ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠰᠤᠷᠪᠤᠯᠵᠢᠯᠠᠭ᠎ᠠ
ᠲᠥᠯᠥᠭᠡᠯᠡᠭᠴᠢ ᠰᠠᠨ᠎ᠠ᠄ ᠬᠤᠢ ᠭᠣᠣᠯ᠎ᠤᠨ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠠᠬᠢ ᠮᠠᠯᠴᠢᠳ᠎ᠤᠨ ᠠᠰᠢᠭ ᠲᠤᠰᠠ ᠵᠢ ᠪᠠᠲᠤᠯᠠᠪᠠᠯ ᠵᠣᠬᠢᠨ᠎ᠠ
ᠨᠡᠶ᠋ᠢᠲᠡᠯᠡᠭᠰᠡᠨ ᠴᠠᠭ᠄ 2024-02-01

      ᠬᠥᠯᠥᠨ ᠪᠤᠶ᠋ᠢᠷ ᠬᠤᠲᠠ ᠵᠢᠨ ᠲᠠᠪᠤᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠬᠠᠢ᠌ᠯᠠᠷ᠎ᠲᠤ ᠬᠤᠷᠠᠯᠳᠤᠵᠤ᠂ ᠲᠥᠯᠥᠭᠡᠯᠡᠭᠴᠢᠳ ᠮᠠᠨᠢ ᠮᠠᠨ᠎ᠤ ᠬᠤᠲᠠ ᠵᠢᠨ ᠪᠦᠭᠦ ᠲᠠᠯ᠎ᠠ ᠵᠢᠨ ᠬᠥᠭᠵᠢᠯᠲᠡ᠎ᠳᠤ ᠠᠷᠭ᠎ᠠ ᠤᠬᠠᠭ᠋ᠠᠨ ᠵᠶ᠋ᠠᠨ ᠰᠤᠪᠢᠵᠤ᠂ ᠬᠦᠴᠦᠨ ᠴᠢᠳᠠᠯ ᠵᠶ᠋ᠠᠨ ᠡᠷᠭᠦᠬᠦ᠎ᠪᠠᠷ ᠡᠯ᠎ᠡ ᠭᠠᠵᠠᠷ᠂ ᠡᠯ᠎ᠡ ᠠᠵᠢᠯ᠎ᠤᠨ ᠪᠠᠢ᠌ᠷᠢ᠎ᠠᠴᠠ᠎ᠪᠠᠨ ᠬᠦᠷᠦᠯᠴᠡᠨ ᠢᠷᠡᠵᠦ ᠬᠤᠷᠠᠯ᠎ᠳᠤ ᠣᠷᠣᠯᠴᠠᠪᠠ᠃ ᠡᠭᠦᠨ᠎ᠤ ᠳᠤᠮᠳᠠ ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤᠨ᠎ᠤ ᠬᠤᠢ ᠰᠤᠮᠤᠨ᠎ᠤ ᠵᠠᠰᠠᠭ᠎ᠤᠨ ᠣᠷᠳᠣᠨ᠎ᠳᠤ ᠠᠵᠢᠯ ᠠᠯᠪᠠ᠎ᠲᠠᠢ ᠰᠠᠨ᠎ᠠ᠎ᠠᠴᠠ 《ᠬᠤᠢ ᠭᠣᠣᠯ᠎ᠤᠨ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠠᠬᠢ ᠮᠠᠯᠴᠢᠳ᠎ᠤᠨ ᠠᠰᠢᠭ ᠲᠤᠰᠠ ᠵᠢ ᠪᠠᠲᠤᠯᠠᠪᠠᠯ ᠵᠣᠬᠢᠨ᠎ᠠ》 ᠬᠡᠮᠡᠬᠦ ᠰᠠᠨᠠᠯ ᠵᠥᠪᠯᠡᠯᠭᠡ᠎ᠲᠠᠢ᠎ᠪᠠᠨ ᠲᠤᠰ ᠤᠳᠠᠭ᠋ᠠᠨ᠎ᠤ 《ᠬᠣᠶᠠᠷ ᠬᠤᠷᠠᠯ》᠎ᠳᠤ ᠤᠷᠤᠯᠴᠠᠵᠤ ᠪᠢᠯᠡ᠃


1.jpg  

 

      ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤᠨ᠎ᠤ ᠬᠤᠢ ᠰᠤᠮᠤ᠎ᠨᠢ ᠮᠠᠯᠵᠢᠬᠤ ᠠᠮᠢᠳᠤᠷᠠᠯ ᠵᠶ᠋ᠠᠷ ᠭᠣᠣᠯᠯᠠᠭᠰᠠᠨ ᠰᠤᠮᠤ ᠪᠢᠯᠡ᠃ ᠬᠤᠢ ᠭᠣᠣᠯ᠎ᠤᠨ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠨᠢ 2002 ᠣᠨ᠎ᠤ 7 ᠰᠠᠷ᠎ᠠ᠎ᠳᠤ ᠪᠠᠢ᠌ᠭᠤᠯᠤᠭᠳᠠᠵᠤ᠂ ᠶᠡᠷᠦᠩᠬᠡᠢ ᠲᠠᠯᠠᠪᠠᠢ᠎ᠨᠢ

3468.48 ᠲᠡᠭᠰᠢ ᠳᠥᠷᠪᠡᠯᠵᠢᠨ ᠺᠢᠯᠣᠮᠧᠲᠷ᠂ ᠡᠭᠦᠨ᠎ᠳᠤ ᠨᠤᠲᠤᠭ ᠪᠡᠯᠴᠢᠭᠡᠷ ᠵᠢᠴᠢ ᠨᠤᠭᠤ ᠭᠠᠵᠠᠷ᠎ᠤᠨ ᠲᠠᠯᠠᠪᠠᠶ 513 ᠲᠡᠭᠰᠢ ᠳᠥᠷᠪᠡᠯᠵᠢᠨ ᠺᠢᠯᠣᠮᠧᠲᠷ ᠪᠠᠢ᠌ᠵᠤ᠂ ᠬᠤᠶ ᠰᠤᠮᠤ ᠵᠢᠨ ᠠᠰᠢᠭᠯᠠᠵᠤ ᠪᠤᠯᠬᠤ ᠨᠤᠲᠤᠭ ᠪᠡᠯᠴᠢᠭᠡᠷ᠎ᠤᠨ ᠶᠡᠷᠦᠩᠬᠡᠢ ᠲᠠᠯᠠᠪᠠᠶ ᠵᠢᠨ 32.1% ᠵᠢ ᠡᠵᠡᠯᠡᠵᠦ ᠪᠤᠢ᠃ ᠬᠤᠢ ᠰᠤᠮᠤ ᠵᠢᠨ 12 ᠭᠠᠴᠠᠭ᠎ᠠ ᠨᠡᠢ᠌ᠭᠡᠮ ᠲᠣᠭᠣᠷᠢᠭ (ᠡᠭᠦᠨ᠎ᠳᠤ ᠤᠡᠭᠭᠤᠨᠲᠤᠬᠤᠢ ᠭᠠᠴᠠᠭ᠎ᠠ ᠵᠢᠨ ᠨᠢᠭᠡ ᠬᠡᠰᠡᠭ ᠭᠠᠵᠠᠷ ᠣᠷᠣᠨ᠎ᠨᠢ ᠬᠠᠮᠠᠭ᠋ᠠᠯᠠᠯᠲᠠ ᠵᠢᠨ ᠣᠷᠣᠨ᠎ᠤ ᠭᠣᠣᠯᠳᠠᠯᠭ᠎ᠠ᠎ᠲᠠᠢ ᠣᠷᠣᠨ᠎ᠤ ᠬᠠᠷᠢᠶᠠᠨ᠎ᠳᠤ ᠪᠠᠭᠲᠠᠬᠤ ᠦᠭᠡᠢ)᠎ᠨᠢ ᠴᠥᠮ ᠬᠤᠢ ᠭᠣᠣᠯ᠎ᠤᠨ ᠤᠯᠤᠰ᠎ᠤᠨ ᠲᠠᠰ᠎ᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ  ᠣᠷᠣᠨ᠎ᠤ ᠭᠣᠣᠯᠳᠠᠯᠭ᠎ᠠ᠎ᠲᠠᠢ ᠣᠷᠣᠨ ᠵᠢᠴᠢ ᠵᠠᠪᠰᠠᠷ᠎ᠤᠨ ᠣᠷᠣᠨ᠎ᠤ ᠬᠠᠷᠢᠶᠠᠨ᠎ᠳᠤ ᠣᠷᠣᠵᠤ ᠪᠠᠢ᠌ᠳᠠᠭ᠃ ᠡᠨᠡ᠎ᠨᠢ ᠬᠤᠢ ᠭᠣᠣᠯ᠎ᠤᠨ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠎ᠳᠠᠬᠢ ᠠᠷᠠᠳ᠎ᠤᠨ ᠦᠢ᠍ᠯᠡᠳᠪᠦᠷᠢᠯᠡᠯ ᠠᠮᠢᠳᠤᠷᠠᠯ᠎ᠳᠤ ᠵᠣᠬᠢᠬᠤ ᠬᠡᠮᠵᠢᠶᠡᠨ᠎ᠤ ᠳᠠᠷᠤᠭ᠋ᠠᠰᠤ ᠠᠪᠴᠢᠷᠠᠭᠰᠠᠨ ᠪᠠᠢ᠌ᠨ᠎ᠠ᠃ ᠨᠢᠭᠡ ᠲᠠᠯ᠎ᠠ᠎ᠪᠠᠷ᠂ ᠣᠳᠣᠬᠠᠨ᠎ᠳᠤ ᠬᠤᠢ ᠭᠣᠣᠯ᠎ᠤᠨ ᠤᠯᠤᠰ᠎ᠤᠨ ᠲᠠᠰ᠎ᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠭᠣᠣᠯᠳᠠᠯᠭ᠎ᠠ᠎ᠲᠠᠢ ᠣᠷᠣᠨ᠎ᠳᠤ ᠵᠠᠮ᠂ ᠴᠠᠭᠢᠯᠭ᠋ᠠᠨ᠎ᠤ ᠪᠦᠲᠦᠭᠡᠨ ᠪᠠᠢ᠌ᠭᠤᠯᠤᠯᠲᠠ ᠵᠢ ᠴᠠᠭ᠋ᠠᠵᠠᠯᠠᠵᠤ ᠪᠠᠢ᠌ᠬᠤ ᠤᠴᠢᠷ᠎ᠠᠴᠠ ᠮᠠᠯᠴᠢᠳ᠎ᠤᠨ ᠵᠠᠮ ᠬᠠᠷᠢᠯᠴᠠᠭ᠋ᠠᠨ᠎ᠤ ᠨᠡᠪᠲᠡᠷᠡᠯᠭᠡ ᠵᠢᠴᠢ ᠴᠠᠭᠢᠯᠭ᠋ᠠᠨ ᠬᠠᠩᠭ᠋ᠠᠯᠭ᠎ᠠ ᠵᠢ ᠠᠳᠠᠯᠢ ᠪᠤᠰᠤ ᠵᠢᠨ ᠬᠡᠮᠵᠢᠶ᠎ᠡ᠎ᠪᠠᠷ ᠬᠢᠵᠠᠭ᠋ᠠᠷᠯᠠᠵᠤ᠂ ᠮᠠᠯᠴᠢᠳ᠎ᠤᠨ ᠡᠳᠦᠷ ᠳᠤᠲᠤᠮ᠎ᠤᠨ ᠦᠢ᠍ᠯᠡᠳᠪᠦᠷᠢᠯᠡᠯ ᠠᠮᠢᠳᠤᠷᠠᠯ᠎ᠢ ᠬᠦᠨᠳᠦ ᠨᠣᠴᠢᠲᠠᠢ ᠨᠥᠯᠥᠭᠡᠯᠡᠵᠦ ᠪᠤᠢ᠃ ᠨᠦᠭᠦᠭᠡ ᠲᠠᠯ᠎ᠠ᠎ᠪᠠᠷ᠂ ᠬᠤᠶ ᠭᠣᠣᠯ᠎ᠤᠨ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠭᠣᠣᠯᠳᠠᠯᠭ᠎ᠠ᠎ᠲᠠᠢ ᠣᠷᠣᠨ᠎ᠳᠤ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠬᠢᠬᠦ ᠵᠢ ᠴᠠᠭ᠋ᠠᠵᠠᠯᠠᠵᠤ ᠪᠠᠢ᠌ᠬᠤ ᠵᠢᠨ ᠤᠴᠢᠷ ᠮᠠᠰᠢ ᠤᠯᠠᠨ ᠣᠳᠣᠬᠢᠴᠢᠯᠠᠭᠰᠠᠨ ᠲᠦᠷᠦᠯ ᠵᠦᠢ᠍ᠯ᠎ᠢ ᠮᠠᠯᠴᠢᠳ᠎ᠲᠤ ᠦᠨᠡᠨ ᠬᠦ᠌ ᠨᠠᠢ᠌ᠳᠠᠪᠤᠷᠢᠵᠢᠭᠤᠯᠬᠤ ᠵᠢ ᠬᠠᠷᠰᠢᠯᠠᠵᠤ ᠪᠠᠢ᠌ᠳᠠᠭ᠂ ᠡᠨᠡ᠎ᠨᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠤ ᠦᠢ᠍ᠯᠡᠰ᠎ᠤᠨ ᠬᠥᠭᠵᠢᠯᠲᠡ᠂ ᠣᠳᠣᠬᠢᠴᠢᠯᠠᠭᠰᠠᠨ ᠮᠠᠯ ᠲᠡᠵᠢᠭᠡᠪᠦᠷᠢ ᠵᠢᠨ ᠦᠢ᠍ᠯᠡᠰ᠎ᠤᠨ ᠬᠥᠭᠵᠢᠯᠲᠡ᠂ ᠮᠠᠯᠴᠢᠳ᠎ᠤᠨ ᠦᠢ᠍ᠯᠡᠳᠪᠦᠷᠢᠯᠡᠯ ᠠᠮᠢᠳᠤᠷᠠᠯ᠎ᠳᠤ ᠴᠥᠮ ᠠᠰᠢᠭ ᠦᠭᠡᠢ ᠦᠢ᠍ᠯᠡᠳᠦᠯ ᠦᠵᠡᠭᠦᠯᠵᠦ ᠪᠤᠢ᠃ ᠡᠳᠡᠭᠡᠷ ᠪᠠᠢ᠌ᠳᠠᠯ᠎ᠳᠤ ᠬᠠᠨᠳᠤᠭᠤᠯᠤᠨ ᠲᠥᠯᠥᠭᠡᠯᠡᠭᠴᠢ ᠰᠠᠨ᠎ᠠ ᠦᠨᠳᠦᠰᠦᠨ ᠱᠠᠲᠤᠨ᠎ᠳᠤ ᠭᠦᠨᠵᠡᠭᠡᠢ᠌ᠷᠡᠨ᠂ ᠪᠣᠳᠠᠲᠤ ᠪᠠᠢ᠌ᠳᠠᠯ᠎ᠢ ᠣᠢ᠌ᠯᠠᠭ᠋ᠠᠨ᠂ ᠬᠢᠨᠠᠮᠠᠭ᠋ᠠᠢ ᠰᠦᠪᠡᠭᠴᠢᠯᠡᠭᠰᠡᠨ᠎ᠤ ᠳ᠋ᠦᠩ᠎ᠳᠤ ᠲᠤᠰ ᠰᠠᠨᠠᠯ ᠵᠥᠪᠯᠡᠯᠭᠡ᠎ᠪᠠᠨ ᠳᠡᠪᠰᠢᠭᠦᠯᠦᠭᠰᠡᠨ ᠪᠠᠢ᠌ᠨ᠎ᠠ᠃

      ᠰᠠᠨ᠎ᠠ ᠰᠤᠷᠪᠤᠯᠵᠢᠯᠠᠬ᠍ᠴᠢ᠎ᠳᠤ᠄ 《ᠨᠢᠭᠡ᠎ᠳᠤ᠂ ᠬᠤᠶ ᠰᠤᠮᠤ ᠵᠢᠨ ᠰᠤᠮᠤᠨ ᠲᠥᠪ᠎ᠤᠨ ᠪᠠᠢ᠌ᠭ᠎ᠠ ᠭᠠᠵᠠᠷ ᠪᠠ 11 ᠭᠠᠴᠠᠭ᠋ᠠᠨ᠎ᠤ ᠤᠤᠯ᠎ᠤᠨ ᠰᠠᠭᠤᠭ᠎ᠠ ᠭᠠᠵᠠᠷ᠎ᠢ ᠬᠠᠮᠠᠭ᠋ᠠᠯᠠᠯᠲᠠ ᠵᠢᠨ ᠣᠷᠣᠨ᠎ᠤ ᠭᠣᠣᠯᠳᠠᠯᠭ᠎ᠠ᠎ᠲᠠᠢ ᠣᠷᠣᠨ ᠪᠠ ᠵᠠᠪᠰᠠᠷ᠎ᠤᠨ ᠣᠷᠣᠨ᠎ᠠᠴᠠ ᠰᠠᠯᠭ᠋ᠠᠨ ᠭᠠᠷᠭ᠋ᠠᠵᠤ᠂ ᠮᠠᠯᠴᠢᠳ᠎ᠤᠨ ᠦᠢ᠍ᠯᠡᠳᠪᠦᠷᠢᠯᠡᠯ ᠠᠮᠢᠳᠤᠷᠠᠯ᠎ᠳᠤ ᠬᠡᠷᠡᠭᠯᠡᠬᠦ ᠭᠠᠵᠠᠷ ᠪᠣᠯᠭ᠋ᠠᠨ᠂ ᠪᠡᠯᠴᠢᠭᠡᠷᠯᠡᠭᠦᠯᠬᠦ ᠵᠢ ᠵᠣᠭᠰᠤᠭ᠋ᠠᠬᠤ ᠴᠠᠭ᠎ᠢ ᠬᠠᠷᠢᠮᠠᠬᠠᠢ ᠡᠵᠡᠮᠳᠡᠪᠡᠯ ᠵᠣᠬᠢᠨ᠎ᠠ᠃ ᠬᠣᠶᠠᠷ᠎ᠲᠤ᠂ ᠬᠠᠮᠠᠭ᠋ᠠᠯᠠᠯᠲᠠ ᠵᠢᠨ ᠣᠷᠣᠨ᠎ᠤ ᠭᠣᠣᠯᠳᠠᠯᠭ᠎ᠠ ᠎ᠲᠠᠢ ᠣᠷᠣᠨ᠎ᠳᠠᠬᠢ ᠮᠠᠯᠵᠢᠬᠤ ᠡᠷᠦᠭᠡ ᠵᠢᠨ ᠵᠣᠬᠢᠬᠤ ᠠᠮᠢ ᠠᠬᠤᠢ ᠵᠢᠨ ᠨᠥᠬᠥᠪᠦᠷᠢ ᠮᠥᠩᠭᠥ ᠵᠢ ᠨᠡᠮᠡᠭᠳᠡᠭᠦᠯᠬᠦ ᠪᠤᠶᠤ ᠪᠡᠯᠴᠢᠭᠡᠷᠯᠡᠭᠦᠯᠬᠦ ᠵᠢ ᠵᠣᠭᠰᠣᠭ᠋ᠠᠨ ᠪᠡᠯᠴᠢᠭᠡᠷ᠎ᠢ ᠰᠡᠷᠭᠦᠭᠡᠬᠦ ᠨᠥᠬᠥᠪᠦᠷᠢ ᠵᠢ ᠲᠥᠷᠥᠯ ᠬᠤᠪᠢᠶᠠᠨ ᠲᠣᠭᠲᠠᠭ᠋ᠠᠨ᠂ ᠡᠭᠦᠨ᠎ᠤ ᠤᠯᠠᠮ᠎ᠠᠴᠠ ᠭᠣᠣᠯᠳᠠᠯᠭ᠎ᠠ᠎ᠲᠠᠢ ᠣᠷᠣᠨ᠎ᠤ ᠮᠠᠯᠴᠢᠳ᠎ᠢ ᠪᠤᠰᠤᠳ ᠠᠵᠤ ᠦᠢ᠍ᠯᠡᠰ ᠵᠦᠭ ᠰᠢᠯᠵᠢᠭᠦ ᠵᠢ ᠬᠥᠲᠥᠯᠥᠨ ᠵᠢᠯᠣᠭᠣᠳᠪᠠᠯ ᠵᠣᠬᠢᠨ᠎ᠠ》 ᠬᠡᠮᠡᠨ ᠶᠠᠷᠢᠵᠤ ᠪᠠᠢ᠌ᠯ᠎ᠠ᠃ ᠡᠭᠦᠨ᠎ᠤ ᠬᠠᠮᠲᠤ᠂ ᠰᠠᠨ᠎ᠠ ᠪᠠᠰᠠ 《ᠮᠠᠯ᠎ᠤᠨ ᠦᠨ᠎ᠡ ᠶᠡᠬᠡ᠎ᠪᠠᠷ ᠪᠠᠭᠤᠷᠠᠭᠰᠠᠨ᠎ᠠᠴᠠ ᠪᠣᠯᠤᠭᠰᠠᠨ ᠮᠠᠯᠴᠢᠳ᠎ᠤᠨ ᠳᠠᠷᠤᠭ᠋ᠠᠰᠤ ᠨᠡᠮᠡᠭᠳᠡᠭᠰᠡᠨ ᠲᠤᠬᠠᠢ》  ᠬᠡᠮᠡᠬᠦ ᠮᠠᠯᠴᠢᠳ᠎ᠤᠨ ᠠᠮᠢᠳᠤᠷᠠᠯ ᠦᠢ᠍ᠯᠡᠳᠪᠦᠷᠢᠯᠡᠯ᠎ᠳᠤ ᠶᠠᠭ ᠲᠤᠯᠭ᠋ᠠᠷᠠᠵᠤ ᠪᠠᠢ᠌ᠭ᠎ᠠ ᠪᠣᠳᠠᠲᠠᠢ ᠠᠰᠠᠭᠤᠳᠠᠯ᠎ᠢ ᠲᠤᠰᠬᠠᠭᠰᠠᠨ ᠬᠣᠶᠠᠳᠠᠭᠢ ᠰᠠᠨᠠᠯ ᠵᠥᠪᠯᠡᠯᠭᠡ᠎ᠪᠠᠨ ᠳᠡᠪᠰᠢᠭᠦᠯᠵᠦ ᠪᠢᠯᠡ᠃

      ᠰᠠᠨ᠎ᠠ ᠰᠤᠷᠪᠤᠯᠵᠢᠯᠠᠬ᠍ᠴᠢ᠎ᠳᠤ᠄ 《ᠮᠠᠯᠴᠢᠨ ᠬᠥᠮᠥᠨ ᠮᠠᠯ ᠵᠶ᠋ᠠᠨ ᠯᠡ ᠲᠦᠰᠢᠵᠦ ᠠᠮᠢᠳᠤᠷᠠᠳᠠᠭ᠂ ᠮᠠᠯᠵᠢᠬᠤ  ᠦᠢ᠍ᠯᠡᠳᠪᠦᠷᠢᠯᠡᠯ ᠪᠣᠯ ᠮᠠᠯᠵᠢᠬᠤ ᠣᠷᠣᠨ᠎ᠤ ᠭᠡᠷ ᠪᠦᠯᠢ ᠵᠢᠨ ᠡᠵᠡᠩᠨᠡᠯᠲᠡ ᠵᠢᠨ ᠤᠷᠤᠯᠭ᠎ᠠ ᠵᠢᠨ ᠭᠣᠣᠯ ᠢᠷᠡᠯᠲᠡ ᠪᠣᠯᠣᠨ᠎ᠠ᠃ ᠥᠨᠥ ᠵᠢᠯ᠎ᠤᠨ ᠬᠤᠪᠢ᠎ᠳᠤ ᠮᠠᠯ᠎ᠤᠨ ᠦᠨ᠎ᠡ ᠬᠠᠩᠰᠢ ᠶᠡᠬᠡ᠎ᠪᠠᠷ ᠪᠠᠭᠤᠷᠠᠵᠤ ᠡᠪᠡᠰᠦ ᠪᠣᠷᠳᠣᠭ᠋ᠠᠨ᠎ᠤ ᠦᠨ᠎ᠡ ᠬᠠᠩᠰᠢ ᠦᠰᠦᠨ ᠮᠠᠯᠴᠢᠳ᠎ᠤᠨ ᠡᠯ᠎ᠡ ᠵᠦᠢ᠍ᠯ᠎ᠤᠨ ᠵᠠᠷᠤᠯᠭ᠎ᠠ ᠨᠡᠮᠡᠭᠳᠡᠨ᠂ ᠵᠢᠭᠡᠯᠡᠯᠭᠡ ᠴᠦ᠍ ᠨᠡᠮᠡᠭᠳᠡᠵᠡᠢ᠃ ᠡᠨᠡ᠎ᠨᠢ ᠮᠠᠯᠴᠢᠳ᠎ᠲᠤ ᠠᠪᠴᠤ ᠬᠡᠯᠡᠪᠡᠯ ᠲᠤᠢ᠌ᠯ᠎ᠤᠨ ᠬᠦᠨᠳᠦ ᠨᠣᠴᠢᠲᠠᠢ ᠶᠠᠪᠤᠳᠠᠯ ᠪᠠᠢ᠌ᠵᠤ᠂ ᠮᠠᠯᠴᠢᠳ᠎ᠤᠨ ᠦᠢ᠍ᠯᠡᠳᠪᠦᠷᠢᠯᠡᠯ ᠠᠮᠢᠳᠤᠷᠠᠯ᠎ᠢ ᠶᠡᠬᠡᠳᠡ ᠨᠥᠯᠥᠭᠡᠯᠡᠪᠡ᠃ ᠡᠨᠡ ᠬᠦ᠌ ᠪᠠᠢ᠌ᠳᠠᠯ᠎ᠳᠤ ᠬᠠᠨᠳᠤᠭᠤᠯᠤᠨ᠂ ᠳᠡᠭᠡᠳᠦ ᠱᠠᠲᠤᠨ᠎ᠠᠴᠠ ᠮᠠᠯ ᠠᠵᠤ ᠠᠬᠤᠢ ᠵᠢ ᠲᠡᠳᠬᠦᠨ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠡᠵᠡᠩᠨᠡᠯᠲᠡ ᠬᠠᠮᠢᠶᠠᠷᠤᠯᠲᠠ᠎ᠪᠠᠨ ᠴᠢᠩᠭ᠋ᠠᠳᠬᠠᠨ᠂ ᠲᠡᠵᠢᠭᠡᠯ ᠪᠣᠷᠳᠣᠭ᠋ᠠᠨ᠎ᠤ ᠦᠨ᠎ᠡ ᠬᠠᠩᠰᠢ ᠵᠢ ᠵᠣᠬᠢᠰᠲᠠᠢ ᠪᠠᠢ᠌ᠯᠭ᠋ᠠᠬᠤ ᠵᠡᠷᠭᠡ ᠲᠠᠯ᠎ᠠ᠎ᠪᠠᠷ ᠢᠯᠡᠭᠦᠬᠡᠨ ᠬᠦᠴᠦ ᠣᠷᠣᠭᠤᠯᠵᠤ ᠮᠠᠯᠴᠢᠨ ᠲᠦᠮᠡᠨ᠎ᠤ ᠤᠷᠤᠯᠭ᠎ᠠ ᠵᠢᠨ ᠨᠡᠮᠡᠭᠳᠡᠯ᠎ᠢ ᠪᠠᠲᠤᠯᠠᠵᠤ᠂ ᠮᠠᠯᠴᠢᠳ᠎ᠤᠨ ᠳᠠᠷᠤᠭ᠋ᠠᠰᠤ ᠵᠢ ᠬᠥᠩᠭᠡᠯᠡᠬᠦ ᠵᠢ ᠬᠦᠰᠡᠵᠦ ᠪᠠᠢ᠌ᠨ᠎ᠠ》 ᠭᠡᠯ᠎ᠡ᠃

      ᠲᠥᠯᠥᠭᠡᠯᠡᠭᠴᠢ ᠰᠠᠨ᠎ᠠ ᠵᠢᠨ ᠳᠤᠷᠠᠳᠤᠭᠰᠠᠨ ᠰᠠᠨᠠᠯ ᠵᠥᠪᠯᠡᠯᠭᠡ᠎ᠨᠢ ᠡᠷᠲᠡ ᠡᠳᠦᠷ ᠪᠡᠶᠡᠯᠡᠯ ᠵᠶ᠋ᠠᠨ ᠣᠯᠵᠤ᠂ ᠥᠷᠭᠡᠨ ᠤᠯᠠᠨ ᠮᠠᠯᠴᠢᠳ᠎ᠲᠤ ᠨᠡᠩ ᠤᠯᠠᠨ ᠠᠰᠢᠭ ᠬᠦᠷᠲᠡᠭᠡᠬᠦ ᠵᠢ ᠬᠦᠰᠡᠶ᠎ᠡ!

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ
          
ᠬᠠᠮᠢᠶ᠎ᠡ ᠪᠦᠬᠦᠢ ᠰᠣᠨᠢᠨ
 
            