
ᠰᠣᠷᠪᠤᠯᠵᠢᠯᠠᠭᠰᠠᠨ ᠬᠦᠨᠳᠦᠲᠦ ᠵᠣᠴᠢᠨ᠄ ᠬᠦᠬᠡᠬᠣᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠳᠥᠷᠪᠡᠳᠦᠭᠡᠷ ᠳᠡᠰ᠎ᠤᠨ ᠪᠠᠢ᠌ᠴᠠᠭ᠋ᠠᠨ ᠰᠤᠳᠤᠯᠤᠭᠴᠢ ᠯᠢᠦ ᠬᠤᠩ ᠯᠦᠩ ᠂ ᠠᠮᠤ ᠪᠤᠳᠠᠭ᠋ᠠᠨ᠎ᠤ ᠲᠥᠯᠦᠪᠵᠢᠭᠦᠯᠭᠡ ᠪᠠ ᠠᠵᠤ ᠦᠢ᠍ᠯᠡᠰ᠎ᠤᠨ ᠬᠥᠭᠵᠢᠯᠲᠡ ᠵᠢᠨ ᠰᠠᠯᠠᠭ᠋ᠠᠨ᠎ᠤ ᠳᠠᠷᠤᠭ᠎ᠠ ᠭᠤᠤ ᠶᠠᠩ ᠂ ᠠᠮᠤ ᠪᠤᠳᠠᠭ᠋ᠠᠨ᠎ᠤ ᠲᠣᠬᠢᠷᠠᠭᠤᠯᠤᠯ ᠡᠵᠡᠮᠳᠡᠯ᠎ᠤᠨ ᠰᠠᠯᠠᠭ᠋ᠠᠨ᠎ᠤ ᠳᠠᠷᠤᠭ᠎ᠠ ᠢᠦᠢ ᠲᠤᠤ ᠂ ᠠᠮᠤ ᠪᠤᠳᠠᠭ᠎ᠠ ᠨᠥᠭᠡᠴᠡᠯᠡᠬᠦ ᠰᠠᠯᠠᠭ᠋ᠠᠨ᠎ᠤ ᠳᠡᠳ᠋ ᠳᠠᠷᠤᠭ᠎ᠠ ᠶᠦᠨ ᠡᠾᠦ᠋ᠢ ᠹᠧᠨ ᠃
ᠰᠣᠷᠪᠤᠯᠵᠢᠯᠠᠭᠰᠠᠨ ᠴᠠᠭ ᠄ 2024 - 06 - 28
ᠰᠦᠯᠵᠢᠶᠡᠨ᠎ᠳᠤ ᠭᠠᠷᠤᠭᠰᠠᠨ ᠨᠢᠭᠡᠴᠡ ᠄ ᠬᠥᠬᠡᠬᠤᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ
ᠬᠥᠲᠥᠯᠥᠭᠴᠢ ᠄ ᠠᠮᠤ ᠪᠤᠳᠠᠭ᠋ᠠᠨ᠎ᠤ ᠠᠮᠤᠷ ᠲᠦᠪᠰᠢᠨ ᠪᠣᠯ 《 ᠤᠯᠤᠰ᠎ᠤᠨ ᠶᠡᠬᠡ ᠶᠠᠪᠤᠳᠠᠯ 》 ᠮᠥᠨ ᠂ ᠠᠮᠤ ᠪᠤᠳᠠᠭ᠎ᠠ ᠪᠣᠯ ᠤᠯᠤᠰ᠎ᠤᠨ ᠠᠵᠤ ᠠᠬᠤᠢ ᠠᠷᠠᠳ᠎ᠤᠨ ᠠᠮᠢᠳᠤᠷᠠᠯ ᠪᠠ ᠤᠯᠤᠰ᠎ᠤᠨ ᠠᠵᠤ ᠠᠬᠤᠢ ᠵᠢᠨ ᠠᠮᠤᠷ ᠲᠦᠪᠰᠢᠨ᠎ᠳᠤ ᠬᠣᠯᠪᠣᠭᠳᠠᠬᠤ ᠴᠢᠬᠤᠯᠠ ᠪᠠᠢ᠌ᠯᠳᠤᠬᠤ ᠪᠣᠳᠣᠯᠭ᠎ᠠ ᠵᠢᠨ ᠡᠳ᠋ ᠪᠣᠳᠠᠰ ᠮᠥᠨ ᠪᠥᠭᠡᠳ ᠪᠠᠰᠠ ᠴᠤ᠌ ᠠᠷᠠᠳ ᠣᠯᠠᠨ᠎ᠤ ᠬᠠᠮᠤᠭ᠎ᠤᠨ ᠦᠨᠳᠦᠰᠦᠨ ᠠᠮᠢᠳᠤᠷᠠᠯ᠎ᠤᠨ ᠮᠠᠲ᠋ᠧᠷᠢᠶᠠᠯ ᠮᠥᠨ ᠂ ᠨᠡᠢ᠌ᠭᠡᠮ᠎ᠤᠨ ᠡᠶ᠎ᠡ ᠵᠣᠬᠢᠴᠠᠩᠭᠤᠢ ᠂ ᠤᠯᠤᠰ ᠲᠥᠷᠥ ᠵᠢᠨ ᠲᠣᠭᠲᠠᠭᠤᠨ ᠂ ᠠᠵᠤ ᠠᠬᠤᠢ ᠵᠢᠨ ᠬᠥᠭᠵᠢᠯᠲᠡ᠎ᠲᠠᠢ ᠨᠢᠭᠲᠠ ᠬᠤᠯᠪᠣᠭ᠎ᠠ᠎ᠲᠠᠢ ᠶᠤᠮ ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠭᠡᠯ᠎ᠳᠤ ᠳᠤᠷᠠᠳᠤᠭᠰᠠᠨ ᠨᠢ᠂ ᠬᠠᠮ ᠢᠳᠡᠭᠡᠨ᠎ᠤ ᠦᠵᠡᠯᠲᠡ ᠵᠢ ᠪᠤᠢ ᠪᠣᠯᠭ᠋ᠠᠵᠤ᠂ ᠲᠥᠬᠥᠭᠡᠷᠦᠮᠵᠢᠲᠦ ᠲᠠᠷᠢᠶᠠᠯᠠᠩ᠎ᠢ ᠬᠦᠭᠵᠢᠭᠦᠯᠵᠦ ᠂ ᠢᠳᠡᠭᠡᠨ᠎ᠤ ᠤᠯᠠᠨ ᠡᠰᠢᠲᠦ ᠬᠠᠩᠭ᠋ᠠᠯᠭ᠎ᠠ ᠵᠢᠨ ᠰᠢᠰᠲᠸᠮᠵᠢ ᠵᠢ ᠪᠠᠢ᠌ᠭᠤᠯᠬᠤ ᠬᠡᠷᠡᠭᠲᠡᠢ ᠃ ᠡᠨᠡ᠎ᠨᠢ ᠰᠢᠨ᠎ᠡ ᠴᠠᠭ ᠦᠶ᠎ᠡ᠎ᠳᠤ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠵᠤ ᠂ ᠠᠷᠠᠳ ᠣᠯᠠᠨ᠎ᠤ ᠡᠳᠦᠷ ᠢᠷᠡᠬᠦᠶ᠎ᠡ ᠣᠯᠠᠨ ᠡᠰᠢᠵᠢᠵᠦ ᠪᠠᠢ᠌ᠭ᠎ᠠ ᠢᠳᠡᠭᠡᠨ᠎ᠤ ᠬᠡᠷᠡᠭᠯᠡᠭᠡᠨ᠎ᠤ ᠬᠡᠷᠡᠭᠴᠡᠭᠡ ᠵᠢ ᠨᠠᠩ ᠰᠠᠢ᠌ᠲᠤᠷ ᠬᠠᠩᠭ᠋ᠠᠬᠤ᠎ᠳᠤ ᠲᠤᠢ᠌ᠯ᠎ᠤᠨ ᠴᠢᠬᠤᠯᠠ ᠦᠢ᠍ᠯᠡᠳᠦᠯᠭᠡ ᠵᠢᠨ ᠵᠢᠯᠤᠭᠣᠳᠬᠤ ᠠᠴᠢ ᠬᠣᠯᠪᠣᠭᠳᠠᠯ᠎ᠲᠠᠢ ᠶᠤᠮ ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠢᠮᠠᠭᠲᠠ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠨᠡᠢ᠌ᠳᠡᠮ ᠠᠩᠬᠠᠷᠴᠤ ᠪᠠᠢ᠌ᠭ᠎ᠠ ᠴᠢᠬᠤᠯᠠ ᠶᠡᠬᠡ ᠰᠡᠳᠦᠪ ᠪᠣᠯᠣᠭᠰᠠᠭ᠋ᠠᠷ ᠢᠷᠡᠵᠡᠶ ᠃
ᠬᠥᠬᠡᠬᠤᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ( ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ )᠎ᠨᠢ ᠠᠮᠤ ᠪᠤᠳᠠᠭ᠋ᠠᠨ᠎ᠤ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ ᠂ ᠬᠥᠬᠡᠬᠤᠲᠠ ᠵᠢᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠶᠡᠷᠦᠩᠬᠡᠢ ᠪᠠᠢ᠌ᠳᠠᠯ᠎ᠨᠢ ᠶᠠᠮᠠᠷ ᠪᠣᠶ ?
ᠬᠦᠨᠳᠦᠲᠦ ᠵᠣᠴᠢᠨ — ᠬᠥᠬᠡᠬᠤᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠳᠥᠷᠪᠡᠳᠦᠭᠡᠷ ᠳᠡᠰ᠎ᠤᠨ ᠪᠠᠢ᠌ᠴᠠᠭ᠋ᠠᠨ ᠰᠤᠳᠤᠯᠤᠭᠴᠢ ᠯᠢᠦ ᠬᠤᠩ ᠯᠦᠩ᠄ ᠬᠦᠲᠦᠯᠦᠭᠴᠢ᠂ ᠰᠣᠨᠤᠰᠤᠭᠴᠢᠳ ᠳᠠᠶᠠᠭ᠋ᠠᠷ ᠵᠶ᠋ᠠᠨ ᠰᠠᠢ᠌ᠨ ᠪᠠᠢ᠌ᠨ᠎ᠠ ᠤᠤ! ᠡᠨᠡ ᠡᠳᠦᠷ ᠲᠣᠩ ᠢᠷᠠᠭᠤ ᠠᠯᠳᠠᠷᠲᠠᠢ᠎ᠪᠠᠷ ᠫᠷᠣᠭ᠌ᠷᠠᠮ᠎ᠳᠤ ᠵᠣᠴᠢᠯᠠᠵᠤ ᠣᠯᠠᠨ᠎ᠲᠠᠢ᠎ᠪᠠᠨ ᠶᠠᠷᠢᠯᠴᠠᠬᠤ᠎ᠪᠠᠷ ᠪᠠᠢ᠌ᠨ᠎ᠠ ᠃ ᠶᠠᠭᠤᠨ᠎ᠤ ᠡᠮᠦᠨ᠎ᠡ ᠪᠢ ᠬᠥᠬᠡᠬᠤᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠡᠮᠦᠨ᠎ᠡ᠎ᠠᠴᠠ ᠣᠷᠣᠨ᠎ᠤ ᠲᠥᠪ᠎ᠤᠨ ᠠᠮᠤ ᠪᠤᠳᠠᠭ᠎ᠠ ᠨᠥᠭᠡᠴᠡᠯᠡᠬᠦ ᠠᠵᠢᠯ᠎ᠢ ᠬᠠᠯᠠᠮᠵᠢᠯᠠᠨ ᠳᠡᠮᠵᠢᠭᠰᠡᠨ ᠨᠡᠢ᠌ᠭᠡᠮ᠎ᠤᠨ ᠡᠯ᠎ᠡ ᠡᠲᠡᠭᠡᠳ ᠪᠣᠯᠣᠨ ᠥᠷᠭᠡᠨ ᠣᠯᠠᠨ ᠨᠠᠢ᠌ᠵᠠ ᠨᠥᠬᠥᠳ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠢᠯᠡᠳᠭᠡᠵᠦ ᠪᠠᠢ᠌ᠨ᠎ᠠ! ᠠᠮᠤ ᠪᠤᠳᠠᠭ᠋ᠠᠨ᠎ᠤ ᠠᠮᠤᠷ ᠲᠦᠪᠰᠢᠨ ᠪᠣᠯ ᠠᠵᠤ ᠠᠬᠤᠢ ᠵᠢᠨ ᠬᠥᠭᠵᠢᠯᠲᠡ ᠪᠠ ᠨᠡᠢ᠌ᠭᠡᠮ᠎ᠤᠨ ᠲᠣᠭᠲᠠᠭᠤᠨ ᠪᠠᠢ᠌ᠳᠠᠯ᠎ᠳᠤ ᠬᠣᠯᠪᠣᠭᠳᠠᠬᠤ ᠪᠦᠬᠦ ᠲᠠᠯ᠎ᠠ ᠵᠢᠨ ᠴᠢᠨᠠᠷᠲᠠᠢ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠠᠰᠠᠭᠤᠳᠠᠯ ᠮᠥᠨ ᠂ ᠤᠯᠤᠰ᠎ᠤᠨ ᠠᠮᠤᠷ ᠲᠦᠪᠰᠢᠨ᠎ᠤ ᠴᠢᠬᠤᠯᠠ ᠰᠠᠭᠤᠷᠢ ᠮᠥᠨ ᠃ 2023 ᠣᠨ᠎ᠤ 12 ᠰᠠᠷ᠎ᠠ ᠵᠢᠨ 29᠎ᠤ ᠡᠳᠦᠷ ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠳᠣᠯᠣᠳᠤᠭ᠋ᠠᠷ ᠬᠤᠷᠠᠯᠳᠤᠭ᠋ᠠᠨ᠎ᠠᠴᠠ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠬᠠᠤᠯᠢ ᠵᠢ ᠪᠠᠲᠤᠯᠠᠭᠰᠠᠨ ᠪᠥᠭᠡᠳ ᠡᠨᠡ ᠵᠢᠯ᠎ᠤᠨ 6 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠪᠡ ᠃ ᠪᠦᠷᠢᠨ ᠲᠡᠭᠦᠯᠳᠡᠷ ᠠᠮᠤ ᠪᠤᠳᠠᠭ᠋ᠠᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠳᠦᠷᠢᠮ᠎ᠤᠨ ᠰᠢᠰᠲᠸᠮᠵᠢ ᠵᠢ ᠲᠠᠰᠤᠷᠠᠯᠳᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠬᠦᠴᠦᠲᠡᠢ ᠬᠠᠤᠯᠢᠵᠢᠯ᠎ᠤᠨ ᠪᠠᠲᠤᠯᠠᠭ᠎ᠠ ᠬᠠᠩᠭ᠋ᠠᠪᠠ ᠃ ᠮᠠᠨ ᠤ ᠣᠷᠣᠨ ᠪᠣᠯ ᠤᠯᠤᠰ᠎ᠤᠨ ᠴᠢᠬᠤᠯᠠ 《 ᠠᠮᠤ ᠪᠤᠳᠠᠭ᠋ᠠᠨ᠎ᠤ ᠬᠥᠮᠥᠷᠭᠡ 》 ᠪᠣᠯᠬᠤ ᠪᠥᠭᠡᠳ ᠪᠦᠬᠦ ᠤᠯᠤᠰ᠎ᠤᠨ ᠲᠠᠷᠢᠶᠠᠨ ᠭᠠᠵᠠᠷ᠎ᠤᠨ ᠪᠠᠲᠤᠯᠠᠭ᠎ᠠ᠎ᠨᠢ ᠳ᠋ᠦᠩᠰᠢᠭᠤᠷ ᠮᠦ᠍᠎ᠠᠴᠠ ᠬᠡᠲᠦᠷᠡᠭᠰᠡᠨ 4 ᠮᠤᠵᠢ ᠣᠷᠣᠨ᠎ᠤ ᠨᠢᠭᠡ ᠪᠣᠯᠬᠤ ᠪᠥᠭᠡᠳ ᠮᠥᠨᠴᠦ ᠪᠦᠬᠦ ᠤᠯᠤᠰ᠎ᠤᠨ ᠠᠮᠤ ᠪᠤᠳᠠᠭ᠋ᠠᠨ᠎ᠤ 13 ᠭᠣᠣᠯ ᠭᠠᠷᠤᠯᠲᠠ ᠵᠢᠨ ᠣᠷᠣᠨ ᠪᠣᠯᠣᠨ ᠠᠮᠤ ᠪᠤᠳᠠᠭ᠎ᠠ ᠵᠢ ᠴᠡᠪᠡᠷ ᠰᠢᠯᠵᠢᠭᠦᠯᠦᠨ ᠭᠠᠷᠭ᠋ᠠᠬᠤ 5 ᠮᠤᠵᠢ ᠣᠷᠣᠨ᠎ᠤ ᠨᠢᠭᠡ ᠪᠣᠯᠣᠨ᠎ᠠ ᠃ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢᠨ ᠨᠢᠭᠡ ᠪᠣᠯᠣᠨ᠎ᠠ ᠂ ᠥᠪᠡᠷᠲᠡᠭᠡᠨ ᠵᠠᠰᠠᠬᠤ ᠣᠷᠣᠨ᠎ᠤ ᠲᠥᠪ ᠬᠣᠲᠠ ᠪᠣᠯᠤᠭᠰᠠᠨ᠎ᠤ ᠬᠤᠪᠢ᠎ᠳᠤ ᠂ ᠬᠥᠬᠡᠬᠣᠲᠠ ᠶᠠᠭ 《 ᠠᠮᠤ ᠪᠤᠳᠠᠭ᠋ᠠᠨ᠎ᠤ ᠬᠥᠮᠥᠷᠭᠡ 》᠎ᠳᠤ ᠠᠮᠤ ᠪᠤᠳᠠᠭ᠎ᠠ ᠢᠯᠡᠭᠦᠦ ᠰᠠᠪᠠᠯᠠᠵᠤ ᠂ ᠠᠮᠤ ᠪᠤᠳᠠᠭ᠎ᠠ ᠰᠠᠢ᠌ᠨ ᠰᠠᠪᠠᠯᠠᠬᠤ᠎ᠪᠠᠷ ᠴᠢᠷᠮᠠᠢ᠌ᠵᠤ ᠪᠠᠢ᠌ᠨ᠎ᠠ ᠃ ᠣᠳᠣᠬᠠᠨ᠎ᠳᠤ ᠂ ᠬᠥᠬᠡᠬᠣᠲᠠ ᠵᠢᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠪᠠᠢ᠌ᠳᠠᠯ ᠶᠡᠷᠦᠩᠬᠡᠢ᠎ᠳᠡᠭᠡᠨ ᠨᠡᠯᠢᠶᠡᠳ ᠰᠠᠢ᠌ᠨ ᠪᠠᠢ᠌ᠵᠤ ᠂ 2023 ᠣᠨ᠎ᠳᠤ ᠠᠮᠤ ᠪᠤᠳᠠᠭ᠋ᠠᠨ᠎ᠤ ᠶᠡᠷᠦᠩᠬᠡᠢ ᠤᠨᠠᠯᠲᠠ 189 ᠲᠦᠮᠡᠨ ᠲᠣᠨ᠎ᠳᠤ ᠬᠦᠷᠴᠦ ᠂ 《 ᠬᠤᠷᠢᠨ ᠵᠢᠯ ᠳᠠᠷᠠᠭ᠋ᠠᠯᠠᠨ ᠡᠯᠪᠡᠭ ᠬᠤᠷᠢᠶᠠᠯᠲᠠ》 ᠣᠯᠵᠤ ᠂ ᠠᠮᠤ ᠪᠤᠳᠠᠭ᠋ᠠᠨ᠎ᠤ ᠨᠥᠭᠡᠴᠡ ᠭᠦᠢ᠍ᠴᠡᠳ ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠭᠦᠢ᠍ᠴᠡᠳ ᠪᠠᠢ᠌ᠵᠤ ᠂ ᠠᠮᠤ ᠪᠤᠳᠠᠭ᠋ᠠᠨ᠎ᠤ ᠬᠠᠷᠢᠴᠠᠯᠠᠰᠢᠭᠦᠢ ᠠᠮᠤᠷ ᠲᠦᠪᠰᠢᠨ᠎ᠢ ᠪᠡᠶᠡᠯᠡᠭᠦᠯᠵᠦ ᠂ ᠡᠯ᠎ᠡ ᠲᠥᠷᠥᠯ᠎ᠤᠨ ᠠᠶᠤᠯ ᠲᠦᠭᠰᠢᠭᠦᠷᠢ ᠥᠷᠢᠰᠦᠯᠳᠦᠭᠡᠨ᠎ᠢ ᠠᠷᠭ᠋ᠠᠴᠠᠭ᠋ᠠᠬᠤ ᠢᠳᠡ ᠬᠦᠴᠦᠨ᠎ᠢ ᠴᠢᠩᠭ᠋ᠠᠷᠠᠭᠤᠯᠤᠭᠰᠠᠨ ᠪᠠᠢ᠌ᠨ᠎ᠠ ᠃
ᠬᠥᠲᠥᠯᠥᠭᠴᠢ ᠄ ᠣᠢ᠌ᠷ᠎ᠠ ᠵᠢᠨ ᠵᠢᠯ᠎ᠳᠤ ᠂ ᠬᠥᠬᠡᠬᠣᠲᠠ ᠵᠢᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠢᠯᠡᠳᠲᠡ ᠳᠡᠭᠡᠭᠰᠢᠯᠡᠵᠦ ᠂ ᠲᠠᠷᠠᠭ᠋ᠠᠴᠢ ᠵᠢᠨ ᠠᠯᠬᠤᠮ᠎ᠤᠨ ᠠᠮᠤ ᠪᠤᠳᠠᠭ᠋ᠠᠨ᠎ᠤ ᠠᠵᠢᠯ᠎ᠳᠤ ᠶᠠᠮᠠᠷ ᠰᠢᠨ᠎ᠡ ᠰᠡᠳᠬᠢᠴᠡ ᠪᠠᠢ᠌ᠬᠤ ᠪᠣᠶ ?
ᠬᠦᠨᠳᠦᠲᠦ ᠵᠣᠴᠢᠨ — ᠬᠥᠬᠡᠬᠣᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠳᠥᠷᠪᠡᠳᠦᠭᠡᠷ ᠳᠡᠰ᠎ᠤᠨ ᠪᠠᠢ᠌ᠴᠠᠭ᠋ᠠᠨ ᠰᠤᠳᠤᠯᠤᠭᠴᠢ ᠯᠢᠦ ᠬᠤᠩ ᠯᠦᠩ ᠄ 2024 ᠣᠨ ᠪᠣᠯ ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 75 ᠵᠢᠯ᠎ᠤᠨ ᠣᠢ ᠮᠦᠨ᠂ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠨᠢᠭᠡ ᠵᠢᠯ ᠪᠣᠯᠣᠨ᠎ᠠ ᠃ ᠪᠦᠬᠦ ᠬᠤᠳᠠ ᠵᠢᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠠᠵᠢᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠠᠮᠤ ᠪᠤᠳᠠᠭ᠎ᠠ ᠨᠥᠭᠡᠴᠡᠯᠡᠬᠦ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠵᠤ᠂ 《 ᠲᠦᠷᠪᠡᠨ ᠨᠢᠭᠡ 》 ᠵᠢ ᠬᠦᠴᠦᠯᠡᠨ ᠴᠣᠭᠴᠠᠯᠠᠵᠤ ᠂ ᠨᠡᠩ ᠥᠨᠳᠥᠷ ᠲᠡᠰ ᠳᠠᠪᠬᠤᠷᠭ᠎ᠠ ᠂ ᠨᠡᠩ ᠴᠢᠨᠠᠷ ᠰᠠᠢ᠌ᠲᠠᠢ ᠂ ᠨᠡᠩ ᠦᠷ᠎ᠡ ᠪᠦᠲᠦᠮᠵᠢᠲᠡᠢ ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠰᠢᠰᠲᠸᠮᠵᠢ ᠵᠢ ᠲᠦᠷᠭᠡᠨ ᠪᠠᠢ᠌ᠭᠤᠯᠪᠠ᠃ ᠨᠢᠭᠡ᠎ᠳᠤ ᠨᠢᠭᠡ ᠪᠦᠯᠦᠭ ᠴᠢᠬᠤᠯᠠ ᠶᠡᠬᠡ ᠠᠵᠢᠯᠯᠠᠭ᠎ᠠ ᠵᠢ ᠵᠣᠬᠢᠶᠠᠨ ᠪᠠᠢ᠌ᠭᠤᠯᠪᠠ᠂ ᠡᠨᠡ ᠵᠢᠯ ᠂ ᠪᠢᠳᠡ ᠠᠮᠤ ᠪᠤᠳᠠᠭ᠋ᠠᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠠᠵᠢᠯᠯᠠᠭ᠎ᠠ ᠵᠢᠨ ᠭᠠᠷᠠᠭ ᠂ ᠳᠡᠯᠡᠬᠡᠢ ᠵᠢᠨ ᠠᠮᠤ ᠪᠤᠳᠠᠭ᠋ᠠᠨ᠎ᠤ ᠡᠳᠦᠷᠯᠢᠭ ᠪᠠ ᠠᠮᠤ ᠪᠤᠳᠠᠭ᠋ᠠᠨ᠎ᠤ ᠠᠮᠤᠷ ᠲᠦᠪᠰᠢᠨ᠎ᠤ ᠤᠬᠠᠭᠤᠯᠭ᠎ᠠ ᠵᠢᠨ ᠭᠠᠷᠠᠭ ᠵᠡᠷᠭᠡ ᠴᠢᠬᠤᠯᠠ ᠶᠡᠬᠡ ᠠᠵᠢᠯᠯᠠᠭ᠎ᠠ ᠵᠢ ᠢᠳᠡᠪᠬᠢᠲᠡᠢ ᠥᠷᠨᠢᠭᠦᠯᠬᠦ᠎ᠪᠠᠷ ᠳᠠᠮᠵᠢᠭᠤᠯᠤᠨ ᠂ ᠢᠯᠠᠩᠭᠤᠶ᠎ᠠ ᠡᠨᠡ ᠵᠢᠯ᠎ᠤᠨ 5 ᠰᠠᠷ᠎ᠠ ᠵᠢᠨ 31᠎ᠤ ᠡᠳᠦᠷ ᠬᠥᠬᠡᠬᠣᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠨᠢ ᠬᠥᠬᠡᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ ᠂ ᠬᠣᠲᠣᠩ ᠠᠷᠠᠳ᠎ᠤᠨ ᠲᠣᠭᠣᠷᠢᠭ᠎ᠤᠨ ᠵᠠᠰᠠᠭ᠎ᠤᠨ ᠣᠷᠳᠣᠨ᠎ᠤ ᠳᠠᠭ᠋ᠠᠭ᠋ᠠᠴᠢᠯᠠᠨ ᠡᠷᠭᠢᠯᠡᠭᠰᠡᠨ ᠪᠥᠬᠦ ᠣᠷᠣᠨ᠎ᠤ ᠠᠮᠤ ᠪᠤᠳᠠᠭ᠋ᠠᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠭᠠᠷᠠᠭ᠎ᠤᠨ ᠤᠬᠠᠭᠤᠯᠭ᠎ᠠ ᠵᠢᠨ ᠠᠵᠢᠯᠯᠠᠭ᠎ᠠ᠎ᠲᠠᠢ ᠬᠠᠮᠲᠤᠷᠠᠨ ᠂ ᠲᠤᠬᠠᠢ ᠵᠢᠨ ᠲᠠᠯᠠᠪᠤᠷ᠎ᠲᠤ ᠰᠢᠨᠵᠢᠯᠡᠬᠦ ᠤᠬᠠᠭ᠋ᠠᠨᠴᠢ᠎ᠪᠠᠷ ᠠᠮᠤ ᠪᠤᠳᠠᠭ᠎ᠠ ᠨᠥᠭᠡᠴᠡᠯᠡᠬᠦ ᠮᠡᠳᠡᠯᠭᠡ ᠵᠢ ᠤᠬᠠᠭᠤᠯᠤᠨ ᠲᠠᠢ᠌ᠯᠪᠤᠷᠢᠯᠠᠵᠤ ᠂ ᠲᠦᠮᠡᠳ ᠵᠡᠭᠦᠨ ᠬᠣᠰᠢᠭᠤᠨ᠎ᠤ ᠲᠠᠪᠤᠰᠠᠶ᠋ᠢᠨ ᠰᠢᠶᠠᠩ᠎ᠤᠨ ᠺᠧ ᠴᠢᠨ ᠲᠣᠰᠬᠤᠨ᠎ᠤ ᠲᠠᠷᠢᠶᠠᠴᠢᠨ ᠡᠷᠦᠬᠡ᠎ᠳᠤ 200 ᠭᠠᠷᠤᠢ ᠠᠮᠤ ᠪᠤᠳᠠᠭ᠎ᠠ ᠨᠥᠭᠡᠴᠡᠯᠡᠬᠦ ᠪᠠᠭ᠋ᠠᠵᠢ ᠬᠠᠨᠳᠢᠪᠯᠡᠵᠤ ᠂ ᠠᠮᠤ ᠪᠤᠳᠠᠭ᠋ᠠᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠂ ᠠᠮᠤ ᠪᠤᠳᠠᠭ᠋ᠠᠨ᠎ᠤ ᠬᠣᠬᠢᠷᠠᠯ᠎ᠢ ᠪᠠᠭ᠋ᠠᠰᠬᠠᠬᠤ ᠵᠡᠷᠭᠡ ᠤᠬᠠᠭᠤᠯᠭ᠎ᠠ ᠵᠢᠨ ᠳᠡᠪᠲᠡᠷ᠎ᠢ 600 ᠭᠠᠷᠤᠢ ᠬᠤᠪᠢ ᠲᠠᠷᠬᠠᠭ᠋ᠠᠵᠤ ᠂ ᠲᠤᠬᠠᠢ ᠵᠢᠨ ᠲᠠᠯᠠᠪᠤᠷ᠎ᠲᠤ ᠣᠷᠣᠯᠴᠠᠭᠰᠠᠨ ᠬᠥᠮᠥᠨ᠎ᠤ ᠲᠣᠭ᠎ᠠ 200 ᠭᠠᠷᠤᠢ ᠬᠥᠮᠥᠨ᠎ᠳᠤ ᠬᠦᠷᠴᠦ ᠂ ᠪᠥᠬᠦ ᠣᠷᠣᠨ᠎ᠤ ᠠᠮᠤ ᠪᠤᠳᠠᠭ᠋ᠠᠨ᠎ᠤ ᠠᠮᠤᠷ ᠲᠦᠪᠰᠢᠨ᠎ᠤ ᠪᠠᠢ᠌ᠯᠳᠤᠬᠤ ᠪᠣᠳᠣᠯᠭ᠎ᠠ ᠵᠢᠨ ᠤᠬᠠᠭᠤᠯᠤᠨ ᠲᠠᠨᠢᠯᠴᠠᠭᠤᠯᠬᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠠᠮᠤ ᠪᠤᠳᠠᠭ᠎ᠠ ᠠᠷᠪᠢᠯᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠪᠠ ᠃ ᠬᠣᠶᠠᠷ᠎ᠲᠤ ᠤᠯᠤᠰ᠎ᠤᠨ ᠲᠠᠰ᠎ᠤᠨ ᠰᠠᠭᠤᠷᠢᠨ ᠭᠠᠵᠠᠷ᠎ᠢ ᠴᠢᠷᠮᠠᠢ᠌ᠨ ᠪᠠᠢ᠌ᠭᠤᠯᠪᠠ ᠂ ᠪᠢᠳᠡ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠂ ᠥᠪᠥᠷ ᠮᠣᠩᠭᠣᠯ᠎ᠤᠨ ᠠᠷᠠᠯᠵᠢᠶ᠎ᠠ ᠬᠤᠳᠠᠯᠳᠤᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠲᠠᠢ ᠬᠣᠯᠪᠤᠭ᠋ᠠᠯᠠᠨ ᠱᠠᠨᠳᠦ᠋ᠩ᠎ᠤᠨ ᠬᠤᠳᠠᠯᠳᠤᠭ᠋ᠠᠨ᠎ᠤ ᠶᠠᠪᠤᠳᠠᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢ ᠰᠢᠨᠵᠢᠯᠡᠨ ᠪᠠᠢ᠌ᠴᠠᠭ᠋ᠠᠵᠤ ᠰᠤᠷᠤᠯᠴᠠᠵᠤ ᠂ ᠲᠡᠭᠦᠨ᠎ᠤ ᠪᠠᠢ᠌ᠭᠤᠯᠤᠯᠲᠠ ᠵᠢᠨ ᠲᠤᠷᠰᠢᠯᠭ᠎ᠠ ᠵᠢ ᠨᠠᠷᠢᠨ ᠣᠢ᠌ᠯᠠᠭ᠋ᠠᠬᠤ ᠵᠢᠨ ᠬᠠᠮᠲᠤ ᠬᠠᠮᠲᠤᠷᠠᠯᠴᠠᠬᠤ ᠰᠠᠨᠠᠮᠵᠢ᠎ᠲᠠᠢ ᠪᠣᠯᠵᠤ ᠂ ᠵᠠᠰᠠᠭ᠎ᠤᠨ ᠣᠷᠳᠣᠨ ᠰᠤᠷᠭ᠋ᠠᠭᠤᠯᠢ ᠠᠵᠤ ᠠᠬᠤᠢ᠌ᠯᠠᠯ ᠬᠠᠮᠲᠤᠷᠠᠨ ᠡᠭᠦᠳᠦᠨ ᠪᠠᠶ᠋ᠢᠭᠤᠯᠬᠤ ᠵᠠᠭᠪᠤᠷ ᠵᠶ᠋ᠠᠷ ᠤᠯᠤᠰ᠎ᠤᠨ ᠲᠠᠰ᠎ᠤᠨ ᠠᠮᠤ ᠪᠤᠳᠠᠭ᠎ᠠ ᠨᠥᠭᠡᠴᠡᠯᠡᠬᠦ ᠬᠥᠮᠦᠵᠢᠯ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠢ ᠭᠤᠶᠤᠴᠢᠯᠠᠨ ᠮᠡᠳᠡᠭᠦᠯᠪᠡ ᠃ ᠣᠳᠣᠬᠠᠨ᠎ᠳᠤ ᠂ ᠤᠯᠤᠰ᠎ᠤᠨ ᠲᠠᠰ᠎ᠤᠨ ᠰᠤᠷᠭ᠋ᠠᠨ ᠬᠥᠮᠦᠵᠢᠯ᠎ᠤᠨ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ ᠵᠶ᠋ᠠᠷ ᠭᠤᠶᠤᠴᠢᠯᠠᠨ ᠮᠡᠳᠡᠭᠦᠯᠬᠦ ᠪᠦᠬᠦᠯᠢ ᠴᠣᠭᠴᠠ ᠵᠢᠨ ᠠᠵᠢᠯ᠎ᠤᠨ ᠲᠥᠰᠥᠯ᠎ᠢ ᠲᠡᠭᠦᠯᠳᠡᠷᠵᠢᠭᠦᠯᠬᠦ ᠵᠢᠨ ᠬᠠᠮᠲᠤ ᠪᠥᠬᠦ ᠣᠷᠣᠨ᠎ᠤ ᠠᠮᠤ ᠪᠤᠳᠠᠭ᠋ᠠᠨ᠎ᠤ ᠠᠵᠢᠯ ᠲᠥᠷᠥᠯ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠡᠷᠭᠢᠯᠡᠬᠦ ᠵᠢ ᠰᠦᠪᠡᠭᠴᠢᠯᠡᠨ ᠡᠷᠭᠢᠯᠡᠵᠦ ᠂ ᠰᠢᠯᠢᠳᠡᠭ ᠱᠠᠩᠨᠠᠯ ᠬᠦᠷᠲᠡᠭᠰᠡᠳ᠎ᠢ ᠰᠣᠩᠭᠣᠨ ᠭᠠᠷᠭ᠋ᠠᠵᠤ 2025 ᠣᠨ᠎ᠤ ᠪᠥᠬᠦ ᠤᠯᠤᠰ᠎ᠤᠨ ᠠᠮᠤ ᠪᠤᠳᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠪᠡᠯᠡᠳᠬᠡᠵᠦ ᠪᠠᠢ᠌ᠨ᠎ᠠ ᠃ ᠭᠤᠷᠪᠠ᠎ᠳᠤ ᠨᠢᠭᠡ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠪᠠ᠂ ᠡᠨᠡ ᠵᠢᠯ᠎ᠠᠴᠠ ᠨᠠᠭ᠋ᠠᠰᠢ᠂ ᠬᠥᠬᠡᠬᠣᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠨᠢ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂ ᠬᠤᠲᠠ ᠵᠢᠨ ᠳᠠᠷᠤᠭ᠎ᠠ ᠵᠢᠨ ᠠᠯᠪᠠᠨ ᠠᠵᠢᠯ᠎ᠤᠨ ᠬᠤᠷᠠᠯ᠎ᠤᠨ ᠱᠠᠭ᠋ᠠᠷᠳᠠᠯᠭ᠎ᠠ ᠶᠣᠰᠣᠭ᠋ᠠᠷ ᠂ ᠰᠢᠨ᠎ᠡ ᠬᠤᠲᠠ ᠲᠣᠭᠣᠷᠢᠭ᠎ᠤᠨ ᠦᠨᠡᠯᠡᠨ ᠵᠢᠱ᠌ᠢᠬᠦ ᠺᠣᠮᠫᠠᠨᠢ ᠵᠢ ᠵᠣᠬᠢᠴᠠᠭᠤᠯᠵᠤ ᠂ 《 ᠬᠤᠲᠠ᠎ᠠᠴᠠ ᠭᠠᠷᠴᠤ ᠬᠦᠷᠢᠶᠡᠯᠡᠩ᠎ᠳᠤ ᠣᠷᠣᠬᠤ 》 ᠪᠦᠬᠦᠯᠢ ᠴᠣᠭᠴᠠ ᠵᠢᠨ ᠲᠥᠷᠥᠯ ᠵᠦᠢ᠍ᠯ᠎ᠢ ᠦᠨᠡᠯᠡᠨ ᠵᠢᠱ᠌ᠢᠬᠦ ᠠᠵᠢᠯ᠎ᠢ ᠪᠡᠶᠡᠯᠡᠭᠦᠯᠵᠦ ᠂ ᠦᠨᠡᠯᠡᠨ ᠵᠢᠱ᠌ᠢᠭᠰᠡᠨ ᠦᠷ᠎ᠡ ᠳ᠋ᠦᠩ᠎ᠢ ᠨᠢᠭᠡᠨᠲᠡ ᠬᠤᠲᠠ ᠵᠢᠨ ᠵᠠᠰᠠᠭ᠎ᠤᠨ ᠣᠷᠳᠣᠨ᠎ᠳᠤ ᠲᠤᠰᠢᠶᠠᠪᠠ ᠃ ᠳᠥᠷᠪᠡ᠎ᠳᠤ ᠪᠥᠬᠦ ᠣᠷᠣᠨ᠎ᠤ ᠠᠩᠬᠠᠳᠠᠭᠴᠢ ᠵᠢᠱ᠌ᠢᠶ᠎ᠡ ᠦᠵᠡᠭᠦᠯᠬᠦ ᠬᠤᠲᠠ ᠵᠢ ᠡᠭᠦᠳᠦᠨ ᠪᠠᠢ᠌ᠭᠤᠯᠪᠠ᠂ ᠣᠳᠣᠬᠠᠨ᠎ᠳᠤ ᠂ ᠬᠥᠬᠡᠬᠣᠲᠠ ᠵᠢᠨ ᠠᠮᠤ ᠪᠤᠳᠠᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠵᠤ ᠠᠬᠤᠢ᠌ᠯᠠᠯ ᠨᠡᠶ᠋ᠢᠲᠡ 180 ᠪᠠᠢ᠌ᠵᠤ ᠂ ᠡᠭᠦᠨ᠎ᠳᠤ ᠂ 1 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠲᠥᠪ ᠂ 138 ᠬᠠᠩᠭ᠋ᠠᠯᠭ᠎ᠠ ᠵᠢᠨ ᠲᠣᠣᠷ ᠴᠡᠭ ᠂ 18 ᠡᠳ᠋ᠰᠢᠭᠦᠯᠬᠦ ᠠᠵᠤ ᠠᠬᠤᠢ᠌ᠯᠠᠯ ᠂ 12 ᠬᠠᠳᠠᠭ᠋ᠠᠯᠠᠨ ᠲᠡᠭᠡᠭᠡᠪᠦᠷᠢᠯᠡᠬᠦ ᠠᠵᠤ ᠠᠬᠤᠢ᠌ᠯᠠᠯ᠂ 11 ᠲᠣᠬᠢᠷᠠᠭᠤᠯᠤᠨ ᠬᠦᠷᠭᠡᠬᠦ ᠲᠥᠪ ᠪᠣᠶ ᠃ ᠣᠲᠣ ᠵᠢᠨ ᠪᠠᠢ᠌ᠭ᠎ᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠰᠢᠰᠲ᠋ᠧᠮᠵᠢ ᠵᠢᠨ ᠰᠠᠭᠤᠷᠢ ᠵᠢ ᠭᠦᠢ᠍ᠴᠡᠳ ᠴᠢᠩᠭ᠋ᠠᠳᠬᠠᠨ ᠰᠠᠢ᠌ᠲᠤᠷ ᠬᠡᠷᠡᠭᠯᠡᠵᠦ ᠂ ᠤᠮᠠᠷᠠᠲᠤ ᠬᠢᠯᠢ᠎ᠳᠤ ᠦᠢ᠍ᠯᠡᠴᠢᠯᠡᠬᠦ ᠣᠷᠣᠨ ᠪᠦᠰᠡ ᠵᠢᠨ ᠴᠢᠨᠠᠷᠲᠠᠢ ᠠᠮᠤ ᠪᠤᠳᠠᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠲᠥᠪ᠎ᠢ ᠲᠠᠰᠤᠷᠠᠯᠲᠠ ᠦᠭᠡᠢ ᠪᠠᠢ᠌ᠭᠤᠯᠤᠨ ᠲᠡᠭᠦᠯᠳᠡᠷᠵᠢᠭᠦᠯᠵᠦ ᠂ ᠪᠥᠬᠦ ᠣᠷᠣᠨ᠎ᠤ ᠠᠩᠬᠠᠳᠠᠭᠴᠢ ᠠᠮᠤ ᠪᠤᠳᠠᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠵᠢᠱ᠌ᠢᠶ᠎ᠡ ᠦᠵᠡᠭᠦᠯᠬᠦ ᠬᠤᠲᠠ ᠵᠢ ᠡᠭᠦᠳᠦᠨ ᠪᠠᠢ᠌ᠭᠤᠯᠪᠠ᠃
ᠬᠦᠨᠳᠦᠲᠦ ᠵᠣᠴᠢᠨ — ᠠᠮᠤ ᠪᠤᠳᠠᠭ᠎ᠠ ᠲᠣᠬᠢᠷᠠᠭᠤᠯᠤᠨ ᠡᠵᠡᠮᠳᠡᠬᠦ ᠰᠠᠯᠠᠭ᠋ᠠᠨ᠎ᠤ ᠳᠠᠷᠤᠭ᠎ᠠ ᠢᠦᠢ ᠲᠤᠤ ᠄ 2023 ᠣᠨ᠎ᠳᠤ ᠬᠦᠬᠡᠬᠣᠲᠠ ᠵᠢᠨ ᠠᠮᠤ ᠪᠤᠳᠠᠭ᠎ᠠ ᠲᠠᠷᠢᠬᠤ ᠲᠠᠯᠠᠪᠠᠢ 565.09 ᠲᠦᠮᠡᠨ ᠮᠦ᠍ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 0.47 ᠲᠦᠮᠡᠨ ᠮᠦ᠍ ᠨᠡᠮᠡᠭᠳᠡᠵᠦ᠂ ᠡᠷᠳᠡᠨᠢ ᠰᠢᠰᠢ ᠲᠠᠷᠢᠬᠤ ᠲᠠᠯᠠᠪᠠᠢ 375.02 ᠲᠦᠮᠡᠨ ᠮᠦ᠍ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 0.05 ᠲᠦᠮᠡᠨ ᠮᠦ᠍ ᠨᠡᠮᠡᠭᠳᠡᠵᠡᠢ ᠃ 2023 ᠣᠨ᠎ᠳᠤ ᠬᠦᠬᠡᠬᠣᠲᠠ ᠵᠢᠨ ᠠᠮᠤ ᠪᠤᠳᠠᠭ᠋ᠠᠨ᠎ᠤ ᠶᠡᠷᠦᠩᠬᠡᠢ ᠬᠤᠷᠢᠶᠠᠯᠲᠠ 189 ᠲᠦᠮᠡᠨ ᠲᠣᠨ᠎ᠳᠤ ᠬᠦᠷᠴᠦ ᠂ ᠨᠡᠶ᠋ᠢᠲᠡ
176.09 ᠲᠦᠮᠡᠨ ᠲᠣᠨ ᠡᠷᠳᠡᠨᠢ ᠰᠢᠰᠢ ᠬᠤᠳᠠᠯᠳᠤᠨ ᠠᠪᠴᠤ ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 21%᠎ᠪᠠᠷ ᠨᠡᠮᠡᠭᠳᠡᠪᠡ ᠃ ᠠᠮᠤ ᠪᠤᠳᠠᠭ᠎ᠠ ᠬᠤᠳᠠᠯᠳᠤᠨ ᠠᠪᠬᠤ ᠠᠵᠢᠯ᠎ᠢ ᠪᠥᠬᠦ ᠲᠠᠯ᠎ᠠ᠎ᠪᠠᠷ ᠰᠠᠢ᠌ᠲᠤᠷ ᠠᠳᠬᠤᠵᠤ ᠂ ᠠᠮᠤ ᠪᠤᠳᠠᠭ᠎ᠠ ᠳᠠᠷᠢᠬᠤ ᠲᠠᠷᠢᠶᠠᠴᠢᠳ᠎ᠤᠨ ᠠᠰᠢᠭ ᠲᠤᠰᠠ ᠵᠢ ᠦᠨᠡᠨ ᠬᠦ᠌ ᠬᠠᠮᠠᠭ᠋ᠠᠯᠠᠬᠤ ᠵᠢᠨ ᠲᠥᠯᠥᠭᠡ ᠂ ᠬᠥᠬᠡᠬᠣᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠨᠢ ᠤᠯᠤᠰ᠎ᠤᠨ ᠠᠮᠤ ᠪᠤᠳᠠᠭ᠎ᠠ ᠬᠤᠳᠠᠯᠳᠤᠨ ᠠᠪᠬᠤ ᠲᠥᠷᠥ ᠵᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ ᠂ ᠬᠥᠬᠡᠬᠣᠲᠠ ᠵᠢᠨ ᠨᠠᠮ᠎ᠤᠨ ᠬᠣᠷᠢᠶ᠎ᠠ ᠂ ᠬᠥᠬᠡᠬᠣᠲᠠ ᠵᠢᠨ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠡᠷᠲᠡᠬᠡᠨ ᠲᠥᠯᠥᠪᠵᠢᠭᠦᠯᠦᠨ ᠪᠠᠢ᠌ᠷᠢᠯᠠᠭᠤᠯᠵᠤ ᠂ ᠠᠮᠤ ᠪᠤᠳᠠᠭ᠎ᠠ ᠬᠤᠳᠠᠯᠳᠤᠨ ᠠᠪᠬᠤ ᠠᠵᠢᠯ᠎ᠤᠨ ᠲᠣᠭᠲᠠᠭᠤᠨ ᠪᠥᠭᠡᠳ ᠡᠮᠬᠢ ᠵᠢᠷᠤᠮ᠎ᠲᠠᠢ ᠶᠠᠪᠤᠭᠳᠠᠬᠤ ᠵᠢ ᠦᠨᠡᠨ ᠬᠦ᠌ ᠪᠠᠲᠤᠯᠠᠪᠠ ᠃ ᠨᠢᠭᠡ᠎ᠳᠤ ᠨᠠᠮ ᠵᠠᠰᠠᠭ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ ᠂ ᠨᠠᠮᠤᠷ᠎ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ᠎ᠢ ᠨᠠᠷᠢᠨ ᠬᠢᠨᠠᠮᠠᠭ᠋ᠠᠢ ᠪᠠᠢ᠌ᠷᠢᠯᠠᠭᠤᠯᠪᠠ ᠃ ᠬᠥᠬᠡᠬᠣᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ 《 ᠬᠥᠬᠡᠬᠤᠲᠠ ᠵᠢᠨ 2023 ᠣᠨ᠎ᠤ ᠨᠠᠮᠤᠷ᠎ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ᠎ᠤᠨ ᠲᠥᠰᠥᠯ 》᠎ᠢ ᠴᠠᠭ ᠲᠤᠬᠠᠢᠳᠤᠨᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ ᠂ ᠨᠠᠮᠤᠷ᠎ᠤᠨ ᠠᠮᠤ ᠪᠤᠳᠠᠭ᠎ᠠ ᠬᠤᠳᠠᠯᠳᠤᠨ ᠠᠪᠬᠤ ᠶᠠᠪᠤᠴᠠ᠎ᠳᠤ ᠢᠯᠡᠷᠡᠭᠰᠡᠨ ᠴᠢᠬᠤᠯᠠ ᠶᠡᠬᠡ ᠠᠰᠠᠭᠤᠳᠠᠯ᠎ᠢ ᠤᠷᠢᠳᠴᠢᠯᠠᠨ ᠮᠠᠭ᠋ᠠᠳᠯᠠᠬᠤ ᠵᠢᠨ ᠬᠠᠮᠲᠤ ᠰᠢᠢ᠍ᠳᠪᠦᠷᠢᠯᠡᠬᠦ ᠠᠷᠭ᠎ᠠ ᠵᠠᠮ ᠳᠤᠷᠠᠳᠴᠤ ᠂ ᠡᠯ᠎ᠡ ᠬᠣᠰᠢᠭᠤ ᠰᠢᠶᠠᠨ ᠲᠣᠭᠣᠷᠢᠭ᠎ᠤᠨ ᠠᠮᠤ ᠪᠤᠳᠠᠭ᠎ᠠ ᠂ ᠲᠠᠷᠢᠶᠠᠯᠠᠩ ᠵᠡᠷᠭᠡ ᠰᠠᠯᠠᠭ᠎ᠠ ᠮᠥᠴᠢᠷ᠎ᠢ ᠱᠠᠭ᠋ᠠᠷᠳᠠᠵᠤ ᠪᠠᠢ᠌ᠭ᠋ᠠᠳ ᠨᠠᠮᠤᠷ᠎ᠤᠨ ᠠᠮᠤ ᠪᠤᠳᠠᠭ᠎ᠠ ᠬᠤᠳᠠᠯᠳᠤᠨ ᠠᠪᠬᠤ ᠡᠯ᠎ᠡ ᠵᠦᠢ᠍ᠯ᠎ᠤᠨ ᠠᠵᠢᠯ᠎ᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠪᠠ ᠃ ᠬᠣᠶᠠᠷ᠎ᠲᠤ 《 ᠳᠥᠷᠪᠡᠨ ᠢᠳᠡᠪᠬᠢᠲᠡᠢ 》᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠣᠯᠠᠨ ᠡᠰᠢᠵᠢᠭᠰᠡᠨ ᠪᠡᠶᠡᠴᠢ ᠴᠣᠭᠴᠠ ᠵᠢ ᠬᠥᠲᠥᠯᠥᠨ ᠵᠢᠯᠤᠭᠣᠳᠴᠤ ᠪᠠᠢ᠌ᠭ᠋ᠠᠳ ᠬᠤᠳᠠᠯᠳᠤᠨ ᠠᠪᠬᠤ ᠠᠵᠢᠯ᠎ᠢ ᠥᠷᠨᠢᠭᠦᠯᠪᠡ ᠃ ᠬᠥᠬᠡᠬᠣᠲᠠ ᠵᠢᠨ ᠡᠷᠳᠡᠨᠢ ᠰᠢᠰᠢ ᠵᠢ ᠨᠠᠷᠢᠯᠢᠭ ᠡᠳ᠋ᠰᠢᠭᠦᠯᠬᠦ ᠪᠠ ᠲᠡᠵᠢᠭᠡᠯ ᠪᠣᠷᠳᠣᠭ᠎ᠠ ᠲᠡᠵᠢᠭᠡᠨ ᠦᠷᠡᠵᠢᠭᠦᠯᠬᠦ ᠠᠵᠤ ᠠᠬᠤᠢ᠌ᠯᠠᠯ᠎ᠤᠨ ᠨᠠᠮᠤᠷ᠎ᠤᠨ ᠠᠮᠤ ᠪᠤᠳᠠᠭ᠎ᠠ ᠬᠤᠳᠠᠯᠳᠤᠨ ᠠᠪᠬᠤ ᠭᠣᠣᠯ ᠡᠭᠦᠷᠭᠡ ᠵᠢ ᠡᠭᠦᠷᠭᠡᠯᠡᠬᠦ ᠵᠢ ᠢᠳᠡᠪᠬᠢᠲᠡᠢ ᠳᠡᠮᠵᠢᠵᠦ ᠂ ᠴᠢᠨᠠᠷ ᠰᠠᠢ᠌ᠲᠠᠢ ᠠᠮᠤ ᠪᠤᠳᠠᠭ᠋ᠠᠨ᠎ᠤ ᠠᠵᠤ ᠠᠬᠤᠢ᠌ᠯᠠᠯ᠎ᠤᠨ ᠨᠠᠷᠠᠲᠤ ᠲᠡᠮᠳᠡᠭᠲᠦ ᠵᠢ ᠪᠣᠢ᠌ᠵᠢᠭᠤᠯᠬᠤ᠎ᠳᠤ ᠬᠦᠴᠦᠨ ᠨᠡᠮᠡᠷᠢᠯᠡᠵᠦ ᠂ ᠦᠢ᠍ᠯᠡᠳᠬᠦᠨ᠎ᠤ ᠨᠡᠮᠡᠯᠲᠡ ᠥᠷᠲᠡᠭ ᠪᠠ ᠶᠡᠷᠦᠩᠬᠡᠢ᠌ᠯᠡᠭᠰᠡᠨ ᠦᠷ᠎ᠡ ᠠᠰᠢᠭ᠎ᠢ ᠳᠡᠭᠡᠭᠰᠢᠯᠡᠭᠦᠯᠪᠡ᠃ ᠤᠯᠤᠰ᠎ᠤᠨ ᠥᠮᠴᠢᠯᠡᠯ᠎ᠤᠨ ᠠᠮᠤ ᠪᠤᠳᠠᠭ᠋ᠠᠨ᠎ᠤ ᠠᠵᠤ ᠠᠬᠤᠢ᠌ᠯᠠᠯ ᠢᠯᠠᠩᠭᠤᠶ᠎ᠠ ᠲᠥᠪ᠎ᠤᠨ ᠠᠵᠤ ᠠᠬᠤᠢ᠌ᠯᠠᠯ᠎ᠢ ᠢᠳᠡᠪᠬᠢᠲᠡᠢ ᠳᠡᠮᠵᠢᠵᠦ ᠂ ᠳᠠᠭ᠋ᠠᠭᠤᠯᠤᠭᠴᠢ ᠦᠢ᠍ᠯᠡᠳᠦᠯ ᠵᠶ᠋ᠡᠨ ᠪᠠᠳᠠᠷᠠᠭᠤᠯᠤᠨ ᠂ ᠲᠤᠰ ᠪᠡᠶ᠎ᠡ ᠵᠢᠨ ᠠᠷᠭ᠎ᠠ ᠵᠠᠮ ᠪᠣᠯᠣᠨ ᠪᠡᠯᠡ ᠮᠥᠩᠭᠥ ᠵᠢᠨ ᠳᠠᠪᠠᠭᠤᠯᠢᠭ ᠵᠶ᠋ᠠᠨ ᠭᠦᠢ᠍ᠴᠡᠳ ᠠᠰᠢᠭᠯᠠᠵᠤ ᠂ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠬᠤ ᠵᠢ ᠢᠳᠡᠪᠬᠢᠲᠡᠢ᠎ᠪᠠᠷ ᠦᠷᠭᠡᠳᠭᠡᠪᠡ; ᠬᠠᠷᠢᠶ᠎ᠠ ᠣᠷᠣᠨ᠎ᠤ ᠳᠣᠲᠣᠷᠠᠬᠢ ᠠᠮᠤ ᠪᠤᠳᠠᠭ᠎ᠠ ᠨᠥᠭᠡᠴᠡᠯᠡᠬᠦ ᠰᠢᠭᠤᠳ ᠬᠠᠷᠢᠶ᠎ᠠ ᠬᠥᠮᠥᠷᠭᠡ ᠂ ᠬᠥᠬᠡᠬᠣᠲᠠ ᠵᠢᠨ ᠠᠮᠤ ᠲᠣᠰᠣ ᠬᠤᠳᠠᠯᠳᠤᠨ ᠠᠪᠴᠤ ᠬᠠᠳᠠᠭ᠋ᠠᠯᠠᠬᠤ ᠺᠣᠮᠫᠠᠨᠢ ᠵᠢ ᠢᠳᠡᠪᠬᠢᠲᠡᠢ ᠵᠢᠯᠤᠭᠣᠳᠴᠤ ᠪᠠᠢ᠌ᠭ᠋ᠠᠳ ᠨᠠᠮᠤᠷ᠎ᠤᠨ ᠠᠮᠤ ᠪᠤᠳᠠᠭ᠎ᠠ ᠬᠤᠳᠠᠯᠳᠤᠨ ᠠᠪᠬᠤ ᠬᠤᠭᠤᠴᠠᠭ᠋ᠠᠨ᠎ᠳᠤ ᠨᠠᠮᠤᠷ᠎ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ᠎ᠢ ᠲᠥᠯᠥᠪᠯᠡᠭᠡ ᠶᠣᠰᠣᠭ᠋ᠠᠷ ᠥᠷᠨᠢᠭᠦᠯᠵᠦ ᠂ ᠡᠭᠡᠯᠵᠢᠯᠡᠭᠦᠯᠬᠦ ᠡᠭᠦᠷᠭᠡ᠎ᠪᠠᠨ ᠴᠠᠭ ᠲᠤᠬᠠᠢᠳᠤᠨᠢ ᠪᠡᠶᠡᠯᠡᠭᠦᠯᠪᠡ; ᠠᠮᠤ ᠪᠤᠳᠠᠭ᠋ᠠᠨ᠎ᠤ ᠠᠷᠠᠯᠵᠢᠶᠠᠨ᠎ᠤ ᠠᠵᠤ ᠠᠬᠤᠢ᠌ᠯᠠᠯ ᠂ ᠠᠮᠤ ᠪᠤᠳᠠᠭ᠋ᠠᠨ᠎ᠤ ᠵᠠᠭᠤᠴᠢᠯᠠᠭᠴᠢ ᠵᠢ ᠢᠳᠡᠪᠬᠢᠲᠡᠢ᠎ᠪᠠᠷ ᠬᠥᠲᠥᠯᠥᠨ ᠵᠢᠯᠤᠭᠣᠳᠴᠤ ᠪᠠᠢ᠌ᠭ᠋ᠠᠳ ᠵᠠᠬ᠎ᠠ ᠳᠡᠯᠭᠡᠭᠦᠷ᠎ᠲᠤ ᠣᠷᠣᠭᠤᠯᠤᠨ ᠬᠤᠳᠠᠯᠳᠤᠨ ᠠᠪᠤᠭᠤᠯᠪᠠ᠃ ᠭᠤᠷᠪᠠ᠎ᠳᠤ ᠪᠡᠯᠡ ᠮᠥᠩᠭᠥ ᠵᠢᠨ ᠪᠠᠲᠤᠯᠠᠭ᠎ᠠ ᠵᠢ ᠴᠢᠩᠭ᠋ᠠᠳᠬᠠᠵᠤ ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠪᠡ᠃ ᠲᠠᠷᠢᠶᠠᠯᠠᠩ᠎ᠤᠨ ᠬᠥᠭᠵᠢᠭᠦᠯᠦᠯᠲᠡ ᠵᠢᠨ ᠪᠠᠩᠬᠢ ᠵᠢᠴᠢ ᠬᠤᠳᠠᠯᠳᠤᠭ᠋ᠠᠨ᠎ᠤ ᠪᠠᠩᠬᠢ ᠵᠢᠨ ᠪᠠᠢ᠌ᠭᠤᠯᠤᠮᠵᠢ ᠵᠢ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠭᠤᠯᠤᠨ ᠵᠣᠯᠭ᠋ᠠᠭᠤᠯᠵᠤ ᠂ ᠲᠥᠷᠥ ᠵᠢᠨ ᠪᠣᠳᠣᠯᠭ᠎ᠠ ᠵᠢᠨ ᠴᠢᠨᠠᠷᠲᠠᠢ ᠬᠤᠳᠠᠯᠳᠤᠨ ᠠᠪᠬᠤ ᠪᠠ ᠡᠭᠡᠯᠵᠢᠯᠡᠭᠦᠯᠬᠦ ᠪᠡᠯᠡ ᠮᠥᠩᠭᠥ ᠵᠢ ᠪᠦᠲᠦᠮᠵᠢᠲᠡᠶ ᠨᠠᠢ᠌ᠳᠠᠪᠤᠷᠢᠵᠢᠭᠤᠯᠵᠤ ᠂ ᠨᠠᠮᠤᠷ᠎ᠤᠨ ᠠᠮᠤ ᠪᠤᠳᠠᠭ᠎ᠠ ᠬᠤᠳᠠᠯᠳᠤᠨ ᠠᠪᠬᠤ ᠪᠠ ᠣᠷᠣᠨ ᠨᠤᠲᠤᠭ᠎ᠤᠨ ᠨᠥᠭᠡᠴᠡᠯᠡᠬᠦ ᠬᠡᠷᠡᠭᠴᠡᠭᠡ ᠵᠢ ᠬᠠᠩᠭ᠋ᠠᠪᠠ᠃ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠵᠢᠨ ᠢᠲᠡᠭᠡᠮᠵᠢ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠂ ᠨᠠᠮᠤᠷ᠎ᠤᠨ ᠠᠮᠤ ᠪᠤᠳᠠᠭ᠎ᠠ ᠬᠤᠳᠠᠯᠳᠤᠨ ᠠᠪᠬᠤ᠎ᠳᠤ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠥ ᠵᠢᠨ ᠪᠠᠲᠤᠯᠠᠭ᠎ᠠ ᠬᠠᠩᠭ᠋ᠠᠪᠠ᠃ ᠳᠥᠷᠪᠡ᠎ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠵᠤ ᠂ ᠲᠥᠪ ᠭᠤᠣᠯᠴᠢ ᠡᠮᠬᠢ ᠵᠢᠷᠤᠮ᠎ᠲᠠᠢ ᠵᠠᠬ᠎ᠠ ᠳᠡᠯᠭᠡᠭᠦᠷ᠎ᠤᠨ ᠣᠷᠴᠢᠨ ᠨᠥᠬᠥᠴᠡᠯ᠎ᠢ ᠪᠤᠢ ᠪᠣᠯᠭ᠋ᠠᠪᠠ᠃ 《 ᠠᠮᠤ ᠪᠤᠳᠠᠭ᠋ᠠᠨ᠎ᠤ ᠭᠦᠢ᠍ᠯᠭᠡᠭᠡᠨ᠎ᠤ ᠬᠠᠮᠢᠶᠠᠷᠤᠯᠲᠠ ᠵᠢᠨ ᠳᠦᠷᠢᠮ 》᠎ᠤᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ ᠂ ᠨᠠᠮᠤᠷ᠎ᠤᠨ ᠠᠮᠤ ᠪᠤᠳᠠᠭ᠎ᠠ ᠬᠤᠳᠠᠯᠳᠤᠨ ᠠᠪᠬᠤ ᠬᠢᠨᠠᠯᠲᠠ ᠪᠠᠢ᠌ᠴᠠᠭ᠋ᠠᠯᠲᠠ ᠵᠢ ᠴᠢᠩᠭ᠋ᠠᠳᠬᠠᠵᠤ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠂ 《 ᠳᠥᠷᠪᠡᠨ ᠦᠭᠡᠢ ᠬᠣᠶᠠᠷ ᠰᠢᠭᠤᠳ 》 ᠂ 《 ᠬᠣᠶᠠᠷ᠎ᠢ ᠰᠤᠭᠤᠴᠢᠵᠤ ᠂ ᠨᠢᠭᠡ ᠵᠢ ᠢᠯᠡ ᠪᠣᠯᠭ᠋ᠠᠬᠤ 》 ᠂ 《 ᠰᠣᠯᠪᠢᠴᠠᠨ ᠪᠠᠢ᠌ᠴᠠᠭ᠋ᠠᠬᠤ 》 ᠵᠡᠷᠭᠡ ᠣᠯᠠᠨ ᠵᠦᠢ᠍ᠯ᠎ᠤᠨ ᠠᠷᠭ᠎ᠠ ᠵᠢ ᠶᠡᠷᠦᠩᠬᠡᠢ᠌ᠯᠡᠨ ᠬᠡᠷᠡᠭᠯᠡᠵᠦ ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠦᠨ ᠪᠠᠢ᠌ᠴᠠᠭ᠋ᠠᠬᠤ ᠵᠢ ᠴᠢᠩᠭ᠋ᠠᠷᠠᠭᠤᠯᠤᠨ ᠂ ᠠᠮᠤ ᠪᠤᠳᠠᠭ᠋ᠠᠨ᠎ᠤ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠵᠤ ᠂ ᠲᠠᠷᠢᠶᠠᠴᠢᠳ ᠵᠶ᠋ᠠᠷ 《 ᠲᠣᠳᠤᠷᠬᠠᠢ ᠠᠮᠤ ᠪᠤᠳᠠᠭ᠎ᠠ 》 ᠂ 《 ᠰᠠᠨᠠᠭ᠎ᠠ ᠠᠮᠤᠷ ᠠᠮᠤ ᠪᠤᠳᠠᠭ᠎ᠠ 》 ᠬᠤᠳᠠᠯᠳᠤᠭᠤᠯᠤᠭᠰᠠᠨ ᠪᠠᠢ᠌ᠨ᠎ᠠ᠃
ᠬᠥᠲᠥᠯᠥᠭᠴᠢ ᠄ ᠠᠮᠤ ᠪᠤᠳᠠᠭ᠋ᠠᠨ᠎ᠤ ᠨᠥᠭᠡᠴᠡ ᠪᠣᠯ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠪᠠ ᠬᠣᠷᠢᠭ᠎ᠠ ᠱᠤᠭᠤᠮ ᠮᠥᠨ ᠂ ᠤᠯᠠᠨ ᠵᠶ᠋ᠠᠷ ᠵᠶ᠋ᠠᠨ ᠠᠮᠤ ᠪᠤᠳᠠᠭ᠋ᠠᠨ᠎ᠤ ᠨᠥᠭᠡᠴᠡ ᠵᠢᠨ ᠪᠠᠢ᠌ᠳᠠᠯ᠎ᠢ ᠮᠠᠰᠢ ᠠᠩᠬᠠᠷᠴᠤ ᠪᠠᠢ᠌ᠨ᠎ᠠ ᠂ ᠡᠨᠡ ᠲᠠᠯ᠎ᠠ᠎ᠪᠠᠷ ᠪᠣᠳᠠᠲᠠᠢ ᠠᠵᠢᠯ᠎ᠤᠨ ᠪᠠᠢ᠌ᠳᠠᠯ ᠶᠠᠮᠠᠷ ᠪᠤᠢ ? ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ ?
ᠬᠦᠨᠳᠦᠲᠦ ᠵᠣᠴᠢᠨ — ᠠᠮᠤ ᠪᠤᠳᠠᠭ᠎ᠠ ᠨᠥᠭᠡᠴᠡᠯᠡᠬᠦ ᠰᠠᠯᠠᠭ᠋ᠠᠨ᠎ᠤ ᠳᠡᠳ᠋ ᠳᠠᠷᠤᠭ᠎ᠠ ᠶᠦᠨ ᠡᠾᠦ᠋ᠢ ᠹᠧᠨ ᠄ ᠣᠢ᠌ᠷ᠎ᠠ ᠵᠢᠨ ᠵᠢᠯ᠎ᠳᠤ ᠂ ᠬᠦᠬᠡᠬᠣᠲᠠ᠎ᠨᠢ ᠠᠮᠤ ᠪᠤᠳᠠᠭ᠎ᠠ ᠨᠥᠭᠡᠴᠡᠯᠡᠬᠦ ᠬᠠᠮᠢᠶᠠᠷᠤᠯᠲᠠ ᠵᠢ ᠪᠥᠬᠦ ᠲᠠᠯ᠎ᠠ᠎ᠪᠠᠷ ᠴᠢᠩᠭ᠋ᠠᠳᠬᠠᠵᠤ ᠂ 《 ᠵᠠᠰᠠᠭ᠎ᠤᠨ ᠣᠷᠳᠣᠨ᠎ᠠᠴᠠ ᠠᠮᠤ ᠪᠤᠳᠠᠭ᠋ᠠᠨ᠎ᠤ ᠡᠷᠬᠡ ᠵᠢ ᠡᠵᠡᠮᠳᠡᠬᠦ ᠂ ᠰᠠᠯᠠᠭ᠎ᠠ ᠮᠥᠴᠢᠷ᠎ᠤᠳ ᠪᠥᠬᠦ ᠲᠠᠯ᠎ᠠ᠎ᠪᠠᠷ ᠬᠢᠨᠠᠨ ᠬᠠᠮᠢᠶᠠᠷᠬᠤ ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ ᠳᠠᠭ᠋ᠠᠭ᠋ᠠᠨ ᠬᠠᠳᠠᠭ᠋ᠠᠯᠠᠵᠤ ᠡᠵᠡᠩᠨᠡᠬᠦ ᠂ ᠵᠥᠷᠢᠶᠡᠲᠦ ᠦᠨ᠎ᠡ ᠬᠠᠩᠰᠢ ᠵᠢ ᠡᠳ᠋᠎ᠤᠨ ᠵᠠᠰᠠᠭ ᠪᠠᠲᠤᠯᠠᠬᠤ 》 ᠬᠥᠬᠡᠬᠤᠲᠠ ᠵᠢᠨ ᠠᠮᠤ ᠪᠤᠳᠠᠭ᠋ᠠᠨ᠎ᠤ ᠨᠥᠭᠡᠴᠡᠯᠡᠯᠲᠡ ᠵᠢᠨ ᠬᠠᠮᠢᠶᠠᠷᠤᠯᠲᠠ ᠵᠢᠨ ᠵᠠᠭᠪᠤᠷ᠎ᠢ ᠠᠯᠬᠤᠮ ᠠᠯᠬᠤᠮ ᠵᠶ᠋ᠠᠷ ᠬᠠᠢ᠌ᠨ ᠰᠦᠪᠡᠭᠴᠢᠯᠡᠵᠦ ᠂ 《 ᠭᠤᠷᠪᠠᠨ ᠡᠷᠬᠡᠪᠰᠢ 》 ᠪᠠ 《 ᠨᠢᠭᠡ ᠵᠢ ᠪᠠᠲᠤᠯᠠᠬᠤ 》᠎ᠪᠠᠷ ᠭᠣᠣᠯᠳᠠᠯᠭ᠎ᠠ ᠪᠣᠯᠭ᠋ᠠᠨ ᠂ ᠠᠮᠤ ᠪᠤᠳᠠᠭ᠎ᠠ ᠨᠥᠭᠡᠴᠡᠯᠡᠬᠦ ᠴᠢᠳᠠᠪᠤᠷᠢ ᠵᠢᠨ ᠪᠦᠲᠦᠮᠵᠢᠲᠡᠶ ᠳᠡᠭᠡᠭᠰᠢᠯᠡᠯᠲᠡ ᠵᠢ ᠪᠥᠬᠦ ᠲᠠᠯ᠎ᠠ᠎ᠪᠠᠷ ᠠᠬᠢᠭᠤᠯᠪᠠ ᠃ 《 ᠭᠤᠷᠪᠠᠨ ᠡᠷᠬᠡᠪᠰᠢ 》 ᠄ ᠠᠮᠤ ᠪᠤᠳᠠᠭ᠋ᠠᠨ᠎ᠤ ᠡᠷᠬᠡ ᠵᠢ ᠡᠷᠬᠡᠪᠰᠢ ᠵᠠᠰᠠᠭ᠎ᠤᠨ ᠣᠷᠳᠣᠨ᠎ᠤ ᠭᠠᠷ᠎ᠲᠤ ᠪᠠᠲᠤ ᠡᠵᠡᠮᠳᠡᠵᠦ ᠂ ᠠᠮᠤ ᠪᠤᠳᠠᠭ᠎ᠠ ᠂ ᠡᠳ᠋᠎ᠤᠨ ᠵᠠᠰᠠᠭ ᠂ ᠲᠠᠷᠢᠶᠠᠯᠠᠩ᠎ᠤᠨ ᠬᠥᠭᠵᠢᠭᠦᠯᠦᠯᠲᠡ ᠵᠢᠨ ᠪᠠᠩᠬᠢ ᠵᠡᠷᠭᠡ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠡᠷᠬᠡᠪᠰᠢ ᠬᠢᠨᠠᠨ ᠬᠠᠮᠢᠶᠠᠷᠴᠤ ᠂ ᠠᠮᠤ ᠪᠤᠳᠠᠭ᠋ᠠᠨ᠎ᠤ ᠨᠥᠭᠡᠴᠡ ᠵᠢ ᠡᠷᠬᠡᠪᠰᠢ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠳᠤ ᠲᠤᠰᠢᠶᠠᠵᠤ ᠠᠵᠢᠯᠯᠠᠭᠤᠯᠤᠨ᠎ᠠ ; 《 ᠨᠢᠭᠡ ᠵᠢ ᠪᠠᠲᠤᠯᠠᠬᠤ 》 ᠄ ᠡᠭᠡᠯᠵᠢᠯᠡᠭᠦᠯᠬᠦ ᠦᠨ᠎ᠡ ᠵᠢᠨ ᠵᠥᠷᠢᠶ᠎ᠡ ᠵᠢ ᠡᠳ᠋᠎ᠤᠨ ᠵᠠᠰᠠᠭ᠎ᠤᠨ ᠪᠠᠲᠤᠯᠠᠬᠤ ᠃ ᠡᠭᠦᠨ᠎ᠤ ᠬᠠᠮᠲᠤ ᠳᠣᠣᠷᠠᠬᠢ ᠪᠦᠲᠦᠮᠵᠢᠲᠡᠶ ᠠᠷᠭ᠎ᠠ ᠬᠡᠮᠵᠢᠶ᠎ᠡ ᠵᠢ ᠠᠪᠴᠠᠢ ᠄ ᠨᠢᠭᠡ᠎ᠳᠤ ᠨᠥᠭᠡᠴᠡᠯᠡᠬᠦ ᠬᠡᠪᠴᠢᠶ᠎ᠡ ᠵᠢ ᠬᠥᠳᠡᠯᠦᠩᠭᠦᠢ᠎ᠪᠠᠷ ᠲᠣᠬᠢᠷᠠᠭᠤᠯᠬᠤ ᠲᠣᠭᠲᠠᠴᠠ ᠃ ᠭᠠᠷᠤᠯᠲᠠ ᠵᠢᠨ ᠣᠷᠣᠨ᠎ᠤ 3 ᠰᠠᠷ᠎ᠠ ᠂ ᠪᠣᠷᠤᠯᠠᠭᠤᠯᠭ᠎ᠠ ᠵᠢᠨ ᠣᠷᠣᠨ᠎ᠤ 6 ᠰᠠᠷ᠎ᠠ ᠵᠢᠨ ᠱᠠᠭ᠋ᠠᠷᠳᠠᠯᠭ᠎ᠠ ᠶᠣᠰᠣᠭ᠋ᠠᠷ ᠂ 2021 ᠣᠨ᠎ᠳᠤ ᠬᠥᠬᠡᠬᠤᠲᠠ ᠪᠣᠯᠪᠠᠰᠤᠷᠠᠭᠤᠯᠤᠭᠰᠠᠨ ᠠᠮᠤ ᠲᠣᠰᠣ ᠨᠥᠭᠡᠴᠡᠯᠡᠬᠦ ᠬᠡᠪᠴᠢᠶ᠎ᠡ᠎ᠪᠠᠨ ᠴᠠᠭᠲᠤᠨᠢ ᠲᠣᠬᠢᠷᠠᠭᠤᠯᠤᠨ ᠨᠡᠮᠡᠭᠳᠡᠭᠦᠯᠵᠦ ᠂ ᠨᠥᠭᠡᠴᠡᠯᠡᠭᠰᠡᠨᠤ ᠳᠠᠷᠠᠭ᠎ᠠ ᠭᠣᠣᠯ ᠬᠤᠲᠠ ᠲᠣᠭᠣᠷᠢᠭ᠎ᠤᠨ ᠬᠥᠮᠥᠨ ᠠᠮᠠ ᠵᠢᠨ 15 ᠡᠳᠦᠷ᠎ᠤᠨ ᠪᠣᠯᠪᠠᠰᠤᠷᠠᠭᠤᠯᠤᠭᠰᠠᠨ ᠠᠮᠤ ᠲᠣᠰᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠩᠭ᠋ᠠᠯᠭ᠎ᠠ ᠵᠢᠨ ᠬᠡᠷᠡᠭᠴᠡᠭᠡ ᠵᠢ ᠬᠠᠩᠭ᠋ᠠᠵᠤ ᠂ ᠡᠭᠦᠨ᠎ᠤ ᠳᠡᠭᠡᠷ᠎ᠡ ᠬᠦᠬᠡᠬᠣᠲᠠ ᠵᠢᠨ ᠪᠣᠯᠪᠠᠰᠤᠷᠠᠭᠤᠯᠤᠭᠰᠠᠨ ᠠᠮᠤ ᠲᠣᠰᠣᠨ᠎ᠤ ᠬᠤᠳᠠᠯᠳᠤᠭ᠋ᠠᠨ᠎ᠤ ᠬᠥᠮᠥᠷᠭᠡ ᠵᠢᠨ ᠬᠠᠳᠠᠭ᠋ᠠᠯᠠᠯᠲᠠ ᠵᠢ ᠨᠡᠮᠡᠪᠡᠯ᠂ ᠭᠣᠣᠯ ᠬᠤᠲᠠ ᠲᠣᠭᠣᠷᠢᠭ᠎ᠤᠨ 85 ᠡᠳᠦᠷ᠎ᠠᠴᠠ ᠳᠡᠭᠡᠭᠰᠢᠬᠢ ᠠᠮᠤ ᠲᠣᠰᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠩᠭ᠋ᠠᠯᠭ᠎ᠠ ᠵᠢ ᠬᠠᠩᠭ᠋ᠠᠵᠤ ᠪᠣᠯᠣᠨ᠎ᠠ ᠃ ᠬᠣᠶᠠᠷ᠎ᠲᠤ ᠨᠥᠭᠡᠴᠡ ᠡᠭᠡᠯᠵᠢᠯᠡᠭᠦᠯᠬᠦ ᠲᠣᠭᠲᠠᠴᠠ ᠵᠢ ᠲᠡᠭᠦᠯᠳᠡᠷᠵᠢᠭᠦᠯᠪᠡ᠃ ᠪᠣᠯᠪᠠᠰᠤᠷᠠᠭᠤᠯᠤᠭᠰᠠᠨ ᠠᠮᠤ ᠪᠤᠳᠠᠭ᠋ᠠᠨ᠎ᠤ ᠶᠠᠰᠤ ᠴᠢᠨᠠᠷ᠎ᠢ ᠪᠠᠲᠤᠯᠠᠬᠤ ᠬᠤᠭᠤᠴᠠᠭ᠎ᠠ᠎ᠨᠢ ᠣᠬᠣᠷ ᠂ ᠡᠷᠭᠢᠯᠲᠡ ᠵᠢᠨ ᠬᠤᠷᠳᠤᠴᠠ᠎ᠨᠢ ᠲᠦᠷᠭᠡᠨ ᠵᠡᠷᠭᠡ ᠣᠨᠴᠠᠯᠢᠭ᠎ᠢ ᠦᠨᠳᠦᠰᠦᠯᠡᠨ ᠂ ᠬᠤᠲᠠ ᠵᠢᠨ ᠱᠠᠲᠤᠨ᠎ᠤ ᠪᠣᠯᠪᠠᠰᠤᠷᠠᠭᠤᠯᠤᠭᠰᠠᠨ ᠨᠥᠭᠡᠴᠡ ᠠᠮᠤ ᠪᠤᠳᠠᠭ᠎ᠠ᠎ᠳᠤ ᠪᠠᠢ᠌ᠩᠭᠤ ᠵᠢᠨ ᠬᠡᠮᠵᠢᠶ᠎ᠡ ᠵᠢ ᠪᠠᠲᠤᠯᠠᠬᠤ ᠂ ᠡᠭᠡᠯᠵᠢᠯᠡᠨ ᠰᠣᠯᠢᠬᠤ ᠠᠷᠭ᠎ᠠ ᠬᠡᠮᠵᠢᠶ᠎ᠡ ᠠᠪᠴᠤ ᠂ ᠪᠣᠯᠪᠠᠰᠤᠷᠠᠭᠤᠯᠤᠭᠰᠠᠨ ᠠᠮᠤ ᠲᠣᠰᠣ ᠨᠥᠭᠡᠴᠡᠯᠡᠬᠦ 《 ᠲᠣᠭ᠎ᠠ ᠬᠡᠮᠵᠢᠶ᠎ᠡ ᠦᠨᠡᠨ ᠪᠣᠳᠠᠲᠠᠢ ᠂ ᠶᠠᠰᠤ ᠴᠢᠨᠠᠷ ᠰᠠᠢ᠌ᠨ ᠂ ᠪᠠᠢ᠌ᠩᠭᠤ ᠬᠠᠳᠠᠭ᠋ᠠᠯᠠᠵᠤ ᠪᠠᠢ᠌ᠩᠭᠤ ᠰᠢᠨᠡᠴᠢᠯᠡᠬᠦ 》 ᠵᠢ ᠦᠨᠡᠨ ᠬᠦ᠌ ᠪᠠᠲᠤᠯᠠᠪᠠ᠃ ᠭᠤᠷᠪᠠ᠎ᠳᠤ ᠨᠥᠭᠡᠴᠡ ᠠᠮᠤ ᠲᠣᠰᠣᠨ᠎ᠤ ᠪᠥᠬᠦ ᠶᠠᠪᠤᠴᠠ ᠵᠢᠨ ᠮᠡᠳᠡᠭᠡ ᠵᠠᠩᠭᠢᠵᠢᠯᠲᠠ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠪᠠ᠃ ᠣᠲᠣ ᠵᠢᠨ ᠪᠠᠢ᠌ᠭ᠎ᠠ ᠠᠮᠤ ᠪᠤᠳᠠᠭ᠋ᠠᠨ᠎ᠤ ᠬᠥᠮᠥᠷᠭᠡ ᠵᠢᠨ ᠮᠡᠳᠡᠭᠡ ᠵᠠᠩᠭᠢᠵᠢᠯᠲᠠ ᠵᠢᠨ ᠬᠠᠮᠢᠶᠠᠷᠤᠯᠲᠠ ᠵᠢᠨ ᠰᠢᠰᠲ᠋ᠧᠮ ᠂ ᠬᠥᠮᠥᠷᠭᠡ᠎ᠠᠴᠠ ᠭᠠᠷᠭ᠋ᠠᠵᠤ ᠣᠷᠣᠭᠤᠯᠬᠤ ᠣᠶᠤᠨᠴᠢᠯᠠᠭᠰᠠᠨ ᠬᠠᠮᠢᠶᠠᠷᠤᠯᠲᠠ ᠵᠢᠨ ᠰᠢᠰᠲ᠋ᠧᠮ᠎ᠳᠤ ᠲᠦᠰᠢᠭᠯᠡᠨ ᠂ ᠠᠮᠤ ᠪᠤᠳᠠᠭ᠋ᠠᠨ᠎ᠤ ᠪᠠᠢ᠌ᠳᠠᠯ᠎ᠢ ᠰᠦᠯᠵᠢᠶᠡᠨ ᠳᠡᠭᠡᠷ᠎ᠡ ᠪᠠᠢ᠌ᠴᠠᠭ᠋ᠠᠨ ᠰᠢᠯᠭ᠋ᠠᠬᠤ ᠴᠢᠳᠠᠪᠤᠷᠢ ᠵᠢ ᠲᠠᠰᠤᠷᠠᠯᠲᠠ ᠦᠭᠡᠢ ᠴᠢᠩᠭ᠋ᠠᠷᠠᠭᠤᠯᠵᠤ ᠂ ᠡᠭᠦᠨ᠎ᠤ ᠤᠯᠠᠮ᠎ᠠᠴᠠ ᠬᠥᠮᠥᠷᠭᠡ᠎ᠳᠤ ᠨᠥᠭᠡᠴᠡᠯᠡᠬᠦ ᠠᠮᠤ ᠪᠤᠳᠠᠭ᠎ᠠ ᠵᠢ ᠠᠯᠤᠰ᠎ᠠᠴᠠ ᠴᠠᠭ ᠲᠤᠬᠠᠢᠳᠤᠨᠢ ᠬᠢᠨᠠᠨ ᠬᠠᠮᠢᠶᠠᠷᠬᠤ ᠵᠢ ᠪᠡᠶᠡᠯᠡᠭᠦᠯᠵᠦ ᠂ ᠪᠣᠯᠪᠠᠰᠤᠷᠠᠭᠤᠯᠤᠭᠰᠠᠨ ᠠᠮᠤ ᠪᠤᠳᠠᠭ᠋ᠠᠨ᠎ᠤ ᠨᠥᠭᠡᠴᠡ ᠵᠢ 《 ᠬᠦᠮᠦᠷᠭᠡᠯᠡᠵᠤ ᠳᠡᠶ᠋ᠢᠯᠬᠦ ᠂ ᠬᠠᠳᠠᠭ᠋ᠠᠯᠠᠵᠤ ᠳᠡᠶ᠋ᠢᠯᠬᠦ᠂ ᠲᠣᠬᠢᠷᠠᠭᠤᠯᠵᠤ ᠳᠡᠶ᠋ᠢᠯᠬᠦ᠂ ᠬᠡᠷᠡᠭᠯᠡᠵᠦ ᠳᠡᠶ᠋ᠢᠯᠬᠦ 》 ᠵᠢ ᠦᠨᠡᠨ ᠬᠦ᠌ ᠪᠠᠲᠤᠯᠠᠪᠠ᠃
ᠬᠥᠲᠥᠯᠥᠭᠴᠢ ᠄ ᠬᠦᠬᠡᠬᠤᠳᠠ ᠠᠮᠤ ᠪᠤᠳᠠᠭ᠋ᠠᠨ᠎ᠤ ᠠᠵᠤ ᠦᠢ᠍ᠯᠡᠰ᠎ᠤᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠶᠠᠮᠠᠷ ᠶᠠᠮᠠᠷ ᠠᠵᠢᠯ ᠥᠷᠨᠢᠭᠦᠯᠦᠭᠰᠡᠨ ᠪᠣᠶ ?
ᠬᠦᠨᠳᠦᠲᠦ ᠵᠣᠴᠢᠨ — ᠠᠮᠤ ᠪᠤᠳᠠᠭ᠋ᠠᠨ᠎ᠤ ᠲᠥᠯᠦᠪᠵᠢᠭᠦᠯᠭᠡ ᠪᠠ ᠠᠵᠤ ᠦᠢ᠍ᠯᠡᠰ᠎ᠤᠨ ᠬᠥᠭᠵᠢᠯᠲᠡ ᠵᠢᠨ ᠰᠠᠯᠠᠭ᠋ᠠᠨ᠎ᠤ ᠳᠠᠷᠤᠭ᠎ᠠ ᠭᠤᠤ ᠶᠠᠩ᠄ ᠨᠢᠭᠡ᠎ᠳᠤ ᠴᠢᠨᠠᠷ ᠰᠠᠢ᠌ᠲᠠᠢ ᠠᠮᠤ ᠪᠤᠳᠠᠭ᠋ᠠᠨ᠎ᠤ ᠢᠨᠵᠧᠨᠧᠷᠢᠩ᠎ᠤᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ ᠬᠡᠷᠡᠭᠵᠢᠭᠦᠯᠪᠡ᠃ ᠬᠦᠬᠡᠬᠣᠲᠠ ᠵᠢᠨ ᠲᠣᠭᠲᠠᠭ᠋ᠠᠨ ᠳᠠᠷᠤᠮᠠᠯᠯᠠᠨ ᠲᠠᠷᠬᠠᠭ᠋ᠠᠭᠰᠠᠨ 《 〈 ᠠᠷᠪᠠᠨ ᠳᠥᠷᠪᠡᠳᠦᠭᠡᠷ ᠲᠠᠪᠤᠨ ᠵᠢᠯ 〉᠎ᠤᠨ ᠬᠤᠭᠤᠴᠠᠭ᠋ᠠᠨ᠎ᠳᠤ ᠴᠢᠨᠠᠷ ᠰᠠᠢ᠌ᠲᠠᠢ ᠠᠮᠤ ᠪᠤᠳᠠᠭ᠋ᠠᠨ᠎ᠤ ᠢᠨᠵᠧᠨᠧᠷᠢᠩ᠎ᠢ ᠭᠦᠨᠵᠡᠭᠡᠢ ᠲᠦᠯᠬᠢᠨ ᠠᠬᠢᠭᠤᠯᠬᠤ ᠶᠡᠷᠦᠩᠬᠡᠢ ᠬᠡᠷᠡᠭᠵᠢᠭᠦᠯᠬᠦ ᠲᠥᠰᠥᠯ 》᠎ᠤᠨ ᠶᠡᠷᠦᠩᠬᠡᠢ ᠱᠠᠭ᠋ᠠᠷᠳᠠᠯᠭ᠎ᠠ ᠶᠣᠰᠣᠭ᠋ᠠᠷ ᠂ ᠴᠢᠨᠠᠷ ᠰᠠᠢ᠌ᠲᠠᠢ ᠠᠮᠤ ᠪᠤᠳᠠᠭ᠋ᠠᠨ᠎ᠤ ᠢᠨᠵᠧᠨᠧᠷᠢᠩ᠎ᠤᠨ 《 ᠲᠠᠪᠤᠨ ᠰᠢᠯᠢᠳᠡᠭ ᠬᠣᠯᠪᠤᠭ᠋ᠠᠯᠠᠨ ᠬᠥᠳᠡᠯᠦᠯᠴᠡᠬᠦ 》 ᠂ 《 ᠭᠤᠷᠪᠠᠨ ᠬᠡᠯᠬᠢᠶ᠎ᠡ ᠵᠢ ᠬᠠᠮᠵᠢᠯᠴᠠᠭᠤᠯᠬᠤ 》 ᠂ 《 ᠵᠢᠷᠭᠤᠭ᠋ᠠᠨ ᠶᠡᠬᠡ ᠳᠡᠭᠡᠭᠰᠢᠯᠡᠭᠦᠯᠬᠦ ᠠᠵᠢᠯᠯᠠᠭ᠎ᠠ 》 ᠵᠢ ᠲᠣᠪᠣᠢ᠌ᠮ᠎ᠠ ᠰᠠᠢ᠌ᠲᠤᠷ ᠠᠳᠬᠤᠵᠤ ᠂ ᠨᠥᠬᠥᠪᠦᠷᠢ ᠵᠢᠨ ᠪᠡᠯᠡ ᠮᠥᠩᠭᠥ ᠵᠢ ᠨᠡᠶ᠋ᠢᠲᠡ 1376 ᠲᠦᠮᠡᠨ ᠲᠥᠭᠥᠷᠢᠭ ᠣᠯᠵᠤ ᠂ ᠴᠢᠨᠠᠷ ᠰᠠᠢ᠌ᠲᠠᠢ ᠠᠮᠤ ᠪᠤᠳᠠᠭ᠋ᠠᠨ᠎ᠤ ᠢᠨᠵᠧᠨᠧᠷᠢᠩ᠎ᠤᠨ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠭᠣᠣᠯᠳᠠᠯᠭ᠎ᠠ᠎ᠲᠠᠢ ᠳᠡᠮᠵᠢᠵᠦ ᠂ ᠨᠡᠢ᠌ᠭᠡᠮ᠎ᠤᠨ ᠬᠥᠷᠥᠩᠭᠡ ᠵᠢᠨ ᠨᠡᠶ᠋ᠢᠲᠡ 4577.69 ᠲᠦᠮᠡᠨ ᠲᠥᠭᠥᠷᠢᠭ᠎ᠢ ᠳᠠᠶ᠋ᠢᠴᠢᠯᠠᠨ ᠬᠦᠬᠡᠬᠣᠲᠠ ᠵᠢᠨ ᠠᠮᠤ ᠪᠤᠳᠠᠭ᠋ᠠᠨ᠎ᠤ ᠠᠵᠤ ᠦᠢ᠍ᠯᠡᠰ᠎ᠤᠨ ᠬᠥᠭᠵᠢᠯᠲᠡ᠎ᠳᠤ ᠣᠷᠣᠯᠴᠠᠭᠤᠯᠪᠠ ᠃ ᠬᠣᠶᠠᠷ᠎ᠲᠤ ᠠᠮᠤ ᠲᠣᠰᠣᠨ᠎ᠤ ᠨᠠᠷᠠᠲᠤ ᠲᠡᠮᠳᠡᠭᠲᠦ ᠵᠢᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠪᠠ ᠃ ᠴᠢᠨᠠᠷ ᠰᠠᠢ᠌ᠲᠠᠢ ᠠᠮᠤ ᠲᠣᠰᠣᠨ᠎ᠤ ᠵᠢᠱ᠌ᠢᠶ᠎ᠡ ᠦᠵᠡᠭᠦᠯᠬᠦ ᠠᠵᠤ ᠠᠬᠤᠢ᠌ᠯᠠᠯ᠎ᠢ 25 ᠪᠠᠢ᠌ᠭᠤᠯᠵᠤ ᠂ 《ᠮᠧᠩ ᠴᠢᠩ 》 ᠰᠢᠶᠣᠣ ᠰᠢᠶᠠᠩ ᠮᠢ᠂ 《 ᠦᠴᠦᠸᠠᠨ᠎ᠤ ᠠᠭᠯᠢ ᠪᠤᠭᠤᠳᠠᠢ 》 ᠂ 《 ᠮᠧᠩ ᠰᠢᠨ 》 ᠡᠯᠳᠡᠪ ᠠᠮᠤ ᠵᠡᠷᠭᠡ ᠣᠯᠠᠨ ᠭᠠᠵᠠᠷ ᠣᠷᠣᠨ᠎ᠤ ᠨᠠᠷᠠᠲᠤ ᠲᠡᠮᠳᠡᠭᠲᠦ ᠵᠢ ᠪᠣᠢ᠌ᠵᠢᠭᠤᠯᠤᠨ ᠂ ᠭᠣᠣᠯᠯᠠᠬᠤ ᠦᠢ᠍ᠯᠡᠳᠭᠦᠨ᠎ᠢ ᠨᠠᠷᠠᠲᠤ ᠲᠡᠮᠳᠡᠭᠵᠢᠭᠦᠯᠬᠦ ᠵᠢ ᠪᠡᠶᠡᠯᠡᠭᠦᠯᠬᠦ ᠵᠢᠨ ᠬᠠᠮᠲᠤ ᠠᠮᠤ ᠪᠤᠳᠠᠭ᠋ᠠᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠠᠵᠢᠯᠯᠠᠭ᠋ᠠᠨ᠎ᠤ ᠭᠠᠷᠠᠭ᠎ᠤᠨ ᠳᠡᠯᠭᠡᠨ ᠦᠵᠡᠭᠦᠯᠬᠦ ᠂ ᠳᠡᠯᠭᠡᠨ ᠪᠣᠷᠣᠯᠠᠭᠤᠯᠬᠤ ᠵᠡᠷᠭᠡ ᠠᠵᠢᠯᠯᠠᠭ᠎ᠠ᠎ᠪᠠᠷ ᠳᠠᠮᠵᠢᠭᠤᠯᠤᠨ ᠂ ᠨᠠᠷᠠᠲᠤ ᠲᠡᠮᠳᠡᠭᠲᠦ ᠵᠢᠨ ᠤᠬᠠᠭᠤᠯᠭ᠎ᠠ ᠵᠢᠨ ᠦᠢ᠍ᠯᠡᠳᠭᠦᠨ᠎ᠢ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ ᠂ ᠴᠢᠨᠠᠷ ᠰᠠᠢ᠌ᠲᠠᠢ ᠠᠮᠤ ᠲᠣᠰᠣᠨ᠎ᠤ ᠪᠦᠲᠦᠭᠡᠭᠳᠡᠬᠦᠨ᠎ᠤ ᠠᠯᠳᠠᠷᠰᠢᠯ᠎ᠢ ᠥᠷᠭᠡᠳᠬᠡᠨ ᠂ ᠴᠢᠨᠠᠷ ᠰᠠᠢ᠌ᠲᠠᠢ ᠠᠮᠤ ᠲᠣᠰᠣᠨ᠎ᠤ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠪᠠ ᠃ ᠭᠤᠷᠪᠠ᠎ᠳᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠪᠠ᠃ ᠤᠯᠤᠰ᠎ᠤᠨ ᠠᠮᠤ ᠪᠤᠳᠠᠭ᠋ᠠᠨ᠎ᠤ ᠮᠡᠷᠭᠡᠵᠢᠯ᠎ᠢ ᠰᠢᠯᠵᠢᠭᠦᠯᠬᠦ ᠲᠥᠪ᠎ᠤᠨ ᠮᠡᠳᠡᠭᠡ ᠵᠠᠩᠭᠢ ᠵᠢᠨ ᠲᠠᠪᠴᠠᠩ ᠵᠶ᠋ᠠᠷ ᠳᠠᠮᠵᠢᠭᠤᠯᠤᠨ ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠦᠯᠬᠦᠮ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠬᠢᠭᠡᠳ ᠠᠵᠤ ᠠᠬᠤᠢ᠌ᠯᠠᠯ᠎ᠤᠨ 《 ᠭᠤᠷᠪᠠ ᠵᠢ ᠵᠣᠯᠭ᠋ᠠᠭᠤᠯᠬᠤ 》 ᠠᠵᠢᠯᠯᠠᠭ᠎ᠠ ᠵᠢ ᠦᠷᠨᠢᠭᠦᠯᠪᠡ᠃ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠂ ᠬᠦᠬᠡᠬᠣᠲᠠ ᠵᠢᠨ ᠠᠮᠤ ᠲᠣᠰᠣᠨ᠎ᠤ ᠶᠠᠰᠤ ᠴᠢᠨᠠᠷ᠎ᠤᠨ ᠪᠠᠢ᠌ᠴᠠᠭ᠋ᠠᠯᠲᠠ ᠵᠢᠨ ᠲᠥᠪ ᠵᠡᠷᠭᠡ ᠲᠠᠪᠴᠠᠩ᠎ᠳᠤ ᠲᠦᠰᠢᠭᠯᠡᠨ ᠂ ᠴᠢᠨᠠᠷ ᠰᠠᠢ᠌ᠲᠠᠢ ᠠᠮᠤ ᠲᠣᠰᠣᠨ᠎ᠤ ᠪᠡᠶ᠎ᠡ᠎ᠪᠠᠨ ᠳᠠᠭ᠋ᠠᠭ᠋ᠠᠵᠤ ᠰᠤᠳᠤᠯᠤᠨ ᠨᠡᠭᠡᠭᠡᠵᠦ ᠰᠢᠨ᠎ᠡ ᠵᠢ ᠡᠭᠦᠳᠬᠦ ᠠᠵᠢᠯ᠎ᠢ ᠢᠳᠡᠪᠬᠢᠲᠡᠢ ᠥᠷᠨᠢᠭᠦᠯᠵᠦ ᠂ ᠠᠮᠤ ᠪᠤᠳᠠᠭ᠋ᠠᠨ᠎ᠤ ᠤᠨᠠᠯᠲᠠ ᠂ ᠶᠠᠰᠤ ᠴᠢᠨᠠᠷ ᠂ ᠦᠷ᠎ᠡ ᠠᠰᠢᠭ᠎ᠢ ᠦᠷᠭᠦᠯᠵᠢᠯᠡᠨ ᠳᠡᠭᠡᠭᠰᠢᠯᠡᠭᠦᠯᠬᠦ ᠵᠢ ᠠᠬᠢᠭᠤᠯᠪᠠ᠃ ᠳᠥᠷᠪᠡ᠎ᠳᠤ ᠠᠵᠤ ᠦᠢ᠍ᠯᠡᠰ᠎ᠤᠨ ᠬᠡᠯᠬᠢᠶ᠎ᠡ ᠵᠢᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠢᠳᠡᠪᠬᠢᠲᠡᠢ ᠠᠬᠢᠭᠤᠯᠪᠠ ᠃ ᠬᠥᠬᠡᠬᠤᠲᠠ ᠴᠢᠨᠠᠷ ᠰᠠᠢ᠌ᠲᠠᠢ ᠡᠷᠳᠡᠨᠢ ᠰᠢᠰᠢ ᠂ 《ᠳᠤᠮᠳᠠᠳᠤ ᠤᠯᠤᠰ᠎ᠤᠨ ᠨᠠᠷᠢᠮᠤ ᠵᠢᠨ ᠨᠤᠲᠤᠭ》 ᠵᠡᠷᠭᠡ ᠣᠨᠴᠠᠯᠢᠭᠲᠤ ᠡᠯᠳᠡᠪ ᠠᠮᠤ ᠪᠠ 《 ᠦᠴᠦᠸᠠᠨ᠎ᠤ ᠲᠥᠮᠥᠰᠥ》 ᠵᠡᠷᠭᠡ ᠲᠥᠮᠥᠰᠥ ᠵᠢᠨ ᠤᠯᠤᠰ᠎ᠤᠨ ᠭᠠᠵᠠᠷ ᠵᠦᠢ ᠵᠢᠨ ᠢᠯᠡᠷᠬᠡᠢ᠌ᠯᠡᠯ᠎ᠲᠦ ᠵᠢᠨ ᠲᠡᠮᠳᠡᠭᠲᠦ ᠦᠢ᠍ᠯᠡᠳᠬᠦᠨ ᠵᠡᠷᠭᠡ ᠡᠬᠢ ᠪᠠᠶᠠᠯᠢᠭ᠎ᠤᠨ ᠳᠠᠪᠠᠭᠤᠯᠢᠭ᠎ᠤᠨ ᠲᠣᠭᠣᠷᠢᠨ᠎ᠳᠤ ᠠᠮᠤ ᠪᠤᠳᠠᠭ᠋ᠠᠨ᠎ᠤ ᠪᠥᠬᠦ ᠠᠵᠤ ᠦᠢ᠍ᠯᠡᠰ᠎ᠤᠨ ᠬᠡᠯᠬᠢᠶ᠎ᠡ ᠵᠢ ᠠᠬᠢᠭᠤᠯᠤᠨ ᠬᠥᠭᠵᠢᠭᠦᠯᠵᠦ ᠂ ᠡᠷᠳᠡᠨᠢ ᠰᠢᠰᠢ ᠵᠢ ᠨᠠᠷᠢᠯᠢᠭ ᠡᠳ᠋ᠰᠢᠭᠦᠯᠬᠦ ᠪᠠ ᠠᠮᠢᠳᠤ ᠪᠣᠳᠠᠰ᠎ᠤᠨ ᠡᠮ ᠦᠢ᠍ᠯᠡᠳᠬᠦ ᠠᠵᠤ ᠦᠢ᠍ᠯᠡᠰ᠎ᠤᠨ ᠬᠡᠯᠬᠢᠶ᠎ᠡ ᠂ ᠨᠣᠬᠠᠢ ᠵᠢᠨ ᠬᠣᠰᠢᠭᠤ ᠵᠢᠨ ᠪᠥᠬᠦ ᠠᠵᠤ ᠦᠢ᠍ᠯᠡᠰ᠎ᠤᠨ ᠬᠡᠯᠬᠢᠶ᠎ᠡ ᠵᠢᠴᠢ ᠨᠠᠷᠢᠯᠢᠭ ᠡᠳ᠋ᠰᠢᠭᠦᠯᠬᠦ ᠂ 《 ᠦᠷ᠎ᠡ ᠵᠢᠨ ᠲᠥᠮᠥᠰᠥ ᠂ ᠰᠣᠷᠭᠣᠭ ᠲᠥᠮᠥᠰᠥ ᠂ ᠡᠳ᠋ᠰᠢᠭᠦᠯᠦᠭᠰᠡᠨ ᠲᠥᠮᠥᠰᠥ 》 ᠭᠤᠷᠪᠠᠨ ᠲᠥᠮᠥᠰᠥ ᠵᠢ ᠵᠡᠷᠭᠡ᠎ᠪᠠᠷ ᠴᠢᠬᠤᠯᠠᠴᠢᠯᠠᠬᠤ ᠪᠠ 《 ᠳᠠᠷᠢᠬᠤ ᠂ ᠪᠣᠷᠣᠯᠠᠭᠤᠯᠬᠤ ᠂ ᠵᠣᠭᠣᠷᠢ ᠬᠠᠳᠠᠭ᠋ᠠᠯᠠᠬᠤ ᠂ ᠡᠳ᠋ᠰᠢᠭᠦᠯᠬᠦ ᠂ ᠰᠢᠨᠵᠢᠯᠡᠨ ᠰᠣᠳᠤᠯᠬᠤ》 ᠭᠡᠬᠦ ᠲᠠᠪᠤᠨ ᠵᠠᠮ᠎ᠢ ᠵᠡᠷᠭᠡ᠎ᠪᠠᠷ ᠶᠠᠪᠤᠭᠳᠠᠭᠤᠯᠬᠤ ᠠᠵᠤ ᠦᠢ᠍ᠯᠡᠰᠵᠢᠭᠰᠡᠨ ᠪᠠᠢ᠌ᠷᠢᠰᠢᠯ᠎ᠢ ᠪᠠᠢ᠌ᠭᠤᠯᠪᠠ ᠃ ᠲᠠᠪᠤ᠎ᠳᠤ ᠦᠵᠦ ᠲᠥᠯᠥᠪᠯᠡᠭᠡ ᠪᠠ ᠲᠥᠷᠥ ᠵᠢᠨ ᠪᠣᠳᠣᠯᠭ᠎ᠠ ᠵᠢᠨ ᠬᠡᠯᠪᠡᠶ᠋ᠢᠯᠲᠡ ᠵᠢ ᠴᠢᠩᠭ᠋ᠠᠳᠬᠠᠵᠤ ᠂ ᠬᠥᠬᠡᠬᠤᠲᠠ ᠵᠢᠨ ᠠᠮᠤ ᠪᠤᠳᠠᠭ᠋ᠠᠨ᠎ᠤ ᠪᠠᠷᠠᠭ᠋ᠠᠨ᠎ᠤ ᠭᠦᠢ᠍ᠯᠭᠡᠭᠡᠨ᠎ᠤ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠴᠢᠬᠤᠯᠠ ᠠᠵᠠ ᠲᠣᠬᠢᠶᠠᠯᠳᠤ ᠬᠤᠭᠤᠴᠠᠭ᠎ᠠ ᠵᠢ ᠴᠢᠩᠭ᠎ᠠ ᠠᠳᠬᠤᠵᠤ ᠂ ᠳᠤᠮᠳᠠᠳᠤ ᠤᠯᠤᠰ᠎ᠤᠨ ᠠᠮᠤ ᠪᠤᠳᠠᠭ᠋ᠠᠨ᠎ᠤ ᠨᠥᠭᠡᠴᠡᠯᠡᠯᠲᠡ ᠵᠢᠨ ᠬᠥᠬᠡᠬᠤᠲᠠ᠎ᠳᠠᠬᠢ ᠰᠢᠭᠤᠳ ᠬᠠᠷᠢᠶ᠎ᠠ ᠬᠥᠮᠥᠷᠭᠡ ᠵᠢᠨ 《 ᠬᠤᠲᠠ᠎ᠠᠴᠠ ᠭᠠᠷᠴᠤ ᠬᠦᠷᠢᠶᠡᠯᠡᠩ᠎ᠳᠤ ᠣᠷᠣᠬᠤ 》 ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠲᠤᠯᠭ᠋ᠠᠭᠤᠷᠢᠯᠠᠨ ᠬᠥᠲᠥᠯᠥᠨ ᠳᠠᠭ᠋ᠠᠭᠤᠯᠵᠤ ᠵᠢᠱ᠌ᠢᠶ᠎ᠡ ᠦᠵᠡᠭᠦᠯᠬᠦ ᠦᠢ᠍ᠯᠡᠳᠦᠯ᠎ᠢ ᠪᠠᠳᠠᠷᠠᠭᠤᠯᠵᠤ ᠂ ᠣᠷᠣᠨ᠎ᠤ ᠲᠥᠪ ᠬᠤᠲᠠ ᠵᠢᠨ ᠭᠠᠵᠠᠷ ᠣᠷᠣᠨ᠎ᠳᠤ ᠥᠨᠳᠥᠷ ᠬᠢᠷᠢ ᠲᠦᠪᠰᠢᠨ ᠵᠶ᠋ᠠᠷ ᠴᠣᠭᠴᠠᠯᠠᠨ ᠪᠠᠢ᠌ᠭᠤᠯᠤᠭᠰᠠᠨ 《 ᠵᠡᠭᠦᠨ ᠬᠡᠰᠡᠭ᠎ᠤᠨ ᠠᠮᠤ ᠪᠤᠳᠠᠭ᠎ᠠ ᠵᠢ ᠪᠠᠷᠠᠭᠤᠨᠰᠢ ᠣᠷᠣᠭᠤᠯᠬᠤ 》 ᠂ 《 ᠳᠣᠲᠣᠭ᠋ᠠᠳᠤ᠎ᠳᠠᠭᠠᠨ ᠣᠷᠤᠭᠤᠯᠤᠨ ᠭᠠᠳᠠᠭᠰᠢ ᠬᠣᠯᠪᠣᠭ᠋ᠠᠯᠠᠬᠤ 》 ᠠᠮᠤ ᠪᠤᠳᠠᠭ᠋ᠠᠨ᠎ᠤ ᠪᠠᠷᠠᠭ᠋ᠠᠨ᠎ᠤ ᠭᠦᠢ᠍ᠯᠭᠡᠭᠡᠨ᠎ᠤ ᠬᠠᠭᠤᠷᠠᠢ ᠭᠠᠷᠠᠮ ᠂ ᠥᠨᠳᠥᠷ ᠪᠠᠷᠢᠮᠵᠢᠶ᠎ᠠ᠎ᠪᠠᠷ ᠪᠦᠲᠦᠭᠡᠨ ᠪᠠᠢ᠌ᠭᠤᠯᠤᠭᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠋ᠠᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠬᠠᠮᠤᠭ᠎ᠤᠨ ᠶᠡᠬᠡ ᠰᠠᠭᠤᠷᠢᠨ ᠭᠠᠵᠠᠷ ᠂ ᠴᠢᠨᠠᠷ ᠰᠠᠢ᠌ᠲᠠᠢ ᠬᠥᠭᠵᠢᠯᠲᠡ ᠵᠢᠨ ᠣᠳᠣ ᠦᠶ᠎ᠡ ᠵᠢᠨ ᠠᠮᠤ ᠪᠤᠳᠠᠭ᠎ᠠ ᠡᠳ᠋ᠰᠢᠭᠦᠯᠬᠦ ᠠᠵᠤ ᠦᠢ᠍ᠯᠡᠰ᠎ᠤᠨ ᠣᠶᠤᠨᠴᠢ ᠰᠠᠭᠤᠷᠢᠨ ᠭᠠᠵᠠᠷ ᠂ ᠥᠨᠳᠥᠷ ᠡᠬᠢᠯᠡᠯᠲᠡ᠎ᠲᠠᠢ᠎ᠪᠠᠷ ᠲᠥᠯᠥᠪᠵᠢᠭᠦᠯᠦᠭᠰᠡᠨ ᠣᠷᠣᠨ᠎ᠤ ᠲᠥᠪ ᠬᠤᠲᠠ ᠵᠢᠨ ᠶᠡᠷᠦᠩᠬᠡᠢ᠌ᠯᠡᠭᠰᠡᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠳ᠋ ᠪᠣᠳᠠᠰ ᠨᠥᠭᠡᠴᠡᠯᠡᠬᠦ ᠰᠠᠭᠤᠷᠢᠨ ᠭᠠᠵᠠᠷ ᠂ ᠥᠨᠳᠥᠷ ᠦᠷ᠎ᠡ ᠪᠦᠲᠦᠮᠵᠢᠲᠡᠢ᠎ᠪᠠᠷ ᠠᠵᠢᠯᠯᠠᠭᠰᠠᠨ ᠰᠢᠨ᠎ᠡ ᠬᠡᠯᠪᠡᠷᠢ ᠵᠢᠨ ᠬᠠᠩᠭ᠋ᠠᠯᠭ᠎ᠠ ᠵᠢᠨ ᠬᠡᠯᠬᠢᠶ᠎ᠡ ᠵᠢᠨ ᠦᠢ᠍ᠯᠡᠴᠢᠯᠡᠭᠡᠨ᠎ᠤ ᠲᠠᠪᠴᠠᠩ᠎ᠢ ᠠᠳᠬᠤᠵᠤ ᠂ ᠬᠦᠬᠡᠬᠣᠲᠠ ᠵᠢᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠪᠡ᠃
ᠢᠷᠡᠯᠲᠡ᠄ ᠬᠥᠬᠡᠬᠤᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ