2023 ᠣᠨ᠎ᠤ 9 ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠬᠣᠶᠠᠷ ᠶᠡᠬᠡ ᠶᠠᠪᠤᠳᠠᠯ ᠵᠶ᠋ᠠᠷ ᠭᠣᠣᠯ ᠭᠠᠷᠳᠠᠴᠠ ᠪᠣᠯᠭ᠋ᠠᠵᠤ ᠥᠪᠥᠷ ᠮᠣᠩᠭᠣᠯ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠤᠶ᠎ᠠ》 ᠭᠡᠬᠦ ᠭᠣᠣᠯ ᠰᠡᠳᠦᠪᠲᠦ ᠰᠢᠷᠢᠰ ᠰᠣᠨᠢᠨ ᠮᠡᠳᠡᠭᠡ ᠨᠡᠢ᠌ᠲᠡᠯᠡᠬᠦ ᠬᠤᠷᠠᠯ (24 ᠳ᠋ᠤᠭᠡᠷ ᠲᠠᠯᠠᠪᠤᠷ — ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠲᠤᠰᠬᠠᠢ ᠲᠠᠯᠠᠪᠤᠷ) ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠳᠡᠳ᠋ ᠳᠠᠷᠤᠭ᠎ᠠ ᠵᠠᠩ ᠸᠸᠨ ᠡᠾᠦ᠋ᠢ ᠭᠣᠣᠯ ᠰᠡᠳᠦᠪᠲᠦ ᠨᠡᠢ᠌ᠲᠡᠯᠡᠯ ᠬᠢᠵᠦ᠂ ᠬᠣᠯᠪᠣᠭᠳᠠᠯ ᠪᠦᠬᠦᠢ ᠭᠠᠵᠠᠷ ᠠᠯᠪᠠᠨ ᠭᠡᠷ᠎ᠤᠨ ᠬᠠᠷᠢᠭᠤᠴᠠᠯᠭ᠋ᠠᠲᠠᠨ ᠨᠥᠬᠥᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
《ᠠᠷᠠᠳ᠎ᠤᠨ ᠰᠠᠨᠠᠭ᠎ᠠ ᠵᠢ ᠣᠢ᠌ᠯᠠᠭ᠋ᠠᠬᠤ᠂ ᠠᠷᠠᠳ᠎ᠤᠨ ᠵᠣᠪᠠᠭᠤᠷᠢ ᠵᠢ ᠰᠢᠢ᠍ᠳᠪᠦᠷᠢᠯᠡᠬᠦ᠂
ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ》
ᠲᠤᠰᠬᠠᠢ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ
ᠬᠢᠬᠦ᠎ᠳᠤ ᠰᠠᠢ᠌ᠨ ᠰᠠᠢ᠌ᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠪᠣᠶ ᠪᠣᠯᠭ᠋ᠠᠬᠤ
ᠰᠣᠨᠢᠨ ᠮᠡᠳᠡᠭᠡ ᠨᠡᠢ᠌ᠲᠡᠯᠡᠬᠦ ᠦᠭᠡ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠳᠡᠳ᠋ ᠳᠠᠷᠤᠭ᠎ᠠ ᠵᠠᠩ ᠸᠸᠨ ᠡᠾᠦ᠋ᠢ
ᠵᠠᠭᠤᠴᠢᠯᠠᠭᠤᠷ᠎ᠤᠨ ᠨᠠᠢ᠌ᠵᠠ ᠨᠠᠷ᠄
ᠤᠯᠠᠨ ᠵᠶ᠋ᠠᠷ ᠵᠶ᠋ᠠᠨ ᠰᠠᠢ᠌ᠨ ᠪᠠᠢ᠌ᠵᠠᠭ᠋ᠠᠨ᠎ᠠ ᠤᠤ!
ᠥᠨᠥᠳᠥᠷ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠬᠤ ᠪᠣᠯᠤᠭᠰᠠᠨ᠎ᠳᠠᠭᠠᠨ ᠮᠠᠰᠢ ᠪᠠᠶᠠᠷᠲᠠᠢ ᠪᠠᠢ᠌ᠨ᠎ᠠ ᠃ ᠡᠩ ᠲᠡᠷᠢᠭᠦᠨ᠎ᠳᠤ᠂ ᠪᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢ ᠲᠥᠯᠥᠭᠡᠯᠡᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠭᠰᠠᠨ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠨᠠᠢ᠌ᠵᠠ ᠨᠠᠷ᠎ᠢ ᠬᠠᠯᠠᠭᠤᠨ ᠵᠶ᠋ᠠᠷ ᠤᠭᠲᠤᠵᠤ ᠪᠠᠢ᠌ᠬᠤ᠎ᠪᠠᠨ ᠢᠯᠡᠳᠬᠡᠶ᠎ᠡ ! ᠣᠷᠳᠣ ᠬᠤᠭᠤᠴᠠᠭ᠋ᠠᠨ᠎ᠤ ᠲᠤᠷᠰᠢ ᠪᠥᠬᠥ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠢ᠌ᠭᠡᠮ᠎ᠤᠨ ᠡᠯ᠎ᠡ ᠡᠲᠡᠭᠡᠳ᠎ᠤᠨ ᠨᠠᠢ᠌ᠵᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ!
ᠡᠨᠡ ᠵᠢᠯ᠎ᠠᠴᠠ ᠨᠠᠭ᠋ᠠᠰᠢ ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠰᠠᠢ᠌ᠲᠤᠷ ᠪᠡᠶᠡᠯᠡᠭᠦᠯᠬᠦ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠣᠯᠭ᠋ᠠᠵᠤ᠂ ᠠᠵᠢᠯ᠎ᠤᠨ ᠪᠣᠳᠠᠲᠤ ᠪᠠᠢ᠌ᠳᠠᠯ᠎ᠳᠠᠭᠠᠨ ᠰᠠᠭᠤᠷᠢᠯᠠᠨ᠂ ᠥᠷᠨᠢᠭᠦᠯᠦᠭᠰᠡᠨ ᠭᠣᠣᠯ ᠰᠡᠳᠦᠪᠲᠦ ᠬᠥᠮᠦᠵᠢᠯ᠎ᠲᠠᠢ ᠤᠶᠠᠯᠳᠤᠭᠤᠯᠤᠨ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠠᠵᠤ ᠠᠬᠤᠢ᠌ᠯᠠᠯ ᠪᠣᠯᠣᠨ ᠣᠯᠠᠨ ᠲᠦᠮᠡᠨ᠎ᠤ ᠲᠤᠰ ᠪᠡᠶ᠎ᠡ ᠵᠢᠨ ᠬᠡᠷᠡᠭᠴᠡᠭᠡ᠎ᠳᠤ ᠭᠣᠣᠯᠳᠠᠯᠭ᠎ᠠ᠎ᠪᠠᠨ ᠲᠥᠪᠯᠡᠷᠡᠭᠦᠯᠵᠦ᠂ 《ᠠᠷᠠᠳ᠎ᠤᠨ ᠰᠠᠨᠠᠭ᠎ᠠ ᠵᠢ ᠣᠢ᠌ᠯᠠᠭ᠋ᠠᠬᠤ᠂ ᠠᠷᠠᠳ᠎ᠤᠨ ᠵᠣᠪᠠᠭᠤᠷᠢ ᠵᠢ ᠰᠢᠢ᠍ᠳᠪᠦᠷᠢᠯᠡᠬᠦ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ》 ᠲᠤᠰᠬᠠᠢ ᠠᠵᠢᠯᠯᠠᠭ᠎ᠠ ᠵᠢ ᠨᠠᠷᠢᠨ ᠨᠢᠮᠪᠠᠢ ᠵᠣᠬᠢᠶᠠᠨ ᠪᠠᠢ᠌ᠭᠤᠯᠤᠨ ᠥᠷᠨᠢᠭᠦᠯᠵᠦ᠂ ᠠᠵᠢᠯ ᠶᠠᠪᠤᠳᠠᠯ ᠭᠦᠢ᠍ᠴᠡᠳᠬᠡᠬᠦ᠎ᠳᠤ ᠪᠡᠷᠬᠡ ᠠᠰᠠᠭᠤᠳᠠᠯ᠂ ᠬᠦᠴᠢᠷ ᠠᠰᠠᠭᠤᠳᠠᠯ᠂ ᠡᠪᠡᠷᠰᠢᠶᠡᠯ᠎ᠲᠠᠢ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ᠂ ᠠᠷᠠᠳ᠎ᠤᠨ ᠰᠠᠨᠠᠭ᠋ᠠᠨ᠎ᠳᠤ ᠨᠡᠢ᠌ᠴᠡᠬᠦ ᠠᠵᠢᠯ᠎ᠢ ᠣᠯᠠᠨ ᠲᠦᠮᠡᠨ᠎ᠤ ᠰᠡᠳᠬᠢᠯ᠎ᠳᠤ ᠨᠡᠢ᠌ᠴᠡᠭᠦᠯᠬᠦ᠎ᠪᠠᠷ ᠴᠢᠷᠮᠠᠢ᠌ᠵᠤ᠂ 《ᠦᠢ᠍ᠯᠡᠴᠢᠯᠡᠬᠦ᠎ᠳᠤ ᠬᠠᠯᠠᠭᠤᠨ ᠳᠤᠯᠠᠭ᠋ᠠᠨ᠂ ᠠᠵᠢᠯ ᠶᠠᠪᠤᠳᠠᠯ ᠭᠦᠢ᠍ᠴᠡᠳᠬᠡᠬᠦ᠎ᠳᠤ ᠬᠤᠷᠳᠤᠴᠠ᠎ᠲᠠᠢ》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠠᠷᠠᠲᠤ ᠲᠥᠷᠥᠯ ᠲᠡᠮᠳᠡᠭᠲᠦ ᠵᠢ ᠪᠥᠬᠥ ᠬᠦᠴᠦᠨ ᠵᠶ᠋ᠡᠷ ᠵᠶ᠋ᠡᠨ ᠪᠣᠶ ᠪᠣᠯᠭ᠋ᠠᠵᠤ᠂ ᠪᠣᠳᠠᠲᠤ ᠠᠵᠢᠯᠯᠠᠭ᠎ᠠ ᠪᠠ ᠦᠷ᠎ᠡ ᠪᠦᠲᠦᠮᠵᠢ᠎ᠪᠠᠷ ᠵᠶ᠋ᠡᠨ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠰᠠᠢ᠌ᠨ ᠰᠠᠢ᠌ᠬᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠪᠣᠶ ᠪᠣᠯᠭ᠋ᠠᠵᠤ᠂ ᠮᠠᠨ᠎ᠤ ᠣᠷᠣᠨ᠎ᠤ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠪᠦᠲᠦᠮᠵᠢᠲᠡᠶ᠎ᠪᠠᠷ ᠠᠬᠢᠭᠤᠯᠪᠠ ᠃
ᠨᠢᠭᠡ᠂ 《ᠨᠢᠭᠡ ᠰᠦᠯᠵᠢᠶ᠎ᠡ᠎ᠪᠠᠷ ᠪᠦᠬᠦᠨ᠎ᠢ ᠭᠦᠢ᠍ᠴᠡᠳᠬᠡᠬᠦ 》 ᠴᠢᠳᠠᠪᠤᠷᠢ᠎ᠪᠠᠨ ᠦᠷᠭᠦᠯᠵᠢᠯᠡᠨ ᠳᠡᠭᠡᠭᠰᠢᠯᠡᠭᠦᠯᠵᠦ᠂ ᠦᠢ᠍ᠯᠡᠴᠢᠯᠡᠭᠡ ᠵᠢ ᠨᠠᠩ ᠥᠨᠳᠥᠷ ᠦᠷ᠎ᠡ ᠪᠦᠲᠦᠮᠵᠢ᠎ᠲᠠᠢ ᠪᠣᠯᠭ᠋ᠠᠪᠠ
ᠪᠥᠬᠥ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠨᠠᠷᠢᠯᠢᠭᠵᠢᠭᠤᠯᠬᠤ᠂ ᠮᠥᠬᠥᠯᠢᠭᠵᠢᠭᠦᠯᠬᠦ᠂ ᠠᠬᠤᠢ ᠪᠠᠶ᠋ᠢᠳᠠᠯᠵᠢᠭᠤᠯᠤᠨ ᠡᠮᠬᠢᠯᠡᠬᠦ ᠠᠵᠢᠯ᠎ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ)᠂ ᠭᠠᠴᠠᠭ᠎ᠠ ᠲᠣᠰᠬᠣᠨ (ᠨᠡᠢ᠌ᠭᠡᠮ ᠲᠣᠭᠣᠷᠢᠭ) ᠲᠠᠪᠤᠨ ᠱᠠᠲᠤᠨ᠎ᠤ 60 ᠲᠦᠮᠡᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 《ᠨᠢᠭᠡ ᠰᠦᠯᠵᠢᠶᠡᠨ᠎ᠳᠤ ᠣᠷᠣᠭᠤᠯᠪᠠᠯ᠂ ᠨᠡᠢ᠌ᠳᠡᠮ ᠭᠦᠢ᠍ᠴᠡᠳᠬᠡᠵᠦ ᠪᠣᠯᠬᠤ》 ᠵᠢ ᠪᠡᠶᠡᠯᠡᠭᠦᠯᠵᠦ᠂ ᠪᠥᠬᠥ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠰᠦᠯᠵᠢᠶᠡᠨ ᠳᠡᠭᠡᠷ᠎ᠡ ᠭᠦᠢ᠍ᠴᠡᠳᠬᠡᠵᠦ ᠪᠣᠯᠬᠤ ᠨᠣᠷᠮ᠎ᠠ ᠵᠢ 98%᠎ᠳᠤ ᠬᠦᠷᠦᠭᠦᠯᠵᠦ᠂ ᠳᠡᠮᠵᠢᠬᠦ ᠪᠥᠬᠥ ᠶᠠᠪᠤᠴᠠ ᠵᠢᠨ ᠰᠦᠯᠵᠢᠶᠡᠨ ᠳᠡᠭᠡᠷ᠎ᠡ ᠭᠦᠢ᠍ᠴᠡᠳᠬᠡᠬᠦ ᠨᠣᠷᠮ᠎ᠠ 85%᠎ᠠᠴᠠ ᠲᠡᠭᠡᠭᠰᠢ᠎ᠳᠤ ᠬᠦᠷᠪᠡ ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠵᠠᠭᠤᠴᠢ ᠦᠢ᠍ᠯᠡᠴᠢᠯᠡᠭᠡᠨ᠎ᠤ 81 ᠵᠦᠢ᠍ᠯᠡᠰ᠎ᠢ ᠢᠯᠭ᠋ᠠᠷᠠᠭᠤᠯᠤᠨ ᠵᠢᠷᠤᠮᠵᠢᠭᠤᠯᠵᠤ᠂ ᠣᠯᠠᠨ ᠠᠵᠤ ᠠᠬᠤᠢ᠌ᠯᠠᠯ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ ᠶᠠᠪᠤᠴᠠ᠎ᠳᠤ ᠰᠦᠢ᠍ᠳᠬᠡᠯ ᠲᠤᠰᠢᠶᠠᠬᠤ ᠴᠢᠬᠤᠯᠠᠲᠠᠢ ᠭᠤᠷᠪᠠᠳᠤᠭ᠋ᠠᠷ ᠡᠲᠡᠭᠡᠳ᠎ᠠᠴᠠ ᠭᠠᠷᠭ᠋ᠠᠵᠤ ᠥᠭᠬᠦ ᠭᠡᠷᠡᠴᠢ ᠮᠠᠲ᠋ᠧᠷᠢᠶᠠᠯ᠎ᠢ ᠪᠠᠭ᠋ᠠᠰᠬᠠᠪᠠ; ᠢᠯᠠᠩᠭᠤᠶ᠎ᠠ 《ᠬᠣᠶᠠᠷ ᠰᠢᠯᠢᠳᠡᠭ》 ᠲᠤᠰᠬᠠᠢ ᠠᠵᠢᠯᠯᠠᠭ᠎ᠠ ᠬᠢᠭᠰᠡᠨ᠎ᠠᠴᠠ ᠨᠠᠭ᠋ᠠᠰᠢ ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠷᠬᠡ ᠵᠢᠨ ᠵᠦᠢ᠍ᠯᠡᠰ᠎ᠤᠨ 72 ᠵᠦᠢ᠍ᠯ᠎ᠢ ᠬᠦᠴᠦᠨ ᠦᠭᠡᠢ ᠪᠣᠯᠭ᠋ᠠᠵᠤ᠂ 679 ᠵᠦᠢ᠍ᠯ᠎ᠢ ᠳᠣᠷᠣᠭᠰᠢ ᠪᠠᠭᠤᠯᠭ᠋ᠠᠨ᠂ ᠬᠡᠷᠡᠭ ᠭᠦᠢ᠍ᠴᠡᠳᠬᠡᠬᠦ ᠴᠠᠭ᠎ᠤᠨ ᠬᠢᠵᠠᠭ᠋ᠠᠷ᠎ᠢ 49.4%᠂ ᠭᠣᠭᠴᠣᠭ᠎ᠠ ᠵᠢ 20.8%᠂ ᠮᠠᠲ᠋ᠧᠷᠢᠶᠠᠯ᠎ᠢ 26.5%᠎ᠪᠠᠷ ᠪᠠᠭ᠋ᠠᠰᠬᠠᠪᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ ᠵᠢ 1114 ᠵᠦᠢ᠍ᠯ᠎ᠤᠨ ᠣᠨᠴᠠᠯᠢᠭᠲᠤ ᠬᠡᠷᠡᠭᠯᠡᠭᠡᠨ᠎ᠳᠤ ᠵᠠᠯᠭ᠋ᠠᠨ ᠣᠷᠣᠭᠤᠯᠵᠤ᠂ 2707 ᠣᠨᠴᠠᠯᠢᠭᠲᠤ ᠲᠤᠰᠬᠠᠢ ᠰᠡᠳᠦᠪᠲᠦ ᠦᠢ᠍ᠯᠡᠴᠢᠯᠡᠭᠡ ᠵᠢ ᠲᠣᠬᠢᠷᠠᠭᠤᠯᠤᠨ᠂ ᠨᠡᠶ᠋ᠢᠲᠡ 6399 ᠲᠦᠮᠡᠨ ᠤᠳᠠᠭ᠎ᠠ ᠰᠤᠷᠪᠤᠯᠵᠢᠯᠠᠵᠤ᠂ ᠡᠳᠦᠷ ᠳᠤᠮᠳᠠᠴᠢ ᠵᠢᠨ ᠰᠣᠷᠪᠤᠯᠵᠢᠯᠠᠭ᠎ᠠ 5.1 ᠲᠦᠮᠡᠨ ᠤᠳᠠᠭ᠎ᠠ᠎ᠳᠤ ᠬᠥᠷᠪᠡ; ᠪᠥᠬᠥ ᠣᠷᠣᠨ᠎ᠤ ᠡᠯᠧᠺᠲᠷᠣᠨ ᠦᠨᠡᠮᠯᠡᠯ᠎ᠤᠨ ᠲᠣᠭ᠎ᠠ ᠪᠠᠷᠢᠮᠲᠠ᠎ᠨᠢ ᠨᠢᠭᠡᠨᠲᠡ 640 ᠲᠥᠷᠥᠯ᠎ᠤᠨ ᠨᠡᠶ᠋ᠢᠲᠡ 6980 ᠲᠦᠮᠡᠨ ᠵᠤᠷᠪᠤᠰ᠎ᠢ ᠬᠤᠷᠠᠮᠳᠤᠭᠤᠯᠵᠤ᠂ ᠨᠡᠶ᠋ᠢᠲᠡ ᠬᠠᠮᠲᠤ᠎ᠪᠠᠷ ᠡᠳ᠋ᠯᠡᠵᠦ ᠰᠢᠯᠵᠢᠭᠦᠯᠦᠨ ᠬᠡᠷᠡᠭᠯᠡᠭᠰᠡᠨ ᠬᠡᠮᠵᠢᠶ᠎ᠡ 11 ᠳ᠋ᠦᠩᠰᠢᠭᠤᠷ ᠤᠳᠠᠭ᠎ᠠ ᠵᠢ ᠳᠠᠪᠠᠪᠠ; 《ᠦᠨᠡᠮᠯᠡᠯ᠎ᠢ ᠬᠡᠯᠲᠦᠷᠢᠭᠦᠯᠦᠨ ᠭᠦᠢ᠍ᠴᠡᠳᠭᠡᠬᠦ 》 ᠵᠢ ᠥᠨᠳᠥᠷ ᠪᠦᠲᠦᠮᠵᠢᠲᠡᠶ᠎ᠪᠠᠷ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 485 ᠤᠴᠢᠷ ᠶᠠᠪᠤᠳᠠᠯ᠂ ᠪᠥᠬᠥ ᠣᠷᠣᠨ᠎ᠤ 12.4 ᠲᠦᠮᠡᠨ ᠤᠴᠢᠷ ᠶᠠᠪᠤᠳᠠᠯ᠎ᠳᠤ 《ᠦᠨᠡᠮᠯᠡᠯ᠎ᠢ ᠬᠡᠯᠲᠦᠷᠢᠭᠦᠯᠦᠨ ᠭᠦᠢ᠍ᠴᠡᠳᠭᠡᠬᠦ 》 ᠵᠢ ᠪᠡᠶᠡᠯᠡᠭᠦᠯᠪᠡ; ᠰᠠᠯᠠᠭ᠎ᠠ ᠮᠥᠴᠢᠷ ᠠᠯᠤᠰᠯᠠᠭᠰᠠᠨ ᠬᠡᠷᠡᠭ ᠶᠠᠪᠤᠳᠠᠯ᠎ᠢ 《ᠲᠥᠪᠯᠡᠷᠡᠭᠦᠯᠦᠨ ᠭᠦᠢ᠍ᠴᠡᠳᠬᠡᠬᠦ》 ᠵᠢ ᠨᠠᠩ ᠣᠯᠠᠨ ᠭᠠᠷᠭ᠋ᠠᠵᠤ᠂ ᠪᠥᠬᠥ ᠣᠷᠣᠨ᠎ᠳᠤ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠬᠡᠬᠦ》 ᠴᠣᠩᠬᠣ 1200 ᠭᠠᠷᠤᠢ ᠭᠠᠷᠭ᠋ᠠᠵᠤ᠂ 115 ᠵᠦᠢ᠍ᠯ᠎ᠤᠨ 《ᠨᠢᠭᠡ ᠶᠠᠪᠤᠳᠠᠯ》᠎ᠢ ᠦᠨᠳᠦᠰᠦᠨ᠎ᠳᠡᠭᠡᠨ ᠳᠠᠭ᠋ᠠᠭ᠋ᠠᠨ ᠠᠪᠴᠤ ᠭᠦᠢ᠍ᠴᠡᠳᠬᠡᠬᠦ᠂ ᠨᠢᠭᠡ ᠯᠡ ᠤᠳᠠᠭ᠎ᠠ᠎ᠳᠤ ᠭᠦᠢ᠍ᠴᠡᠳᠬᠡᠬᠦ ᠵᠢ ᠪᠡᠶᠡᠯᠡᠭᠦᠯᠵᠦ᠂ ᠭᠦᠢ᠍ᠴᠡᠳᠬᠡᠬᠦ ᠵᠦᠢ᠍ᠯ᠎ᠤᠨ ᠲᠣᠭ᠎ᠠ 102 ᠲᠦᠮᠡ ᠭᠠᠷᠤᠢ᠎ᠳᠤ ᠬᠦᠷᠴᠦ ᠂ ᠭᠦᠢ᠍ᠴᠡᠳᠬᠡᠬᠦ ᠴᠠᠭ᠂ ᠭᠣᠭᠴᠣᠭ᠎ᠠ᠂ ᠮᠠᠲ᠋ᠧᠷᠢᠶᠠᠯ᠎ᠢ ᠳᠤᠮᠳᠠᠴᠢ᠎ᠪᠠᠷ 57%᠎ᠪᠠᠷ ᠪᠠᠭ᠋ᠠᠰᠬᠠᠪᠠ; ᠪᠥᠬᠥ ᠣᠷᠣᠨ᠎ᠤ ᠰᠠᠶᠢ ᠲᠥᠷᠥᠭᠰᠡᠨ ᠬᠡᠦᠬᠡᠳ᠎ᠤᠨ 《ᠨᠢᠭᠡ ᠶᠠᠪᠤᠳᠠᠯ》᠎ᠢ ᠪᠥᠬᠥ ᠶᠠᠪᠤᠴᠠ᠎ᠳᠤ ᠰᠦᠯᠵᠢᠶᠡᠨ ᠳᠡᠭᠡᠷ᠎ᠡ ᠭᠦᠢ᠍ᠴᠡᠳᠬᠡᠬᠦ ᠵᠢ ᠪᠡᠶᠡᠯᠡᠭᠦᠯᠵᠦ᠂ ᠰᠦᠯᠵᠢᠶᠡᠨ ᠳᠡᠭᠡᠷ᠎ᠡ ᠨᠡᠶ᠋ᠢᠲᠡ 1.41 ᠲᠦᠮᠡᠨ ᠵᠦᠢ᠍ᠯ᠎ᠢ ᠭᠥᠯᠢᠶᠡᠨ ᠠᠪᠴᠤ ᠰᠢᠢ᠍ᠳᠪᠦᠷᠢᠯᠡᠵᠡᠢ; 《ᠨᠢᠭᠡ ᠰᠦᠯᠵᠢᠶ᠎ᠡ᠎ᠪᠠᠷ ᠨᠡᠢ᠌ᠳᠡᠮ ᠭᠦᠢ᠍ᠴᠡᠳᠬᠡᠬᠦ》 ᠲᠣᠭ᠎ᠠ ᠪᠠᠷᠢᠮᠲᠠ ᠵᠢᠨ ᠰᠠᠭᠤᠷᠢ ᠵᠢ ᠪᠥᠬᠥ ᠲᠠᠯ᠎ᠠ᠎ᠪᠠᠷ ᠪᠡᠬᠢᠵᠢᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠭ᠎ᠠ ᠪᠠᠷᠢᠮᠲᠠ ᠵᠢ 12.3 ᠳ᠋ᠦᠩᠰᠢᠭᠤᠷ ᠵᠤᠷᠪᠤᠰ ᠬᠤᠷᠠᠮᠳᠤᠭᠤᠯᠵᠤ᠂ ᠡᠨᠡ ᠵᠢᠯ᠎ᠤᠨ 1 ᠰᠠᠷ᠎ᠠ᠎ᠠᠴᠠ ᠣᠲᠣ ᠪᠣᠯᠲᠠᠯ᠎ᠠ᠂ ᠲᠣᠭ᠎ᠠ ᠪᠠᠷᠢᠮᠲᠠ ᠵᠢ ᠰᠢᠯᠵᠢᠭᠦᠯᠦᠨ ᠬᠡᠷᠡᠭᠯᠡᠭᠰᠡᠨ ᠬᠡᠮᠵᠢᠶ᠎ᠡ 100.29 ᠳ᠋ᠦᠩᠰᠢᠭᠤᠷ ᠤᠳᠠᠭ᠎ᠠ᠎ᠳᠤ ᠬᠥᠷᠪᠡ; ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠦᠯᠵᠢᠶᠡᠨ ᠳᠡᠭᠡᠷᠡᠬᠢ ᠵᠠᠭᠤᠴᠢᠯᠠᠬᠤ ᠦᠢ᠍ᠯᠡᠴᠢᠯᠡᠭᠡᠨ᠎ᠤ ᠬᠡᠲᠦ ᠳᠡᠯᠭᠡᠭᠦᠷ᠎ᠢ ᠪᠥᠬᠥ ᠣᠷᠣᠨ ᠲᠡᠢ᠌ᠰᠢ ᠥᠷᠭᠡᠳᠬᠡᠵᠦ᠂ ᠣᠳᠣᠬᠠᠨ᠎ᠳᠤ ᠲᠣᠰ ᠲᠠᠪᠴᠠᠩ᠎ᠨᠢ ᠨᠢᠭᠡᠨᠲᠡ 21 ᠲᠥᠷᠥᠯ᠎ᠤᠨ ᠬᠠᠮᠢᠶ᠎ᠠ ᠪᠦᠬᠦᠢ ᠬᠢᠷᠢ ᠬᠡᠮ᠎ᠢ ᠠᠴᠢᠶᠠᠯᠠᠵᠤ᠂ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ 3137 ᠡᠷᠦᠬᠡ᠎ᠳᠤ ᠣᠷᠣᠵᠤ ᠰᠠᠭᠤᠭᠰᠠᠨ ᠪᠠᠢ᠌ᠨ᠎ᠠ; 《ᠮᠸᠩ ᠰᠦ᠎ᠪᠠᠨ 》᠎ᠤ ᠰᠢᠯᠵᠢᠮᠡᠯ ᠬᠣᠯᠪᠣᠭ᠋ᠠᠨ᠎ᠤ ᠦᠵᠦᠭᠦᠷ᠎ᠤᠨ ᠦᠨᠡᠨ ᠨᠡᠷ᠎ᠡ᠎ᠪᠠᠷ ᠵᠶ᠋ᠡᠨ ᠳᠠᠩᠰᠠᠯᠠᠭᠤᠯᠤᠭᠰᠠᠨ ᠬᠡᠷᠡᠭᠯᠡᠭᠴᠢ 1740 ᠲᠦᠮᠡ ᠵᠢ ᠳᠠᠪᠠᠵᠤ᠂ ᠰᠤᠷᠭ᠋ᠠᠨ ᠬᠥᠮᠦᠵᠢᠯ᠂ ᠡᠮᠴᠢᠯᠡᠭᠡ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠡᠷᠭᠡ᠎ᠳᠤ 6300 ᠭᠠᠷᠤᠢ ᠵᠦᠢ᠍ᠯ᠎ᠢ ᠵᠠᠯᠭ᠋ᠠᠨ ᠣᠷᠣᠭᠤᠯᠵᠤ᠂ 《ᠪᠠᠭ᠎ᠠ ᠶᠠᠪᠤᠳᠠᠯ᠎ᠢ ᠣᠶᠤᠨ ᠵᠶ᠋ᠠᠷ ᠭᠦᠢ᠍ᠴᠡᠳᠭᠡᠬᠦ ᠂ ᠲᠥᠷᠥ ᠵᠢᠨ ᠪᠣᠳᠣᠯᠭ᠎ᠠ ᠵᠢᠨ ᠲᠣᠭᠣᠭ᠋ᠠᠨ ᠭᠡᠷ᠂ ᠠᠮᠢᠳᠤᠷᠠᠯ᠎ᠤᠨ ᠰᠦᠢ᠍ᠳᠬᠡᠯ ᠲᠤᠰᠢᠶᠠᠬᠤ》 ᠵᠡᠷᠭᠡ 21 ᠠᠵᠤ ᠠᠬᠤᠢ᠌ᠯᠠᠯ᠎ᠳᠤ ᠠᠰᠢᠭᠲᠠᠢ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠲᠤᠰᠬᠠᠢ ᠣᠷᠣᠨ᠎ᠢ ᠭᠠᠷᠭ᠋ᠠᠪᠠ᠃
ᠬᠣᠶᠠᠷ ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠢᠨ᠎ᠡ ᠵᠠᠭᠪᠤᠷ᠎ᠢ ᠲᠠᠰᠤᠷᠠᠯᠲᠠ ᠦᠭᠡᠢ ᠰᠢᠨ᠎ᠡ᠎ᠪᠠᠷ ᠡᠭᠦᠳᠴᠦ᠂ ᠦᠢ᠍ᠯᠡᠴᠢᠯᠡᠭᠡ ᠵᠢ ᠨᠠᠩ ᠴᠢᠨᠠᠷ ᠰᠠᠢ᠌ᠲᠠᠢ ᠪᠣᠯᠭ᠋ᠠᠪᠠ
ᠡᠯ᠎ᠡ ᠠᠢ᠌ᠮᠠᠭ᠎ᠤᠨ ᠬᠣᠲᠠ ᠵᠢᠨ ᠶᠠᠪᠤᠳᠠᠯ᠎ᠤᠨ ᠦᠢ᠍ᠯᠡᠴᠢᠯᠡᠭᠡᠨ᠎ᠤ ᠰᠠᠯᠠᠭ᠎ᠠ ᠮᠥᠴᠢᠷ᠎ᠤᠨ᠎ᠬᠢᠨ ᠰᠢᠨ᠎ᠡ ᠵᠠᠭᠤᠴᠢᠯᠠᠭᠤᠷ᠎ᠤᠨ ᠣᠨᠴᠠᠯᠢᠭᠲᠤ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠴᠣᠣᠷᠢᠶ᠎ᠠ ᠵᠡᠷᠭᠡ ᠣᠬᠣᠷ ᠸᠢᠳᠢᠣ᠋ ᠵᠢᠨ ᠰᠢᠭᠤᠳ ᠨᠡᠪᠲᠡᠷᠡᠭᠦᠯᠭᠡ ᠵᠢᠨ ᠲᠠᠪᠴᠠᠩ᠎ᠢ ᠠᠰᠢᠭᠯᠠᠨ᠂ 《ᠰᠢᠭᠤᠳ ᠨᠡᠪᠲᠡᠷᠡᠭᠦᠯᠭᠡ ᠵᠢᠨ ᠲᠤᠬᠠᠢ ᠵᠢᠨ ᠲᠠᠯᠠᠪᠤᠷ᠎ᠲᠤ ᠬᠠᠷᠢᠭᠤᠯᠲᠠ ᠥᠭᠬᠦ᠂ ᠦᠭᠡ ᠦᠯᠡᠳᠡᠭᠡᠬᠦ᠎ᠳᠤ ᠴᠠᠭ ᠲᠤᠬᠠᠢᠳᠤᠨᠢ ᠬᠠᠷᠢᠭᠤᠯᠲᠠ ᠥᠭᠬᠦ》 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ + ᠰᠢᠭᠤᠳ ᠨᠡᠪᠲᠡᠷᠡᠭᠦᠯᠭᠡ》 ᠵᠢᠨ ᠦᠢ᠍ᠯᠡᠴᠢᠯᠡᠭᠡᠨ᠎ᠤ ᠰᠢᠨ᠎ᠡ ᠵᠠᠭᠪᠤᠷ᠎ᠢ ᠪᠠᠢ᠌ᠭᠤᠯᠵᠤ᠂ ᠡᠭᠦᠯᠡᠨ ᠳᠡᠭᠡᠷ᠎ᠡ ᠨᠡᠪᠲᠡᠷᠡᠬᠦ ᠵᠠᠮ᠂ ᠰᠦᠯᠵᠢᠶᠡᠨ ᠳᠡᠭᠡᠷ᠎ᠡ ᠤᠬᠠᠭᠤᠯᠤᠨ ᠲᠠᠢ᠌ᠯᠪᠤᠷᠢᠯᠠᠬᠤ᠂ ᠰᠢᠭᠤᠳ ᠨᠡᠪᠲᠡᠷᠡᠭᠦᠯᠭᠡ ᠵᠢᠨ ᠲᠠᠰᠤᠭ᠎ᠲᠤ ᠮᠠᠳᠠᠭ᠎ᠲᠠᠢ ᠠᠰᠠᠭᠤᠳᠠᠯ᠎ᠢ ᠲᠠᠢ᠌ᠯᠪᠤᠷᠢᠯᠠᠨ ᠲᠥᠭᠡᠷᠢᠭᠳᠡᠯ᠎ᠢ ᠲᠠᠢ᠌ᠯᠬᠤ᠎ᠪᠠᠷ ᠳᠠᠮᠵᠢᠭᠤᠯᠤᠨ᠂ ᠠᠵᠤ ᠠᠬᠤᠢ᠌ᠯᠠᠯ᠂ ᠣᠯᠠᠨ ᠲᠦᠮᠡᠨ᠎ᠲᠠᠢ ᠰᠠᠭ᠋ᠠᠳ ᠦᠭᠡᠢ ᠰᠣᠯᠢᠯᠴᠠᠬᠤ ᠵᠢ ᠪᠡᠶᠡᠯᠡᠭᠦᠯᠵᠦ᠂ ᠠᠵᠤ ᠠᠬᠤᠢ᠌ᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠰᠢᠢ᠍ᠳᠪᠦᠷᠢᠯᠡᠬᠦ ᠵᠢᠨ ᠣᠢ᠌ᠯᠠᠭ᠋ᠠᠯᠲᠠ ᠪᠠ ᠲᠥᠬᠥᠮ ᠦᠵᠡᠭᠦᠯᠬᠦ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠢ᠌ᠯᠠᠯ ᠪᠠ ᠣᠯᠠᠨ ᠲᠦᠮᠡᠨ᠎ᠤ ᠮᠠᠭᠲᠠᠭ᠋ᠠᠯ ᠰᠠᠢ᠌ᠰᠢᠶᠠᠯ᠎ᠢ ᠣᠯᠪᠠ᠃ ᠣᠳᠣᠬᠠᠨ᠎ᠳᠤ᠂ ᠪᠥᠬᠥ ᠣᠷᠣᠨ᠎ᠳᠤ ᠵᠠᠰᠠᠭ᠎ᠤᠨ ᠶᠠᠪᠤᠳᠠᠯ᠎ᠤᠨ ᠰᠢᠭᠤᠳ ᠨᠡᠪᠲᠡᠷᠡᠭᠦᠯᠭᠡ ᠵᠢᠨ ᠲᠠᠩᠰᠠᠨ ᠨᠣᠮᠧᠷ᠎ᠢ ᠨᠡᠶ᠋ᠢᠲᠡ 100 ᠭᠠᠷᠤᠢ ᠡᠭᠦᠳᠦᠨ ᠪᠠᠢ᠌ᠭᠤᠯᠵᠤ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠵᠢ 2 ᠲᠦᠮᠡ ᠭᠠᠷᠤᠢ ᠤᠳᠠᠭ᠎ᠠ ᠥᠷᠨᠢᠭᠦᠯᠵᠦ᠂ ᠡᠯ᠎ᠡ ᠲᠥᠷᠥᠯ᠎ᠤᠨ ᠠᠰᠠᠭᠤᠳᠠᠯ᠎ᠢ ᠨᠡᠶ᠋ᠢᠲᠡ 20 ᠲᠦᠮᠡ ᠭᠠᠷᠤᠢ ᠬᠠᠷᠢᠭᠤᠯᠵᠤ᠂ ᠰᠦᠯᠵᠢᠶᠡᠨ ᠳᠡᠭᠡᠷᠡᠬᠢ ᠯᠠᠪᠯᠠᠯᠭ᠎ᠠ᠎ᠳᠤ ᠬᠠᠷᠢᠭᠤᠯᠲᠠ ᠥᠭᠬᠦ ᠲᠠᠯ᠎ᠠ᠎ᠪᠠᠷ 50 ᠲᠦᠮᠡ ᠭᠠᠷᠤᠢ ᠵᠤᠷᠪᠤᠰ᠎ᠲᠤ ᠬᠦᠷᠦᠭᠰᠡᠨ ᠪᠠᠢ᠌ᠨ᠎ᠠ᠃ 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ + ᠰᠢᠭᠤᠳ ᠨᠡᠪᠲᠡᠷᠡᠭᠦᠯᠭᠡ》 ᠵᠢᠨ ᠦᠢ᠍ᠯᠡᠴᠢᠯᠡᠭᠡᠨ᠎ᠤ ᠰᠢᠨ᠎ᠡ ᠵᠠᠭᠪᠤᠷ᠎ᠢ ᠪᠠᠶ᠋ᠢᠭᠤᠯᠬᠤ᠎ᠪᠠᠷ ᠳᠠᠮᠵᠢᠭᠤᠯᠤᠨ᠂ ᠲᠥᠷᠥ ᠵᠢᠨ ᠪᠣᠳᠣᠯᠭ᠎ᠠ ᠵᠢᠨ ᠮᠡᠳᠡᠭᠡ ᠵᠠᠩᠭᠢ᠎ᠨᠢ ᠲᠡᠭᠰᠢ ᠬᠡᠮ ᠦᠭᠡᠢ᠂ ᠰᠦᠯᠵᠢᠶᠡᠨ ᠳᠡᠭᠡᠷ᠎ᠡ ᠤᠴᠢᠷ ᠶᠠᠪᠤᠳᠠᠯ᠎ᠢ ᠰᠢᠢ᠍ᠳᠪᠦᠷᠢᠯᠡᠵᠦ ᠴᠢᠳᠠᠬᠤ ᠦᠭᠡᠢ᠂ ᠶᠡᠬᠡ ᠲᠢᠩᠬᠢᠮ᠎ᠳᠤ ᠤᠴᠢᠷ ᠶᠠᠪᠤᠳᠠᠯ᠎ᠢ ᠰᠢᠢ᠍ᠳᠪᠦᠷᠢᠯᠡᠬᠦ᠎ᠳᠤ ᠬᠡᠷᠡᠭᠰᠡᠬᠦ ᠮᠠᠲ᠋ᠧᠷᠢᠶᠠᠯ᠎ᠢ ᠤᠷᠢᠳᠴᠢᠯᠠᠨ ᠲᠣᠳᠣᠷᠬᠠᠢ ᠣᠢ᠌ᠯᠠᠭ᠋ᠠᠭᠰᠠᠨ ᠦᠭᠡᠢ᠎ᠠᠴᠠ ᠪᠣᠯᠤᠭᠰᠠᠨ 《ᠣᠯᠠᠨ ᠤᠳᠠᠭ᠎ᠠ ᠭᠦᠶᠦᠬᠦ᠂ ᠨᠠᠭ᠋ᠠᠰᠢ ᠴᠠᠭ᠋ᠠᠰᠢ ᠭᠦᠶᠦᠬᠦ》 ᠵᠡᠷᠭᠡ ᠲᠦᠭᠵᠢᠷᠡᠯ᠎ᠲᠠᠢ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠪᠡ ᠃ ᠣᠢ᠌ᠷ᠎ᠠ᠎ᠳᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠪᠥᠬᠥ ᠤᠯᠤᠰ᠎ᠤᠨ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠳᠤ ᠲᠦᠰᠢᠭᠯᠡᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ ᠪᠠᠢ᠌ᠩᠭᠤ ᠵᠢᠨ ᠠᠵᠢᠯ᠎ᠤᠨ ᠲᠣᠭᠲᠠᠴᠠ ᠵᠢ ᠪᠠᠶ᠋ᠢᠭᠤᠯᠬᠤ ᠲᠤᠬᠠᠢ ᠰᠠᠨᠠᠯ》 (ᠲᠥᠷᠥ ᠠᠯᠪᠠᠨ ᠲᠠᠷᠬᠠᠭ᠋ᠠᠭᠰᠠᠨ [2023] 29 ᠳ᠋ᠤᠭᠡᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ 57 ᠵᠦᠢ᠍ᠯ᠎ᠤᠨ ᠣᠷᠣᠨ ᠨᠤᠲᠤᠭ᠎ᠤᠨ ᠰᠠᠯᠠᠭ᠎ᠠ ᠮᠥᠴᠢᠷ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠦᠴᠦᠨ ᠴᠢᠳᠠᠪᠤᠷᠢ ᠵᠢ ᠳᠡᠭᠡᠭᠰᠢᠯᠡᠭᠦᠯᠦᠭᠰᠡᠨ ᠨᠡᠢ᠌ᠲᠡᠯᠢᠭ ᠲᠤᠷᠰᠢᠯᠭ᠎ᠠ ᠵᠢᠨ ᠬᠡᠷᠡᠭ᠎ᠤᠨ ᠵᠢᠱ᠌ᠢᠶ᠎ᠡ ᠵᠢ ᠡᠮᠬᠢᠯᠡᠨ ᠬᠤᠷᠢᠶᠠᠩᠭᠤᠢ᠌ᠯᠠᠵᠤ᠂ ᠮᠠᠨ᠎ᠤ ᠣᠷᠣᠨ᠎ᠤ 《ᠢᠨᠲ᠋ᠧᠷ ᠰᠦᠯᠵᠢᠶ᠎ᠡ + ᠰᠢᠭᠤᠳ ᠨᠡᠪᠲᠡᠷᠡᠭᠦᠯᠭᠡ》 ᠵᠢᠨ ᠦᠢ᠍ᠯᠡᠴᠢᠯᠡᠭᠡᠨ᠎ᠤ ᠰᠢᠨ᠎ᠡ ᠵᠠᠭᠪᠤᠷ᠎ᠢ ᠬᠡᠷᠡᠭᠯᠡᠭᠰᠡᠨ ᠬᠡᠷᠡᠭ᠎ᠤᠨ ᠵᠢᠱ᠌ᠢᠶ᠎ᠡ ᠵᠢ ᠠᠮᠵᠢᠯᠲᠠ᠎ᠲᠠᠢ ᠰᠣᠩᠭᠣᠪᠠ᠃
ᠭᠤᠷᠪᠠ᠂ 《ᠪᠥᠬᠥ ᠣᠷᠣᠨ᠎ᠤ ᠨᠡᠢ᠌ᠳᠡᠮ ᠭᠦᠢ᠍ᠴᠡᠳᠭᠡᠬᠦ》 ᠥᠭᠡᠷᠡᠴᠢᠯᠡᠯᠲᠡ ᠵᠢ ᠲᠦᠷᠭᠡᠳᠬᠡᠨ ᠠᠬᠢᠭᠤᠯᠵᠤ᠂ ᠦᠢ᠍ᠯᠡᠴᠢᠯᠡᠭᠡ ᠵᠢ ᠨᠠᠩ ᠳᠥᠭᠥᠮ ᠳᠥᠲᠡ ᠪᠣᠯᠭ᠋ᠠᠪᠠ
ᠠᠵᠤ ᠠᠬᠤᠢ᠌ᠯᠠᠯ ᠪᠠ ᠣᠯᠠᠨ ᠲᠦᠮᠡᠨ᠎ᠤ ᠣᠨᠳᠣᠣ ᠭᠠᠵᠠᠷ᠎ᠲᠤ ᠠᠵᠢᠯ ᠶᠠᠪᠤᠳᠠᠯ ᠭᠦᠢ᠍ᠴᠡᠳᠬᠡᠬᠦ᠎ᠳᠤ 《ᠣᠯᠠᠨ ᠭᠠᠵᠠᠷ ᠵᠶ᠋ᠠᠷ ᠭᠦᠶᠦᠬᠦ》 《ᠪᠤᠴᠠᠵᠤ ᠭᠦᠶᠦᠬᠦ》 ᠠᠰᠠᠭᠤᠳᠠᠯ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠪᠦᠬᠦᠨ᠎ᠢ ᠬᠠᠮᠤᠷᠤᠭᠰᠠᠨ》 ᠲᠥᠷᠥ ᠵᠢᠨ ᠪᠣᠳᠣᠯᠭ᠎ᠠ ᠵᠢ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠬᠤ᠂ 《ᠨᠢᠭᠡ ᠴᠣᠭᠴᠠᠵᠢᠭᠤᠯᠬᠤ》 ᠵᠦᠢ᠍ᠯᠡᠰ᠎ᠤᠨ ᠪᠠᠷᠢᠮᠵᠢᠶ᠎ᠠ ᠵᠢᠨ ᠵᠢᠷᠤᠮᠵᠢᠭᠤᠯᠬᠤ ᠵᠢ ᠢᠳᠡᠪᠬᠢᠲᠡᠢ᠎ᠪᠠᠷ ᠲᠦᠯᠬᠢᠨ ᠠᠬᠢᠭᠤᠯᠵᠤ᠂ 《ᠨᠢᠭᠡ ᠬᠥᠯᠭᠡ ᠰᠢᠲᠠᠷ᠎ᠠ》᠎ᠳᠤ ᠲᠤᠰᠬᠠᠢ ᠣᠷᠣᠨ᠎ᠤ ᠲᠤᠰᠬᠠᠢ ᠴᠣᠩᠬᠣ ᠵᠢ ᠨᠡᠮᠡᠨ ᠪᠠᠢ᠌ᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ᠎ᠠᠴᠠ ᠭᠠᠳᠠᠨ᠎ᠠ ᠵᠡᠷᠭᠡ᠎ᠪᠠᠷ ᠬᠦᠴᠦᠯᠡᠵᠦ᠂ 《ᠪᠥᠬᠥ ᠣᠷᠣᠨ᠎ᠤ ᠨᠡᠢ᠌ᠳᠡᠮ ᠭᠦᠢ᠍ᠴᠡᠳᠭᠡᠬᠦ》 ᠥᠭᠡᠷᠡᠴᠢᠯᠡᠯᠲᠡ ᠵᠢ ᠲᠦᠷᠭᠡᠳᠬᠡᠨ ᠠᠬᠢᠭᠤᠯᠪᠠ ᠃ 156 ᠵᠦᠢ᠍ᠯ᠎ᠤᠨ 《ᠪᠥᠬᠥ ᠣᠷᠣᠨ᠎ᠤ ᠨᠡᠢ᠌ᠳᠡᠮ ᠭᠦᠢ᠍ᠴᠡᠳᠭᠡᠬᠦ 》 ᠵᠦᠢ᠍ᠯᠡᠰ᠎ᠤᠨ ᠨᠠᠷᠢᠨ ᠬᠠᠭᠤᠳᠠᠰᠤ ᠵᠢ ᠡᠮᠬᠢᠯᠡᠨ ᠨᠡᠢ᠌ᠲᠡᠯᠡᠵᠦ᠂ ᠵᠢᠷᠤᠮᠵᠢᠭᠰᠠᠨ ᠥᠯᠢᠭᠡᠷ ᠬᠦᠰᠦᠨᠦᠭᠲᠦ ᠵᠢᠨ ᠬᠠᠭᠤᠳᠠᠰᠤ ᠵᠢ 100 ᠭᠠᠷᠤᠢ ᠬᠤᠪᠢ ᠨᠡᠢ᠌ᠲᠡᠯᠡᠵᠦ᠂ 《ᠪᠥᠬᠥ ᠣᠷᠣᠨ᠎ᠤ ᠨᠡᠢ᠌ᠳᠡᠮ ᠭᠦᠢ᠍ᠴᠡᠳᠭᠡᠬᠦ 》 ᠲᠤᠰᠬᠠᠢ ᠴᠣᠩᠬᠣ ᠵᠢ 121 ᠨᠡᠮᠡᠨ ᠪᠠᠢ᠌ᠭᠤᠯᠵᠤ᠂ 《ᠪᠥᠬᠥ ᠣᠷᠣᠨ᠎ᠤ ᠨᠡᠢ᠌ᠳᠡᠮ ᠭᠦᠢ᠍ᠴᠡᠳᠭᠡᠬᠦ 》 ᠠᠵᠢᠯᠲᠠᠨ 279 ᠬᠥᠮᠥᠨ᠎ᠢ ᠲᠣᠬᠢᠷᠠᠭᠤᠯᠤᠨ᠂ ᠰᠢᠯᠵᠢᠭᠦᠯᠦᠨ ᠭᠦᠢ᠍ᠴᠡᠳᠬᠡᠬᠦ ᠵᠢ ᠭᠥᠯᠢᠶᠡᠨ ᠠᠪᠴᠤ ᠰᠢᠢ᠍ᠳᠪᠦᠷᠢᠯᠡᠬᠦ ᠴᠠᠭ᠎ᠤᠨ ᠬᠢᠵᠠᠭ᠋ᠠᠷ ᠪᠠ ᠰᠠᠯᠠᠭ᠎ᠠ ᠮᠥᠴᠢᠷ᠎ᠤᠨ ᠬᠢᠨᠠᠨ ᠵᠥᠪᠰᠢᠶᠡᠷᠡᠵᠦ ᠭᠦᠢ᠍ᠴᠡᠳᠬᠡᠬᠦ ᠴᠠᠭ᠎ᠤᠨ ᠬᠢᠵᠠᠭ᠋ᠠᠷ᠎ᠢ ᠤᠯᠠᠮ ᠨᠢᠭᠡ ᠠᠯᠬᠤᠮ ᠲᠣᠳᠣᠷᠬᠠᠢ᠌ᠯᠠᠵᠤ᠂ ᠨᠢᠭᠡ ᠤᠳᠠᠭ᠎ᠠ᠎ᠳᠤ ᠲᠤᠰᠢᠶᠠᠬᠤ᠂ ᠨᠢᠭᠡ ᠴᠣᠩᠬᠣ᠎ᠪᠠᠷ ᠰᠢᠯᠵᠢᠭᠦᠯᠦᠨ ᠭᠦᠢ᠍ᠴᠡᠳᠬᠡᠬᠦ᠂ 《ᠪᠥᠬᠥ ᠣᠷᠣᠨ᠎ᠤ ᠨᠡᠢ᠌ᠳᠡᠮ ᠭᠦᠢ᠍ᠴᠡᠳᠭᠡᠬᠦ 》 ᠮᠠᠶᠢᠭ᠎ᠤᠨ ᠦᠢ᠍ᠯᠡᠴᠢᠯᠡᠭᠡ ᠵᠢ ᠪᠡᠶᠡᠯᠡᠭᠦᠯᠪᠡ ᠃ ᠣᠳᠣᠬᠠᠨ᠎ᠳᠤ᠂ ᠪᠥᠬᠥ ᠣᠷᠣᠨ᠎ᠳᠤ ᠣᠨᠳᠣᠣ ᠭᠠᠵᠠᠷ᠎ᠲᠤ ᠭᠥᠯᠢᠶᠡᠨ ᠠᠪᠴᠤ ᠰᠢᠢ᠍ᠳᠪᠦᠷᠢᠯᠡᠭᠰᠡᠨ 《ᠡᠮᠨᠡᠯᠭᠡ᠎ᠳᠤ ᠰᠠᠭᠤᠭᠰᠠᠨ ᠵᠠᠷᠤᠳᠠᠯ᠎ᠤᠨ ᠲᠠᠩᠰᠠ ᠲᠠᠢ᠌ᠯᠬᠤ》᠂ ᠡᠷᠦᠬᠡ ᠠᠮᠠ ᠰᠢᠯᠵᠢᠭᠦᠯᠬᠦ᠂ ᠬᠥᠩᠭᠡᠵᠢᠯᠲᠡ ᠵᠢᠨ ᠳᠠᠩᠰᠠᠯᠠᠯᠲᠠ᠂ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠳᠠᠩᠰᠠᠯᠠᠯᠲᠠ ᠵᠢ ᠬᠦᠴᠦᠨ ᠦᠭᠡᠢ ᠪᠣᠯᠭ᠋ᠠᠬᠤ》 ᠵᠡᠷᠭᠡ 6 ᠲᠦᠮᠡ ᠰᠢᠬᠠᠮ ᠵᠦᠢ᠍ᠯ᠎ᠢ ᠭᠦᠢ᠍ᠴᠡᠳᠬᠡᠵᠦ ᠳᠠᠭᠤᠰᠬᠠᠭᠰᠠᠨ ᠪᠠᠢ᠌ᠨ᠎ᠠ᠃
ᠳᠥᠷᠪᠡ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠯᠲᠠ ᠵᠢᠷᠤᠮᠵᠢᠭᠤᠯᠤᠯᠲᠠ ᠳᠥᠭᠥᠮᠴᠢᠯᠡᠯᠲᠡ ᠵᠢᠨ ᠬᠢᠷᠢ ᠬᠡᠮᠵᠢᠶ᠎ᠡ ᠵᠢ ᠪᠦᠲᠦᠮᠵᠢᠲᠡᠶ ᠳᠡᠭᠡᠭᠰᠢᠯᠡᠭᠦᠯᠵᠦ᠂ ᠦᠢ᠍ᠯᠡᠴᠢᠯᠡᠭᠡ ᠵᠢ ᠨᠠᠩ ᠳᠤᠯᠠᠭ᠋ᠠᠬᠠᠨ ᠪᠣᠯᠭ᠋ᠠᠪᠠ
ᠨᠢᠭᠡ᠎ᠳᠤ 《 ᠭᠤᠷᠪᠠ ᠵᠢ ᠲᠦᠪᠯᠡᠷᠡᠭᠦᠯᠬᠦ ᠭᠤᠷᠪᠠ ᠵᠢ ᠪᠣᠳᠠᠲᠠᠢ᠌ᠵᠢᠭᠤᠯᠬᠤ 》 ᠥᠭᠡᠷᠡᠴᠢᠯᠡᠯᠲᠡ ᠵᠢᠨ ᠦᠷ᠎ᠡ ᠪᠦᠲᠦᠮᠵᠢ ᠢᠯᠡᠳᠲᠡ ᠪᠣᠯᠪᠠ ᠃ ᠪᠥᠬᠥ ᠣᠷᠣᠨ᠎ᠤ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ 《ᠣᠷᠣᠭᠤᠯᠬᠤ ᠶᠣᠰᠣᠲᠠᠢ ᠵᠢ᠎ᠨᠢ ᠵᠠᠪᠠᠯ ᠣᠷᠣᠭᠤᠯᠬᠤ᠂ ᠣᠷᠤᠭᠤᠯᠤᠭᠰᠠᠨ ᠵᠢ᠎ᠨᠢ ᠵᠠᠪᠠᠯ ᠡᠷᠬᠡ ᠣᠯᠭᠣᠬᠤ》 ᠵᠢ ᠪᠥᠬᠥ ᠲᠠᠯ᠎ᠠ᠎ᠪᠠᠷ ᠵᠢᠷᠤᠮᠵᠢᠭᠤᠯᠵᠤ᠂ ᠣᠷᠣᠵᠤ ᠰᠠᠭᠤᠬᠤ ᠵᠦᠢ᠍ᠯᠡᠰ᠎ᠢ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠦᠪ ᠲᠤ ᠪᠣᠲᠠᠲᠠᠢ᠎ᠪᠠᠷ ᠲᠦᠯᠬᠢᠨ ᠠᠬᠢᠭᠤᠯᠪᠠ᠃ ᠣᠲᠣ ᠪᠣᠯᠲᠠᠯ᠎ᠠ᠂ ᠪᠥᠬᠥ ᠣᠷᠣᠨ᠎ᠤ 17 ᠲᠦᠮᠡ ᠭᠠᠷᠤᠢ ᠵᠦᠢ᠍ᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠨᠢᠭᠡᠨᠲᠡ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠲᠤ ᠣᠷᠣᠭᠤᠯᠤᠨ ᠲᠥᠪᠯᠡᠷᠡᠭᠦᠯᠦᠨ ᠭᠦᠢ᠍ᠴᠡᠳᠬᠡᠵᠦ᠂ ᠵᠦᠢ᠍ᠯᠡᠰ᠎ᠤᠨ ᠣᠷᠣᠵᠤ ᠰᠠᠭᠤᠭᠰᠠᠨ ᠨᠣᠷᠮ᠎ᠠ 100%᠎ᠳᠤ ᠬᠥᠷᠪᠡ; ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 38 ᠰᠠᠯᠠᠭ᠎ᠠ ᠮᠥᠴᠢᠷ᠎ᠤᠨ 1577 ᠵᠦᠢ᠍ᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠲᠤ ᠴᠥᠮ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠲᠤ ᠣᠷᠣᠵᠤ ᠰᠠᠭᠤᠬᠤ ᠡᠷᠬᠡ ᠣᠯᠭᠣᠵᠤ᠂ ᠣᠷᠣᠵᠤ ᠰᠠᠭᠤᠬᠤ ᠨᠣᠷᠮ᠎ᠠ ᠨᠢ 76% ᠪᠠᠢ᠌ᠭᠰᠠᠨ᠎ᠠᠴᠠ 100%᠎ᠳᠤ ᠬᠥᠷᠪᠡ᠃ ᠬᠣᠶᠠᠷ᠎ᠲᠤ 《ᠨᠢᠭᠡ ᠴᠣᠩᠬᠣᠨ᠎ᠤ ᠬᠡᠯᠪᠡᠷᠢ 》 ᠵᠢᠨ ᠥᠭᠡᠷᠡᠴᠢᠯᠡᠯᠲᠡ ᠵᠢ ᠤᠷᠤᠭᠰᠢᠲᠠᠢ ᠲᠦᠯᠬᠢᠨ ᠠᠬᠢᠭᠤᠯᠪᠠ ᠃ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠠᠵᠢᠯᠲᠠᠨ᠎ᠤ ᠬᠠᠮᠢᠶᠠᠷᠤᠯᠲᠠ᠂ ᠴᠣᠩᠬᠣᠪᠴᠢ ᠲᠣᠬᠢᠷᠠᠭᠤᠯᠬᠤ᠂ ᠬᠡᠷᠡᠭ ᠶᠠᠪᠤᠳᠠᠯ᠎ᠢ ᠭᠥᠯᠢᠶᠡᠨ ᠠᠪᠴᠤ ᠰᠢᠢ᠍ᠳᠪᠦᠷᠢᠯᠡᠬᠦ᠂ ᠪᠢᠲᠡᠭᠦᠮᠵᠢᠯᠡᠨ ᠠᠵᠢᠯᠯᠠᠭᠤᠯᠬᠤ ᠵᠡᠷᠭᠡ ᠠᠵᠢᠯ᠎ᠢ ᠪᠥᠬᠥ ᠲᠠᠯ᠎ᠠ᠎ᠪᠠᠷ ᠵᠢᠷᠤᠮᠵᠢᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠲᠤ 《ᠨᠢᠭᠡ ᠴᠣᠩᠬᠣ᠎ᠪᠠᠷ ᠭᠥᠯᠢᠶᠡᠨ ᠠᠪᠴᠤ ᠰᠢᠢ᠍ᠳᠪᠦᠷᠢᠯᠡᠬᠦ᠂ ᠶᠡᠷᠦᠩᠬᠡᠢ᠌ᠯᠡᠨ ᠦᠢ᠍ᠯᠡᠴᠢᠯᠡᠬᠦ》 ᠵᠢ ᠪᠡᠶᠡᠯᠡᠭᠦᠯᠵᠦ᠂ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠵᠢᠷᠤᠮᠵᠢᠭᠰᠠᠨ ᠬᠢᠷᠢ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠣᠲᠣ ᠪᠣᠯᠲᠠᠯ᠎ᠠ᠂ ᠪᠥᠬᠥ ᠣᠷᠣᠨ᠎ᠤ 122 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠶᠡᠷᠦᠩᠬᠡᠢ᠌ᠯᠡᠭᠰᠡᠨ ᠴᠣᠩᠬᠣ ᠵᠢ ᠪᠦᠬᠦᠨ᠎ᠢ ᠬᠠᠮᠤᠷᠬᠤ ᠵᠢ ᠪᠡᠶᠡᠯᠡᠭᠦᠯᠵᠦ᠂ ᠶᠡᠷᠦᠩᠬᠡᠢ᠌ᠯᠡᠭᠰᠡᠨ ᠴᠣᠩᠬᠣ ᠵᠢ 3976 ᠭᠠᠷᠭ᠋ᠠᠵᠤ ᠂ ᠨᠡᠶ᠋ᠢᠲᠡ 947 ᠲᠦᠮᠡᠨ ᠬᠤᠪᠢ ᠭᠦᠢ᠍ᠴᠡᠳᠬᠡᠭᠰᠡᠨ ᠪᠠᠢ᠌ᠨ᠎ᠠ᠃ ᠭᠤᠷᠪᠠ᠎ᠳᠤ 《ᠴᠠᠭ᠎ᠢ ᠤᠷᠲᠤᠳᠬᠠᠬᠤ ᠦᠢ᠍ᠯᠡᠴᠢᠯᠡᠭᠡ》᠎ᠨᠢ ᠠᠷᠠᠳ᠎ᠲᠤ ᠨᠠᠩ ᠲᠥᠬᠥᠮ ᠦᠵᠡᠭᠦᠯᠵᠦ ᠠᠵᠤ ᠠᠬᠤᠢ᠌ᠯᠠᠯ᠎ᠳᠤ ᠠᠰᠢᠭᠲᠠᠢ ᠪᠣᠯᠭ᠋ᠠᠪᠠ ᠃ ᠪᠥᠬᠥ ᠣᠷᠣᠨ᠎ᠤ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠲᠤ 《ᠡᠷᠲᠡ ᠣᠷᠣᠢ ᠵᠢᠨ ᠤᠶᠠᠨ ᠬᠠᠳᠠᠨ ᠵᠶ᠋ᠠᠷ ᠭᠦᠢ᠍ᠴᠡᠳᠬᠡᠬᠦ》 《ᠦᠳᠡ᠎ᠳᠤ ᠲᠠᠰᠤᠯᠳᠠᠭᠤᠯᠬᠤ ᠦᠭᠡᠢ》 《ᠭᠠᠷᠠᠭ᠎ᠤᠨ ᠡᠳᠦᠷ ᠠᠮᠠᠷᠠᠬᠤ ᠦᠭᠡᠢ》 ᠵᠡᠷᠭᠡ ᠴᠠᠭ᠎ᠢ ᠤᠷᠲᠤᠳᠬᠠᠬᠤ ᠦᠢ᠍ᠯᠡᠴᠢᠯᠡᠭᠡ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠠᠵᠤ ᠠᠬᠤᠢ᠌ᠯᠠᠯ᠎ᠤᠨ ᠣᠯᠠᠨ ᠲᠦᠮᠡᠨ᠎ᠤ ᠠᠮᠢᠳᠤᠷᠠᠯ᠎ᠳᠤ ᠣᠢ᠌ᠷᠠᠲᠤᠭᠰᠠᠨ ᠥᠨᠳᠥᠷ ᠳᠠᠪᠲᠠᠮᠵᠢ᠎ᠲᠠᠢ ᠵᠦᠢ᠍ᠯᠡᠰ᠎ᠢ ᠭᠠᠷᠠᠭ᠎ᠤᠨ ᠡᠳᠦᠷ᠎ᠤᠨ ᠴᠠᠭ᠎ᠢ ᠤᠷᠲᠤᠳᠬᠠᠬᠤ ᠦᠢ᠍ᠯᠡᠴᠢᠯᠡᠭᠡᠨ᠎ᠤ ᠬᠡᠪᠴᠢᠶᠡᠨ᠎ᠳᠤ ᠪᠥᠬᠥ ᠲᠠᠯ᠎ᠠ᠎ᠪᠠᠷ ᠣᠷᠣᠭᠤᠯᠬᠤ ᠵᠢᠨ ᠬᠠᠮᠲᠤ ᠪᠣᠯᠵᠣᠬᠤ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠠᠵᠤ ᠠᠬᠤᠢ᠌ᠯᠠᠯ ᠪᠠ ᠣᠯᠠᠨ ᠲᠦᠮᠡᠨ᠎ᠤ 《ᠠᠵᠢᠯᠯᠠᠬᠤ ᠴᠠᠭ᠎ᠲᠤ ᠭᠦᠢ᠍ᠴᠡᠳᠬᠡᠬᠦ ᠴᠢᠯᠦᠭᠡ ᠦᠭᠡᠢ》 《ᠠᠮᠠᠷᠠᠬᠤ ᠴᠠᠭ᠎ᠲᠤ ᠭᠦᠢ᠍ᠴᠡᠳᠬᠡᠬᠦ ᠭᠠᠵᠠᠷ ᠦᠭᠡᠢ》 ᠵᠡᠷᠭᠡ ᠬᠦᠴᠢᠷ ᠠᠰᠠᠭᠤᠳᠠᠯ᠎ᠢ ᠦᠨᠡᠨᠬᠦ ᠰᠢᠢ᠍ᠳᠪᠦᠷᠢᠯᠡᠪᠡ ᠃ ᠣᠳᠣ ᠪᠣᠯᠲᠠᠯ᠎ᠠ᠂ ᠪᠥᠬᠥ ᠣᠷᠣᠨ᠎ᠤ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠨᠡᠢ᠌ᠲᠡᠯᠡᠭᠰᠡᠨ ᠴᠠᠭ᠎ᠢ ᠤᠷᠲᠤᠳᠬᠠᠬᠤ ᠦᠢ᠍ᠯᠡᠴᠢᠯᠡᠭᠡᠨ᠎ᠤ ᠵᠦᠢ᠍ᠯᠡᠰ
16.4 ᠲᠦᠮᠡ ᠭᠠᠷᠤᠢ ᠪᠠᠢ᠌ᠵᠤ᠂ ᠬᠠᠮᠤᠷᠬᠤ ᠨᠣᠷᠮ᠎ᠠ᠎ᠨᠢ ᠣᠷᠣᠵᠤ ᠰᠠᠭᠤᠬᠤ ᠵᠦᠢ᠍ᠯᠡᠰ᠎ᠤᠨ 90%᠎ᠠᠴᠠ ᠳᠡᠭᠡᠭᠰᠢ᠎ᠳᠤ ᠬᠦᠷᠴᠦ᠂ ᠴᠠᠭ᠎ᠢ ᠤᠷᠲᠤᠳᠬᠠᠬᠤ ᠦᠢ᠍ᠯᠡᠴᠢᠯᠡᠭᠡ ᠵᠢ ᠨᠡᠶ᠋ᠢᠲᠡ 28 ᠲᠦᠮᠡ ᠭᠠᠷᠤᠢ ᠤᠳᠠᠭ᠎ᠠ ᠬᠠᠩᠭ᠋ᠠᠭᠰᠠᠨ ᠪᠠᠢ᠌ᠨ᠎ᠠ᠃
ᠲᠠᠪᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠦᠨᠳᠦᠰᠦᠨ ᠱᠠᠲᠤ᠂ ᠬᠦᠷᠢᠶᠡᠯᠡᠩ ᠲᠣᠭᠣᠷᠢᠭ ᠲᠡᠢ᠌ᠰᠢ ᠤᠷᠲᠤᠳᠬᠠᠬᠤ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠵᠤ᠂ ᠦᠢ᠍ᠯᠡᠴᠢᠯᠡᠭᠡ ᠵᠢ ᠨᠠᠩ ᠳᠣᠲᠣᠨᠣ ᠪᠣᠯᠭ᠋ᠠᠪᠠ
ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ)᠂ ᠭᠠᠴᠠᠭ᠎ᠠ ᠲᠣᠰᠬᠣᠨ (ᠨᠡᠢ᠌ᠭᠡᠮ ᠲᠣᠭᠣᠷᠢᠭ) ᠲᠡᠢ᠌ᠰᠢ ᠤᠷᠲᠤᠳᠬᠠᠬᠤ ᠵᠢ ᠪᠥᠬᠥ ᠲᠠᠯ᠎ᠠ᠎ᠪᠠᠷ ᠠᠬᠢᠭᠤᠯᠵᠤ᠂ ᠡᠯ᠎ᠡ ᠭᠠᠵᠠᠷ ᠣᠷᠣᠨ᠎ᠤ ᠬᠠᠪᠰᠤᠷᠤᠨ ᠭᠦᠢ᠍ᠴᠡᠳᠬᠡᠬᠦ ᠣᠷᠣᠯᠠᠨ ᠭᠦᠢ᠍ᠴᠡᠳᠬᠡᠬᠦ ᠴᠣᠩᠬᠣ ᠪᠠᠶ᠋ᠢᠭᠤᠯᠬᠤ᠂ ᠣᠷᠣᠯᠠᠨ ᠭᠦᠢ᠍ᠴᠡᠳᠭᠡᠭᠴᠢ ᠵᠢᠨ ᠡᠩᠨᠡᠭᠡ ᠵᠢ ᠵᠣᠬᠢᠶᠠᠨ ᠪᠠᠶ᠋ᠢᠭᠤᠯᠬᠤ᠂ ᠳᠦᠷᠢᠮ ᠲᠣᠭᠲᠠᠴᠠ ᠵᠢ ᠪᠠᠶ᠋ᠢᠭᠤᠯᠬᠤ᠂ ᠲᠡᠷᠡ ᠬᠡᠪ ᠵᠶ᠋ᠡᠷ᠎ᠨᠢ ᠳᠡᠯᠭᠡᠷᠡᠭᠦᠯᠬᠦ ᠵᠡᠷᠭᠡ 9 ᠵᠦᠢ᠍ᠯ᠎ᠤᠨ ᠬᠠᠪᠰᠤᠷᠤᠨ ᠭᠦᠢ᠍ᠴᠡᠳᠬᠡᠬᠦ ᠵᠠᠭᠪᠤᠷ᠎ᠢ ᠪᠡᠶᠡᠯᠡᠭᠦᠯᠬᠦ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠵᠤ᠂ ᠲᠣᠰᠬᠣᠨ᠎ᠤ ᠱᠠᠲᠤᠨ᠎ᠤ ᠬᠠᠪᠰᠤᠷᠤᠨ ᠭᠦᠢ᠍ᠴᠡᠳᠬᠡᠬᠦ ᠣᠷᠣᠯᠠᠨ ᠭᠦᠢ᠍ᠴᠡᠳᠬᠡᠬᠦ ᠦᠢ᠍ᠯᠡᠴᠢᠯᠡᠭᠡᠨ᠎ᠤ ᠵᠢᠷᠤᠮᠵᠢᠭᠰᠠᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠪᠠ᠃ ᠡᠯ᠎ᠡ ᠭᠠᠵᠠᠷ ᠣᠷᠣᠨ᠎ᠨᠤᠭᠤᠳ ᠠᠵᠤ ᠠᠬᠤᠢ᠌ᠯᠠᠯ ᠪᠠ ᠣᠯᠠᠨ ᠲᠦᠮᠡᠨ᠎ᠤ ᠬᠡᠷᠡᠭ ᠶᠠᠪᠤᠳᠠᠯ ᠭᠦᠢ᠍ᠴᠡᠳᠬᠡᠬᠦ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ 《ᠵᠠᠰᠠᠭ ᠪᠠ ᠪᠠᠩᠬᠢ ᠵᠢᠨ ᠬᠠᠮᠲᠤᠷᠠᠯᠴᠠᠭ᠎ᠠ》 《ᠵᠠᠰᠠᠭ ᠪᠠ ᠰᠢᠤᠳᠠᠨ᠎ᠤ ᠬᠠᠮᠲᠤᠷᠠᠯᠴᠠᠭ᠎ᠠ》 《ᠠᠯᠤᠰ᠎ᠠᠴᠠ ᠬᠥᠲᠥᠯᠥᠨ ᠵᠢᠯᠤᠭᠣᠳᠬᠤ ᠲᠠᠪᠴᠠᠩ》 《ᠵᠠᠰᠠᠭ᠎ᠤᠨ ᠶᠠᠪᠤᠳᠠᠯ᠎ᠤᠨ ᠰᠢᠭᠤᠳ ᠨᠡᠪᠲᠡᠷᠡᠭᠦᠯᠭᠡ ᠵᠢᠨ ᠲᠢᠩᠬᠢᠮ》 ᠵᠡᠷᠭᠡ ᠨᠠᠩ ᠣᠯᠠᠨ ᠡᠰᠢᠵᠢᠭᠰᠡᠨ᠂ ᠲᠤᠰᠬᠠᠢ᠌ᠵᠢᠭᠰᠠᠨ᠂ ᠨᠠᠷᠢᠯᠢᠭ ᠣᠨᠣᠴᠠᠲᠠᠢ᠌ᠵᠢᠭᠰᠠᠨ ᠦᠢ᠍ᠯᠡᠴᠢᠯᠡᠭᠡ ᠬᠠᠩᠭ᠋ᠠᠵᠤ᠂ 66 ᠵᠦᠢ᠍ᠯ᠎ᠤᠨ ᠥᠨᠳᠥᠷ ᠳᠠᠪᠲᠠᠮᠵᠢ᠎ᠲᠠᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 《ᠬᠠᠪᠰᠤᠷᠤᠨ ᠣᠷᠣᠯᠠᠨ ᠭᠦᠢ᠍ᠴᠡᠳᠬᠡᠬᠦ》 ᠵᠢ ᠪᠡᠶᠡᠯᠡᠭᠦᠯᠵᠦ᠂ ᠣᠯᠠᠨ ᠲᠦᠮᠡᠨ᠎ᠤ 《ᠣᠢ᠌ᠷ᠎ᠠ ᠬᠠᠪᠢ᠂ ᠳᠥᠭᠥᠮ ᠳᠥᠲᠡ᠂ ᠥᠨᠳᠥᠷ ᠪᠦᠲᠦᠮᠵᠢᠲᠡᠶ》 ᠬᠡᠷᠡᠭ ᠶᠠᠪᠤᠳᠠᠯ ᠭᠦᠢ᠍ᠴᠡᠳᠬᠡᠬᠦ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠨ᠎ᠳᠡᠭᠡᠨ ᠬᠠᠩᠭ᠋ᠠᠭᠰᠠᠨ ᠪᠠᠢ᠌ᠨ᠎ᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠲᠡᠢ᠌ᠰᠢ ᠤᠷᠲᠤᠳᠬᠠᠬᠤ ᠵᠢ ᠲᠦᠷᠭᠡᠳᠬᠡᠨ ᠠᠬᠢᠭᠤᠯᠵᠤ᠂ ᠡᠯ᠎ᠡ ᠭᠠᠵᠠᠷ᠎ᠤᠨ ᠬᠦᠷᠢᠶᠡᠯᠡᠩ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ ᠠᠵᠢᠯ᠎ᠤᠨ ᠥᠷᠲᠡᠭᠡ ᠪᠠᠶ᠋ᠢᠭᠤᠯᠬᠤ ᠵᠢ ᠠᠬᠢᠭᠤᠯᠤᠨ᠂ 《ᠠᠷᠪᠠ ᠪᠠᠢ᠌ᠬᠤ》 ᠵᠢᠨ ᠪᠠᠷᠢᠮᠵᠢᠶ᠎ᠠ ᠶᠣᠰᠣᠭ᠋ᠠᠷ ᠦᠢ᠍ᠯᠡᠴᠢᠯᠡᠭᠡᠨ᠎ᠤ ᠰᠢᠰᠲ᠋ᠧᠮᠵᠢ ᠵᠢ ᠪᠦᠷᠢᠨᠰᠢᠭᠦᠯᠵᠦ᠂ ᠦᠢ᠍ᠯᠡᠴᠢᠯᠡᠭᠡᠨ᠎ᠤ ᠴᠢᠳᠠᠮᠵᠢ ᠵᠢ ᠲᠡᠭᠦᠯᠳᠡᠷᠵᠢᠭᠦᠯᠦᠨ᠂ ᠬᠦᠷᠢᠶᠡᠯᠡᠩ ᠲᠣᠭᠣᠷᠢᠭ᠎ᠤᠨ ᠠᠵᠤ ᠠᠬᠤᠢ᠌ᠯᠠᠯ᠎ᠳᠤ ᠪᠥᠬᠥ ᠶᠠᠪᠤᠴᠠ ᠂ ᠲᠤᠰᠬᠠᠢ᠌ᠵᠢᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠠᠩᠭ᠋ᠠᠭᠰᠠᠨ
ᠪᠠᠢ᠌ᠨ᠎ᠠ᠃
ᠵᠢᠷᠭᠤᠭ᠎ᠠ᠂ 《ᠨᠢᠭᠡ ᠤᠲᠠᠰᠤ᠎ᠪᠠᠷ ᠨᠡᠪᠲᠡᠷᠡᠭᠦᠯᠬᠦ》 ᠵᠢ ᠪᠡᠶᠡᠯᠡᠭᠦᠯᠬᠦ ᠵᠢ ᠠᠬᠢᠭᠤᠯᠵᠤ᠂ ᠦᠢ᠍ᠯᠡᠴᠢᠯᠡᠭᠡ ᠵᠢ ᠨᠠᠩ ᠨᠠᠷᠢᠯᠢᠭ ᠣᠨᠣᠴᠠᠲᠠᠢ ᠪᠣᠯᠭ᠋ᠠᠪᠠ
ᠪᠥᠬᠥ ᠣᠷᠣᠨ᠎ᠤ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠭᠤᠨ ᠤᠲᠠᠰᠤ ᠵᠢ ᠥᠨᠳᠥᠷ ᠪᠠᠢ᠌ᠷᠢᠨ᠎ᠳᠤ ᠲᠠᠯᠪᠢᠵᠤ ᠲᠦᠯᠬᠢᠨ ᠠᠬᠢᠭᠤᠯᠵᠤ ᠂ ᠠᠵᠤ ᠠᠬᠤᠢ᠌ᠯᠠᠯ ᠪᠠ ᠣᠯᠠᠨ ᠲᠦᠮᠡᠨ᠎ᠤ ᠪᠠᠴᠢᠮ ᠪᠡᠷᠬᠡ ᠵᠣᠪᠠᠨᠢᠯ ᠬᠦᠰᠡᠯ᠎ᠤᠨ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠠᠵᠤ ᠠᠬᠤᠢ᠌ᠯᠠᠯ ᠪᠠ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠲᠤᠰᠬᠠᠬᠤ ᠵᠢ ᠴᠠᠭ ᠲᠤᠬᠠᠢᠳᠤᠨᠢ ᠰᠤᠳᠤᠯᠤᠨ ᠰᠢᠳᠭᠡᠵᠦ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠳᠠᠭ᠋ᠠᠭ᠋ᠠᠨ ᠭᠦᠢ᠍ᠴᠡᠳᠬᠡᠬᠦ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠪᠠ᠃ ᠰᠠᠯᠠᠭ᠎ᠠ ᠮᠥᠴᠢᠷ᠎ᠢ ᠱᠠᠭ᠋ᠠᠷᠳᠠᠵᠤ ᠪᠠᠢ᠌ᠭ᠋ᠠᠳ ᠮᠡᠳᠡᠯᠭᠡ ᠵᠢᠨ ᠬᠥᠮᠥᠷᠭᠡ ᠵᠢᠨ ᠠᠭᠤᠯᠭ᠎ᠠ ᠵᠢ ᠴᠠᠭ ᠲᠤᠬᠠᠢᠳᠤᠨᠢ ᠣᠨᠣᠪᠴᠢᠲᠠᠶ ᠰᠢᠨᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠫᠤᠷᠲᠸᠯ ᠰᠦᠯᠵᠢᠶ᠎ᠡ ᠵᠢᠨ ᠲᠥᠷᠥ ᠵᠢᠨ ᠪᠣᠳᠣᠯᠭ᠎ᠠ ᠵᠢᠨ ᠬᠥᠮᠥᠷᠭᠡ ᠬᠢᠭᠡᠳ ᠬᠠᠯᠠᠮᠰᠢᠯ ᠤᠲᠠᠰᠤ ᠵᠢᠨ ᠮᠡᠳᠡᠯᠭᠡ ᠵᠢᠨ ᠬᠥᠮᠥᠷᠭᠡ ᠵᠢᠨ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠪᠡᠶᠡᠯᠡᠭᠦᠯᠦᠨ᠂ 《ᠲᠥᠷᠥ ᠵᠢᠨ ᠪᠣᠳᠣᠯᠭ᠎ᠠ ᠵᠢᠨ ᠲᠠᠢ᠌ᠯᠤᠮᠵᠢ᠂ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ᠂ ᠮᠡᠳᠡᠭᠳᠡᠯ ᠠᠯᠪᠠᠨ ᠵᠠᠷ᠂ ᠬᠠᠯᠠᠮᠰᠢᠯ ᠠᠰᠠᠭᠤᠳᠠᠯ᠂ ᠭᠡᠨᠡᠳᠲᠡ ᠵᠢᠨ ᠬᠡᠷᠡᠭ ᠶᠠᠪᠤᠳᠠᠯ》 ᠵᠡᠷᠭᠡ 5 ᠶᠡᠬᠡ ᠲᠥᠷᠥᠯ᠎ᠤᠨ ᠮᠡᠳᠡᠯᠭᠡ ᠵᠢ ᠦᠨᠳᠦᠰᠦᠨ ᠱᠠᠲᠤᠨ᠎ᠤ ᠠᠵᠢᠯᠲᠠᠨ ᠪᠠ ᠨᠡᠢ᠌ᠭᠡᠮ᠎ᠳᠤ ᠨᠡᠭᠡᠭᠡᠬᠦ ᠵᠢ ᠠᠬᠢᠭᠤᠯᠪᠠ ᠃ 《7 × 24 ᠴᠠᠭ》᠎ᠤᠨ ᠬᠥᠮᠥᠨ᠎ᠤ ᠬᠦᠴᠦ᠎ᠪᠠᠷ ᠦᠢ᠍ᠯᠡᠴᠢᠯᠡᠬᠦ ᠴᠢᠳᠠᠪᠤᠷᠢ ᠵᠢ ᠪᠦᠷᠢᠯᠳᠦᠭᠦᠯᠦᠭᠡᠳᠦᠢ ᠪᠤᠶᠤ ᠬᠥᠮᠥᠨ᠎ᠤ ᠬᠦᠴᠦ᠎ᠪᠠᠷ ᠵᠠᠯᠭ᠋ᠠᠬᠤ ᠨᠣᠷᠮ᠎ᠠ᠎ᠨᠢ 60% ᠠᠴᠠ ᠳᠣᠣᠷ᠎ᠠ 5 ᠵᠤᠷᠪᠤᠰ ᠬᠠᠯᠠᠭᠤᠨ ᠤᠲᠠᠰᠤ (12369᠂ 12319᠂ 12329᠂ 12316᠂ 12393) ᠵᠢ ᠪᠦᠬᠦᠨ᠎ᠢ 12345 ᠬᠠᠯᠠᠭᠤᠨ ᠤᠲᠠᠰᠤᠨ᠎ᠳᠤ ᠨᠡᠢ᠌ᠯᠡᠭᠦᠯᠦᠨ ᠣᠷᠤᠭᠤᠯᠪᠠ ᠃ 《ᠥᠪᠡᠷᠲᠡᠭᠡᠨ ᠵᠠᠰᠠᠬᠤ ᠣᠷᠣᠨ᠎ᠤ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ᠎ᠤᠨ ᠥᠨᠳᠥᠷ ᠦᠷ᠎ᠡ ᠪᠦᠲᠦᠮᠵᠢᠲᠡᠶ᠎ᠪᠠᠷ ᠵᠣᠯᠭ᠋ᠠᠭᠤᠯᠵᠤ ᠬᠠᠮᠲᠤᠷᠠᠨ ᠬᠥᠳᠡᠯᠦᠯᠴᠡᠬᠦ ᠵᠢ ᠠᠬᠢᠭᠤᠯᠬᠤ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠪᠥᠬᠥ ᠣᠷᠣᠨ᠎ᠤ 12345 ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ᠎ᠤᠨ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ᠂ ᠬᠠᠮᠢᠶ᠎ᠠ ᠪᠦᠬᠦᠢ ᠲᠣᠭ᠎ᠠ ᠪᠠᠷᠢᠮᠲᠠ ᠵᠢᠨ ᠡᠬᠢ ᠪᠠᠶᠠᠯᠢᠭ᠎ᠢ ᠬᠠᠮᠲᠤ᠎ᠪᠠᠷ ᠭᠥᠷᠳᠡᠬᠦ ᠵᠢ 4 ᠰᠠᠷ᠎ᠠ ᠤᠷᠢᠳᠴᠢᠯᠠᠨ ᠪᠡᠶᠡᠯᠡᠭᠦᠯᠵᠦ᠂ ᠵᠣᠯᠭ᠋ᠠᠭᠤᠯᠵᠤ ᠬᠠᠮᠲᠤᠷᠠᠨ ᠬᠥᠳᠡᠯᠦᠯᠴᠡᠬᠦ ᠠᠵᠢᠯ᠎ᠤᠨ ᠵᠢᠷᠦᠮᠵᠢᠯᠲᠡ᠂ ᠪᠠᠷᠢᠮᠵᠢᠶᠠᠵᠢᠯᠲᠠ᠂ ᠲᠤᠰᠬᠠᠢ᠌ᠵᠢᠯᠲᠠ ᠵᠢᠨ ᠬᠢᠷᠢ ᠬᠡᠮᠵᠢᠶ᠎ᠡ ᠵᠢ ᠪᠥᠬᠥ ᠲᠠᠯ᠎ᠠ᠎ᠪᠠᠷ ᠳᠡᠭᠡᠭᠰᠢᠯᠡᠭᠦᠯᠪᠡ ᠃ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠲᠠᠢ ᠬᠠᠷᠢᠴᠠᠭᠤᠯᠪᠠᠯ᠂ ᠪᠥᠬᠥ ᠣᠷᠣᠨ᠎ᠤ ᠤᠲᠠᠰᠤ ᠵᠠᠯᠭ᠋ᠠᠯᠲᠠ ᠵᠢᠨ ᠬᠡᠮᠵᠢᠶ᠎ᠡ 30.23%᠎ᠪᠠᠷ ᠳᠡᠭᠡᠭᠰᠢᠯᠡᠵᠦ᠂ ᠨᠡᠪᠲᠡᠷᠡᠭᠰᠡᠨ ᠨᠣᠷᠮ᠎ᠠ 16.22% ᠵᠢᠡᠷ ᠳᠡᠭᠡᠭᠰᠢᠯᠡᠵᠦ᠂ ᠲᠦᠮᠡᠨ ᠬᠥᠮᠥᠨ᠎ᠤ ᠬᠦᠰᠡᠯ ᠱᠠᠭ᠋ᠠᠷᠳᠠᠯᠭ᠎ᠠ ᠵᠢᠨ ᠨᠣᠷᠮ᠎ᠠ 26.53%᠎ᠪᠠᠷ ᠳᠡᠭᠡᠭᠰᠢᠯᠡᠵᠡᠢ᠃ 《12345 ᠂ ᠦᠢ᠍ᠯᠡᠴᠢᠯᠡᠭᠡᠨ᠎ᠢ ᠵᠠᠰᠠᠭ᠎ᠤᠨ ᠣᠷᠳᠣᠨ᠎ᠢ ᠡᠷᠢᠬᠦ》᠎ᠨᠢ ᠨᠢᠭᠡᠨᠲᠡ ᠣᠯᠠᠨ ᠲᠦᠮᠡᠨ᠎ᠤ ᠬᠠᠮᠲᠤ ᠵᠢᠨ ᠲᠠᠨᠢᠯᠲᠠ ᠪᠣᠯᠵᠤ᠂ ᠨᠡᠩ ᠣᠯᠠᠨ ᠠᠵᠤ ᠠᠬᠤᠢ᠌ᠯᠠᠯ ᠪᠠ ᠣᠯᠠᠨ ᠲᠦᠮᠡᠨ 12345 ᠤᠲᠠᠰᠤ᠎ᠪᠠᠷ ᠳᠠᠮᠵᠢᠭᠤᠯᠤᠨ ᠲᠥᠷᠥ ᠵᠢᠨ ᠪᠣᠳᠣᠯᠭ᠎ᠠ ᠵᠢ ᠣᠢ᠌ᠯᠠᠭ᠋ᠠᠵᠤ᠂ ᠠᠰᠠᠭᠤᠳᠠᠯ᠎ᠢ ᠲᠤᠰᠬᠠᠬᠤ ᠳᠤᠷᠠᠲᠠᠢ ᠪᠣᠯᠤᠭᠰᠠᠨ ᠪᠠᠢ᠌ᠨ᠎ᠠ ᠃
ᠳᠣᠯᠣᠭ᠎ᠠ᠂ ᠣᠷᠣᠨ ᠪᠦᠰᠡ ᠵᠢᠨ ᠦᠨᠡᠯᠡᠨ ᠵᠢᠱ᠌ᠢᠬᠦ ᠠᠵᠢᠯ᠎ᠢ ᠥᠨᠳᠥᠷ ᠪᠦᠲᠦᠮᠵᠢᠲᠡᠶ᠎ᠪᠠᠷ ᠲᠦᠯᠬᠢᠨ ᠠᠬᠢᠭᠤᠯᠵᠤ᠂ ᠦᠢ᠍ᠯᠡᠴᠢᠯᠡᠭᠡ ᠨᠢ ᠠᠵᠤ ᠠᠬᠤᠢ᠌ᠯᠠᠯ᠎ᠳᠤ ᠨᠠᠩ ᠠᠰᠢᠭ ᠬᠦᠷᠲᠡᠭᠡᠪᠡ
ᠣᠷᠣᠨ ᠪᠦᠰᠡ ᠵᠢᠨ ᠦᠨᠡᠯᠡᠨ ᠵᠢᠱ᠌ᠢᠯᠲᠡ ᠵᠢ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢ ᠬᠤᠪᠢᠷᠠᠭᠤᠯᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭ᠋ᠠᠬᠤ ᠵᠢ ᠪᠠᠷᠢᠮᠲᠠᠯᠠᠵᠤ ᠂ ᠣᠷᠣᠨ ᠪᠦᠰᠡ ᠵᠢᠨ ᠦᠨᠡᠯᠡᠨ ᠵᠢᠱ᠌ᠢᠯᠲᠡ ᠵᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠵᠦ ᠬᠡᠷᠡᠭᠯᠡᠬᠦ ᠠᠵᠢᠯ᠎ᠢ ᠥᠨᠳᠥᠷ ᠪᠦᠲᠦᠮᠵᠢᠲᠡᠶ᠎ᠪᠠᠷ ᠲᠦᠯᠬᠢᠨ ᠠᠬᠢᠭᠤᠯᠵᠤ ᠂ 《 ᠠᠵᠤ ᠠᠬᠤᠢ᠌ᠯᠠᠯ᠎ᠤᠨ ᠰᠦᠢ᠍ᠳᠬᠡᠯ ᠲᠤᠰᠢᠶᠠᠬᠤ 》 ᠵᠢ 《 ᠵᠠᠰᠠᠭ᠎ᠤᠨ ᠣᠷᠳᠣᠨ᠎ᠤ ᠲᠣᠭ᠋ᠠᠴᠠᠭ᠎ᠠ ᠬᠢᠬᠦ 》 ᠪᠣᠯᠭ᠋ᠠᠨ ᠬᠣᠪᠢᠷᠠᠭᠤᠯᠪᠠ᠃ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠦᠨᠡᠯᠡᠯᠲᠡ᠂ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠡᠷᠭᠡ 7 ᠬᠦᠷᠢᠶ᠎ᠡ ᠴᠠᠷᠠᠭ᠋ᠠᠨ᠎ᠤ 10 ᠵᠦᠢ᠍ᠯ᠎ᠤᠨ ᠦᠨᠡᠯᠡᠯᠲᠡ ᠵᠢ ᠣᠷᠣᠨ ᠪᠦᠰᠡ ᠵᠢᠨ ᠦᠨᠡᠯᠡᠯᠲᠡ ᠵᠢᠨ ᠵᠦᠢ᠍ᠯᠡᠰ᠎ᠤᠨ ᠨᠠᠷᠢᠨ ᠳᠠᠩᠰᠠᠨ᠎ᠳᠤ ᠣᠷᠣᠭᠤᠯᠵᠤ᠂ 《 ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠰᠢᠰᠲ᠋ᠧᠮ》᠎ᠢ 《ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠡᠬᠢ ᠪᠠᠶᠠᠯᠢᠭ᠎ᠢ ᠬᠠᠮᠲᠤ᠎ᠪᠠᠷ ᠭᠥᠷᠳᠡᠵᠦ ᠰᠣᠯᠢᠯᠴᠠᠬᠤ ᠲᠠᠪᠴᠠᠩ》᠎ᠯᠤᠭ᠎ᠠ ᠬᠣᠯᠪᠣᠭᠳᠠᠭᠤᠯᠵᠤ᠂ ᠦᠷ᠎ᠡ ᠪᠦᠲᠦᠭᠡᠯ᠎ᠤᠨ ᠲᠣᠭ᠎ᠠ ᠪᠠᠷᠢᠮᠲᠠ ᠵᠢ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ᠂ ᠬᠠᠮᠲᠤ᠎ᠪᠠᠷ ᠭᠥᠷᠳᠡᠵᠦ ᠬᠡᠷᠡᠭᠯᠡᠬᠦ ᠵᠢ ᠪᠡᠶᠡᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠫᠤᠷᠲᠸᠯ ᠰᠦᠯᠵᠢᠶᠡᠨ ᠥᠷᠲᠡᠭᠡ᠎ᠳᠤ 《ᠪᠥᠬᠥ ᠣᠷᠣᠨ᠎ᠤ ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ》᠎ᠤᠨ ᠲᠤᠰᠬᠠᠢ ᠰᠡᠳᠦᠪ᠎ᠢ ᠨᠡᠮᠡᠨ ᠪᠠᠢ᠌ᠭᠤᠯᠵᠤ᠂ 788 ᠵᠦᠢ᠍ᠯ᠎ᠤᠨ ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠨᠡᠢ᠌ᠲᠡᠯᠡᠪᠡ᠃ ᠣᠲᠣ ᠪᠣᠯᠲᠠᠯ᠎ᠠ᠂ ᠪᠥᠬᠥ ᠣᠷᠣᠨ᠎ᠤ ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠨᠡᠶ᠋ᠢᠲᠡ 9 ᠲᠦᠮᠡ ᠰᠢᠬᠠᠮ ᠤᠳᠠᠭ᠎ᠠ ᠦᠵᠡᠵᠦ ᠬᠡᠷᠡᠭᠯᠡᠭᠰᠡᠨ ᠪᠥᠭᠡᠳ ᠡᠭᠦᠨ᠎ᠳᠤ 2800 ᠭᠠᠷᠤᠢ ᠲᠥᠷᠥᠯ ᠵᠦᠢ᠍ᠯ᠎ᠤᠨ ᠬᠠᠮᠲᠤ᠎ᠪᠠᠷ ᠡᠳ᠋ᠯᠡᠵᠦ ᠬᠡᠷᠡᠭᠯᠡᠭᠰᠡᠨ ᠦᠷ᠎ᠡ ᠪᠦᠲᠦᠭᠡᠯ 1.1 ᠲᠦᠮᠡ ᠭᠠᠷᠤᠢ ᠤᠳᠠᠭ᠎ᠠ ᠪᠠᠢ᠌ᠵᠤ᠂ ᠠᠵᠤ ᠠᠬᠤᠢ᠌ᠯᠠᠯ᠎ᠤᠨ ᠠᠵᠤ ᠠᠬᠤᠢ ᠵᠢᠨ ᠥᠪᠡᠷ᠎ᠤᠨ ᠥᠷᠲᠡᠭ᠎ᠢ 2.6 ᠳ᠋ᠦᠩᠰᠢᠭᠤᠷ ᠲᠥᠭᠥᠷᠢᠭ ᠠᠷᠪᠢᠯᠠᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠪᠦᠲᠦᠮᠵᠢᠲᠡᠶ ᠬᠥᠭᠵᠢᠭᠡᠭᠰᠡᠨ ᠪᠠᠢ᠌ᠨ᠎ᠠ᠃
ᠨᠠᠢ᠍ᠮᠠ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠰᠠᠨᠠᠭ᠋ᠠᠴᠢᠯᠠᠭ᠎ᠠ᠎ᠠᠴᠠ᠎ᠪᠠᠨ ᠵᠢᠷᠤᠮᠵᠢᠭᠤᠯᠵᠤ᠂ ᠦᠢ᠍ᠯᠡᠴᠢᠯᠡᠭᠡ ᠵᠢ ᠠᠷᠠᠳ᠎ᠲᠤ ᠨᠠᠩ ᠠᠰᠢᠭᠲᠠᠢ ᠪᠣᠯᠭ᠋ᠠᠪᠠ
ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠠᠷᠢᠮᠵᠢᠶ᠎ᠠ ᠵᠢᠨ ᠰᠢᠰᠲ᠋ᠧᠮ᠎ᠢ ᠪᠠᠢ᠌ᠭᠤᠯᠵᠤ ᠂ 8 ᠵᠦᠢ᠍ᠯ᠎ᠤᠨ ᠣᠷᠣᠨ ᠨᠤᠲᠤᠭ᠎ᠤᠨ ᠪᠠᠷᠢᠮᠵᠢᠶ᠎ᠠ ᠵᠢ ᠲᠣᠭᠲᠠᠭ᠋ᠠᠵᠤ ᠂ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠤᠬᠠᠮᠰᠠᠷ ᠵᠶ᠋ᠠᠷ ᠴᠢᠩᠭ᠎ᠠ ᠦᠭᠡᠢ᠂ ᠭᠤᠶᠤᠴᠢᠯᠠᠯ ᠶᠣᠰᠣᠭ᠋ᠠᠷ ᠢᠯᠡ ᠪᠣᠯᠭ᠋ᠠᠬᠤ᠎ᠨᠢ ᠵᠢᠷᠤᠮᠵᠢᠯ ᠦᠭᠡᠢ ᠂ ᠨᠡᠢ᠌ᠲᠡᠯᠡᠵᠦ ᠲᠠᠢ᠌ᠯᠪᠤᠷᠢᠯᠠᠬᠤ᠎ᠨᠢ ᠰᠠᠯᠤᠩᠬᠢᠷᠠᠭᠰᠠᠨ ᠂ ᠲᠤᠰᠬᠠᠢ ᠮᠡᠷᠭᠡᠵᠢᠯ᠎ᠤᠨ ᠮᠡᠳᠡᠯᠭᠡ ᠬᠦᠷᠦᠯᠴᠡᠬᠦ ᠦᠭᠡᠢ ᠵᠡᠷᠭᠡ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠪᠡ ᠃ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠭᠤᠶᠤᠴᠢᠯᠠᠯ᠎ᠢ ᠦᠨᠳᠦᠰᠦᠯᠡᠨ ᠢᠯᠡ ᠪᠣᠯᠭ᠋ᠠᠬᠤ ᠰᠢᠰᠲ᠋ᠧᠮ》᠎ᠢ ᠨᠡᠭᠡᠭᠡᠨ ᠬᠥᠭᠵᠢᠭᠦᠯᠵᠦ ᠪᠦᠲᠦᠭᠡᠨ ᠪᠠᠢ᠌ᠭᠤᠯᠵᠤ᠂ ᠪᠥᠬᠥ ᠣᠷᠣᠨ᠎ᠤ 4557 ᠰᠠᠯᠠᠭ᠎ᠠ ᠮᠥᠴᠢᠷ᠎ᠲᠤ ᠵᠠᠯᠭ᠋ᠠᠨ ᠣᠷᠣᠭᠤᠯᠵᠤ᠂ ᠭᠤᠶᠤᠴᠢᠯᠠᠯ᠎ᠢ ᠦᠨᠳᠦᠰᠦᠯᠡᠨ ᠢᠯᠡ ᠪᠣᠯᠭ᠋ᠠᠬᠤ ᠰᠦᠯᠵᠢᠶ᠎ᠡ᠎ᠪᠠᠷ ᠭᠦᠢ᠍ᠴᠡᠳᠬᠡᠬᠦ ᠨᠣᠷᠮ᠎ᠠ ᠵᠢ 80%᠎ᠳᠤ ᠬᠦᠷᠦᠭᠦᠯᠵᠦ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠭᠤᠶᠤᠴᠢᠯᠠᠯ᠎ᠢ ᠦᠨᠳᠦᠰᠦᠯᠡᠨ ᠢᠯᠡ ᠪᠣᠯᠭ᠋ᠠᠬᠤ ᠵᠢ ᠨᠢᠭᠡ ᠰᠦᠯᠵᠢᠶ᠎ᠡ᠎ᠪᠠᠷ ᠨᠡᠢ᠌ᠳᠡᠮ ᠭᠦᠢ᠍ᠴᠡᠳᠬᠡᠬᠦ᠂ ᠨᠢᠭᠡ ᠰᠦᠯᠵᠢᠶ᠎ᠡ᠎ᠪᠠᠷ ᠨᠢᠭᠡᠳᠦᠯᠲᠡᠢ ᠬᠠᠮᠢᠶᠠᠷᠬᠤ ᠵᠢ ᠪᠡᠶᠡᠯᠡᠭᠦᠯᠪᠡ᠃ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠡᠷᠴᠢᠮᠵᠢᠭᠦᠯᠬᠦ ᠪᠠᠢ᠌ᠭᠤᠯᠤᠯᠲᠠ ᠵᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠫᠤᠷᠲᠸᠯ ᠰᠦᠯᠵᠢᠶᠡᠨ ᠥᠷᠲᠡᠭᠡ ᠬᠢᠭᠡᠳ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠲᠠᠪᠴᠠᠩ᠎ᠤᠨ 《ᠬᠣᠶᠠᠷ ᠰᠦᠯᠵᠢᠶ᠎ᠡ ᠵᠢᠨ ᠠᠭᠤᠰᠤᠯᠴᠠᠯ ᠂ ᠨᠢᠭᠡ ᠨᠣᠮᠧᠷ ᠵᠶ᠋ᠡᠷ ᠭᠠᠷᠬᠤ᠂ ᠨᠢᠭᠡ ᠴᠣᠭᠴᠠᠵᠢᠭᠤᠯᠤᠨ ᠦᠢ᠍ᠯᠡᠴᠢᠯᠡᠬᠦ》 ᠵᠢᠨ ᠪᠡᠶᠡᠯᠡᠭᠦᠯᠬᠦ ᠵᠢ ᠠᠬᠢᠭᠤᠯᠪᠠ ᠃ ᠴᠢᠩᠬᠤᠸᠠ ᠶᠡᠬᠡ ᠰᠤᠷᠭ᠋ᠠᠭᠤᠯᠢ ᠵᠢᠨ ᠵᠣᠬᠢᠶᠠᠨ ᠪᠠᠢ᠌ᠭᠤᠯᠤᠭᠰᠠᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠦᠷ᠎ᠡ ᠪᠦᠲᠦᠮᠵᠢ ᠵᠢᠨ ᠦᠨᠡᠯᠡᠯᠲᠡ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠫᠤᠷᠲᠸᠯ ᠰᠦᠯᠵᠢᠶ᠎ᠡ ᠬᠣᠶᠠᠷ ᠵᠢᠯ ᠳᠠᠷᠠᠭ᠋ᠠᠯᠠᠨ ᠡᠮᠦᠨ᠎ᠡ 10᠎ᠳᠤ ᠵᠢᠭᠰᠠᠭ᠋ᠠᠭᠳᠠᠪᠠ᠃
ᠳᠠᠷᠠᠭ᠋ᠠᠴᠢ ᠵᠢᠨ ᠠᠯᠬᠤᠮ᠎ᠳᠤ᠂ ᠪᠢᠳᠡ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠨ ᠵᠶ᠋ᠡᠨ ᠲᠥᠪᠯᠡᠷᠡᠭᠦᠯᠵᠦ ᠪᠠᠢ᠌ᠭ᠋ᠠᠳ ᠡᠯ᠎ᠡ ᠵᠦᠢ᠍ᠯ᠎ᠤᠨ ᠠᠵᠢᠯ᠎ᠤᠨ ᠡᠭᠦᠷᠭᠡ᠎ᠪᠠᠨ ᠰᠠᠢ᠌ᠲᠤᠷ ᠨᠠᠢ᠌ᠳᠠᠪᠤᠷᠢᠵᠢᠭᠤᠯᠵᠤ᠂ 《ᠬᠣᠶᠠᠷ ᠶᠡᠬᠡ ᠶᠠᠪᠤᠳᠠᠯ》᠎ᠢ ᠰᠠᠢ᠌ᠲᠤᠷ ᠬᠢᠬᠦ ᠡᠷᠴᠢ ᠵᠣᠷᠢᠭ᠎ᠢ ᠬᠥᠪᠴᠢᠯᠡᠵᠦ᠂ ᠰᠢᠨ᠎ᠡ ᠵᠠᠮ᠎ᠢ ᠨᠡᠭᠡᠭᠡᠬᠦ᠂ ᠳᠤᠮᠳᠠ ᠤᠷᠤᠰᠬᠠᠯ᠎ᠳᠤ ᠣᠷᠣᠬᠤ ᠢᠲᠡᠭᠡᠯ ᠵᠣᠷᠢᠭ ᠵᠶ᠋ᠠᠨ ᠪᠠᠲᠤᠳᠬᠠᠵᠤ᠂ ᠥᠷᠯᠥᠭᠡ ᠦᠳᠡᠰᠢ ᠵᠢ ᠲᠡᠮᠡᠴᠡᠬᠦ᠂ ᠴᠠᠭ ᠮᠥᠴᠡ ᠵᠢ ᠵᠠᠪᠳᠤᠬᠤ ᠵᠣᠷᠢᠭ ᠰᠠᠨᠠᠭ᠎ᠠ᠎ᠪᠠᠷ᠂ ᠭᠣᠣᠯᠳᠠᠯᠭ᠎ᠠ᠎ᠲᠠᠢ ᠠᠵᠢᠯ᠎ᠢ ᠲᠦᠷᠭᠡᠨ ᠬᠢᠬᠦ ᠵᠢ ᠴᠢᠩᠭ᠎ᠠ ᠠᠳᠬᠤᠨ ᠠᠬᠢᠭᠤᠯᠵᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ ᠨᠠᠩ ᠣᠯᠠᠨ ᠠᠷᠭ᠎ᠠ ᠬᠡᠮᠵᠢᠶ᠎ᠡ ᠵᠢ ᠭᠠᠷᠭ᠋ᠠᠵᠤ᠂ ᠣᠯᠠᠨ ᠲᠦᠮᠡᠨ᠎ᠤ ᠪᠠᠴᠢᠮ ᠪᠡᠷᠬᠡ ᠵᠣᠪᠠᠵᠤ ᠪᠠᠢ᠌ᠭ᠎ᠠ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠨ᠂ ᠠᠵᠤ ᠠᠬᠤᠢ᠌ᠯᠠᠯ ᠪᠠ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠬᠠᠨᠤᠮᠵᠢ ᠵᠢᠨ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠴᠢ ᠵᠢᠨ ᠰᠠᠢ᠌ᠨ ᠰᠠᠢ᠌ᠬᠠᠨ ᠳᠦᠷᠢ ᠲᠥᠷᠬᠦ ᠵᠢ ᠪᠣᠶ ᠪᠣᠯᠭ᠋ᠠᠪᠠ ᠃
ᠡᠨᠳᠡ ᠪᠢ ᠪᠠᠰᠠ ᠰᠣᠨᠢᠨ ᠮᠡᠳᠡᠭᠡᠨ᠎ᠤ ᠡᠲᠡᠭᠡᠳ᠎ᠤᠨ ᠨᠠᠢ᠌ᠵᠠ ᠨᠠᠷ᠎ᠤᠨ ᠥᠩᠭᠡᠷᠡᠭᠰᠡᠨ᠎ᠲᠠᠢ᠎ᠪᠠᠨ ᠠᠳᠠᠯᠢ᠎ᠪᠠᠷ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ᠎ᠢ ᠠᠩᠬᠠᠷᠤᠨ ᠬᠠᠯᠠᠮᠵᠢᠯᠠᠵᠤ ᠂ ᠪᠢᠳᠡᠨ᠎ᠤ ᠠᠵᠢᠯ ᠵᠶ᠋ᠠᠨ ᠨᠡᠩ ᠰᠠᠢ᠌ᠨ ᠬᠢᠬᠦ ᠳᠤ ᠬᠠᠪᠰᠤᠷᠤᠨ ᠬᠢᠨᠠᠯᠲᠠ ᠲᠠᠯᠪᠢᠬᠤ ᠵᠢ ᠴᠢᠩ ᠰᠡᠳᠬᠢᠯ᠎ᠠᠴᠠ᠎ᠪᠠᠨ ᠬᠦᠰᠡᠵᠦ ᠪᠠᠢ᠌ᠨ᠎ᠠ ᠃ ᠤᠯᠠᠨ᠎ᠳᠤ ᠪᠠᠶᠠᠷᠯᠠᠯ᠎ᠠ!
ᠰᠣᠨᠢᠨ ᠮᠡᠳᠡᠭᠡ ᠨᠡᠢ᠌ᠲᠡᠯᠡᠬᠦ ᠬᠤᠷᠠᠯ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠵᠢᠨ ᠰᠤᠷᠪᠤᠯᠵᠢᠯᠠᠭᠴᠢ᠄ 《ᠠᠷᠠᠳ᠎ᠤᠨ ᠰᠠᠨᠠᠭ᠎ᠠ ᠵᠢ ᠣᠢ᠌ᠯᠠᠭ᠋ᠠᠬᠤ᠂ ᠠᠷᠠᠳ᠎ᠤᠨ ᠵᠣᠪᠠᠨᠢᠯ᠎ᠢ ᠲᠠᠢ᠌ᠯᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ》 ᠲᠤᠰᠬᠠᠢ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ᠎ᠳᠤ᠂ 《ᠦᠨᠡᠮᠯᠡᠯ᠎ᠠᠴᠠ ᠬᠡᠯᠲᠦᠷᠢᠭᠦᠯᠦᠨ ᠭᠦᠢ᠍ᠴᠡᠳᠭᠡᠬᠦ 》 ᠦᠢ᠍ᠯᠡᠴᠢᠯᠡᠭᠡ ᠵᠢ ᠬᠦᠴᠦᠯᠡᠨ ᠳᠡᠯᠭᠡᠷᠡᠭᠦᠯᠬᠦ ᠬᠡᠷᠡᠭᠲᠡᠢ ᠭᠡᠵᠦ ᠳᠤᠷᠠᠳᠤᠨ ᠭᠠᠷᠭ᠋ᠠᠪᠠ᠃ ᠲᠡᠭᠡᠪᠡᠯ ᠶᠠᠭᠤ ᠵᠢ 《ᠦᠨᠡᠮᠯᠡᠯ᠎ᠠᠴᠠ ᠬᠡᠯᠲᠦᠷᠢᠭᠦᠯᠦᠨ ᠭᠦᠢ᠍ᠴᠡᠳᠭᠡᠬᠦ》 ᠦᠢ᠍ᠯᠡᠴᠢᠯᠡᠭᠡ ᠭᠡᠬᠦ ᠪᠣᠶ? ᠡᠨᠡ ᠬᠦ᠌ ᠦᠢ᠍ᠯᠡᠴᠢᠯᠡᠭᠡ ᠵᠢ ᠲᠦᠯᠬᠢᠨ ᠭᠠᠷᠭ᠋ᠠᠪᠠᠯ ᠠᠵᠤ ᠠᠬᠤᠢ᠌ᠯᠠᠯ᠎ᠤᠨ ᠣᠯᠠᠨ ᠲᠦᠮᠡᠨ᠎ᠳᠤ ᠶᠠᠮᠠᠷ ᠶᠠᠮᠠᠷ ᠲᠥᠬᠥᠮ ᠦᠵᠡᠭᠦᠯᠬᠦ ᠪᠣᠶ?
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠡᠯᠧᠺᠲᠷᠣᠨ ᠵᠠᠰᠠᠭ᠎ᠤᠨ ᠶᠠᠪᠤᠳᠠᠯ᠎ᠤᠨ ᠭᠠᠵᠠᠷ᠎ᠤᠨ ᠳᠠᠷᠤᠭ᠎ᠠ ᠣᠴᠢ᠄ 《ᠦᠨᠡᠮᠯᠡᠯ᠎ᠠᠴᠠ ᠬᠡᠯᠲᠦᠷᠢᠭᠦᠯᠦᠨ ᠭᠦᠢ᠍ᠴᠡᠳᠭᠡᠬᠦ》 ᠦᠢ᠍ᠯᠡᠴᠢᠯᠡᠭᠡ ᠭᠡᠳᠡᠭ᠎ᠨᠢ ᠬᠤᠪᠢ ᠬᠥᠮᠥᠨ ᠪᠤᠶᠤ ᠠᠵᠤ ᠠᠬᠤᠢ᠌ᠯᠠᠯ᠎ᠤᠨ 《ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ》 ᠳᠡᠭᠡᠷ᠎ᠡ ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ ᠭᠠᠳᠠᠭᠰᠢ ᠬᠠᠩᠭ᠋ᠠᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ (ᠭᠤᠶᠤᠴᠢᠯᠠᠭᠰᠠᠨ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠦᠢ᠍ᠯᠡᠰ ᠪᠠᠭᠲᠠᠨ᠎ᠠ)᠎ᠢ ᠭᠤᠶᠤᠴᠢᠯᠠᠨ ᠭᠦᠢ᠍ᠴᠡᠳᠬᠡᠬᠦ ᠦᠶ᠎ᠡ᠎ᠳᠤ᠂ ᠬᠤᠪᠢ ᠬᠥᠮᠥᠨ ᠪᠤᠶᠤ ᠠᠵᠤ ᠠᠬᠤᠢ᠌ᠯᠠᠯ᠎ᠤᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠂ ᠣᠷᠣᠯᠠᠭᠴᠢ᠎ᠨᠢ ᠵᠥᠪᠬᠡᠨ ᠵᠢᠰᠦ᠎ᠪᠠᠨ ᠦᠵᠡᠭᠦᠯᠬᠦ᠎ᠪᠠᠷ ᠲᠠᠮᠵᠢᠪᠠᠯ ᠳᠠᠷᠤᠢ ᠬᠤᠪᠢ ᠬᠥᠮᠥᠨ ᠪᠤᠶᠤ ᠠᠵᠤ ᠠᠬᠤᠢ᠌ᠯᠠᠯ᠎ᠤᠨ ᠨᠢᠭᠡᠨᠲᠡ ᠡᠯᠧᠺᠲ᠋ᠣᠷᠣᠨᠴᠢᠯᠠᠭᠰᠠᠨ ᠪᠣᠳᠠᠲᠤ ᠴᠣᠭᠴᠠ ᠵᠢᠨ ᠦᠨᠡᠮᠯᠡᠯ᠎ᠢ ᠡᠯ᠎ᠡ ᠱᠠᠲᠤᠨ᠎ᠤ ᠲᠤᠬᠠᠢ᠌ᠯᠠᠭᠰᠠᠨ ᠠᠵᠢᠯ᠎ᠤᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠲᠤ ᠡᠷᠬᠡ ᠣᠯᠭᠣᠨ ᠬᠡᠷᠡᠭ ᠡᠷᠬᠢᠯᠡᠬᠦ ᠵᠢ ᠭᠤᠶᠤᠴᠢᠯᠠᠬᠤ ᠮᠠᠲ᠋ᠧᠷᠢᠶᠠᠯ᠎ᠤᠨ ᠬᠢᠨᠠᠨ ᠪᠠᠢ᠌ᠴᠠᠭ᠋ᠠᠯᠲᠠ᠎ᠳᠤ ᠬᠡᠷᠡᠭᠯᠡᠭᠦᠯᠵᠦ ᠂ ᠡᠷᠬᠡᠪᠰᠢ ᠴᠠᠭ᠋ᠠᠰᠤᠨ ᠦᠨᠡᠮᠯᠡᠯ᠎ᠤᠨ ᠤᠭ ᠮᠠᠲ᠋ᠧᠷᠢᠶᠠᠯ ᠪᠤᠶᠤ ᠪᠠᠭᠤᠯᠭ᠋ᠠᠪᠤᠷᠢ ᠵᠢ ᠲᠤᠰᠢᠶᠠᠬᠤ ᠶᠠᠷᠰᠢᠭ ᠲᠦᠪᠡᠭ᠎ᠢ ᠠᠷᠢᠯᠭ᠋ᠠᠪᠠ; ᠡᠯ᠎ᠡ ᠱᠠᠲᠤᠨ᠎ᠤ ᠲᠤᠬᠠᠢ᠌ᠯᠠᠭᠰᠠᠨ ᠠᠵᠢᠯ᠎ᠤᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠤᠳ ᠰᠠᠯᠠᠭ᠎ᠠ ᠮᠥᠴᠢᠷ᠎ᠤᠨ ᠬᠣᠭᠣᠷᠣᠨᠳᠣᠬᠢ ᠡᠯᠧᠺᠲᠷᠣᠨ ᠭᠡᠷᠡᠴᠢ ᠦᠨᠡᠮᠯᠡᠯ᠎ᠤᠨ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ᠎ᠪᠠᠷ ᠳᠠᠮᠵᠢᠭᠤᠯᠤᠨ᠂ ᠭᠤᠶᠤᠴᠢᠯᠠᠭᠴᠢ ᠵᠢᠨ ᠭᠡᠷᠡᠴᠢ ᠦᠨᠡᠮᠯᠡᠯ᠎ᠤᠨ ᠮᠡᠳᠡᠭᠡ ᠵᠠᠩᠭᠢ ᠵᠢ ᠰᠦᠯᠵᠢᠶᠡᠨ ᠳᠡᠭᠡᠷ᠎ᠡ ᠬᠢᠨᠠᠨ ᠰᠢᠯᠭ᠋ᠠᠵᠤ᠂ ᠭᠡᠷᠡᠴᠢ ᠦᠨᠡᠮᠯᠡᠯ᠎ᠤᠨ ᠦᠨᠡᠨ ᠪᠣᠳᠠᠲᠤ ᠴᠢᠨᠠᠷ ᠪᠠ ᠪᠦᠲᠦᠮᠵᠢᠲᠦ ᠴᠢᠨᠠᠷ᠎ᠢ ᠪᠠᠲᠤᠯᠠᠭᠰᠠᠨ ᠮᠥᠷᠲᠡᠭᠡᠨ ᠠᠵᠤ ᠠᠬᠤᠢ᠌ᠯᠠᠯ᠎ᠤᠨ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ ᠶᠠᠪᠤᠴᠠ ᠵᠢ ᠴᠤ᠌ ᠰᠢᠯᠢᠳᠡᠭᠵᠢᠭᠦᠯᠵᠡᠢ᠃
ᠣᠢ᠌ᠷ᠎ᠠ ᠵᠢᠨ ᠵᠢᠯ᠎ᠳᠤ᠂ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢ ᠬᠤᠪᠢᠷᠠᠭᠤᠯᠬᠤ ᠪᠠ ᠲᠣᠭ᠋ᠠᠴᠢᠯᠠᠭᠰᠠᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠴᠢᠳᠠᠮᠵᠢ ᠪᠠ ᠦᠢ᠍ᠯᠡᠴᠢᠯᠡᠭᠡ ᠵᠢ ᠰᠢᠯᠢᠳᠡᠭᠵᠢᠭᠦᠯᠬᠦ ᠵᠢ ᠦᠷᠭᠦᠯᠵᠢᠯᠡᠨ ᠠᠬᠢᠭᠤᠯᠵᠤ᠂ ᠰᠠᠯᠠᠭ᠎ᠠ ᠮᠥᠴᠢᠷ᠎ᠤᠨ ᠡᠯᠧᠺᠲᠷᠣᠨ ᠦᠨᠡᠮᠯᠡᠯ᠎ᠤᠨ ᠲᠣᠭ᠎ᠠ ᠪᠠᠷᠢᠮᠲᠠ ᠵᠢ ᠬᠤᠷᠠᠮᠳᠤᠭᠤᠯᠬᠤ ᠵᠢᠴᠢ ᠬᠠᠮᠲᠤ᠎ᠪᠠᠷ ᠭᠥᠷᠳᠡᠵᠦ ᠬᠡᠷᠡᠭᠯᠡᠬᠦ ᠵᠢ ᠢᠳᠡᠪᠬᠢᠲᠡᠢ ᠠᠬᠢᠭᠤᠯᠤᠨ᠂ ᠢᠯᠡᠳᠲᠡ ᠦᠷ᠎ᠡ ᠪᠦᠲᠦᠮᠵᠢ ᠣᠯᠪᠠ᠃ ᠣᠳᠣᠬᠠᠨ᠎ᠳᠤ᠂ ᠨᠢᠭᠡᠨᠲᠡ ᠪᠥᠬᠥ ᠣᠷᠣᠨ᠎ᠤ ᠨᠡᠢ᠌ᠭᠡᠮ᠎ᠤᠨ ᠪᠠᠲᠤᠯᠠᠭ᠎ᠠ ᠵᠢᠨ ᠺᠠᠷᠲ᠂ ᠡᠮ ᠡᠮᠨᠡᠯᠭᠡ ᠵᠢᠨ ᠳᠠᠭ᠋ᠠᠳᠬᠠᠯ᠎ᠤᠨ ᠡᠯᠧᠺᠲᠷᠣᠨ ᠭᠡᠷᠡᠴᠢ ᠪᠠᠷᠢᠮᠲᠠ᠂ ᠲᠥᠷᠥᠭᠰᠡᠨ ᠠᠨᠠᠭ᠋ᠠᠬᠤ ᠤᠬᠠᠭ᠋ᠠᠨ᠎ᠤ ᠭᠡᠷᠡᠴᠢ ᠪᠠᠷᠢᠮᠲᠠ᠂ ᠥᠯᠥ ᠬᠥᠳᠡᠯᠬᠦ ᠬᠥᠷᠥᠩᠭᠡ ᠵᠢᠨ ᠡᠷᠬᠡ ᠵᠢᠨ ᠦᠨᠡᠮᠯᠡᠯ᠂ ᠡᠵᠡᠩᠨᠡᠯᠲᠡ ᠵᠢᠨ ᠦᠨᠡᠮᠯᠡᠯ ᠵᠡᠷᠭᠡ 640 ᠭᠠᠷᠤᠢ ᠲᠥᠷᠥᠯ᠂ 6980 ᠲᠦᠮᠡᠨ ᠵᠤᠷᠪᠤᠰ ᠭᠡᠷᠡᠴᠢ ᠦᠨᠡᠮᠯᠡᠯ᠎ᠤᠨ ᠲᠣᠭ᠎ᠠ ᠪᠠᠷᠢᠮᠲᠠ ᠵᠢ ᠬᠤᠷᠠᠮᠳᠤᠭᠤᠯᠵᠤ᠂ ᠨᠡᠶ᠋ᠢᠲᠡ ᠬᠠᠮᠲᠤ᠎ᠪᠠᠷ ᠡᠳ᠋ᠯᠡᠵᠦ ᠬᠡᠷᠡᠭᠯᠡᠭᠰᠡᠨ ᠬᠡᠮᠵᠢᠶ᠎ᠡ 11 ᠳ᠋ᠦᠩᠰᠢᠭᠤᠷ ᠤᠳᠠᠭ᠎ᠠ ᠵᠢ ᠳᠠᠪᠠᠵᠤ᠂ ᠠᠵᠤ ᠠᠬᠤᠢ᠌ᠯᠠᠯ ᠪᠠ ᠣᠯᠠᠨ ᠲᠦᠮᠡᠨ 《 ᠮᠸᠩ ᠰᠦ᠎ᠪᠠᠨ 》 ᠰᠢᠯᠵᠢᠮᠡᠯ ᠦᠵᠦᠭᠦᠷ ᠪᠠ 《ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ》 ᠵᠶ᠋ᠡᠷ ᠳᠠᠮᠵᠢᠭᠤᠯᠤᠨ ᠥᠪᠡᠷ᠎ᠤᠨ ᠡᠯᠧᠺᠲᠷᠣᠨ ᠭᠡᠷᠡᠴᠢ ᠦᠨᠡᠮᠯᠡᠯ ᠵᠶ᠋ᠡᠨ ᠪᠠᠢ᠌ᠴᠠᠭ᠋ᠠᠨ ᠦᠵᠡᠵᠦ ᠪᠠᠭᠤᠯᠭ᠋ᠠᠨ ᠠᠪᠴᠤ ᠪᠣᠯᠣᠨ᠎ᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ 《ᠦᠨᠡᠮᠯᠡᠯ᠎ᠠᠴᠠ ᠬᠡᠯᠲᠦᠷᠢᠭᠦᠯᠦᠨ ᠭᠦᠢ᠍ᠴᠡᠳᠭᠡᠬᠦ》 ᠠᠵᠢᠯ᠎ᠢ ᠴᠤ᠌ 2023 ᠣᠨ᠎ᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 43 ᠵᠦᠢ᠍ᠯ᠎ᠤᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠵᠶ᠋ᠠᠷ ᠵᠢᠭᠰᠠᠭ᠋ᠠᠭᠳᠠᠵᠤ᠂ ᠡᠨᠡ ᠵᠢᠯ᠎ᠤᠨ 2 ᠰᠠᠷ᠎ᠠ᠎ᠠᠴᠠ ᠨᠠᠭ᠋ᠠᠰᠢ ᠂ ᠪᠥᠬᠥ ᠣᠷᠣᠨ᠎ᠳᠤ 《ᠦᠨᠡᠮᠯᠡᠯ᠎ᠠᠴᠠ ᠬᠡᠯᠲᠦᠷᠢᠭᠦᠯᠦᠨ ᠭᠦᠢ᠍ᠴᠡᠳᠭᠡᠬᠦ 》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠨᠡᠶ᠋ᠢᠲᠡ 12.4 ᠲᠦᠮᠡᠨ ᠵᠦᠢ᠍ᠯ ᠨᠡᠢ᠌ᠲᠡᠯᠡᠵᠦ᠂ ᠠᠵᠢᠯ ᠣᠯᠭᠣᠬᠤ ᠪᠠ ᠠᠳᠠᠯ ᠦᠢ᠍ᠯᠡᠰ ᠴᠣᠭᠴᠠᠯᠠᠬᠤ᠂ ᠨᠡᠢ᠌ᠭᠡᠮ᠎ᠤᠨ ᠪᠠᠲᠤᠯᠠᠭ᠎ᠠ᠂ ᠰᠣᠶᠣᠯ ᠪᠡᠶ᠎ᠡ ᠵᠢᠨ ᠲᠠᠮᠢᠷ᠎ᠤᠨ ᠰᠤᠷᠭ᠋ᠠᠨ ᠬᠥᠮᠦᠵᠢᠯ᠂ ᠵᠠᠮ ᠬᠠᠷᠢᠯᠴᠠᠭ᠎ᠠ ᠲᠡᠭᠡᠭᠡᠪᠦᠷᠢ᠂ ᠡᠵᠡᠩᠨᠡᠬᠦ ᠵᠢ ᠵᠥᠪᠰᠢᠶᠡᠷᠡᠬᠦ ᠪᠠ ᠵᠥᠪᠰᠢᠶᠡᠷᠡᠨ ᠣᠷᠣᠭᠤᠯᠬᠤ ᠵᠡᠷᠭᠡ ᠣᠯᠠᠨ ᠬᠦᠷᠢᠶ᠎ᠡ ᠴᠠᠷᠠᠭ᠎ᠠ᠎ᠳᠤ ᠬᠣᠯᠪᠣᠭᠳᠠᠨ᠂ 5.2 ᠲᠦᠮᠡᠨ ᠵᠦᠢ᠍ᠯ᠎ᠢ ᠪᠣᠳᠠᠲᠠᠢ ᠭᠦᠢ᠍ᠴᠡᠳᠬᠡᠵᠦ᠂ ᠠᠷᠠᠳ᠎ᠲᠤ ᠪᠣᠳᠠᠲᠠᠢ ᠶᠠᠪᠤᠳᠠᠯ ᠬᠢᠵᠦ ᠥᠭᠬᠦ᠂ ᠠᠵᠤ ᠠᠬᠤᠢ᠌ᠯᠠᠯ᠎ᠳᠤ ᠠᠰᠢᠭ ᠬᠦᠷᠲᠡᠭᠡᠵᠦ ᠦᠢ᠍ᠯᠡᠴᠢᠯᠡᠬᠦ ᠵᠢ ᠦᠨᠡᠨᠬᠦ ᠪᠡᠶᠡᠯᠡᠭᠦᠯᠵᠡᠢ᠃
ᠡᠯᠧᠺᠲᠷᠣᠨ ᠦᠨᠡᠮᠯᠡᠯ ᠪᠣᠯ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ ᠪᠠ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠥᠨᠳᠥᠷ ᠪᠦᠲᠦᠮᠵᠢᠲᠡᠢ᠎ᠪᠠᠷ ᠠᠵᠢᠯᠯᠠᠬᠤ ᠵᠢ ᠲᠤᠯᠭ᠋ᠠᠭᠤᠷᠢᠯᠠᠬᠤ ᠰᠠᠭᠤᠷᠢ ᠲᠣᠭ᠎ᠠ ᠪᠠᠷᠢᠮᠲᠠ ᠵᠢᠨ ᠨᠢᠭᠡ ᠪᠣᠯᠣᠨ᠎ᠠ ᠂ ᠪᠢᠳᠡ ᠦᠷᠭᠦᠯᠵᠢᠯᠡᠨ ᠵᠠᠮ ᠨᠡᠭᠡᠭᠡᠨ ᠰᠢᠨ᠎ᠡ ᠵᠢ ᠡᠭᠦᠳᠴᠦ ᠂ ᠲᠣᠭ᠋ᠠᠴᠢᠯᠠᠭᠰᠠᠨ ᠠᠷᠭ᠎ᠠ ᠪᠠᠷᠢᠯ᠎ᠢ ᠭᠦᠢ᠍ᠴᠡᠳ ᠠᠰᠢᠭᠯᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠵᠦ ᠂ ᠵᠠᠰᠠᠭ᠎ᠤᠨ ᠣᠷᠳᠣᠨ᠎ᠤ ᠵᠠᠰᠠᠯᠲᠠ ᠵᠢᠨ ᠰᠢᠨ᠎ᠡ ᠵᠢ ᠡᠭᠦᠳᠬᠦ ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠪᠣᠯᠤᠨ᠎ᠠ᠃
ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠪᠥᠬᠥ ᠣᠷᠣᠨ᠎ᠤ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠴᠠᠭ᠎ᠢ ᠤᠷᠲᠤᠳᠬᠠᠬᠤ ᠦᠢ᠍ᠯᠡᠴᠢᠯᠡᠭᠡ ᠵᠢ ᠲᠦᠯᠬᠢᠨ ᠠᠬᠢᠭᠤᠯᠬᠤ᠎ᠳᠤ ᠶᠠᠮᠠᠷ ᠶᠠᠮᠠᠷ ᠪᠣᠲᠠᠲᠠᠢ ᠠᠵᠢᠯ ᠬᠢᠭᠰᠡᠨ ᠪᠣᠢ?
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠲᠥᠪ᠎ᠤᠨ ᠡᠷᠬᠢᠯᠡᠭᠴᠢ ᠵᠧᠩ ᠴᠢᠩ᠄ 《ᠨᠠᠩ ᠣᠯᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠲᠤ ᠴᠠᠭ᠎ᠢ ᠤᠷᠲᠤᠳᠬᠠᠬᠤ ᠦᠢ᠍ᠯᠡᠴᠢᠯᠡᠭᠡ ᠬᠠᠩᠭ᠋ᠠᠬᠤ ᠵᠢ ᠲᠦᠯᠬᠢᠨ ᠠᠬᠢᠭᠤᠯᠬᠤ》 ᠪᠣᠯ 2023 ᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠭᠣᠣᠯᠳᠠᠯᠭ᠎ᠠ᠎ᠲᠠᠢ ᠡᠭᠦᠷᠭᠡ ᠵᠢᠨ ᠨᠢᠭᠡ ᠪᠣᠯᠬᠤ ᠪᠥᠭᠡᠳ 《ᠠᠷᠠᠳ᠎ᠤᠨ ᠠᠮᠢᠳᠤᠷᠠᠯ᠎ᠤᠨ 43 ᠵᠦᠢ᠍ᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢ᠍ᠯ》᠎ᠤᠨ ᠨᠢᠭᠡ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠨᠢ ᠭᠣᠣᠯ ᠰᠡᠳᠦᠪᠲᠦ ᠬᠥᠮᠦᠵᠢᠯ᠎ᠲᠠᠢ ᠤᠶᠠᠯᠳᠤᠭᠤᠯᠤᠨ᠂ ᠠᠷᠠᠳ᠎ᠲᠤ ᠳᠦᠭᠦᠮ ᠠᠵᠤ ᠠᠬᠤᠢ᠌ᠯᠠᠯ᠎ᠳᠤ ᠠᠰᠢᠭ ᠬᠦᠷᠲᠡᠭᠡᠬᠦ᠎ᠪᠠᠷ ᠬᠠᠷᠠᠯᠲᠠ ᠪᠣᠯᠭ᠋ᠠᠵᠤ᠂ ᠴᠠᠭ᠎ᠢ ᠤᠷᠲᠤᠳᠬᠠᠬᠤ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠪᠥᠬᠥ ᠬᠦᠴᠦᠨ ᠵᠶ᠋ᠡᠷ ᠵᠶ᠋ᠡᠨ ᠳᠡᠭᠡᠭᠰᠢᠯᠡᠭᠦᠯᠵᠦ᠂ ᠨᠠᠩ ᠣᠯᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠲᠤ ᠴᠠᠭ᠎ᠢ ᠤᠷᠲᠤᠳᠬᠠᠬᠤ ᠦᠢ᠍ᠯᠡᠴᠢᠯᠡᠭᠡ ᠵᠢ ᠲᠦᠯᠬᠢᠨ ᠠᠬᠢᠭᠤᠯᠪᠠ᠃ ᠨᠢᠭᠡ᠎ᠳᠤ 7 ᠰᠠᠷ᠎ᠠ᠎ᠳᠤ 《ᠪᠥᠬᠥ ᠣᠷᠣᠨ᠎ᠤ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠴᠠᠭ᠎ᠢ ᠤᠷᠲᠤᠳᠬᠠᠬᠤ ᠦᠢ᠍ᠯᠡᠴᠢᠯᠡᠭᠡᠨ᠎ᠤ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠴᠠᠭ᠎ᠢ ᠤᠷᠲᠤᠳᠬᠠᠬᠤ ᠦᠢ᠍ᠯᠡᠴᠢᠯᠡᠭᠡᠨ᠎ᠤ ᠴᠠᠭ ᠵᠢᠴᠢ ᠦᠢ᠍ᠯᠡᠴᠢᠯᠡᠭᠡᠨ᠎ᠤ ᠵᠠᠭᠪᠤᠷ᠎ᠢ ᠨᠢᠭᠡᠳᠬᠡᠵᠦ᠂ ᠭᠠᠷᠠᠭ᠎ᠤᠨ ᠵᠢᠷᠭᠤᠭ᠋ᠠᠨ᠂ ᠭᠠᠷᠠᠭ᠎ᠤᠨ ᠡᠳᠦᠷ᠎ᠤᠨ ᠦᠳᠡ ᠵᠢᠨ ᠡᠮᠦᠨ᠎ᠡ 9᠄ 00 — 12᠄ 00 ᠴᠠᠭ᠎ᠲᠤ ᠭᠠᠷᠠᠭ᠎ᠤᠨ ᠰᠡᠭᠦᠯᠴᠢ ᠵᠢᠨ ᠴᠠᠭ᠎ᠢ ᠤᠷᠲᠤᠳᠬᠠᠬᠤ ᠦᠢ᠍ᠯᠡᠴᠢᠯᠡᠭᠡ ᠬᠠᠩᠭ᠋ᠠᠵᠤ᠂ ᠪᠣᠯᠵᠣᠭ᠎ᠠ ᠦᠭᠡᠢ ᠴᠦ᠍ ᠭᠡᠰᠡᠨ ᠭᠦᠢ᠍ᠴᠡᠳᠬᠡᠵᠦ ᠪᠣᠯᠣᠨ᠎ᠠ᠃ ᠬᠣᠶᠠᠷ᠎ᠲᠤ ᠴᠠᠭ᠎ᠢ ᠤᠷᠲᠤᠳᠬᠠᠬᠤ ᠦᠢ᠍ᠯᠡᠴᠢᠯᠡᠭᠡᠨ᠎ᠤ ᠵᠦᠢ᠍ᠯᠡᠰ᠎ᠤᠨ ᠣᠷᠣᠵᠤ ᠰᠠᠭᠤᠬᠤ ᠨᠣᠷᠮ᠎ᠠ ᠵᠢ ᠳᠡᠭᠡᠭᠰᠢᠯᠡᠭᠦᠯᠵᠦ᠂ ᠠᠵᠤ ᠠᠬᠤᠢ᠌ᠯᠠᠯ ᠪᠠ ᠣᠯᠠᠨ ᠲᠦᠮᠡᠨ᠎ᠲᠠᠢ ᠣᠶ᠋ᠢᠷᠠᠯᠴᠠᠭ᠎ᠠ ᠥᠨᠳᠥᠷ ᠳᠠᠪᠲᠠᠮᠵᠢ᠎ᠲᠠᠢ ᠵᠦᠢ᠍ᠯᠡᠰ᠎ᠢ ᠭᠠᠷᠠᠭ᠎ᠤᠨ ᠰᠡᠭᠦᠯᠴᠢ ᠵᠢᠨ ᠴᠠᠭ᠎ᠢ ᠤᠷᠲᠤᠳᠬᠠᠬᠤ ᠦᠢ᠍ᠯᠡᠴᠢᠯᠡᠭᠡᠨ᠎ᠤ ᠬᠡᠪᠴᠢᠶᠡᠨ᠎ᠳᠤ ᠪᠥᠬᠥ ᠲᠠᠯ᠎ᠠ᠎ᠪᠠᠷ ᠣᠷᠣᠭᠤᠯᠵᠤ᠂ ᠡᠮᠴᠢᠯᠡᠭᠡᠨ᠎ᠤ ᠳᠠᠭ᠋ᠠᠳᠬᠠᠯ᠂ ᠨᠡᠢ᠌ᠭᠡᠮ᠎ᠤᠨ ᠳᠠᠭ᠋ᠠᠳᠬᠠᠯ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ᠂ ᠥᠯᠥ ᠬᠥᠳᠡᠯᠬᠦ ᠬᠥᠷᠥᠩᠭᠡ᠂ ᠳᠣᠲᠣᠭ᠋ᠠᠳᠤ ᠵᠢ ᠬᠠᠮᠠᠭ᠋ᠠᠯᠠᠬᠤ᠂ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ᠂ ᠢᠳᠡᠭᠡᠨ ᠵᠡᠷᠭᠡ ᠬᠦᠷᠢᠶ᠎ᠡ ᠴᠠᠷᠠᠭ᠋ᠠᠨ᠎ᠳᠠᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠭᠠᠷᠠᠭ᠎ᠤᠨ ᠰᠡᠭᠦᠯᠴᠢ ᠵᠢᠨ ᠴᠠᠭ᠎ᠢ ᠤᠷᠲᠤᠳᠬᠠᠬᠤ ᠦᠢ᠍ᠯᠡᠴᠢᠯᠡᠭᠡᠨ᠎ᠢ ᠨᠡᠢ᠌ᠳᠡᠮ ᠬᠠᠮᠤᠷᠬᠤ ᠵᠢ ᠪᠡᠶᠡᠯᠡᠭᠦᠯᠵᠦ᠂ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠴᠠᠭ᠎ᠢ ᠤᠷᠲᠤᠳᠬᠠᠬᠤ ᠦᠢ᠍ᠯᠡᠴᠢᠯᠡᠭᠡᠨ᠎ᠤ ᠵᠦᠢ᠍ᠯᠡᠰ᠎ᠨᠢ ᠡᠷᠬᠡ ᠣᠯᠭᠣᠵᠤ ᠣᠷᠣᠵᠤ ᠰᠠᠭᠤᠬᠤ ᠵᠦᠢ᠍ᠯᠡᠰ᠎ᠤᠨ 90% ᠵᠢ ᠡᠵᠡᠯᠡᠪᠡ᠃ ᠭᠤᠷᠪᠠ᠎ᠳᠤ ᠪᠥᠬᠥ ᠣᠷᠣᠨ᠎ᠤ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠴᠠᠭ᠎ᠢ ᠤᠷᠲᠤᠳᠬᠠᠬᠤ ᠦᠢ᠍ᠯᠡᠴᠢᠯᠡᠭᠡᠨ᠎ᠤ ᠠᠵᠢᠯ᠎ᠢ ᠰᠠᠷ᠎ᠠ᠎ᠪᠠᠷ ᠲᠣᠬᠢᠷᠠᠭᠤᠯᠵᠤ᠂ ᠲᠤᠰᠬᠠᠢ ᠬᠥᠮᠥᠨ ᠲᠣᠬᠢᠷᠠᠭᠤᠯᠤᠨ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠤᠷᠢᠳᠴᠢᠯᠠᠨ ᠪᠣᠯᠵᠣᠬᠤ ᠯᠠᠪᠯᠠᠯᠲᠠ ᠵᠢᠨ ᠤᠲᠠᠰᠤ ᠵᠢ ᠲᠠᠰᠢᠷᠠᠮ ᠵᠶ᠋ᠠᠷ ᠤᠲᠠᠰᠤᠳᠠᠵᠤ᠂ ᠴᠠᠭ᠎ᠢ ᠤᠷᠲᠤᠳᠬᠠᠬᠤ ᠦᠢ᠍ᠯᠡᠴᠢᠯᠡᠭᠡ ᠵᠢ ᠬᠡᠷᠡᠭᠵᠢᠭᠦᠯᠦᠭᠰᠡᠨ ᠪᠠᠢ᠌ᠳᠠᠯ᠎ᠢ ᠰᠤᠭᠤᠴᠢᠨ ᠪᠠᠢ᠌ᠴᠠᠭ᠋ᠠᠵᠤ᠂ ᠨᠠᠷᠢᠨ ᠲᠠᠩᠰᠠᠴᠢᠯᠠᠭᠰᠠᠨ ᠲᠣᠬᠢᠷᠠᠭᠤᠯᠤᠯᠲᠠ ᠵᠢᠨ ᠡᠬᠡ ᠲᠠᠩᠰᠠ ᠵᠢ ᠪᠣᠶ ᠪᠣᠯᠭ᠋ᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠵᠠᠷᠯᠠᠨ ᠮᠡᠳᠡᠭᠳᠡᠵᠦ᠂ ᠦᠷ᠎ᠡ ᠪᠦᠲᠦᠮᠵᠢ ᠵᠢ ᠮᠥᠷᠳᠡᠨ ᠠᠰᠠᠭᠤᠵᠤ᠂ ᠴᠠᠭ᠎ᠢ ᠤᠷᠲᠤᠳᠬᠠᠬᠤ ᠦᠢ᠍ᠯᠡᠴᠢᠯᠡᠭᠡᠨ᠎ᠤ ᠶᠠᠰᠤ ᠴᠢᠨᠠᠷ᠎ᠢ ᠪᠥᠬᠥ ᠲᠠᠯ᠎ᠠ᠎ᠪᠠᠷ ᠳᠡᠭᠡᠭᠰᠢᠯᠡᠭᠦᠯᠪᠡ᠃
ᠣᠳᠣ ᠪᠣᠯᠲᠠᠯ᠎ᠠ᠂ ᠪᠥᠬᠥ ᠣᠷᠣᠨ᠎ᠳᠤ ᠨᠢᠭᠡᠨᠲᠡ ᠴᠠᠭ᠎ᠢ ᠤᠷᠲᠤᠳᠬᠠᠬᠤ ᠦᠢ᠍ᠯᠡᠴᠢᠯᠡᠭᠡᠨ᠎ᠤ ᠵᠦᠢ᠍ᠯᠡᠰ᠎ᠢ
16.4 ᠲᠦᠮᠡ ᠭᠠᠷᠤᠢ ᠨᠡᠢ᠌ᠲᠡᠯᠡᠵᠦ᠂ ᠵᠦᠢ᠍ᠯᠡᠰ᠎ᠤᠨ ᠲᠣᠭ᠎ᠠ ᠵᠢᠨ ᠠᠳᠠᠯᠢ ᠬᠤᠭᠤᠴᠠᠭ᠋ᠠᠨ᠎ᠤ᠎ᠬᠢ᠎ᠠᠴᠠ ᠴᠠᠭ᠎ᠢ ᠤᠷᠲᠤᠳᠬᠠᠬᠤ ᠦᠢ᠍ᠯᠡᠴᠢᠯᠡᠭᠡ ᠵᠢ ᠥᠷᠨᠢᠭᠦᠯᠦᠭᠰᠡᠨ ᠡᠬᠢᠨ᠎ᠤ ᠬᠤᠭᠤᠴᠠᠭ᠋ᠠᠨ᠎ᠳᠤ 104924 ᠵᠦᠢ᠍ᠯ ᠨᠡᠮᠡᠭᠳᠡᠨ᠂ 176.5%᠎ᠪᠠᠷ ᠳᠡᠭᠡᠭᠰᠢᠯᠡᠵᠦ᠂ ᠴᠠᠭ᠎ᠢ ᠤᠷᠲᠤᠳᠬᠠᠬᠤ ᠦᠢ᠍ᠯᠡᠴᠢᠯᠡᠭᠡ ᠵᠢ ᠨᠡᠶ᠋ᠢᠲᠡ 28 ᠲᠦᠮᠡ ᠭᠠᠷᠤᠢ ᠤᠳᠠᠭ᠎ᠠ ᠬᠠᠩᠭ᠋ᠠᠭᠰᠠᠨ ᠪᠠᠢ᠌ᠨ᠎ᠠ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠠᠴᠠ ᠡᠷᠬᠡ ᠣᠯᠭᠣᠨ ᠣᠷᠣᠵᠤ ᠰᠠᠭᠤᠭᠰᠠᠨ 1577 ᠵᠦᠢ᠍ᠯ᠎ᠤᠨ ᠵᠦᠢ᠍ᠯᠡᠰ᠎ᠢ ᠨᠢᠭᠡᠨᠲᠡ ᠪᠦᠬᠦᠨ᠎ᠢ ᠴᠠᠭ᠎ᠢ ᠤᠷᠲᠤᠳᠬᠠᠬᠤ ᠦᠢ᠍ᠯᠡᠴᠢᠯᠡᠭᠡᠨ᠎ᠤ ᠵᠦᠢ᠍ᠯᠡᠰ᠎ᠤᠨ ᠨᠠᠷᠢᠨ ᠲᠠᠩᠰᠠᠨ᠎ᠳᠤ ᠣᠷᠣᠭᠤᠯᠵᠤ᠂ ᠴᠠᠭ᠎ᠢ ᠤᠷᠲᠤᠳᠬᠠᠬᠤ ᠦᠢ᠍ᠯᠡᠴᠢᠯᠡᠭᠡ ᠵᠢ ᠨᠡᠶ᠋ᠢᠲᠡ 791 ᠬᠤᠪᠢ ᠭᠦᠢ᠍ᠴᠡᠳᠬᠡᠵᠦ᠂ ᠥᠨᠳᠥᠷ ᠳᠠᠪᠲᠠᠮᠵᠢᠲᠤ ᠵᠦᠢ᠍ᠯᠡᠰ ᠨᠢ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢ ᠭᠠᠷᠭ᠋ᠠᠨ ᠠᠪᠬᠤ᠂ ᠵᠢᠭᠡᠯᠡᠯᠭᠡ ᠥᠭᠬᠦ᠂ ᠡᠮ ᠡᠮᠨᠡᠯᠭᠡ ᠵᠢᠨ ᠳᠠᠭ᠋ᠠᠳᠬᠠᠯ᠎ᠤᠨ ᠣᠨᠳᠣᠣ ᠭᠠᠵᠠᠷ᠎ᠲᠤ ᠡᠮᠨᠡᠭᠦᠯᠬᠦ ᠵᠢ ᠳᠠᠩᠰᠠᠯᠠᠬᠤ ᠵᠡᠷᠭᠡ ᠪᠣᠯᠣᠨ᠎ᠠ᠃
ᠰᠢᠨᠬᠤᠸᠠ ᠰᠦᠯᠵᠢᠶᠡᠨ᠎ᠤ ᠰᠤᠷᠪᠤᠯᠵᠢᠯᠠᠭᠴᠢ᠄ 《ᠪᠥᠬᠥ ᠣᠷᠣᠨ᠎ᠤ ᠨᠡᠢ᠌ᠳᠡᠮ ᠭᠦᠢ᠍ᠴᠡᠳᠭᠡᠬᠦ 》 ᠥᠭᠡᠷᠡᠴᠢᠯᠡᠯᠲᠡ ᠵᠢᠨ ᠠᠴᠢ ᠬᠣᠯᠪᠣᠭᠳᠠᠯ᠂ ᠠᠬᠤᠢ ᠪᠠᠢ᠌ᠳᠠᠯ ᠪᠠ ᠨᠠᠢ᠌ᠳᠠᠪᠤᠷᠢᠵᠢᠭᠤᠯᠤᠯᠲᠠ ᠵᠢ ᠲᠦᠯᠬᠢᠨ ᠠᠬᠢᠭᠤᠯᠬᠤ ᠠᠷᠭ᠎ᠠ ᠬᠡᠮᠵᠢᠶ᠎ᠡ᠂ ᠦᠷ᠎ᠡ ᠪᠦᠲᠦᠮᠵᠢ ᠵᠢᠴᠢ ᠲᠠᠷᠠᠭ᠋ᠠᠴᠢ ᠵᠢᠨ ᠠᠯᠬᠤᠮ᠎ᠤᠨ ᠲᠥᠯᠥᠪᠯᠡᠭᠡ ᠵᠢ ᠲᠥᠬᠥᠮ ᠲᠠᠨᠢᠯᠴᠠᠭᠤᠯᠤᠭ᠋ᠠᠷᠠᠢ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ ᠥᠭᠡᠷᠡᠴᠢᠯᠡᠯᠲᠡ ᠵᠢ ᠠᠬᠢᠭᠤᠯᠬᠤ ᠭᠠᠵᠠᠷ᠎ᠤᠨ ᠳᠡᠳ᠋ ᠳᠠᠷᠤᠭ᠎ᠠ ᠵᠤᠸᠠᠩ ᠸᠠᠨ ᠷᠦ᠋ ᠄ 《ᠪᠥᠬᠥ ᠣᠷᠣᠨ᠎ᠤ ᠨᠡᠢ᠌ᠳᠡᠮ ᠭᠦᠢ᠍ᠴᠡᠳᠬᠡᠬᠦ》 ᠭᠡᠳᠡᠭ᠎ᠨᠢ ᠪᠥᠬᠥ ᠣᠷᠣᠨ᠎ᠤ ᠡᠯ᠎ᠡ ᠱᠠᠲᠤᠨ᠎ᠤ ᠵᠠᠰᠠᠭ᠎ᠤᠨ ᠶᠠᠪᠤᠳᠠᠯ (ᠠᠷᠠᠳ᠎ᠲᠤ ᠲᠥᠬᠥᠮ ᠦᠵᠡᠭᠦᠯᠬᠦ)᠎ᠤᠨ ᠦᠢ᠍ᠯᠡᠴᠢᠯᠡᠭᠡᠨ᠎ᠤ ᠲᠥᠪ᠎ᠤᠨ ᠨᠡᠢ᠌ᠳᠡᠮ ᠭᠦᠢ᠍ᠴᠡᠳᠬᠡᠬᠦ ᠴᠣᠩᠬᠣᠨ᠎ᠳᠤ ᠲᠦᠰᠢᠭᠯᠡᠨ᠂ ᠣᠷᠣᠨ ᠪᠦᠰᠡ ᠵᠢᠨ ᠬᠢᠵᠠᠭ᠋ᠠᠷᠯᠠᠯ᠎ᠢ ᠡᠪᠳᠡᠵᠦ᠂ ᠲᠠᠰ ᠳᠠᠪᠬᠤᠷᠭ᠎ᠠ ᠵᠢᠨ ᠡᠷᠬᠡ ᠮᠡᠳᠡᠯ᠎ᠢ ᠰᠢᠪᠲᠤᠯᠵᠤ᠂ ᠣᠢ᠌ᠷ᠎ᠠ ᠬᠠᠪᠢ᠎ᠳᠠᠭᠠᠨ ᠮᠠᠲ᠋ᠧᠷᠢᠶᠠᠯ ᠲᠤᠰᠢᠶᠠᠬᠤ᠂ ᠣᠨᠳᠣᠣ ᠭᠠᠵᠠᠷ᠎ᠲᠤ ᠰᠢᠯᠵᠢᠭᠦᠯᠦᠨ ᠭᠦᠢ᠍ᠴᠡᠳᠬᠡᠬᠦ ᠵᠢ ᠪᠡᠶᠡᠯᠡᠭᠦᠯᠵᠦ᠂ ᠠᠵᠤ ᠠᠬᠤᠢ᠌ᠯᠠᠯ ᠪᠠ ᠣᠯᠠᠨ ᠲᠦᠮᠡᠨ᠎ᠢ ᠪᠥᠬᠥ ᠣᠷᠣᠨ᠎ᠤ ᠬᠡᠪᠴᠢᠶᠡᠨ᠎ᠳᠤ ᠣᠢ᠌ᠷ᠎ᠠ ᠬᠠᠪᠢ᠎ᠳᠠᠭᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠢ ᠰᠣᠩᠭᠣᠨ ᠨᠡᠢ᠌ᠳᠡᠮ ᠭᠦᠢ᠍ᠴᠡᠳᠬᠡᠬᠦ ᠵᠦᠢ᠍ᠯᠡᠰ᠎ᠤᠨ ᠭᠦᠢ᠍ᠴᠡᠳᠬᠡᠬᠦ ᠵᠢ ᠵᠢᠭ᠋ᠠᠨ᠎ᠠ᠃ 《ᠪᠥᠬᠥ ᠣᠷᠣᠨ᠎ᠤ ᠨᠡᠢ᠌ᠳᠡᠮ ᠭᠦᠢ᠍ᠴᠡᠳᠬᠡᠬᠦ》᠎ᠤᠨ ᠥᠭᠡᠷᠡᠴᠢᠯᠡᠯᠲᠡ ᠵᠢ ᠬᠡᠷᠡᠭᠵᠢᠭᠦᠯᠬᠦ᠎ᠨᠢ ᠵᠠᠰᠠᠭ᠎ᠤᠨ ᠣᠷᠳᠣᠨ᠎ᠤ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ᠂ ᠵᠠᠬ᠎ᠠ ᠳᠡᠯᠭᠡᠭᠦᠷᠴᠢᠯᠡᠬᠦ ᠬᠠᠤᠯᠢᠵᠢᠭᠤᠯᠬᠤ ᠳᠡᠯᠡᠬᠡᠢ᠌ᠴᠢᠯᠡᠬᠦ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ᠎ᠢ ᠪᠣᠶ ᠪᠣᠯᠭ᠋ᠠᠬᠤ᠂ ᠪᠥᠬᠥ ᠣᠷᠣᠨ᠎ᠤ ᠠᠵᠤ ᠠᠬᠤᠢ ᠵᠢᠨ ᠨᠡᠮᠡᠭᠳᠡᠯ᠎ᠢ ᠲᠣᠭᠲᠠᠪᠤᠷᠢᠵᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
ᠣᠢ᠌ᠷ᠎ᠠ ᠵᠢᠨ ᠵᠢᠯ᠎ᠤᠳ᠎ᠲᠤ᠂ ᠪᠥᠬᠥ ᠣᠷᠣᠨ᠎ᠳᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠰᠦᠯᠵᠢᠶᠡᠨ ᠳᠡᠭᠡᠷ᠎ᠡ ᠭᠦᠢ᠍ᠴᠡᠳᠬᠡᠬᠦ》 《ᠠᠯᠠᠭ᠋ᠠᠨ ᠳᠡᠭᠡᠷ᠎ᠡ ᠭᠦᠢ᠍ᠴᠡᠳᠬᠡᠬᠦ》 《ᠨᠢᠭᠡ ᠯᠡ ᠤᠳᠠᠭ᠎ᠠ᠎ᠳᠤ ᠭᠦᠢ᠍ᠴᠡᠳᠬᠡᠬᠦ》 《ᠲᠠᠨ᠎ᠢ ᠬᠠᠪᠰᠤᠷᠤᠨ ᠭᠦᠢ᠍ᠴᠡᠳᠬᠡᠬᠦ》 ᠳᠥᠷᠪᠡ ᠵᠢ ᠭᠦᠢ᠍ᠴᠡᠳᠬᠡᠬᠦ ᠥᠭᠡᠷᠡᠴᠢᠯᠡᠯᠲᠡ ᠵᠢ ᠶᠡᠬᠡᠪᠡᠷ ᠶᠠᠪᠤᠭᠳᠠᠭᠤᠯᠵᠤ᠂ ᠠᠵᠤ ᠠᠬᠤᠢ᠌ᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ᠎ᠳᠤ ᠲᠥᠬᠥᠮ ᠦᠵᠡᠭᠦᠯᠬᠦ ᠲᠠᠯ᠎ᠠ᠎ᠪᠠᠷ ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠣᠯᠪᠠᠴᠤ ᠠᠵᠤ ᠠᠬᠤᠢ᠌ᠯᠠᠯ ᠪᠠ ᠣᠯᠠᠨ ᠲᠦᠮᠡᠨ᠎ᠤ ᠣᠷᠣᠨ ᠪᠦᠰᠡ ᠠᠯᠤᠰᠯᠠᠨ ᠠᠵᠢᠯ ᠶᠠᠪᠤᠳᠠᠯ ᠭᠦᠢ᠍ᠴᠡᠳᠬᠡᠬᠦ ᠲᠠᠯ᠎ᠠ᠎ᠪᠠᠷ ᠪᠠᠰᠠ ᠬᠦᠴᠢᠷᠳᠡᠯ᠎ᠲᠠᠢ ᠭᠠᠵᠠᠷ᠂ ᠡᠪᠡᠷᠰᠢᠶᠡᠯ᠎ᠲᠠᠢ ᠭᠠᠵᠠᠷ ᠣᠷᠣᠰᠢᠵᠤ ᠪᠠᠢ᠌ᠨ᠎ᠠ᠃ ᠥᠪᠡᠷᠲᠡᠭᠡᠨ ᠵᠠᠰᠠᠬᠤ ᠣᠷᠣᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠰᠢᠯᠢᠳᠡᠭᠵᠢᠭᠦᠯᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《ᠣᠷᠣᠨ ᠪᠦᠰᠡ ᠠᠯᠤᠰᠯᠠᠨ ᠨᠡᠢ᠌ᠳᠡᠮ ᠭᠦᠢ᠍ᠴᠡᠳᠬᠡᠬᠦ》 ᠠᠵᠢᠯ᠎ᠢ ᠲᠦᠯᠬᠢᠨ ᠠᠬᠢᠭᠤᠯᠵᠤ᠂ 2023 ᠣᠨ᠎ᠳᠤ ᠲᠦᠷ ᠴᠠᠭ᠎ᠤᠨ ᠪᠡᠶ᠎ᠡ ᠵᠢᠨ ᠦᠨᠡᠮᠯᠡᠯ᠂ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠡᠷᠭᠡ ᠨᠠᠩ ᠣᠯᠠᠨ ᠥᠨᠳᠥᠷ ᠳᠠᠪᠲᠠᠮᠵᠢᠲᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 《ᠪᠥᠬᠥ ᠣᠷᠣᠨ᠎ᠳᠤ ᠨᠡᠢ᠌ᠳᠡᠮ ᠭᠦᠢ᠍ᠴᠡᠳᠬᠡᠬᠦ》 ᠵᠢ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃ ᠭᠡᠪᠡᠴᠦ᠂ ᠡᠨᠡ ᠬᠦ᠌ ᠥᠭᠡᠷᠡᠴᠢᠯᠡᠯᠲᠡ᠎ᠳᠤ ᠬᠣᠯᠪᠣᠭᠳᠠᠬᠤ ᠰᠠᠯᠠᠭ᠎ᠠ ᠮᠥᠴᠢᠷ ᠣᠯᠠᠨ᠂ ᠰᠢᠰᠲ᠋ᠧᠮ ᠣᠯᠠᠨ᠂ ᠡᠭᠦᠷᠭᠡ ᠬᠦᠨᠳᠦ᠂ ᠬᠦᠴᠢᠷᠳᠡᠯ ᠶᠡᠬᠡ ᠪᠥᠭᠡᠳ ᠬᠡᠷᠡᠭ ᠶᠠᠪᠤᠳᠠᠯ᠎ᠤᠨ ᠪᠠᠷᠢᠮᠵᠢᠶ᠎ᠠ᠎ᠨᠢ ᠨᠢᠭᠡᠳᠦᠯ ᠦᠭᠡᠢ᠂ ᠬᠡᠷᠡᠭᠵᠢᠭᠦᠯᠬᠦ ᠲᠠᠰ ᠳᠠᠪᠬᠤᠷᠭ᠎ᠠ᠎ᠨᠢ ᠣᠯᠠᠨ ᠪᠣᠯᠬᠣᠷ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠣᠰ ᠰᠠᠯᠠᠭ᠎ᠠ ᠮᠥᠴᠢᠷ ᠲᠣᠰ ᠬᠦᠷᠢᠶ᠎ᠡ ᠴᠠᠷᠠᠭ᠋ᠠᠨ᠎ᠳᠠᠬᠢ 《ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ᠂ ᠰᠢᠶᠠᠩ ᠪᠠᠯᠭ᠋ᠠᠰᠤ》 ᠳᠥᠷᠪᠡᠨ ᠱᠠᠲᠤᠨ᠎ᠤ ᠤᠴᠢᠷ ᠶᠠᠪᠤᠳᠠᠯ᠎ᠤᠨ ᠨᠢᠭᠡᠳᠦᠯᠲᠡᠢ ᠪᠠᠷᠢᠮᠵᠢᠶ᠎ᠠ ᠵᠢ ᠡᠮᠬᠢᠯᠡᠨ ᠲᠣᠭᠲᠠᠭ᠋ᠠᠪᠠᠯ ᠰᠠᠶᠢ 《ᠪᠥᠬᠥ ᠣᠷᠣᠨ᠎ᠤ ᠨᠡᠢ᠌ᠳᠡᠮ ᠭᠦᠢ᠍ᠴᠡᠳᠭᠡᠬᠦ 》 ᠵᠢ ᠪᠡᠶᠡᠯᠡᠭᠦᠯᠵᠦ ᠴᠢᠳᠠᠨ᠎ᠠ᠃ ᠡᠭᠦᠨ᠎ᠤ ᠲᠤᠯᠠᠳᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠲᠦᠷᠦᠭᠦᠯᠡᠨ ᠶᠡᠷᠦᠩᠬᠡᠢ ᠠᠵᠢᠯ᠎ᠢ ᠠᠳᠬᠤᠬᠤ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠳᠡᠭᠡᠭᠰᠢ᠎ᠪᠠᠨ ᠵᠣᠯᠭ᠋ᠠᠭᠤᠯᠬᠤ᠂ ᠳᠣᠷᠣᠭᠰᠢ᠎ᠪᠠᠨ ᠵᠣᠬᠢᠴᠠᠭᠤᠯᠬᠤ᠂ ᠵᠡᠭᠦᠨᠰᠢ ᠪᠠᠷᠠᠭᠤᠨᠰᠢ ᠬᠠᠮᠵᠢᠯᠴᠠᠬᠤ ᠵᠢ ᠰᠠᠨᠠᠭ᠋ᠠᠴᠢᠯᠠᠭ᠎ᠠ᠎ᠠᠴᠠ᠎ᠪᠠᠨ ᠰᠠᠢ᠌ᠲᠤᠷ ᠬᠢᠵᠦ᠂ 《ᠪᠣᠳᠠᠲᠠᠢ᠎ᠪᠠᠷ ᠠᠳᠬᠤᠬᠤ᠂ ᠠᠳᠬᠤᠬᠤ ᠵᠢ ᠪᠣᠲᠠᠲᠠᠢ᠌ᠵᠢᠭᠤᠯᠬᠤ ᠂ ᠡᠴᠦᠰ᠎ᠲᠤᠨᠢ ᠲᠤᠯᠲᠠᠯ᠎ᠠ ᠠᠳᠬᠤᠬᠤ᠂ ᠪᠣᠳᠠᠲᠠᠢ᠎ᠪᠠᠷ ᠨᠠᠢ᠌ᠳᠠᠪᠤᠷᠢᠵᠢᠭᠤᠯᠬᠤ ᠂ ᠪᠦᠬᠦᠨ᠎ᠢ ᠬᠠᠮᠤᠷᠬᠤ》 ᠵᠢ ᠪᠠᠷᠢᠮᠲᠠᠯᠠᠨ᠂ ᠬᠦᠴᠦᠨ ᠵᠶ᠋ᠡᠨ ᠲᠥᠪᠯᠡᠷᠡᠭᠦᠯᠵᠦ᠂ ᠣᠶᠤᠨ ᠴᠢᠳᠠᠯ ᠵᠶ᠋ᠠᠨ ᠲᠥᠪᠯᠡᠷᠡᠭᠦᠯᠦᠨ᠂ ᠲᠥᠪᠯᠡᠷᠡᠭᠦᠯᠦᠨ ᠪᠣᠭᠣᠮᠲᠠ ᠰᠢᠪᠲᠤᠯᠵᠤ᠂ 《ᠪᠥᠬᠥ ᠣᠷᠣᠨ᠎ᠤ ᠨᠡᠢ᠌ᠳᠡᠮ ᠭᠦᠢ᠍ᠴᠡᠳᠭᠡᠬᠦ 》 ᠵᠢᠨ ᠥᠭᠡᠷᠡᠴᠢᠯᠡᠯᠲᠡ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠨᠢᠭᠡᠳᠦᠯᠲᠡᠢ ᠲᠥᠯᠥᠪᠯᠡᠨ ᠠᠬᠢᠭᠤᠯᠪᠠ᠃ ᠣᠳᠣᠬᠠᠨ᠎ᠳᠤ ᠂ ᠡᠯ᠎ᠡ ᠲᠠᠯ᠎ᠠ ᠵᠢᠨ ᠲᠤᠯᠭ᠋ᠠᠭᠤᠷᠢᠯᠠᠬᠤ ᠡᠯᠧᠮᠧᠨ᠋ᠲ ᠨᠢᠭᠡᠨᠲᠡ ᠪᠦᠷᠢᠨ ᠭᠦᠢ᠍ᠴᠡᠳ ᠪᠣᠯᠪᠠ ᠃ ᠨᠢᠭᠡ᠎ᠳᠤ ᠬᠡᠷᠡᠭ ᠶᠠᠪᠤᠳᠠᠯ᠎ᠢ ᠡᠮᠬᠢᠯᠡᠨ ᠲᠢᠭᠯᠡᠬᠦ ᠵᠢ ᠪᠣᠲᠠᠲᠠᠢ᠌ᠵᠢᠭᠤᠯᠪᠠ ᠃ 《ᠥᠨᠳᠥᠷ ᠳᠠᠪᠲᠠᠮᠵᠢ ᠵᠢ ᠲᠡᠷᠢᠭᠦᠨ᠎ᠳᠤ ᠲᠠᠯᠪᠢᠬᠤ》 《ᠪᠠᠴᠢᠮ ᠬᠡᠷᠡᠭᠯᠡᠭᠡ ᠵᠢ ᠲᠡᠷᠢᠭᠦᠨ᠎ᠳᠤ ᠲᠠᠯᠪᠢᠬᠤ》 ᠵᠠᠷᠴᠢᠮ᠎ᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢᠨ ᠬᠠᠮᠠᠭ᠋ᠠᠯᠠᠯᠲᠠ ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠡᠮᠴᠢᠯᠡᠭᠡᠨ᠎ᠤ ᠳᠠᠭ᠋ᠠᠳᠬᠠᠯ ᠵᠡᠷᠭᠡ 13 ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠤᠨ 3 ᠰᠠᠷ᠎ᠠ ᠭᠠᠷᠤᠢ ᠵᠢᠨ ᠬᠤᠭᠤᠴᠠᠭ᠋ᠠᠨ᠎ᠳᠤ ᠡᠮᠬᠢᠯᠡᠨ ᠲᠢᠭᠯᠡᠭᠡᠳ 156 ᠵᠦᠢ᠍ᠯ᠎ᠤᠨ 《ᠪᠥᠬᠥ ᠣᠷᠣᠨ᠎ᠤ ᠨᠡᠢ᠌ᠳᠡᠮ ᠭᠦᠢ᠍ᠴᠡᠳᠬᠡᠬᠦ》 ᠵᠦᠢ᠍ᠯᠡᠰ᠎ᠤᠨ ᠨᠠᠷᠢᠨ ᠬᠠᠭᠤᠳᠠᠰᠤ ᠪᠠ ᠶᠠᠪᠤᠴᠠ ᠵᠢᠨ ᠵᠢᠷᠤᠭ᠎ᠤᠨ ᠥᠯᠢᠭᠡᠷ ᠳᠡᠪᠲᠡᠷ᠎ᠢ ᠪᠣᠶ ᠪᠣᠯᠭ᠋ᠠᠬᠤ ᠵᠢᠨ ᠬᠠᠮᠲᠤ ᠢᠯᠡ᠎ᠪᠠᠷ ᠨᠡᠢ᠌ᠲᠡᠯᠡᠵᠦ ᠬᠡᠷᠡᠭᠵᠢᠭᠦᠯᠪᠡ᠃ ᠬᠣᠶᠠᠷ᠎ᠲᠤ ᠪᠠᠷᠢᠮᠵᠢᠶ᠎ᠠ ᠵᠢᠨ ᠵᠢᠷᠤᠮᠵᠢᠯ᠎ᠢ ᠪᠣᠲᠠᠲᠠᠢ᠌ᠵᠢᠭᠤᠯᠪᠠ᠃ ᠠᠳᠠᠯᠢ ᠨᠢᠭᠡᠨ ᠬᠡᠷᠡᠭ ᠶᠠᠪᠤᠳᠠᠯ᠎ᠢ ᠭᠦᠢ᠍ᠴᠡᠳᠬᠡᠭᠰᠡᠨ ᠪᠠᠢ᠌ᠳᠠᠯ᠎ᠳᠤ ᠴᠢᠭᠯᠡᠭᠦᠯᠦᠨ᠂ ᠭᠤᠶᠤᠴᠢᠯᠠᠬᠤ ᠮᠠᠲ᠋ᠧᠷᠢᠶᠠᠯ᠂ ᠬᠢᠨᠠᠨ ᠪᠠᠢ᠌ᠴᠠᠭ᠋ᠠᠬᠤ ᠭᠣᠣᠯᠳᠠᠯᠭ᠎ᠠ᠂ ᠭᠦᠢ᠍ᠴᠡᠳᠬᠡᠬᠦ ᠴᠠᠭ᠎ᠤᠨ ᠬᠢᠵᠠᠭ᠋ᠠᠷ᠂ ᠮᠠᠲ᠋ᠧᠷᠢᠶᠠᠯ᠎ᠤᠨ ᠬᠡᠪ ᠵᠠᠭᠪᠤᠷ ᠵᠡᠷᠭᠡ ᠬᠦᠴᠦᠨ ᠵᠦᠢ᠍ᠯ᠎ᠢ ᠪᠥᠬᠥ ᠲᠠᠯ᠎ᠠ᠎ᠪᠠᠷ ᠵᠢᠷᠤᠮᠵᠢᠭᠤᠯᠤᠨ᠂ ᠪᠠᠷᠢᠮᠵᠢᠶ᠎ᠠ ᠵᠢ ᠨᠢᠭᠡᠳᠬᠡᠵᠦ᠂ 110 ᠭᠠᠷᠤᠢ ᠬᠤᠪᠢ ᠪᠠᠷᠢᠮᠵᠢᠶᠠᠵᠢᠭᠤᠯᠤᠭᠰᠠᠨ ᠬᠡᠷᠡᠭ ᠶᠠᠪᠤᠳᠠᠯ᠎ᠤᠨ ᠬᠦᠰᠦᠨᠦᠭᠲᠦ ᠵᠢᠨ ᠲᠠᠩ ᠥᠯᠢᠭᠡᠷ ᠬᠦᠰᠦᠨᠦᠭᠲᠦ ᠵᠢ ᠪᠣᠶ ᠪᠣᠯᠭ᠋ᠠᠵᠤ᠂ ᠰᠦᠯᠵᠢᠶᠡᠨ ᠳᠡᠭᠡᠷᠡᠬᠢ ᠲᠤᠰᠬᠠᠢ ᠪᠤᠯᠤᠩ ᠪᠠ ᠰᠦᠯᠵᠢᠶᠡᠨ᠎ᠠᠴᠠ ᠭᠠᠳᠠᠨᠠᠬᠢ ᠲᠤᠰᠬᠠᠢ ᠣᠷᠣᠨ᠎ᠳᠤ ᠢᠯᠡ ᠪᠣᠯᠭ᠋ᠠᠬᠤ᠎ᠪᠠᠷ ᠳᠠᠮᠵᠢᠭᠤᠯᠤᠨ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠵᠢᠷᠤᠮᠵᠢᠭᠤᠯᠬᠤ ᠵᠢ ᠠᠬᠢᠭᠤᠯᠵᠤ᠂ ᠦᠢ᠍ᠯᠡᠴᠢᠯᠡᠭᠡ ᠵᠢ ᠠᠬᠢᠭᠤᠯᠵᠤ᠂ ᠣᠷᠣᠯᠠᠨ ᠬᠣᠷᠢᠶᠠᠨ ᠠᠪᠴᠤ ᠰᠢᠯᠵᠢᠭᠦᠯᠦᠨ ᠭᠦᠢ᠍ᠴᠡᠳᠬᠡᠬᠦ᠂ ᠬᠢᠨᠠᠨ ᠵᠥᠪᠰᠢᠶᠡᠷᠡᠬᠦ ᠠᠵᠢᠯ᠎ᠤᠨ ᠶᠠᠪᠤᠴᠠ ᠵᠢ ᠵᠢᠷᠤᠮᠵᠢᠭᠤᠯᠬᠤ ᠵᠢ ᠪᠡᠶᠡᠯᠡᠭᠦᠯᠪᠡ ᠃ ᠭᠤᠷᠪᠠ᠎ᠳᠤ ᠲᠤᠰᠬᠠᠢ ᠣᠷᠣᠨ᠎ᠤ ᠲᠤᠰᠬᠠᠢ ᠴᠣᠩᠬᠣ ᠵᠢ ᠰᠠᠢ᠌ᠲᠤᠷ ᠲᠣᠬᠢᠷᠠᠭᠤᠯᠬᠤ ᠵᠢ ᠪᠣᠲᠠᠲᠠᠢ᠌ᠵᠢᠭᠤᠯᠪᠠ ᠃ 《ᠪᠥᠬᠥ ᠣᠷᠣᠨ᠎ᠤ ᠨᠡᠢ᠌ᠳᠡᠮ ᠭᠦᠢ᠍ᠴᠡᠳᠬᠡᠬᠦ》 ᠲᠤᠬᠠᠢ᠌ᠯᠠᠭᠰᠠᠨ ᠠᠵᠢᠯ᠎ᠤᠨ ᠰᠢᠰᠲ᠋ᠧᠮ᠎ᠤᠨ ᠲᠤᠯᠭ᠋ᠠᠭᠤᠷᠢᠯᠠᠯ᠎ᠢ ᠴᠢᠩᠭ᠋ᠠᠷᠠᠭᠤᠯᠵᠤ᠂ ᠤᠤᠯ᠎ᠤᠨ 13 ᠰᠠᠯᠠᠭ᠎ᠠ ᠮᠥᠴᠢᠷ᠎ᠲᠤ ᠲᠠᠷᠬᠠᠵᠤ ᠪᠠᠢ᠌ᠭᠰᠠᠨ ᠴᠣᠩᠬᠣ ᠵᠢ ᠡᠮᠬᠢᠯᠡᠨ ᠨᠡᠢ᠌ᠯᠡᠭᠦᠯᠵᠦ᠂ ᠬᠠᠮᠤᠭ᠎ᠤᠨ ᠲᠦᠷᠭᠡᠨ ᠬᠤᠷᠳᠤᠴᠠ᠎ᠪᠠᠷ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠲᠤ ᠨᠡᠢ᠌ᠳᠡᠮ ᠭᠦᠢ᠍ᠴᠡᠳᠬᠡᠬᠦ ᠴᠣᠩᠬᠣ ᠵᠢ 121 ᠲᠣᠬᠢᠷᠠᠭᠤᠯᠤᠨ᠂ 279 ᠠᠵᠢᠯᠲᠠᠨ ᠲᠣᠬᠢᠷᠠᠭᠤᠯᠵᠤ᠂ 100%᠎ᠪᠠᠷ ᠬᠠᠮᠤᠷᠬᠤ ᠵᠢ ᠪᠡᠶᠡᠯᠡᠭᠦᠯᠦᠨ᠂ ᠣᠨᠳᠣᠣ ᠭᠠᠵᠠᠷ᠎ᠲᠤ ᠣᠷᠣᠯᠠᠨ ᠬᠤᠷᠢᠶᠠᠵᠤ ᠰᠢᠯᠵᠢᠭᠦᠯᠦᠨ ᠭᠦᠢ᠍ᠴᠡᠳᠬᠡᠬᠦ 《ᠨᠢᠭᠡ ᠴᠣᠩᠬᠣᠪᠴᠢ》 ᠵᠢᠨ ᠨᠠᠷᠢᠯᠢᠭ ᠣᠨᠣᠴᠠᠲᠠᠢ ᠦᠢ᠍ᠯᠡᠴᠢᠯᠡᠭᠡ ᠵᠢ ᠪᠡᠶᠡᠯᠡᠭᠦᠯᠪᠡ ᠃ ᠳᠥᠷᠪᠡ᠎ᠳᠤ ᠬᠡᠪ ᠴᠢᠨᠠᠷ᠎ᠤᠨ ᠴᠢᠳᠠᠪᠤᠷᠢ ᠵᠢ ᠭᠦᠢ᠍ᠴᠡᠳ ᠳᠡᠭᠡᠭᠰᠢᠯᠡᠭᠦᠯᠬᠦ ᠵᠢ ᠪᠣᠲᠠᠲᠠᠢ᠌ᠵᠢᠭᠤᠯᠪᠠ᠃ ᠥᠪᠡᠷᠲᠡᠭᠡᠨ ᠵᠠᠰᠠᠬᠤ ᠣᠷᠣᠨ᠎ᠤ 13 ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠤᠨ 32 ᠲᠤᠰᠬᠠᠢ ᠮᠡᠷᠭᠡᠵᠢᠯ᠎ᠤᠨ ᠨᠢᠷᠤᠭᠤᠪᠴᠢ ᠬᠦᠴᠦᠨ᠎ᠢ ᠰᠣᠩᠭᠣᠨ ᠲᠣᠮᠢᠯᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ 3000 ᠰᠢᠬᠠᠮ ᠬᠥᠮᠥᠨ᠎ᠳᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠥᠷᠨᠢᠭᠦᠯᠵᠦ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠵᠦ ᠲᠥᠭᠡᠷᠢᠭᠳᠡᠯ᠎ᠢ ᠲᠠᠢ᠌ᠯᠬᠤ᠂ 《ᠪᠥᠬᠥ ᠣᠷᠣᠨ᠎ᠤ ᠨᠡᠢ᠌ᠳᠡᠮ ᠭᠦᠢ᠍ᠴᠡᠳᠬᠡᠬᠦ》 ᠲᠤᠰᠬᠠᠢ ᠣᠷᠣᠨ᠎ᠤ ᠬᠡᠷᠡᠭᠯᠡᠭᠡᠨ᠎ᠤ ᠦᠵᠡᠭᠦᠯᠭᠡ᠂ ᠲᠤᠬᠠᠢ᠌ᠯᠠᠭᠰᠠᠨ ᠠᠵᠢᠯ᠎ᠤᠨ ᠶᠠᠪᠤᠴᠠ᠎ᠪᠠᠷ ᠬᠢᠴᠢᠶᠡᠯᠯᠡᠵᠦ ᠰᠣᠯᠢᠯᠴᠠᠬᠤ ᠵᠡᠷᠭᠡ ᠬᠡᠯᠪᠡᠷᠢ ᠬᠡᠯᠪᠡᠷᠢ᠎ᠪᠠᠷ ᠰᠢᠨ᠎ᠡ᠂ ᠦᠷ᠎ᠡ ᠪᠦᠲᠦᠮᠵᠢ᠎ᠪᠠᠷ ᠰᠠᠢ᠌ᠨ᠂ ᠣᠯᠠᠨ ᠲᠦᠮᠡᠨ᠎ᠲᠠᠢ ᠣᠢ᠌ᠷᠠᠲᠤᠭᠤᠯᠬᠤ ᠠᠷᠭ᠎ᠠ ᠬᠡᠯᠪᠡᠷᠢ ᠵᠢ ᠠᠪᠴᠤ᠂ ᠠᠵᠢᠯ ᠡᠷᠬᠢᠯᠡᠭᠰᠡᠳ᠎ᠤᠨ ᠲᠤᠬᠠᠢ᠌ᠯᠠᠭᠰᠠᠨ ᠠᠵᠢᠯ᠎ᠤᠨ ᠬᠡᠪ ᠴᠢᠨᠠᠷ᠎ᠢ ᠪᠦᠲᠦᠮᠵᠢᠲᠡᠶ ᠳᠡᠭᠡᠭᠰᠢᠯᠡᠭᠦᠯᠪᠡ ᠃
ᠣᠳᠣᠬᠠᠨ᠎ᠳᠤ᠂ ᠲᠦᠷᠦᠭᠦᠦ ᠪᠦᠯᠦᠭ᠎ᠲᠤ ᠨᠡᠢ᠌ᠲᠡᠯᠡᠭᠰᠡᠨ 156 ᠵᠦᠢ᠍ᠯ᠎ᠤᠨ ᠬᠡᠷᠡᠭ ᠶᠠᠪᠤᠳᠠᠯ᠎ᠢ ᠪᠦᠬᠦ ᠣᠷᠣᠨ᠎ᠤ ᠬᠣᠰᠢᠭᠤ (ᠰᠢᠶᠠᠨ) ᠵᠢᠨ ᠱᠠᠲᠤᠨ᠎ᠠᠴᠠ ᠳᠡᠭᠡᠭᠰᠢᠬᠢ ᠳᠤᠷ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ ᠵᠶ᠋ᠡᠷ ᠳᠠᠮᠵᠢᠭᠤᠯᠤᠨ ᠭᠦᠢ᠍ᠴᠡᠳᠭᠡᠵᠦ ᠪᠣᠯᠣᠨ᠎ᠠ᠂ ᠪᠥᠬᠥ ᠣᠷᠣᠨ᠎ᠤ ᠨᠡᠢ᠌ᠳᠡᠮ ᠭᠦᠢ᠍ᠴᠡᠳᠬᠡᠬᠦ ᠴᠣᠩᠬᠣᠨ᠎ᠳᠤ 《ᠡᠮᠨᠡᠯᠭᠡ᠎ᠳᠤ ᠰᠠᠭᠤᠭᠰᠠᠨ ᠵᠠᠷᠤᠳᠠᠯ᠎ᠤᠨ ᠲᠠᠩᠰᠠ ᠲᠠᠢ᠌ᠯᠬᠤ》 《ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠪᠠᠶ᠋ᠢᠭᠤᠯᠬᠤ᠂ ᠳᠠᠩᠰᠠᠯᠠᠯᠲᠠ ᠵᠢ ᠬᠦᠴᠦᠨ ᠦᠭᠡᠢ ᠪᠣᠯᠭ᠋ᠠᠬᠤ》 《〈ᠳᠠᠭ᠋ᠠᠳᠬᠠᠯ᠎ᠳᠤ ᠣᠷᠣᠯᠴᠠᠭᠰᠠᠨ ᠭᠡᠷᠡᠴᠢ ᠪᠠᠷᠢᠮᠲᠠ〉 ᠭᠠᠷᠭ᠋ᠠᠵᠤ ᠥᠭᠬᠦ》 ᠵᠡᠷᠭᠡ 21 ᠵᠦᠢ᠍ᠯ᠎ᠤᠨ ᠲᠤᠬᠠᠢ᠌ᠯᠠᠭᠰᠠᠨ ᠠᠵᠢᠯ᠎ᠢ 160 ᠭᠠᠷᠤᠢ ᠭᠦᠢ᠍ᠴᠡᠳᠬᠡᠵᠦ᠂ ᠲᠣᠮᠢᠯᠠᠭᠰᠠᠨ ᠰᠠᠯᠪᠤᠷᠢ᠎ᠳᠤ ᠡᠷᠦᠬᠡ ᠠᠮᠠ ᠵᠢᠨ ᠭᠡᠷᠡᠴᠢ᠂ ᠡᠷᠦᠬᠡ ᠠᠮᠠ ᠰᠢᠯᠵᠢᠭᠦᠯᠬᠦ ᠪᠠ ᠲᠦᠷ ᠴᠠᠭ᠎ᠤᠨ ᠪᠡᠶ᠎ᠡ ᠵᠢᠨ ᠦᠨᠡᠮᠯᠡᠯ ᠵᠡᠷᠭᠡ ᠵᠢ 5.7 ᠲᠦᠮᠡ ᠭᠠᠷᠤᠢ ᠭᠦᠢ᠍ᠴᠡᠳᠬᠡᠵᠦ᠂ ᠠᠵᠤ ᠠᠬᠤᠢ᠌ᠯᠠᠯ ᠪᠠ ᠣᠯᠠᠨ ᠲᠦᠮᠡᠨ᠎ᠤ ᠣᠨᠳᠣᠣ ᠭᠠᠵᠠᠷ᠎ᠲᠤ ᠬᠡᠷᠡᠭ ᠶᠠᠪᠤᠳᠠᠯ ᠭᠦᠢ᠍ᠴᠡᠳᠬᠡᠬᠦ᠎ᠳᠤ 《ᠣᠯᠠᠨ ᠭᠠᠵᠠᠷ᠎ᠲᠤ ᠣᠴᠢᠬᠤ》᠂ 《ᠪᠤᠴᠠᠵᠤ ᠣᠴᠢᠬᠤ》 ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠪᠡ᠃
ᠲᠠᠷᠠᠭ᠋ᠠᠴᠢ ᠵᠢᠨ ᠠᠯᠬᠤᠮ᠎ᠳᠤ᠂ ᠪᠢᠳᠡ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠤᠨ 156 ᠵᠦᠢ᠍ᠯ᠎ᠤᠨ ᠰᠦᠯᠵᠢᠶᠡᠨ᠎ᠠᠴᠠ ᠭᠠᠳᠠᠨᠠᠬᠢ 《ᠪᠥᠬᠥ ᠣᠷᠣᠨ᠎ᠤ ᠨᠡᠢ᠌ᠳᠡᠮ ᠭᠦᠢ᠍ᠴᠡᠳᠭᠡᠬᠦ 》 ᠵᠦᠢ᠍ᠯᠡᠰ᠎ᠤᠨ ᠪᠠᠷᠢᠮᠵᠢᠶ᠎ᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠬᠡᠷᠡᠭᠵᠢᠭᠦᠯᠬᠦ ᠶᠠᠪᠤᠴᠠ᠎ᠳᠠᠬᠢ ᠬᠦᠴᠢᠷ ᠲᠦᠪᠡᠭᠲᠡᠢ ᠠᠰᠠᠭᠤᠳᠠᠯ᠎ᠢ ᠰᠢᠢ᠍ᠳᠪᠦᠷᠢᠯᠡᠨ᠂ 《ᠪᠥᠬᠥ ᠣᠷᠣᠨ᠎ᠤ ᠨᠡᠢ᠌ᠳᠡᠮ ᠭᠦᠢ᠍ᠴᠡᠳᠭᠡᠬᠦ 》 ᠵᠦᠢ᠍ᠯᠡᠰ᠎ᠤᠨ ᠨᠠᠷᠢᠨ ᠲᠠᠩᠰᠠ ᠵᠢ ᠬᠥᠳᠡᠯᠦᠩᠭᠦᠢ᠎ᠪᠠᠷ ᠲᠣᠬᠢᠷᠠᠭᠤᠯᠵᠤ᠂ ᠵᠦᠢ᠍ᠯᠡᠰ᠎ᠢ ᠨᠡᠢ᠌ᠳᠡᠮ ᠭᠦᠢ᠍ᠴᠡᠳᠭᠡᠬᠦ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠨ᠂ ᠨᠠᠩ ᠣᠯᠠᠨ ᠥᠨᠳᠥᠷ ᠳᠠᠪᠲᠠᠮᠵᠢᠲᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠢᠯᠭ᠋ᠠᠭ᠎ᠠ ᠦᠭᠡᠢ ᠭᠥᠯᠢᠶᠡᠨ ᠠᠪᠴᠤ ᠰᠢᠢ᠍ᠳᠪᠦᠷᠢᠯᠡᠬᠦ ᠪᠠ ᠠᠳᠠᠯᠢ ᠪᠠᠷᠢᠮᠵᠢᠶ᠎ᠠ᠎ᠪᠠᠷ ᠭᠦᠢ᠍ᠴᠡᠳᠬᠡᠬᠦ ᠵᠢ ᠠᠬᠢᠭᠤᠯᠤᠨ᠎ᠠ᠃
ᠤᠮᠠᠷᠠᠲᠤ ᠵᠢᠨ ᠰᠢᠨ᠎ᠡ ᠰᠣᠨᠢᠨ᠎ᠤ ᠰᠤᠷᠪᠤᠯᠵᠢᠯᠠᠭᠴᠢ᠄ ᠣᠢ᠌ᠷ᠎ᠠ ᠵᠢᠨ ᠵᠢᠯ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠵᠢ ᠪᠥᠬᠥ ᠬᠦᠴᠦᠨ ᠵᠶ᠋ᠡᠷ ᠵᠶ᠋ᠡᠨ ᠲᠦᠯᠬᠢᠨ ᠠᠬᠢᠭᠤᠯᠵᠤ᠂ ᠠᠵᠤ ᠠᠬᠤᠢ᠌ᠯᠠᠯ᠎ᠤᠨ ᠣᠯᠠᠨ ᠲᠦᠮᠡᠨ᠎ᠤ ᠲᠤᠰᠬᠠᠭᠰᠠᠨ ᠶᠠᠪᠤᠳᠠᠯ᠎ᠢ ᠠᠩᠬᠠᠷᠬᠤ ᠬᠥᠮᠥᠨ᠎ᠲᠠᠢ᠂ ᠰᠢᠢ᠍ᠳᠪᠦᠷᠢᠯᠡᠬᠦ ᠬᠥᠮᠥᠨ᠎ᠲᠠᠢ ᠪᠣᠯᠭ᠋ᠠᠪᠠ᠃ ᠲᠡᠭᠡᠪᠡᠯ᠂ ᠠᠵᠢᠯ᠎ᠤᠨ ᠳᠤᠮᠳᠠ᠎ᠪᠠᠨ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠤᠭᠰᠠᠨ ᠪᠤᠶ ?
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠶᠡᠷᠦᠩᠬᠡᠢ᠌ᠯᠡᠭᠰᠡᠨ ᠭᠠᠵᠠᠷ᠎ᠤᠨ ᠳᠡᠳ᠋ ᠳᠠᠷᠤᠭ᠎ᠠ ᠰᠥᠩ ᠾᠧ᠄ ᠥᠪᠡᠷᠲᠡᠭᠡᠨ ᠵᠠᠰᠠᠬᠤ ᠣᠷᠣᠨ᠎ᠤ 12345 ᠬᠠᠯᠠᠮᠰᠢᠯ ᠤᠲᠠᠰᠤ ᠪᠠᠢ᠌ᠭᠤᠯᠤᠭᠳᠠᠭᠰᠠᠨ᠎ᠠᠴᠠ ᠨᠠᠭ᠋ᠠᠰᠢ ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠨᠢ 《 ᠲᠠᠪᠤᠨ ᠨᠢᠭᠡᠳᠦᠯᠲᠡᠢ》 (ᠲᠠᠪᠴᠠᠩ᠎ᠤᠨ ᠪᠠᠢ᠌ᠭᠤᠯᠤᠯᠲᠠ᠂ ᠠᠵᠢᠯ᠎ᠤᠨ ᠬᠠᠭᠤᠳᠠᠰᠤ ᠵᠢ ᠰᠢᠢ᠍ᠳᠪᠦᠷᠢᠯᠡᠬᠦ᠂ ᠲᠣᠭ᠎ᠠ ᠪᠠᠷᠢᠮᠲᠠ ᠵᠢ ᠵᠠᠳᠠᠯᠬᠤ᠂ ᠰᠢᠮᠳᠠᠭᠤᠯᠤᠨ ᠪᠠᠢ᠌ᠴᠠᠭ᠋ᠠᠵᠤ ᠰᠢᠮᠳᠠᠭᠤᠯᠤᠨ ᠭᠦᠢ᠍ᠴᠡᠳᠬᠡᠬᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢ ᠳᠠᠭ᠋ᠠᠬᠤ) ᠱᠠᠭ᠋ᠠᠷᠳᠠᠯᠭ᠎ᠠ ᠶᠣᠰᠣᠭ᠋ᠠᠷ᠂ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠵᠢᠨ ᠵᠢᠷᠤᠮᠵᠢᠭᠰᠠᠨ ᠬᠠᠮᠢᠶᠠᠷᠤᠯᠲᠠ ᠵᠢ ᠬᠦᠴᠦᠯᠡᠨ ᠠᠬᠢᠭᠤᠯᠪᠠ᠃ ᠣᠳᠣ ᠪᠣᠯᠲᠠᠯ᠎ᠠ ᠂ ᠪᠥᠬᠥ ᠣᠷᠣᠨ᠎ᠤ ᠬᠠᠯᠠᠮᠰᠢᠯ ᠤᠲᠠᠰᠤᠨ᠎ᠤ ᠲᠠᠪᠴᠠᠩ ᠨᠡᠶ᠋ᠢᠲᠡ 442 ᠲᠦᠮᠡᠨ ᠬᠤᠪᠢ ᠬᠦᠰᠡᠯ ᠱᠠᠭ᠋ᠠᠷᠳᠠᠯᠭ᠎ᠠ ᠵᠢ ᠭᠥᠯᠢᠶᠡᠨ ᠠᠪᠴᠤ᠂ ᠰᠠᠷ᠎ᠠ ᠪᠦᠷᠢ 53 ᠲᠦᠮᠡᠨ ᠬᠤᠪᠢ ᠵᠢ ᠭᠥᠯᠢᠶᠡᠨ ᠠᠪᠴᠤ᠂ 320 ᠲᠦᠮᠡᠨ ᠬᠤᠪᠢ᠎ᠳᠤ ᠰᠢᠭᠤᠳ ᠬᠠᠷᠢᠭᠤᠯᠲᠠ ᠥᠭᠴᠦ᠂ 122 ᠲᠦᠮᠡᠨ ᠬᠤᠪᠢ ᠬᠦᠰᠡᠯ ᠱᠠᠭ᠋ᠠᠷᠳᠠᠯᠭ᠎ᠠ ᠵᠢᠨ ᠠᠵᠢᠯ᠎ᠤᠨ ᠬᠠᠭᠤᠳᠠᠰᠤ ᠲᠠᠷᠬᠠᠭ᠋ᠠᠵᠤ᠂ ᠬᠦᠰᠡᠯ ᠱᠠᠭ᠋ᠠᠷᠳᠠᠯᠭ᠎ᠠ ᠵᠢ ᠭᠣᠣᠯᠳᠠᠭᠤ ᠡᠮ ᠡᠮᠨᠡᠯᠭᠡ ᠵᠢᠨ ᠳᠠᠭ᠋ᠠᠳᠬᠠᠯ᠂ ᠨᠡᠢ᠌ᠭᠡᠮ᠎ᠤᠨ ᠪᠠᠲᠤᠯᠠᠭ᠎ᠠ᠂ ᠲᠡᠷᠭᠡ ᠨᠡᠭᠦᠯᠭᠡᠬᠦ ᠦᠢ᠍ᠯᠡᠴᠢᠯᠡᠭᠡ ᠵᠡᠷᠭᠡ ᠲᠠᠯ᠎ᠠ᠎ᠳᠤ ᠲᠥᠪᠯᠡᠷᠡᠭᠦᠯᠦᠭᠰᠡᠨ ᠪᠠᠢ᠌ᠨ᠎ᠠ᠃ ᠲᠦᠷᠦᠭᠦᠸ᠋ ᠬᠠᠭ᠋ᠠᠰ ᠵᠢᠯ᠎ᠳᠤ᠂ ᠪᠥᠬᠥ ᠣᠷᠣᠨ᠎ᠤ 《ᠭᠤᠷᠪᠠᠨ ᠨᠣᠷᠮ᠎ᠠ》 ᠰᠠᠷ᠎ᠠ ᠳᠠᠷᠠᠭ᠋ᠠᠯᠠᠨ ᠨᠡᠮᠡᠭᠳᠡᠬᠦ ᠬᠠᠨᠳᠤᠰᠢ᠎ᠲᠠᠢ ᠪᠣᠯᠵᠤ᠂ ᠤᠯᠠᠮ᠎ᠠᠴᠠ ᠤᠯᠠᠮ ᠣᠯᠠᠨ ᠠᠵᠤ ᠠᠬᠤᠢ᠌ᠯᠠᠯ᠎ᠤᠨ ᠣᠯᠠᠨ ᠲᠦᠮᠡᠨ 12345 ᠬᠠᠯᠠᠭᠤᠨ ᠤᠲᠠᠰᠤ᠎ᠪᠠᠷ ᠳᠠᠮᠵᠢᠭᠤᠯᠤᠨ ᠲᠥᠷᠥ ᠵᠢᠨ ᠪᠣᠳᠣᠯᠭ᠎ᠠ ᠵᠢ ᠣᠢ᠌ᠯᠠᠭ᠋ᠠᠵᠤ᠂ ᠠᠰᠠᠭᠤᠳᠠᠯ᠎ᠢ ᠲᠤᠰᠬᠠᠬᠤ ᠳᠤᠷᠠᠲᠠᠢ ᠪᠣᠯᠤᠭᠰᠠᠨ ᠪᠠᠢ᠌ᠨ᠎ᠠ᠃ ᠨᠢᠭᠡ᠎ᠳᠤ ᠳᠡᠭᠡᠳᠦ ᠳᠠᠪᠬᠤᠷᠭ᠎ᠠ ᠵᠢᠨ ᠵᠢᠷᠤᠭ ᠲᠥᠯᠥᠪᠯᠡᠭᠡ ᠵᠢ ᠴᠢᠩᠭ᠋ᠠᠳᠬᠠᠪᠠ᠃ 《ᠥᠪᠡᠷᠲᠡᠭᠡᠨ ᠵᠠᠰᠠᠬᠤ ᠣᠷᠣᠨ᠎ᠤ 12345 ᠬᠠᠯᠠᠮᠰᠢᠯ ᠤᠲᠠᠰᠤ ᠵᠢᠨ ᠬᠠᠮᠢᠶᠠᠷᠤᠯᠲᠠ ᠵᠢᠨ ᠠᠷᠭ᠎ᠠ》 ᠪᠠ 《ᠥᠪᠡᠷᠲᠡᠭᠡᠨ ᠵᠠᠰᠠᠬᠤ ᠣᠷᠣᠨ᠎ᠤ 12345 ᠬᠠᠯᠠᠮᠰᠢᠯ ᠤᠲᠠᠰᠤ ᠵᠢᠨ ᠠᠵᠢᠯᠯᠠᠭ᠋ᠠᠨ᠎ᠤ ᠬᠠᠮᠢᠶᠠᠷᠤᠯᠲᠠ ᠵᠢᠨ ᠵᠢᠷᠤᠮᠵᠢᠯ》 《ᠥᠪᠡᠷᠲᠡᠭᠡᠨ ᠵᠠᠰᠠᠬᠤ ᠣᠷᠣᠨ᠎ᠤ 12345 ᠬᠠᠯᠠᠮᠰᠢᠯ ᠤᠲᠠᠰᠤ ᠵᠢᠨ ᠬᠦᠰᠡᠯ ᠱᠠᠭ᠋ᠠᠷᠳᠠᠯᠭ᠎ᠠ ᠵᠢ ᠰᠢᠢ᠍ᠳᠪᠦᠷᠢᠯᠡᠬᠦ ᠵᠢᠷᠤᠮᠵᠢᠯ》 《ᠥᠪᠡᠷᠲᠡᠭᠡᠨ ᠵᠠᠰᠠᠬᠤ ᠣᠷᠣᠨ᠎ᠤ 12345 ᠬᠠᠯᠠᠮᠰᠢᠯ ᠤᠲᠠᠰᠤ ᠵᠢᠨ ᠬᠠᠨᠤᠮᠵᠢ ᠵᠢᠨ ᠬᠡᠮᠵᠢᠶ᠎ᠡ ᠵᠢ ᠬᠡᠮᠵᠢᠨ ᠲᠣᠭᠲᠠᠭ᠋ᠠᠬᠤ ᠵᠢᠷᠤᠮᠵᠢᠯ》 ᠭᠤᠷᠪᠠᠨ ᠵᠦᠢ᠍ᠯ᠎ᠤᠨ ᠣᠷᠣᠨ ᠨᠤᠲᠤᠭ᠎ᠤᠨ ᠪᠠᠷᠢᠮᠵᠢᠶ᠎ᠠ ᠵᠢᠴᠢ 《ᠥᠪᠡᠷᠲᠡᠭᠡᠨ ᠵᠠᠰᠠᠬᠤ ᠣᠷᠣᠨ᠎ᠤ 12345 ᠬᠠᠯᠠᠮᠰᠢᠯ ᠤᠲᠠᠰᠤ ᠵᠢᠨ ᠮᠡᠳᠡᠯᠭᠡ ᠵᠢᠨ ᠬᠥᠮᠥᠷᠭᠡ ᠵᠢᠨ ᠠᠵᠢᠯ᠎ᠤᠨ ᠳᠦᠷᠢᠮ》 ᠵᠡᠷᠭᠡ ᠢᠵᠢ ᠪᠦᠷᠢᠳᠦᠭᠦᠯᠬᠦ ᠳᠦᠷᠢᠮ᠎ᠢ ᠳᠠᠷᠤᠮᠠᠯᠯᠠᠨ ᠲᠠᠷᠬᠠᠭ᠋ᠠᠪᠠ᠃ 《1+3+N》 (1 ᠢᠵᠢ ᠬᠠᠮᠢᠶᠠᠷᠤᠯᠲᠠ ᠵᠢᠨ ᠠᠷᠭ᠎ᠠ᠂ 3 ᠵᠦᠢ᠍ᠯ᠎ᠤᠨ ᠵᠦᠭᠯᠡᠭᠦᠷ᠎ᠤᠨ ᠵᠢᠷᠤᠮᠵᠢᠯ᠂ N ᠢᠵᠢ ᠪᠦᠷᠢᠳᠦᠭᠦᠯᠬᠦ ᠳᠦᠷᠢᠮ)᠎ᠤᠨ ᠳᠦᠷᠢᠮ᠎ᠤᠨ ᠰᠢᠰᠲ᠋ᠧᠮᠵᠢ ᠵᠢ ᠲᠡᠭᠦᠯᠳᠡᠷᠵᠢᠭᠦᠯᠵᠦ᠂ ᠪᠥᠬᠥ ᠣᠷᠣᠨ᠎ᠤ ᠬᠠᠯᠠᠮᠰᠢᠯ ᠤᠲᠠᠰᠤ ᠵᠢᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢ ᠪᠠᠷᠢᠮᠵᠢᠶᠠᠵᠢᠭᠤᠯᠤᠯᠲᠠ ᠂ ᠵᠢᠷᠤᠮᠵᠢᠭᠤᠯᠤᠯᠲᠠ ᠂ ᠲᠦᠷᠢᠮᠵᠢᠭᠦᠯᠦᠯᠲᠡ ᠵᠢ ᠠᠬᠢᠭᠤᠯᠵᠤ᠂ ᠡᠯ᠎ᠡ ᠵᠦᠢ᠍ᠯ᠎ᠤᠨ ᠠᠵᠢᠯ᠎ᠢ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ᠎ᠲᠠᠢ ᠠᠬᠢᠭᠤᠯᠬᠤ᠎ᠳᠤ ᠳᠦᠷᠢᠮ᠎ᠤᠨ ᠪᠠᠲᠤᠯᠠᠭ᠎ᠠ ᠬᠠᠩᠭ᠋ᠠᠪᠠ᠃ ᠬᠣᠶᠠᠷ᠎ᠲᠤ ᠰᠢᠯᠭ᠋ᠠᠨ ᠲᠣᠭᠲᠠᠭ᠋ᠠᠵᠤ ᠱᠠᠯᠠᠪᠳᠠᠭᠤᠯᠤᠨ ᠰᠢᠢ᠍ᠳᠪᠦᠷᠢᠯᠡᠭᠦᠯᠬᠦ ᠵᠢ ᠰᠢᠯᠢᠳᠡᠭᠵᠢᠭᠦᠯᠪᠡ ᠃ ᠠᠵᠢᠯ᠎ᠤᠨ ᠬᠠᠭᠤᠳᠠᠰᠤ ᠵᠢ ᠰᠤᠭᠤᠴᠢᠨ ᠬᠡᠮᠵᠢᠬᠦ ᠶᠠᠰᠤ ᠴᠢᠨᠠᠷ᠎ᠤᠨ ᠪᠠᠢ᠌ᠴᠠᠭ᠋ᠠᠯᠲᠠ ᠵᠢᠨ ᠬᠠᠷᠢᠴᠠᠯ᠎ᠢ 60% ᠪᠠᠢ᠌ᠭᠰᠠᠨ᠎ᠠᠴᠠ 100%᠎ᠪᠠᠷ ᠳᠡᠭᠡᠭᠰᠢᠯᠡᠭᠦᠯᠵᠦ᠂ ᠬᠥᠨᠳᠡᠯᠡᠨ ᠵᠶ᠋ᠡᠷ ᠬᠠᠷᠢᠴᠠᠭᠤᠯᠬᠤ᠂ ᠪᠢᠴᠢᠭ ᠵᠶ᠋ᠡᠷ ᠰᠠᠨᠠᠭᠤᠯᠬᠤ᠂ ᠱᠠᠭ᠋ᠠᠷᠳᠠᠨ ᠪᠠᠢ᠌ᠴᠠᠭ᠋ᠠᠵᠤ ᠪᠣᠯᠵᠣᠨ ᠶᠠᠷᠢᠯᠴᠠᠬᠤ᠂ ᠲᠤᠰᠬᠠᠢ ᠵᠦᠢ᠍ᠯ ᠵᠶ᠋ᠡᠷ ᠪᠣᠯᠵᠣᠨ ᠶᠠᠷᠢᠯᠴᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠳᠠᠭ᠋ᠠᠭ᠋ᠠᠨ ᠭᠦᠢ᠍ᠴᠡᠳᠬᠡᠬᠦ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢ ᠲᠠᠰᠤᠷᠠᠯᠲᠠ ᠦᠭᠡᠢ ᠪᠣᠳᠠᠲᠠᠢ᠌ᠵᠢᠭᠤᠯᠵᠤ᠂ ᠰᠠᠷ᠎ᠠ᠎ᠪᠠᠷ 《 12345 ᠬᠠᠯᠠᠮᠰᠢᠯ ᠤᠲᠠᠰᠤᠨ᠎ᠤ ᠰᠠᠷ᠎ᠠ ᠵᠢᠨ ᠮᠡᠳᠡᠭᠦᠯᠦᠯᠲᠡ》 ᠵᠢ ᠨᠠᠢ᠌ᠷᠠᠭᠤᠯᠤᠨ ᠲᠠᠷᠬᠠᠭ᠋ᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ 《12345 ᠬᠠᠯᠠᠮᠰᠢᠯ ᠤᠲᠠᠰᠤᠨ᠎ᠤ ᠲᠤᠰᠬᠠᠢ ᠮᠡᠳᠡᠭᠦᠯᠦᠯᠲᠡ》 ᠵᠢ ᠨᠠᠢ᠌ᠷᠠᠭᠤᠯᠤᠨ ᠲᠠᠷᠬᠠᠭ᠋ᠠᠵᠤ᠂ ᠲᠤᠰᠠᠯᠠᠬᠤ ᠰᠢᠢ᠍ᠳᠪᠦᠷᠢᠲᠦ ᠪᠣᠳᠣᠯᠭ᠎ᠠ ᠵᠢᠨ ᠦᠢ᠍ᠯᠡᠳᠦᠯ ᠨᠠᠩ ᠲᠣᠪᠣᠢ᠌ᠮ᠎ᠠ ᠪᠣᠯᠵᠤ᠂ 12345 ᠬᠠᠯᠠᠮᠰᠢᠯ ᠤᠲᠠᠰᠤᠨ᠎ᠤ ᠠᠵᠢᠯ᠎ᠢ ᠠᠷᠠᠳ ᠣᠯᠠᠨ᠎ᠤ ᠰᠡᠳᠬᠢᠯ᠎ᠳᠤ ᠬᠠᠳᠠᠩᠰᠢᠭᠤᠯᠬᠤ ᠵᠢ ᠲᠦᠯᠬᠢᠨ ᠠᠬᠢᠭᠤᠯᠪᠠ᠃ ᠭᠤᠷᠪᠠ᠎ᠳᠤ ᠬᠢᠨᠠᠨ ᠰᠢᠯᠭ᠋ᠠᠬᠤ ᠭᠦᠢ᠍ᠴᠡᠳᠬᠡᠯ ᠲᠣᠭ᠎ᠠ ᠵᠢ ᠨᠠᠷᠢᠯᠢᠭᠵᠢᠭᠤᠯᠪᠠ᠃ ᠰᠠᠷ᠎ᠠ᠎ᠪᠠᠷ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠨᠡᠷᠡᠰ᠎ᠤᠨ ᠵᠢᠭᠰᠠᠭ᠋ᠠᠯᠲᠠ ᠵᠢ ᠨᠡᠪᠲᠡᠷᠡᠭᠦᠯᠬᠦ ᠵᠢ ᠪᠠᠷᠢᠮᠲᠠᠯᠠᠵᠤ᠂ ᠬᠢᠨᠠᠨ ᠰᠢᠯᠭ᠋ᠠᠵᠤ ᠦᠨᠡᠯᠡᠬᠦ ᠰᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠠᠵᠤ ᠠᠬᠤᠢ᠌ᠯᠠᠯ᠎ᠤᠨ ᠤᠯᠠᠨ ᠲᠦᠮᠡᠨ᠎ᠤ ᠪᠠᠴᠢᠮ ᠬᠦᠴᠢᠷ ᠵᠣᠪᠠᠭᠤᠷᠢᠲᠠᠢ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ 《 ᠭᠤᠷᠪᠠᠨ ᠨᠤᠷᠮ᠎ᠠ 》 ᠵᠢᠨ ᠬᠢᠨᠠᠨ ᠰᠢᠯᠭ᠋ᠠᠭᠰᠠᠨ ᠰᠠᠭᠤᠷᠢᠨ ᠳᠡᠭᠡᠷ᠎ᠡ ᠂ 7 ᠰᠠᠷ᠎ᠠ᠎ᠳᠤ 《 ᠰᠢᠢ᠍ᠳᠪᠦᠷᠢᠯᠡᠵᠦ ᠳᠠᠭᠤᠰᠬᠠᠭᠰᠠᠨ ᠨᠤᠷᠮ᠎ᠠ 》 ᠵᠢ ᠬᠢᠨᠠᠨ ᠰᠢᠯᠭ᠋ᠠᠬᠤ ᠭᠦᠢ᠍ᠴᠡᠳᠬᠡᠯ ᠲᠣᠭ᠎ᠠ ᠵᠢ ᠨᠡᠮᠡᠵᠦ ᠂ ᠠᠵᠤ ᠠᠬᠤᠢ᠌ᠯᠠᠯ ᠪᠣᠯᠣᠨ ᠤᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠲᠤᠰᠬᠠᠬᠤ ᠵᠢ ᠴᠠᠭ ᠲᠤᠬᠠᠢᠳᠤᠨᠢ ᠰᠤᠳᠤᠯᠤᠨ ᠰᠢᠳᠭᠡᠵᠦ᠂ ᠠᠵᠢᠯ᠎ᠤᠨ ᠬᠠᠭᠤᠳᠠᠰᠤ ᠵᠢ ᠭᠦᠢ᠍ᠴᠡᠳᠬᠡᠵᠦ ᠳᠠᠭᠤᠰᠬᠠᠭᠰᠠᠨ ᠦᠷ᠎ᠡ ᠪᠦᠲᠦᠮᠵᠢ ᠵᠢ ᠲᠦᠷᠭᠡᠨ ᠳᠡᠭᠡᠭᠰᠢᠯᠡᠭᠦᠯᠵᠦ ᠂ ᠠᠵᠤ ᠠᠬᠤᠢ᠌ᠯᠠᠯ ᠪᠣᠯᠤᠨ ᠤᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ 《 ᠨᠡᠩ ᠲᠦᠷᠭᠡᠨ ᠭᠦᠢ᠍ᠴᠡᠳᠬᠡᠵᠦ ᠂ ᠨᠡᠩ ᠪᠣᠳᠠᠲᠠᠢ ᠭᠦᠢ᠍ᠴᠡᠳᠬᠡᠬᠦ 》 ᠵᠢ ᠪᠠᠲᠤᠯᠠᠵᠠᠢ ᠃ ᠳᠥᠷᠪᠡ᠎ᠳᠤ ᠬᠠᠯᠠᠮᠰᠢᠯ ᠤᠲᠠᠰᠤ ᠵᠢ ᠡᠮᠬᠢᠯᠡᠨ ᠨᠡᠢ᠌ᠯᠡᠭᠦᠯᠬᠦ ᠵᠢ ᠭᠦᠨᠵᠡᠭᠡᠢ᠌ᠷᠡᠭᠦᠯᠪᠡ ᠃ ᠲᠥᠷᠥ ᠠᠯᠪᠠᠨ ᠲᠠᠷᠬᠠᠭ᠋ᠠᠭᠰᠠᠨ [2022] 12 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ 5 ᠵᠤᠷᠪᠤᠰ (12369᠂ 12319᠂ 12329᠂ 12316᠂ 12393)᠎ᠲᠤ 《7×24 ᠴᠠᠭ》᠎ᠤᠨ ᠬᠥᠮᠥᠨ᠎ᠤ ᠬᠦᠴᠦ᠎ᠪᠠᠷ ᠦᠢ᠍ᠯᠡᠴᠢᠯᠡᠬᠦ ᠴᠢᠳᠠᠪᠤᠷᠢ ᠵᠢ ᠪᠦᠷᠢᠯᠳᠦᠭᠦᠯᠦᠭᠰᠡᠨ ᠦᠭᠡᠢ ᠪᠤᠶᠤ ᠬᠥᠮᠥᠨ᠎ᠤ ᠬᠦᠴᠦ᠎ᠪᠠᠷ ᠵᠠᠯᠭ᠋ᠠᠬᠤ ᠨᠣᠷᠮ᠎ᠠ᠎ᠨᠢ 60%᠎ᠠᠴᠠ ᠳᠣᠣᠷ᠎ᠠ ᠬᠣᠣᠰ ᠨᠣᠮᠧᠷ᠎ᠤᠨ ᠵᠡᠷᠭᠡᠴᠡᠭᠡ ᠬᠠᠯᠠᠮᠰᠢᠯ ᠤᠲᠠᠰᠤ ᠵᠢ ᠪᠥᠬᠥ ᠣᠷᠣᠨ᠎ᠳᠤ ᠪᠦᠬᠦᠯᠢ ᠴᠣᠭᠴᠠ᠎ᠪᠠᠷ 12345 ᠬᠠᠯᠠᠮᠰᠢᠯ ᠤᠲᠠᠰᠤ᠎ᠲᠠᠢ ᠨᠡᠢ᠌ᠯᠡᠭᠦᠯᠬᠦ ᠵᠢ ᠪᠡᠶᠡᠯᠡᠭᠦᠯᠪᠡ᠃
ᠳᠠᠷᠠᠭ᠋ᠠᠴᠢ ᠵᠢᠨ ᠠᠯᠬᠤᠮ᠎ᠳᠤ ᠂ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠣᠨ 《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》᠎ᠢ ᠪᠦᠬᠦ ᠲᠠᠯ᠎ᠠ᠎ᠪᠠᠷ ᠪᠠᠶ᠋ᠢᠭᠤᠯᠬᠤ ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ 《 ᠳᠥᠭᠥᠮ ᠳᠥᠲᠡ ᠂ ᠥᠨᠳᠥᠷ ᠪᠦᠲᠦᠮᠵᠢᠲᠡᠢ ᠂ ᠵᠢᠷᠤᠮᠵᠢᠯ᠎ᠲᠠᠢ ᠂ ᠤᠶᠤᠨᠴᠢ 》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《 ᠶᠡᠷᠦᠩᠬᠡᠢ ᠦᠢ᠍ᠯᠡᠴᠢᠯᠡᠭᠡᠨ 》᠎ᠢ ᠪᠦᠬᠦ ᠬᠦᠴᠦᠨ ᠵᠶ᠋ᠡᠷ ᠵᠶ᠋ᠡᠨ ᠴᠣᠭᠴᠠᠯᠠᠵᠤ ᠂ ᠥᠪᠥᠷ ᠮᠣᠩᠭᠣᠯ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠎ᠳᠤ ᠬᠠᠯᠠᠮᠰᠢᠯ ᠤᠲᠠᠰᠤᠨ᠎ᠤ ᠬᠦᠴᠦᠨ ᠴᠢᠳᠠᠯ ᠵᠶ᠋ᠠᠨ ᠨᠡᠮᠡᠷᠢᠯᠡᠨ᠎ᠡ ᠃