ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠤᠳᠤᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ᠎ᠳᠤ ᠬᠦᠴᠦᠲᠡᠢ ᠬᠠᠤᠯᠢᠵᠢᠯ᠎ᠤᠨ ᠪᠠᠲᠤᠯᠠᠭ᠎ᠠ ᠬᠠᠩᠭ᠋ᠠᠬᠤ ᠵᠢᠨ ᠲᠤᠰᠠᠳᠠ —— ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠠᠤᠯᠢᠵᠢᠯ᠎ᠤᠨ ᠠᠵᠢᠯ᠎ᠤᠨ ᠺᠤᠮᠢᠰ ᠪᠣᠯᠤᠨ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
4 ᠰᠠᠷ᠎ᠠ ᠵᠢᠨ 29᠎ᠤ ᠡᠳᠦᠷ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢ ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠣᠷᠢᠨ ᠨᠠᠢ᠍ᠮᠠᠳᠤᠭ᠋ᠠᠷ ᠤᠳᠠᠭ᠋ᠠᠨ᠎ᠤ ᠬᠤᠷᠠᠯᠳᠣᠭ᠋ᠠᠨ ᠵᠶ᠋ᠠᠷ ᠪᠠᠲᠤᠯᠠᠭ᠋ᠠᠳ᠂ ᠨᠡᠢ᠌ᠲᠡᠯᠡᠭᠰᠡᠨ᠎ᠤ ᠳᠠᠷᠠᠭ᠎ᠠ 2021 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠪᠡ᠃ ᠬᠤᠷᠠᠯ᠎ᠤᠨ ᠳᠠᠷᠠᠭ᠎ᠠ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠠᠤᠯᠢᠵᠢᠯ᠎ᠤᠨ ᠠᠵᠢᠯ᠎ᠤᠨ ᠺᠣᠮᠢᠰ ᠪᠣᠯᠤᠨ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ᠎ᠳᠤ ᠨᠠᠷᠢᠨ ᠵᠠᠳᠠᠯᠤᠯᠲᠠ ᠬᠢᠪᠠ᠃
ᠠᠰᠠᠭᠤᠯᠲᠠ᠄ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢ ᠲᠣᠭᠲᠠᠭ᠋ᠠᠨ ᠨᠡᠢ᠌ᠲᠡᠯᠡᠬᠦ ᠵᠢᠨ ᠴᠢᠬᠤᠯᠠ ᠠᠴᠢ ᠬᠣᠯᠪᠣᠭᠳᠠᠯ᠎ᠢ ᠬᠡᠷᠬᠢᠨ ᠣᠢ᠌ᠯᠠᠭ᠋ᠠᠬᠤ ᠪᠤᠢ?
ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠠᠤᠯᠢᠵᠢᠯ᠎ᠤᠨ ᠠᠵᠢᠯ᠎ᠤᠨ ᠺᠣᠮᠢᠰ᠎ᠤᠨ ᠠᠵᠤ ᠠᠬᠤᠢ ᠵᠢᠨ ᠬᠠᠤᠯᠢ ᠵᠢᠨ ᠲᠠᠰᠤᠭ᠎ᠤᠨ ᠡᠷᠬᠢᠯᠡᠭᠴᠢ ᠸᠠᠩ ᠷᠦᠢ ᠾᠧ᠄ ᠬᠥᠳᠡᠭᠡ ᠲᠣᠰᠬᠣᠨ᠎ᠢ ᠬᠦᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠪᠣᠯ ᠰᠢᠨ᠎ᠡ ᠴᠠᠭ ᠦᠶ᠎ᠡ᠎ᠳᠤ ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ᠎ᠤ ᠠᠵᠢᠯ᠎ᠢ ᠰᠠᠢ᠌ᠲᠤᠷ ᠬᠢᠬᠦ ᠵᠢᠨ ᠶᠡᠷᠦᠩᠬᠡᠶ ᠭᠠᠷᠳᠠᠴᠠ ᠮᠥᠨ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢ ᠲᠣᠭᠲᠠᠭ᠋ᠠᠬᠤ ᠪᠣᠯ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠤᠳᠤᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠵᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ; ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠤ᠂ 《ᠬᠣᠣᠰ ᠵᠠᠭᠤᠨ ᠵᠢᠯ》᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠵᠢ ᠠᠬᠢᠭᠤᠯᠬᠤ ᠴᠢᠬᠤᠯᠠ ᠲᠤᠯᠭ᠋ᠠᠭᠤᠷᠢᠯᠠᠯ ᠮᠥᠨ; ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ᠎ᠤ ᠬᠠᠤᠯᠢ᠎ᠪᠠᠷ ᠵᠠᠰᠠᠬᠤ ᠦᠢᠯᠡᠳᠦᠯᠭᠡ ᠵᠢ ᠭᠦᠢᠴᠡᠳ ᠳ᠋ᠦᠩᠨᠡᠵᠦ᠂ ᠳᠤᠮᠳᠠᠳᠤ ᠤᠯᠤᠰ᠎ᠤᠨ ᠣᠨᠴᠠᠯᠢᠭ ᠪᠥᠬᠥᠶ ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ᠎ᠤ ᠬᠠᠤᠯᠢ ᠴᠠᠭ᠋ᠠᠵᠠ ᠵᠢᠨ ᠰᠢᠰᠲ᠋ᠧᠮ᠎ᠢ ᠲᠡᠭᠦᠯᠳᠡᠷᠵᠢᠭᠦᠯᠦᠨ ᠬᠥᠭᠵᠢᠭᠦᠯᠬᠦ ᠵᠢᠨ ᠴᠢᠬᠤᠯᠠ ᠦᠷ᠎ᠡ ᠪᠦᠲᠦᠭᠡᠯ ᠮᠥᠨ᠃
ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢ ᠲᠣᠭᠲᠠᠭ᠋ᠠᠨ ᠨᠡᠢ᠌ᠲᠡᠯᠡᠭᠰᠡᠨ᠎ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠤᠳᠤᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ᠎ᠳᠤ ᠬᠦᠴᠦᠲᠡᠢ ᠬᠠᠤᠯᠢᠵᠢᠯ᠎ᠤᠨ ᠪᠠᠲᠤᠯᠠᠭ᠎ᠠ ᠬᠠᠩᠭ᠋ᠠᠵᠤ᠂ ᠲᠠᠷᠢᠶᠠᠯᠠᠩ᠎ᠢ ᠪᠦᠬᠦ ᠲᠠᠯ᠎ᠠ᠎ᠪᠠᠷ ᠲᠡᠰ ᠳᠡᠪᠰᠢᠭᠦᠯᠬᠦ᠂ ᠬᠥᠳᠡᠭᠡ ᠲᠣᠰᠬᠣᠨ᠎ᠤ ᠪᠦᠬᠦ ᠲᠠᠯ᠎ᠠ᠎ᠪᠠᠷ ᠲᠠᠪᠰᠢᠬᠤ᠂ ᠲᠠᠷᠢᠶᠠᠴᠢᠳ᠎ᠤᠨ ᠪᠦᠬᠦ ᠲᠠᠯ᠎ᠠ᠎ᠪᠠᠷ ᠬᠥᠭᠵᠢᠬᠦ ᠵᠢ ᠠᠬᠢᠭᠤᠯᠬᠤ᠂ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
ᠠᠰᠠᠭᠤᠯᠲᠠ᠄ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢᠨ ᠭᠣᠣᠯ ᠣᠨᠴᠠᠯᠢᠭ ᠵᠢᠴᠢ ᠬᠢᠯᠠᠰ ᠴᠡᠭ᠎ᠢ ᠲᠠᠨᠢᠯᠴᠠᠭᠤᠯᠵᠤ ᠥᠭᠭᠦᠨ᠎ᠡ ᠤᠤ?
ᠸᠠᠩ ᠷᠦᠢ ᠾᠧ᠄ ᠡᠩ ᠲᠡᠷᠢᠭᠦᠨ᠎ᠳᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠠᠮ ᠵᠶ᠋ᠠᠷ ᠵᠠᠮᠨᠠᠬᠤ ᠵᠢ ᠪᠠᠷᠢᠮᠲᠠᠯᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ᠂ ᠰᠢᠨ᠎ᠡ ᠵᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤ᠎ᠪᠠᠷ ᠡᠳ᠋ᠯᠡᠬᠦ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠲᠤᠭᠤᠰᠢᠯᠠᠭᠤᠯᠬᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠠᠮ ᠵᠶ᠋ᠠᠷ ᠵᠠᠮᠨᠠᠬᠤ᠂ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠬᠤ᠎ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠤᠳᠤᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠵᠢᠨ ᠵᠢᠯᠣᠭᠣᠳᠬᠤ ᠦᠵᠡᠯ ᠰᠠᠨᠠᠭ᠎ᠠ ᠪᠣᠯᠭ᠋ᠠᠶ᠎ᠠ᠃
ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠪᠠᠷᠢᠮᠲᠠᠯᠠᠨ᠎ᠠ᠃ ᠬᠥᠳᠡᠭᠡ ᠲᠣᠰᠬᠣᠨ᠎ᠤ ᠠᠵᠤ ᠠᠬᠤᠢ ᠵᠢᠨ ᠪᠦᠳᠦᠭᠡᠨ ᠪᠠᠢ᠌ᠭᠤᠯᠤᠯᠲᠠ᠂ ᠤᠯᠤᠰ ᠲᠦᠷᠦ ᠵᠢᠨ ᠪᠠᠢ᠌ᠭᠤᠯᠤᠯᠲᠠ᠂ ᠰᠣᠶᠣᠯ᠎ᠤᠨ ᠪᠠᠢ᠌ᠭᠤᠯᠤᠯᠲᠠ᠂ ᠨᠡᠢ᠌ᠭᠡᠮ᠎ᠤᠨ ᠪᠠᠢ᠌ᠭᠤᠯᠤᠯᠲᠠ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠣᠯᠤᠨ ᠨᠠᠮ᠎ᠤᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠂ ᠴᠢᠳᠠᠪᠤᠷᠢᠲᠠᠨ᠎ᠢ ᠬᠥᠭᠵᠢᠭᠦᠯᠦᠨ ᠮᠠᠨᠳᠤᠭᠤᠯᠬᠤ᠂ ᠰᠣᠶᠣᠯ᠎ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠵᠢ ᠬᠥᠭᠵᠢᠭᠦᠯᠦᠨ ᠮᠠᠨᠳᠤᠭᠤᠯᠬᠤ᠂ ᠵᠣᠬᠢᠶᠠᠨ ᠪᠠᠢ᠌ᠭᠤᠯᠤᠯᠲᠠ ᠵᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠲᠦᠷᠢᠮ ᠠᠷᠭ᠎ᠠ ᠬᠡᠮᠵᠢᠢ᠎ᠡ ᠵᠢ ᠪᠦᠬᠦᠯᠢ ᠴᠣᠭᠴᠠ᠎ᠪᠠᠷ᠎ᠨᠢ ᠪᠠᠢ᠌ᠷᠢᠯᠠᠭᠤᠯᠪᠠ᠃ ᠲᠠᠷᠢᠶᠠᠯᠠᠩ ᠬᠥᠳᠡᠭᠡ ᠲᠣᠰᠬᠣᠨ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠨ᠎ᠠ᠃ ᠺᠠᠳ᠋ᠷ᠎ᠤᠨ ᠲᠣᠬᠢᠷᠠᠭᠤᠯᠤᠯᠲᠠ ᠵᠢ ᠤᠷᠢᠳ ᠵᠶ᠋ᠠᠷ ᠪᠣᠳᠣᠯᠬᠢᠯᠠᠬᠤ᠂ ᠡᠯᠧᠮᠧᠨ᠋ᠲ᠎ᠤᠨ ᠲᠣᠬᠢᠷᠠᠭᠤᠯᠤᠯᠲᠠ ᠵᠢ ᠤᠷᠢᠳ ᠵᠶ᠋ᠠᠷ ᠬᠠᠩᠭ᠋ᠠᠬᠤ᠂ ᠪᠠᠯᠠ ᠮᠥᠩᠭᠥ ᠵᠢᠨ ᠣᠷᠣᠭᠤᠯᠤᠯᠲᠠ ᠵᠢ ᠤᠷᠢᠳ ᠵᠶ᠋ᠠᠷ ᠪᠠᠲᠤᠯᠠᠬᠤ᠂ ᠣᠯᠠᠨ ᠨᠡᠢ᠌ᠲᠡ ᠵᠢᠨ ᠦᠢᠯᠡᠴᠢᠯᠡᠭᠡ ᠵᠢ ᠤᠷᠢᠳ ᠵᠶ᠋ᠠᠷ ᠲᠣᠬᠢᠷᠠᠭᠤᠯᠬᠤ ᠱᠠᠭ᠋ᠠᠷᠳᠠᠯᠭ᠎ᠠ ᠶᠣᠰᠣᠭ᠋ᠠᠷ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢᠨ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ᠂ ᠪᠠᠯᠠ ᠮᠥᠩᠭᠥ ᠵᠢᠨ ᠣᠷᠣᠭᠤᠯᠤᠯᠲᠠ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠡᠷᠭᠡ ᠲᠦᠷᠢᠮ ᠲᠥᠷᠥ ᠵᠢᠨ ᠪᠣᠳᠣᠯᠭ᠎ᠠ ᠵᠢᠨ ᠰᠢᠰᠲ᠋ᠧᠮᠵᠢ ᠵᠢ ᠪᠠᠢ᠌ᠭᠤᠯᠤᠨ ᠪᠦᠷᠢᠨᠰᠢᠭᠦᠯᠦᠨ᠎ᠡ᠃
ᠲᠠᠷᠢᠶᠠᠴᠢᠳ᠎ᠤᠨ ᠭᠣᠤᠯ ᠴᠣᠭᠴᠠ ᠵᠢᠨ ᠪᠠᠢ᠌ᠷᠢ ᠰᠠᠭᠤᠷᠢ ᠵᠢ ᠪᠠᠷᠢᠮᠲᠠᠯᠠᠨ᠎ᠠ᠃ ᠲᠠᠷᠢᠶᠠᠴᠢᠳ᠎ᠤᠨ ᠭᠣᠤᠯ ᠴᠣᠭᠴᠠ ᠵᠢᠨ ᠪᠠᠢ᠌ᠷᠢ ᠰᠠᠭᠤᠷᠢ ᠵᠢ ᠬᠠᠮᠠᠭ᠋ᠠᠯᠠᠬᠤ᠂ ᠲᠠᠷᠢᠶᠠᠴᠢᠳ᠎ᠤᠨ ᠬᠦᠰᠡᠯ ᠰᠠᠨᠠᠭ᠎ᠠ ᠵᠢ ᠬᠦᠨᠳᠦᠳᠬᠡᠬᠦ᠂ ᠲᠠᠷᠢᠶᠠᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠵᠢ ᠲᠣᠪᠣᠢ᠌ᠮ᠎ᠠ ᠪᠠᠢ᠌ᠷᠢᠨ᠎ᠳᠤ ᠲᠠᠯᠪᠢᠵᠤ᠂ ᠬᠠᠤᠯᠢ ᠴᠠᠭ᠋ᠠᠵᠠ ᠵᠢ ᠢᠮᠠᠭᠲᠠ ᠲᠤᠭᠤᠰᠢᠯᠠᠭᠤᠯᠵᠤ᠂ ᠲᠠᠷᠢᠶᠠᠴᠢᠳ᠎ᠢ ᠦᠨᠡᠨ ᠬᠦ᠌ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠣᠷᠣᠯᠴᠠᠭᠴᠢ᠂ ᠳᠡᠮᠵᠢᠭᠴᠢ ᠪᠠ ᠠᠰᠢᠭ ᠬᠦᠷᠲᠡᠭᠴᠢ ᠪᠣᠯᠭ᠋ᠠᠬᠤ ᠪᠤᠯᠤᠨ᠎ᠠ᠃ ᠬᠣᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠪᠠᠷᠢᠮᠲᠠᠯᠠᠨ᠎ᠠ᠃ ᠲᠠᠷᠢᠶᠠᠯᠠᠩ ᠬᠥᠳᠡᠭᠡ ᠲᠣᠰᠬᠣᠨ᠎ᠤ ᠬᠥᠭᠵᠢᠯᠲᠡ ᠵᠢᠨ ᠱᠠᠭ᠋ᠠᠷᠳᠠᠯᠭ᠎ᠠ ᠪᠠ ᠬᠤᠳᠠ ᠬᠥᠳᠡᠭᠡ ᠵᠢᠨ ᠬᠠᠷᠢᠴᠠᠭ᠋ᠠᠨ᠎ᠤ ᠬᠤᠪᠢᠷᠠᠯᠲᠠ ᠵᠢᠨ ᠬᠠᠨᠳᠤᠰᠢ᠎ᠳᠤ ᠵᠣᠬᠢᠴᠠᠭᠤᠯᠤᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠤᠳᠤᠯᠭ᠎ᠠ ᠪᠠ ᠰᠢᠨ᠎ᠡ ᠬᠡᠯᠪᠡᠷᠢ ᠵᠢᠨ ᠬᠤᠳᠠ ᠪᠠᠯᠭ᠋ᠠᠰᠤᠵᠢᠯᠳᠠ ᠵᠢᠨ ᠪᠠᠢ᠌ᠯᠳᠤᠬᠤ ᠪᠤᠳᠤᠯᠭ᠎ᠠ ᠵᠢᠨ ᠬᠡᠷᠡᠭᠵᠢᠭᠦᠯᠦᠯᠲᠡ ᠵᠢ ᠬᠠᠮᠵᠢᠯᠴᠠᠨ ᠠᠬᠢᠭᠤᠯᠵᠤ᠂ ᠬᠤᠳᠠ ᠬᠥᠳᠡᠭᠡ ᠵᠢᠨ ᠡᠯᠧᠮᠧᠨ᠋ᠲ᠎ᠤᠨ ᠡᠮᠬᠢ ᠵᠢᠷᠤᠮ᠎ᠲᠠᠢ ᠰᠢᠯᠵᠢᠯᠲᠡ᠂ ᠡᠷᠬᠡ ᠲᠡᠭᠰᠢ ᠰᠣᠯᠢᠯᠴᠠᠭ᠎ᠠ ᠪᠠ ᠤᠯᠠᠨ ᠨᠡᠢ᠌ᠲᠡ ᠵᠢᠨ ᠡᠬᠢ ᠪᠠᠶᠠᠯᠢᠭ᠎ᠤᠨ ᠲᠡᠩᠴᠡᠭᠦᠷᠢᠲᠡᠢ ᠲᠤᠬᠢᠷᠠᠭᠤᠯᠤᠯᠳᠠ ᠵᠢ ᠠᠬᠢᠭᠤᠯᠤᠨ᠂ ᠠᠵᠤ ᠦᠢ᠍ᠯᠡᠳᠪᠦᠷᠢ᠎ᠪᠠᠷ ᠲᠠᠷᠢᠶᠠᠯᠠᠩ᠎ᠢ ᠨᠥᠬᠥᠪᠥᠷᠢᠯᠡᠬᠦ᠂ ᠬᠤᠳᠠ᠎ᠪᠠᠷ ᠬᠥᠳᠡᠭᠡ ᠲᠣᠰᠬᠣᠨ᠎ᠢ ᠳᠠᠢ᠌ᠴᠢᠯᠠᠬᠤ ᠵᠢ ᠪᠠᠷᠢᠮᠲᠠᠯᠠᠵᠤ᠂ ᠠᠵᠤ ᠦᠢ᠍ᠯᠡᠳᠪᠦᠷᠢ ᠲᠠᠷᠢᠶᠠᠯᠠᠩ ᠬᠠᠷᠢᠯᠴᠠᠨ ᠠᠬᠢᠭᠤᠯᠤᠭᠰᠠᠨ᠂ ᠬᠤᠳᠠ ᠬᠥᠳᠡᠭᠡ ᠬᠠᠷᠢᠯᠴᠠᠨ ᠨᠥᠬᠥᠪᠥᠷᠢᠯᠡᠭᠰᠡᠨ᠂ ᠵᠣᠬᠢᠴᠠᠩᠭᠤᠢ ᠬᠥᠭᠵᠢᠭᠰᠡᠨ᠂ ᠬᠠᠮᠲᠤ᠎ᠪᠠᠷ ᠴᠡᠴᠡᠭᠯᠡᠨ ᠬᠥᠭᠵᠢᠭᠰᠡᠨ ᠠᠵᠤ ᠦᠢ᠍ᠯᠡᠳᠪᠦᠷᠢ ᠲᠠᠷᠢᠶᠠᠯᠠᠩ ᠬᠤᠳᠠ ᠬᠥᠳᠡᠭᠡ ᠵᠢᠨ ᠰᠢᠨ᠎ᠡ ᠬᠡᠯᠪᠡᠷᠢ ᠵᠢᠨ ᠬᠠᠷᠢᠴᠠᠭ᠎ᠠ ᠵᠢ ᠪᠤᠢ ᠪᠣᠯᠭ᠋ᠠᠬᠤ ᠵᠢ ᠠᠬᠢᠭᠤᠯᠤᠨ᠎ᠠ᠃
ᠠᠰᠠᠭᠤᠯᠲᠠ᠄ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ᠎ᠳᠤ ᠲᠠᠷᠢᠶᠠᠴᠢᠳ᠎ᠤᠨ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠪᠠᠷᠢᠮᠲᠠᠯᠠᠬᠤ ᠲᠠᠯ᠎ᠠ᠎ᠪᠠᠷ ᠶᠠᠮᠠᠷ ᠶᠠᠮᠠᠷ ᠲᠣᠭᠲᠠᠭ᠋ᠠᠯ ᠪᠠ ᠢᠯᠡᠷᠡᠯ ᠪᠠᠢ᠌ᠬᠤ ᠪᠤᠢ?
ᠸᠠᠩ ᠷᠦᠢ ᠾᠧ᠄ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠪᠣᠯ ᠨᠢᠭᠡᠨ ᠲᠣᠮᠣ ᠶᠠᠪᠤᠳᠠᠯ ᠪᠣᠯᠣᠨ᠎ᠠ᠂ ᠲᠠᠷᠢᠶᠠᠴᠢᠳ᠎ᠤᠨ ᠬᠦᠰᠡᠯ ᠰᠠᠨᠠᠭ᠎ᠠ ᠵᠢ ᠭᠦᠢᠴᠡᠳ ᠬᠦᠨᠳᠦᠳᠬᠡᠵᠦ᠂ ᠲᠠᠷᠢᠶᠠᠴᠢᠳ᠎ᠤᠨ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠳᠠᠢ᠌ᠴᠢᠯᠠᠬᠤ ᠬᠡᠷᠡᠭᠲᠡᠶ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ᠎ᠳᠤ ᠵᠢᠷᠤᠮᠯᠠᠬᠤ ᠴᠢᠬᠤᠯᠠᠲᠠᠢ ᠦᠨᠳᠦᠰᠦᠨ ᠵᠠᠷᠴᠢᠮ᠎ᠳᠤ᠂ ᠲᠠᠷᠢᠶᠠᠴᠢᠳ᠎ᠤᠨ ᠭᠣᠤᠯ ᠴᠣᠭᠴᠠ ᠵᠢᠨ ᠪᠠᠢ᠌ᠷᠢ ᠰᠠᠭᠤᠷᠢ ᠵᠢ ᠪᠠᠷᠢᠮᠲᠠᠯᠠᠵᠤ᠂ ᠲᠠᠷᠢᠶᠠᠴᠢᠳ᠎ᠤᠨ ᠠᠷᠠᠳᠴᠢᠯᠠᠯ᠎ᠤᠨ ᠡᠷᠬᠡ ᠪᠠ ᠪᠤᠰᠤᠳ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠵᠤ᠂ ᠲᠠᠷᠢᠶᠠᠴᠢᠳ᠎ᠤᠨ ᠦᠨᠳᠦᠰᠦᠨ ᠠᠰᠢᠭ ᠲᠤᠰᠠ ᠵᠢ ᠬᠠᠮᠠᠭ᠋ᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃
ᠠᠵᠤ ᠦᠢ᠍ᠯᠡᠰ᠎ᠤᠨ ᠬᠥᠭᠵᠢᠯᠲᠡ ᠪᠠ ᠲᠠᠷᠢᠶᠠᠴᠢᠳ᠎ᠤᠨ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠲᠠᠯ᠎ᠠ᠎ᠪᠠᠷ᠂ ᠬᠠᠮᠲᠤ ᠵᠢᠨ ᠠᠵᠤ ᠠᠬᠤᠢ ᠵᠢ ᠬᠥᠭᠵᠢᠭᠦᠯᠦᠨ ᠪᠤᠵᠠᠭ᠋ᠠᠢ᠌ᠷᠠᠭᠤᠯᠬᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠠᠯᠢ ᠤᠯᠠᠨ ᠠᠷᠭ᠎ᠠ ᠬᠡᠮᠵᠢᠢ᠎ᠡ ᠵᠢ ᠲᠣᠭᠲᠠᠭ᠋ᠠᠵᠤ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠢ ᠲᠠᠷᠢᠶᠠᠴᠢᠳ᠎ᠤᠨ ᠣᠷᠣᠯᠭ᠎ᠠ ᠵᠢᠨ ᠲᠣᠭᠲᠠᠭᠤᠨ ᠵᠶ᠋ᠠᠷ ᠨᠡᠮᠡᠭᠳᠡᠬᠦ᠎ᠳᠤ ᠠᠰᠢᠭᠲᠠᠢ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠪᠦᠷᠢᠯᠳᠦᠬᠦᠨ᠎ᠤ ᠬᠠᠮᠲᠤ ᠵᠢᠨ ᠡᠵᠡᠩᠨᠡᠯᠲᠡ ᠵᠢᠨ ᠣᠷᠣᠯᠭ᠎ᠠ᠎ᠠᠴᠠ ᠠᠰᠢᠭ ᠣᠷᠣᠯᠭ᠎ᠠ ᠤᠯᠬᠤ ᠬᠤᠪᠢᠶᠠᠷᠢᠯᠠᠯᠲᠠ ᠵᠢᠨ ᠡᠷᠬᠡ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
ᠬᠥᠳᠡᠭᠡ ᠲᠣᠰᠬᠣᠨ᠎ᠤ ᠵᠠᠰᠠᠯᠲᠠ ᠵᠢᠨ ᠲᠠᠯ᠎ᠠ᠎ᠪᠠᠷ᠂ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠣᠯᠠᠨ ᠲᠦᠮᠡᠨ᠎ᠤ ᠥᠪᠡᠷᠲᠡᠭᠡᠨ ᠵᠠᠰᠠᠬᠤ ᠳᠦᠷᠢᠮ᠎ᠢ ᠲᠡᠭᠦᠯᠳᠡᠷᠵᠢᠭᠦᠯᠵᠦ᠂ ᠲᠣᠰᠬᠣᠨ᠎ᠤ ᠠᠷᠠᠳ᠎ᠤᠨ ᠵᠥᠪᠯᠡᠯ᠎ᠤᠨ ᠠᠷᠠᠳᠴᠢᠯᠠᠯ ᠵᠶ᠋ᠠᠷ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠲᠣᠭᠲᠠᠴᠠ ᠪᠣᠯᠤᠨ ᠲᠣᠰᠬᠣᠨ᠎ᠤ ᠶᠠᠪᠤᠳᠠᠯ᠎ᠢ ᠢᠯᠡ ᠪᠣᠯᠭ᠋ᠠᠬᠤ ᠳᠦᠷᠢᠮ᠎ᠢ ᠪᠦᠷᠢᠨᠰᠢᠭᠦᠯᠵᠦ᠂ ᠬᠥᠳᠡᠭᠡ ᠲᠣᠰᠬᠣᠨ᠎ᠤ ᠵᠠᠰᠠᠯᠲᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠦᠨ᠂ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ᠂ ᠡᠶ᠎ᠡ ᠵᠣᠬᠢᠴᠠᠯ᠎ᠲᠠᠢ ᠡᠮᠬᠢ ᠵᠢᠷᠤᠮ᠎ᠲᠠᠢ ᠴᠢᠳᠠᠮᠠᠭ᠋ᠠᠶ ᠵᠠᠰᠠᠬᠤ ᠬᠥᠳᠡᠭᠡ ᠲᠣᠰᠬᠣᠨ᠎ᠢ ᠪᠠᠢ᠌ᠭᠤᠯᠤᠨ᠎ᠠ᠃ ᠣᠯᠠᠨ ᠨᠡᠢ᠌ᠲᠡ ᠵᠢᠨ ᠦᠢᠯᠡᠴᠢᠯᠡᠭᠡᠨ᠎ᠤ ᠲᠠᠯ᠎ᠠ᠎ᠪᠠᠷ᠂ ᠣᠯᠠᠨ ᠨᠡᠢ᠌ᠲᠡ ᠵᠢᠨ ᠦᠨᠳᠦᠰᠦᠨ ᠦᠢᠯᠡᠴᠢᠯᠡᠭᠡ ᠵᠢ ᠠᠳᠠᠯᠢ ᠲᠡᠭᠰᠢ ᠪᠣᠯᠭ᠋ᠠᠬᠤ ᠵᠢ ᠪᠡᠶᠡᠯᠡᠭᠦᠯᠬᠦ ᠲᠣᠳᠣᠷᠬᠠᠶ ᠱᠠᠭ᠋ᠠᠷᠳᠠᠯᠭ᠎ᠠ ᠵᠢ ᠳᠤᠷᠠᠳᠴᠤ᠂ ᠬᠥᠳᠡᠭᠡ ᠲᠣᠰᠬᠣᠨ᠎ᠤ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭᠵᠢᠭᠦᠯᠬᠦ᠂ ᠰᠠᠭᠤᠷᠢ ᠰᠤᠷᠭ᠋ᠠᠨ ᠬᠥᠮᠦᠵᠢᠯ ᠪᠠ ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠦᠢᠯᠡᠴᠢᠯᠡᠭᠡᠨ᠎ᠤ ᠪᠠᠲᠤᠯᠠᠭ᠎ᠠ ᠵᠢ ᠴᠢᠩᠭ᠋ᠠᠳᠬᠠᠬᠤ᠂ ᠥᠨᠳᠥᠷ ᠬᠡᠪ ᠴᠢᠨᠠᠷ ᠪᠥᠬᠥᠶ ᠲᠠᠷᠢᠶᠠᠴᠢᠨ᠎ᠢ ᠬᠥᠮᠦᠵᠢᠭᠦᠯᠬᠦ᠂ ᠣᠯᠠᠨ ᠨᠡᠢ᠌ᠲᠡ ᠵᠢᠨ ᠰᠠᠭᠤᠷᠢ ᠲᠥᠬᠥᠭᠡᠷᠦᠮᠵᠢ ᠵᠢ ᠨᠢᠭᠡᠳᠦᠯᠲᠡᠶ ᠲᠦᠯᠦᠪᠯᠡᠬᠦ ᠪᠥᠲᠥᠭᠡᠨ ᠪᠠᠢ᠌ᠭᠤᠯᠬᠤ᠂ ᠬᠥᠳᠡᠭᠡ ᠲᠣᠰᠬᠣᠨ᠎ᠤ ᠨᠡᠢ᠌ᠭᠡᠮ᠎ᠤᠨ ᠦᠢᠯᠡᠰ᠎ᠢ ᠬᠥᠭᠵᠢᠭᠦᠯᠬᠦ ᠵᠡᠷᠭᠡ ᠡᠯ᠎ᠡ ᠲᠠᠯ᠎ᠠ᠎ᠠᠴᠠ ᠪᠣᠳᠠᠲᠠᠶ ᠠᠷᠭ᠎ᠠ ᠬᠡᠮᠵᠢᠶ᠎ᠡ ᠳᠤᠷᠠᠳᠣᠪᠠ᠃ ᠨᠡᠢ᠌ᠭᠡᠮ᠎ᠤᠨ ᠪᠠᠲᠤᠯᠠᠭ᠎ᠠ ᠵᠢᠨ ᠲᠠᠯ᠎ᠠ᠎ᠪᠠᠷ᠂ ᠬᠣᠲᠠ ᠬᠥᠳᠡᠭᠡ ᠵᠢ ᠨᠢᠭᠡᠳᠦᠯᠲᠡᠶ ᠲᠥᠯᠥᠪᠯᠡᠭᠰᠡᠨ ᠨᠡᠢ᠌ᠭᠡᠮ᠎ᠤᠨ ᠪᠠᠲᠤᠯᠠᠭ᠎ᠠ ᠵᠢᠨ ᠳᠦᠷᠢᠮ᠎ᠢ ᠲᠡᠭᠦᠯᠳᠡᠷᠵᠢᠭᠦᠯᠵᠦ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠣᠯᠭᠣᠮᠵᠢ ᠵᠢ ᠠᠵᠤ ᠠᠬᠤᠶ ᠨᠡᠢ᠌ᠭᠡᠮ᠎ᠤᠨ ᠬᠥᠭᠵᠢᠯᠲᠡ ᠵᠢ ᠳᠠᠭ᠋ᠠᠯᠳᠤᠭᠤᠯᠤᠨ ᠠᠯᠬᠤᠮ ᠠᠯᠬᠤᠮ ᠵᠶ᠋ᠠᠷ ᠳᠡᠭᠡᠭᠰᠢᠯᠡᠭᠦᠯᠬᠦ ᠵᠢ ᠦᠨᠡᠨ ᠬᠦ᠌ ᠪᠠᠲᠤᠯᠠᠨ᠎ᠠ; ᠬᠥᠳᠡᠭᠡ ᠲᠣᠰᠬᠣᠨ᠎ᠤ ᠭᠡᠷ ᠵᠶ᠋ᠡᠨ ᠰᠠᠬᠢᠵᠤ ᠬᠣᠴᠣᠷᠤᠭᠰᠠᠨ ᠬᠡᠦᠬᠡᠳ᠂ ᠡᠮᠡᠭᠲᠡᠢ᠌ᠴᠦᠳ ᠪᠠ ᠨᠠᠰᠤᠲᠠᠢ᠌ᠴᠤᠳ ᠵᠢᠴᠢ ᠵᠡᠮᠳᠡᠭᠴᠦᠳ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠭᠡ ᠵᠢ ᠴᠢᠩᠭ᠋ᠠᠳᠬᠠᠨ᠎ᠠ; ᠬᠣᠲᠠ᠎ᠳᠤ ᠡᠷᠦᠬᠡ ᠠᠮᠠ ᠤᠷᠤᠭᠰᠠᠨ ᠲᠠᠷᠢᠶᠠᠴᠢᠨ ᠪᠠ ᠬᠥᠯᠥᠰᠥᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠨ᠎ᠠ᠃ ᠬᠥᠳᠡᠭᠡ ᠲᠣᠰᠬᠣᠨ᠎ᠤ ᠪᠦᠳᠦᠭᠡᠨ ᠪᠠᠢ᠌ᠭᠤᠯᠤᠯᠲᠠ ᠵᠢᠨ ᠲᠠᠯ᠎ᠠ᠎ᠪᠠᠷ᠂ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠪᠦᠳᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠪᠠ ᠦᠢ᠍ᠯᠡᠴᠢᠯᠡᠭᠡ ᠵᠢ ᠴᠢᠩᠭ᠋ᠠᠳᠬᠠᠵᠤ᠂ ᠬᠠᠤᠯᠢ ᠵᠢ ᠵᠥᠷᠢᠴᠡᠨ ᠲᠠᠷᠢᠶᠠᠨ ᠭᠠᠵᠠᠷ᠎ᠢ ᠡᠵᠡᠯᠡᠨ ᠭᠡᠷ ᠪᠠᠢ᠌ᠰᠢᠩ ᠪᠠᠷᠢᠬᠤ ᠵᠢ ᠴᠢᠩᠭ᠎ᠠ ᠴᠠᠭ᠋ᠠᠵᠠᠯᠠᠨ᠎ᠠ; ᠠᠢ᠌ᠯ ᠲᠣᠰᠬᠣᠨ᠎ᠢ ᠬᠠᠰᠤᠵᠤ ᠨᠡᠢ᠌ᠯᠡᠭᠦᠯᠬᠦ ᠵᠢ ᠴᠢᠩᠭ᠎ᠠ ᠵᠢᠷᠤᠮᠵᠢᠭᠤᠯᠵᠤ᠂ ᠲᠠᠷᠢᠶᠠᠴᠢᠳ᠎ᠤᠨ ᠬᠦᠰᠡᠯ ᠰᠠᠨᠠᠭ᠎ᠠ ᠵᠢ ᠵᠥᠷᠢᠴᠡᠨ᠂ ᠬᠠᠤᠯᠢ᠎ᠪᠠᠷ ᠲᠣᠭᠲᠠᠭ᠋ᠠᠭᠰᠠᠨ ᠳᠡᠰ ᠳᠠᠷᠠᠭ᠋ᠠᠯᠠᠯ᠎ᠢ ᠵᠥᠷᠢᠴᠡᠨ ᠠᠢ᠌ᠯ ᠲᠣᠰᠬᠣᠨ᠎ᠢ ᠬᠠᠰᠤᠵᠤ ᠨᠡᠢ᠌ᠯᠡᠭᠦᠯᠬᠦ ᠵᠢ ᠴᠢᠩᠭ᠎ᠠ ᠴᠠᠭ᠋ᠠᠵᠠᠯᠠᠨ᠎ᠠ; ᠬᠥᠳᠡᠭᠡ ᠲᠣᠰᠬᠣᠨ᠎ᠤ ᠠᠮᠢ ᠠᠬᠤᠢ ᠵᠢ ᠬᠠᠮᠠᠭ᠋ᠠᠯᠠᠬᠤ ᠪᠠ ᠵᠠᠰᠠᠨ ᠰᠡᠷᠭᠦᠭᠡᠬᠦ ᠵᠢ ᠴᠢᠩᠭ᠋ᠠᠳᠬᠠᠵᠤ᠂ ᠠᠷᠭ᠎ᠠ ᠬᠡᠮᠵᠢᠢ᠎ᠡ ᠠᠪᠴᠤ ᠪᠠᠢ᠌ᠭ᠋ᠠᠳ ᠲᠠᠷᠢᠶᠠᠯᠠᠩ᠎ᠤᠨ ᠤᠯᠠᠨ ᠡᠬᠢᠳᠤ ᠪᠣᠬᠢᠷᠲᠤᠯ᠎ᠢ ᠵᠠᠰᠠᠬᠤ ᠠᠵᠢᠯ᠎ᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠣᠷᠣᠰᠢᠨ ᠠᠮᠢᠳᠤᠷᠠᠬᠤ ᠣᠷᠴᠢᠨ ᠲᠤᠭᠤᠷᠢᠨ᠎ᠢ ᠦᠷᠭᠦᠯᠵᠢᠯᠡᠨ ᠰᠠᠢ᠌ᠵᠢᠷᠠᠭᠤᠯᠤᠨ᠎ᠠ᠃
ᠠᠰᠠᠭᠤᠯᠲᠠ᠄ ᠠᠷᠠᠳ ᠢᠷᠭᠡᠳ ᠠᠮᠤ ᠪᠤᠳᠠᠭ᠎ᠠ᠎ᠪᠠᠷ ᠠᠮᠢ ᠭᠣᠤᠯ ᠵᠶ᠋ᠠᠨ ᠪᠣᠯᠭ᠋ᠠᠳᠠᠭ᠂ ᠠᠮᠤ ᠪᠤᠳᠠᠭ᠋ᠠᠨ᠎ᠤ ᠠᠮᠤᠷ ᠲᠦᠪᠰᠢᠨ ᠪᠣᠯ 《ᠤᠯᠤᠰ᠎ᠤᠨ ᠶᠡᠬᠡ ᠶᠠᠪᠤᠳᠠᠯ ᠮᠥᠨ》᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠨᠠᠭ᠋ᠠᠴᠢᠯᠠᠭ᠋ᠠᠲᠤ ᠡᠷᠬᠡ ᠵᠢ ᠡᠷᠬᠡᠪᠰᠢ ᠪᠠᠲᠤ ᠡᠵᠡᠮᠳᠡᠬᠦ ᠬᠡᠷᠡᠭᠲᠡᠶ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ᠎ᠳᠤ ᠡᠭᠦᠨ᠎ᠤ ᠲᠤᠬᠠᠶ ᠶᠠᠮᠠᠷ ᠶᠠᠮᠠᠷ ᠲᠣᠭᠲᠠᠭ᠋ᠠᠯ ᠭᠠᠷᠭ᠋ᠠᠭᠰᠠᠨ ᠪᠣᠶ?
ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠬᠠᠤᠯᠢ ᠲᠣᠭᠲᠠᠭ᠋ᠠᠯ᠎ᠤᠨ ᠵᠤᠷᠭ᠋ᠠᠨ᠎ᠤ ᠳᠠᠷᠤᠭ᠎ᠠ ᠸᠠᠩ ᠯᠸ ᠵᠢᠶᠦ᠋ᠨ᠄ ᠡᠩ ᠲᠡᠷᠢᠭᠦᠨ᠎ᠳᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠪᠠᠢ᠌ᠯᠳᠤᠬᠤ ᠪᠣᠳᠣᠯᠭ᠎ᠠ ᠵᠢ ᠬᠠᠤᠯᠢ᠎ᠪᠠᠷ ᠵᠠᠰᠠᠬᠤ ᠪᠠᠲᠤᠯᠠᠭ᠎ᠠ᠎ᠳᠤ ᠣᠷᠣᠭᠤᠯᠤᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ᠎ᠳᠤ᠂ ᠤᠯᠤᠰ᠎ᠠᠴᠠ ᠥᠪᠡᠷᠤᠨᠬᠢᠪᠠᠷ ᠵᠶ᠋ᠡᠨ ᠭᠣᠣᠯ ᠪᠣᠯᠭ᠋ᠠᠬᠤ᠂ ᠤᠯᠤᠰ᠎ᠤᠨ ᠳᠣᠲᠣᠭ᠋ᠠᠳᠤ᠎ᠳᠤ᠎ᠪᠠᠨ ᠰᠠᠭᠤᠷᠢᠯᠠᠬᠤ᠂ ᠦᠢ᠍ᠯᠡᠳᠪᠦᠷᠢᠯᠡᠯ᠎ᠤᠨ ᠴᠢᠳᠠᠪᠤᠷᠢ ᠵᠢ ᠪᠠᠲᠤᠯᠠᠬᠤ᠂ ᠭᠠᠳᠠᠭ᠋ᠠᠳᠤ᠎ᠠᠴᠠ ᠵᠣᠬᠢᠰᠲᠠᠢ ᠣᠷᠣᠭᠤᠯᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠲᠤᠯᠭ᠋ᠠᠭᠤᠷᠢᠯᠠᠭᠤᠯᠤᠭᠰᠠᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠪᠠᠢ᠌ᠯᠳᠤᠬᠤ ᠪᠤᠳᠤᠯᠭ᠎ᠠ ᠵᠢ ᠬᠡᠷᠡᠭᠵᠢᠭᠦᠯᠦᠨ᠎ᠡ ᠭᠡᠵᠦ ᠲᠣᠳᠣᠷᠬᠠᠢ᠌ᠯᠠᠪᠠ᠃ ᠭᠠᠵᠠᠷ ᠰᠢᠷᠤᠢ᠎ᠪᠠᠷ ᠠᠮᠤ ᠲᠠᠷᠢᠶ᠎ᠠ ᠵᠢ ᠪᠠᠲᠤᠯᠠᠬᠤ᠂ ᠤᠷ᠎ᠠ ᠮᠡᠷᠭᠡᠰᠢᠯ ᠵᠶ᠋ᠡᠷ ᠪᠤᠳᠠᠭ᠋ᠠᠨ᠎ᠤ ᠤᠨᠠᠯᠲᠠ ᠵᠢ ᠳᠡᠭᠡᠭᠰᠢᠯᠡᠭᠦᠯᠬᠦ ᠵᠢ ᠪᠠᠷᠢᠮᠲᠠᠯᠠᠨ᠂ ᠠᠷᠭ᠎ᠠ ᠬᠡᠮᠵᠢᠶ᠎ᠡ ᠠᠪᠴᠤ ᠪᠠᠢ᠌ᠭ᠋ᠠᠳ ᠠᠮᠤ ᠪᠤᠳᠠᠭ᠋ᠠᠨ᠎ᠤ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠠᠵᠤ ᠦᠢ᠍ᠯᠡᠰ᠎ᠤᠨ ᠪᠦᠰᠡ ᠵᠢ ᠪᠦᠲᠦᠭᠡᠨ ᠪᠠᠢ᠌ᠭᠤᠯᠤᠨ᠂ ᠠᠮᠤ ᠪᠤᠳᠠᠭ᠎ᠠ ᠵᠢ ᠦᠨᠳᠦᠰᠦᠨ᠎ᠳᠤ᠎ᠪᠠᠨ ᠦᠪᠡᠰᠦᠪᠡᠨ ᠬᠠᠩᠭ᠋ᠠᠬᠤ ᠪᠠ ᠬᠦᠨᠡᠰᠦ ᠠᠮᠤ ᠵᠢᠨ ᠬᠠᠷᠢᠴᠠᠯᠠᠰᠢ ᠦᠭᠡᠢ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃
ᠳᠠᠷᠠᠭ᠎ᠠ᠎ᠨᠢ᠂ 《ᠬᠣᠶᠠᠷ ᠴᠢᠬᠤᠯᠠ ᠵᠦᠢ᠍ᠯ》᠎ᠢ ᠰᠢᠢ᠍ᠳᠪᠦᠷᠢᠯᠡᠬᠦ᠎ᠳᠤ ᠬᠠᠤᠯᠢ ᠴᠠᠭ᠋ᠠᠵᠠ ᠵᠢᠨ ᠲᠤᠯᠭ᠋ᠠᠭᠤᠷᠢᠯᠠᠯ ᠬᠠᠩᠭ᠋ᠠᠨ᠎ᠠ᠃ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠲᠠᠷᠢᠶᠠᠨ ᠭᠠᠵᠠᠷ ᠪᠠ ᠦᠷ᠎ᠡ ᠪᠣᠯ ᠵᠠᠩᠭᠢᠯᠠᠭ᠎ᠠ ᠪᠣᠯᠤᠨ᠎ᠠ᠃ ᠬᠠᠤᠯᠢ ᠴᠠᠭ᠋ᠠᠵᠠ᠎ᠳᠤ ᠤᠯᠤᠰ᠎ᠠᠴᠠ ᠲᠠᠷᠢᠶᠠᠨ ᠭᠠᠵᠠᠷ᠎ᠢ ᠴᠢᠩᠭ᠎ᠠ ᠬᠠᠮᠠᠭ᠋ᠠᠯᠠᠵᠤ᠂ ᠲᠠᠷᠢᠶᠠᠨ ᠭᠠᠵᠠᠷ᠎ᠢ ᠣᠢ᠌ᠲᠤ ᠭᠠᠵᠠᠷ᠂ ᠴᠡᠴᠡᠷᠯᠢᠭ᠎ᠤᠨ ᠭᠠᠵᠠᠷ ᠵᠡᠷᠭᠡ ᠪᠤᠰᠤᠳ ᠲᠥᠷᠥᠯ ᠬᠡᠯᠪᠡᠷᠢ ᠵᠢᠨ ᠲᠠᠷᠢᠶᠠᠯᠠᠩ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ ᠵᠢ ᠴᠢᠩᠭ᠎ᠠ ᠬᠢᠵᠠᠭ᠋ᠠᠷᠯᠠᠵᠤ᠂ ᠡᠯ᠎ᠡ ᠮᠤᠵᠢ (ᠣᠷᠣᠨ᠂ ᠬᠣᠲᠠ) ᠠᠷᠭ᠎ᠠ ᠬᠡᠮᠵᠢᠶ᠎ᠡ ᠠᠪᠴᠤ ᠪᠠᠢ᠌ᠭ᠋ᠠᠳ ᠲᠠᠷᠢᠶᠠᠨ ᠭᠠᠵᠠᠷ᠎ᠤᠨ ᠶᠡᠷᠦᠩᠬᠡᠶ ᠬᠡᠮᠵᠢᠶ᠎ᠡ ᠬᠠᠰᠤᠭᠳᠠᠬᠤ ᠥᠬᠡᠶ ᠮᠦᠷᠲᠡᠭᠡᠨ ᠶᠠᠰᠤ ᠴᠢᠨᠠᠷ᠎ᠨᠢ ᠳᠡᠭᠡᠭᠰᠢᠯᠡᠯᠲᠡ᠎ᠲᠠᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ; ᠤᠯᠤᠰ᠎ᠠᠴᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠠᠮᠠᠭ᠋ᠠᠯᠠᠬᠤ ᠲᠦᠷᠢᠮ᠎ᠢ ᠬᠡᠷᠡᠭᠵᠢᠭᠦᠯᠦᠨ᠎ᠡ ᠭᠡᠵᠦ ᠲᠣᠭᠲᠠᠭ᠋ᠠᠪᠠ᠃ ᠡᠭᠦᠨ᠎ᠤ ᠬᠠᠮᠲᠤ᠂ ᠤᠯᠤᠰ᠎ᠠᠴᠠ ᠲᠠᠷᠢᠶᠠᠯᠠᠩ᠎ᠤᠨ ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭ᠋ᠠᠯᠠᠨ ᠠᠰᠢᠭᠯᠠᠬᠤ ᠪᠠ ᠦᠷ᠎ᠡ ᠡᠳ᠋᠎ᠤᠨ ᠡᠬᠢ ᠪᠠᠶᠠᠯᠢᠭ᠎ᠤᠨ ᠬᠥᠮᠥᠷᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠡᠭᠦᠯᠳᠡᠷ ᠪᠣᠢ᠌ᠵᠢᠭᠤᠯᠬᠤ ᠰᠠᠭᠤᠷᠢ ᠴᠢᠨᠠᠷᠲᠠᠢ᠂ ᠬᠣᠰᠢᠭᠤᠷᠠᠯ ᠴᠢᠨᠠᠷᠲᠠᠢ ᠪᠠ ᠬᠡᠷᠡᠭᠯᠡᠭᠡᠨ᠎ᠤ ᠮᠡᠷᠭᠡᠵᠢᠯ᠎ᠤᠨ ᠰᠤᠳᠤᠯᠭ᠋ᠠᠨ᠎ᠢ ᠲᠡᠮᠵᠢᠵᠤ᠂ ᠲᠠᠷᠢᠮᠠᠯ᠎ᠤᠨ ᠵᠦᠢ᠍ᠯ ᠪᠠ ᠮᠠᠯ ᠵᠢᠭᠦᠷᠲᠡᠨ ᠵᠡᠷᠭᠡ ᠰᠠᠢ᠍ᠢ᠍ᠨ ᠡᠭᠦᠯᠳᠡᠷ᠎ᠢ ᠪᠣᠢ᠌ᠵᠢᠭᠤᠯᠬᠤ᠂ ᠡᠭᠦᠯᠳᠡᠷ ᠪᠣᠢ᠌ᠵᠢᠭᠤᠯᠬᠤ ᠵᠠᠩᠭᠢᠯᠠᠭ᠎ᠠ ᠵᠢᠨ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠵᠢ ᠬᠡᠷᠡᠭᠵᠢᠭᠦᠯᠵᠦ᠂ ᠠᠮᠢᠳᠤ ᠪᠣᠳᠠᠰ᠎ᠤᠨ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠡᠷᠭᠡ ᠵᠢ ᠲᠦᠯᠬᠢᠨ ᠠᠬᠢᠭᠤᠯᠤᠨ᠎ᠠ᠃
ᠭᠤᠷᠪᠠ᠎ᠳᠤ᠂ 《ᠭᠤᠷᠪᠠ ᠵᠢ ᠪᠠᠲᠤᠯᠠᠬᠤ》 ᠵᠢ ᠴᠢᠩᠭ᠋ᠠᠳᠬᠠᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠪᠦᠲᠦᠮᠵᠢᠲᠡᠢ ᠬᠠᠩᠭ᠋ᠠᠯᠭ᠎ᠠ ᠵᠢ ᠪᠡᠶᠡᠯᠡᠭᠦᠯᠦᠨ᠎ᠡ᠃ 《ᠭᠤᠷᠪᠠ ᠵᠢ ᠪᠠᠲᠤᠯᠠᠬᠤ》 ᠪᠣᠯ ᠳᠠᠷᠤᠶ ᠲᠣᠭ᠎ᠠ ᠬᠡᠮᠵᠢᠶ᠎ᠡ ᠵᠢ ᠪᠠᠲᠤᠯᠠᠬᠤ᠂ ᠣᠯᠠᠨ ᠶᠠᠩᠵᠤ ᠵᠢ ᠪᠠᠲᠤᠯᠠᠬᠤ᠂ ᠶᠠᠰᠤ ᠴᠢᠨᠠᠷ᠎ᠢ ᠪᠠᠲᠤᠯᠠᠬᠤ ᠶᠠᠪᠤᠳᠠᠯ ᠪᠣᠯᠤᠨ᠎ᠠ᠃ ᠬᠠᠤᠯᠢ ᠴᠠᠭ᠋ᠠᠵᠠ᠎ᠳᠤ᠂ ᠤᠯᠤᠰ᠎ᠠᠴᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠢ ᠪᠠᠲᠤᠯᠠᠬᠤ ᠪᠠᠢ᠌ᠯᠳᠤᠬᠤ ᠪᠤᠳᠤᠯᠭ᠎ᠠ ᠵᠢ ᠬᠡᠷᠡᠭᠵᠢᠭᠦᠯᠵᠦ᠂ ᠠᠷᠭ᠎ᠠ ᠬᠡᠮᠵᠢᠢ᠎ᠡ ᠠᠪᠴᠤ ᠪᠠᠢ᠌ᠭ᠋ᠠᠳ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠦᠴᠦᠨ᠎ᠤ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠦᠨ᠂ ᠲᠠᠷᠢᠶᠠᠯᠠᠩ᠎ᠤᠨ ᠪᠦᠲᠦᠴᠡ ᠵᠢᠨ ᠲᠤᠬᠢᠷᠠᠭᠤᠯᠤᠯᠳᠠ ᠵᠢ ᠠᠬᠢᠭᠤᠯᠵᠤ᠂ ᠳᠠᠪᠠᠭᠤᠯᠢᠭ ᠤᠨᠴᠠᠯᠢᠬᠳᠤ ᠠᠵᠤ ᠦᠢ᠍ᠯᠡᠰ᠎ᠢ ᠬᠦᠭᠵᠢᠭᠦᠯᠦᠨ᠂ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠪᠦᠲᠦᠮᠵᠢᠲᠡᠢ ᠬᠠᠩᠭ᠋ᠠᠯᠭ᠎ᠠ ᠪᠣᠯᠤᠨ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠬᠤ ᠵᠢᠨ ᠬᠠᠮᠲᠤ ᠲᠤᠰᠬᠠᠢ᠌ᠯᠠᠨ ᠲᠣᠳᠣᠷᠬᠠᠢ᠌ᠯᠠᠵᠤ᠂ ᠲᠦᠷᠤᠯ ᠬᠤᠪᠢᠶᠠᠨ ᠪᠠᠲᠤᠯᠠᠬᠤ ᠬᠠᠷᠠᠯᠲᠠ ᠵᠢ ᠲᠣᠳᠣᠷᠬᠠᠢ᠌ᠯᠠᠵᠤ᠂ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ᠂ ᠠᠮᠤᠷ ᠲᠦᠪᠰᠢᠨ ᠥᠨᠳᠥᠷ ᠪᠦᠲᠦᠮᠵᠢᠲᠡᠢ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠲᠤᠯᠠᠬᠤ ᠰᠢᠰᠲ᠋ᠧᠮ᠎ᠢ ᠪᠠᠢ᠌ᠭᠤᠯᠤᠨ᠎ᠠ ᠭᠡᠵᠦ ᠲᠣᠭᠲᠠᠭ᠋ᠠᠪᠠ᠃
ᠳᠦᠷᠪᠡ᠎ᠳᠤ᠂ 《ᠭᠤᠷᠪᠠᠨ ᠵᠦᠢ᠍ᠯ ᠬᠢᠭᠡᠳ ᠨᠢᠭᠡ ᠪᠠᠷᠢᠮᠵᠢᠶ᠎ᠠ》᠎ᠢ ᠶᠡᠬᠡ᠎ᠪᠠᠷ ᠬᠥᠭᠵᠢᠭᠦᠯᠵᠦ᠂ ᠲᠠᠷᠢᠶᠠᠯᠠᠩ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ᠃ 2020 ᠣᠨ᠎ᠤ ᠵᠢᠯ᠎ᠤᠨ ᠡᠴᠦᠰ᠎ᠤᠨ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠬᠤᠷᠠᠯ᠎ᠠᠴᠠ᠂ ᠲᠠᠷᠢᠶᠠᠯᠠᠩ᠎ᠤᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠡᠭᠦᠯᠳᠡᠷ᠎ᠢ ᠰᠢᠯᠢᠳᠡᠭᠵᠢᠭᠦᠯᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠂ ᠨᠡᠷᠡᠲᠦ ᠲᠡᠮᠳᠡᠭ᠎ᠢ ᠴᠣᠭᠴᠠᠯᠠᠬᠤ ᠪᠠ ᠪᠠᠷᠢᠮᠵᠢᠶᠠᠵᠢᠭᠤᠯᠤᠨ ᠦᠢ᠍ᠯᠡᠳᠪᠦᠷᠢᠯᠡᠬᠦ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠂ ᠳᠠᠷᠤᠢ ᠰᠢᠨ᠎ᠡ 《ᠭᠤᠷᠪᠠᠨ ᠵᠦᠢ᠍ᠯ ᠬᠢᠭᠡᠳ ᠨᠢᠭᠡ ᠪᠠᠷᠢᠮᠵᠢᠶ᠎ᠠ》 ᠪᠣᠯᠤᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ᠎ᠳᠤ 《ᠭᠤᠷᠪᠠᠨ ᠵᠦᠢ᠍ᠯ ᠬᠢᠭᠡᠳ ᠨᠢᠭᠡ ᠪᠠᠷᠢᠮᠵᠢᠶ᠎ᠠ》᠎ᠢ ᠲᠦᠯᠬᠢᠨ ᠠᠬᠢᠭᠤᠯᠬᠤ᠂ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠲᠤᠬᠠᠶ ᠲᠣᠳᠣᠷᠬᠠᠶ ᠲᠣᠭᠲᠠᠭ᠋ᠠᠯ ᠭᠠᠷᠭ᠋ᠠᠭᠰᠠᠨ᠎ᠤ ᠬᠠᠮᠲᠤ ᠪᠠᠰᠠ ᠲᠠᠷᠢᠶᠠᠯᠠᠩ᠎ᠤᠨ ᠣᠷᠣᠭᠤᠯᠤᠯᠲᠠ ᠡᠳ᠋᠎ᠤᠨ ᠬᠡᠷᠡᠭᠯᠡᠯᠲᠡ ᠵᠢ ᠬᠢᠵᠠᠭ᠋ᠠᠷᠯᠠᠬᠤ ᠱᠠᠭ᠋ᠠᠷᠳᠠᠯᠭ᠎ᠠ ᠭᠠᠷᠭ᠋ᠠᠵᠤ᠂ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠪᠠᠷᠢᠮᠵᠢᠶ᠎ᠠ ᠪᠠ ᠲᠣᠭᠲᠠᠭ᠋ᠠᠯ᠎ᠢ ᠵᠥᠷᠢᠴᠡᠵᠦ ᠬᠡᠪᠴᠢᠶ᠎ᠡ᠎ᠠᠴᠠ ᠬᠡᠲᠦᠷᠡᠭᠦᠯᠦᠨ᠂ ᠬᠡᠮᠵᠢᠶ᠎ᠡ᠎ᠠᠴᠠ ᠬᠡᠲᠦᠷᠡᠭᠦᠯᠦᠨ ᠬᠡᠷᠡᠭᠯᠡᠵᠦ ᠪᠣᠯᠬᠤ ᠥᠬᠡᠶ ᠭᠡᠵᠦ ᠲᠣᠭᠲᠠᠭ᠋ᠠᠵᠠᠶ᠃
ᠠᠰᠠᠭᠤᠯᠲᠠ᠄ ᠬᠥᠳᠡᠭᠡ ᠲᠣᠰᠬᠣᠨ᠎ᠤ ᠪᠥᠲᠥᠭᠡᠨ ᠪᠠᠢ᠌ᠭᠤᠯᠤᠯᠲᠠ ᠵᠢᠨ ᠠᠵᠢᠯᠯᠠᠭ᠎ᠠ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠠᠬᠢᠭᠤᠯᠬᠤ ᠴᠢᠬᠤᠯᠠ ᠭᠠᠷᠳᠠᠴᠠ ᠮᠥᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ᠎ᠳᠤ ᠡᠭᠦᠨ᠎ᠤ ᠲᠤᠬᠠᠶ ᠶᠠᠮᠠᠷ ᠶᠠᠮᠠᠷ ᠲᠣᠭᠲᠠᠭ᠋ᠠᠯ ᠭᠠᠷᠭ᠋ᠠᠭᠰᠠᠨ ᠪᠣᠶ?
ᠸᠠᠩ ᠯᠧ ᠵᠢᠶᠦ᠋ᠨ᠄ ᠬᠥᠳᠡᠭᠡ ᠲᠣᠰᠬᠣᠨ᠎ᠤ ᠪᠥᠲᠥᠭᠡᠨ ᠪᠠᠢ᠌ᠭᠤᠯᠤᠯᠲᠠ ᠵᠢᠨ ᠠᠵᠢᠯᠯᠠᠭ᠎ᠠ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠴᠢᠬᠤᠯᠠ ᠡᠭᠦᠷᠭᠡ ᠪᠣᠯᠬᠤ ᠪᠥᠭᠡᠳ ᠪᠠᠰᠠ ᠴᠤ᠌ ᠤᠯᠤᠰ᠎ᠤᠨ ᠣᠳᠣᠬᠢᠴᠢᠯᠠᠯᠲᠠ ᠵᠢᠨ ᠪᠥᠲᠥᠭᠡᠨ ᠪᠠᠢ᠌ᠭᠤᠯᠤᠯᠲᠠ ᠵᠢᠨ ᠴᠢᠬᠤᠯᠠ ᠠᠭᠤᠯᠭ᠎ᠠ ᠪᠣᠯᠤᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ᠎ᠳᠤ ᠭᠣᠤᠯᠳᠠᠭᠤ ᠳᠥᠷᠪᠡᠨ ᠲᠠᠯ᠎ᠠ ᠵᠢᠨ ᠲᠣᠭᠲᠠᠭ᠋ᠠᠯ ᠭᠠᠷᠭ᠋ᠠᠪᠠ᠄
ᠲᠦᠯᠦᠪᠵᠢᠭᠦᠯᠦᠨ ᠬᠥᠲᠥᠯᠥᠨ ᠳᠠᠭ᠋ᠠᠭᠤᠯᠬᠤ᠃ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠬᠤ᠂ ᠤᠷᠢᠳᠠᠪᠠᠷ ᠲᠥᠯᠥᠪᠵᠢᠭᠦᠯᠬᠦ᠂ ᠠᠯᠬᠤᠮ ᠳᠠᠷᠠᠭ᠎ᠠ᠎ᠲᠠᠢ᠎ᠪᠠᠷ ᠤᠷᠤᠭᠰᠢᠯᠠᠭᠤᠯᠬᠤ ᠵᠢ ᠪᠠᠷᠢᠮᠲᠠᠯᠠᠨ᠂ ᠠᠢ᠌ᠯ ᠲᠣᠰᠬᠣᠨ᠎ᠤ ᠬᠥᠭᠵᠢᠯᠲᠡ ᠵᠢᠨ ᠵᠢᠮ᠎ᠡ ᠶᠣᠰᠣ ᠵᠢ ᠳᠠᠭ᠋ᠠᠵᠤ᠂ ᠠᠢ᠌ᠯ ᠲᠣᠰᠬᠣᠨ᠎ᠤ ᠪᠠᠢ᠌ᠷᠢᠰᠢᠭᠤᠯᠤᠯᠲᠠ ᠵᠢ ᠲᠣᠬᠢᠷᠠᠭᠤᠯᠤᠨ᠂ ᠠᠢ᠌ᠯ ᠲᠣᠰᠬᠣᠨ᠎ᠤ ᠲᠥᠯᠥᠪᠵᠢᠭᠦᠯᠭᠡ ᠵᠢ ᠬᠠᠤᠯᠢ ᠶᠣᠰᠣᠭ᠋ᠠᠷ ᠨᠠᠢ᠌ᠷᠠᠭᠤᠯᠤᠨ ᠵᠣᠬᠢᠶᠠᠵᠤ᠂ ᠠᠢ᠌ᠯ ᠲᠣᠰᠬᠣᠨ᠎ᠤ ᠪᠥᠲᠥᠭᠡᠨ ᠪᠠᠢ᠌ᠭᠤᠯᠤᠯᠲᠠ ᠵᠢ ᠲᠥᠷᠥᠯ ᠬᠤᠪᠢᠶᠠᠨ ᠡᠮᠬᠢ ᠵᠢᠷᠤᠮ᠎ᠲᠠᠢ ᠠᠬᠢᠭᠤᠯᠬᠤ ᠬᠡᠷᠡᠭᠲᠡᠶ ᠭᠡᠵᠦ ᠲᠤᠳᠤᠷᠬᠠᠢ᠌ᠯᠠᠪᠠ᠃ ᠡᠭᠦᠨ᠎ᠤ ᠬᠠᠮᠲᠤ᠂ ᠣᠨᠴᠠ ᠵᠠᠷᠢᠮ ᠭᠠᠵᠠᠷ ᠣᠷᠣᠨ᠎ᠤ ᠨᠡᠢ᠌ᠯᠡᠵᠦ ᠰᠠᠭᠤᠭᠰᠠᠨ ᠭᠠᠴᠠᠭ᠎ᠠ ᠵᠢᠨ ᠲᠠᠷᠢᠶᠠᠴᠢᠨ᠎ᠤ ᠠᠰᠢᠭ ᠲᠤᠰᠠ ᠵᠢ ᠬᠣᠬᠢᠷᠠᠭᠤᠯᠤᠭᠰᠠᠨ ᠦᠵᠡᠭᠳᠡᠯ᠎ᠳᠤ ᠴᠢᠭᠯᠡᠭᠦᠯᠦᠨ᠂ ᠭᠠᠴᠠᠭ᠎ᠠ ᠲᠣᠰᠬᠣᠨ᠎ᠢ ᠬᠠᠰᠤᠵᠤ ᠨᠡᠢ᠌ᠯᠡᠭᠦᠯᠬᠦ ᠵᠢ ᠴᠢᠩᠭ᠎ᠠ ᠵᠢᠷᠤᠮᠵᠢᠭᠤᠯᠵᠤ᠂ ᠲᠠᠷᠢᠶᠠᠴᠢᠨ᠎ᠤ ᠬᠦᠰᠡᠯ ᠰᠠᠨᠠᠭ᠎ᠠ᠎ᠠᠴᠠ ᠲᠡᠷᠰᠯᠡᠨ᠂ ᠬᠠᠤᠯᠢ᠎ᠳᠤ ᠲᠣᠭᠲᠠᠭ᠋ᠠᠭᠰᠠᠨ ᠵᠢᠷᠤᠮ᠎ᠠᠴᠠ ᠵᠥᠷᠢᠴᠡᠨ ᠭᠠᠴᠠᠭ᠎ᠠ ᠲᠣᠰᠬᠣᠨ᠎ᠢ ᠬᠠᠰᠤᠵᠤ ᠨᠡᠢ᠌ᠯᠡᠭᠦᠯᠬᠦ ᠵᠢ ᠴᠢᠩᠭ᠎ᠠ ᠴᠠᠭ᠋ᠠᠵᠠᠯᠠᠨ᠎ᠠ ᠭᠡᠵᠦ ᠲᠣᠭᠲᠠᠭ᠋ᠠᠵᠠᠢ᠃
ᠬᠠᠲᠠᠭᠤ ᠲᠣᠨᠣᠭ ᠪᠠᠢ᠌ᠭᠤᠯᠬᠤ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠢ ᠬᠤᠲᠠ ᠬᠥᠳᠡᠭᠡ ᠵᠢᠨ ᠵᠠᠮ᠂ ᠬᠣᠭ ᠨᠣᠪᠰᠢ ᠪᠣᠬᠢᠷ ᠤᠰᠤ ᠵᠢ ᠰᠢᠢ᠍ᠳᠪᠦᠷᠢᠯᠡᠬᠦ᠂ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠭᠠᠮᠰᠢᠭ᠎ᠢ ᠪᠠᠭ᠋ᠠᠰᠬᠠᠬᠤ ᠵᠡᠷᠭᠡ ᠤᠯᠠᠨ ᠨᠡᠢ᠌ᠲᠡ ᠵᠢᠨ ᠰᠠᠭᠤᠷᠢ ᠪᠡᠯᠡᠳᠭᠡᠮᠵᠢ ᠪᠣᠯᠤᠨ ᠰᠢᠨ᠎ᠡ ᠬᠡᠯᠪᠡᠷᠢ ᠵᠢᠨ ᠰᠠᠭᠤᠷᠢ ᠪᠡᠯᠡᠳᠭᠡᠮᠵᠢ ᠵᠢ ᠨᠢᠭᠡᠳᠦᠯᠲᠡᠢ ᠲᠥᠯᠥᠪᠵᠢᠭᠦᠯᠵᠦ᠂ ᠪᠦᠲᠦᠭᠡᠨ ᠪᠠᠢ᠌ᠭᠤᠯᠤᠨ᠂ ᠬᠠᠮᠢᠶᠠᠷᠤᠨ ᠬᠠᠮᠠᠭ᠋ᠠᠯᠠᠵᠤ᠂ ᠬᠤᠲᠠ ᠬᠥᠳᠡᠭᠡ ᠵᠢᠨ ᠰᠠᠭᠤᠷᠢ ᠪᠡᠯᠡᠳᠭᠡᠮᠵᠢ ᠵᠢᠨ ᠬᠣᠯᠪᠣᠯᠳᠤᠨ ᠨᠡᠪᠲᠡᠷᠡᠯᠴᠡᠬᠦ ᠵᠢ ᠠᠬᠢᠭᠤᠯᠬᠤ ᠬᠡᠷᠡᠭᠲᠡᠢ; ᠵᠠᠰᠠᠭ᠎ᠤᠨ ᠣᠷᠳᠣᠨ᠂ ᠭᠠᠴᠠᠭ᠋ᠠᠨ᠎ᠤ ᠱᠠᠲᠤᠨ᠎ᠤ ᠵᠣᠬᠢᠶᠠᠨ ᠪᠠᠢ᠌ᠭᠤᠯᠤᠯᠲᠠ᠂ ᠠᠵᠤ ᠠᠬᠤᠢ᠌ᠯᠠᠯ᠂ ᠲᠠᠷᠢᠶᠠᠴᠢᠳ ᠵᠡᠷᠭᠡ ᠡᠯ᠎ᠡ ᠲᠠᠯ᠎ᠠ ᠵᠢᠨ ᠣᠷᠣᠯᠴᠠᠭᠰᠠᠨ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠬᠠᠮᠢᠶᠠᠷᠴᠤ ᠬᠠᠮᠲᠤ᠎ᠪᠠᠷ ᠡᠳ᠋ᠯᠡᠬᠦ ᠲᠣᠭᠲᠠᠴᠠ ᠵᠢ ᠪᠠᠢ᠌ᠭᠤᠯᠵᠤ᠂ᠬᠥᠳᠡᠭᠡ ᠲᠣᠰᠬᠣᠨ᠎ᠤ ᠤᠰᠤᠨ ᠰᠢᠰᠲ᠋ᠧᠮ᠎ᠢ ᠶᠡᠷᠦᠩᠬᠡᠢ᠌ᠯᠡᠨ ᠴᠡᠭᠴᠡᠯᠡᠨ ᠵᠠᠰᠠᠵᠤ᠂ ᠬᠥᠳᠡᠭᠡ ᠲᠣᠰᠬᠣᠨ᠎ᠤ ᠬᠣᠭ ᠨᠣᠪᠰᠢ ᠪᠠ ᠪᠣᠬᠢᠷ ᠤᠰᠤ ᠵᠢ ᠵᠠᠰᠠᠵᠤ᠂ ᠠᠷᠢᠭᠤᠨ ᠴᠡᠪᠡᠷ ᠵᠣᠷᠯᠣᠩ᠎ᠢ ᠳᠡᠯᠭᠡᠷᠡᠭᠦᠯᠵᠦ᠂ ᠬᠥᠳᠡᠭᠡ ᠲᠣᠰᠬᠣᠨ᠎ᠤ ᠣᠷᠣᠰᠢᠨ ᠰᠠᠭᠤᠬᠤ ᠣᠷᠴᠢᠨ ᠨᠥᠬᠥᠴᠡᠯ᠎ᠢ ᠦᠷᠭᠦᠯᠵᠢᠯᠡᠨ ᠰᠠᠢ᠌ᠵᠢᠷᠠᠭᠤᠯᠬᠤ ᠬᠡᠷᠡᠭᠲᠡᠢ ᠭᠡᠵᠦ ᠱᠠᠭ᠋ᠠᠷᠳᠠᠪᠠ᠃
ᠵᠥᠭᠡᠯᠡᠨ ᠲᠣᠨᠣᠭ᠎ᠢ ᠰᠠᠢ᠌ᠨ ᠠᠳᠬᠤᠬᠤ᠃ ᠬᠥᠳᠡᠭᠡ ᠲᠣᠰᠬᠣᠨ᠎ᠤ ᠨᠡᠢ᠌ᠭᠡᠮ᠎ᠤᠨ ᠠᠵᠢᠯ ᠦᠢ᠍ᠯᠡᠰ᠎ᠢ ᠬᠥᠭᠵᠢᠭᠦᠯᠵᠦ᠂ ᠤᠯᠠᠨ ᠨᠡᠢ᠌ᠲᠡ ᠵᠢᠨ ᠰᠤᠷᠭ᠋ᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭ᠋ᠠᠯᠠᠯ᠂ ᠨᠡᠢ᠌ᠭᠡᠮ᠎ᠤᠨ ᠪᠠᠲᠤᠯᠠᠭ᠎ᠠ ᠵᠡᠷᠭᠡ ᠡᠬᠢ ᠪᠠᠶᠠᠯᠢᠭ᠎ᠢ ᠬᠥᠳᠡᠭᠡ ᠲᠣᠰᠬᠣᠨ ᠲᠡᠢ᠌ᠰᠢ ᠬᠡᠯᠪᠡᠢ᠌ᠯᠭᠡᠬᠦ ᠵᠢ ᠠᠬᠢᠭᠤᠯᠬᠤ ᠬᠡᠷᠡᠭᠲᠡᠢ; ᠬᠥᠳᠡᠭᠡ ᠲᠣᠰᠬᠣᠨ᠎ᠤ ᠠᠷᠠᠳ᠎ᠲᠤ ᠳᠥᠭᠥᠮ ᠦᠵᠡᠭᠦᠯᠬᠦ ᠦᠢ᠍ᠯᠡᠴᠢᠯᠡᠭᠡᠨ᠎ᠤ ᠰᠢᠰᠲ᠋ᠧᠮᠵᠢ ᠵᠢ ᠪᠦᠷᠢᠨᠰᠢᠭᠦᠯᠵᠦ᠂ ᠦᠢ᠍ᠯᠡᠴᠢᠯᠡᠭᠡᠨ᠎ᠤ ᠪᠠᠢ᠌ᠭᠤᠯᠤᠮᠵᠢ ᠬᠢᠭᠡᠳ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠪᠣᠢ᠌ᠵᠢᠭᠤᠯᠤᠨ᠎ᠠ; ᠬᠤᠲᠠ ᠬᠥᠳᠡᠭᠡ ᠵᠢ ᠨᠢᠭᠡᠳᠦᠯᠲᠡᠢ ᠲᠥᠯᠥᠪᠵᠢᠭᠦᠯᠦᠭᠰᠡᠨ ᠨᠡᠢ᠌ᠭᠡᠮ᠎ᠤᠨ ᠪᠠᠲᠤᠯᠠᠭ᠎ᠠ ᠵᠢᠨ ᠳᠦᠷᠢᠮ᠎ᠢ ᠲᠡᠭᠦᠯᠳᠡᠷᠵᠢᠭᠦᠯᠵᠦ᠂ ᠬᠥᠳᠡᠭᠡ ᠲᠣᠰᠬᠣᠨ᠎ᠤ ᠨᠡᠢ᠌ᠭᠡᠮ᠎ᠤᠨ ᠪᠠᠲᠤᠯᠠᠭ᠎ᠠ ᠵᠢᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠬᠦ ᠵᠢ ᠳᠡᠮᠵᠢᠬᠦ ᠵᠢᠨ ᠬᠠᠮᠲᠤ ᠪᠠᠰᠠ ᠬᠥᠳᠡᠭᠡ ᠲᠣᠰᠬᠣᠨ᠎ᠤ ᠣᠨᠴᠠ ᠬᠦᠴᠢᠷᠳᠡᠯ᠎ᠲᠠᠢ ᠬᠥᠮᠦᠰ᠎ᠢ ᠠᠰᠠᠷᠠᠨ ᠲᠡᠵᠢᠭᠡᠬᠦ ᠵᠡᠷᠭᠡ ᠨᠡᠢ᠌ᠭᠡᠮ᠎ᠤᠨ ᠠᠪᠤᠷᠠᠨ ᠲᠤᠰᠠᠯᠠᠬᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠲᠦᠭᠡᠮᠡᠯ ᠬᠠᠷᠠᠭ᠋ᠠᠯᠵᠠᠯᠲᠤ ᠬᠡᠯᠪᠡᠷᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠪᠠ ᠬᠠᠷᠢᠯᠴᠠᠨ ᠬᠠᠪᠰᠤᠷᠤᠯᠴᠠᠬᠤ ᠬᠡᠯᠪᠡᠷᠢ ᠵᠢᠨ ᠨᠠᠰᠤᠵᠢᠯ᠎ᠤᠨ ᠠᠰᠠᠷᠠᠮᠵᠢ ᠵᠡᠷᠭᠡ ᠵᠢ ᠬᠥᠭᠵᠢᠭᠦᠯᠬᠦ ᠵᠢ ᠳᠡᠮᠵᠢᠬᠦ ᠬᠡᠷᠡᠭᠲᠡᠢ ᠭᠡᠵᠦ ᠱᠠᠭ᠋ᠠᠷᠳᠠᠪᠠ᠃
ᠤᠯᠠᠮᠵᠢᠯᠠᠯᠲᠤ ᠠᠢ᠌ᠯ ᠲᠣᠰᠬᠣᠨ᠎ᠢ ᠬᠠᠮᠠᠭ᠋ᠠᠯᠠᠬᠤ᠃ ᠬᠠᠤᠯᠢ ᠴᠠᠭ᠋ᠠᠵᠠ᠎ᠳᠤ᠂ ᠣᠷᠣᠨ ᠨᠤᠲᠤᠭ᠎ᠤᠨ ᠵᠠᠰᠠᠭ᠎ᠤᠨ ᠣᠷᠳᠣᠨ ᠲᠡᠦᠬᠡ ᠰᠣᠶᠣᠯ᠎ᠤᠨ ᠨᠠᠷᠠᠲᠤ ᠬᠣᠲᠠ ᠨᠠᠷᠠᠲᠤ ᠪᠠᠯᠭ᠋ᠠᠰᠤ ᠨᠠᠷᠠᠲᠤ ᠲᠣᠰᠬᠣᠨ᠂ ᠤᠯᠠᠮᠵᠢᠯᠠᠯᠲᠤ ᠠᠢ᠌ᠯ ᠲᠣᠰᠬᠣᠨ ᠪᠠ ᠬᠥᠳᠡᠭᠡ ᠲᠣᠰᠬᠣᠨ᠎ᠤ ᠳᠦᠷᠰᠦ ᠪᠠᠢ᠌ᠳᠠᠯ᠂ ᠴᠥᠭᠡᠨ ᠲᠣᠭ᠋ᠠᠲᠤ ᠦᠨᠳᠦᠰᠦᠲᠡᠨ᠎ᠤ ᠤᠨᠴᠠᠯᠢᠭᠳᠤ ᠠᠢ᠌ᠯ ᠲᠣᠰᠬᠣᠨ᠎ᠤ ᠬᠠᠮᠠᠭ᠋ᠠᠯᠠᠯᠲᠠ ᠵᠢ ᠴᠢᠩᠭ᠋ᠠᠳᠬᠠᠵᠤ᠂ ᠬᠠᠮᠠᠭ᠋ᠠᠯᠠᠯᠲᠠ ᠵᠢᠨ ᠪᠠᠢ᠌ᠳᠠᠯ᠎ᠢ ᠬᠢᠨᠠᠨ ᠬᠡᠮᠵᠢᠬᠦ ᠪᠠ ᠦᠨᠡᠯᠡᠨ ᠵᠢᠱ᠌ᠢᠬᠦ ᠠᠵᠢᠯ᠎ᠢ ᠥᠷᠨᠢᠭᠦᠯᠵᠦ᠂ ᠠᠷᠭ᠎ᠠ ᠬᠡᠮᠵᠢᠶ᠎ᠡ ᠠᠪᠴᠤ ᠪᠠᠢ᠌ᠭ᠋ᠠᠳ ᠭᠠᠯ᠎ᠤᠨ ᠠᠶᠤᠯ᠂ ᠦᠶᠡᠷ᠂ ᠭᠠᠵᠠᠷ ᠬᠥᠳᠡᠯᠦᠯᠲᠡ ᠵᠡᠷᠭᠡ ᠭᠠᠮᠰᠢᠭ᠎ᠢ ᠰᠡᠷᠭᠡᠢ᠌ᠯᠡᠬᠦ ᠪᠠ ᠪᠠᠭ᠋ᠠᠰᠬᠠᠵᠤ᠂ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠵᠢᠷᠤᠭ ᠲᠥᠯᠥᠪᠯᠡᠭᠡ ᠵᠢᠨ ᠭᠠᠵᠠᠷ ᠣᠷᠣᠨ᠂ ᠦᠨᠳᠦᠰᠦᠲᠡᠨ ᠪᠠ ᠨᠤᠲᠤᠭ᠎ᠤᠨ ᠣᠨᠴᠠᠯᠢᠭ ᠵᠡᠷᠭᠡ ᠵᠢ ᠢᠯᠡᠷᠡᠭᠦᠯᠬᠦ ᠵᠢ ᠵᠣᠷᠢᠭᠵᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃
ᠠᠰᠠᠭᠤᠯᠲᠠ᠄ ᠬᠠᠤᠯᠢ ᠴᠠᠭ᠋ᠠᠵᠠ ᠵᠢᠨ ᠠᠮᠢ ᠨᠠᠰᠤ᠎ᠨᠢ ᠬᠡᠷᠡᠭᠵᠢᠭᠦᠯᠬᠦ᠎ᠳᠤ ᠪᠣᠶ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢ ᠨᠡᠢ᠌ᠲᠡᠯᠡᠭᠰᠡᠨ᠎ᠤ ᠳᠠᠷᠠᠭ᠎ᠠ᠂ ᠲᠠᠷᠢᠶᠠᠯᠠᠩ ᠬᠥᠳᠡᠭᠡ ᠲᠣᠰᠬᠣᠨ᠎ᠤ ᠰᠠᠯᠠᠭ᠎ᠠ ᠮᠥᠴᠢᠷ᠎ᠤᠳ ᠬᠡᠷᠬᠢᠨ ᠲᠡᠭᠦᠨ᠎ᠢ ᠪᠣᠳᠠᠲᠠᠶ᠎ᠳᠤ ᠨᠠᠢ᠌ᠳᠠᠪᠤᠷᠢᠵᠢᠭᠤᠯᠤᠨ ᠬᠡᠷᠡᠭᠵᠢᠭᠦᠯᠬᠦ ᠵᠢ ᠠᠬᠢᠭᠤᠯᠬᠤ ᠪᠣᠶ?
ᠸᠠᠩ ᠯᠧ ᠵᠢᠶᠦ᠋ᠨ᠄ ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠶ ᠭᠦᠢ᠍ᠴᠡᠳᠭᠡᠨ᠂ ᠬᠠᠤᠯᠢ ᠴᠠᠭ᠋ᠠᠵᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠦᠨᠡᠨ ᠬᠦ᠌ ᠰᠠᠢ᠌ᠲᠤᠷ ᠬᠢᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠠᠬᠢᠭᠤᠯᠬᠤ᠎ᠳᠤ ᠬᠠᠤᠯᠢᠵᠢᠯ᠎ᠤᠨ ᠪᠠᠲᠤᠯᠠᠭ᠎ᠠ ᠬᠠᠩᠭ᠋ᠠᠨ᠎ᠠ᠃
ᠰᠤᠷᠤᠯᠴᠠᠯᠭ᠎ᠠ ᠤᠬᠠᠭᠤᠯᠭ᠎ᠠ ᠵᠢ ᠴᠢᠩᠭ᠋ᠠᠳᠬᠠᠵᠤ᠂ ᠬᠠᠤᠯᠢ᠎ᠪᠠᠷ ᠵᠠᠰᠠᠬᠤ ᠰᠡᠳᠬᠢᠬᠦᠶ ᠵᠢ ᠴᠢᠩᠭ᠋ᠠᠳᠬᠠᠨ᠎ᠠ᠃ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠠᠴᠠ ᠬᠠᠤᠯᠢ ᠴᠠᠭ᠋ᠠᠵᠠ ᠵᠢ ᠤᠬᠠᠭᠤᠯᠤᠨ ᠬᠡᠷᠡᠭᠵᠢᠭᠦᠯᠬᠦ᠂ ᠬᠠᠪᠰᠤᠷᠤᠨ ᠵᠢᠯᠣᠭᠣᠳᠴᠤ ᠲᠠᠢ᠌ᠯᠪᠤᠷᠢᠯᠠᠬᠤ ᠠᠵᠢᠯ᠎ᠢ ᠢᠳᠡᠪᠬᠢᠲᠡᠶ ᠰᠠᠢ᠌ᠲᠤᠷ ᠬᠢᠵᠦ᠂ ᠡᠯ᠎ᠡ ᠭᠠᠵᠠᠷ᠎ᠤᠨ ᠲᠠᠷᠢᠶᠠᠯᠠᠩ ᠬᠥᠳᠡᠭᠡ ᠲᠣᠰᠬᠣᠨ᠎ᠤ ᠰᠠᠯᠠᠭ᠎ᠠ ᠮᠥᠴᠢᠷ ᠪᠠ ᠥᠷᠭᠡᠨ ᠣᠯᠠᠨ ᠬᠥᠳᠡᠭᠡ ᠲᠣᠰᠬᠣᠨ᠎ᠤ ᠺᠠᠳ᠋ᠷ ᠣᠯᠠᠨ ᠲᠦᠮᠡᠨ᠂ ᠡᠯ᠎ᠡ ᠲᠥᠷᠥᠯ᠎ᠤᠨ ᠭᠣᠣᠯ ᠴᠣᠭᠴᠠ ᠵᠢᠨ ᠬᠠᠤᠯᠢ ᠴᠠᠭ᠋ᠠᠵᠠ ᠵᠢᠨ ᠬᠣᠯᠪᠣᠭᠳᠠᠯ ᠪᠥᠬᠥᠶ ᠲᠣᠭᠲᠠᠭ᠋ᠠᠯ᠎ᠢ ᠣᠨᠣᠪᠴᠢᠲᠠᠶ ᠤᠢ᠌ᠯᠠᠭ᠋ᠠᠨ ᠡᠵᠡᠮᠰᠢᠬᠦ ᠵᠢ ᠵᠢᠯᠣᠭᠣᠳᠤᠨ ᠬᠠᠪᠰᠤᠷᠤᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢ ᠬᠠᠤᠯᠢ ᠴᠠᠭ᠋ᠠᠵᠠ ᠵᠢᠨ ᠬᠡᠯᠪᠡᠷᠢ᠎ᠪᠠᠷ ᠵᠢᠯ ᠪᠦᠷᠢ ᠵᠢᠨ ᠪᠢᠯᠢᠭ᠎ᠤᠨ ᠤᠯᠠᠷᠢᠯ᠎ᠤᠨ ᠨᠠᠮᠤᠷ᠎ᠤᠨ ᠬᠤᠭᠤᠰᠤᠨ ᠡᠳᠦᠷ᠎ᠢ ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ ᠵᠢᠨ ᠪᠠᠶᠠᠷ᠎ᠤᠨ ᠡᠳᠦᠷ ᠵᠶ᠋ᠡᠷ ᠲᠣᠭᠲᠠᠭ᠋ᠠᠵᠤ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠬᠠᠤᠯᠢ ᠴᠠᠭ᠋ᠠᠵᠠ ᠵᠢ ᠨᠡᠢ᠌ᠲᠡᠯᠡᠵᠦ ᠬᠡᠷᠡᠭᠵᠢᠭᠦᠯᠬᠦ᠎ᠪᠠᠷ ᠠᠵᠠ ᠲᠣᠬᠢᠶᠠᠯ ᠪᠣᠯᠭ᠋ᠠᠨ᠂ ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ ᠵᠢᠨ ᠪᠠᠶᠠᠷ᠎ᠤᠨ ᠰᠢᠷᠢᠰ ᠠᠵᠢᠯᠯᠠᠭ᠎ᠠ᠎ᠪᠠᠷ ᠳᠠᠮᠵᠢᠭᠤᠯᠤᠨ᠂ ᠤᠬᠠᠭᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠨᠡᠢ᠌ᠭᠡᠮ ᠳᠠᠶᠠᠭ᠋ᠠᠷ᠎ᠲᠤ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠬᠠᠤᠯᠢ ᠶᠣᠰᠣᠭ᠋ᠠᠷ ᠠᠬᠢᠭᠤᠯᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃
ᠳᠦᠷᠢᠮ᠎ᠢ ᠢᠵᠢ ᠪᠦᠷᠢᠳᠦᠭᠦᠯᠬᠦ ᠵᠢ ᠴᠢᠩᠭ᠋ᠠᠳᠬᠠᠵᠤ᠂ ᠡᠭᠦᠷᠭᠡ ᠵᠢ ᠨᠠᠷᠢᠯᠢᠭᠵᠢᠭᠤᠯᠤᠨ ᠨᠠᠢ᠌ᠳᠠᠪᠤᠷᠢᠵᠢᠭᠤᠯᠤᠨ᠎ᠠ᠃ ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠬᠠᠤᠯᠢ᠎ᠳᠤ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠶᠣᠰᠣᠭ᠋ᠠᠷ᠂ ᠲᠠᠷᠢᠶᠠᠯᠠᠩ ᠬᠥᠳᠡᠭᠡ ᠲᠣᠰᠬᠣᠨ᠎ᠤ ᠬᠥᠭᠵᠢᠯᠲᠡ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠲᠣᠭᠲᠠᠭ᠋ᠠᠬᠤ᠎ᠲᠠᠢ ᠤᠶᠠᠯᠳᠤᠭᠤᠯᠵᠤ᠂ ᠲᠥᠷᠥ ᠵᠢᠨ ᠪᠣᠳᠣᠯᠭ᠎ᠠ ᠵᠢᠨ ᠦᠵᠦ ᠲᠥᠯᠥᠪᠯᠡᠭᠡ ᠵᠢ ᠴᠢᠩᠭ᠋ᠠᠳᠬᠠᠵᠤ᠂ ᠢᠵᠢ ᠪᠥᠷᠢᠳᠦᠭᠰᠡᠨ ᠲᠦᠷᠢᠮ᠎ᠢ ᠪᠠᠢ᠌ᠭᠤᠯᠤᠨ ᠪᠦᠷᠢᠨᠰᠢᠭᠦᠯᠦᠨ᠎ᠡ᠃ ᠡᠭᠦᠨ᠎ᠤ ᠬᠠᠮᠲᠤ ᠬᠠᠤᠯᠢ ᠲᠣᠭᠲᠠᠭ᠋ᠠᠬᠤ ᠪᠠᠢ᠌ᠭᠤᠯᠭ᠎ᠠ᠎ᠲᠠᠢ ᠢᠳᠡᠪᠬᠢᠲᠡᠢ᠎ᠪᠠᠷ ᠬᠠᠮᠵᠢᠯᠴᠠᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠬᠠᠤᠯᠢ᠂ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠠᠤᠯᠢ᠂ ᠤᠷᠭᠤᠮᠠᠯ᠎ᠤᠨ ᠰᠢᠨ᠎ᠡ ᠡᠭᠦᠯᠳᠡᠷ᠎ᠢ ᠬᠠᠮᠠᠭ᠋ᠠᠯᠠᠬᠤ ᠳᠦᠷᠢᠮ ᠵᠡᠷᠭᠡ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠢ ᠲᠣᠭᠲᠠᠭ᠋ᠠᠨ ᠵᠠᠰᠠᠪᠤᠷᠢ ᠣᠷᠣᠭᠤᠯᠵᠤ᠂ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠬᠠᠤᠯᠢ ᠵᠢ ᠰᠤᠳᠤᠯᠤᠨ ᠲᠣᠭᠲᠠᠭ᠋ᠠᠨ᠎ᠠ᠃ ᠣᠷᠣᠨ ᠨᠤᠲᠤᠭ᠎ᠢ ᠵᠢᠯᠤᠭᠤᠳᠴᠤ ᠪᠠᠢ᠌ᠭ᠋ᠠᠳ ᠲᠠᠷᠢᠶᠠᠯᠠᠩ᠎ᠤᠨ ᠲᠠᠯ᠎ᠠ ᠵᠢᠨ ᠣᠨᠴᠠᠯᠢᠭ᠎ᠲᠠᠢ ᠬᠠᠤᠯᠢ ᠲᠣᠭᠲᠠᠭ᠋ᠠᠬᠤ ᠵᠢ ᠲᠦᠷᠭᠡᠳᠬᠡᠵᠦ᠂ ᠭᠠᠵᠠᠷ ᠣᠷᠣᠨ᠎ᠤ ᠪᠠᠢ᠌ᠳᠠᠯ᠎ᠳᠤ᠎ᠪᠠᠨ ᠲᠤᠬᠢᠷᠠᠭᠤᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠠᠯ᠎ᠠ ᠵᠢᠨ ᠣᠷᠣᠨ ᠨᠤᠲᠤᠭ᠎ᠤᠨ ᠴᠢᠨᠠᠷᠲᠠᠢ ᠬᠠᠤᠯᠢ ᠲᠦᠷᠢᠮ᠂ ᠲᠦᠷᠢᠮ ᠲᠣᠭᠲᠠᠭ᠋ᠠᠯ᠎ᠢ ᠲᠥᠬᠥᠷᠵᠢᠭᠦᠯᠦᠨ ᠲᠣᠭᠲᠠᠭ᠋ᠠᠵᠤ᠂ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠴᠢᠬᠤᠯᠠ ᠵᠠᠷᠴᠢᠮ ᠪᠣᠯᠤᠨ ᠲᠦᠷᠢᠮ᠎ᠤᠨ ᠱᠠᠭ᠋ᠠᠷᠳᠠᠯᠭ᠎ᠠ ᠵᠡᠷᠭᠡ ᠵᠢ ᠬᠡᠷᠡᠭᠵᠢᠭᠦᠯᠵᠦ ᠪᠣᠯᠬᠤ᠂ ᠬᠢᠨᠠᠨ ᠰᠢᠯᠭ᠋ᠠᠵᠤ ᠪᠣᠯᠬᠤ᠂ ᠨᠠᠢ᠌ᠳᠠᠪᠤᠷᠢᠵᠢᠭᠤᠯᠵᠤ ᠪᠣᠯᠬᠤ ᠲᠦᠷᠢᠮ ᠠᠷᠭ᠎ᠠ ᠬᠡᠮᠵᠢᠢ᠎ᠡ ᠪᠣᠯᠭ᠋ᠠᠨ ᠬᠤᠪᠢᠷᠠᠭᠤᠯᠤᠨ᠎ᠠ᠃
ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠵᠢ ᠴᠢᠩᠭ᠋ᠠᠳᠬᠠᠵᠤ᠂ ᠠᠬᠢᠭᠤᠯᠬᠤ ᠬᠠᠮᠲᠤᠷᠠᠯ ᠬᠦᠴᠦᠨ᠎ᠢ ᠪᠦᠷᠢᠯᠳᠦᠭᠦᠯᠦᠨ᠎ᠡ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ᠎ᠳᠤ ᠤᠯᠤᠰ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠵᠢ ᠲᠣᠳᠣᠷᠬᠠᠢ᠌ᠯᠠᠪᠠ᠃ ᠡᠯ᠎ᠡ ᠱᠠᠲᠤᠨ᠎ᠤ ᠵᠠᠰᠠᠭ᠎ᠤᠨ ᠣᠷᠳᠣᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠰᠢᠯᠭ᠋ᠠᠨ ᠬᠢᠨᠠᠵᠤ ᠦᠨᠡᠯᠡᠬᠦ ᠲᠦᠷᠢᠮ᠂ ᠠᠵᠢᠯ᠎ᠤᠨ ᠣᠨ᠎ᠤ ᠮᠡᠳᠡᠭᠦᠯᠦᠯᠲᠡ ᠵᠢᠨ ᠲᠦᠷᠢᠮ ᠪᠠ ᠬᠢᠨᠠᠯᠲᠠ ᠲᠠᠯᠪᠢᠵᠤ ᠪᠠᠢ᠌ᠴᠠᠭ᠋ᠠᠬᠤ ᠲᠦᠷᠢᠮ᠎ᠢ ᠪᠠᠢ᠌ᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠬᠢᠴᠠ ᠵᠢ ᠪᠤᠰᠤᠳᠴᠢ᠎ᠪᠠᠷ ᠲᠤᠰᠬᠠᠬᠤ ᠭᠦᠢᠴᠡᠳᠬᠡᠯ ᠲᠣᠭ᠎ᠠ ᠪᠠ ᠲᠣᠭ᠎ᠠ ᠪᠦᠷᠢᠳᠬᠡᠯ᠎ᠤᠨ ᠰᠢᠰᠲ᠋ᠧᠮ ᠪᠠᠢ᠌ᠭᠤᠯᠬᠤ ᠵᠢ ᠠᠬᠢᠭᠤᠯᠬᠤ ᠬᠡᠷᠡᠭᠲᠡᠶ᠃ ᠡᠭᠦᠨ᠎ᠤ ᠬᠠᠮᠲᠤ᠂ ᠬᠠᠤᠯᠢ ᠴᠠᠭ᠋ᠠᠵᠠ᠎ᠠᠴᠠ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠳᠤ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠬᠣᠷᠸ᠎ᠠ ᠵᠢᠯᠣᠭᠣᠳᠣᠯᠭ᠎ᠠ ᠬᠢᠬᠦ ᠪᠠ ᠪᠥᠬᠥ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠠᠵᠢᠯ᠎ᠳᠤ ᠬᠢᠨᠠᠯᠲᠠ ᠲᠠᠯᠪᠢᠬᠤ ᠬᠠᠤᠯᠢ᠎ᠳᠤ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠣᠯᠭᠣᠪᠠ᠂ ᠡᠭᠦᠨ᠎ᠤ ᠲᠤᠰᠠᠳᠠ᠂ ᠡᠯ᠎ᠡ ᠱᠠᠲᠤᠨ᠎ᠤ ᠲᠠᠷᠢᠶᠠᠯᠠᠩ ᠬᠥᠳᠡᠭᠡ ᠲᠣᠰᠬᠣᠨ᠎ᠤ ᠰᠠᠯᠠᠭ᠎ᠠ ᠮᠥᠴᠢᠷ᠎ᠤᠨ᠎ᠬᠢᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠵᠢᠯᠴᠠᠨ ᠠᠵᠢᠯᠯᠠᠬᠤ᠎ᠪᠠᠨ ᠰᠠᠢ᠌ᠲᠤᠷ ᠬᠢᠵᠦ᠂ ᠳᠡᠭᠡᠳᠦ ᠳᠣᠤᠷᠠᠳᠤ ᠱᠠᠲᠤ᠎ᠪᠠᠷ ᠵᠶ᠋ᠠᠨ ᠨᠡᠪᠲᠡᠷᠡᠯᠴᠡᠭᠰᠡᠨ᠂ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠭᠰᠡᠨ᠂ ᠲᠤᠭᠤᠰᠢᠲᠠᠢ ᠠᠳᠬᠤᠭᠰᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠰᠢᠰᠲ᠋ᠧᠮ᠎ᠢ ᠪᠠᠢ᠌ᠭᠤᠯᠤᠨ ᠪᠦᠷᠢᠨᠰᠢᠬᠦᠯᠬᠦ ᠬᠡᠷᠡᠭᠲᠡᠶ᠃
(ᠢᠷᠡᠯᠲᠡ᠄ ᠲᠠᠷᠢᠶᠠᠴᠢᠨ᠎ᠤ ᠡᠳᠦᠷ᠎ᠤᠨ ᠰᠣᠨᠢᠨ)
ᠬᠠᠷᠢᠭᠤᠴᠠᠯᠭ᠋ᠠᠲᠤ ᠨᠠᠢ᠌ᠷᠠᠭᠤᠯᠤᠭᠴᠢ᠄ ᠬᠠᠨ ᠰᠢᠤᠢ