ᠰᠤᠷᠪᠤᠯᠵᠢᠯᠠᠭᠰᠠᠨ ᠵᠣᠴᠢᠨ᠄ ᠮᠦ᠍ ᠶᠤᠸᠠᠨ
ᠰᠣᠷᠪᠤᠯᠵᠢᠯᠠᠭᠰᠠᠨ ᠴᠠᠭ᠄ 2022 ᠣᠨ᠎ᠤ 4 ᠰᠠᠷ᠎ᠠ ᠵᠢᠨ 8᠎ᠤ ᠡᠳᠦᠷ
ᠭᠣᠣᠯ ᠠᠭᠤᠯᠭ᠎ᠠ ᠄ ᠣᠢ᠌ᠷ᠎ᠠ᠎ᠳᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠠᠴᠠ 《 2022 ᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠠᠵᠢᠯ᠎ᠢ ᠰᠠᠢ᠌ᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ 》 ( ᠳᠣᠷᠣᠭᠰᠢ 《ᠬᠡᠷᠡᠭᠵᠢᠭᠦᠯᠬᠦ ᠰᠠᠨᠠᠯ 》 ᠭᠡᠵᠦ ᠳᠥᠭᠥᠮᠴᠢᠯᠡᠨ᠎ᠡ )᠎ᠢ ᠳᠠᠷᠤᠮᠠᠯᠯᠠᠨ ᠲᠠᠷᠬᠠᠭ᠋ᠠᠪᠠ ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠬᠠᠷᠢᠭᠤᠴᠠᠯᠭ᠋ᠠᠲᠠᠨ 《ᠬᠡᠷᠡᠭᠵᠢᠭᠦᠯᠬᠦ ᠰᠠᠨᠠᠯ》᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠭᠰᠠᠨᠢ ᠬᠠᠷᠢᠭᠤᠯᠪᠠ᠃
ᠬᠥᠲᠥᠯᠥᠭᠴᠢ ᠠᠰᠠᠭᠤᠭᠰᠠᠨ᠎ᠨᠢ᠄ 《ᠬᠡᠷᠡᠭᠵᠢᠭᠦᠯᠬᠦ ᠰᠠᠨᠠᠯ》᠎ᠢ ᠨᠡᠢ᠌ᠲᠡᠯᠡᠭᠰᠡᠨ ᠠᠬᠤᠢ ᠪᠠᠢ᠌ᠳᠠᠯ᠎ᠨᠢ ᠶᠠᠭᠤ ᠪᠣᠶ?
ᠵᠣᠴᠢᠨ ᠮᠦ᠍ ᠶᠤᠸᠠᠨ ᠬᠠᠷᠢᠭᠤᠯᠤᠭᠰᠠᠨ᠎ᠨᠢ᠄ ᠶᠡᠷᠦᠩᠬᠡᠢ ᠱᠦᠵᠢ ᠰᠢ ᠵᠢᠨ ᠫᠢᠩ ᠡᠯ᠎ᠡ ᠲᠥᠷᠥᠯ᠎ᠤᠨ ᠠᠶᠤᠯ ᠲᠦᠭᠰᠢᠭᠦᠷᠢ ᠵᠢᠨ ᠥᠷᠢᠰᠦᠯᠳᠦᠭᠡᠨ᠎ᠢ ᠠᠷᠭ᠋ᠠᠴᠠᠬᠤ᠎ᠳᠤ ᠡᠷᠬᠡᠪᠰᠢ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠬᠡᠷᠡᠭᠴᠡᠭᠡ ᠵᠢ ᠪᠣᠳᠣᠯᠬᠢᠯᠠᠨ᠂ ᠲᠠᠷᠢᠶᠠᠯᠠᠩ᠎ᠤᠨ ᠦᠨᠳᠦᠰᠦᠨ ᠪᠠᠢ᠌ᠳᠠᠯ᠎ᠢ ᠲᠣᠭᠲᠠᠪᠤᠷᠢᠵᠢᠭᠤᠯᠵᠤ᠂ 《ᠲᠠᠷᠢᠶᠠᠯᠠᠩ ᠲᠠᠷᠢᠶᠠᠯᠠᠬᠤ ᠣᠷᠤᠨ ᠲᠠᠷᠢᠶᠠᠴᠢᠨ 》᠎ᠤ ᠠᠵᠢᠯ᠎ᠢ ᠰᠠᠢ᠌ᠲᠤᠷ ᠬᠢᠵᠦ᠂ ᠠᠷᠭ᠎ᠠ ᠬᠡᠮᠵᠢᠶ᠎ᠡ ᠨᠢ ᠴᠢᠩᠭ᠎ᠠ ᠂ ᠬᠡᠷᠡᠭᠵᠢᠭᠦᠯᠬᠦ ᠬᠦᠴᠦᠨ᠎ᠨᠢ ᠴᠢᠩᠭ᠎ᠠ ᠂ ᠭᠠᠷᠤᠯᠲᠠ ᠵᠢ ᠲᠣᠭᠲᠠᠪᠤᠷᠢᠵᠢᠭᠤᠯᠤᠨ ᠬᠠᠩᠭ᠋ᠠᠯᠭ᠎ᠠ ᠵᠢ ᠪᠠᠲᠤᠯᠠᠬᠤ ᠵᠢ ᠦᠨᠡᠨ ᠬᠦ᠌ ᠪᠠᠲᠤᠯᠠᠵᠤ᠂ ᠲᠠᠷᠢᠶᠠᠯᠠᠩ ᠬᠥᠳᠡᠭᠡ ᠲᠣᠰᠬᠣᠨ᠎ᠤ ᠲᠣᠭᠲᠠᠭᠤᠨ ᠵᠶ᠋ᠠᠷ ᠬᠥᠭᠵᠢᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃ 2021 ᠣᠨ᠎ᠳᠤ᠂ ᠮᠠᠨ ᠤ ᠣᠷᠣᠨ ᠶᠡᠷᠦᠩᠬᠡᠢ ᠱᠦᠵᠢ ᠰᠢ ᠵᠢᠨ ᠫᠢᠩ᠎ᠤᠨ 《 ᠲᠠᠷᠢᠶᠠᠯᠠᠩ ᠲᠠᠷᠢᠶᠠᠯᠠᠬᠤ ᠣᠷᠤᠨ ᠲᠠᠷᠢᠶᠠᠴᠢᠨ》 ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠣᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠡᠷᠡᠰ ᠲᠤᠭᠤᠰᠢᠯᠠᠭᠤᠯᠵᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠪᠦᠬᠦ ᠣᠷᠣᠨ᠎ᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠳᠤ 《ᠠᠷᠪᠠᠨ ᠨᠠᠢ᠍ᠮᠠᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠬᠤ》 ᠵᠢ ᠪᠡᠶᠡᠯᠡᠭᠦᠯᠵᠦ᠂ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠳᠤ 《ᠠᠷᠪᠠᠨ ᠳᠣᠯᠣᠭ᠋ᠠᠨ ᠵᠢᠯ ᠳᠠᠷᠠᠭ᠋ᠠᠯᠠᠨ ᠲᠣᠭᠲᠠᠭᠤᠨ ᠪᠠᠢ᠌ᠬᠤ》 ᠵᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠪᠠᠢ᠌ᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 18337 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 10.7% ᠨᠡᠮᠡᠭᠳᠡᠪᠡ ᠂ ᠨᠡᠮᠡᠭᠳᠡᠯ᠎ᠤᠨ ᠬᠤᠷᠳᠤᠴᠠ᠎ᠨᠢ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠠᠴᠠ 3.4 ᠵᠠᠭᠤᠨ᠎ᠤ ᠨᠢᠭᠡᠴᠢ ᠥᠨᠳᠥᠷ ᠪᠠᠢ᠌ᠵᠤ᠂ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ ᠦᠷᠭᠦᠯᠵᠢᠯᠡᠨ ᠰᠠᠢ᠌ᠵᠢᠷᠠᠵᠤ ᠂ ᠬᠥᠳᠡᠭᠡ ᠲᠣᠰᠬᠣᠨ᠎ᠤ ᠵᠠᠰᠠᠯᠲᠠ ᠵᠢᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠨ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠤ ᠬᠥᠭᠵᠢᠯᠲᠡ ᠵᠢᠨ ᠪᠠᠢ᠌ᠳᠠᠯ ᠦᠷᠭᠦᠯᠵᠢᠯᠡᠨ ᠰᠠᠢ᠌ᠵᠢᠷᠠᠵᠤ ᠂ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠵᠢ ᠪᠠᠲᠤᠯᠠᠨ ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠲᠠᠯ᠎ᠠ᠎ᠪᠠᠷ ᠯᠠᠪᠳᠠᠭᠤᠨ ᠪᠠᠲᠤᠲᠠᠢ ᠠᠯᠬᠤᠮ᠎ᠢ ᠠᠯᠬᠤᠨ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠰᠠᠢ᠌ᠨ ᠡᠬᠢᠯᠡᠯᠲᠡ ᠵᠢ ᠪᠡᠶᠡᠯᠡᠭᠦᠯᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠪᠠ᠃ ᠣᠳᠣᠬᠠᠨ᠎ᠳᠤ ᠂ ᠵᠠᠭᠤᠨ ᠵᠢᠯ᠎ᠤᠨ ᠬᠤᠪᠢᠷᠠᠯᠲᠠ ᠪᠠ ᠡᠷᠡᠨ ᠵᠠᠭᠤᠨ᠎ᠤ ᠬᠢᠵᠢᠭ᠎ᠤᠨ ᠪᠠᠢ᠌ᠳᠠᠯ ᠰᠣᠯᠪᠢᠴᠠᠨ ᠳᠠᠪᠬᠤᠴᠠᠵᠤ ᠂ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠭᠠᠳᠠᠭ᠋ᠠᠳᠤ ᠣᠷᠴᠢᠨ ᠨᠥᠬᠥᠴᠡᠯ᠎ᠤᠨ ᠡᠮᠦᠨ᠎ᠡ ᠂ ᠲᠠᠷᠢᠶᠠᠯᠠᠩ᠎ᠤᠨ ᠦᠨᠳᠦᠰᠦᠨ ᠪᠠᠢ᠌ᠳᠠᠯ᠎ᠢ ᠲᠣᠭᠲᠠᠪᠤᠷᠢᠵᠢᠭᠤᠯᠤᠨ ᠂ 《ᠲᠠᠷᠢᠶᠠᠯᠠᠩ ᠲᠠᠷᠢᠶᠠᠯᠠᠬᠤ ᠣᠷᠤᠨ ᠲᠠᠷᠢᠶᠠᠴᠢᠨ》᠎ᠤ ᠠᠵᠢᠯ᠎ᠢ ᠰᠠᠢ᠌ᠲᠤᠷ ᠬᠢᠵᠦ ᠂ ᠲᠠᠷᠢᠶᠠᠯᠠᠩ᠎ᠤᠨ ᠭᠠᠷᠤᠯᠲᠠ ᠵᠢ ᠲᠣᠭᠲᠠᠪᠤᠷᠢᠵᠢᠭᠤᠯᠤᠨ ᠭᠠᠷᠤᠯᠲᠠ ᠵᠢ ᠨᠡᠮᠡᠭᠳᠡᠭᠦᠯᠬᠦ ᠂ ᠲᠠᠷᠢᠶᠠᠴᠢᠳ᠎ᠤᠨ ᠣᠷᠣᠯᠭ᠎ᠠ ᠵᠢ ᠲᠣᠭᠲᠠᠭᠤᠨ ᠵᠶ᠋ᠠᠷ ᠨᠡᠮᠡᠭᠳᠡᠭᠦᠯᠬᠦ ᠂ ᠬᠥᠳᠡᠭᠡ ᠲᠣᠰᠬᠣᠨ᠎ᠤ ᠠᠮᠤᠷ ᠲᠣᠭᠲᠠᠭᠤᠨ ᠪᠠᠢ᠌ᠬᠤ ᠵᠢ ᠦᠨᠡᠨ ᠬᠦ᠌ ᠪᠠᠲᠤᠯᠠᠬᠤ᠎ᠨᠢ ᠠᠵᠤ ᠠᠬᠤᠢ ᠨᠡᠢ᠌ᠭᠡᠮ᠎ᠤᠨ ᠲᠣᠭᠲᠠᠭᠤᠨ ᠪᠥᠭᠡᠳ ᠡᠷᠡᠭᠦᠯ ᠵᠶ᠋ᠡᠷ ᠬᠥᠭᠵᠢᠬᠦ ᠵᠢ ᠲᠦᠯᠬᠢᠨ ᠠᠬᠢᠭᠤᠯᠬᠤ᠎ᠳᠤ ᠣᠨᠴᠠᠭ᠋ᠠᠶ ᠴᠢᠬᠤᠯᠠ ᠠᠴᠢ ᠬᠣᠯᠪᠣᠭᠳᠠᠯ᠎ᠲᠠᠢ ᠶᠤᠮ ᠃ ᠡᠨᠡ ᠵᠢᠯ᠎ᠤᠨ 1 ᠰᠠᠷ᠎ᠠ ᠵᠢᠨ 5 ᠤ ᠡᠳᠦᠷ ᠂ ᠨᠠᠮ᠎ᠤᠨ ᠲᠥᠪ ᠬᠣᠷᠢᠶ᠎ᠠ ᠂ ᠲᠦᠷᠦ ᠵᠢᠨ ᠶᠠᠪᠤᠳᠠᠯ᠎ᠤᠨ ᠬᠣᠷᠢᠶ᠎ᠠ 《 2022 ᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠨᠠᠮ᠎ᠤᠨ ᠲᠥᠪ ᠬᠣᠷᠢᠶ᠎ᠠ ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ 》 ᠢ ᠳᠠᠷᠤᠮᠠᠯᠯᠠᠨ ᠲᠠᠷᠬᠠᠭ᠋ᠠᠵᠤ ᠂ 《 ᠲᠠᠷᠢᠶᠠᠯᠠᠩ ᠲᠠᠷᠢᠶᠠᠯᠠᠬᠤ ᠣᠷᠤᠨ ᠲᠠᠷᠢᠶᠠᠴᠢᠨ 》 ᠤ ᠠᠵᠢᠯ᠎ᠳᠤ ᠪᠦᠬᠦ ᠲᠠᠯ᠎ᠠ ᠵᠢᠨ ᠪᠠᠢ᠌ᠷᠢᠯᠠᠭᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠨᠠᠮ᠎ᠤᠨ ᠲᠥᠪ ᠬᠣᠷᠢᠶᠠᠨ᠎ᠤ ᠰᠢᠨ᠎ᠡ ᠬᠥᠭᠵᠢᠯᠲᠡ ᠵᠢᠨ ᠱᠠᠲᠤᠨ᠎ᠳᠠᠬᠢ 《 ᠲᠠᠷᠢᠶᠠᠯᠠᠩ ᠲᠠᠷᠢᠶᠠᠯᠠᠬᠤ ᠣᠷᠤᠨ ᠲᠠᠷᠢᠶᠠᠴᠢᠨ 》 ᠤ ᠠᠵᠢᠯ᠎ᠤᠨ ᠲᠤᠬᠠᠢ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠭᠦᠨᠵᠡᠭᠡᠢ ᠣᠢ᠌ᠯᠠᠭ᠋ᠠᠨ ᠡᠵᠡᠮᠰᠢᠵᠦ ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠂ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢ᠌ᠳᠠᠯ᠎ᠢ ᠲᠤᠭᠤᠰᠢᠯᠠᠭᠤᠯᠬᠤ᠎ᠲᠠᠢ ᠤᠶᠠᠯᠳᠤᠭᠤᠯᠵᠤ ᠂ ᠲᠥᠪ᠎ᠤᠨ 《ᠰᠠᠨᠠᠯ 》 ᠳᠤ ᠳᠤᠷᠠᠳᠤᠭᠰᠠᠨ ᠴᠢᠬᠤᠯᠠ ᠶᠡᠬᠡ ᠡᠭᠦᠷᠭᠡ ᠠᠷᠭ᠎ᠠ ᠬᠡᠮᠵᠢᠶ᠎ᠡ ᠵᠢ ᠨᠢᠭᠡᠳ ᠨᠢᠭᠡ᠎ᠪᠠᠷ ᠨᠠᠷᠢᠯᠢᠭᠵᠢᠭᠤᠯᠤᠨ ᠪᠠᠢ᠌ᠷᠢᠯᠠᠭᠤᠯᠵᠤ ᠂ 《 ᠬᠡᠷᠡᠭᠵᠢᠭᠦᠯᠬᠦ ᠰᠠᠨᠠᠯ 》 ᠢ ᠲᠣᠭᠲᠠᠭ᠋ᠠᠨ ᠨᠡᠢ᠌ᠲᠡᠯᠡᠪᠡ ᠃
ᠬᠥᠲᠥᠯᠥᠭᠴᠢ ᠠᠰᠠᠭᠤᠭᠰᠠᠨ ᠨᠢ ᠄ 《ᠬᠡᠷᠡᠭᠵᠢᠭᠦᠯᠬᠦ ᠰᠠᠨᠠᠯ》᠎ᠤᠨ ᠭᠣᠣᠯ ᠠᠭᠤᠯᠭ᠎ᠠ᠎ᠨᠢ ᠶᠠᠭᠤ ᠪᠣᠶ?
ᠵᠣᠴᠢᠨ ᠮᠦ᠍ ᠶᠤᠸᠠᠨ ᠬᠠᠷᠢᠭᠤᠯᠤᠭᠰᠠᠨ᠎ᠨᠢ᠄ 《ᠬᠡᠷᠡᠭᠵᠢᠭᠦᠯᠬᠦ ᠰᠠᠨᠠᠯ》᠎ᠳᠤ 37 ᠵᠦᠢ᠍ᠯ᠎ᠤᠨ ᠭᠣᠣᠯᠳᠠᠯᠭ᠎ᠠ ᠲᠠᠢ ᠡᠭᠦᠷᠭᠡ ᠵᠢ ᠳᠤᠷᠠᠳᠴᠤ᠂ ᠠᠮᠤ ᠪᠤᠳᠠᠭ᠋ᠠᠨ᠎ᠤ ᠤᠨᠠᠯᠲᠠ ᠵᠢ ᠲᠣᠭᠲᠠᠪᠤᠷᠢᠵᠢᠭᠤᠯᠤᠨ ᠤᠨᠠᠯᠲᠠ ᠵᠢ ᠨᠡᠮᠡᠭᠳᠡᠭᠦᠯᠬᠦ᠂ ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢ ᠠᠵᠤ ᠦᠢ᠍ᠯᠡᠰᠵᠢᠭᠦᠯᠦᠨ ᠬᠥᠭᠵᠢᠭᠦᠯᠬᠦ᠂ ᠲᠠᠷᠢᠶᠠᠯᠠᠩ ᠮᠠᠯ ᠠᠵᠤ ᠠᠬᠤᠢ ᠵᠢᠨ ᠨᠡᠷᠡᠲᠦ ᠲᠡᠮᠳᠡᠭ᠎ᠢ ᠳᠡᠭᠡᠭᠰᠢᠯᠡᠭᠦᠯᠬᠦ᠂ ᠦᠷ᠎ᠡ ᠵᠢᠨ ᠦᠢ᠍ᠯᠡᠰ᠎ᠢ ᠬᠥᠭᠵᠢᠭᠦᠯᠬᠦ᠂ ᠰᠦ ᠵᠢᠨ ᠦᠢ᠍ᠯᠡᠰ᠎ᠢ ᠬᠥᠭᠵᠢᠭᠦᠯᠬᠦ ᠵᠡᠷᠭᠡ ᠵᠢᠷᠭᠤᠭ᠋ᠠᠨ ᠶᠡᠬᠡ ᠠᠵᠢᠯᠯᠠᠭ᠎ᠠ ᠵᠢᠨ ᠪᠦᠲᠦᠭᠡᠨ ᠪᠠᠶ᠋ᠢᠭᠤᠯᠬᠤ ᠪᠣᠳᠠᠲᠠᠢ ᠠᠷᠭ᠎ᠠ ᠬᠡᠮᠵᠢᠶ᠎ᠡ ᠵᠢ ᠭᠦᠨᠵᠡᠭᠡᠢ ᠬᠡᠷᠡᠭᠵᠢᠭᠦᠯᠵᠦ᠂ 55 ᠵᠦᠢ᠍ᠯ᠎ᠤᠨ ᠪᠣᠳᠠᠲᠠᠢ ᠭᠦᠢ᠍ᠴᠡᠳᠬᠡᠬᠦ ᠲᠣᠭ᠎ᠠ ᠵᠢ ᠵᠢᠭᠰᠠᠭ᠋ᠠᠪᠠ ᠃ 《ᠬᠡᠷᠡᠭᠵᠢᠭᠦᠯᠬᠦ ᠰᠠᠨᠠᠯ》᠎ᠤᠨ ᠭᠣᠣᠯ ᠠᠭᠤᠯᠭ᠎ᠠ ᠵᠢ ᠬᠤᠷᠢᠶᠠᠩᠭᠤᠢ᠌ᠯᠠᠪᠠᠯ᠄ 《ᠬᠣᠶᠠᠷ ᠬᠣᠷᠢᠭ᠎ᠠ ᠱᠤᠭᠤᠮ》᠎ᠢ ᠪᠠᠲᠤ ᠰᠠᠬᠢᠵᠤ᠂ 《ᠭᠤᠷᠪᠠᠨ ᠭᠣᠣᠯᠳᠠᠯᠭ᠎ᠠ》 ᠵᠢ ᠰᠠᠢ᠌ᠲᠤᠷ ᠠᠳᠬᠤᠨ ᠂ 《ᠳᠥᠷᠪᠡᠨ ᠲᠤᠯᠭ᠋ᠠᠭᠤᠷᠢᠯᠠᠯ》᠎ᠢ ᠴᠢᠩᠭ᠋ᠠᠷᠠᠭᠤᠯᠤᠨ᠂ 《ᠨᠢᠭᠡ ᠵᠢ ᠴᠢᠩᠭ᠋ᠠᠳᠬᠠᠬᠤ》 ᠵᠢ ᠪᠠᠷᠢᠮᠲᠠᠯᠠᠨ᠎ᠠ᠃ 《 ᠬᠣᠶᠠᠷ ᠬᠣᠷᠢᠭ᠎ᠠ ᠱᠤᠭᠤᠮ》 ᠢ ᠪᠠᠲᠤ ᠰᠠᠬᠢᠬᠤ ᠪᠣᠯ ᠳᠠᠷᠤᠢ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠪᠠ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠬᠣᠶᠠᠷ ᠬᠣᠷᠢᠭ᠎ᠠ ᠱᠤᠭᠤᠮ᠎ᠢ ᠪᠠᠲᠤ ᠰᠠᠬᠢᠬᠤ ᠶᠠᠪᠤᠳᠠᠯ ᠪᠣᠯᠣᠨ᠎ᠠ ᠃ ᠠᠮᠤ ᠪᠤᠳᠠᠭ᠋ᠠᠨ᠎ᠤ ᠦᠢ᠍ᠯᠡᠳᠪᠦᠷᠢᠯᠡᠯ ᠪᠣᠯᠣᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠵᠤ ᠂ ᠲᠠᠷᠢᠶᠠᠨ ᠭᠠᠵᠠᠷ᠎ᠢ ᠬᠠᠮᠠᠭ᠋ᠠᠯᠠᠬᠤ ᠪᠦᠲᠦᠭᠡᠨ ᠪᠠᠢ᠌ᠭᠤᠯᠤᠯᠲᠠ ᠵᠢᠨ ᠬᠠᠲᠠᠭᠤ ᠠᠷᠭ᠎ᠠ ᠬᠡᠮᠵᠢᠶ᠎ᠡ ᠵᠢ ᠨᠡᠩ ᠶᠡᠬᠡ ᠡᠷᠴᠢᠮ ᠵᠶ᠋ᠡᠷ ᠰᠠᠢ᠌ᠲᠤᠷ ᠨᠠᠢ᠌ᠲᠠᠪᠤᠷᠢᠵᠢᠭᠤᠯᠤᠨ᠂ ᠠᠮᠤ ᠪᠤᠳᠠᠭ᠎ᠠ ᠲᠠᠷᠢᠬᠤ ᠲᠠᠯᠠᠪᠠᠢ ᠵᠢ 10290 ᠲᠦᠮᠡᠨ ᠮᠦ᠍᠎ᠳᠤ ᠲᠣᠭᠲᠠᠪᠤᠷᠢᠵᠢᠭᠤᠯᠵᠤ ᠂ ᠤᠨᠠᠯᠲᠠ ᠵᠢ 750 ᠳ᠋ᠦᠩᠰᠢᠭᠤᠷ ᠵᠢᠩ ᠣᠷᠴᠢᠮ᠎ᠳᠤ ᠲᠣᠭᠲᠠᠪᠤᠷᠢᠵᠢᠭᠤᠯᠬᠤ ᠵᠢ ᠪᠠᠲᠤᠯᠠᠨ᠂ 《 ᠢᠳᠡᠰᠢᠨ ᠨᠣᠭᠣᠭ᠎ᠠ 》 ᠵᠢᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠲᠤᠯᠠᠨ᠎ᠠ; ᠲᠠᠬᠢᠨ ᠶᠠᠳᠠᠭᠤᠷᠠᠬᠤ ᠵᠢ ᠰᠡᠷᠭᠡᠢ᠌ᠯᠡᠬᠦ ᠵᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠵᠢ ᠲᠡᠭᠦᠯᠳᠡᠷᠵᠢᠭᠦᠯᠦᠨ ᠨᠠᠢ᠌ᠳᠠᠪᠤᠷᠢᠵᠢᠭᠤᠯᠵᠤ ᠂ ᠭᠣᠣᠯᠳᠠᠯᠭ᠎ᠠ᠎ᠲᠠᠢ ᠭᠠᠵᠠᠷ ᠣᠷᠣᠨ᠎ᠢ ᠬᠠᠪᠰᠤᠷᠤᠨ ᠲᠡᠳᠬᠦᠬᠦ ᠡᠷᠴᠢᠮ ᠵᠶ᠋ᠡᠨ ᠴᠢᠩᠭ᠋ᠠᠷᠠᠭᠤᠯᠤᠨ᠂ ᠬᠠᠪᠰᠤᠷᠤᠨ ᠲᠡᠳᠬᠦᠬᠦ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠠᠬᠢᠭᠤᠯᠵᠤ ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠪᠠᠢ᠌ᠳᠠᠯ ᠡᠭᠦᠰᠬᠦ ᠦᠭᠡᠢ ᠪᠠᠢ᠌ᠬᠤ ᠵᠢ ᠪᠠᠲᠤᠯᠠᠨ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠣᠷᠣᠯᠭ᠎ᠠ ᠵᠢ ᠦᠷᠭᠦᠯᠵᠢᠯᠡᠨ ᠨᠡᠮᠡᠭᠳᠡᠭᠦᠯᠬᠦ ᠵᠢ ᠠᠬᠢᠭᠤᠯᠤᠨ᠎ᠠ ᠃ 《 ᠭᠤᠷᠪᠠᠨ ᠭᠣᠣᠯᠳᠠᠯᠭ᠎ᠠ 》 ᠵᠢ ᠰᠠᠢ᠌ᠲᠤᠷ ᠠᠳᠬᠤᠬᠤ ᠪᠣᠯ ᠳᠠᠷᠤᠢ ᠬᠥᠳᠡᠭᠡ ᠲᠣᠰᠬᠣᠨ᠎ᠤ ᠬᠥᠭᠵᠢᠯᠲᠡ ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠂ ᠬᠥᠳᠡᠭᠡ ᠲᠣᠰᠬᠣᠨ᠎ᠤ ᠵᠠᠰᠠᠯᠲᠠ ᠵᠢᠨ ᠭᠣᠣᠯᠳᠠᠯᠭ᠎ᠠ᠎ᠲᠠᠢ ᠠᠵᠢᠯ᠎ᠢ ᠯᠠᠪᠳᠠᠭᠤᠨ ᠪᠠᠲᠤᠲᠠᠢ ᠡᠮᠬᠢ ᠳᠢᠭᠯᠢᠮ᠎ᠲᠠᠢ ᠰᠠᠢ᠌ᠲᠤᠷ ᠬᠢᠬᠦ ᠶᠠᠪᠤᠳᠠᠯ ᠪᠣᠯᠣᠨ᠎ᠠ ᠃ ᠬᠥᠳᠡᠭᠡ ᠲᠣᠰᠬᠣᠨ᠎ᠤ ᠬᠥᠭᠵᠢᠯᠲᠡ ᠵᠢᠨ ᠲᠠᠯ᠎ᠠ᠎ᠪᠠᠷ᠂ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠵᠢᠨ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠢ᠍ᠯᠡᠰ᠎ᠤᠨ ᠰᠠᠭᠤᠷᠢ ᠵᠡᠷᠭᠡ ᠲᠠᠯ᠎ᠠ ᠵᠢᠨ ᠬᠠᠷᠢᠴᠠᠩᠭᠤᠢ ᠳᠠᠪᠠᠭᠤᠯᠢᠭ᠎ᠢ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠨᠢᠭᠡ ᠬᠤᠶᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠦᠷᠭᠦᠯᠵᠢᠯᠡᠨ ᠠᠬᠢᠭᠤᠯᠵᠤ᠂ ᠮᠠᠯᠴᠢᠨ ᠲᠠᠷᠢᠶᠠᠴᠢᠨ᠎ᠢ ᠳᠠᠶ᠋ᠢᠴᠢᠯᠠᠨ ᠲᠤᠬᠠᠢ ᠵᠢᠨ ᠭᠠᠵᠠᠷ ᠪᠤᠶᠤ ᠣᠢ᠌ᠷ᠎ᠠ ᠬᠠᠪᠢ᠎ᠳᠠᠭᠠᠨ ᠠᠵᠢᠯ ᠣᠯᠵᠤ ᠣᠷᠣᠯᠭ᠎ᠠ᠎ᠪᠠᠨ ᠨᠡᠮᠡᠩᠳᠡᠭᠦᠯᠬᠦ ᠵᠢ ᠳᠠᠢ᠌ᠴᠢᠯᠠᠨ᠎ᠠ ; ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠲᠠᠯ᠎ᠠ᠎ᠪᠠᠷ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠬᠡᠷᠡᠭᠵᠢᠭᠦᠯᠬᠦ ᠲᠣᠭᠲᠠᠴᠠ ᠵᠢ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠭᠣᠣᠯᠳᠠᠯᠭ᠎ᠠ᠎ᠲᠠᠢ ᠬᠦᠷᠢᠶ᠎ᠡ ᠴᠠᠷᠠᠭ᠋ᠠᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠠᠯᠴᠢᠨ ᠲᠠᠷᠢᠶᠠᠴᠢᠨ᠎ᠤ ᠦᠢ᠍ᠯᠡᠳᠪᠦᠷᠢᠯᠡᠯ ᠠᠮᠢᠳᠤᠷᠠᠯ᠎ᠤᠨ ᠪᠣᠳᠠᠲᠠᠢ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠨ᠎ᠡ ; ᠬᠥᠳᠡᠭᠡ ᠲᠣᠰᠬᠣᠨ᠎ᠤ ᠵᠠᠰᠠᠯᠲᠠ ᠵᠢᠨ ᠲᠠᠯ᠎ᠠ᠎ᠪᠠᠷ᠂ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠳᠣᠣᠷᠠᠬᠢ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠶᠣᠰᠣ ᠮᠣᠷᠠᠯ ᠵᠶ᠋ᠠᠷ ᠵᠠᠰᠠᠬᠤ ᠵᠢ ᠤᠶᠠᠯᠳᠤᠭᠤᠯᠤᠭᠰᠠᠨ ᠬᠥᠳᠡᠭᠡ ᠲᠣᠰᠬᠣᠨ᠎ᠤ ᠵᠠᠰᠠᠯᠲᠠ ᠵᠢᠨ ᠰᠢᠰᠲ᠋ᠧᠮᠵᠢ ᠵᠢ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ᠎ᠤᠨ ᠠᠮᠤᠷ ᠲᠠᠢ᠌ᠪᠤᠩ ᠲᠣᠭᠲᠠᠭᠤᠨ᠎ᠢ ᠦᠨᠡᠨ ᠬᠦ᠌ ᠪᠠᠲᠤᠯᠠᠨ᠎ᠠ ᠃ 《ᠳᠥᠷᠪᠡᠨ ᠪᠠᠲᠤᠯᠠᠭ᠎ᠠ》 ᠵᠢ ᠴᠢᠩᠭ᠋ᠠᠳᠬᠠᠬᠤ ᠪᠣᠯ ᠳᠠᠷᠤᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠵᠤ᠂ ᠪᠡᠯᠡ ᠮᠥᠩᠭᠥ ᠵᠢᠨ ᠣᠷᠣᠭᠤᠯᠤᠯᠲᠠ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ᠂ ᠴᠢᠳᠠᠪᠤᠷᠢᠲᠠᠨ᠎ᠤ ᠡᠩᠨᠡᠭᠡ᠂ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠳᠥᠷᠪᠡᠨ ᠲᠠᠯ᠎ᠠ᠎ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠴᠢᠬᠤᠯᠠ ᠬᠦᠴᠦᠨ ᠵᠦᠢ᠍ᠯ᠎ᠤᠨ ᠪᠠᠲᠤᠯᠠᠭ᠎ᠠ ᠵᠢ ᠦᠷᠭᠦᠯᠵᠢᠯᠡᠨ ᠴᠢᠩᠭ᠋ᠠᠳᠬᠠᠬᠤ ᠶᠠᠪᠤᠳᠠᠯ ᠪᠣᠯᠣᠨ᠎ᠠ᠃ 《 ᠨᠢᠭᠡ ᠵᠢ ᠴᠢᠩᠭ᠋ᠠᠳᠬᠠᠬᠤ 》 ᠵᠢ ᠪᠠᠷᠢᠮᠲᠠᠯᠠᠬᠤ ᠪᠣᠯ ᠳᠠᠷᠤᠢ ᠨᠠᠮ᠎ᠠᠴᠠ 《 ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠤᠨ ᠮᠠᠯᠴᠢᠨ ᠲᠠᠷᠢᠶᠠᠴᠢᠨ》᠎ᠤ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠬᠤ ᠶᠠᠪᠤᠳᠠᠯ ᠪᠣᠯᠣᠨ᠎ᠠ ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠬᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠬᠢᠨᠠᠨ ᠰᠢᠯᠭ᠋ᠠᠬᠤ ᠲᠣᠭᠲᠠᠴᠠ ᠵᠢ ᠪᠦᠷᠢᠨᠰᠢᠭᠦᠯᠬᠦ ᠂ ᠨᠠᠮ᠎ᠤᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠪᠠᠢ᠌ᠭᠤᠯᠤᠮᠵᠢ ᠵᠢ ᠪᠠᠢ᠌ᠭᠤᠯᠤᠨ ᠬᠦᠴᠦᠷᠬᠡᠭᠵᠢᠭᠦᠯᠬᠦ ᠂ ᠴᠡᠭ᠎ᠢ ᠠᠳᠬᠤᠨ ᠪᠦᠬᠦ ᠲᠠᠯ᠎ᠠ ᠵᠢ ᠳᠠᠢ᠍ᠢ᠍ᠴᠢᠯᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠥᠷᠨᠢᠭᠦᠯᠬᠦ ᠵᠢ ᠠᠬᠢᠭᠤᠯᠬᠤ ᠵᠡᠷᠭᠡ ᠲᠠᠯ᠎ᠠ᠎ᠪᠠᠷ ᠲᠣᠳᠣᠷᠬᠠᠢ ᠱᠠᠭ᠋ᠠᠷᠳᠠᠯᠭ᠎ᠠ ᠳᠤᠷᠠᠳᠪᠠ ᠃
ᠬᠥᠲᠥᠯᠥᠭᠴᠢ ᠠᠰᠠᠭᠤᠭᠰᠠᠨ᠎ᠨᠢ᠄ ᠥᠪᠥᠷ ᠮᠣᠩᠭᠣᠯ ᠤᠯᠤᠰ᠎ᠤᠨ 《ᠠᠮᠤ ᠪᠤᠳᠠᠭ᠋ᠠᠨ᠎ᠤ ᠬᠥᠮᠥᠷᠭᠡ》᠂ 《ᠰᠠᠭ᠋ᠠᠯᠢ ᠵᠢᠨ ᠬᠦᠮᠦᠷᠭᠡ 》᠂ 《ᠮᠢᠬᠠᠨ᠎ᠤ ᠬᠥᠮᠥᠷᠭᠡ》 ᠪᠣᠯᠤᠭᠰᠠᠨ᠎ᠤ ᠬᠤᠪᠢ᠎ᠳᠤ᠂ ᠡᠨᠡ ᠵᠢᠯ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ ᠪᠠ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠲᠤᠯᠠᠬᠤ ᠲᠠᠯ᠎ᠠ᠎ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠬᠤ ᠪᠣᠶ?
ᠵᠣᠴᠢᠨ ᠮᠦ᠍ ᠶᠤᠸᠠᠨ ᠬᠠᠷᠢᠭᠤᠯᠤᠭᠰᠠᠨ᠎ᠨᠢ᠄ 《ᠬᠡᠷᠡᠭᠵᠢᠭᠦᠯᠬᠦ ᠰᠠᠨᠠᠯ》᠎ᠳᠤ ᠭᠣᠣᠯᠳᠠᠭᠤ ᠳᠥᠷᠪᠡᠨ ᠲᠠᠯ᠎ᠠ ᠠᠴᠠ ᠪᠠᠢ᠌ᠷᠢᠯᠠᠭᠤᠯᠤᠯᠲᠠ ᠲᠣᠬᠢᠷᠠᠭᠤᠯᠤᠯᠲᠠ ᠬᠢᠪᠡ᠄ ᠨᠢᠭᠡ᠎ᠳᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠨ᠎ᠠ᠃ ᠤᠯᠤᠰ᠎ᠤᠨ 13 ᠠᠮᠤ ᠪᠤᠳᠠᠭ᠋ᠠᠨ᠎ᠤ ᠭᠣᠣᠯ ᠭᠠᠷᠤᠯᠲᠠ ᠵᠢᠨ ᠣᠷᠣᠨ᠎ᠤ ᠨᠢᠭᠡ ᠪᠣᠯᠤᠭᠰᠠᠨ᠎ᠤ ᠬᠤᠪᠢ᠎ᠳᠤ ᠂ ᠪᠢᠳᠡ ᠤᠯᠤᠰ ᠲᠦᠷᠦ ᠵᠢᠨ ᠵᠣᠭᠰᠣᠴᠠ᠎ᠪᠠᠨ ᠴᠢᠨᠠᠭᠰᠢᠳᠠ ᠳᠡᠭᠡᠭᠰᠢᠯᠡᠭᠦᠯᠵᠦ ᠂ ᠬᠠᠷᠢᠭᠤᠴᠠᠯᠭ᠎ᠠ ᠡᠭᠦᠷᠭᠡᠯᠡᠬᠦ᠎ᠪᠠᠨ ᠴᠢᠩᠭ᠋ᠠᠳᠬᠠᠨ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ ᠪᠠᠢ᠌ᠬᠤ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠤᠨ ᠬᠢᠨᠠᠨ ᠰᠢᠯᠭ᠋ᠠᠯᠲᠠ ᠵᠢ ᠦᠷᠨᠢᠭᠦᠯᠦᠨ᠂ ᠠᠮᠤ ᠪᠤᠳᠠᠭ᠋ᠠᠨ᠎ᠤ ᠤᠨᠠᠯᠲᠠ ᠵᠢ ᠲᠣᠭᠲᠠᠪᠤᠷᠢᠵᠢᠭᠤᠯᠤᠨ ᠨᠡᠮᠡᠭᠳᠡᠭᠦᠯᠬᠦ ᠠᠵᠢᠯᠯᠠᠭ᠎ᠠ ᠵᠢ ᠬᠡᠷᠡᠭᠵᠢᠭᠦᠯᠵᠦ ᠂ ᠠᠮᠤ ᠪᠤᠳᠠᠭ᠎ᠠ ᠲᠠᠷᠢᠬᠤ ᠲᠠᠯᠠᠪᠠᠢ ᠪᠣᠯᠣᠨ ᠠᠮᠤ ᠪᠤᠳᠠᠭ᠋ᠠᠨ᠎ᠤ ᠤᠨᠠᠯᠲᠠ ᠵᠢᠨ ᠲᠣᠭᠲᠠᠭᠤᠨ ᠪᠠᠢ᠌ᠬᠤ ᠵᠢ ᠪᠠᠲᠤᠯᠠᠨ᠎ᠠ᠃ ᠲᠠᠷᠢᠶᠠᠯᠠᠩ᠎ᠤᠨ ᠪᠦᠲᠦᠴᠡ ᠵᠢ ᠤᠯᠠᠮ ᠨᠢᠭᠡ ᠠᠯᠬᠤᠮ ᠲᠣᠬᠢᠷᠠᠭᠤᠯᠤᠨ ᠰᠢᠯᠢᠳᠡᠭᠵᠢᠭᠦᠯᠵᠦ ᠂ ᠰᠢᠷ᠎ᠠ ᠪᠤᠷᠴᠠᠭ ᠡᠷᠳᠡᠨᠢ ᠰᠢᠰᠢ ᠵᠢᠨ ᠪᠦᠰᠡᠯᠢᠭ ᠬᠡᠯᠪᠡᠷᠢ᠎ᠲᠠᠢ ᠰᠣᠯᠢᠪᠴᠠᠯ ᠲᠠᠷᠢᠶᠠᠯᠠᠭ᠎ᠠ ᠵᠢ ᠶᠡᠬᠡ᠎ᠪᠠᠷ ᠬᠦᠭᠵᠢᠭᠦᠯᠦᠨ᠂ ᠰᠢᠷ᠎ᠠ ᠪᠤᠷᠴᠠᠭ ᠪᠠ ᠲᠣᠰᠣᠯᠢᠭ ᠲᠠᠷᠢᠮᠠᠯ᠎ᠤᠨ ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ ᠃ ᠲᠠᠷᠢᠶᠠᠯᠠᠩ᠎ᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠬᠦ ᠲᠦᠷᠦ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ ᠂ ᠭᠤᠷᠪᠠᠨ ᠶᠡᠬᠡ ᠠᠮᠤ ᠪᠤᠳᠠᠭ᠋ᠠᠨ᠎ᠤ ᠲᠠᠷᠢᠮᠠᠯ᠎ᠤᠨ ᠪᠦᠷᠢᠨ ᠥᠪᠡᠷ᠎ᠤᠨ ᠦᠷᠲᠡᠭ᠎ᠤᠨ ᠳᠠᠭ᠋ᠠᠳᠬᠠᠯ ᠪᠠ ᠲᠠᠷᠢᠮᠠᠯ᠎ᠤᠨ ᠣᠷᠣᠯᠭ᠎ᠠ ᠵᠢᠨ ᠳᠠᠭ᠋ᠠᠳᠬᠠᠯ ᠂ ᠠᠮᠤ ᠪᠤᠳᠠᠭ᠋ᠠᠨ᠎ᠤ ᠭᠠᠷᠤᠯᠲᠠ ᠵᠢᠨ ᠲᠣᠮᠣ ᠰᠢᠶᠠᠨ᠎ᠢ ᠪᠦᠬᠦᠨ᠎ᠢ ᠬᠠᠮᠤᠷᠬᠤ ᠵᠢ ᠪᠡᠶᠡᠯᠡᠭᠦᠯᠦᠨ᠂ ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠲᠦᠷᠭᠡᠪᠴᠢᠯᠡᠨ ᠬᠥᠭᠵᠢᠭᠦᠯᠵᠦ ᠂ ᠲᠠᠷᠢᠶᠠᠴᠢᠳ᠎ᠤᠨ ᠠᠮᠤ ᠪᠤᠳᠠᠭ᠎ᠠ ᠳᠠᠷᠢᠭᠰᠠᠨ᠎ᠤ ᠠᠰᠢᠭ ᠣᠷᠣᠯᠭ᠎ᠠ ᠵᠢ ᠪᠠᠲᠤᠯᠠᠬᠤ ᠲᠣᠭᠲᠠᠴᠠ ᠵᠢ ᠲᠡᠭᠦᠯᠳᠡᠷᠵᠢᠭᠦᠯᠦᠨ᠂ ᠡᠯ᠎ᠡ ᠭᠠᠵᠠᠷ᠎ᠤᠨ ᠲᠠᠷᠢᠶᠠᠯᠠᠩ᠎ᠢ ᠴᠢᠬᠤᠯᠠᠴᠢᠯᠠᠨ ᠠᠮᠤ ᠪᠤᠳᠠᠭ᠎ᠠ ᠵᠢ ᠠᠳᠬᠤᠬᠤ ᠂ ᠲᠠᠷᠢᠶᠠᠴᠢᠳ᠎ᠤᠨ ᠲᠠᠷᠢᠶᠠᠨ ᠠᠵᠢᠯ ᠬᠢᠵᠦ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠭᠦᠢ᠍ᠴᠡᠳ ᠳᠠᠶ᠋ᠢᠴᠢᠯᠠᠨ᠎ᠠ ᠃ ᠬᠣᠶᠠᠷ᠎ᠲᠤ 《ᠢᠳᠡᠰᠢᠨ ᠨᠣᠭᠣᠭ᠎ᠠ》 ᠵᠢᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠲᠤᠯᠠᠨ᠎ᠠ᠃ 《ᠢᠳᠡᠰᠢᠨ ᠨᠣᠭᠣᠭ᠎ᠠ》 ᠵᠢᠨ ᠠᠢ᠌ᠮᠠᠭ ᠬᠣᠲᠠ ᠵᠢᠨ ᠳᠠᠷᠤᠭ᠎ᠠ ᠵᠢᠨ ᠬᠠᠷᠢᠭᠤᠴᠠᠬᠤ ᠳᠦᠷᠢᠮ᠎ᠤᠨ ᠰᠢᠯᠭ᠋ᠠᠨ ᠬᠢᠨᠠᠬᠤ ᠵᠢ ᠥᠷᠨᠢᠭᠦᠯᠵᠦ᠂ ᠴᠢᠬᠤᠯᠠ ᠪᠦᠬᠦᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠰᠦ ᠵᠢᠨ ᠦᠢ᠍ᠯᠡᠰ᠎ᠤᠨ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠂ ᠪᠥᠬᠥ ᠣᠷᠣᠨ᠎ᠤ ᠰᠦ ᠵᠢᠨ ᠭᠠᠷᠤᠯᠲᠠ ᠵᠢ 720 ᠲᠦᠮᠡᠨ ᠲᠣᠨ᠎ᠠᠴᠠ ᠳᠠᠪᠠᠭᠤᠯᠬᠤ᠎ᠪᠠᠷ ᠴᠢᠷᠮᠠᠢ᠌ᠨ᠎ᠠ᠃ ᠠᠯᠠᠰᠢᠨ ᠦᠬᠡᠷ ᠠᠯᠠᠰᠢᠨ ᠬᠣᠨᠢᠨ᠎ᠤ ᠬᠥᠭᠵᠢᠯᠲᠡ ᠵᠢᠨ ᠲᠠᠪᠤᠨ ᠵᠢᠯ᠎ᠤᠨ ᠠᠵᠢᠯᠯᠠᠭ᠎ᠠ ᠵᠢ ᠬᠡᠷᠡᠭᠵᠢᠭᠦᠯᠵᠦ᠂ ᠠᠮᠢᠳᠦ ᠭᠠᠬᠠᠢ ᠵᠢᠨ ᠦᠢ᠍ᠯᠡᠳᠪᠦᠷᠢᠯᠡᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠂ ᠲᠡᠵᠢᠭᠡᠯ ᠡᠪᠡᠰᠦ ᠪᠣᠷᠳᠣᠭ᠋ᠠᠨ᠎ᠤ ᠲᠤᠰᠬᠠᠢ᠌ᠵᠢᠭᠰᠠᠨ ᠦᠢ᠍ᠯᠡᠳᠪᠦᠷᠢᠯᠡᠯ᠎ᠢ ᠬᠥᠭᠵᠢᠭᠦᠯᠵᠦ᠂ ᠦᠬᠡᠷ ᠬᠣᠨᠢᠨ᠎ᠤ ᠮᠢᠬᠠᠨ᠎ᠤ ᠭᠠᠷᠤᠯᠲᠠ ᠵᠢ 180 ᠲᠦᠮᠡᠨ ᠲᠣᠨ ᠣᠷᠴᠢᠮ᠎ᠳᠤ ᠲᠣᠭᠲᠠᠭᠤᠨ ᠪᠠᠢ᠌ᠯᠭ᠋ᠠᠬᠤ ᠵᠢ ᠦᠨᠡᠨᠬᠦ ᠪᠠᠲᠤᠯᠠᠨ᠎ᠠ᠃ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠲᠦᠬᠦᠭᠡᠷᠡᠮᠵᠢ᠎ᠳᠦ ᠲᠠᠷᠢᠶᠠᠯᠠᠩ ᠮᠠᠯ ᠠᠵᠤ ᠠᠬᠤᠢ ᠵᠢ ᠲᠦᠷᠭᠡᠳᠬᠡᠨ ᠬᠥᠭᠵᠢᠭᠦᠯᠵᠦ᠂ ᠨᠡᠯᠢᠶᠡᠳ ᠴᠢᠩᠭ᠎ᠠ ᠣᠷᠣᠨ ᠪᠦᠰᠡ ᠵᠢᠨ ᠥᠷᠢᠰᠦᠯᠳᠦᠬᠦ ᠬᠦᠴᠦᠨ᠎ᠲᠠᠢ ᠪᠠ ᠪᠥᠬᠥ ᠤᠯᠤᠰ᠎ᠲᠤ ᠨᠥᠯᠥᠭᠡᠯᠡᠬᠦ ᠬᠦᠴᠦᠨ᠎ᠲᠠᠢ ᠢᠳᠡᠰᠢᠨ ᠨᠣᠭᠣᠭ᠎ᠠ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠰᠦᠪᠡᠭᠴᠢᠯᠡᠨ ᠪᠠᠢ᠌ᠭᠤᠯᠤᠨ᠎ᠠ᠃ ᠭᠤᠷᠪᠠ᠎ᠳᠤ 《ᠰᠢᠳᠦ ᠲᠠᠢ》 ᠲᠠᠷᠢᠶᠠᠨ ᠭᠠᠵᠠᠷ᠎ᠢ ᠬᠠᠮᠠᠭ᠋ᠠᠯᠠᠬᠤ ᠬᠠᠲᠠᠭᠤ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠎ᠠ᠃ ᠲᠠᠷᠢᠶᠠᠨ ᠭᠠᠵᠠᠷ᠎ᠤᠨ ᠬᠠᠮᠠᠭ᠋ᠠᠯᠠᠯᠲᠠ ᠪᠠ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ ᠪᠠᠢ᠌ᠬᠤ ᠵᠢ ᠬᠡᠷᠡᠭᠵᠢᠭᠦᠯᠦᠨ᠂ ᠲᠠᠷᠢᠶᠠᠨ ᠭᠠᠵᠠᠷ᠎ᠤᠨ ᠪᠠᠢ᠌ᠬᠤ ᠬᠡᠮᠵᠢᠶ᠎ᠡ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠬᠠᠷᠠᠯᠲᠠᠲᠤ ᠡᠭᠦᠷᠭᠡ ᠵᠢ ᠲᠣᠭ᠎ᠠ ᠶᠣᠰᠣᠭ᠋ᠠᠷ ᠣᠷᠣᠨ ᠪᠠᠢ᠌ᠷᠢ᠎ᠲᠠᠢ ᠱᠠᠲᠤ ᠳᠠᠷᠠᠭ᠋ᠠᠯᠠᠨ ᠬᠤᠪᠢᠶᠠᠷᠢᠯᠠᠨ ᠪᠠᠭᠤᠯᠭ᠋ᠠᠵᠤ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠬᠠᠲᠠᠭᠤ ᠭᠦᠢ᠍ᠴᠡᠳᠬᠡᠬᠦ ᠲᠣᠭ᠎ᠠ ᠪᠣᠯᠭ᠋ᠠᠨ ᠴᠢᠩᠭ᠎ᠠ ᠬᠢᠨᠠᠨ ᠰᠢᠯᠭ᠋ᠠᠵᠤ᠂ ᠨᠢᠭᠡ ᠯᠡ ᠪᠢᠯᠧᠲ ᠵᠶ᠋ᠠᠷ ᠦᠭᠡᠶ᠋ᠢᠰᠬᠡᠬᠦ᠂ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠬᠦ ᠵᠢ ᠬᠡᠷᠡᠭᠵᠢᠭᠦᠯᠦᠨ᠎ᠡ᠃ ᠲᠠᠷᠢᠶᠠᠨ ᠭᠠᠵᠠᠷ᠎ᠤᠨ ᠬᠡᠷᠡᠭᠯᠡᠯᠲᠡ ᠵᠢᠨ ᠵᠠᠬᠢᠷᠤᠨ ᠬᠠᠮᠢᠶᠠᠷᠤᠯᠲᠠ ᠵᠢ ᠴᠢᠩᠭ᠋ᠠᠳᠬᠠᠵᠤ ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠲᠡᠢ ᠪᠠᠢ᠌ᠯᠭ᠋ᠠᠬᠤ ᠲᠦᠷᠦ ᠵᠢᠨ ᠪᠣᠳᠣᠯᠭ᠎ᠠ ᠵᠢ ᠨᠠᠢ᠌ᠲᠠᠪᠤᠷᠢᠵᠢᠭᠤᠯᠤᠨ᠂ ᠲᠠᠷᠢᠶᠠᠨ ᠭᠠᠵᠠᠷ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠡᠷᠴᠢᠮ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠱᠠᠲᠤ ᠦᠶ᠎ᠡ ᠵᠢᠨ ᠴᠢᠨᠠᠷᠲᠠᠢ ᠡᠭᠦᠷᠭᠡ ᠵᠢ ᠪᠥᠬᠥ ᠲᠠᠯ᠎ᠠ᠎ᠪᠠᠷ ᠪᠡᠶᠡᠯᠡᠭᠦᠯᠵᠦ᠂ ᠬᠠᠷ᠎ᠠ ᠬᠥᠷᠥᠰᠥ ᠵᠢ ᠬᠠᠮᠠᠭ᠋ᠠᠯᠠᠬᠤ ᠪᠠ ᠬᠤᠵᠢᠷᠯᠢᠭ ᠭᠠᠵᠠᠷ᠎ᠢ ᠰᠠᠢ᠌ᠵᠢᠷᠠᠭᠤᠯᠬᠤ ᠠᠵᠢᠯ᠎ᠢ ᠰᠠᠢ᠌ᠲᠤᠷ ᠠᠳᠬᠤᠨ ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠠᠷᠢᠶᠠᠨ ᠭᠠᠵᠠᠷ ᠪᠣᠯ ᠳᠠᠷᠤᠢ ᠲᠠᠷᠢᠶᠠᠨ ᠭᠠᠵᠠᠷ ᠪᠥᠭᠡᠳ ᠡᠷᠬᠡᠪᠰᠢ ᠰᠠᠢ᠌ᠨ ᠲᠠᠷᠢᠶᠠᠨ ᠭᠠᠵᠠᠷ ᠪᠠᠢ᠌ᠬᠤ ᠬᠡᠷᠡᠭᠲᠡᠢ ᠭᠡᠳᠡᠭ᠎ᠢ ᠦᠨᠡᠨ ᠬᠦ᠌ ᠪᠡᠶᠡᠯᠡᠭᠦᠯᠦᠨ᠎ᠡ ᠃ ᠳᠥᠷᠪᠡ᠎ᠳᠤ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠲᠣᠨᠣᠭ ᠲᠥᠬᠦᠭᠡᠷᠦᠮᠵᠢ ᠵᠢᠨ ᠲᠤᠯᠭ᠋ᠠᠭᠤᠷᠢᠯᠠᠯ᠎ᠢ ᠴᠢᠩᠭ᠋ᠠᠳᠬᠠᠨ᠎ᠠ᠃ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ ᠂ ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭ᠋ᠠᠯᠠᠨ ᠠᠰᠢᠭᠯᠠᠵᠤ᠂ ᠳᠠᠪᠠᠭᠤᠯᠢᠭ ᠣᠨᠴᠠᠯᠢᠭᠲᠤ ᠡᠭᠦᠯᠳᠡᠷ᠎ᠢ ᠪᠣᠢ᠌ᠵᠢᠭᠤᠯᠬᠤ ᠂ ᠰᠠᠢ᠌ᠨ ᠡᠭᠦᠯᠳᠡᠷᠵᠢᠭᠦᠯᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢ ᠲᠦᠯᠬᠢᠨ ᠠᠬᠢᠭᠤᠯᠵᠤ ᠂ ᠪᠣᠢ᠌ᠵᠢᠭᠤᠯᠤᠨ ᠦᠷᠡᠵᠢᠭᠦᠯᠵᠦ ᠳᠡᠯᠭᠡᠷᠡᠭᠦᠯᠬᠦ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠲᠦᠯᠬᠢᠨ ᠠᠬᠢᠭᠤᠯᠤᠨ᠎ᠠ ᠃ ᠡᠪᠡᠰᠦᠨ᠎ᠤ ᠦᠢ᠍ᠯᠡᠰ᠂ ᠰᠠᠭ᠋ᠠᠯᠢ ᠵᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠣᠨᠢ᠂ ᠲᠥᠮᠥᠰᠥ ᠵᠡᠷᠭᠡ ᠳᠠᠪᠠᠭᠤᠯᠢᠭ ᠣᠨᠴᠠᠯᠢᠭᠲᠤ ᠠᠵᠤ ᠦᠢ᠍ᠯᠡᠰ ᠵᠶ᠋ᠡᠷ ᠭᠣᠣᠯᠳᠠᠯᠭ᠎ᠠ ᠪᠣᠯᠭ᠋ᠠᠨ᠂ 《ᠵᠠᠷᠯᠠᠨ ᠮᠠᠩᠯᠠᠢ᠌ᠯᠠᠭᠤᠯᠬᠤ》 ᠳᠦᠷᠢᠮ᠎ᠢ ᠬᠡᠷᠡᠭᠵᠢᠭᠦᠯᠵᠦ᠂ ᠡᠭᠦᠯᠳᠡᠷ᠎ᠤᠨ ᠦᠢ᠍ᠯᠡᠰ᠎ᠤᠨ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠥᠷᠨᠢᠭᠦᠯᠦᠨ᠎ᠡ᠃ ᠰᠢᠨ᠎ᠡ ᠨᠢᠭᠡᠨ ᠡᠭᠡᠯᠵᠢ ᠵᠢᠨ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ᠎ᠳᠤ ᠨᠥᠬᠥᠪᠦᠷᠢ ᠥᠭᠬᠦ ᠲᠦᠷᠦ ᠵᠢᠨ ᠪᠣᠳᠣᠯᠭ᠎ᠠ ᠵᠢ ᠨᠠᠷᠢᠯᠢᠭ ᠣᠨᠣᠴᠠᠲᠠᠢ᠎ᠪᠠᠷ ᠬᠡᠷᠡᠭᠵᠢᠭᠦᠯᠵᠦ ᠂ ᠲᠠᠷᠢᠶᠠᠯᠠᠩ᠎ᠤᠨ ᠮᠠᠰᠢᠨ ᠲᠣᠨᠣᠭᠯᠠᠯ᠎ᠢ ᠰᠤᠳᠤᠯᠤᠨ ᠨᠡᠭᠡᠭᠡᠵᠦ ᠳᠡᠯᠭᠡᠷᠡᠭᠦᠯᠦᠨ ᠬᠡᠷᠡᠭᠯᠡᠬᠦ ᠬᠢᠷᠢ ᠲᠦᠪᠰᠢᠨ᠎ᠢ ᠳᠡᠭᠡᠭᠰᠢᠯᠡᠭᠦᠯᠦᠨ᠎ᠡ ᠃
ᠬᠥᠲᠥᠯᠥᠭᠴᠢ ᠠᠰᠠᠭᠤᠭᠰᠠᠨ ᠨᠢ᠄ ᠶᠠᠳᠠᠭᠤ᠎ᠠᠴᠠ ᠠᠩᠭᠢᠵᠢᠷᠠᠭᠤᠯᠬᠤ ᠵᠢᠨ ᠪᠤᠭᠤᠮᠳᠠ ᠰᠢᠪᠳᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠬᠡᠪᠴᠢᠶᠡᠲᠦ ᠴᠢᠨᠠᠷᠲᠠᠢ᠎ᠪᠠᠷ ᠳᠠᠬᠢᠨ ᠶᠠᠳᠠᠭᠤᠷᠠᠬᠤ ᠬᠢᠵᠠᠭ᠋ᠠᠷ ᠱᠤᠭᠤᠮ᠎ᠢ ᠰᠠᠬᠢᠬᠤ ᠲᠠᠯ᠎ᠠ᠎ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠬᠤ ᠪᠣᠶ ?
ᠵᠣᠴᠢᠨ ᠮᠦ᠍ ᠶᠤᠸᠠᠨ ᠬᠠᠷᠢᠭᠤᠯᠤᠭᠰᠠᠨ᠎ᠨᠢ ᠄ ᠶᠡᠷᠦᠩᠬᠡᠢ ᠱᠦᠵᠢ ᠰᠢ ᠵᠢᠨ ᠫᠢᠩ ᠵᠢᠭ᠋ᠠᠵᠤ ᠭᠠᠷᠭ᠋ᠠᠭᠰᠠᠨ᠎ᠨᠢ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠤᠷᠢᠲᠠᠯ ᠪᠣᠯ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠬᠦ ᠶᠠᠪᠤᠳᠠᠯ ᠪᠣᠯᠣᠨ᠎ᠠ ᠂ ᠦᠷᠭᠦᠯᠵᠢᠯᠡᠨ ᠴᠢᠩᠭ᠎ᠠ ᠠᠳᠬᠤᠵᠤ ᠰᠠᠢ᠌ᠲᠤᠷ ᠠᠳᠬᠤᠵᠤ ᠂ ᠶᠠᠳᠠᠭᠤ᠎ᠠᠴᠠ ᠠᠩᠭᠢᠵᠢᠷᠠᠭᠤᠯᠬᠤ ᠤᠯᠠᠨ ᠲᠦᠮᠡᠨ᠎ᠤ ᠠᠮᠢᠳᠤᠷᠠᠯ᠎ᠢ ᠨᠡᠩ ᠨᠢᠭᠡ ᠳᠡᠭᠲᠡᠷ᠎ᠲᠤ ᠭᠠᠷᠭ᠋ᠠᠨ᠎ᠠ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠪᠦᠬᠦ ᠲᠠᠯ᠎ᠠ ᠵᠢᠨ ᠢᠯᠠᠯᠲᠠ ᠵᠢ ᠣᠯᠣᠭᠰᠠᠨ᠎ᠤ ᠳᠠᠷᠠᠭ᠎ᠠ ᠂ ᠠᠵᠢᠯ᠎ᠤᠨ ᠲᠣᠭᠲᠠᠴᠠ ᠂ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠂ ᠪᠠᠢ᠌ᠭᠤᠯᠤᠮᠵᠢ ᠡᠩᠨᠡᠭᠡ ᠵᠡᠷᠭᠡ ᠵᠢ ᠵᠣᠯᠭ᠋ᠠᠭᠤᠯᠬᠤ ᠠᠵᠢᠯ ᠡᠮᠬᠢ ᠵᠢᠷᠤᠮ᠎ᠲᠠᠢ ᠠᠬᠢᠵᠤ ᠂ ᠮᠠᠨ᠎ᠤ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠭᠰᠡᠨ ᠪᠣᠯᠪᠠᠴᠤ ᠬᠡᠰᠡᠭ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠬᠥᠭᠵᠢᠯᠲᠡ ᠵᠢᠨ ᠰᠠᠭᠤᠷᠢ ᠮᠥᠨᠬᠦ ᠨᠡᠯᠢᠶᠡᠳ ᠪᠠᠭᠤᠷᠠᠢ ᠪᠠᠢ᠌ᠵᠤ ᠂ ᠲᠠᠬᠢᠨ ᠶᠠᠳᠠᠭᠤᠷᠠᠬᠤ ᠵᠢ ᠰᠡᠷᠭᠡᠢ᠌ᠯᠡᠬᠦ ᠡᠭᠦᠷᠭᠡ ᠨᠡᠯᠢᠶᠡᠳ ᠬᠦᠨᠳᠦ ᠪᠠᠢ᠌ᠨ᠎ᠠ ᠃ ᠪᠢᠳᠡ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠬᠢᠵᠠᠭ᠋ᠠᠷ ᠱᠤᠭᠤᠮ᠎ᠢ ᠰᠠᠬᠢᠬᠤ ᠶᠠᠪᠤᠳᠠᠯ᠎ᠢ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠲᠡᠷᠢᠭᠦᠨ ᠴᠢᠬᠤᠯᠠ ᠡᠭᠦᠷᠭᠡ ᠪᠣᠯᠭ᠋ᠠᠨ ᠴᠢᠩᠭ᠎ᠠ ᠪᠣᠳᠠᠲᠠᠢ᠎ᠪᠠᠷ ᠠᠳᠬᠤᠨ᠎ᠠ ᠃ ᠲᠦᠷᠪᠡᠨ ᠵᠦᠢ᠍ᠯ᠎ᠤᠨ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠬᠢᠨ᠎ᠡ ᠄ ᠨᠢᠭᠡ᠎ᠳᠤ ᠭᠣᠣᠯᠳᠠᠯᠭ᠎ᠠ᠎ᠲᠠᠢ ᠬᠦᠮᠦᠰ᠎ᠲᠤ ᠠᠩᠬᠠᠷᠤᠯ ᠵᠶ᠋ᠠᠨ ᠲᠥᠪᠯᠡᠷᠡᠭᠦᠯᠦᠨ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠵᠢ ᠵᠢᠭᠰᠠᠭ᠋ᠠᠨ ᠪᠠᠢ᠌ᠴᠠᠭ᠋ᠠᠬᠤ ᠪᠠ ᠭᠤᠶᠤᠴᠢᠯᠠᠨ ᠮᠡᠳᠡᠭᠦᠯᠬᠦ ᠲᠣᠭᠲᠠᠴᠠ ᠵᠢ ᠰᠢᠯᠢᠳᠡᠭᠵᠢᠭᠦᠯᠵᠦ᠂ ᠳᠠᠬᠢᠨ ᠶᠠᠳᠠᠭᠤᠷᠠᠬᠤ᠎ᠠᠴᠠ ᠪᠣᠯᠵᠤ ᠶᠠᠳᠠᠭᠤᠷᠠᠬᠤ ᠲᠦᠭᠰᠢᠭᠦᠷᠢ᠎ᠲᠠᠢ ᠪᠠ ᠭᠡᠨᠡᠳᠲᠡ ᠬᠦᠨᠳᠦ ᠨᠣᠴᠢᠲᠠᠢ ᠬᠦᠴᠢᠷᠳᠡᠯ᠎ᠲᠠᠢ ᠮᠠᠯᠵᠢᠬᠤ ᠲᠠᠷᠢᠶᠠᠯᠠᠬᠤ ᠡᠷᠦᠬᠡ ᠵᠢ ᠬᠢᠨᠠᠨ ᠰᠢᠯᠭ᠋ᠠᠬᠤ ᠬᠦᠷᠢᠶ᠎ᠡ ᠬᠡᠪᠴᠢᠶᠡᠨ᠎ᠳᠤ ᠣᠷᠣᠭᠤᠯᠤᠨ᠎ᠠ᠃ ᠬᠢᠨᠠᠨ ᠬᠡᠮᠵᠢᠭᠳᠡᠬᠦ ᠡᠲᠡᠭᠡᠳ᠎ᠤᠨ ᠠᠶᠤᠯ ᠲᠦᠭᠰᠢᠭᠦᠷᠢ ᠵᠢᠨ ᠲᠦᠷᠦᠯ ᠢᠯᠭ᠋ᠠᠯ᠎ᠢ ᠦᠨᠳᠦᠰᠦᠯᠡᠨ ᠂ ᠬᠥᠭᠵᠢᠯᠲᠡ ᠵᠢᠨ ᠬᠡᠷᠡᠭᠴᠡᠭᠡ ᠵᠢ ᠤᠨᠢᠨ ᠳᠡᠭᠡᠷ᠎ᠡ᠎ᠨᠢ ᠲᠦᠷᠦ ᠵᠢᠨ ᠪᠣᠳᠣᠯᠭ᠎ᠠ ᠵᠢ ᠬᠡᠷᠡᠭᠵᠢᠭᠦᠯᠵᠦ ᠂ ᠲᠠᠬᠢᠨ ᠶᠠᠳᠠᠭᠤᠷᠠᠵᠤ ᠶᠠᠳᠠᠭᠤᠷᠠᠬᠤ ᠠᠶᠤᠯ ᠲᠦᠭᠰᠢᠭᠦᠷᠢ ᠵᠢ ᠲᠣᠭᠲᠠᠭᠤᠨ ᠵᠶ᠋ᠠᠷ ᠠᠷᠢᠯᠭ᠋ᠠᠨ᠎ᠠ ᠃ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠭᠰᠡᠨᠤ ᠳᠠᠷᠠᠭ᠋ᠠᠬᠢ ᠦᠨᠡᠯᠡᠨ ᠵᠢᠱ᠌ᠢᠬᠦ ᠠᠵᠢᠯ᠎ᠢ ᠰᠠᠢ᠌ᠲᠤᠷ ᠬᠢᠵᠦ ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠂ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠂ ᠠᠵᠢᠯ᠎ᠢ ᠨᠠᠢ᠌ᠳᠠᠪᠤᠷᠢᠵᠢᠭᠤᠯᠬᠤ ᠵᠢ ᠲᠦᠯᠬᠢᠨ ᠠᠬᠢᠭᠤᠯᠤᠨ᠎ᠠ ᠃ ᠬᠣᠶᠠᠷ᠎ᠲᠤ ᠭᠣᠣᠯᠳᠠᠯᠭ᠎ᠠ᠎ᠲᠠᠢ ᠬᠦᠷᠢᠶ᠎ᠡ ᠴᠠᠷᠠᠭ᠋ᠠᠨ᠎ᠳᠤ ᠠᠩᠬᠠᠷᠤᠯ ᠵᠶ᠋ᠠᠨ ᠲᠥᠪᠯᠡᠷᠡᠭᠦᠯᠵᠦ ᠪᠠᠢ᠌ᠭ᠋ᠠᠳ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠣᠷᠣᠯᠭ᠎ᠠ ᠵᠢ ᠦᠷᠭᠦᠯᠵᠢᠯᠡᠨ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠥᠪᠡᠷ᠎ᠢ᠎ᠪᠠᠨ ᠬᠥᠭᠵᠢᠭᠦᠯᠬᠦ ᠴᠢᠳᠠᠪᠤᠷᠢ ᠵᠢ ᠨᠡᠮᠡᠭᠳᠡᠭᠦᠯᠵᠦ᠂ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠰᠠᠢ᠌ᠲᠤᠷ ᠬᠢᠵᠦ᠂ ᠵᠣᠯᠭ᠋ᠠᠭᠤᠯᠬᠤ ᠪᠡᠯᠡ ᠮᠥᠩᠭᠥ ᠵᠢᠨ ᠠᠵᠤ ᠦᠢ᠍ᠯᠡᠰ᠎ᠤᠨ ᠬᠥᠭᠵᠢᠯᠲᠡ᠎ᠳᠤ ᠬᠡᠷᠡᠭᠯᠡᠬᠦ ᠬᠤᠪᠢ ᠵᠢᠨ ᠵᠢᠩ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠂ ᠠᠵᠤ ᠦᠢ᠍ᠯᠡᠰ ᠵᠶ᠋ᠡᠷ ᠳᠠᠢ᠌ᠴᠢᠯᠠᠬᠤ᠎ᠪᠠᠷ ᠳᠡᠮᠵᠢᠨ ᠶᠠᠳᠠᠭᠤ᠎ᠠᠴᠠ ᠠᠩᠭᠢᠵᠢᠷᠠᠭᠤᠯᠬᠤ ᠬᠥᠮᠥᠨ ᠠᠮᠠ ᠵᠢᠨ ᠭᠡᠷ ᠪᠦᠯᠢ ᠵᠢᠨ ᠡᠵᠡᠩᠨᠡᠯᠲᠡ ᠵᠢᠨ ᠴᠢᠨᠠᠷᠲᠠᠢ ᠣᠷᠣᠯᠭ᠎ᠠ ᠵᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠦᠨ᠎ᠡ᠃ ᠬᠥᠳᠡᠯᠮᠦᠷᠢ ᠵᠢᠨ ᠨᠢᠭᠳᠠᠴᠠᠳᠤ ᠠᠵᠤ ᠦᠢ᠍ᠯᠡᠰ᠎ᠢ ᠬᠥᠭᠵᠢᠭᠦᠯᠬᠦ᠂ ᠪᠡᠭᠡᠵᠢᠩ ᠥᠪᠥᠷ ᠮᠣᠩᠭᠣᠯ᠎ᠤᠨ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢ ᠴᠢᠩᠭ᠋ᠠᠳᠬᠠᠬᠤ᠂ ᠬᠠᠪᠰᠤᠷᠤᠨ ᠲᠡᠳᠬᠦᠬᠦ ᠦᠢ᠍ᠯᠡᠳᠪᠦᠷᠢ ᠵᠢᠨ ᠲᠠᠰᠤᠭ᠎ᠤᠨ ᠬᠥᠭᠵᠢᠯᠲᠡ ᠵᠢ ᠳᠡᠮᠵᠢᠬᠦ᠂ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠢ᠌ᠷᠢ ᠵᠢ ᠰᠢᠯᠢᠳᠡᠭᠵᠢᠭᠦᠯᠬᠦ ᠵᠡᠷᠭᠡ ᠣᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠠᠵᠢᠯ ᠣᠯᠬᠤ ᠠᠷᠭ᠎ᠠ ᠵᠠᠮ᠎ᠢ ᠥᠷᠭᠡᠳᠬᠡᠵᠦ᠂ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠬᠦᠴᠦᠨ᠎ᠤ ᠠᠵᠢᠯ ᠣᠯᠬᠤ ᠬᠡᠪᠴᠢᠶ᠎ᠡ ᠵᠢᠨ ᠲᠣᠭᠲᠠᠭᠤᠨ᠎ᠢ ᠪᠠᠲᠤᠯᠠᠨ᠎ᠠ᠃ ᠭᠤᠷᠪᠠ᠎ᠳᠤ ᠭᠣᠣᠯᠳᠠᠯᠭ᠎ᠠ᠎ᠲᠠᠢ ᠭᠠᠵᠠᠷ ᠣᠷᠣᠨ᠎ᠳᠤ ᠠᠩᠬᠠᠷᠤᠯ ᠵᠶ᠋ᠠᠨ ᠲᠥᠪᠯᠡᠷᠡᠭᠦᠯᠦᠨ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠤᠨ᠎ᠠ ᠃ ᠲᠥᠷᠥ ᠵᠢᠨ ᠪᠣᠳᠣᠯᠭ᠎ᠠ ᠵᠢ ᠨᠢᠭᠡᠳᠦᠯᠲᠡᠢ ᠲᠥᠯᠥᠪᠯᠡᠨ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂ ᠨᠢᠭᠡ ᠪᠦᠯᠦᠭ ᠳᠤᠲᠠᠭᠤᠳᠠᠯ᠎ᠢ ᠨᠥᠬᠥᠪᠦᠷᠢᠯᠡᠵᠦ ᠬᠥᠭᠵᠢᠯᠲᠡ ᠵᠢ ᠠᠬᠢᠭᠤᠯᠬᠤ ᠲᠥᠷᠥᠯ ᠵᠦᠢ᠍ᠯ᠎ᠢ ᠬᠡᠷᠡᠭᠵᠢᠭᠦᠯᠦᠨ᠂ ᠪᠡᠯᠡ ᠮᠥᠩᠭᠥ᠂ ᠴᠢᠳᠠᠪᠤᠷᠢᠲᠠᠨ᠎ᠤ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠵᠤ᠂ ᠬᠥᠭᠵᠢᠯᠲᠡ ᠵᠢ ᠬᠢᠨᠠᠨ ᠬᠡᠮᠵᠢᠵᠦ ᠦᠨᠡᠯᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠬᠣᠰᠢᠭᠤ ᠰᠢᠶᠠᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠲᠦᠯᠬᠢᠨ ᠠᠬᠢᠭᠤᠯᠬᠤ ᠰᠢᠨ᠎ᠡ ᠠᠶᠠᠨ ᠵᠠᠮ᠎ᠳᠤ ᠡᠩᠨᠡᠭᠡ᠎ᠠᠴᠠ᠎ᠪᠠᠨ ᠬᠣᠴᠣᠷᠬᠤ ᠦᠭᠡᠢ ᠪᠠᠢ᠌ᠬᠤ ᠵᠢ ᠦᠨᠡᠨᠬᠦ ᠪᠠᠲᠤᠯᠠᠨ᠎ᠠ ᠃ ᠣᠨᠳᠣᠣ ᠭᠠᠵᠠᠷ᠎ᠲᠤ ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠬᠦ ᠣᠷᠣᠨ᠎ᠤ ᠦᠷᠭᠦᠯᠵᠢᠯᠡᠨ ᠲᠡᠳᠬᠦᠬᠦ ᠵᠢ ᠴᠢᠩᠭ᠋ᠠᠷᠠᠭᠤᠯᠵᠤ᠂ ᠨᠡᠭᠦᠯᠭᠡᠬᠦ ᠨᠡᠢ᠌ᠭᠡᠮ ᠲᠣᠭᠣᠷᠢᠭ᠎ᠤᠨ ᠰᠠᠭᠤᠷᠢ ᠲᠦᠬᠦᠭᠡᠷᠦᠮᠵᠢ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠡᠭᠦᠯᠭᠡᠭᠰᠡᠨ ᠣᠯᠠᠨ ᠲᠦᠮᠡᠨ᠎ᠤ ᠯᠠᠪᠳᠠᠭᠤᠨ ᠲᠣᠭᠲᠠᠭᠤᠨ᠂ ᠠᠭᠤᠰᠤᠯᠴᠠᠵᠤ ᠳᠡᠶ᠋ᠢᠯᠬᠦ᠂ ᠠᠯᠬᠤᠮ ᠠᠯᠬᠤᠮ ᠵᠶ᠋ᠠᠷ ᠪᠠᠶᠠᠵᠢᠨ ᠴᠢᠨᠡᠭᠡᠯᠢᠭᠵᠢᠬᠦ ᠵᠢ ᠦᠨᠡᠨᠬᠦ ᠪᠠᠲᠤᠯᠠᠨ᠎ᠠ ᠃ ᠳᠥᠷᠪᠡ᠎ᠳᠤ ᠬᠠᠪᠰᠤᠷᠤᠨ ᠲᠡᠳᠬᠦᠬᠦ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠲᠦᠯᠬᠢᠨ ᠠᠬᠢᠭᠤᠯᠤᠨ᠎ᠠ ᠃ ᠬᠠᠪᠰᠤᠷᠤᠨ ᠲᠡᠳᠬᠦᠬᠦ ᠭᠣᠣᠯ ᠲᠦᠷᠦ ᠵᠢᠨ ᠪᠣᠳᠣᠯᠭ᠎ᠠ ᠵᠢ ᠶᠡᠷᠦᠩᠬᠡᠢ᠎ᠳᠡᠭᠡᠨ ᠲᠣᠭᠲᠠᠭᠤᠨ ᠪᠠᠢ᠌ᠯᠭ᠋ᠠᠵᠤ ᠂ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠬᠥᠭᠵᠢᠯᠲᠡ ᠵᠢᠨ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠦᠨ᠎ᠡ ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠬᠤ ᠠᠵᠢᠯ᠎ᠤᠨ ᠬᠦᠷᠢᠶ᠎ᠡ ᠴᠠᠷᠠᠭ᠎ᠠ ᠵᠢ ᠥᠷᠭᠡᠳᠬᠡᠨ᠂ ᠬᠡᠷᠡᠭᠯᠡᠭᠡ᠎ᠪᠠᠷ ᠬᠠᠪᠰᠤᠷᠤᠨ ᠲᠡᠳᠬᠦᠬᠦ᠂ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ᠂ 《ᠲᠦᠮᠡᠨ ᠠᠵᠤ ᠠᠬᠤᠢ᠌ᠯᠠᠯ ᠵᠶ᠋ᠠᠷ ᠲᠦᠮᠡᠨ ᠲᠣᠰᠬᠣᠨ᠎ᠢ ᠬᠥᠭᠵᠢᠭᠦᠯᠦᠨ ᠮᠠᠨᠳᠤᠭᠤᠯᠬᠤ》 ᠵᠡᠷᠭᠡ ᠬᠠᠪᠰᠤᠷᠤᠨ ᠲᠡᠳᠬᠦᠬᠦ ᠲᠣᠭᠲᠠᠴᠠ ᠵᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠢ᠌ᠭᠡᠮ ᠵᠶ᠋ᠡᠷ ᠵᠶ᠋ᠡᠨ ᠬᠠᠪᠰᠤᠷᠤᠨ ᠲᠡᠳᠬᠦᠬᠦ ᠬᠦᠴᠦᠷᠬᠡᠭ ᠶᠡᠬᠡ ᠨᠡᠢ᠌ᠯᠡᠮᠡᠯ ᠬᠦᠴᠦᠨ᠎ᠢ ᠨᠢᠭᠲᠠᠷᠠᠭᠤᠯᠤᠨ᠎ᠠ᠃
ᠬᠥᠲᠥᠯᠥᠭᠴᠢ ᠠᠰᠠᠭᠤᠭᠰᠠᠨ᠎ᠨᠢ᠄ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢ ᠬᠡᠷᠬᠢᠨ ᠠᠬᠢᠭᠤᠯᠬᠤ ᠪᠣᠶ? ᠶᠠᠮᠠᠷ ᠶᠠᠮᠠᠷ ᠭᠣᠣᠯᠳᠠᠯᠭ᠎ᠠ᠎ᠲᠠᠢ ᠡᠭᠦᠷᠭᠡ ᠪᠠᠢ᠌ᠬᠤ ᠪᠤᠢ ?
ᠵᠣᠴᠢᠨ ᠮᠦ᠍ ᠶᠤᠸᠠᠨ ᠬᠠᠷᠢᠭᠤᠯᠤᠭᠰᠠᠨ᠎ᠨᠢ᠄ ᠶᠡᠷᠦᠩᠬᠡᠢ ᠱᠦᠵᠢ ᠰᠢ ᠵᠢᠨ ᠫᠢᠩ ᠵᠢᠭ᠋ᠠᠵᠤ ᠭᠠᠷᠭ᠋ᠠᠭᠰᠠᠨ᠎ᠨᠢ᠂ ᠠᠵᠤ ᠦᠢ᠍ᠯᠡᠰ᠎ᠢ ᠬᠥᠭᠵᠢᠭᠦᠯᠬᠦ ᠪᠣᠯ ᠬᠥᠳᠡᠭᠡ ᠲᠣᠰᠬᠣᠨ᠎ᠤ ᠠᠯᠢᠪᠠ ᠠᠰᠠᠭᠤᠳᠠᠯ᠎ᠢ ᠰᠢᠢ᠍ᠳᠪᠦᠷᠢᠯᠡᠬᠦ ᠵᠢᠨ ᠤᠷᠢᠲᠠᠯ ᠮᠥᠨ᠃ ᠭᠠᠭᠴᠠ᠎ᠬᠦ ᠬᠥᠳᠡᠭᠡ ᠲᠣᠰᠬᠣᠨ᠎ᠤ ᠠᠵᠤ ᠦᠢ᠍ᠯᠡᠰ᠎ᠢ ᠲᠦᠷᠭᠡᠨ ᠬᠥᠭᠵᠢᠭᠦᠯᠪᠡᠯ ᠰᠠᠶᠢ ᠲᠠᠷᠢᠶᠠᠯᠠᠩ ᠮᠠᠯ ᠠᠵᠤ ᠠᠬᠤᠢ ᠵᠢᠨ ᠪᠦᠬᠦ ᠲᠠᠯ᠎ᠠ᠎ᠪᠠᠷ ᠲᠡᠰ ᠳᠡᠪᠰᠢᠬᠦ ᠂ ᠮᠠᠯᠵᠢᠬᠤ ᠲᠠᠷᠢᠶᠠᠯᠠᠬᠤ ᠣᠷᠣᠨ᠎ᠤ ᠪᠦᠬᠦ ᠲᠠᠯ᠎ᠠ᠎ᠪᠠᠷ ᠲᠠᠪᠰᠢᠬᠤ ᠂ ᠮᠠᠯᠴᠢᠨ ᠲᠠᠷᠢᠶᠠᠴᠢᠨ᠎ᠤ ᠪᠦᠬᠦ ᠲᠠᠯ᠎ᠠ᠎ᠪᠠᠷ ᠬᠥᠭᠵᠢᠬᠦ ᠵᠢ ᠨᠡᠩ ᠰᠠᠢ᠌ᠲᠤᠷ ᠠᠬᠢᠭᠤᠯᠵᠤ ᠴᠢᠳᠠᠨ᠎ᠠ ᠃ ᠣᠢ᠌ᠷ᠎ᠠ ᠵᠢᠨ ᠵᠢᠯ᠎ᠠᠴᠠ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠮᠢᠩᠭ᠋ᠠᠨ ᠳ᠋ᠦᠩᠰᠢᠭᠤᠷ᠎ᠤᠨ ᠲᠠᠰ᠎ᠤᠨ ᠰᠦ ᠵᠢᠨ ᠦᠢ᠍ᠯᠡᠰ ᠪᠠ ᠡᠷᠳᠡᠨᠢ ᠰᠢᠰᠢ᠂ ᠵᠠᠭᠤᠨ ᠳ᠋ᠦᠩᠰᠢᠭᠤᠷ᠎ᠤᠨ ᠲᠠᠰ᠎ᠤᠨ ᠠᠯᠠᠰᠢᠨ ᠦᠬᠡᠷ᠂ ᠠᠯᠠᠰᠢᠨ ᠬᠣᠨᠢ᠂ ᠲᠥᠮᠥᠰᠥ᠂ ᠡᠯᠳᠡᠪ ᠠᠮᠤ᠂ ᠪᠤᠭᠤᠳᠠᠢ᠂ ᠨᠡᠷᠡᠨ ᠬᠤᠸᠠᠷ᠂ ᠢᠳᠡᠰᠢᠨ ᠨᠣᠭᠣᠭ᠎ᠠ᠂ ᠢᠮᠠᠭ᠋ᠠᠨ ᠨᠣᠯᠤᠥᠷ᠂ ᠰᠢᠷ᠎ᠠ ᠪᠤᠷᠴᠠᠭ᠂ ᠲᠡᠵᠢᠭᠡᠯ ᠡᠪᠡᠰᠦ ᠵᠡᠷᠭᠡ 12 ᠵᠦᠢ᠍ᠯ᠎ᠤᠨ ᠦᠢ᠍ᠯᠡᠳᠪᠦᠷᠢᠯᠡᠬᠦ ᠨᠡᠮᠡᠬᠦ ᠪᠣᠷᠣᠯᠠᠭᠤᠯᠬᠤ ᠵᠢ ᠨᠢᠭᠡ ᠴᠣᠭᠴᠠᠵᠢᠭᠤᠯᠤᠭᠰᠠᠨ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠬᠡᠯᠬᠢᠶ᠎ᠡ ᠵᠢ ᠠᠩᠬ᠎ᠠ ᠠᠯᠬᠤᠮ ᠪᠠᠢ᠌ᠭᠤᠯᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠴᠢᠨᠠᠷ ᠰᠠᠢ᠌ᠲᠠᠢ ᠥᠨᠳᠥᠷ ᠦᠷ᠎ᠡ ᠪᠦᠲᠦᠮᠵᠢᠲᠡᠶ ᠳᠠᠰᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠎ᠠ᠃ ᠲᠠᠷᠠᠭ᠋ᠠᠴᠢ ᠵᠢᠨ ᠠᠯᠬᠤᠮ᠎ᠳᠤ᠂ ᠭᠤᠷᠪᠠᠨ ᠵᠦᠢ᠍ᠯ᠎ᠤᠨ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠠᠳᠬᠤᠨ᠎ᠠ᠄ ᠨᠢᠭᠡ᠎ᠳᠤ ᠠᠵᠤ ᠦᠶ᠋ᠢᠯᠡᠰᠵᠢᠭᠦᠯᠬᠦ ᠪᠠ ᠨᠠᠷᠠᠲᠤ ᠲᠡᠮᠳᠡᠭᠵᠢᠭᠦᠯᠬᠦ ᠬᠣᠶᠠᠷ ᠵᠠᠩᠭᠢᠯᠠᠭ᠎ᠠ ᠵᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠨ᠎ᠠ᠃ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢ ᠠᠵᠤ ᠦᠢ᠍ᠯᠡᠰᠵᠢᠭᠦᠯᠦᠨ ᠬᠥᠭᠵᠢᠭᠦᠯᠬᠦ ᠠᠵᠢᠯᠯᠠᠭ᠎ᠠ ᠵᠢ ᠰᠠᠭ᠋ᠠᠯᠢ ᠵᠢᠨ ᠦᠢ᠍ᠯᠡᠰ᠂ ᠠᠯᠠᠰᠢᠨ ᠦᠬᠡᠷ᠂ ᠠᠯᠠᠰᠢᠨ ᠬᠣᠨᠢ᠂ ᠲᠥᠮᠥᠰᠥ ᠵᠡᠷᠭᠡ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠳᠠᠪᠠᠭᠤᠯᠢᠭ ᠠᠵᠤ ᠦᠢ᠍ᠯᠡᠰ᠎ᠤᠨ ᠪᠦᠰᠡ ᠪᠠ ᠠᠵᠤ ᠦᠢ᠍ᠯᠡᠰ᠎ᠤᠨ ᠰᠦᠷᠦᠭᠵᠢᠯ᠎ᠢ ᠬᠦᠴᠦᠯᠡᠨ ᠪᠣᠶ ᠪᠣᠯᠭ᠋ᠠᠵᠤ᠂ ᠰᠠᠭ᠋ᠠᠯᠢ ᠵᠢᠨ ᠦᠢ᠍ᠯᠡᠰ᠂ ᠠᠯᠠᠰᠢᠨ ᠦᠬᠡᠷ᠂ ᠠᠯᠠᠰᠢᠨ ᠬᠣᠨᠢ᠂ ᠲᠥᠮᠥᠰᠥ᠂ ᠢᠮᠠᠭ᠋ᠠᠨ ᠨᠣᠯᠤᠥᠷ ᠵᠡᠷᠭᠡ 5 ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠪᠦᠲᠦᠭᠡᠨ ᠪᠠᠢ᠌ᠭᠤᠯᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠪᠠ ᠥᠷᠲᠡᠭ ᠨᠡᠮᠡᠭᠳᠡᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠴᠢᠨᠠᠷ ᠰᠠᠢ᠌ᠲᠠᠢ ᠥᠨᠳᠥᠷ ᠦᠷ᠎ᠡ ᠪᠦᠲᠦᠮᠵᠢᠲᠡᠶ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠵᠢᠨ ᠨᠠᠷᠠᠲᠤ ᠲᠥᠷᠥᠯ ᠲᠡᠮᠳᠡᠭᠲᠦ ᠵᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ 《ᠮᠣᠩᠭᠣᠯ》 ᠥᠰᠥᠭ᠎ᠤᠨ ᠲᠡᠮᠳᠡᠭ ᠵᠶ᠋ᠡᠷ ᠬᠥᠲᠥᠯᠥᠨ ᠳᠠᠭ᠋ᠠᠭᠤᠯᠤᠭᠰᠠᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠥᠷᠥᠯ ᠲᠡᠮᠳᠡᠭᠲᠦ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠂ ᠨᠠᠷᠠᠲᠤ ᠲᠥᠷᠥᠯ ᠲᠡᠮᠳᠡᠭᠲᠦ ᠵᠢ ᠤᠬᠠᠭᠤᠯᠤᠨ ᠳᠡᠯᠭᠡᠷᠡᠭᠦᠯᠬᠦ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ᠂ ᠴᠢᠨᠠᠷ ᠰᠠᠢ᠌ᠲᠠᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠥᠬᠥ ᠤᠯᠤᠰ᠎ᠲᠤ ᠪᠣᠷᠤᠯᠠᠭᠤᠯᠭ᠎ᠠ ᠰᠠᠢ᠌ᠲᠠᠢ᠂ ᠳᠡᠯᠡᠬᠡᠢ᠎ᠳᠤ ᠬᠠᠨᠳᠤᠬᠤ ᠵᠢ ᠠᠬᠢᠭᠤᠯᠤᠨ᠎ᠠ᠃ ᠬᠣᠶᠠᠷ᠎ᠲᠤ ᠮᠠᠯᠵᠢᠬᠤ ᠲᠠᠷᠢᠶᠠᠯᠠᠬᠤ ᠣᠷᠣᠨ᠎ᠤ ᠨᠢᠭᠡ ᠬᠤᠶᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠦᠷᠭᠦᠯᠵᠢᠯᠡᠨ ᠠᠬᠢᠭᠤᠯᠤᠨ᠎ᠠ᠃ ᠰᠢᠶᠠᠨ᠎ᠤ ᠬᠡᠪᠴᠢᠶᠡᠨ᠎ᠳᠠᠬᠢ ᠬᠠᠷᠢᠴᠠᠭᠤᠯᠤᠭᠰᠠᠨ ᠳᠠᠪᠠᠭᠤᠯᠢᠭ ᠵᠶ᠋ᠠᠷ ᠢᠯᠡᠷᠬᠡᠢ᠂ ᠳᠠᠢ᠌ᠴᠢᠯᠠᠬᠤ ᠴᠢᠳᠠᠪᠤᠷᠢ᠎ᠪᠠᠷ ᠴᠢᠩᠭ᠎ᠠ᠂ ᠠᠵᠢᠯ ᠣᠯᠭᠣᠬᠤ ᠪᠠᠭᠲᠠᠭ᠋ᠠᠮᠵᠢ᠎ᠪᠠᠷ ᠶᠡᠬᠡ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠰᠢᠶᠠᠨ ᠰᠢᠶᠠᠩ᠂ ᠰᠠᠭᠤᠷᠢᠨ ᠭᠠᠵᠠᠷ᠎ᠢ ᠭᠠᠴᠠᠭ᠎ᠠ ᠲᠣᠰᠬᠣᠨ᠎ᠳᠤ ᠡᠳ᠋ᠰᠢᠭᠦᠯᠬᠦ᠂ ᠣᠷᠣᠯᠭ᠎ᠠ ᠵᠢ ᠲᠠᠷᠢᠶᠠᠯᠠᠬᠤ ᠮᠠᠯᠵᠢᠬᠤ ᠡᠷᠦᠬᠡ᠎ᠳᠤ ᠨᠡᠮᠡᠭᠳᠡᠭᠦᠯᠬᠦ ᠵᠢ ᠪᠡᠶᠡᠯᠡᠭᠦᠯᠦᠨ᠎ᠡ ᠃ ᠮᠠᠯᠵᠢᠬᠤ ᠲᠠᠷᠢᠶᠠᠯᠠᠬᠤ ᠣᠷᠣᠨ᠎ᠤ ᠢᠯᠡᠭᠡᠯᠲᠡ ᠵᠢᠨ ᠲᠣᠣᠷ ᠰᠦᠯᠵᠢᠶ᠎ᠡ᠂ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ᠎ᠤ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠮᠠᠯ᠎ᠤᠨ ᠠᠰᠢᠭ ᠰᠢᠮ᠎ᠡ ᠲ᠋ᠠᠷᠢᠶᠠᠯᠠᠩᠤᠨ ᠪᠦᠲᠦᠭᠡᠭᠳᠡᠬᠦᠨ᠎ᠤ ᠰᠢᠭᠤᠳ ᠨᠡᠪᠲᠡᠷᠡᠭᠦᠯᠭᠡ ᠪᠠ ᠪᠠᠷᠠᠭ᠎ᠠ ᠵᠢᠨ ᠡᠷᠡᠭᠦᠯ ᠵᠶ᠋ᠡᠷ ᠬᠥᠭᠵᠢᠬᠦ ᠵᠢ ᠬᠥᠲᠥᠯᠥᠨ ᠵᠢᠯᠤᠭᠣᠳᠴᠤ᠂ ᠲᠠᠷᠢᠶᠠᠯᠠᠩ ᠮᠠᠯ ᠠᠵᠤ ᠠᠬᠤᠢ ᠵᠢᠨ ᠣᠯᠠᠨ ᠵᠦᠢ᠍ᠯ᠎ᠤᠨ ᠴᠢᠳᠠᠮᠵᠢ ᠵᠢ ᠠᠭᠤᠳᠠᠯᠵᠤ᠂ ᠮᠠᠯᠴᠢᠨ ᠲᠠᠷᠢᠶᠠᠴᠢᠨ᠎ᠢ ᠳᠠᠶ᠋ᠢᠴᠢᠯᠠᠨ ᠲᠤᠬᠠᠢ ᠵᠢᠨ ᠭᠠᠵᠠᠷ ᠭᠡᠷ ᠣᠢ᠌ᠷ᠎ᠠ ᠬᠠᠪᠢ᠎ᠳᠠᠭᠠᠨ ᠠᠵᠢᠯ ᠣᠯᠵᠤ ᠠᠳᠠᠯ ᠦᠢ᠍ᠯᠡᠰ ᠴᠣᠭᠴᠠᠯᠠᠬᠤ ᠵᠢ ᠳᠠᠶ᠋ᠢᠴᠢᠯᠠᠨ᠎ᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠲᠤ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠠᠵᠢᠯ ᠣᠯᠭᠣᠬᠤ ᠡᠯ᠎ᠡ ᠲᠥᠷᠥᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠬᠥᠳᠡᠯᠮᠦᠷᠢᠴᠢᠳ᠎ᠤᠨ ᠡᠷᠬᠡ ᠠᠰᠢᠭ᠎ᠢ ᠪᠠᠲᠤᠯᠠᠬᠤ ᠲᠣᠭᠲᠠᠴᠠ ᠵᠢ ᠲᠡᠭᠦᠯᠳᠡᠷᠵᠢᠭᠦᠯᠦᠨ᠂ ᠨᠢᠭᠡ ᠪᠦᠯᠦᠭ ᠰᠢᠨ᠎ᠡ ᠵᠢ ᠡᠭᠦᠳᠦᠨ ᠠᠳᠠᠯ ᠦᠢ᠍ᠯᠡᠰ ᠴᠣᠭᠴᠠᠯᠠᠬᠤ ᠳᠠᠭ᠋ᠠᠭᠤᠯᠤᠭᠴᠢ ᠵᠢ ᠪᠣᠢ᠌ᠵᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ᠎ᠤ ᠡᠮᠬᠢ ᠵᠢᠷᠤᠮ᠎ᠲᠠᠢ᠎ᠪᠠᠷ ᠰᠢᠯᠵᠢᠵᠦ ᠠᠵᠢᠯ ᠣᠯᠬᠤ ᠵᠢ ᠠᠬᠢᠭᠤᠯᠤᠨ᠎ᠠ᠃ ᠭᠤᠷᠪᠠ᠎ᠳᠤ ᠬᠥᠭᠵᠢᠭᠦᠯᠬᠦ ᠪᠠ ᠬᠠᠮᠠᠭ᠋ᠠᠯᠠᠬᠤ ᠵᠢᠨ ᠬᠠᠷᠢᠴᠠᠭ᠎ᠠ ᠵᠢ ᠨᠢᠭᠡᠳᠦᠯᠲᠡᠢ ᠲᠥᠯᠥᠪᠯᠡᠨ᠎ᠡ ᠃ ᠲᠠᠷᠢᠶᠠᠯᠠᠩ᠎ᠤᠨ ᠣᠯᠠᠨ ᠡᠬᠢᠲᠦ ᠪᠣᠬᠢᠷᠳᠤᠯ᠎ᠢ ᠶᠡᠷᠦᠩᠬᠡᠢ᠌ᠯᠡᠨ ᠵᠠᠰᠠᠬᠤ ᠵᠢ ᠴᠢᠩᠭ᠋ᠠᠳᠬᠠᠵᠤ᠂ ᠠᠮᠢ ᠠᠬᠤᠢ ᠵᠢ ᠬᠠᠮᠠᠭ᠋ᠠᠯᠠᠵᠤ ᠰᠡᠷᠭᠦᠭᠡᠬᠦ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠭᠦᠯᠦᠨ᠂ ᠪᠡᠯᠴᠢᠭᠡᠷᠯᠡᠭᠦᠯᠬᠦ ᠵᠢ ᠴᠠᠭ᠋ᠠᠵᠠᠯᠠᠬᠤ᠂ ᠪᠡᠯᠴᠢᠭᠡᠷ ᠥᠨᠵᠢᠭᠦᠯᠬᠦ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢ᠌ᠯᠭ᠋ᠠᠬᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠤ ᠪᠣᠬᠢᠷᠳᠤᠯ ᠦᠭᠡᠢ ᠬᠥᠭᠵᠢᠯᠲᠡ ᠵᠢ ᠠᠬᠢᠭᠤᠯᠤᠨ᠎ᠠ᠃
ᠬᠥᠲᠥᠯᠥᠭᠴᠢ ᠠᠰᠠᠭᠤᠭᠰᠠᠨ᠎ᠨᠢ᠄ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠬᠤ ᠲᠠᠯ᠎ᠠ᠎ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠬᠤ ᠪᠣᠶ?
ᠵᠣᠴᠢᠨ ᠮᠦ᠍ ᠶᠤᠸᠠᠨ ᠬᠠᠷᠢᠭᠤᠯᠤᠭᠰᠠᠨ᠎ᠨᠢ᠄ ᠶᠡᠷᠦᠩᠬᠡᠢ ᠱᠦᠵᠢ ᠰᠢ ᠵᠢᠨ ᠫᠢᠩ ᠴᠢᠬᠤᠯᠠᠴᠢᠯᠠᠭᠰᠠᠨ᠎ᠨᠢ ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠎ᠠ ᠵᠢ ᠬᠡᠷᠡᠭᠵᠢᠭᠦᠯᠵᠦ᠂ ᠣᠯᠠᠨ ᠨᠡᠶ᠋ᠢᠲᠡ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠳᠠᠯᠭ᠎ᠠ ᠵᠢ ᠦᠷᠭᠦᠯᠵᠢᠯᠡᠨ ᠬᠥᠳᠡᠭᠡ ᠲᠣᠰᠬᠣᠨ᠎ᠳᠤ ᠲᠠᠯᠪᠢᠵᠤ᠂ ᠬᠣᠲᠠ ᠬᠥᠳᠡᠭᠡ ᠵᠢᠨ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠠᠳᠠᠯᠢ ᠲᠡᠭᠰᠢ ᠪᠣᠯᠭ᠋ᠠᠬᠤ ᠵᠢ ᠲᠦᠯᠬᠢᠨ ᠠᠬᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ᠂ ᠦᠨᠳᠦᠰᠦᠨ ᠵᠦᠢ᠍ᠯ᠎ᠢ ᠪᠠᠲᠤᠯᠠᠬᠤ ᠴᠢᠨᠠᠷᠲᠠᠢ᠂ ᠰᠠᠭᠤᠷᠢ ᠴᠢᠨᠠᠷᠲᠠᠢ ᠠᠷᠠᠳ᠎ᠤᠨ ᠠᠮᠢᠳᠤᠷᠠᠯ᠎ᠤᠨ ᠪᠦᠲᠦᠭᠡᠨ ᠪᠠᠢ᠌ᠭᠤᠯᠤᠯᠲᠠ ᠵᠢ ᠴᠢᠬᠤᠯᠠᠴᠢᠯᠠᠨ ᠴᠢᠩᠭ᠋ᠠᠳᠬᠠᠬᠤ ᠬᠡᠷᠡᠭᠲᠡᠢ ᠭᠡᠵᠡᠢ᠃ 《ᠬᠡᠷᠡᠭᠵᠢᠭᠦᠯᠬᠦ ᠰᠠᠨᠠᠯ》᠎ᠳᠤ ᠳᠤᠷᠠᠳᠤᠭᠰᠠᠨ᠎ᠨᠢ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠤᠨ᠎ᠠ ᠃ ᠨᠢᠭᠡ᠎ᠳᠤ ᠬᠡᠷᠡᠭᠵᠢᠭᠦᠯᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠣᠯ ᠨᠢᠭᠡ ᠵᠦᠢ᠍ᠯ᠎ᠤᠨ ᠤᠷᠲᠤ ᠬᠤᠭᠤᠴᠠᠭ᠋ᠠᠨ᠎ᠤ ᠡᠭᠦᠷᠭᠡ ᠪᠠ ᠰᠢᠰᠲ᠋ᠧᠮᠲᠦ ᠢᠨᠵᠧᠨᠧᠷᠢᠩ ᠮᠥᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠮᠠᠯᠴᠢᠨ ᠲᠠᠷᠢᠶᠠᠴᠢᠨ᠎ᠤ ᠲᠥᠯᠥᠭᠡ ᠬᠥᠭᠵᠢᠭᠦᠯᠬᠦ ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠮᠠᠯᠴᠢᠨ ᠲᠠᠷᠢᠶᠠᠴᠢᠨ᠎ᠤ ᠲᠥᠯᠥᠭᠡ ᠪᠠᠶ᠋ᠢᠭᠤᠯᠬᠤ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ ᠂ ᠳᠣᠣᠷ᠎ᠠ᠎ᠠᠴᠠ ᠳᠡᠭᠡᠭᠰᠢ ᠂ ᠲᠣᠰᠬᠣᠨ᠎ᠤ ᠠᠷᠠᠳ ᠥᠪᠡᠷᠲᠡᠭᠡᠨ ᠵᠠᠰᠠᠬᠤ ᠂ ᠮᠠᠯᠴᠢᠨ ᠲᠠᠷᠢᠶᠠᠴᠢᠨ ᠣᠷᠤᠯᠴᠠᠬᠤ ᠂ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠬᠤ ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠬᠦ ᠵᠢ ᠪᠠᠷᠢᠮᠲᠠᠯᠠᠵᠤ ᠂ ᠠᠢ᠌ᠯ ᠲᠣᠰᠬᠣᠨ᠎ᠤ ᠪᠦᠬᠦᠯᠢ ᠴᠣᠭᠴᠠ ᠵᠢᠨ ᠣᠷᠴᠢᠨ ᠲᠣᠭᠣᠷᠢᠨ᠎ᠢ ᠠᠯᠬᠤᠮ ᠠᠯᠬᠤᠮ ᠵᠶ᠋ᠠᠷ ᠰᠠᠢ᠌ᠵᠢᠷᠠᠭᠤᠯᠵᠤ ᠂ ᠠᠢ᠌ᠯ ᠲᠣᠰᠬᠣᠨ᠎ᠤ ᠲᠥᠬᠦᠭᠡᠷᠦᠮᠵᠢ ᠵᠢᠨ ᠲᠦᠪᠰᠢᠨ᠎ᠢ ᠳᠡᠭᠡᠭᠰᠢᠯᠡᠭᠦᠯᠵᠦ ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠬᠢ ᠵᠢ ᠴᠢᠩᠭ᠋ᠠᠳᠬᠠᠨ ᠂ ᠦᠨᠡᠨᠬᠦ ᠰᠠᠢ᠌ᠨ ᠶᠠᠪᠤᠳᠠᠯ᠎ᠢ ᠰᠠᠢ᠌ᠲᠤᠷ ᠬᠢᠵᠦ ᠂ ᠪᠣᠳᠠᠲᠠᠢ ᠶᠠᠪᠤᠳᠠᠯ᠎ᠢ ᠪᠣᠳᠠᠲᠠᠢ ᠬᠢᠨ᠎ᠡ᠃ ᠬᠣᠶᠠᠷ᠎ᠲᠤ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ᠎ᠤᠨ ᠠᠵᠢᠯᠯᠠᠭ᠎ᠠ ᠵᠢ ᠦᠷᠭᠦᠯᠵᠢᠯᠡᠨ ᠬᠡᠷᠡᠭᠵᠢᠭᠦᠯᠦᠨ᠎ᠡ᠃ ᠲᠤᠬᠠᠢ ᠵᠢᠨ ᠭᠠᠵᠠᠷ᠎ᠤᠨ ᠪᠣᠳᠠᠲᠠᠢ ᠨᠥᠬᠥᠴᠡᠯ ᠪᠠ ᠮᠠᠯᠴᠢᠨ ᠲᠠᠷᠢᠶᠠᠴᠢᠨ᠎ᠤ ᠪᠣᠳᠠᠲᠠᠢ ᠬᠡᠷᠡᠭᠴᠡᠭᠡ ᠱᠠᠭ᠋ᠠᠷᠳᠠᠯᠭ᠎ᠠ᠎ᠠᠴᠠ ᠡᠭᠦᠰᠴᠦ᠂ ᠮᠠᠯᠵᠢᠬᠤ ᠲᠠᠷᠢᠶᠠᠯᠠᠬᠤ ᠣᠷᠣᠨ᠎ᠤ ᠠᠷᠢᠭᠤᠨ ᠴᠡᠪᠡᠷ ᠵᠣᠷᠯᠣᠩ᠎ᠢ ᠰᠢᠨ᠎ᠡ᠎ᠪᠠᠷ ᠪᠠᠶ᠋ᠢᠭᠤᠯᠬᠤ ᠥᠭᠡᠷᠡᠴᠢᠯᠡᠯᠲᠡ ᠵᠢ ᠯᠠᠪᠳᠠᠭᠤᠨ ᠵᠶ᠋ᠠᠷ ᠥᠷᠨᠢᠭᠦᠯᠵᠦ᠂ 《ᠠᠰᠠᠭᠤᠳᠠᠯ᠎ᠲᠠᠢ ᠡᠷᠦᠬᠡ ᠵᠢᠨ ᠵᠣᠷᠯᠣᠩ》᠎ᠢ ᠴᠡᠭᠴᠡᠯᠡᠨ ᠰᠠᠢ᠌ᠵᠢᠷᠠᠭᠤᠯᠵᠤ ᠬᠠᠰᠤᠬᠤ ᠵᠢ ᠦᠨᠡᠨᠬᠦ ᠰᠠᠢ᠌ᠲᠤᠷ ᠬᠢᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠬᠣᠭ ᠨᠣᠪᠰᠢ ᠵᠢ ᠬᠣᠷᠢᠶᠠᠨ ᠲᠡᠭᠡᠭᠡᠪᠦᠷᠢᠯᠡᠵᠦ ᠰᠢᠢ᠍ᠳᠪᠦᠷᠢᠯᠡᠬᠦ᠂ ᠪᠣᠬᠢᠷ ᠤᠰᠤ ᠵᠢ ᠵᠠᠰᠠᠬᠤ ᠵᠡᠷᠭᠡ ᠵᠢ ᠦᠷᠭᠦᠯᠵᠢᠯᠡᠨ ᠠᠬᠢᠭᠤᠯᠵᠤ᠂ ᠠᠢ᠌ᠯ ᠲᠣᠰᠬᠣᠨ᠎ᠢ ᠴᠡᠪᠡᠷᠯᠡᠬᠦ ᠠᠵᠢᠯᠯᠠᠭ᠎ᠠ ᠪᠠ ᠬᠥᠳᠡᠭᠡ ᠲᠣᠰᠬᠣᠨ᠎ᠢ ᠨᠣᠭᠣᠭ᠋ᠠᠷᠠᠭᠤᠯᠵᠤ ᠭᠣᠶᠣᠵᠢᠭᠤᠯᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠰᠠᠢ᠌ᠨ ᠰᠠᠢ᠌ᠬᠠᠨ ᠠᠮᠢ ᠠᠬᠤᠢ ᠵᠢᠨ ᠣᠷᠣᠰᠢᠨ ᠰᠠᠭᠤᠬᠤ᠎ᠳᠤ ᠲᠣᠬᠢᠷᠠᠮᠵᠢᠲᠠᠢ ᠣᠷᠴᠢᠨ ᠲᠣᠭᠣᠷᠢᠨ᠎ᠢ ᠪᠣᠶ ᠪᠣᠯᠭ᠋ᠠᠨ᠎ᠠ᠃ ᠭᠤᠷᠪᠠ᠎ᠳᠤ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ ᠂ ᠰᠠᠭᠤᠷᠢ ᠴᠢᠨᠠᠷᠲᠠᠢ ᠂ ᠦᠨᠳᠦᠰᠦᠨ ᠵᠦᠢ᠍ᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢ᠌ᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ ᠃ ᠮᠠᠯᠵᠢᠬᠤ ᠲᠠᠷᠢᠶᠠᠯᠠᠬᠤ ᠣᠷᠣᠨ᠎ᠤ ᠵᠠᠮ᠂ ᠤᠰᠤ ᠬᠠᠩᠭ᠋ᠠᠬᠤ᠂ ᠴᠠᠬᠢᠯᠭ᠋ᠠᠨ ᠬᠡᠷᠡᠭᠯᠡᠬᠦ᠂ ᠲᠣᠣᠷ ᠰᠦᠯᠵᠢᠶ᠎ᠡ᠂ ᠣᠷᠣᠨ ᠰᠠᠭᠤᠴᠠ ᠵᠢᠨ ᠠᠮᠤᠷ ᠲᠦᠪᠰᠢᠨ᠂ ᠲᠣᠭ᠋ᠠᠴᠢᠯᠠᠭᠰᠠᠨ ᠬᠥᠳᠡᠭᠡ ᠲᠣᠰᠬᠣᠨ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠰᠠᠭᠤᠷᠢ ᠲᠦᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠰᠢᠶᠠᠨ᠎ᠤ ᠬᠡᠪᠴᠢᠶ᠎ᠡ ᠵᠢ ᠨᠢᠭᠡᠳᠦᠯᠲᠡᠢ ᠲᠥᠯᠥᠪᠯᠡᠬᠦ ᠵᠢ ᠴᠢᠩᠭ᠋ᠠᠷᠠᠭᠤᠯᠤᠨ᠂ ᠮᠠᠯᠴᠢᠨ ᠲᠠᠷᠢᠶᠠᠴᠢᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠦᠨᠡᠨᠬᠦ ᠰᠠᠢ᠌ᠵᠢᠷᠠᠭᠤᠯᠤᠨ᠎ᠠ᠃
ᠬᠥᠲᠥᠯᠥᠭᠴᠢ ᠠᠰᠠᠭᠤᠭᠰᠠᠨ᠎ᠨᠢ ᠄ ᠥᠪᠡᠷᠲᠡᠭᠡᠨ ᠵᠠᠰᠠᠬᠤ ᠣᠷᠣᠨ ᠬᠥᠳᠡᠭᠡ ᠲᠣᠰᠬᠣᠨ᠎ᠤ ᠵᠠᠰᠠᠯᠲᠠ ᠵᠢᠨ ᠠᠵᠢᠯ᠎ᠢ ᠬᠡᠷᠬᠢᠨ ᠠᠬᠢᠭᠤᠯᠬᠤ ᠪᠣᠶ?
ᠵᠣᠴᠢᠨ ᠮᠦ᠍ ᠶᠤᠸᠠᠨ ᠬᠠᠷᠢᠭᠤᠯᠤᠭᠰᠠᠨ᠎ᠨᠢ᠄ ᠬᠥᠳᠡᠭᠡ ᠲᠣᠰᠬᠣᠨ᠎ᠤ ᠵᠠᠰᠠᠯᠲᠠ ᠪᠣᠯ ᠤᠯᠤᠰ᠎ᠤᠨ ᠵᠠᠰᠠᠯᠲᠠ ᠵᠢᠨ ᠰᠠᠭᠤᠷᠢ ᠮᠥᠨ᠃ ᠬᠥᠳᠡᠭᠡ ᠲᠣᠰᠬᠣᠨ᠎ᠤ ᠪᠦᠲᠦᠮᠵᠢᠲᠡᠢ ᠵᠠᠰᠠᠯᠲᠠ ᠪᠠᠢ᠌ᠬᠤ ᠦᠭᠡᠢ ᠪᠣᠯ ᠬᠥᠳᠡᠭᠡ ᠲᠣᠰᠬᠣᠨ᠎ᠤ ᠪᠦᠬᠦ ᠲᠠᠯ᠎ᠠ ᠵᠢᠨ ᠬᠥᠭᠵᠢᠯ ᠮᠠᠨᠳᠤᠯ ᠪᠠᠢ᠌ᠵᠤ ᠴᠢᠳᠠᠬᠤ ᠦᠭᠡᠢ ᠶᠤᠮ ᠃ ᠰᠢᠨ᠎ᠡ ᠱᠠᠲᠤ ᠦᠶ᠎ᠡ ᠰᠢᠨ᠎ᠡ ᠠᠶᠠᠨ ᠵᠠᠮ᠎ᠳᠤ᠂ ᠪᠢᠳᠡᠨ᠎ᠳᠤ ᠲᠤᠯᠭ᠋ᠠᠷᠠᠵᠤ ᠪᠠᠢ᠌ᠭ᠎ᠠ ᠭᠠᠳᠠᠭ᠋ᠠᠳᠤ ᠣᠷᠴᠢᠨ ᠨᠥᠬᠥᠴᠡᠯ ᠨᠡᠩ ᠡᠭᠡᠳᠡᠷᠡᠭᠡᠨ ᠪᠤᠳᠤᠯᠢᠶᠠᠨᠲᠠᠢ ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠭᠦᠷᠭᠡ ᠨᠡᠩ ᠬᠠᠲᠠᠭᠤ ᠪᠡᠷᠬᠡ ᠪᠥᠭᠡᠳ ᠨᠦᠰᠡᠷ ᠬᠦᠨᠳᠦ ᠪᠣᠯᠵᠤ ᠂ ᠬᠥᠳᠡᠭᠡ ᠲᠣᠰᠬᠣᠨ᠎ᠤ ᠵᠠᠰᠠᠯᠲᠠ ᠵᠢ ᠴᠢᠩᠭ᠋ᠠᠳᠬᠠᠨ ᠰᠠᠢ᠌ᠵᠢᠷᠠᠭᠤᠯᠵᠤ ᠂ ᠬᠥᠳᠡᠭᠡ ᠲᠣᠰᠬᠣᠨ᠎ᠢ ᠴᠢᠳᠠᠮᠠᠭ᠋ᠠᠢ᠎ᠪᠠᠷ ᠵᠠᠰᠠᠬᠤ᠎ᠪᠠᠷ ᠰᠢᠨ᠎ᠡ ᠪᠠᠢ᠌ᠳᠠᠯ᠎ᠢ ᠨᠡᠭᠡᠭᠡᠬᠦ ᠂ ᠪᠠᠴᠢᠮ ᠪᠠᠢ᠌ᠳᠠᠯ᠎ᠢ ᠠᠷᠭ᠋ᠠᠴᠠᠬᠤ ᠂ ᠶᠡᠬᠡ ᠲᠠᠯ᠎ᠠ ᠵᠢ ᠲᠣᠭᠲᠠᠭᠤᠨ ᠪᠠᠢ᠌ᠯᠭ᠋ᠠᠬᠤ᠎ᠳᠤ ᠰᠠᠭᠤᠷᠢ ᠲᠤᠯᠭ᠋ᠠᠭᠤᠷᠢᠯᠠᠯ ᠬᠠᠩᠭ᠋ᠠᠨ᠎ᠠ᠃ ᠨᠢᠭᠡ᠎ᠳᠤ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠳᠠᠶ᠋ᠢᠴᠢᠨ ᠪᠡᠬᠢᠯᠡᠯᠲᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ ᠃ ᠬᠣᠰᠢᠭᠤ ᠰᠢᠶᠠᠨ᠎ᠤ ᠱᠠᠲᠤᠨ᠎ᠤ ᠨᠠᠮ᠎ᠤᠨ ᠬᠣᠷᠢᠶ᠎ᠠ ᠵᠢᠨ ᠰᠢᠶᠠᠩ᠎ᠢ ᠠᠳᠬᠤᠵᠤ ᠲᠣᠰᠬᠣᠨ᠎ᠢ ᠠᠬᠢᠭᠤᠯᠬᠤ ᠡᠭᠦᠷᠭᠡ ᠰᠢᠶᠠᠩ ᠪᠠᠯᠭ᠋ᠠᠰᠤᠨ᠎ᠤ ᠨᠠᠮ᠎ᠤᠨ ᠬᠣᠷᠢᠶ᠎ᠠ ᠵᠢᠨ ᠨᠢᠭᠡᠳᠦᠯᠲᠡᠢ ᠵᠢᠯᠤᠭᠣᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠵᠢ ᠪᠦᠷᠢᠨᠰᠢᠭᠦᠯᠵᠦ᠂ ᠭᠠᠴᠠᠭ᠎ᠠ ᠲᠣᠰᠬᠣᠨ᠎ᠤ ᠳᠠᠭ᠋ᠠᠭᠤᠯᠤᠭᠴᠢ ᠵᠢᠨ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠨᠠᠷᠢᠨ ᠲᠠᠩᠰᠠ ᠵᠢᠨ ᠳᠦᠷᠢᠮ᠂ ᠬᠤᠪᠢ ᠬᠤᠷᠠᠮᠳᠤᠭᠤᠯᠬᠤ ᠳᠦᠷᠢᠮ ᠵᠡᠷᠭᠡ ᠵᠠᠰᠠᠯᠲᠠ ᠵᠢᠨ ᠠᠷᠭ᠎ᠠ ᠬᠡᠯᠪᠡᠷᠢ ᠵᠢ ᠳᠡᠯᠭᠡᠷᠡᠭᠦᠯᠵᠦ᠂ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠪᠠ ᠠᠵᠢᠯᠯᠠᠬᠤ ᠠᠩᠭᠢ ᠵᠢᠨ ᠨᠠᠮ᠎ᠤᠨ ᠪᠠᠢ᠌ᠭᠤᠯᠤᠯᠲᠠ ᠵᠢ ᠠᠳᠬᠤᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠦᠢ᠍ᠯᠡᠳᠦᠯ᠎ᠢ ᠪᠠᠳᠠᠷᠠᠭᠤᠯᠵᠤ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠮᠣᠷᠠᠯ ᠵᠶ᠋ᠠᠷ ᠵᠠᠰᠠᠬᠤ ᠵᠢ ᠤᠶᠠᠯᠳᠤᠭᠤᠯᠤᠭᠰᠠᠨ ᠬᠥᠳᠡᠭᠡ ᠲᠣᠰᠬᠣᠨ᠎ᠤ ᠵᠠᠰᠠᠯᠲᠠ ᠵᠢᠨ ᠰᠢᠰᠲ᠋ᠧᠮᠵᠢ ᠵᠢ ᠪᠦᠷᠢᠨᠰᠢᠭᠦᠯᠦᠨ᠎ᠡ᠃ ᠬᠣᠶᠠᠷ᠎ᠲᠤ ᠮᠠᠯᠵᠢᠬᠤ ᠲᠠᠷᠢᠶᠠᠯᠠᠬᠤ ᠣᠷᠣᠨ᠎ᠤ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠪᠦᠲᠦᠮᠵᠢᠲᠡᠶ ᠲᠠᠪᠴᠠᠩ᠎ᠤᠨ ᠠᠴᠢᠶᠠᠯᠠᠪᠤᠷᠢ ᠵᠢᠨ ᠨᠠᠮ᠎ᠤᠨ ᠮᠠᠯᠵᠢᠬᠤ ᠲᠠᠷᠢᠶᠠᠯᠠᠬᠤ ᠣᠷᠣᠨ᠎ᠳᠠᠬᠢ ᠦᠵᠡᠯ ᠰᠠᠨᠠᠭ᠎ᠠ ᠤᠯᠤᠰ ᠲᠥᠷᠥ ᠵᠢᠨ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠵᠤ᠂ ᠮᠠᠯᠵᠢᠬᠤ ᠲᠠᠷᠢᠶᠠᠯᠠᠬᠤ ᠣᠷᠣᠨ᠎ᠤ ᠵᠠᠩ ᠳᠠᠳᠬᠠᠯ᠎ᠢ ᠥᠭᠡᠷᠡᠴᠢᠯᠡᠬᠦ ᠵᠢ ᠦᠷᠭᠦᠯᠵᠢᠯᠡᠨ ᠠᠬᠢᠭᠤᠯᠵᠤ᠂ ᠥᠨᠳᠥᠷ ᠦᠨ᠎ᠡ᠎ᠲᠠᠢ ᠪᠣᠭᠲᠣᠯᠠᠬᠤ ᠪᠡᠯᠡᠭ᠂ ᠶᠡᠬᠡ᠎ᠪᠠᠷ ᠪᠠᠵᠠᠭ᠋ᠠᠵᠤ ᠶᠡᠬᠡ᠎ᠪᠠᠷ ᠡᠷᠭᠢᠯᠡᠬᠦ᠂ ᠬᠦᠩᠭᠡᠪᠴᠢᠯᠡᠨ ᠠᠰᠠᠷᠠᠵᠦ ᠬᠦᠨᠳᠦ᠎ᠪᠠᠷ ᠣᠷᠣᠰᠢᠭᠤᠯᠬᠤ ᠵᠡᠷᠭᠡ ᠬᠠᠭᠤᠴᠢᠨ ᠶᠣᠰᠣ ᠪᠦᠳᠦᠭᠦᠯᠢᠭ ᠳᠠᠳᠬᠠᠯ᠎ᠢ ᠴᠡᠭᠴᠡᠯᠡᠨ ᠵᠠᠰᠠᠨ᠎ᠠ᠃ ᠭᠤᠷᠪᠠ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠣᠯᠭ᠋ᠠᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠴᠣᠭᠴᠠᠯᠠᠨ ᠪᠠᠶ᠋ᠢᠭᠤᠯᠬᠤ ᠦᠵᠡᠯ ᠤᠬᠠᠮᠰᠠᠷ᠎ᠤᠨ ᠬᠥᠮᠦᠵᠢᠯ᠎ᠢ ᠭᠦᠨᠵᠡᠭᠡᠢ᠌ᠷᠡᠭᠦᠯᠦᠨ ᠪᠡᠬᠢᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠦᠵᠡᠯᠲᠡ ᠵᠢᠨ ᠬᠥᠮᠦᠵᠢᠯ᠎ᠢ ᠴᠢᠩᠭ᠋ᠠᠳᠬᠠᠨ᠂ ᠮᠠᠯᠴᠢᠨ ᠲᠠᠷᠢᠶᠠᠴᠢᠨ ᠣᠯᠠᠨ ᠲᠦᠮᠡᠨ᠎ᠤ ᠳᠤᠮᠳᠠᠳᠤ ᠵᠢᠨ ᠦᠨᠳᠦᠰᠦᠲᠡᠨ ᠵᠶ᠋ᠡᠨ ᠮᠡᠳᠡᠷᠡᠬᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ᠂ ᠣᠮᠣᠭ ᠪᠠᠬᠠᠳᠤᠯᠲᠤ ᠰᠡᠳᠬᠢᠯᠭᠡ ᠵᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ ᠂ ᠤᠯᠤᠰ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠬᠦ ᠵᠢ ᠡᠷᠡᠰ ᠭᠤᠢ᠌ᠪᠢᠰᠢ ᠦᠭᠡᠢ ᠬᠡᠷᠡᠭᠵᠢᠭᠦᠯᠦᠨ᠎ᠡ ᠃ ᠳᠥᠷᠪᠡ᠎ᠳᠤ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ᠎ᠤᠨ ᠠᠮᠤᠷ ᠲᠣᠭᠲᠠᠭᠤᠨ ᠪᠠᠢ᠌ᠳᠠᠯ᠎ᠢ ᠦᠨᠡᠨᠬᠦ ᠬᠠᠮᠠᠭ᠋ᠠᠯᠠᠨ᠎ᠠ᠃ ᠰᠢᠨ᠎ᠡ ᠴᠠᠭ ᠦᠶ᠎ᠡ ᠵᠢᠨ 《ᠹᠸᠩᠴᠢᠶᠤᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠨᠠᠩ ᠥᠨᠳᠥᠷ ᠬᠢᠷᠢ ᠲᠦᠪᠰᠢᠨ ᠪᠦᠬᠦᠢ ᠠᠮᠤᠷ ᠠᠮᠤᠭᠤᠯᠠᠩ ᠬᠠᠤᠯᠢ᠎ᠪᠠᠷ ᠵᠠᠰᠠᠬᠤ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠂ ᠭᠣᠣᠯᠳᠠᠯᠭ᠎ᠠ᠎ᠲᠠᠢ ᠬᠦᠷᠢᠶ᠎ᠡ ᠴᠠᠷᠠᠭ᠋ᠠᠨ᠎ᠳᠠᠬᠢ ᠠᠶᠤᠯ ᠲᠦᠭᠰᠢᠭᠦᠷᠢ ᠵᠢᠨ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠬᠤ ᠪᠠ ᠲᠤᠰᠬᠠᠢ ᠵᠦᠢ᠍ᠯ ᠵᠶ᠋ᠡᠷ ᠵᠠᠰᠠᠬᠤ ᠵᠢ ᠥᠷᠨᠢᠭᠦᠯᠦᠨ᠎ᠡ᠃
ᠬᠥᠲᠥᠯᠥᠭᠴᠢ ᠠᠰᠠᠭᠤᠭᠰᠠᠨ᠎ᠨᠢ᠄ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠠᠬᠢᠭᠤᠯᠬᠤ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠬᠡᠷᠬᠢᠨ ᠪᠠᠲᠤᠯᠠᠬᠤ ᠪᠣᠶ?
ᠵᠣᠴᠢᠨ ᠮᠦ᠍ ᠶᠤᠸᠠᠨ ᠬᠠᠷᠢᠭᠤᠯᠤᠭᠰᠠᠨ᠎ᠨᠢ ᠄ ᠣᠳᠣᠬᠠᠨ᠎ᠳᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠠᠵᠢᠯ ᠨᠢᠭᠡᠨᠲᠡ ᠲᠥᠯᠥᠪᠵᠢᠭᠦᠯᠦᠨ ᠪᠠᠢ᠌ᠷᠢᠰᠢᠭᠤᠯᠬᠤ᠎ᠠᠴᠠ ᠪᠣᠳᠠᠲᠠᠢ ᠪᠠᠷᠢᠯᠭ᠎ᠠ ᠵᠢᠨ ᠱᠠᠲᠤᠨ᠎ᠳᠤ ᠣᠷᠣᠵᠤ ᠂ ᠪᠦᠬᠦ ᠨᠠᠮ ᠪᠦᠬᠦ ᠨᠡᠢ᠌ᠭᠡᠮ ᠵᠶ᠋ᠡᠷ ᠵᠶ᠋ᠡᠨ ᠶᠡᠷᠦᠩᠬᠡᠢ ᠳᠠᠢ᠌ᠴᠢᠯᠠᠯᠲᠠ ᠬᠢᠵᠦ ᠂ ᠰᠠᠯᠠᠭ᠎ᠠ ᠮᠥᠴᠢᠷ ᠪᠣᠯᠣᠨ ᠣᠷᠣᠨ ᠨᠤᠲᠤᠭ᠎ᠤᠨ᠎ᠬᠢᠨ ᠵᠡᠷᠭᠡ᠎ᠪᠡᠷ ᠬᠦᠴᠦᠯᠡᠨ᠂ ᠦᠨᠡᠨ ᠪᠣᠳᠠᠲᠠᠢ᠎ᠪᠠᠷ ᠠᠵᠢᠯᠯᠠᠵᠤ ᠂ ᠰᠦᠷ ᠬᠦᠴᠦᠨ᠎ᠢ ᠢᠯᠡᠷᠡᠭᠦᠯᠤᠨ᠂ ᠦᠢ᠍ᠯᠡ ᠠᠵᠢᠯᠯᠠᠭ᠎ᠠ ᠵᠢ ᠥᠷᠨᠢᠭᠦᠯᠬᠦ ᠴᠢᠬᠤᠯᠠᠲᠠᠢ ᠪᠠᠢ᠌ᠨ᠎ᠠ ᠃ ᠲᠠᠷᠠᠭ᠋ᠠᠴᠢ ᠵᠢᠨ ᠠᠯᠬᠤᠮ᠎ᠳᠤ ᠂ ᠪᠢᠳᠡ 《 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠥᠳᠡᠭᠡ ᠲᠣᠰᠬᠣᠨ᠎ᠤ ᠠᠵᠢᠯ᠎ᠤᠨ ᠳᠦᠷᠢᠮ 》 ᠵᠢᠴᠢ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠠᠷᠭ᠎ᠠ ᠵᠢ ᠭᠦᠨᠵᠡᠭᠡᠢ ᠲᠤᠭᠤᠰᠢᠯᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢ ᠪᠦᠬᠦ ᠲᠠᠯ᠎ᠠ᠎ᠪᠠᠷ ᠨᠠᠢ᠌ᠲᠠᠪᠤᠷᠢᠵᠢᠭᠤᠯᠤᠨ᠂ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠂ ᠵᠣᠬᠢᠶᠠᠨ ᠪᠠᠢ᠌ᠭᠤᠯᠤᠯᠲᠠ᠎ᠪᠠᠷ ᠠᠬᠢᠭᠤᠯᠬᠤ ᠂ ᠡᠯᠧᠮᠧᠨ᠋ᠲ᠎ᠢ ᠪᠠᠲᠤᠯᠠᠬᠤ ᠂ ᠬᠢᠨᠠᠨ ᠰᠢᠯᠭ᠋ᠠᠵᠤ ᠦᠨᠡᠯᠡᠬᠦ ᠂ ᠬᠢᠨᠠᠯᠲᠠ ᠲᠠᠯᠪᠢᠵᠤ ᠪᠠᠢ᠌ᠴᠠᠭ᠋ᠠᠬᠤ ᠵᠡᠷᠭᠡ ᠲᠠᠯ᠎ᠠ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠲᠣᠭᠲᠠᠴᠠ ᠵᠢ ᠪᠦᠷᠢᠨᠰᠢᠭᠦᠯᠬᠦ ᠵᠢ ᠠᠬᠢᠭᠤᠯᠵᠤ ᠂ ᠥᠷᠭᠡᠨ ᠳᠡᠯᠭᠡᠷᠡᠩᠭᠦᠢ ᠳᠠᠢ᠍ᠢ᠍ᠴᠢᠯᠠᠵᠤ ᠂ ᠬᠦᠴᠦᠨ ᠵᠶ᠋ᠡᠨ ᠲᠥᠪᠯᠡᠷᠡᠭᠦᠯᠦᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠤᠨ᠎ᠠ᠃ ᠬᠣᠶᠠᠷ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠠᠳᠬᠤᠨ᠎ᠠ᠄ ᠨᠢᠭᠡ ᠲᠠᠯ᠎ᠠ᠎ᠪᠠᠷ᠂ ᠨᠠᠮ᠎ᠤᠨ 《 ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ 》᠎ᠤ ᠠᠵᠢᠯ᠎ᠳᠠᠬᠢ ᠪᠥᠬᠥ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠨ᠎ᠠ ᠃ ᠬᠥᠳᠡᠭᠡ ᠲᠣᠰᠬᠣᠨ᠎ᠤ ᠬᠥᠭᠵᠢᠯᠲᠡ ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠂ ᠬᠥᠳᠡᠭᠡ ᠲᠣᠰᠬᠣᠨ᠎ᠤ ᠵᠠᠰᠠᠯᠲᠠ ᠵᠢᠨ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠎ᠳᠤ ᠡᠴᠦᠰ᠎ᠤᠨ ᠡᠴᠦᠰ᠎ᠲᠡᠭᠡᠨ ᠨᠠᠮ᠎ᠤᠨ ᠤᠳᠤᠷᠢᠳᠤᠯᠭ᠎ᠠ᠎ᠳᠤ ᠲᠦᠰᠢᠭᠯᠡᠨ᠎ᠡ᠃ ᠨᠢᠭᠡ᠎ᠳᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ᠎ᠠ ᠃ ᠲᠠᠪᠤᠨ ᠱᠠᠲᠤᠨ᠎ᠤ ᠱᠦᠵᠢ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠳᠬᠤᠬᠤ ᠪᠣᠳᠠᠲᠠᠢ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠰᠠᠯᠠᠭ᠎ᠠ ᠮᠥᠴᠢᠷ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠭᠰᠠᠨ ᠪᠣᠳᠠᠲᠤ ᠠᠮᠵᠢᠯᠲᠠ ᠵᠢ ᠬᠢᠨᠠᠨ ᠰᠢᠯᠭ᠋ᠠᠬᠤ ᠵᠢ ᠰᠦᠪᠡᠭᠴᠢᠯᠡᠨ ᠥᠷᠨᠢᠭᠦᠯᠵᠦ᠂ ᠠᠢ᠌ᠮᠠᠭ ᠬᠣᠲᠠ ᠵᠢᠨ ᠨᠠᠮ ᠵᠠᠰᠠᠭ᠎ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷᠴᠤᠳ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠭᠰᠠᠨ ᠪᠣᠳᠠᠲᠤ ᠠᠮᠵᠢᠯᠲᠠ ᠵᠢ ᠬᠢᠨᠠᠨ ᠰᠢᠯᠭ᠋ᠠᠬᠤ ᠵᠢ ᠲᠡᠭᠦᠯᠳᠡᠷᠵᠢᠭᠦᠯᠵᠦ᠂ ᠲᠥᠪᠯᠡᠷᠡᠭᠦᠯᠦᠨ ᠬᠤᠭᠤᠴᠠᠭ᠎ᠠ ᠰᠣᠯᠢᠭᠰᠠᠨ᠎ᠤ ᠳᠠᠷᠠᠭ᠋ᠠᠬᠢ ᠡᠯ᠎ᠡ ᠱᠠᠲᠤᠨ᠎ᠤ ᠨᠠᠮ ᠵᠠᠰᠠᠭ᠎ᠤᠨ ᠤᠳᠤᠷᠢᠳᠬᠤ ᠺᠠᠳ᠋ᠷ ᠢᠯᠠᠩᠭᠤᠶ᠎ᠠ 《 ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ 》᠎ᠤ ᠠᠵᠢᠯ᠎ᠢ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠬᠤ ᠺᠠᠳ᠋ᠷᠴᠤᠳ᠎ᠤᠨ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠨᠠᠮ᠎ᠤᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠢ ᠬᠠᠮᠢᠶᠠᠷᠴᠤ ᠪᠠᠢ᠌ᠭ᠎ᠠ ᠤᠯᠤᠰ ᠲᠥᠷᠥ ᠵᠢᠨ ᠳᠠᠪᠠᠭᠤᠯᠢᠭ᠎ᠢ ᠤᠯᠠᠮ ᠨᠢᠭᠡ ᠠᠯᠬᠤᠮ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠦᠴᠦᠷᠬᠡᠭ ᠶᠡᠬᠡ ᠬᠦᠳᠡᠯᠭᠡᠬᠦ ᠬᠦᠴᠦᠨ ᠪᠣᠯᠭ᠋ᠠᠨ ᠬᠤᠪᠢᠷᠠᠭᠤᠯᠤᠨ᠎ᠠ᠃ ᠬᠣᠶᠠᠷ᠎ᠲᠤ ᠪᠠᠢ᠌ᠭᠤᠯᠤᠮᠵᠢ ᠵᠢ ᠬᠦᠴᠦᠷᠬᠡᠭᠵᠢᠭᠦᠯᠦᠨ᠎ᠡ ᠃ ᠨᠠᠮ᠎ᠤᠨ ᠬᠣᠷᠢᠶ᠎ᠠ ᠵᠢᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠤᠳᠤᠷᠢᠳᠬᠤ ᠳᠤᠭᠤᠢ᠌ᠯᠠᠩ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠲᠦᠷᠦᠭᠦᠯᠡᠨ ᠶᠡᠷᠦᠩᠬᠡᠢ᠌ᠯᠡᠨ ᠠᠳᠬᠤᠬᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢ᠍ᠯᠡᠳᠦᠯ᠎ᠢ ᠴᠢᠩᠭ᠋ᠠᠷᠠᠭᠤᠯᠵᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠵᠢᠨ ᠮᠠᠯᠵᠢᠬᠤ ᠲᠠᠷᠢᠶᠠᠯᠠᠬᠤ ᠣᠷᠣᠨ᠎ᠤ ᠠᠯᠪᠠᠨ ᠭᠡᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠂ ᠭᠣᠣᠯᠳᠠᠯᠭ᠎ᠠ᠎ᠲᠠᠢ ᠡᠭᠦᠷᠭᠡ ᠵᠢ ᠬᠤᠪᠢᠶᠠᠷᠢᠯᠠᠨ ᠨᠠᠢ᠌ᠳᠠᠪᠤᠷᠢᠵᠢᠭᠤᠯᠬᠤ ᠪᠠ ᠱᠠᠯᠠᠪᠳᠠᠭᠤᠯᠤᠨ ᠪᠠᠢ᠌ᠴᠠᠭ᠋ᠠᠵᠤ ᠱᠠᠯᠠᠪᠳᠠᠭᠤᠯᠤᠨ ᠭᠦᠢ᠍ᠴᠡᠳᠬᠡᠬᠦ ᠲᠣᠭᠲᠠᠴᠠ ᠵᠢ ᠪᠦᠷᠢᠨᠰᠢᠭᠦᠯᠵᠦ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠦᠨᠡᠨᠬᠦ ᠪᠠᠲᠤᠯᠠᠨ᠎ᠠ᠃ ᠭᠤᠷᠪᠠ᠎ᠳᠤ ᠴᠡᠭ᠎ᠢ ᠠᠳᠬᠤᠵᠤ ᠨᠡᠢ᠌ᠳᠡᠮ᠎ᠢ ᠳᠠᠢ᠌ᠴᠢᠯᠠᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠦᠨ ᠡᠭᠦᠳᠦᠨ ᠪᠠᠶ᠋ᠢᠭᠤᠯᠬᠤ ᠠᠵᠢᠯ᠎ᠢ ᠱᠠᠲᠤ ᠬᠤᠪᠢᠶᠠᠨ ᠥᠷᠨᠢᠭᠦᠯᠵᠦ ᠂ 《 ᠲᠦᠮᠡᠨ ᠠᠵᠤ ᠠᠬᠤᠢ᠌ᠯᠠᠯ ᠵᠶ᠋ᠠᠷ ᠲᠦᠮᠡᠨ ᠲᠣᠰᠬᠣᠨ᠎ᠢ ᠬᠥᠭᠵᠢᠭᠦᠯᠦᠨ ᠮᠠᠨᠳᠤᠭᠤᠯᠬᠤ 》 ᠠᠵᠢᠯᠯᠠᠭ᠎ᠠ ᠵᠢ ᠭᠦᠨᠵᠡᠭᠡᠢ ᠠᠬᠢᠭᠤᠯᠵᠤ ᠂ ᠲᠣᠭᠲᠠᠭ᠋ᠠᠯ ᠶᠣᠰᠣᠭ᠋ᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠬᠥᠬᠢᠭᠦᠯᠦᠨ ᠵᠣᠷᠢᠭᠵᠢᠭᠤᠯᠬᠤ ᠳᠦᠷᠢᠮ᠎ᠢ ᠪᠠᠢ᠌ᠭᠤᠯᠵᠤ ᠂ ᠪᠦᠬᠦ ᠨᠡᠢ᠌ᠭᠡᠮ ᠵᠶ᠋ᠡᠷ ᠵᠶ᠋ᠡᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠠᠮᠲᠤ᠎ᠪᠠᠷ ᠣᠷᠤᠯᠴᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃ ᠨᠦᠭᠦᠭᠡ ᠲᠠᠯ᠎ᠠ᠎ᠪᠠᠷ ᠂ ᠲᠦᠷᠦ ᠵᠢᠨ ᠪᠣᠳᠣᠯᠭ᠎ᠠ ᠵᠢᠨ ᠪᠠᠲᠤᠯᠠᠭ᠎ᠠ ᠵᠢᠨ ᠡᠷᠴᠢᠮ ᠪᠠ ᠪᠠᠢ᠌ᠭᠤᠯᠤᠯ ᠲᠣᠭᠲᠠᠴᠠ ᠵᠢᠨ ᠲᠠᠯ᠎ᠠ᠎ᠪᠠᠷ ᠰᠢᠨ᠎ᠡ ᠵᠢ ᠡᠭᠦᠳᠦᠨ᠎ᠡ; ᠪᠡᠯᠡ ᠮᠥᠩᠭᠥ ᠵᠢᠨ ᠣᠷᠣᠭᠤᠯᠤᠯᠲᠠ ᠵᠢᠨ ᠲᠠᠯ᠎ᠠ᠎ᠪᠠᠷ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠢ ᠦᠷᠭᠦᠯᠵᠢᠯᠡᠨ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠤᠷᠢᠳᠠᠪᠠᠷ ᠪᠠᠲᠤᠯᠠᠬᠤ ᠬᠦᠷᠢᠶ᠎ᠡ ᠪᠣᠯᠭ᠋ᠠᠵᠤ᠂ ᠭᠠᠵᠠᠷ ᠰᠢᠷᠣᠢ ᠵᠢ ᠰᠢᠯᠵᠢᠭᠦᠯᠦᠨ ᠥᠭᠭᠦᠭᠰᠡᠨ ᠣᠷᠣᠯᠭ᠎ᠠ ᠵᠢᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠳᠤ ᠬᠡᠷᠡᠭᠯᠡᠬᠦ ᠬᠠᠷᠢᠴᠠᠯ᠎ᠢ ᠲᠣᠭᠲᠠᠭᠤᠨ ᠵᠶ᠋ᠠᠷ ᠳᠡᠭᠡᠭᠰᠢᠯᠡᠭᠦᠯᠦᠨ᠂ ᠵᠢᠭᠡᠯᠡᠯᠭᠡ ᠵᠢᠨ ᠲᠡᠮᠳᠡᠭᠲᠦ ᠪᠠ ᠰᠠᠭᠤᠷᠢ ᠮᠥᠩᠭᠥ ᠵᠢᠨ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠣᠷᠣᠭᠤᠯᠤᠯᠲᠠ ᠵᠢᠨ ᠡᠷᠴᠢᠮ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠠᠷᠠᠯᠲᠠᠲᠤ ᠡᠭᠦᠷᠭᠡ᠎ᠯᠦᠭᠡ ᠬᠠᠷᠢᠯᠴᠠᠨ ᠵᠣᠬᠢᠴᠠᠭᠤᠯᠬᠤ ᠵᠢ ᠦᠨᠡᠨᠬᠦ ᠪᠠᠲᠤᠯᠠᠨ᠎ᠠ; ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠲᠠᠯ᠎ᠠ᠎ᠪᠠᠷ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ ᠵᠢ ᠬᠢᠨᠠᠨ ᠰᠢᠯᠭ᠋ᠠᠵᠤ ᠦᠨᠡᠯᠡᠨ ᠵᠢᠱ᠌ᠢᠬᠦ ᠵᠢ ᠥᠷᠨᠢᠭᠦᠯᠵᠦ᠂ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ᠎ᠢ ᠴᠢᠩᠭ᠋ᠠᠷᠠᠭᠤᠯᠵᠤ᠂ ᠠᠯᠠᠰᠢᠨ ᠦᠬᠡᠷ᠂ ᠠᠯᠠᠰᠢᠨ ᠬᠣᠨᠢ᠂ ᠣᠨᠴᠠᠯᠢᠭᠲᠤ ᠰᠦ ᠂ ᠲᠡᠮᠡᠭᠡ ᠵᠡᠷᠭᠡ ᠣᠷᠣᠨ ᠨᠤᠲᠤᠭ᠎ᠤᠨ ᠳᠠᠪᠠᠭᠤᠯᠢᠭ ᠣᠨᠴᠠᠯᠢᠭᠲᠤ ᠳᠠᠭ᠋ᠠᠳᠬᠠᠯ᠎ᠤᠨ ᠲᠤᠷᠰᠢᠯᠲᠠ ᠵᠢ ᠥᠷᠨᠢᠭᠦᠯᠦᠨ᠎ᠡ; ᠴᠢᠳᠠᠪᠤᠷᠢᠲᠠᠨ᠎ᠤ ᠡᠩᠨᠡᠭᠡ ᠵᠢᠨ ᠲᠠᠯ᠎ᠠ᠎ᠪᠠᠷ ᠂ ᠤᠷᠮᠠᠰᠢᠭᠤᠯᠭᠠ ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠵᠦ ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠂ ᠡᠷᠡᠭᠦᠯ ᠬᠠᠮᠠᠭ᠋ᠠᠯᠠᠯ ᠂ ᠰᠤᠷᠭ᠋ᠠᠨ ᠬᠥᠮᠦᠵᠢᠯ ᠂ ᠡᠮ ᠡᠮᠨᠡᠯᠭᠡ ᠵᠡᠷᠭᠡ ᠡᠯ᠎ᠡ ᠲᠦᠷᠦᠯ᠎ᠤᠨ ᠴᠢᠳᠠᠪᠤᠷᠢᠲᠠᠨ᠎ᠤ ᠦᠨᠳᠦᠰᠦᠨ ᠱᠠᠲᠤᠨ᠎ᠳᠤ ᠭᠦᠨᠵᠡᠭᠡᠢ᠌ᠷᠡᠬᠦ ᠂ ᠬᠥᠳᠡᠭᠡ ᠲᠣᠰᠬᠣᠨ᠎ᠳᠤ ᠦᠢ᠍ᠯᠡᠴᠢᠯᠡᠬᠦ ᠵᠢ ᠬᠥᠲᠥᠯᠥᠨ ᠵᠢᠯᠤᠭᠣᠳᠴᠤ ᠂ ᠣᠷᠣᠨ ᠨᠤᠲᠤᠭ᠎ᠤᠨ ᠴᠢᠳᠠᠪᠤᠷᠢᠲᠠᠨ᠎ᠢ ᠶᠡᠬᠡ᠎ᠪᠠᠷ ᠬᠦᠮᠦᠵᠢᠭᠦᠯᠦᠨ᠎ᠡ; ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠠᠯ᠎ᠠ᠎ᠪᠠᠷ᠂ ᠬᠣᠶᠠᠳᠤᠭ᠋ᠠᠷ ᠡᠭᠡᠯᠵᠢ ᠵᠢᠨ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠬᠤᠭᠤᠴᠠᠭ᠎ᠠ ᠲᠤᠯᠤᠭᠰᠠᠨ᠎ᠤ ᠳᠠᠷᠠᠭ᠎ᠠ ᠳᠠᠬᠢᠨ 30 ᠵᠢᠯ ᠤᠷᠲᠤᠳᠬᠠᠬᠤ ᠲᠤᠷᠰᠢᠯᠲᠠ᠂ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠥᠮᠴᠢᠯᠡᠯ᠎ᠤᠨ ᠡᠷᠬᠡ ᠵᠢᠨ ᠳᠦᠷᠢᠮ᠎ᠤᠨ ᠥᠭᠡᠷᠡᠴᠢᠯᠡᠯᠲᠡ᠂ ᠣᠷᠣᠨ ᠰᠠᠭᠤᠴᠠ ᠵᠢᠨ ᠰᠠᠭᠤᠷᠢ ᠭᠠᠵᠠᠷ᠎ᠤᠨ ᠥᠭᠡᠷᠡᠴᠢᠯᠡᠯᠲᠡ ᠵᠡᠷᠭᠡ ᠡᠯ᠎ᠡ ᠲᠥᠷᠥᠯ᠎ᠤᠨ ᠭᠣᠣᠯᠳᠠᠯᠭ᠎ᠠ᠎ᠲᠠᠢ ᠥᠭᠡᠷᠡᠴᠢᠯᠡᠯᠲᠡ ᠵᠢᠨ ᠡᠭᠦᠷᠭᠡ ᠵᠢ ᠯᠠᠪᠳᠠᠭᠤᠨ ᠪᠠᠲᠤᠲᠠᠢ ᠰᠠᠢ᠌ᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ᠎ᠤ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠬᠦᠭᠵᠢᠭᠡᠨ᠎ᠡ᠃