭᠦᠯᠡᠨ ᠲᠠᠪᠴᠠᠩ》᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠠᠭ᠋ᠠᠯᠢ ᠵᠢᠨ ᠦᠨᠢᠶᠡᠨ᠎ᠤ ᠲᠠᠯᠠᠪᠠᠢ ᠵᠢᠨ ᠪᠠᠷᠠᠭ᠎ᠠ ᠵᠢᠨ ᠰᠦᠯᠵᠢᠶ᠎ᠡ ᠵᠢᠨ ᠮᠡᠷᠭᠡᠵᠢᠯ ᠪᠠ ᠣᠶᠤᠨᠴᠢᠯᠠᠭᠰᠠᠨ ᠮᠡᠷᠭᠡᠵᠢᠯ᠎ᠤᠨ ᠲᠥᠬᠦᠭᠡᠷᠦᠮᠵᠢ ᠵᠢ ᠳᠡᠯᠭᠡᠷᠡᠭᠦᠯᠦᠨ ᠬᠡᠷᠡᠭᠯᠡᠨ᠎ᠡ᠃ 2020 ᠣᠨ ᠪᠣᠯᠬᠤ᠎ᠳᠤ᠂ ᠰᠠᠭ᠋ᠠᠯᠢ ᠵᠢᠨ ᠦᠨᠢᠶ᠎ᠡ ᠵᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠵᠢ ᠢᠯᠡᠳᠲᠡ ᠨᠡᠮᠡᠭᠳᠡᠭᠦᠯᠵᠦ᠂ ᠲᠡᠵᠢᠭᠡᠨ ᠦᠷᠡᠵᠢᠭᠦᠯᠬᠦ ᠵᠢᠨ ᠮᠠᠰᠢᠨᠴᠢᠯᠠᠯᠲᠠ᠂ ᠮᠡᠳᠡᠭᠡ ᠵᠠᠩᠭᠢᠴᠢᠯᠠᠯᠳᠠ᠂ ᠤᠶᠤᠨᠴᠢᠯᠠᠯᠲᠠ ᠵᠢᠨ ᠲᠦᠪᠰᠢᠨ᠎ᠢ ᠶᠡᠭᠡ᠎ᠪᠠᠷ ᠳᠡᠭᠡᠭᠰᠢᠯᠡᠭᠦᠯᠦᠨ᠎ᠡ᠃
      ᠠᠰᠠᠭᠤᠯᠲᠠ᠄ ᠡᠲᠡᠭᠡᠷ ᠵᠢᠯ᠎ᠤᠳ᠎ᠲᠤ᠂ ᠮᠠᠨ᠎ᠤ ᠤᠯᠤᠰ᠎ᠤᠨ ᠲᠦᠭᠦᠬᠡᠶ ᠰᠦ ᠵᠢᠨ ᠶᠠᠰᠤ ᠴᠢᠨᠠᠷ᠎ᠤᠨ ᠠᠮᠤᠷ ᠲᠦᠪᠰᠢᠨ᠎ᠤ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠵᠦ᠂ ᠴᠢᠨᠠᠷ ᠰᠠᠶ᠋ᠢᠲᠠᠶ ᠴᠠᠭ᠋ᠠᠨ ᠢᠳᠡᠭᠡᠨ ᠦᠢ᠍ᠯᠡᠳᠪᠦᠷᠢᠯᠡᠬᠦ᠎ᠳᠤ ᠪᠠᠲᠤ ᠰᠠᠭᠤᠷᠢ ᠵᠢ ᠬᠠᠩᠭ᠋ᠠᠪᠠ᠃ ᠲᠠᠷᠢᠶᠠᠯᠠᠩ ᠪᠠ ᠬᠥᠳᠡᠭᠡ ᠲᠣᠰᠬᠤᠨ᠎ᠤ ᠶᠠᠮᠤᠨ ᠠᠯᠢ ᠠᠯᠢ ᠲᠠᠯ᠎ᠠ᠎ᠠᠴᠠ ᠭᠠᠷᠳᠠᠵᠤ ᠪᠠᠶ᠋ᠢᠭ᠋ᠠᠳ ᠲᠦᠭᠦᠬᠡᠶ ᠰᠦ ᠵᠢᠨ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠠᠭ᠋ᠠᠰᠢᠳᠠ ᠴᠢᠩᠭ᠋ᠠᠳᠬᠠᠬᠤ ᠪᠣᠶ?
      ᠬᠠᠷᠢᠭᠤᠯᠲᠠ᠄ ᠴᠠᠭ᠋ᠠᠨ ᠢᠳᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ ᠪᠣᠯ ᠰᠠᠭ᠋ᠠᠯᠢ ᠵᠢᠨ ᠦᠢ᠍ᠯᠡᠰ᠎ᠤᠨ 《ᠠᠮᠢᠨ ᠰᠤᠳᠠᠰᠤ》 ᠮᠥᠨ᠃ ᠲᠠᠷᠠᠭ᠋ᠠᠴᠢ ᠵᠢᠨ ᠠᠯᠬᠤᠮ᠎ᠳᠤ᠂ 《ᠰᠠᠨᠠᠯ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠳᠤ᠂ 《ᠦᠨᠢᠶ᠎ᠡ ᠵᠢ ᠰᠠᠶ᠋ᠢᠳᠤᠷ ᠲᠡᠵᠢᠭᠡᠬᠦ》 ᠵᠢᠨ ᠬᠠᠮᠲᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠲᠠᠯ᠎ᠠ᠎ᠪᠠᠷ ᠬᠦᠴᠦ ᠲᠠᠯᠪᠢᠨ᠎ᠠ᠂ ᠪᠣᠳᠠᠲᠠᠶ ᠠᠵᠢᠯ ᠭᠡᠪᠡᠯ 《ᠭᠤᠷᠪᠠᠵᠢᠭᠤᠯᠬᠤ》 ᠶᠠᠪᠤᠳᠠᠯ ᠪᠣᠯᠤᠨ᠎ᠠ᠃ ᠨᠢᠭᠡ᠎ᠳᠤ᠂ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢᠴᠢᠯᠠᠯᠳᠠ ᠵᠢ ᠲᠡᠭᠦᠯᠳᠡᠷᠵᠢᠭᠦᠯᠦᠨ᠎ᠡ᠃ ᠰᠦ ᠵᠢᠨ ᠥᠷᠲᠡᠭᠡ ᠪᠠ ᠲᠡᠭᠡᠭᠡᠪᠦᠷᠢ ᠵᠢᠨ ᠲᠡᠷᠭᠡ ᠵᠢ ᠪᠠᠷᠢᠮᠵᠢᠶᠠᠵᠢᠭᠤᠯᠬᠤ ᠪᠠᠶ᠋ᠢᠭᠤᠯᠤᠯᠲᠠ ᠪᠠ ᠬᠠᠮᠢᠶᠠᠷᠤᠯᠲᠠ ᠵᠢ ᠠᠬᠢᠭᠤᠯᠵᠤ᠂ ᠪᠥᠬᠦ ᠤᠯᠤᠰ᠎ᠲᠤ ᠰᠦ ᠵᠢᠨ ᠥᠷᠲᠡᠭᠡ ᠪᠠ ᠲᠡᠭᠡᠭᠡᠪᠦᠷᠢ ᠵᠢᠨ ᠲᠡᠷᠭᠡ ᠵᠢ ᠬᠢᠨᠠᠨ ᠬᠠᠮᠢᠶᠠᠷᠴᠤ ᠬᠢᠨᠠᠨ ᠬᠡᠮᠵᠢᠭᠦ ᠮᠡᠳᠡᠭᠡ ᠵᠠᠩᠭᠢ ᠵᠢᠨ ᠰᠢᠰᠲ᠋ᠧᠮ᠎ᠢ ᠠᠵᠢᠯᠯᠠᠭᠤᠯᠵᠤ᠂ ᠰᠦ ᠵᠢᠨ ᠥᠷᠲᠡᠭᠡ ᠪᠠ ᠲᠡᠭᠡᠭᠡᠪᠦᠷᠢ ᠵᠢᠨ ᠲᠡᠷᠭᠡ ᠵᠢᠨ ᠠᠵᠢᠯᠯᠠᠭ᠋ᠠᠨ᠎ᠤ ᠬᠤᠪᠢᠷᠠᠯᠲᠠ ᠵᠢᠨ ᠪᠠᠶ᠋ᠢᠳᠠᠯ᠎ᠢ ᠴᠠᠭ ᠲᠤᠬᠠᠶ᠎ᠳᠤ᠎ᠨᠢ ᠳᠣᠭᠢᠷᠠᠭᠤᠯᠤᠨ ᠡᠵᠡᠮᠰᠢᠵᠦ᠂ ᠪᠥᠬᠦ ᠤᠯᠤᠰ᠎ᠤᠨ ᠪᠣᠶ ᠪᠥᠬᠦᠶ ᠰᠦ ᠵᠢᠨ ᠥᠷᠲᠡᠭᠡ ᠪᠠ ᠲᠡᠭᠡᠭᠡᠪᠦᠷᠢ ᠵᠢᠨ ᠲᠡᠷᠭᠡ᠎ᠳᠤ ᠨᠠᠷᠢᠯᠢᠬ ᠤᠨᠤᠴᠠᠳᠠᠢ᠂ ᠪᠥᠬᠦ ᠬᠤᠭᠤᠴᠠᠭ᠋ᠠᠳᠤ ᠬᠠᠮᠢᠶᠠᠷᠤᠯᠳᠠ ᠬᠢᠵᠦ᠂ ᠦᠨᠡᠮᠯᠡᠯ᠎ᠲᠠᠢ ᠡᠵᠡᠩᠨᠡᠭᠦᠯᠵᠦ ᠵᠢᠷᠤᠮᠵᠢᠯ᠎ᠲᠠᠢ ᠠᠵᠢᠯᠯᠠᠭᠤᠯᠤᠨ᠎ᠠ᠃ ᠬᠤᠶᠠᠷ᠎ᠲᠤ᠂ ᠬᠢᠨᠠᠯᠲᠠ ᠬᠠᠮᠢᠶᠠᠷᠤᠯᠲᠠ ᠵᠢ ᠲᠦᠷᠢᠮᠵᠢᠭᠦᠯᠬᠦ ᠵᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ᠎ᠤᠨ ᠰᠦ ᠵᠢᠨ ᠥᠷᠲᠡᠭᠡ᠂ ᠰᠦ ᠵᠢᠨ ᠲᠡᠷᠭᠡ ᠵᠢ ᠲᠤᠰᠬᠠᠶ ᠬᠥᠮᠦᠨ ᠬᠢᠨᠠᠨ ᠬᠠᠮᠢᠶᠠᠷᠬᠤ ᠲᠦᠷᠢᠮ᠎ᠢ ᠨᠠᠶ᠋ᠢᠳᠠᠪᠤᠷᠢᠵᠢᠭᠤᠯᠬᠤ ᠵᠢ ᠬᠢᠨᠠᠨ ᠵᠢᠯᠣᠭᠤᠳᠴᠤ᠂ ᠰᠦ ᠵᠢᠨ ᠥᠷᠲᠡᠭᠡ ᠪᠠ ᠲᠡᠭᠡᠭᠡᠪᠦᠷᠢ ᠵᠢᠨ ᠲᠡᠷᠭᠡ ᠵᠢ ᠥᠯᠥ ᠭᠤᠭᠤᠵᠢᠭᠳᠠᠭᠤᠯᠵᠤ᠂ ᠡᠷᠡᠰ ᠴᠡᠭᠴᠡᠯᠡᠨ ᠰᠠᠶ᠋ᠢᠵᠢᠷᠠᠭᠤᠯᠵᠤ᠂ ᠬᠢᠷᠢ ᠲᠡᠩᠴᠡᠭᠦ ᠥᠬᠡᠶ ᠰᠦ ᠵᠢᠨ ᠥᠷᠲᠡᠭᠡ ᠪᠠ ᠲᠡᠭᠡᠭᠡᠪᠦᠷᠢ ᠵᠢᠨ ᠲᠡᠷᠭᠡ ᠵᠢ ᠴᠠᠭ᠋ᠠᠵᠠᠯᠠᠨ᠎ᠠ᠃ ᠬᠢᠨᠠᠨ ᠬᠠᠮᠢᠶᠠᠷᠬᠤ ᠤᠳᠠᠭ᠎ᠠ ᠳᠠᠷᠠᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠵᠤ᠂ ᠰᠦ ᠵᠢᠨ ᠥᠷᠲᠡᠭᠡ᠂ ᠲᠡᠭᠡᠭᠡᠪᠦᠷᠢ ᠵᠢᠨ ᠲᠡᠷᠭᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠲᠣᠭᠤᠷᠢᠨ ᠪᠠᠶ᠋ᠢᠴᠠᠭ᠋ᠠᠵᠤ ᠬᠢᠨᠠᠨ ᠬᠠᠮᠢᠶᠠᠷᠴᠤ᠂ ᠢᠯᠠᠩᠭᠤᠶ᠎ᠠ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ ᠵᠢᠨ ᠦᠢ᠍ᠯᠡᠳᠪᠦᠷᠢᠯᠡᠯ᠎ᠤᠨ ᠰᠦ ᠬᠠᠨᠭ᠌ᠭ᠋ᠠᠬᠤ ᠥᠷᠲᠡᠭᠡ᠂ ᠲᠡᠭᠡᠭᠡᠪᠦᠷᠢ ᠵᠢᠨ ᠲᠡᠷᠭᠡ ᠪᠣᠯᠤᠨ ᠰᠠᠭ᠋ᠠᠯᠢ ᠵᠢᠨ ᠦᠨᠢᠶᠡᠨ᠎ᠤ ᠲᠠᠯᠠᠪᠠᠶ᠎ᠳᠤ ᠪᠦᠬᠦᠨ᠎ᠢ ᠳᠠᠩᠰᠠᠯᠠᠵᠦ᠂ ᠭᠤᠣᠯᠳᠠᠯᠭ᠎ᠠ᠎ᠲᠠᠢ ᠬᠢᠨᠠᠨ ᠬᠠᠮᠢᠶᠠᠷᠤᠯᠲᠠ᠎ᠳᠤ ᠣᠷᠣᠭᠤᠯᠤᠨ᠎ᠠ᠃ ᠭᠤᠷᠪᠠ᠎ᠳᠤ᠂ ᠬᠢᠨᠠᠯᠲᠠ ᠬᠠᠮᠢᠶᠠᠷᠤᠯᠲᠠ ᠵᠢ ᠪᠠᠶ᠋ᠢᠩᠭᠤᠵᠢᠭᠤᠯᠬᠤ ᠵᠢ ᠲᠡᠭᠦᠯᠳᠡᠷᠵᠢᠭᠦᠯᠦᠨ᠎ᠡ᠃ ᠲᠦᠭᠦᠬᠡᠶ ᠰᠦ ᠵᠢᠨ ᠶᠠᠰᠤ ᠴᠢᠨᠠᠷ᠎ᠢ ᠬᠢᠨᠠᠨ ᠬᠡᠮᠵᠢᠬᠦ ᠲᠥᠯᠥᠪᠯᠡᠭᠡ ᠵᠢ ᠦᠷᠭᠦᠯᠵᠢᠯᠡᠨ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠲᠦᠭᠰᠢᠭᠦᠷᠢᠲᠦ ᠡᠳ᠋᠎ᠢ ᠴᠠᠭ᠋ᠠᠵᠠ ᠲᠣᠭᠲᠠᠭ᠋ᠠᠯ᠎ᠠᠴᠠ ᠵᠥᠷᠢᠴᠡᠨ ᠨᠡᠮᠡᠭᠰᠡᠨ᠎ᠢ ᠵᠢᠬᠰᠠᠭ᠋ᠠᠨ ᠪᠠᠶ᠋ᠢᠴᠠᠭ᠋ᠠᠵᠦ᠂ ᠲᠦᠭᠦᠬᠡᠶ ᠰᠦ ᠵᠢᠨ ᠶᠠᠰᠤ ᠴᠢᠨᠠᠷ᠎ᠤᠨ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠳᠦᠷᠢᠮ᠎ᠢ ᠪᠦᠷᠢᠨᠰᠢᠭᠦᠯᠦᠨ᠎ᠡ᠃ ᠲᠦᠭᠦᠬᠡᠶ ᠰᠦ ᠦᠢ᠍ᠯᠡᠳᠪᠦᠷᠢᠯᠡᠬᠦ᠂ ᠬᠤᠳᠠᠯᠳᠤᠨ ᠠᠪᠬᠤ ᠪᠠ ᠲᠡᠭᠡᠭᠡᠪᠦᠷᠢᠯᠡᠬᠦ ᠶᠠᠪᠤᠴᠠ᠎ᠳᠠᠬᠢ ᠬᠠᠤᠯᠢ᠎ᠠᠴᠠ ᠵᠥᠷᠢᠴᠡᠨ ᠶᠠᠭᠤᠮ᠎ᠠ ᠨᠡᠮᠡᠬᠦ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ ᠵᠢᠨ ᠰᠦ ᠵᠢᠨ ᠢᠷᠡᠯᠲᠡ ᠵᠢᠨ ᠶᠠᠰᠤ ᠴᠢᠨᠠᠷ᠎ᠤᠨ ᠠᠮᠤᠷ ᠲᠦᠪᠰᠢᠨ᠎ᠢ ᠲᠤᠰᠬᠠᠶ ᠬᠢᠨᠠᠨ ᠬᠡᠮᠵᠢᠬᠦ ᠪᠠ ᠲᠠᠰᠢᠷᠠᠮ ᠵᠶ᠋ᠠᠷ ᠰᠤᠭᠤᠴᠢᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ᠂ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ ᠵᠢᠨ ᠰᠦ ᠵᠢᠨ ᠢᠷᠡᠯᠲᠡ ᠵᠢᠨ ᠶᠠᠰᠤ ᠴᠢᠨᠠᠷ᠎ᠤᠨ ᠠᠮᠤᠷ ᠲᠦᠪᠰᠢᠨ᠎ᠢ ᠮᠦᠷᠳᠡᠬᠦ ᠰᠢᠰᠲ᠋ᠧᠮ᠎ᠢ ᠪᠦᠷᠢᠨᠰᠢᠭᠦᠯᠵᠦ᠂ ᠴᠠᠭ᠋ᠠᠨ ᠢᠳᠡᠭᠡᠨ᠎ᠤ ᠡᠭᠢ ᠢᠷᠡᠯᠲᠡ ᠵᠢᠨ ᠶᠠᠰᠤ ᠴᠢᠨᠠᠷ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃
      ᠠᠰᠠᠭᠤᠯᠲᠠ᠄ 《ᠰᠠᠨᠠᠯ》᠎ᠳᠤ 《ᠴᠠᠭ᠋ᠠᠨ ᠢᠳᠡᠭᠡᠨ᠎ᠤ ᠠᠵᠤ ᠠᠬᠤᠶ᠋ᠢᠯᠠᠯ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ》 ᠭᠡᠵᠦ ᠲᠣᠳᠣᠷᠬᠠᠶ ᠳᠤᠷᠠᠳᠴᠠᠢ᠃ ᠲᠡᠭᠡᠪᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠳᠠ ᠵᠢᠨ ᠶᠠᠮᠤᠨ ᠲᠠᠷᠠᠭ᠋ᠠᠴᠢ ᠵᠢᠨ ᠠᠯᠬᠤᠮ᠎ᠳᠤ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠣᠶ?
      ᠬᠠᠷᠢᠭᠤᠯᠲᠠ᠄ ᠲᠠᠷᠠᠭ᠋ᠠᠴᠢ ᠵᠢᠨ ᠠᠯᠬᠤᠮ᠎ᠳᠤ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠳᠠ ᠵᠢᠨ ᠶᠠᠮᠤᠨ ᠲᠤᠰᠢᠶᠠᠯ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠤᠨ᠂ ᠡᠯ᠎ᠡ ᠭᠠᠵᠠᠷ᠎ᠤᠨ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠳᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠥᠷᠥᠯ᠎ᠤᠨ ᠨᠡᠶ᠋ᠢᠭᠡᠮᠯᠢᠭ ᠵᠢᠴᠢ ᠴᠠᠭ᠋ᠠᠨ ᠢᠳᠡᠭᠡᠨ᠎ᠤ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠰᠠᠨᠠᠯ》 ᠎ᠤᠨ ᠱᠠᠭ᠋ᠠᠷᠳᠠᠯᠭ᠎ᠠ ᠶᠣᠰᠣᠭ᠋ᠠᠷ᠂ ᠠᠵᠤ ᠦᠢ᠍ᠯᠡᠰ᠎ᠢ ᠳᠡᠰ ᠳᠡᠪᠰᠢᠭᠦᠯᠬᠦ ᠵᠢ ᠲᠦᠷᠭᠡᠳᠬᠡᠨ ᠠᠬᠢᠭᠤᠯᠵᠤ᠂ ᠴᠠᠭ᠋ᠠᠨ ᠢᠳᠡᠭᠡᠨ᠎ᠤ ᠠᠵᠤ ᠠᠬᠤᠶ᠋ᠢᠯᠠᠯ᠎ᠤᠨ ᠥᠷᠢᠰᠦᠯᠳᠦᠬᠦ ᠬᠦᠴᠦᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠨᠢᠭᠡ᠎ᠳᠤ᠂ ᠴᠠᠭ᠋ᠠᠨ ᠢᠳᠡᠭᠡᠨ᠎ᠤ ᠪᠦᠲᠦᠭᠡᠭᠳᠡᠬᠦᠨ᠎ᠤ ᠪᠦᠲᠦᠴᠡ ᠵᠢ ᠰᠢᠯᠢᠳᠡᠭᠵᠢᠭᠦᠯᠬᠦ ᠵᠢ ᠠᠬᠢᠭᠤᠯᠤᠨ᠎ᠠ᠃ ᠠᠵᠤ ᠠᠬᠤᠶ᠋ᠢᠯᠠᠯ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠴᠠᠭ᠋ᠠᠨ ᠢᠳᠡᠭᠡᠨ ᠦᠢ᠍ᠯᠡᠳᠪᠦᠷᠢᠯᠡᠬᠦ ᠰᠢᠨ᠎ᠡ ᠤᠷ᠎ᠠ ᠮᠡᠷᠭᠡᠵᠢᠯ᠎ᠢ ᠢᠳᠡᠪᠬᠢᠲᠡᠶ ᠰᠤᠳᠤᠯᠤᠨ ᠬᠥᠭᠵᠢᠭᠦᠯᠵᠦ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠨᠢ ᠲᠣᠬᠢᠷᠠᠭᠤᠯᠤᠨ ᠪᠠᠺᠲ᠋ᠧᠷᠢ ᠤᠰᠠᠳᠬᠠᠭᠰᠠᠨ ᠰᠦ᠂ ᠫᠠᠰᠲ᠋ᠧᠤᠷ᠎ᠤᠨ ᠠᠷᠭ᠎ᠠ᠎ᠪᠠᠷ ᠪᠠᠺᠲ᠋ᠧᠷᠢ ᠤᠰᠠᠳᠬᠠᠬᠰᠠᠨ ᠰᠦ᠂ ᠢᠰᠬᠡᠭᠰᠡᠨ ᠰᠦ ᠵᠡᠷᠭᠡ ᠰᠢᠩᠭᠡᠨ ᠲᠥᠯᠥᠪᠲᠦ ᠴᠠᠭ᠋ᠠᠨ ᠢᠳᠡᠭᠡᠨ᠎ᠢ ᠬᠥᠭᠵᠢᠭᠦᠯᠵᠦ᠂ ᠪᠢᠰᠢᠯᠠᠭ᠂ ᠰᠢᠷᠠᠰᠤ ᠵᠢᠨ ᠲᠠᠯᠬ᠎ᠠ᠂ ᠰᠢᠷ᠎ᠠ ᠲᠣᠰᠣ ᠵᠡᠷᠭᠡ ᠬᠠᠭᠤᠷᠠᠶ ᠴᠠᠭ᠋ᠠᠨ ᠢᠳᠡᠭᠡᠨ᠎ᠢ ᠬᠥᠭᠵᠢᠭᠦᠯᠬᠦ ᠵᠢ ᠳᠡᠮᠵᠢᠵᠦ᠂ ᠴᠢᠳᠠᠮᠵᠢ ᠵᠢᠨ ᠴᠢᠨᠠᠷᠲᠠᠶ ᠰᠦᠨ ᠲᠠᠯᠬ᠎ᠠ᠂ ᠠᠮᠲᠠᠳᠤ ᠰᠦᠨ ᠲᠠᠯᠬ᠎ᠠ ᠵᠢᠨ ᠦᠢ᠍ᠯᠡᠳᠪᠦᠷᠢᠯᠡᠯ᠎ᠢ ᠨᠡᠮᠡᠭᠳᠡᠭᠦᠯᠵᠦ᠂ ᠦᠢ᠍ᠯᠡᠳᠬᠦᠨ᠎ᠤ ᠥᠷᠲᠡᠭ᠎ᠤᠨ ᠬᠡᠯᠬᠢᠶ᠎ᠡ ᠵᠢ ᠳᠡᠭᠡᠭᠰᠢᠯᠡᠭᠦᠯᠵᠦ᠂ ᠬᠡᠷᠡᠭᠯᠡᠭᠴᠢᠳ᠎ᠤᠨ ᠣᠯᠠᠨ ᠶᠠᠩᠵᠤ ᠵᠢᠨ ᠬᠡᠷᠡᠭᠴᠡᠭᠡ ᠱᠠᠭ᠋ᠠᠷᠳᠠᠯᠭ᠎ᠠ ᠵᠢ ᠲᠠᠰᠤᠷᠠᠯᠲᠠ ᠤᠢ᠍ᠭᠡᠢ ᠬᠠᠩᠭ᠋ᠠᠨ᠎ᠠ᠃ ᠬᠤᠶᠠᠷ᠎ᠲᠤ᠂ ᠠᠵᠤ ᠦᠢ᠍ᠯᠡᠰ᠎ᠢ ᠲᠦᠪᠯᠡᠷᠡᠭᠦᠯᠦᠨ ᠬᠦᠭᠵᠢᠭᠦᠯᠭᠦ ᠵᠢ ᠠᠬᠢᠭᠤᠯᠤᠨ᠎ᠠ᠃ ᠠᠵᠤ ᠠᠬᠤᠶ᠋ᠢᠯᠠᠯ᠎ᠤᠨ ᠰᠠᠭ᠋ᠠᠯᠢ ᠵᠢᠨ ᠰᠠᠭᠤᠷᠢᠨ ᠭᠠᠵᠠᠷ᠎ᠢ ᠬᠥᠭᠵᠢᠭᠦᠯᠬᠦ ᠵᠢ ᠳᠡᠮᠵᠢᠵᠦ᠂ ᠴᠠᠭ᠋ᠠᠨ ᠢᠳᠡᠭᠡᠨ᠎ᠤ ᠠᠵᠤ ᠦᠢ᠍ᠯᠡᠰ᠎ᠢ ᠪᠦᠯᠦᠭᠵᠢᠭᠦᠯᠵᠦ ᠲᠦᠪᠯᠡᠷᠡᠭᠦᠯᠦᠨ ᠬᠦᠭᠵᠢᠭᠦᠯᠬᠦ ᠵᠢ ᠠᠬᠢᠭᠤᠯᠵᠤ᠂ ᠠᠵᠤ ᠦᠢ᠍ᠯᠡᠰ᠎ᠤᠨ ᠰᠢᠯᠢᠳᠡᠭᠵᠢᠨ ᠳᠡᠰ ᠳᠡᠪᠰᠢᠬᠦ ᠵᠢ ᠠᠬᠢᠭᠤᠯᠤᠨ᠎ᠠ᠃ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ ᠵᠢᠨ ᠠᠵᠤ ᠠᠬᠤᠶ᠋ᠢᠯᠠᠯ᠎ᠢ ᠨᠡᠶ᠋ᠢᠯᠡᠭᠦᠯᠵᠦ ᠳᠠᠬᠢᠨ ᠵᠣᠬᠢᠶᠠᠨ ᠪᠠᠶ᠋ᠢᠭᠤᠯᠬᠤ ᠵᠢ ᠭᠦᠨᠵᠡᠭᠡᠶ ᠠᠬᠢᠭᠤᠯᠵᠤ᠂ ᠣᠯᠠᠨ ᠤᠯᠤᠰ᠎ᠲᠤ ᠥᠷᠢᠰᠥᠯᠳᠦᠬᠦ ᠴᠢᠳᠠᠯ ᠵᠶ᠋ᠠᠷ ᠨᠡᠯᠢᠶᠡᠳ ᠴᠢᠩᠭ᠎ᠠ ᠲᠣᠮᠣ ᠬᠡᠯᠪᠡᠷᠢ ᠵᠢᠨ ᠴᠠᠭ᠋ᠠᠨ ᠢᠳᠡᠭᠡᠨ᠎ᠤ ᠠᠵᠤ ᠠᠬᠤᠶ᠋ᠢᠯᠠᠯ᠎ᠤᠨ ᠪᠦᠯᠦᠭᠯᠡᠯ᠎ᠢ ᠲᠦᠷᠭᠡᠳᠬᠡᠨ ᠪᠠᠶ᠋ᠢᠭᠤᠯᠵᠦ᠂ ᠠᠵᠢᠯ ᠲᠥᠷᠥᠯ᠎ᠤᠨ ᠲᠥᠪᠯᠡᠷᠡᠯ᠎ᠤᠨ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠦᠢ᠍ᠯᠡᠰ᠎ᠤᠨ ᠵᠢᠷᠤᠮᠵᠢᠭᠰᠠᠨ᠂ ᠬᠡᠪᠴᠢᠶᠡᠵᠢᠭᠰᠡᠨ᠂ ᠣᠳᠣᠬᠢᠴᠢᠯᠠᠭᠰᠠᠨ ᠬᠥᠭᠵᠢᠯᠲᠡ ᠵᠢ ᠲᠦᠷᠭᠡᠳᠬᠡᠨ᠎ᠡ᠃ ᠭᠤᠷᠪᠠ᠎ᠳᠤ᠂ ᠠᠵᠢᠯ ᠲᠥᠷᠥᠯ᠎ᠤᠨ ᠶᠠᠰᠤ ᠴᠢᠨᠠᠷ᠎ᠤᠨ ᠠᠮᠤᠷ ᠲᠦᠪᠰᠢᠨ᠎ᠤ ᠪᠠᠲᠤᠯᠠᠭ᠎ᠠ ᠵᠢᠨ ᠲᠦᠪᠰᠢᠨ᠎ᠢ ᠳᠡᠭᠡᠭᠰᠢᠯᠡᠭᠦᠯᠦᠨ᠎ᠡ᠃ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ ᠵᠢᠨ ᠶᠠᠰᠤ ᠴᠢᠨᠠᠷ᠎ᠤᠨ ᠠᠮᠤᠷ ᠲᠦᠪᠰᠢᠨ᠎ᠢ ᠮᠦᠷᠳᠡᠬᠦ ᠰᠢᠰᠲ᠋ᠧᠮ᠎ᠤᠨ ᠪᠠᠶ᠋ᠢᠭᠤᠯᠤᠯᠲᠠ ᠵᠢᠨ ᠲᠤᠷᠰᠢᠯᠲᠠ ᠵᠢᠨ ᠬᠡᠪᠴᠢᠶ᠎ᠡ ᠵᠢ ᠥᠷᠭᠡᠳᠬᠡᠨ᠂ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ ᠵᠢᠨ ᠪᠦᠬᠦ ᠠᠵᠢᠯ ᠲᠥᠷᠥᠯ᠎ᠳᠤ ᠶᠠᠰᠤ ᠴᠢᠨᠠᠷ᠎ᠤᠨ ᠠᠮᠤᠷ ᠲᠦᠪᠰᠢᠨ᠎ᠢ ᠮᠦᠷᠳᠡᠬᠦ ᠰᠢᠰᠲ᠋ᠧᠮ᠎ᠢ ᠠᠯᠬᠤᠮ ᠠᠯᠬᠤᠮ ᠵᠶ᠋ᠠᠷ ᠪᠠᠶ᠋ᠢᠭᠤᠯᠤᠨ᠎ᠠ; ᠡᠭᠦᠨ᠎ᠤ ᠬᠠᠮᠲᠤ᠂ ᠢᠳᠡᠭᠡᠨ᠎ᠤ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠶᠠᠰᠤ ᠴᠢᠨᠠᠷ᠎ᠤᠨ ᠠᠮᠤᠷ ᠲᠦᠪᠰᠢᠨ᠎ᠢ ᠮᠦᠷᠲᠡᠭᠦ ᠲᠠᠪᠴᠠᠩ᠎ᠤᠨ ᠪᠠᠶ᠋ᠢᠭᠤᠯᠤᠯᠲᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ 《ᠢᠳᠡᠭᠡᠨ᠎ᠤ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠬᠠᠮᠢᠶᠠᠷᠤᠯᠲᠠ ᠵᠢᠨ ᠰᠢᠰᠲ᠋ᠧᠮ》᠎ᠤᠨ ᠤᠯᠤᠰ᠎ᠤᠨ ᠪᠠᠷᠢᠮᠵᠢᠶ᠎ᠠ ᠵᠢ ᠲᠤᠭᠤᠰᠢᠯᠠᠭᠤᠯᠤᠨ ᠬᠡᠷᠡᠭᠵᠢᠭᠦᠯᠵᠦ᠂ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ ᠵᠢᠨ ᠠᠵᠤ ᠠᠬᠤᠶ᠋ᠢᠯᠠᠯ᠎ᠤᠨ ᠪᠦᠬᠦᠨ ᠵᠶ᠋ᠠᠷ ᠵᠶ᠋ᠠᠨ ᠢᠲᠡᠭᠡᠮᠵᠢ ᠵᠢᠨ ᠬᠠᠮᠢᠶᠠᠷᠤᠯᠲᠠ ᠵᠢᠨ ᠰᠢᠰᠲ᠋ᠧᠮ ᠪᠠᠶ᠋ᠢᠭᠤᠯᠬᠤ ᠵᠢ ᠠᠬᠢᠭᠤᠯᠵᠤ᠂ ᠠᠵᠤ ᠠᠬᠤᠶ᠋ᠢᠯᠠᠯ᠎ᠤᠨ ᠶᠠᠰᠤ ᠴᠢᠨᠠᠷ᠎ᠤᠨ ᠠᠮᠤᠷ ᠲᠦᠪᠰᠢᠨ᠎ᠤ ᠠᠮᠠᠯᠠᠯᠲᠠ ᠬᠢᠭᠦ ᠪᠠ ᠢᠲᠡᠭᠡᠮᠵᠢ ᠵᠢᠨ ᠰᠣᠶᠣᠯ᠎ᠤᠨ ᠪᠠᠶ᠋ᠢᠭᠤᠯᠤᠯᠲᠠ ᠥᠷᠨᠢᠭᠦᠯᠬᠦ ᠵᠢ ᠳᠡᠮᠵᠢᠨ᠎ᠡ᠃ ᠳᠥᠷᠪᠡ᠎ᠳᠤ᠂ ᠤᠬᠠᠭᠤᠯᠵᠤ ᠬᠥᠲᠥᠯᠥᠨ ᠵᠢᠯᠣᠭᠤᠳᠬᠤ ᠵᠢ ᠴᠢᠩᠭ᠋ᠠᠳᠬᠠᠨ᠎ᠠ᠃ ᠠᠵᠢᠯ ᠲᠥᠷᠥᠯ᠎ᠤᠨ ᠨᠡᠶ᠋ᠢᠭᠡᠮᠯᠢᠭ᠎ᠤᠨ ᠦᠢ᠍ᠯᠡᠳᠬᠦᠨ᠎ᠤ ᠴᠢᠨᠠᠷ ᠰᠠᠶ᠋ᠢᠲᠠᠶ᠂ ᠠᠯᠳᠠᠷ ᠨᠦᠯᠦᠭᠡ᠎ᠲᠠᠢ ᠠᠵᠤ ᠠᠬᠤᠶ᠋ᠢᠯᠠᠯ ᠵᠢᠴᠢ ᠦᠢ᠍ᠯᠡᠳᠬᠦᠨ᠎ᠤ ᠲᠥᠷᠥᠯ ᠲᠡᠮᠳᠡᠭ᠎ᠢ ᠲᠠᠨᠢᠯᠴᠠᠭᠤᠯᠬᠤ ᠵᠢ ᠳᠡᠮᠵᠢᠵᠦ᠂ ᠴᠠᠭ᠋ᠠᠨ ᠢᠳᠡᠭᠡᠨ᠎ᠤ ᠲᠦᠷᠦᠯ ᠲᠡᠮᠳᠡᠭ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠃ ᠴᠠᠭ᠋ᠠᠨ ᠢᠳᠡᠭᠡᠨ᠎ᠤ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠤᠨ ᠣᠯᠠᠨ ᠨᠡᠶ᠋ᠢᠲᠡ ᠵᠢᠨ ᠨᠡᠭᠡᠭᠡᠯᠲᠡ ᠵᠢᠨ ᠡᠳᠦᠷ᠎ᠤᠨ ᠠᠵᠢᠯᠯᠠᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠴᠠᠭ᠋ᠠᠨ ᠢᠳᠡᠭᠡᠨ᠎ᠤ ᠠᠵᠢᠯ ᠲᠥᠷᠥᠯ᠎ᠤᠨ ᠲᠤᠬᠠᠶ ᠬᠡᠷᠡᠭᠯᠡᠭᠴᠢᠳ᠎ᠤᠨ ᠰᠢᠨᠵᠢᠯᠡᠬᠦ ᠤᠬᠠᠭ᠋ᠠᠨᠴᠢ ᠣᠶ᠋ᠢᠯᠠᠭ᠋ᠠᠯᠲᠠ ᠵᠢ ᠨᠡᠮᠡᠭᠳᠡᠭᠦᠯᠵᠦ᠂ ᠴᠠᠭ᠋ᠠᠨ ᠢᠳᠡᠭᠡᠨ᠎ᠤ ᠬᠡᠷᠡᠭᠯᠡᠭᠡ ᠵᠢᠴᠢ ᠢᠳᠡᠭᠡᠨ᠎ᠤ ᠠᠮᠤᠷ ᠲᠦᠪᠰᠢᠨ᠎ᠤ ᠮᠡᠳᠡᠯᠭᠡ ᠵᠢ ᠤᠬᠠᠭᠤᠯᠵᠤ᠂ ᠶᠠᠷᠢᠶ᠎ᠠ ᠬᠡᠯᠡᠯᠴᠡᠭᠡᠨ᠎ᠤ ᠰᠠᠶ᠋ᠢᠨ ᠰᠠᠶ᠋ᠢᠬᠠᠨ ᠣᠷᠴᠢᠨ ᠲᠤᠭᠤᠷᠢᠨ᠎ᠢ ᠪᠤᠢ ᠪᠤᠯᠭ᠋ᠠᠨ᠎ᠠ᠃
      ᠠᠰᠠᠭᠤᠯᠲᠠ᠄ 《ᠰᠠᠨᠠᠯ》᠎ᠳᠤ 《2020 ᠣᠨ ᠪᠣᠯᠬᠤ᠎ᠳᠤ᠂ ᠨᠢᠯᠬ᠎ᠠ ᠬᠡᠤᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ ᠵᠢᠨ ᠶᠠᠰᠤ ᠴᠢᠨᠠᠷ᠂ ᠥᠷᠢᠰᠦᠯᠳᠦᠬᠦ ᠬᠦᠴᠦᠨ ᠪᠠ ᠠᠯᠳᠠᠷ ᠨᠦᠯᠦᠭᠡ ᠵᠢ ᠢᠯᠡᠳᠲᠡ ᠳᠡᠭᠡᠭᠰᠢᠯᠡᠭᠦᠯᠦᠨ᠎ᠡ》 ᠭᠡᠵᠦ ᠲᠣᠳᠣᠷᠬᠠᠶ ᠳᠤᠷᠠᠳᠤᠨ ᠭᠠᠷᠭ᠋ᠠᠪᠠ᠂ ᠲᠡᠭᠡᠪᠡᠯ᠂ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠲᠠᠷᠠᠭ᠋ᠠᠴᠢ ᠵᠢᠨ ᠠᠯᠬᠤᠮ᠎ᠳᠤ ᠨᠢᠯᠬ᠎ᠠ ᠬᠡᠤᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ ᠦᠢ᠍ᠯᠡᠳᠪᠦᠷᠢᠯᠡᠬᠦ ᠲᠠᠯ᠎ᠠ᠎ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠣᠶ?
      ᠬᠠᠷᠢᠭᠤᠯᠲᠠ᠄ ᠨᠢᠭᠡ ᠯᠤᠩᠬᠤ ᠰᠦᠨ ᠲᠠᠯᠬ᠎ᠠ᠎ᠨᠢ ᠨᠢᠭᠡ ᠠᠮᠢ ᠨᠠᠰᠤ ᠵᠢ ᠤᠮᠳᠠᠯᠠᠨ᠎ᠠ᠂ ᠨᠢᠯᠬ᠎ᠠ ᠬᠡᠤᠬᠡᠳ᠎ᠤᠨ ᠴᠢᠨᠠᠷ ᠰᠠᠶ᠋ᠢᠲᠠᠢ ᠠᠮᠤᠷ ᠲᠦᠪᠰᠢᠨ ᠨᠠᠶ᠋ᠢᠷᠠᠯᠭ᠎ᠠ᠎ᠲᠠᠢ ᠰᠦᠨ ᠲᠠᠯᠬ᠎ᠠ ᠬᠠᠨᠭ᠌ᠭ᠋ᠠᠬᠤ ᠪᠤᠯ ᠰᠠᠭ᠋ᠠᠯᠢ ᠵᠢᠨ ᠦᠢ᠍ᠯᠡᠰ᠎ᠢ ᠬᠦᠭᠵᠢᠭᠦᠯᠦᠨ ᠮᠠᠠᠳᠤᠭᠤᠯᠬᠤ ᠴᠢᠬᠤᠯᠠ ᠡᠭᠦᠷᠭᠡ ᠮᠦᠨ᠃ ᠲᠠᠷᠠᠭ᠋ᠠᠴᠢ ᠵᠢᠨ ᠠᠯᠬᠤᠮ᠎ᠳᠤ᠂ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ 《ᠰᠠᠨᠠᠯ》᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠴᠢᠩᠭ᠎ᠠ ᠪᠠᠶ᠋ᠢᠬᠤ ᠵᠢ ᠲᠡᠷᠢᠭᠦᠨ᠎ᠳᠤ ᠲᠠᠯᠪᠢᠵᠤ᠂ ᠡᠬᠢ ᠡᠭᠦᠰᠦᠯ᠎ᠠᠴᠠ᠎ᠨᠢ ᠴᠢᠩᠭ᠎ᠠ ᠰᠡᠷᠭᠡᠶ᠋ᠢᠯᠡᠬᠦ᠂ ᠶᠠᠪᠤᠴᠠ ᠵᠢ ᠴᠢᠩᠭ᠎ᠠ ᠡᠵᠡᠮᠳᠡᠬᠦ᠂ ᠦᠢ᠍ᠯᠡᠳᠭᠦᠨ᠎ᠢ ᠴᠢᠩᠭ᠎ᠠ ᠪᠠᠶ᠋ᠢᠴᠠᠭ᠋ᠠᠬᠤ᠂ ᠵᠠᠬ᠎ᠠ ᠳᠡᠯᠭᠡᠭᠦᠷ᠎ᠢ ᠴᠢᠩᠭ᠎ᠠ ᠬᠠᠮᠢᠶᠠᠷᠬᠤ ᠵᠢ ᠪᠠᠷᠢᠮᠲᠠᠯᠠᠨ᠂ ᠨᠢᠯᠬ᠎ᠠ ᠬᠡᠤᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ ᠵᠢᠨ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠵᠤ᠂ ᠡᠬᠡ ᠤᠯᠤᠰ᠎ᠤᠨ ᠬᠤᠶ᠋ᠢᠴᠢ ᠦᠶ᠎ᠡ ᠵᠢᠨ᠎ᠬᠢᠨ᠎ᠳᠤ ᠴᠢᠨᠠᠷ ᠰᠠᠶ᠋ᠢᠳᠠᠢ ᠰᠦᠨ ᠲᠠᠯᠬ᠎ᠠ ᠤᠤᠭᠤᠯᠭ᠋ᠠᠬᠤ᠎ᠪᠠᠷ ᠴᠢᠷᠮᠠᠶ᠋ᠢᠨ᠎ᠠ᠃
      ᠨᠢᠭᠡ᠎ᠳᠤ᠂ ᠠᠵᠤ ᠠᠬᠤᠶ᠋ᠢᠯᠠᠯ᠎ᠤᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠠᠵᠤ ᠠᠬᠤᠶ᠋ᠢᠯᠠᠯ᠎ᠢ ᠰᠢᠪᠠᠳᠠᠨ ᠱᠠᠭ᠋ᠠᠷᠳᠠᠵᠤ ᠪᠠᠶ᠋ᠢᠭ᠋ᠠᠳ ᠢᠳᠡᠭᠡᠨ᠎ᠤ ᠠᠮᠤᠷ ᠲᠦᠪᠰᠢᠨ᠎ᠤ ᠭᠤᠣᠯ ᠴᠣᠭᠴᠠ ᠵᠢᠨ ᠬᠠᠷᠢᠭᠤᠴᠠᠯᠭ᠎ᠠ ᠵᠢ ᠲᠠᠰᠤᠷᠠᠯᠲᠠ ᠤᠢ᠍ᠭᠡᠢ ᠨᠠᠶ᠋ᠢᠳᠠᠪᠤᠷᠢᠵᠢᠭᠤᠯᠵᠤ᠂ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ ᠵᠢᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠦᠨ᠎ᠠ᠃ ᠡᠭᠢ ᠡᠭᠦᠰᠦᠯ᠎ᠠᠴᠠ᠎ᠨᠢ ᠴᠢᠩᠭ᠎ᠠ ᠰᠡᠷᠭᠡᠶ᠋ᠢᠯᠡᠵᠦ᠂ ᠲᠦᠭᠦᠬᠡᠢ ᠮᠠᠲ᠋ᠧᠷᠢᠶᠠᠯ ᠬᠠᠩᠭ᠋ᠠᠬᠤ ᠬᠤᠳᠠᠯᠳᠤᠭ᠋ᠠᠴᠢᠳ᠎ᠢ ᠬᠢᠨᠠᠨ ᠲᠤᠬᠳᠠᠭ᠋ᠠᠬᠤ ᠲᠥᠷᠢᠮ᠎ᠢ ᠪᠠᠶ᠋ᠢᠭᠤᠯᠤᠨ ᠬᠡᠷᠡᠭᠵᠢᠭᠦᠯᠵᠦ᠂ ᠪᠠᠷᠠᠭ᠎ᠠ ᠣᠷᠣᠭᠤᠯᠬᠤ᠎ᠳᠤ ᠪᠠᠶ᠋ᠢᠴᠠᠭ᠋ᠠᠨ ᠰᠢᠯᠭ᠋ᠠᠬᠤ ᠪᠠ ᠦᠢ᠍ᠯᠡᠳᠪᠦᠷᠢ᠎ᠳᠤ ᠣᠷᠣᠭᠤᠯᠬᠤ᠎ᠳᠤ ᠪᠠᠶ᠋ᠢᠴᠠᠭ᠋ᠠᠨ ᠰᠢᠯᠭ᠋ᠠᠬᠤ ᠠᠵᠢᠯ᠎ᠢ ᠰᠠᠶ᠋ᠢᠲᠤᠷ ᠬᠢᠨ᠎ᠠ᠃ ᠶᠠᠪᠤᠴᠠ ᠵᠢ ᠴᠢᠩᠭ᠎ᠠ ᠡᠵᠡᠮᠳᠡᠵᠦ᠂ ᠦᠢ᠍ᠯᠡᠳᠪᠦᠷᠢᠯᠡᠯ᠎ᠤᠨ ᠤᠷ᠎ᠠ ᠮᠡᠷᠭᠡᠰᠢᠯ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠦᠢ᠍ᠯᠡᠳᠪᠦᠷᠢᠯᠡᠵᠦ᠂ ᠮᠢᠺᠷᠣᠪ᠂ ᠬᠢᠮᠢ᠂ ᠹᠢᠽᠢᠺ᠎ᠤᠨ ᠪᠣᠬᠢᠷᠲᠤᠯ᠎ᠢ ᠰᠡᠷᠭᠡᠶ᠋ᠢᠯᠡᠨ ᠬᠢᠵᠠᠭ᠋ᠠᠷᠯᠠᠬᠤ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠦᠨ᠎ᠡ᠃ ᠦᠢ᠍ᠯᠡᠳᠬᠦᠨ᠎ᠢ ᠴᠢᠩᠭ᠎ᠠ ᠪᠠᠶ᠋ᠢᠴᠠᠭ᠋ᠠᠵᠤ᠂ ᠦᠢ᠍ᠯᠡᠳᠪᠦᠷᠢ᠎ᠠᠴᠠ ᠭᠠᠷᠭ᠋ᠠᠬᠤ ᠦᠢ᠍ᠯᠡᠳᠬᠦᠨ᠎ᠤ ᠪᠦᠬᠦ ᠲᠥᠷᠥᠯ ᠵᠦᠢ᠍ᠯ᠎ᠢ ᠪᠦᠯᠦᠭ ᠳᠠᠷᠠᠭ᠋ᠠᠯᠠᠨ ᠥᠪᠡᠰᠦᠪᠡᠨ ᠪᠠᠶ᠋ᠢᠴᠠᠭ᠋ᠠᠬᠤ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠰᠢᠯᠭ᠋ᠠᠨ ᠪᠠᠶ᠋ᠢᠴᠠᠭ᠋ᠠᠭᠰᠠᠨ ᠲᠤᠭ᠎ᠠ ᠪᠠᠷᠢᠮᠲᠠ ᠵᠢᠨ ᠦᠨᠡᠨ ᠪᠣᠳᠠᠲᠠᠶ᠂ ᠪᠦᠷᠢᠨ ᠪᠦᠲᠦᠨ᠂ ᠵᠦᠪ ᠣᠨᠣᠪᠴᠢᠲᠠᠶ ᠪᠠᠶ᠋ᠢᠬᠤ ᠵᠢ ᠦᠨᠡᠨ ᠬᠦ᠌ ᠪᠠᠲᠤᠯᠠᠨ᠎ᠠ᠃
      ᠬᠤᠶᠠᠷ᠎ᠲᠤ᠂ ᠢᠳᠡᠭᠡᠨ᠎ᠤ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠴᠢᠩᠭ᠎ᠠ ᠰᠠᠬᠢᠨ᠎ᠠ᠃ ᠬᠢᠨᠠᠨ ᠬᠠᠮᠢᠶᠠᠷᠬᠤ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠥᠨᠳᠥᠷ ᠳᠠᠷᠤᠯᠲᠠᠲᠤ ᠪᠠᠶ᠋ᠢᠳᠠᠯ᠎ᠢ ᠦᠷᠭᠦᠯᠵᠢᠯᠡᠨ ᠪᠠᠲᠤᠯᠠᠨ᠎ᠠ᠃ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ᠎ᠳᠤ ᠬᠢᠨᠠᠯᠲᠠ ᠲᠠᠯᠪᠢᠵᠤ ᠰᠤᠭᠤᠴᠢᠨ ᠪᠠᠶ᠋ᠢᠴᠠᠭ᠋ᠠᠬᠤ ᠪᠠ ᠲᠦᠭᠰᠢᠭᠦᠷᠢ ᠵᠢ ᠬᠢᠨᠠᠨ ᠬᠡᠮᠵᠢᠬᠦ᠎ᠪᠠᠨ ᠲᠠᠰᠤᠷᠠᠯᠲᠠ ᠤᠢ᠍ᠭᠡᠢ ᠴᠢᠩᠭ᠋ᠠᠳᠬᠠᠵᠤ᠂ ᠢᠳᠡᠭᠡᠨ᠎ᠤ ᠠᠮᠤᠷ ᠲᠦᠪᠰᠢᠨ᠎ᠤ ᠲᠦᠭᠰᠢᠭᠦᠷᠢ ᠳᠠᠯᠳᠠ ᠭᠡᠮ᠎ᠢ ᠴᠠᠭ ᠲᠤᠬᠠᠶ᠎ᠳᠤ᠎ᠨᠢ ᠠᠷᠢᠯᠭ᠋ᠠᠨ᠎ᠠ᠃ ᠢᠳᠡᠭᠡᠨ᠎ᠤ ᠠᠮᠤᠷ ᠲᠦᠪᠰᠢᠨ᠎ᠤ ᠦᠢ᠍ᠯᠡᠳᠪᠦᠷᠢᠯᠡᠯ᠎ᠤᠨ ᠵᠢᠷᠤᠮᠵᠢᠬᠰᠠᠨ ᠲᠤᠬᠳᠠᠯᠴᠠᠭ᠎ᠠ᠎ᠳᠤ ᠦᠷᠭᠦᠯᠵᠢᠯᠡᠨ ᠪᠠᠶ᠋ᠢᠴᠠᠭ᠋ᠠᠯᠲᠠ ᠥᠷᠨᠢᠭᠦᠯᠵᠦ᠂ ᠠᠰᠠᠭᠤᠳᠠᠯ᠎ᠢ ᠨᠡᠯᠢᠶᠡᠳ ᠣᠯᠠᠨ ᠢᠯᠡᠷᠡᠭᠦᠯᠦᠭᠰᠡᠨ ᠠᠵᠤ ᠠᠬᠤᠶ᠋ᠢᠯᠠᠯ᠎ᠳᠤ 《ᠡᠷᠬᠢᠵᠤ ᠬᠠᠷᠠᠬᠤ》 ᠠᠵᠢᠯᠯᠠᠭ᠎ᠠ ᠥᠷᠨᠢᠭᠦᠯᠦᠨ᠎ᠡ᠃ ᠢᠳᠡᠭᠡᠨ᠎ᠤ ᠪᠤᠰᠤ ᠪᠣᠳᠠᠰ᠎ᠢ ᠬᠠᠤᠯᠢ ᠪᠤᠰᠤ᠎ᠪᠠᠷ ᠨᠡᠮᠡᠬᠦ᠂ ᠢᠳᠡᠭᠡᠨ᠎ᠤ ᠨᠡᠮᠡᠯᠲᠡ ᠡᠳ᠋᠎ᠢ ᠬᠡᠪᠴᠢᠶ᠎ᠡ ᠪᠠ ᠬᠡᠮᠵᠢᠶ᠎ᠡ᠎ᠠᠴᠠ ᠬᠡᠲᠦᠷᠡᠭᠦᠯᠦᠨ ᠬᠡᠷᠡᠭᠯᠡᠬᠦ᠂ ᠱᠣᠰᠢᠭ᠎ᠠ ᠵᠢᠨ ᠠᠭᠤᠯᠭ᠎ᠠ ᠵᠢ ᠬᠤᠳᠠᠯ ᠬᠠᠭᠤᠷᠮᠠᠭ ᠵᠶ᠋ᠠᠷ ᠲᠠᠪᠠᠭᠤᠯᠵᠤ ᠶᠠᠷᠢᠬᠤ ᠪᠠ ᠱᠣᠰᠢᠭ᠎ᠠ ᠵᠢ ᠪᠠᠯᠠᠯᠤᠨ ᠵᠠᠰᠠᠬᠤ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ ᠨᠢᠯᠬ᠎ᠠ ᠬᠡᠦᠬᠡᠳ᠎ᠤᠨ ᠲᠤᠮᠤ ᠪᠤᠭᠤᠳᠠᠯ ᠪᠦᠭᠦᠢ ᠨᠠᠶ᠋ᠢᠷᠠᠯᠭ᠎ᠠ᠎ᠲᠠᠢ ᠰᠦᠨ ᠲᠠᠯᠬ᠎ᠠ ᠵᠢ ᠭᠠᠳᠠᠭ᠋ᠠᠳᠤ᠎ᠠᠴᠠ ᠣᠷᠣᠭᠤᠯᠵᠤ ᠬᠢᠯᠢ ᠵᠢᠨ ᠳᠣᠲᠣᠷ᠎ᠠ ᠰᠠᠯᠭ᠋ᠠᠨ ᠰᠠᠪᠠᠯᠠᠬᠤ ᠵᠢ ᠴᠢᠩᠭ᠎ᠠ ᠴᠠᠭ᠋ᠠᠵᠠᠯᠠᠨ᠎ᠠ᠃
      ᠭᠤᠷᠪᠠ᠎ᠳᠤ᠂ ᠶᠠᠰᠤ ᠴᠢᠨᠠᠷ᠎ᠢ ᠪᠠᠳᠤᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠠᠵᠤ ᠠᠬᠤᠶ᠋ᠢᠯᠠᠯ᠎ᠢ ᠰᠢᠪᠠᠳᠠᠨ ᠱᠠᠭ᠋ᠠᠷᠳᠠᠵᠤ ᠪᠠᠶ᠋ᠢᠭ᠋ᠠᠳ ᠨᠢᠯᠬ᠎ᠠ ᠬᠡᠤᠬᠡᠳ᠎ᠤᠨ ᠨᠠᠶ᠋ᠢᠷᠠᠯᠭ᠎ᠠ᠎ᠲᠠᠢ ᠨᠤᠨᠲᠠᠭ ᠢᠳᠡᠭᠡᠨ᠎ᠤ ᠰᠠᠶ᠋ᠢᠨ ᠰᠠᠶ᠋ᠢᠬᠠᠨ ᠦᠢ᠍ᠯᠡᠳᠪᠦᠷᠢᠯᠡᠯ᠎ᠤᠨ ᠵᠢᠷᠤᠮᠵᠢᠯ᠂ ᠬᠤᠤᠷ ᠬᠥᠨᠥᠭᠡᠯ᠎ᠤᠨ ᠵᠠᠳᠠᠯᠤᠯᠲᠠ ᠪᠠ ᠵᠠᠩᠭᠢᠯᠠᠭ᠎ᠠ ᠵᠢᠨ ᠡᠵᠡᠮᠳᠡᠬᠦ ᠴᠡᠭ᠎ᠤᠨ ᠲᠤᠬᠳᠠᠯᠴᠠᠭ᠎ᠠ ᠵᠡᠷᠭᠡ ᠢᠳᠡᠭᠡᠨ᠎ᠤ ᠠᠮᠤᠷ ᠲᠦᠪᠰᠢᠨ᠎ᠤ ᠶᠠᠰᠤ ᠴᠢᠨᠠᠷ᠎ᠤᠨ ᠬᠠᠮᠢᠶᠠᠷᠤᠯᠲᠠ ᠵᠢᠨ ᠲᠦᠷᠢᠮ᠎ᠢ ᠦᠷᠭᠦᠯᠵᠢᠯᠡᠨ ᠬᠡᠷᠡᠭᠵᠢᠭᠦᠯᠦᠨ᠎ᠡ᠃ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ ᠵᠢᠨ ᠦᠢ᠍ᠯᠡᠳᠬᠦᠨ᠎ᠤ ᠨᠠᠶ᠋ᠢᠷᠠᠯᠭ᠎ᠠ ᠵᠢ ᠳᠠᠩᠰᠠᠯᠠᠭᠤᠯᠬᠤ ᠬᠠᠮᠢᠶᠠᠷᠤᠯᠲᠠ ᠵᠢ ᠴᠢᠩᠭ᠋ᠠᠷᠠᠭᠤᠯᠤᠨ᠂ ᠨᠠᠶ᠋ᠢᠷᠠᠯᠭ᠎ᠠ ᠵᠢᠨ ᠰᠢᠨᠵᠢᠯᠡᠬᠦ ᠤᠬᠠᠭ᠋ᠠᠨᠴᠢ ᠴᠢᠨᠠᠷ ᠪᠠ ᠠᠮᠤᠷ ᠲᠦᠪᠰᠢᠨ ᠴᠢᠨᠠᠷ᠎ᠢ ᠪᠠᠲᠤᠯᠠᠨ᠎ᠠ᠃ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ ᠵᠢᠨ ᠶᠠᠰᠤ ᠴᠢᠨᠠᠷ᠎ᠤᠨ ᠠᠮᠤᠷ ᠲᠦᠪᠰᠢᠨ᠎ᠢ ᠮᠦᠷᠳᠡᠬᠦ ᠲᠤᠬᠳᠠᠯᠴᠠᠭ᠎ᠠ ᠵᠢᠨ ᠪᠠᠶ᠋ᠢᠭᠤᠯᠤᠯᠲᠠ ᠵᠢ ᠳᠡᠮᠵᠢᠵᠦ᠂ ᠲᠡᠵᠢᠭᠡᠨ ᠦᠷᠡᠵᠢᠭᠦᠯᠬᠦ᠂ ᠪᠣᠯᠪᠠᠰᠤᠷᠠᠭᠤᠯᠬᠤ᠂ ᠭᠦᠢ᠍ᠯᠭᠡᠭᠡᠬᠦ ᠵᠡᠷᠭᠡ ᠪᠦᠬᠦ ᠶᠠᠪᠤᠴᠠ ᠵᠢ ᠮᠦᠷᠲᠡᠵᠦ ᠪᠣᠯᠬᠤ ᠪᠤᠯᠭ᠋ᠠᠨ᠎ᠠ᠃ ᠲᠦᠭᠦᠬᠡᠶ ᠰᠦ ᠬᠡᠷᠡᠭᠯᠡᠨ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ ᠦᠢ᠍ᠯᠡᠳᠪᠦᠷᠢᠯᠡᠬᠦ ᠵᠢ ᠶᠡᠭᠡ᠎ᠪᠠᠷ ᠰᠠᠨᠠᠭ᠋ᠠᠴᠢᠯᠠᠨ ᠵᠣᠷᠢᠭᠵᠢᠭᠤᠯᠵᠤ᠂ ᠠᠵᠤ ᠠᠬᠤᠶ᠋ᠢᠯᠠᠯ᠎ᠤᠨ ᠦᠪᠡᠰᠦᠪᠡᠨ ᠡᠵᠡᠮᠳᠡᠬᠦ ᠰᠠᠭ᠋ᠠᠯᠢ ᠵᠢᠨ ᠰᠠᠭᠤᠷᠢᠨ ᠭᠠᠵᠠᠷ ᠪᠠᠶ᠋ᠢᠭᠤᠯᠬᠤ ᠵᠢ ᠳᠡᠮᠵᠢᠨ᠎ᠡ᠃
      ᠳᠥᠷᠪᠡ᠎ᠳᠤ᠂ ᠠᠵᠢᠯ ᠲᠥᠷᠥᠯ᠎ᠤᠨ ᠰᠠᠶ᠋ᠢᠨ ᠰᠠᠶ᠋ᠢᠬᠠᠨ ᠳᠦᠷᠢ ᠲᠥᠷᠬᠦ ᠵᠢ ᠰᠠᠶ᠋ᠢᠵᠢᠷᠠᠭᠤᠯᠤᠨ᠎ᠠ᠃ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ ᠵᠢᠨ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠢᠳᠡᠪᠬᠢᠲᠡᠶ ᠤᠬᠠᠭᠤᠯᠵᠤ᠂ ᠬᠢᠨᠠᠯᠲᠠ ᠲᠠᠯᠪᠢᠵᠤ ᠰᠤᠭᠤᠴᠢᠨ ᠪᠠᠶ᠋ᠢᠴᠠᠭ᠋ᠠᠭᠰᠠᠨ ᠪᠠ ᠬᠢᠨᠠᠯᠲᠠ ᠲᠠᠯᠪᠢᠵᠤ ᠪᠠᠶ᠋ᠢᠴᠠᠭ᠋ᠠᠭᠰᠠᠨ ᠮᠡᠳᠡᠭᠡ ᠵᠠᠩᠭᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠲᠡᠯᠡᠵᠦ᠂ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ ᠵᠢᠨ ᠶᠠᠰᠤ ᠴᠢᠨᠠᠷ᠎ᠤᠨ ᠪᠠᠶ᠋ᠢᠳᠠᠯ᠎ᠢ ᠪᠤᠰᠤᠳᠴᠢ᠂ ᠦᠨᠡᠨ ᠪᠣᠳᠠᠲᠠᠶ᠂ ᠪᠦᠬᠦ ᠲᠠᠯ᠎ᠠ᠎ᠪᠠᠷ ᠳᠡᠯᠭᠡᠨ ᠦᠵᠡᠭᠦᠯᠦᠨ᠎ᠡ᠃ ᠠᠵᠢᠯ ᠲᠥᠷᠥᠯ᠎ᠤᠨ ᠦᠨᠡᠨᠴᠢ ᠢᠲᠡᠭᠡᠮᠵᠢ ᠵᠢᠨ ᠲᠤᠬᠳᠠᠯᠴᠠᠭ᠎ᠠ ᠵᠢᠨ ᠪᠠᠶ᠋ᠢᠭᠤᠯᠤᠯᠲᠠ ᠵᠢ ᠠᠬᠢᠭᠤᠯᠵᠤ᠂ ᠭᠠᠶ᠋ᠢᠯᠢ ᠵᠢᠨ ᠶᠠᠪᠤᠳᠠᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠳᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠳ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠪᠡᠶᠡᠯᠡᠭᠦᠯᠵᠦ᠂ 《ᠬᠠᠷ᠎ᠠ ᠲᠠᠩᠰᠠ》 ᠵᠢᠨ ᠲᠦᠷᠢᠮ ᠪᠠ ᠵᠠᠬ᠎ᠠ ᠳᠡᠯᠭᠡᠭᠦᠷ᠎ᠠᠴᠠ ᠤᠬᠤᠷᠢᠨ ᠭᠠᠷᠬᠤ ᠲᠣᠭᠲᠠᠴᠠ ᠵᠢ ᠪᠠᠶ᠋ᠢᠭᠤᠯᠤᠨ᠎ᠠ᠃ ᠠᠵᠤ ᠠᠬᠤᠶ᠋ᠢᠯᠠᠯ᠎ᠤᠨ ᠢᠳᠡᠪᠬᠢᠵᠢᠯ ᠪᠣᠯᠤᠨ ᠪᠦᠲᠦᠭᠡᠯᠴᠢ ᠴᠢᠳᠠᠪᠤᠷᠢ ᠵᠢ ᠭᠦᠢ᠍ᠴᠡᠳ ᠬᠥᠭᠵᠢᠭᠡᠵᠤ᠂ ᠭᠤᠤᠯᠯᠠᠬ᠍ᠴᠢ ᠠᠵᠤ ᠠᠬᠤᠶ᠋ᠢᠯᠠᠯ᠎ᠤᠨ ᠬᠥᠲᠥᠯᠦᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠴᠢᠨᠠᠷ ᠰᠠᠶ᠋ᠢᠲᠠᠶ ᠲᠥᠷᠦᠯ ᠲᠡᠮᠳᠡᠭ᠎ᠢ ᠪᠤᠶ᠋ᠢᠵᠢᠭᠤᠯᠤᠨ᠂ ᠰᠠᠶ᠋ᠢᠨ ᠰᠠᠶ᠋ᠢᠬᠠᠨ ᠨᠡᠷ᠎ᠠ ᠨᠦᠯᠦᠭᠡ ᠵᠢ ᠪᠣᠶ ᠪᠣᠯᠭ᠋ᠠᠵᠤ᠂ ᠥᠷᠭᠡᠨ ᠣᠯᠠᠨ ᠲᠦᠮᠡᠨ᠎ᠤ ᠤᠯᠤᠰ᠎ᠲᠤ᠎ᠪᠠᠨ ᠦᠢ᠍ᠯᠡᠳᠪᠦᠷᠢᠯᠡᠭᠰᠡᠨ ᠰᠦᠨ ᠲᠠᠯᠬ᠎ᠠ ᠵᠢ ᠮᠡᠳᠡᠷᠡᠬᠦ ᠬᠡᠮᠵᠢᠶ᠎ᠡ ᠵᠢ ᠳᠡᠭᠡᠭᠰᠢᠯᠡᠭᠦᠯᠦᠨ᠎ᠡ᠃
      ᠠᠰᠠᠭᠤᠯᠲᠠ᠄ 《ᠰᠠᠨᠠᠯ》᠎ᠳᠤ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢᠨ ᠡᠯ᠎ᠡ ᠲᠠᠯ᠎ᠠ ᠵᠢ ᠬᠠᠮᠤᠷᠪᠠ᠃ 《ᠰᠠᠨᠠᠯ》᠎ᠤᠨ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠬᠡᠷᠬᠢᠨ ᠦᠨᠡᠨ ᠬᠦ᠌ ᠪᠠᠲᠤᠯᠠᠬᠤ ᠲᠤᠬᠠᠢ ᠲᠠᠷᠢᠶᠠᠯᠠᠩ ᠪᠠ ᠬᠥᠳᠡᠭᠡ ᠲᠣᠰᠬᠤᠨ᠎ᠤ ᠶᠠᠮᠤᠨ᠎ᠳᠤ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠪᠠᠶ᠋ᠢᠬᠤ ᠪᠣᠶ?
      ᠬᠠᠷᠢᠭᠤᠯᠲᠠ᠄ ᠨᠢᠭᠡ ᠬᠤᠪᠢ ᠵᠢᠨ ᠪᠠᠶ᠋ᠢᠷᠢᠯᠠᠭᠤᠯᠤᠯᠲᠠ ᠬᠢᠪᠡᠯ ᠶᠢᠰᠦᠨ ᠬᠤᠪᠢ ᠵᠢᠨ ᠨᠠᠶ᠋ᠢᠳᠠᠪᠤᠷᠢᠵᠢᠭᠤᠯᠤᠯᠲᠠ ᠱᠠᠭ᠋ᠠᠷᠳᠠᠬᠳᠠᠨ᠎ᠠ᠃ 《ᠰᠠᠨᠠᠯ》᠎ᠳᠤ᠂ ᠲᠠᠷᠢᠶᠠᠯᠠᠩ ᠪᠠ ᠬᠥᠳᠡᠭᠡ ᠲᠣᠰᠬᠤᠨ᠎ᠤ ᠶᠠᠮᠤᠨ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠰᠢᠪᠠᠳᠠᠨ ᠪᠠᠶ᠋ᠢᠴᠠᠭ᠋ᠠᠬᠤ ᠵᠢᠨ ᠬᠠᠮᠲᠤ ᠲᠥᠷᠥ ᠵᠢᠨ ᠶᠠᠪᠤᠳᠠᠯ᠎ᠤᠨ ᠬᠤᠷᠢᠶ᠎ᠠ᠎ᠳᠤ ᠮᠡᠳᠡᠭᠦᠯᠬᠦ ᠬᠡᠷᠡᠭᠲᠡᠶ ᠭᠡᠵᠦ ᠲᠤᠳᠤᠷᠬᠠᠢ ᠱᠠᠭ᠋ᠠᠷᠳᠠᠵᠠᠢ᠃ 《ᠰᠠᠨᠠᠯ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠣᠭᠤᠷᠢᠨ᠎ᠳᠤ ᠬᠦᠳᠡᠭᠡ ᠠᠵᠤ ᠠᠬᠤᠢ ᠬᠥᠳᠡᠭᠡ ᠲᠣᠰᠬᠤᠨ᠎ᠤ ᠶᠠᠮᠤᠨ ᠭᠤᠷᠪᠠᠨ ᠲᠠᠯ᠎ᠠ ᠵᠢᠨ ᠠᠵᠢᠯ᠎ᠢ ᠭᠤᠤᠯᠳᠠᠯᠭ᠎ᠠ᠎ᠲᠠᠢ ᠰᠠᠶ᠋ᠢᠲᠤᠷ ᠬᠢᠨ᠎ᠠ᠃
      ᠨᠢᠭᠡ᠎ᠳᠤ᠂ ᠰᠠᠯᠠᠭ᠎ᠠ ᠮᠥᠴᠢᠷ᠎ᠤᠨ ᠵᠤᠬᠢᠴᠠᠭᠤᠯᠤᠨ ᠬᠠᠮᠵᠢᠯᠴᠠᠬᠤ ᠵᠢ ᠨᠠᠶ᠋ᠢᠳᠠᠪᠤᠷᠢᠵᠢᠭᠤᠯᠤᠨ᠎ᠠ᠃ 《ᠰᠠᠨᠠᠯ》 ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠳᠤ ᠡᠯ᠎ᠡ ᠲᠠᠯ᠎ᠠ ᠵᠢᠨ᠎ᠬᠢᠨ᠎ᠤ ᠬᠠᠮᠲᠤ ᠵᠢᠨ ᠴᠢᠷᠮᠠᠶ᠋ᠢᠯᠭ᠎ᠠ ᠱᠠᠭ᠋ᠠᠷᠳᠠᠭᠳᠠᠨ᠎ᠠ᠃ ᠲᠠᠷᠢᠶᠠᠯᠠᠩ ᠪᠠ ᠬᠥᠳᠡᠭᠡ ᠲᠣᠰᠬᠤᠨ᠎ᠤ ᠶᠠᠮᠤᠨ 《ᠰᠠᠨᠠᠯ》᠎ᠤᠨ ᠱᠠᠭ᠋ᠠᠷᠳᠠᠯᠭ᠎ᠠ ᠶᠣᠰᠣᠭ᠋ᠠᠷ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠪᠣᠳᠠᠲᠠᠶ ᠠᠵᠢᠯ᠎ᠤᠨ ᠠᠷᠭ᠎ᠠ ᠬᠡᠮᠵᠢᠶ᠎ᠡ ᠵᠢ ᠲᠣᠭᠲᠠᠭ᠋ᠠᠨ ᠲᠡᠭᠦᠯᠳᠡᠷᠵᠢᠭᠦᠯᠵᠦ᠂ ᠲᠡᠳᠬᠦᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠡᠷᠴᠢᠮ ᠵᠶ᠋ᠠᠨ ᠴᠠᠭ᠋ᠠᠰᠢᠳᠠ ᠴᠢᠩᠭ᠋ᠠᠷᠠᠭᠤᠯᠵᠤ᠂ ᠰᠠᠭ᠋ᠠᠯᠢ ᠵᠢᠨ ᠦᠢ᠍ᠯᠡᠰ᠎ᠤᠨ ᠠᠵᠢᠯ᠎ᠤᠨ ᠲᠤᠬᠠᠢ ᠶᠠᠮᠤᠨ᠎ᠤ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠲᠦᠷᠢᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠣᠬᠢᠴᠠᠭᠤᠯᠤᠨ ᠬᠠᠮᠵᠢᠯᠴᠠᠬᠤ᠎ᠪᠠᠨ ᠴᠢᠩᠭ᠋ᠠᠳᠬᠠᠵᠤ᠂ ᠡᠯ᠎ᠡ ᠵᠦᠢ᠍ᠯ᠎ᠤᠨ ᠠᠵᠢᠯ᠎ᠢ ᠪᠤᠳᠠᠳᠠᠢ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃
      ᠬᠤᠶᠠᠷ᠎ᠲᠤ᠂ ᠲᠥᠷᠥ ᠵᠢᠨ ᠪᠣᠳᠣᠯᠭ᠎ᠠ ᠵᠢᠨ ᠪᠠᠯᠠ ᠮᠥᠩᠭᠦ ᠵᠢᠨ ᠠᠬᠢᠭᠤᠯᠬᠤ ᠦᠢ᠍ᠯᠡᠳᠦᠯ᠎ᠢ ᠴᠢᠩᠭ᠋ᠠᠳᠬᠠᠨ᠎ᠠ᠃ ᠰᠠᠭ᠋ᠠᠯᠢ ᠵᠢᠨ ᠦᠨᠢᠶ᠎ᠡ ᠵᠢ ᠪᠠᠷᠢᠮᠵᠢᠶᠠᠵᠢᠭᠤᠯᠤᠨ ᠬᠡᠪᠴᠢᠶᠡᠵᠢᠭᠦᠯᠵᠦ ᠲᠡᠵᠢᠭᠡᠨ ᠦᠷᠡᠵᠢᠭᠦᠯᠬᠦ᠂ ᠴᠢᠨᠠᠷ ᠰᠠᠶ᠋ᠢᠲᠠᠶ ᠲᠡᠵᠢᠭᠡᠯ ᠡᠪᠡᠰᠦ ᠵᠢᠨ ᠦᠢ᠍ᠯᠡᠳᠪᠦᠷᠢᠯᠡᠯ᠂ ᠢᠯᠭ᠋ᠠᠳᠠᠰᠤ ᠵᠢ ᠶᠡᠷᠦᠩᠬᠡᠶ᠋ᠢᠯᠡᠨ ᠰᠢᠢ᠍ᠳᠪᠦᠷᠢᠯᠡᠵᠦ ᠠᠰᠢᠬᠯᠠᠬᠤ᠂ ᠦᠢ᠍ᠯᠡᠳᠭᠦᠨ᠎ᠤ ᠪᠦᠲᠦᠴᠡ ᠵᠢ ᠰᠢᠯᠢᠳᠡᠭᠵᠢᠭᠦᠯᠬᠦ᠂ ᠶᠠᠰᠤ ᠴᠢᠨᠠᠷ᠎ᠤᠨ ᠠᠮᠤᠷ ᠲᠦᠪᠰᠢᠨ᠎ᠢ ᠬᠠᠮᠢᠶᠠᠷᠤᠨ ᠡᠵᠡᠮᠳᠡᠬᠦ ᠵᠡᠷᠭᠡ ᠭᠤᠤᠯᠳᠠᠯᠭ᠎ᠠ᠎ᠲᠠᠢ ᠭᠤᠭᠴᠤᠭ᠎ᠠ᠎ᠳᠤ ᠬᠠᠨᠳᠤᠭᠤᠯᠤᠨ᠂ ᠰᠠᠭ᠋ᠠᠯᠢ ᠵᠢᠨ ᠦᠢ᠍ᠯᠡᠰ᠎ᠢ ᠲᠡᠳᠬᠦᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠡᠷᠴᠢᠮ ᠵᠶ᠋ᠠᠨ ᠴᠠᠭ᠋ᠠᠰᠢᠳᠠ ᠴᠢᠩᠭ᠋ᠠᠷᠠᠭᠤᠯᠵᠤ᠂ ᠲᠥᠷᠥᠯ ᠵᠦᠢ᠍ᠯ ᠵᠶ᠋ᠠᠷ ᠳᠡᠮᠵᠢᠬᠦ ᠠᠷᠭ᠎ᠠ ᠪᠠᠷᠢᠯ ᠵᠶ᠋ᠠᠨ ᠰᠢᠨᠡᠳᠭᠡᠵᠦ᠂ ᠲᠥᠷᠥ ᠵᠢᠨ ᠪᠣᠳᠣᠯᠭ᠎ᠠ ᠵᠢᠨ ᠪᠠᠯᠠ ᠮᠥᠩᠭᠦ ᠵᠢᠨ ᠦᠷ᠎ᠡ ᠪᠦᠲᠦᠮᠵᠢ ᠵᠢ ᠪᠠᠲᠤᠯᠠᠨ᠎ᠠ᠃
      ᠭᠤᠷᠪᠠ᠎ᠳᠤ᠂ ᠠᠵᠤ ᠠᠬᠤᠶ᠋ᠢᠯᠠᠯ᠎ᠤᠨ ᠭᠤᠣᠯ ᠴᠣᠭᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠠᠵᠤ ᠠᠬᠤᠶ᠋ᠢᠯᠠᠯ ᠬᠥᠭᠵᠢᠪᠠᠯ ᠠᠵᠤ ᠦᠢ᠍ᠯᠡᠰ ᠮᠠᠠᠳᠤᠨ᠎ᠠ᠂ ᠴᠠᠭ᠋ᠠᠨ ᠢᠳᠡᠭᠡᠨ᠎ᠤ ᠠᠵᠤ ᠠᠬᠤᠶ᠋ᠢᠯᠠᠯ ᠪᠣᠯ ᠳᠤᠮᠳᠠᠳᠤ ᠤᠯᠤᠰ᠎ᠤᠨ ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠭᠤᠣᠯ ᠴᠣᠭᠴᠠ ᠪᠣᠯᠤᠨ᠎ᠠ᠃ ᠳᠤᠮᠳᠠᠳᠤ ᠤᠯᠤᠰ᠎ᠤᠨ ᠰᠠᠭ᠋ᠠᠯᠢ ᠵᠢᠨ ᠦᠢ᠍ᠯᠡᠰ᠎ᠤᠨ 20 ᠬᠦᠴᠦᠷᠬᠡᠭ (D20)᠎ᠤᠨ ᠬᠤᠯᠪᠣᠭ᠋ᠠᠯᠠᠯ᠎ᠢ ᠲᠡᠭᠦᠯᠳᠡᠷᠵᠢᠭᠦᠯᠵᠦ᠂ ᠴᠠᠭ᠋ᠠᠨ ᠢᠳᠡᠭᠡᠨ᠎ᠤ ᠠᠵᠤ ᠠᠬᠤᠶ᠋ᠢᠯᠠᠯ᠎ᠤᠨ ᠶᠡᠭᠡ ᠬᠠᠮᠵᠢᠯᠴᠠᠭ᠎ᠠ ᠶᠡᠭᠡ ᠬᠤᠯᠪᠣᠭ᠋ᠠᠯᠠᠯ᠎ᠢ ᠠᠬᠢᠭᠤᠯᠤᠨ᠎ᠠ᠃ ᠳᠤᠮᠳᠠᠳᠤ ᠤᠯᠤᠰ᠎ᠤᠨ ᠰᠠᠭ᠋ᠠᠯᠢ ᠵᠢᠨ ᠦᠢ᠍ᠯᠡᠰ᠎ᠤᠨ 20 ᠬᠦᠴᠦᠷᠬᠡᠭ᠎ᠤᠨ ᠲᠦᠷᠦᠭᠦᠴᠦᠳ᠎ᠤᠨ ᠬᠤᠷᠠᠯ᠎ᠢ ᠦᠷᠭᠦᠯᠵᠢᠯᠡᠨ ᠡᠷᠭᠢᠯᠡᠵᠦ᠂ ᠦᠨᠳᠦᠰᠦᠲᠡᠨ᠎ᠤ ᠰᠠᠭ᠋ᠠᠯᠢ ᠵᠢᠨ ᠦᠢ᠍ᠯᠡᠰ᠎ᠤᠨ ᠲᠦᠷᠦᠯ ᠲᠡᠮᠳᠡᠭ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠃ ᠳᠤᠮᠳᠠᠳᠤ ᠤᠯᠤᠰ᠎ᠤᠨ ᠴᠢᠨᠡᠭᠡᠯᠢᠭᠵᠢᠯ᠎ᠤᠨ ᠰᠦ ᠵᠢᠨ ᠠᠵᠢᠯᠯᠠᠭ᠎ᠠ ᠪᠠ ᠪᠢᠰᠢᠯᠠᠭ᠎ᠢ ᠳᠡᠯᠭᠡᠷᠡᠭᠦᠯᠬᠦ ᠠᠵᠢᠯᠯᠠᠭ᠎ᠠ ᠵᠢ ᠠᠬᠢᠭᠤᠯᠵᠤ᠂ ᠨᠠᠩ ᠣᠯᠠᠨ ᠴᠠᠭ᠋ᠠᠨ ᠢᠳᠡᠭᠡᠨ᠎ᠤ ᠠᠵᠤ ᠠᠬᠤᠶ᠋ᠢᠯᠠᠯ᠎ᠢ ᠲᠡᠳᠡᠨ ᠣᠷᠣᠯᠴᠠᠭᠤᠯᠵᠤ᠂ ᠴᠠᠭ᠋ᠠᠨ ᠢᠳᠡᠭᠡᠨ᠎ᠤ ᠬᠡᠷᠡᠭᠯᠡᠭᠡ ᠵᠢᠨ ᠳᠠᠯᠳᠠ ᠬᠦᠴᠦᠨ᠎ᠢ ᠪᠤᠶ᠋ᠢᠵᠢᠭᠤᠯᠵᠤ᠂ ᠳᠤᠮᠳᠠᠳᠤ ᠤᠯᠤᠰ ᠎ᠤᠨ ᠰᠠᠭ᠋ᠠᠯᠢ ᠵᠢᠨ ᠦᠢ᠍ᠯᠡᠰ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠦᠨ᠎ᠡ᠃
      ᠣᠯᠠᠨ᠎ᠤ ᠴᠢᠷᠮᠠᠶ᠋ᠢᠯᠭ᠎ᠠ᠎ᠪᠠᠷ ᠳᠠᠮᠵᠢᠭ᠋ᠠᠳ ᠵᠠᠰᠠᠭ᠎ᠤᠨ ᠣᠷᠳᠣᠨ ᠬᠥᠲᠥᠯᠥᠨ ᠵᠢᠯᠣᠭᠤᠳᠤᠭᠰᠠᠨ᠂ ᠠᠵᠤ ᠠᠬᠤᠶ᠋ᠢᠯᠠᠯ ᠵᠶ᠋ᠠᠷ ᠭᠤᠤᠯ ᠴᠣᠭᠴᠠ ᠪᠣᠯᠭ᠋ᠠᠭᠰᠠᠨ᠂ ᠣᠯᠠᠨ ᠲᠠᠯ᠎ᠠ ᠵᠢᠨ᠎ᠬᠢᠨ ᠣᠷᠣᠯᠴᠠᠭᠰᠠᠨ᠂ ᠬᠠᠮᠲᠤ᠎ᠪᠠᠷ ᠠᠬᠢᠭᠤᠯᠤᠭᠰᠠᠨ 《ᠰᠠᠨᠠᠯ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠤᠨ ᠪᠠᠶ᠋ᠢᠷᠢᠰᠢᠯ᠎ᠢ ᠯᠠᠪᠲᠠᠶ ᠪᠣᠶ ᠪᠣᠯᠭ᠋ᠠᠵᠤ᠂ ᠰᠠᠭ᠋ᠠᠯᠢ ᠵᠢᠨ ᠦᠢ᠍ᠯᠡᠰ᠎ᠢ ᠪᠥᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠲᠠᠶ ᠡᠷᠲᠡᠬᠡᠨ ᠪᠡᠶᠡᠯᠡᠭᠦᠯᠵᠦ ᠴᠢᠳᠠᠨ᠎ᠠ ᠭᠡᠳᠡᠭ᠎ᠢ ᠪᠢᠳᠡ ᠢᠲᠡᠭᠡᠵᠦ ᠪᠠᠶ᠋ᠢᠨ᠎ᠠ᠃

ᠢᠷᠡᠯᠲᠡ᠄ 《ᠳᠤᠮᠳᠠᠲᠦ ᠤᠯᠤᠰ᠎ᠤᠨ ᠵᠠᠰᠠᠭ᠎ᠤᠨ ᠤᠷᠳᠤᠨ᠎ᠤ ᠰᠦᠯᠵᠢᠶ᠎ᠡ》
          
ᠬᠠᠮᠢᠶ᠎ᠡ ᠪᠦᠬᠦᠢ ᠰᠣᠨᠢᠨ
 
            