(4 ᠳ᠋ᠤᠭᠡᠷ ᠲᠠᠯᠠᠪᠠᠶ—ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠲᠤᠰᠬᠠᠢ ᠲᠠᠯᠠᠪᠠᠶ)
2023 ᠣᠨ᠎ᠤ 12 ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《2023 ᠣᠨ᠎ᠤ ᠡᠷᠭᠢᠴᠡᠭᠦᠯᠦᠯ》 ᠭᠡᠬᠦ ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠪᠠ (4 ᠳ᠋ᠤᠭᠡᠷ ᠲᠠᠯᠠᠪᠠᠶ — ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠲᠤᠰᠬᠠᠢ ᠲᠠᠯᠠᠪᠠᠶ)᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠵᠣᠣ ᠢᠦᠢ ᠱᠧᠩ ᠭᠣᠣᠯ ᠰᠡᠳᠦᠪᠲᠦ ᠨᠡᠢ᠌ᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠲᠠᠷᠢᠮᠠᠯ᠎ᠤᠨ ᠦᠢ᠍ᠯᠡᠰ᠎ᠤᠨ ᠬᠠᠮᠢᠶᠠᠷᠤᠯᠲᠠ ᠵᠢᠨ ᠭᠠᠵᠠᠷ᠂ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠭᠠᠵᠠᠷ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠭᠠᠵᠠᠷ᠂ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ ᠲᠥᠪ᠎ᠤᠨ ᠠᠵᠤ ᠠᠬᠤᠢ ᠵᠢᠨ ᠠᠵᠢᠯ᠎ᠤᠨ ᠭᠠᠵᠠᠷ᠎ᠤᠨ ᠬᠠᠷᠢᠭᠤᠴᠠᠯᠭ᠋ᠠᠲᠠᠨ ᠨᠥᠬᠥᠳ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠣᠷᠪᠣᠯᠵᠢᠯᠠᠭᠴᠢᠳ᠎ᠤᠨ ᠠᠰᠠᠭᠤᠯᠲᠠ ᠵᠢ ᠬᠠᠷᠢᠭᠤᠯᠪᠠ᠃
《ᠡᠷᠭᠢᠴᠡᠭᠦᠯᠦᠯ》 2023 ᠣᠨ᠎ᠤ ᠰᠢᠷᠢᠰ ᠰᠣᠨᠢᠨ ᠮᠡᠳᠡᠭᠡ
ᠨᠡᠢ᠌ᠲᠡᠯᠡᠬᠦ ᠬᠤᠷᠠᠯ᠎ᠤᠨ ᠨᠡᠢ᠌ᠲᠡᠯᠡᠭᠰᠡᠨ ᠦᠭᠡ
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠵᠣᠣ ᠢᠦᠢ ᠱᠧᠩ
ᠡᠯ᠎ᠡ ᠵᠠᠭᠤᠴᠢᠯᠠᠭᠤᠷ᠎ᠤᠨ ᠨᠠᠢ᠌ᠵᠠ ᠨᠠᠷ ᠄
ᠤᠯᠠᠨ ᠵᠶ᠋ᠠᠷ ᠵᠶ᠋ᠠᠨ ᠰᠠᠢ᠌ᠨ ᠪᠠᠢ᠌ᠵᠠᠭ᠋ᠠᠨ᠎ᠠ ᠤᠤ! ᠮᠢᠨᠤ ᠬᠠᠮᠲᠤ ᠠᠵᠢᠯᠯᠠᠭᠰᠠᠳ᠎ᠲᠠᠢ᠎ᠪᠠᠨ ᠡᠨᠡ ᠤᠳᠠᠭ᠋ᠠᠨ᠎ᠤ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠭᠰᠠᠨ᠎ᠳᠠᠭᠠᠨ ᠮᠠᠰᠢ ᠪᠠᠶᠠᠷᠲᠠᠢ ᠪᠠᠢ᠌ᠨ᠎ᠠ᠃ ᠡᠩ ᠲᠡᠷᠢᠭᠦᠨ᠎ᠳᠤ᠂ ᠪᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠢ ᠲᠥᠯᠥᠭᠡᠯᠡᠨ᠂ ᠵᠠᠭᠤᠴᠢᠯᠠᠭᠤᠷ᠎ᠤᠨ ᠨᠠᠢ᠌ᠵᠠ ᠨᠠᠷ᠎ᠤᠨ ᠣᠷᠳᠣ ᠬᠤᠭᠤᠴᠠᠭ᠋ᠠᠨ᠎ᠤ ᠲᠤᠷᠰᠢ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠵᠢᠨ ᠠᠵᠢᠯ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠢ᠌ᠨ᠎ᠠ᠃ ᠳᠣᠣᠷ᠎ᠠ ᠪᠢ ᠤᠯᠠᠨ᠎ᠲᠠᠢ ᠬᠠᠮᠲᠤ᠎ᠪᠠᠷ 2023 ᠣᠨ᠎ᠤ ᠨᠢᠭᠡ ᠵᠢᠯ᠎ᠤᠨ ᠲᠤᠷᠰᠢᠬᠢ ᠲᠠᠷᠢᠶᠠᠯᠠᠩ ᠮᠠᠯ ᠠᠵᠤ ᠠᠬᠤᠢ ᠵᠢᠨ ᠭᠣᠣᠯᠳᠠᠯᠭ᠎ᠠ᠎ᠲᠠᠢ ᠠᠵᠢᠯ᠎ᠢ ᠡᠷᠭᠢᠴᠡᠭᠦᠯᠦᠶ᠎ᠡ ᠃
2023 ᠣᠨ᠎ᠳᠤ᠂ ᠪᠦᠬᠦ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠰᠲ᠋ᠧᠮ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ 《ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ》᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠲᠣᠬᠢᠷᠠᠭᠤᠯᠤᠯᠲᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠰᠢᠨ᠎ᠡ ᠵᠠᠮ ᠨᠡᠭᠡᠭᠡᠵᠦ ᠂ ᠳᠤᠮᠳᠠ ᠤᠷᠤᠰᠬᠠᠯ᠎ᠳᠤ ᠣᠷᠣᠬᠤ》 ᠬᠠᠷᠠᠯᠲᠠ ᠵᠢ ᠲᠣᠭᠲᠠᠭ᠋ᠠᠨ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠵᠤ᠂ ᠰᠠᠢ᠌ᠨ ᠦᠷ᠎ᠡ ᠪᠦᠲᠦᠮᠵᠢ ᠣᠯᠵᠤ᠂ 《ᠲᠠᠪᠤᠨ ᠬᠦᠴᠦᠷᠬᠡᠭ》 ᠳᠡᠭᠡᠷ᠎ᠡ ᠪᠣᠳᠠᠲᠠᠢ ᠢᠯᠡᠷᠡᠯ᠎ᠲᠠᠢ ᠪᠣᠯᠪᠠ᠃
— ᠡᠨᠡ ᠨᠢᠭᠡ ᠵᠢᠯ᠎ᠳᠤ ᠂ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠴᠢᠳᠠᠪᠤᠷᠢ ᠤᠯᠠᠮ᠎ᠠᠴᠠ ᠤᠯᠠᠮ ᠴᠢᠩᠭ᠋ᠠᠷᠠᠪᠠ ᠃ 《 ᠬᠦᠨᠡᠰᠦᠨ᠎ᠤ ᠤᠭᠤᠲᠠ 》 ᠵᠢ ᠳᠦᠭᠦᠷᠲᠡᠯ᠎ᠡ ᠰᠠᠪᠠᠯᠠᠵᠤ ᠂ ᠠᠮᠤ ᠪᠤᠳᠠᠭ᠋ᠠᠨ᠎ᠤ ᠦᠢ᠍ᠯᠡᠳᠪᠦᠷᠢᠯᠡᠯ 《 20 ᠵᠢᠯ ᠳᠠᠷᠠᠭ᠋ᠠᠯᠠᠨ ᠡᠯᠪᠡᠭ ᠬᠤᠷᠢᠶᠠᠯᠲᠠ 》᠎ᠲᠠᠢ ᠪᠣᠯᠵᠤ ᠂ ᠲᠠᠯᠠᠪᠠᠢ ᠂ ᠶᠡᠷᠦᠩᠬᠡᠢ ᠬᠤᠷᠢᠶᠠᠯᠲᠠ ᠂ ᠲᠠᠯᠠᠪᠠᠢ ᠨᠢᠭᠡᠴᠢ ᠵᠢᠨ ᠤᠨᠠᠯᠲᠠ 《 ᠭᠤᠷᠪᠠᠨ ᠨᠡᠮᠡᠭᠳᠡᠯ 》᠎ᠤᠨ ᠰᠠᠢ᠌ᠨ ᠪᠠᠢ᠌ᠳᠠᠯ᠎ᠲᠠᠢ ᠪᠣᠯᠪᠠ ᠃ ᠪᠥᠬᠥ ᠣᠷᠣᠨ᠎ᠤ ᠠᠮᠤ ᠪᠤᠳᠠᠭ᠎ᠠ ᠳᠠᠷᠢᠬᠤ ᠲᠠᠯᠠᠪᠠᠶ 1.04 ᠳ᠋ᠦᠩᠰᠢᠭᠤᠷ ᠮᠦ᠍ ᠪᠠᠢ᠌ᠵᠤ᠂ ᠳᠡᠭᠡᠷ᠎ᠡ ᠵᠢᠯ᠎ᠤᠨ᠎ᠬᠢ᠎ᠠᠴᠠ 49 ᠲᠦᠮᠡᠨ ᠮᠦ᠍ ᠨᠡᠮᠡᠭᠳᠡᠪᠡ᠃ ᠠᠮᠤ ᠪᠤᠳᠠᠭ᠋ᠠᠨ᠎ᠤ ᠶᠡᠷᠦᠩᠬᠡᠢ ᠤᠨᠠᠯᠲᠠ ᠳᠠᠬᠢᠨᠲᠠ ᠰᠢᠨ᠎ᠡ ᠲᠡᠮᠳᠡᠭᠯᠡᠯ᠎ᠢ ᠡᠭᠦᠳᠴᠦ᠂ 791.6 ᠳ᠋ᠦᠩᠰᠢᠭᠤᠷ ᠵᠢᠩ᠎ᠳᠤ ᠬᠦᠷᠴᠦ᠂ ᠪᠥᠬᠥ ᠤᠯᠤᠰ᠎ᠤᠨ ᠵᠢᠷᠭᠤᠳᠤᠭ᠋ᠠᠷ᠎ᠲᠤ ᠯᠠᠪᠳᠠᠭᠤᠨ ᠵᠶ᠋ᠠᠷ ᠣᠷᠣᠪᠠ᠃ ᠭᠣᠣᠯ ᠪᠣᠯᠬᠤ ᠠᠮᠤ ᠪᠤᠳᠠᠭ᠋ᠠᠨ᠎ᠤ ᠲᠠᠷᠢᠮᠠᠯ᠎ᠤᠨ ᠲᠠᠯᠠᠪᠠᠢ ᠨᠢᠭᠡᠴᠢ ᠵᠢᠨ ᠳᠤᠮᠳᠠᠴᠢ ᠤᠨᠠᠯᠲᠠ ᠳᠡᠭᠡᠷ᠎ᠡ ᠵᠢᠯ᠎ᠤᠨ᠎ᠬᠢ᠎ᠠᠴᠠ 7.4 ᠵᠢᠩ ᠨᠡᠮᠡᠭᠳᠡᠵᠦ ᠂ ᠮᠦ᠍ ᠪᠦᠷᠢ᠎ᠳᠤ 755.5 ᠵᠢᠩ ᠬᠦᠷᠴᠦ ᠂ ᠶᠡᠷᠦᠩᠬᠡᠢ ᠤᠨᠠᠯᠲᠠ ᠂ ᠲᠠᠯᠠᠪᠠᠢ ᠨᠢᠭᠡᠴᠢ ᠵᠢᠨ ᠤᠨᠠᠯᠲᠠ ᠵᠢᠨ ᠨᠡᠮᠡᠭᠳᠡᠯ᠎ᠤᠨ ᠬᠡᠮᠵᠢᠶ᠎ᠡ ᠴᠥᠮ ᠪᠦᠬᠦ ᠤᠯᠤᠰ᠎ᠤᠨ ᠲᠡᠷᠢᠭᠦᠨ᠎ᠤ ᠡᠩᠨᠡᠭᠡᠨ᠎ᠳᠤ ᠣᠷᠣᠪᠠ ᠃ 《ᠢᠳᠡᠰᠢᠨ ᠨᠣᠭᠣᠭ᠎ᠠ》 ᠵᠢ ᠭᠦᠢ᠍ᠴᠡᠳ ᠬᠠᠩᠭ᠋ᠠᠵᠤ᠂ ᠲᠦᠭᠦᠭᠡᠷᠦᠮᠵᠢᠲᠦ ᠲᠠᠷᠢᠶᠠᠯᠠᠩ᠎ᠤᠨ ᠲᠠᠯᠠᠪᠠᠶ ᠵᠢ 23 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠵᠦ᠂ ᠶᠡᠷᠦᠩᠬᠡᠢ ᠲᠠᠯᠠᠪᠠᠶ ᠵᠢ 234 ᠲᠦᠮᠡᠨ ᠮᠦ᠍᠎ᠳᠤ ᠬᠦᠷᠦᠭᠦᠯᠵᠦ᠂ ᠪᠥᠬᠥ ᠣᠷᠣᠨ᠎ᠳᠤ 550 ᠭᠠᠷᠤᠢ ᠲᠦᠮᠡᠨ ᠲᠣᠨ ᠢᠳᠡᠰᠢᠨ ᠨᠣᠭᠣᠭ᠎ᠠ ᠬᠠᠩᠭ᠋ᠠᠪᠠ᠃ 《 ᠮᠢᠬᠠᠨ ᠲᠠᠪᠠᠭ 》᠎ᠢ ᠯᠠᠪᠳᠠᠭᠤᠨ ᠲᠣᠭᠲᠠᠭᠤᠨ ᠪᠠᠢ᠌ᠯᠭ᠋ᠠᠵᠤ ᠂ ᠤᠳᠤ ᠦᠶ᠎ᠡ ᠵᠢᠨ ᠮᠠᠯ ᠠᠵᠤ ᠠᠬᠤᠢ ᠪᠣᠯᠣᠨ ᠬᠠᠰᠢᠶᠠᠯᠠᠨ ᠲᠡᠵᠢᠭᠡᠬᠦ ᠵᠢ ᠶᠡᠬᠡᠪᠡᠷ ᠬᠥᠭᠵᠢᠭᠦᠯᠵᠦ ᠂ ᠠᠯᠠᠰᠢᠨ ᠦᠬᠡᠷ᠎ᠤᠨ ᠰᠦᠷᠦᠭᠵᠢᠯ᠎ᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠵᠢ ᠦᠷᠭᠦᠯᠵᠢᠯᠡᠨ ᠠᠬᠢᠭᠤᠯᠵᠤ ᠂ ᠠᠯᠠᠰᠢᠨ ᠬᠤᠨᠢᠨ᠎ᠤ ᠭᠠᠷᠤᠯᠲᠠ ᠵᠢ ᠲᠣᠭᠲᠠᠭᠤᠨ ᠵᠶ᠋ᠠᠷ ᠦᠷ᠎ᠡ ᠠᠰᠢᠭ᠎ᠢ ᠨᠡᠮᠡᠭᠳᠡᠭᠦᠯᠵᠦ ᠂ ᠮᠢᠬᠠᠨ᠎ᠤ ᠲᠦᠷᠦᠯ᠎ᠤᠨ ᠭᠠᠷᠤᠯᠲᠠ ᠵᠢᠨ ᠬᠡᠮᠵᠢᠶ᠎ᠡ 300 ᠲᠦᠮᠡᠨ ᠲᠣᠨ᠎ᠢ ᠳᠠᠪᠠᠬᠤ ᠪᠣᠯᠣᠮᠵᠢ᠎ᠲᠠᠢ ᠪᠠᠢ᠌ᠵᠤ ᠂ ᠦᠬᠡᠷ ᠬᠤᠨᠢᠨ᠎ᠤ ᠮᠢᠬᠠᠨ᠎ᠤ ᠭᠠᠷᠤᠯᠲᠠ ᠵᠢᠨ ᠬᠡᠮᠵᠢᠶ᠎ᠡ ᠴᠥᠮ ᠪᠦᠬᠦ ᠤᠯᠤᠰ᠎ᠤᠨ ᠨᠢᠭᠡᠳᠦᠭᠡᠷ᠎ᠲᠤ ᠣᠷᠣᠵᠠᠢ ᠃ 《ᠰᠠᠭ᠋ᠠᠯᠢ ᠵᠢᠨ ᠰᠠᠪᠠ》 ᠵᠢᠨ ᠶᠠᠰᠤ ᠴᠢᠨᠠᠷ ᠰᠠᠢ᠌ᠨ ᠪᠠᠢ᠌ᠵᠤ᠂ ᠢᠯᠢ᠂ ᠮᠧᠩ ᠨᠢᠦ ᠬᠣᠶᠠᠭᠤᠯᠠ᠎ᠪᠠᠨ ᠪᠥᠬᠥ ᠳᠡᠯᠡᠬᠡᠢ ᠵᠢᠨ ᠰᠠᠭ᠋ᠠᠯᠢ ᠵᠢᠨ ᠦᠢ᠍ᠯᠡᠰ᠎ᠤᠨ 10 ᠬᠦᠴᠦᠷᠬᠡᠭ᠎ᠲᠤ ᠣᠷᠣᠵᠤ᠂ ᠲᠣᠰ ᠲᠣᠰ ᠲᠠᠪᠤᠳᠤᠭ᠋ᠠᠷ ᠪᠠ ᠨᠠᠢ᠍ᠮᠠᠳᠤᠭ᠋ᠠᠷ᠎ᠲᠤ ᠣᠷᠣᠵᠤ᠂ ᠪᠥᠬᠥ ᠣᠷᠣᠨ᠎ᠤ ᠰᠠᠭ᠋ᠠᠯᠢ ᠵᠢᠨ ᠦᠨᠢᠶ᠎ᠡ ᠲᠡᠵᠢᠭᠡᠬᠦ ᠪᠠ ᠰᠠᠭ᠋ᠠᠯᠢ ᠵᠢᠨ ᠭᠠᠷᠤᠯᠲᠠ ᠪᠥᠬᠥ ᠤᠯᠤᠰ᠎ᠤᠨ ᠲᠡᠷᠢᠭᠦᠨ᠎ᠳᠤ ᠣᠷᠣᠵᠤ᠂ ᠰᠠᠭ᠋ᠠᠯᠢ ᠵᠢᠨ ᠠᠵᠤ ᠦᠢ᠍ᠯᠡᠰ᠎ᠤᠨ ᠦᠢ᠍ᠯᠡᠳᠬᠦᠨ᠎ᠤ ᠥᠷᠲᠡᠭ 2200 ᠳ᠋ᠦᠩᠰᠢᠭᠤᠷ ᠲᠥᠭᠥᠷᠢᠭ᠎ᠢ ᠳᠠᠪᠠᠬᠤ ᠪᠣᠯᠣᠮᠵᠢ᠎ᠲᠠᠢ ᠪᠠᠢ᠌ᠨ᠎ᠠ᠃
— ᠡᠨᠡ ᠨᠢᠭᠡ ᠵᠢᠯ᠎ᠳᠤ ᠂ ᠲᠠᠷᠢᠶᠠᠯᠠᠩ ᠮᠠᠯ ᠠᠵᠤ ᠠᠬᠤᠢ ᠵᠢᠨ ᠰᠠᠭᠤᠷᠢ ᠪᠠᠲᠤᠯᠠᠭ᠎ᠠ ᠤᠯᠠᠮ᠎ᠠᠴᠠ ᠤᠯᠠᠮ ᠴᠢᠩᠭ᠋ᠠᠷᠠᠪᠠ ᠃ 《ᠨᠢᠭᠡ ᠬᠡᠰᠡᠭ ᠲᠠᠷᠢᠶᠠᠨ ᠭᠠᠵᠠᠷ ᠬᠣᠶᠠᠷ ᠬᠡᠰᠡᠭ ᠭᠠᠵᠠᠷ》᠎ᠢ ᠰᠠᠢ᠌ᠲᠤᠷ ᠪᠠᠢ᠌ᠭᠤᠯᠵᠤ᠂ ᠪᠣᠷᠣᠳᠣᠬᠣᠢ ᠵᠢᠨ ᠤᠰᠤᠯᠠᠯᠲᠠ ᠵᠢᠨ ᠣᠷᠣᠨ ᠪᠠ ᠵᠠᠯᠠᠢ᠌ᠳ ᠬᠣᠰᠢᠭᠤ ᠴᠥᠮ ᠤᠯᠤᠰ᠎ᠤᠨ ᠠᠩᠬᠠᠳᠤᠭ᠋ᠠᠷ ᠪᠦᠯᠦᠭ᠎ᠤᠨ ᠪᠥᠬᠥ ᠣᠷᠣᠨ ᠪᠦᠰᠡ᠎ᠪᠠᠷ ᠲᠦᠯᠬᠢᠨ ᠠᠬᠢᠭᠤᠯᠬᠤ ᠲᠤᠷᠰᠢᠯᠲᠠ ᠵᠢᠨ ᠴᠡᠭ᠎ᠲᠤ ᠰᠤᠩᠭᠤᠭᠳᠠᠨ ᠣᠷᠣᠵᠤ ᠂ 395 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠣᠨ᠎ᠤ ᠡᠭᠦᠷᠭᠡ ᠵᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠵᠦ᠂ ᠪᠥᠬᠥ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠠᠯᠠᠪᠠᠶ ᠨᠢᠭᠡᠨᠲᠡ 5237 ᠲᠦᠮᠡᠨ ᠮᠦ᠍᠎ᠳᠤ ᠬᠦᠷᠴᠦ᠂ 2/3᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠲᠤᠯᠭ᠋ᠠᠭᠤᠷᠢᠯᠠᠭᠰᠠᠨ ᠪᠠᠢ᠌ᠨ᠎ᠠ᠃ 50 ᠲᠦᠮᠡᠨ ᠮᠦ᠍ ᠬᠠᠷ᠎ᠠ ᠬᠦᠷᠦᠰᠦᠲᠦ ᠬᠠᠮᠠᠭ᠋ᠠᠯᠠᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ 1936 ᠲᠦᠮᠡᠨ ᠮᠦ᠍ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠬᠡᠷᠡᠭᠵᠢᠭᠦᠯᠵᠦ᠂ 10 ᠲᠦᠮᠡᠨ ᠮᠦ᠍ ᠬᠤᠵᠢᠷᠯᠢᠭ ᠭᠠᠵᠠᠷ᠎ᠤᠨ ᠥᠭᠡᠷᠡᠴᠢᠯᠡᠯᠲᠡ ᠵᠢ ᠥᠷᠨᠢᠭᠦᠯᠵᠦ᠂ ᠤᠯᠤᠰ᠎ᠤᠨ ᠬᠤᠵᠢᠷᠯᠢᠭ ᠭᠠᠵᠠᠷ ᠵᠡᠷᠭᠡ ᠪᠡᠯᠡᠳᠬᠡᠯ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠲᠤᠷᠰᠢᠯᠲᠠ ᠵᠢᠨ ᠴᠡᠭ᠎ᠢ ᠣᠯᠬᠤ᠎ᠪᠠᠷ ᠴᠢᠷᠮᠠᠢ᠌ᠪᠠ᠃ ᠰᠠᠢ᠌ᠨ ᠡᠭᠦᠯᠳᠡᠷ᠎ᠢ ᠰᠠᠢ᠌ᠲᠤᠷ ᠬᠡᠷᠡᠭᠯᠡᠵᠦ᠂ ᠡᠨᠡ ᠵᠢᠯ ᠪᠢᠳᠡ 11 ᠵᠦᠢ᠍ᠯ᠎ᠤᠨ ᠡᠭᠦᠯᠳᠡᠷ ᠪᠣᠢ᠌ᠵᠢᠭᠤᠯᠬᠤ ᠪᠡᠷᠬᠡ ᠰᠡᠳᠦᠪ᠎ᠢ ᠬᠠᠮᠲᠤᠷᠠᠨ ᠰᠢᠢ᠍ᠳᠪᠦᠷᠢᠯᠡᠬᠦ ᠪᠠ 13 ᠵᠦᠢ᠍ᠯ᠎ᠤᠨ 《ᠵᠠᠷᠯᠠᠨ ᠮᠠᠩᠯᠠᠢ᠌ᠯᠠᠭᠤᠯᠬᠤ》 ᠢᠨᠵᠧᠨᠧᠷᠢᠩ᠎ᠢ ᠡᠬᠢᠯᠡᠭᠦᠯᠵᠦ᠂ ᠦᠬᠡᠷ ᠬᠣᠨᠢᠨ᠎ᠤ ᠭᠣᠣᠯ ᠡᠭᠦᠯᠳᠡᠷ ᠪᠣᠢ᠌ᠵᠢᠭᠤᠯᠬᠤ ᠲᠠᠯᠠᠪᠠᠶ ᠵᠢᠨ ᠲᠣᠭ᠎ᠠ ᠬᠡᠮᠵᠢᠶ᠎ᠡ ᠵᠢ ᠪᠥᠬᠥ ᠤᠯᠤᠰ᠎ᠤᠨ ᠲᠡᠷᠢᠭᠦᠨ᠎ᠳᠤ ᠪᠠᠢ᠌ᠯᠭ᠋ᠠᠬᠤ ᠵᠢ ᠪᠠᠲᠤᠯᠠᠪᠠ᠃ ᠤᠯᠤᠰ᠎ᠤᠨ ᠲᠡᠰ᠎ᠤᠨ ᠰᠠᠢ᠌ᠨ ᠡᠭᠦᠯᠳᠡᠷ᠎ᠢ ᠦᠷᠡᠵᠢᠭᠦᠯᠦᠨ ᠪᠣᠢ᠌ᠵᠢᠭᠤᠯᠬᠤ 9 ᠰᠠᠭᠤᠷᠢᠨ ᠭᠠᠵᠠᠷ᠎ᠢ ᠪᠠᠢ᠌ᠭᠤᠯᠵᠤ ᠂ ᠲᠥᠮᠥᠰᠥ ᠵᠢᠨ ᠰᠠᠢ᠌ᠨ ᠦᠷᠡᠵᠢᠯᠲᠡ ᠵᠢᠨ ᠲᠠᠯᠠᠪᠠᠢ ᠂ ᠰᠢᠷ᠎ᠠ ᠪᠤᠷᠴᠠᠭ᠎ᠤᠨ ᠦᠷᠡᠵᠢᠯᠲᠡ ᠵᠢᠨ ᠲᠠᠯᠠᠪᠠᠢ ᠲᠤᠰ ᠲᠤᠰ ᠪᠦᠬᠦ ᠤᠯᠤᠰ᠎ᠤᠨ ᠨᠢᠭᠡᠳᠦᠭᠡᠷ ᠪᠠ ᠭᠤᠷᠪᠠᠳᠤᠭ᠋ᠠᠷ᠎ᠲᠤ ᠣᠷᠣᠪᠠ ᠃ 60 《 ᠴᠢᠬᠢ ᠦᠵᠡᠵᠦ ᠦᠷ᠎ᠡ ᠰᠣᠩᠭᠣᠬᠤ》 ᠲᠠᠪᠴᠠᠩ᠎ᠤᠨ ᠵᠢᠱ᠌ᠢᠶ᠎ᠡ ᠦᠵᠡᠭᠦᠯᠬᠦ ᠬᠢᠷᠢ ᠬᠡᠮᠵᠢᠶ᠎ᠡ ᠵᠢ ᠬᠦᠴᠦᠯᠡᠨ ᠳᠡᠭᠡᠭᠰᠢᠯᠡᠭᠦᠯᠵᠦ᠂ 5 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠷᠣᠨ ᠪᠦᠰᠡ ᠵᠢᠨ ᠴᠢᠨᠠᠷᠲᠠᠢ ᠦᠯᠢᠭᠡᠷ ᠵᠢᠱ᠌ᠢᠶ᠎ᠡ ᠦᠵᠡᠭᠦᠯᠬᠦ ᠴᠡᠭ᠎ᠢ ᠪᠠᠢ᠌ᠭᠤᠯᠵᠤ᠂ 147 ᠰᠢᠯᠢᠳᠡᠭ ᠡᠭᠦᠯᠳᠡᠷ᠎ᠢ ᠰᠣᠩᠭᠣᠨ ᠭᠠᠷᠭ᠋ᠠᠵᠤ᠂ ᠪᠥᠬᠥ ᠣᠷᠣᠨ᠎ᠤ ᠰᠠᠢ᠌ᠨ ᠡᠭᠦᠯᠳᠡᠷ᠎ᠤᠨ ᠪᠦᠷᠬᠦᠴᠡ ᠵᠢᠨ ᠨᠣᠷᠮ᠎ᠠ ᠵᠢ 98%᠎ᠠᠴᠠ ᠳᠡᠭᠡᠭᠰᠢ᠎ᠳᠤ ᠬᠦᠷᠦᠭᠦᠯᠵᠦ᠂ ᠭᠠᠷᠤᠯᠲᠠ᠎ᠪᠠᠨ ᠨᠡᠮᠡᠭᠳᠡᠭᠦᠯᠬᠦ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ ᠵᠢ 16%᠎ᠳᠤ ᠬᠦᠷᠦᠭᠦᠯᠬᠦ ᠵᠢ ᠳᠠᠶ᠋ᠢᠴᠢᠯᠠᠪᠠ᠃ ᠰᠠᠢ᠌ᠨ ᠮᠡᠷᠭᠡᠵᠢᠯ᠎ᠢ ᠰᠠᠢ᠌ᠲᠤᠷ ᠳᠡᠯᠭᠡᠷᠡᠭᠦᠯᠵᠦ ᠂ 8 ᠠᠵᠤ ᠠᠬᠤᠢ᠌ᠯᠠᠯ᠎ᠤᠨ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠡᠭᠦᠳᠦᠨ ᠪᠠᠢ᠌ᠭᠤᠯᠵᠤ ᠂ 810 ᠲᠦᠷᠦᠯ᠎ᠤᠨ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠣᠩᠭᠣᠨ ᠤᠯᠠᠷᠢᠭᠤᠯᠤᠨ ᠬᠡᠷᠡᠭᠯᠡᠬᠦ ᠵᠢ ᠠᠬᠢᠭᠤᠯᠵᠤ ᠂ 50 《 ᠵᠠᠰᠠᠭ ᠦᠢ᠍ᠯᠡᠳᠪᠦᠷᠢᠯᠡᠯ ᠰᠤᠷᠤᠯᠴᠠᠯᠭ᠎ᠠ ᠰᠤᠳᠤᠯᠭ᠋ᠠᠨ ᠬᠡᠷᠡᠭᠯᠡᠭᠡ》 ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠪᠠᠭ᠎ᠠ ᠬᠦᠷᠢᠶᠡᠯᠡᠩ᠎ᠢ ᠡᠭᠦᠳᠦᠨ ᠪᠠᠢ᠌ᠭᠤᠯᠵᠤ ᠂ 2.27 ᠲᠦᠮᠡᠨ ᠥᠨᠳᠥᠷ ᠬᠡᠪ ᠪᠣᠯᠪᠠᠰᠤᠷᠠᠯ᠎ᠲᠠᠢ ᠮᠠᠯᠴᠢᠨ ᠲᠠᠷᠢᠶᠠᠴᠢᠨ᠎ᠢ ᠬᠥᠮᠥᠵᠢᠭᠦᠯᠵᠡᠢ ᠃ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ 110 ᠵᠠᠭᠪᠤᠷ᠎ᠢ ᠠᠩᠬ᠎ᠠ ᠡᠭᠦᠳᠴᠦ᠂ ᠲᠠᠷᠢᠶᠠᠯᠠᠩ᠎ᠤᠨ ᠮᠡᠷᠭᠡᠵᠢᠯᠲᠡᠨ᠎ᠤ ᠰᠢᠭᠤᠳ ᠲᠠᠷᠢᠶᠠᠨ ᠭᠠᠵᠠᠷ᠎ᠲᠤ ᠬᠦᠷᠴᠦ ᠦᠢ᠍ᠯᠡᠴᠢᠯᠡᠭᠡ ᠥᠷᠨᠢᠭᠦᠯᠬᠦ ᠵᠢ ᠪᠡᠶᠡᠯᠡᠭᠦᠯᠪᠡ ᠃
— ᠡᠨᠡ ᠨᠢᠭᠡ ᠵᠢᠯ᠎ᠳᠤ ᠂ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠤᠶᠠᠨ ᠬᠠᠳᠠᠨ ᠴᠢᠨᠠᠷ ᠤᠯᠠᠮ᠎ᠠᠴᠠ ᠤᠯᠠᠮ ᠴᠢᠩᠭ᠋ᠠᠷᠠᠪᠠ ᠃ ᠪᠥᠬᠥ ᠬᠡᠯᠬᠢᠶ᠎ᠡ ᠵᠢ ᠠᠵᠤ ᠦᠢ᠍ᠯᠡᠰ᠎ᠤᠨ ᠰᠢᠨ᠎ᠡ ᠬᠥᠳᠡᠯᠭᠡᠭᠴᠢ ᠡᠨᠧᠷᠭᠢ ᠪᠣᠯᠭ᠋ᠠᠨ ᠬᠥᠭᠵᠢᠭᠦᠯᠵᠦ᠂ 7 ᠲᠣᠮᠣ ᠲᠠᠷᠢᠶᠠᠯᠠᠩ ᠮᠠᠯ ᠠᠵᠤ ᠠᠬᠤᠢ ᠵᠢᠨ ᠭᠣᠣᠯᠳᠠᠯᠭ᠎ᠠ᠎ᠲᠠᠢ ᠠᠵᠤ ᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠦᠨ᠂ 《ᠬᠡᠯᠬᠢᠶᠡᠵᠢᠯ᠎ᠢ ᠤᠷᠲᠤᠳᠬᠠᠬᠤ᠂ ᠬᠡᠯᠬᠢᠶᠡᠵᠢᠯ᠎ᠢ ᠨᠥᠬᠥᠪᠦᠷᠢᠯᠡᠬᠦ᠂ ᠬᠡᠯᠬᠢᠶᠡᠵᠢᠯ᠎ᠢ ᠴᠢᠩᠭ᠋ᠠᠳᠬᠠᠬᠤ》᠎ᠪᠠᠷ ᠬᠦᠴᠦᠯᠡᠨ ᠴᠢᠷᠮᠠᠢ᠌ᠵᠤ᠂ ᠥᠪᠡᠷᠲᠡᠭᠡᠨ ᠵᠠᠰᠠᠬᠤ ᠣᠷᠣᠨ᠎ᠤ 149 ᠳᠠᠭ᠋ᠠᠭᠤᠯᠤᠭᠴᠢ ᠠᠵᠤ ᠠᠬᠤᠢ᠌ᠯᠠᠯ᠎ᠢ ᠰᠢᠨ᠎ᠡ᠎ᠪᠠᠷ ᠮᠠᠭ᠋ᠠᠳᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭᠰᠢᠬᠢ ᠳᠠᠭ᠋ᠠᠭᠤᠯᠤᠭᠴᠢ ᠠᠵᠤ ᠠᠬᠤᠢ᠌ᠯᠠᠯ ᠨᠢ 770 ᠬᠦᠷᠪᠡ ᠃ ᠰᠦ ᠵᠢᠨ ᠦᠢ᠍ᠯᠡᠰ᠂ ᠲᠥᠮᠥᠰᠥ 2 ᠤᠯᠤᠰ᠎ᠤᠨ ᠲᠠᠰ᠎ᠤᠨ ᠠᠵᠤ ᠦᠢ᠍ᠯᠡᠰ᠎ᠤᠨ ᠰᠦᠷᠦᠭᠵᠢᠯ᠎ᠢ ᠰᠢᠨ᠎ᠡ᠎ᠪᠠᠷ ᠡᠭᠦᠳᠦᠨ ᠪᠠᠢ᠌ᠭᠤᠯᠵᠤ᠂ 3 ᠤᠯᠤᠰ᠎ᠤᠨ ᠲᠠᠰ᠎ᠤᠨ ᠣᠲᠣ ᠦᠶ᠎ᠡ ᠵᠢᠨ ᠠᠵᠤ ᠦᠢ᠍ᠯᠡᠰ᠎ᠤᠨ ᠬᠦᠷᠢᠶᠡᠯᠡᠩ ᠪᠠ 8 ᠠᠵᠤ ᠦᠢ᠍ᠯᠡᠰ᠎ᠤᠨ ᠬᠦᠴᠦᠷᠬᠡᠭ ᠪᠠᠯᠭ᠋ᠠᠰᠤ ᠵᠢ ᠰᠢᠨ᠎ᠡ᠎ᠪᠠᠷ ᠡᠭᠦᠳᠦᠨ ᠪᠠᠢ᠌ᠭᠤᠯᠵᠤ᠂ ᠡᠭᠦᠳᠦᠨ ᠪᠠᠢ᠌ᠭᠤᠯᠤᠭᠰᠠᠨ ᠲᠣᠭ᠎ᠠ ᠬᠡᠮᠵᠢᠶ᠎ᠡ᠎ᠨᠢ ᠪᠥᠬᠥ ᠤᠯᠤᠰ᠎ᠤᠨ ᠨᠢᠭᠡᠳᠦᠭᠡᠷ᠎ᠲᠤ ᠣᠷᠣᠪᠠ᠃ ᠨᠡᠢ᠌ᠭᠡᠮᠴᠢᠯᠡᠭᠰᠡᠨ ᠦᠢ᠍ᠯᠡᠴᠢᠯᠡᠭᠡ ᠵᠢ 《ᠠᠯᠲᠠᠨ ᠲᠦᠯᠬᠢᠭᠦᠷ》 ᠪᠣᠯᠭ᠋ᠠᠵᠤ᠂ 5 ᠬᠣᠰᠢᠭᠤ ᠰᠢᠶᠠᠨ᠂ 20 ᠰᠢᠶᠠᠩ ᠪᠠᠯᠭ᠋ᠠᠰᠤ᠂ 100 ᠲᠣᠰᠬᠣᠨ᠎ᠳᠤ ᠲᠥᠪᠯᠡᠷᠡᠭᠦᠯᠦᠨ ᠵᠠᠯᠭ᠋ᠠᠯᠳᠤᠭᠰᠠᠨ ᠦᠯᠢᠭᠡᠷ ᠵᠢᠱ᠌ᠢᠶ᠎ᠡ ᠦᠵᠡᠭᠦᠯᠬᠦ ᠠᠵᠢᠯᠯᠠᠭ᠎ᠠ ᠵᠢ ᠥᠷᠨᠢᠭᠦᠯᠵᠦ᠂ ᠪᠥᠬᠥ ᠣᠷᠣᠨ᠎ᠤ ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠲᠠᠯᠠᠪᠠᠶ ᠵᠢ 2400 ᠲᠦᠮᠡᠨ ᠮᠦ᠍᠎ᠳᠤ ᠳᠠᠢ᠌ᠴᠢᠯᠡᠨ ᠬᠦᠷᠭᠡᠪᠡ ᠃ 37 ᠦᠬᠡᠷ ᠬᠣᠨᠢ ᠲᠡᠵᠢᠭᠡᠨ ᠦᠷᠡᠵᠢᠭᠦᠯᠬᠦ ᠲᠣᠮᠣ ᠰᠢᠶᠠᠨ᠎ᠳᠤ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠲᠦᠯᠬᠢᠨ ᠠᠬᠢᠭᠤᠯᠵᠤ᠂ ᠪᠥᠬᠥ ᠣᠷᠣᠨ᠎ᠤ 60% ᠵᠢᠨ ᠦᠬᠡᠷ ᠬᠣᠨᠢ ᠲᠡᠵᠢᠭᠡᠨ ᠦᠷᠡᠵᠢᠭᠦᠯᠬᠦ ᠵᠢ ᠬᠠᠮᠤᠷᠪᠠ᠃ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠢ ᠲᠠᠷᠢᠶᠠᠯᠠᠩ᠎ᠢ ᠲᠤᠰᠠᠯᠠᠬᠤ 《ᠰᠢᠨ᠎ᠡ ᠬᠦᠴᠦᠨ》 ᠪᠣᠯᠵᠤ᠂ ᠪᠥᠬᠥ ᠣᠷᠣᠨ᠎ᠤ 30 ᠬᠣᠰᠢᠭᠤ ᠰᠢᠶᠠᠨ᠎ᠳᠤ 《ᠮᠥᠩᠭᠥᠨ ᠭᠦᠢ᠍ᠯᠭᠡᠭᠡᠨ᠎ᠤ ᠳᠡᠳ᠋ ᠲᠣᠰᠬᠣᠨ᠎ᠤ ᠳᠠᠷᠤᠭ᠎ᠠ》 ᠵᠢᠨ ᠵᠠᠭᠪᠤᠷ᠎ᠢ ᠳᠡᠯᠭᠡᠷᠡᠭᠦᠯᠵᠦ᠂ 2353 ᠨᠡᠷᠡᠰ 《ᠮᠥᠩᠭᠥᠨ ᠭᠦᠢ᠍ᠯᠭᠡᠭᠡᠨ᠎ᠤ ᠳᠡᠳ᠋ ᠲᠣᠰᠬᠣᠨ᠎ᠤ ᠳᠠᠷᠤᠭ᠎ᠠ》 ᠵᠢ ᠠᠵᠢᠯ᠎ᠤᠨ ᠪᠠᠢ᠌ᠷᠢ᠎ᠳᠤ ᠭᠠᠷᠭ᠋ᠠᠨ ᠦᠢ᠍ᠯᠡᠴᠢᠯᠡᠵᠦ᠂ 11097 ᠮᠠᠯᠴᠢᠨ ᠲᠠᠷᠢᠶᠠᠴᠢᠨ ᠡᠷᠦᠬᠡ ᠵᠢ ᠬᠠᠪᠰᠤᠷᠤᠨ ᠪᠠᠩᠬᠢ ᠵᠢᠨ ᠵᠢᠭᠡᠯᠡᠯᠭᠡ ᠵᠢᠨ ᠢᠲᠡᠭᠡᠮᠵᠢ ᠣᠯᠭᠤᠨ ᠭᠦᠢ᠍ᠴᠡᠳᠬᠡᠵᠦ᠂ ᠢᠲᠡᠭᠡᠮᠵᠢ ᠣᠯᠭᠣᠭᠰᠠᠨ ᠲᠣᠭ᠎ᠠ ᠬᠡᠮᠵᠢᠶ᠎ᠡ᠎ᠨᠢ 31.04 ᠳ᠋ᠦᠩᠰᠢᠭᠤᠷ ᠲᠥᠭᠥᠷᠢᠭ᠎ᠲᠤ ᠬᠥᠷᠪᠡ᠃ ᠲᠠᠷᠢᠶᠠᠯᠠᠩ᠎ᠤᠨ ᠳᠠᠭ᠋ᠠᠳᠬᠠᠯ᠎ᠤᠨ ᠪᠦᠷᠬᠦᠴᠡ ᠵᠢ ᠨᠡᠮᠡᠭᠳᠡᠭᠦᠯᠵᠦ ᠂ 40 ᠠᠮᠤ ᠪᠤᠳᠠᠭ᠋ᠠᠨ᠎ᠤ ᠭᠠᠷᠤᠯᠲᠠ ᠵᠢᠨ ᠲᠣᠮᠣ ᠰᠢᠶᠠᠨ᠎ᠳᠤ ᠭᠤᠷᠪᠠᠨ ᠶᠡᠬᠡ ᠭᠣᠣᠯ ᠠᠮᠤ ᠪᠤᠳᠠᠭ᠋ᠠᠨ᠎ᠤ ᠲᠠᠷᠢᠮᠠᠯ᠎ᠤᠨ ᠪᠦᠷᠢᠨ ᠥᠪᠡᠷ᠎ᠤᠨ ᠦᠷᠳᠡᠭ᠎ᠤᠨ ᠳᠠᠭ᠋ᠠᠳᠬᠠᠯ᠎ᠢ ᠦᠷᠨᠢᠭᠦᠯᠪᠡ᠃ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠨᠢ ᠰᠢᠨ᠎ᠡ ᠠᠮᠢᠵᠢᠷᠠᠯ᠎ᠤᠨ ᠬᠦᠴᠦᠨ ᠪᠣᠯᠵᠤ ᠂ ᠤᠯᠤᠰ᠎ᠤᠨ ᠬᠣᠶᠠᠳᠤᠭ᠋ᠠᠷ ᠡᠭᠡᠯᠵᠢ ᠵᠢᠨ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢ ᠤᠷᠲᠤᠳᠬᠠᠬᠤ ᠂ ᠣᠷᠣᠨ ᠰᠠᠭᠤᠴᠠ ᠵᠢᠨ ᠭᠠᠵᠠᠷ᠎ᠤᠨ ᠥᠭᠡᠷᠡᠴᠢᠯᠡᠯᠲᠡ ᠵᠢᠨ ᠲᠤᠷᠰᠢᠯᠲᠠ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ ᠂ ᠰᠤᠯᠠ ᠪᠠᠢ᠌ᠬᠤ ᠣᠷᠣᠨ ᠰᠠᠭᠤᠴᠠ ᠵᠢᠨ ᠭᠠᠵᠠᠷ ᠪᠠ 《 ᠬᠥᠨᠳᠡᠢ ᠲᠣᠰᠬᠣᠨ 》᠎ᠤ ᠭᠠᠵᠠᠷ ᠰᠢᠷᠣᠢ ᠵᠢᠨ ᠡᠵᠡᠩᠨᠡᠯᠲᠡ ᠵᠢᠨ ᠠᠵᠢᠯ᠎ᠢ ᠰᠢᠨ᠎ᠡ᠎ᠪᠠᠷ ᠡᠭᠦᠳᠦᠨ ᠰᠠᠢ᠌ᠲᠤᠷ ᠬᠢᠪᠡ ᠃ 《ᠨᠢᠭᠡᠳᠦᠯᠲᠡᠢ ᠳᠠᠷᠢᠵᠤ ᠬᠠᠮᠲᠤ᠎ᠪᠠᠷ ᠪᠠᠶᠠᠵᠢᠬᠤ》 《ᠭᠤᠷᠪᠠ ᠵᠢ ᠬᠤᠪᠢᠷᠠᠭᠤᠯᠬᠤ》 ᠵᠡᠷᠭᠡ 34 ᠵᠦᠢ᠍ᠯ᠎ᠤᠨ ᠨᠡᠢ᠌ᠲᠡᠯᠢᠭ ᠥᠭᠡᠷᠡᠴᠢᠯᠡᠯᠲᠡ ᠵᠢᠨ ᠵᠠᠭᠪᠤᠷ᠎ᠢ ᠳ᠋ᠦᠩᠨᠡᠨ ᠳᠡᠯᠭᠡᠷᠡᠭᠦᠯᠵᠦ᠂ 《ᠫᠧᠩᠰᠡᠲᠦ ᠦᠵᠡᠮᠵᠢ》 ᠵᠢ 《ᠣᠶ ᠰᠢᠭᠤᠢ》 ᠪᠣᠯᠭ᠋ᠠᠨ ᠬᠤᠪᠢᠷᠠᠭᠤᠯᠬᠤ ᠵᠢ ᠠᠬᠢᠭᠤᠯᠪᠠ ᠃ ᠬᠠᠮᠲᠤ ᠵᠢᠨ ᠠᠵᠤ ᠠᠬᠤᠢ ᠵᠢᠨ 《ᠲᠡᠳᠭᠦᠬᠦ ᠬᠥᠲᠥᠯᠥᠨ ᠳᠠᠭ᠋ᠠᠭᠤᠯᠬᠤ》 ᠠᠵᠢᠯᠯᠠᠭ᠎ᠠ ᠵᠢ ᠬᠡᠷᠡᠭᠵᠢᠭᠦᠯᠵᠦ᠂ ᠬᠦᠷᠢᠶ᠎ᠡ ᠬᠠᠰᠢᠶ᠎ᠠ ᠵᠢᠨ ᠠᠵᠤ ᠠᠬᠤᠢ ᠵᠢ ᠶᠡᠬᠡᠪᠡᠷ ᠬᠥᠭᠵᠢᠭᠦᠯᠦᠨ᠂ ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ ᠵᠢ ᠳᠡᠯᠭᠡᠷᠡᠭᠦᠯᠵᠦ᠂ ᠪᠥᠬᠥ ᠣᠷᠣᠨ᠎ᠤ ᠪᠣᠶ ᠪᠦᠬᠦᠢ ᠭᠠᠴᠠᠭ᠎ᠠ ᠲᠣᠰᠬᠣᠨ᠎ᠤ ᠬᠠᠮᠲᠤ ᠵᠢᠨ ᠣᠷᠣᠯᠭ᠎ᠠ ᠵᠢ 10 ᠲᠦᠮᠡᠨ ᠲᠥᠭᠥᠷᠢᠭ᠎ᠠᠴᠠ ᠳᠡᠭᠡᠭᠰᠢ ᠪᠠᠢ᠌ᠯᠭ᠋ᠠᠵᠤ᠂ ᠲᠦᠷᠦᠭᠦᠸ᠋ ᠭᠤᠷᠪᠠᠨ ᠤᠯᠠᠷᠢᠯ᠎ᠳᠤ᠂ ᠮᠠᠯᠵᠢᠬᠤ ᠲᠠᠷᠢᠶᠠᠯᠠᠬᠤ ᠣᠷᠣᠨ᠎ᠤ ᠪᠠᠢ᠌ᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 13863 ᠲᠥᠭᠥᠷᠢᠭ ᠪᠠᠢ᠌ᠵᠤ᠂ 7.6%᠎ᠪᠠᠷ ᠨᠡᠮᠡᠭᠳᠡᠪᠡ᠃
— ᠡᠨᠡ ᠨᠢᠭᠡ ᠵᠢᠯ᠎ᠳᠤ ᠂ ᠲᠠᠷᠢᠶᠠᠯᠠᠩ ᠮᠠᠯ ᠠᠵᠤ ᠠᠬᠤᠢ ᠵᠢᠨ ᠲᠦᠷᠦ ᠵᠢᠨ ᠪᠣᠳᠣᠯᠭ᠎ᠠ ᠵᠢᠨ ᠲᠤᠯᠭ᠋ᠠᠭᠤᠷᠢᠯᠠᠯ ᠤᠯᠠᠮ᠎ᠠᠴᠠ ᠤᠯᠠᠮ ᠴᠢᠩᠭ᠋ᠠᠷᠠᠪᠠ ᠃ ᠲᠥᠷᠥ ᠵᠢᠨ ᠪᠣᠳᠣᠯᠭ᠎ᠠ ᠨᠢ ᠲᠣᠭ᠎ᠠ ᠬᠡᠮᠵᠢᠶ᠎ᠡ ᠣᠯᠠᠨ ᠪᠠᠢ᠌ᠬᠤ᠎ᠳᠤ ᠴᠢᠷᠮᠠᠢ᠌ᠵᠤ ᠂ ᠲᠠᠷᠢᠶᠠᠯᠠᠩ ᠮᠠᠯ ᠠᠵᠤ ᠠᠬᠤᠢ ᠵᠢᠨ ᠬᠦᠷᠢᠶ᠎ᠡ ᠴᠠᠷᠠᠭ᠋ᠠᠨ᠎ᠳᠠᠬᠢ ᠣᠨ᠎ᠤ ᠴᠢᠷᠮᠠᠢ᠌ᠯᠭ᠎ᠠ ᠵᠢᠨ ᠤᠯᠤᠰ᠎ᠤᠨ ᠪᠡᠯᠡ ᠮᠥᠩᠭᠥ ᠵᠢᠨ ᠲᠣᠭ᠎ᠠ ᠪᠠ ᠲᠥᠷᠥᠯ ᠵᠦᠢ᠍ᠯ᠎ᠤᠨ ᠲᠣᠭ᠎ᠠ ᠳᠠᠬᠢᠨᠲᠠ ᠰᠢᠨ᠎ᠡ ᠦᠨᠳᠦᠷ᠎ᠢ ᠡᠭᠦᠳᠪᠡ᠃ ᠤᠯᠤᠰ᠎ᠤᠨ ᠳᠡᠮᠵᠢᠯᠭᠡ ᠵᠢᠨ ᠲᠣᠳᠣᠷᠬᠠᠢ ᠬᠠᠭᠤᠳᠠᠰᠤᠨ᠎ᠳᠠᠬᠢ 9 ᠵᠦᠢ᠍ᠯ᠎ᠤᠨ ᠤᠴᠢᠷ ᠶᠠᠪᠤᠳᠠᠯ᠎ᠢ ᠪᠦᠬᠦᠨ᠎ᠢ ᠲᠦᠷᠦ ᠵᠢᠨ ᠶᠠᠪᠤᠳᠠᠯ᠎ᠤᠨ ᠬᠣᠷᠢᠶᠠᠨ᠎ᠤ 《 ᠰᠠᠨᠠᠯ 》᠎ᠳᠤ ᠣᠷᠣᠭᠤᠯᠵᠤ ᠂ ᠲᠤᠰᠢᠶᠠᠬᠤ ᠶᠣᠰᠣᠲᠠᠢ ᠵᠢ᠎ᠨᠢ ᠪᠦᠬᠦᠨ᠎ᠢ ᠲᠤᠰᠢᠶᠠᠬᠤ ᠵᠢ ᠪᠡᠶᠡᠯᠡᠭᠦᠯᠪᠡ ᠃ ᠲᠥᠷᠥ ᠵᠢᠨ ᠪᠣᠳᠣᠯᠭ᠎ᠠ ᠵᠢᠨ ᠠᠯᠲᠠᠨ᠎ᠤ ᠠᠭᠤᠯᠤᠭᠳᠠᠴᠠ᠎ᠪᠠᠷ ᠥᠨᠳᠥᠷ ᠪᠠᠢ᠌ᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ 《ᠲᠠᠷᠢᠶᠠᠨ ᠭᠠᠵᠠᠷ᠎ᠢ ᠥᠨᠳᠥᠷ ᠪᠦᠲᠦᠮᠵᠢᠲᠡᠶ ᠠᠰᠢᠭᠯᠠᠬᠤ ᠵᠢ ᠠᠬᠢᠭᠤᠯᠬᠤ ᠬᠡᠷᠡᠭᠵᠢᠭᠦᠯᠬᠦ ᠲᠥᠰᠥᠯ》 《 ᠰᠦ ᠵᠢᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ》 《ᠲᠠᠷᠢᠮᠠᠯ᠎ᠤᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠵᠡᠷᠭᠡ 7 ᠵᠦᠢ᠍ᠯ᠎ᠤᠨ ᠠᠯᠲᠠᠨ᠎ᠤ ᠠᠭᠤᠯᠤᠭᠳᠠᠴᠠ᠎ᠪᠠᠷ ᠥᠨᠳᠥᠷ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠡᠢ᠌ᠲᠡᠯᠡᠨ ᠬᠡᠷᠡᠭᠵᠢᠭᠦᠯᠵᠦ᠂ 100 ᠭᠠᠷᠤᠢ ᠠᠵᠢᠯ᠎ᠤᠨ ᠲᠥᠰᠥᠯ᠎ᠢ ᠢᠵᠢ ᠪᠦᠷᠢᠳᠦᠭᠦᠯᠦᠨ ᠨᠡᠢ᠌ᠲᠡᠯᠡᠵᠦ ᠨᠠᠢ᠌ᠳᠠᠪᠤᠷᠢᠵᠢᠭᠤᠯᠬᠤ ᠵᠢ ᠠᠳᠬᠤᠨ᠂ ᠬᠦᠴᠦᠨ ᠵᠶ᠋ᠡᠨ ᠲᠥᠪᠯᠡᠷᠡᠭᠦᠯᠦᠨ ᠶᠡᠬᠡ ᠶᠠᠪᠤᠳᠠᠯ᠎ᠢ ᠪᠦᠲᠦᠭᠡᠬᠦ ᠵᠢᠨ ᠦᠷ᠎ᠡ ᠠᠰᠢᠭ᠎ᠢ ᠠᠩᠬ᠎ᠠ ᠠᠯᠬᠤᠮ ᠢᠯᠡᠷᠡᠭᠦᠯᠪᠡ᠃ ᠬᠠᠤᠯᠢ ᠴᠠᠭ᠋ᠠᠵᠠ ᠵᠢᠨ ᠰᠢᠰᠲᠸᠮᠵᠢ ᠲᠠᠰᠤᠷᠠᠯᠲᠠ ᠦᠭᠡᠢ ᠲᠡᠭᠦᠯᠳᠡᠷᠵᠢᠵᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠨᠡᠢ᠌ᠲᠡᠯᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠳᠤ ᠬᠡᠷᠡᠭᠯᠡᠬᠦ ᠨᠢᠮᠭᠡᠨ ᠪᠦᠷᠬᠦᠪᠴᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠢᠬᠠᠨ᠎ᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠳᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠳᠦᠷᠢᠮ》 4 ᠳᠦᠷᠢᠮ᠎ᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠵᠢ ᠴᠢᠨᠠᠷ ᠰᠠᠢ᠌ᠲᠠᠢ ᠬᠥᠭᠵᠢᠭᠦᠯᠬᠦ ᠬᠠᠤᠯᠢ ᠴᠠᠭ᠋ᠠᠵᠠ ᠵᠢᠨ ᠲᠤᠯᠭ᠋ᠠᠭᠤᠷᠢᠯᠠᠯ ᠤᠯᠠᠮ ᠨᠢᠭᠡ ᠠᠯᠬᠤᠮ ᠴᠢᠩᠭ᠋ᠠᠷᠠᠪᠠ᠃
— ᠡᠨᠡ ᠨᠢᠭᠡ ᠵᠢᠯ᠎ᠳᠤ ᠂ ᠲᠠᠷᠢᠶᠠᠯᠠᠩ ᠮᠠᠯ ᠠᠵᠤ ᠠᠬᠤᠢ ᠵᠢᠨ ᠠᠮᠢ ᠠᠬᠤᠢ ᠵᠢᠨ ᠬᠥᠭᠵᠢᠯᠲᠡ ᠤᠯᠠᠮ᠎ᠠᠴᠠ ᠤᠯᠠᠮ ᠴᠢᠩᠭ᠋ᠠᠷᠠᠪᠠ ᠃ ᠪᠣᠬᠢᠷᠲᠤᠯ ᠦᠭᠡᠢ ᠬᠥᠭᠵᠢᠯᠲᠡ ᠵᠢᠨ ᠪᠠᠢ᠌ᠳᠠᠯ ᠪᠢᠯᠬᠠᠮ᠎ᠠ ᠪᠠᠢ᠌ᠵᠤ ᠂ ᠲᠠᠷᠢᠶᠠᠯᠠᠩ᠎ᠤᠨ 《ᠳᠥᠷᠪᠡ ᠵᠢ ᠡᠵᠡᠮᠳᠡᠬᠦ》 ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ ᠲᠠᠷᠢᠶᠠᠯᠠᠩ᠎ᠤᠨ ᠨᠢᠭᠡᠳᠦᠯᠲᠡᠢ ᠰᠡᠷᠭᠡᠢ᠌ᠯᠡᠨ ᠵᠠᠰᠠᠬᠤ ᠲᠠᠯᠠᠪᠠᠶ 5696 ᠲᠦᠮᠡᠨ ᠮᠦ᠍᠂ ᠪᠣᠬᠢᠷᠲᠤᠯ ᠦᠭᠡᠢ ᠰᠡᠷᠭᠡᠢ᠌ᠯᠡᠨ ᠡᠵᠡᠮᠳᠡᠬᠦ ᠲᠠᠯᠠᠪᠠᠶ 5567 ᠲᠦᠮᠡᠨ ᠮᠦ᠍ ᠪᠠᠢ᠌ᠵᠤ᠂ ᠬᠢᠮᠢ ᠵᠢᠨ ᠪᠣᠷᠳᠣᠭᠤᠷ ᠲᠠᠷᠢᠶᠠᠨ ᠡᠮ᠎ᠤᠨ ᠬᠡᠷᠡᠭᠯᠡᠯᠲᠡ ᠵᠢᠨ ᠬᠡᠮᠵᠢᠶ᠎ᠡ ᠰᠥᠭᠡᠷᠭᠦ ᠨᠡᠮᠡᠭᠳᠡᠯ᠎ᠢ ᠪᠠᠲᠤᠯᠠᠪᠠ᠃ ᠰᠦᠯᠢᠶᠥᠦ ᠪᠦᠷᠬᠦᠪᠴᠢ᠂ ᠡᠰᠢ ᠰᠦᠷᠡᠯ᠎ᠢ ᠬᠣᠷᠢᠶᠠᠨ ᠠᠪᠴᠤ ᠠᠰᠢᠭᠯᠠᠬᠤ ᠬᠢᠷᠢ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠤᠵᠠᠭ᠋ᠠᠨ ᠥᠨᠳᠥᠷ ᠬᠦᠴᠦᠯᠡᠴᠡ᠎ᠲᠠᠢ ᠰᠦᠯᠢᠶᠥᠦ ᠪᠦᠷᠬᠦᠪᠴᠢ ᠵᠢ 659 ᠲᠦᠮᠡᠨ ᠮᠦ᠍ ᠨᠡᠮᠡᠵᠦ᠂ ᠪᠥᠬᠥ ᠠᠮᠢᠳᠤ ᠪᠣᠳᠠᠰ᠎ᠤᠨ ᠵᠠᠳᠠᠷᠠᠮᠠᠳᠠᠭ᠋ᠠᠢ ᠰᠦᠯᠢᠶᠥᠦ ᠪᠦᠷᠬᠦᠪᠴᠢ ᠵᠢ 119 ᠲᠦᠮᠡᠨ ᠮᠦ᠍ ᠳᠡᠯᠭᠡᠷᠡᠭᠦᠯᠵᠦ᠂ ᠡᠰᠢ ᠰᠦᠷᠡᠯ᠎ᠢ ᠶᠡᠷᠦᠩᠬᠡᠢ᠌ᠯᠡᠨ ᠠᠰᠢᠭᠯᠠᠬᠤ ᠨᠣᠷᠮ᠎ᠠ ᠵᠢ 91.2%᠎ᠲᠤ ᠬᠦᠷᠦᠭᠦᠯᠪᠡ ᠃ ᠮᠠᠯ ᠵᠢᠭᠦᠷᠲᠡᠨ᠎ᠤ ᠢᠯᠭ᠋ᠠᠳᠠᠰᠤᠨ ᠪᠣᠬᠢᠷᠲᠤᠯ᠎ᠢ ᠶᠡᠷᠦᠩᠬᠡᠢ᠌ᠯᠡᠨ ᠠᠰᠢᠭᠯᠠᠬᠤ ᠨᠣᠷᠮ᠎ᠠ ᠵᠢ 82%᠎ᠲᠤ ᠬᠦᠷᠦᠭᠦᠯᠪᠡ ᠃ ᠲᠠᠷᠢᠶᠠᠯᠠᠩ᠎ᠤᠨ ᠤᠰᠤ ᠠᠷᠪᠢᠯᠠᠬᠤ ᠦᠷ᠎ᠡ ᠪᠦᠲᠦᠮᠵᠢ ᠥᠨᠳᠥᠷ ᠪᠠᠢ᠌ᠵᠤ ᠂ ᠢᠨᠵᠧᠨᠧᠷᠢᠩ ᠂ ᠲᠠᠷᠢᠶᠠᠯᠠᠩ᠎ᠤᠨ ᠮᠡᠷᠭᠡᠰᠢᠯ ᠂ ᠡᠭᠦᠯᠳᠡᠷ᠂ ᠪᠦᠲᠦᠴᠡ ᠂ ᠲᠣᠭᠲᠠᠴᠠ ᠵᠡᠷᠭᠡ 《 ᠲᠠᠪᠤᠨ ᠬᠡᠰᠡᠭ 》᠎ᠤᠨ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ ᠂ ᠲᠠᠷᠢᠶᠠᠯᠠᠩ᠎ᠤᠨ ᠤᠰᠤ ᠠᠷᠪᠢᠯᠠᠬᠤ ᠬᠡᠮᠵᠢᠶ᠎ᠡ ᠵᠢ 3.73 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠪᠡᠶᠡᠯᠡᠭᠦᠯᠵᠦ ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠠᠰᠢᠭᠯᠠᠯᠲᠠ ᠵᠢᠨ ᠢᠯᠡᠳᠬᠡᠮᠵᠢ ᠵᠢ
0.574᠎ᠳᠤ ᠬᠦᠷᠭᠡᠵᠦ ᠂ ᠠᠩᠬ᠎ᠠ ᠤᠳᠠᠭ᠎ᠠ ᠪᠦᠬᠦ ᠤᠯᠤᠰ᠎ᠤᠨ ᠳᠤᠮᠳᠠᠴᠢ ᠬᠢᠷᠢ ᠬᠡᠮᠵᠢᠶ᠎ᠡ᠎ᠠᠴᠠ ᠥᠨᠳᠥᠷ ᠪᠣᠯᠭ᠋ᠠᠪᠠ ᠃ ᠪᠣᠬᠢᠷᠲᠤᠯ ᠦᠭᠡᠢ ᠨᠠᠷᠠᠲᠤ ᠲᠡᠮᠳᠡᠭᠲᠦ ᠠᠯᠳᠠᠷᠰᠢᠵᠤ᠂ 668 ᠰᠢᠯᠢᠳᠡᠭ ᠣᠨᠴᠠᠯᠢᠭᠲᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠨᠢ 《ᠪᠥᠬᠥ ᠤᠯᠤᠰ᠎ᠤᠨ ᠨᠠᠷᠠᠲᠤ ᠣᠨᠴᠠ ᠰᠢᠯᠢᠳᠡᠭ ᠰᠢᠨ᠎ᠡ ᠭᠠᠷᠴᠠᠭᠯᠠᠯ》᠎ᠳᠤ ᠵᠢᠭᠰᠠᠭ᠋ᠠᠭᠳᠠᠵᠤ᠂ ᠪᠥᠬᠥ ᠤᠯᠤᠰ᠎ᠤᠨ ᠲᠡᠷᠢᠭᠦᠨ᠎ᠳᠤ ᠣᠷᠣᠪᠠ᠃ ᠰᠢᠨ᠎ᠡ᠎ᠪᠠᠷ ᠭᠡᠷᠡᠴᠢᠯᠡᠭᠰᠡᠨ ᠪᠣᠬᠢᠷᠲᠤᠯ ᠦᠭᠡᠢ ᠢᠳᠡᠭᠡᠨ᠎ᠤ ᠪᠦᠲᠦᠭᠡᠭᠳᠡᠬᠦᠨ 319 ᠪᠠᠢ᠌ᠵᠤ᠂ ᠭᠠᠷᠤᠯᠲᠠ᠎ᠨᠢ 44.46 ᠲᠦᠮᠡᠨ ᠲᠣᠨ᠂ ᠣᠷᠭ᠋ᠠᠨᠢᠭ ᠲᠠᠷᠢᠶᠠᠯᠠᠩ᠎ᠤᠨ ᠪᠦᠲᠦᠭᠡᠭᠳᠡᠬᠦᠨ 342 ᠪᠠᠢ᠌ᠵᠤ᠂ ᠭᠠᠷᠤᠯᠲᠠ᠎ᠨᠢ 304.88 ᠲᠦᠮᠡᠨ ᠲᠣᠨ ᠪᠠᠢ᠌ᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠷᠢ ᠲᠡᠩᠴᠡᠭᠰᠡᠨ ᠨᠣᠷᠮ᠎ᠠ 5 ᠵᠢᠯ ᠳᠠᠷᠠᠭ᠋ᠠᠯᠠᠨ 97%᠎ᠠᠴᠠ ᠳᠡᠭᠡᠭᠰᠢ ᠵᠢ ᠪᠠᠲᠤᠯᠠᠪᠠ᠃
2024 ᠣᠨ᠎ᠳᠤ ᠂ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ 《 ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ 》᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠬᠤ ᠪᠠ 《ᠰᠢᠨ᠎ᠡ ᠵᠠᠮ ᠨᠡᠭᠡᠭᠡᠵᠦ᠂ ᠳᠤᠮᠳᠠ ᠤᠷᠤᠰᠬᠠᠯ᠎ᠳᠤ ᠣᠷᠣᠬᠤ》 ᠬᠠᠷᠠᠯᠲᠠ ᠵᠢ ᠴᠢᠨᠠᠷ ᠰᠠᠢ᠌ᠲᠠᠢ ᠪᠡᠶᠡᠯᠡᠭᠦᠯᠵᠦ ᠂ ᠲᠣᠭ᠎ᠠ ᠬᠡᠮᠵᠢᠶ᠎ᠡ ᠵᠢ ᠥᠷᠭᠡᠳᠬᠡᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠂ ᠤᠨᠠᠯᠲᠠ ᠵᠢ ᠨᠡᠮᠡᠭᠳᠡᠭᠦᠯᠬᠦ ᠵᠢ ᠪᠠᠷᠢᠮᠲᠠᠯᠠᠨ᠂ ᠠᠮᠤ ᠪᠤᠳᠠᠭ᠎ᠠ ᠪᠠ ᠴᠢᠬᠤᠯᠠ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠢ ᠥᠴᠥᠬᠡᠨ ᠴᠦ᠍ ᠰᠤᠯᠠᠷᠠᠭᠤᠯᠤᠯ ᠦᠭᠡᠢ ᠰᠠᠢ᠌ᠲᠤᠷ ᠠᠳᠬᠤᠵᠤ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠲᠦᠯᠬᠢᠨ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠳᠤᠮᠳᠠᠳᠤ ᠤᠯᠤᠰ᠎ᠤᠨ ᠬᠡᠯᠪᠡᠷᠢ ᠵᠢᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠨ᠎ᠡ᠃
ᠲᠠ ᠪᠦᠬᠦᠨ᠎ᠳᠤ ᠪᠠᠶᠠᠷᠯᠠᠯ᠎ᠠ ᠃
《2023 ᠣᠨ᠎ᠤ ᠡᠷᠭᠢᠴᠡᠭᠦᠯᠦᠯ》 ᠭᠡᠬᠦ ᠭᠣᠣᠯ ᠰᠡᠳᠦᠪᠲᠦ
ᠰᠣᠨᠢᠨ ᠮᠡᠳᠡᠭᠡ ᠨᠡᠢ᠌ᠲᠡᠯᠡᠬᠦ ᠬᠤᠷᠠᠯ ᠲᠡᠭᠡᠷ᠎ᠡ ᠰᠤᠷᠪᠤᠯᠵᠢᠯᠠᠭᠴᠢ ᠵᠢᠨ
ᠠᠰᠠᠭᠤᠯᠲᠠ ᠵᠢ ᠬᠠᠷᠢᠭᠤᠯᠪᠠ
ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄ ᠡᠨᠡ ᠵᠢᠯ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠤᠨᠠᠯᠲᠠ ᠳᠠᠬᠢᠨᠲᠠ ᠡᠯᠪᠡᠭ ᠬᠤᠷᠢᠶᠠᠯᠲᠠ ᠣᠯᠪᠠ᠂ ᠰᠠᠶᠢᠬᠠᠨ ᠲᠢᠩᠬᠢᠮ᠎ᠤᠨ ᠳᠠᠷᠤᠭ᠎ᠠ ᠵᠣᠣ ᠢᠦᠢ ᠱᠸᠩ ᠪᠠᠰᠠ ᠲᠠᠯᠠᠪᠠᠶ᠂ ᠲᠠᠯᠠᠪᠠᠶ ᠨᠢᠭᠡᠴᠢ ᠵᠢᠨ ᠤᠨᠠᠯᠲᠠ ᠵᠡᠷᠭᠡ᠎ᠪᠠᠷ ᠨᠡᠮᠡᠭᠳᠡᠬᠦ ᠵᠢ ᠳᠤᠷᠠᠳᠤᠭᠰᠠᠨ ᠪᠠᠢ᠌ᠨ᠎ᠠ᠃ ᠠᠰᠠᠭᠤᠬᠤ᠎ᠨᠢ ᠥᠪᠥᠷ ᠮᠣᠩᠭᠣᠯ ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠠᠵᠢᠯ᠎ᠢ ᠬᠡᠷᠬᠢᠨ ᠰᠠᠢ᠌ᠲᠤᠷ ᠠᠳᠬᠤᠵᠤ ᠪᠠᠢ᠌ᠬᠤ ᠪᠤᠢ ?
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ᠎ᠤ ᠲᠢᠩᠬᠢᠮ᠎ᠤᠨ ᠲᠠᠷᠢᠮᠠᠯ᠎ᠤᠨ ᠦᠢ᠍ᠯᠡᠰ᠎ᠤᠨ ᠬᠠᠮᠢᠶᠠᠷᠤᠯᠲᠠ ᠵᠢᠨ ᠭᠠᠵᠠᠷ᠎ᠤᠨ ᠬᠠᠷᠢᠭᠤᠴᠠᠯᠭ᠋ᠠᠲᠠᠨ ᠯᠢ ᡁᠢ ᠸᠧᠢ᠄ ᠲᠠᠨ᠎ᠤ ᠠᠰᠠᠭᠤᠭᠰᠠᠨ᠎ᠳᠤ ᠲᠠᠯᠠᠷᠬᠠᠵᠤ ᠪᠠᠢ᠌ᠨ᠎ᠠ! ᠤᠯᠠᠨ᠎ᠤ ᠮᠡᠳᠡᠭᠡᠵᠢ᠎ᠪᠠᠷ ᠂ ᠲᠠᠯᠠᠪᠠᠢ ᠨᠢᠭᠡᠴᠢ ᠵᠢᠨ ᠤᠨᠠᠯᠲᠠ ᠪᠣᠯ ᠠᠮᠤ ᠪᠤᠳᠠᠭ᠋ᠠᠨ᠎ᠤ ᠡᠯᠪᠡᠭ ᠬᠤᠷᠢᠶᠠᠯᠲᠠ ᠣᠯᠬᠤ ᠵᠢᠨ ᠵᠠᠩᠭᠢᠯᠠᠭ᠎ᠠ ᠮᠥᠨ ᠃ ᠥᠪᠥᠷ ᠮᠣᠩᠭᠣᠯ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠮᠠᠨ᠎ᠤ ᠣᠷᠣᠨ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠭᠣᠣᠯ ᠪᠣᠯᠬᠤ ᠠᠮᠤ ᠲᠣᠰᠣᠨ᠎ᠤ ᠲᠠᠷᠢᠮᠠᠯ᠎ᠤᠨ ᠲᠠᠯᠠᠪᠠᠢ ᠨᠢᠭᠡᠴᠢ ᠵᠢᠨ ᠤᠨᠠᠯᠲᠠ ᠵᠢ ᠶᠡᠬᠡ᠎ᠪᠠᠷ ᠳᠡᠭᠡᠭᠰᠢᠯᠡᠭᠦᠯᠵᠦ᠂ ᠪᠢᠳᠡ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ 《ᠲᠠᠯᠠᠪᠠᠶ ᠵᠢ ᠲᠣᠭᠲᠠᠪᠤᠷᠢᠵᠢᠭᠤᠯᠵᠤ᠂ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ 》 ᠲᠤᠬᠠᠢ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ 《ᠲᠥᠷᠥ ᠵᠢᠨ ᠪᠣᠳᠣᠯᠭ᠎ᠠ ᠵᠢ ᠠᠳᠬᠤᠬᠤ᠂ ᠰᠠᠢ᠌ᠨ ᠲᠠᠷᠢᠶᠠᠨ ᠭᠠᠵᠠᠷ᠎ᠢ ᠠᠳᠬᠤᠬᠤ᠂ ᠰᠠᠢ᠌ᠨ ᠡᠭᠦᠯᠳᠡᠷ᠎ᠢ ᠠᠳᠬᠤᠬᠤ᠂ ᠬᠤᠷᠠᠮᠠᠯ᠎ᠢ ᠠᠳᠬᠤᠬᠤ᠂ ᠵᠢᠱ᠌ᠢᠶ᠎ᠡ ᠦᠵᠡᠭᠦᠯᠬᠦ ᠵᠢ ᠠᠳᠬᠤᠬᠤ》᠎ᠪᠠᠷ ᠳᠠᠮᠵᠢᠭᠤᠯᠤᠨ᠂ 545 ᠲᠦᠮᠡᠨ ᠮᠦ᠍ ᠪᠦᠬᠦᠢ ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠵᠢᠱ᠌ᠢᠶ᠎ᠡ ᠦᠵᠡᠭᠦᠯᠬᠦ ᠣᠷᠣᠨ᠎ᠢ ᠪᠠᠢ᠌ᠭᠤᠯᠵᠤ᠂ ᠪᠥᠬᠥ ᠣᠷᠣᠨ᠎ᠤ ᠲᠠᠯᠠᠪᠠᠢ ᠨᠢᠭᠡᠴᠢ ᠵᠢᠨ ᠳᠤᠮᠳᠠᠴᠢ ᠤᠨᠠᠯᠲᠠ ᠵᠢ 755.5 ᠵᠢᠩ ᠪᠣᠯᠭ᠋ᠠᠨ ᠳᠡᠭᠡᠭᠰᠢᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 7.4 ᠵᠢᠩ ᠨᠡᠮᠡᠭᠳᠡᠭᠦᠯᠦᠨ᠂ ᠪᠥᠬᠥ ᠤᠯᠤᠰ᠎ᠤᠨ ᠳᠤᠮᠳᠠᠴᠢ ᠨᠡᠮᠡᠭᠳᠡᠯ᠎ᠤᠨ ᠬᠡᠮᠵᠢᠶ᠎ᠡ (5.8 ᠵᠢᠩ / ᠮᠦ᠍)᠎ᠠᠴᠠ ᠪᠠᠰᠠ 1.6 ᠵᠢᠩ ᠥᠨᠳᠥᠷ ᠪᠣᠯᠤᠭᠰᠠᠨ ᠪᠠᠢ᠌ᠨ᠎ᠠ᠃
ᠨᠢᠭᠡ ᠲᠠᠯ᠎ᠠ᠎ᠪᠠᠷ᠂ ᠪᠢᠳᠡ ᠲᠥᠷᠥ ᠵᠢᠨ ᠪᠣᠳᠣᠯᠭ᠎ᠠ ᠵᠢ ᠴᠢᠩᠭ᠎ᠠ ᠠᠳᠬᠤᠨ ᠲᠠᠯᠠᠪᠠᠶ ᠨᠢᠭᠡᠴᠢ ᠵᠢᠨ ᠤᠨᠠᠯᠲᠠ ᠵᠢ ᠳᠠᠶ᠋ᠢᠴᠢᠯᠠᠨ ᠠᠬᠢᠭᠤᠯᠪᠠ᠃ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ ᠠᠵᠢᠯ᠎ᠤᠨ ᠲᠤᠰᠬᠠᠢ ᠠᠩᠭᠢ ᠪᠠᠢ᠌ᠭᠤᠯᠵᠤ᠂ 8 ᠲᠥᠰᠥᠯ᠎ᠢ ᠢᠵᠢ ᠪᠦᠷᠢᠳᠦᠭᠦᠯᠦᠨ ᠳᠠᠷᠤᠮᠠᠯᠯᠠᠨ ᠲᠠᠷᠬᠠᠭ᠋ᠠᠵᠤ᠂ 5 ᠨᠡᠷᠡᠰ ᠲᠢᠩᠬᠢᠮ᠎ᠤᠨ ᠲᠠᠰ᠎ᠤᠨ ᠺᠠᠳ᠋ᠷ᠎ᠢ ᠳᠠᠭ᠋ᠠᠭ᠋ᠠᠨ ᠬᠣᠯᠪᠣᠭ᠋ᠠᠯᠠᠭᠤᠯᠬᠤᠪᠠᠷ ᠲᠣᠬᠢᠷᠠᠭᠤᠯᠤᠨ᠂ 5 ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠳᠤᠭᠤᠢ᠌ᠯᠠᠩ ᠪᠠ 12 ᠮᠡᠷᠭᠡᠵᠢᠯ᠎ᠤᠨ ᠳᠤᠭᠤᠢ᠌ᠯᠠᠩ᠎ᠢ ᠪᠠᠢ᠌ᠭᠤᠯᠵᠤ ᠠᠢ᠌ᠮᠠᠭ ᠬᠣᠲᠠ ᠬᠤᠪᠢᠶᠠᠨ ᠦᠢ᠍ᠯᠡᠴᠢᠯᠡᠨ ᠵᠢᠯᠤᠭᠣᠳᠴᠤ᠂ ᠡᠷᠳᠡᠨᠢ ᠰᠢᠰᠢ ᠵᠢᠨ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠢᠨᠵᠧᠨᠧᠷᠢᠩ᠎ᠤᠨ ᠲᠥᠷᠥᠯ ᠵᠦᠢ᠍ᠯ᠎ᠢ ᠪᠦᠬᠦᠨ᠎ᠢ ᠵᠢᠷᠤᠵᠤ ᠬᠠᠳᠠᠭ᠋ᠠᠯᠠᠨ ᠂ ᠭᠠᠷᠠᠭ᠎ᠲᠤ ᠲᠣᠬᠢᠷᠠᠭᠤᠯᠤᠨ᠂ ᠰᠠᠷ᠎ᠠ᠎ᠳᠤ ᠮᠡᠳᠡᠭᠳᠡᠬᠦ ᠵᠢ ᠬᠡᠷᠡᠭᠵᠢᠭᠦᠯᠵᠦ᠂ ᠡᠯ᠎ᠡ ᠱᠠᠲᠤᠨ᠎ᠤ᠎ᠬᠢᠨ ᠬᠡᠰᠡᠭ ᠬᠤᠪᠢᠶᠠᠨ 60 ᠭᠠᠷᠤᠢ ᠤᠳᠠᠭ᠎ᠠ ᠬᠢᠨᠠᠨ ᠵᠢᠯᠤᠭᠣᠳᠴᠤ ᠪᠠᠢ᠌ᠴᠠᠭ᠋ᠠᠪᠠ᠃
ᠨᠥᠭᠥᠭᠡ ᠲᠠᠯ᠎ᠠ᠎ᠪᠠᠷ᠂ ᠪᠢᠳᠡ ᠰᠠᠢ᠌ᠨ ᠲᠠᠷᠢᠶᠠᠨ ᠭᠠᠵᠠᠷ ᠰᠠᠢ᠌ᠨ ᠦᠷ᠎ᠡ ᠵᠢ ᠪᠣᠲᠠᠲᠠᠢ ᠠᠳᠬᠤᠨ ᠲᠠᠯᠠᠪᠠᠢ ᠨᠢᠭᠡᠴᠢ ᠵᠢᠨ ᠤᠨᠠᠯᠲᠠ ᠵᠢ ᠪᠠᠲᠤᠯᠠᠪᠠ ᠃ ᠨᠢᠭᠡ᠎ᠳᠤ 《 ᠰᠠᠢ᠌ᠨ ᠲᠠᠷᠢᠶᠠᠨ ᠭᠠᠵᠠᠷ 》᠎ᠢ 《 ᠠᠮᠤ ᠪᠤᠳᠠᠭ᠋ᠠᠨ᠎ᠤ ᠲᠠᠷᠢᠶ᠎ᠠ 》 ᠪᠣᠯᠭ᠋ᠠᠨ ᠬᠤᠪᠢᠷᠠᠭᠤᠯᠬᠤ ᠵᠢ ᠲᠦᠯᠬᠢᠨ ᠠᠬᠢᠭᠤᠯᠪᠠ᠃ 《ᠭᠤᠷᠪᠠ ᠵᠢ ᠡᠪᠳᠡᠵᠦ᠂ ᠲᠠᠪᠤ ᠵᠢ ᠨᠢᠭᠡᠳᠬᠡᠬᠦ》 ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠵᠠᠭᠪᠤᠷ ᠵᠶ᠋ᠠᠷ ᠳᠠᠮᠵᠢᠭᠤᠯᠤᠨ᠂ 《ᠵᠢᠵᠢᠭ ᠲᠠᠷᠢᠶᠠᠨ ᠭᠠᠵᠠᠷ》᠎ᠢ 《ᠶᠡᠬᠡ ᠲᠠᠷᠢᠶᠠᠨ ᠭᠠᠵᠠᠷ》 ᠪᠣᠯᠭ᠋ᠠᠨ ᠬᠤᠪᠢᠷᠠᠭᠤᠯᠵᠤ᠂ 245 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠰᠢᠨ᠎ᠡ᠎ᠪᠠᠷ ᠪᠠᠢ᠌ᠭᠤᠯᠵᠤ᠂ ᠨᠡᠶ᠋ᠢᠲᠡ 5234 ᠲᠦᠮᠡᠨ ᠮᠦ᠍ ᠪᠠᠢ᠌ᠭᠤᠯᠵᠤ ᠳᠠᠭᠤᠰᠬᠠᠭ᠋ᠠᠳ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ 500 ᠳ᠋ᠦᠩᠰᠢᠭᠤᠷ ᠵᠢᠩ᠎ᠠᠴᠠ ᠳᠡᠭᠡᠭᠰᠢ ᠲᠤᠯᠭ᠋ᠠᠭᠤᠷᠢᠯᠠᠭᠤᠯᠪᠠ᠃ ᠬᠣᠶᠠᠷ᠎ᠲᠤ 《 ᠰᠠᠢ᠌ᠨ ᠦᠷ᠎ᠡ》᠎ᠪᠠᠷ 《 ᠥᠨᠳᠥᠷ ᠤᠨᠠᠯᠲᠠ 》 ᠵᠢ ᠲᠤᠰᠠᠯᠠᠬᠤ ᠵᠢ ᠲᠦᠯᠬᠢᠨ ᠠᠬᠢᠭᠤᠯᠪᠠ᠃ 2700 ᠲᠦᠮᠡᠨ ᠲᠥᠭᠥᠷᠢᠭ ᠣᠷᠣᠭᠤᠯᠵᠤ᠂ ᠭᠣᠣᠯ ᠪᠣᠯᠬᠤ ᠠᠮᠤ ᠲᠣᠰᠣᠨ᠎ᠤ ᠲᠠᠷᠢᠮᠠᠯ᠎ᠤᠨ ᠦᠷ᠎ᠡ ᠪᠣᠢ᠌ᠵᠢᠭᠤᠯᠬᠤ ᠬᠠᠮᠲᠤᠷᠠᠭᠰᠠᠨ ᠪᠣᠭᠣᠮᠲᠠ ᠰᠢᠪᠲᠤᠯᠬᠤ ᠵᠢ ᠬᠡᠷᠡᠭᠵᠢᠭᠦᠯᠵᠦ᠂ 60 《ᠴᠢᠬᠢ ᠦᠵᠡᠵᠦ ᠦᠷ᠎ᠡ ᠰᠣᠩᠭᠣᠬᠤ》 ᠲᠠᠪᠴᠠᠩ᠎ᠢ ᠪᠠᠢ᠌ᠭᠤᠯᠵᠤ᠂ 9 ᠵᠦᠢ᠍ᠯ (ᠲᠥᠷᠥᠯ)᠎ᠤᠨ ᠠᠮᠤ ᠲᠣᠰᠣᠨ᠎ᠤ ᠲᠠᠷᠢᠮᠠᠯ᠎ᠤᠨ ᠰᠠᠢ᠌ᠨ ᠦᠷ᠎ᠡ ᠵᠢ 147 ᠰᠣᠩᠭᠣᠨ ᠭᠠᠷᠭ᠋ᠠᠵᠤ᠂ ᠪᠥᠬᠥ ᠣᠷᠣᠨ᠎ᠢ ᠳᠠᠢ᠌ᠴᠢᠯᠠᠨ ᠰᠠᠢ᠌ᠨ ᠦᠷ᠎ᠡ ᠵᠢᠨ ᠪᠦᠷᠬᠦᠴᠡ ᠵᠢᠨ ᠨᠣᠷᠮ᠎ᠠ ᠵᠢ 98% ᠠᠴᠠ ᠳᠡᠭᠡᠭᠰᠢ᠎ᠳᠤ ᠬᠦᠷᠦᠭᠦᠯᠪᠡ ᠃
ᠪᠠᠰᠠ ᠨᠢᠭᠡ ᠲᠠᠯ᠎ᠠ᠎ᠪᠠᠷ᠂ ᠪᠢᠳᠡ ᠮᠡᠷᠭᠡᠵᠢᠯ᠎ᠤᠨ ᠬᠤᠷᠠᠮᠠᠯ᠎ᠢ ᠠᠳᠬᠤᠨ ᠲᠠᠯᠠᠪᠠᠢ ᠨᠢᠭᠡᠴᠡ ᠵᠢᠨ ᠤᠨᠠᠯᠲᠠ ᠵᠢ ᠳᠡᠭᠡᠭᠰᠢᠯᠡᠭᠦᠯᠪᠡ ᠃ ᠡᠨᠡ ᠵᠢᠯ᠂ 11 ᠵᠦᠢ᠍ᠯ᠎ᠤᠨ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ 27 ᠨᠡᠢ᠌ᠲᠡᠯᠢᠭ ᠮᠡᠷᠭᠡᠵᠢᠯ᠎ᠤᠨ ᠵᠠᠭᠪᠤᠷ᠎ᠢ ᠰᠢᠯᠢᠳᠡᠭᠵᠢᠭᠦᠯᠦᠨ ᠬᠤᠷᠠᠮᠳᠤᠭᠤᠯᠵᠤ᠂ ᠡᠷᠳᠡᠨᠢ ᠰᠢᠰᠢ ᠵᠢ ᠨᠢᠭᠲᠠ ᠳᠠᠷᠢᠵᠤ ᠳᠤᠰᠤᠯᠭ᠋ᠠᠨ ᠤᠰᠤᠯᠠᠬᠤ᠂ ᠰᠢᠷ᠎ᠠ ᠪᠤᠷᠴᠠᠭ᠎ᠤᠨ ᠶᠡᠬᠡ ᠳᠠᠯᠠᠩ ᠥᠨᠳᠥᠷ ᠲᠠᠪᠴᠠᠩ᠂ ᠲᠥᠮᠥᠰᠥ ᠵᠢ ᠥᠨᠳᠥᠷ ᠳᠠᠯᠠᠩ ᠵᠶ᠋ᠠᠷ ᠳᠤᠰᠤᠯᠭ᠋ᠠᠨ ᠤᠰᠤᠯᠠᠬᠤ ᠵᠡᠷᠭᠡ ᠵᠠᠩᠭᠢᠯᠠᠭ᠎ᠠ ᠵᠢᠨ ᠮᠡᠷᠭᠡᠵᠢᠯ᠎ᠢ ᠭᠣᠣᠯᠳᠠᠯᠭ᠎ᠠ᠎ᠲᠠᠢ ᠵᠢᠱ᠌ᠢᠶ᠎ᠡ ᠦᠵᠡᠭᠦᠯᠦᠨ ᠳᠡᠯᠭᠡᠷᠡᠭᠦᠯᠵᠦ᠂ ᠪᠥᠬᠥ ᠣᠷᠣᠨ᠎ᠤ ᠭᠣᠣᠯ ᠳᠡᠯᠭᠡᠷᠡᠭᠦᠯᠬᠦ ᠮᠡᠷᠭᠡᠵᠢᠯ᠎ᠤᠨ ᠬᠡᠷᠡᠭᠯᠡᠭᠡᠨ᠎ᠤ ᠲᠠᠯᠠᠪᠠᠶ ᠵᠢ 4300 ᠲᠦᠮᠡᠨ ᠮᠦ᠍᠎ᠳᠤ ᠣᠢ᠌ᠷᠠᠲᠤᠭᠤᠯᠬᠤ ᠵᠢ ᠳᠠᠶ᠋ᠢᠴᠢᠯᠠᠪᠠ᠃ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠨᠥᠬᠥᠪᠦᠷᠢ᠎ᠳᠤ ᠨᠡᠶ᠋ᠢᠲᠡ 12.6 ᠲᠦᠮᠡᠨ ᠰᠠᠤᠷᠢ (ᠢᠵᠢ)᠎ᠳᠤ ᠨᠥᠬᠥᠪᠦᠷᠢ ᠥᠭᠴᠦ᠂ ᠡᠭᠦᠨ᠎ᠳᠤ ᠪᠸᠢ ᠳ᠋ᠸᠦ ᠨᠡᠷᠡᠮᠵᠢᠲᠦ ᠵᠠᠮᠴᠢᠯᠠᠭ᠎ᠠ ᠵᠢᠨ ᠬᠠᠪᠰᠤᠷᠤᠨ ᠵᠢᠯᠤᠭᠣᠳᠬᠤ ᠰᠢᠰᠲ᠋ᠧᠮ ᠪᠠ ᠳᠡᠭᠡᠳᠦ ᠴᠢᠳᠠᠪᠬᠢᠲᠤ ᠦᠷ᠎ᠡ ᠰᠠᠴᠤᠬᠤ ᠮᠠᠰᠢᠨ᠎ᠢ 2.35 ᠲᠦᠮᠡ ᠰᠢᠨ᠎ᠡ᠎ᠪᠠᠷ ᠨᠡᠮᠡᠭᠳᠡᠭᠦᠯᠵᠦ᠂ ᠪᠥᠬᠥ ᠣᠷᠣᠨ᠎ᠤ ᠪᠸᠢ ᠳ᠋ᠸᠦ ᠨᠡᠷᠡᠮᠵᠢᠲᠦ ᠵᠠᠮᠴᠢᠯᠠᠭ᠎ᠠ ᠵᠢᠨ ᠨᠠᠷᠢᠯᠢᠭ ᠲᠠᠷᠢᠯᠲᠠ ᠵᠢ 1500 ᠭᠠᠷᠤᠢ ᠲᠦᠮᠡᠨ ᠮᠦ᠍᠎ᠳᠤ ᠬᠦᠷᠦᠭᠦᠯᠵᠦ᠂ ᠥᠨᠳᠥᠷ ᠨᠢᠭᠲᠠᠴᠠ᠎ᠲᠠᠢ ᠪᠠᠢ᠌ᠳᠠᠯ ᠳᠣᠣᠷ᠎ᠠ ᠴᠢᠬᠢ ᠪᠦᠷᠢᠨ ᠪᠠᠢ᠌ᠬᠤ ᠵᠢ ᠪᠦᠲᠦᠮᠵᠢᠲᠡᠶ ᠪᠠᠲᠤᠯᠠᠪᠠ᠃ ᠣᠨᠴᠠᠭ᠋ᠠᠢ᠌ᠯᠠᠨ ᠳᠤᠷᠠᠳᠤᠭᠤᠰᠢᠲᠠᠢ ᠵᠦᠢ᠍ᠯ ᠭᠡᠪᠡᠯ᠂ ᠪᠢᠳᠡ ᠡᠨᠡ ᠵᠢᠯ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠶᠡᠬᠡ᠎ᠪᠠᠷ ᠳᠡᠯᠭᠡᠷᠡᠭᠦᠯᠵᠦ᠂ ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ 8 ᠵᠦᠢ᠍ᠯ᠎ᠢ ᠨᠡᠢ᠌ᠲᠡᠯᠡᠨ ᠬᠡᠷᠡᠭᠵᠢᠭᠦᠯᠵᠦ᠂ 4 ᠵᠦᠢ᠍ᠯ᠎ᠤᠨ ᠵᠠᠭᠪᠤᠷ 10 ᠶᠡᠬᠡ ᠨᠡᠢ᠌ᠲᠡᠯᠢᠭ ᠵᠢᠱ᠌ᠢᠶ᠎ᠡ ᠵᠢ ᠳᠡᠯᠭᠡᠷᠡᠭᠦᠯᠵᠦ᠂ ᠦᠢ᠍ᠯᠡᠴᠢᠯᠡᠭᠡᠨ᠎ᠤ ᠲᠠᠯᠠᠪᠠᠶ᠎ᠨᠢ 2400 ᠲᠦᠮᠡᠨ ᠮᠦ᠍ ᠵᠢ ᠳᠠᠪᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 14.3%᠎ᠪᠠᠷ ᠨᠡᠮᠡᠭᠳᠡᠨ᠂ ᠨᠡᠢ᠌ᠭᠡᠮᠴᠢᠯᠡᠭᠰᠡᠨ ᠦᠢ᠍ᠯᠡᠴᠢᠯᠡᠭᠡ᠎ᠪᠠᠷ ᠳᠠᠮᠵᠢᠭᠤᠯᠤᠨ ᠨᠡᠩ ᠣᠯᠠᠨ ᠲᠠᠯᠠᠪᠠᠢ ᠨᠢᠭᠡᠴᠡ ᠵᠢᠨ ᠤᠨᠠᠯᠲᠠ ᠵᠢ ᠨᠡᠮᠡᠭᠳᠡᠭᠦᠯᠬᠦ ᠮᠡᠷᠭᠡᠵᠢᠯ᠎ᠢ ᠲᠠᠷᠢᠶᠠᠨ ᠭᠠᠵᠠᠷ᠎ᠲᠤ ᠨᠠᠢ᠌ᠳᠠᠪᠤᠷᠢᠵᠢᠭᠤᠯᠵᠠᠢ᠃
ᠲᠠᠬᠢᠪᠠᠯ ᠂ ᠪᠢᠳᠡ ᠦᠯᠢᠭᠡᠷ ᠵᠢᠱ᠌ᠢᠶ᠎ᠡ ᠦᠵᠡᠭᠦᠯᠬᠦ ᠵᠢ ᠴᠢᠩᠭ᠎ᠠ ᠠᠳᠬᠤᠨ ᠥᠨᠳᠥᠷ ᠤᠨᠠᠯᠲᠠ ᠡᠭᠦᠳᠬᠦ ᠵᠢ ᠬᠥᠲᠥᠯᠥᠨ ᠵᠢᠯᠤᠭᠤᠳᠪᠠ᠃ 《ᠲᠣᠮᠣ ᠬᠦᠷᠢᠶᠡᠯᠡᠩ ᠲᠣᠭᠣᠷᠢᠭ》᠎ᠤᠨ ᠣᠨᠣᠯᠵᠢᠬᠤᠨ᠎ᠢ ᠨᠠᠢ᠌ᠳᠠᠪᠤᠷᠢᠵᠢᠭᠤᠯᠵᠤ᠂ ᠪᠣᠬᠢᠷᠲᠤᠯ ᠦᠭᠡᠢ ᠥᠨᠳᠥᠷ ᠤᠨᠠᠯᠲᠠ᠎ᠲᠠᠢ ᠥᠨᠳᠥᠷ ᠦᠷ᠎ᠡ ᠠᠰᠢᠭᠲᠠᠢ ᠵᠡᠷᠭᠡ ᠲᠥᠷᠥᠯ ᠵᠦᠢ᠍ᠯ᠎ᠤᠨ ᠪᠡᠯᠡ ᠮᠥᠩᠭᠥ ᠵᠢ 8 ᠳ᠋ᠦᠩᠰᠢᠭᠤᠷ ᠰᠢᠬᠠᠮ ᠲᠥᠭᠥᠷᠢᠭ ᠨᠢᠭᠡᠳᠦᠯᠲᠡᠢ ᠲᠥᠯᠥᠪᠯᠡᠨ᠂ 21 ᠡᠷᠳᠡᠨᠢ ᠰᠢᠰᠢ᠂ 13 ᠰᠢᠷ᠎ᠠ ᠪᠤᠷᠴᠠᠭ᠎ᠤᠨ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠪᠦᠬᠦᠯᠢ ᠪᠠᠢ᠌ᠭᠤᠯᠤᠮᠵᠢ ᠵᠢᠨ ᠳᠦᠷᠢᠮ ᠵᠶ᠋ᠡᠷ ᠠᠬᠢᠭᠤᠯᠬᠤ ᠰᠢᠶᠠᠨ᠎ᠢ ᠪᠦᠲᠦᠭᠡᠨ ᠪᠠᠢ᠌ᠭᠤᠯᠵᠤ᠂ 64 ᠬᠣᠰᠢᠭᠤ ᠰᠢᠶᠠᠨ᠎ᠤ 55 ᠲᠦᠮᠡᠨ ᠮᠦ᠍᠂ 486 ᠮᠢᠩᠭ᠋ᠠᠨ ᠮᠦ᠍᠂ 511 ᠵᠠᠭᠤᠨ ᠮᠦ᠍ ᠵᠢᠨ ᠭᠣᠣᠯ ᠵᠢᠱ᠌ᠢᠶ᠎ᠡ ᠦᠵᠡᠭᠦᠯᠬᠦ ᠣᠷᠣᠨ᠎ᠤ ᠪᠦᠲᠦᠭᠡᠨ ᠪᠠᠢ᠌ᠭᠤᠯᠤᠯᠲᠠ ᠵᠢ ᠳᠡᠮᠵᠢᠵᠦ᠂ 545 ᠲᠦᠮᠡᠨ ᠮᠦ᠍ ᠵᠢᠨ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠵᠢᠱ᠌ᠢᠶ᠎ᠡ ᠦᠵᠡᠭᠦᠯᠬᠦ ᠣᠷᠣᠨ᠎ᠢ ᠪᠦᠲᠦᠭᠡᠨ ᠪᠠᠢ᠌ᠭᠤᠯᠵᠤ ᠂ ᠨᠠᠮᠤᠷ᠎ᠤᠨ ᠠᠮᠤ ᠪᠤᠳᠠᠭ᠋ᠠᠨ᠎ᠤ 《ᠨᠢᠭᠡ ᠳᠤ ᠰᠦᠷᠴᠢᠵᠦ ᠣᠯᠠᠨ᠎ᠢ ᠠᠬᠢᠭᠤᠯᠬᠤ》 ᠡᠭᠦᠷᠭᠡ ᠵᠢ ᠳᠠᠪᠠᠭᠤᠯᠤᠨ ᠪᠡᠶᠡᠯᠡᠭᠦᠯᠪᠡ᠃ ᠪᠥᠬᠥ ᠣᠷᠣᠨ᠎ᠤ ᠡᠯ᠎ᠡ ᠱᠠᠲᠤᠨ᠎ᠤ᠎ᠬᠢᠨ ᠮᠡᠷᠭᠡᠵᠢᠯ᠎ᠤᠨ ᠪᠣᠯᠪᠠᠰᠤᠷᠠᠯ᠂ ᠲᠤᠬᠠᠢ ᠵᠢᠨ ᠲᠠᠯᠠᠪᠤᠷ᠎ᠤᠨ ᠬᠤᠷᠠᠯ᠎ᠢ 116 ᠤᠳᠠᠭ᠎ᠠ ᠬᠤᠷᠠᠯᠳᠤᠭᠤᠯᠵᠤ᠂ ᠰᠦᠯᠵᠢᠶᠡᠨ ᠳᠡᠭᠡᠷᠡᠬᠢ ᠪᠣᠯᠪᠠᠰᠤᠷᠠᠯ᠎ᠢ ᠵᠡᠷᠭᠡ᠎ᠪᠡᠷ ᠥᠷᠨᠢᠭᠦᠯᠵᠦ᠂ ᠨᠡᠶ᠋ᠢᠲᠡ 12 ᠲᠦᠮᠡ ᠭᠠᠷᠤᠢ ᠬᠥᠮᠥᠨ ᠤᠳᠠᠭ᠎ᠠ ᠪᠣᠯᠪᠠᠰᠤᠷᠠᠭᠤᠯᠵᠤ᠂ ᠥᠨᠳᠥᠷ ᠤᠨᠠᠯᠲᠠ ᠵᠢᠨ ᠮᠡᠷᠭᠡᠵᠢᠯ᠎ᠢ ᠥᠷᠭᠡᠨ ᠵᠶ᠋ᠡᠷ ᠳᠡᠯᠭᠡᠷᠡᠭᠦᠯᠦᠨ ᠬᠡᠷᠡᠭᠯᠡᠪᠡ᠃ ᠪᠢᠳᠡ ᠠᠮᠤ ᠳᠤᠰᠤᠨ᠎ᠤ ᠲᠠᠷᠢᠮᠠᠯ᠎ᠤᠨ ᠥᠨᠳᠥᠷ ᠤᠨᠠᠯᠲᠠ ᠵᠢᠨ ᠤᠷᠤᠯᠳᠤᠭ᠋ᠠᠨ᠎ᠢ ᠵᠣᠬᠢᠶᠠᠨ ᠪᠠᠢ᠌ᠭᠤᠯᠪᠠ ᠂ ᠡᠭᠦᠨ᠎ᠳᠤ ᠡᠷᠳᠡᠨᠢ ᠰᠢᠰᠢ ᠂ ᠰᠢᠷ᠎ᠠ ᠪᠤᠷᠴᠠᠭ ᠂ ᠪᠤᠭᠤᠳᠠᠢ ᠵᠡᠷᠭᠡ 7 ᠭᠣᠣᠯ ᠪᠣᠯᠬᠤ ᠠᠮᠤ ᠳᠤᠰᠤᠨ᠎ᠤ ᠲᠠᠷᠢᠮᠠᠯ ᠳᠠᠬᠢᠨᠲᠠ ᠥᠨᠳᠥᠷ ᠤᠨᠠᠯᠲᠠ ᠵᠢᠨ ᠲᠡᠮᠳᠡᠭᠯᠡᠯ᠎ᠢ ᠡᠭᠦᠳᠴᠦ ᠂ 3 ᠰᠢᠯᠢᠮᠳᠡᠭ᠎ᠤᠨ ᠥᠨᠳᠥᠷ ᠤᠨᠠᠯᠲᠠ᠎ᠲᠠᠢ ᠲᠠᠷᠢᠶᠠᠨ ᠭᠠᠵᠠᠷ᠎ᠨᠢ ᠤᠯᠤᠰ᠎ᠤᠨ ᠤᠮᠠᠷᠠᠲᠤ ᠵᠢᠨ ᠰᠢᠯᠢᠮᠳᠡᠭ᠎ᠤᠨ ᠥᠨᠳᠥᠷ ᠤᠨᠠᠯᠲᠠ ᠵᠢᠨ ᠨᠡᠢ᠌ᠲᠡᠯᠢᠭ ᠵᠢᠱ᠌ᠢᠶ᠎ᠡ᠎ᠳᠤ ᠰᠤᠩᠭᠤᠭᠳᠠᠨ ᠣᠷᠣᠪᠠ᠃
ᠦᠢ᠍ᠯᠡᠳᠦᠯᠭᠡ ᠰᠡᠳᠬᠦᠯ᠎ᠤᠨ ᠬᠣᠷᠢᠶ᠎ᠠ ᠵᠢᠨ ᠰᠤᠷᠪᠤᠯᠵᠢᠯᠠᠭᠴᠢ᠄ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠨᠢ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠂ ᠳᠤᠮᠳᠠᠳᠤ ᠤᠯᠤᠰ᠎ᠤᠨ ᠪᠤᠳᠠᠭ᠋ᠠᠨ ᠠᠶᠠᠭ᠎ᠠ ᠵᠢ ᠪᠡᠬᠢᠵᠢᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠂ ᠲᠡᠭᠡᠪᠡᠯ ᠡᠨᠡ ᠵᠢᠯ ᠮᠠᠨ᠎ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠠᠯ᠎ᠠ᠎ᠪᠠᠷ ᠶᠠᠮᠠᠷ ᠶᠠᠮᠠᠷ ᠦᠷ᠎ᠡ ᠪᠦᠲᠦᠮᠵᠢ ᠣᠯᠵᠤ᠂ ᠶᠠᠮᠠᠷ ᠶᠠᠮᠠᠷ ᠠᠵᠢᠯ ᠬᠢᠭᠰᠡᠨ ᠪᠣᠶ?
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠯᠢᠨ ᠯᠢ ᠯᠦᠩ᠄ ᠥᠪᠥᠷ ᠮᠣᠩᠭᠣᠯ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠢᠮᠠᠭᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠵᠢᠨ ᠰᠠᠭᠤᠷᠢ ᠢᠨᠵᠧᠨᠧᠷᠢᠩ ᠪᠣᠯᠭ᠋ᠠᠭᠰᠠᠭ᠋ᠠᠷ ᠢᠷᠡᠵᠡᠶ᠃ ᠪᠥᠬᠥ ᠣᠷᠣᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠨᠡᠶ᠋ᠢᠲᠡ 5237 ᠲᠦᠮᠡᠨ ᠮᠦ᠍ ᠪᠠᠢ᠌ᠭᠤᠯᠵᠤ᠂ ᠪᠥᠬᠥ ᠣᠷᠣᠨ᠎ᠤ 2/3᠎ᠠᠴᠠ ᠳᠡᠭᠡᠭᠰᠢᠬᠢ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠲᠤᠯᠭ᠋ᠠᠭᠤᠷᠢᠯᠠᠭᠰᠠᠨ ᠪᠠᠢ᠌ᠨ᠎ᠠ᠃ ᠶᠡᠷᠦᠩᠬᠡᠢ ᠱᠦᠵᠢ ᠵᠢᠨ ᠵᠡᠭᠦᠨ ᠬᠣᠢ᠌ᠲᠤ ᠵᠢᠨ ᠲᠦᠷᠪᠡᠨ ᠮᠤᠵᠢ᠎ᠳᠤ ᠳᠤᠷᠠᠳᠤᠭᠰᠠᠨ 《 ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠤᠷᠢᠳᠠᠪᠠᠷ ᠪᠦᠲᠦᠭᠡᠨ ᠪᠠᠶ᠋ᠢᠭᠤᠯᠬᠤ 》 ᠴᠢᠬᠤᠯᠠ ᠱᠠᠭ᠋ᠠᠷᠳᠠᠯᠭ᠎ᠠ ᠵᠢ ᠪᠢᠳᠡ ᠭᠣᠣᠯᠳᠠᠭᠤ ᠭᠤᠷᠪᠠᠨ 《 ᠤᠷᠢᠳᠠᠪᠠᠷ》 ᠭᠡᠬᠦ ᠦᠰᠦᠭ᠎ᠤᠨ ᠲᠠᠯ᠎ᠠ᠎ᠠᠴᠠ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠪᠠ ᠃
ᠨᠢᠭᠡᠳᠦᠭᠡᠷ᠎ᠲᠤ ᠂ ᠪᠡᠶᠡᠯᠡᠭᠦᠯᠬᠦ ᠴᠠᠭ᠎ᠤᠨ ᠲᠠᠯ᠎ᠠ᠎ᠪᠠᠷ 《 ᠤᠷᠢᠳᠠᠪᠠᠷ 》 ᠬᠢᠪᠡ᠃ ᠡᠨᠡ ᠵᠢᠯ ᠮᠠᠨ᠎ᠤ ᠣᠷᠣᠨ ᠲᠡᠮᠡᠴᠡᠨ ᠣᠯᠬᠤ ᠡᠭᠦᠷᠭᠡ ᠵᠢᠨ ᠲᠠᠯ᠎ᠠ᠎ᠪᠠᠷ 《ᠭᠤᠷᠪᠠᠨ ᠨᠢᠭᠡᠳᠦᠭᠡᠷ》᠎ᠢ ᠣᠯᠵᠤ᠂ 395 ᠲᠦᠮᠡᠨ ᠮᠦ᠍ ᠵᠢᠯ᠎ᠤᠨ ᠡᠭᠦᠷᠭᠡ ᠵᠢ ᠲᠡᠮᠡᠴᠡᠨ ᠣᠯᠵᠤ᠂ ᠪᠥᠬᠥ ᠤᠯᠤᠰ᠎ᠤᠨ ᠶᠡᠷᠦᠩᠬᠡᠢ ᠡᠭᠦᠷᠭᠡ ᠵᠢᠨ ᠨᠡᠮᠡᠭᠳᠡᠯ᠎ᠤᠨ ᠬᠡᠮᠵᠢᠶ᠎ᠡ᠎ᠪᠠᠷ ᠡᠯ᠎ᠡ ᠮᠤᠵᠢ ᠵᠢᠨ ᠨᠢᠭᠡᠳᠦᠭᠡᠷ᠎ᠲᠤ ᠣᠷᠣᠪᠠ; ᠪᠠᠶᠠᠨᠨᠠᠭᠤᠷ ᠬᠤᠳᠠ ᠵᠢᠨ ᠪᠣᠷᠣᠳᠣᠬᠣᠢ ᠵᠢᠨ ᠤᠰᠤᠯᠠᠯᠲᠠ ᠵᠢᠨ ᠣᠷᠣᠨ ᠪᠣᠯᠣᠨ ᠬᠢᠩᠭ᠋ᠠᠨ ᠠᠢ᠌ᠮᠠᠭ᠎ᠤᠨ ᠵᠠᠯᠠᠢ᠌ᠳ ᠬᠣᠰᠢᠭᠤ ᠤᠯᠤᠰ᠎ᠤᠨ ᠠᠩᠬᠠᠳᠠᠭᠴᠢ ᠪᠦᠯᠦᠭ ᠪᠦᠬᠦ ᠣᠷᠣᠨ ᠪᠦᠰᠡ᠎ᠪᠠᠷ ᠠᠬᠢᠭᠤᠯᠬᠤ ᠲᠤᠷᠰᠢᠯᠲᠠ ᠵᠢᠨ ᠴᠢᠭ᠋᠎ᠤᠨ ᠠᠵᠢᠯ᠎ᠳᠤ ᠠᠮᠵᠢᠯᠲᠠ᠎ᠲᠠᠢ ᠰᠣᠩᠭᠣᠭᠳᠠᠵᠤ ᠂ ᠭᠠᠭᠴᠠ ᠮᠤᠵᠢ ᠵᠢᠨ ᠲᠤᠷᠰᠢᠯᠲᠠ ᠵᠢᠨ ᠴᠢᠭ᠋᠎ᠤᠨ ᠲᠣᠭ᠎ᠠ ᠨᠢ ᠪᠦᠬᠦ ᠤᠯᠤᠰ᠎ᠲᠤ ᠲᠡᠷᠢᠭᠦᠯᠡᠪᠡ ; 2024 ᠣᠨ᠎ᠤ 710 ᠲᠦᠮᠡᠨ ᠮᠦ᠍ ᠵᠢᠨ ᠤᠯᠤᠰ᠎ᠤᠨ ᠵᠢᠭᠡᠯᠡᠯᠭᠡ ᠵᠢᠨ ᠲᠥᠷᠥᠯ ᠵᠦᠢ᠍ᠯ᠎ᠢ ᠠᠮᠵᠢᠯᠲᠠ᠎ᠲᠠᠢ ᠲᠡᠮᠡᠴᠡᠨ ᠣᠯᠵᠤ᠂ ᠣᠨ᠎ᠤ ᠡᠭᠦᠷᠭᠡ ᠵᠢᠨ ᠬᠡᠮᠵᠢᠶ᠎ᠡ ᠪᠠ ᠪᠡᠯᠡ ᠮᠥᠩᠭᠥ ᠵᠢᠨ ᠲᠣᠭ᠎ᠠ ᠲᠡᠦᠬᠡᠨ᠎ᠳᠤ ᠨᠢᠭᠡᠳᠦᠭᠡᠷ᠎ᠲᠤ ᠣᠷᠣᠪᠠ᠃
ᠬᠣᠶᠠᠳᠤᠭ᠋ᠠᠷ᠎ᠲᠤ᠂ ᠪᠦᠲᠦᠭᠡᠨ ᠪᠠᠢ᠌ᠭᠤᠯᠤᠯᠲᠠ ᠵᠢᠨ ᠬᠢᠷᠢ ᠲᠦᠪᠰᠢᠨ᠎ᠤ ᠲᠠᠯ᠎ᠠ᠎ᠪᠠᠷ 《 ᠤᠷᠢᠳᠠᠪᠡᠷ 》 ᠲᠦᠷᠦᠭᠦᠯᠡᠪᠡ ᠃ ᠪᠥᠬᠥ ᠤᠯᠤᠰ᠎ᠤᠨ 《ᠲᠣᠮᠣ ᠲᠠᠷᠢᠶᠠᠨ ᠭᠠᠵᠠᠷ》᠎ᠤᠨ ᠵᠢᠱ᠌ᠢᠶ᠎ᠡ ᠦᠵᠡᠭᠦᠯᠬᠦ ᠥᠯᠢᠭᠡᠷ ᠳᠠᠭᠤᠷᠢᠶᠠᠯ᠎ᠢ ᠪᠥᠬᠥ ᠬᠦᠴᠦᠨ ᠵᠶ᠋ᠡᠷ ᠵᠶ᠋ᠡᠨ ᠪᠦᠲᠦᠭᠡᠨ ᠪᠠᠢ᠌ᠭᠤᠯᠪᠠ ᠃ ᠨᠢᠭᠡ᠎ᠳᠤ 《 ᠶᠡᠬᠡ ᠰᠠᠭᠤᠷᠢ ᠵᠢᠷᠤᠭ》᠎ᠢ ᠪᠠᠢ᠌ᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠨᠢᠭᠡ ᠵᠢᠷᠤᠭ᠎ᠢ ᠪᠣᠶ ᠪᠣᠯᠭ᠋ᠠᠵᠤ᠂ ᠨᠠᠷᠢᠯᠢᠭ ᠣᠨᠣᠴᠠᠲᠠᠢ᠎ᠪᠠᠷ ᠬᠠᠮᠢᠶᠠᠷᠤᠨ ᠡᠵᠡᠮᠳᠡᠬᠦ ᠵᠢ ᠪᠡᠶᠡᠯᠡᠭᠦᠯᠪᠡ᠃ ᠬᠣᠶᠠᠷ᠎ᠲᠤ 《 ᠶᠡᠬᠡ ᠵᠠᠯᠭ᠋ᠠᠯᠳᠤᠭᠰᠠᠨ ᠣᠷᠣᠨ 》᠎ᠢ ᠬᠥᠭᠵᠢᠭᠦᠯᠵᠦ ᠂ 《 ᠭᠤᠷᠪᠠ ᠵᠢ ᠡᠪᠳᠡᠬᠦ ᠂ ᠲᠠᠪᠤ ᠵᠢ ᠨᠢᠭᠡᠳᠬᠡᠬᠦ ᠂ ᠨᠢᠭᠡ ᠵᠢ ᠰᠢᠨ᠎ᠡ᠎ᠪᠠᠷ ᠪᠠᠶ᠋ᠢᠭᠤᠯᠬᠤ 》᠎ᠪᠠᠷ ᠳᠠᠮᠵᠢᠭᠤᠯᠤᠨ ᠭᠠᠵᠠᠷ ᠰᠢᠷᠣᠢ ᠵᠢᠨ ᠬᠡᠰᠡᠭᠴᠢᠯᠡᠭᠰᠡᠨ ᠠᠰᠠᠭᠤᠳᠠᠯ᠎ᠢ ᠰᠢᠢ᠍ᠳᠪᠦᠷᠢᠯᠡᠪᠡ᠃ ᠭᠤᠷᠪᠠ᠎ᠳᠤ 《ᠤᠰᠤ ᠶᠡᠬᠡᠪᠡᠷ ᠠᠷᠪᠢᠯᠠᠬᠤ》 ᠵᠢ ᠬᠡᠷᠡᠭᠵᠢᠭᠦᠯᠵᠦ᠂ ᠪᠥᠬᠥ ᠣᠷᠣᠨ᠎ᠳᠤ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠲᠠᠯᠠᠪᠠᠶ ᠵᠢ 3400 ᠲᠦᠮᠡᠨ ᠮᠦ᠍ ᠪᠠᠢ᠌ᠭᠤᠯᠪᠠ ᠃ ᠳᠥᠷᠪᠡ᠎ᠳᠤ 《 ᠶᠡᠬᠡ ᠬᠠᠮᠠᠭ᠋ᠠᠯᠠᠯᠲᠠ 》 ᠵᠢ ᠪᠡᠶᠡᠯᠡᠭᠦᠯᠵᠦ ᠂ ᠬᠠᠷ᠎ᠠ ᠬᠦᠷᠦᠰᠦᠲᠤ ᠭᠠᠵᠠᠷ᠎ᠢ ᠬᠠᠮᠠᠭ᠋ᠠᠯᠠᠬᠤ ᠂ ᠬᠤᠵᠢᠷᠯᠢᠭ ᠭᠠᠵᠠᠷ᠎ᠢ ᠠᠰᠢᠭᠯᠠᠬᠤ ᠂ ᠡᠯᠡᠰᠦᠵᠢᠭᠰᠡᠨ ᠲᠠᠷᠢᠶᠠᠨ ᠭᠠᠵᠠᠷ᠎ᠢ ᠵᠠᠰᠠᠬᠤ᠎ᠲᠠᠢ ᠵᠣᠬᠢᠴᠠᠯᠳᠤᠭᠤᠯᠤᠨ ᠲᠦᠯᠬᠢᠨ ᠠᠬᠢᠭᠤᠯᠪᠠ᠃ ᠲᠠᠪᠤ᠎ᠳᠤ 《 ᠶᠡᠬᠡ ᠲᠤᠷᠰᠢᠯᠲᠠ ᠵᠢᠨ ᠴᠢᠭ᠋》᠎ᠢ ᠪᠣᠢ᠌ᠵᠢᠭᠤᠯᠵᠤ ᠂ ᠤᠯᠤᠰ᠎ᠠᠴᠠ ᠡᠨᠡ ᠵᠢᠯ᠎ᠠᠴᠠ ᠡᠬᠢᠯᠡᠭᠰᠡᠨ ᠲᠠᠪᠤᠨ ᠲᠦᠷᠦᠯ᠎ᠤᠨ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠤᠷᠰᠢᠯᠲᠠ ᠵᠢᠨ ᠴᠢᠭ᠋᠎ᠢ ᠪᠦᠬᠦᠨ᠎ᠢ ᠥᠪᠥᠷ ᠮᠣᠩᠭᠣᠯ᠎ᠳᠤ ᠨᠠᠢ᠌ᠳᠠᠪᠤᠷᠢᠵᠢᠭᠤᠯᠵᠤ ᠂ ᠤᠯᠠᠭ᠋ᠠᠨᠴᠠᠪ᠎ᠲᠤ ᠪᠦᠬᠦ ᠤᠯᠤᠰ᠎ᠤᠨ ᠠᠩᠬᠠᠳᠠᠭᠴᠢ ᠬᠠᠭᠤᠷᠠᠢ ᠲᠠᠷᠢᠶᠠᠯᠠᠭ᠎ᠠ ᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠳᠥᠷᠪᠡᠳᠦᠭᠡᠷ ᠳᠡᠰ᠎ᠤᠨ ᠬᠠᠮᠲᠤ᠎ᠪᠠᠷ ᠪᠦᠲᠦᠭᠡᠨ ᠪᠠᠶ᠋ᠢᠭᠤᠯᠬᠤ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠠᠵᠢᠯ᠎ᠢ ᠡᠬᠢᠯᠡᠭᠦᠯᠵᠡᠢ ᠃
ᠭᠤᠷᠪᠠᠳᠤᠭ᠋ᠠᠷ᠎ᠲᠤ ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢᠨ ᠲᠠᠯ᠎ᠠ᠎ᠪᠠᠷ 《 ᠤᠷᠢᠳᠠᠪᠡᠷ》 ᠪᠣᠳᠤᠯᠬᠢᠯᠠᠪᠠ᠃ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢᠨ ᠲᠠᠯ᠎ᠠ᠎ᠪᠠᠷ᠂ ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ ᠪᠠᠢ᠌ᠬᠤ ᠵᠢ ᠡᠷᠡᠰ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠭᠣᠣᠯ ᠤᠳᠤᠷᠢᠳᠤᠯᠭ᠎ᠠ ᠪᠡᠶ᠎ᠡ᠎ᠪᠠᠷ ᠵᠶ᠋ᠡᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠪᠡᠯᠡ ᠮᠥᠩᠭᠥ ᠥᠭᠬᠦ᠂ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠡᠷᠭᠡ ᠭᠣᠣᠯᠳᠠᠯᠭ᠎ᠠ᠎ᠲᠠᠢ ᠠᠵᠢᠯ᠎ᠢ ᠮᠥᠷᠳᠡᠨ ᠪᠠᠢ᠌ᠴᠠᠭ᠋ᠠᠵᠤ ᠰᠢᠢ᠍ᠳᠪᠦᠷᠢᠯᠡᠪᠡ ᠃ ᠪᠡᠯᠡ ᠮᠥᠩᠭᠥ ᠵᠢᠨ ᠪᠠᠲᠤᠯᠠᠭ᠎ᠠ ᠵᠢᠨ ᠲᠠᠯ᠎ᠠ᠎ᠪᠠᠷ᠂ ᠬᠣᠲᠠ ᠰᠢᠶᠠᠨ᠎ᠤ ᠢᠵᠢ ᠪᠦᠷᠢᠳᠦᠭᠦᠯᠬᠦ ᠵᠢ ᠬᠦᠴᠦᠨ ᠦᠭᠡᠢ ᠪᠣᠯᠭ᠋ᠠᠵᠤ᠂ ᠪᠡᠯᠡ ᠮᠥᠩᠭᠥ ᠵᠢ ᠲᠤᠰᠬᠠᠢ ᠲᠠᠩᠰᠠᠨ ᠡᠷᠦᠬᠡ᠎ᠪᠠᠷ ᠬᠠᠮᠢᠶᠠᠷᠬᠤ ᠪᠠ ᠣᠷᠣᠨ ᠬᠤᠪᠢᠶᠠᠨ ᠲᠥᠷᠥᠯ ᠬᠤᠪᠢᠶᠠᠵᠤ ᠵᠦᠷᠢᠶᠡᠵᠢᠬᠦᠯᠦᠨ ᠨᠥᠬᠥᠪᠦᠷᠢ ᠥᠭᠬᠦ ᠵᠢ ᠬᠡᠷᠡᠭᠵᠢᠭᠦᠯᠵᠦ᠂ 2000 ᠲᠦᠮᠡᠨ ᠲᠥᠭᠥᠷᠢᠭ ᠲᠣᠬᠢᠷᠠᠭᠤᠯᠤᠨ 10 ᠰᠢᠶᠠᠨ ᠪᠠ 100 ᠲᠣᠰᠬᠣᠨ᠎ᠢ ᠱᠠᠩᠨᠠᠪᠠ ᠃ ᠳᠦᠷᠢᠮ᠎ᠤᠨ ᠪᠠᠲᠤᠯᠠᠭ᠎ᠠ ᠵᠢᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ 《ᠲᠠᠷᠢᠶᠠᠨ ᠭᠠᠵᠠᠷ᠎ᠤᠨ ᠠᠷᠪᠠᠨ ᠨᠢᠭᠡᠨ ᠵᠤᠷᠪᠤᠰ》 ᠵᠡᠷᠭᠡ 26 ᠵᠦᠢ᠍ᠯ᠎ᠤᠨ ᠳᠦᠷᠢᠮ ᠪᠠ 2 ᠵᠦᠢ᠍ᠯ᠎ᠤᠨ ᠲᠥᠯᠦᠪᠵᠢᠭᠦᠯᠭᠡ ᠵᠢ ᠨᠡᠢ᠌ᠲᠡᠯᠡᠪᠡ᠃ ᠪᠡᠶᠡᠴᠢ ᠴᠣᠭᠴᠠ ᠵᠢᠨ ᠪᠠᠲᠤᠯᠠᠭ᠎ᠠ ᠵᠢᠨ ᠲᠠᠯ᠎ᠠ᠎ᠪᠠᠷ ᠂ 1.2 ᠳ᠋ᠦᠩᠰᠢᠭᠤᠷ ᠲᠥᠭᠥᠷᠢᠭ᠎ᠤᠨ ᠨᠡᠢ᠌ᠭᠡᠮ᠎ᠤᠨ ᠬᠥᠷᠥᠩᠭᠡ ᠵᠢ ᠰᠢᠩᠭᠡᠬᠡᠨ ᠠᠪᠴᠤ ᠂ ᠲᠠᠷᠢᠶᠠᠴᠢᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠪᠦᠬᠦ ᠶᠠᠪᠤᠴᠠ᠎ᠳᠤ ᠣᠷᠣᠯᠴᠠᠭᠤᠯᠪᠠ ᠃ ᠡᠩᠨᠡᠭᠡᠨ᠎ᠤ ᠪᠠᠲᠤᠯᠠᠭ᠎ᠠ ᠵᠢᠨ ᠲᠠᠯ᠎ᠠ᠎ᠪᠠᠷ ᠂ ᠬᠠᠷ᠎ᠠ ᠬᠦᠷᠦᠰᠦᠲᠤ ᠭᠠᠵᠠᠷ᠂ ᠬᠤᠵᠢᠷᠯᠢᠭ ᠭᠠᠵᠠᠷ ᠂ ᠬᠠᠭᠤᠷᠠᠢ ᠭᠠᠵᠠᠷ ᠵᠡᠷᠭᠡ ᠭᠤᠷᠪᠠᠨ ᠶᠡᠬᠡ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠎ᠢ ᠪᠠᠢ᠌ᠭᠤᠯᠪᠠ ᠃ ᠬᠡᠪ ᠵᠠᠭᠪᠤᠷ᠎ᠤᠨ ᠰᠢᠨ᠎ᠡ ᠵᠢ ᠡᠭᠦᠳᠬᠦ ᠲᠠᠯ᠎ᠠ᠎ᠪᠠᠷ᠂ 14 ᠵᠦᠢ᠍ᠯ᠎ᠤᠨ ᠨᠡᠢ᠌ᠲᠡᠯᠢᠭ ᠬᠡᠪ ᠵᠠᠭᠪᠤᠷ᠎ᠢ ᠲᠥᠪ᠎ᠤᠨ ᠤᠯᠤᠰ ᠲᠥᠷᠥ ᠵᠢᠨ ᠰᠤᠳᠤᠯᠭ᠋ᠠᠨ᠎ᠤ ᠲᠠᠰᠤᠭ᠎ᠤᠨ 《ᠰᠤᠷᠤᠯᠴᠠᠯᠭ᠎ᠠ ᠪᠠ ᠰᠤᠳᠤᠯᠭ᠋ᠠᠨ》᠎ᠳᠤ ᠨᠡᠢ᠌ᠲᠡᠯᠡᠵᠦ᠂ ᠪᠥᠬᠥ ᠤᠯᠤᠰ᠎ᠤᠨ ᠨᠡᠢ᠌ᠲᠡᠯᠢᠭ ᠵᠢᠱ᠌ᠢᠶ᠎ᠡ ᠪᠣᠯᠤᠭᠰᠠᠨ ᠪᠠᠢ᠌ᠨ᠎ᠠ᠃
ᠣᠳᠣᠬᠠᠨ᠎ᠳᠤ᠂ ᠮᠠᠨ᠎ᠤ ᠣᠷᠣᠨ ᠶᠠᠭ 《ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠪᠦᠬᠦᠨ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭ᠋ᠠᠨ ᠪᠦᠲᠦᠭᠡᠨ ᠪᠠᠶ᠋ᠢᠭᠤᠯᠬᠤ ᠵᠢᠨ ᠲᠡᠷᠢᠭᠦᠨ᠎ᠤ ᠠᠵᠢᠯᠯᠠᠭ᠎ᠠ ᠵᠢᠨ ᠲᠥᠰᠥᠯ》᠎ᠢ ᠨᠠᠢ᠌ᠷᠠᠭᠤᠯᠤᠨ ᠵᠣᠬᠢᠶᠠᠵᠤ ᠪᠣᠢ ᠂ ᠪᠥᠬᠥ ᠤᠯᠤᠰ᠎ᠲᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠲᠣᠭᠲᠠᠭ᠋ᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠠᠷᠠᠯᠲᠠ ᠵᠢ ᠤᠷᠢᠳᠠᠪᠠᠷ ᠪᠡᠶᠡᠯᠡᠭᠦᠯᠬᠦ ᠪᠣᠯᠣᠨ᠎ᠠ᠃
ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄ ᠮᠠᠨ᠎ᠤ ᠣᠷᠣᠨ ᠪᠣᠯ ᠲᠠᠷᠢᠶᠠᠯᠠᠩ ᠮᠠᠯ ᠠᠵᠤ ᠠᠬᠤᠢ ᠵᠢᠨ ᠲᠣᠮᠣ ᠣᠷᠣᠨ ᠪᠠᠢ᠌ᠵᠤ᠂ ᠰᠦ ᠵᠢᠨ ᠦᠢ᠍ᠯᠡᠰ᠂ ᠠᠯᠠᠰᠢᠨ ᠦᠬᠡᠷ᠂ ᠠᠯᠠᠰᠢᠨ ᠬᠣᠨᠢ᠂ ᠢᠮᠠᠭ᠋ᠠᠨ ᠨᠤᠤᠯᠤᠭᠤᠷ᠎ᠤᠨ ᠭᠠᠷᠤᠯᠲᠠ ᠴᠥᠮ ᠪᠥᠬᠥ ᠤᠯᠤᠰ᠎ᠲᠤ ᠲᠡᠷᠢᠭᠦᠯᠡᠵᠦ ᠪᠠᠢ᠌ᠨ᠎ᠠ᠂ ᠭᠡᠪᠡᠴᠦ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠪᠣᠯᠪᠠᠰᠤᠷᠠᠭᠤᠯᠬᠤ ᠬᠢᠷᠢ ᠲᠦᠪᠰᠢᠨ ᠨᠡᠯᠢᠶᠡᠳ ᠬᠥᠭᠵᠢᠭᠰᠡᠨ ᠮᠤᠵᠢ ᠬᠣᠲᠠ ᠲᠠᠢ ᠪᠠᠰᠠ ᠨᠡᠯᠢᠶᠡᠳ ᠶᠡᠬᠡ ᠵᠥᠷᠢᠶ᠎ᠡ᠎ᠲᠠᠢ ᠪᠠᠢ᠌ᠨ᠎ᠠ᠂ ᠲᠡᠭᠡᠪᠡᠯ ᠮᠠᠨ᠎ᠤ ᠣᠷᠣᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠪᠣᠯᠪᠠᠰᠤᠷᠠᠭᠤᠯᠬᠤ ᠲᠠᠯ᠎ᠠ᠎ᠪᠠᠷ ᠶᠠᠮᠠᠷ ᠶᠠᠮᠠᠷ ᠠᠵᠢᠯ ᠬᠢᠭᠰᠡᠨ
ᠪᠣᠶ?
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠬᠥᠳᠡᠭᠡ ᠲᠣᠰᠬᠣᠨ᠎ᠤ ᠠᠵᠤ ᠦᠢ᠍ᠯᠡᠰ ᠢ ᠬᠦᠭᠵᠢᠭᠦᠯᠬᠦ ᠭᠠᠵᠠᠷ᠎ᠤᠨ ᠳᠡᠳ᠋ ᠳᠠᠷᠤᠭ᠎ᠠ ᠸᠠᠩ ᠱᠤᠸᠠᠢ᠄ ᠡᠨᠡ ᠵᠢᠯ᠎ᠠᠴᠠ ᠨᠠᠭ᠋ᠠᠰᠢ᠂ ᠪᠢᠳᠡ ᠠᠵᠤ ᠦᠢ᠍ᠯᠡᠳᠪᠦᠷᠢᠵᠢᠯᠲᠡ ᠪᠣᠯᠣᠨ ᠪᠦᠬᠦ ᠬᠡᠯᠬᠢᠶ᠎ᠡ ᠵᠢᠨ ᠰᠡᠳᠬᠢᠬᠦᠢ ᠵᠢ ᠪᠠᠷᠢᠮᠲᠠᠯᠠᠵᠤ ᠂ ᠪᠦᠲᠦᠴᠡ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠵᠦ ᠂ ᠠᠵᠤ ᠦᠢ᠍ᠯᠡᠰ᠎ᠤᠨ ᠳᠠᠪᠠᠭᠤᠯᠢᠭ᠎ᠢ ᠥᠷᠭᠡᠳᠬᠡᠵᠦ ᠂ ᠬᠢᠨᠠᠨ ᠰᠢᠯᠭ᠋ᠠᠵᠤ ᠠᠬᠢᠭᠤᠯᠬᠤ ᠵᠢ ᠴᠢᠩᠭ᠋ᠠᠳᠬᠠᠵᠤ ᠂ ᠳᠤᠲᠠᠭᠤᠳᠠᠯ ᠪᠠᠭᠤᠷᠠᠢ ᠲᠠᠯ᠎ᠠ᠎ᠪᠠᠨ ᠨᠥᠬᠥᠪᠦᠷᠢᠯᠡᠵᠦ ᠂ ᠮᠠᠨ᠎ᠤ ᠣᠷᠣᠨ᠎ᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠪᠣᠯᠪᠠᠰᠤᠷᠠᠭᠤᠯᠤᠨ ᠬᠥᠭᠵᠢᠭᠦᠯᠬᠦ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠵᠤ ᠂ ᠲᠦᠷᠭᠡᠨ ᠳᠠᠪᠰᠢᠯᠲᠠ᠎ᠲᠠᠢ ᠪᠣᠯᠵᠠᠢ ᠃ ᠵᠢᠱ᠌ᠢᠯᠲᠡ᠎ᠪᠠᠷ 2023 ᠣᠨ᠎ᠤ ᠰᠡᠭᠦᠯᠴᠢ ᠪᠣᠯᠬᠤ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ 4500 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 6%᠎ᠪᠠᠷ ᠨᠡᠮᠡᠭᠳᠡᠪᠡ ; ᠭᠣᠣᠯ ᠪᠣᠯᠬᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠤᠨ ᠬᠤᠪᠢᠷᠠᠭᠤᠯᠬᠤ ᠨᠣᠷᠮ᠎ᠠ 70%᠎ᠠᠴᠠ ᠳᠡᠭᠡᠭᠰᠢ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 2% ᠣᠷᠴᠢᠮ ᠨᠡᠮᠡᠭᠳᠡᠪᠡ ᠃ ᠪᠥᠬᠥ ᠣᠷᠣᠨ᠎ᠤ ᠳᠠᠭ᠋ᠠᠭᠤᠯᠤᠭᠴᠢ ᠠᠵᠤ ᠠᠬᠤᠢ᠌ᠯᠠᠯ᠎ᠨᠢ 307 ᠲᠦᠮᠡᠨ ᠮᠠᠯᠵᠢᠬᠤ ᠲᠠᠷᠢᠶᠠᠯᠠᠬᠤ ᠡᠷᠦᠬᠡ ᠵᠢ ᠳᠠᠶ᠋ᠢᠴᠢᠯᠠᠨ ᠳᠠᠭ᠋ᠠᠭᠤᠯᠵᠤ᠂ 80%᠎ᠠᠴᠠ ᠳᠡᠭᠡᠭᠰᠢᠬᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠠᠵᠤ ᠠᠬᠤᠢ᠌ᠯᠠᠯ ᠪᠠ ᠬᠣᠷᠰᠢᠶ᠎ᠠ᠎ᠨᠢ ᠮᠠᠯᠵᠢᠬᠤ ᠲᠠᠷᠢᠶᠠᠯᠠᠬᠤ ᠡᠷᠦᠬᠡ᠎ᠯᠦᠭᠡ ᠵᠠᠬᠢᠶᠠᠯᠠᠭ᠎ᠠ ᠵᠢᠨ ᠬᠠᠭᠤᠳᠠᠰᠤ ᠵᠢ ᠲᠣᠭᠲᠠᠪᠤᠷᠢᠵᠢᠭᠤᠯᠬᠤ᠂ ᠠᠰᠢᠭ ᠣᠯᠵᠠᠪᠤᠷᠢ ᠵᠢᠨ ᠰᠠᠭᠤᠷᠢ ᠵᠢ ᠪᠠᠲᠤᠯᠠᠬᠤ᠂ ᠬᠤᠪᠢ ᠣᠷᠣᠭᠤᠯᠤᠯᠲᠠ᠎ᠪᠠᠷ ᠠᠰᠢᠭ ᠣᠷᠣᠯᠭ᠎ᠠ ᠬᠤᠪᠢᠶᠠᠬᠤ ᠵᠡᠷᠭᠡ ᠠᠰᠢᠭ ᠲᠤᠰᠠ ᠵᠢ ᠬᠣᠯᠪᠣᠬᠤ ᠲᠣᠭᠲᠠᠴᠠ ᠵᠢ ᠪᠠᠢ᠌ᠭᠤᠯᠪᠠ᠃
ᠡᠨᠡ ᠵᠢᠯ ᠂ ᠪᠢᠳᠡ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠪᠣᠯᠪᠠᠰᠤᠷᠠᠭᠤᠯᠬᠤ ᠠᠵᠢᠯ᠎ᠢ ᠭᠤᠷᠪᠠᠨ ᠲᠠᠯ᠎ᠠ᠎ᠪᠠᠷ ᠭᠣᠣᠯᠳᠠᠯᠭ᠎ᠠ᠎ᠲᠠᠢ ᠲᠦᠯᠬᠢᠨ ᠠᠬᠢᠭᠤᠯᠪᠠ ᠃ ᠨᠢᠭᠡ᠎ᠳᠤ ᠲᠦᠷᠦ ᠵᠢᠨ ᠪᠣᠳᠣᠯᠭ᠎ᠠ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠪᠠ᠃ ᠥᠪᠡᠷᠲᠡᠭᠡᠨ ᠵᠠᠰᠠᠬᠤ ᠣᠷᠣᠨ᠎ᠤ 《ᠲᠥᠮᠥᠰᠥᠨ᠎ᠤ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢᠨ ᠵᠢᠷᠭᠤᠭ᠋ᠠᠨ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠪᠠ 《ᠰᠦ ᠵᠢᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ》᠎ᠢ ᠨᠡᠢ᠌ᠲᠡᠯᠡᠨ ᠲᠦᠯᠬᠢᠨ ᠠᠬᠢᠭᠤᠯᠪᠠ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠪᠣᠯᠪᠠᠰᠤᠷᠠᠭᠤᠯᠬᠤ ᠵᠡᠷᠭᠡ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢᠨ ᠵᠠᠩᠭᠢᠯᠠᠭ᠎ᠠ ᠵᠢᠨ ᠬᠦᠷᠢᠶ᠎ᠡ ᠴᠠᠷᠠᠭ᠎ᠠ ᠪᠠ ᠪᠠᠭᠤᠷᠠᠢ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠪᠣᠯᠪᠠᠰᠤᠷᠠᠭᠤᠯᠬᠤ᠂ ᠰᠢᠷ᠎ᠠ ᠪᠤᠷᠴᠠᠭ ᠪᠣᠯᠪᠠᠰᠤᠷᠠᠭᠤᠯᠬᠤ ᠦᠢ᠍ᠯᠡᠰ᠎ᠤᠨ ᠬᠥᠭᠵᠢᠯᠲᠡ᠂ ᠪᠠᠯᠡᠨ ᠵᠠᠭᠤᠰᠢ ᠵᠢᠨ ᠠᠵᠤ ᠦᠢ᠍ᠯᠡᠰ᠎ᠤᠨ ᠬᠥᠭᠵᠢᠯᠲᠡ᠂ ᠬᠣᠨᠢᠨ ᠠᠷᠠᠰᠤᠨ᠎ᠤ ᠢᠳᠡᠭᠡᠨᠵᠢᠭᠦᠯᠦᠯᠲᠡ ᠵᠢᠨ ᠲᠤᠷᠰᠢᠯᠲᠠ ᠵᠢᠨ ᠴᠢᠭ᠋ ᠵᠡᠷᠭᠡ ᠰᠢᠷᠢᠰ ᠠᠯᠢ ᠣᠯᠠᠨ ᠪᠣᠳᠠᠲᠠᠢ ᠵᠢ ᠡᠷᠬᠢᠮᠯᠡᠭᠰᠡᠨ ᠪᠦᠲᠦᠮᠵᠢᠲᠡᠶ ᠳᠡᠮᠵᠢᠯᠭᠡ ᠵᠢᠨ ᠠᠷᠭ᠎ᠠ ᠬᠡᠮᠵᠢᠶ᠎ᠡ ᠵᠢ ᠳᠠᠷᠤᠮᠠᠯᠯᠠᠨ ᠲᠠᠷᠬᠠᠭ᠋ᠠᠵᠤ᠂ ᠬᠡᠯᠬᠢᠶ᠎ᠡ ᠵᠢ ᠤᠷᠲᠤᠳᠬᠠᠨ ᠬᠡᠯᠬᠢᠶ᠎ᠡ ᠵᠢ ᠨᠥᠬᠥᠪᠦᠷᠢᠯᠡᠵᠦ ᠬᠡᠯᠬᠢᠶ᠎ᠡ ᠵᠢ ᠴᠢᠩᠭ᠋ᠠᠳᠬᠠᠬᠤ ᠵᠢ ᠲᠦᠷᠭᠡᠳᠬᠡᠨ᠂ ᠠᠵᠤ ᠦᠢ᠍ᠯᠡᠰ᠎ᠤᠨ ᠬᠡᠯᠬᠢᠶ᠎ᠡ ᠵᠢᠨ ᠴᠢᠨᠠᠷ ᠰᠠᠢ᠌ᠲᠠᠢ ᠬᠥᠭᠵᠢᠯᠲᠡ ᠵᠢ ᠪᠥᠬᠥ ᠲᠠᠯ᠎ᠠ᠎ᠪᠠᠷ ᠲᠦᠯᠬᠢᠨ ᠠᠬᠢᠭᠤᠯᠪᠠ᠃
ᠬᠣᠶᠠᠷ᠎ᠲᠤ ᠲᠦᠷᠦᠯ ᠵᠦᠢ᠍ᠯ᠎ᠤᠨ ᠳᠡᠮᠵᠢᠯᠭᠡ ᠵᠢ ᠴᠢᠩᠭ᠋ᠠᠳᠬᠠᠪᠠ᠃ ᠰᠦ ᠵᠢᠨ ᠦᠢ᠍ᠯᠡᠰ ᠪᠠ ᠲᠥᠮᠥᠰᠥ ᠵᠡᠷᠭᠡ 2 ᠤᠯᠤᠰ᠎ᠤᠨ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠰᠦᠷᠦᠭᠵᠢᠯ᠂ 3 ᠤᠳᠤ ᠦᠶ᠎ᠡ ᠵᠢᠨ ᠠᠵᠤ ᠦᠢ᠍ᠯᠡᠰ᠎ᠤᠨ ᠬᠦᠷᠢᠶᠡᠯᠡᠩ ᠂ 8 ᠠᠵᠤ ᠦᠢ᠍ᠯᠡᠰ᠎ᠤᠨ ᠬᠦᠴᠦᠷᠬᠡᠭ ᠪᠠᠯᠭ᠋ᠠᠰᠤ ᠵᠢ ᠰᠢᠨ᠎ᠡ᠎ᠪᠠᠷ ᠡᠭᠦᠳᠦᠨ ᠪᠠᠢ᠌ᠭᠤᠯᠵᠤ ᠂ ᠡᠭᠦᠳᠦᠨ ᠪᠠᠢ᠌ᠭᠤᠯᠤᠭᠰᠠᠨ ᠲᠣᠭ᠎ᠠ ᠬᠡᠮᠵᠢᠶ᠎ᠡ᠎ᠨᠢ ᠪᠦᠬᠦ ᠤᠯᠤᠰ᠎ᠤᠨ ᠨᠢᠭᠡᠳᠦᠭᠡᠷ᠎ᠲᠤ ᠣᠷᠣᠪᠠ ᠃ ᠡᠨᠡ ᠵᠢᠯ᠎ᠤᠨ ᠤᠯᠤᠰ᠎ᠤᠨ ᠠᠵᠤ ᠦᠢ᠍ᠯᠡᠰ᠎ᠤᠨ ᠰᠦᠷᠦᠭᠵᠢᠯ᠎ᠤᠨ ᠵᠦᠢ᠍ᠯᠡᠰ᠎ᠤᠨ 60%᠎ᠠᠴᠠ ᠳᠡᠭᠡᠭᠰᠢᠬᠢ ᠪᠡᠯᠡ ᠮᠥᠩᠭᠥ ᠵᠢ ᠪᠣᠯᠪᠠᠰᠤᠷᠠᠭᠤᠯᠬᠤ ᠦᠢ᠍ᠯᠡᠰ᠎ᠤᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠳᠡᠮᠵᠢᠬᠦ᠎ᠳᠤ ᠬᠡᠷᠡᠭᠯᠡᠪᠡ᠃ ᠡᠭᠦᠨ᠎ᠤ ᠬᠠᠮᠲᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠦᠢ᠍ᠯᠡᠰ᠎ᠢ ᠤᠯᠤᠰ᠎ᠤᠨ ᠠᠵᠤ ᠦᠢ᠍ᠯᠡᠰ᠎ᠤᠨ ᠬᠦᠴᠦᠷᠬᠡᠭ ᠪᠠᠯᠭ᠋ᠠᠰᠤ ᠪᠠ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰᠵᠢᠭᠦᠯᠦᠨ ᠬᠥᠭᠵᠢᠭᠦᠯᠬᠦ ᠲᠥᠷᠥᠯ ᠵᠦᠢ᠍ᠯ᠎ᠤᠨ ᠭᠣᠣᠯᠳᠠᠯᠭ᠎ᠠ᠎ᠲᠠᠢ ᠳᠡᠮᠵᠢᠬᠦ ᠬᠡᠪᠴᠢᠶᠡᠨ᠎ᠳᠤ ᠣᠷᠣᠭᠤᠯᠵᠤ᠂ ᠠᠯᠠᠰᠢᠨ ᠦᠬᠡᠷ᠂ ᠲᠥᠮᠥᠰᠥ᠂ ᠠᠯᠠᠰᠢᠨ ᠬᠣᠨᠢ᠂ ᠨᠣᠬᠠᠢ ᠵᠢᠨ ᠬᠣᠰᠢᠭᠤ᠂ ᠴᠠᠭ᠋ᠠᠨ ᠭᠣᠶᠣᠣ ᠰᠦᠸᠸ ᠶᠠᠩ ᠵᠡᠷᠭᠡ ᠪᠣᠯᠪᠠᠰᠤᠷᠠᠭᠤᠯᠬᠤ ᠳᠠᠭ᠋ᠠᠭᠤᠯᠤᠭᠴᠢ ᠠᠵᠤ ᠠᠬᠤᠢ᠌ᠯᠠᠯ᠎ᠤᠨ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠠᠵᠢᠯ ᠥᠷᠨᠢᠭᠦᠯᠬᠦ ᠵᠢ ᠳᠡᠮᠵᠢᠪᠡ ᠃
ᠭᠤᠷᠪᠠ᠎ᠳᠤ ᠪᠡᠶᠡᠴᠢ ᠴᠣᠭᠴᠠ᠎ᠪᠠᠷ ᠳᠠᠢ᠌ᠴᠢᠯᠠᠬᠤ ᠵᠢ ᠴᠢᠩᠭ᠋ᠠᠳᠬᠠᠪᠠ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠵᠢᠯᠲᠡ ᠵᠢᠨ ᠭᠣᠣᠯᠳᠠᠯᠭ᠎ᠠ᠎ᠲᠠᠢ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠬᠤ ᠲᠠᠪᠤᠨ ᠵᠢᠯ᠎ᠤᠨ ᠠᠵᠢᠯᠯᠠᠭ᠎ᠠ (2021 — 2025 ᠣᠨ) ᠵᠢᠨ ᠲᠥᠯᠥᠪᠯᠡᠭᠡ ᠵᠢ ᠬᠡᠷᠡᠭᠵᠢᠭᠦᠯᠵᠦ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠳᠠᠭ᠋ᠠᠭᠤᠯᠤᠭᠴᠢ ᠠᠵᠤ ᠠᠬᠤᠢ᠌ᠯᠠᠯ᠎ᠤᠨ ᠬᠦᠴᠦᠷᠬᠡᠭᠵᠢᠨ ᠪᠤᠵᠠᠭ᠋ᠠᠢ᠌ᠷᠠᠬᠤ ᠵᠢ ᠳᠡᠮᠵᠢᠵᠦ᠂ ᠠᠵᠤ ᠠᠬᠤᠢ᠌ᠯᠠᠯ᠎ᠤᠨ ᠭᠣᠣᠯᠯᠠᠬᠤ ᠥᠷᠢᠰᠦᠯᠳᠦᠬᠦ ᠬᠦᠴᠦᠨ᠎ᠢ ᠦᠷᠭᠦᠯᠵᠢᠯᠡᠨ ᠴᠢᠩᠭ᠋ᠠᠷᠠᠭᠤᠯᠪᠠ ᠃ 2023 ᠣᠨ᠎ᠳᠤ᠂ ᠪᠥᠬᠥ ᠣᠷᠣᠨ᠎ᠤ ᠤᠯᠤᠰ᠎ᠤᠨ ᠲᠠᠰ᠎ᠤᠨ ᠠᠵᠤ ᠦᠢ᠍ᠯᠡᠰᠵᠢᠯᠲᠡ ᠵᠢᠨ ᠭᠣᠣᠯᠳᠠᠯᠭ᠎ᠠ᠎ᠲᠠᠢ ᠳᠠᠭ᠋ᠠᠭᠤᠯᠤᠭᠴᠢ ᠠᠵᠤ ᠠᠬᠤᠢ᠌ᠯᠠᠯ 59 ᠪᠣᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠤ ᠦᠢ᠍ᠯᠡᠰᠵᠢᠯᠲᠡ ᠵᠢᠨ ᠭᠣᠣᠯᠳᠠᠯᠭ᠎ᠠ᠎ᠲᠠᠢ ᠳᠠᠭ᠋ᠠᠭᠤᠯᠤᠭᠴᠢ ᠠᠵᠤ ᠠᠬᠤᠢ᠌ᠯᠠᠯ᠎ᠤᠨ ᠲᠣᠭ᠎ᠠ 711 ᠪᠣᠯᠵᠤ᠂ ᠪᠥᠬᠥ ᠣᠷᠣᠨ᠎ᠳᠤ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠵᠢᠯᠲᠡ ᠵᠢᠨ ᠬᠣᠯᠪᠣᠭ᠋ᠠᠲᠤ ᠴᠣᠭᠴᠠ ᠵᠢ 500 ᠡᠭᠦᠳᠦᠨ ᠪᠠᠢ᠌ᠭᠤᠯᠪᠠ᠃
ᠬᠥᠬᠡᠬᠣᠲᠠ ᠵᠢᠨ ᠡᠳᠦᠷ᠎ᠤᠨ ᠰᠣᠨᠢᠨ ( ᠬᠥᠬᠡᠬᠣᠲᠠ ᠵᠢᠨ ᠬᠠᠮ ᠵᠠᠭᠤᠴᠢᠯᠠᠭᠤᠷ )᠎ᠤ ᠰᠤᠷᠪᠤᠯᠵᠢᠯᠠᠭᠴᠢ ᠄ ᠮᠠᠨ᠎ᠤ ᠤᠯᠤᠰ ᠪᠣᠯ ᠲᠥᠬᠥᠭᠡᠷᠦᠮᠵᠢᠲᠦ ᠲᠠᠷᠢᠶᠠᠯᠠᠩ᠎ᠤᠨ ᠨᠢᠭᠡᠳᠦᠭᠡᠷ ᠲᠣᠮᠣ ᠤᠯᠤᠰ ᠪᠣᠯᠣᠨ᠎ᠠ ᠂ ᠲᠥᠬᠥᠭᠡᠷᠦᠮᠵᠢᠲᠦ ᠲᠠᠷᠢᠮᠠᠯ ᠂ ᠲᠡᠵᠢᠭᠡᠪᠦᠷᠢ ᠂ ᠵᠢᠭ᠋ᠠᠰᠤᠨ᠎ᠤ ᠠᠵᠤ ᠦᠢ᠍ᠯᠡᠰ ᠨᠢᠭᠡᠨᠲᠡ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠯ᠎ᠡ ᠲᠦᠷᠦᠯ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠴᠢᠬᠤᠯᠠ ᠢᠷᠡᠯᠲᠡ ᠪᠣᠯᠵᠠᠢ ᠃ ᠥᠪᠡᠷᠲᠡᠭᠡᠨ ᠵᠠᠰᠠᠬᠤ ᠣᠷᠣᠨ ᠲᠥᠬᠥᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠵᠢᠨ ᠲᠠᠯ᠎ᠠ᠎ᠪᠠᠷ ᠡᠨᠡ ᠵᠢᠯ ᠶᠠᠮᠠᠷ ᠶᠠᠮᠠᠷ ᠠᠵᠢᠯ ᠬᠢᠵᠦ᠂ ᠶᠠᠮᠠᠷ ᠦᠷ᠎ᠡ ᠪᠦᠲᠦᠮᠵᠢ ᠣᠯᠣᠭᠰᠠᠨ ᠪᠣᠶ?
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ ᠲᠥᠪ᠎ᠤᠨ ᠠᠵᠤ ᠠᠬᠤᠢ ᠵᠢᠨ ᠠᠵᠢᠯ᠎ᠤᠨ ᠭᠠᠵᠠᠷ᠎ᠤᠨ ᠳᠠᠷᠤᠭ᠎ᠠ ᠯᠢ ᡁᠢ ᠫᠢᠩ᠄ ᠲᠥᠬᠥᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠵᠢ ᠬᠥᠭᠵᠢᠭᠦᠯᠬᠦ ᠪᠣᠯ ᠲᠣᠮᠣ ᠢᠳᠡᠭᠡᠨ᠎ᠤ ᠦᠵᠡᠯᠲᠡ ᠵᠢ ᠦᠢ᠍ᠯᠡᠳᠦᠯᠭᠡᠵᠢᠭᠦᠯᠬᠦ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠵᠢ ᠪᠠᠲᠤᠳᠬᠠᠬᠤ ᠴᠢᠬᠤᠯᠠ ᠠᠷᠭ᠎ᠠ ᠬᠡᠯᠪᠡᠷᠢ ᠮᠥᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠪᠥᠬᠥ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠰᠲ᠋ᠧᠮ᠎ᠤᠨ ᠳᠡᠭᠡᠳᠦ ᠳᠣᠣᠷᠠᠳᠤ ᠱᠠᠲᠤ᠎ᠪᠠᠷ ᠵᠶ᠋ᠠᠨ ᠬᠣᠯᠪᠤᠭ᠋ᠠᠯᠠᠨ ᠬᠥᠳᠡᠯᠦᠯᠴᠡᠵᠦ᠂ ᠲᠥᠬᠥᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠰᠠᠢ᠌ᠨ ᠦᠷ᠎ᠡ ᠪᠦᠲᠦᠮᠵᠢ ᠣᠯᠪᠠ᠃
ᠨᠢᠭᠡ᠎ᠳᠤ ᠲᠥᠬᠥᠭᠡᠷᠦᠮᠵᠢᠲᠦ ᠲᠠᠷᠢᠮᠠᠯ᠎ᠤᠨ ᠦᠢ᠍ᠯᠡᠰ᠎ᠤᠨ ᠣᠳᠣᠬᠢᠴᠢᠯᠠᠯᠲᠠ ᠢᠯᠡᠳᠲᠡ ᠲᠡᠭᠡᠭᠰᠢᠯᠡᠪᠡ ᠃ 《ᠨᠢᠭᠡ ᠫᠧᠩ ᠬᠣᠶᠠᠷ ᠥᠷᠥᠭᠡ》 (ᠰᠦᠯᠢᠶᠥᠦ ᠫᠧᠩ᠂ ᠨᠡᠷᠡᠨ ᠬᠡᠷᠡᠯ᠎ᠤᠨ ᠬᠦᠯᠡᠮᠵᠢ ᠪᠠ ᠰᠢᠯ ᠣᠶᠤᠨᠲᠤ ᠬᠦᠯᠡᠮᠵᠢ) ᠭᠤᠷᠪᠠᠨ ᠵᠦᠢ᠍ᠯ᠎ᠤᠨ ᠲᠥᠷᠥᠯ ᠬᠡᠯᠪᠡᠷᠢ᠎ᠳᠤ ᠴᠢᠭᠯᠡᠭᠦᠯᠦᠨ᠂ 《ᠪᠠᠶ᠋ᠢᠭᠤᠯᠬᠤ᠂ ᠥᠭᠡᠷᠡᠴᠢᠯᠡᠬᠦ᠂ ᠳᠡᠭᠡᠭᠰᠢᠯᠡᠭᠦᠯᠬᠦ》 (ᠰᠢᠨ᠎ᠡ᠎ᠪᠠᠷ ᠪᠠᠶ᠋ᠢᠭᠤᠯᠬᠤ᠂ ᠰᠡᠯᠪᠢᠨ ᠵᠠᠰᠠᠵᠤ ᠥᠭᠡᠷᠡᠴᠢᠯᠡᠬᠦ ᠪᠠ ᠲᠠᠩᠰᠠ ᠡᠪᠬᠡᠮᠡᠯ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ) ᠭᠤᠷᠪᠠᠨ ᠵᠦᠢ᠍ᠯ᠎ᠤᠨ ᠵᠠᠭᠪᠤᠷ᠎ᠢ ᠬᠡᠷᠡᠭᠯᠡᠵᠦ᠂ ᠭᠣᠣᠯᠳᠠᠯᠭ᠎ᠠ᠎ᠲᠠᠢ ᠭᠠᠵᠠᠷ ᠣᠷᠣᠨ᠎ᠳᠤ ᠠᠩᠬᠠᠷᠤᠯ ᠵᠶ᠋ᠠᠨ ᠲᠥᠪᠯᠡᠷᠡᠭᠦᠯᠦᠨ ᠭᠣᠣᠯᠳᠠᠯᠭ᠎ᠠ᠎ᠲᠠᠢ ᠠᠬᠢᠭᠤᠯᠪᠠ ᠃ ᠡᠨᠡ ᠵᠢᠯ ᠪᠥᠬᠥ ᠣᠷᠣᠨ᠎ᠳᠤ
23.78 ᠲᠦᠮᠡᠨ ᠮᠦ᠍ ᠰᠢᠨ᠎ᠡ᠎ᠪᠠᠷ ᠪᠠᠢ᠌ᠭᠤᠯᠵᠤ᠂ ᠲᠥᠯᠥᠪᠯᠡᠭᠡ᠎ᠠᠴᠠ 18.9% ᠳᠠᠪᠠᠪᠠ᠃ 7.54 ᠲᠦᠮᠡᠨ ᠮᠦ᠍ ᠬᠠᠭᠤᠴᠢᠷᠠᠭᠰᠠᠨ ᠲᠥᠬᠦᠭᠡᠷᠦᠮᠵᠢ ᠵᠢ ᠥᠭᠡᠷᠡᠴᠢᠯᠡᠨ ᠳᠡᠭᠡᠭᠰᠢᠯᠡᠭᠦᠯᠵᠦ ᠂ ᠲᠥᠯᠥᠪᠯᠡᠭᠡ᠎ᠠᠴᠠ 42.3% ᠳᠠᠪᠠᠪᠠ ᠃ ᠪᠥᠬᠥ ᠣᠷᠣᠨ᠎ᠤ ᠵᠠᠭᠤᠨ ᠮᠦ᠍᠎ᠠᠴᠠ ᠳᠡᠭᠡᠭᠰᠢᠬᠢ ᠲᠥᠬᠥᠭᠡᠷᠦᠮᠵᠢᠲᠦ ᠲᠠᠷᠢᠮᠠᠯ᠎ᠤᠨ ᠬᠦᠷᠢᠶᠡᠯᠡᠩ ᠲᠣᠭᠣᠷᠢᠭ 1426 ᠬᠦᠷᠴᠦ ᠂ ᠲᠠᠯᠠᠪᠠᠶ᠎ᠨᠢ 87.6 ᠲᠦᠮᠡᠨ ᠮᠦ᠍᠎ᠳᠤ ᠬᠦᠷᠪᠡ ᠃ ᠬᠣᠶᠠᠷ᠎ᠲᠤ ᠲᠥᠬᠥᠭᠡᠷᠦᠮᠵᠢᠲᠦ ᠮᠠᠯ ᠠᠵᠤ ᠠᠬᠤᠢ ᠵᠢᠨ ᠲᠡᠵᠢᠭᠡᠨ ᠦᠷᠡᠵᠢᠭᠦᠯᠬᠦ ᠬᠢᠷᠢ ᠲᠦᠪᠰᠢᠨ᠎ᠢ ᠶᠡᠬᠡ᠎ᠪᠠᠷ ᠳᠡᠭᠡᠭᠰᠢᠯᠡᠭᠦᠯᠪᠡ᠃ ᠪᠥᠬᠥ ᠣᠷᠣᠨ᠎ᠳᠤ
360.9 ᠲᠦᠮᠡᠨ ᠲᠡᠭᠰᠢ ᠳᠥᠷᠪᠡᠯᠵᠢᠨ ᠮᠧᠲᠷ᠎ᠤᠨ ᠳᠤᠯᠠᠭ᠋ᠠᠨ ᠬᠦᠯᠡᠮᠵᠢ ᠰᠢᠨ᠎ᠡ᠎ᠪᠠᠷ ᠪᠠᠢ᠌ᠭᠤᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 19%᠎ᠪᠠᠷ ᠨᠡᠮᠡᠭᠳᠡᠪᠡ; 60.9 ᠲᠦᠮᠡᠨ ᠳᠤᠯᠠᠭ᠋ᠠᠨ ᠬᠦᠯᠡᠮᠵᠢ ᠵᠢ ᠥᠭᠡᠷᠡᠴᠢᠯᠡᠨ ᠥᠷᠭᠡᠳᠬᠡᠨ ᠪᠠᠢ᠌ᠭᠤᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 44% ᠨᠡᠮᠡᠭᠳᠡᠪᠡ᠃ ᠭᠤᠷᠪᠠ᠎ᠳᠤ ᠲᠥᠬᠥᠭᠡᠷᠦᠮᠵᠢᠲᠦ ᠵᠢᠭ᠋ᠠᠰᠤᠨ᠎ᠤ ᠠᠵᠤ ᠦᠢ᠍ᠯᠡᠰ ᠲᠣᠭᠲᠠᠭᠤᠨ ᠵᠶ᠋ᠠᠷ ᠬᠥᠭᠵᠢᠪᠡ ᠃ ᠪᠥᠬᠥ ᠣᠷᠣᠨ᠎ᠳᠤ ᠲᠥᠬᠥᠭᠡᠷᠦᠮᠵᠢᠲᠦ ᠵᠢᠭ᠋ᠠᠰᠤᠨ᠎ᠤ ᠠᠵᠤ ᠦᠢ᠍ᠯᠡᠰ᠎ᠢ 21.18 ᠾᠧᠺᠲ᠋ᠠᠷ ᠰᠢᠨ᠎ᠡ᠎ᠪᠠᠷ ᠨᠡᠮᠡᠭᠳᠡᠭᠦᠯᠵᠦ᠂ ᠶᠡᠷᠦᠩᠬᠡᠢ ᠲᠠᠯᠠᠪᠠᠶ᠎ᠨᠢ 1.5 ᠲᠦᠮᠡᠨ ᠾᠧᠺᠲ᠋ᠠᠷᠢ ᠳᠠᠪᠠᠪᠠ᠃
ᠡᠨᠡ ᠵᠢᠯ᠂ ᠥᠪᠡᠷᠲᠡᠭᠡᠨ ᠵᠠᠰᠠᠬᠤ ᠣᠷᠣᠨ ᠳᠥᠷᠪᠡᠨ ᠲᠠᠯ᠎ᠠ᠎ᠪᠠᠷ ᠭᠣᠣᠯᠳᠠᠯᠭ᠎ᠠ᠎ᠲᠠᠢ ᠬᠦᠴᠦᠯᠡᠪᠡ ᠃ ᠨᠢᠭᠡ᠎ᠳᠤ ᠲᠥᠷᠥ ᠵᠢᠨ ᠪᠣᠳᠣᠯᠭ᠎ᠠ ᠵᠢᠨ ᠳᠡᠮᠵᠢᠯᠭᠡ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠠᠴᠠ 《ᠲᠥᠬᠥᠭᠡᠷᠦᠮᠵᠢᠲᠦ ᠲᠠᠷᠢᠶᠠᠯᠠᠩ᠎ᠤᠨ ᠣᠳᠣᠬᠢᠴᠢᠯᠠᠯᠲᠠ ᠵᠢ ᠲᠦᠷᠭᠡᠳᠬᠡᠨ ᠳᠡᠭᠡᠭᠰᠢᠯᠡᠭᠦᠯᠬᠦ ᠵᠢᠨ ᠬᠡᠷᠡᠭᠵᠢᠭᠦᠯᠬᠦ ᠲᠥᠰᠥᠯ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠥᠬᠥᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠵᠢ ᠳᠡᠭᠡᠭᠰᠢᠯᠡᠭᠦᠯᠬᠦ ᠭᠤᠷᠪᠠᠨ ᠵᠢᠯ᠎ᠤᠨ ᠠᠵᠢᠯᠯᠠᠭ᠎ᠠ ᠵᠢᠨ ᠲᠥᠰᠥᠯ (2023 — 2025 ᠣᠨ)》᠎ᠢ ᠳᠠᠷᠤᠮᠠᠯᠯᠠᠨ ᠲᠠᠷᠬᠠᠭ᠋ᠠᠪᠠ; 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠥᠬᠥᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ》᠎ᠢ ᠲᠤᠭᠤᠷᠪᠢᠵᠤ᠂ ᠲᠥᠬᠥᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠵᠢᠨ ᠲᠤᠰᠬᠠᠢ ᠠᠩᠭᠢ ᠵᠢ ᠪᠠᠢ᠌ᠭᠤᠯᠤᠨ᠂ ᠮᠡᠷᠭᠡᠵᠢᠯ᠎ᠤᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠢ ᠵᠣᠬᠢᠶᠠᠨ ᠪᠠᠢ᠌ᠭᠤᠯᠵᠤ᠂ ᠬᠥᠭᠵᠢᠯᠲᠡ ᠵᠢᠨ ᠬᠠᠷᠠᠯᠲᠠ ᠪᠠ ᠭᠣᠣᠯᠳᠠᠯᠭ᠎ᠠ᠎ᠲᠠᠢ ᠠᠵᠢᠯ᠎ᠢ ᠲᠣᠳᠣᠷᠬᠠᠢ᠌ᠯᠠᠪᠠ᠃ ᠬᠣᠶᠠᠷ᠎ᠲᠤ ᠭᠣᠣᠯᠳᠠᠯᠭ᠎ᠠ᠎ᠲᠠᠢ ᠲᠦᠯᠬᠢᠨ ᠠᠬᠢᠭᠤᠯᠪᠠ ᠃ ᠪᠤᠭᠤᠲᠤ ᠬᠤᠳᠠ ᠪᠣᠯᠣᠨ ᠪᠠᠶᠠᠨᠨᠠᠭᠤᠷ ᠬᠤᠳᠠ᠎ᠳᠤ ᠪᠦᠬᠦ ᠣᠷᠣᠨ᠎ᠤ ᠲᠥᠬᠥᠭᠡᠷᠦᠮᠵᠢᠲᠦ ᠲᠠᠷᠢᠶᠠᠯᠠᠩ᠎ᠤᠨ ᠣᠳᠣᠬᠢᠴᠢᠯᠠᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠲᠤᠰᠬᠠᠢ ᠵᠦᠢ᠍ᠯ ᠵᠶ᠋ᠡᠷ ᠲᠦᠯᠬᠢᠨ ᠠᠬᠢᠭᠤᠯᠬᠤ ᠲᠤᠬᠠᠢ ᠵᠢᠨ ᠲᠠᠯᠠᠪᠤᠷ᠎ᠤᠨ ᠬᠤᠷᠠᠯ ᠬᠤᠷᠠᠯᠳᠤᠭᠤᠯᠵᠤ ᠂ ᠰᠢᠯᠢ ᠵᠢᠨ ᠭᠣᠣᠯ ᠠᠢ᠌ᠮᠠᠭ᠎ᠲᠤ ᠬᠠᠰᠢᠶᠠᠯᠠᠨ ᠲᠡᠵᠢᠭᠡᠵᠦ ᠪᠠᠢ᠌ᠭ᠎ᠠ ᠪᠠ ᠮᠠᠯ ᠮᠠᠯᠵᠢᠵᠤ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠬᠦ ᠲᠤᠬᠠᠢ ᠵᠢᠨ ᠲᠠᠯᠠᠪᠤᠷ᠎ᠤᠨ ᠬᠤᠷᠠᠯ ᠬᠤᠷᠠᠯᠳᠤᠭᠤᠯᠵᠤ ᠂ ᠱᠠᠭ᠋ᠠᠷᠳᠠᠯᠭ᠎ᠠ ᠳᠤᠷᠠᠳᠴᠤ ᠂ ᠠᠷᠭ᠎ᠠ ᠬᠡᠮᠵᠢᠶ᠎ᠡ᠎ᠪᠠᠨ ᠲᠣᠳᠣᠷᠬᠠᠢ᠌ᠯᠠᠨ ᠂ ᠨᠠᠢ᠌ᠳᠠᠪᠤᠷᠢᠵᠢᠭᠤᠯᠤᠯᠲᠠ ᠵᠢ ᠠᠳᠬᠤᠵᠤ ᠂ ᠪᠦᠬᠦ ᠣᠷᠣᠨ ᠤ ᠲᠥᠬᠥᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢ ᠬᠦᠴᠦᠲᠡᠢ ᠲᠦᠯᠬᠢᠨ ᠠᠬᠢᠭᠤᠯᠪᠠ ᠃ ᠭᠤᠷᠪᠠ᠎ᠳᠤ ᠳᠦᠷᠦᠯ ᠬᠤᠪᠢᠶᠠᠨ ᠳᠦᠷᠦ ᠵᠢᠨ ᠪᠣᠳᠣᠯᠭ᠎ᠠ ᠵᠢ ᠬᠡᠷᠡᠭᠵᠢᠭᠦᠯᠪᠡ᠃ ᠪᠤᠭᠤᠲᠤ ᠬᠤᠳᠠ 2 ᠲᠦᠮᠡᠨ ᠮᠦ᠍ ᠬᠠᠭᠤᠴᠢᠨ ᠲᠥᠬᠦᠭᠡᠷᠦᠮᠵᠢ ᠵᠢ ᠪᠦᠬᠦᠯᠢ ᠪᠠᠢ᠌ᠭᠤᠯᠤᠮᠵᠢ ᠵᠢᠨ ᠳᠦᠷᠢᠮ ᠵᠶ᠋ᠡᠷ ᠥᠭᠡᠷᠡᠴᠢᠯᠡᠨ ᠳᠡᠭᠡᠭᠰᠢᠯᠡᠭᠦᠯᠵᠦ ᠂ 《 ᠢᠳᠡᠰᠢᠨ ᠨᠣᠭᠣᠭ᠎ᠠ 》 ᠵᠢᠨ ᠴᠢᠨᠠᠷ ᠰᠠᠢ᠌ᠲᠠᠢ ᠬᠠᠩᠭ᠋ᠠᠯᠭ᠎ᠠ ᠵᠢ ᠪᠠᠲᠤᠯᠠᠬᠤ᠎ᠳᠤ ᠪᠠᠲᠤ ᠪᠡᠬᠢ ᠰᠠᠭᠤᠷᠢ ᠵᠢ ᠲᠠᠯᠪᠢᠵᠠᠢ ; ᠤᠷᠠᠳ᠎ᠤᠨ ᠬᠣᠢ᠌ᠲᠤ ᠬᠣᠰᠢᠭᠤᠨ᠎ᠤ 2.9 ᠲᠦᠮᠡᠨ ᠮᠦ᠍ ᠵᠢᠨ ᠪᠣᠯᠣᠳ ᠭᠤᠯᠳᠤᠩ ᠫᠧᠩ᠎ᠢ ᠬᠡᠪᠴᠢᠶᠡᠵᠢᠭᠦᠯᠦᠨ ᠪᠠᠢ᠌ᠭᠤᠯᠵᠤ᠂ ᠳᠠᠷᠢᠬᠤ ᠡᠷᠦᠬᠡ ᠵᠢᠨ ᠣᠷᠣᠯᠭ᠎ᠠ ᠵᠢ ᠳᠤᠮᠳᠠᠴᠢ᠎ᠪᠠᠷ 2500 ᠲᠥᠭᠥᠷᠢᠭ ᠨᠡᠮᠡᠭᠳᠡᠭᠦᠯᠵᠦ᠂ ᠲᠠᠷᠢᠶᠠᠴᠢᠳ᠎ᠢ ᠳᠠᠭ᠋ᠠᠭᠤᠯᠤᠨ ᠠᠷᠠᠳ᠎ᠢ ᠪᠠᠶᠠᠵᠢᠭᠤᠯᠬᠤ ᠦᠷ᠎ᠡ ᠪᠦᠲᠦᠮᠵᠢ ᠢᠯᠡᠳᠲᠡ ᠪᠣᠯᠪᠠ᠃ ᠳᠥᠷᠪᠡ᠎ᠳᠤ ᠪᠡᠯᠡ ᠮᠥᠩᠭᠥ ᠵᠢᠨ ᠪᠠᠲᠤᠯᠠᠭ᠎ᠠ ᠃ ᠲᠥᠪ᠎ᠤᠨ ᠡᠳ᠋᠎ᠤᠨ ᠵᠠᠰᠠᠭ᠎ᠤᠨ ᠲᠠᠷᠢᠶᠠᠯᠠᠩ᠎ᠤᠨ ᠡᠵᠡᠩᠨᠡᠯᠲᠡ ᠵᠢᠨ ᠪᠡᠶᠡᠴᠢ ᠴᠣᠭᠴᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠪᠡᠯᠡ ᠮᠥᠩᠭᠥ ᠵᠢ 2.5 ᠳ᠋ᠦᠩᠰᠢᠭᠤᠷ ᠲᠥᠭᠥᠷᠢᠭ ᠡᠮᠬᠢᠯᠡᠨ ᠨᠡᠢ᠌ᠯᠡᠭᠦᠯᠪᠡ; ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠵᠢᠭᠡᠯᠡᠯᠭᠡ ᠵᠢᠨ ᠳᠠᠮ ᠬᠦᠦ ᠵᠢᠨ ᠲᠤᠰᠬᠠᠢ ᠠᠵᠢᠯ᠎ᠤᠨ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠤᠯᠤᠰ᠎ᠤᠨ ᠪᠡᠯᠡ ᠮᠥᠩᠭᠥ ᠵᠢ 6306 ᠲᠦᠮᠡᠨ ᠲᠥᠭᠥᠷᠢᠭ ᠴᠢᠷᠮᠠᠢ᠌ᠨ ᠣᠯᠵᠤ᠂ ᠥᠪᠡᠷᠲᠡᠭᠡᠨ ᠵᠠᠰᠠᠬᠤ ᠣᠷᠣᠨ 1576 ᠲᠦᠮᠡᠨ ᠲᠥᠭᠥᠷᠢᠭ᠎ᠢ ᠢᠵᠢ ᠪᠦᠷᠢᠳᠦᠭᠦᠯᠪᠡ᠃ 1374 ᠲᠦᠮᠡᠨ ᠲᠥᠭᠥᠷᠢᠭ᠎ᠤᠨ ᠲᠥᠪ᠎ᠤᠨ ᠡᠳ᠋᠎ᠤᠨ ᠵᠠᠰᠠᠭ᠎ᠤᠨ ᠪᠡᠯᠡ ᠮᠥᠩᠭᠥ ᠭᠤᠶᠤᠴᠢᠯᠠᠵᠤ᠂ ᠲᠦᠭᠦᠭᠡᠷᠦᠮᠵᠢᠲᠦ ᠵᠢᠭ᠋ᠠᠰᠤᠨ᠎ᠤ ᠠᠵᠤ ᠦᠢ᠍ᠯᠡᠰ᠎ᠤᠨ ᠲᠥᠪᠯᠡᠷᠡᠨ ᠵᠠᠯᠭ᠋ᠠᠯᠳᠤᠭᠰᠠᠨ ᠨᠠᠭᠤᠷ ᠴᠥᠭᠥᠷᠥᠮ᠎ᠢ ᠪᠠᠷᠢᠮᠵᠢᠶᠠᠵᠢᠭᠤᠯᠤᠨ ᠥᠭᠡᠷᠡᠴᠢᠯᠡᠬᠦ᠂ ᠤᠰᠤᠨ ᠭᠠᠷᠤᠯᠲᠠ ᠵᠢ ᠠᠩᠬ᠎ᠠ ᠪᠣᠯᠪᠠᠰᠤᠷᠠᠭᠤᠯᠬᠤ ᠪᠠ ᠬᠦᠢ᠍ᠲᠡᠨ ᠵᠶ᠋ᠡᠷ ᠬᠠᠳᠠᠭ᠋ᠠᠯᠠᠵᠤ ᠰᠢᠨ᠎ᠡ ᠰᠣᠷᠭᠣᠭ ᠵᠶ᠋ᠠᠷ ᠬᠠᠳᠠᠭ᠋ᠠᠯᠠᠬᠤ ᠲᠦᠭᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠳᠡᠮᠵᠢᠪᠡ ᠃
ᠲᠠᠷᠠᠭ᠋ᠠᠴᠢ ᠵᠢᠨ ᠠᠯᠬᠤᠮ᠎ᠳᠤ᠂ ᠪᠢᠳᠡ ᠳᠠᠭ᠋ᠠᠭᠤᠯᠤᠭᠴᠢ ᠵᠢ ᠬᠦᠴᠦᠯᠡᠨ ᠠᠳᠬᠤᠵᠤ᠂ ᠬᠦᠷᠢᠶᠡᠯᠡᠩ ᠲᠣᠭᠣᠷᠢᠭ ᠪᠠᠢ᠌ᠭᠤᠯᠤᠨ᠂ ᠲᠤᠯᠭ᠋ᠠᠭᠤᠷᠢᠯᠠᠯ ᠵᠶ᠋ᠠᠨ ᠴᠢᠩᠭ᠋ᠠᠳᠬᠠᠵᠤ᠂ ᠡᠵᠡᠩᠨᠡᠯᠲᠡ ᠵᠢᠨ ᠬᠡᠯᠪᠡᠷᠢ ᠪᠠᠢ᠌ᠳᠠᠯ ᠵᠶ᠋ᠠᠨ ᠳᠡᠯᠭᠡᠨ ᠦᠵᠡᠭᠦᠯᠵᠦ᠂ ᠠᠬᠢᠭᠤᠯᠬᠤ ᠵᠠᠭᠪᠤᠷ᠎ᠤᠨ ᠰᠢᠨ᠎ᠡ ᠵᠢ ᠲᠠᠰᠤᠷᠠᠯᠲᠠ ᠦᠭᠡᠢ ᠡᠭᠦᠳᠴᠦ᠂ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠭᠦᠨᠵᠡᠭᠡᠢ ᠠᠬᠢᠭᠤᠯᠤᠨ᠎ᠠ᠃