2023 ᠣᠨ᠎ᠤ 2 ᠰᠠᠷ᠎ᠠ ᠵᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠲᠣᠭᠲᠠᠭᠤᠨ᠎ᠤ ᠳᠤᠮᠳᠠ ᠲᠦᠷᠭᠡᠨ ᠤᠷᠤᠭᠰᠢᠯᠠᠵᠤ ᠲᠣᠭᠲᠠᠭᠤᠨ᠎ᠤ ᠳᠤᠮᠳᠠ ᠰᠢᠯᠢᠳᠡᠭ᠎ᠢ ᠠᠬᠢᠭᠤᠯᠬᠤ ᠵᠢ ᠪᠠᠷᠢᠮᠲᠠᠯᠠᠵᠤ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ》 ᠭᠡᠬᠦ ᠰᠢᠷᠢᠰ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠬᠣᠶᠠᠳᠤᠭ᠋ᠠᠷ ᠲᠠᠯᠠᠪᠤᠷ — 《ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠥᠨᠳᠥᠷ ᠪᠦᠲᠦᠮᠵᠢᠲᠡᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ》 ᠲᠤᠰᠬᠠᠢ ᠲᠠᠯᠠᠪᠤᠷ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠳᠡᠳ᠋ ᠳᠠᠷᠤᠭ᠎ᠠ ᠡᠩᠬᠡᠳᠦ᠋ᠪᠰᠢᠨ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠥᠨᠳᠥᠷ ᠪᠦᠲᠦᠮᠵᠢᠲᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠲᠦᠯᠬᠢᠨ ᠠᠬᠢᠭᠤᠯᠬᠤ ᠵᠢᠨ ᠴᠢᠬᠤᠯᠠ ᠶᠡᠬᠡ ᠠᠴᠢ ᠬᠣᠯᠪᠣᠭᠳᠠᠯ᠂ ᠬᠡᠯᠪᠡᠷᠢ᠎ᠪᠠᠨ ᠬᠤᠪᠢᠷᠠᠭᠤᠯᠬᠤ ᠭᠣᠣᠯᠳᠠᠯᠭ᠎ᠠ᠂ ᠪᠣᠳᠠᠲᠠᠢ ᠬᠠᠷᠠᠯᠲᠠ᠂ ᠲᠥᠷᠥ ᠵᠢᠨ ᠪᠣᠳᠣᠯᠭ᠎ᠠ ᠵᠢᠨ ᠨᠠᠷᠢᠨ ᠳᠠᠩᠰᠠ ᠵᠢᠨ ᠬᠤᠪᠢᠷᠠᠯᠲᠠ ᠬᠢᠭᠡᠳ ᠣᠨᠴᠠᠯᠢᠭ᠎ᠤᠨ ᠲᠣᠭᠣᠷᠢᠨ᠎ᠳᠤ ᠭᠦᠨᠵᠡᠭᠡᠢ ᠲᠠᠢ᠌ᠯᠤᠮᠵᠢ ᠬᠢᠪᠡ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠢᠩᠬᠢᠮ᠎ᠤᠨ ᠳᠡᠳ᠋ ᠳᠠᠷᠤᠭ᠎ᠠ ᠢᠦᠢ ᠸᠧᠢ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠳᠡᠳ᠋ ᠳᠠᠷᠤᠭ᠎ᠠ ᠵᠠᠩ ᠬᠠᠢ ᠹᠧᠩ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠳᠡᠳ᠋ ᠳᠠᠷᠤᠭ᠎ᠠ ᠨᠢᠩ ᠶᠦᠨ ᠹᠧᠢ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠎ᠤᠨ ᠬᠡᠷᠡᠭᠯᠡᠭᠡᠨ᠎ᠤ ᠵᠦᠢ᠍ᠯ᠎ᠤᠨ ᠠᠵᠤ ᠦᠢ᠍ᠯᠡᠳᠪᠦᠷᠢ ᠵᠢᠨ ᠭᠠᠵᠠᠷ᠎ᠤᠨ ᠳᠠᠷᠤᠭ᠎ᠠ ᠶᠠᠩ ᠰᠢᠶᠣᠣ ᠲᠢᠶᠠᠨ ᠲᠣᠰ ᠲᠣᠰ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠂ ᠡᠳ᠋᠎ᠤᠨ ᠵᠠᠰᠠᠭ᠎ᠠᠴᠠ ᠦᠨᠳᠦᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠬᠦ᠂ 《 ᠦᠪᠦᠷ ᠮᠣᠩᠭᠣᠯ》 ᠥᠰᠥᠭ᠎ᠤᠨ ᠨᠡᠷᠡᠲᠦ ᠲᠦᠷᠦᠯ ᠲᠡᠮᠳᠡᠭᠲᠦ ᠵᠢ ᠪᠣᠶ ᠪᠣᠯᠭ᠋ᠠᠬᠤ᠂ ᠥᠪᠡᠷᠲᠡᠭᠡᠨ ᠵᠠᠰᠠᠬᠤ ᠣᠷᠣᠨ᠎ᠤ ᠴᠠᠭ᠋ᠠᠨ ᠢᠳᠡᠭᠡ ᠪᠣᠯᠪᠠᠰᠤᠷᠠᠭᠤᠯᠬᠤ ᠳᠠᠭ᠋ᠠᠭᠤᠯᠤᠭᠴᠢ ᠠᠵᠤ ᠠᠬᠤᠢ᠌ᠯᠠᠯ᠎ᠢ ᠲᠡᠳᠬᠦᠨ ᠪᠤᠵᠠᠭ᠋ᠠᠢ᠌ᠷᠠᠭᠤᠯᠬᠤ ᠵᠡᠷᠭᠡ ᠲᠠᠯ᠎ᠠ᠎ᠪᠠᠷ ᠰᠤᠷᠪᠤᠯᠵᠢᠯᠠᠭᠴᠢᠳ᠎ᠤᠨ ᠠᠰᠠᠭᠤᠯᠲᠠ ᠵᠢ ᠬᠠᠷᠢᠭᠤᠯᠵᠠᠢ᠃
ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠥᠨᠳᠥᠷ ᠪᠦᠲᠦᠮᠵᠢᠲᠡᠢ᠎ᠪᠠᠷ
ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠰᠣᠨᠢᠨ ᠮᠡᠳᠡᠭᠡ ᠨᠡᠢ᠌ᠲᠡᠯᠡᠬᠦ ᠦᠭᠡ
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ
ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠳᠡᠳ᠋ ᠳᠠᠷᠤᠭ᠎ᠠ ᠡᠩᠬᠡᠳᠦ᠋ᠪᠰᠢᠨ
ᠡᠨᠡ ᠵᠢᠯ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠬᠤ ᠡᠬᠢᠯᠡᠯᠲᠡ ᠵᠢᠨ ᠵᠢᠯ ᠮᠥᠨ᠂ ᠠᠵᠤ ᠠᠬᠤᠢ ᠵᠢᠨ ᠠᠵᠢᠯᠯᠠᠭ᠎ᠠ ᠵᠢᠨ ᠶᠡᠷᠦᠩᠬᠡᠢ ᠲᠡᠭᠡᠭᠰᠢᠯᠡᠯᠳᠡ ᠵᠢ ᠠᠬᠢᠭᠤᠯᠬᠤ ᠵᠠᠩᠭᠢᠯᠠᠭ᠎ᠠ ᠵᠢᠨ ᠵᠢᠯ ᠮᠥᠨ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ᠎ᠤ ᠠᠵᠢᠯ᠎ᠢ ᠰᠠᠢ᠌ᠲᠤᠷ ᠬᠢᠬᠦ᠂ ᠪᠥᠬᠥ ᠲᠠᠯ᠎ᠠ ᠵᠢᠨ ᠶᠡᠬᠡ ᠲᠠᠯ᠎ᠠ ᠵᠢ ᠲᠤᠯᠭ᠋ᠠᠭᠤᠷᠢᠯᠠᠨ ᠪᠠᠲᠤᠯᠠᠬᠤ ᠱᠠᠭ᠋ᠠᠷᠳᠠᠯᠭ᠎ᠠ ᠨᠠᠩ ᠥᠨᠳᠥᠷ᠂ ᠡᠭᠦᠷᠭᠡ ᠨᠠᠩ ᠬᠦᠨᠳᠦ ᠪᠠᠢ᠌ᠨ᠎ᠠ᠃ ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠥᠪᠡᠷᠲᠡᠭᠡᠨ ᠵᠠᠰᠠᠬᠤ ᠣᠷᠣᠨ᠎ᠤ 2023 ᠣᠨ᠎ᠤ ᠲᠣᠭᠲᠠᠭᠤᠨ᠎ᠤ ᠳᠤᠮᠳᠠ ᠲᠦᠷᠭᠡᠨ ᠤᠷᠤᠭᠰᠢᠯᠠᠬᠤ ᠲᠣᠭᠲᠠᠭᠤᠨ᠎ᠤ ᠳᠤᠮᠳᠠ ᠰᠢᠯᠢᠳᠡᠭ᠎ᠢ ᠠᠬᠢᠭᠤᠯᠬᠤ ᠵᠢ ᠪᠠᠷᠢᠮᠲᠠᠯᠠᠵᠤ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ ᠵᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》᠎ᠢ ᠨᠡᠢ᠌ᠲᠡᠯᠡᠪᠡ᠂ ᠡᠭᠦᠨ᠎ᠳᠤ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠥᠨᠳᠥᠷ ᠪᠦᠲᠦᠮᠵᠢᠲᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠴᠢᠬᠤᠯᠠ ᠬᠡᠰᠡᠭ ᠪᠣᠯᠭ᠋ᠠᠨ 16 ᠵᠤᠷᠪᠤᠰ ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ ᠵᠢ ᠵᠢᠭᠰᠠᠭ᠋ᠠᠵᠤ᠂ ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ᠎ᠳᠤ ᠬᠦᠴᠦᠷᠬᠡᠭ ᠶᠡᠬᠡ ᠬᠦᠳᠡᠯᠭᠡᠬᠦ ᠬᠦᠴᠦᠨ ᠪᠠ ᠠᠮᠢᠵᠢᠷᠠᠯ᠎ᠤᠨ ᠬᠦᠴᠦᠨ ᠨᠡᠮᠡᠷᠢᠯᠡᠬᠦ ᠪᠣᠯᠣᠨ᠎ᠠ᠃
ᠨᠢᠭᠡᠳᠦᠭᠡᠷ᠎ᠲᠤ᠂ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠥᠨᠳᠥᠷ ᠪᠦᠲᠦᠮᠵᠢᠲᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠵᠢᠨ ᠴᠢᠬᠤᠯᠠ ᠶᠡᠬᠡ ᠠᠴᠢ ᠬᠣᠯᠪᠤᠭᠳᠠᠯ
ᠮᠠᠨ᠎ᠤ ᠣᠷᠣᠨ᠎ᠤ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠬᠤ᠎ᠳᠤ ᠪᠠᠢ᠌ᠪᠠᠰᠤ ᠵᠣᠬᠢᠬᠤ ᠠᠭᠤᠯᠭ᠎ᠠ ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠬᠤ᠎ᠳᠤ ᠶᠡᠬᠡ ᠬᠦᠰᠡᠯ ᠡᠷᠡᠮᠡᠯᠵᠡᠯ ᠲᠠᠯᠪᠢᠵᠤ᠂ 2019 ᠣᠨ᠎ᠳᠤ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ᠂ 《ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢ ᠴᠢᠨᠠᠷ ᠰᠠᠢ᠌ᠲᠠᠢ ᠥᠨᠳᠥᠷ ᠪᠦᠲᠦᠮᠵᠢᠲᠡᠢ ᠲᠡᠢ᠌ᠰᠢ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ》᠂ ᠮᠠᠨ᠎ᠤ ᠬᠠᠷᠠᠯᠲᠠ ᠪᠣᠯ ᠳᠠᠷᠤᠢ ᠥᠪᠥᠷ ᠮᠣᠩᠭᠣᠯ᠎ᠤᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠷᠤᠯᠲᠠ ᠵᠢᠨ ᠶᠡᠬᠡ ᠣᠷᠣᠨ᠎ᠢ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠴᠦᠷᠬᠡᠭ ᠣᠷᠣᠨ ᠲᠡᠢ᠌ᠰᠢ ᠬᠤᠪᠢᠷᠠᠭᠤᠯᠬᠤ ᠵᠢ ᠲᠦᠯᠬᠢᠨ ᠠᠬᠢᠭᠤᠯᠬᠤ ᠶᠠᠪᠤᠳᠠᠯ ᠪᠣᠯᠣᠨ᠎ᠠ᠃ ᠲᠠᠷᠢᠶᠠᠯᠠᠩ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠵᠢᠨ ᠳᠣᠲᠣᠭ᠋ᠠᠳᠤ ᠱᠠᠭ᠋ᠠᠷᠳᠠᠯᠭ᠎ᠠ ᠮᠥᠨ ᠭᠡᠵᠦ ᠴᠢᠬᠤᠯᠠᠴᠢᠯᠠᠪᠠ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠲᠠᠷᠢᠶᠠᠯᠠᠩ᠎ᠤᠨ ᠬᠦᠴᠦᠷᠬᠡᠭ ᠤᠯᠤᠰ᠎ᠢ ᠲᠦᠷᠭᠡᠪᠴᠢᠯᠡᠨ ᠪᠦᠲᠦᠭᠡᠨ ᠪᠠᠢ᠌ᠭᠤᠯᠬᠤ ᠪᠠᠢ᠌ᠯᠳᠤᠬᠤ ᠪᠣᠳᠣᠯᠭ᠎ᠠ ᠵᠢᠨ ᠰᠢᠢ᠍ᠳᠪᠦᠷᠢᠲᠦ ᠪᠣᠳᠣᠯᠭ᠎ᠠ ᠵᠢ ᠲᠣᠭᠲᠠᠭ᠋ᠠᠭᠰᠠᠨ᠎ᠨᠢ ᠤᠯᠤᠰ ᠣᠷᠣᠨ᠎ᠤ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠳᠤᠮᠳᠠᠬᠢ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ᠎ᠤ ᠴᠢᠬᠤᠯᠠ ᠦᠢ᠍ᠯᠡᠳᠦᠯ᠎ᠢ ᠭᠦᠢ᠍ᠴᠡᠳ ᠬᠠᠷᠠᠭᠤᠯᠵᠠᠢ ᠃ ᠥᠪᠥᠷ ᠮᠣᠩᠭᠣᠯ᠎ᠨᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠣᠯᠤᠭᠰᠠᠨ᠎ᠤ ᠬᠤᠪᠢ᠎ᠳᠤ ᠂ ᠠᠮᠢ ᠠᠬᠤᠢ ᠵᠢ ᠲᠡᠷᠢᠭᠦᠨ᠎ᠳᠤ ᠲᠠᠯᠪᠢᠬᠤ ᠂ ᠪᠣᠬᠢᠷᠲᠤᠯ ᠦᠭᠡᠢ ᠬᠥᠭᠵᠢᠭᠦᠯᠬᠦ ᠪᠣᠯ ᠮᠠᠨ᠎ᠤ ᠵᠠᠢ᠌ᠯᠠᠰᠢ ᠦᠭᠡᠢ ᠰᠣᠩᠭᠣᠯᠲᠠ ᠪᠣᠯᠣᠨ᠎ᠠ ᠂ ᠠᠮᠢ ᠠᠬᠤᠢ ᠵᠢᠨ ᠲᠠᠷᠢᠶᠠᠯᠠᠩ ᠮᠠᠯ ᠠᠵᠤ ᠠᠬᠤᠢ ᠵᠢ ᠬᠥᠭᠵᠢᠭᠦᠯᠬᠦ ᠂ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠥᠨᠳᠥᠷ ᠪᠦᠲᠦᠮᠵᠢᠲᠡᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ᠎ᠨᠢ ᠲᠠᠷᠢᠶᠠᠯᠠᠩ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠵᠢᠨ ᠵᠠᠢ᠌ᠯᠠᠰᠢ ᠦᠭᠡᠢ ᠶᠠᠪᠤᠬᠤ ᠵᠠᠮ ᠪᠣᠯᠵᠠᠢ ᠃ ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠵᠠᠢ᠌ᠯᠠᠰᠢ ᠦᠭᠡᠢ ᠰᠣᠩᠭᠣᠯᠲᠠ ᠪᠣᠯᠣᠨ᠎ᠠ᠃ ᠮᠠᠨ᠎ᠤ ᠣᠷᠣᠨ ᠪᠣᠯ ᠲᠠᠷᠢᠶᠠᠯᠠᠩ ᠮᠠᠯ ᠠᠵᠤ ᠠᠬᠤᠢ ᠵᠢᠨ ᠲᠣᠮᠣ ᠣᠷᠣᠨ ᠮᠥᠨ᠂ ᠭᠡᠪᠡᠴᠦ ᠲᠠᠷᠢᠶᠠᠯᠠᠩ ᠮᠠᠯ ᠠᠵᠤ ᠠᠬᠤᠢ ᠵᠢᠨ ᠬᠦᠴᠦᠷᠬᠡᠭ ᠣᠷᠣᠨ ᠪᠢᠰᠢ᠃ ᠲᠠᠷᠢᠶᠠᠯᠠᠩ ᠮᠠᠯ ᠠᠵᠤ ᠠᠬᠤᠢ ᠵᠢ ᠬᠦᠴᠦᠷᠬᠡᠭᠵᠢᠭᠦᠯᠦᠨ ᠰᠢᠯᠢᠳᠡᠭᠵᠢᠭᠦᠯᠬᠦ᠎ᠳᠤ ᠡᠷᠬᠡᠪᠰᠢ ᠲᠠᠷᠢᠶᠠᠯᠠᠩ ᠮᠠᠯ ᠠᠵᠤ ᠠᠬᠤᠢ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ᠎ᠪᠠᠷ ᠭᠣᠣᠯ ᠰᠢᠵᠢᠮ ᠪᠣᠯᠭ᠋ᠠᠵᠤ᠂ ᠬᠥᠭᠵᠢᠯᠲᠡ ᠵᠢᠨ ᠠᠷᠭ᠎ᠠ ᠮᠠᠶᠢᠭ᠎ᠢ ᠲᠦᠷᠭᠡᠪᠴᠢᠯᠡᠨ ᠬᠤᠪᠢᠷᠠᠭᠤᠯᠵᠤ᠂ ᠠᠵᠤ ᠠᠬᠤᠢ ᠵᠢᠨ ᠪᠦᠲᠦᠴᠡ ᠵᠢ ᠰᠢᠯᠢᠳᠡᠭᠵᠢᠭᠦᠯᠦᠨ᠂ ᠨᠡᠮᠡᠭᠳᠡᠯ᠎ᠤᠨ ᠬᠦᠳᠡᠯᠭᠡᠬᠦ ᠬᠦᠴᠦᠨ᠎ᠢ ᠬᠤᠪᠢᠷᠠᠭᠤᠯᠵᠤ᠂ ᠳᠡᠭᠡᠳᠦ ᠬᠤᠷᠳᠤᠴᠠ᠎ᠪᠠᠷ ᠨᠡᠮᠡᠭᠳᠡᠭᠦᠯᠬᠦ᠎ᠠᠴᠠ ᠴᠢᠨᠠᠷ ᠰᠠᠢ᠌ᠲᠠᠢ ᠬᠥᠭᠵᠢᠯᠲᠡ ᠲᠡᠢ᠌ᠰᠢ ᠤᠷᠤᠭᠰᠢᠯᠠᠵᠤ᠂ ᠶᠠᠰᠤ ᠴᠢᠨᠠᠷ ᠵᠶ᠋ᠠᠷ ᠲᠠᠷᠢᠶᠠᠯᠠᠩ ᠮᠠᠯ ᠠᠵᠤ ᠠᠬᠤᠢ ᠵᠢ ᠬᠥᠭᠵᠢᠭᠦᠯᠬᠦ᠂ ᠪᠣᠬᠢᠷᠲᠤᠯ ᠦᠭᠡᠢ᠎ᠪᠠᠷ ᠲᠠᠷᠢᠶᠠᠯᠠᠩ ᠮᠠᠯ ᠠᠵᠤ ᠠᠬᠤᠢ ᠵᠢ ᠬᠥᠭᠵᠢᠭᠦᠯᠬᠦ᠂ ᠨᠠᠷᠠᠲᠤ ᠲᠦᠷᠦᠯ ᠲᠡᠮᠳᠡᠭᠲᠦ᠎ᠪᠠᠷ ᠲᠠᠷᠢᠶᠠᠯᠠᠩ ᠮᠠᠯ ᠠᠵᠤ ᠠᠬᠤᠢ ᠵᠢ ᠬᠦᠴᠦᠷᠬᠡᠭᠵᠢᠭᠦᠯᠬᠦ ᠵᠠᠮ ᠵᠶ᠋ᠠᠷ ᠵᠠᠮᠨᠠᠨ᠎ᠠ ᠃
ᠬᠣᠶᠠᠳᠤᠭ᠋ᠠᠷ᠎ᠲᠤ᠂ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠥᠨᠳᠥᠷ ᠪᠦᠲᠦᠮᠵᠢᠲᠡᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠵᠢᠨ ᠭᠣᠣᠯᠳᠠᠯᠭ᠎ᠠ
ᠡᠨᠡ ᠵᠢᠯ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠥᠨᠳᠥᠷ ᠪᠦᠲᠦᠮᠵᠢᠲᠡᠢ ᠬᠡᠯᠪᠡᠷᠢ᠎ᠪᠠᠨ ᠬᠤᠪᠢᠷᠠᠭᠤᠯᠬᠤ ᠵᠢ ᠲᠦᠯᠬᠢᠨ ᠠᠬᠢᠭᠤᠯᠬᠤ ᠵᠢᠨ ᠭᠣᠣᠯᠳᠠᠯᠭ᠎ᠠ ᠪᠣᠯ 《ᠨᠢᠭᠡ ᠬᠦᠴᠦᠨ ᠨᠢᠭᠡ ᠬᠡᠯᠬᠢᠶ᠎ᠡ ᠬᠣᠶᠠᠷ ᠠᠵᠢᠯᠯᠠᠭ᠎ᠠ》 ᠵᠢ ᠰᠠᠢ᠌ᠲᠤᠷ ᠠᠳᠬᠤᠬᠤ ᠶᠠᠪᠤᠳᠠᠯ ᠪᠣᠯᠣᠨ᠎ᠠ᠃ 《 ᠨᠢᠭᠡ ᠬᠦᠴᠦᠨ 》 ᠭᠡᠳᠡᠭ᠎ᠨᠢ ᠳᠠᠷᠤᠢ ᠠᠮᠤ ᠪᠤᠳᠠᠭ᠋ᠠᠨ᠎ᠤ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠬᠦᠴᠦᠨ᠎ᠢ ᠨᠡᠮᠡᠭᠳᠡᠭᠦᠯᠬᠦ ᠵᠢ ᠬᠡᠯᠡᠵᠦ ᠪᠠᠢ᠌ᠨ᠎ᠠ ᠃ ᠠᠮᠤ ᠪᠤᠳᠠᠭ᠋ᠠᠨ᠎ᠤ ᠠᠮᠤᠷ ᠲᠦᠪᠰᠢᠨ᠎ᠢ ᠰᠠᠢ᠌ᠲᠤᠷ ᠪᠠᠲᠤᠯᠠᠬᠤ ᠪᠣᠯ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠠᠰᠠᠭᠤᠳᠠᠯ ᠮᠥᠨ ᠂ ᠪᠢᠳᠡ 《ᠭᠠᠵᠠᠷ ᠰᠢᠷᠣᠢ᠎ᠪᠠᠷ ᠠᠮᠤ ᠪᠤᠳᠠᠭ᠎ᠠ ᠵᠢ ᠪᠠᠲᠤᠯᠠᠬᠤ᠂ ᠤᠷ᠎ᠠ ᠮᠡᠷᠭᠡᠵᠢᠯ ᠵᠶ᠋ᠠᠷ ᠠᠮᠤ ᠪᠤᠳᠠᠭ᠋ᠠᠨ᠎ᠤ ᠤᠨᠠᠯᠲᠠ ᠵᠢ ᠳᠡᠭᠡᠭᠰᠢᠯᠡᠬᠦᠯᠬᠦ》 ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ ᠂ ᠲᠣᠭ᠎ᠠ ᠬᠡᠮᠵᠢᠶ᠎ᠡ ᠵᠢ ᠥᠷᠭᠡᠳᠬᠡᠬᠦ ᠂ ᠶᠠᠰᠤ ᠴᠢᠨᠠᠷ᠎ᠢ ᠳᠡᠭᠡᠭᠰᠢᠯᠡᠭᠦᠯᠬᠦ ᠂ ᠤᠨᠠᠯᠲᠠ ᠵᠢ ᠨᠡᠮᠡᠭᠳᠡᠭᠦᠯᠬᠦ ᠲᠠᠯ᠎ᠠ᠎ᠪᠠᠷ ᠬᠦᠴᠦᠯᠡᠵᠦ ᠂ ᠡᠨᠡ ᠵᠢᠯ 110 ᠳ᠋ᠦᠩᠰᠢᠭᠤᠷ ᠲᠥᠭᠥᠷᠢᠭ᠎ᠤᠨ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠥᠭᠵᠢᠯᠲᠡ ᠵᠡᠷᠭᠡ ᠪᠡᠯᠡ ᠮᠥᠩᠭᠥ ᠵᠢ ᠲᠣᠬᠢᠷᠠᠭᠤᠯᠵᠤ ᠂ ᠴᠢᠨᠠᠷ ᠰᠠᠢ᠌ᠲᠠᠢ ᠥᠨᠳᠥᠷ ᠪᠦᠲᠦᠮᠵᠢᠲᠡᠢ ᠠᠮᠤᠤ ᠤᠨᠠᠯᠲᠠ ᠵᠢ ᠨᠡᠮᠡᠭᠳᠡᠭᠦᠯᠬᠦ ᠵᠢᠱ᠌ᠢᠶ᠎ᠡ ᠦᠵᠡᠭᠦᠯᠬᠦ ᠠᠵᠢᠯᠯᠠᠭ᠎ᠠ ᠵᠢ ᠬᠡᠷᠡᠭᠵᠢᠭᠦᠯᠵᠦ ᠂ ᠠᠮᠤ ᠪᠤᠳᠠᠭ᠎ᠠ ᠲᠠᠷᠢᠬᠤ ᠲᠠᠯᠠᠪᠠᠢ ᠪᠠ ᠤᠨᠠᠯᠲᠠ ᠵᠢ ᠲᠣᠭᠲᠠᠪᠤᠷᠢᠵᠢᠭᠤᠯᠤᠨ᠎ᠠ ᠃ ᠡᠭᠦᠨ᠎ᠤ ᠬᠠᠮᠲᠤ᠂ ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠪᠦᠲᠦᠭᠡᠨ ᠪᠠᠢ᠌ᠭᠤᠯᠬᠤ ᠠᠵᠢᠯᠯᠠᠭ᠎ᠠ ᠵᠢ ᠬᠡᠷᠡᠭᠵᠢᠭᠦᠯᠵᠦ᠂ 395 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠪᠠ 1920 ᠲᠦᠮᠡᠨ ᠮᠦ᠍ ᠬᠠᠷ᠎ᠠ ᠬᠦᠷᠦᠰᠦ ᠰᠢᠷᠣᠢ ᠵᠢᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠬᠡᠷᠡᠭᠵᠢᠭᠦᠯᠬᠦ ᠵᠢ ᠳᠡᠮᠵᠢᠨ᠎ᠡ ᠃ ᠳᠠᠬᠢᠪᠠᠯ ᠭᠠᠷᠤᠯᠲᠠ᠎ᠪᠠᠨ ᠨᠡᠮᠡᠭᠳᠡᠭᠦᠯᠬᠦ ᠳᠠᠯᠳᠠ ᠬᠦᠴᠦᠨ᠎ᠢ ᠭᠦᠨ ᠠᠭᠤᠳᠠᠯᠵᠤ ᠂ ᠨᠥᠬᠥᠴᠡᠯ᠎ᠳᠤ ᠨᠡᠢ᠌ᠴᠡᠬᠦ ᠬᠤᠵᠢᠷᠯᠢᠭ ᠭᠠᠵᠠᠷ ᠵᠡᠷᠭᠡ ᠪᠡᠯᠡᠳᠬᠡᠯ ᠭᠠᠵᠠᠷ ᠰᠢᠷᠣᠢ ᠵᠢᠨ ᠡᠬᠢ ᠪᠠᠶᠠᠯᠢᠭ᠎ᠢ ᠵᠣᠬᠢᠰᠲᠠᠢ᠎ᠪᠠᠷ ᠡᠮᠬᠢ ᠵᠢᠷᠤᠮ᠎ᠲᠠᠢ᠎ᠪᠠᠷ ᠨᠡᠭᠡᠭᠡᠨ ᠠᠰᠢᠭᠯᠠᠵᠤ ᠶᠡᠷᠦᠩᠬᠡᠢ᠌ᠯᠡᠨ ᠠᠰᠢᠭᠯᠠᠬᠤ ᠵᠢ ᠳᠡᠮᠵᠢᠨ᠎ᠡ ᠃ 《ᠨᠢᠭᠡ ᠬᠡᠯᠬᠢᠶ᠎ᠡ》 ᠭᠡᠳᠡᠭ᠎ᠨᠢ ᠳᠠᠷᠤᠢ ᠲᠠᠷᠢᠶᠠᠯᠠᠩ ᠮᠠᠯ ᠠᠵᠤ ᠠᠬᠤᠢ ᠵᠢᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠠᠬᠢᠭᠤᠯᠬᠤ ᠶᠠᠪᠤᠳᠠᠯ ᠪᠣᠯᠣᠨ᠎ᠠ᠃ ᠲᠤᠰᠬᠠᠢ᠌ᠵᠢᠭᠰᠠᠨ᠂ ᠬᠡᠪᠴᠢᠶᠡᠵᠢᠭᠰᠡᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠠᠵᠤ ᠦᠢ᠍ᠯᠡᠰ᠎ᠤᠨ ᠰᠦᠷᠦᠭᠵᠢᠯ᠎ᠢ ᠨᠠᠩ ᠣᠯᠠᠨ ᠪᠣᠶ ᠪᠣᠯᠭ᠋ᠠᠬᠤ ᠪᠣᠯ ᠶᠡᠷᠦᠩᠬᠡᠢ ᠱᠦᠵᠢ ᠪᠣᠯᠣᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠲᠠᠯᠪᠢᠭᠰᠠᠨ ᠱᠠᠭ᠋ᠠᠷᠳᠠᠯᠭ᠎ᠠ ᠪᠠ ᠬᠦᠰᠡᠯ ᠡᠷᠡᠮᠡᠯᠵᠡᠯ ᠮᠥᠨ᠃ ᠡᠨᠡ ᠵᠢᠯ ᠪᠢᠳᠡ 40 ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠪᠡᠯᠡ ᠮᠥᠩᠭᠥ ᠲᠣᠬᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠪᠥᠭᠡᠮᠨᠡᠷᠡᠯ᠎ᠤᠨ ᠲᠥᠷᠥᠯ ᠵᠦᠢ᠍ᠯ᠎ᠢ ᠪᠦᠲᠦᠭᠡᠨ ᠪᠠᠢ᠌ᠭᠤᠯᠬᠤ ᠵᠢ ᠳᠡᠮᠵᠢᠨ᠎ᠡ᠃ ᠠᠯᠠᠰᠢᠨ ᠦᠬᠡᠷ ᠂ ᠠᠯᠠᠰᠢᠨ ᠬᠣᠨᠢ ᠂ ᠠᠮᠢᠳᠤ ᠭᠠᠬᠠᠢ ᠵᠢ ᠶᠡᠬᠡ ᠰᠢᠶᠠᠨ᠎ᠠᠴᠠ ᠰᠢᠯᠵᠢᠭᠦᠯᠦᠨ ᠭᠠᠷᠭ᠋ᠠᠬᠤ ᠵᠢ ᠱᠠᠩᠨᠠᠬᠤ ᠲᠦᠷᠦ ᠵᠢᠨ ᠪᠣᠳᠣᠯᠭ᠎ᠠ ᠵᠢ ᠬᠡᠷᠡᠭᠵᠢᠭᠦᠯᠵᠦ ᠂ ᠲᠤᠬᠠᠢ ᠵᠢᠨ ᠭᠠᠵᠠᠷ᠎ᠲᠤᠨᠢ ᠲᠣᠮᠣ ᠬᠡᠯᠪᠡᠷᠢ ᠵᠢᠨ ᠨᠢᠲᠤᠯᠬᠤ ᠲᠦᠷᠦᠯ ᠵᠦᠢ᠍ᠯ᠎ᠢ ᠰᠢᠨ᠎ᠡ᠎ᠪᠠᠷ ᠪᠠᠢ᠌ᠭᠤᠯᠬᠤ ᠪᠠ ᠥᠭᠡᠷᠡᠴᠢᠯᠡᠨ ᠪᠠᠢ᠌ᠭᠤᠯᠬᠤ ᠵᠢ ᠵᠣᠷᠢᠭᠵᠢᠭᠤᠯᠵᠤ ᠂ ᠮᠠᠯ ᠵᠢᠭᠦᠷᠲᠡᠨ᠎ᠤ ᠪᠦᠲᠦᠭᠡᠭᠳᠡᠬᠦᠨ᠎ᠢ ᠨᠠᠷᠢᠯᠢᠭ ᠰᠠᠯᠭ᠋ᠠᠬᠤ ᠂ ᠬᠦᠢ᠍ᠲᠡᠨ ᠵᠶ᠋ᠡᠷ ᠬᠡᠯᠬᠢᠶᠡᠵᠢᠭᠦᠯᠦᠨ ᠪᠣᠯᠪᠠᠰᠤᠷᠠᠭᠤᠯᠬᠤ ᠵᠢᠴᠢ ᠲᠣᠬᠢᠷᠠᠭᠤᠯᠤᠨ ᠬᠦᠷᠭᠡᠬᠦ ᠰᠢᠰᠲ᠋ᠧᠮ᠎ᠢ ᠢᠵᠢ ᠪᠦᠷᠢᠳᠦᠭᠦᠯᠦᠨ ᠪᠠᠢ᠌ᠭᠤᠯᠤᠨ᠎ᠠ ᠃ ᠠᠷᠠᠰᠤ ᠰᠢᠷᠢ ᠂ ᠨᠣᠣᠰᠣᠨᠤ ᠠᠵᠤ ᠦᠢ᠍ᠯᠡᠰ᠎ᠤᠨ ᠬᠥᠭᠵᠢᠯᠲᠡ ᠵᠢ ᠲᠡᠮᠵᠢᠨ᠎ᠡ ᠃ ᠲᠠᠷᠢᠶᠠᠯᠠᠩ ᠮᠠᠯ ᠠᠵᠤ ᠠᠬᠤᠢ ᠵᠢᠨ ᠨᠠᠷᠠᠲᠤ ᠲᠥᠷᠥᠯ ᠲᠡᠮᠳᠡᠭᠲᠦ ᠵᠢᠨ ᠭᠠᠷᠴᠠᠭᠯᠠᠯ ᠪᠠᠢ᠌ᠭᠤᠯᠬᠤ ᠵᠢ ᠳᠡᠮᠵᠢᠵᠦ᠂ ᠪᠣᠬᠢᠷᠲᠤᠯ ᠦᠭᠡᠢ ᠢᠳᠡᠭᠡᠨ᠂ ᠣᠷᠭ᠋ᠠᠨᠢᠭ ᠲᠠᠷᠢᠶᠠᠯᠠᠩ᠎ᠤᠨ ᠪᠦᠲᠦᠭᠡᠭᠳᠡᠬᠦᠨ᠎ᠤ ᠭᠡᠷᠡᠴᠢᠯᠡᠭᠡ ᠬᠢᠬᠦ ᠵᠢ ᠵᠣᠷᠢᠭᠵᠢᠭᠤᠯᠤᠨ᠂ ᠭᠠᠵᠠᠷ ᠵᠦᠢ ᠵᠢᠨ ᠢᠯᠡᠷᠬᠡᠢ᠌ᠯᠡᠯ᠎ᠲᠦ ᠲᠠᠷᠢᠶᠠᠯᠠᠩ᠎ᠤᠨ ᠪᠦᠲᠦᠭᠡᠭᠳᠡᠬᠦᠨ᠎ᠢ ᠬᠥᠭᠵᠢᠭᠦᠯᠵᠦ᠂ 《 ᠦᠪᠦᠷ ᠮᠣᠩᠭᠣᠯ》 ᠲᠡᠮᠳᠡᠭᠲᠦ ᠵᠢᠨ ᠭᠡᠷᠡᠴᠢᠯᠡᠭᠡ ᠬᠢᠬᠦ ᠵᠢ ᠲᠦᠯᠬᠢᠨ ᠠᠬᠢᠭᠤᠯᠵᠤ᠂ ᠨᠠᠷᠠᠲᠤ ᠲᠥᠷᠥᠯ ᠲᠡᠮᠳᠡᠭᠲᠦ ᠵᠢᠨ ᠤᠬᠠᠭᠤᠯᠭ᠎ᠠ ᠲᠠᠨᠢᠯᠴᠠᠭᠤᠯᠭ᠎ᠠ ᠵᠢ ᠥᠷᠨᠢᠭᠦᠯᠦᠨ᠎ᠡ᠃ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠪᠠᠢ᠌ᠭᠤᠯᠤᠯᠲᠠ ᠵᠢᠨ ᠠᠵᠢᠯᠯᠠᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠲᠤᠷᠰᠢᠯᠲᠠ ᠵᠢᠨ ᠬᠣᠰᠢᠭᠤ ᠰᠢᠶᠠᠨ (ᠬᠣᠲᠠ᠂ ᠲᠣᠭᠣᠷᠢᠭ)᠎ᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠭᠦᠢ᠍ᠯᠭᠡᠭᠡᠨ᠎ᠤ ᠰᠢᠰᠲ᠋ᠧᠮᠵᠢ ᠵᠢᠨ ᠪᠠᠢ᠌ᠭᠤᠯᠤᠯᠲᠠ᠎ᠪᠠᠨ ᠲᠦᠷᠭᠡᠳᠬᠡᠬᠦ ᠵᠢ ᠳᠡᠮᠵᠢᠨ᠎ᠡ᠃ 《ᠬᠣᠶᠠᠷ ᠠᠵᠢᠯᠯᠠᠭ᠎ᠠ》᠎ᠨᠢ ᠲᠣᠰ ᠲᠣᠰ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠪᠠ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠪᠣᠯᠣᠨ᠎ᠠ᠃ ᠡᠨᠡ ᠵᠢᠯ᠎ᠤᠨ ᠳᠡᠮᠵᠢᠬᠦ ᠲᠦᠷᠦ ᠵᠢᠨ ᠪᠣᠳᠣᠯᠭ᠎ᠠ ᠵᠢᠨ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠳᠡᠭᠡᠷ᠎ᠡ ᠦᠷᠭᠦᠯᠵᠢᠯᠡᠨ ᠬᠦᠴᠦᠯᠡᠵᠦ ᠂ ᠦᠷ᠎ᠡ ᠪᠣᠯ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ 《ᠴᠦᠮ᠎ᠡ 》 ᠪᠠᠢ᠌ᠵᠤ ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠠᠩᠭᠢᠯᠠᠭ᠎ᠠ ᠪᠣᠯᠣᠨ᠎ᠠ ᠃ ᠡᠨᠡ ᠵᠢᠯ ᠪᠢᠳᠡ ᠦᠷᠭᠦᠯᠵᠢᠯᠡᠨ 9000 ᠲᠦᠮᠡᠨ ᠲᠥᠭᠥᠷᠢᠭ᠎ᠤᠨ ᠪᠡᠯᠡ ᠮᠥᠩᠭᠥ ᠲᠣᠬᠢᠷᠠᠭᠤᠯᠵᠤ᠂ ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭ᠋ᠠᠯᠠᠨ ᠠᠰᠢᠭᠯᠠᠬᠤ᠂ ᠰᠠᠢ᠌ᠨ ᠡᠭᠦᠯᠳᠡᠷ᠎ᠤᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠳᠠᠪᠠᠭᠤᠯᠢᠭ ᠣᠨᠴᠠᠯᠢᠭᠲᠤ ᠡᠭᠦᠯᠳᠡᠷ᠎ᠢ ᠪᠣᠢ᠌ᠵᠢᠭᠤᠯᠬᠤ ᠭᠤᠷᠪᠠᠨ ᠶᠡᠬᠡ ᠢᠨᠵᠧᠨᠧᠷᠢᠩ᠎ᠢ ᠬᠡᠷᠡᠭᠵᠢᠭᠦᠯᠬᠦ ᠵᠢ ᠳᠡᠮᠵᠢᠨ᠎ᠡ᠃ ᠡᠭᠦᠨ᠎ᠤ ᠬᠠᠮᠲᠤ᠂ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠥᠷᠨᠢᠭᠦᠯᠵᠦ ᠂ 1 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠲᠣᠬᠢᠷᠠᠭᠤᠯᠵᠤ ᠂ ᠡᠪᠡᠰᠦᠨ ᠦᠷ᠎ᠡ ᠵᠢᠨ ᠦᠢ᠍ᠯᠡᠰ ᠂ ᠰᠠᠭ᠋ᠠᠯᠢ ᠵᠢᠨ ᠦᠨᠢᠶ᠎ᠡ ᠂ ᠠᠯᠠᠰᠢᠨ ᠦᠬᠡᠷ ᠂ ᠠᠯᠠᠰᠢᠨ ᠬᠣᠨᠢ ᠂ ᠲᠥᠮᠥᠰᠥ ᠵᠡᠷᠭᠡ 5 ᠳᠠᠪᠠᠭᠤᠯᠢᠭ ᠠᠵᠤ ᠦᠢ᠍ᠯᠡᠰ ᠪᠣᠯᠣᠨ ᠡᠯᠳᠡᠪ ᠠᠮᠤ ᠂ ᠢᠳᠡᠰᠢᠨ ᠨᠣᠭᠣᠭ᠎ᠠ ᠂ ᠨᠡᠷᠡᠨ ᠬᠤᠸᠠᠷ ᠂ ᠰᠢᠬᠢᠷ ᠯᠤᠤᠪᠠᠩ ᠵᠡᠷᠭᠡ ᠠᠵᠤ ᠦᠢ᠍ᠯᠡᠰ᠎ᠤᠨ ᠬᠡᠷᠡᠭᠵᠢᠭᠦᠯᠦᠭᠰᠡᠨ 14 ᠲᠦᠷᠦᠯ ᠵᠦᠢ᠍ᠯ᠎ᠳᠤ ᠦᠷᠭᠦᠯᠵᠢᠯᠡᠨ ᠳᠡᠮᠵᠢᠯᠭᠡ ᠦᠵᠡᠭᠦᠯᠦᠨ᠎ᠡ ᠃ ᠪᠢᠳᠡ ᠪᠠᠰᠠ ᠰᠢᠯᠢᠳᠡᠭ ᠡᠭᠦᠯᠳᠡᠷ᠎ᠢ ᠱᠠᠩᠨᠠᠨ ᠬᠥᠬᠢᠭᠦᠯᠬᠦ ᠲᠣᠭᠲᠠᠴᠠ ᠵᠢ ᠪᠠᠢ᠌ᠭᠤᠯᠵᠤ ᠂ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠲᠠᠢ ᠲᠥᠮᠥᠰᠥ ᠵᠢᠨ ᠰᠢᠯᠢᠳᠡᠭ ᠰᠢᠨ᠎ᠡ ᠡᠭᠦᠯᠳᠡᠷ ᠪᠣᠯᠣᠨ ᠤᠯᠤᠰ᠎ᠤᠨ ᠬᠢᠨᠠᠨ ᠲᠣᠭᠲᠠᠭ᠋ᠠᠯᠲᠠ᠎ᠳᠤ ᠬᠢᠷᠢ ᠲᠡᠩᠴᠡᠭᠰᠡᠨ ᠡᠷᠳᠡᠨᠢ ᠰᠢᠰᠢ ᠂ ᠰᠢᠷ᠎ᠠ ᠪᠤᠷᠴᠠᠭ ᠵᠡᠷᠭᠡ ᠡᠭᠦᠯᠳᠡᠷ᠎ᠢ ᠨᠢᠭᠡ ᠯᠡ ᠤᠳᠠᠭ᠎ᠠ᠎ᠪᠠᠷ ᠱᠠᠩᠨᠠᠨ ᠬᠥᠬᠢᠭᠦᠯᠦᠨ᠎ᠡ ᠃ ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ᠎ᠨᠢ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠦᠷᠭᠦᠯᠵᠢᠯᠡᠨ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠤᠨ᠎ᠠ ᠂ ᠰᠦ ᠵᠢᠨ ᠦᠢ᠍ᠯᠡᠰ ᠪᠣᠯ ᠮᠠᠨ᠎ᠤ ᠣᠷᠣᠨ᠎ᠤ ᠮᠢᠩᠭ᠋ᠠᠨ ᠳ᠋ᠦᠩᠰᠢᠭᠤᠷ᠎ᠤᠨ ᠲᠠᠰ᠎ᠤᠨ ᠳᠠᠪᠠᠭᠤᠯᠢᠭ ᠣᠨᠴᠠᠯᠢᠭᠲᠤ ᠠᠵᠤ ᠦᠢ᠍ᠯᠡᠰ ᠮᠥᠨ᠂ ᠨᠢᠳᠤᠨᠤᠨ ᠥᠪᠡᠷᠲᠡᠭᠡᠨ ᠵᠠᠰᠠᠬᠤ ᠣᠷᠣᠨ᠎ᠠᠴᠠ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠶᠢᠰᠦᠨ ᠵᠦᠢ᠍ᠯ᠎ᠤᠨ ᠠᠷᠭ᠎ᠠ ᠬᠡᠮᠵᠢᠶ᠎ᠡ ᠵᠢ ᠨᠡᠢ᠌ᠲᠡᠯᠡᠵᠦ᠂ ᠣᠳᠣᠬᠠᠨ᠎ᠳᠤ ᠨᠢᠭᠡᠨᠲᠡ ᠦᠷ᠎ᠡ ᠪᠦᠲᠦᠮᠵᠢ ᠣᠯᠣᠭᠰᠠᠨ ᠪᠠᠢ᠌ᠨ᠎ᠠ᠃ ᠡᠨᠡ ᠵᠢᠯ ᠪᠢᠳᠡ ᠦᠷᠭᠦᠯᠵᠢᠯᠡᠨ 《 ᠰᠦ ᠵᠢᠨ ᠢᠷᠡᠯᠲᠡ》᠂ 《ᠦᠬᠡᠷ᠎ᠤᠨ ᠢᠷᠡᠯᠲᠡ》᠂ 《ᠡᠪᠡᠰᠦᠨ᠎ᠤ ᠢᠷᠡᠯᠲᠡ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠢᠨᠠᠷ ᠰᠠᠢ᠌ᠲᠠᠢ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠵᠢ ᠰᠢᠨ᠎ᠡ᠎ᠪᠠᠷ ᠪᠠᠢ᠌ᠭᠤᠯᠬᠤ ᠵᠢ ᠵᠣᠷᠢᠭᠵᠢᠭᠤᠯᠵᠤ᠂ ᠴᠢᠨᠠᠷ ᠰᠠᠢ᠌ᠲᠠᠢ ᠰᠠᠭ᠋ᠠᠯᠢ ᠵᠢᠨ ᠦᠨᠢᠶ᠎ᠡ ᠵᠢᠨ ᠰᠦᠷᠦᠭᠵᠢᠯ᠎ᠤᠨ ᠨᠡᠮᠡᠭᠳᠡᠯ᠎ᠢ ᠠᠬᠢᠭᠤᠯᠤᠨ᠂ 2021 ᠣᠨ᠎ᠠᠴᠠ ᠰᠡᠭᠦᠯᠡᠷ ᠪᠠᠢ᠌ᠭᠤᠯᠤᠭᠰᠠᠨ 3000 ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ᠎ᠳᠤ ᠰᠢᠨ᠎ᠡ᠎ᠪᠠᠷ ᠨᠡᠮᠡᠭᠳᠡᠭᠰᠡᠨ ᠰᠠᠭ᠋ᠠᠯᠢ ᠵᠢᠨ ᠦᠨᠢᠶ᠎ᠡ ᠵᠢᠨ ᠲᠣᠭ᠎ᠠ ᠬᠡᠮᠵᠢᠶ᠎ᠡ ᠵᠢ ᠦᠨᠳᠦᠰᠦᠯᠡᠨ ᠨᠥᠬᠥᠪᠦᠷᠢ ᠥᠭᠭᠦᠨ᠎ᠡ᠃ ᠰᠠᠭ᠋ᠠᠯᠢ ᠵᠢᠨ ᠦᠨᠢᠶ᠎ᠡ ᠵᠢᠨ ᠡᠭᠦᠯᠳᠡᠷ ᠪᠣᠢ᠌ᠵᠢᠭᠤᠯᠤᠨ ᠰᠦᠷᠦᠭ ᠵᠶ᠋ᠡᠨ ᠥᠷᠭᠡᠳᠬᠡᠨ ᠵᠢ ᠳᠡᠮᠵᠢᠨ᠎ᠡ᠃ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠪᠣᠯᠣᠨ ᠰᠠᠭ᠋ᠠᠯᠢ ᠵᠢᠨ ᠲᠠᠷᠢᠶᠠᠴᠢᠳ᠎ᠤᠨ ᠬᠣᠷᠰᠢᠶᠠᠨ᠎ᠤ ᠪᠣᠷᠳᠣᠭ᠎ᠠ ᠬᠤᠳᠠᠯᠳᠤᠨ ᠠᠪᠴᠤ ᠨᠥᠭᠡᠴᠡᠯᠡᠬᠦ ᠵᠢ ᠳᠡᠮᠵᠢᠨ᠎ᠡ ᠃ ᠴᠠᠷᠭ᠋ᠠᠰᠤ ᠵᠢᠨ ᠳᠠᠷᠢᠬᠤ ᠲᠠᠯᠠᠪᠠᠶ ᠵᠢ ᠥᠷᠭᠡᠳᠬᠡᠬᠦ ᠵᠢ ᠵᠣᠷᠢᠭᠵᠢᠭᠤᠯᠤᠨ᠎ᠠ᠃ ᠴᠠᠭ᠋ᠠᠨ ᠢᠳᠡᠭᠡᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠲᠦᠭᠦᠬᠡᠢ ᠰᠢᠨ᠎ᠡ ᠰᠦ ᠪᠣᠯᠪᠠᠰᠤᠷᠠᠭᠤᠯᠬᠤ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠳᠡᠮᠵᠢᠨ᠎ᠡ ᠃
ᠭᠤᠷᠪᠠᠳᠤᠭ᠋ᠠᠷ᠎ᠲᠤ᠂ 2023 ᠣᠨ᠎ᠤ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠥᠨᠳᠥᠷ ᠪᠦᠲᠦᠮᠵᠢᠲᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠵᠢᠨ ᠪᠣᠳᠠᠲᠠᠢ ᠬᠠᠷᠠᠯᠲᠠ
ᠠᠮᠤ ᠪᠤᠳᠠᠭ᠋ᠠᠨ᠎ᠤ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠨᠡᠮᠡᠭᠳᠡᠭᠦᠯᠬᠦ᠎ᠪᠠᠷ ᠳᠠᠮᠵᠢᠭᠤᠯᠤᠨ ᠂ ᠠᠮᠤ ᠪᠤᠳᠠᠭ᠎ᠠ ᠲᠠᠷᠢᠬᠤ ᠲᠠᠯᠠᠪᠠᠢ ᠵᠢ 1 ᠳ᠋ᠦᠩᠰᠢᠭᠤᠷ ᠮᠦ᠍᠎ᠠᠴᠠ ᠳᠡᠭᠡᠭᠰᠢ ᠬᠡᠮᠵᠢᠶᠡᠨ᠎ᠳᠤ ᠲᠣᠭᠲᠠᠪᠤᠷᠢᠵᠢᠭᠤᠯᠵᠤ ᠂ ᠤᠨᠠᠯᠲᠠ ᠵᠢ 780 ᠳ᠋ᠦᠩᠰᠢᠭᠤᠷ ᠵᠢᠩ ᠣᠷᠴᠢᠮ᠎ᠳᠤ ᠲᠣᠭᠲᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ ᠃ 395 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠰᠢᠨ᠎ᠡ᠎ᠪᠠᠷ ᠪᠠᠢ᠌ᠭᠤᠯᠵᠤ ᠳᠠᠭᠤᠰᠬᠠᠨ᠂ 1920 ᠲᠦᠮᠡᠨ ᠮᠦ᠍ ᠬᠠᠷ᠎ᠠ ᠬᠥᠷᠥᠰᠥ ᠵᠢᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠪᠡᠶᠡᠯᠡᠭᠦᠯᠦᠨ᠎ᠡ ᠃ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠬᠡᠷᠡᠭᠵᠢᠭᠦᠯᠬᠦ᠎ᠪᠠᠷ ᠳᠠᠮᠵᠢᠭᠤᠯᠤᠨ᠂ ᠦᠷ᠎ᠡ ᠡᠳ᠋᠎ᠤᠨ ᠡᠬᠢ ᠪᠠᠶᠠᠯᠢᠭ᠎ᠤᠨ ᠰᠠᠭᠤᠷᠢ ᠵᠢ ᠪᠥᠬᠥ ᠲᠠᠯ᠎ᠠ᠎ᠪᠠᠷ ᠣᠢ᠌ᠯᠠᠭ᠋ᠠᠵᠤ᠂ ᠪᠥᠬᠥ ᠤᠯᠤᠰ᠎ᠲᠤ ᠲᠡᠷᠢᠭᠦᠨ᠎ᠤ ᠳᠠᠪᠠᠭᠤᠯᠢᠭ᠎ᠲᠠᠢ᠂ ᠳᠡᠯᠭᠡᠷᠡᠭᠦᠯᠬᠦ ᠲᠠᠯᠠᠪᠠᠶ᠎ᠨᠢ ᠡᠮᠦᠨ᠎ᠡ 10᠎ᠳᠤ ᠣᠷᠣᠭᠰᠠᠨ 1-2᠎ᠤᠨ ᠡᠭᠦᠯᠳᠡᠷ᠎ᠢ ᠴᠢᠷᠮᠠᠢ᠌ᠨ ᠪᠣᠢ᠌ᠵᠢᠭᠤᠯᠵᠤ᠂ ᠲᠠᠷᠢᠮᠠᠯ᠎ᠤᠨ ᠰᠠᠢ᠌ᠨ ᠡᠭᠦᠯᠳᠡᠷ᠎ᠢ ᠦᠷᠡᠵᠢᠭᠦᠯᠦᠨ ᠪᠣᠢ᠌ᠵᠢᠭᠤᠯᠬᠤ ᠲᠠᠯᠠᠪᠠᠶ ᠵᠢ 100 ᠲᠦᠮᠡᠨ ᠮᠦ᠍᠎ᠠᠴᠠ ᠳᠡᠭᠡᠭᠰᠢ᠎ᠳᠤ ᠲᠣᠭᠲᠠᠪᠤᠷᠢᠵᠢᠭᠤᠯᠤᠨ᠂ ᠤᠯᠤᠰ᠎ᠤᠨ ᠴᠢᠬᠤᠯᠠ ᠪᠣᠯᠬᠤ ᠦᠷ᠎ᠡ ᠵᠢᠨ ᠢᠷᠡᠯᠲᠡ ᠵᠢᠨ ᠰᠠᠭᠤᠷᠢᠨ ᠭᠠᠵᠠᠷ᠎ᠢ ᠪᠣᠶ ᠪᠣᠯᠭ᠋ᠠᠨ᠎ᠠ᠃ ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠬᠡᠷᠡᠭᠵᠢᠭᠦᠯᠬᠦ᠎ᠪᠠᠷ ᠳᠠᠮᠵᠢᠭᠤᠯᠤᠨ᠂ 3000 ᠲᠣᠯᠣᠭ᠋ᠠᠢ᠎ᠠᠴᠠ ᠳᠡᠭᠡᠭᠰᠢᠬᠢ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠵᠢ 58 ᠪᠠᠢ᠌ᠭᠤᠯᠵᠤ᠂ 16 ᠵᠢ ᠪᠠᠢ᠌ᠭᠤᠯᠤᠨ ᠳᠠᠭᠤᠰᠬᠠᠵᠤ᠂ ᠰᠠᠭ᠋ᠠᠯᠢ ᠵᠢᠨ ᠦᠨᠢᠶ᠎ᠡ ᠵᠢ 170 ᠲᠦᠮᠡ᠎ᠠᠴᠠ ᠳᠡᠭᠡᠭᠰᠢ᠎ᠳᠤ ᠬᠦᠷᠦᠭᠦᠯᠵᠦ᠂ ᠰᠠᠭ᠋ᠠᠯᠢ ᠵᠢᠨ ᠭᠠᠷᠤᠯᠲᠠ ᠵᠢ 785 ᠲᠦᠮᠡᠨ ᠲᠣᠨ᠎ᠳᠤ ᠬᠦᠷᠦᠭᠦᠯᠬᠦ᠎ᠪᠠᠷ ᠴᠢᠷᠮᠠᠢ᠌ᠨ᠎ᠠ᠃ ᠲᠠᠷᠢᠶᠠᠯᠠᠩ ᠮᠠᠯ ᠠᠵᠤ ᠠᠬᠤᠢ ᠵᠢᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ᠎ᠪᠠᠷ ᠳᠠᠮᠵᠢᠭᠤᠯᠤᠨ ᠬᠦᠭᠵᠢᠭᠦᠯᠦᠨ᠎ᠡ᠃ ᠦᠢ᠍ᠯᠡᠳᠬᠦᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠠᠭᠤᠯᠤᠭᠳᠠᠴᠠ ᠪᠠ ᠨᠡᠮᠡᠯᠲᠡ ᠥᠷᠲᠡᠭ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠷᠭ᠎ᠠ ᠪᠦᠬᠦᠨ᠎ᠢ ᠰᠦᠪᠡᠭᠴᠢᠯᠡᠵᠦ ᠪᠠᠢ᠌ᠭ᠋ᠠᠳ ᠠᠵᠤ ᠦᠢ᠍ᠯᠡᠰ᠎ᠤᠨ ᠬᠡᠯᠬᠢᠶ᠎ᠡ ᠵᠢ ᠳᠣᠣᠷᠠᠳᠤ ᠤᠷᠤᠰᠬᠠᠯ ᠲᠡᠢ᠌ᠰᠢ ᠤᠷᠲᠤᠳᠬᠠᠬᠤ ᠂ ᠦᠷᠳᠡᠭ᠎ᠤᠨ ᠬᠡᠯᠬᠢᠶ᠎ᠡ ᠵᠢ ᠳᠤᠮᠳᠠ ᠳᠡᠭᠡᠳᠦ ᠲᠡᠰᠵᠢᠯᠳᠡ ᠵᠢ ᠲᠦᠯᠬᠢᠨ ᠠᠬᠢᠭᠤᠯᠵᠤ ᠂ ᠵᠠᠭᠤᠨ ᠳ᠋ᠦᠩᠰᠢᠭᠤᠷ᠎ᠤᠨ ᠳᠡᠰ ᠂ ᠮᠢᠩᠭ᠋ᠠᠨ ᠳ᠋ᠦᠩᠰᠢᠭᠤᠷ᠎ᠤᠨ ᠲᠡᠰ᠎ᠤᠨ ᠬᠡᠪᠴᠢᠶᠡᠵᠢᠭᠰᠡᠨ ᠠᠵᠤ ᠦᠢ᠍ᠯᠡᠰ᠎ᠤᠨ ᠪᠥᠭᠡᠮᠨᠡᠷᠡᠯ᠎ᠢ ᠨᠡᠩ ᠤᠯᠠᠨ ᠪᠣᠢ᠌ᠵᠢᠭᠤᠯᠤᠨ᠎ᠠ ᠃
ᠳᠥᠷᠪᠡᠳᠦᠭᠡᠷ᠎ᠲᠤ᠂ ᠡᠨᠡ ᠵᠢᠯ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠥᠨᠳᠥᠷ ᠪᠦᠲᠦᠮᠵᠢᠲᠡᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠨᠠᠷᠢᠨ ᠳᠠᠩᠰᠠ ᠵᠢᠨ ᠬᠤᠪᠢᠷᠠᠯᠲᠠ ᠪᠣᠯᠣᠨ ᠣᠨᠴᠠᠯᠢᠭ
ᠡᠨᠡ ᠵᠢᠯ᠎ᠤᠨ ᠲᠥᠷᠥ ᠵᠢᠨ ᠪᠣᠳᠣᠯᠭ᠎ᠠ ᠵᠢᠨ ᠨᠠᠷᠢᠨ ᠳᠠᠩᠰᠠ ᠵᠢᠨ ᠪᠣᠷᠣ ᠲᠥᠯᠥᠪ᠎ᠢ ᠬᠤᠪᠢᠷᠠᠭᠤᠯᠬᠤ ᠦᠭᠡᠢ ᠰᠠᠭᠤᠷᠢᠨ ᠳᠡᠭᠡᠷ᠎ᠡ ᠨᠠᠷᠢᠨ ᠳᠦᠷᠢᠮ᠎ᠳᠤ ᠡᠳᠦᠢ ᠲᠡᠳᠦᠢ ᠬᠤᠪᠢᠷᠠᠯᠲᠠ ᠭᠠᠷᠴᠠᠢ᠃ ᠨᠢᠭᠡ᠎ᠳᠤ ᠨᠠᠷᠢᠨ ᠳᠦᠷᠢᠮ᠎ᠳᠤ ᠰᠢᠨ᠎ᠡ᠎ᠪᠠᠷ ᠲᠣᠬᠢᠷᠠᠭᠤᠯᠤᠯᠲᠠ ᠬᠢᠨ᠎ᠡ ᠃ 2022 ᠣᠨ᠎ᠤ ᠲᠤᠬᠠᠢ ᠵᠢᠨ ᠵᠢᠯ᠎ᠳᠤ ᠨᠢᠭᠡᠨᠲᠡ ᠪᠡᠶᠡᠯᠡᠭᠦᠯᠦᠭᠰᠡᠨ ᠲᠥᠷᠥᠯ ᠵᠦᠢ᠍ᠯ᠎ᠢ ᠤᠯᠤᠰ᠎ᠤᠨ ᠲᠠᠰ᠎ᠤᠨ ᠡᠭᠦᠯᠳᠡᠷ ᠬᠠᠮᠠᠭ᠋ᠠᠯᠠᠬᠤ ᠲᠠᠯᠠᠪᠠᠶ ᠵᠢᠨ ᠪᠦᠲᠦᠭᠡᠨ ᠪᠠᠢ᠌ᠭᠤᠯᠤᠯᠲᠠ᠂ ᠠᠯᠠᠰᠢᠨ ᠦᠬᠡᠷ ᠪᠠ ᠨᠤᠤᠯᠤᠭᠤᠷ᠎ᠤᠨ ᠢᠮᠠᠭ᠋ᠠᠨ᠎ᠤ ᠰᠠᠢ᠌ᠨ ᠡᠭᠦᠯᠳᠡᠷ᠎ᠤᠨ ᠮᠡᠷᠭᠡᠵᠢᠯ᠎ᠢ ᠳᠡᠯᠭᠡᠷᠡᠭᠦᠯᠬᠦ᠂ ᠳᠤᠮᠳᠠ ᠵᠢᠵᠢᠭ ᠰᠠᠭ᠋ᠠᠯᠢ ᠵᠢᠨ ᠮᠠᠯ᠎ᠤᠨ ᠲᠡᠵᠢᠭᠡᠨ ᠦᠷᠡᠵᠢᠭᠦᠯᠬᠦ ᠲᠠᠯᠠᠪᠠᠶ ᠵᠢ ᠥᠭᠡᠷᠡᠴᠢᠯᠡᠨ ᠰᠠᠢ᠌ᠵᠢᠷᠠᠭᠤᠯᠵᠤ ᠪᠠᠭᠲᠠᠭ᠋ᠠᠮᠵᠢ ᠵᠢ᠎ᠨᠢ ᠥᠷᠭᠡᠳᠬᠡᠨ ᠳᠡᠭᠡᠭᠰᠢᠯᠡᠭᠦᠯᠬᠦ᠂ ᠰᠢᠷ᠎ᠠ ᠪᠤᠷᠴᠠᠭ᠎ᠤᠨ ᠲᠠᠷᠢᠶᠠᠯᠠᠭ᠎ᠠ ᠵᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠵᠡᠷᠭᠡ 4 ᠲᠥᠷᠥ ᠵᠢᠨ ᠪᠣᠳᠣᠯᠭ᠎ᠠ ᠵᠢᠨ ᠲᠥᠷᠥᠯ ᠵᠦᠢ᠍ᠯ᠎ᠢ ᠪᠠᠭᠲᠠᠭ᠋ᠠᠨ᠎ᠠ ᠃ ᠠᠷᠠᠰᠤ ᠰᠢᠷᠢ ᠂ ᠨᠣᠣᠰᠣᠨᠤ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠬᠦ ᠂ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠎ᠠ ᠵᠢ ᠬᠡᠷᠡᠭᠵᠢᠭᠦᠯᠬᠦ 2 ᠵᠦᠢ᠍ᠯ᠎ᠤᠨ ᠲᠦᠷᠦ ᠵᠢᠨ ᠪᠣᠳᠣᠯᠭ᠎ᠠ ᠵᠢᠨ ᠨᠠᠷᠢᠨ ᠳᠦᠷᠢᠮ᠎ᠢ ᠰᠢᠨ᠎ᠡ᠎ᠪᠠᠷ ᠨᠡᠮᠡᠨ᠎ᠡ ᠃ ᠬᠣᠶᠠᠷ᠎ᠲᠤ ᠠᠭᠤᠯᠭ᠎ᠠ ᠵᠢ ᠨᠠᠷᠢᠯᠢᠭᠵᠢᠭᠤᠯᠤᠨ ᠲᠡᠭᠦᠯᠳᠡᠷᠵᠢᠭᠦᠯᠦᠨ᠎ᠡ᠃ ᠵᠢᠱ᠌ᠢᠶᠡᠯᠡᠪᠡᠯ᠂ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠥᠷᠨᠢᠭᠦᠯᠬᠦ ᠳᠤᠮᠳᠠ᠂ ᠣᠨᠴᠠᠯᠢᠭᠲᠤ ᠮᠠᠯ ᠵᠢᠭᠦᠷᠲᠡᠨ᠂ ᠲᠠᠷᠢᠮᠠᠯ ᠵᠡᠷᠭᠡ ᠦᠷ᠎ᠡ ᠵᠢᠨ ᠦᠢ᠍ᠯᠡᠰ᠎ᠤᠨ ᠬᠦᠷᠢᠶ᠎ᠡ ᠴᠠᠷᠠᠭ᠎ᠠ ᠪᠠ ᠴᠢᠨᠠᠷ ᠰᠠᠢ᠌ᠲᠠᠢ ᠲᠡᠵᠢᠭᠡᠯ ᠪᠣᠷᠳᠣᠭ᠎ᠠ ᠵᠢᠨ ᠦᠢ᠍ᠯᠡᠳᠪᠦᠷᠢᠯᠡᠯ ᠪᠠ ᠬᠤᠷᠢᠶᠠᠵᠤ ᠪᠣᠯᠪᠠᠰᠤᠷᠠᠭᠤᠯᠬᠤ ᠂ ᠪᠠᠢ᠌ᠭ᠋ᠠᠯᠢ ᠪᠡᠯᠴᠢᠭᠡᠷ᠎ᠢ ᠰᠠᠢ᠌ᠵᠢᠷᠠᠭᠤᠯᠬᠤ ᠪᠠ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠡᠷᠭᠡ ᠡᠪᠡᠰᠦᠨ᠎ᠤ ᠦᠢ᠍ᠯᠡᠰ᠎ᠤᠨ ᠬᠦᠷᠢᠶ᠎ᠡ ᠴᠠᠷᠠᠭ᠋ᠠᠨ᠎ᠳᠤ 《ᠵᠠᠷᠯᠠᠨ ᠮᠠᠩᠯᠠᠢ᠌ᠯᠠᠭᠤᠯᠬᠤ》 ᠠᠵᠢᠯ᠎ᠢ ᠨᠡᠮᠡᠭᠳᠡᠭᠦᠯᠦᠨ᠎ᠡ᠃ ᠰᠠᠭ᠋ᠠᠯᠢ ᠵᠢᠨ ᠦᠨᠢᠶ᠎ᠡ ᠵᠢᠨ ᠡᠭᠦᠯᠳᠡᠷ ᠪᠣᠢ᠌ᠵᠢᠭᠤᠯᠤᠯᠲᠠ ᠵᠢᠨ ᠰᠦᠷᠦᠭᠵᠢᠯ᠎ᠢ ᠥᠷᠭᠡᠳᠬᠡᠨ ᠨᠡᠮᠡᠭᠳᠡᠭᠦᠯᠬᠦ ᠵᠢ ᠳᠡᠮᠵᠢᠬᠦ ᠶᠠᠪᠤᠴᠠ᠎ᠳᠤ᠂ ᠳᠡᠮᠵᠢᠬᠦ ᠨᠥᠬᠥᠴᠡᠯ ᠪᠠ ᠭᠦᠢ᠍ᠴᠡᠳᠬᠡᠬᠦ ᠲᠣᠭ᠎ᠠ ᠵᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ 《ᠰᠠᠭ᠋ᠠᠯᠢ ᠵᠢᠨ ᠦᠨᠢᠶ᠎ᠡ ᠪᠠ ᠰᠦ ᠮᠢᠬ᠎ᠠ ᠬᠤᠤᠰᠯᠠᠭᠰᠠᠨ ᠦᠬᠡᠷ᠎ᠤᠨ ᠡᠭᠦᠯᠳᠡᠷ᠎ᠤᠨ ᠦᠢ᠍ᠯᠡᠳᠪᠦᠷᠢᠯᠡᠯ ᠡᠵᠡᠩᠨᠡᠯᠳᠡ ᠵᠢᠨ ᠵᠥᠪᠰᠢᠶᠡᠷᠡᠯ᠎ᠤᠨ ᠦᠨᠡᠮᠯᠡᠯ᠎ᠲᠠᠢ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠨᠡᠷᠡᠰ᠎ᠤᠨ ᠵᠢᠭᠰᠠᠭ᠋ᠠᠯᠲᠠ ᠵᠢᠨ ᠡᠭᠦᠯᠳᠡᠷ᠎ᠤᠨ ᠪᠤᠬ᠎ᠠ ᠵᠢ ᠪᠣᠢ᠌ᠵᠢᠭᠤᠯᠤᠨ ᠭᠠᠷᠭ᠋ᠠᠵᠤ ᠳᠡᠶ᠋ᠢᠯᠬᠦ ᠪᠥᠭᠡᠳ ᠬᠢᠨᠠᠨ ᠰᠢᠯᠭ᠋ᠠᠯᠲᠠ᠎ᠪᠠᠷ ᠳᠡᠮᠵᠢᠨ ᠪᠠᠷᠢᠮᠵᠢᠶ᠎ᠠ᠎ᠳᠤ ᠬᠦᠷᠦᠭᠰᠡᠨ ᠡᠭᠦᠯᠳᠡᠷ ᠪᠣᠢ᠌ᠵᠢᠭᠤᠯᠬᠤ ᠠᠵᠤ ᠠᠬᠤᠢ᠌ᠯᠠᠯ᠎ᠢ ᠱᠠᠩᠨᠠᠨ᠎ᠠ》 ᠭᠡᠵᠦ ᠲᠣᠳᠣᠷᠬᠠᠢ ᠲᠣᠭᠲᠠᠭ᠋ᠠᠨ᠎ᠠ ᠃
ᠡᠨᠡ ᠵᠢᠯ᠎ᠤᠨ ᠲᠥᠷᠥ ᠵᠢᠨ ᠪᠣᠳᠣᠯᠭ᠎ᠠ ᠵᠢᠨ ᠨᠠᠷᠢᠨ ᠳᠠᠩᠰᠠᠨ᠎ᠳᠤ ᠳᠣᠣᠷᠠᠬᠢ ᠮᠡᠲᠦ ᠬᠡᠳᠦᠨ ᠣᠨᠴᠠᠯᠢᠭ᠎ᠲᠠᠢ ᠃ ᠨᠢᠭᠡ᠎ᠳᠤ ᠦᠷᠭᠦᠯᠵᠢᠯᠡᠩᠭᠦᠢ ᠴᠢᠨᠠᠷ ᠵᠶ᠋ᠠᠷ ᠴᠢᠩᠭ᠎ᠠ ᠃ ᠡᠨᠡ ᠵᠢᠯ᠎ᠤᠨ ᠲᠥᠷᠥ ᠵᠢᠨ ᠪᠣᠳᠣᠯᠭ᠎ᠠ ᠵᠢᠨ ᠨᠠᠷᠢᠨ ᠳᠠᠩᠰᠠ ᠵᠢᠨ ᠳᠥᠷᠪᠡᠨ ᠵᠦᠢ᠍ᠯ᠎ᠤᠨ ᠭᠣᠣᠯᠳᠠᠯᠭ᠎ᠠ᠎ᠲᠠᠢ ᠠᠵᠢᠯ᠎ᠢ 2022 ᠣᠨ᠎ᠤ᠎ᠬᠢ᠎ᠠᠴᠠ ᠬᠤᠪᠢᠷᠠᠭᠤᠯᠬᠤ ᠦᠭᠡᠢ᠂ ᠡᠭᠦᠨ᠎ᠳᠤ 14 ᠵᠦᠢ᠍ᠯ᠎ᠤᠨ ᠲᠥᠷᠥ ᠵᠢᠨ ᠪᠣᠳᠣᠯᠭ᠎ᠠ᠎ᠨᠢ ᠨᠢᠳᠤᠨᠤᠨ᠎ᠤ᠎ᠬᠢ᠎ᠲᠠᠢ ᠦᠨᠳᠦᠰᠦᠨ᠎ᠳᠡᠭᠡᠨ ᠨᠢᠭᠡᠳᠦᠯᠲᠡᠢ ᠪᠠᠢ᠌ᠵᠤ᠂ ᠪᠡᠯᠡ ᠮᠥᠩᠭᠥ ᠵᠢᠨ ᠶᠡᠷᠦᠩᠬᠡᠢ ᠬᠡᠮᠵᠢᠶ᠎ᠡ ᠵᠢᠨ ᠲᠠᠯ᠎ᠠ᠎ᠪᠠᠷ ᠲᠣᠭᠲᠠᠭᠤᠨ ᠪᠠᠢ᠌ᠬᠤ ᠵᠢ ᠪᠠᠲᠤᠯᠠᠵᠤ᠂ ᠲᠥᠷᠥ ᠵᠢᠨ ᠪᠣᠳᠣᠯᠭ᠎ᠠ ᠵᠢᠨ ᠦᠷᠬᠦᠯᠵᠢᠯᠡᠩᠭᠦᠢ ᠴᠢᠨᠠᠷ᠎ᠢ ᠦᠨᠡᠨ ᠬᠦ᠌ ᠪᠠᠲᠤᠯᠠᠪᠠ᠃ ᠬᠣᠶᠠᠷ᠎ᠲᠤ ᠶᠠᠰᠤ ᠴᠢᠨᠠᠷ᠎ᠤᠨ ᠠᠭᠤᠯᠤᠭᠳᠠᠴᠠ᠎ᠪᠠᠷ ᠥᠨᠳᠥᠷ᠃ ᠲᠠᠷᠢᠶᠠᠯᠠᠩ ᠮᠠᠯ ᠠᠵᠤ ᠠᠬᠤᠢ᠎ᠳᠤ ᠬᠣᠯᠪᠣᠭᠳᠠᠭᠰᠠᠨ ᠪᠡᠯᠡ ᠮᠥᠩᠭᠥ ᠵᠢᠨ ᠲᠣᠬᠢᠷᠠᠭᠤᠯᠤᠯᠲᠠ ᠵᠢ 200 ᠳ᠋ᠦᠩᠰᠢᠭᠤᠷ ᠲᠥᠭᠥᠷᠢᠭ᠎ᠠᠴᠠ ᠳᠡᠭᠡᠭᠰᠢ ᠬᠦᠷᠭᠡᠵᠦ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠢ ᠴᠢᠬᠤᠯᠠᠴᠢᠯᠠᠨ ᠲᠠᠷᠢᠶᠠᠯᠠᠩ᠎ᠢ ᠠᠳᠬᠤᠬᠤ ᠡᠷᠡᠰ ᠵᠣᠷᠢᠭ ᠪᠠ ᠡᠷᠴᠢᠮ᠎ᠢ ᠭᠦᠢ᠍ᠴᠡᠳ ᠢᠯᠡᠷᠡᠭᠦᠯᠪᠡ᠃ ᠵᠢᠱ᠌ᠢᠶᠡᠯᠡᠪᠡᠯ᠂ ᠡᠨᠡ ᠵᠢᠯ ᠲᠠᠷᠢᠶᠠᠨ ᠭᠠᠵᠠᠷ᠎ᠤᠨ ᠬᠠᠮᠠᠭ᠋ᠠᠯᠠᠯᠲᠠ ᠠᠰᠢᠭᠯᠠᠯᠲᠠ ᠵᠢ ᠴᠢᠩᠭ᠋ᠠᠳᠬᠠᠬᠤ ᠲᠠᠯ᠎ᠠ᠎ᠪᠠᠷ ᠨᠠᠩ ᠶᠡᠬᠡ ᠣᠷᠤᠭᠤᠯᠤᠯᠲᠠ ᠣᠷᠣᠭᠤᠯᠵᠤ᠂ ᠡᠨᠡ ᠵᠢᠯ ᠬᠠᠷ᠎ᠠ ᠬᠥᠷᠥᠰᠥ ᠵᠢᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ 570 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠦᠨ ᠳᠡᠮᠵᠢᠨ᠎ᠡ᠃ ᠭᠤᠷᠪᠠ᠎ᠳᠤ ᠬᠦᠴᠦᠯᠡᠬᠦ ᠴᠡᠭ ᠣᠨᠣᠪᠴᠢᠲᠠᠢ᠃ ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ᠎ᠨᠢ ᠲᠠᠷᠢᠶᠠᠯᠠᠩ ᠮᠠᠯ ᠠᠵᠤ ᠠᠬᠤᠢ ᠵᠢᠨ ᠭᠣᠣᠯᠳᠠᠯᠭ᠎ᠠ᠎ᠲᠠᠢ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠢ ᠲᠣᠪᠤᠢ᠌ᠯᠭ᠋ᠠᠨ᠂ ᠦᠷ᠎ᠡ ᠪᠠ ᠲᠠᠷᠢᠶᠠᠨ ᠭᠠᠵᠠᠷ ᠭᠡᠬᠦ ᠬᠣᠶᠠᠷ ᠵᠠᠩᠭᠢᠯᠠᠭ᠎ᠠ ᠵᠢ ᠠᠳᠬᠤᠵᠤ᠂ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠳᠡᠮᠵᠢᠬᠦ ᠪᠠ ᠲᠠᠷᠢᠶᠠᠯᠠᠩ ᠮᠠᠯ ᠠᠵᠤ ᠠᠬᠤᠢ ᠵᠢᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦ ᠨᠡᠮᠡᠷᠢᠯᠡᠵᠦ᠂ ᠲᠥᠷᠥ ᠵᠢᠨ ᠪᠣᠳᠣᠯᠭ᠎ᠠ ᠵᠢᠨ ᠪᠡᠯᠡ ᠮᠥᠩᠭᠥ ᠵᠢ ᠦᠨᠡᠨ ᠬᠦ᠌ 《ᠵᠠᠩᠭᠢᠯᠠᠭ᠎ᠠ ᠵᠢᠨ ᠭᠠᠵᠠᠷ》᠎ᠲᠤ ᠬᠡᠷᠡᠭᠯᠡᠭᠰᠡᠨ
ᠪᠠᠢ᠌ᠨ᠎ᠠ᠃
ᠲᠠᠪᠤᠳᠤᠭ᠋ᠠᠷ᠎ᠲᠤ᠂ ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ ᠵᠢ ᠰᠠᠢ᠌ᠨ ᠨᠠᠢ᠌ᠳᠠᠪᠤᠷᠢᠵᠢᠭᠤᠯᠬᠤ ᠠᠷᠭ᠎ᠠ
ᠨᠢᠭᠡ᠎ᠳᠤ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠨ᠎ᠠ ᠃ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠤ ᠰᠠᠯᠠᠭ᠎ᠠ ᠮᠥᠴᠢᠷ᠎ᠤᠳ ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ ᠵᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠬᠡᠷᠡᠭᠵᠢᠭᠦᠯᠬᠦ ᠵᠢ ᠠᠬᠢᠭᠤᠯᠬᠤ ᠵᠢ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ᠎ᠲᠠᠢ ᠬᠠᠷᠢᠴᠠᠭᠤᠯᠤᠨ᠂ ᠭᠣᠣᠯᠳᠠᠯᠭ᠎ᠠ᠎ᠲᠠᠢ ᠡᠭᠦᠷᠭᠡ ᠵᠢᠨ ᠡᠬᠡ ᠲᠠᠩᠰᠠ ᠵᠢ ᠪᠠᠢ᠌ᠭᠤᠯᠵᠤ᠂ ᠠᠬᠢᠴᠠ ᠵᠢᠨ ᠲᠣᠬᠢᠷᠠᠭᠤᠯᠤᠯᠲᠠ ᠵᠢ ᠨᠠᠷᠢᠯᠢᠭᠵᠢᠭᠤᠯᠤᠨ᠂ ᠠᠵᠢᠯ᠎ᠤᠨ ᠠᠬᠢᠴᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠵᠤ᠂ ᠠᠵᠢᠯ᠎ᠤᠨ ᠳᠤᠮᠳᠠᠬᠢ ᠴᠢᠬᠤᠯᠠ ᠠᠰᠠᠭᠤᠳᠠᠯ᠎ᠢ ᠴᠠᠭ ᠲᠤᠬᠠᠢᠳᠤᠨᠢ ᠰᠤᠳᠤᠯᠤᠨ ᠰᠢᠢ᠍ᠳᠪᠦᠷᠢᠯᠡᠵᠦ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠠᠬᠢᠭᠤᠯᠤᠨ᠎ᠠ᠃
ᠬᠣᠶᠠᠷ᠎ᠲᠤ ᠵᠢᠭ᠋ᠠᠨ ᠵᠢᠯᠤᠭᠣᠳᠴᠤ ᠪᠣᠯᠪᠠᠰᠤᠷᠠᠭᠤᠯᠬᠤ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠤ ᠰᠠᠯᠠᠭ᠎ᠠ ᠮᠥᠴᠢᠷ᠎ᠤᠳ ᠲᠥᠷᠥ ᠵᠢᠨ ᠪᠣᠳᠣᠯᠭ᠎ᠠ ᠵᠢᠨ ᠬᠠᠷᠠᠯᠲᠠᠲᠤ ᠬᠠᠮᠢᠶᠠᠷᠤᠯᠲᠠ ᠪᠠ ᠶᠠᠪᠤᠴᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠪᠥᠬᠥ ᠣᠷᠣᠨ᠎ᠤ ᠴᠢᠨᠠᠷᠲᠠᠢ᠂ ᠣᠷᠣᠨ ᠪᠦᠰᠡ ᠵᠢᠨ ᠴᠢᠨᠠᠷᠲᠠᠢ ᠮᠡᠷᠭᠡᠵᠢᠯ᠎ᠤᠨ ᠪᠣᠯᠪᠠᠰᠤᠷᠠᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠡᠯ᠎ᠡ ᠭᠠᠵᠠᠷ᠎ᠢ ᠵᠢᠯᠣᠭᠣᠳᠤᠨ ᠱᠠᠯᠠᠪᠳᠠᠭᠤᠯᠵᠤ ᠪᠠᠢ᠌ᠭ᠋ᠠᠳ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃
ᠭᠤᠷᠪᠠ᠎ᠳᠤ ᠱᠠᠯᠠᠪᠳᠠᠭᠤᠯᠤᠨ ᠪᠠᠢ᠌ᠴᠠᠭ᠋ᠠᠵᠤ ᠬᠢᠨᠠᠨ ᠰᠢᠯᠭ᠋ᠠᠬᠤ ᠵᠢ ᠴᠢᠩᠭ᠋ᠠᠳᠬᠠᠨ᠎ᠠ ᠃ ᠬᠡᠷᠡᠭᠵᠢᠭᠦᠯᠬᠦ ᠶᠠᠪᠤᠴᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠤ ᠰᠠᠯᠠᠭ᠎ᠠ ᠮᠥᠴᠢᠷ᠎ᠤᠳ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠵᠢ ᠥᠷᠨᠢᠭᠦᠯᠬᠦ᠎ᠪᠠᠷ ᠳᠠᠮᠵᠢᠭᠤᠯᠤᠨ᠂ ᠪᠡᠯᠡ ᠮᠥᠩᠭᠥ ᠵᠢᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠵᠠᠷᠤᠳᠠᠯ᠎ᠤᠨ ᠬᠡᠷᠡᠭᠯᠡᠯᠲᠡ ᠵᠢᠨ ᠵᠢᠷᠤᠮᠵᠢᠯ᠎ᠲᠠᠢ ᠰᠢᠨᠵᠢᠯᠡᠬᠦ ᠤᠬᠠᠭ᠋ᠠᠨᠴᠢ ᠪᠠᠢ᠌ᠬᠤ ᠵᠢ ᠦᠨᠡᠨᠬᠦ ᠪᠠᠲᠤᠯᠠᠨ᠎ᠠ᠃
ᠲᠠᠷᠢᠶᠠᠯᠠᠩ ᠮᠠᠯ ᠠᠵᠤ ᠠᠬᠤᠢ᠎ᠤᠨ ᠴᠢᠨᠠᠷ ᠰᠠᠢ᠌ᠲᠠᠢ ᠥᠨᠳᠥᠷ ᠪᠦᠲᠦᠮᠵᠢᠲᠡᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠵᠢᠨ ᠰᠤᠷᠪᠤᠯᠵᠢᠯᠠᠭᠴᠢ ᠄ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠬᠡᠷᠡᠭᠵᠢᠭᠦᠯᠦᠭᠰᠡᠨ ᠨᠢᠭᠡ ᠵᠢᠯ᠎ᠤᠨ ᠲᠤᠷᠰᠢ ᠂ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠤᠢ ? ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠭᠣᠣᠯᠳᠠᠯᠭ᠎ᠠ᠎ᠨᠢ ᠶᠠᠭᠤ ᠪᠣᠢ?
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠢᠩᠬᠢᠮ᠎ᠤᠨ ᠳᠡᠳ᠋ ᠳᠠᠷᠤᠭ᠎ᠠ ᠢᠦᠢ ᠸᠧᠢ᠄ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠣᠯ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢᠨ ᠵᠠᠩᠭᠢᠯᠠᠭ᠎ᠠ ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ ᠴᠢᠬᠤᠯᠠᠴᠢᠯᠠᠭᠰᠠᠨ᠎ᠨᠢ᠂ 《ᠡᠷᠬᠡᠪᠰᠢ ᠵᠣᠷᠢᠭ ᠰᠢᠭᠤᠳᠤᠨ ᠮᠠᠨ᠎ᠤ ᠤᠯᠤᠰ᠎ᠤᠨ ᠦᠷ᠎ᠡ ᠵᠢᠨ ᠦᠢ᠍ᠯᠡᠰ᠎ᠢ ᠬᠥᠭᠵᠢᠭᠦᠯᠵᠦ᠂ ᠦᠷ᠎ᠡ ᠵᠢᠨ ᠦᠢ᠍ᠯᠡᠰ᠎ᠢ ᠦᠪᠡᠰᠦᠪᠡᠨ ᠬᠦᠴᠦᠷᠬᠡᠭᠵᠢᠭᠦᠯᠵᠦ᠂ ᠦᠷ᠎ᠡ ᠵᠢᠨ ᠢᠷᠡᠯᠲᠡ ᠵᠢ ᠦᠪᠡᠰᠦᠪᠡᠨ ᠡᠵᠡᠮᠳᠡᠵᠦ ᠪᠣᠯᠬᠤ ᠪᠣᠯᠭ᠋ᠠᠬᠤ ᠬᠡᠷᠡᠭᠲᠡᠢ》 ᠭᠡᠵᠡᠢ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ 《ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠪᠠ ᠪᠡᠯᠡᠳᠭᠡᠮᠵᠢ ᠵᠢᠨ ᠲᠤᠯᠭ᠋ᠠᠭᠤᠷᠢᠯᠠᠯ᠎ᠢ ᠴᠢᠩᠭ᠋ᠠᠳᠬᠠᠵᠤ ᠂ ᠳᠤᠮᠳᠠᠲᠦ ᠤᠯᠤᠰ᠎ᠤᠨ ᠬᠦᠮᠦᠰ᠎ᠤᠨ ᠪᠤᠳᠠᠭ᠋ᠠᠨ ᠠᠶᠠᠭ᠎ᠠ ᠵᠢ ᠥᠪᠡᠷ᠎ᠤᠨ ᠭᠠᠷ᠎ᠲᠠᠭᠠᠨ ᠪᠠᠲᠤ ᠠᠳᠬᠤᠬᠤ ᠵᠢ ᠦᠨᠡᠨ ᠬᠦ᠌ ᠪᠠᠲᠤᠯᠠᠬᠤ ᠬᠡᠷᠡᠭᠲᠡᠢ 》 ᠭᠡᠵᠦ ᠤᠯᠠᠮ ᠨᠢᠭᠡ ᠠᠯᠬᠤᠮ ᠵᠢᠭ᠋ᠠᠵᠤ ᠭᠠᠷᠭ᠋ᠠᠪᠠ ᠃
ᠥᠪᠡᠷᠲᠡᠭᠡᠨ ᠵᠠᠰᠠᠬᠤ ᠣᠷᠣᠨ᠎ᠤ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠦᠨᠡᠨᠬᠦ ᠳᠡᠭᠡᠭᠰᠢᠯᠡᠬᠦᠯᠬᠦ ᠵᠢᠨ ᠲᠦᠯᠦᠭᠡ᠂ 2022 ᠣᠨ᠎ᠳᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠬᠡᠷᠡᠭᠵᠢᠭᠦᠯᠬᠦ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠬᠢᠵᠦ᠂ ᠡᠪᠡᠰᠦᠨ ᠦᠷ᠎ᠡ ᠵᠢᠨ ᠦᠢ᠍ᠯᠡᠰ᠂ ᠰᠠᠭ᠋ᠠᠯᠢ ᠵᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠣᠨᠢ᠂ ᠲᠥᠮᠥᠰᠥ ᠵᠡᠷᠭᠡ 5 ᠳᠠᠪᠠᠭᠤᠯᠢᠭ ᠠᠵᠤ ᠦᠢ᠍ᠯᠡᠰ ᠵᠢᠴᠢ ᠡᠯᠳᠡᠪ ᠠᠮᠤ᠂ ᠢᠳᠡᠰᠢᠨ ᠨᠣᠭᠣᠭ᠎ᠠ᠂ ᠨᠡᠷᠡᠨ ᠬᠤᠸᠠᠷ᠂ ᠰᠢᠬᠢᠷ ᠯᠤᠤᠪᠠᠩ ᠵᠡᠷᠭᠡ ᠮᠠᠰᠢ ᠤᠯᠠᠨ ᠪᠤᠰᠤᠳ ᠠᠵᠤ ᠦᠢ᠍ᠯᠡᠰ᠎ᠲᠤ ᠰᠢᠨ᠎ᠡ ᠵᠢ ᠡᠭᠦᠳᠬᠦ ᠬᠡᠯᠬᠢᠶᠡᠵᠢᠯ᠎ᠤᠨ ᠪᠠᠢ᠌ᠷᠢᠰᠢᠭᠤᠯᠤᠯᠲᠠ ᠵᠢ ᠲᠦᠯᠬᠢᠨ ᠠᠬᠢᠭᠤᠯᠵᠤ᠂ 《ᠵᠠᠷᠯᠠᠨ ᠮᠠᠩᠯᠠᠢ᠌ᠯᠠᠭᠤᠯᠬᠤ》 《ᠮᠣᠷᠢ ᠤᠷᠤᠯᠳᠤᠬᠤ》 ᠵᠡᠷᠭᠡ ᠰᠢᠨ᠎ᠡ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠠᠷᠭ᠎ᠠ ᠮᠠᠶᠢᠭ᠎ᠢ ᠬᠡᠷᠡᠭᠯᠡᠨ᠂ ᠠᠵᠤ ᠠᠬᠤᠢ᠌ᠯᠠᠯ ᠵᠶ᠋ᠠᠷ ᠭᠣᠣᠯ ᠴᠣᠭᠴᠠ ᠪᠣᠯᠭ᠋ᠠᠭᠰᠠᠨ ᠣᠷᠣᠨ᠎ᠤ ᠳᠣᠲᠣᠷ᠎ᠠ ᠭᠠᠳᠠᠨᠠᠬᠢ ᠠᠵᠤ ᠠᠬᠤᠢ᠌ᠯᠠᠯ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠲᠤᠷᠠᠭᠰᠠᠨ ᠪᠣᠭᠣᠮᠲᠠ ᠰᠢᠪᠲᠤᠯᠬᠤ ᠵᠢ ᠲᠦᠯᠬᠢᠨ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠪᠠ᠃
ᠠᠩᠬ᠎ᠠ ᠪᠦᠯᠦᠭ᠎ᠲᠤ 12 ᠲᠦᠷᠦᠯ᠎ᠤᠨ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠠᠩᠭᠢᠯᠠᠭ᠎ᠠ ᠵᠢᠨ ᠮᠡᠷᠭᠡᠵᠢᠯ᠎ᠤᠨ ᠨᠡᠷᠡᠰ᠎ᠤᠨ ᠵᠢᠭᠰᠠᠭ᠋ᠠᠯᠲᠠ ᠵᠢ ᠨᠡᠢ᠌ᠲᠡᠯᠡᠵᠦ ᠂ ᠣᠷᠣᠨ᠎ᠤ ᠳᠣᠲᠣᠨ᠎ᠠ ᠭᠠᠳᠠᠨᠠᠬᠢ 44 ᠠᠵᠤ ᠠᠬᠤᠢ᠌ᠯᠠᠯ ᠂ 28 ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠂ 16 ᠶᠡᠬᠡ ᠳᠡᠭᠡᠳᠦ ᠰᠤᠷᠭ᠋ᠠᠭᠤᠯᠢ ᠵᠢ ᠲᠠᠲᠠᠵᠤ ᠂ 19 ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠵᠣᠬᠢᠶᠠᠨ ᠪᠠᠢ᠌ᠭᠤᠯᠵᠤ ᠵᠠᠷᠯᠠᠯ᠎ᠳᠤ ᠣᠷᠣᠯᠴᠠᠭᠤᠯᠵᠠᠢ ᠃ 《ᠵᠠᠷᠯᠠᠨ ᠮᠠᠩᠯᠠᠢ᠌ᠯᠠᠭᠤᠯᠬᠤ》 14 ᠲᠥᠷᠥᠯ ᠵᠦᠢ᠍ᠯ᠎ᠢ ᠬᠡᠷᠡᠭᠵᠢᠭᠦᠯᠵᠦ᠂ 2022 ᠣᠨ᠎ᠳᠤ ᠤᠷᠢᠳᠠᠪᠠᠷ 7300 ᠲᠦᠮᠡᠨ ᠲᠥᠭᠥᠷᠢᠭ᠎ᠤᠨ ᠡᠳ᠋᠎ᠤᠨ ᠵᠠᠰᠠᠭ᠎ᠤᠨ ᠵᠠᠷᠤᠳᠠᠯ᠎ᠢ ᠣᠷᠣᠭᠤᠯᠵᠤ᠂ 1.46 ᠳ᠋ᠦᠩᠰᠢᠭᠤᠷ ᠲᠥᠭᠥᠷᠢᠭ᠎ᠤᠨ ᠨᠡᠢ᠌ᠭᠡᠮ᠎ᠤᠨ ᠡᠳ᠋ ᠬᠥᠷᠥᠩᠭᠡ ᠵᠢᠨ ᠣᠷᠤᠭᠤᠯᠤᠯᠲᠠ ᠵᠢ ᠳᠠᠶ᠋ᠢᠴᠢᠯᠠᠪᠠ᠃
ᠨᠢᠭᠡ ᠵᠢᠯ ᠰᠢᠬᠠᠮ᠎ᠤᠨ ᠬᠡᠷᠡᠭᠵᠢᠭᠦᠯᠦᠯᠲᠡ᠎ᠪᠠᠷ ᠳᠠᠮᠵᠢᠭ᠋ᠠᠳ ᠂ ᠦᠷ᠎ᠡ ᠵᠢᠨ ᠦᠢ᠍ᠯᠡᠰ᠎ᠤᠨ 《 ᠵᠠᠷᠯᠠᠨ ᠮᠠᠩᠯᠠᠢ᠌ᠯᠠᠭᠤᠯᠬᠤ 》 ᠲᠦᠷᠦᠯ ᠵᠦᠢ᠍ᠯ ᠱᠠᠲᠤᠴᠢ ᠴᠢᠨᠠᠷᠲᠠᠢ ᠠᠬᠢᠴᠠ᠎ᠲᠠᠢ ᠪᠣᠯᠪᠠ ᠃ ᠠᠩᠬ᠎ᠠ ᠠᠯᠬᠤᠮ᠎ᠤᠨ ᠪᠦᠷᠢᠳᠬᠡᠯ᠎ᠢ ᠦᠨᠳᠦᠰᠦᠯᠡᠨ᠂ 2022 ᠣᠨ᠎ᠳᠤ ᠂ ᠲᠦᠷᠦᠯ ᠵᠦᠢ᠍ᠯ᠎ᠢ ᠬᠡᠷᠡᠭᠵᠢᠭᠦᠯᠬᠦ ᠪᠦᠯᠬᠦᠮ᠎ᠤᠨ᠎ᠬᠢᠨ ᠡᠯ᠎ᠡ ᠲᠦᠷᠦᠯ᠎ᠤᠨ ᠦᠷ᠎ᠡ ᠡᠳ᠋᠎ᠤᠨ ᠡᠬᠢ ᠪᠠᠶᠠᠯᠢᠭ᠎ᠢ ᠨᠡᠢ᠍ᠢ᠍ᠳᠡ 2200 ᠬᠤᠪᠢ ᠣᠷᠣᠭᠤᠯᠵᠤ ᠂ 2500 ᠭᠠᠷᠤᠢ ᠬᠤᠪᠢ ᠬᠢᠨᠠᠨ ᠲᠣᠭᠲᠠᠭ᠋ᠠᠵᠤ ᠂ ᠨᠠᠮᠤᠷ ᠢᠴᠡᠭᠡᠯᠡᠬᠦ ᠂ ᠬᠦᠢ᠍ᠲᠡᠨ᠎ᠳᠤ ᠲᠡᠰᠪᠦᠷᠢᠲᠡᠢ᠂ ᠥᠨᠳᠥᠷ ᠤᠨᠠᠯᠲᠠ᠎ᠲᠠᠢ ᠂ ᠰᠢᠯᠢᠳᠡᠭ ᠪᠦᠲᠦᠭᠡᠭᠳᠡᠬᠦᠨ ᠵᠡᠷᠭᠡ ᠬᠠᠮᠢᠶ᠎ᠠ ᠪᠦᠬᠦᠢ 60 ᠭᠠᠷᠤᠢ ᠮᠠᠯ ᠲᠠᠷᠢᠶᠠᠯᠠᠩ᠎ᠤᠨ ᠭ᠋ᠸᠨ᠎ᠢ ᠺᠯᠤᠨᠳᠠᠵᠤ ᠂ 7 ᠵᠦᠢ᠍ᠯ᠎ᠤᠨ ᠲᠡᠵᠢᠭᠡᠯ ᠪᠣᠷᠳᠤᠭ᠎ᠠ᠂ ᠲᠠᠷᠢᠮᠠᠯ᠎ᠤᠨ ᠰᠢᠨ᠎ᠡ ᠡᠭᠦᠯᠳᠡᠷ᠎ᠢ ᠬᠢᠨᠠᠨ ᠲᠣᠭᠲᠠᠭ᠋ᠠᠵᠤ ᠳᠠᠩᠰᠠᠯᠠᠵᠤ ᠂ ᠤᠯᠠᠨ ᠠᠯᠠᠰᠢᠨ ᠬᠣᠨᠢ ᠂ ᠠᠯᠠᠰᠢᠨ ᠦᠬᠡᠷ᠎ᠤᠨ ᠰᠢᠨ᠎ᠡ ᠡᠭᠦᠯᠳᠡᠷ᠎ᠢ ᠪᠣᠢ᠌ᠵᠢᠭᠤᠯᠵᠠᠢ ᠃
ᠡᠭᠦᠨ᠎ᠳᠤ᠂ 《ᠠᠯᠠᠰᠢᠨ ᠬᠣᠨᠢᠨ᠎ᠤ ᠰᠢᠯᠢᠳᠡᠭ ᠡᠭᠦᠯᠳᠡᠷ᠎ᠤᠨ ᠡᠬᠢ ᠪᠠᠶᠠᠯᠢᠭ᠎ᠤᠨ ᠰᠢᠨ᠎ᠡ ᠵᠢ ᠡᠭᠦᠳᠬᠦ ᠵᠢᠴᠢ ᠰᠠᠢ᠌ᠨ ᠡᠭᠦᠯᠳᠡᠷ᠎ᠢ ᠦᠷᠡᠵᠢᠭᠦᠯᠦᠨ ᠪᠣᠢ᠌ᠵᠢᠭᠤᠯᠬᠤ ᠰᠢᠰᠲ᠋ᠧᠮᠵᠢ ᠵᠢᠨ ᠪᠦᠲᠦᠭᠡᠨ ᠪᠠᠢ᠌ᠭᠤᠯᠤᠯᠲᠠ》 ᠵᠢᠨ ᠲᠥᠷᠥᠯ ᠵᠦᠢ᠍ᠯ᠎ᠨᠢ ᠴᠢᠨᠠᠷ ᠰᠠᠢ᠌ᠲᠠᠢ ᠠᠯᠠᠰᠢᠨ ᠬᠣᠨᠢᠨ᠎ᠤ ᠦᠷ᠎ᠡ ᠪᠣᠢ᠌ᠵᠢᠭᠤᠯᠬᠤ ᠬᠠᠮᠲᠤᠷᠠᠭᠰᠠᠨ ᠮᠡᠷᠭᠡᠵᠢᠯ᠎ᠤᠨ ᠰᠢᠰᠲ᠋ᠧᠮᠵᠢ ᠵᠢ ᠪᠠᠢ᠌ᠭᠤᠯᠬᠤ᠎ᠪᠠᠷ ᠳᠡᠮᠵᠢᠨ᠂ ᠮᠠᠨ᠎ᠤ ᠤᠯᠤᠰ᠎ᠤᠨ ᠠᠩᠬᠠᠳᠠᠭᠴᠢ ᠮᠠᠯᠵᠢᠬᠤ ᠣᠷᠣᠨ ᠪᠠ ᠬᠠᠭ᠋ᠠᠰ ᠲᠠᠷᠢᠶᠠᠯᠠᠬᠤ ᠬᠠᠭ᠋ᠠᠰ ᠮᠠᠯᠵᠢᠬᠤ ᠣᠷᠣᠨ᠎ᠤ ᠲᠤᠰᠬᠠᠢ᠌ᠵᠢᠭᠰᠠᠨ ᠠᠯᠠᠰᠢᠨ ᠬᠣᠨᠢᠨ᠎ᠤ ᠰᠢᠨ᠎ᠡ ᠡᠭᠦᠯᠳᠡᠷ᠎ᠤᠨ ᠳ᠋ᠦ᠋ ᠮᠧᠩ ᠬᠣᠨᠢ ᠵᠢ ᠠᠮᠵᠢᠯᠲᠠ᠎ᠲᠠᠢ᠎ᠪᠠᠷ ᠪᠣᠢ᠌ᠵᠢᠭᠤᠯᠤᠨ ᠬᠢᠨᠠᠨ ᠲᠣᠭᠲᠠᠭ᠋ᠠᠪᠠ; 《ᠳᠡᠭᠡᠳᠦ ᠲᠠᠰ᠎ᠤᠨ ᠰᠠᠭ᠋ᠠᠯᠢ ᠵᠢᠨ ᠦᠨᠢᠶ᠎ᠡ ᠵᠢᠨ ᠡᠭᠦᠯᠳᠡᠷ᠎ᠤᠨ ᠢᠷᠡᠯᠲᠡ ᠵᠢ ᠠᠭᠤᠳᠠᠯᠬᠤ ᠵᠢᠴᠢ ᠥᠨᠳᠥᠷ ᠦᠷ᠎ᠡ ᠠᠰᠢᠭᠲᠠᠢ ᠦᠷᠡᠵᠢᠭᠦᠯᠦᠨ ᠪᠣᠢ᠌ᠵᠢᠭᠤᠯᠬᠤ ᠵᠠᠩᠭᠢᠯᠠᠭ᠎ᠠ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ》 ᠲᠥᠷᠥᠯ ᠵᠦᠢ᠍ᠯ᠎ᠳᠤ ᠴᠢᠨᠠᠷ ᠰᠠᠢ᠌ᠲᠠᠢ ᠺᠯᠤᠨ ᠰᠠᠭ᠋ᠠᠯᠢ ᠵᠢᠨ ᠦᠨᠢᠶ᠎ᠡ ᠵᠢ ᠠᠮᠵᠢᠯᠲᠠ᠎ᠲᠠᠢ᠎ᠪᠠᠷ ᠪᠣᠢ᠌ᠵᠢᠭᠤᠯᠵᠤ᠂ ᠰᠠᠭ᠋ᠠᠯᠢ ᠵᠢᠨ ᠦᠨᠢᠶ᠎ᠡ ᠵᠢᠨ ᠺᠯᠤᠨ ᠬᠦᠪᠦᠷᠡᠯ᠎ᠤᠨ ᠦᠢ᠍ᠯᠡᠳᠪᠦᠷᠢᠯᠡᠯ᠎ᠤᠨ ᠦᠷ᠎ᠡ ᠪᠦᠲᠦᠮᠵᠢ ᠪᠠ ᠰᠢᠯᠵᠢᠭᠦᠯᠦᠨ ᠤᠷᠭᠤᠭᠤᠯᠬᠤ ᠬᠦᠯᠢᠶᠡᠭᠴᠢ ᠵᠢᠨ ᠵᠢᠷᠮᠦᠰᠦᠯᠡᠯᠲᠡ ᠵᠢᠨ ᠨᠣᠷᠮ᠎ᠠ ᠵᠡᠷᠭᠡ ᠭᠣᠣᠯ ᠪᠣᠯᠬᠤ ᠮᠡᠷᠭᠡᠵᠢᠯ᠎ᠤᠨ ᠭᠦᠢ᠍ᠴᠡᠳᠬᠡᠯ ᠲᠣᠭ᠎ᠠ ᠵᠢᠨ ᠰᠢᠪᠲᠤᠯᠤᠯᠲᠠ ᠵᠢᠨ ᠴᠢᠨᠠᠷᠲᠠᠢ 《ᠴᠢᠨᠠᠷ ᠰᠠᠢ᠌ᠲᠠᠢ ᠴᠠᠷᠭ᠋ᠠᠰᠤ ᠵᠢᠨ ᠰᠢᠨ᠎ᠡ ᠡᠭᠦᠯᠳᠡᠷ᠎ᠢ ᠰᠣᠩᠭᠣᠨ ᠪᠣᠢ᠌ᠵᠢᠭᠤᠯᠬᠤ ᠵᠢᠴᠢ ᠠᠵᠤ ᠦᠢ᠍ᠯᠡᠰᠵᠢᠭᠦᠯᠦᠭᠰᠡᠨ ᠵᠢᠱ᠌ᠢᠶ᠎ᠡ ᠦᠵᠡᠭᠦᠯᠬᠦ》 ᠲᠥᠷᠥᠯ ᠵᠦᠢ᠍ᠯ᠎ᠳᠤ᠂ ᠴᠠᠷᠭ᠋ᠠᠰᠤ ᠵᠢᠨ ᠰᠢᠨ᠎ᠡ ᠡᠭᠦᠯᠳᠡᠷ 1 ᠵᠢ ᠳᠡᠩᠰᠡᠯᠡᠵᠦ ᠬᠢᠨᠠᠨ ᠲᠣᠭᠲᠠᠭ᠋ᠠᠬᠤ ᠠᠵᠢᠯ᠎ᠢ ᠨᠢᠭᠡᠨᠲᠡ ᠪᠡᠶᠡᠯᠡᠭᠦᠯᠵᠦ᠂ ᠥᠨᠳᠥᠷ ᠤᠨᠠᠯᠲᠠ᠎ᠲᠠᠢ ᠴᠢᠨᠠᠷ ᠰᠠᠢ᠌ᠲᠠᠢ ᠴᠠᠷᠭ᠋ᠠᠰᠤ ᠵᠢᠨ ᠰᠢᠨ᠎ᠡ ᠡᠭᠦᠯᠳᠡᠷ᠎ᠤᠨ ᠰᠢᠰᠲ᠋ᠧᠮ᠎ᠢ 3 ᠪᠣᠢ᠌ᠵᠢᠭᠤᠯᠵᠤ᠂ 《 ᠵᠦᠩ ᠮᠦ᠍ 10 ᠳ᠋ᠤᠭ᠋ᠠᠷ ᠨᠤᠮᠸᠷ 》 ᠥᠨᠳᠥᠷ ᠤᠨᠠᠯᠲᠠ᠎ᠲᠠᠢ ᠪᠣᠷᠣ ᠴᠠᠷᠭ᠋ᠠᠰᠤ ᠵᠢᠨ ᠰᠢᠨ᠎ᠡ ᠡᠭᠦᠯᠳᠡᠷ᠎ᠢ ᠠᠮᠵᠢᠯᠲᠠ᠎ᠲᠠᠢ᠎ᠪᠠᠷ ᠬᠤᠪᠢᠷᠠᠭᠤᠯᠵᠤ᠂ 1 ᠲᠦᠮᠡ ᠭᠠᠷᠤᠢ ᠮᠦ᠍ ᠰᠠᠢ᠌ᠨ ᠡᠭᠦᠯᠳᠡᠷ᠎ᠢ ᠦᠷᠡᠵᠢᠭᠦᠯᠦᠨ ᠪᠣᠢ᠌ᠵᠢᠭᠤᠯᠬᠤ ᠲᠠᠷᠢᠶ᠎ᠠ ᠵᠢ ᠪᠦᠲᠦᠭᠡᠨ ᠪᠠᠢ᠌ᠭᠤᠯᠪᠠ᠃
ᠡᠭᠦᠨ᠎ᠠᠴᠠ ᠭᠠᠳᠠᠨ᠎ᠠ᠂ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠬᠡᠷᠡᠭᠵᠢᠭᠦᠯᠦᠯᠲᠡ᠎ᠨᠢ ᠪᠠᠰᠠ ᠨᠢᠭᠡ ᠪᠦᠯᠦᠭ ᠥᠨᠳᠥᠷ ᠬᠢᠷᠢ ᠲᠦᠪᠰᠢᠨ ᠪᠦᠬᠦᠢ ᠰᠢᠨ᠎ᠡ ᠵᠢ ᠡᠭᠦᠳᠬᠦ ᠲᠠᠪᠴᠠᠩ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠪᠠ ᠬᠥᠭᠵᠢᠯᠲᠡ ᠵᠢ ᠠᠬᠢᠭᠤᠯᠤᠭᠰᠠᠨ ᠪᠠᠢ᠌ᠨ᠎ᠠ᠃ ᠵᠢᠱ᠌ᠢᠶᠡᠯᠡᠪᠡᠯ ᠂ ᠮᠸᠩ ᠼᠤᠤ ᠪᠦᠯᠦᠭᠯᠡᠯ 《 ᠵᠠᠷᠯᠠᠨ ᠮᠠᠩᠯᠠᠢ᠌ᠯᠠᠭᠤᠯᠬᠤ 》 ᠰᠢᠨ᠎ᠡ ᠬᠡᠯᠪᠡᠷᠢ ᠵᠢᠨ ᠲᠣᠭᠲᠠᠴᠠ᠎ᠳᠤ ᠲᠦᠰᠢᠭᠯᠡᠨ ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠡᠷᠭᠡ ᠠᠷᠪᠠ ᠭᠠᠷᠤᠢ ᠨᠢᠭᠡᠴᠢ᠎ᠲᠠᠢ ᠥᠪᠥᠷ ᠮᠣᠩᠭᠣᠯ᠎ᠤᠨ ᠡᠪᠡᠰᠦᠨ ᠦᠷ᠎ᠡ ᠵᠢᠨ ᠦᠢ᠍ᠯᠡᠰ᠎ᠤᠨ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠪᠠᠢ᠌ᠭᠤᠯᠤᠭᠰᠠᠨ ᠪᠥᠭᠡᠳ ᠡᠭᠦᠨ ᠵᠶ᠋ᠡᠷ ᠰᠠᠭᠤᠷᠢ ᠪᠣᠯᠭ᠋ᠠᠨ ᠤᠯᠤᠰ᠎ᠤᠨ ᠪᠠᠷᠢᠮᠵᠢᠶ᠎ᠠ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠡᠪᠡᠰᠦᠨ ᠦᠷ᠎ᠡ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠪᠠᠢ᠌ᠭᠤᠯᠪᠠ ; 《ᠨᠡᠷᠡᠨ ᠬᠤᠸᠠᠷ᠎ᠤᠨ ᠦᠷ᠎ᠡ ᠡᠳ᠋᠎ᠤᠨ ᠡᠬᠢ ᠪᠠᠶᠠᠯᠢᠭ᠎ᠤᠨ ᠰᠢᠨ᠎ᠡ ᠵᠢ ᠡᠭᠦᠳᠬᠦ ᠵᠢᠴᠢ ᠰᠢᠨ᠎ᠡ ᠡᠭᠦᠯᠳᠡᠷ᠎ᠢ ᠰᠣᠩᠭᠣᠨ ᠪᠣᠢ᠌ᠵᠢᠭᠤᠯᠬᠤ》 ᠲᠥᠷᠥᠯ ᠵᠦᠢ᠍ᠯ᠎ᠳᠤ ᠲᠦᠰᠢᠭᠯᠡᠨ ᠪᠠᠢ᠌ᠭᠤᠯᠤᠭᠰᠠᠨ 《ᠨᠡᠷᠡᠨ ᠬᠤᠸᠠᠷ᠎ᠤᠨ ᠦᠷ᠎ᠡ ᠠᠵᠤ ᠦᠢ᠍ᠯᠡᠰ᠎ᠤᠨ ᠦᠢ᠍ᠯᠡᠳᠪᠦᠷᠢᠯᠡᠨ ᠵᠢᠭ᠋ᠠᠵᠤ ᠰᠤᠳᠤᠯᠬᠤ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ》᠎ᠨᠢ ᠨᠢᠭᠡᠨᠲᠡ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠥᠨᠳᠥᠷ ᠪᠦᠰᠡ ᠣᠷᠣᠨ᠎ᠤ ᠨᠡᠷᠡᠨ ᠬᠤᠸᠠᠷ᠎ᠤᠨ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠢ ᠪᠠᠢ᠌ᠭᠤᠯᠬᠤ ᠵᠢᠨ ᠴᠢᠬᠤᠯᠠ ᠬᠦᠴᠦᠨ ᠪᠣᠯᠤᠭᠰᠠᠨ ᠪᠠᠢ᠌ᠨ᠎ᠠ᠃
2023 ᠣᠨ᠎ᠳᠤ ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠲᠠᠪᠤᠳᠤᠭ᠋ᠠᠷ ᠪᠦᠬᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠬᠣᠯᠪᠣᠭᠳᠠᠯ ᠪᠦᠬᠦᠢ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭ᠋ᠠᠯᠠᠨ ᠠᠰᠢᠭᠯᠠᠬᠤ ᠂ ᠰᠠᠢ᠌ᠨ ᠡᠭᠦᠯᠳᠡᠷ᠎ᠤᠨ ᠲᠦᠪᠰᠢᠨ᠎ᠢ ᠳᠡᠭᠡᠭᠰᠢᠯᠡᠭᠦᠯᠬᠦ ᠂ ᠳᠠᠪᠠᠭᠤᠯᠢᠭ ᠣᠨᠴᠠᠯᠢᠭᠲᠤ ᠡᠭᠦᠯᠳᠡᠷ᠎ᠢ ᠪᠣᠢ᠌ᠵᠢᠭᠤᠯᠬᠤ ᠭᠤᠷᠪᠠᠨ ᠶᠡᠬᠡ ᠢᠨᠵᠧᠨᠧᠷᠢᠩ᠎ᠢ ᠰᠠᠢ᠌ᠲᠤᠷ ᠬᠡᠷᠡᠭᠵᠢᠭᠦᠯᠦᠨ᠎ᠡ ᠃ᠡᠨᠡ ᠵᠢᠯ 1 ᠳ᠋ᠦᠩᠰᠢᠭᠤᠷ ᠲᠥᠭᠥᠷᠢᠭ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠪᠡᠯᠡ ᠮᠥᠩᠭᠥ ᠲᠣᠬᠢᠷᠠᠭᠤᠯᠵᠤ᠂ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠦᠷᠭᠦᠯᠵᠢᠯᠡᠨ ᠠᠬᠢᠭᠤᠯᠵᠤ᠂ ᠱᠠᠲᠤ ᠦᠶ᠎ᠡ ᠵᠢᠨ ᠴᠢᠨᠠᠷᠲᠠᠢ ᠰᠢᠯᠭ᠋ᠠᠨ ᠬᠢᠨᠠᠬᠤ ᠵᠢ ᠴᠢᠩᠭ᠋ᠠᠳᠬᠠᠬᠤ᠎ᠪᠠᠷ ᠳᠡᠮᠵᠢᠨ᠂ ᠦᠷ᠎ᠡ ᠪᠦᠲᠦᠮᠵᠢ᠎ᠪᠠᠷ ᠢᠯᠡᠳᠲᠡ ᠲᠥᠷᠥᠯ ᠵᠦᠢ᠍ᠯ᠎ᠢ ᠬᠡᠷᠡᠭᠵᠢᠭᠦᠯᠬᠦ᠎ᠳᠤ ᠦᠷᠭᠦᠯᠵᠢᠯᠡᠨ ᠳᠡᠮᠵᠢᠯᠭᠡ ᠦᠵᠡᠭᠦᠯᠬᠦ ᠵᠢᠨ ᠬᠠᠮᠲᠤ᠂ ᠣᠨᠴᠠᠯᠢᠭᠲᠤ ᠮᠠᠯ ᠵᠢᠭᠦᠷᠲᠡᠨ᠂ ᠭᠣᠣᠯᠳᠠᠯᠭ᠎ᠠ᠎ᠲᠠᠢ ᠲᠠᠷᠢᠮᠠᠯ᠎ᠤᠨ ᠬᠦᠷᠢᠶ᠎ᠡ ᠴᠠᠷᠠᠭ᠎ᠠ ᠵᠢᠴᠢ ᠴᠢᠨᠠᠷ ᠰᠠᠢ᠌ᠲᠠᠢ ᠲᠡᠵᠢᠭᠡᠯ ᠡᠪᠡᠰᠦ ᠪᠣᠷᠳᠤᠭ᠎ᠠ ᠵᠢ ᠦᠢ᠍ᠯᠡᠳᠪᠦᠷᠢᠯᠡᠵᠦ ᠪᠣᠯᠪᠠᠰᠤᠷᠠᠭᠤᠯᠬᠤ ᠂ ᠪᠠᠢ᠌ᠭ᠋ᠠᠯᠢ ᠵᠢᠨ ᠨᠤᠲᠤᠭ ᠪᠡᠯᠴᠢᠭᠡᠷ᠎ᠢ ᠰᠠᠢ᠌ᠵᠢᠷᠠᠭᠤᠯᠬᠤ ᠪᠠ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠡᠷᠭᠡ ᠬᠦᠷᠢᠶ᠎ᠡ ᠴᠠᠷᠠᠭ᠎ᠠ ᠵᠢ ᠤᠯᠠᠮ ᠨᠢᠭᠡ ᠠᠯᠬᠤᠮ ᠬᠠᠮᠤᠷᠴᠤ᠂ ᠦᠷ᠎ᠡ ᠵᠢᠨ ᠦᠢ᠍ᠯᠡᠰ᠎ᠤᠨ ᠵᠠᠩᠭᠢᠯᠠᠭ᠎ᠠ ᠵᠢᠨ ᠮᠡᠷᠭᠡᠵᠢᠯ᠎ᠤᠨ ᠰᠢᠪᠲᠤᠯᠤᠯᠲᠠ ᠵᠢᠨ ᠲᠡᠶ᠋ᠢᠨ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠨ᠎ᠡ ᠃ ᠡᠭᠦᠨ᠎ᠤ ᠬᠠᠮᠲᠤ᠂ ᠪᠢᠳᠡ ᠪᠠᠰᠠ 《ᠲᠥᠷᠥᠯ ᠵᠦᠢ᠍ᠯ᠂ ᠴᠢᠳᠠᠪᠤᠷᠢᠲᠠᠨ᠂ ᠲᠠᠪᠴᠠᠩ》 ᠵᠡᠷᠭᠡ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠰᠢᠰᠲ᠋ᠧᠮᠵᠢᠭᠦᠯᠦᠨ ᠪᠦᠲᠦᠭᠡᠨ ᠪᠠᠢ᠌ᠭᠤᠯᠬᠤ ᠵᠢ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠦᠷ᠎ᠡ ᠵᠢᠨ ᠦᠢ᠍ᠯᠡᠰ᠎ᠤᠨ ᠬᠦᠷᠢᠶ᠎ᠡ ᠴᠠᠷᠠᠭ᠋ᠠᠨ᠎ᠳᠠᠬᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠤᠯᠭ᠋ᠠᠭᠤᠷᠢᠯᠠᠬᠤ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ᠃
ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠰᠤᠷᠪᠤᠯᠵᠢᠯᠠᠭᠴᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 2023 ᠣᠨ᠎ᠳᠤ ᠲᠣᠭᠲᠠᠭᠤᠨ᠎ᠤ ᠳᠤᠮᠳᠠ ᠲᠦᠷᠭᠡᠨ ᠤᠷᠤᠭᠰᠢᠯᠠᠵᠤ ᠲᠣᠭᠲᠠᠭᠤᠨ᠎ᠤ ᠳᠤᠮᠳᠠ ᠰᠢᠯᠢᠳᠡᠭ᠎ᠢ ᠠᠬᠢᠭᠤᠯᠬᠤ ᠵᠢ ᠪᠠᠷᠢᠮᠲᠠᠯᠠᠵᠤ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ》᠎ᠳᠤ᠂ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠥᠨᠳᠥᠷ ᠪᠦᠲᠦᠮᠵᠢᠲᠡᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠲᠠᠯ᠎ᠠ᠎ᠪᠠᠷ᠂ ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠪᠦᠲᠦᠭᠡᠨ ᠪᠠᠢ᠌ᠭᠤᠯᠬᠤ ᠠᠵᠢᠯᠯᠠᠭ᠎ᠠ ᠵᠢ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠬᠦ᠎ᠳᠤ ᠡᠳ᠋᠎ᠤᠨ ᠵᠠᠰᠠᠭ᠎ᠠᠴᠠ ᠶᠠᠮᠠᠷ ᠶᠠᠮᠠᠷ ᠦᠢ᠍ᠯᠡᠳᠦᠯ ᠭᠠᠷᠭ᠋ᠠᠭᠰᠠᠨ ᠪᠣᠶ?
ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠳᠡᠳ᠋ ᠳᠠᠷᠤᠭ᠎ᠠ ᠵᠠᠩ ᠬᠠᠢ ᠹᠧᠩ᠄ ᠶᠡᠷᠦᠩᠬᠡᠢ ᠱᠦᠵᠢ ᠰᠢ ᠵᠢᠨ ᠫᠢᠩ ᠠᠮᠤ ᠪᠤᠳᠠᠭ᠋ᠠᠨ᠎ᠤ ᠠᠮᠤᠷ ᠲᠦᠪᠰᠢᠨ᠎ᠢ ᠢᠮᠠᠭᠲᠠ ᠴᠢᠬᠤᠯᠠᠴᠢᠯᠠᠭᠰᠠᠭ᠋ᠠᠷ ᠢᠷᠡᠵᠡᠶ᠂ ᠲᠡᠷᠡ ᠴᠢᠬᠤᠯᠠᠴᠢᠯᠠᠬᠤ᠎ᠳᠠᠭᠠᠨ᠂ ᠳᠤᠮᠳᠠᠳᠤ ᠤᠯᠤᠰ᠎ᠤᠨ ᠬᠥᠮᠥᠨ᠎ᠤ ᠪᠤᠳᠠᠭ᠋ᠠᠨ ᠠᠶᠠᠭ᠎ᠠ ᠵᠢ ᠬᠡᠵᠢᠶ᠎ᠡ ᠴᠦ᠍ ᠭᠡᠰᠡᠨ ᠴᠥᠮ ᠥᠪᠡᠷ᠎ᠤᠨ ᠭᠠᠷ᠎ᠲᠠᠭᠠᠨ ᠪᠠᠲᠤ ᠠᠳᠬᠤᠬᠤ ᠬᠡᠷᠡᠭᠲᠡᠢ ᠭᠡᠵᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠪᠣᠯ ᠭᠠᠵᠠᠷ ᠰᠢᠷᠣᠢ᠎ᠪᠠᠷ ᠠᠮᠤ ᠪᠤᠳᠠᠭ᠎ᠠ ᠵᠢ ᠪᠠᠲᠤᠯᠠᠬᠤ ᠪᠠᠢ᠌ᠯᠳᠤᠬᠤ ᠪᠣᠳᠣᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠬᠤ ᠵᠢᠨ ᠴᠢᠬᠤᠯᠠ ᠭᠠᠷᠳᠠᠴᠠ ᠪᠠ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠮᠥᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠢ᠌ᠭᠤᠯᠬᠤ ᠪᠣᠯ ᠲᠠᠷᠢᠶᠠᠯᠠᠩ᠎ᠤᠨ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠬᠦ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠢᠨ ᠪᠣᠳᠠᠲᠤ ᠬᠡᠷᠡᠭᠴᠡᠭᠡ ᠮᠥᠨ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠳᠤᠮᠳᠠᠬᠢ ᠬᠦᠴᠢᠷ ᠠᠰᠠᠭᠤᠳᠠᠯ ᠵᠢᠴᠢ ᠲᠦᠭᠵᠢᠷᠡᠯ᠎ᠤᠨ ᠴᠡᠭ᠎ᠤᠨ ᠠᠰᠠᠭᠤᠳᠠᠯ᠎ᠳᠤ ᠴᠢᠭᠯᠡᠭᠦᠯᠦᠨ᠂ ᠡᠳ᠋᠎ᠤᠨ ᠵᠠᠰᠠᠭ᠎ᠤᠨ ᠲᠢᠩᠬᠢᠮ᠎ᠠᠴᠠ ᠪᠡᠯᠡ ᠮᠥᠩᠭᠥ ᠵᠢᠨ ᠪᠠᠲᠤᠯᠠᠭ᠎ᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠵᠠᠷᠤᠯᠭ᠎ᠠ ᠵᠢᠨ ᠠᠬᠢᠴᠠ᠎ᠪᠠᠨ ᠲᠦᠷᠭᠡᠳᠬᠡᠨ᠂ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ 《ᠠᠶᠠᠭ᠎ᠠ ᠠᠮᠤ ᠪᠤᠳᠠᠭ᠎ᠠ ᠵᠢ ᠬᠠᠮᠲᠤ᠎ᠪᠠᠷ ᠰᠦᠪᠡᠭᠴᠢᠯᠡᠵᠦ᠂ ᠬᠡᠰᠡᠭ ᠲᠠᠷᠢᠶ᠎ᠠ ᠵᠢ ᠬᠠᠮᠲᠤ᠎ᠪᠠᠷ ᠠᠳᠬᠤᠬᠤ》 ᠠᠵᠢᠯ᠎ᠤᠨ ᠨᠡᠢ᠌ᠯᠡᠮᠡᠯ ᠬᠦᠴᠦᠨ᠎ᠢ ᠪᠣᠶ ᠪᠣᠯᠭ᠋ᠠᠵᠤ᠂ ᠪᠥᠬᠥ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠬᠦᠴᠦᠲᠡᠢ ᠲᠦᠯᠬᠢᠨ ᠠᠬᠢᠭᠤᠯᠪᠠ᠃
ᠨᠢᠭᠡ᠂ ᠳᠦᠷᠢᠮ ᠲᠣᠭᠲᠠᠭ᠋ᠠᠯ᠎ᠤᠨ ᠵᠢᠷᠤᠮᠵᠢᠭᠤᠯᠬᠤ
ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠨᠥᠬᠥᠪᠦᠷᠢ ᠪᠡᠯᠡ ᠮᠥᠩᠭᠥ ᠵᠢᠨ ᠬᠠᠮᠢᠶᠠᠷᠤᠯᠲᠠ ᠵᠢ ᠵᠢᠷᠤᠮᠵᠢᠭᠤᠯᠤᠨ ᠴᠢᠩᠭ᠋ᠠᠳᠬᠠᠵᠤ᠂ ᠪᠡᠯᠡ ᠮᠥᠩᠭᠥ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢ ᠴᠢᠩᠭ᠋ᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ 《ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠷᠪᠠᠨ ᠨᠢᠭᠡᠨ ᠵᠤᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2022] 72 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠪᠠ᠃ ᠡᠭᠦᠨ᠎ᠤ ᠬᠠᠮᠲᠤ᠂ ᠡᠳ᠋᠎ᠤᠨ ᠵᠠᠰᠠᠭ᠎ᠤᠨ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠡᠮᠬᠢᠯᠡᠨ ᠨᠡᠢ᠌ᠯᠡᠭᠦᠯᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠪᠡᠯᠡ ᠮᠥᠩᠭᠥ ᠵᠢᠨ ᠳᠡᠮᠵᠢᠬᠦ ᠴᠢᠭᠯᠡᠯ ᠪᠠ ᠭᠣᠣᠯᠳᠠᠯᠭ᠎ᠠ ᠵᠢ ᠲᠣᠳᠣᠷᠬᠠᠢ᠌ᠯᠠᠨ᠂ ᠲᠣᠰ ᠲᠣᠰ᠎ᠤᠨ ᠡᠭᠦᠷᠭᠡ ᠴᠢᠳᠠᠪᠤᠷᠢ᠎ᠪᠠᠨ ᠬᠤᠪᠢᠶᠠᠷᠢᠯᠠᠵᠤ᠂ ᠲᠤᠰᠬᠠᠢ ᠪᠡᠯᠡ ᠮᠥᠩᠭᠥ ᠵᠢᠨ ᠬᠡᠷᠡᠭᠯᠡᠯᠲᠡ ᠵᠢ ᠵᠢᠷᠤᠮᠵᠢᠭᠤᠯᠤᠨ᠂ ᠦᠨᠡᠯᠡᠨ ᠱᠠᠩᠨᠠᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ 《ᠲᠠᠷᠢᠶᠠᠨ ᠭᠠᠵᠠᠷ᠎ᠢ ᠰᠠᠢ᠌ᠲᠤᠷ ᠪᠠᠢ᠌ᠭᠤᠯᠵᠤ᠂ ᠲᠠᠷᠢᠶᠠᠨ ᠭᠠᠵᠠᠷ᠎ᠢ ᠰᠠᠢ᠌ᠲᠤᠷ ᠬᠠᠮᠢᠶᠠᠷᠬᠤ》 ᠬᠠᠷᠠᠯᠲᠠ᠎ᠳᠤ ᠬᠦᠷᠦᠭᠦᠯᠬᠦ ᠵᠢ ᠦᠨᠡᠨ ᠬᠦ᠌ ᠪᠠᠲᠤᠯᠠᠪᠠ᠃
ᠬᠣᠶᠠᠷ ᠂ ᠪᠦᠲᠦᠭᠡᠨ ᠪᠠᠢ᠌ᠭᠤᠯᠬᠤ ᠪᠠᠷᠢᠮᠵᠢᠶ᠎ᠠ ᠵᠢ ᠲᠣᠳᠤᠷᠬᠠᠢ᠌ᠯᠠᠬᠤ
2022 ᠣᠨ᠎ᠳᠤ 《 ᠦᠨᠳᠦᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠦᠨᠡᠨ ᠬᠦ᠌ ᠴᠢᠩᠭ᠋ᠠᠳᠬᠠᠵᠤ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》 (ᠲᠥᠷᠥ ᠠᠯᠪᠠᠨ ᠲᠠᠷᠬᠠᠭ᠋ᠠᠭᠰᠠᠨ [2019] 50 ᠳ᠋ᠤᠭ᠋ᠠᠷ ᠲᠣᠭ᠋ᠠᠲᠤ) ᠪᠣᠯᠣᠨ ᠥᠪᠡᠷᠲᠡᠭᠡᠨ ᠵᠠᠰᠠᠬᠤ ᠣᠷᠣᠨ᠎ᠤ ᠭᠣᠣᠯ ᠤᠳᠤᠷᠢᠳᠤᠯᠭ᠎ᠠ ᠵᠢᠨ ᠵᠢᠭ᠋ᠠᠪᠤᠷᠢ ᠵᠢᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠲᠠᠢ ᠢᠳᠡᠪᠬᠢᠲᠡᠢ ᠬᠠᠮᠵᠢᠯᠴᠠᠨ᠂ 3 ᠰᠠᠷ᠎ᠠ ᠭᠠᠷᠤᠢ ᠵᠢᠨ ᠴᠠᠭ ᠵᠠᠷᠤᠴᠠᠭᠤᠯᠵᠤ᠂ 3 ᠤᠳᠠᠭ᠎ᠠ ᠬᠢᠨᠠᠨ ᠲᠣᠭᠲᠠᠭ᠋ᠠᠬᠤ᠂ 4 ᠤᠳᠠᠭ᠎ᠠ ᠵᠠᠰᠠᠪᠤᠷᠢ ᠣᠷᠣᠭᠤᠯᠬᠤ᠂ 4 ᠤᠳᠠᠭ᠎ᠠ ᠲᠡᠷᠢᠭᠦᠯᠡᠭᠴᠢᠳ᠎ᠤᠨ ᠬᠤᠷᠠᠯ ᠵᠶ᠋ᠠᠷ ᠳᠡᠮᠵᠢᠨ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ 《ᠨᠡᠢ᠌ᠲᠡᠯᠢᠭ ᠵᠢᠷᠤᠭ ᠲᠥᠯᠥᠪᠯᠡᠭᠡ》 ᠵᠢ ᠪᠣᠶ ᠪᠣᠯᠭ᠋ᠠᠪᠠ᠃ ᠮᠠᠨ᠎ᠤ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠮᠦ᠍ ᠪᠦᠷᠢ ᠵᠢᠨ ᠳᠤᠮᠳᠠᠴᠢ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ ᠵᠢ 1800 ᠲᠥᠭᠥᠷᠢᠭ᠎ᠤᠨ ᠤᠰᠤᠯᠠᠯᠲᠠ ᠵᠢᠨ ᠲᠠᠷᠢᠶ᠎ᠠ᠂ 1300 ᠲᠥᠭᠥᠷᠢᠭ᠎ᠤᠨ ᠬᠠᠭᠤᠷᠠᠢ ᠲᠠᠷᠢᠶ᠎ᠠ ᠪᠣᠯᠭ᠋ᠠᠬᠤ᠎ᠪᠠᠷ ᠲᠣᠭᠲᠠᠭ᠋ᠠᠪᠠ᠃
ᠭᠤᠷᠪᠠ ᠂ ᠪᠡᠯᠡ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠮᠥᠩᠭᠥ ᠵᠢᠨ ᠬᠠᠮᠢᠶᠠᠷᠤᠯᠲᠠ ᠵᠢ ᠨᠡᠩ ᠰᠠᠢ᠌ᠨ ᠴᠢᠩᠭ᠋ᠠᠳᠬᠠᠬᠤ ᠵᠢᠨ ᠲᠥᠯᠥᠭᠡ᠂ ᠪᠡᠯᠡ ᠮᠥᠩᠭᠥ ᠵᠢ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠵᠢ ᠰᠡᠷᠭᠡᠢ᠌ᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠮᠥᠩᠭᠥ ᠵᠢᠨ ᠲᠠᠯ᠎ᠠ ᠪᠠᠷ᠎ᠬᠢ ᠬᠡᠷᠡᠭᠴᠡᠭᠡ ᠵᠢ ᠪᠦᠲᠦᠮᠵᠢᠲᠡᠢ ᠪᠠᠲᠤᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠨᠥᠬᠥᠪᠦᠷᠢ ᠪᠡᠯᠡ ᠮᠥᠩᠭᠥ ᠵᠢᠨ ᠵᠠᠷᠤᠯᠭ᠎ᠠ ᠵᠢᠨ ᠠᠬᠢᠴᠠ ᠵᠢ ᠲᠦᠷᠭᠡᠳᠬᠡᠵᠦ᠂ ᠡᠳ᠋᠎ᠤᠨ ᠵᠠᠰᠠᠭ᠎ᠤᠨ ᠲᠢᠩᠬᠢᠮ᠎ᠠᠴᠠ ᠠᠷᠠᠳ᠎ᠤᠨ ᠪᠠᠩᠬᠢ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠤᠰᠬᠠᠢ ᠪᠡᠯᠡ ᠮᠥᠩᠭᠥ ᠵᠢᠨ ᠲᠠᠩᠰᠠᠨ ᠡᠷᠦᠬᠡ ᠪᠠᠢ᠌ᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠮᠥᠩᠭᠥ ᠵᠢ ᠲᠤᠰᠬᠠᠢ ᠲᠠᠩᠰᠠᠨ ᠡᠷᠦᠬᠡ᠎ᠪᠠᠷ ᠬᠠᠮᠢᠶᠠᠷᠬᠤ᠂ ᠪᠢᠲᠡᠭᠦᠮᠵᠢᠯᠡᠨ ᠠᠵᠢᠯᠯᠠᠭᠤᠯᠬᠤ᠂ ᠲᠤᠰᠠᠭ᠋ᠠᠷ ᠰᠢᠯᠵᠢᠭᠦᠯᠦᠨ ᠥᠭᠬᠦ᠂ ᠲᠤᠰᠠᠭ᠋ᠠᠷ ᠢᠯᠭ᠋ᠠᠷᠠᠭᠤᠯᠤᠨ ᠪᠤᠳᠤᠬᠤ᠂ ᠪᠢᠲᠡᠭᠦᠦ ᠬᠠᠮᠢᠶᠠᠷᠤᠯᠲᠠ᠎ᠪᠠᠷ ᠳᠠᠮᠵᠢᠭᠤᠯᠤᠨ᠂ ᠪᠠᠷᠢᠯᠭ᠎ᠠ ᠪᠠᠷᠢᠬᠤ ᠨᠢᠭᠡᠴᠢ ᠵᠢᠨ ᠪᠠᠷᠢᠯᠭ᠎ᠠ ᠵᠢᠨ ᠵᠣᠭᠣᠰ᠎ᠢ ᠬᠣᠢ᠌ᠰᠢᠯᠠᠭᠤᠯᠬᠤ ᠦᠭᠡᠢ ᠥᠷᠢᠲᠦᠬᠦ ᠦᠭᠡᠢ᠂ ᠬᠥᠯᠥᠰᠦᠨ ᠠᠵᠢᠯᠴᠢᠨ᠎ᠤ ᠴᠠᠯᠢᠩ᠎ᠢ ᠴᠠᠭ ᠲᠤᠬᠠᠢᠳᠤᠨᠢ ᠨᠠᠢ᠌ᠳᠠᠪᠤᠷᠢᠵᠢᠭᠤᠯᠬᠤ ᠵᠢ ᠪᠠᠲᠤᠯᠠᠪᠠ᠃ ᠲᠤᠰᠬᠠᠢ ᠵᠣᠭᠣᠰ᠎ᠢ ᠲᠤᠰᠬᠠᠢ ᠬᠡᠷᠡᠭᠯᠡᠬᠦ ᠬᠠᠮᠢᠶᠠᠷᠤᠯᠲᠠ ᠵᠢᠨ ᠳᠦᠷᠢᠮ᠎ᠤᠨ ᠪᠠᠲᠤᠯᠠᠭ᠎ᠠ ᠳᠣᠣᠷ᠎ᠠ᠂ 2022 ᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠵᠦᠢ᠍ᠯᠡᠰ᠎ᠢ ᠬᠡᠷᠡᠭᠵᠢᠭᠦᠯᠬᠦ ᠠᠬᠢᠴᠠ ᠪᠣᠯᠣᠨ ᠪᠡᠯᠡ ᠮᠥᠩᠭᠥ ᠲᠥᠯᠥᠬᠦ ᠠᠬᠢᠴᠠ ᠵᠢ ᠴᠥᠮ ᠶᠡᠬᠡ᠎ᠪᠠᠷ ᠳᠡᠭᠡᠭᠰᠢᠯᠡᠭᠦᠯᠵᠦ᠂ ᠨᠠᠩ ᠣᠯᠠᠨ ᠲᠠᠷᠢᠶᠠᠴᠢᠳ᠎ᠤᠨ 《ᠵᠣᠭᠣᠰ᠎ᠤᠨ ᠤᠭᠤᠲᠠ》 ᠵᠢ ᠲᠠᠰᠤᠷᠠᠯᠲᠠ ᠦᠭᠡᠢ ᠬᠥᠭᠵᠢᠭᠡᠨ ᠪᠠᠳᠠᠷᠠᠭᠤᠯᠵᠤ᠂ ᠥᠷᠭᠡᠨ ᠣᠯᠠᠨ ᠲᠠᠷᠢᠶᠠᠴᠢᠳ᠎ᠤᠨ ᠠᠮᠤ ᠪᠤᠳᠠᠭ᠎ᠠ ᠳᠠᠷᠢᠬᠤ ᠢᠳᠡᠪᠬᠢᠵᠢᠯ᠎ᠢ ᠦᠷᠭᠦᠯᠵᠢᠯᠡᠨ ᠳᠠᠢ᠌ᠴᠢᠯᠠᠪᠠ ᠃
ᠳᠥᠷᠪᠡ᠂ ᠪᠡᠯᠡ ᠮᠥᠩᠭᠥ ᠵᠢᠨ ᠪᠠᠲᠤᠯᠠᠭ᠎ᠠ ᠵᠢ ᠰᠠᠢ᠌ᠲᠤᠷ ᠬᠢᠬᠦ
2023 ᠣᠨ᠎ᠳᠤ ᠲᠥᠪ᠎ᠠᠴᠠ ᠪᠠᠭᠤᠯᠭ᠋ᠠᠭᠰᠠᠨ ᠮᠠᠨ᠎ᠤ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠶᠡᠷᠦᠩᠬᠡᠢ ᠡᠭᠦᠷᠭᠡ ᠵᠢᠨ ᠲᠣᠭ᠎ᠠ 395 ᠲᠦᠮᠡᠨ ᠮᠦ᠍᠎ᠳᠤ ᠬᠦᠷᠴᠦ᠂ ᠥᠪᠡᠷᠲᠡᠭᠡᠨ ᠵᠠᠰᠠᠬᠤ ᠣᠷᠣᠨ᠎ᠠᠴᠠ ᠨᠢᠭᠡᠨᠲᠡ 15 ᠳ᠋ᠦᠩᠰᠢᠭᠤᠷ ᠲᠥᠭᠥᠷᠢᠭ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠨᠥᠬᠥᠪᠦᠷᠢ ᠪᠡᠯᠡ ᠮᠥᠩᠭᠥ ᠵᠢ ᠤᠷᠢᠳᠴᠢᠯᠠᠨ ᠪᠠᠭᠤᠯᠭ᠋ᠠᠵᠤ᠂ 2022 ᠣᠨ᠎ᠤ ᠡᠳ᠋᠎ᠤᠨ ᠵᠠᠰᠠᠭ᠎ᠤᠨ ᠨᠥᠬᠥᠪᠦᠷᠢ ᠵᠢᠨ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠵᠤ᠂ ᠠᠢ᠌ᠮᠠᠭ ᠬᠣᠲᠠ᠂ ᠬᠣᠰᠢᠭᠤ ᠰᠢᠶᠠᠨ᠎ᠤ ᠵᠠᠰᠠᠭ᠎ᠤᠨ ᠣᠷᠳᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠮᠥᠩᠭᠥ ᠵᠢ ᠪᠦᠬᠦᠨ᠎ᠢ ᠲᠥᠪ ᠵᠢᠴᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ᠎ᠠᠴᠠ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠪᠠᠷᠢᠮᠵᠢᠶ᠎ᠠ᠎ᠲᠠᠢ᠂ ᠪᠡᠯᠡ ᠮᠥᠩᠭᠥ᠎ᠳᠤ ᠪᠠᠲᠤᠯᠠᠭ᠎ᠠ᠎ᠲᠠᠢ᠂ ᠬᠠᠮᠢᠶᠠᠷᠤᠯᠲᠠ᠎ᠳᠤ ᠠᠷᠭ᠎ᠠ ᠬᠡᠮᠵᠢᠶ᠎ᠡ᠎ᠲᠠᠢ᠂ ᠲᠠᠷᠢᠶᠠᠴᠢᠳ᠎ᠲᠤ ᠠᠰᠢᠭ ᠬᠦᠷᠲᠡᠭᠡᠬᠦ ᠵᠢ ᠪᠡᠶᠡᠯᠡᠭᠦᠯᠵᠦ᠂ ᠪᠥᠬᠥ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠬᠦᠴᠦᠲᠡᠢ ᠲᠦᠯᠬᠢᠨ ᠠᠬᠢᠭᠤᠯᠵᠤ᠂ ᠪᠥᠬᠥ ᠣᠷᠣᠨ᠎ᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠦᠨ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠵᠢ ᠪᠥᠬᠥ ᠲᠠᠯ᠎ᠠ᠎ᠪᠠᠷ ᠪᠡᠬᠢᠵᠢᠭᠦᠯᠪᠡ᠃
ᠠᠷᠠᠳ᠎ᠤᠨ ᠰᠦᠯᠵᠢᠶ᠎ᠡ ᠵᠢᠨ ᠰᠤᠷᠪᠤᠯᠵᠢᠯᠠᠭᠴᠢ᠄ ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ᠂ ᠨᠠᠷᠠᠲᠤ ᠲᠥᠷᠥᠯ ᠲᠡᠮᠳᠡᠭᠲᠦ ᠵᠢ ᠪᠣᠢ᠌ᠵᠢᠭᠤᠯᠵᠤ᠂ 《 ᠦᠪᠦᠷ ᠮᠣᠩᠭᠣᠯ》 ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠬᠤ ᠵᠢ ᠴᠢᠩᠭ᠋ᠠᠳᠬᠠᠵᠤ᠂ ᠨᠠᠩ ᠣᠯᠠᠨ ᠰᠠᠢ᠌ᠨ ᠦᠢ᠍ᠯᠡᠳᠬᠦᠨ᠎ᠢ ᠰᠠᠢ᠌ᠨ ᠨᠠᠷᠠᠲᠤ ᠲᠥᠷᠥᠯ ᠲᠡᠮᠳᠡᠭᠲᠦ ᠪᠣᠯᠭ᠋ᠠᠨ᠂ ᠶᠡᠬᠡ ᠵᠠᠬ᠎ᠠ ᠳᠡᠯᠭᠡᠭᠦᠷ᠎ᠢ ᠡᠵᠡᠯᠡᠨ᠂ 《ᠮᠢᠩᠭ᠋ᠠᠨ ᠭᠠᠵᠠᠷ᠎ᠤᠨ ᠲᠠᠯ᠎ᠠ ᠨᠤᠲᠤᠭ᠂ ᠲᠦᠮᠡᠨ ᠾᠸᠺᠠᠲ᠋ᠤᠷ ᠮᠠᠯᠵᠢᠯ᠎ᠤᠨ ᠲᠠᠯᠠᠪᠠᠶ᠂ ᠠᠮᠢ ᠠᠬᠤᠢ ᠵᠢᠨ ᠥᠪᠥᠷ ᠮᠣᠩᠭᠣᠯ᠂ ᠪᠣᠬᠢᠷᠲᠤᠯ ᠦᠭᠡᠢ ᠰᠠᠢ᠌ᠬᠠᠨ ᠦᠨᠦᠷ ᠠᠮᠲᠠ》 ᠵᠢ ᠤᠯᠠᠮ᠎ᠠᠴᠠ ᠤᠯᠠᠮ ᠬᠠᠩᠭᠢᠨᠠᠲᠠᠯ᠎ᠠ ᠪᠠᠳᠠᠷᠠᠭᠤᠯᠬᠤ ᠬᠡᠷᠡᠭᠲᠡᠢ ᠭᠡᠵᠦ ᠳᠤᠷᠠᠳᠤᠨ ᠭᠠᠷᠭ᠋ᠠᠵᠠᠢ᠃ ᠲᠡᠭᠡᠪᠡᠯ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ 《ᠦᠪᠦᠷ ᠮᠣᠩᠭᠣᠯ》 ᠥᠰᠥᠭ᠎ᠤᠨ ᠲᠡᠮᠳᠡᠭ᠎ᠤᠨ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠬᠤ ᠵᠢᠨ ᠲᠦᠷᠦᠭᠦᠯᠡᠬᠦ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ 2023 ᠣᠨ᠎ᠳᠤ ᠶᠠᠮᠠᠷ ᠰᠢᠨ᠎ᠡ ᠲᠥᠯᠥᠪᠯᠡᠭᠡ ᠪᠠ ᠠᠷᠭ᠎ᠠ ᠬᠡᠮᠵᠢᠶ᠎ᠡ ᠠᠪᠤᠭᠰᠠᠨ ᠪᠣᠶ?
ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠳᠡᠳ᠋ ᠳᠠᠷᠤᠭ᠎ᠠ ᠨᠢᠩ ᠶᠦᠨ ᠹᠧᠢ᠄ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ ᠵᠢ ᠲᠦᠯᠬᠢᠨ ᠠᠬᠢᠭᠤᠯᠬᠤ ᠵᠢᠨ ᠲᠤᠰᠠᠳᠠ᠂ ᠲᠠᠷᠢᠶᠠᠯᠠᠩ ᠮᠠᠯ ᠠᠵᠤ ᠠᠬᠤᠢ ᠵᠢᠨ ᠨᠠᠷᠠᠲᠤ ᠲᠥᠷᠥᠯ ᠲᠡᠮᠳᠡᠭᠲᠦ ᠵᠢ ᠦᠢ᠍ᠯᠡᠳᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠭᠤᠷᠪᠠᠨ ᠵᠢᠯ ᠭᠠᠷᠤᠢ ᠵᠢᠨ ᠴᠥᠬᠥᠷᠡᠰᠢ ᠦᠭᠡᠢ ᠴᠢᠷᠮᠠᠢ᠌ᠯᠭ᠎ᠠ ᠪᠠᠷ ᠳᠡᠮᠵᠢᠨ᠂ 《ᠦᠪᠦᠷ ᠮᠣᠩᠭᠣᠯ》 ᠲᠡᠮᠳᠡᠭ᠎ᠤᠨ ᠭᠡᠷᠡᠴᠢᠯᠡᠯ᠎ᠨᠢ ᠨᠢᠭᠡᠨᠲᠡ ᠥᠪᠥᠷ ᠮᠣᠩᠭᠣᠯ᠎ᠤᠨ ᠣᠷᠣᠨ ᠪᠦᠰᠡ ᠵᠢᠨ ᠣᠨᠴᠠᠯᠢᠭ᠎ᠲᠠᠢ ᠭᠡᠷᠡᠴᠢᠯᠡᠯ᠎ᠤᠨ ᠨᠡᠷᠡᠲᠦ ᠲᠦᠷᠦᠯ ᠲᠡᠮᠳᠡᠭᠲᠦ ᠪᠣᠯᠵᠤ᠂ ᠨᠡᠢ᠌ᠭᠡᠮ᠎ᠤᠨ ᠡᠯ᠎ᠡ ᠡᠲᠡᠭᠡᠳ ᠪᠠ ᠥᠷᠭᠡᠨ ᠣᠯᠠᠨ ᠬᠡᠷᠡᠭᠯᠡᠭᠴᠢᠳ᠎ᠤᠨ ᠥᠷᠭᠡᠨ ᠳᠡᠯᠭᠡᠷ ᠠᠩᠬᠠᠷᠤᠯ᠎ᠢ ᠲᠠᠲᠠᠵᠤ᠂ ᠨᠠᠷᠠᠲᠤ ᠲᠥᠷᠥᠯ ᠲᠡᠮᠳᠡᠭᠲᠦ ᠵᠢᠨ ᠢᠯᠭ᠋ᠠᠨ ᠲᠠᠨᠢᠬᠤ ᠬᠡᠮᠵᠢᠶ᠎ᠡ᠂ ᠨᠡᠷ᠎ᠡ ᠠᠯᠳᠠᠷ᠎ᠤᠨ ᠬᠡᠮᠵᠢᠶ᠎ᠡ ᠪᠠ ᠨᠥᠯᠥᠭᠡᠯᠡᠬᠦ ᠬᠦᠴᠦᠨ ᠲᠠᠰᠤᠷᠠᠯᠲᠠ ᠦᠭᠡᠢ ᠳᠡᠭᠡᠭᠰᠢᠯᠡᠵᠦ᠂ ᠦᠨᠡᠮᠯᠡᠯ ᠣᠯᠣᠭᠰᠠᠨ ᠠᠵᠤ ᠠᠬᠤᠢ᠌ᠯᠠᠯ᠎ᠤᠳ 《 ᠦᠪᠦᠷ ᠮᠣᠩᠭᠣᠯ》 ᠲᠡᠮᠳᠡᠭ᠎ᠤᠨ ᠭᠡᠷᠡᠴᠢᠯᠡᠯ᠎ᠤᠨ ᠨᠠᠷᠠᠲᠤ ᠲᠥᠷᠥᠯ ᠲᠡᠮᠳᠡᠭᠲᠦ ᠵᠢᠨ ᠲᠣᠭᠣᠷᠢᠨ᠎ᠳᠤ ᠤᠯᠠᠮ ᠨᠢᠭᠡ ᠠᠯᠬᠤᠮ ᠬᠡᠯᠬᠢᠶᠡᠰᠦ ᠵᠢ ᠤᠷᠲᠤᠳᠬᠠᠨ ᠬᠡᠯᠬᠢᠶᠡᠰᠦ ᠵᠢ ᠨᠥᠬᠥᠪᠦᠷᠢᠯᠡᠵᠦ᠂ ᠦᠳᠲᠡᠷ ᠲᠦᠷᠭᠡᠨ ᠵᠶ᠋ᠡᠷ ᠪᠠᠷᠢᠮᠵᠢᠶᠠᠵᠢᠭᠰᠠᠨ᠂ ᠬᠡᠪᠴᠢᠶᠡᠵᠢᠭᠰᠡᠨ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯᠵᠢᠭᠰᠡᠨ ᠬᠥᠭᠵᠢᠯᠲᠡ ᠵᠢᠨ ᠳᠠᠭ᠋ᠠᠭᠤᠯᠤᠭᠴᠢ ᠠᠵᠤ ᠠᠬᠤᠢ᠌ᠯᠠᠯ ᠪᠣᠯᠵᠤ᠂ ᠨᠠᠷᠠᠲᠤ ᠲᠥᠷᠥᠯ ᠲᠡᠮᠳᠡᠭᠲᠦ ᠵᠢᠨ ᠦᠨ᠎ᠡ ᠥᠰᠬᠦ ᠴᠢᠳᠠᠪᠤᠷᠢ᠂ ᠨᠡᠢ᠌ᠭᠡᠮ᠎ᠤᠨ ᠦᠷ᠎ᠡ ᠠᠰᠢᠭ ᠪᠠ ᠠᠵᠤ ᠠᠬᠤᠢ ᠵᠢᠨ ᠦᠷ᠎ᠡ ᠠᠰᠢᠭ ᠢᠯᠡᠳᠲᠡ ᠳᠡᠭᠡᠭᠰᠢᠯᠡᠪᠡ᠃
2023 ᠣᠨ᠎ᠳᠤ᠂ ᠳᠣᠣᠷᠠᠬᠢ ᠲᠠᠪᠤᠨ ᠲᠠᠯ᠎ᠠ ᠵᠢᠨ ᠠᠷᠭ᠎ᠠ ᠬᠡᠮᠵᠢᠶ᠎ᠡ ᠵᠢ ᠠᠪᠴᠤ ᠠᠵᠢᠯ᠎ᠢ ᠲᠦᠯᠬᠢᠨ ᠠᠬᠢᠭᠤᠯᠤᠨ᠎ᠠ᠄ ᠨᠢᠭᠡ᠎ᠳᠤ 《 ᠦᠪᠦᠷ ᠮᠣᠩᠭᠣᠯ》 ᠲᠡᠮᠳᠡᠭ᠎ᠤᠨ ᠭᠡᠷᠡᠴᠢᠯᠡᠭᠡ ᠵᠢ ᠲᠦᠯᠬᠢᠨ ᠠᠬᠢᠭᠤᠯᠬᠤ ᠡᠷᠴᠢᠮ᠎ᠢ ᠴᠢᠩᠭ᠋ᠠᠷᠠᠭᠤᠯᠵᠤ᠂ 《 ᠦᠪᠦᠷ ᠮᠣᠩᠭᠣᠯ》 ᠲᠡᠮᠳᠡᠭ᠎ᠤᠨ ᠭᠡᠷᠡᠴᠢᠯᠡᠭᠡ ᠵᠢᠨ 《ᠲᠠᠪᠤᠨ ᠶᠡᠬᠡ ᠰᠢᠰᠲ᠋ᠧᠮᠵᠢ》 ᠵᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠲᠣᠭᠣᠷᠢᠨ᠎ᠳᠤ᠂ ᠭᠡᠷᠡᠴᠢᠯᠡᠯ᠎ᠤᠨ ᠪᠠᠷᠢᠮᠵᠢᠶ᠎ᠠ ᠵᠢ ᠰᠤᠳᠤᠯᠤᠨ ᠦᠢ᠍ᠯᠡᠳᠬᠦ ᠵᠢ ᠠᠬᠢᠭᠤᠯᠵᠤ᠂ ᠦᠨᠡᠮᠯᠡᠯ ᠣᠯᠣᠭᠰᠠᠨ ᠠᠵᠤ ᠠᠬᠤᠢ᠌ᠯᠠᠯ ᠪᠠ ᠦᠢ᠍ᠯᠡᠳᠬᠦᠨ᠎ᠤ ᠲᠣᠭ᠎ᠠ ᠬᠡᠮᠵᠢᠶ᠎ᠡ ᠵᠢ ᠥᠷᠭᠡᠳᠬᠡᠨ᠂ ᠡᠨᠡ ᠵᠢᠯ 25 ᠭᠡᠷᠡᠴᠢᠯᠡᠯ᠎ᠤᠨ ᠪᠠᠷᠢᠮᠵᠢᠶ᠎ᠠ ᠵᠢ ᠰᠤᠳᠤᠯᠤᠨ ᠦᠢ᠍ᠯᠡᠳᠴᠦ᠂ 150᠎ᠠᠴᠠ ᠳᠡᠭᠡᠭᠰᠢ ᠠᠵᠤ ᠠᠬᠤᠢ᠌ᠯᠠᠯ᠎ᠢ ᠪᠣᠢ᠌ᠵᠢᠭᠤᠯᠵᠤ᠂ ᠦᠨᠡᠮᠯᠡᠯ ᠣᠯᠣᠭᠰᠠᠨ ᠠᠵᠤ ᠠᠬᠤᠢ᠌ᠯᠠᠯ᠎ᠢ 45 ᠪᠣᠯᠭ᠋ᠠᠵᠤ᠂ ᠭᠡᠷᠡᠴᠢᠯᠡᠯ᠎ᠤᠨ ᠦᠢ᠍ᠯᠡᠳᠬᠦᠨ᠎ᠤ ᠲᠥᠷᠥᠯ ᠵᠦᠢ᠍ᠯ᠎ᠢ 200 ᠪᠣᠯᠭ᠋ᠠᠬᠤ᠎ᠪᠠᠷ ᠲᠥᠯᠥᠪᠯᠡᠵᠦ ᠪᠣᠶ᠃
ᠬᠣᠶᠠᠷ᠎ᠲᠤ 《 ᠦᠪᠦᠷ ᠮᠣᠩᠭᠣᠯ》 ᠲᠡᠮᠳᠡᠭ ᠵᠶ᠋ᠡᠷ ᠲᠤᠯᠭ᠋ᠠᠭᠤᠷᠢᠯᠠᠯ ᠪᠣᠯᠭ᠋ᠠᠵᠤ᠂ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠥᠷᠥᠯ ᠲᠡᠮᠳᠡᠭᠲᠦ ᠵᠢᠨ ᠪᠠᠢ᠌ᠭᠤᠯᠤᠯᠲᠠ ᠵᠢ ᠠᠬᠢᠭᠤᠯᠤᠨ᠎ᠠ᠃ 《ᠰᠢᠯᠢ ᠵᠢᠨ ᠭᠣᠣᠯ᠎ᠤᠨ ᠬᠣᠨᠢ》᠂ 《ᠬᠢᠩᠭ᠋ᠠᠨ ᠠᠢ᠌ᠮᠠᠭ᠎ᠤᠨ ᠲᠤᠲᠤᠷᠭ᠎ᠠ》᠂ 《 ᠲᠡᠭᠷᠢ ᠵᠢᠨ ᠬᠡᠰᠢᠭᠲᠦ ᠪᠣᠷᠣᠳᠣᠬᠣᠢ》᠂ 《ᠠᠷᠪᠠᠰ ᠢᠮᠠᠭ᠋ᠠᠨ ᠮᠢᠬ᠎ᠠ》 ᠵᠡᠷᠭᠡ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠥᠷᠥᠯ ᠲᠡᠮᠳᠡᠭᠲᠦ ᠵᠢᠨ ᠪᠦᠲᠦᠭᠡᠨ ᠪᠠᠢ᠌ᠭᠤᠯᠤᠯᠲᠠ ᠵᠢ ᠳᠡᠮᠵᠢᠵᠦ᠂ ᠦᠢ᠍ᠯᠡᠳᠪᠦᠷᠢᠯᠡᠯ᠎ᠤᠨ ᠠᠵᠤ ᠠᠬᠤᠢ᠌ᠯᠠᠯ᠎ᠢ ᠶᠡᠬᠡᠪᠡᠷ ᠪᠣᠢ᠌ᠵᠢᠭᠤᠯᠤᠨ᠂ ᠦᠢ᠍ᠯᠡᠳᠬᠦᠨ᠎ᠤ ᠪᠦᠲᠦᠴᠡ ᠵᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠭᠡᠷᠡᠴᠢᠯᠡᠯ᠎ᠤᠨ ᠨᠠᠷᠠᠲᠤ ᠲᠥᠷᠥᠯ ᠲᠡᠮᠳᠡᠭᠲᠦ ᠵᠢᠨ ᠠᠵᠤ ᠦᠢ᠍ᠯᠡᠰ᠎ᠤᠨ ᠬᠡᠪᠴᠢᠶ᠎ᠡ ᠪᠠ ᠨᠠᠷᠠᠲᠤ ᠲᠥᠷᠥᠯ ᠲᠡᠮᠳᠡᠭᠲᠦ ᠵᠢᠨ ᠨᠥᠯᠥᠭᠡᠯᠡᠬᠦ ᠬᠦᠴᠦᠨ᠎ᠢ ᠪᠣᠶ ᠪᠣᠯᠭ᠋ᠠᠵᠤ᠂ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠥᠷᠥᠯ ᠲᠡᠮᠳᠡᠭᠲᠦ ᠵᠢᠴᠢ ᠳᠠᠪᠠᠭᠤᠯᠢᠭ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ᠃
ᠭᠤᠷᠪᠠ᠎ᠳᠤ ᠲᠠᠷᠢᠶᠠᠯᠠᠩ ᠮᠠᠯ ᠠᠵᠤ ᠠᠬᠤᠢ ᠵᠢᠨ ᠨᠠᠷᠠᠲᠤ ᠲᠥᠷᠥᠯ ᠲᠡᠮᠳᠡᠭᠲᠦ ᠪᠠ 《 ᠦᠪᠦᠷ ᠮᠣᠩᠭᠣᠯ》 ᠨᠠᠷᠠᠲᠤ ᠲᠥᠷᠥᠯ ᠲᠡᠮᠳᠡᠭᠲᠦ ᠵᠢᠨ ᠤᠬᠠᠭᠤᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ᠃ ᠲᠥᠪ ᠲᠧᠯᠸᠢᠰ᠂ ᠥᠪᠥᠷ ᠮᠣᠩᠭᠣᠯ᠎ᠤᠨ ᠲᠧᠯᠸᠢᠰ ᠬᠣᠷᠢᠶ᠎ᠠ᠂ ᠰᠢᠨ᠎ᠡ ᠵᠠᠭᠤᠴᠢᠯᠠᠭᠤᠷ᠎ᠤᠨ ᠲᠠᠪᠴᠠᠩ ᠪᠠ ᠳᠡᠭᠡᠳᠦ ᠬᠤᠷᠳᠤᠴᠠᠲᠤ ᠲᠡᠮᠦᠷ ᠵᠠᠮ᠂ ᠨᠢᠰᠬᠡᠯ᠎ᠤᠨ ᠪᠠᠭᠤᠳᠠᠯ ᠵᠡᠷᠭᠡ ᠲᠠᠯᠠᠪᠤᠷ ᠵᠶ᠋ᠠᠷ ᠠᠴᠢᠶᠠᠯᠠᠪᠤᠷᠢ ᠪᠣᠯᠭ᠋ᠠᠵᠤ᠂ ᠤᠯᠠᠮᠵᠢᠯᠠᠯᠲᠤ ᠵᠠᠭᠤᠴᠢᠯᠠᠭᠤᠷ ᠬᠢᠭᠡᠳ ᠰᠢᠨ᠎ᠡ ᠵᠠᠭᠤᠴᠢᠯᠠᠭᠤᠷ᠎ᠢ ᠬᠠᠷᠢᠯᠴᠠᠨ ᠤᠶᠠᠯᠳᠤᠭᠤᠯᠵᠤ᠂ ᠤᠬᠠᠭᠤᠯᠭ᠎ᠠ ᠵᠢᠨ ᠡᠷᠴᠢᠮ ᠵᠶ᠋ᠡᠨ ᠴᠢᠩᠭ᠋ᠠᠷᠠᠭᠤᠯᠤᠨ᠂ 《ᠮᠢᠩᠭ᠋ᠠᠨ ᠭᠠᠵᠠᠷ᠎ᠤᠨ ᠲᠠᠯ᠎ᠠ ᠨᠤᠲᠤᠭ᠂ ᠲᠦᠮᠡᠨ ᠾᠸᠺᠠᠲ᠋ᠤᠷ ᠮᠠᠯᠵᠢᠯ᠎ᠤᠨ ᠲᠠᠯᠠᠪᠠᠶ᠂ ᠠᠮᠢ ᠠᠬᠤᠢ ᠵᠢᠨ ᠥᠪᠥᠷ ᠮᠣᠩᠭᠣᠯ᠂ ᠪᠣᠬᠢᠷᠲᠤᠯ ᠦᠭᠡᠢ ᠰᠠᠢ᠌ᠬᠠᠨ ᠦᠨᠦᠷ ᠠᠮᠲᠠ》 ᠵᠢᠨ ᠨᠠᠷᠠᠲᠤ ᠲᠥᠷᠥᠯ ᠲᠡᠮᠳᠡᠭᠲᠦ ᠵᠢᠨ ᠳᠦᠷᠢ ᠲᠥᠷᠬᠦ ᠵᠢ ᠱᠤᠭᠤᠵᠤ᠂ 《ᠭᠡᠷᠡᠴᠢᠯᠡᠬᠦ᠎ᠪᠠᠷ ᠳᠠᠮᠵᠢᠭᠤᠯᠤᠨ᠂ ᠦᠨᠡᠨ ᠡᠳ᠋᠎ᠢ ᠰᠣᠩᠭᠣᠬᠤ》 《 ᠦᠪᠦᠷ ᠮᠣᠩᠭᠣᠯ》 ᠲᠡᠮᠳᠡᠭ ᠵᠶ᠋ᠡᠷ ᠭᠡᠷᠡᠴᠢᠯᠡᠬᠦ ᠡᠷᠬᠡ ᠰᠦᠷᠲᠦ ᠴᠢᠨᠠᠷ ᠪᠠ ᠨᠥᠯᠥᠭᠡᠯᠡᠬᠦ ᠬᠦᠴᠦᠨ᠎ᠢ ᠪᠣᠶ ᠪᠣᠯᠭ᠋ᠠᠨ᠎ᠠ᠃
ᠳᠥᠷᠪᠡ᠎ᠳᠤ ᠥᠪᠡᠷᠲᠡᠭᠡᠨ ᠵᠠᠰᠠᠬᠤ ᠣᠷᠣᠨ᠎ᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠨᠠᠷᠠᠲᠤ ᠲᠥᠷᠥᠯ ᠲᠡᠮᠳᠡᠭᠲᠦ ᠵᠢᠨ ᠪᠠᠢ᠌ᠭᠤᠯᠤᠯᠲᠠ ᠵᠢᠨ ᠦᠨᠡᠯᠡᠯᠲᠡ ᠵᠢᠨ ᠰᠢᠰᠲ᠋ᠧᠮᠵᠢ ᠵᠢ ᠰᠤᠳᠤᠯᠵᠤ᠂ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠵᠢᠨ 《ᠨᠠᠷᠠᠲᠤ ᠲᠥᠷᠥᠯ ᠲᠡᠮᠳᠡᠭᠲᠦ ᠵᠢᠨ ᠵᠠᠷᠯᠠᠯ》᠎ᠢ ᠨᠡᠢ᠌ᠲᠡᠯᠡᠨ᠎ᠡ᠃ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠵᠡᠷᠭᠡ ᠡᠷᠬᠡ ᠰᠦᠷᠲᠦ ᠰᠠᠯᠠᠭ᠎ᠠ ᠮᠥᠴᠢᠷ ᠪᠠ ᠪᠠᠢ᠌ᠭᠤᠯᠤᠮᠵᠢ᠎ᠯᠤᠭ᠎ᠠ ᠬᠠᠮᠲᠤᠷᠠᠯᠴᠠᠵᠤ᠂ ᠥᠪᠥᠷ ᠮᠣᠩᠭᠣᠯ᠎ᠤᠨ ᠣᠨᠴᠠᠯᠢᠭ᠎ᠲᠠᠢ ᠨᠠᠷᠠᠲᠤ ᠲᠥᠷᠥᠯ ᠲᠡᠮᠳᠡᠭᠲᠦ ᠵᠢᠨ ᠪᠠᠢ᠌ᠭᠤᠯᠤᠯᠲᠠ ᠵᠢ ᠦᠨᠡᠯᠡᠬᠦ ᠰᠢᠰᠲ᠋ᠧᠮᠵᠢ ᠵᠢ ᠪᠠᠢ᠌ᠭᠤᠯᠤᠨ᠂ ᠨᠠᠷᠠᠲᠤ ᠲᠥᠷᠥᠯ ᠲᠡᠮᠳᠡᠭᠲᠦ ᠵᠢᠨ ᠪᠠᠢ᠌ᠭᠤᠯᠤᠯᠲᠠ ᠪᠠ ᠨᠠᠷᠠᠲᠤ ᠲᠥᠷᠥᠯ ᠲᠡᠮᠳᠡᠭᠲᠦ ᠵᠢᠨ ᠥᠷᠲᠡᠭ᠎ᠤᠨ ᠦᠨᠡᠯᠡᠯᠲᠡ ᠵᠢ ᠬᠡᠷᠡᠭᠵᠢᠭᠦᠯᠵᠦ᠂ ᠪᠥᠬᠥ ᠤᠯᠤᠰ᠎ᠲᠤ ᠨᠥᠯᠥᠭᠡᠯᠡᠬᠦ ᠬᠦᠴᠦᠨ᠎ᠲᠠᠢ ᠥᠪᠥᠷ ᠮᠣᠩᠭᠣᠯ᠎ᠤᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠨᠠᠷᠠᠲᠤ ᠲᠥᠷᠥᠯ ᠲᠡᠮᠳᠡᠭᠲᠦ ᠵᠢᠨ ᠨᠡᠷᠡᠰ᠎ᠤᠨ ᠵᠢᠭᠰᠠᠭ᠋ᠠᠯᠲᠠ ᠵᠢ ᠪᠣᠶ ᠪᠣᠯᠭ᠋ᠠᠨ᠎ᠠ᠃
ᠲᠠᠪᠤ᠎ᠳᠤ ᠨᠡᠷᠡᠲᠦ ᠲᠦᠷᠦᠯ ᠲᠡᠮᠳᠡᠭᠲᠦ ᠵᠢᠨ ᠬᠠᠤᠯᠢ ᠬᠡᠷᠡᠭᠵᠢᠭᠦᠯᠦᠯᠲᠡ ᠵᠢᠨ ᠬᠠᠮᠠᠭ᠋ᠠᠯᠠᠯᠲᠠ ᠵᠢ ᠴᠢᠩᠭ᠋ᠠᠳᠬᠠᠨ᠎ᠠ ᠃ 《 ᠦᠪᠦᠷ ᠮᠣᠩᠭᠣᠯ》 ᠲᠡᠮᠳᠡᠭᠲᠦ ᠦᠨᠡᠮᠯᠡᠯ ᠣᠯᠣᠭᠰᠠᠨ ᠦᠢ᠍ᠯᠡᠳᠬᠦᠨ᠎ᠤ ᠲᠤᠰᠬᠠᠢ ᠵᠦᠢ᠍ᠯ ᠵᠶ᠋ᠡᠷ ᠰᠤᠭᠤᠴᠢᠨ ᠪᠠᠢ᠌ᠴᠠᠭ᠋ᠠᠬᠤ ᠠᠵᠢᠯ᠎ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠣᠷᠴᠢᠨ ᠲᠤᠭᠤᠷᠢᠨ ᠢᠳᠡᠭᠡᠨ ᠡᠮ᠎ᠤᠨ ᠲᠤᠷᠰᠢᠨ ᠪᠠᠢ᠌ᠴᠠᠭ᠋ᠠᠬᠤ ᠶᠡᠷᠦᠩᠬᠡᠢ ᠠᠩᠭᠢ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠰᠠᠯᠠᠭ᠎ᠠ ᠮᠥᠴᠢᠷ᠎ᠯᠦᠭᠡ ᠬᠠᠮᠲᠤᠷᠠᠨ ᠲᠤᠰᠬᠠᠢ ᠵᠦᠢ᠍ᠯ ᠵᠶ᠋ᠡᠷ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠥᠷᠨᠢᠭᠦᠯᠦᠨ᠎ᠡ᠃
ᠳᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠵᠢᠨ ᠶᠣᠰᠣᠭ᠋ᠠᠷ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠬᠤ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠣᠷᠣᠨ ᠪᠦᠰᠡ ᠵᠢᠨ ᠨᠠᠷᠠᠲᠤ ᠲᠥᠷᠥᠯ ᠲᠡᠮᠳᠡᠭᠲᠦ᠎ᠪᠠᠷ ᠳᠠᠢ᠌ᠴᠢᠯᠠᠯᠲᠠ ᠪᠣᠯᠭ᠋ᠠᠵᠤ᠂ ᠠᠵᠤ ᠠᠬᠤᠢ᠌ᠯᠠᠯ᠎ᠤᠨ ᠨᠠᠷᠠᠲᠤ ᠲᠥᠷᠥᠯ ᠲᠡᠮᠳᠡᠭᠲᠦ᠎ᠪᠠᠷ ᠭᠣᠣᠯ ᠴᠣᠭᠴᠠ ᠪᠣᠯᠭ᠋ᠠᠨ᠂ ᠦᠢ᠍ᠯᠡᠳᠬᠦᠨ᠎ᠤ ᠨᠠᠷᠠᠲᠤ ᠲᠥᠷᠥᠯ ᠲᠡᠮᠳᠡᠭᠲᠦ᠎ᠪᠠᠷ ᠰᠠᠭᠤᠷᠢ ᠪᠣᠯᠭ᠋ᠠᠵᠤ᠂ 《 ᠦᠪᠦᠷ ᠮᠣᠩᠭᠣᠯ》 ᠲᠡᠮᠳᠡᠭᠲᠦ᠎ᠪᠠᠷ ᠬᠥᠲᠥᠯᠥᠮᠵᠢ ᠪᠣᠯᠭ᠋ᠠᠵᠤ᠂ ᠲᠠᠷᠢᠶᠠᠯᠠᠩ ᠮᠠᠯ ᠠᠵᠤ ᠠᠬᠤᠢ ᠵᠢᠨ ᠨᠠᠷᠠᠲᠤ ᠲᠥᠷᠥᠯ ᠲᠡᠮᠳᠡᠭᠲᠦ ᠵᠢᠨ ᠪᠦᠲᠦᠭᠡᠨ ᠪᠠᠢ᠌ᠭᠤᠯᠤᠯᠲᠠ ᠵᠢ ᠶᠡᠬᠡᠪᠡᠷ ᠲᠦᠯᠬᠢᠨ ᠠᠬᠢᠭᠤᠯᠵᠤ᠂ ᠥᠪᠥᠷ ᠮᠣᠩᠭᠣᠯ᠎ᠤᠨ ᠣᠷᠣᠨ ᠪᠦᠰᠡ ᠵᠢᠨ ᠳᠠᠪᠠᠭᠤᠯᠢᠭ᠂ ᠡᠬᠢ ᠪᠠᠶᠠᠯᠢᠭ᠎ᠤᠨ ᠳᠠᠪᠠᠭᠤᠯᠢᠭ᠂ ᠠᠮᠢ ᠠᠬᠤᠢ ᠵᠢᠨ ᠳᠠᠪᠠᠭᠤᠯᠢᠭ᠂ ᠶᠠᠰᠤ ᠴᠢᠨᠠᠷ᠎ᠤᠨ ᠳᠠᠪᠠᠭᠤᠯᠢᠭ᠂ ᠬᠥᠮᠥᠨ ᠨᠡᠢ᠌ᠭᠡᠮ᠎ᠤᠨ ᠳᠠᠪᠠᠭᠤᠯᠢᠭ᠎ᠢ ᠦᠨᠡᠨ ᠬᠦ᠌ ᠨᠠᠷᠠᠲᠤ ᠲᠥᠷᠥᠯ ᠲᠡᠮᠳᠡᠭᠲᠦ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠵᠤ᠂ 《 ᠦᠪᠦᠷ ᠮᠣᠩᠭᠣᠯ》 ᠲᠡᠮᠳᠡᠭ᠎ᠢ ᠥᠪᠥᠷ ᠮᠣᠩᠭᠣᠯ᠎ᠤᠨ ᠠᠮᠢ ᠠᠬᠤᠢ ᠵᠢᠨ ᠴᠢᠨᠠᠷ ᠰᠠᠢ᠌ᠲᠠᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ 《ᠳᠥᠯᠥᠭᠡᠨᠤ ᠨᠡᠷ᠎ᠡ ᠦᠭᠡ》 ᠪᠣᠯᠭ᠋ᠠᠵᠤ᠂ 《ᠮᠢᠩᠭ᠋ᠠᠨ ᠭᠠᠵᠠᠷ᠎ᠤᠨ ᠲᠠᠯ᠎ᠠ ᠨᠤᠲᠤᠭ᠂ ᠲᠦᠮᠡᠨ ᠾᠸᠺᠠᠲ᠋ᠤᠷ ᠮᠠᠯᠵᠢᠯ᠎ᠤᠨ ᠲᠠᠯᠠᠪᠠᠶ᠂ ᠠᠮᠢ ᠠᠬᠤᠢ ᠵᠢᠨ ᠥᠪᠥᠷ ᠮᠣᠩᠭᠣᠯ᠂ ᠪᠣᠬᠢᠷᠲᠤᠯ ᠦᠭᠡᠢ ᠰᠠᠢ᠌ᠬᠠᠨ ᠦᠨᠦᠷ ᠠᠮᠲᠠ》 ᠵᠢ ᠤᠯᠠᠮ᠎ᠠᠴᠠ ᠤᠯᠠᠮ ᠬᠠᠩᠭᠢᠨᠠᠲᠠᠯ᠎ᠠ ᠳᠠᠭᠤᠷᠢᠰᠤᠭᠤᠯᠤᠨ᠎ᠠ ᠃
ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠣᠷᠢᠶ᠎ᠠ ᠵᠢᠨ ᠰᠤᠷᠪᠤᠯᠵᠢᠯᠠᠭᠴᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠳᠤ ᠲᠣᠭᠲᠠᠭᠤᠨ᠎ᠤ ᠳᠤᠮᠳᠠ ᠲᠦᠷᠭᠡᠨ ᠣᠷᠣᠭᠤᠯᠵᠤ ᠲᠣᠭᠲᠠᠭᠤᠨ᠎ᠤ ᠳᠤᠮᠳᠠ ᠰᠢᠯᠢᠳᠡᠭ ᠣᠷᠣᠭᠤᠯᠬᠤ ᠵᠢ ᠪᠠᠷᠢᠮᠲᠠᠯᠠᠵᠤ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ》 ᠵᠢ ᠨᠢᠭᠡᠨᠲᠡ ᠨᠡᠢ᠌ᠲᠡᠯᠡᠪᠡ᠂ ᠥᠪᠡᠷᠲᠡᠭᠡᠨ ᠵᠠᠰᠠᠬᠤ ᠣᠷᠣᠨ᠎ᠤ ᠴᠠᠭ᠋ᠠᠨ ᠢᠳᠡᠭᠡ ᠪᠣᠯᠪᠠᠰᠤᠷᠠᠭᠤᠯᠬᠤ ᠳᠠᠭ᠋ᠠᠭᠤᠯᠤᠭᠴᠢ ᠠᠵᠤ ᠠᠬᠤᠢ᠌ᠯᠠᠯ᠎ᠢ ᠲᠡᠳᠬᠦᠨ ᠪᠤᠵᠠᠭ᠋ᠠᠢ᠌ᠷᠠᠭᠤᠯᠬᠤ ᠲᠠᠯ᠎ᠠ᠎ᠪᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠢ᠌ᠬᠤ ᠪᠣᠶ?
ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠎ᠤᠨ ᠬᠡᠷᠡᠭᠯᠡᠭᠡᠨ᠎ᠤ ᠵᠦᠢ᠍ᠯ᠎ᠤᠨ ᠠᠵᠤ ᠦᠢ᠍ᠯᠡᠳᠪᠦᠷᠢ ᠵᠢᠨ ᠭᠠᠵᠠᠷ᠎ᠤᠨ ᠳᠠᠷᠤᠭ᠎ᠠ ᠶᠠᠩ ᠰᠢᠶᠣᠣ ᠲᠢᠶᠠᠨ᠄ ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠴᠠᠭ᠋ᠠᠨ ᠢᠳᠡᠭᠡ ᠪᠣᠯᠪᠠᠰᠤᠷᠠᠭᠤᠯᠬᠤ ᠳᠠᠭ᠋ᠠᠭᠤᠯᠤᠭᠴᠢ ᠠᠵᠤ ᠠᠬᠤᠢ᠌ᠯᠠᠯ᠎ᠤᠨ ᠬᠥᠭᠵᠢᠯᠲᠡ᠎ᠳᠤ 2 ᠶᠡᠬᠡ ᠬᠦᠴᠢᠷ ᠠᠰᠠᠭᠤᠳᠠᠯ ᠲᠤᠯᠭ᠋ᠠᠷᠠᠵᠤ ᠪᠠᠢ᠌ᠨ᠎ᠠ᠄ ᠨᠢᠭᠡ᠎ᠳᠤ ᠦᠢ᠍ᠯᠡᠳᠪᠦᠷᠢᠯᠡᠬᠦ ᠴᠢᠳᠠᠪᠤᠷᠢ ᠵᠢᠨ ᠢᠯᠭ᠋ᠠᠷᠠᠭᠤᠯᠤᠯᠳᠠ ᠬᠦᠷᠦᠯᠴᠡᠬᠦ ᠦᠭᠡᠢ᠂ ᠬᠣᠶᠠᠷ᠎ᠲᠤ ᠵᠢᠯ ᠪᠦᠷᠢ ᠵᠢᠨ 3 — 5 ᠰᠠᠷ᠎ᠠ᠎ᠳᠤ ᠲᠦᠭᠦᠬᠡᠢ ᠰᠦᠳᠤ ᠤᠯᠠᠷᠢᠯ᠎ᠤᠨ ᠴᠢᠨᠠᠷᠲᠠᠢ ᠦᠯᠡᠭᠦᠳᠡᠯ ᠭᠠᠷᠴᠤ ᠪᠠᠢ᠌ᠨ᠎ᠠ᠃ ᠴᠠᠭ᠋ᠠᠨ ᠢᠳᠡᠭᠡᠨ᠎ᠢ ᠪᠣᠯᠪᠠᠰᠤᠷᠠᠭᠤᠯᠬᠤ ᠳᠠᠭ᠋ᠠᠭᠤᠯᠤᠭᠴᠢ ᠠᠵᠤ ᠠᠬᠤᠢ᠌ᠯᠠᠯ᠎ᠤᠨ ᠰᠤᠯᠠ ᠪᠠᠢ᠌ᠭ᠎ᠠ ᠦᠢ᠍ᠯᠡᠳᠪᠦᠷᠢᠯᠡᠯ᠎ᠤᠨ ᠴᠢᠳᠠᠪᠤᠷᠢ᠎ᠪᠠᠨ ᠭᠦᠢ᠍ᠴᠡᠳ ᠪᠠᠳᠠᠷᠠᠭᠤᠯᠬᠤ ᠪᠠ ᠪᠦᠲᠦᠮᠵᠢᠲᠡᠢ ᠠᠰᠢᠭᠯᠠᠬᠤ ᠵᠢ ᠳᠡᠮᠵᠢᠬᠦ ᠵᠢᠨ ᠲᠥᠯᠥᠭᠡ᠂ ᠴᠠᠭ᠋ᠠᠨ ᠢᠳᠡᠭᠡᠨ᠎ᠢ ᠪᠣᠯᠪᠠᠰᠤᠷᠠᠭᠤᠯᠬᠤ ᠳᠠᠭ᠋ᠠᠭᠤᠯᠤᠭᠴᠢ ᠠᠵᠤ ᠠᠬᠤᠢ᠌ᠯᠠᠯ᠎ᠤᠨ ᠬᠥᠭᠵᠢᠯ ᠦᠭᠡᠢ ᠤᠯᠠᠷᠢᠯ᠎ᠳᠤ ᠲᠦᠭᠦᠬᠡᠢ ᠰᠦᠨ᠎ᠤ ᠲᠠᠯᠬ᠎ᠠ ᠵᠢ ᠴᠠᠭ ᠲᠤᠬᠠᠢᠳᠤᠨᠢ ᠬᠤᠳᠠᠯᠳᠤᠨ ᠠᠪᠬᠤ ᠵᠢ ᠵᠣᠷᠢᠭᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠡᠢ᠌ᠲᠡᠯᠡᠭᠰᠡᠨ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠶᠢᠰᠦᠨ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠨ ᠶᠣᠰᠣᠭ᠋ᠠᠷ᠂ 2022 ᠣᠨ᠎ᠠᠴᠠ 2025 ᠣᠨ ᠪᠣᠯᠲᠠᠯᠠᠬᠢ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠴᠠᠭ᠋ᠠᠨ ᠢᠳᠡᠭᠡ ᠪᠣᠯᠪᠠᠰᠤᠷᠠᠭᠤᠯᠬᠤ ᠳᠠᠭ᠋ᠠᠭᠤᠯᠤᠭᠴᠢ ᠠᠵᠤ ᠠᠬᠤᠢ᠌ᠯᠠᠯ᠎ᠤᠨ ᠵᠢᠯ ᠪᠦᠷᠢ ᠵᠢᠨ ᠲᠦᠭᠦᠬᠡᠢ ᠰᠢᠨ᠎ᠡ ᠰᠦ ᠪᠣᠯᠪᠠᠰᠤᠷᠠᠭᠤᠯᠬᠤ ᠨᠡᠮᠡᠭᠳᠡᠯ᠎ᠤᠨ ᠬᠡᠮᠵᠢᠶ᠎ᠡ᠎ᠳᠤ ᠵᠢᠯ ᠵᠶ᠋ᠡᠷ ᠨᠥᠬᠥᠪᠦᠷᠢ ᠮᠦᠭᠭᠦ ᠥᠭᠴᠦ᠂ ᠴᠠᠭ᠋ᠠᠨ ᠢᠳᠡᠭᠡ ᠪᠣᠯᠪᠠᠰᠤᠷᠠᠭᠤᠯᠬᠤ ᠳᠠᠭ᠋ᠠᠭᠤᠯᠤᠭᠴᠢ ᠠᠵᠤ ᠠᠬᠤᠢ᠌ᠯᠠᠯ᠎ᠤᠨ ᠬᠥᠭᠵᠢᠯ ᠦᠭᠡᠢ ᠤᠯᠠᠷᠢᠯ᠎ᠳᠤ ᠲᠦᠭᠦᠬᠡᠢ ᠰᠢᠨ᠎ᠡ ᠰᠦ ᠵᠢᠨ ᠰᠦᠷᠴᠢᠭᠦᠷᠢ ᠴᠠᠭ ᠲᠤᠬᠠᠢᠳᠤᠨᠢ ᠬᠤᠳᠠᠯᠳᠤᠨ ᠠᠪᠬᠤ᠎ᠳᠤ ᠨᠥᠬᠥᠪᠦᠷᠢ ᠣᠯᠭᠣᠨ᠎ᠠ᠃
ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠦᠨᠡᠨᠬᠦ ᠪᠠᠲᠤᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠦᠭᠦᠬᠡᠢ ᠰᠢᠨ᠎ᠡ ᠰᠦᠨ᠎ᠤ ᠪᠣᠯᠪᠠᠰᠤᠷᠠᠭᠤᠯᠤᠯᠲᠠ ᠵᠢᠨ ᠨᠡᠮᠡᠭᠳᠡᠯ᠎ᠤᠨ ᠨᠥᠬᠥᠪᠦᠷᠢ ᠵᠢᠨ ᠬᠡᠷᠡᠭᠵᠢᠭᠦᠯᠬᠦ ᠨᠠᠷᠢᠨ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠦᠭᠦᠬᠡᠢ ᠰᠢᠨ᠎ᠡ ᠰᠦᠨ ᠵᠢ ᠲᠠᠯᠬᠠᠳᠠᠬᠤ ᠨᠥᠬᠥᠪᠦᠷᠢ ᠦᠭᠬᠦ ᠵᠢᠨ ᠬᠡᠷᠡᠭᠵᠢᠭᠦᠯᠬᠦ ᠨᠠᠷᠢᠨ ᠳᠦᠷᠢᠮ》᠎ᠢ ᠲᠣᠭᠲᠠᠭ᠋ᠠᠪᠠ᠃ᠬᠡᠷᠡᠭᠵᠢᠭᠦᠯᠬᠦ ᠨᠠᠷᠢᠨ ᠳᠦᠷᠢᠮ᠎ᠳᠤ ᠨᠥᠬᠥᠪᠦᠷᠢ ᠥᠭᠬᠦ ᠲᠥᠷᠥ ᠵᠢᠨ ᠪᠣᠳᠣᠯᠭ᠎ᠠ ᠵᠢᠨ ᠬᠡᠷᠡᠭᠵᠢᠭᠦᠯᠦᠯᠲᠡ᠎ᠳᠤ ᠴᠢᠭᠯᠡᠭᠦᠯᠦᠨ ᠨᠠᠷᠢᠯᠢᠭᠵᠢᠭᠤᠯᠬᠤ ᠱᠠᠭ᠋ᠠᠷᠳᠠᠯᠭ᠎ᠠ ᠭᠠᠷᠭ᠋ᠠᠵᠠᠢ᠄ ᠮᠠᠨ᠎ᠤ ᠣᠷᠣᠨ᠎ᠳᠤ ᠳᠠᠩᠰᠠᠯᠠᠭᠤᠯᠤᠭᠰᠠᠨ᠂ 《ᠴᠠᠭ᠋ᠠᠨ ᠢᠳᠡᠭᠡᠨ᠎ᠤ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ》᠎ᠢ ᠨᠢᠭᠡᠨᠲᠡ ᠣᠯᠣᠭᠰᠠᠨ ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠵᠢᠯᠲᠡ ᠵᠢᠨ ᠳᠠᠭ᠋ᠠᠭᠤᠯᠤᠭᠴᠢ ᠠᠵᠤ ᠠᠬᠤᠢ᠌ᠯᠠᠯ᠎ᠳᠤ ᠳᠡᠮᠵᠢᠯᠭᠡ ᠦᠵᠡᠭᠦᠯᠵᠦ᠂ ᠬᠡᠰᠡᠭ ᠳᠠᠭ᠋ᠠᠭᠤᠯᠤᠭᠴᠢ ᠠᠵᠤ ᠠᠬᠤᠢ᠌ᠯᠠᠯ᠎ᠳᠤ ᠣᠯᠠᠨ ᠲᠤᠰᠠᠭ᠋ᠠᠷ ᠲᠣᠭ᠋ᠠᠴᠠᠭ᠎ᠠ ᠬᠢᠬᠦ ᠬᠤᠪᠢᠶᠠᠷᠢ ᠺᠣᠮᠫᠠᠨᠢ ᠣᠷᠣᠰᠢᠵᠤ ᠪᠠᠢ᠌ᠬᠤ ᠪᠠᠢ᠌ᠳᠠᠯ᠎ᠢ ᠪᠣᠳᠣᠯᠬᠢᠯᠠᠨ᠂ ᠬᠤᠪᠢᠶᠠᠷᠢ ᠺᠣᠮᠫᠠᠨᠢ ᠵᠢ ᠴᠤ᠌ ᠪᠠᠭᠲᠠᠭ᠋ᠠᠵᠤ᠂ ᠠᠳᠠᠯᠢ ᠨᠢᠭᠡ ᠠᠢ᠌ᠮᠠᠭ ᠬᠣᠲᠠ ᠵᠢᠨ ᠣᠷᠣᠨ ᠪᠦᠰᠡ ᠵᠢᠨ ᠳᠣᠲᠣᠷ᠎ᠠ᠂ ᠠᠳᠠᠯᠢ ᠨᠢᠭᠡ ᠡᠬᠡ ᠺᠣᠮᠫᠠᠨᠢ᠎ᠳᠤ ᠬᠠᠷᠢᠶᠠᠯᠠᠭᠳᠠᠬᠤ ᠣᠯᠠᠨ ᠠᠵᠤ ᠠᠬᠤᠢ᠌ᠯᠠᠯ᠎ᠨᠢ ᠨᠢᠭᠡ ᠺᠣᠮᠫᠠᠨᠢ ᠵᠢ ᠵᠢᠭ᠋ᠠᠨ ᠲᠣᠭᠲᠠᠭ᠋ᠠᠵᠤ ᠳᠠᠭ᠋ᠠᠭᠤᠯᠤᠨ ᠨᠡᠢ᠌ᠯᠡᠭᠦᠯᠵᠦ ᠳᠡᠭᠡᠭᠰᠢ ᠮᠡᠳᠡᠭᠦᠯᠵᠦ ᠪᠣᠯᠣᠨ᠎ᠠ᠂ ᠢᠩᠭᠢᠪᠡᠯ ᠭᠤᠶᠤᠴᠢᠯᠠᠨ ᠮᠡᠳᠡᠭᠦᠯᠬᠦ ᠲᠠᠰ ᠳᠠᠷᠠᠭ᠋ᠠᠯᠠᠯ᠎ᠢ ᠳᠥᠭᠥᠮᠴᠢᠯᠡᠵᠦ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠳᠤ ᠲᠥᠬᠥᠮ ᠦᠵᠡᠭᠦᠯᠦᠨ᠎ᠡ᠃
ᠨᠥᠬᠥᠪᠦᠷᠢ ᠥᠭᠬᠦ ᠲᠡᠰ ᠳᠠᠷᠠᠭ᠋ᠠᠯᠠᠯ ᠪᠣᠯ ᠮᠡᠳᠡᠭᠦᠯᠦᠭᠰᠡᠨ ᠠᠵᠤ ᠠᠬᠤᠢ᠌ᠯᠠᠯ᠎ᠤᠨ ᠮᠡᠳᠡᠭᠦᠯᠦᠭᠰᠡᠨ ᠮᠠᠲᠸᠷᠢᠶᠠᠯ᠎ᠢ ᠪᠠᠢ᠌ᠭ᠎ᠠ ᠬᠣᠰᠢᠭᠤ ᠰᠢᠶᠠᠨ ᠂ ᠠᠢ᠌ᠮᠠᠭ ᠬᠤᠳᠠ ᠵᠢᠨ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠰᠠᠯᠠᠭ᠎ᠠ ᠮᠥᠴᠢᠷ ᠵᠶ᠋ᠡᠷ ᠱᠠᠲᠤ ᠳᠠᠷᠠᠭ᠋ᠠᠯᠠᠨ ᠬᠢᠨᠠᠭᠤᠯᠤᠭᠰᠠᠨᠤ ᠲᠠᠷᠠᠭ᠎ᠠ ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠎ᠳᠤ ᠮᠡᠳᠡᠭᠦᠯᠦᠨ ᠬᠦᠷᠭᠡᠨ᠎ᠡ ᠃ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠢᠩᠬᠢᠮ᠎ᠨᠢ ᠠᠢ᠌ᠮᠠᠭ ᠬᠣᠲᠠ ᠵᠢᠨ ᠳᠡᠭᠡᠭᠰᠢ ᠮᠡᠳᠡᠭᠦᠯᠦᠭᠰᠡᠨ ᠠᠵᠤ ᠠᠬᠤᠢ᠌ᠯᠠᠯ᠎ᠤᠨ ᠮᠠᠲ᠋ᠧᠷᠢᠶᠠᠯ᠎ᠢ ᠬᠢᠨᠠᠨ ᠲᠣᠭᠲᠠᠭ᠋ᠠᠵᠤ ᠦᠨᠡᠮᠰᠢᠬᠦ ᠵᠢᠨ ᠬᠠᠮᠲᠤ ᠦᠨᠡᠮᠰᠢᠭᠰᠡᠨ ᠦᠷ᠎ᠡ ᠳ᠋ᠦᠩ᠎ᠢ ᠢᠯᠡ ᠨᠡᠢ᠌ᠲᠡᠯᠡᠵᠦ᠂ ᠣᠨᠳᠣᠣ ᠰᠠᠨᠠᠯ ᠦᠭᠡᠢ ᠪᠣᠯᠤᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠳᠤ ᠨᠥᠬᠥᠪᠦᠷᠢ ᠪᠡᠯᠡ ᠮᠥᠩᠭᠥ ᠪᠠᠭᠤᠯᠭ᠋ᠠᠬᠤ᠎ᠪᠠᠷ ᠭᠤᠶᠤᠴᠢᠯᠠᠨ᠎ᠠ᠃
ᠨᠥᠬᠥᠪᠦᠷᠢ ᠥᠭᠬᠦ ᠪᠠᠷᠢᠮᠵᠢᠶ᠎ᠠ ᠪᠣᠯ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠴᠠᠭ᠋ᠠᠨ ᠢᠳᠡᠭᠡ ᠪᠣᠯᠪᠠᠰᠤᠷᠠᠭᠤᠯᠬᠤ ᠳᠠᠭ᠋ᠠᠭᠤᠯᠤᠭᠴᠢ ᠠᠵᠤ ᠠᠬᠤᠢ᠌ᠯᠠᠯ᠎ᠤᠨ ᠵᠢᠯ ᠪᠦᠷᠢ ᠵᠢᠨ ᠲᠦᠭᠦᠬᠡᠢ ᠰᠢᠨ᠎ᠡ ᠰᠦ ᠪᠣᠯᠪᠠᠰᠤᠷᠠᠭᠤᠯᠬᠤ ᠨᠡᠮᠡᠭᠳᠡᠯ᠎ᠤᠨ ᠬᠡᠮᠵᠢᠶ᠎ᠡ᠎ᠳᠤ᠂ ᠨᠥᠬᠥᠪᠦᠷᠢ ᠥᠭᠬᠦ ᠪᠠᠷᠢᠮᠵᠢᠶ᠎ᠠ ᠵᠢ ᠠᠵᠤ ᠠᠬᠤᠢ᠌ᠯᠠᠯ᠎ᠤᠨ ᠳᠡᠭᠡᠷ᠎ᠡ ᠵᠢᠯ᠎ᠤᠨ ᠲᠦᠭᠦᠬᠡᠢ ᠰᠢᠨ᠎ᠡ ᠰᠦ ᠪᠣᠯᠪᠠᠰᠤᠷᠠᠭᠤᠯᠬᠤ ᠬᠡᠮᠵᠢᠶ᠎ᠡ᠎ᠪᠠᠷ ᠰᠠᠭᠤᠷᠢ ᠲᠣᠭ᠎ᠠ ᠪᠣᠯᠭ᠋ᠠᠵᠤ᠂ 1 ᠲᠣᠨ ᠲᠦᠭᠦᠬᠡᠢ ᠰᠢᠨ᠎ᠡ ᠰᠦ ᠪᠣᠯᠪᠠᠰᠤᠷᠠᠭᠤᠯᠬᠤ ᠬᠡᠮᠵᠢᠶ᠎ᠡ ᠵᠢ ᠨᠡᠮᠡᠭᠳᠡᠭᠦᠯᠬᠦ ᠪᠦᠷᠢ 200 ᠲᠥᠭᠥᠷᠢᠭ᠎ᠤᠨ ᠨᠥᠬᠥᠪᠦᠷᠢ ᠣᠯᠭᠣᠨ᠎ᠠ; ᠵᠢᠯ ᠪᠦᠷᠢ ᠵᠢᠨ 3 ᠰᠠᠷ᠎ᠠ ᠵᠢᠨ 1᠎ᠤ ᠡᠳᠦᠷ᠎ᠠᠴᠠ 5 ᠰᠠᠷ᠎ᠠ ᠵᠢᠨ 31᠎ᠤ ᠡᠳᠦᠷ ᠪᠣᠯᠲᠠᠯ᠎ᠠ ᠲᠦᠭᠦᠬᠡᠢ ᠰᠢᠨ᠎ᠡ ᠰᠦ ᠬᠤᠳᠠᠯᠳᠤᠨ ᠠᠪᠴᠤ ᠲᠠᠯᠬᠠᠳᠠᠬᠤ᠎ᠳᠤ ᠬᠡᠷᠡᠭᠯᠡᠬᠦ ᠴᠠᠭ᠋ᠠᠨ ᠢᠳᠡᠭᠡ ᠪᠣᠯᠪᠠᠰᠤᠷᠠᠭᠤᠯᠬᠤ ᠠᠵᠤ ᠠᠬᠤᠢ᠌ᠯᠠᠯ᠎ᠳᠤ ᠲᠣᠭᠲᠠᠭᠰᠠᠨ ᠬᠤᠭᠤᠴᠠᠭ᠋ᠠᠨ ᠳᠣᠲᠣᠷ᠎ᠠ ᠬᠤᠳᠠᠯᠳᠤᠨ ᠠᠪᠤᠭᠰᠠᠨ ᠲᠦᠭᠦᠬᠡᠢ ᠰᠢᠨ᠎ᠡ ᠰᠦ ᠵᠢᠨ ᠲᠣᠭ᠎ᠠ ᠬᠡᠮᠵᠢᠶ᠎ᠡ ᠵᠢᠨ 10% ᠪᠠᠷ ᠲᠣᠨ ᠪᠦᠷᠢ᠎ᠳᠤ 800 ᠲᠥᠭᠥᠷᠢᠭ᠎ᠤᠨ ᠨᠥᠬᠥᠪᠦᠷᠢ ᠮᠦᠩᠭᠦ ᠣᠯᠭᠣᠨ᠎ᠠ ᠃ ᠨᠥᠬᠥᠪᠦᠷᠢ ᠥᠭᠬᠦ ᠬᠠᠷᠢᠴᠠᠯ᠎ᠢ ᠥᠪᠡᠷᠲᠡᠭᠡᠨ ᠵᠠᠰᠠᠬᠤ ᠣᠷᠣᠨ ᠪᠣᠯᠣᠨ ᠣᠷᠣᠨ ᠨᠤᠲᠤᠭ᠎ᠤᠨ ᠵᠠᠰᠠᠭ᠎ᠤᠨ ᠣᠷᠳᠣᠨ ᠲᠤᠰ ᠲᠤᠰ 50% ᠵᠢ ᠡᠭᠦᠷᠭᠡᠯᠡᠨ᠎ᠡ ᠃
2022 ᠣᠨ᠎ᠳᠤ ᠥᠪᠡᠷᠲᠡᠭᠡᠨ ᠵᠠᠰᠠᠬᠤ ᠣᠷᠣᠨ᠎ᠤ ᠲᠦᠭᠦᠬᠡᠢ ᠰᠢᠨ᠎ᠡ ᠰᠦ ᠵᠢ ᠲᠠᠯᠬᠠᠳᠠᠬᠤ ᠨᠥᠬᠥᠪᠦᠷᠢ ᠵᠢᠨ ᠠᠵᠢᠯ ᠨᠢᠭᠡᠨᠲᠡ ᠳᠠᠭᠤᠰᠴᠤ᠂ ᠨᠡᠶ᠋ᠢᠲᠡ 14 ᠲᠥᠷᠥᠯ ᠵᠦᠢ᠍ᠯ᠎ᠤᠨ ᠬᠢᠨᠠᠨ ᠬᠠᠷᠭᠤᠭᠤᠯᠤᠯᠲᠠ᠎ᠳᠤ ᠬᠢᠷᠢ ᠲᠡᠩᠴᠡᠵᠦ᠂ ᠨᠡᠶ᠋ᠢᠲᠡ 6025.42 ᠲᠦᠮᠡᠨ ᠲᠥᠭᠥᠷᠢᠭ᠎ᠤᠨ ᠨᠥᠬᠥᠪᠦᠷᠢ ᠵᠢᠨ ᠪᠡᠯᠡ ᠮᠥᠩᠭᠥ ᠵᠢ ᠨᠢᠭᠡᠨᠲᠡ ᠪᠦᠬᠦᠨ᠎ᠢ ᠪᠣᠳᠠᠲᠠᠢ᠌ᠵᠢᠭᠤᠯᠪᠠ᠃
ᠲᠠᠷᠠᠭ᠋ᠠᠴᠢ ᠵᠢᠨ ᠠᠯᠬᠤᠮ᠎ᠳᠤ᠂ ᠪᠢᠳᠡ ᠳᠣᠣᠷᠠᠬᠢ ᠠᠵᠢᠯ᠎ᠤᠳ᠎ᠢ ᠭᠣᠣᠯᠳᠠᠯᠭ᠎ᠠ᠎ᠲᠠᠢ ᠠᠬᠢᠭᠤᠯᠤᠨ᠎ᠠ᠄
ᠨᠢᠭᠡ᠎ᠳᠤ ᠣᠢ᠌ᠷ᠎ᠠ ᠵᠢᠨ ᠬᠤᠭᠤᠴᠠᠭ᠋ᠠᠨ᠎ᠳᠤ 2022 ᠣᠨ᠎ᠤ ᠥᠪᠡᠷᠲᠡᠭᠡᠨ ᠵᠠᠰᠠᠬᠤ ᠣᠷᠣᠨ᠎ᠤ ᠲᠦᠭᠦᠬᠡᠢ ᠰᠢᠨ᠎ᠡ ᠰᠦ ᠵᠢᠨ ᠪᠣᠯᠪᠠᠰᠣᠷᠠᠭᠤᠯᠤᠯᠲᠠ ᠵᠢᠨ ᠨᠡᠮᠡᠭᠳᠡᠯ᠎ᠤᠨ ᠨᠥᠬᠥᠪᠦᠷᠢ ᠦᠭᠬᠦ ᠲᠥᠷᠥᠯ ᠵᠦᠢ᠍ᠯ᠎ᠤᠨ ᠬᠢᠨᠠᠨ ᠲᠣᠭᠲᠠᠭ᠋ᠠᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠡᠯᠡ ᠮᠥᠩᠭᠥ ᠪᠠᠭᠤᠯᠭ᠋ᠠᠬᠤ ᠠᠵᠢᠯ᠎ᠢ 2 ᠰᠠᠷ᠎ᠠ ᠵᠢᠨ ᠰᠡᠭᠦᠯᠴᠢ᠎ᠠᠴᠠ ᠡᠮᠦᠨ᠎ᠡ ᠳᠠᠭᠤᠰᠬᠠᠬᠤ᠎ᠪᠠᠷ ᠲᠥᠯᠥᠪᠯᠡᠵᠦ ᠪᠣᠶ᠃
ᠬᠣᠶᠠᠷ᠎ᠲᠤ ᠡᠨᠡ ᠵᠢᠯ᠎ᠤᠨ 5 ᠰᠠᠷ᠎ᠠ᠎ᠳᠤ 2023 ᠣᠨ᠎ᠤ ᠥᠪᠡᠷᠲᠡᠭᠡᠨ ᠵᠠᠰᠠᠬᠤ ᠣᠷᠣᠨ᠎ᠤ ᠲᠦᠭᠦᠬᠡᠢ ᠰᠢᠨ᠎ᠡ ᠰᠦ ᠵᠢ ᠲᠠᠯᠬᠠᠳᠠᠬᠤ ᠨᠥᠬᠥᠪᠦᠷᠢ ᠦᠭᠬᠦ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ 6 ᠰᠠᠷ᠎ᠠ ᠵᠢᠨ ᠰᠡᠭᠦᠯᠴᠢ᠎ᠠᠴᠠ ᠡᠮᠦᠨ᠎ᠡ ᠲᠥᠷᠥᠯ ᠵᠦᠢ᠍ᠯ᠎ᠢ ᠬᠢᠨᠠᠨ ᠲᠣᠭᠲᠠᠭ᠋ᠠᠬᠤ ᠵᠢᠴᠢ ᠪᠡᠯᠡ ᠮᠥᠩᠭᠥ ᠪᠠᠭᠤᠯᠭ᠋ᠠᠬᠤ ᠠᠵᠢᠯ᠎ᠢ ᠳᠠᠭᠤᠰᠬᠠᠨ᠎ᠠ᠃
ᠭᠤᠷᠪᠠ᠎ᠳᠤ ᠰᠠᠯᠠᠭ᠎ᠠ ᠮᠥᠴᠢᠷ᠎ᠤᠨ ᠵᠣᠬᠢᠴᠠᠭᠤᠯᠤᠨ ᠵᠣᠯᠭ᠋ᠠᠭᠤᠯᠬᠤ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠰᠦᠨ᠎ᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠬᠠᠮᠲᠤᠷᠠᠭᠰᠠᠨ ᠬᠤᠷᠠᠯ᠎ᠤᠨ ᠲᠣᠭᠲᠠᠴᠠ᠎ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠵᠣᠯᠭ᠋ᠠᠭᠤᠯᠵᠤ᠂ ᠰᠦᠨ᠎ᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠳᠡᠮᠵᠢᠬᠦ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠨ ᠨᠠᠢ᠌ᠳᠠᠪᠤᠷᠢᠵᠢᠭᠤᠯᠤᠯᠲᠠ ᠵᠢ ᠵᠣᠬᠢᠴᠠᠭᠤᠯᠤᠨ ᠠᠬᠢᠭᠤᠯᠤᠨ᠎ᠠ᠃