ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠰᠤᠷᠪᠤᠯᠵᠢᠯᠠᠭ᠎ᠠ
《2023 ᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠵᠢ ᠰᠠᠢ᠌ᠳᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠤᠨ ᠳᠤᠬᠠᠢ ᠠᠰᠠᠭᠤᠯᠳᠠ ᠬᠠᠷᠢᠭᠤᠯᠳᠠ
ᠨᠡᠶ᠋ᠢᠲᠡᠯᠡᠭᠰᠡᠨ ᠴᠠᠭ᠄ 2023-05-08

      ᠰᠤᠷᠪᠤᠯᠵᠢᠯᠠᠭᠰᠠᠨ ᠵᠣᠴᠢᠨ᠄ ᠭᠦᠸᠧ ᠵᠠᠨ ᠵᠢᠶᠠᠩ

      ᠰᠤᠷᠪᠤᠯᠵᠢᠯᠠᠭᠰᠠᠨ ᠴᠠᠭ᠄ 2023 — 05 — 08

      ᠭᠣᠣᠯ ᠠᠭᠤᠯᠭ᠎ᠠ ᠄ ᠣᠢ᠌ᠷ᠎ᠠ᠎ᠳᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠠᠴᠠ 《 2023 ᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠵᠢ  ᠰᠠᠢ᠌ᠳᠤᠷ ᠬᠢᠬᠦ  ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ 》 (  ᠳᠣᠷᠣᠭᠰᠢ 《  ᠬᠡᠷᠡᠭᠵᠢᠭᠦᠯᠬᠦ ᠰᠠᠨᠠᠯ 》  ᠭᠡᠵᠦ ᠳᠥᠭᠥᠮᠴᠢᠯᠡᠨ᠎ᠡ )᠎ᠢ ᠳᠠᠷᠤᠮᠠᠯᠯᠠᠨ ᠲᠠᠷᠬᠠᠭ᠋ᠠᠵᠠᠢ ᠃  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠠᠷᠢᠶᠠᠯᠠᠩ ᠮᠠᠯ ᠠᠵᠤ ᠠᠬᠤᠢ ᠵᠢᠨ ᠠᠯᠪᠠᠨ ᠭᠡᠷ᠎ᠤᠨ ᠬᠠᠷᠢᠭᠤᠴᠠᠯᠭ᠋ᠠᠲᠠᠨ 《ᠬᠡᠷᠡᠭᠵᠢᠭᠦᠯᠬᠦ ᠰᠠᠨᠠᠯ》᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

      ᠬᠥᠲᠥᠯᠥᠭᠴᠢ᠄ 《ᠬᠡᠷᠡᠭᠵᠢᠭᠦᠯᠬᠦ ᠰᠠᠨᠠᠯ》᠎ᠢ ᠨᠡᠢ᠌ᠲᠡᠯᠡᠭᠰᠡᠨ ᠠᠬᠤᠢ ᠪᠠᠢ᠌ᠳᠠᠯ᠎ᠨᠢ ᠶᠠᠭᠤ ᠪᠣᠶ?

      ᠵᠣᠴᠢᠨ ᠭᠦᠸᠧ ᠵᠠᠨ ᠵᠢᠶᠠᠩ ᠄ ᠶᠡᠷᠦᠩᠬᠡᠢ ᠱᠦᠵᠢ ᠰᠢ ᠵᠢᠨ ᠫᠢᠩ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ ᠂  ᠲᠠᠷᠢᠶᠠᠯᠠᠩ᠎ᠤᠨ  ᠬᠦᠴᠦᠷᠬᠡᠭ ᠤᠯᠤᠰ᠎ᠢ ᠲᠦᠷᠭᠡᠨ ᠪᠦᠲᠦᠭᠡᠨ ᠪᠠᠢ᠌ᠭᠤᠯᠬᠤ ᠪᠣᠯ ᠨᠠᠮ᠎ᠤᠨ ᠲᠥᠪ ᠬᠣᠷᠢᠶ᠎ᠠ᠎ᠠᠴᠠ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠵᠢ ᠪᠣᠳᠣᠯᠬᠢᠯᠠᠵᠤ ᠲᠣᠭᠲᠠᠭ᠋ᠠᠭᠰᠠᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠪᠣᠯᠣᠨ᠎ᠠ ᠭᠡᠵᠦ ᠴᠢᠬᠤᠯᠠᠴᠢᠯᠠᠪᠠ ᠃  ᠤᠯᠤᠰ ᠵᠶ᠋ᠠᠨ ᠬᠦᠴᠦᠷᠬᠡᠭᠵᠢᠭᠦᠯᠬᠦ᠎ᠳᠤ ᠡᠷᠬᠡᠪᠰᠢ ᠤᠷᠢᠳᠠᠪᠠᠷ ᠲᠠᠷᠢᠶᠠᠯᠠᠩ᠎ᠢ ᠬᠦᠴᠦᠷᠬᠡᠭᠵᠢᠭᠦᠯᠬᠦ ᠬᠡᠷᠡᠭᠲᠡᠢ ᠂ ᠲᠠᠷᠢᠶᠠᠯᠠᠩ᠎ᠢ ᠬᠦᠴᠦᠷᠬᠡᠭᠵᠢᠭᠦᠯᠪᠡᠯ ᠰᠠᠶᠢ ᠤᠯᠤᠰ ᠵᠶ᠋ᠠᠨ ᠬᠦᠴᠦᠷᠬᠡᠭᠵᠢᠭᠦᠯᠵᠦ ᠴᠢᠳᠠᠨ᠎ᠠ ᠃  ᠲᠠᠷᠢᠶᠠᠯᠠᠩ᠎ᠤᠨ ᠬᠦᠴᠦᠷᠬᠡᠭ ᠤᠯᠤᠰ ᠪᠠᠢ᠌ᠬᠤ ᠦᠭᠡᠢ ᠪᠣᠯ ᠪᠦᠬᠦᠢ᠌ᠯᠡ ᠣᠳᠣᠬᠢᠴᠢᠯᠠᠭᠰᠠᠨ ᠬᠦᠴᠦᠷᠬᠡᠭ ᠤᠯᠤᠰ ᠪᠠᠢ᠌ᠵᠤ ᠴᠢᠳᠠᠬᠤ ᠦᠭᠡᠢ ;  ᠲᠠᠷᠢᠶᠠᠯᠠᠩ ᠬᠥᠳᠡᠭᠡ ᠲᠣᠰᠬᠣᠨ᠎ᠤ ᠣᠳᠣᠬᠢᠴᠢᠯᠠᠯᠲᠠ ᠪᠠᠢ᠌ᠬᠤ ᠦᠭᠡᠢ ᠪᠣᠯ ᠨᠡᠢ᠌ᠭᠡᠮ ᠵᠢᠷᠤᠮ᠎ᠤᠨ ᠣᠳᠣᠬᠢᠴᠢᠯᠠᠯᠲᠠ ᠳᠠᠷᠤᠢ ᠪᠦᠬᠦ ᠲᠠᠯ᠎ᠠ ᠵᠢᠨ ᠪᠢᠰᠢ ᠶᠤᠮ ᠃ 2022 ᠣᠨ᠎ᠳᠤ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ  ᠰᠢ ᠵᠢᠨ ᠫᠢᠩ᠎ᠤᠨ  ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ  ᠵᠢᠯᠤᠭᠤᠳᠤᠯᠭ᠎ᠠ ᠪᠤᠯᠭ᠋ᠠᠬᠤ ᠵᠢ ᠪᠠᠷᠢᠮᠳᠠᠯᠠᠵᠤ᠂  ᠨᠠᠮ᠎ᠤᠨ  ᠬᠣᠷᠢᠳᠤᠭ᠋ᠠᠷ ᠶᠡᠬᠡ ᠬᠤᠷᠠᠯ᠎ᠤᠨ  ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ  ᠲᠤᠭᠤᠰᠢᠯᠠᠭᠤᠯᠵᠦ᠂ 《ᠮᠠᠯ ᠠᠵᠤ ᠠᠬᠤᠢ  ᠲᠠᠷᠢᠶᠠᠯᠠᠩ  ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ  ᠠᠵᠢᠯ᠎ᠤᠨ  ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ  ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠵᠢᠨ ᠫᠢᠩ᠎ᠤᠨ  ᠥᠪᠥᠷ ᠮᠣᠩᠭᠣᠯ᠎ᠳᠤ  ᠵᠢᠭ᠋ᠠᠵᠤ ᠭᠠᠷᠭ᠋ᠠᠭᠰᠠᠨ  ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ ᠂ ᠬᠥᠳᠡᠭᠡ ᠲᠣᠰᠬᠣᠨ᠎ᠢ  ᠬᠥᠭᠵᠢᠭᠦᠯᠦᠨ ᠮᠠᠨᠳᠤᠭᠤᠯᠬᠤ ᠠᠵᠢᠯ᠎ᠤᠨ  ᠰᠢᠨ᠎ᠡ ᠠᠬᠢᠴᠠ᠎ᠲᠠᠢ ᠪᠣᠯᠬᠤ ᠵᠢ ᠪᠥᠬᠥ ᠬᠦᠴᠦᠨ ᠵᠶ᠋ᠡᠷ ᠵᠶ᠋ᠡᠨ ᠲᠦᠯᠬᠢᠨ  ᠠᠬᠢᠭᠤᠯᠤᠭ᠋ᠠᠳ ᠂ ᠲᠠᠷᠢᠶᠠᠯᠠᠩ ᠮᠠᠯ ᠠᠵᠤ ᠠᠬᠤᠢ ᠮᠠᠯᠵᠢᠬᠤ  ᠲᠠᠷᠢᠶᠠᠯᠠᠬᠤ ᠣᠷᠣᠨ᠎ᠤ  ᠣᠳᠣᠬᠢᠴᠢᠯᠠᠯᠲᠠ ᠰᠢᠨ᠎ᠡ  ᠠᠬᠢᠴᠠ᠎ᠲᠠᠢ ᠪᠣᠯᠪᠠ ᠃ 2022 ᠣᠨ᠎ᠳᠤ ᠂ ᠪᠦᠬᠦ ᠣᠷᠣᠨ᠎ᠤ ᠠᠮᠤ ᠪᠤᠳᠠᠭ᠋ᠠᠨ᠎ᠤ ᠦᠢ᠍ᠯᠡᠳᠪᠦᠷᠢᠯᠡᠯ 《  ᠠᠷᠪᠠ ᠶᠢᠰᠦᠨ ᠵᠢᠯ ᠳᠠᠷᠠᠭ᠋ᠠᠯᠠᠨ ᠡᠯᠪᠡᠭ ᠬᠤᠷᠢᠶᠠᠯᠲᠠ 》  ᠤᠯᠵᠤ ᠂ ᠠᠮᠤ ᠪᠤᠳᠠᠭ᠋ᠠᠨ᠎ᠤ ᠤᠨᠠᠯᠲᠠ 780 ᠳ᠋ᠦᠩᠰᠢᠭᠤᠷ ᠵᠢᠩ᠎ᠳᠤ ᠬᠦᠷᠴᠦ ᠂ ᠠᠮᠤ ᠪᠤᠳᠠᠭ᠋ᠠᠨ᠎ᠤ ᠲᠠᠷᠢᠮᠠᠯ᠎ᠤᠨ ᠲᠠᠯᠠᠪᠠᠢ ᠨᠢᠭᠡᠴᠢ ᠵᠢᠨ ᠳᠤᠮᠳᠠᠴᠢ ᠤᠨᠠᠯᠲᠠ ᠮᠦ᠍ ᠪᠦᠷᠢ᠎ᠳᠤ 748.1 ᠵᠢᠩ᠎ᠳᠤ ᠬᠦᠷᠴᠦ ᠂ ᠴᠥᠮ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ ;  ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠢ 《ᠠᠷᠪᠠᠨ ᠨᠠᠢ᠍ᠮᠠᠨ ᠵᠢᠯ ᠳᠠᠷᠠᠭ᠋ᠠᠯᠠᠨ ᠲᠣᠭᠲᠠᠭᠤᠨ ᠪᠠᠢ᠌ᠯᠭ᠋ᠠᠬᠤ》 ᠵᠢ ᠪᠡᠶᠡᠯᠡᠭᠦᠯᠵᠦ᠂ ᠪᠥᠬᠥ ᠣᠷᠣᠨ᠎ᠤ ᠭᠠᠬᠠᠢ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ 278 ᠲᠦᠮᠡᠨ ᠲᠣᠨ᠎ᠳᠤ ᠬᠦᠷᠴᠦ᠂ ᠦᠨᠢᠶᠡᠨ  ᠰᠦ ᠵᠢᠨ ᠭᠠᠷᠤᠯᠲᠠ 734 ᠲᠦᠮᠡᠨ ᠲᠣᠨ᠎ᠳᠤ ᠬᠥᠷᠪᠡ;  ᠮᠠᠯᠵᠢᠬᠤ ᠲᠠᠷᠢᠶᠠᠯᠠᠬᠤ ᠣᠷᠣᠨ᠎ᠤ ᠪᠠᠢ᠌ᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠳᠤᠬᠢᠷᠠᠭᠤᠯᠵᠤ ᠪᠤᠯᠬᠤᠢ᠌ᠴᠠ ᠣᠷᠣᠯᠭ᠎ᠠ 19641 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 7.1% ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠪᠥᠬᠥ ᠣᠷᠣᠨ᠎ᠤ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠣᠷᠣᠯᠭ᠎ᠠ ᠪᠠ GDP ᠵᠢᠨ ᠨᠡᠮᠡᠭᠳᠡᠯ᠎ᠤᠨ ᠬᠤᠷᠳᠤᠴᠠ᠎ᠠᠴᠠ ᠥᠨᠳᠥᠷ ᠪᠣᠯᠪᠠ;  ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠦᠷᠭᠦᠯᠵᠢᠯᠡᠨ ᠰᠠᠢ᠌ᠵᠢᠷᠠᠭᠤᠯᠵᠤ᠂ ᠬᠥᠳᠡᠭᠡ ᠲᠣᠰᠬᠣᠨ᠎ᠤ ᠵᠠᠰᠠᠯᠲᠠ ᠵᠢᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠤ ᠬᠥᠭᠵᠢᠯᠲᠡ ᠵᠢᠨ ᠪᠠᠢ᠌ᠳᠠᠯ᠎ᠢ ᠦᠷᠭᠦᠯᠵᠢᠯᠡᠨ ᠰᠠᠢ᠌ᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ᠎ᠤᠨ ᠠᠮᠤᠷ ᠲᠣᠭᠲᠠᠭᠤᠨ᠎ᠢ ᠪᠠᠲᠤᠯᠠᠪᠠ᠃  ᠡᠨᠡ ᠵᠢᠯ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ  ᠲᠤᠭᠤᠰᠢᠯᠠᠭᠤᠯᠤᠨ  ᠨᠠᠢ᠌ᠳᠠᠪᠤᠷᠢᠵᠢᠭᠤᠯᠬᠤ ᠪᠠ ᠲᠠᠷᠢᠶᠠᠯᠠᠩ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠡᠬᠢᠯᠡᠯᠲᠡ ᠵᠢᠨ ᠵᠢᠯ ᠮᠥᠨ ᠂ 《ᠲᠠᠷᠢᠶᠠᠯᠠᠩ  ᠲᠠᠷᠢᠶᠠᠯᠠᠬᠤ ᠣᠷᠣᠨ ᠲᠠᠷᠢᠶᠠᠴᠢᠨ 》᠎ᠤ ᠠᠵᠢᠯ᠎ᠢ ᠰᠠᠢ᠌ᠲᠤᠷ ᠬᠢᠬᠦ᠎ᠨᠢ ᠲᠤᠢ᠌ᠯ᠎ᠤᠨ ᠴᠢᠬᠤᠯᠠ ᠶᠤᠮ ᠃ 2 ᠰᠠᠷ᠎ᠠ ᠵᠢᠨ 13 ᠎ᠤ ᠡᠳᠦᠷ ᠂ 《 2023 ᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠵᠢ  ᠰᠠᠢ᠌ᠳᠤᠷ ᠬᠢᠬᠦ  ᠲᠤᠬᠠᠢ ᠨᠠᠮ᠎ᠤᠨ ᠲᠥᠪ ᠬᠣᠷᠢᠶ᠎ᠠ ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ 》 ᠎ᠢ ᠨᠡᠢ᠌ᠭᠡᠮ ᠨᠡᠶ᠋ᠢᠲᠡ᠎ᠳᠤ ᠢᠯᠡ ᠨᠡᠢ᠌ᠲᠡᠯᠡᠪᠡ ᠂ ᠡᠨᠡ ᠪᠣᠯ ᠰᠢᠨ᠎ᠡ ᠵᠠᠭᠤᠨ᠎ᠠᠴᠠ  ᠨᠠᠭ᠋ᠠᠰᠢ  ᠲᠥᠪ᠎ᠠᠴᠠ ᠵᠠᠯᠭ᠋ᠠᠭ᠎ᠠ᠎ᠪᠠᠷ ᠨᠡᠢ᠌ᠲᠡᠯᠡᠭᠰᠡᠨ  ᠬᠤᠷᠢᠳᠠᠭᠴᠢ 《  ᠲᠠᠷᠢᠶᠠᠯᠠᠩ  ᠲᠠᠷᠢᠶᠠᠯᠠᠬᠤ ᠣᠷᠣᠨ ᠲᠠᠷᠢᠶᠠᠴᠢᠨ 》 ᠎ᠤ ᠠᠵᠢᠯ᠎ᠢ ᠵᠢᠯᠤᠭᠣᠳᠬᠤ    ᠲᠥᠪ᠎ᠤᠨ ᠨᠢᠭᠡᠳᠦᠭᠡᠷ ᠲᠣᠭ᠋ᠠᠲᠤ ᠪᠢᠴᠢᠭ  ᠮᠠᠲᠸᠷᠢᠶᠠᠯ  ᠪᠣᠯᠣᠨ᠎ᠠ ᠂ ᠡᠨᠡ᠎ᠨᠢ ᠨᠠᠮ᠎ᠤᠨ ᠲᠥᠪ ᠬᠣᠷᠢᠶᠠᠨ᠎ᠤ 《  ᠲᠠᠷᠢᠶᠠᠯᠠᠩ  ᠲᠠᠷᠢᠶᠠᠯᠠᠬᠤ ᠣᠷᠣᠨ ᠲᠠᠷᠢᠶᠠᠴᠢᠨ 》 ᠎ᠤ ᠠᠵᠢᠯ᠎ᠢ ᠴᠢᠩᠭ᠋ᠠᠳᠬᠠᠬᠤ ᠢᠯᠡ ᠲᠣᠳᠣ ᠣᠪᠣᠷ᠎ᠢ ᠳᠠᠬᠢᠨᠲᠠ ᠬᠠᠷᠠᠭᠤᠯᠵᠤ ᠂ ᠲᠠᠷᠢᠶᠠᠯᠠᠩ᠎ᠢ ᠴᠢᠬᠤᠯᠠᠴᠢᠯᠠᠨ ᠲᠠᠷᠢᠶᠠᠯᠠᠩ᠎ᠢ ᠬᠦᠴᠦᠷᠬᠡᠭᠵᠢᠭᠦᠯᠬᠦ ᠴᠢᠩᠭ᠎ᠠ ᠳᠣᠬᠢᠶ᠎ᠠ ᠵᠢ ᠳᠠᠮᠵᠢᠭᠤᠯᠤᠭᠰᠠᠨ ᠪᠠᠢ᠌ᠨ᠎ᠠ ᠃  

      ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠨᠠᠮ᠎ᠤᠨ ᠲᠥᠪ ᠬᠣᠷᠢᠶ᠎ᠠ ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠭᠦᠨᠵᠡᠭᠡᠢ  ᠲᠤᠭᠤᠰᠢᠯᠠᠭᠤᠯᠵᠦ᠂ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠬᠤᠷᠠᠯ ᠪᠣᠯᠣᠨ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲᠸᠷᠢᠶᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠬᠤ ᠵᠢᠨ ᠲᠥᠯᠥᠭᠡ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠠᠴᠠ 《  ᠬᠡᠷᠡᠭᠵᠢᠭᠦᠯᠬᠦ ᠰᠠᠨᠠᠯ 》 ᠎ᠢ ᠲᠣᠭᠲᠠᠭ᠋ᠠᠨ ᠨᠡᠢ᠌ᠲᠡᠯᠡᠪᠡ ᠃ 《ᠬᠡᠷᠡᠭᠵᠢᠭᠦᠯᠬᠦ ᠰᠠᠨᠠᠯ 》᠎ᠳᠤ ᠲᠠᠷᠢᠶᠠᠯᠠᠩ ᠮᠠᠯ ᠠᠵᠤ ᠠᠬᠤᠢ ᠵᠢᠨ ᠬᠦᠴᠦᠷᠬᠡᠭ ᠣᠷᠣᠨ᠎ᠢ ᠲᠦᠷᠭᠡᠪᠴᠢᠯᠡᠨ ᠪᠦᠲᠦᠭᠡᠨ ᠪᠠᠢ᠌ᠭᠤᠯᠬᠤ ᠬᠠᠷᠠᠯᠲᠠ ᠵᠢᠨ ᠱᠠᠭ᠋ᠠᠷᠳᠠᠯᠭ᠎ᠠ ᠵᠢ ᠲᠣᠭᠲᠠᠭ᠋ᠠᠵᠤ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠬᠤ᠎ᠪᠠᠷ ᠲᠠᠲᠠᠬᠤ ᠬᠦᠴᠦᠨ ᠪᠣᠯᠭ᠋ᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠡᠷᠬᠡᠪᠰᠢ ᠪᠠᠲᠤ ᠰᠠᠬᠢᠬᠤ ᠨᠠᠭ᠋ᠠᠲᠤ ᠵᠠᠬ᠎ᠠ ᠵᠢᠨ ᠬᠣᠷᠢᠭ᠎ᠠ ᠱᠤᠭᠤᠮ᠂ ᠪᠠᠴᠢᠮ ᠰᠢᠢ᠍ᠳᠪᠦᠷᠢᠯᠡᠬᠦ ᠴᠢᠬᠤᠯᠠᠲᠠᠢ ᠠᠰᠠᠭᠤᠳᠠᠯ᠎ᠤᠨ ᠲᠣᠭᠣᠷᠢᠨ᠎ᠳᠤ᠂ 《ᠲᠣᠭ᠎ᠠ ᠬᠡᠮᠵᠢᠶ᠎ᠡ ᠵᠢ ᠥᠷᠭᠡᠳᠬᠡᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠂ ᠭᠠᠷᠤᠯᠲᠠ ᠵᠢ ᠨᠡᠮᠡᠭᠳᠡᠭᠦᠯᠬᠦ》 ᠵᠢᠨ ᠲᠣᠭᠣᠷᠢᠨ᠎ᠳᠤ᠂ ᠭᠣᠣᠯᠳᠠᠯᠭ᠎ᠠ᠎ᠲᠠᠢ ᠡᠭᠦᠷᠭᠡ ᠪᠠ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠳᠣᠷᠬᠠᠢ᠌ᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ 《ᠮᠠᠯ ᠠᠵᠤ ᠠᠬᠤᠢ  ᠲᠠᠷᠢᠶᠠᠯᠠᠩ  ᠮᠠᠯᠵᠢᠬᠤ ᠲᠠᠷᠢᠶᠠᠯᠠᠬᠤ ᠣᠷᠣᠨ  ᠮᠠᠯᠴᠢᠨ  ᠲᠠᠷᠢᠶᠠᠴᠢᠨ》᠎ᠤ  ᠠᠵᠢᠯ᠎ᠢ ᠢᠮᠠᠭᠲᠠ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠵᠢᠨ ᠪᠠᠢ᠌ᠷᠢᠨ᠎ᠳᠤ ᠲᠠᠯᠪᠢᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠢ ᠤᠷᠢᠳᠠᠪᠠᠷ ᠬᠥᠭᠵᠢᠭᠦᠯᠬᠦ ᠵᠢ ᠪᠠᠷᠢᠮᠲᠠᠯᠠᠬᠤ ᠡᠷᠡᠰ ᠵᠣᠷᠢᠭ᠎ᠢ ᠭᠦᠢ᠍ᠴᠡᠳ ᠢᠯᠡᠷᠡᠭᠦᠯᠪᠡ᠃

      ᠬᠥᠲᠥᠯᠥᠭᠴᠢ  ᠄ 《ᠬᠡᠷᠡᠭᠵᠢᠭᠦᠯᠬᠦ ᠰᠠᠨᠠᠯ》᠎ᠤᠨ ᠭᠣᠣᠯ ᠠᠭᠤᠯᠭ᠎ᠠ᠎ᠨᠢ ᠶᠠᠭᠤ ᠪᠣᠶ?

      ᠵᠣᠴᠢᠨ ᠭᠦᠸᠧ ᠵᠠᠨ ᠵᠢᠶᠠᠩ᠄ 《ᠬᠡᠷᠡᠭᠵᠢᠭᠦᠯᠬᠦ ᠰᠠᠨᠠᠯ》᠎ᠳᠤ ᠨᠡᠶ᠋ᠢᠲᠡ 9 ᠬᠡᠰᠡᠭ 39 ᠵᠦᠢ᠍ᠯ ᠪᠤᠶ᠂ ᠡᠭᠦᠨ᠎ᠤ ᠭᠣᠣᠯ ᠠᠭᠤᠯᠭ᠎ᠠ ᠵᠢ 《ᠠᠮᠤ ᠪᠤᠳᠠᠭ᠎ᠠ ᠵᠢ  ᠲᠣᠭᠲᠠᠪᠤᠷᠢᠵᠢᠭᠤᠯᠬᠤ ᠂ ᠨᠠᠭ᠋ᠠᠲᠤ ᠵᠠᠬ᠎ᠠ ᠵᠢᠨ ᠬᠣᠷᠢᠭ᠎ᠠ ᠱᠤᠭᠤᠮ᠎ᠢ  ᠰᠠᠬᠢᠬᠤ ᠂ ᠣᠷᠣᠯᠭ᠎ᠠ ᠵᠢᠨ ᠨᠡᠮᠡᠭᠳᠡᠯ᠎ᠢ  ᠠᠬᠢᠭᠤᠯᠬᠤ ᠂ ᠪᠦᠲᠦᠭᠡᠨ ᠪᠠᠢ᠌ᠭᠤᠯᠤᠯᠲᠠ ᠵᠢ  ᠮᠠᠨᠳᠤᠭᠤᠯᠬᠤ᠂ ᠪᠠᠲᠤᠯᠠᠭ᠎ᠠ ᠵᠢ ᠴᠢᠩᠭ᠋ᠠᠳᠬᠠᠬᠤ》 ᠭᠡᠵᠦ ᠬᠤᠷᠢᠶᠠᠩᠭᠤᠢ᠌ᠯᠠᠵᠤ ᠪᠣᠯᠣᠨ᠎ᠠ᠃ 《  ᠠᠮᠤ ᠪᠤᠳᠠᠭ᠎ᠠ ᠵᠢ ᠲᠣᠭᠲᠠᠪᠤᠷᠢᠵᠢᠭᠤᠯᠬᠤ 》᠎ᠳᠤ ᠠᠮᠤ ᠪᠤᠳᠠᠭ᠎ᠠ ᠪᠣᠯᠣᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠭᠠᠷᠤᠯᠲᠠ ᠵᠢ ᠲᠣᠭᠲᠠᠪᠤᠷᠢᠵᠢᠭᠤᠯᠵᠤ ᠬᠠᠩᠭ᠋ᠠᠯᠭ᠎ᠠ ᠵᠢ ᠪᠠᠲᠤᠯᠠᠬᠤ ᠵᠢ ᠴᠢᠩᠭ᠎ᠠ ᠠᠳᠬᠤᠨ ᠰᠠᠢ᠌ᠲᠤᠷ ᠠᠳᠬᠤᠵᠤ ᠂ ᠲᠠᠷᠢᠶᠠᠯᠠᠩ ᠮᠠᠯ ᠠᠵᠤ ᠠᠬᠤᠢ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ ᠂ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ ᠪᠣᠯᠣᠨ ᠲᠤᠨᠤᠭ ᠲᠥᠬᠦᠭᠡᠷᠦᠮᠵᠢ ᠵᠢᠨ ᠲᠤᠯᠭ᠋ᠠᠭᠤᠷᠢᠯᠠᠯ᠎ᠢ ᠴᠢᠩᠭ᠋ᠠᠳᠬᠠᠵᠤ ᠂ ᠪᠦᠬᠦ ᠣᠷᠣᠨ᠎ᠤ  ᠠᠮᠤ ᠪᠤᠳᠠᠭ᠋ᠠᠨ᠎ᠤ ᠤᠨᠠᠯᠲᠠ ᠵᠢ 780 ᠳ᠋ᠦᠩᠰᠢᠭᠤᠷ ᠵᠢᠩ ᠣᠷᠴᠢᠮ᠎ᠳᠤ ᠲᠣᠭᠲᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ 《  ᠬᠣᠷᠢᠭ᠎ᠠ ᠱᠤᠭᠤᠮ᠎ᠢ ᠰᠠᠬᠢᠬᠤ 》 ᠎ᠳᠤ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ ᠪᠣᠯᠣᠨ ᠶᠠᠳᠠᠭᠤ᠎ᠠᠴᠠ ᠠᠩᠭᠢᠵᠢᠷᠠᠭᠤᠯᠬᠤ ᠤᠯᠠᠨ ᠲᠦᠮᠡᠨ᠎ᠤ ᠳᠣᠲᠣᠭ᠋ᠠᠳᠤ ᠵᠢᠨ ᠬᠥᠭᠵᠢᠯᠲᠡ ᠵᠢᠨ  ᠬᠦᠳᠡᠯᠭᠡᠬᠦ  ᠬᠦᠴᠦᠨ᠎ᠢ ᠴᠢᠩᠭ᠋ᠠᠳᠬᠠᠵᠤ ᠂ ᠬᠠᠪᠰᠤᠷᠤᠨ ᠲᠡᠳᠬᠦᠬᠦ ᠲᠦᠷᠦ ᠵᠢᠨ ᠪᠣᠳᠣᠯᠭ᠎ᠠ ᠵᠢ ᠲᠣᠭᠲᠠᠭᠤᠨ ᠵᠶ᠋ᠠᠷ ᠲᠡᠭᠦᠯᠳᠡᠷᠵᠢᠭᠦᠯᠵᠦ ᠂ ᠬᠡᠪᠴᠢᠶᠡᠵᠢᠯ᠎ᠤᠨ ᠴᠢᠨᠠᠷᠲᠠᠢ ᠲᠠᠬᠢᠨ ᠶᠠᠳᠠᠭᠤᠷᠠᠬᠤ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ ᠃ 《ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ》᠎ᠳᠤ ᠮᠠᠯᠴᠢᠨ ᠲᠠᠷᠢᠶᠠᠴᠢᠨ᠎ᠤ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ᠂ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠦᠷ᠎ᠡ ᠠᠰᠢᠭ ᠵᠶ᠋ᠠᠨ ᠨᠡᠮᠡᠭᠳᠡᠭᠦᠯᠬᠦ ᠵᠢ ᠠᠬᠢᠭᠤᠯᠵᠤ᠂ ᠮᠠᠯᠴᠢᠨ ᠲᠠᠷᠢᠶᠠᠴᠢᠨ᠎ᠳᠤ ᠨᠠᠩ ᠭᠦᠢ᠍ᠴᠡᠳ ᠡᠳ᠋ ᠬᠥᠷᠥᠩᠭᠡ ᠵᠢᠨ ᠡᠷᠬᠡ ᠠᠰᠢᠭ ᠣᠯᠭᠣᠵᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ᠎ᠢ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃ 《ᠪᠦᠲᠦᠭᠡᠨ ᠪᠠᠢ᠌ᠭᠤᠯᠤᠯᠲᠠ ᠵᠢ ᠮᠠᠨᠳᠤᠭᠤᠯᠬᠤ》᠎ᠳᠤ ᠠᠢ᠌ᠯ ᠲᠣᠰᠬᠣᠨ᠎ᠤ ᠲᠥᠯᠦᠪᠵᠢᠭᠦᠯᠭᠡ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠰᠠᠢ᠌ᠵᠢᠷᠠᠭᠤᠯᠬᠤ ᠵᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠂ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠠᠵᠢᠯ ᠦᠢ᠍ᠯᠡᠰ ᠪᠠ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠵᠶ᠋ᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 《ᠪᠠᠲᠤᠯᠠᠭ᠎ᠠ ᠵᠢ ᠴᠢᠩᠭ᠋ᠠᠳᠬᠠᠬᠤ 》᠎ᠳᠤ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠪᠠ ᠪᠠᠢ᠌ᠭᠤᠯᠤᠯ ᠲᠣᠭᠲᠠᠴᠠ ᠵᠢᠨ ᠰᠢᠨ᠎ᠡ ᠵᠢ ᠡᠭᠦᠳᠬᠦ ᠵᠢ ᠴᠢᠬᠤᠯᠠᠴᠢᠯᠠᠵᠤ᠂ ᠨᠠᠮ᠎ᠤᠨ 《ᠮᠠᠯ ᠠᠵᠤ ᠠᠬᠤᠢ  ᠲᠠᠷᠢᠶᠠᠯᠠᠩ  ᠮᠠᠯᠵᠢᠬᠤ ᠲᠠᠷᠢᠶᠠᠯᠠᠬᠤ ᠣᠷᠣᠨ  ᠮᠠᠯᠴᠢᠨ  ᠲᠠᠷᠢᠶᠠᠴᠢᠨ》᠎ᠤ  ᠠᠵᠢᠯ᠎ᠳᠠᠬᠢ ᠪᠥᠬᠥ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠎ᠠ᠃

      ᠬᠥᠲᠥᠯᠥᠭᠴᠢ ᠄ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠪᠠ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠬᠤ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ?

      ᠵᠣᠴᠢᠨ ᠭᠦᠸᠧ ᠵᠠᠨ ᠵᠢᠶᠠᠩ ᠄ ᠶᠡᠷᠦᠩᠬᠡᠢ ᠱᠦᠵᠢ ᠰᠢ ᠵᠢᠨ ᠫᠢᠩ ᠴᠢᠬᠤᠯᠠᠴᠢᠯᠠᠭᠰᠠᠨ᠎ᠨᠢ ᠂ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠲᠣᠭᠲᠠᠭᠤᠨ ᠠᠮᠤᠷ ᠲᠦᠪᠰᠢᠨ᠎ᠤ ᠬᠠᠩᠭ᠋ᠠᠯᠭ᠎ᠠ ᠵᠢ ᠪᠠᠲᠤᠯᠠᠬᠤ ᠪᠣᠯ ᠢᠮᠠᠭᠲᠠ ᠲᠠᠷᠢᠶᠠᠯᠠᠩ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠵᠢᠨ ᠲᠡᠷᠢᠭᠦᠨ ᠴᠢᠬᠤᠯᠠ ᠶᠠᠪᠤᠳᠠᠯ ᠪᠣᠯᠣᠨ᠎ᠠ  ᠭᠡᠪᠡ᠃ 《ᠬᠡᠷᠡᠭᠵᠢᠭᠦᠯᠬᠦ ᠰᠠᠨᠠᠯ》᠎ᠳᠤ ᠠᠮᠤ ᠪᠤᠳᠠᠭ᠎ᠠ ᠪᠠ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠭᠠᠷᠤᠯᠲᠠ ᠵᠢ ᠲᠣᠭᠲᠠᠪᠤᠷᠢᠵᠢᠭᠤᠯᠤᠨ ᠬᠠᠩᠭ᠋ᠠᠯᠭ᠎ᠠ ᠵᠢ ᠪᠠᠲᠤᠯᠠᠬᠤ ᠠᠵᠢᠯ᠎ᠢ ᠴᠢᠩᠭ᠎ᠠ ᠠᠳᠬᠤᠵᠤ ᠰᠠᠢ᠌ᠲᠤᠷ ᠠᠳᠬᠤᠬᠤ ᠲᠤᠬᠠᠢ ᠪᠥᠬᠥ ᠲᠠᠯ᠎ᠠ ᠵᠢᠨ ᠪᠠᠢ᠌ᠷᠢᠯᠠᠭᠤᠯᠤᠯᠲᠠ ᠬᠢᠵᠦ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠵᠢ ᠪᠥᠬᠥ ᠲᠠᠯ᠎ᠠ᠎ᠪᠠᠷ ᠪᠠᠲᠤᠳᠬᠠᠪᠠ᠃  

      ᠬᠠᠷᠠᠯᠲᠠ ᠵᠢᠨ ᠲᠠᠯ᠎ᠠ᠎ᠪᠠᠷ ᠂  ᠭᠣᠣᠯᠳᠠᠯᠭ᠎ᠠ  ᠎ᠨᠢ  ᠳᠠᠯᠠᠪᠠᠢ ᠵᠢ ᠲᠣᠭᠲᠠᠪᠤᠷᠢᠵᠢᠭᠤᠯᠤᠨ ᠂  ᠳᠠᠯᠠᠪᠠᠢ   ᠨᠢᠭᠡᠴᠢ ᠵᠢᠨ ᠤᠨᠠᠯᠳᠠ ᠵᠢ᠎ᠨᠢ  ᠲᠡᠭᠡᠭᠰᠢᠯᠡᠬᠦᠯᠦᠨ ᠂ ᠭᠠᠷᠤᠯᠲᠠ ᠵᠢ᠎ᠨᠢ ᠢᠯᠡᠭᠦᠬᠡᠨ ᠨᠡᠮᠡᠭᠳᠡᠭᠦᠯᠬᠦ᠎ᠪᠠᠷ ᠴᠢᠷᠮᠠᠢ᠌ᠨ᠎ᠠ ᠃  ᠨᠢᠭᠡ᠎ᠳᠤ ᠲᠠᠯᠠᠪᠠᠢ ᠵᠢ ᠲᠣᠭᠲᠠᠭᠤᠨ  ᠪᠠᠢ᠌ᠯᠭ᠋ᠠᠨ᠎ᠠ᠃  ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠬᠠᠷᠠᠯᠲᠠᠲᠤ ᠡᠭᠦᠷᠭᠡ ᠵᠢ ᠦᠷᠭᠦᠯᠵᠢᠯᠡᠨ ᠡᠯ᠎ᠡ ᠠᠢ᠌ᠮᠠᠭ ᠬᠣᠲᠠ᠎ᠳᠤ ᠪᠠᠭᠤᠯᠭ᠋ᠠᠵᠤ᠂ ᠣᠷᠣᠨ ᠪᠦᠰᠡ ᠬᠤᠪᠢᠶᠠᠨ ᠰᠢᠷ᠎ᠠ ᠪᠤᠷᠴᠠᠭ᠂ ᠡᠷᠳᠡᠨᠢ ᠰᠢᠰᠢ ᠵᠡᠷᠭᠡ ᠲᠠᠷᠢᠮᠠᠯ᠎ᠤᠨ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠮᠡᠷᠭᠡᠵᠢᠯ᠎ᠢ ᠳᠡᠯᠭᠡᠷᠡᠭᠦᠯᠵᠦ᠂ ᠠᠮᠤ  ᠬᠠᠳᠠᠭ᠋ᠠᠯᠠᠬᠤ  ᠲᠠᠷᠢᠶ᠎ᠠ ᠵᠢ ᠡᠭᠦᠳᠦᠨ ᠪᠠᠢ᠌ᠭᠤᠯᠬᠤ ᠠᠵᠢᠯ᠎ᠢ ᠥᠷᠨᠢᠭᠦᠯᠵᠦ᠂ ᠪᠥᠬᠥ ᠣᠷᠣᠨ᠎ᠤ ᠠᠮᠤ ᠪᠤᠳᠠᠭ᠋ᠠᠨ᠎ᠤ ᠤᠨᠠᠯᠲᠠ ᠵᠢ 780 ᠳ᠋ᠦᠩᠰᠢᠭᠤᠷ ᠵᠢᠩ ᠣᠷᠴᠢᠮ᠎ᠳᠤ ᠲᠣᠭᠲᠠᠭᠤᠨ ᠪᠠᠢ᠌ᠯᠭ᠋ᠠᠬᠤ ᠵᠢ ᠦᠨᠡᠨᠬᠦ ᠪᠠᠲᠤᠯᠠᠨ᠎ᠠ᠃  ᠡᠭᠦᠨ᠎ᠤ ᠬᠠᠮᠲᠤ᠂ ᠰᠢᠷ᠎ᠠ ᠪᠤᠷᠴᠠᠭ ᠲᠣᠰᠣᠯᠢᠭ ᠲᠠᠷᠢᠮᠠᠯ᠎ᠢ ᠦᠷᠭᠡᠳᠬᠡᠨ ᠳᠠᠷᠢᠵᠤ ᠂ ᠲᠠᠷᠢᠶᠠᠨ ᠭᠠᠵᠠᠷ᠎ᠤᠨ ᠡᠭᠡᠯᠵᠢᠯᠡᠨ ᠳᠠᠷᠢᠬᠤ ᠲᠥᠷᠥᠯ ᠵᠦᠢ᠍ᠯ᠎ᠢ ᠬᠡᠷᠡᠭᠵᠢᠭᠦᠯᠦᠨ᠂ ᠬᠤᠵᠢᠷᠯᠢᠭ ᠭᠠᠵᠠᠷ᠎ᠢ ᠠᠰᠢᠭᠯᠠᠨ ᠰᠢᠷ᠎ᠠ ᠪᠤᠷᠴᠠᠭ ᠳᠠᠷᠢᠬᠤ ᠵᠢ ᠰᠦᠪᠡᠭᠴᠢᠯᠡᠵᠦ᠂ ᠰᠢᠷ᠎ᠠ ᠪᠤᠷᠴᠠᠭ  ᠪᠠ  ᠡᠷᠳᠡᠨᠢ ᠰᠢᠰᠢ ᠵᠢᠨ  ᠪᠦᠰᠡᠯᠢᠭ  ᠬᠡᠯᠪᠡᠷᠢᠲᠡᠢ  ᠰᠤᠯᠢᠪᠴᠠᠯ  ᠲᠠᠷᠢᠶᠠᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠵᠤ᠂ ᠰᠢᠯᠢᠮᠳᠡᠭ᠎ᠤᠨ ᠳᠠᠷᠢᠬᠤ ᠲᠠᠯᠠᠪᠠᠶ ᠵᠢ ᠲᠣᠭᠲᠠᠪᠤᠷᠢᠵᠢᠭᠤᠯᠤᠨ᠎ᠠ᠃  ᠬᠣᠶᠠᠷ᠎ᠲᠤ ᠦᠢ᠍ᠯᠡᠳᠪᠦᠷᠢᠯᠡᠬᠦ ᠴᠢᠳᠠᠪᠤᠷᠢ ᠵᠢ  ᠳᠡᠭᠡᠭᠰᠢᠯᠡᠭᠦᠯᠦᠨ᠎ᠡ᠃ 《ᠬᠡᠷᠡᠭᠵᠢᠭᠦᠯᠬᠦ ᠰᠠᠨᠠᠯ》᠎ᠳᠤ᠂ ᠤᠯᠤᠰ᠎ᠤᠨ ᠰᠢᠨ᠎ᠡ ᠨᠢᠭᠡ ᠡᠭᠡᠯᠵᠢ ᠵᠢᠨ ᠮᠢᠩᠭ᠋ᠠᠨ ᠳ᠋ᠦᠩᠰᠢᠭᠤᠷ ᠵᠢᠩ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ 300 ᠲᠦᠮᠡᠨ ᠮᠦ᠍ ᠥᠨᠳᠥᠷ ᠤᠨᠠᠯᠲᠠ᠎ᠲᠠᠢ ᠥᠨᠳᠥᠷ ᠦᠷ᠎ᠡ ᠠᠰᠢᠭ᠎ᠲᠠᠢ ᠨᠡᠢ᠌ᠲᠡᠯᠢᠭ ᠵᠢᠱ᠌ᠢᠶ᠎ᠡ ᠵᠢ ᠪᠣᠶ ᠪᠣᠯᠭ᠋ᠠᠬᠤ ᠬᠡᠷᠡᠭᠲᠡᠢ ᠭᠡᠵᠦ ᠳᠤᠷᠠᠳᠤᠨ ᠭᠠᠷᠭ᠋ᠠᠪᠠ᠃  ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠶᠡᠬᠡᠪᠡᠷ ᠠᠬᠢᠭᠤᠯᠵᠤ᠂  ᠰᠦ ᠵᠢᠨ ᠦᠢ᠍ᠯᠡᠰ᠎ᠤᠨ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ᠂ 2023 ᠣᠨ᠎ᠳᠤ  ᠰᠦ ᠵᠢᠨ ᠦᠢ᠍ᠯᠡᠰ᠎ᠤᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢᠨ ᠦᠢ᠍ᠯᠡᠳᠬᠦᠨ᠎ᠤ ᠥᠷᠲᠡᠭ᠎ᠢ 2000 ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ᠎ᠪᠠᠷ ᠴᠢᠷᠮᠠᠢ᠌ᠨ᠎ᠠ᠃  ᠣᠲᠣ ᠦᠶ᠎ᠡ ᠵᠢᠨ  ᠲᠦᠭᠦᠭᠡᠷᠦᠮᠵᠢᠲᠦ  ᠲᠠᠷᠢᠶᠠᠯᠠᠩ᠎ᠢ ᠲᠦᠷᠭᠡᠳᠬᠡᠨ ᠬᠥᠭᠵᠢᠭᠦᠯᠵᠦ᠂ ᠲᠦᠭᠦᠭᠡᠷᠦᠮᠵᠢᠲᠦ  ᠲᠠᠷᠢᠶᠠᠯᠠᠩ᠎ᠤᠨ ᠥᠨᠳᠥᠷ ᠤᠨᠠᠯᠲᠠ᠎ᠲᠠᠢ ᠥᠨᠳᠥᠷ ᠦᠷ᠎ᠡ ᠠᠰᠢᠭ᠎ᠲᠠᠢ ᠵᠢᠱ᠌ᠢᠶ᠎ᠡ ᠦᠵᠡᠭᠦᠯᠬᠦ ᠣᠷᠣᠨ᠎ᠢ ᠪᠦᠲᠦᠭᠡᠨ ᠪᠠᠢ᠌ᠭᠤᠯᠵᠤ᠂ ᠲᠦᠭᠦᠭᠡᠷᠦᠮᠵᠢᠲᠦ  ᠲᠠᠷᠢᠶᠠᠯᠠᠩ᠎ᠤᠨ ᠲᠠᠯᠠᠪᠠᠶ ᠵᠢ 20 ᠲᠦᠮᠡᠨ ᠮᠦ᠍ ᠣᠷᠴᠢᠮ ᠰᠢᠨ᠎ᠡ᠎ᠪᠠᠷ ᠨᠡᠮᠡᠭᠳᠡᠭᠦᠯᠬᠦ᠎ᠪᠠᠷ ᠴᠢᠷᠮᠠᠢ᠌ᠨ᠎ᠠ᠃  ᠣᠲᠣ ᠦᠶ᠎ᠡ ᠵᠢᠨ ᠲᠦᠭᠦᠭᠡᠷᠦᠮᠵᠢᠲᠦ  ᠮᠠᠯ ᠠᠵᠤ ᠠᠬᠤᠢ ᠵᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ᠂ ᠳᠤᠮᠳᠠ ᠪᠠ ᠵᠡᠭᠦᠨ ᠬᠡᠰᠡᠭ᠎ᠤᠨ ᠭᠠᠵᠠᠷ ᠣᠷᠣᠨ᠎ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠢ ᠥᠷᠭᠡᠳᠬᠡᠨ᠂ ᠠᠯᠠᠰᠢᠨ ᠬᠣᠨᠢ ᠲᠡᠵᠢᠭᠡᠨ ᠦᠷᠡᠵᠢᠭᠦᠯᠬᠦ ᠵᠢ ᠡᠷᠳᠡᠨᠢ ᠰᠢᠰᠢ ᠵᠢᠨ ᠭᠣᠣᠯ ᠭᠠᠷᠤᠯᠲᠠ ᠵᠢᠨ ᠣᠷᠣᠨ  ᠲᠡᠢ᠌ᠰᠢ  ᠲᠥᠪᠯᠡᠷᠡᠭᠦᠯᠬᠦ ᠵᠢ ᠠᠬᠢᠭᠤᠯᠵᠤ᠂ ᠳᠠᠪᠠᠭᠤᠯᠢᠭ ᠣᠷᠣᠨ᠎ᠤ ᠭᠠᠬᠠᠢ ᠲᠡᠵᠢᠭᠡᠬᠦ ᠦᠢ᠍ᠯᠡᠳᠪᠦᠷᠢᠯᠡᠯ᠎ᠤᠨ ᠴᠢᠳᠠᠪᠤᠷᠢ ᠵᠢ ᠲᠣᠭᠲᠠᠪᠤᠷᠢᠵᠢᠭᠤᠯᠤᠨ᠎ᠠ᠃  ᠲᠣᠮᠣ ᠢᠳᠡᠭᠡᠨ᠎ᠤ ᠦᠵᠡᠯᠲᠡ ᠵᠢ ᠪᠤᠢ ᠪᠣᠯᠭ᠋ᠠᠵᠤ ᠂ ᠤᠯᠠᠨ ᠡᠰᠢᠴᠢᠯᠡᠭᠰᠡᠨ ᠢᠳᠡᠭᠡᠨ᠎ᠤ ᠬᠠᠩᠭ᠋ᠠᠯᠭ᠎ᠠ ᠵᠢᠨ  ᠰᠢᠰᠲᠸᠮ᠎ᠢ ᠲᠦᠷᠭᠡᠨ ᠪᠠᠢ᠌ᠭᠤᠯᠵᠤ ᠂ 《  ᠬᠣᠯᠢᠰᠢᠨ ᠢᠳᠡᠭᠡᠨ 》 ᠎ᠤ ᠪᠦᠲᠦᠭᠡᠭᠳᠡᠬᠦᠨ᠎ᠤ ᠬᠠᠩᠭ᠋ᠠᠯᠭ᠎ᠠ ᠵᠢ  ᠪᠠᠶᠠᠯᠢᠭᠵᠢᠭᠤᠯᠤᠨ᠎ᠠ᠃  

      ᠠᠷᠭ᠎ᠠ ᠬᠡᠮᠵᠢᠶ᠎ᠡ ᠵᠢᠨ ᠲᠠᠯ᠎ᠠ᠎ᠪᠠᠷ ᠂ ᠭᠠᠵᠠᠷ ᠰᠢᠷᠣᠢ᠎ᠪᠠᠷ  ᠠᠮᠤ ᠪᠤᠳᠠᠭ᠎ᠠ ᠵᠢ  ᠪᠠᠲᠤᠯᠠᠬᠤ᠂  ᠮᠠᠷᠭᠡᠵᠢᠯ ᠵᠶ᠋ᠠᠷ ᠠᠮᠤ  ᠪᠤᠳᠠᠭ᠋ᠠᠨ᠎ᠤ ᠤᠨᠠᠯᠲᠠ ᠵᠢ ᠨᠡᠮᠡᠭᠳᠡᠭᠦᠯᠬᠦ ᠵᠢᠨ ᠪᠣᠳᠠᠰ᠎ᠤᠨ ᠰᠠᠭᠤᠷᠢ ᠵᠢ ᠭᠣᠣᠯᠳᠠᠯᠭ᠎ᠠ᠎ᠲᠠᠢ᠎ᠪᠠᠷ ᠴᠢᠩᠭ᠋ᠠᠳᠬᠠᠨ᠎ᠠ ᠃  ᠨᠢᠭᠡ᠎ᠳᠤ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ ᠃  ᠲᠠᠷᠢᠶᠠᠨ ᠭᠠᠵᠠᠷ᠎ᠤᠨ ᠬᠠᠮᠠᠭ᠋ᠠᠯᠠᠯᠲᠠ ᠪᠠ ᠬᠡᠷᠡᠭᠯᠡᠯᠲᠡ ᠵᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠲᠡᠢ ᠪᠠᠢ᠌ᠯᠭ᠋ᠠᠬᠤ ᠬᠠᠮᠢᠶᠠᠷᠤᠯᠲᠠ ᠵᠢ ᠴᠢᠩᠭ᠎ᠠ ᠵᠢᠷᠤᠮᠵᠢᠭᠤᠯᠵᠤ ᠂ ᠲᠠᠷᠢᠶᠠᠨ ᠭᠠᠵᠠᠷ᠎ᠢ ᠪᠤᠰᠤᠳ ᠲᠠᠷᠢᠶᠠᠯᠠᠩ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ ᠵᠢ ᠴᠢᠩᠭ᠎ᠠ ᠬᠢᠵᠠᠭ᠋ᠠᠷᠯᠠᠨ᠎ᠠ ᠃  ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠪᠦᠬᠦᠨ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭ᠋ᠠᠨ ᠪᠦᠲᠦᠭᠡᠨ ᠪᠠᠢ᠌ᠭᠤᠯᠬᠤ ᠲᠥᠯᠦᠪᠵᠢᠭᠦᠯᠭᠡ ᠵᠢ ᠲᠣᠭᠲᠠᠭ᠋ᠠᠵᠤ ᠂ 395 ᠲᠦᠮᠡᠨ  ᠮᠦ᠍  ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠡᠭᠦᠷᠭᠡ ᠵᠢ  ᠪᠡᠶᠡᠯᠡᠭᠦᠯᠦᠨ᠎ᠡ᠃  ᠬᠣᠶᠠᠷ᠎ᠲᠤ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ  ᠲᠦᠭᠦᠭᠡᠷᠦᠮᠵᠢ ᠵᠢᠨ  ᠲᠤᠯᠭ᠋ᠠᠭᠤᠷᠢᠯᠠᠯ᠎ᠢ ᠴᠢᠩᠭ᠋ᠠᠳᠬᠠᠨ᠎ᠠ ᠃  ᠲᠠᠷᠢᠶᠠᠯᠠᠩ ᠮᠠᠯ ᠠᠵᠤ ᠠᠬᠤᠢ ᠵᠢᠨ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠣᠭᠣᠮᠲᠠ  ᠰᠢᠪᠳᠤᠯᠤᠯᠳᠠ ᠵᠢ ᠠᠬᠢᠭᠤᠯᠵᠤ᠂ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠦᠨ᠂ ᠡᠭᠦᠯᠳᠡᠷ ᠪᠣᠢ᠌ᠵᠢᠭᠤᠯᠬᠤ ᠪᠣᠭᠣᠮᠲᠠ ᠰᠢᠪᠲᠤᠯᠬᠤ ᠠᠵᠢᠯ᠎ᠢ  ᠥᠷᠨᠢᠭᠦᠯᠦᠨ᠎ᠡ᠃  ᠲᠠᠷᠢᠶᠠᠯᠠᠩ᠎ᠤᠨ ᠮᠠᠰᠢᠨ᠎ᠢ ᠰᠤᠳᠤᠯᠤᠨ ᠨᠡᠭᠡᠭᠡᠵᠦ ᠳᠡᠯᠭᠡᠷᠡᠭᠦᠯᠬᠦ ᠵᠢ ᠴᠢᠩᠭ᠋ᠠᠳᠬᠠᠵᠤ ᠂ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ᠎ᠳᠤ ᠨᠥᠬᠥᠪᠦᠷᠢ ᠥᠭᠬᠦ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠵᠦ ᠂ ᠠᠵᠢᠯᠯᠠᠬᠤ ᠬᠡᠮᠵᠢᠶ᠎ᠡ ᠵᠢ ᠨᠥᠬᠥᠪᠦᠷᠢ᠎ᠲᠠᠢ ᠪᠦᠲᠦᠮᠵᠢᠲᠡᠢ᠎ᠪᠠᠷ ᠬᠣᠯᠪᠣᠭᠳᠠᠭᠤᠯᠬᠤ ᠵᠢ ᠲᠦᠯᠬᠢᠨ ᠠᠬᠢᠭᠤᠯᠤᠨ᠎ᠠ ᠃  

      ᠲᠦᠷᠦ ᠵᠢᠨ ᠪᠣᠳᠣᠯᠭ᠎ᠠ ᠵᠢᠨ ᠲᠠᠯ᠎ᠠ᠎ᠪᠠᠷ ᠂ ᠲᠠᠷᠢᠶᠠᠴᠢᠳ᠎ᠤᠨ ᠠᠮᠤ ᠪᠤᠳᠠᠭ᠎ᠠ ᠲᠠᠷᠢᠵᠦ ᠵᠣᠭᠣᠰ  ᠮᠦᠩᠭᠦ ᠤᠯᠵᠤ ᠦᠷ᠎ᠡ ᠠᠰᠢᠭ  ᠬᠦᠷᠲᠡᠬᠦ ᠂ ᠣᠷᠣᠨ ᠨᠤᠲᠤᠭ᠎ᠤᠨ᠎ᠬᠢᠨ ᠠᠮᠤ ᠪᠤᠳᠠᠭ᠎ᠠ ᠵᠢ ᠠᠳᠬᠤᠵᠤ  ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠲᠣᠭᠲᠠᠴᠠ ᠵᠢᠨ ᠪᠠᠲᠤᠯᠠᠭ᠎ᠠ ᠵᠢ ᠲᠡᠭᠦᠯᠳᠡᠷᠵᠢᠭᠦᠯᠬᠦ᠎ᠪᠠᠷ ᠭᠣᠣᠯᠳᠠᠯᠭ᠎ᠠ ᠪᠣᠯᠭ᠋ᠠᠵᠤ ᠂ ᠣᠷᠣᠨ ᠨᠤᠲᠤᠭ᠎ᠤᠨ᠎ᠬᠢᠨ᠎ᠤ ᠠᠮᠤ ᠪᠤᠳᠠᠭ᠎ᠠ ᠠᠳᠬᠤᠬᠤ ᠂ ᠲᠠᠷᠢᠶᠠᠴᠢᠳ᠎ᠤᠨ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠭᠦᠢ᠍ᠴᠡᠳ  ᠳᠠᠢ᠌ᠴᠢᠯᠠᠨ᠎ᠠ᠃  ᠨᠢᠭᠡ᠎ᠳᠤ ᠬᠠᠷᠢᠭᠤᠴᠠᠯᠭ᠎ᠠ ᠵᠢ  ᠨᠠᠢ᠌ᠳᠠᠪᠤᠷᠢᠵᠢᠭᠤᠯᠤᠨ᠎ᠠ᠃ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠲᠠᠷᠢᠶᠠᠨ ᠭᠠᠵᠠᠷ᠎ᠤᠨ ᠬᠠᠮᠠᠭ᠋ᠠᠯᠠᠯᠲᠠ ᠪᠠ ᠠᠮᠤ ᠪᠤᠳᠠᠭ᠋ᠠᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠤᠨ ᠬᠢᠨᠠᠨ ᠰᠢᠯᠭ᠋ᠠᠯᠲᠠ ᠵᠢ ᠴᠢᠩᠭ᠋ᠠᠳᠬᠠᠵᠤ ᠂ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ᠎ᠪᠠᠷ ᠲᠦᠷᠦ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ  ᠪᠠ ᠠᠵᠢᠯ᠎ᠤᠨ ᠨᠠᠢ᠌ᠳᠠᠪᠤᠷᠢᠵᠢᠭᠤᠯᠤᠯᠲᠠ ᠵᠢ  ᠲᠦᠯᠬᠢᠨ ᠠᠬᠢᠭᠤᠯᠤᠨ᠎ᠠ᠃ ᠬᠣᠶᠠᠷ᠎ᠲᠤ ᠲᠥᠷᠥ ᠵᠢᠨ ᠪᠣᠳᠣᠯᠭ᠎ᠠ᠎ᠪᠠᠷ ᠬᠥᠲᠥᠯᠥᠨ ᠵᠢᠯᠤᠭᠣᠳᠬᠤ ᠵᠢ  ᠠᠳᠬᠤᠨ᠎ᠠ᠃ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠠᠰᠢᠭ ᠣᠷᠣᠯᠭ᠎ᠠ ᠵᠢ ᠪᠠᠲᠤᠯᠠᠬᠤ ᠲᠣᠭᠲᠠᠴᠠ ᠵᠢ ᠲᠡᠭᠦᠯᠳᠡᠷᠵᠢᠭᠦᠯᠵᠦ ᠂ ᠭᠤᠷᠪᠠᠨ ᠶᠡᠬᠡ ᠭᠣᠣᠯ ᠠᠮᠤ ᠪᠤᠳᠠᠭ᠋ᠠᠨ᠎ᠤ  ᠤᠷᠤᠨ᠎ᠳᠤ ᠪᠦᠬᠦ  ᠥᠪᠡᠷ᠎ᠤᠨ ᠦᠷᠲᠡᠭ᠎ᠤᠨ ᠳᠠᠭ᠋ᠠᠳᠬᠠᠯ ᠪᠠ ᠲᠠᠷᠢᠮᠠᠯ᠎ᠤᠨ ᠣᠷᠣᠯᠭ᠎ᠠ ᠵᠢᠨ ᠳᠠᠭ᠋ᠠᠳᠬᠠᠯ᠎ᠤᠨ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ ᠃  ᠠᠮᠤ ᠪᠤᠳᠠᠭ᠋ᠠᠨ (  ᠲᠣᠰᠤ)᠎ᠤ ᠭᠠᠷᠤᠯᠲᠠ ᠶᠡᠬᠡᠲᠡᠢ ᠰᠢᠶᠠᠨ᠎ᠢ ᠱᠠᠩᠨᠠᠨ ᠬᠥᠬᠢᠭᠦᠯᠬᠦ ᠲᠦᠷᠦ ᠵᠢᠨ ᠪᠣᠳᠣᠯᠭ᠎ᠠ ᠵᠢ ᠦᠷᠭᠦᠯᠵᠢᠯᠡᠨ ᠨᠠᠢ᠌ᠳᠠᠪᠤᠷᠢᠵᠢᠭᠤᠯᠤᠨ᠎ᠠ ᠃  ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠵᠢ ᠲᠣᠭᠲᠠᠪᠤᠷᠢᠵᠢᠭᠤᠯᠬᠤ ᠵᠢ ᠠᠷᠭ᠋ᠠᠴᠠᠬᠤ  ᠲᠣᠭᠲᠠᠴᠠ ᠵᠢ ᠲᠡᠭᠦᠯᠳᠡᠷᠵᠢᠭᠦᠯᠦᠨ᠎ᠡ᠃

      ᠬᠥᠲᠥᠯᠥᠭᠴᠢ᠄ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠬᠢᠵᠠᠭ᠋ᠠᠷ ᠱᠤᠭᠤᠮ᠎ᠢ ᠰᠠᠬᠢᠬᠤ ᠲᠠᠯ᠎ᠠ᠎ᠪᠠᠷ᠂ ᠮᠠᠨ᠎ᠤ ᠣᠷᠣᠨ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ?

      ᠵᠣᠴᠢᠨ ᠭᠦᠸᠧ ᠵᠠᠨ ᠵᠢᠶᠠᠩ ᠄ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠡᠭᠡᠨ ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠂ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ ᠪᠣᠯᠣᠨ ᠶᠠᠳᠠᠭᠤ᠎ᠠᠴᠠ ᠠᠩᠭᠢᠵᠢᠷᠠᠭᠤᠯᠬᠤ ᠤᠯᠠᠨ ᠲᠦᠮᠡᠨ᠎ᠤ ᠳᠣᠲᠣᠭ᠋ᠠᠳᠤ ᠵᠢᠨ ᠬᠥᠭᠵᠢᠯᠲᠡ ᠵᠢᠨ  ᠬᠦᠳᠡᠯᠭᠡᠬᠦ ᠬᠦᠴᠦᠨ᠎ᠢ ᠴᠢᠩᠭ᠋ᠠᠳᠬᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃ 《ᠬᠡᠷᠡᠭᠵᠢᠭᠦᠯᠬᠦ ᠰᠠᠨᠠᠯ》᠎ᠳᠤ ᠶᠠᠳᠠᠭᠤ  ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠶᠠᠪᠤᠳᠠᠯ᠎ᠢ ᠨᠠᠭ᠋ᠠᠲᠤ ᠵᠠᠬ᠎ᠠ ᠵᠢᠨ ᠡᠭᠦᠷᠭᠡ ᠵᠢᠨ ᠨᠢᠭᠡ ᠪᠣᠯᠭ᠋ᠠᠵᠤ ᠦᠷᠭᠦᠯᠵᠢᠯᠡᠨ ᠴᠢᠬᠤᠯᠠᠴᠢᠯᠠᠨ ᠪᠠᠢ᠌ᠷᠢᠯᠠᠭᠤᠯᠪᠠ᠃  ᠨᠢᠭᠡ᠎ᠳᠤ ᠬᠢᠨᠠᠨ ᠬᠡᠮᠵᠢᠵᠦ ᠬᠠᠪᠰᠤᠷᠤᠨ ᠲᠡᠳᠬᠦᠵᠦ  ᠨᠠᠢ᠌ᠳᠠᠪᠤᠷᠢᠵᠢᠭᠤᠯᠤᠯᠳᠠ ᠵᠢ ᠠᠳᠬᠤᠨ᠎ᠠ ᠃  ᠡᠳᠦᠷ ᠲᠤᠲᠤᠮ᠎ᠤᠨ ᠬᠥᠳᠡᠯᠦᠩᠭᠦᠢ᠎ᠪᠠᠷ ᠬᠢᠨᠠᠨ ᠬᠡᠮᠵᠢᠬᠦ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠲᠥᠪᠯᠡᠷᠡᠭᠦᠯᠦᠨ ᠵᠢᠭᠰᠠᠭ᠋ᠠᠨ ᠪᠠᠢ᠌ᠴᠠᠭ᠋ᠠᠬᠤ ᠵᠢ ᠬᠠᠷᠢᠯᠴᠠᠨ ᠤᠶᠠᠯᠳᠤᠭᠤᠯᠬᠤ ᠵᠢ ᠬᠡᠷᠡᠭᠵᠢᠭᠦᠯᠵᠦ᠂ ᠢᠯᠭ᠋ᠠᠨ ᠲᠠᠨᠢᠬᠤ ᠵᠢᠨ ᠨᠠᠷᠢᠯᠢᠭ ᠣᠨᠣᠪᠴᠢᠲᠤ ᠴᠢᠨᠠᠷ᠂ ᠬᠠᠪᠰᠤᠷᠤᠨ ᠲᠡᠳᠬᠦᠬᠦ ᠴᠢᠭᠯᠡᠭᠦᠯᠦᠯᠲᠦ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠢᠵᠢᠭ᠎ᠠᠴᠠ ᠪᠣᠯᠵᠤ ᠡᠪᠡᠳᠴᠢᠨ᠎ᠠᠴᠠ ᠪᠣᠯᠵᠤ ᠭᠠᠮᠰᠢᠭ᠎ᠠᠴᠠ  ᠪᠤᠯᠵᠤ  ᠳᠠᠬᠢᠨ ᠶᠠᠳᠠᠭᠤᠷᠠᠬᠤ    ᠲᠦᠭᠰᠢᠭᠦᠷᠢ ᠵᠢᠨ ᠳᠠᠯᠳᠠ ᠬᠡᠮ᠎ᠢ ᠴᠠᠭ ᠲᠤᠬᠠᠢ᠎ᠳᠤᠨᠢ ᠠᠷᠢᠯᠭ᠋ᠠᠨ᠎ᠠ᠃  ᠲᠥᠷᠥᠯ ᠬᠤᠪᠢᠶᠠᠨ ᠬᠠᠪᠰᠤᠷᠤᠨ ᠲᠡᠳᠬᠦᠬᠦ ᠵᠢ ᠬᠡᠷᠡᠭᠵᠢᠭᠦᠯᠵᠦ᠂ ᠬᠥᠳᠡᠯᠮᠦᠷᠢᠯᠡᠬᠦ ᠴᠢᠳᠠᠪᠤᠷᠢ᠎ᠲᠠᠢ᠂ ᠬᠦᠰᠡᠯ ᠡᠷᠡᠮᠡᠯᠵᠡᠯ᠎ᠲᠠᠢ ᠬᠢᠨᠠᠨ ᠰᠢᠯᠭ᠋ᠠᠬᠤ ᠡᠷᠦᠬᠡ᠎ᠳᠤ ᠨᠡᠭᠡᠭᠡᠨ ᠬᠥᠭᠵᠢᠭᠦᠯᠬᠦ ᠮᠠᠶᠢᠭ᠎ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠎ᠠ;  ᠡᠪᠡᠳᠴᠢᠨ  ᠡᠮᠭᠡᠭ ᠪᠠ  ᠵᠡᠮᠳᠡᠭ᠎ᠠᠴᠠ ᠪᠣᠯᠵᠤ ᠬᠥᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ ᠪᠤᠶᠤ ᠬᠥᠳᠡᠯᠮᠦᠷᠢᠯᠡᠬᠦ ᠴᠢᠳᠠᠪᠤᠷᠢ ᠦᠭᠡᠢ ᠪᠣᠯᠤᠭᠰᠠᠨ ᠪᠠᠢ᠌ᠪᠠᠯ᠂ ᠦᠨᠳᠦᠰᠦᠨ ᠵᠦᠢ᠍ᠯ᠎ᠢ ᠪᠠᠲᠤᠯᠠᠬᠤ ᠠᠵᠢᠯ᠎ᠢ ᠰᠠᠢ᠌ᠲᠤᠷ ᠬᠢᠨ᠎ᠡ᠃  ᠬᠣᠶᠠᠷ᠎ᠲᠤ ᠬᠥᠭᠵᠢᠯᠲᠡ ᠵᠢᠨ  ᠬᠦᠳᠡᠯᠭᠡᠬᠦ  ᠬᠦᠴᠦᠨ᠎ᠤ  ᠪᠤᠢ᠌ᠵᠢᠭᠤᠯᠤᠯᠳᠠ ᠵᠢ ᠠᠳᠬᠤᠨ᠎ᠠ ᠃  ᠶᠠᠳᠠᠭᠤ᠎ᠠᠴᠠ ᠠᠩᠭᠢᠵᠢᠷᠠᠭᠤᠯᠬᠤ ᠣᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠬᠦ᠎ᠪᠠᠷ ᠦᠨᠳᠦᠰᠦᠨ ᠱᠠᠭ᠋ᠠᠷᠳᠠᠯᠭ᠎ᠠ ᠪᠣᠯᠭ᠋ᠠᠵᠤ᠂ ᠶᠠᠳᠠᠭᠤ᠎ᠠᠴᠠ ᠠᠩᠭᠢᠵᠢᠷᠠᠭᠤᠯᠬᠤ ᠬᠣᠰᠢᠭᠤ ᠰᠢᠶᠠᠨ᠎ᠤ ᠬᠥᠭᠵᠢᠯᠲᠡ ᠵᠢ ᠲᠦᠷᠭᠡᠳᠬᠡᠬᠦ ᠵᠢ ᠠᠬᠢᠭᠤᠯᠬᠤ᠎ᠪᠠᠷ ᠭᠣᠣᠯ ᠰᠢᠪᠲᠤᠯᠤᠯᠲᠠ ᠵᠢᠨ ᠴᠢᠭᠯᠡᠯ ᠪᠣᠯᠭ᠋ᠠᠵᠤ᠂ ᠵᠣᠷᠢᠭ ᠰᠠᠨᠠᠭ᠎ᠠ ᠵᠢ ᠲᠡᠳᠬᠦᠨ ᠣᠶᠤᠨ᠎ᠢ ᠲᠡᠳᠬᠦᠬᠦ ᠵᠢ ᠨᠠᠩ ᠢᠯᠡᠭᠦᠦ ᠴᠢᠬᠤᠯᠠᠴᠢᠯᠠᠵᠤ᠂ ᠠᠵᠤ ᠦᠢ᠍ᠯᠡᠰ᠎ᠤᠨ ᠠᠵᠢᠯ ᠣᠯᠭᠣᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠣᠷᠣᠯᠭ᠎ᠠ ᠵᠢᠨ ᠵᠥᠷᠢᠶ᠎ᠡ᠂ ᠬᠥᠭᠵᠢᠯᠲᠡ ᠵᠢᠨ ᠵᠥᠷᠢᠶ᠎ᠡ ᠵᠢ ᠲᠠᠰᠤᠷᠠᠯᠲᠠ ᠦᠭᠡᠢ ᠪᠠᠭ᠋ᠠᠰᠬᠠᠵᠤ᠂ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ ᠪᠠ ᠶᠠᠳᠠᠭᠤ᠎ᠠᠴᠠ ᠠᠩᠭᠢᠵᠢᠷᠠᠭᠤᠯᠬᠤ ᠣᠯᠠᠨ ᠲᠦᠮᠡᠨ᠎ᠤ ᠳᠣᠲᠣᠭ᠋ᠠᠳᠤ ᠵᠢᠨ ᠬᠥᠭᠵᠢᠯᠲᠡ ᠵᠢᠨ ᠬᠦᠳᠡᠯᠭᠡᠬᠦ ᠬᠦᠴᠦᠨ᠎ᠢ ᠴᠢᠩᠭ᠋ᠠᠷᠠᠭᠤᠯᠤᠨ᠎ᠠ᠃  ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠢ ᠵᠣᠯᠭ᠋ᠠᠭᠤᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠨᠥᠬᠥᠪᠦᠷᠢ ᠵᠢᠨ ᠪᠡᠯᠡ ᠮᠥᠩᠭᠥ ᠵᠢ ᠰᠠᠢ᠌ᠲᠤᠷ ᠬᠡᠷᠡᠭᠯᠡᠵᠦ᠂ ᠮᠡᠷᠭᠡᠵᠢᠯ᠂ ᠲᠥᠬᠦᠭᠡᠷᠦᠮᠵᠢ᠂ ᠡᠵᠡᠩᠨᠡᠯᠲᠡ ᠪᠣᠷᠣᠯᠠᠭᠤᠯᠤᠯᠲᠠ ᠵᠢᠨ ᠳᠤᠲᠠᠭᠤᠳᠠᠯ᠎ᠢ ᠨᠥᠬᠥᠪᠦᠷᠢᠯᠡᠬᠦ ᠵᠢ ᠭᠣᠣᠯᠳᠠᠯᠭ᠎ᠠ᠎ᠲᠠᠢ ᠳᠡᠮᠵᠢᠨ᠎ᠡ᠃  ᠲᠠᠬᠢᠨ  ᠶᠠᠳᠠᠭᠤᠷᠠᠬᠤ ᠵᠢ ᠰᠡᠷᠭᠡᠢ᠌ᠯᠡᠬᠦ  ᠠᠵᠢᠯ  ᠤᠯᠭᠤᠯᠳᠠ ᠵᠢᠨ  ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯᠯᠠᠭ᠎ᠠ ᠵᠢ ᠬᠡᠷᠡᠭᠵᠢᠭᠦᠯᠵᠦ ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠠᠵᠢᠯ ᠣᠯᠭᠣᠯᠲᠠ ᠵᠢᠨ ᠬᠡᠪᠴᠢᠶ᠎ᠡ ᠶᠡᠷᠦᠩᠬᠡᠢ᠎ᠳᠡᠭᠡᠨ ᠲᠣᠭᠲᠠᠭᠤᠨ ᠪᠠᠢ᠌ᠬᠤ ᠵᠢ  ᠪᠠᠲᠤᠯᠠᠨ᠎ᠠ᠃  ᠭᠤᠷᠪᠠ᠎ᠳᠤ ᠬᠠᠪᠰᠤᠷᠤᠨ ᠲᠡᠳᠬᠦᠬᠦ ᠲᠦᠷᠦ ᠵᠢᠨ ᠪᠣᠳᠣᠯᠭ᠎ᠠ ᠵᠢᠨ  ᠲᠡᠬᠦᠯᠳᠡᠷᠵᠢᠬᠦᠯᠦᠯᠳᠡ ᠵᠢ ᠠᠳᠬᠤᠨ᠎ᠠ ᠃  ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠲᠦᠷᠦ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ ᠂ ᠣᠨᠳᠣᠣ ᠭᠠᠵᠠᠷ᠎ᠲᠤ ᠨᠡᠭᠦᠯᠭᠡᠭᠰᠡᠨ᠎ᠤ ᠳᠠᠷᠠᠭ᠋ᠠᠬᠢ ᠲᠡᠳᠬᠦᠮᠵᠢ ᠵᠢ ᠦᠷᠭᠦᠯᠵᠢᠯᠡᠨ ᠴᠢᠩᠭ᠋ᠠᠳᠬᠠᠵᠤ ᠂ ᠣᠨᠳᠣᠣ ᠭᠠᠵᠠᠷ᠎ᠲᠤ ᠨᠡᠭᠦᠯᠭᠡᠵᠦ ᠶᠠᠳᠠᠭᠤ᠎ᠠᠴᠠ  ᠠᠩᠭᠢᠵᠢᠷᠠᠭᠤᠯᠤᠭᠰᠠᠨ  ᠦᠷ᠎ᠡ ᠪᠦᠲᠦᠭᠡᠯ᠎ᠢ ᠪᠡᠬᠢᠵᠢᠭᠦᠯᠦᠨ᠎ᠡ ᠃  ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠢ ᠳᠡᠮᠵᠢᠬᠦ ᠠᠷᠭ᠎ᠠ ᠬᠡᠮᠵᠢᠶ᠎ᠡ ᠵᠢ ᠨᠠᠷᠢᠯᠢᠭᠵᠢᠭᠤᠯᠵᠤ ᠂ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ᠎ᠢ ᠰᠤᠯᠠᠷᠠᠭᠤᠯᠬᠤ ᠦᠭᠡᠢ ᠪᠠᠢ᠌ᠬᠤ ᠵᠢ ᠪᠠᠲᠤᠯᠠᠨ᠎ᠠ ᠃  ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠂ ᠲᠥᠪ᠎ᠤᠨ  ᠨᠢᠭᠡᠴᠢ ᠵᠢᠨ ᠴᠡᠭ  ᠲᠣᠭᠲᠠᠭ᠋ᠠᠨ ᠬᠠᠪᠰᠤᠷᠤᠨ ᠲᠡᠳᠬᠦᠬᠦ᠂ 《ᠲᠦᠮᠡᠨ ᠠᠵᠤ ᠠᠬᠤᠢ᠌ᠯᠠᠯ ᠵᠶ᠋ᠠᠷ ᠲᠦᠮᠡᠨ ᠲᠣᠰᠬᠣᠨ᠎ᠢ ᠬᠥᠭᠵᠢᠭᠦᠯᠦᠨ ᠮᠠᠨᠳᠤᠭᠤᠯᠬᠤ》 ᠠᠵᠢᠯᠯᠠᠭ᠎ᠠ ᠵᠡᠷᠭᠡ ᠬᠠᠪᠰᠤᠷᠤᠨ ᠲᠡᠳᠬᠦᠬᠦ ᠲᠣᠭᠲᠠᠴᠠ ᠵᠢ ᠭᠦᠨᠵᠡᠭᠡᠢ᠌ᠷᠡᠭᠦᠯᠵᠦ᠂ ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠠᠵᠢᠯ᠎ᠤᠨ ᠨᠡᠢ᠌ᠯᠡᠮᠡᠯ ᠬᠦᠴᠦᠨ᠎ᠢ ᠪᠦᠷᠢᠯᠳᠦᠭᠦᠯᠬᠦ ᠵᠢ ᠠᠬᠢᠭᠤᠯᠤᠨ᠎ᠠ᠃  ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠬᠢᠨᠠᠨ ᠰᠢᠯᠭ᠋ᠠᠵᠤ ᠦᠨᠡᠯᠡᠬᠦ 《  ᠳᠣᠬᠢᠭᠤᠷ 》᠎ᠤᠨ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ ᠂ ᠡᠯ᠎ᠡ ᠱᠠᠲᠤᠨ᠎ᠤ ᠬᠠᠷᠢᠭᠤᠴᠠᠯᠭ᠎ᠠ ᠵᠢ ᠴᠢᠩᠭ᠎ᠠ ᠪᠣᠳᠠᠲᠠᠢ᠌ᠵᠢᠭᠤᠯᠤᠨ᠎ᠠ ᠃

      ᠬᠥᠲᠥᠯᠥᠭᠴᠢ᠄ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠬᠦ ᠲᠠᠯ᠎ᠠ᠎ᠪᠠᠷ ᠶᠠᠮᠠᠷ ᠶᠠᠮᠠᠷ ᠠᠰᠢᠭᠲᠠᠢ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠪᠣᠶ?

      ᠵᠣᠴᠢᠨ ᠭᠦᠸᠧ ᠵᠠᠨ ᠵᠢᠶᠠᠩ᠄ ᠶᠡᠷᠦᠩᠬᠡᠢ ᠱᠦᠵᠢ ᠰᠢ ᠵᠢᠨ ᠫᠢᠩ ᠴᠢᠬᠤᠯᠠᠴᠢᠯᠠᠭᠰᠠᠨ᠎ᠨᠢ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠶᠠᠪᠤᠳᠠᠯ᠎ᠢ ᠲᠠᠷᠢᠶᠠᠯᠠᠩ  ᠲᠠᠷᠢᠶᠠᠯᠠᠬᠤ ᠣᠷᠣᠨ  ᠲᠠᠷᠢᠶᠠᠴᠢᠨ᠎ᠤ ᠠᠵᠢᠯ᠎ᠤᠨ ᠭᠣᠣᠯ ᠡᠭᠦᠷᠭᠡ ᠪᠣᠯᠭ᠋ᠠᠬᠤ ᠵᠢ ᠪᠠᠷᠢᠮᠲᠠᠯᠠᠵᠤ᠂ ᠠᠷᠭ᠎ᠠ ᠪᠦᠬᠦᠨ᠎ᠢ ᠰᠦᠪᠡᠭᠴᠢᠯᠡᠵᠦ ᠪᠠᠢ᠌ᠭ᠋ᠠᠳ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ᠎ᠢ ᠥᠷᠭᠡᠳᠬᠡᠬᠦ ᠬᠡᠷᠡᠭᠲᠡᠢ  ᠭᠡᠵᠦ ᠴᠢᠬᠤᠯᠠᠴᠢᠯᠠᠪᠠ ᠃  ᠡᠭᠦᠨ᠎ᠳᠤ᠂ 《ᠬᠡᠷᠡᠭᠵᠢᠭᠦᠯᠬᠦ ᠰᠠᠨᠠᠯ》᠎ᠳᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ᠂ ᠳᠣᠣᠷᠠᠬᠢ ᠳᠥᠷᠪᠡᠨ ᠲᠠᠯ᠎ᠠ ᠵᠢ ᠭᠣᠣᠯᠳᠠᠯᠭ᠎ᠠ᠎ᠲᠠᠢ ᠰᠠᠢ᠌ᠲᠤᠷ ᠠᠳᠬᠤᠨ᠎ᠠ᠄

      ᠨᠢᠭᠡ᠎ᠳᠤ ᠠᠵᠢᠯ ᠣᠯᠭᠣᠯᠲᠠ ᠵᠢ ᠲᠣᠭᠲᠠᠪᠤᠷᠢᠵᠢᠭᠤᠯᠵᠤ ᠴᠠᠯᠢᠩ᠎ᠤᠨ ᠴᠢᠨᠠᠷᠲᠠᠢ ᠣᠷᠣᠯᠭ᠎ᠠ ᠵᠢ ᠨᠡᠮᠡᠭᠳᠡᠭᠦᠯᠦᠨ᠎ᠡ ᠃  ᠮᠠᠨ᠎ᠤ ᠣᠷᠣᠨ᠎ᠤ ᠮᠠᠯᠴᠢᠨ ᠲᠠᠷᠢᠶᠠᠴᠢᠨ᠎ᠤ ᠴᠠᠯᠢᠩ᠎ᠤᠨ ᠴᠢᠨᠠᠷᠲᠠᠢ ᠣᠷᠣᠯᠭ᠎ᠠ ᠪᠠᠰᠠ ᠮᠠᠰᠢ ᠶᠡᠬᠡ ᠨᠡᠮᠡᠭᠳᠡᠬᠦ ᠣᠷᠣᠨ ᠵᠠᠢ᠎ᠲᠠᠢ ᠪᠠᠢ᠌ᠨ᠎ᠠ᠃  ᠤᠯᠤᠰ᠎ᠤᠨ ᠡᠯ᠎ᠡ ᠵᠦᠢ᠍ᠯ᠎ᠤᠨ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠵᠤ  ᠬᠦᠴᠢᠷᠳᠡᠯ᠎ᠢ ᠰᠢᠢ᠍ᠳᠪᠦᠷᠢᠯᠡᠬᠦ ᠲᠦᠷᠦ ᠵᠢᠨ ᠪᠣᠳᠣᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ ᠂ ᠠᠵᠢᠯ ᠣᠯᠭᠣᠯᠲᠠ ᠵᠢᠨ ᠪᠣᠯᠪᠠᠰᠤᠷᠠᠯ᠎ᠢ ᠴᠢᠩᠭ᠋ᠠᠳᠬᠠᠵᠤ ᠂ ᠠᠵᠢᠯ ᠣᠯᠭᠣᠯᠲᠠ ᠵᠢᠨ ᠤᠷ᠎ᠠ ᠴᠢᠳᠠᠪᠤᠷᠢ ᠵᠢ ᠳᠡᠭᠡᠭᠰᠢᠯᠡᠭᠦᠯᠵᠦ ᠂ ᠠᠵᠢᠯ ᠣᠯᠭᠣᠯᠲᠠ ᠵᠢᠨ ᠠᠵᠠ ᠲᠣᠬᠢᠶᠠᠯ᠎ᠢ ᠡᠭᠦᠳᠴᠦ ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠠᠵᠢᠯ ᠣᠯᠭᠣᠯᠲᠠ ᠵᠢ  ᠲᠣᠭᠲᠠᠪᠤᠷᠢᠵᠢᠭᠤᠯᠤᠨ᠎ᠠ᠃  ᠡᠭᠦᠨ᠎ᠤ ᠬᠠᠮᠲᠤ᠂ ᠰᠢᠶᠠᠨ᠎ᠤ ᠬᠡᠪᠴᠢᠶᠡᠨ᠎ᠤ ᠠᠷᠠᠳ᠎ᠢ ᠪᠠᠶᠠᠵᠢᠭᠤᠯᠬᠤ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠡᠷᠳᠡᠨᠢ ᠰᠢᠰᠢ᠂  ᠰᠦ ᠵᠢᠨ ᠦᠢ᠍ᠯᠡᠰ᠂ ᠠᠯᠠᠰᠢᠨ ᠦᠬᠡᠷ᠂ ᠠᠯᠠᠰᠢᠨ ᠬᠣᠨᠢ᠂ ᠢᠮᠠᠭ᠋ᠠᠨ  ᠨᠤᠤᠯᠤᠭᠤᠷ ᠂ ᠲᠥᠮᠥᠰᠥ᠂  ᠲᠡᠵᠢᠭᠡᠯ  ᠡᠪᠡᠰᠦ ᠪᠣᠷᠳᠣᠭ᠎ᠠ ᠵᠡᠷᠭᠡ 7 ᠲᠣᠮᠣ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠡᠯᠬᠢᠶᠡᠰᠦ ᠵᠢ ᠤᠷᠲᠤᠳᠬᠠᠨ ᠬᠡᠯᠬᠢᠶᠡᠰᠦ ᠵᠢ ᠬᠦᠴᠦᠷᠬᠡᠭᠵᠢᠭᠦᠯᠦᠨ ᠬᠡᠯᠬᠢᠶᠡᠰᠦ ᠵᠢ ᠨᠥᠬᠥᠪᠦᠷᠢᠯᠡᠬᠦ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠦᠯᠡᠭᠦᠦ ᠬᠥᠳᠡᠯᠮᠦᠷᠢ ᠬᠦᠴᠦᠨ᠎ᠢ ᠰᠢᠩᠭᠡᠬᠡᠨ ᠠᠪᠴᠤ ᠣᠢ᠌ᠷ᠎ᠠ ᠬᠠᠪᠢ᠎ᠳᠤᠨᠢ ᠲᠤᠬᠠᠢ ᠵᠢᠨ ᠭᠠᠵᠠᠷ᠎ᠲᠤᠨᠢ ᠠᠵᠢᠯ ᠣᠯᠭᠣᠨ᠎ᠠ᠃  

      ᠬᠣᠶᠠᠷ᠎ᠲᠤ ᠡᠵᠡᠩᠨᠡᠯᠲᠡ ᠵᠢᠨ ᠦᠷ᠎ᠡ ᠠᠰᠢᠭ᠎ᠢ ᠨᠡᠮᠡᠭᠳᠡᠭᠦᠯᠵᠦ ᠡᠵᠡᠩᠨᠡᠯᠲᠡ ᠵᠢᠨ ᠴᠢᠨᠠᠷᠲᠠᠢ ᠣᠷᠣᠯᠭ᠎ᠠ ᠵᠢ ᠳᠡᠭᠡᠭᠰᠢᠯᠡᠭᠦᠯᠦᠨ᠎ᠡ᠃  ᠮᠠᠨ᠎ᠤ ᠣᠷᠣᠨ᠎ᠤ ᠭᠡᠷ ᠪᠦᠯᠢ ᠵᠢᠨ ᠡᠵᠡᠩᠨᠡᠯᠲᠡ ᠵᠢᠨ ᠴᠡᠪᠡᠷ ᠣᠷᠣᠯᠭ᠎ᠠ ᠪᠣᠯ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠵᠢᠨ ᠭᠣᠣᠯ ᠬᠦᠴᠦᠨ ᠪᠣᠯᠣᠨ᠎ᠠ᠃  ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠭᠣᠣᠯ ᠴᠣᠭᠴᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠬᠣᠷᠰᠢᠶ᠎ᠠ᠂  ᠵᠢᠱ᠌ᠢᠶ᠎ᠡ ᠦᠵᠡᠭᠦᠯᠬᠦ ᠬᠣᠷᠰᠢᠶ᠎ᠠ ᠪᠠ ᠵᠢᠱ᠌ᠢᠶ᠎ᠡ ᠦᠵᠡᠭᠦᠯᠬᠦ ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠶ ᠵᠢ ᠢᠳᠡᠪᠬᠢᠲᠡᠢ᠎ᠪᠠᠷ ᠡᠭᠦᠳᠦᠨ ᠪᠠᠢ᠌ᠭᠤᠯᠵᠤ᠂ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢᠨ ᠦᠢ᠍ᠯᠡᠴᠢᠯᠡᠭᠡᠨ᠎ᠤ ᠠᠷᠭ᠎ᠠ ᠮᠠᠶᠢᠭ᠎ᠲᠤ ᠢᠳᠡᠪᠬᠢᠲᠡᠢ᠎ᠪᠠᠷ ᠰᠢᠨ᠎ᠡ ᠵᠢ ᠡᠭᠦᠳᠬᠦ ᠵᠢ ᠵᠣᠷᠢᠭᠵᠢᠭᠤᠯᠤᠨ᠂ ᠣᠯᠠᠨ ᠭᠣᠭᠴᠣᠭ᠎ᠠ᠂ ᠪᠥᠬᠥ ᠶᠠᠪᠤᠴᠠ ᠵᠢᠨ ᠦᠢ᠍ᠯᠡᠳᠪᠦᠷᠢᠯᠡᠯ᠎ᠢ ᠨᠠᠢ᠌ᠳᠠᠨ ᠬᠠᠮᠢᠶᠠᠷᠤᠭᠤᠯᠬᠤ ᠵᠡᠷᠭᠡ ᠦᠢ᠍ᠯᠡᠴᠢᠯᠡᠭᠡᠨ᠎ᠤ ᠵᠠᠭᠪᠤᠷ᠎ᠢ ᠬᠥᠭᠵᠢᠭᠦᠯᠵᠦ᠂ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠂ ᠵᠢᠵᠢᠭ ᠮᠠᠯᠴᠢᠨ ᠡᠷᠦᠬᠡ ᠵᠢ ᠳᠠᠶ᠋ᠢᠴᠢᠯᠠᠨ ᠥᠪᠡᠷ᠎ᠤᠨ ᠥᠷᠲᠡᠭ᠎ᠢ ᠠᠷᠪᠢᠯᠠᠨ ᠦᠷ᠎ᠡ ᠠᠰᠢᠭ᠎ᠢ ᠨᠡᠮᠡᠭᠳᠡᠭᠦᠯᠬᠦ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠂ ᠡᠵᠡᠩᠨᠡᠨ ᠪᠣᠷᠣᠯᠠᠭᠤᠯᠵᠤ ᠦᠷ᠎ᠡ ᠠᠰᠢᠭ᠎ᠢ ᠨᠡᠮᠡᠭᠳᠡᠭᠦᠯᠬᠦ ᠵᠢ  ᠪᠡᠶᠡᠯᠡᠭᠦᠯᠦᠨ᠎ᠡ᠃  

      ᠭᠤᠷᠪᠠ᠎ᠳᠤ ᠡᠳ᠋ ᠬᠥᠷᠥᠩᠭᠡ ᠵᠢᠨ ᠡᠷᠬᠡ ᠣᠯᠭᠣᠯᠲᠠ᠎ᠪᠠᠷ ᠡᠳ᠋ ᠬᠥᠷᠥᠩᠭᠡ ᠵᠢᠨ ᠴᠢᠨᠠᠷᠲᠠᠢ ᠣᠷᠣᠯᠭ᠎ᠠ ᠵᠢ ᠨᠡᠮᠡᠭᠳᠡᠭᠦᠯᠦᠨ᠎ᠡ ᠃  ᠮᠠᠨ᠎ᠤ ᠣᠷᠣᠨ᠎ᠤ ᠡᠳ᠋ ᠬᠥᠷᠥᠩᠭᠡ ᠵᠢᠨ ᠴᠡᠪᠡᠷ ᠣᠷᠣᠯᠭ᠎ᠠ᠎ᠳᠤ ᠪᠠᠰᠠ ᠮᠠᠰᠢ ᠶᠡᠬᠡ ᠳᠠᠯᠳᠠ ᠬᠦᠴᠦᠨ᠎ᠲᠠᠢ ᠪᠠᠢ᠌ᠨ᠎ᠠ᠃  ᠮᠠᠯᠵᠢᠬᠤ ᠲᠠᠷᠢᠶᠠᠯᠠᠬᠤ ᠣᠷᠣᠨ᠎ᠤ ᠭᠠᠵᠠᠷ ᠰᠢᠷᠣᠢ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠡᠷᠬᠡ ᠵᠢ ᠨᠤᠲᠠᠯᠠᠨ ᠲᠣᠭᠲᠠᠭ᠋ᠠᠬᠤ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ᠂ ᠡᠷᠬᠡ ᠣᠯᠭᠣᠬᠤ ᠵᠢ ᠯᠠᠪᠳᠠᠭᠤᠨ ᠵᠶ᠋ᠠᠷ ᠠᠬᠢᠭᠤᠯᠤᠨ᠂ ᠠᠮᠢᠳᠤᠯᠢᠭ ᠡᠷᠬᠡ ᠵᠢ ᠡᠮᠬᠢ ᠵᠢᠷᠤᠮ᠎ᠲᠠᠢ ᠪᠡᠶᠡᠯᠡᠭᠦᠯᠵᠦ᠂ ᠮᠠᠯᠴᠢᠨ ᠲᠠᠷᠢᠶᠠᠴᠢᠨ᠎ᠳᠤ ᠨᠠᠩ ᠭᠦᠢ᠍ᠴᠡᠳ ᠡᠳ᠋ ᠬᠥᠷᠥᠩᠭᠡ ᠵᠢᠨ ᠡᠷᠬᠡ ᠠᠰᠢᠭ ᠣᠯᠭᠣᠵᠤ᠂ ᠨᠥᠬᠥᠴᠡᠯ ᠡᠭᠦᠳᠴᠦ ᠪᠠᠢ᠌ᠭ᠋ᠠᠳ ᠮᠠᠯᠴᠢᠨ ᠲᠠᠷᠢᠶᠠᠴᠢᠨ᠎ᠤ ᠡᠳ᠋ ᠬᠥᠷᠥᠩᠭᠡ ᠵᠢᠨ ᠴᠢᠨᠠᠷᠲᠠᠢ ᠣᠷᠣᠯᠭ᠎ᠠ ᠵᠢ ᠨᠡᠮᠡᠭᠳᠡᠭᠦᠯᠵᠦ᠂ ᠮᠠᠯᠴᠢᠨ ᠲᠠᠷᠢᠶᠠᠴᠢᠨ᠎ᠳᠤ ᠥᠭᠡᠷᠡᠴᠢᠯᠡᠯᠲᠡ ᠵᠢᠨ ᠠᠰᠢᠭ᠎ᠢ ᠨᠠᠩ ᠢᠯᠡᠭᠦᠦ  ᠡᠳ᠋ᠯᠡᠭᠦᠯᠦᠨ᠎ᠡ ᠃  

      ᠳᠥᠷᠪᠡ᠎ᠳᠤ ᠰᠢᠯᠵᠢᠯᠲᠡ ᠵᠢᠨ ᠴᠢᠨᠠᠷᠲᠠᠢ ᠣᠷᠣᠯᠭ᠎ᠠ ᠵᠢ ᠲᠦᠷᠦ ᠵᠢᠨ ᠪᠣᠳᠣᠯᠭ᠎ᠠ᠎ᠪᠠᠷ ᠪᠠᠲᠤᠯᠠᠨ᠎ᠠ ᠃  ᠮᠠᠨ᠎ᠤ ᠣᠷᠣᠨ᠎ᠤ ᠰᠢᠯᠵᠢᠭᠦᠯᠦᠭᠰᠡᠨ ᠴᠡᠪᠡᠷ ᠣᠷᠣᠯᠭ᠎ᠠ ᠪᠣᠯ ᠮᠠᠯᠴᠢᠨ ᠲᠠᠷᠢᠶᠠᠴᠢᠨ ᠢᠯᠠᠩᠭᠤᠶ᠎ᠠ ᠶᠠᠳᠠᠭᠤ  ᠎ᠠᠴᠠ ᠠᠩᠭᠢᠵᠢᠷᠠᠭᠰᠠᠨ ᠬᠥᠮᠥᠨ ᠠᠮᠠ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠣᠷᠣᠯᠭ᠎ᠠ ᠵᠢᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃  ᠮᠠᠯᠴᠢᠨ ᠲᠠᠷᠢᠶᠠᠴᠢᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢᠨ ᠨᠥᠬᠥᠪᠦᠷᠢ  ᠦᠭᠬᠦ ᠵᠢ ᠦᠷᠭᠦᠯᠵᠢᠯᠡᠨ ᠢᠳᠡᠪᠬᠢᠯᠡᠨ ᠣᠯᠵᠤ᠂ ᠮᠠᠯᠴᠢᠨ ᠲᠠᠷᠢᠶᠠᠴᠢᠳ᠎ᠤᠨ ᠰᠢᠯᠵᠢᠯᠲᠡ ᠵᠢᠨ ᠴᠢᠨᠠᠷᠲᠠᠢ ᠣᠷᠣᠯᠭ᠎ᠠ ᠵᠢᠯ ᠳᠠᠷᠠᠭ᠋ᠠᠯᠠᠨ ᠨᠡᠮᠡᠭᠳᠡᠬᠦ ᠵᠢ ᠦᠨᠡᠨᠬᠦ ᠪᠠᠲᠤᠯᠠᠨ᠎ᠠ᠃  ᠡᠭᠦᠨ᠎ᠤ ᠬᠠᠮᠲᠤ᠂ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠲᠥᠷᠥ ᠵᠢᠨ ᠪᠣᠳᠣᠯᠭ᠎ᠠ ᠵᠢ ᠰᠠᠢ᠌ᠲᠤᠷ ᠲᠠᠢ᠌ᠯᠪᠤᠷᠢᠯᠠᠨ᠂ ᠨᠥᠬᠥᠪᠦᠷᠢ ᠵᠢᠨ ᠲᠠᠩᠰᠠ ᠵᠢ ᠰᠠᠢ᠌ᠲᠤᠷ ᠪᠤᠳᠤᠵᠤ᠂ ᠮᠠᠯᠴᠢᠨ ᠲᠠᠷᠢᠶᠠᠴᠢᠨ᠎ᠢ  ᠣᠷᠣᠯᠭ᠎ᠠ ᠵᠢᠨ  ᠨᠡᠮᠡᠭᠳᠡᠯᠳᠡ᠎ᠳᠤ ᠪᠠᠳᠤ ᠢᠳᠡᠭᠡᠯ᠎ᠲᠠᠢ ᠪᠤᠯᠭ᠋ᠠᠨ᠎ᠠ ᠃

      ᠬᠥᠲᠥᠯᠥᠭᠴᠢ᠄ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠬᠡᠷᠬᠢᠨ ᠠᠬᠢᠭᠤᠯᠬᠤ ᠪᠣᠶ?  ᠶᠠᠮᠠᠷ ᠶᠠᠮᠠᠷ ᠭᠣᠣᠯᠳᠠᠯᠭ᠎ᠠ᠎ᠲᠠᠢ ᠡᠭᠦᠷᠭᠡ ᠪᠠᠢ᠌ᠬᠤ ᠪᠤᠢ ?

      ᠵᠣᠴᠢᠨ ᠭᠦᠸᠧ ᠵᠠᠨ ᠵᠢᠶᠠᠩ᠄ ᠨᠢᠳᠤᠨᠤᠨ᠎ᠤ ᠵᠢᠯ᠎ᠤᠨ ᠡᠴᠦᠰ᠎ᠲᠤ ᠬᠤᠷᠠᠯᠳᠤᠭᠰᠠᠨ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠬᠤᠷᠠᠯᠳᠤᠭ᠋ᠠᠨ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ 《ᠨᠤᠲᠤᠭ᠎ᠤᠨ ᠣᠨᠴᠠ ᠭᠠᠷᠤᠯᠲᠠ》 ᠵᠢᠨ ᠠᠵᠢᠯ᠎ᠢ ᠰᠠᠢ᠌ᠲᠤᠷ ᠬᠢᠬᠦ ᠬᠡᠷᠡᠭᠲᠡᠢ ᠭᠡᠵᠦ ᠲᠣᠳᠣᠷᠬᠠᠢ ᠱᠠᠭ᠋ᠠᠷᠳᠠᠭᠰᠠᠨ ᠪᠠᠢ᠌ᠨ᠎ᠠ᠃ 《ᠬᠡᠷᠡᠭᠵᠢᠭᠦᠯᠬᠦ ᠰᠠᠨᠠᠯ》᠎ᠳᠤ ᠡᠭᠦᠨ᠎ᠢ ᠦᠨᠳᠦᠰᠦᠯᠡᠨ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠪᠣᠳᠠᠲᠠᠢ ᠪᠠᠢ᠌ᠷᠢᠯᠠᠭᠤᠯᠤᠯᠲᠠ ᠬᠢᠵᠦ᠂ ᠭᠤᠷᠪᠠᠨ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠳᠤᠷᠠᠳᠤᠨ ᠭᠠᠷᠭ᠋ᠠᠪᠠ᠃  

      ᠨᠢᠭᠡ᠎ᠳᠤ ᠣᠨᠴᠠᠯᠢᠭ᠎ᠢ ᠢᠯᠡᠷᠡᠭᠦᠯᠬᠦ ᠳᠡᠭᠡᠷ᠎ᠡ ᠬᠦᠴᠦ ᠲᠠᠯᠪᠢᠨ᠎ᠠ ᠃  ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠵᠠᠩᠭᠢᠯᠠᠭ᠎ᠠ ᠪᠣᠯ ᠨᠢᠭᠡ ᠭᠠᠵᠠᠷ ᠣᠷᠣᠨ᠎ᠤ ᠬᠥᠷᠥᠰᠥ ᠰᠢᠷᠣᠢ ᠵᠢ ᠰᠠᠢ᠌ᠲᠤᠷ ᠠᠰᠢᠭᠯᠠᠵᠤ ᠂ ᠨᠤᠲᠤᠭ ᠤᠰᠤᠨ᠎ᠤ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠶᠠᠪᠤᠳᠠᠯ ᠪᠣᠯᠣᠨ᠎ᠠ ᠃  ᠡᠭᠦᠯᠳᠡᠷ᠎ᠢ ᠪᠣᠢ᠌ᠵᠢᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠵᠢ  ᠡᠭᠦᠳᠬᠦ  ᠪᠠ ᠪᠠᠷᠢᠮᠵᠢᠶᠠᠵᠢᠭᠤᠯᠤᠨ ᠦᠢ᠍ᠯᠡᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠬᠤ ᠵᠢ ᠠᠬᠢᠭᠤᠯᠬᠤ ᠳᠦᠷᠢᠮ ᠪᠠ  ᠰᠦ ᠵᠢᠨ ᠦᠢ᠍ᠯᠡᠰ ᠮᠢᠬᠠᠨ᠎ᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠳᠦᠷᠢᠮ᠎ᠢ ᠲᠣᠭᠲᠠᠭ᠋ᠠᠵᠤ᠂ ᠠᠯᠠᠰᠢᠨ ᠦᠬᠡᠷ᠂ ᠠᠯᠠᠰᠢᠨ ᠬᠣᠨᠢ᠂ ᠲᠥᠮᠥᠰᠥ᠂ ᠢᠮᠠᠭ᠋ᠠᠨ  ᠨᠤᠤᠯᠤᠭᠤᠷ ᠂ ᠲᠡᠵᠢᠭᠡᠯ ᠡᠪᠡᠰᠦ  ᠪᠣᠷᠳᠤᠭ᠎ᠠ  ᠵᠡᠷᠭᠡ ᠠᠵᠤ ᠦᠢ᠍ᠯᠡᠰ᠎ᠤᠨ ᠬᠡᠯᠬᠢᠶ᠎ᠡ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠡᠢ᠌ᠲᠡᠯᠡᠵᠦ᠂ ᠲᠠᠷᠢᠶᠠᠯᠠᠩ ᠮᠠᠯ ᠠᠵᠤ ᠠᠬᠤᠢ ᠵᠢᠨ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠪᠦᠲᠦᠭᠡᠨ ᠪᠠᠢ᠌ᠭᠤᠯᠤᠯᠲᠠ ᠵᠢ ᠪᠥᠬᠥ ᠬᠦᠴᠦᠨ ᠵᠶ᠋ᠡᠷ ᠠᠬᠢᠭᠤᠯᠤᠨ᠎ᠠ᠃  

      ᠬᠣᠶᠠᠷ᠎ᠲᠤ ᠠᠵᠤ ᠦᠢ᠍ᠯᠡᠰ᠎ᠢ ᠠᠭᠤᠰᠤᠯᠴᠠᠭᠤᠯᠬᠤ ᠳᠡᠭᠡᠷ᠎ᠡ ᠬᠦᠴᠦ ᠲᠠᠯᠪᠢᠨ᠎ᠠ᠃  ᠭᠤᠯᠳᠤ ᠴᠢᠭᠯᠡᠯ ᠵᠶ᠋ᠡᠷ ᠂ ᠦᠢ᠍ᠯᠡᠳᠪᠦᠷᠢᠯᠡᠬᠦ ᠪᠣᠯᠪᠠᠰᠤᠷᠠᠭᠤᠯᠬᠤ  ᠪᠣᠷᠣᠯᠠᠭᠤᠯᠬᠤ ᠵᠢ  ᠨᠡᠪᠲᠡᠷᠡᠭᠦᠯᠦᠨ᠎ᠡ ᠃ ᠮᠠᠯ᠎ᠤᠨ  ᠠᠰᠢᠭ ᠰᠢᠮ᠎ᠡ  ᠲᠠᠷᠢᠶᠠᠯᠠᠩ᠎ᠤᠨ  ᠪᠦᠲᠦᠭᠡᠭᠳᠡᠬᠦᠨ  ᠪᠣᠯᠪᠠᠰᠤᠷᠠᠭᠤᠯᠬᠤ  ᠦᠢ᠍ᠯᠡᠰ ᠪᠣᠯᠣᠨ ᠭᠦᠢ᠍ᠯᠭᠡᠭᠡᠨ᠎ᠤ  ᠦᠢ᠍ᠯᠡᠰ᠎ᠢ  ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ ᠂ ᠤᠷᠢᠳᠴᠢᠯᠠᠨ ᠬᠢᠭᠰᠡᠨ ᠨᠣᠭᠣᠭ᠎ᠠ ᠵᠠᠭᠤᠰᠢ ᠵᠡᠷᠭᠡ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠵᠢ ᠶᠡᠬᠡᠪᠡᠷ ᠬᠥᠭᠵᠢᠭᠦᠯᠦᠨ ᠂ ᠦᠬᠡᠷ ᠬᠤᠨᠢᠨ ᠮᠢᠬ᠎ᠠ ᠵᠢ ᠨᠠᠷᠢᠯᠢᠭ ᠰᠠᠯᠭ᠋ᠠᠬᠤ ᠂ ᠬᠦᠢ᠍ᠲᠡᠨ ᠰᠢᠨ᠎ᠡ ᠮᠢᠬ᠎ᠠ ᠪᠣᠯᠪᠠᠰᠤᠷᠠᠭᠤᠯᠬᠤ᠂ ᠪᠤᠯᠭᠤᠭᠰᠠᠨ ᠢᠳᠡᠭᠡᠨ ᠦᠢ᠍ᠯᠡᠳᠬᠦ ᠵᠢ ᠬᠥᠭᠵᠢᠭᠦᠯᠵᠦ ᠂ 《  ᠮᠠᠯ   ᠲᠡᠭᠡᠭᠡᠪᠦᠷᠢᠯᠡᠬᠦ》 ᠵᠢ 《ᠮᠢᠬ᠎ᠠ ᠲᠡᠭᠡᠭᠡᠪᠦᠷᠢᠯᠡᠬᠦ》  ᠲᠡᠢ᠌ᠰᠢ  ᠬᠤᠪᠢᠷᠠᠭᠤᠯᠬᠤ ᠵᠢ ᠠᠬᠢᠭᠤᠯᠵᠤ ᠂ ᠭᠣᠣᠯ ᠪᠣᠯᠬᠤ ᠲᠠᠷᠢᠶᠠᠯᠠᠩ᠎ᠤᠨ  ᠪᠦᠲᠦᠭᠡᠭᠳᠡᠬᠦᠨ ᠮᠠᠯ᠎ᠤᠨ  ᠠᠰᠢᠭ ᠰᠢᠮ᠎ᠡ ᠵᠢ  ᠪᠣᠯᠪᠠᠰᠤᠷᠠᠭᠤᠯᠤᠨ  ᠬᠤᠪᠢᠷᠠᠭᠤᠯᠬᠤ ᠨᠤᠷᠮ᠎ᠠ ᠵᠢ 72%᠎ᠲᠤ ᠬᠦᠷᠦᠭᠦᠯᠬᠦ᠎ᠪᠠᠷ ᠴᠢᠷᠮᠠᠢ᠌ᠨ᠎ᠠ ᠃  ᠬᠥᠨᠳᠡᠯᠡᠨ ᠴᠢᠭᠯᠡᠯ ᠵᠶ᠋ᠡᠷ ᠂  ᠲᠠᠷᠢᠶᠠᠯᠠᠩ ᠰᠣᠶᠣᠯ  ᠵᠤᠭ᠋ᠠᠴᠠᠯ᠎ᠢ ᠨᠡᠢ᠌ᠯᠡᠭᠦᠯᠦᠨ᠎ᠡ᠃  ᠣᠲᠣ ᠦᠶ᠎ᠡ ᠵᠢᠨ ᠬᠥᠳᠡᠭᠡ ᠲᠣᠰᠬᠣᠨ᠎ᠤ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠳᠬᠡᠨ ᠬᠥᠭᠵᠢᠭᠦᠯᠵᠦ᠂ ᠬᠥᠳᠡᠭᠡ ᠲᠣᠰᠬᠣᠨ᠎ᠤ ᠢᠳᠡᠭᠡᠨ ᠤᠮᠳᠠᠭ᠋ᠠᠨ ᠪᠠᠷᠠᠭ᠎ᠠ ᠬᠤᠳᠠᠯᠳᠤᠨ ᠠᠪᠬᠤ᠂ ᠰᠣᠶᠣᠯ ᠪᠡᠶ᠎ᠡ ᠵᠢᠨ ᠲᠠᠮᠢᠷ᠂ ᠵᠢᠭᠤᠯᠴᠢᠯᠠᠯ ᠰᠡᠯᠡᠭᠦᠴᠡᠯ᠂ ᠨᠠᠰᠤᠵᠢᠯ᠎ᠤᠨ ᠠᠰᠠᠷᠠᠮᠵᠢ ᠬᠡᠦᠬᠡᠳ ᠰᠠᠭ᠋ᠠᠲᠠᠭᠤᠯᠬᠤ᠂ ᠮᠡᠳᠡᠭᠡ ᠵᠠᠩᠭᠢ ᠵᠢᠨ ᠵᠠᠭᠤᠴᠢ ᠵᠡᠷᠭᠡ ᠠᠮᠢᠳᠤᠷᠠᠯ᠎ᠤᠨ ᠦᠢ᠍ᠯᠡᠴᠢᠯᠡᠭᠡ ᠵᠢ ᠳᠡᠮᠵᠢᠨ ᠬᠥᠭᠵᠢᠭᠦᠯᠵᠦ᠂ ᠬᠥᠳᠡᠭᠡ ᠲᠣᠰᠬᠣᠨ᠎ᠤ ᠦᠢ᠍ᠯᠡᠳᠬᠦᠨ ᠬᠤᠳᠠᠯᠳᠤᠵᠤ ᠪᠠᠢ᠌ᠭᠰᠠᠨ᠎ᠠᠴᠠ᠎ᠪᠠᠨ ᠵᠡᠷᠭᠡᠪᠡᠷ ᠦᠢ᠍ᠯᠡᠴᠢᠯᠡᠭᠡ ᠬᠤᠳᠠᠯᠳᠤᠬᠤ  ᠲᠡᠢ᠌ᠰᠢ  ᠬᠤᠪᠢᠷᠠᠭᠤᠯᠬᠤ ᠵᠢ ᠠᠬᠢᠭᠤᠯᠤᠨ᠎ᠠ᠃  

      ᠭᠤᠷᠪᠠ᠎ᠳᠤ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠨ᠎ᠠ ᠃  ᠡᠯ᠎ᠡ ᠲᠥᠷᠥᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ᠎ᠪᠠᠷ ᠭᠠᠷᠳᠠᠴᠠ ᠪᠣᠯᠭ᠋ᠠᠵᠤ᠂ ᠰᠢᠶᠠᠨ ᠰᠢᠶᠠᠩ ᠲᠣᠰᠬᠣᠨ᠎ᠤ ᠠᠵᠤ ᠦᠢ᠍ᠯᠡᠰ᠎ᠤᠨ ᠣᠷᠣᠨ ᠵᠠᠢ ᠵᠢᠨ ᠪᠠᠢ᠌ᠷᠢᠰᠢᠭᠤᠯᠤᠯᠲᠠ ᠵᠢ ᠲᠡᠭᠦᠯᠳᠡᠷᠵᠢᠭᠦᠯᠦᠨ᠂ ᠰᠢᠶᠠᠨ᠎ᠤ ᠬᠡᠪᠴᠢᠶᠡᠨ᠎ᠤ ᠠᠵᠤ ᠦᠢ᠍ᠯᠡᠰ᠎ᠤᠨ ᠳᠠᠭ᠋ᠠᠭ᠋ᠠᠬᠤ ᠪᠠ ᠢᠵᠢ ᠪᠦᠷᠢᠳᠦᠭᠦᠯᠬᠦ ᠦᠢ᠍ᠯᠡᠴᠢᠯᠡᠭᠡᠨ᠎ᠤ ᠴᠢᠳᠠᠮᠵᠢ ᠵᠢ ᠬᠦᠴᠦᠯᠡᠨ ᠳᠡᠭᠡᠭᠰᠢᠯᠡᠭᠦᠯᠵᠦ᠂ ᠭᠣᠣᠯᠳᠠᠯᠭ᠎ᠠ᠎ᠲᠠᠢ ᠪᠠᠯᠭ᠋ᠠᠰᠤ ᠵᠢᠨ ᠲᠥᠪᠯᠡᠷᠡᠭᠦᠯᠬᠦ ᠴᠢᠳᠠᠮᠵᠢ ᠵᠢ ᠴᠢᠩᠭ᠋ᠠᠷᠠᠭᠤᠯᠤᠨ᠂ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ  ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠭᠠᠷᠤᠯᠲᠠ ᠵᠢᠨ ᠣᠷᠣᠨ  ᠲᠡᠢ᠌ᠰᠢ  ᠳᠣᠷᠣᠭᠰᠢ ᠪᠠᠭᠤᠯᠭ᠋ᠠᠵᠤ᠂ ᠬᠦᠷᠢᠶᠡᠯᠡᠩ ᠲᠣᠭᠣᠷᠢᠭ  ᠲᠡᠢ᠌ᠰᠢ  ᠲᠥᠪᠯᠡᠷᠡᠭᠦᠯᠵᠦ᠂ ᠬᠣᠲᠠ ᠬᠥᠳᠡᠭᠡ ᠬᠣᠯᠪᠤᠭ᠋ᠠᠯᠠᠨ ᠬᠥᠳᠡᠯᠦᠯᠴᠡᠭᠰᠡᠨ ᠠᠵᠤ ᠦᠢ᠍ᠯᠡᠰ᠎ᠤᠨ ᠰᠦᠷᠦᠭᠵᠢᠯ᠎ᠢ ᠪᠣᠶ ᠪᠣᠯᠭ᠋ᠠᠨ᠎ᠠ᠃

      ᠬᠥᠲᠥᠯᠥᠭᠴᠢ᠄ ᠥᠪᠡᠷᠲᠡᠭᠡᠨ ᠵᠠᠰᠠᠬᠤ ᠣᠷᠣᠨ᠎ᠠᠴᠠ ᠣᠷᠣᠰᠢᠨ ᠰᠠᠭᠤᠬᠤ᠎ᠳᠤ ᠲᠣᠬᠢᠷᠠᠮᠵᠢᠲᠠᠢ ᠠᠵᠢᠯ ᠦᠢ᠍ᠯᠡᠰ ᠪᠠ  ᠦᠵᠡᠰᠬᠦᠯᠡᠩᠳᠦ ᠰᠠᠢ᠌ᠬᠠᠨ  ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠬᠤ ᠲᠠᠯ᠎ᠠ᠎ᠪᠠᠷ ᠶᠠᠮᠠᠷ ᠶᠠᠮᠠᠷ ᠪᠣᠳᠠᠲᠠᠢ ᠪᠠᠢ᠌ᠷᠢᠯᠠᠭᠤᠯᠤᠯᠲᠠ ᠬᠢᠭᠰᠡᠨ ᠪᠣᠶ?

      ᠵᠣᠴᠢᠨ ᠭᠦᠸᠧ ᠵᠠᠨ ᠵᠢᠶᠠᠩ᠄ ᠶᠡᠷᠦᠩᠬᠡᠢ ᠱᠦᠵᠢ ᠰᠢ ᠵᠢᠨ ᠫᠢᠩ ᠴᠢᠬᠤᠯᠠᠴᠢᠯᠠᠬᠤ᠎ᠳᠠᠭᠠᠨ᠂ ᠲᠠᠷᠢᠶᠠᠯᠠᠩ᠎ᠤᠨ ᠣᠳᠣᠬᠢᠴᠢᠯᠠᠯᠲᠠ ᠪᠠ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠨᠢᠭᠡ ᠴᠣᠭᠴᠠᠵᠢᠭᠤᠯᠤᠨ ᠠᠬᠢᠭᠤᠯᠵᠤ᠂ ᠬᠥᠳᠡᠭᠡ ᠲᠣᠰᠬᠣᠨ᠎ᠤ ᠥᠩᠭᠡᠨ ᠲᠠᠯ᠎ᠠ᠎ᠠᠴᠠ ᠳᠣᠲᠣᠷ ᠲᠠᠯ᠎ᠠ᠎ᠳᠤ  ᠬᠦᠷᠦᠭᠰᠡᠨ ᠂ ᠬᠡᠯᠪᠡᠷᠢ ᠴᠣᠭ ᠰᠦᠯᠳᠡ ᠵᠢ ᠬᠣᠣᠰᠯᠠᠭᠤᠯᠤᠭᠰᠠᠨ ᠪᠥᠬᠥ ᠲᠠᠯ᠎ᠠ ᠵᠢᠨ ᠳᠡᠭᠡᠭᠰᠢᠯᠡᠯᠲᠡ ᠵᠢ ᠪᠡᠶᠡᠯᠡᠭᠦᠯᠬᠦ ᠬᠡᠷᠡᠭᠲᠡᠢ ᠭᠡᠵᠡᠢ᠃ 《ᠬᠡᠷᠡᠭᠵᠢᠭᠦᠯᠬᠦ ᠰᠠᠨᠠᠯ》᠎ᠳᠤ ᠣᠷᠣᠰᠢᠨ ᠰᠠᠭᠤᠬᠤ᠎ᠳᠤ ᠲᠣᠬᠢᠷᠠᠮᠵᠢᠲᠠᠢ ᠠᠵᠢᠯ ᠦᠢ᠍ᠯᠡᠰ ᠪᠠ  ᠦᠵᠡᠰᠬᠦᠯᠡᠩᠳᠦ ᠰᠠᠢ᠌ᠬᠠᠨ ᠬᠥᠳᠡᠭᠡ ᠲᠣᠰᠬᠣᠨ᠎ᠢ ᠪᠦᠲᠦᠭᠡᠨ ᠪᠠᠢ᠌ᠭᠤᠯᠬᠤ ᠲᠤᠬᠠᠢ ᠪᠣᠳᠠᠲᠠᠢ ᠪᠠᠢ᠌ᠷᠢᠯᠠᠭᠤᠯᠤᠯᠲᠠ ᠬᠢᠵᠡᠢ᠂ ᠡᠭᠦᠨ᠎ᠳᠤ ᠬᠠᠲᠠᠭᠤ ᠲᠣᠨᠣᠭ᠂ ᠵᠥᠭᠡᠯᠡᠨ ᠲᠣᠨᠣᠭ᠎ᠢ ᠬᠣᠶᠠᠷ ᠲᠠᠯ᠎ᠠ᠎ᠪᠠᠷ ᠠᠳᠬᠤᠬᠤ᠎ᠪᠠᠷ ᠭᠣᠣᠯᠳᠠᠯᠭ᠎ᠠ ᠪᠣᠯᠭ᠋ᠠᠵᠠᠢ᠃  

      ᠨᠢᠭᠡ ᠲᠠᠯ᠎ᠠ᠎ᠪᠠᠷ ᠬᠠᠲᠠᠭᠤ ᠲᠣᠨᠣᠭ᠎ᠤᠨ ᠪᠠᠢ᠌ᠭᠤᠯᠤᠯᠲᠠ ᠵᠢ  ᠠᠳᠬᠤᠨ᠎ᠠ ᠃ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ᠂ ᠬᠥᠳᠡᠭᠡ ᠲᠣᠰᠬᠣᠨ᠎ᠤ ᠰᠠᠭᠤᠷᠢ  ᠲᠦᠭᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ᠂ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ᠎ᠪᠠᠷ ᠭᠣᠣᠯᠳᠠᠯᠭ᠎ᠠ ᠪᠣᠯᠭ᠋ᠠᠵᠤ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠬᠦᠴᠦᠲᠡᠢ ᠪᠥᠭᠡᠳ ᠡᠮᠬᠢ ᠵᠢᠷᠤᠮ᠎ᠲᠠᠢ ᠠᠬᠢᠭᠤᠯᠤᠨ᠎ᠠ᠃  ᠰᠢᠶᠠᠨ᠎ᠤ ᠬᠡᠪᠴᠢᠶ᠎ᠡ ᠵᠢ ᠨᠢᠭᠡᠳᠦᠯᠲᠡᠢ ᠲᠥᠯᠥᠪᠵᠢᠭᠦᠯᠬᠦ ᠵᠢ ᠪᠠᠷᠢᠮᠲᠠᠯᠠᠵᠤ ᠂ ᠠᠢ᠌ᠯ ᠲᠣᠰᠬᠣᠨ᠎ᠤ ᠲᠥᠯᠦᠪᠵᠢᠭᠦᠯᠭᠡ ᠵᠢ ᠲᠣᠭᠣᠷᠢᠭ ᠬᠤᠪᠢᠶᠠᠨ ᠲᠦᠷᠦᠯ ᠬᠤᠪᠢᠶᠠᠨ  ᠵᠢᠷᠤᠵᠤ ᠲᠦᠯᠦᠪᠯᠡᠨ᠎ᠡ ᠃  ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢᠨ 《ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠬᠤ》 ᠲᠥᠷᠥ ᠵᠢᠨ ᠪᠣᠳᠣᠯᠭ᠎ᠠ ᠵᠢ ᠰᠠᠢ᠌ᠲᠤᠷ ᠬᠡᠷᠡᠭᠯᠡᠵᠦ᠂ ᠮᠠᠯᠴᠢᠨ ᠲᠠᠷᠢᠶᠠᠴᠢᠨ᠎ᠤ ᠣᠷᠣᠨ ᠰᠠᠭᠤᠴᠠ᠂ ᠬᠥᠳᠡᠭᠡ ᠲᠣᠰᠬᠣᠨ᠎ᠤ ᠰᠠᠭᠤᠷᠢ ᠲᠦᠭᠦᠭᠡᠷᠦᠮᠵᠢ ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠣᠷᠣᠨ ᠵᠠᠢ ᠪᠠ ᠠᠵᠤ ᠦᠢ᠍ᠯᠡᠰ᠎ᠲᠤ ᠬᠡᠷᠡᠭᠯᠡᠬᠦ ᠭᠠᠵᠠᠷ ᠰᠢᠷᠣᠢ ᠵᠢᠨ ᠬᠡᠷᠡᠭᠴᠡᠭᠡ ᠱᠠᠭ᠋ᠠᠷᠳᠠᠯᠭ᠎ᠠ ᠵᠢ ᠤᠷᠢᠳᠠᠪᠠᠷ ᠪᠠᠲᠤᠯᠠᠨ᠎ᠠ᠃  ᠮᠠᠯᠵᠢᠬᠤ ᠲᠠᠷᠢᠶᠠᠯᠠᠬᠤ ᠣᠷᠣᠨ᠎ᠤ ᠡᠷᠦᠬᠡ ᠵᠢᠨ ᠵᠣᠷᠯᠣᠩ᠎ᠤᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠡᠷᠡᠭᠦᠯ ᠬᠠᠮᠠᠭ᠋ᠠᠯᠠᠯ᠎ᠤᠨ ᠡᠷᠦᠬᠡ ᠵᠢᠨ ᠵᠣᠷᠯᠣᠩ᠎ᠢ 6 ᠲᠦᠮᠡ ᠰᠢᠨ᠎ᠡ᠎ᠪᠠᠷ  ᠪᠠᠢ᠌ᠭᠤᠯᠬᠤ  ᠪᠤᠶᠤ ᠥᠭᠡᠷᠡᠴᠢᠯᠡᠨ  ᠪᠠᠢ᠌ᠭᠤᠯᠤᠨ᠎ᠠ ᠃  ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠢᠨᠵᠧᠨᠧᠷᠢᠩ 500 ᠭᠡᠰᠡᠭ᠎ᠢ  ᠰᠢᠨ᠎ᠡ᠎ᠪᠠᠷ ᠥᠷᠭᠡᠳᠬᠡᠨ ᠪᠠᠢ᠌ᠭᠤᠯᠵᠤ᠂ ᠬᠢᠯᠢ ᠬᠢᠵᠠᠭ᠋ᠠᠷ ᠣᠷᠣᠨ᠎ᠤ ᠲᠠᠷᠠᠬᠠᠢ ᠬᠡᠯᠪᠡᠷᠢ ᠵᠢᠨ ᠤᠰᠤᠨ ᠰᠤᠷᠪᠤᠯᠵᠢ ᠵᠢᠨ ᠴᠡᠭ᠎ᠤᠨ ᠢᠨᠵᠧᠨᠧᠷᠢᠩ 820  ᠭᠡᠰᠡᠭ᠎ᠢ  ᠰᠢᠨ᠎ᠡ᠎ᠪᠠᠷ ᠥᠷᠭᠡᠳᠬᠡᠨ ᠪᠠᠢ᠌ᠭᠤᠯᠤᠨ᠎ᠠ᠃  ᠮᠠᠯᠵᠢᠬᠤ ᠲᠠᠷᠢᠶᠠᠯᠠᠬᠤ ᠣᠷᠣᠨ᠎ᠤ ᠰᠤᠷᠭ᠋ᠠᠨ ᠬᠥᠮᠦᠵᠢᠯ᠂ ᠡᠮᠴᠢᠯᠡᠭᠡ᠂ ᠨᠠᠰᠤᠵᠢᠯ᠎ᠤᠨ ᠠᠰᠠᠷᠠᠮᠵᠢ᠂ ᠨᠠᠰᠤᠨ᠎ᠳᠤ ᠥᠯᠥ ᠬᠦᠷᠦᠭᠰᠡᠳ᠎ᠢ ᠬᠠᠯᠠᠮᠵᠢᠯᠠᠨ ᠬᠠᠢ᠌ᠷᠠᠯᠠᠬᠤ ᠵᠡᠷᠭᠡ ᠭᠣᠣᠯᠳᠠᠯᠭ᠎ᠠ᠎ᠲᠠᠢ ᠠᠵᠢᠯ᠎ᠢ ᠡᠮᠬᠢ ᠵᠢᠷᠤᠮ᠎ᠲᠠᠢ ᠠᠬᠢᠭᠤᠯᠤᠨ᠎ᠠ᠃  ᠡᠭᠦᠨ᠎ᠤ ᠬᠠᠮᠲᠤ᠂ ᠮᠠᠯᠴᠢᠨ ᠲᠠᠷᠢᠶᠠᠴᠢᠨ᠎ᠤ ᠬᠦᠰᠡᠯ ᠰᠠᠨᠠᠭ᠎ᠠ ᠵᠢ ᠭᠦᠢ᠍ᠴᠡᠳ ᠬᠦᠨᠳᠦᠳᠬᠡᠵᠦ᠂ ᠣᠯᠠᠨ ᠲᠦᠮᠡᠨ᠎ᠤ ᠰᠠᠨᠠᠯ᠎ᠢ ᠢᠯᠡᠭᠦᠬᠡᠨ ᠰᠣᠨᠣᠰᠴᠤ᠂ ᠮᠠᠯᠴᠢᠨ ᠲᠠᠷᠢᠶᠠᠴᠢᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ᠎ᠳᠤ ᠪᠥᠬᠥ ᠶᠠᠪᠤᠴᠠ᠎ᠪᠠᠷ  ᠣᠷᠤᠯᠴᠠᠭᠤᠯᠤᠨ᠎ᠠ ᠃  

      ᠨᠦᠬᠦᠭᠡ ᠨᠢᠭᠡ ᠲᠠᠯ᠎ᠠ᠎ᠪᠠᠷ ᠵᠥᠭᠡᠯᠡᠨ  ᠲᠣᠨᠤᠭ᠎ᠤᠨ ᠪᠠᠢ᠌ᠭᠤᠯᠤᠯᠲᠠ ᠵᠢ  ᠠᠳᠬᠤᠨ᠎ᠠ᠃ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠶᠣᠰᠣ ᠮᠣᠷᠠᠯ ᠵᠶ᠋ᠠᠷ ᠵᠠᠰᠠᠬᠤ ᠵᠢ ᠬᠠᠷᠢᠯᠴᠠᠨ ᠤᠶᠠᠯᠳᠤᠭᠤᠯᠤᠭᠰᠠᠨ ᠬᠥᠳᠡᠭᠡ ᠲᠣᠰᠬᠣᠨ᠎ᠤ ᠵᠠᠰᠠᠯᠲᠠ ᠵᠢᠨ ᠰᠢᠰᠲ᠋ᠧᠮᠵᠢ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠢ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ ᠮᠥᠷᠲᠡᠭᠡᠨ ᠲᠣᠭᠲᠠᠭᠤᠨ ᠪᠥᠭᠡᠳ ᠡᠮᠬᠢ ᠵᠢᠷᠤᠮ᠎ᠲᠠᠢ ᠪᠠᠢ᠌ᠯᠭ᠋ᠠᠨ᠎ᠠ᠃  ᠨᠢᠭᠡ᠎ᠳᠤ ᠬᠥᠳᠡᠭᠡ ᠲᠣᠰᠬᠣᠨ᠎ᠤ ᠵᠠᠰᠠᠯᠲᠠ ᠵᠢ ᠴᠢᠩᠭ᠋ᠠᠳᠬᠠᠨ ᠰᠠᠢ᠌ᠵᠢᠷᠠᠭᠤᠯᠤᠨ᠎ᠠ ᠃  ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ ᠂  ᠲᠣᠣᠷᠴᠢᠯᠠᠭᠰᠠᠨ  ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ ᠃  ᠬᠥᠳᠡᠭᠡ ᠲᠣᠰᠬᠣᠨ᠎ᠤ ᠵᠠᠰᠠᠯᠲᠠ ᠵᠢᠨ ᠰᠢᠰᠲ᠋ᠧᠮᠵᠢ ᠵᠢᠨ  ᠪᠠᠢ᠌ᠭᠤᠯᠤᠯᠲᠠ ᠵᠢᠨ ᠲᠤᠷᠰᠢᠯᠲᠠ ᠵᠢ ᠭᠦᠨᠵᠡᠭᠡᠢ᠌ᠷᠡᠭᠦᠯᠵᠦ ᠂ ᠬᠤᠪᠢ ᠬᠤᠷᠠᠮᠳᠤᠭᠤᠯᠬᠤ ᠳᠦᠷᠢᠮ ᠂ ᠨᠠᠷᠢᠨ ᠳᠠᠩᠰᠠ ᠵᠢᠨ ᠳᠦᠷᠢᠮ ᠂ ᠲᠣᠭ᠋ᠠᠴᠢᠯᠠᠯᠲᠠ ᠂ ᠵᠠᠭ᠋ᠠᠯᠳᠤᠯᠭ᠎ᠠ ᠵᠢ ᠬᠦᠯᠢᠶᠡᠨ ᠠᠪᠤᠮᠠᠭᠴᠠ ᠭᠦᠢ᠍ᠴᠡᠳᠬᠡᠬᠦ ᠵᠡᠷᠭᠡ ᠵᠠᠰᠠᠯᠲᠠ ᠵᠢᠨ ᠠᠷᠭ᠎ᠠ ᠬᠡᠯᠪᠡᠷᠢ ᠵᠢ ᠳᠡᠯᠭᠡᠷᠡᠭᠦᠯᠦᠨ ᠬᠡᠷᠡᠭᠯᠡᠵᠦ ᠂ ᠬᠥᠳᠡᠭᠡ ᠲᠣᠰᠬᠣᠨ᠎ᠤ ᠵᠠᠰᠠᠯᠲᠠ ᠵᠢᠨ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠦᠨ᠎ᠡ ᠃  ᠬᠣᠶᠠᠷ᠎ᠲᠤ ᠮᠠᠯᠵᠢᠬᠤ ᠲᠠᠷᠢᠶᠠᠯᠠᠬᠤ ᠣᠷᠣᠨ᠎ᠤ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠨ᠎ᠠ᠃  ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠣᠯᠠᠨ ᠲᠦᠮᠡᠨᠴᠢ ᠴᠢᠨᠠᠷᠲᠠᠢ ᠤᠬᠠᠭᠤᠯᠤᠨ ᠲᠠᠢ᠌ᠯᠪᠤᠷᠢᠯᠠᠬᠤ ᠵᠢ ᠥᠷᠭᠡᠨ ᠵᠶ᠋ᠡᠷ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠳᠤ ᠨᠠᠮ᠎ᠤᠨ ᠦᠭᠡ ᠵᠢ ᠰᠣᠨᠣᠰᠬᠤ᠂ ᠨᠠᠮ᠎ᠤᠨ ᠠᠴᠢ ᠵᠢ ᠮᠡᠳᠡᠷᠡᠬᠦ᠂ ᠨᠠᠮ ᠵᠶ᠋ᠠᠨ ᠳᠠᠭ᠋ᠠᠬᠤ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠪᠠ 《ᠨᠠᠮ᠎ᠤᠨ ᠲᠠᠭᠤᠨ᠎ᠢ ᠲᠦᠮᠡᠨ ᠡᠷᠦᠬᠡ᠎ᠳᠤ ᠬᠦᠷᠭᠡᠬᠦ》  ᠭᠡᠬᠦ  ᠭᠣᠣᠯ ᠰᠡᠳᠦᠪᠲᠦ ᠪᠣᠯᠪᠠᠰᠤᠨ᠎ᠤ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠦᠨ᠎ᠡ᠃  ᠮᠠᠯᠵᠢᠬᠤ ᠲᠠᠷᠢᠶᠠᠯᠠᠬᠤ ᠣᠷᠣᠨ᠎ᠤ ᠵᠠᠩ ᠳᠠᠳᠬᠠᠯ᠎ᠢ ᠥᠭᠡᠷᠡᠴᠢᠯᠡᠬᠦ ᠵᠢ ᠦᠷᠭᠦᠯᠵᠢᠯᠡᠨ ᠠᠬᠢᠭᠤᠯᠵᠤ᠂ ᠵᠢᠷᠤᠮᠵᠢᠯ᠎ᠢ ᠲᠣᠭᠲᠠᠭ᠋ᠠᠬᠤ᠂ ᠲᠣᠰᠬᠣᠨ᠎ᠤ ᠳᠦᠷᠢᠮ ᠠᠷᠠᠳ᠎ᠤᠨ ᠭᠡᠷ᠎ᠡ ᠵᠢ ᠴᠢᠩᠭ᠋ᠠᠷᠠᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠥᠨᠳᠥᠷ ᠦᠨ᠎ᠡ᠎ᠲᠠᠢ ᠪᠣᠭᠲᠣᠯᠠᠬᠤ ᠪᠡᠯᠡᠭ᠂ ᠨᠠᠢ᠌ᠷ ᠲᠠᠯ᠎ᠠ ᠵᠢ ᠠᠲᠠᠭ᠋ᠠᠷᠬᠠᠨ ᠠᠳᠠᠯᠢᠳᠬᠠᠬᠤ᠂  ᠠᠰᠠᠷᠠᠨ ᠲᠡᠵᠢᠭᠡᠬᠦ ᠵᠢ ᠬᠦᠩᠭᠡᠪᠴᠢᠯᠡᠨ  ᠬᠦᠨᠳᠦ᠎ᠪᠠᠷ ᠣᠷᠣᠰᠢᠭᠤᠯᠬᠤ᠂ ᠪᠦᠷᠢᠯᠭᠡᠨ ᠰᠦᠢ᠍ᠳᠬᠡᠬᠦ ᠵᠡᠷᠭᠡ ᠲᠣᠪᠣᠢ᠌ᠮ᠎ᠠ ᠠᠰᠠᠭᠤᠳᠠᠯ᠎ᠢ ᠲᠥᠪᠯᠡᠷᠡᠭᠦᠯᠦᠨ ᠵᠠᠰᠠᠨ᠎ᠠ᠃

      ᠬᠥᠲᠥᠯᠥᠭᠴᠢ᠄ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠤ  ᠬᠦᠷᠢᠶ᠎ᠡ ᠴᠠᠷᠠᠭ᠋ᠠᠨ᠎ᠳᠤ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠪᠠ ᠪᠠᠢ᠌ᠭᠤᠯᠤᠯ ᠲᠣᠭᠲᠠᠴᠠ ᠵᠢᠨ ᠰᠢᠨ᠎ᠡ ᠵᠢ ᠡᠭᠦᠳᠬᠦ ᠵᠢ ᠴᠢᠩᠭ᠋ᠠᠳᠬᠠᠬᠤ ᠲᠠᠯ᠎ᠠ᠎ᠪᠠᠷ ᠶᠠᠮᠠᠷ ᠶᠠᠮᠠᠷ ᠲᠥᠷᠥ ᠵᠢᠨ ᠪᠣᠳᠣᠯᠭ᠎ᠠ ᠵᠢᠨ ᠬᠢᠯᠠᠰ ᠴᠡᠭ ᠪᠠᠢ᠌ᠬᠤ ᠪᠣᠶ?

      ᠵᠣᠴᠢᠨ ᠭᠦᠸᠧ ᠵᠠᠨ ᠵᠢᠶᠠᠩ ᠄ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ ᠂  ᠲᠠᠷᠢᠶᠠᠯᠠᠩ᠎ᠤᠨ  ᠬᠦᠴᠦᠷᠬᠡᠭ ᠤᠯᠤᠰ᠎ᠢ ᠲᠦᠷᠭᠡᠨ ᠪᠦᠲᠦᠭᠡᠨ ᠪᠠᠢ᠌ᠭᠤᠯᠬᠤ᠎ᠳᠤ ᠦᠨᠡᠨ ᠪᠣᠳᠠᠲᠠᠢ᠎ᠪᠠᠷ  ᠠᠵᠢᠯᠯᠠᠨ᠎ᠠ᠂ ᠦᠨᠡᠨ ᠵᠣᠭᠣᠰ ᠮᠥᠩᠭᠥ᠎ᠪᠠᠷ ᠪᠡᠯᠡ  ᠣᠷᠤᠭᠤᠯᠵᠦ᠂ ᠲᠦᠷᠦ ᠵᠢᠨ ᠪᠣᠳᠣᠯᠭ᠎ᠠ ᠵᠢᠨ ᠬᠠᠮᠲᠤᠷᠠᠯ ᠬᠦᠴᠦᠨ ᠪᠠ ᠠᠵᠢᠯ᠎ᠤᠨ ᠬᠠᠮᠲᠤᠷᠠᠯ ᠬᠦᠴᠦᠨ᠎ᠢ  ᠪᠦᠷᠢᠯᠳᠦᠭᠦᠯᠦᠨ᠎ᠡ᠃ 《ᠬᠡᠷᠡᠭᠵᠢᠭᠦᠯᠬᠦ ᠰᠠᠨᠠᠯ》᠎ᠳᠤ ᠣᠷᠤᠭᠤᠯᠤᠯᠲᠠ᠂ ᠴᠢᠳᠠᠪᠤᠷᠢᠲᠠᠨ᠂ ᠪᠠᠢ᠌ᠭᠤᠯᠤᠯ ᠲᠣᠭᠲᠠᠴᠠ ᠵᠢᠨ ᠪᠠᠲᠤᠯᠠᠭ᠎ᠠ ᠵᠡᠷᠭᠡ ᠲᠠᠯ᠎ᠠ᠎ᠪᠠᠷ ᠭᠣᠣᠯᠳᠠᠯᠭ᠎ᠠ᠎ᠲᠠᠢ᠎ᠪᠠᠷ ᠲᠥᠷᠥ ᠵᠢᠨ ᠪᠣᠳᠣᠯᠭ᠎ᠠ ᠵᠢᠨ ᠬᠢᠯᠠᠰ ᠴᠡᠭ᠎ᠢ ᠳᠤᠷᠠᠳᠤᠨ ᠭᠠᠷᠭ᠋ᠠᠪᠠ᠃  ᠨᠢᠭᠡᠳᠦᠭᠡᠷ᠎ᠲᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠤᠯᠠᠨ ᠡᠰᠢᠲᠦ ᠣᠷᠤᠭᠤᠯᠤᠯᠲᠠ ᠵᠢᠨ ᠲᠣᠭᠲᠠᠴᠠ ᠵᠢ ᠪᠦᠷᠢᠨᠰᠢᠭᠦᠯᠦᠨ᠎ᠡ ᠃  ᠨᠢᠭᠡ᠎ᠳᠤ ᠵᠠᠰᠠᠭ᠎ᠤᠨ ᠣᠷᠳᠣᠨ᠎ᠤ ᠣᠷᠤᠭᠤᠯᠤᠯᠲᠠ᠃  ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠢ ᠡᠩ᠎ᠤᠨ ᠣᠯᠠᠨ ᠨᠡᠶ᠋ᠢᠲᠡ ᠵᠢᠨ ᠲᠥᠰᠥᠪ᠎ᠲᠤ  ᠤᠷᠢᠳ ᠵᠶ᠋ᠠᠷ ᠪᠠᠲᠤᠯᠠᠬᠤ ᠬᠦᠷᠢᠶ᠎ᠡ  ᠴᠠᠷᠠᠭ᠎ᠠ  ᠪᠣᠯᠭ᠋ᠠᠬᠤ ᠵᠢ ᠪᠠᠷᠢᠮᠲᠠᠯᠠᠵᠤ᠂ ᠵᠠᠰᠠᠭ᠎ᠤᠨ ᠣᠷᠳᠣᠨ᠎ᠤ ᠣᠷᠤᠭᠤᠯᠤᠯᠲᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ᠂ ᠭᠠᠵᠠᠷ ᠰᠢᠷᠣᠢ ᠵᠢ ᠰᠢᠯᠵᠢᠭᠦᠯᠦᠨ ᠥᠭᠭᠦᠭᠰᠡᠨ ᠠᠰᠢᠭ ᠣᠷᠣᠯᠭ᠎ᠠ ᠵᠢᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠳᠤ ᠬᠡᠷᠡᠭᠯᠡᠬᠦ ᠬᠠᠷᠢᠴᠠᠯ᠎ᠢ ᠲᠣᠭᠲᠠᠭᠤᠨ ᠵᠶ᠋ᠠᠷ ᠳᠡᠭᠡᠭᠰᠢᠯᠡᠭᠦᠯᠵᠦ᠂ ᠨᠥᠬᠥᠴᠡᠯ᠎ᠳᠤ ᠨᠡᠢ᠌ᠴᠡᠬᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢ᠍ᠯ᠎ᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠢᠭᠡᠯᠡᠯᠭᠡ ᠵᠢᠨ ᠲᠡᠮᠳᠡᠭᠲᠦ᠎ᠪᠠᠷ ᠳᠡᠮᠵᠢᠬᠦ ᠬᠡᠪᠴᠢᠶᠡᠨ᠎ᠳᠤ ᠣᠷᠣᠭᠤᠯᠬᠤ ᠵᠢ  ᠴᠢᠬᠤᠯᠠᠴᠢᠯᠠᠨ᠎ᠠ ᠃  ᠬᠣᠶᠠᠷ᠎ᠲᠤ ᠮᠥᠩᠭᠥᠨ ᠭᠦᠢ᠍ᠯᠭᠡᠭᠡᠨ᠎ᠤ ᠣᠷᠤᠭᠤᠯᠤᠯᠲᠠ ᠃  ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠲᠠᠷᠢᠶᠠᠯᠠᠩ ᠮᠠᠯ ᠠᠵᠤ ᠠᠬᠤᠢ ᠵᠢᠨ ᠮᠥᠩᠭᠥᠨ ᠭᠦᠢ᠍ᠯᠭᠡᠭᠡᠨ᠂ ᠲᠦᠭᠡᠮᠡᠯ ᠬᠠᠷᠠᠭ᠋ᠠᠯᠵᠠᠯᠲᠤ ᠮᠥᠩᠭᠥᠨ ᠭᠦᠢ᠍ᠯᠭᠡᠭᠡᠨ᠎ᠤ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ᠎ᠢ ᠴᠢᠩᠭ᠋ᠠᠷᠠᠭᠤᠯᠵᠤ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠂ ᠲᠠᠷᠢᠮᠠᠯ᠎ᠤᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠳᠡᠮᠵᠢᠬᠦ᠂ ᠮᠠᠯᠵᠢᠬᠤ ᠲᠠᠷᠢᠶᠠᠯᠠᠬᠤ ᠣᠷᠣᠨ᠎ᠤ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠰᠢᠰᠲ᠋ᠧᠮᠵᠢ ᠵᠢ ᠪᠦᠷᠢᠨᠰᠢᠭᠦᠯᠬᠦ ᠲᠠᠯ᠎ᠠ᠎ᠪᠠᠷ ᠬᠠᠢ᠌ᠨ ᠰᠦᠪᠡᠭᠴᠢᠯᠡᠵᠦ ᠰᠢᠨ᠎ᠡ ᠵᠢ  ᠡᠭᠦᠳᠦᠨ᠎ᠡ᠃ ᠭᠤᠷᠪᠠ᠎ᠳᠤ ᠨᠡᠢ᠌ᠭᠡᠮ᠎ᠤᠨ ᠬᠥᠷᠥᠩᠭᠡ ᠵᠢᠨ ᠣᠷᠤᠭᠤᠯᠤᠯᠲᠠ ᠃  ᠵᠠᠰᠠᠭ᠎ᠤᠨ ᠣᠷᠳᠣᠨ᠎ᠤ ᠪᠡᠯᠡ ᠣᠷᠤᠭᠤᠯᠤᠯᠲᠠ ᠬᠢᠭᠡᠳ ᠮᠥᠩᠭᠥᠨ ᠭᠦᠢ᠍ᠯᠭᠡᠭᠡᠨ᠂ ᠨᠡᠢ᠌ᠭᠡᠮ᠎ᠤᠨ ᠣᠷᠤᠭᠤᠯᠤᠯᠲᠠ ᠵᠢᠨ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠦᠷᠢᠨᠰᠢᠭᠦᠯᠵᠦ᠂ ᠨᠥᠬᠥᠴᠡᠯ᠎ᠳᠤ ᠨᠡᠢ᠌ᠴᠡᠬᠦ ᠲᠥᠷᠥᠯ ᠵᠦᠢ᠍ᠯ᠎ᠢ ᠲᠣᠭᠲᠠᠭ᠋ᠠᠯ ᠶᠣᠰᠣᠭ᠋ᠠᠷ ᠵᠠᠬ᠎ᠠ ᠳᠡᠯᠭᠡᠭᠦᠷ᠎ᠤᠨ ᠭᠣᠣᠯ ᠴᠣᠭᠴᠠ᠎ᠠᠴᠠ ᠬᠡᠷᠡᠭᠵᠢᠭᠦᠯᠬᠦ ᠵᠢ ᠵᠣᠷᠢᠭᠵᠢᠭᠤᠯᠤᠨ᠂ ᠮᠥᠩᠭᠥᠨ ᠭᠦᠢ᠍ᠯᠭᠡᠭᠡᠨ ᠪᠠ ᠨᠡᠢ᠌ᠭᠡᠮ᠎ᠤᠨ ᠬᠥᠷᠥᠩᠭᠡ ᠵᠢ ᠵᠠᠬ᠎ᠠ ᠳᠡᠯᠭᠡᠭᠦᠷᠴᠢᠯᠡᠬᠦ ᠵᠠᠷᠴᠢᠮ ᠵᠶ᠋ᠠᠷ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠳᠤ ᠨᠠᠩ ᠢᠯᠡᠭᠦᠦ ᠣᠷᠣᠭᠤᠯᠬᠤ ᠵᠢ ᠳᠠᠶ᠋ᠢᠴᠢᠯᠠᠨ᠎ᠠ᠃  ᠬᠣᠶᠠᠳᠤᠭ᠋ᠠᠷ᠎ᠲᠤ᠂ ᠬᠥᠳᠡᠭᠡ ᠲᠣᠰᠬᠣᠨ᠎ᠤ ᠴᠢᠳᠠᠪᠤᠷᠢᠲᠠᠨ᠎ᠤ ᠡᠩᠨᠡᠭᠡ ᠵᠢᠨ  ᠪᠠᠢ᠌ᠭᠤᠯᠤᠯᠲᠠ ᠵᠢ ᠴᠢᠩᠭ᠋ᠠᠳᠬᠠᠨ᠎ᠠ᠃ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠪᠠ ᠦᠢ᠍ᠯᠡᠴᠢᠯᠡᠭᠡᠨ᠎ᠤ ᠭᠣᠣᠯ ᠴᠣᠭᠴᠠ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠳᠠᠷᠢᠵᠤ ᠲᠡᠵᠢᠭᠡᠬᠦ  ᠪᠣᠯᠪᠠᠰᠤᠷᠠᠭᠤᠯᠬᠤ  ᠴᠢᠳᠠᠪᠤᠷᠢᠲᠠᠨ᠎ᠤ  ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ᠂ ᠮᠠᠯᠵᠢᠬᠤ ᠲᠠᠷᠢᠶᠠᠯᠠᠬᠤ ᠣᠷᠣᠨ᠎ᠤ ᠰᠢᠨ᠎ᠡ ᠵᠢ ᠡᠭᠦᠳᠦᠨ ᠠᠳᠠᠯ ᠦᠢ᠍ᠯᠡᠰ ᠴᠣᠭᠴᠠᠯᠠᠭᠴᠢ ᠵᠢ ᠬᠥᠮᠥᠵᠢᠭᠦᠯᠬᠦ ᠵᠡᠷᠭᠡ ᠠᠵᠢᠯᠯᠠᠭ᠎ᠠ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ 1.5 ᠲᠦᠮᠡ᠎ᠠᠴᠠ ᠳᠡᠭᠡᠭᠰᠢ ᠥᠨᠳᠥᠷ ᠬᠡᠪ ᠪᠣᠯᠪᠠᠰᠤᠷᠠᠯ᠎ᠲᠠᠢ ᠮᠠᠯᠴᠢᠨ ᠲᠠᠷᠢᠶᠠᠴᠢᠨ᠎ᠢ ᠪᠣᠢ᠌ᠵᠢᠭᠤᠯᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ 《  ᠳᠠᠭ᠋ᠠᠭᠤᠯᠤᠭᠴᠢ 》 ᠵᠢ 780 ᠬᠥᠮᠥᠵᠢᠭᠦᠯᠦᠨ᠎ᠡ᠃  ᠬᠣᠲᠠ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠲᠣᠭᠲᠠᠮᠠᠯ ᠬᠤᠭᠤᠴᠠᠭ᠎ᠠ᠎ᠲᠠᠢ᠎ᠪᠠᠷ ᠬᠥᠳᠡᠭᠡ ᠲᠣᠰᠬᠣᠨ᠎ᠳᠤ ᠦᠢ᠍ᠯᠡᠴᠢᠯᠡᠬᠦ ᠵᠢ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠬᠥᠳᠡᠭᠡ ᠲᠣᠰᠬᠣᠨ᠎ᠳᠤ ᠣᠷᠳᠣ ᠬᠤᠭᠤᠴᠠᠭ᠎ᠠ᠎ᠪᠠᠷ ᠦᠢ᠍ᠯᠡᠴᠢᠯᠡᠭᠰᠡᠳ᠎ᠲᠤ ᠲᠤᠰᠢᠶᠠᠯ ᠳᠡᠪᠰᠢᠬᠦ᠂ ᠮᠡᠷᠭᠡᠵᠢᠯ᠎ᠤᠨ ᠴᠣᠯᠠ ᠦᠨᠡᠯᠡᠨ ᠲᠣᠭᠲᠠᠭ᠋ᠠᠬᠤ ᠲᠠᠯ᠎ᠠ᠎ᠪᠠᠷ ᠵᠣᠬᠢᠬᠤ ᠬᠠᠷᠠᠭ᠋ᠠᠯᠵᠠᠯ ᠦᠵᠡᠭᠦᠯᠦᠨ᠎ᠡ᠃  ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠡᠮᠡᠭᠲᠡᠢ᠌ᠴᠦᠳ᠎ᠤᠨ ᠠᠵᠢᠯᠯᠠᠭ᠎ᠠ ᠂ ᠣᠶᠤᠲᠠᠳ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠢ᠌ᠨ ᠳᠤᠷ᠎ᠠ᠎ᠠᠴᠠ᠎ᠪᠠᠨ ᠦᠢ᠍ᠯᠡᠴᠢᠯᠡᠬᠦ ᠲᠥᠯᠥᠪᠯᠡᠭᠡ ᠵᠢ ᠦᠷᠭᠦᠯᠵᠢᠯᠡᠨ ᠬᠡᠷᠡᠭᠵᠢᠭᠦᠯᠦᠨ᠎ᠡ ᠃  ᠭᠤᠷᠪᠠᠳᠤᠭ᠋ᠠᠷ᠎ᠲᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠭᠲᠠᠴᠠ ᠵᠢ ᠪᠦᠷᠢᠨᠰᠢᠭᠦᠯᠦᠨ᠎ᠡ ᠃  ᠨᠢᠭᠡ᠎ᠳᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠵᠢᠨ ᠳᠦᠷᠢᠮ᠎ᠢ ᠪᠦᠬᠦ  ᠲᠠᠯ᠎ᠠ᠎ᠪᠠᠷ ᠪᠣᠲᠠᠲᠠᠢ᠌ᠵᠢᠭᠤᠯᠤᠨ᠎ᠠ᠃ ᠲᠠᠪᠤᠨ ᠱᠠᠲᠤᠨ᠎ᠤ ᠱᠦᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠳᠬᠤᠬᠤ ᠵᠢ ᠪᠠᠷᠢᠮᠲᠠᠯᠠᠵᠤ᠂ ᠡᠯ᠎ᠡ ᠱᠠᠲᠤᠨ᠎ᠤ ᠨᠠᠮ ᠵᠠᠰᠠᠭ᠎ᠤᠨ ᠨᠢᠭᠡᠳᠦᠭᠡᠷ ᠬᠠᠷᠢᠭᠤᠴᠠᠯᠭ᠋ᠠᠲᠠᠨ ᠪᠡᠶ᠎ᠡ᠎ᠪᠠᠷ ᠵᠶ᠋ᠡᠨ ᠲᠥᠯᠥᠪᠵᠢᠭᠦᠯᠦᠨ ᠪᠠᠢ᠌ᠷᠢᠯᠠᠭᠤᠯᠵᠤ᠂ ᠪᠡᠶ᠎ᠡ᠎ᠪᠠᠷ ᠵᠶ᠋ᠡᠨ ᠵᠣᠬᠢᠶᠠᠨ ᠪᠠᠢ᠌ᠭᠤᠯᠤᠨ ᠠᠬᠢᠭᠤᠯᠵᠤ᠂ ᠬᠣᠰᠢᠭᠤ ᠰᠢᠶᠠᠨ᠎ᠤ ᠨᠠᠮ᠎ᠤᠨ ᠬᠣᠷᠢᠶ᠎ᠠ ᠵᠢᠨ ᠱᠦᠵᠢ ᠭᠣᠣᠯ ᠣᠶᠤᠨ ᠴᠢᠳᠠᠯ ᠵᠶ᠋ᠠᠨ 《ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠠᠵᠢᠯ ᠳᠡᠭᠡᠷ᠎ᠡ ᠲᠠᠯᠪᠢᠵᠤ᠂ ᠨᠢᠭᠡᠳᠦᠭᠡᠷ ᠹᠷᠣᠨᠲ᠎ᠤᠨ ᠶᠡᠷᠦᠩᠬᠡᠢ ᠵᠢᠯᠣᠭᠣᠳᠤᠭᠴᠢ  ᠪᠣᠯᠭ᠋ᠠᠨ᠎ᠠ ᠃  ᠬᠣᠶᠠᠷ᠎ᠲᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠱᠠᠯᠠᠪᠳᠠᠭᠤᠯᠤᠨ ᠪᠠᠢ᠌ᠴᠠᠭ᠋ᠠᠵᠤ ᠬᠢᠨᠠᠨ ᠰᠢᠯᠭ᠋ᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ ᠃  ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢᠨ ᠪᠣᠳᠠᠲᠤ ᠠᠮᠵᠢᠯᠲᠠ ᠵᠢ ᠬᠢᠨᠠᠨ ᠰᠢᠯᠭ᠋ᠠᠬᠤ ᠵᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠤᠨ ᠬᠢᠨᠠᠨ ᠰᠢᠯᠭ᠋ᠠᠵᠤ ᠦᠨᠡᠯᠡᠨ ᠵᠢᠱ᠌ᠢᠬᠦ ᠵᠢ ᠪᠡᠬᠢᠵᠢᠭᠦᠯᠦᠨ ᠥᠷᠭᠡᠳᠬᠡᠵᠦ ᠂ ᠨᠠᠮ᠎ᠤᠨ ᠪᠠᠢ᠌ᠭᠤᠯᠤᠯᠲᠠ ᠵᠢ ᠠᠳᠬᠤᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠭᠰᠠᠨ ᠪᠠᠢ᠌ᠳᠠᠯ᠎ᠢ ᠠᠢ᠌ᠮᠠᠭ ᠬᠤᠳᠠ ᠂ ᠬᠣᠰᠢᠭᠤ ᠰᠢᠶᠠᠨ ᠂ ᠰᠢᠶᠠᠩ ᠪᠠᠯᠭ᠋ᠠᠰᠤ ᠭᠤᠷᠪᠠᠨ ᠱᠠᠲᠤᠨ᠎ᠤ ᠨᠠᠮ᠎ᠤᠨ ᠬᠣᠷᠢᠶ᠎ᠠ ᠵᠢᠨ ᠱᠦᠵᠢ ᠵᠢᠨ ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠵᠢ ᠠᠳᠬᠤᠭᠰᠠᠨ ᠲᠤᠰᠢᠶᠠᠯ᠎ᠤᠨ ᠮᠡᠳᠡᠭᠦᠯᠦᠯᠲᠡ ᠵᠢ ᠬᠢᠨᠠᠨ ᠰᠢᠯᠭ᠋ᠠᠵᠤ ᠬᠢᠨᠠᠨ ᠰᠢᠯᠭ᠋ᠠᠬᠤ ᠵᠢᠨ ᠴᠢᠬᠤᠯᠠ ᠠᠭᠤᠯᠭ᠎ᠠ ᠪᠣᠯᠭ᠋ᠠᠵᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ  ᠠᠬᠢᠭᠤᠯᠤᠨ᠎ᠠ᠃

      ᠬᠥᠲᠥᠯᠥᠭᠴᠢ᠄ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠠᠯ᠎ᠠ᠎ᠪᠠᠷ ᠶᠠᠮᠠᠷ ᠶᠠᠮᠠᠷ ᠪᠠᠢ᠌ᠷᠢᠯᠠᠭᠤᠯᠤᠯᠲᠠ ᠲᠣᠬᠢᠷᠠᠭᠤᠯᠤᠯᠲᠠ ᠬᠢᠭᠰᠡᠨ ᠪᠣᠶ?

      ᠵᠣᠴᠢᠨ ᠭᠦᠸᠧ ᠵᠠᠨ ᠵᠢᠶᠠᠩ᠄ ᠶᠡᠷᠦᠩᠬᠡᠢ ᠱᠦᠵᠢ ᠰᠢ ᠵᠢᠨ ᠫᠢᠩ ᠲᠠᠷᠢᠶᠠᠯᠠᠩ᠎ᠤᠨ ᠬᠦᠴᠦᠷᠬᠡᠭ ᠤᠯᠤᠰ᠎ᠢ ᠲᠦᠷᠭᠡᠪᠴᠢᠯᠡᠨ ᠪᠦᠲᠦᠭᠡᠨ ᠪᠠᠢ᠌ᠭᠤᠯᠬᠤ᠎ᠳᠤ ᠥᠭᠡᠷᠡᠴᠢᠯᠡᠯᠲᠡ ᠵᠢᠨ  ᠬᠦᠳᠡᠯᠭᠡᠬᠦ ᠬᠦᠴᠦᠨ  ᠎ᠢ ᠨᠡᠮᠡᠭᠳᠡᠭᠦᠯᠵᠦ᠂ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ ᠵᠢ ᠲᠤᠯᠭ᠋ᠠᠮ᠎ᠠ ᠱᠠᠭ᠋ᠠᠷᠳᠠᠵᠤ ᠪᠠᠢ᠌ᠨ᠎ᠠ ᠭᠡᠵᠦ ᠴᠢᠬᠤᠯᠠᠴᠢᠯᠠᠵᠠᠢ᠃  ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠬᠥᠳᠡᠭᠡ ᠲᠣᠰᠬᠣᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠶᠡᠷᠦᠩᠬᠡᠢ ᠰᠡᠳᠬᠢᠴᠡ ᠪᠣᠯ ᠲᠠᠷᠢᠶᠠᠴᠢᠨ ᠪᠣᠯᠣᠨ ᠭᠠᠵᠠᠷ ᠰᠢᠷᠣᠢ ᠵᠢᠨ ᠬᠠᠷᠢᠴᠠᠭ᠎ᠠ ᠵᠢ ᠰᠠᠢ᠌ᠲᠤᠷ ᠰᠢᠢ᠍ᠳᠪᠦᠷᠢᠯᠡᠬᠦ ᠡᠨᠡᠬᠦ ᠭᠣᠣᠯ ᠰᠢᠵᠢᠮ᠎ᠢ ᠦᠷᠭᠦᠯᠵᠢᠯᠡᠨ ᠡᠵᠡᠮᠳᠡᠵᠦ ᠂ ᠬᠥᠳᠡᠭᠡ ᠲᠣᠰᠬᠣᠨ᠎ᠤ ᠬᠠᠮᠲᠤ ᠵᠢᠨ ᠡᠬᠢ ᠪᠠᠶᠠᠯᠢᠭ ᠡᠳ᠋ ᠬᠥᠷᠥᠩᠭᠡ ᠵᠢᠨ ᠡᠷᠬᠡ ᠵᠢ ᠰᠠᠯᠭ᠋ᠠᠬᠤ ᠪᠠ ᠡᠷᠬᠡ ᠴᠢᠳᠠᠪᠤᠷᠢ ᠵᠢ ᠲᠡᠭᠦᠯᠳᠡᠷᠵᠢᠭᠦᠯᠬᠦ ᠠᠵᠢᠯ᠎ᠢ ᠰᠠᠢ᠌ᠲᠤᠷ ᠬᠢᠵᠦ ᠂ ᠥᠷᠭᠡᠨ ᠤᠯᠠᠨ ᠲᠠᠷᠢᠶᠠᠴᠢᠨ᠎ᠳᠤ ᠥᠭᠡᠷᠡᠴᠢᠯᠡᠯᠲᠡ ᠵᠢᠨ ᠳᠤᠮᠳᠠ ᠨᠡᠩ ᠤᠯᠠᠨ ᠦᠷ᠎ᠡ ᠪᠦᠲᠦᠭᠡᠯ᠎ᠢ  ᠡᠳ᠋ᠯᠡᠭᠦᠯᠦᠨ᠎ᠡ᠃ 《ᠬᠡᠷᠡᠭᠵᠢᠭᠦᠯᠬᠦ ᠰᠠᠨᠠᠯ》᠎ᠳᠤ ᠭᠣᠣᠯᠳᠠᠭᠤ ᠬᠣᠶᠠᠷ ᠲᠠᠯ᠎ᠠ᠎ᠠᠴᠠ ᠪᠠᠢ᠌ᠷᠢᠯᠠᠭᠤᠯᠤᠯᠲᠠ ᠲᠣᠬᠢᠷᠠᠭᠤᠯᠤᠯᠲᠠ ᠬᠢᠪᠡ᠃  

      ᠨᠢᠭᠡ᠎ᠳᠤ  ᠲᠠᠷᠢᠶᠠᠯᠠᠬᠤ ᠮᠠᠯᠵᠢᠬᠤ ᠣᠷᠣᠨ᠎ᠤ  ᠭᠠᠵᠠᠷ ᠰᠢᠷᠣᠢ ᠵᠢᠨ ᠳᠦᠷᠢᠮ᠎ᠤᠨ  ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ ᠃  ᠭᠣᠣᠯᠳᠠᠭᠤ ᠲᠠᠷᠢᠶᠠᠯᠠᠬᠤ ᠮᠠᠯᠵᠢᠬᠤ ᠣᠷᠣᠨ᠎ᠤ  ᠳᠠᠭ᠋ᠠᠭ᠋ᠠᠴᠢᠯᠠᠭᠰᠠᠨ ᠭᠠᠵᠠᠷ ᠂ ᠣᠷᠣᠨ ᠰᠠᠭᠤᠴᠠ ᠵᠢᠨ ᠰᠠᠭᠤᠷᠢ ᠭᠠᠵᠠᠷ ᠂ ᠬᠠᠮᠲᠤ ᠵᠢᠨ ᠡᠵᠡᠩᠨᠡᠯᠲᠡ ᠵᠢᠨ ᠴᠢᠨᠠᠷᠲᠠᠢ ᠪᠦᠲᠦᠭᠡᠨ ᠪᠠᠢ᠌ᠭᠤᠯᠤᠯᠲᠠ᠎ᠳᠤ  ᠬᠡᠷᠡᠭᠯᠡᠬᠦ ᠭᠠᠵᠠᠷ ᠭᠤᠷᠪᠠᠨ ᠬᠡᠰᠡᠭ ᠭᠠᠵᠠᠷ᠎ᠤᠨ  ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠤᠨ᠎ᠠ ᠃  ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠲᠠᠯ᠎ᠠ᠎ᠪᠠᠷ᠂ ᠬᠣᠶᠠᠳᠤᠭ᠋ᠠᠷ ᠡᠭᠡᠯᠵᠢ ᠵᠢᠨ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠬᠤᠭᠤᠴᠠᠭ᠎ᠠ  ᠳᠠᠭᠤᠰᠤᠭᠰᠠᠨ᠎ᠤ ᠳᠠᠷᠠᠭ᠎ᠠ ᠳᠠᠬᠢᠭ᠋ᠠᠳ 30 ᠵᠢᠯ ᠤᠷᠲᠤᠳᠬᠠᠬᠤ ᠲᠤᠷᠰᠢᠯᠲᠠ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠲᠡᠷᠡ ᠬᠡᠪ ᠵᠶ᠋ᠡᠷ᠎ᠨᠢ ᠳᠡᠯᠭᠡᠷᠡᠭᠦᠯᠵᠦ ᠪᠣᠯᠬᠤ ᠤᠷᠲᠤᠳᠬᠠᠨ ᠳᠠᠭ᠋ᠠᠭ᠋ᠠᠴᠢᠯᠠᠭᠤᠯᠬᠤ ᠠᠵᠢᠯ᠎ᠤᠨ ᠵᠠᠭᠪᠤᠷ᠎ᠢ ᠳ᠋ᠦᠩᠨᠡᠬᠦ᠎ᠪᠠᠷ ᠭᠣᠣᠯᠳᠠᠯᠭ᠎ᠠ ᠪᠣᠯᠭ᠋ᠠᠨ᠎ᠠ᠃  ᠲᠠᠷᠢᠶᠠᠴᠢᠳ᠎ᠤᠨ ᠬᠦᠰᠡᠯ ᠰᠠᠨᠠᠭ᠎ᠠ ᠵᠢ ᠬᠦᠨᠳᠦᠳᠬᠡᠬᠦ ᠤᠷᠢᠲᠠᠯ ᠳᠣᠣᠷ᠎ᠠ᠂ ᠭᠠᠵᠠᠷ ᠰᠢᠷᠣᠢ ᠵᠢ  ᠨᠠᠷᠢᠯᠢᠭ ᠭᠡᠰᠡᠭᠯᠡᠬᠦ  ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠬᠦ ᠳᠠᠯ᠎ᠠ᠎ᠪᠠᠷ  ᠬᠠᠢ᠌ᠨ ᠰᠦᠪᠡᠭᠴᠢᠯᠡᠨ᠎ᠡ᠃  ᠣᠷᠣᠨ ᠰᠠᠭᠤᠴᠠ ᠵᠢᠨ ᠭᠠᠵᠠᠷ᠎ᠤᠨ ᠲᠠᠯ᠎ᠠ᠎ᠪᠠᠷ᠂ ᠮᠠᠯᠵᠢᠬᠤ ᠲᠠᠷᠢᠶᠠᠯᠠᠬᠤ ᠣᠷᠣᠨ᠎ᠤ ᠣᠷᠣᠨ ᠰᠠᠭᠤᠴᠠ ᠵᠢᠨ ᠭᠠᠵᠠᠷ᠎ᠤᠨ ᠳᠦᠷᠢᠮ᠎ᠤᠨ ᠥᠭᠡᠷᠡᠴᠢᠯᠡᠯᠲᠡ ᠪᠠ ᠲᠠᠷᠢᠶᠠᠨ ᠭᠠᠵᠠᠷ᠎ᠢ ᠳᠤᠷ᠎ᠠ᠎ᠪᠠᠷ ᠵᠶ᠋ᠠᠨ ᠡᠵᠡᠯᠡᠨ ᠭᠡᠷ ᠪᠠᠢ᠌ᠰᠢᠩ ᠪᠠᠷᠢᠬᠤ ᠪᠠ ᠣᠷᠣᠨ ᠰᠠᠭᠤᠴᠠ ᠵᠢᠨ ᠲᠥᠷᠥᠯ᠎ᠤᠨ ᠭᠡᠷ ᠪᠠᠢ᠌ᠰᠢᠩ᠎ᠢ ᠲᠤᠰᠬᠠᠢ᠌ᠯᠠᠨ ᠴᠡᠭᠴᠡᠯᠡᠨ ᠵᠠᠰᠠᠬᠤ ᠬᠣᠶᠠᠷ ᠵᠦᠢ᠍ᠯ᠎ᠤᠨ ᠲᠤᠷᠰᠢᠯᠲᠠ ᠵᠢ ᠯᠠᠪᠳᠠᠭᠤᠨ ᠵᠶ᠋ᠠᠷ ᠠᠬᠢᠭᠤᠯᠬᠤ᠎ᠪᠠᠷ ᠭᠣᠣᠯᠳᠠᠯᠭ᠎ᠠ ᠪᠣᠯᠭ᠋ᠠᠨ᠎ᠠ᠃  ᠣᠷᠣᠨ ᠰᠠᠭᠤᠴᠠ ᠵᠢᠨ ᠭᠠᠵᠠᠷ᠎ᠤᠨ 《ᠭᠤᠷᠪᠠᠨ ᠡᠷᠬᠡ ᠵᠢ ᠰᠠᠯᠭ᠋ᠠᠬᠤ》 ᠵᠢ ᠪᠦᠲᠦᠮᠵᠢᠲᠡᠢ ᠪᠡᠶᠡᠯᠡᠭᠦᠯᠬᠦ ᠬᠡᠯᠪᠡᠷᠢ ᠵᠢ ᠰᠦᠪᠡᠭᠴᠢᠯᠡᠨ᠎ᠡ᠃  ᠬᠠᠮᠲᠤ ᠵᠢᠨ ᠡᠵᠡᠩᠨᠡᠯᠲᠡ ᠵᠢᠨ ᠴᠢᠨᠠᠷᠲᠠᠢ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢᠨ ᠲᠠᠯ᠎ᠠ᠎ᠪᠠᠷ᠂ ᠭᠣᠣᠯᠳᠠᠯᠭ᠎ᠠ᠎ᠨᠢ 10 ᠬᠣᠰᠢᠭᠤ ᠰᠢᠶᠠᠨ᠎ᠤ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠡᠵᠡᠩᠨᠡᠯᠲᠡ ᠵᠢᠨ ᠴᠢᠨᠠᠷᠲᠠᠢ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢ ᠵᠠᠬ᠎ᠠ ᠳᠡᠯᠭᠡᠭᠦᠷ᠎ᠲᠤ ᠣᠷᠣᠭᠤᠯᠬᠤ ᠲᠤᠷᠰᠢᠯᠲᠠ ᠵᠢ ᠯᠠᠪᠳᠠᠭᠤᠨ ᠪᠣᠯᠭᠣᠮᠵᠢᠲᠠᠢ ᠠᠬᠢᠭᠤᠯᠵᠤ᠂ ᠤᠯᠤᠰ᠂ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠪᠣᠯᠣᠨ ᠮᠠᠯᠴᠢᠨ ᠲᠠᠷᠢᠶᠠᠴᠢᠨ᠎ᠤ ᠠᠰᠢᠭ ᠲᠤᠰᠠ ᠵᠢ ᠬᠠᠮᠲᠤ᠎ᠳᠤᠨᠢ ᠬᠠᠷᠠᠭ᠋ᠠᠯᠵᠠᠭᠰᠠᠨ ᠭᠠᠵᠠᠷ ᠰᠢᠷᠣᠢ ᠵᠢᠨ ᠥᠷᠲᠡᠭ ᠨᠡᠮᠡᠭᠳᠡᠯ᠎ᠤᠨ ᠠᠰᠢᠭ ᠣᠯᠵᠠᠪᠤᠷᠢ ᠵᠢ ᠪᠦᠲᠦᠮᠵᠢᠲᠡᠢ ᠲᠣᠬᠢᠷᠠᠭᠤᠯᠬᠤ ᠲᠣᠭᠲᠠᠴᠠ ᠵᠢ ᠰᠦᠪᠡᠭᠴᠢᠯᠡᠨ ᠪᠠᠢ᠌ᠭᠤᠯᠤᠨ᠎ᠠ᠃  

      ᠬᠣᠶᠠᠷ᠎ᠲᠤ ᠮᠠᠯᠵᠢᠬᠤ ᠲᠠᠷᠢᠶᠠᠯᠠᠬᠤ ᠣᠷᠣᠨ᠎ᠤ ᠰᠢᠨ᠎ᠡ ᠬᠡᠯᠪᠡᠷᠢ ᠵᠢᠨ ᠬᠠᠮᠲᠤ ᠵᠢᠨ ᠠᠵᠤ ᠠᠬᠤᠢ ᠵᠢ ᠬᠥᠭᠵᠢᠭᠦᠯᠦᠨ᠎ᠡ᠃  ᠭᠣᠣᠯᠳᠠᠯᠭ᠎ᠠ᠎ᠨᠢ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠥᠮᠴᠢᠯᠡᠯ᠎ᠤᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠠᠵᠢᠯᠯᠠᠭ᠋ᠠᠨ᠎ᠤ ᠲᠣᠭᠲᠠᠴᠠ ᠪᠠ ᠠᠰᠢᠭ ᠣᠷᠣᠯᠭ᠎ᠠ ᠵᠢᠨ ᠬᠤᠪᠢᠶᠠᠷᠢᠯᠠᠯᠲᠠ ᠵᠢᠨ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠬᠦ ᠵᠢ ᠵᠣᠷᠢᠭᠵᠢᠭᠤᠯᠬᠤ ᠮᠥᠷᠲᠡᠭᠡᠨ ᠪᠠᠰᠠ ᠤᠯᠠᠨ ᠶᠠᠩᠵᠤᠴᠢᠯᠠᠭᠰᠠᠨ ᠬᠥᠭᠵᠢᠯᠲᠡ ᠵᠢᠨ ᠠᠷᠭ᠎ᠠ ᠵᠠᠮ᠎ᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠵᠦ ᠂ ᠡᠬᠢ ᠪᠠᠶᠠᠯᠢᠭ᠎ᠢ ᠳᠠᠭ᠋ᠠᠭ᠋ᠠᠴᠢᠯᠠᠭᠤᠯᠬᠤ ᠂ ᠠᠳᠠᠯ ᠠᠬᠤᠢ ᠵᠢ ᠲᠦᠷᠢᠶᠡᠰᠦᠯᠡᠭᠦᠯᠬᠦ ᠂ ᠵᠠᠭᠤᠴᠢᠯᠠᠬᠤ ᠦᠢ᠍ᠯᠡᠴᠢᠯᠡᠭᠡ ᠂ ᠡᠳ᠋ ᠬᠥᠷᠥᠩᠭᠡ ᠵᠢᠨ ᠬᠡᠷᠡᠭᠯᠡᠬᠦ ᠡᠷᠬᠡ᠎ᠪᠠᠷ ᠬᠤᠪᠢ ᠣᠷᠣᠬᠤ ᠵᠡᠷᠭᠡ ᠠᠶᠤᠯ ᠲᠦᠭᠰᠢᠭᠦᠷᠢ᠎ᠪᠠᠷ ᠨᠡᠯᠢᠶᠡᠳ ᠪᠠᠭ᠎ᠠ ᠂ ᠠᠰᠢᠭ ᠣᠷᠣᠯᠭ᠎ᠠ᠎ᠨᠢ ᠲᠣᠭᠲᠠᠪᠤᠷᠢᠲᠠᠢ ᠡᠵᠡᠩᠨᠡᠯᠲᠡ ᠵᠢᠨ ᠠᠵᠢᠯᠯᠠᠭ᠎ᠠ ᠵᠢ ᠥᠷᠨᠢᠭᠦᠯᠵᠦ ᠂ ᠬᠠᠮᠲᠤ ᠵᠢᠨ ᠠᠵᠤ ᠠᠬᠤᠢ ᠵᠢᠨ ᠣᠷᠣᠯᠭ᠎ᠠ ᠪᠠ ᠦᠢ᠍ᠯᠡᠴᠢᠯᠡᠭᠡ ᠵᠢ ᠳᠠᠢ᠌ᠴᠢᠯᠠᠬᠤ ᠴᠢᠳᠠᠪᠤᠷᠢ ᠵᠢ  ᠳᠡᠭᠡᠭᠰᠢᠯᠡᠭᠦᠯᠦᠨ᠎ᠡ᠃  ᠡᠭᠦᠨ᠎ᠤ ᠬᠠᠮᠲᠤ᠂ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮᠵᠢ ᠵᠢ ᠪᠦᠷᠢᠨᠰᠢᠭᠦᠯᠵᠦ᠂ ᠬᠠᠮᠲᠤ ᠵᠢᠨ ᠪᠦᠷᠢᠯᠳᠦᠭᠦᠨ᠎ᠤ ᠪᠠᠢ᠌ᠳᠠᠯ᠎ᠢ ᠮᠡᠳᠡᠬᠦ ᠡᠷᠬᠡ᠂ ᠣᠷᠣᠯᠴᠠᠬᠤ ᠡᠷᠬᠡ᠂ ᠡᠵᠡᠩᠨᠡᠬᠦ ᠡᠷᠬᠡ ᠵᠢ ᠭᠦᠢ᠍ᠴᠡᠳ  ᠪᠠᠲᠤᠯᠠᠨ᠎ᠠ ᠃

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            