ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠰᠤᠷᠪᠤᠯᠵᠢᠯᠠᠭ᠎ᠠ
ᠵᠢᠱ᠌ᠢᠶᠡᠴᠢ ᠥᠪᠡᠷᠲᠡᠭᠡᠨ ᠵᠠᠰᠠᠬᠤ ᠣᠷᠣᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ》 ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠬᠡᠷᠬᠢᠨ ᠪᠦᠲᠦᠭᠡᠨ ᠪᠠᠶ᠋ᠢᠭᠤᠯᠬᠤ ᠪᠤᠢ?—ᠡᠷᠬᠡ ᠰᠦᠷᠲᠦ ᠲᠠᠢ᠌ᠯᠪᠤᠷᠢ
ᠨᠡᠶ᠋ᠢᠲᠡᠯᠡᠭᠰᠡᠨ ᠴᠠᠭ᠄ 2024-02-06

      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠦᠨᠳᠦᠰᠦᠲᠡᠨ᠎ᠤ ᠪᠦᠯᠬᠦᠮᠳᠡᠯ᠎ᠤᠨ ᠦᠯᠢᠭᠡᠷ᠎ᠢ ᠰᠠᠢ᠌ᠲᠤᠷ ᠶᠠᠷᠢᠰᠤᠭ᠋ᠠᠢ

      2024 ᠣᠨ᠎ᠠᠴᠠ ᠡᠬᠢᠯᠡᠵᠦ᠂ ᠵᠢᠯ ᠪᠦᠷᠢ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ  ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ 25 ᠣᠷᠴᠢᠮ᠎ᠢ ᠪᠠᠶ᠋ᠢᠭᠤᠯᠬᠤ ᠵᠢ ᠳᠠᠮᠵᠢᠨ᠎ᠠ᠃

      ᠰᠣᠶᠣᠯ ᠮᠦᠽᠧᠢ ᠵᠢᠨ ᠲᠥᠷᠥᠯ᠂ ᠬᠤᠪᠢᠰᠬᠠᠯ᠎ᠤᠨ ᠳᠤᠷᠠᠰᠬᠠᠯ᠎ᠤᠨ ᠲᠥᠷᠥᠯ᠂ ᠵᠢᠱ᠌ᠢᠶ᠎ᠡ ᠦᠵᠡᠭᠦᠯᠵᠦ ᠡᠭᠦᠳᠦᠨ ᠪᠠᠶ᠋ᠢᠭᠤᠯᠬᠤ ᠲᠥᠷᠥᠯ ᠵᠡᠷᠭᠡ ᠠᠳᠠᠯᠢ ᠪᠤᠰᠤ ᠣᠨᠴᠠᠯᠢᠭ᠎ᠲᠠᠢ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠲᠥᠷᠥᠯ ᠬᠤᠪᠢᠶᠠᠨ ᠪᠦᠲᠦᠭᠡᠨ ᠪᠠᠢ᠌ᠭᠤᠯᠤᠨ᠎ᠠ᠃

      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠬᠢᠭᠡᠳ ᠥᠪᠡᠷᠲᠡᠭᠡᠨ ᠵᠠᠰᠠᠬᠤ ᠣᠷᠣᠨ᠎ᠤ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠎ᠪᠠᠷ ᠬᠣᠣᠰ ᠳᠤᠭᠤᠢ᠌ᠯᠠᠩ᠎ᠤᠨ ᠳᠠᠷᠤᠭ᠎ᠠ ᠪᠣᠯᠭ᠋ᠠᠭᠰᠠᠨ ᠪᠥᠬᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠤᠨ᠎ᠠ᠃ ᠦᠢ᠍ᠯᠡᠳᠦᠯᠭᠡ ᠵᠢᠨ ᠰᠠᠭᠤᠷᠢᠨ ᠭᠠᠵᠠᠷ᠎ᠲᠤ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠵᠦ᠂ 5 ᠵᠢᠯ ᠪᠦᠷᠢ᠎ᠳᠤ ᠨᠢᠭᠡ ᠤᠳᠠᠭ᠎ᠠ ᠰᠢᠯᠭ᠋ᠠᠨ ᠬᠢᠨᠠᠵᠤ ᠪᠠᠲᠤᠯᠠᠨ ᠲᠣᠭᠲᠠᠭ᠋ᠠᠨ᠎ᠠ᠃ ᠬᠣᠶᠠᠷ ᠵᠢᠯ ᠳᠠᠷᠠᠭ᠋ᠠᠯᠠᠨ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠦᠭᠡᠢ ᠪᠤᠶᠤ ᠴᠡᠭᠴᠡᠯᠡᠨ ᠰᠠᠢ᠌ᠵᠢᠷᠠᠭᠤᠯᠤᠭᠰᠠᠨ᠎ᠤ ᠳᠠᠷᠠᠭ᠎ᠠ ᠮᠥᠨ ᠬᠦ᠌ ᠪᠠᠲᠤᠯᠠᠨ ᠲᠣᠭᠲᠠᠭ᠋ᠠᠬᠤ ᠨᠥᠬᠥᠴᠡᠯ᠎ᠳᠤ ᠨᠡᠢ᠌ᠴᠡᠭᠰᠡᠨ ᠦᠭᠡᠢ ᠪᠣᠯᠪᠠᠯ᠂ ᠨᠡᠷᠡᠢ᠌ᠳᠦᠯ᠎ᠢ᠎ᠨᠢ ᠬᠦᠴᠦᠨ ᠦᠭᠡᠢ ᠪᠣᠯᠭ᠋ᠠᠨ᠎ᠠ᠃

      ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 《ᠪᠥᠬᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠲᠥᠰᠥᠯ (2023 - 2027 ᠣᠨ)》 (ᠳᠣᠷᠣᠭᠰᠢ 《ᠲᠥᠰᠥᠯ》 ᠭᠡᠵᠦ ᠲᠣᠪᠴᠢᠯᠠᠨ᠎ᠠ)᠎ᠢ ᠲᠣᠭᠲᠠᠭ᠋ᠠᠨ ᠨᠡᠢ᠌ᠲᠡᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠪᠠᠢ᠌ᠷᠢᠯᠠᠭᠤᠯᠪᠠ᠃

      ᠲᠤᠰ ᠰᠣᠨᠢᠨ᠎ᠤ ᠰᠤᠷᠪᠤᠯᠵᠢᠯᠠᠭᠴᠢ 《ᠲᠥᠰᠥᠯ》᠎ᠢ ᠲᠣᠭᠲᠠᠭ᠋ᠠᠵᠤ ᠨᠡᠢ᠌ᠲᠡᠯᠡᠭᠰᠡᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠡᠷᠬᠢᠯᠡᠭᠴᠢ ᠭᠤᠤ ᠵᠠᠨ ᠱᠧᠩ᠎ᠢ ᠰᠤᠷᠪᠤᠯᠵᠢᠯᠠᠪᠠ᠃

      ᠰᠤᠷᠪᠤᠯᠵᠢᠯᠠᠭᠴᠢ᠄ ᠲᠠ 《ᠲᠥᠰᠥᠯ》᠎ᠢ ᠨᠡᠢ᠌ᠲᠡᠯᠡᠭᠰᠡᠨ ᠠᠬᠤᠢ ᠪᠠᠢ᠌ᠳᠠᠯ᠎ᠢ ᠲᠠᠨᠢᠯᠴᠠᠭᠤᠯᠤᠭ᠋ᠠᠳ ᠥᠭᠭᠦᠨ᠎ᠡ

ᠤᠤ?

      ᠭᠤᠤ ᠵᠠᠨ ᠱᠧᠩ᠄ 2021 ᠣᠨ᠎ᠤ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷ᠎ᠡ ᠶᠡᠷᠦᠩᠬᠡᠢ ᠱᠦᠵᠢ ᠰᠢ ᠵᠢᠨ ᠫᠢᠩ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ 《ᠬᠥᠲᠥᠯᠪᠦᠷᠢ》 ᠮᠥᠨ᠂ ᠪᠤᠢ ᠪᠦᠬᠦᠢ ᠠᠵᠢᠯ᠎ᠢ ᠡᠭᠦᠨ᠎ᠳᠤ ᠲᠥᠪᠯᠡᠷᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ 2023 ᠣᠨ᠎ᠤ 6 ᠳ᠋ᠤᠭ᠋ᠠᠷ ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ᠎ᠳᠤ᠎ᠪᠠᠨ  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ ᠮᠥᠨ᠂  ᠮᠥᠨ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠲᠦᠷᠦᠯ᠎ᠤᠨ ᠠᠵᠢᠯ᠎ᠤᠨ ᠭᠣᠣᠯ ᠰᠢᠵᠢᠮ ᠮᠥᠨ᠃ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ᠂ ᠤᠯᠤᠰ ᠲᠦᠷᠦ ᠵᠢᠨ ᠪᠦᠲᠦᠭᠡᠨ ᠪᠠᠢ᠌ᠭᠤᠯᠤᠯᠲᠠ᠂ ᠰᠣᠶᠣᠯ᠎ᠤᠨ ᠪᠦᠲᠦᠭᠡᠨ ᠪᠠᠢ᠌ᠭᠤᠯᠤᠯᠲᠠ᠂ ᠨᠡᠢ᠌ᠭᠡᠮ᠎ᠤᠨ ᠪᠦᠲᠦᠭᠡᠨ ᠪᠠᠢ᠌ᠭᠤᠯᠤᠯᠲᠠ᠂ ᠠᠮᠢ ᠠᠬᠤᠢ ᠵᠢᠨ ᠪᠣᠯᠪᠠᠰᠤᠨ᠎ᠤ ᠪᠦᠲᠦᠭᠡᠨ ᠪᠠᠢ᠌ᠭᠤᠯᠤᠯᠲᠠ ᠪᠠ ᠨᠠᠮ᠎ᠤᠨ ᠪᠦᠲᠦᠭᠡᠨ ᠪᠠᠢ᠌ᠭᠤᠯᠤᠯᠲᠠ ᠵᠡᠷᠭᠡ ᠵᠢ ᠴᠥᠮ ᠡᠨᠡ ᠬᠦ᠌ ᠭᠣᠣᠯ ᠱᠤᠭᠤᠮ᠎ᠲᠠᠢ ᠨᠢᠭᠲᠠ ᠤᠶᠠᠯᠳᠤᠭᠤᠯᠵᠤ ᠥᠴᠥᠬᠡᠨ ᠴᠦ᠍ ᠬᠡᠯᠪᠡᠶ᠋ᠢᠯᠭᠡᠯᠡᠬᠦ ᠦᠭᠡᠢ ᠪᠠᠢ᠌ᠬᠤ ᠬᠡᠷᠡᠭᠲᠡᠢ ᠭᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠵᠢᠷᠭᠤᠳᠤᠭ᠋ᠠᠷ ᠪᠦᠬᠦᠳᠡ ᠬᠤᠷᠠᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠲᠤᠬᠠᠢ ᠲᠣᠭᠲᠠᠭ᠋ᠠᠯ》᠎ᠢ ᠬᠢᠨᠠᠨ ᠵᠥᠪᠯᠡᠨ ᠪᠠᠲᠤᠯᠠᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠲᠠᠯ᠎ᠠ᠎ᠪᠠᠷ ᠵᠢᠱ᠌ᠢᠶᠡᠴᠢ ᠪᠣᠯᠬᠤ ᠬᠡᠷᠡᠭᠲᠡᠢ》 ᠭᠡᠵᠦ ᠳᠤᠷᠠᠳᠴᠤ᠂ ᠪᠦᠬᠦ ᠣᠷᠣᠨ ᠳᠠᠶᠠᠭ᠋ᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠡᠯ᠎ᠡ ᠲᠦᠷᠦᠯ᠎ᠤᠨ ᠠᠵᠢᠯ᠎ᠳᠤ᠎ᠪᠠᠨ ᠲᠤᠭᠤᠰᠢᠯᠠᠭᠤᠯᠬᠤ ᠬᠡᠷᠡᠭᠲᠡᠢ ᠭᠡᠵᠦ ᠱᠠᠭ᠋ᠠᠷᠳᠠᠪᠠ᠃

      ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠲᠥᠪ ᠵᠢᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠤ ᠠᠵᠢᠯ ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠣᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠴᠢᠨᠠᠷ ᠰᠠᠢ᠌ᠲᠠᠢ ᠪᠡᠶᠡᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠦᠬᠦ ᠨᠡᠢ᠌ᠭᠡᠮ ᠪᠣᠯᠣᠨ ᠦᠨᠳᠦᠰᠦᠲᠡᠨ᠎ᠨᠦᠭᠦᠳ᠎ᠲᠤ ᠬᠠᠨᠳᠤᠭᠤᠯᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠬᠥᠮᠦᠵᠢᠯ᠎ᠢ  ᠪᠣᠳᠠᠲᠠᠢ ᠲᠥᠷᠥᠭᠳᠡᠯ᠎ᠲᠠᠢ ᠪᠦᠳᠦᠮᠵᠢᠳᠠᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ 《ᠲᠥᠰᠥᠯ》᠎ᠢ ᠲᠣᠭᠲᠠᠭ᠋ᠠᠨ ᠨᠡᠢ᠌ᠲᠡᠯᠡᠵᠦ᠂ ᠪᠦᠬᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠳᠤ ᠪᠠᠢ᠌ᠷᠢᠯᠠᠭᠤᠯᠤᠯᠲᠠ ᠬᠢᠪᠡ᠃

      ᠰᠤᠷᠪᠤᠯᠵᠢᠯᠠᠭᠴᠢ᠄ 《ᠲᠥᠰᠥᠯ》᠎ᠳᠤ ᠶᠠᠮᠠᠷ ᠶᠠᠮᠠᠷ ᠭᠣᠣᠯ ᠠᠭᠤᠯᠭ᠎ᠠ ᠪᠠᠢ᠌ᠬᠤ ᠪᠣᠶ? ᠶᠠᠮᠠᠷ  ᠶᠡᠷᠦᠩᠬᠡᠢ ᠬᠠᠷᠠᠯᠲᠠ᠎ᠳᠤ  ᠬᠦᠷᠭᠡᠬᠦ ᠪᠣᠶ?

      ᠭᠤᠤ ᠵᠠᠨ ᠱᠧᠩ᠄ 《ᠲᠥᠰᠥᠯ》᠎ᠳᠤ ᠭᠣᠣᠯᠳᠠᠭᠤ ᠵᠢᠯᠤᠭᠣᠳᠬᠤ ᠦᠵᠡᠯ ᠰᠠᠨᠠᠭ᠎ᠠ᠂ ᠠᠵᠢᠯ᠎ᠤᠨ ᠵᠠᠷᠴᠢᠮ᠂ ᠶᠡᠷᠦᠩᠬᠡᠢ ᠬᠠᠷᠠᠯᠲᠠ᠂ ᠲᠥᠷᠥᠯ ᠬᠤᠪᠢᠶᠠᠨ ᠠᠬᠢᠭᠤᠯᠬᠤ᠂ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ᠂ ᠬᠡᠷᠡᠭᠵᠢᠭᠦᠯᠬᠦ ᠠᠯᠬᠤᠮ ᠳᠠᠷᠠᠭ᠎ᠠ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠡᠷᠭᠡ ᠲᠤᠯᠤᠭ᠋ᠠᠨ ᠬᠡᠰᠡᠭ ᠠᠭᠤᠯᠭ᠎ᠠ ᠵᠢ ᠪᠠᠭᠲᠠᠭ᠋ᠠᠨ᠎ᠠ᠃ 《ᠲᠥᠰᠥᠯ》᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠣᠯ ᠰᠢᠵᠢᠮ᠎ᠢ ᠴᠢᠩᠭ᠎ᠠ ᠮᠥᠷᠳᠡᠵᠦ᠂ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢᠨ ᠰᠠᠭᠤᠷᠢᠨ ᠭᠠᠵᠠᠷ᠎ᠤᠨ ᠤᠬᠠᠭᠤᠯᠭ᠎ᠠ᠂ ᠬᠥᠮᠦᠵᠢᠯ᠂ ᠦᠢ᠍ᠯᠡᠳᠦᠯᠭᠡ᠂ ᠪᠣᠯᠪᠠᠰᠤᠷᠠᠭᠤᠯᠤᠯ ᠵᠡᠷᠭᠡ ᠭᠣᠣᠯᠯᠠᠬᠤ ᠴᠢᠳᠠᠮᠵᠢ ᠵᠢ ᠭᠦᠢ᠍ᠴᠡᠳ ᠪᠠᠳᠠᠷᠠᠭᠤᠯᠵᠤ᠂ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢᠨ ᠪᠣᠳᠠᠲᠤ ᠪᠦᠲᠦᠮᠵᠢ᠎ᠪᠠᠷ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠬᠢᠨᠠᠬᠤ ᠭᠣᠣᠯ ᠪᠠᠷᠢᠮᠵᠢᠶ᠎ᠠ ᠪᠣᠯᠭ᠋ᠠᠵᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠬᠥᠳᠡᠯᠦᠩᠭᠦᠢ ᠬᠠᠮᠢᠶᠠᠷᠤᠯᠲᠠ ᠵᠢ ᠴᠢᠩᠭ᠋ᠠᠳᠬᠠᠵᠤ᠂ ᠬᠢᠨᠠᠨ ᠰᠢᠯᠭ᠋ᠠᠬᠤ ᠪᠠᠷᠢᠮᠵᠢᠶ᠎ᠠ ᠵᠢ ᠨᠠᠷᠢᠯᠢᠭᠵᠢᠭᠤᠯᠵᠤ᠂ ᠦᠨᠡᠯᠡᠨ ᠵᠢᠱ᠌ᠢᠬᠦ ᠰᠢᠰᠲ᠋ᠧᠮ᠎ᠢ ᠰᠢᠯᠢᠳᠡᠭᠵᠢᠭᠦᠯᠵᠦ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠬᠡᠭᠰᠢᠯᠡᠬᠦᠯᠬᠦ ᠪᠣᠯᠣᠨ᠎ᠠ᠃

      《ᠲᠥᠰᠥᠯ》᠎ᠳᠤ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠨᠢ 《ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ᠎ᠲᠠᠭᠠᠨ ᠤᠷᠤᠭᠰᠢᠯᠠᠬᠤ᠂ ᠶᠡᠷᠦᠩᠬᠡᠢ ᠱᠦᠵᠢ ᠰᠢ ᠵᠢᠨ ᠫᠢᠩ᠎ᠢ ᠳᠠᠭ᠋ᠠᠵᠦ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ᠎ᠪᠠᠷ ᠦᠨᠳᠦᠰᠦᠨ ᠤᠯᠤᠰ ᠲᠦᠷᠦ ᠵᠢᠨ ᠤᠷᠢᠲᠠᠯ ᠪᠤᠯᠭ᠋ᠠᠵᠤ᠂ ᠭᠣᠣᠯ ᠰᠢᠵᠢᠮ᠎ᠢ ᠴᠢᠩᠭ᠎ᠠ ᠠᠳᠬᠤᠬᠤ᠂ ᠥᠪᠡᠷᠲᠡᠭᠡᠨ ᠵᠠᠰᠠᠬᠤ ᠣᠷᠣᠨ᠎ᠤ ᠣᠳᠣ ᠪᠠᠢ᠌ᠭ᠎ᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ ᠪᠣᠯᠣᠨ ᠡᠯ᠎ᠡ ᠱᠠᠲᠤᠨ᠎ᠤ ᠡᠯ᠎ᠡ ᠲᠥᠷᠥᠯ᠎ᠤᠨ ᠮᠦᠽᠧᠢ᠂ ᠦᠵᠡᠰᠬᠦᠯᠡᠩ᠎ᠤᠨ ᠣᠷᠳᠣᠨ᠂ ᠭᠣᠣᠯ ᠰᠡᠳᠦᠪᠲᠦ ᠴᠡᠴᠡᠷᠯᠢᠭ ᠵᠡᠷᠭᠡ ᠲᠠᠯᠠᠪᠤᠷ᠎ᠢ ᠭᠦᠢ᠍ᠴᠡᠳ ᠠᠰᠢᠭᠯᠠᠵᠤ᠂ ᠪᠣᠳᠠᠲᠤ ᠦᠵᠡᠭᠦᠯᠭᠡ᠂ ᠬᠦᠷᠦᠭ ᠵᠢᠷᠤᠭ ᠵᠶ᠋ᠠᠷ ᠳᠠᠬᠢᠨ ᠢᠯᠡᠷᠡᠭᠦᠯᠬᠦ᠂ ᠦᠵᠡᠭᠳᠡᠯ᠎ᠢ ᠳᠠᠬᠢᠨ ᠰᠡᠷᠭᠦᠭᠡᠬᠦ᠂ ᠪᠡᠶᠡᠴᠢᠯᠡᠨ ᠣᠷᠤᠯᠴᠠᠬᠤ ᠵᠡᠷᠭᠡ ᠣᠯᠠᠨ ᠡᠰᠢᠲᠦ ᠢᠯᠡᠷᠡᠭᠦᠯᠬᠦ ᠠᠷᠭ᠎ᠠ ᠬᠡᠯᠪᠡᠷᠢ᠎ᠪᠠᠷ ᠭᠦᠨᠵᠡᠭᠡᠢ ᠠᠭᠤᠳᠠᠯᠬᠤ᠂ ᠡᠮᠬᠢᠯᠡᠬᠦ᠂ ᠡᠯ᠎ᠡ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡ ᠰᠣᠶᠣᠯ᠎ᠤᠨ ᠡᠬᠢ ᠪᠠᠶᠠᠯᠢᠭ ᠪᠠ ᠬᠤᠪᠢᠰᠬᠠᠯᠲᠤ ᠤᠳᠤᠮᠰᠢᠯ᠎ᠢ ᠳᠡᠯᠭᠡᠨ ᠦᠵᠡᠭᠦᠯᠵᠦ᠂ ᠢᠳᠡᠪᠬᠢ ᠬᠦᠴᠦᠨ᠎ᠢ ᠪᠠᠳᠠᠷᠠᠭᠤᠯᠵᠤ᠂ ᠭᠣᠣᠯ ᠬᠦᠭ ᠠᠶᠠᠰ᠎ᠢ ᠴᠤᠤᠷᠢᠶᠠᠲᠤᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠯᠢᠭᠡᠷ᠎ᠢ ᠰᠠᠢ᠌ᠲᠤᠷ ᠶᠠᠷᠢᠵᠤ᠂ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠠᠮᠢᠳᠤᠯᠢᠭ ᠦᠢ᠍ᠯᠡᠳᠦᠯᠭᠡ ᠪᠠ ᠡᠯᠪᠡᠭ ᠪᠠᠶᠠᠯᠢᠭ ᠦᠷ᠎ᠡ ᠪᠦᠲᠦᠭᠡᠯ᠎ᠢ ᠪᠦᠲᠦᠭᠡᠨ ᠪᠠᠶ᠋ᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃

      《ᠲᠥᠰᠥᠯ》᠎ᠳᠤ᠂ 2024 ᠣᠨ᠎ᠠᠴᠠ ᠡᠬᠢᠯᠡᠵᠦ᠂ ᠵᠢᠯ ᠪᠦᠷᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ 25 ᠣᠷᠴᠢᠮ ᠬᠥᠮᠦᠵᠢᠯ ᠦᠢ᠍ᠯᠡᠳᠦᠯᠭᠡ ᠵᠢᠨ ᠰᠠᠭᠤᠷᠢᠨ᠎ᠢ ᠪᠠᠶ᠋ᠢᠭᠤᠯᠬᠤ ᠵᠢ ᠳᠠᠮᠵᠢᠨ᠎ᠠ᠃ 2027 ᠣᠨ ᠪᠣᠯᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ 100 ᠢᠯᠡᠭᠦᠦ   ᠪᠠᠢ᠌ᠭᠤᠯᠵᠤ᠂ ᠠᠢ᠌ᠮᠠᠭ ᠬᠤᠲᠠ᠂ ᠬᠣᠰᠢᠭᠤ ᠰᠢᠶᠠᠨ᠎ᠤ ᠱᠠᠲᠤᠨ᠎ᠤ ᠬᠥᠮᠦᠵᠢᠯ  ᠦᠢ᠍ᠯᠡᠳᠦᠯᠭᠡ ᠵᠢᠨ ᠰᠠᠭᠤᠷᠢᠨ ᠭᠠᠵᠠᠷ᠎ᠢ 500  ᠢᠯᠡᠭᠦᠦ ᠵᠢ ᠪᠠᠢ᠌ᠭᠤᠯᠵᠤ᠂ ᠪᠦᠬᠦ ᠣᠷᠣᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ  ᠬᠥᠮᠦᠵᠢᠯ  ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠰᠢᠰᠲ᠋ᠧᠮ᠎ᠢ ᠠᠩᠬ᠎ᠠ ᠠᠯᠬᠤᠮ ᠪᠠᠢ᠌ᠭᠤᠯᠤᠨ᠎ᠠ᠃ ᠡᠯ᠎ᠡ ᠰᠠᠭᠤᠷᠢᠨ ᠭᠠᠵᠠᠷ᠎ᠨᠢ  ᠪᠦᠲᠦᠮᠵᠢᠲᠡᠶ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠬᠦ᠎ᠪᠠᠷ ᠳᠠᠮᠵᠢᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠂ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠬᠥᠮᠥᠰ᠎ᠤᠨ ᠰᠡᠳᠬᠢᠯ᠎ᠳᠤ ᠨᠡᠩ ᠭᠦᠨ ᠬᠠᠳᠠᠩᠰᠢᠭᠤᠯᠵᠤ᠂ 《ᠭᠤᠷᠪᠠᠨ  ᠰᠠᠯᠵᠤ ᠪᠣᠯᠣᠰᠢ ᠦᠭᠡᠢ》᠂ 《ᠳᠥᠷᠪᠡ ᠵᠢ ᠬᠠᠮᠲᠤᠳᠬᠠᠬᠤ》᠂ 《ᠲᠠᠪᠤᠨ ᠢᠵᠢᠯᠢᠰᠢᠯ》 ᠵᠡᠷᠭᠡ ᠦᠵᠡᠯ ᠰᠠᠨᠠᠭ᠋ᠠᠨ᠎ᠤ ᠣᠢ᠌ᠯᠠᠭ᠋ᠠᠭᠳᠠᠬᠤᠨ᠎ᠢ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠰᠡᠳᠬᠢᠯ᠎ᠤᠨ ᠭᠦᠨ᠎ᠳᠤ ᠦᠨᠳᠦᠰᠦᠯᠡᠭᠦᠯᠵᠦ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠡᠬᠡ ᠣᠷᠣᠨ᠎ᠤ ᠬᠢᠯᠢ ᠬᠢᠵᠠᠭ᠋ᠠᠷ᠎ᠢ ᠬᠠᠮᠲᠤ᠎ᠪᠠᠷ ᠰᠠᠬᠢᠨ ᠬᠠᠮᠠᠭ᠋ᠠᠯᠠᠵᠤ᠂ ᠰᠠᠢ᠌ᠨ ᠰᠠᠢ᠌ᠬᠠᠨ ᠭᠡᠷ ᠣᠷᠣᠨ ᠵᠶ᠋ᠠᠨ ᠬᠠᠮᠲᠤ᠎ᠪᠠᠷ ᠪᠦᠲᠦᠭᠡᠨ ᠪᠠᠢ᠌ᠭᠤᠯᠤᠨ᠎ᠠ ᠭᠡᠵᠦ ᠲᠣᠳᠣᠷᠬᠠᠢ᠌ᠯᠠᠪᠠ᠃

      ᠰᠤᠷᠪᠤᠯᠵᠢᠯᠠᠭᠴᠢ᠄ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠬᠡᠷᠬᠢᠨ ᠰᠠᠢ᠌ᠲᠤᠷ ᠲᠥᠷᠥᠯ ᠬᠤᠪᠢᠶᠠᠨ ᠠᠬᠢᠭᠤᠯᠬᠤ ᠪᠣᠶ?

      ᠭᠤᠤ ᠵᠠᠨ ᠱᠧᠩ᠄ ᠪᠥᠬᠦ ᠣᠷᠣᠨ᠎ᠤ ᠪᠣᠳᠠᠲᠤ ᠪᠠᠢ᠌ᠳᠠᠯ᠎ᠳᠤ ᠰᠠᠭᠤᠷᠢᠯᠠᠵᠤ᠂ ᠪᠢᠳᠡ ᠰᠣᠶᠣᠯ ᠮᠦᠽᠧᠢ ᠵᠢᠨ ᠲᠥᠷᠥᠯ᠂ ᠬᠤᠪᠢᠰᠬᠠᠯ᠎ᠤᠨ ᠳᠤᠷᠠᠰᠬᠠᠯ᠎ᠤᠨ ᠲᠥᠷᠥᠯ᠂ ᠵᠢᠱ᠌ᠢᠶ᠎ᠡ ᠦᠵᠡᠭᠦᠯᠵᠦ ᠡᠭᠦᠳᠦᠨ ᠪᠠᠶ᠋ᠢᠭᠤᠯᠬᠤ ᠲᠥᠷᠥᠯ ᠵᠡᠷᠭᠡ ᠠᠳᠠᠯᠢ ᠪᠤᠰᠤ ᠣᠨᠴᠠᠯᠢᠭ᠎ᠲᠠᠢ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠲᠥᠷᠥᠯ ᠬᠤᠪᠢᠶᠠᠨ ᠪᠦᠲᠦᠭᠡᠨ ᠪᠠᠢ᠌ᠭᠤᠯᠤᠨ᠎ᠠ᠃

      ᠰᠣᠶᠣᠯ ᠮᠦᠽᠧᠢ ᠵᠢᠨ ᠲᠥᠷᠥᠯ᠎ᠤᠨ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠨᠢ ᠡᠯ᠎ᠡ ᠱᠠᠲᠤᠨ᠎ᠤ ᠡᠯ᠎ᠡ ᠲᠥᠷᠥᠯ᠎ᠤᠨ ᠮᠦᠽᠧᠢ᠂ ᠰᠣᠶᠣᠯ᠎ᠤᠨ ᠣᠷᠳᠣᠨ᠂ ᠤᠷᠠᠯᠢᠭ᠎ᠤᠨ ᠣᠷᠳᠣᠨ᠂ ᠰᠣᠶᠣᠯ ᠢᠷᠭᠡᠨᠰᠢᠯ᠎ᠤᠨ ᠦᠵᠡᠮᠵᠢ ᠵᠡᠷᠭᠡ ᠣᠯᠠᠨ ᠨᠡᠶ᠋ᠢᠲᠡ ᠵᠢᠨ ᠰᠣᠶᠣᠯ᠎ᠤᠨ ᠲᠥᠬᠦᠭᠡᠷᠦᠮᠵᠢ᠎ᠳᠤ ᠲᠦᠰᠢᠭᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠣᠶᠣᠯ᠎ᠤᠨ ᠠᠭᠤᠯᠤᠭᠳᠠᠬᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠳᠡᠯᠭᠡᠨ ᠦᠵᠡᠭᠦᠯᠭᠡ᠂ ᠤᠷᠠᠨ ᠰᠠᠢ᠌ᠬᠠᠨ᠎ᠤ ᠲᠣᠭᠯᠠᠯᠲᠠ᠂ ᠰᠣᠶᠣᠯ᠎ᠤᠨ ᠲᠠᠢ᠌ᠯᠪᠤᠷᠢᠯᠠᠯᠲᠠ ᠵᠡᠷᠭᠡ ᠠᠷᠭ᠎ᠠ ᠬᠡᠯᠪᠡᠷᠢ ᠵᠢ ᠠᠰᠢᠭᠯᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠵᠣᠷᠢᠭ ᠰᠠᠨᠠᠭ᠎ᠠ ᠪᠠ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠨ ᠤᠯᠠᠮᠵᠢᠯᠠᠵᠤ᠂ ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ᠎ᠢ ᠰᠠᠢ᠌ᠲᠤᠷ ᠶᠠᠷᠢᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠰᠠᠢ᠌ᠨ ᠬᠡᠪ ᠰᠤᠷᠲᠠᠯ᠎ᠢ ᠪᠠᠳᠠᠷᠠᠭᠤᠯᠤᠨ᠎ᠠ᠃

      ᠬᠤᠪᠢᠰᠬᠠᠯ᠎ᠤᠨ ᠳᠤᠷᠠᠰᠬᠠᠯ᠎ᠤᠨ ᠲᠥᠷᠥᠯ᠎ᠤᠨ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ ᠎ᠨᠢ ᠬᠤᠪᠢᠰᠬᠠᠯ᠎ᠤᠨ ᠳᠤᠷᠠᠰᠬᠠᠯ᠎ᠤᠨ ᠣᠷᠳᠣᠨ᠂ ᠬᠤᠪᠢᠰᠬᠠᠯ᠎ᠤᠨ ᠪᠠᠭᠤᠷᠢ᠂ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬᠥᠮᠦᠵᠢᠯ᠎ᠤᠨ ᠰᠠᠭᠤᠷᠢᠨ ᠭᠠᠵᠠᠷ᠂ ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ ᠵᠡᠷᠭᠡ᠎ᠳᠤ ᠲᠦᠰᠢᠭᠯᠡᠵᠦ᠂ ᠤᠯᠤᠰ ᠵᠶ᠋ᠠᠨ ᠬᠠᠢ᠌ᠷᠠᠯᠠᠵᠤ ᠴᠡᠷᠢᠭ ᠵᠶ᠋ᠠᠨ ᠬᠦᠷᠢᠶᠡᠯᠡᠵᠦ᠂ ᠵᠠᠰᠠᠭ ᠵᠶ᠋ᠠᠨ ᠳᠠᠮᠵᠢᠵᠤ ᠢᠷᠭᠡᠳ ᠵᠶ᠋ᠠᠨ ᠬᠠᠢ᠌ᠷᠠᠯᠠᠭᠰᠠᠨ ᠲᠡᠷᠢᠭᠦᠨ᠎ᠤ ᠨᠡᠢ᠌ᠲᠡᠯᠢᠭ ᠦᠢᠯᠡ ᠠᠵᠢᠯᠯᠠᠭ᠎ᠠ ᠵᠢ ᠥᠷᠭᠡᠨ ᠵᠶ᠋ᠠᠷ ᠤᠬᠠᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠤᠯᠤᠰ ᠵᠶ᠋ᠠᠨ ᠬᠠᠮᠠᠭ᠋ᠠᠯᠠᠬᠤ ᠬᠠᠷᠢᠭᠤᠴᠠᠯᠭ᠋ᠠᠲᠤ ᠰᠡᠳᠬᠢᠯᠭᠡ ᠵᠢ ᠬᠥᠭᠵᠢᠭᠡᠵᠦ᠂ ᠦᠨᠳᠦᠰᠦᠲᠡᠨ᠎ᠨᠦᠭᠦᠳ᠎ᠤᠨ ᠡᠬᠡ ᠤᠯᠤᠰ᠎ᠤᠨ ᠤᠮᠠᠷᠠᠲᠤ ᠬᠢᠯᠢ ᠵᠢ ᠬᠠᠮᠲᠤ᠎ᠪᠠᠷ ᠰᠠᠢ᠌ᠲᠤᠷ ᠰᠠᠬᠢᠨ ᠬᠠᠮᠠᠭ᠋ᠠᠯᠠᠳᠠᠭ ᠦᠨᠳᠦᠰᠦᠲᠡᠨ᠎ᠤ ᠪᠦᠯᠬᠦᠮᠳᠡᠯ᠎ᠤᠨ ᠣᠷᠳᠣ ᠴᠠᠭ᠋ᠠᠨ ᠬᠡᠷᠡᠮ᠎ᠢ ᠪᠠᠢ᠌ᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠨ᠎ᠠ᠃

      ᠵᠢᠱ᠌ᠢᠶ᠎ᠡ ᠦᠵᠡᠭᠦᠯᠵᠦ ᠡᠭᠦᠳᠦᠨ ᠪᠠᠶ᠋ᠢᠭᠤᠯᠬᠤ ᠲᠥᠷᠥᠯ᠎ᠤᠨ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠨᠢ ᠬᠤᠲᠠ ᠵᠢᠨ ᠨᠡᠢ᠌ᠭᠡᠮ ᠲᠣᠭᠣᠷᠢᠭ᠂ ᠮᠠᠯᠵᠢᠬᠤ ᠲᠠᠷᠢᠶᠠᠯᠠᠬᠤ ᠣᠷᠣᠨ᠎ᠤ ᠭᠠᠴᠠᠭ᠎ᠠ ᠲᠣᠰᠬᠤᠨ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠎ᠳᠤ ᠲᠦᠰᠢᠭᠯᠡᠵᠦ᠂ ᠬᠠᠷᠢᠯᠴᠠᠨ ᠰᠢᠬᠢᠳᠬᠡᠯᠳᠦ ᠮᠠᠶᠢᠭ᠎ᠤᠨ ᠨᠡᠢ᠌ᠭᠡᠮ᠎ᠤᠨ ᠪᠦᠲᠦᠴᠡ ᠪᠠ ᠨᠡᠢ᠌ᠭᠡᠮ ᠲᠣᠭᠣᠷᠢᠭ᠎ᠤᠨ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠬᠠᠮᠲᠤ᠎ᠪᠠᠷ ᠠᠳᠠᠯ ᠦᠢ᠍ᠯᠡᠰ ᠴᠣᠭᠴᠠᠯᠠᠬᠤ᠂ ᠶᠠᠳᠠᠭᠤ ᠬᠦᠴᠢᠷᠳᠡᠯᠲᠡᠢ ᠵᠢ ᠲᠤᠰᠠᠯᠠᠨ ᠳᠡᠮᠵᠢᠬᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠭᠠᠵᠠᠷ ᠣᠷᠣᠨ (ᠨᠢᠭᠡᠴᠢ)᠎ᠢ ᠡᠭᠦᠳᠦᠨ ᠪᠠᠢ᠌ᠭᠤᠯᠤᠨ᠎ᠠ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤ᠎ᠪᠠᠷ ᠣᠷᠣᠰᠢᠨ ᠰᠠᠭᠤᠷᠢᠰᠢᠬᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ   ᠪᠠᠶ᠋ᠢᠭᠤᠯᠬᠤ ᠬᠠᠮᠲᠤ᠎ᠪᠠᠷ ᠭᠥᠷᠳᠡᠬᠦ᠂ ᠬᠠᠮᠲᠤ᠎ᠪᠠᠷ ᠠᠵᠢᠯᠯᠠᠬᠤ ᠬᠠᠮᠲᠤ᠎ᠪᠠᠷ ᠵᠢᠷᠭ᠋ᠠᠬᠤ ᠨᠡᠢ᠌ᠭᠡᠮ᠎ᠤᠨ ᠣᠷᠴᠢᠨ ᠨᠥᠬᠥᠴᠡᠯ᠎ᠢ ᠪᠦᠷᠢᠯᠳᠦᠭᠦᠯᠬᠦ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠣᠳᠠᠲᠠᠢ ᠲᠥᠷᠥᠭᠳᠡᠯ᠎ᠲᠠᠢ ᠪᠦᠲᠦᠮᠵᠢᠲᠡᠶ᠎ᠪᠠᠷ ᠪᠠᠲᠤᠳᠬᠠᠨ᠎ᠠ᠃

      ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠲᠦᠯᠬᠢᠨ ᠠᠬᠢᠭᠤᠯᠬᠤ ᠶᠠᠪᠤᠴᠠ᠎ᠳᠤ᠂ ᠪᠢᠳᠡ ᠵᠦᠢ ᠵᠣᠬᠢᠰᠲᠠᠢ ᠪᠠᠢ᠌ᠷᠢᠯᠠᠭᠤᠯᠬᠤ ᠵᠢ ᠪᠣᠳᠣᠯᠬᠢᠯᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠵᠶ᠋ᠠᠷ ᠤᠬᠠᠭᠤᠯᠭ᠎ᠠ ᠬᠥᠮᠦᠵᠢᠯ ᠪᠣᠯᠣᠨ ᠦᠢ᠍ᠯᠡᠴᠢᠯᠡᠬᠦ ᠡᠲᠡᠭᠡᠳ ᠵᠶ᠋ᠠᠨ ᠪᠣᠯᠭ᠋ᠠᠵᠤ᠂ ᠣᠷᠣᠨ ᠪᠦᠰᠡ᠂ ᠠᠵᠢᠯ ᠲᠥᠷᠥᠯ᠂ ᠬᠥᠮᠥᠨ ᠠᠮᠠ ᠵᠢᠨ ᠲᠠᠷᠬᠠᠯᠲᠠ ᠵᠢᠨ ᠣᠨᠴᠠᠯᠢᠭ ᠪᠣᠯᠣᠨ ᠲᠡᠦᠬᠡ ᠰᠣᠶᠣᠯ᠎ᠤᠨ ᠡᠬᠢ ᠪᠠᠶᠠᠯᠢᠭ᠎ᠢ ᠭᠦᠢ᠍ᠴᠡᠳ ᠪᠣᠳᠣᠯᠬᠢᠯᠠᠵᠤ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠵᠦᠢ ᠵᠣᠬᠢᠰᠲᠠᠢ ᠪᠠᠢ᠌ᠷᠢᠯᠠᠭᠤᠯᠵᠤ᠂ ᠨᠢᠭᠡᠳᠦᠯᠲᠡᠢ ᠲᠥᠯᠥᠪᠵᠢᠭᠦᠯᠵᠦ᠂ ᠪᠦᠬᠦᠯᠢ ᠴᠣᠭᠴᠠ᠎ᠪᠠᠷ᠎ᠨᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠤᠲᠠ᠂ ᠬᠣᠰᠢᠭᠤ ᠰᠢᠶᠠᠨ (ᠬᠤᠲᠠ᠂ ᠲᠣᠭᠣᠷᠢᠭ)᠎ᠤ ᠪᠦᠬᠦ ᠣᠷᠣᠨ ᠪᠦᠰᠡ ᠵᠢ ᠬᠠᠮᠤᠷᠴᠤ᠂ ᠪᠦᠬᠦ ᠠᠷᠠᠳ᠎ᠤᠨ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠰᠢᠰᠲ᠋ᠧᠮ᠎ᠢ ᠪᠠᠶ᠋ᠢᠭᠤᠯᠬᠤ ᠬᠡᠷᠡᠭᠲᠡᠢ ᠭᠡᠵᠦ ᠳᠤᠷᠠᠳᠪᠠ᠃ ᠡᠯ᠎ᠡ ᠭᠠᠵᠠᠷ᠎ᠤᠨ᠎ᠬᠢᠨ ᠳᠠᠪᠠᠭᠤᠯᠢᠭ ᠲᠠᠯ᠎ᠠ᠎ᠪᠠᠨ ᠪᠠᠳᠠᠷᠠᠭᠤᠯᠤᠨ ᠬᠦᠷᠦᠯᠴᠡᠬᠦ ᠦᠭᠡᠢ ᠲᠠᠯ᠎ᠠ᠎ᠪᠠᠨ ᠨᠥᠬᠥᠪᠦᠷᠢᠯᠡᠵᠦ᠂ ᠴᠢᠳᠠᠮᠵᠢ᠎ᠪᠠᠨ ᠲᠡᠭᠦᠯᠳᠡᠷᠵᠢᠭᠦᠯᠵᠦ᠂ ᠠᠳᠠᠯᠢ ᠪᠤᠰᠤ ᠲᠥᠷᠥᠯ ᠬᠡᠯᠪᠡᠷᠢ ᠵᠢᠨ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠬᠠᠷᠢᠯᠴᠠᠨ ᠨᠥᠬᠥᠪᠦᠷᠢᠯᠡᠬᠦ ᠪᠠᠢ᠌ᠷᠢᠰᠢᠯ᠎ᠢ ᠪᠣᠶ ᠪᠣᠯᠭ᠋ᠠᠬᠤ ᠬᠡᠷᠡᠭᠲᠡᠢ᠃ ᠡᠯ᠎ᠡ ᠲᠥᠷᠥᠯ᠎ᠤᠨ ᠰᠠᠭᠤᠷᠢᠨ ᠭᠠᠵᠠᠷ᠎ᠤᠨ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢᠨ ᠮᠡᠳᠡᠭᠡ ᠵᠠᠩᠭᠢᠴᠢᠯᠠᠬᠤ᠂ ᠳ᠋ᠢᠵᠢᠲ᠋ᠠᠯᠵᠢᠭᠤᠯᠬᠤ᠂ ᠲᠣᠣᠷ ᠰᠦᠯᠵᠢᠶᠡᠵᠢᠭᠦᠯᠬᠦ ᠪᠠᠢ᠌ᠭᠤᠯᠤᠯᠲᠠ ᠵᠢ ᠠᠬᠢᠭᠤᠯᠵᠤ᠂ ᠣᠨᠴᠠᠯᠢᠭ᠎ᠲᠠᠢ᠂ ᠭᠢᠯᠠᠰ  ᠴᠡᠭ᠎ᠲᠠᠢ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢᠨ ᠰᠢᠨ᠎ᠡ ᠵᠢ ᠡᠭᠦᠳᠴᠦ᠂ ᠨᠥᠯᠥᠭᠡᠯᠡᠬᠦ ᠬᠦᠴᠦᠨ᠎ᠢ᠎ᠨᠢ ᠬᠠᠮᠤᠭ ᠎ᠤᠨ ᠶᠡᠬᠡ ᠬᠡᠮᠵᠢᠶ᠎ᠡ᠎ᠪᠠᠷ ᠨᠡᠮᠡᠭᠳᠡᠭᠦᠯᠦᠨ᠎ᠡ᠃

      ᠰᠤᠷᠪᠤᠯᠵᠢᠯᠠᠭᠴᠢ᠄ ᠰᠠᠭᠤᠷᠢᠨ ᠭᠠᠵᠠᠷ᠎ᠤᠨ ᠬᠠᠮᠢᠶᠠᠷᠤᠯᠲᠠ ᠵᠢᠨ ᠲᠠᠯ᠎ᠠ᠎ᠪᠠᠷ ᠶᠠᠮᠠᠷ ᠬᠡᠯᠪᠡᠷᠢ ᠵᠢᠨ ᠲᠤᠷᠰᠢᠯᠭ᠎ᠠ ᠪᠣᠯᠣᠨ ᠠᠷᠭ᠎ᠠ ᠬᠢᠳᠡᠯ ᠪᠠᠢ᠌ᠬᠤ ᠪᠣᠶ?

      ᠭᠤᠤ ᠵᠠᠨ ᠱᠧᠩ᠄ ᠠᠵᠢᠯ ᠵᠶ᠋ᠠᠨ ᠨᠡᠩ ᠰᠠᠢ᠌ᠲᠤᠷ ᠠᠬᠢᠭᠤᠯᠬᠤ ᠵᠢᠨ ᠲᠥᠯᠥᠭᠡ᠂ ᠪᠢᠳᠠ ᠲᠤᠰᠬᠠᠢ᠌ᠯᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠬᠤᠪᠢᠳᠠᠨ ᠬᠠᠮᠢᠶᠠᠷᠴᠤ ᠪᠠᠢ᠌ᠭ᠎ᠠ ᠳᠡᠳ᠋ ᠲᠡᠷᠢᠭᠦᠯᠡᠭᠴᠢ᠎ᠪᠠᠷ ᠬᠣᠣᠰ ᠳᠤᠭᠤᠢ᠌ᠯᠠᠩ᠎ᠤᠨ ᠳᠠᠷᠤᠭ᠎ᠠ ᠪᠣᠯᠭ᠋ᠠᠭᠰᠠᠨ ᠪᠦᠬᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠪᠠ᠃ ᠡᠯ᠎ᠡ ᠠᠢ᠌ᠮᠠᠭ ᠬᠤᠲᠠ ᠵᠢᠨ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠦᠨᠳᠦᠰᠦᠲᠡᠨ᠎ᠤ ᠵᠥᠪᠯᠡᠯ ᠴᠦ᠍ ᠵᠣᠬᠢᠴᠠᠩᠭᠤᠢ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠪᠠᠢ᠌ᠭᠤᠯᠵᠤ᠂ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠰᠠᠢ᠌ᠲᠤᠷ ᠵᠣᠬᠢᠶᠠᠨ ᠪᠠᠢ᠌ᠭᠤᠯᠵᠤ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠳᠠᠯᠠᠵᠤ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠵᠢᠯᠣᠭᠣᠳᠤᠨ ᠪᠦᠬᠦ ᠨᠡᠢ᠌ᠭᠡᠮ᠎ᠳᠤ ᠬᠠᠨᠳᠤᠭᠤᠯᠤᠭᠰᠠᠨ ᠤᠬᠠᠭᠤᠯᠭ᠎ᠠ ᠬᠥᠮᠦᠵᠢᠯ᠎ᠤᠨ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠵᠦ᠂ ᠲᠡᠷᠢᠭᠦᠨ᠎ᠤ ᠨᠡᠢ᠌ᠲᠡᠯᠢᠭ ᠲᠤᠷᠰᠢᠯᠭ᠎ᠠ ᠵᠢ ᠪᠣᠢ᠌ᠵᠢᠭᠤᠯᠤᠨ ᠳᠡᠯᠭᠡᠷᠡᠭᠦᠯᠵᠦ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠵᠤ ᠪᠤᠢ᠃ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠡᠷᠡᠭᠵᠢᠭᠦᠯᠬᠦ ᠠᠯᠬᠤᠮ ᠳᠠᠷᠠᠭ᠎ᠠ᠎ᠳᠤ ᠭᠣᠣᠯᠳᠠᠭᠤ᠂ ᠲᠠᠨᠢᠯᠴᠠᠭᠤᠯᠤᠨ ᠳᠡᠪᠰᠢᠭᠦᠯᠬᠦ᠂ ᠠᠩᠬ᠎ᠠ ᠰᠢᠯᠭ᠋ᠠᠬᠤ᠂ ᠬᠢᠨᠠᠨ ᠲᠣᠭᠲᠠᠭ᠋ᠠᠬᠤ᠂ ᠨᠡᠷᠡᠢ᠌ᠳᠬᠦ ᠵᠡᠷᠭᠡ 4 ᠱᠠᠲᠤ ᠪᠠᠭᠲᠠᠨ᠎ᠠ᠃ ᠪᠢᠳᠡ ᠰᠠᠭᠤᠷᠢᠨ ᠭᠠᠵᠠᠷ᠎ᠢ ᠪᠠᠲᠤᠯᠠᠨ ᠲᠣᠭᠲᠠᠭ᠋ᠠᠬᠤ ᠨᠠᠷᠢᠨ ᠲᠣᠳᠣᠷᠬᠠᠢ ᠨᠥᠬᠥᠴᠡᠯ᠎ᠢ ᠲᠣᠭᠲᠠᠭ᠋ᠠᠵᠤ᠂ ᠠᠩᠬᠠᠨ᠎ᠤ ᠰᠢᠯᠭ᠋ᠠᠯᠲᠠ ᠵᠢ ᠥᠩᠭᠡᠷᠡᠭᠦᠯᠦᠭᠰᠡᠨ ᠰᠠᠭᠤᠷᠢᠨ ᠭᠠᠵᠠᠷ᠎ᠲᠤ ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠤᠨ ᠦᠨᠡᠯᠡᠯᠲᠡ ᠬᠢᠯᠭᠡᠵᠦ᠂ ᠳᠡᠯᠭᠡᠨ ᠦᠵᠡᠭᠦᠯᠬᠦ ᠠᠭᠤᠯᠭ᠎ᠠ ᠵᠢ ᠴᠢᠩᠭ᠎ᠠ ᠠᠳᠬᠤᠵᠤ᠂ ᠬᠠᠮᠤᠭ ᠡᠴᠦᠰ᠎ᠲᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠨᠡᠷᠡᠢ᠌ᠳᠬᠦ᠎ᠪᠠᠷ ᠪᠠᠢ᠌ᠭ᠎ᠠ ᠰᠠᠭᠤᠷᠢᠨ ᠭᠠᠵᠠᠷ᠎ᠲᠤ 《ᠪᠥᠬᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ》 ᠭᠡᠬᠦ ᠫᠠᠢ᠌ᠰᠠ ᠣᠯᠭᠣᠬᠤ ᠪᠣᠯᠣᠨ᠎ᠠ᠃

      ᠦᠢ᠍ᠯᠡᠳᠦᠯᠭᠡ ᠵᠢᠨ ᠰᠠᠭᠤᠷᠢᠨ ᠭᠠᠵᠠᠷ᠎ᠲᠤ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠵᠦ᠂ 5 ᠵᠢᠯ ᠪᠦᠷᠢ᠎ᠳᠤ ᠨᠢᠭᠡ ᠤᠳᠠᠭ᠎ᠠ ᠰᠢᠯᠭ᠋ᠠᠨ ᠬᠢᠨᠠᠵᠤ ᠪᠠᠲᠤᠯᠠᠨ ᠲᠣᠭᠲᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ ᠵᠢᠯ ᠪᠦᠷᠢ ᠪᠦᠬᠦ ᠣᠷᠣᠨ᠎ᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠲᠤ ᠣᠨ᠎ᠤ ᠬᠢᠨᠠᠨ ᠰᠢᠯᠭ᠋ᠠᠯᠲᠠ ᠬᠢᠵᠦ᠂ ᠣᠨ᠎ᠤ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠦᠭᠡᠢ ᠪᠣᠯ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠤᠨ᠎ᠠ; ᠬᠣᠶᠠᠷ ᠵᠢᠯ ᠳᠠᠷᠠᠭ᠋ᠠᠯᠠᠨ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠦᠭᠡᠢ ᠪᠤᠶᠤ ᠴᠡᠭᠴᠡᠯᠡᠨ ᠰᠠᠢ᠌ᠵᠢᠷᠠᠭᠤᠯᠤᠭᠰᠠᠨ᠎ᠤ ᠳᠠᠷᠠᠭ᠎ᠠ ᠮᠥᠨ ᠬᠦ᠌ ᠪᠠᠲᠤᠯᠠᠨ ᠲᠣᠭᠲᠠᠭ᠋ᠠᠬᠤ ᠨᠥᠬᠥᠴᠡᠯ᠎ᠳᠤ ᠨᠡᠢ᠌ᠴᠡᠭᠰᠡᠨ ᠦᠭᠡᠢ ᠪᠣᠯᠪᠠᠯ ᠨᠡᠷᠡᠢ᠌ᠳᠦᠯ᠎ᠢ᠎ᠨᠢ ᠬᠦᠴᠦᠨ ᠦᠭᠡᠢ ᠪᠣᠯᠭ᠋ᠠᠨ᠎ᠠ᠃

ᠢᠷᠡᠯᠲᠡ᠄ ᠥᠪᠥᠷ ᠮᠣᠩᠭᠣᠯ᠎ᠤᠨ ᠦᠨᠳᠦᠰᠦᠲᠡᠨ ᠰᠡᠳᠬᠦᠯ ᠸᠢᠴᠠᠲ ᠤᠯᠠᠨ ᠨᠡᠶ᠋ᠢᠳᠡ ᠵᠢᠨ ᠳ᠋ᠤᠭ᠋ᠠᠷ
          
ᠬᠠᠮᠢᠶ᠎ᠡ ᠪᠦᠬᠦᠢ ᠰᠣᠨᠢᠨ
 
            