ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠰᠤᠷᠪᠤᠯᠵᠢᠯᠠᠭ᠎ᠠ
2024 ᠣᠨ᠎ᠤ ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ ᠵᠢᠨ ᠪᠠᠶᠠᠷ᠎ᠤᠨ ᠠᠯᠲᠠᠨ ᠨᠠᠮᠤᠷ᠎ᠤᠨ ᠬᠡᠷᠡᠭᠯᠡᠭᠡᠨ᠎ᠤ ᠤᠯᠠᠷᠢᠯ᠎ᠤᠨ 《ᠨᠤᠲᠤᠭ᠎ᠤᠨ ᠣᠨᠴᠠ ᠭᠠᠷᠤᠯᠲᠠ》 ᠵᠢ ᠲᠠᠨᠢᠯᠴᠠᠭᠤᠯᠬᠤ ᠠᠵᠢᠯᠯᠠᠭ᠎ᠠ ᠵᠢᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠨᠡᠶ᠋ᠢᠲᠡᠯᠡᠭᠰᠡᠨ ᠴᠠᠭ᠄ 2024-09-06

      ᠰᠤᠷᠪᠤᠯᠵᠢᠯᠠᠭᠰᠠᠨ ᠵᠣᠴᠢᠨ᠄ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠮᠡᠳᠡᠭᠡ ᠵᠠᠩᠭᠢ ᠵᠢᠨ ᠲᠥᠪ

      ᠰᠤᠷᠪᠤᠯᠵᠢᠯᠠᠭᠰᠠᠨ ᠴᠠᠭ᠄ 2024  ᠣᠨ᠎ᠤ 9  ᠰᠠᠷ᠎ᠠ ᠵᠢᠨ 6᠎ᠤ  ᠡᠳᠦᠷ

      ᠭᠣᠣᠯ ᠠᠭᠤᠯᠭ᠎ᠠ᠄ ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ ᠵᠢᠨ ᠪᠠᠶᠠᠷ ᠪᠣᠯ ᠨᠠᠮ᠎ᠤᠨ ᠲᠥᠪ ᠬᠣᠷᠢᠶ᠎ᠠ᠎ᠠᠴᠠ ᠵᠥᠪᠰᠢᠶᠡᠷᠡᠵᠦ ᠂ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠴᠣᠬᠣᠯᠠᠪᠤᠷᠢᠯᠠᠨ ᠬᠠᠷᠢᠭᠤᠯᠤᠭᠰᠠᠨ ᠂ ᠤᠯᠤᠰ᠎ᠤᠨ ᠲᠠᠯ᠎ᠠ᠎ᠠᠴᠠ ᠲᠠᠷᠢᠶᠠᠴᠢᠳ᠎ᠲᠤ ᠲᠤᠰᠬᠠᠢ᠌ᠯᠠᠨ ᠪᠠᠢ᠌ᠭᠤᠯᠵᠤ ᠥᠭᠭᠦᠭᠰᠡᠨ ᠠᠩᠬᠠᠳᠠᠭᠴᠢ ᠬᠠᠤᠯᠢ᠎ᠪᠠᠷ ᠲᠣᠭᠲᠠᠭ᠋ᠠᠭᠰᠠᠨ ᠪᠠᠶᠠᠷ᠎ᠤᠨ ᠡᠳᠦᠷ ᠪᠣᠯᠣᠨ᠎ᠠ ᠃ 2024 ᠣᠨ᠎ᠤ ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ ᠵᠢᠨ ᠪᠠᠶᠠᠷ᠎ᠤᠨ ᠠᠯᠲᠠᠨ ᠨᠠᠮᠤᠷ᠎ᠤᠨ ᠬᠡᠷᠡᠭᠯᠡᠭᠡᠨ᠎ᠤ ᠤᠯᠠᠷᠢᠯ᠎ᠤᠨ 《ᠨᠤᠲᠤᠭ᠎ᠤᠨ ᠣᠨᠴᠠ ᠭᠠᠷᠤᠯᠲᠠ》 ᠵᠢ ᠲᠠᠨᠢᠯᠴᠠᠭᠤᠯᠬᠤ ᠠᠵᠢᠯᠯᠠᠭ᠎ᠠ ᠪᠣᠯ ᠡᠨᠡ ᠵᠢᠯ᠎ᠤᠨ ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ ᠵᠢᠨ ᠪᠠᠶᠠᠷ᠎ᠤᠨ ᠰᠢᠷᠢᠰ ᠴᠢᠬᠤᠯᠠ ᠠᠵᠢᠯᠯᠠᠭ᠎ᠠ ᠵᠢᠨ ᠨᠢᠭᠡ ᠪᠣᠯᠣᠨ᠎ᠠ᠃ ᠣᠢ᠌ᠷ᠎ᠠ᠎ᠳᠤ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠮᠡᠳᠡᠭᠡ ᠵᠠᠩᠭᠢ ᠵᠢᠨ ᠲᠥᠪ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ 《ᠨᠤᠲᠤᠭ᠎ᠤᠨ ᠣᠨᠴᠠ ᠭᠠᠷᠤᠯᠲᠠ》 ᠵᠢ ᠲᠠᠨᠢᠯᠴᠠᠭᠤᠯᠬᠤ ᠠᠵᠢᠯᠯᠠᠭ᠎ᠠ ᠵᠢᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

      ᠬᠥᠲᠥᠯᠥᠭᠴᠢ ᠰᠤᠷᠪᠤᠯᠵᠢᠯᠠᠭᠴᠢ᠄ 2024 ᠣᠨ᠎ᠤ ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ ᠵᠢᠨ ᠪᠠᠶᠠᠷ᠎ᠤᠨ ᠠᠯᠲᠠᠨ ᠨᠠᠮᠤᠷ᠎ᠤᠨ ᠬᠡᠷᠡᠭᠯᠡᠭᠡᠨ᠎ᠤ ᠤᠯᠠᠷᠢᠯ᠎ᠤᠨ 《ᠨᠤᠲᠤᠭ᠎ᠤᠨ ᠣᠨᠴᠠ ᠭᠠᠷᠤᠯᠲᠠ》 ᠵᠢ ᠲᠠᠨᠢᠯᠴᠠᠭᠤᠯᠬᠤ ᠠᠵᠢᠯᠯᠠᠭ᠎ᠠ ᠵᠢᠨ ᠵᠣᠷᠢᠯᠭ᠎ᠠ ᠪᠠ ᠠᠴᠢ ᠬᠣᠯᠪᠣᠭᠳᠠᠯ᠎ᠢ ᠲᠠᠨᠢᠯᠴᠠᠭᠤᠯᠤᠭ᠋ᠠᠷᠠᠢ᠃

      ᠬᠦᠨᠳᠦᠲᠦ ᠵᠣᠴᠢᠨ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠮᠡᠳᠡᠭᠡ ᠵᠠᠩᠭᠢ ᠵᠢᠨ ᠲᠥᠪ᠄ 2024 ᠣᠨ᠎ᠤ ᠲᠥᠪ᠎ᠤᠨ ᠨᠢᠭᠡᠳᠦᠭᠡᠷ ᠲᠣᠭ᠋ᠠᠲᠤ ᠪᠢᠴᠢᠭ  ᠮᠠᠲᠸᠷᠢᠶᠠᠯ᠎ᠳᠤ  ᠵᠢᠭ᠋ᠠᠵᠤ ᠭᠠᠷᠭ᠋ᠠᠭᠰᠠᠨ᠎ᠨᠢ᠂ ᠬᠥᠳᠡᠭᠡ ᠲᠣᠰᠬᠣᠨ᠎ᠤ ᠨᠤᠲᠤᠭ᠎ᠤᠨ ᠣᠨᠴᠠ ᠭᠠᠷᠤᠯᠲᠠ ᠵᠢᠨ ᠰᠦᠯᠵᠢᠶᠡᠨ᠎ᠤ ᠪᠣᠷᠤᠯᠠᠭᠤᠯᠭ᠎ᠠ ᠵᠢ ᠬᠥᠭᠵᠢᠭᠦᠯᠵᠦ ᠂ ᠨᠤᠲᠤᠭ᠎ᠤᠨ ᠣᠨᠴᠠᠯᠢᠭ᠎ᠲᠠᠢ  ᠨᠡᠷᠡᠲᠦ ᠲᠡᠮᠳᠡᠭᠲᠦ ᠵᠢ  ᠡᠭᠦᠳᠬᠦ ᠵᠢ ᠳᠡᠮᠵᠢᠵᠦ ᠂ ᠪᠢᠳᠡᠨ᠎ᠤ 《  ᠨᠤᠲᠤᠭ᠎ᠤᠨ ᠣᠨᠴᠠ ᠭᠠᠷᠤᠯᠲᠠ 》  ᠵᠢᠨ ᠲᠦᠷᠭᠡᠨ ᠪᠥᠭᠡᠳ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭ᠋ᠠᠭᠰᠠᠨ ᠪᠠᠢ᠌ᠨ᠎ᠠ ᠃ 《ᠮᠢᠩᠭ᠋ᠠᠨ ᠲᠦᠮᠡᠨ ᠢᠨᠵᠧᠨᠧᠷᠢᠩ 》᠎ᠳᠤ ᠠᠭᠤᠯᠤᠭᠳᠠᠵᠤ ᠪᠠᠢ᠌ᠭ᠎ᠠ ᠬᠥᠭᠵᠢᠯᠲᠡ ᠵᠢᠨ ᠣᠢ᠌ᠯᠠᠭ᠋ᠠᠭᠳᠠᠬᠤᠨ᠂ ᠠᠵᠢᠯ᠎ᠤᠨ ᠠᠷᠭ᠎ᠠ ᠪᠣᠯᠣᠨ ᠠᠬᠢᠭᠤᠯᠬᠤ ᠲᠣᠭᠲᠠᠴᠠ ᠵᠢ ᠰᠤᠷᠤᠯᠴᠠᠨ ᠬᠡᠷᠡᠭᠯᠡᠵᠦ᠂ ᠬᠡᠷᠡᠭᠯᠡᠭᠡ ᠵᠢ ᠠᠬᠢᠭᠤᠯᠵᠤ᠂ ᠨᠡᠮᠡᠭᠳᠡᠯ᠎ᠢ ᠲᠣᠭᠲᠠᠪᠤᠷᠢᠵᠢᠭᠤᠯᠬᠤ᠎ᠳᠤ ᠰᠠᠭᠤᠷᠢᠯᠠᠵᠤ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠡᠭᠦᠷᠭᠡ ᠵᠢᠨ ᠲᠣᠭᠣᠷᠢᠨ᠎ᠳᠤ 《ᠨᠤᠲᠤᠭ᠎ᠤᠨ ᠣᠨᠴᠠ ᠭᠠᠷᠤᠯᠲᠠ》 ᠵᠢᠨ ᠠᠵᠢᠯ᠎ᠢ ᠰᠠᠢ᠌ᠲᠤᠷ ᠬᠢᠵᠦ᠂ 《ᠨᠤᠲᠤᠭ᠎ᠤᠨ ᠣᠨᠴᠠ ᠭᠠᠷᠤᠯᠲᠠ》 ᠵᠢᠨ ᠠᠵᠤ ᠠᠬᠤᠢ ᠵᠢᠨ ᠦᠨ᠎ᠡ ᠥᠷᠲᠡᠭ᠂ ᠰᠣᠶᠣᠯ᠎ᠤᠨ ᠦᠨ᠎ᠡ ᠥᠷᠲᠡᠭ᠂ ᠠᠮᠢ ᠠᠬᠤᠢ ᠵᠢᠨ ᠦᠨ᠎ᠡ ᠥᠷᠲᠡᠭ᠎ᠢ ᠠᠭᠤᠳᠠᠯᠤᠨ ᠭᠠᠷᠭ᠋ᠠᠵᠤ᠂ ᠦᠢ᠍ᠯᠡᠳᠪᠦᠷᠢᠯᠡᠯ ᠪᠣᠷᠤᠯᠠᠭᠤᠯᠭ᠎ᠠ ᠵᠢ ᠵᠣᠯᠭ᠋ᠠᠭᠤᠯᠬᠤ ᠲᠠᠪᠴᠠᠩ ᠪᠠᠶ᠋ᠢᠭᠤᠯᠬᠤ᠂ ᠲᠠᠷᠢᠶᠠᠯᠠᠩ᠎ᠤᠨ ᠨᠠᠷᠠᠲᠤ ᠲᠡᠮᠳᠡᠭᠲᠦ ᠵᠢ ᠤᠬᠠᠭᠤᠯᠤᠨ ᠲᠠᠨᠢᠯᠴᠠᠭᠤᠯᠬᠤ᠎ᠪᠠᠷ ᠳᠠᠮᠵᠢᠭᠤᠯᠤᠨ᠂ ᠪᠥᠬᠥ ᠨᠡᠢ᠌ᠭᠡᠮ ᠵᠶ᠋ᠡᠷ ᠵᠶ᠋ᠡᠨ ᠲᠠᠷᠢᠶᠠᠯᠠᠩ᠎ᠤᠨ ᠨᠠᠷᠠᠲᠤ ᠲᠡᠮᠳᠡᠭᠲᠦ ᠵᠢᠨ ᠬᠥᠭᠵᠢᠯᠲᠡ ᠵᠢ ᠬᠠᠯᠠᠮᠵᠢᠯᠠᠨ ᠳᠡᠮᠵᠢᠬᠦ᠂ ᠴᠢᠨᠠᠷ ᠰᠠᠢ᠌ᠲᠠᠢ ᠲᠠᠷᠢᠶᠠᠯᠠᠩ᠎ᠤᠨ ᠪᠦᠲᠦᠭᠡᠭᠳᠡᠬᠦᠨ᠎ᠤ ᠬᠡᠷᠡᠭᠯᠡᠭᠡ ᠵᠢ ᠠᠬᠢᠭᠤᠯᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠵᠤ᠂ ᠲᠠᠷᠢᠶᠠᠴᠢᠳ᠎ᠤᠨ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ᠎ᠳᠤ ᠬᠦᠴᠦᠨ ᠨᠡᠮᠡᠷᠢᠯᠡᠵᠦ᠂ ᠲᠠᠷᠢᠶᠠᠯᠠᠩ᠎ᠤᠨ ᠬᠦᠴᠦᠷᠬᠡᠭ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠬᠤ᠂ ᠲᠠᠷᠢᠶᠠᠯᠠᠩ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠠᠬᠢᠭᠤᠯᠬᠤ᠎ᠳᠤ ᠥᠪᠡᠷᠮᠢᠴᠡ ᠬᠤᠪᠢ ᠨᠡᠮᠡᠷᠢ᠎ᠪᠠᠨ ᠦᠵᠡᠭᠦᠯᠦᠨ᠎ᠡ᠃

      ᠬᠥᠲᠥᠯᠥᠭᠴᠢ ᠰᠤᠷᠪᠤᠯᠵᠢᠯᠠᠭᠴᠢ᠄ ᠡᠨᠡ ᠵᠢᠯ᠎ᠤᠨ 《ᠨᠤᠲᠤᠭ᠎ᠤᠨ ᠣᠨᠴᠠ ᠭᠠᠷᠤᠯᠲᠠ》 ᠵᠢᠨ ᠲᠠᠨᠢᠯᠴᠠᠭᠤᠯᠬᠤ ᠠᠵᠢᠯᠯᠠᠭ᠎ᠠ ᠵᠢ  ᠨᠢᠳᠤᠨᠤᠨ᠎ᠤ᠎ᠬᠢ᠎ᠲᠠᠢ ᠬᠠᠷᠢᠴᠠᠭᠤᠯᠪᠠᠯ᠂ ᠶᠠᠮᠠᠷ ᠶᠠᠮᠠᠷ ᠰᠢᠨ᠎ᠡ ᠵᠢ ᠡᠭᠦᠳᠦᠭᠰᠡᠨ ᠭᠠᠵᠠᠷ ᠪᠠᠢ᠌ᠬᠤ ᠪᠣᠶ? ᠪᠣᠳᠠᠲᠠᠢ ᠶᠠᠮᠠᠷ ᠶᠠᠮᠠᠷ ᠠᠵᠢᠯᠯᠠᠭ᠎ᠠ ᠵᠢᠨ ᠠᠭᠤᠯᠭ᠎ᠠ ᠪᠠᠢ᠌ᠬᠤ ᠪᠣᠶ?

      ᠬᠦᠨᠳᠦᠲᠦ  ᠵᠣᠴᠢᠨ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠮᠡᠳᠡᠭᠡ ᠵᠠᠩᠭᠢ ᠵᠢᠨ ᠲᠥᠪ᠄ ᠡᠨᠡ ᠵᠢᠯ᠎ᠤᠨ 《ᠨᠤᠲᠤᠭ᠎ᠤᠨ ᠣᠨᠴᠠ ᠭᠠᠷᠤᠯᠲᠠ》 ᠵᠢ ᠲᠠᠨᠢᠯᠴᠠᠭᠤᠯᠬᠤ ᠠᠵᠢᠯᠯᠠᠭ᠎ᠠ᠎ᠨᠢ ᠲᠠᠷᠢᠶᠠᠯᠠᠩ᠎ᠤᠨ ᠪᠦᠲᠦᠭᠡᠭᠳᠡᠬᠦᠨ᠎ᠤ ᠬᠡᠷᠡᠭᠯᠡᠭᠡ᠎ᠳᠤ  ᠨᠠᠩ ᠢᠯᠡᠭᠦᠦ  ᠬᠠᠨᠳᠤᠭᠤᠯᠵᠤ ᠂ ᠵᠠᠭᠤᠴᠢᠯᠠᠭᠤᠷ᠎ᠤᠨ ᠤᠬᠠᠭᠤᠯᠭ᠎ᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢᠨ ᠦᠵᠡᠭᠦᠯᠭᠡ᠂ ᠠᠵᠢᠯᠯᠠᠭ᠎ᠠ ᠵᠢᠨ ᠲᠠᠨᠢᠯᠴᠠᠭᠤᠯᠭ᠎ᠠ ᠪᠣᠷᠤᠯᠠᠭᠤᠯᠭ᠎ᠠ ᠵᠢ ᠠᠬᠢᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠴᠢᠨᠠᠷ ᠰᠠᠢ᠌ᠲᠠᠢ 《ᠨᠤᠲᠤᠭ᠎ᠤᠨ ᠣᠨᠴᠠ ᠭᠠᠷᠤᠯᠲᠠ》 ᠪᠠ ᠨᠠᠷᠠᠲᠤ ᠲᠡᠮᠳᠡᠭᠲᠦ ᠲᠠᠷᠢᠶᠠᠯᠠᠩ᠎ᠤᠨ ᠪᠦᠲᠦᠭᠡᠭᠳᠡᠬᠦᠨ᠎ᠤ ᠬᠡᠷᠡᠭᠯᠡᠭᠡ ᠵᠢᠨ ᠳᠠᠯᠳᠠ ᠬᠦᠴᠦᠨ᠎ᠢ ᠠᠭᠤᠳᠠᠯᠤᠨ ᠭᠠᠷᠭ᠋ᠠᠵᠤ᠂ ᠲᠠᠷᠢᠶᠠᠴᠢᠳ᠎ᠤᠨ ᠣᠷᠣᠯᠭ᠎ᠠ᠎ᠪᠠᠨ ᠨᠡᠮᠡᠭᠳᠡᠭᠦᠯᠬᠦ ᠪᠠ ᠬᠠᠮᠲᠤ᠎ᠪᠠᠷ ᠪᠠᠶᠠᠵᠢᠬᠤ ᠵᠢ ᠠᠬᠢᠭᠤᠯᠤᠨ᠎ᠠ᠃ ᠭᠣᠣᠯ ᠠᠵᠢᠯᠯᠠᠭ᠎ᠠ ᠎ᠨᠢ ᠄ 1. ᠰᠦᠯᠵᠢᠶᠡᠨ ᠳᠡᠭᠡᠷᠡᠬᠢ ᠨᠠᠷᠠᠲᠤ ᠲᠡᠮᠳᠡᠭᠲᠦ ᠵᠢ ᠤᠬᠠᠭᠤᠯᠤᠨ ᠲᠠᠨᠢᠯᠴᠠᠭᠤᠯᠬᠤ᠃ 9 ᠰᠠᠷ᠎ᠠ ᠵᠢᠨ ᠰᠡᠭᠦᠯᠴᠢ᠎ᠠᠴᠠ ᠡᠬᠢᠯᠡᠨ ᠬᠡᠰᠡᠭ 《ᠨᠤᠲᠤᠭ᠎ᠤᠨ ᠣᠨᠴᠠ ᠭᠠᠷᠤᠯᠲᠠ》 ᠵᠢᠴᠢ ᠲᠠᠷᠢᠶᠠᠯᠠᠩ᠎ᠤᠨ ᠨᠠᠷᠠᠲᠤ ᠲᠡᠮᠳᠡᠭᠲᠦ ᠵᠢ ᠰᠣᠩᠭᠣᠵᠤ᠂ ᠰᠢᠨᠬᠤᠸᠠ ᠰᠦᠯᠵᠢᠶ᠎ᠡ᠎ᠠᠴᠠ AI ᠲᠣᠮᠣ ᠰᠣᠨᠢᠨ᠎ᠤ ᠵᠢᠷᠤᠭ ᠲᠥᠯᠥᠪᠯᠡᠭᠡ ᠬᠢᠵᠦ᠂ ᠲᠠᠨᠢᠯᠴᠠᠭᠤᠯᠬᠤ ᠮᠠᠲ᠋ᠧᠷᠢᠶᠠᠯ ᠪᠠ ᠸᠢᠳᠢᠤ᠋ ᠵᠢ ᠨᠠᠢ᠌ᠷᠠᠭᠤᠯᠤᠨ᠎ᠠ᠃ ᠨᠢᠭᠡ᠎ᠳᠤ ᠰᠢᠨᠬᠤᠸᠠ ᠰᠦᠯᠵᠢᠶᠡᠨ᠎ᠤ PC ᠦᠵᠦᠭᠦᠷ᠂ ᠬᠡᠷᠡᠭᠯᠡᠭᠴᠢ ᠵᠢᠨ ᠦᠵᠦᠭᠦᠷ᠂  ᠸᠢᠳᠢᠣ᠋ ᠵᠢᠨ  ᠳ᠋ᠤᠭ᠋ᠠᠷ ᠵᠡᠷᠭᠡ᠎ᠪᠠᠷ  ᠳᠠᠮᠵᠢᠭᠤᠯᠵᠤ ᠨᠢᠭᠡ ᠪᠦᠯᠦᠭ 《ᠨᠤᠲᠤᠭ᠎ᠤᠨ ᠣᠨᠴᠠ ᠭᠠᠷᠤᠯᠲᠠ》 ᠵᠢ ᠤᠬᠠᠭᠤᠯᠤᠨ ᠳᠡᠯᠭᠡᠷᠡᠭᠦᠯᠦᠨ᠎ᠡ; ᠬᠣᠶᠠᠷ᠎ᠲᠤ ᠳᠤᠮᠳᠠᠳᠤ ᠤᠯᠤᠰ᠎ᠤᠨ ᠲᠠᠷᠢᠶᠠᠯᠠᠩ᠎ᠤᠨ ᠨᠠᠷᠠᠲᠤ ᠲᠡᠮᠳᠡᠭᠲᠦ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠳᠤ 《ᠨᠤᠲᠤᠭ᠎ᠤᠨ ᠣᠨᠴᠠ ᠭᠠᠷᠤᠯᠲᠠ》 ᠵᠢᠨ ᠲᠤᠰᠬᠠᠢ ᠪᠤᠯᠤᠩ ᠭᠠᠷᠭ᠋ᠠᠵᠤ ᠤᠬᠠᠭᠤᠯᠤᠨ ᠳᠡᠯᠭᠡᠷᠡᠭᠦᠯᠦᠨ᠎ᠡ; ᠭᠤᠷᠪᠠ᠎ᠳᠤ CCTV— 17 ᠵᠢᠨ  ᠠᠯᠪᠠᠨ᠎ᠤ ᠲᠠᠯ᠎ᠠ   ᠵᠢᠨ ᠰᠢᠨ᠎ᠡ ᠵᠠᠭᠤᠴᠢᠯᠠᠭᠤᠷ᠎ᠤᠨ ᠳᠠᠩᠰᠠᠨ ᠨᠣᠮᠧᠷ᠎ᠤᠨ ᠵᠢᠭᠰᠠᠭ᠋ᠠᠯ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠨᠡᠷᠡᠲᠦ ᠲᠡᠮᠳᠡᠭᠲᠦ ᠵᠢᠨ ᠣᠯᠠᠨ ᠨᠡᠶ᠋ᠢᠲᠡ ᠵᠢᠨ ᠳ᠋ᠤᠭ᠋ᠠᠷ ᠵᠢᠴᠢ  ᠸᠢᠳᠢᠣ᠋  ᠵᠢᠨ ᠳ᠋ᠤᠭ᠋ᠠᠷ᠂ ᠪᠢᠴᠢᠯ ᠪᠯᠣᠭ ᠲᠠᠷᠢᠶᠠᠯᠠᠩ  ᠲᠠᠷᠢᠶᠠᠯᠠᠬᠤ ᠣᠷᠣᠨ ᠲᠠᠷᠢᠶᠠᠴᠢᠨ ᠂ 《ᠰᠦᠯᠵᠢᠶᠡᠨ ᠳᠡᠭᠡᠷᠡᠬᠢ ᠲᠠᠷᠢᠶᠠᠯᠠᠩ᠎ᠤᠨ ᠦᠵᠡᠰᠬᠦᠯᠡᠩ᠎ᠤᠨ ᠴᠤᠭᠯᠠᠭ᠋ᠠᠨ》 ᠵᠡᠷᠭᠡ ᠲᠠᠪᠴᠠᠩ᠎ᠳᠤ  ᠵᠡᠷᠭᠡ᠎ᠪᠠᠷ ᠳᠠᠮᠵᠢᠭᠤᠯᠤᠨ ᠲᠠᠷᠬᠠᠭ᠋ᠠᠵᠤ ᠤᠬᠠᠭᠤᠯᠤᠨ ᠳᠡᠯᠭᠡᠷᠡᠭᠦᠯᠦᠨ᠎ᠡ; ᠳᠥᠷᠪᠡ᠎ᠳᠤ ᠲᠧᠩ ᠰᠢᠶᠦ᠋ᠨ ᠸᠢᠳᠢᠣ᠋  ᠵᠢᠨ ᠳ᠋ᠤᠭ᠋ᠠᠷ᠎ᠲᠠᠢ ᠬᠣᠯᠪᠤᠭ᠋ᠠᠯᠠᠨ 《ᠮᠢᠨᠤ ᠨᠤᠲᠤᠭ᠎ᠤᠨ ᠰᠠᠢ᠌ᠨ ᠡᠳ᠋》 ᠭᠡᠬᠦ ᠣᠬᠣᠷ ᠸᠢᠳᠢᠣ᠋  ᠵᠢᠨ ᠡᠯᠰᠡᠬᠦ ᠠᠵᠢᠯᠯᠠᠭ᠎ᠠ  ᠦᠷᠨᠢᠭᠦᠯᠵᠦ᠂  ᠡᠯ᠎ᠡ ᠨᠠᠷᠠᠲᠤ ᠲᠡᠮᠳᠡᠭᠲᠦ ᠵᠢᠨ ᠭᠣᠣᠯ ᠴᠣᠭᠴᠠ ᠵᠢ  ᠵᠣᠷᠢᠭᠵᠢᠭᠤᠯᠤᠨ ᠢᠳᠡᠪᠬᠢᠲᠠᠢ ᠣᠷᠤᠯᠴᠠᠭᠤᠯᠵᠤ᠂  ᠨᠤᠲᠤᠭ ᠤᠰᠤᠨ᠎ᠤ᠎ᠪᠠᠨ 《ᠨᠤᠲᠤᠭ᠎ᠤᠨ ᠣᠨᠴᠠ ᠭᠠᠷᠤᠯᠲᠠ》 ᠵᠢ  ᠲᠠᠨᠢᠯᠴᠠᠭᠤᠯᠤᠨ᠎ᠠ; ᠲᠠᠪᠤ᠎ᠳᠤ ᠡᠯ᠎ᠡ ᠭᠠᠵᠠᠷ᠎ᠤᠨ ᠰᠣᠨᠢᠨ ᠰᠡᠳᠬᠦᠯ᠂ ᠲᠧᠯᠸᠢᠰ ᠷᠠᠳᠢᠣ᠋ ᠨᠡᠪᠲᠡᠷᠡᠭᠦᠯᠭᠡ᠂ ᠰᠦᠯᠵᠢᠶᠡᠨ᠎ᠤ ᠲᠠᠪᠴᠠᠩ ᠵᠡᠷᠭᠡ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ᠎ᠢ ᠭᠦᠢ᠍ᠴᠡᠳ ᠠᠰᠢᠭᠯᠠᠬᠤ ᠵᠢ ᠵᠣᠷᠢᠭᠵᠢᠭᠤᠯᠵᠤ᠂ ᠤᠬᠠᠭᠤᠯᠭ᠎ᠠ ᠵᠢ ᠴᠢᠩᠭ᠋ᠠᠳᠬᠠᠨ᠂ 《ᠨᠤᠲᠤᠭ᠎ᠤᠨ ᠣᠨᠴᠠ ᠭᠠᠷᠤᠯᠲᠠ》 ᠵᠢᠨ ᠠᠵᠤ ᠦᠢ᠍ᠯᠡᠰ᠎ᠤᠨ ᠬᠥᠭᠵᠢᠯᠲᠡ ᠵᠢ ᠬᠠᠯᠠᠮᠵᠢᠯᠠᠨ ᠳᠡᠮᠵᠢᠬᠦ ᠰᠠᠢ᠌ᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃ 2. ᠨᠠᠷᠠᠲᠤ ᠲᠡᠮᠳᠡᠭᠲᠦ ᠵᠢᠨ ᠲᠤᠰᠬᠠᠢ ᠲᠠᠯᠠᠪᠤᠷ᠎ᠤᠨ ᠠᠵᠢᠯᠯᠠᠭ᠎ᠠ᠃ ᠨᠢᠭᠡ᠎ᠳᠤ ᠲᠤᠰᠬᠠᠢ ᠲᠠᠯᠠᠪᠤᠷ᠎ᠤᠨ ᠠᠵᠢᠯᠯᠠᠭ᠎ᠠ ᠥᠷᠨᠢᠭᠦᠯᠵᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠲᠠᠢ ᠬᠠᠮᠲᠤᠷᠠᠨ ᠣᠷᠣᠨ ᠪᠦᠰᠡ ᠵᠢᠨ ᠴᠢᠨᠠᠷᠲᠠᠢ 《ᠨᠤᠲᠤᠭ᠎ᠤᠨ ᠣᠨᠴᠠ ᠭᠠᠷᠤᠯᠲᠠ》 ᠵᠢᠴᠢ ᠲᠠᠷᠢᠶᠠᠯᠠᠩ᠎ᠤᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠡᠷᠡᠲᠦ ᠲᠡᠮᠳᠡᠭᠲᠦ ᠵᠢ  ᠲᠠᠨᠢᠯᠴᠠᠭᠤᠯᠬᠤ ᠠᠵᠢᠯᠯᠠᠭ᠎ᠠ ᠵᠢ  ᠶᠠᠪᠤᠭᠳᠠᠭᠤᠯᠵᠤ᠂  ᠲᠣᠭ᠋ᠠᠴᠢᠯᠠᠭᠰᠠᠨ ᠬᠤᠪᠢᠰᠤᠯᠲᠠ᠎ᠪᠠᠷ ᠳᠠᠮᠵᠢᠭᠤᠯᠤᠨ ᠬᠡᠷᠡᠭᠯᠡᠭᠡᠨ᠎ᠤ ᠰᠢᠨ᠎ᠡ ᠥᠨᠳᠥᠷᠯᠢᠭ᠎ᠢ ᠪᠤᠶ ᠪᠣᠯᠭ᠋ᠠᠵᠤ᠂ ᠭᠣᠣᠯ ᠭᠠᠷᠤᠯᠲᠠ ᠵᠢᠨ ᠣᠷᠣᠨ ᠪᠠ ᠭᠣᠣᠯ ᠪᠣᠷᠤᠯᠠᠭᠤᠯᠭ᠎ᠠ ᠵᠢᠨ ᠣᠷᠣᠨ᠂ ᠶᠠᠳᠠᠭᠤ᠎ᠠᠴᠠ ᠠᠩᠭᠢᠵᠢᠷᠠᠭᠤᠯᠬᠤ ᠣᠷᠣᠨ ᠵᠡᠷᠭᠡ ᠵᠢ ᠵᠣᠬᠢᠶᠠᠨ ᠪᠠᠢ᠌ᠭᠤᠯᠵᠤ ᠦᠢ᠍ᠯᠡᠳᠪᠦᠷᠢᠯᠡᠯ ᠪᠣᠷᠤᠯᠠᠭᠤᠯᠭ᠎ᠠ ᠵᠢ ᠵᠣᠯᠭ᠋ᠠᠭᠤᠯᠬᠤ ᠠᠵᠢᠯᠯᠠᠭ᠎ᠠ ᠥᠷᠨᠢᠭᠦᠯᠵᠦ᠂ ᠲᠣᠭ᠋ᠠᠴᠢᠯᠠᠭᠰᠠᠨ ᠡᠨᠧᠷᠭᠢ ᠣᠯᠭᠣᠬᠤ ᠨᠡᠷᠡᠲᠦ ᠲᠡᠮᠳᠡᠭᠲᠦ ᠵᠢ ᠡᠭᠦᠳᠦᠨ ᠪᠠᠶ᠋ᠢᠭᠤᠯᠬᠤ ᠠᠵᠢᠯ᠂ ᠲᠣᠭ᠋ᠠᠴᠢᠯᠠᠭᠰᠠᠨ ᠬᠥᠳᠡᠭᠡ ᠲᠣᠰᠬᠣᠨ᠎ᠤ ᠠᠮᠢᠳᠤᠷᠠᠯ᠎ᠤᠨ ᠠᠬᠤᠢ ᠪᠠᠢ᠌ᠳᠠᠯ᠎ᠢ  ᠪᠠᠢ᠌ᠭᠤᠯᠤᠨ  ᠲᠠᠨᠢᠯᠴᠠᠭᠤᠯᠬᠤ ᠪᠠ 《ᠲᠣᠰᠬᠣᠨ᠎ᠳᠤ ᠨᠡᠪᠲᠡᠷᠡᠭᠦᠯᠬᠦ》 ᠠᠵᠢᠯᠯᠠᠭ᠎ᠠ ᠵᠢ  ᠵᠣᠬᠢᠶᠠᠨ ᠪᠠᠢ᠌ᠭᠤᠯᠤᠨ  ᠦᠷᠨᠢᠭᠦᠯᠦᠨ᠎ᠡ; ᠬᠣᠶᠠᠷ᠎ᠲᠤ ᠬᠡᠰᠡᠭ  ᠰᠢᠯᠢᠳᠡᠭ  ᠲᠥᠯᠥᠭᠡᠯᠡᠬᠦ ᠴᠢᠨᠠᠷᠲᠠᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠢ  ᠰᠣᠩᠭᠤᠨ  ᠤᠷᠢᠵᠤ 《ᠨᠤᠲᠤᠭ᠎ᠤᠨ ᠣᠨᠴᠠ ᠭᠠᠷᠤᠯᠲᠠ》 ᠵᠢ  ᠠᠪᠴᠤ  ᠾᠧᠨᠠᠨ ᠮᠤᠵᠢ ᠵᠢᠨ ᠺᠠᠶ᠋ᠢᠹᠸᠩ ᠬᠣᠲᠠ ᠵᠢᠨ ᠯᠠᠨᠺᠤᠤ ᠰᠢᠶᠠᠨ᠎ᠳᠤ ᠡᠷᠭᠢᠯᠡᠭᠰᠡᠨ ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ ᠵᠢᠨ ᠪᠠᠶᠠᠷ᠎ᠤᠨ ᠭᠣᠣᠯ ᠬᠤᠷᠠᠯ᠎ᠤᠨ ᠲᠠᠯᠠᠪᠠᠶ ᠵᠢᠨ 《〈ᠨᠤᠲᠤᠭ᠎ᠤᠨ ᠣᠨᠴᠠ ᠭᠠᠷᠤᠯᠲᠠ〉 ᠵᠢ ᠰᠠᠢ᠌ᠲᠤᠷ ᠬᠢᠬᠦ ᠵᠣᠬᠢᠶᠠᠯ》᠎ᠤᠨ ᠦᠵᠡᠭᠦᠯᠭᠡ ᠵᠢᠨ ᠲᠣᠭᠣᠷᠢᠭ᠎ᠲᠤ  ᠣᠷᠤᠯᠴᠠᠭᠤᠯᠤᠨ ᠤᠬᠠᠭᠤᠯᠤᠨ᠎ᠠ; ᠭᠤᠷᠪᠠ᠎ᠳᠤ ᠬᠡᠰᠡᠭ  ᠰᠢᠯᠢᠳᠡᠭ  ᠲᠠᠷᠢᠶᠠᠯᠠᠩ᠎ᠤᠨ ᠨᠠᠷᠠᠲᠤ ᠲᠡᠮᠳᠡᠭᠲᠦ ᠵᠢ ᠰᠣᠩᠭᠣᠵᠤ ᠭᠤᠸᠠᠩᠳᠦ᠋ᠩ ᠮᠤᠵᠢ ᠵᠢᠨ ᠭᠤᠸᠠᠩᠵᠧᠦ ᠬᠣᠲᠠ᠎ᠳᠤ ᠡᠷᠭᠢᠯᠡᠭᠰᠡᠨ ᠬᠣᠷᠢᠨ ᠨᠢᠭᠡᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ  ᠠᠷᠠᠯᠵᠢᠶᠠᠨ᠎ᠤ ᠴᠤᠭᠯᠠᠭ᠋ᠠᠨ᠎ᠤ 《ᠳᠤᠮᠳᠠᠳᠤ ᠤᠯᠤᠰ᠎ᠤᠨ ᠲᠠᠷᠢᠶᠠᠯᠠᠩ᠎ᠤᠨ ᠨᠠᠷᠠᠲᠤ ᠲᠡᠮᠳᠡᠭᠲᠦ ᠵᠢᠨ ᠲᠤᠰᠬᠠᠢ ᠮᠡᠷᠭᠡᠵᠢᠯ᠎ᠤᠨ ᠦᠵᠡᠭᠦᠯᠭᠡ ᠵᠢᠨ ᠲᠣᠭᠣᠷᠢᠭ》᠎ᠤᠨ  ᠰᠦᠯᠵᠢᠶᠡᠨ ᠳᠡᠭᠡᠷ᠎ᠡ ᠪᠠ ᠰᠦᠯᠵᠢᠶᠡᠨ  ᠭᠠᠳᠠᠨᠠᠬᠢ  ᠳᠡᠯᠭᠡᠨ  ᠦᠵᠡᠭᠦᠯᠭᠡ ᠵᠢᠨ ᠪᠣᠷᠤᠯᠠᠭᠤᠯᠭ᠎ᠠ᠎ᠳᠤ ᠣᠷᠣᠯᠴᠠᠭᠤᠯᠤᠨ᠎ᠠ᠃ 3. ᠲᠥᠪᠯᠡᠷᠡᠭᠦᠯᠦᠨ  ᠲᠠᠨᠢᠯᠴᠠᠭᠤᠯᠬᠤ ᠠᠵᠢᠯᠯᠠᠭ᠎ᠠ ᠃ ᠡᠨᠡ ᠵᠢᠯ᠎ᠤᠨ 11 ᠰᠠᠷ᠎ᠠ ᠵᠢᠨ ᠡᠬᠢ᠎ᠪᠠᠷ ᠵᠧᠵᠢᠶᠠᠩ ᠮᠤᠵᠢ ᠵᠢᠨ ᠬᠠᠩᠵᠧᠦ ᠬᠣᠲᠠ ᠵᠢᠨ ᠯᠢᠨ ᠠᠨ ᠲᠣᠭᠣᠷᠢᠭ᠎ᠲᠤ 《2024 ᠣᠨ᠎ᠤ ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ ᠵᠢᠨ ᠪᠠᠶᠠᠷ᠎ᠤᠨ ᠠᠯᠲᠠᠨ ᠨᠠᠮᠤᠷ᠎ᠤᠨ ᠬᠡᠷᠡᠭᠯᠡᠭᠡᠨ᠎ᠤ ᠤᠯᠠᠷᠢᠯ᠎ᠤᠨ 〈ᠨᠤᠲᠤᠭ᠎ᠤᠨ ᠣᠨᠴᠠ ᠭᠠᠷᠤᠯᠲᠠ〉 ᠵᠢ ᠲᠥᠪᠯᠡᠷᠡᠭᠦᠯᠦᠨ ᠲᠠᠨᠢᠯᠴᠠᠭᠤᠯᠬᠤ ᠠᠵᠢᠯᠯᠠᠭ᠎ᠠ》 ᠬᠢᠬᠦ᠎ᠪᠠᠷ ᠲᠥᠯᠥᠪᠯᠡᠵᠦ ᠪᠣᠶ᠃ ᠠᠵᠢᠯᠯᠠᠭ᠎ᠠ᠎ᠨᠢ ᠵᠠᠬ᠎ᠠ ᠳᠡᠯᠭᠡᠭᠦᠷ ᠬᠥᠭᠵᠢᠭᠰᠡᠨ ᠬᠥᠬᠡᠮᠥ᠋ᠷᠡᠨ᠎ᠤ ᠭᠤᠷᠪᠠᠯᠵᠢᠨ ᠬᠣᠢ᠌ᠭ᠎ᠤᠨ ᠣᠷᠣᠨ᠎ᠢ ᠲᠦᠰᠢᠵᠦ᠂ ᠪᠦᠬᠦ ᠤᠯᠤᠰ᠎ᠤᠨ ᠲᠣᠮᠣ ᠵᠠᠬ᠎ᠠ ᠳᠡᠯᠭᠡᠭᠦᠷ᠎ᠲᠤ ᠬᠠᠨᠳᠤᠭᠤᠯᠤᠨ᠂ 《ᠮᠢᠩᠭ᠋ᠠᠨ ᠲᠦᠮᠡᠨ ᠢᠨᠵᠧᠨᠧᠷᠢᠩ》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ᠂ ᠪᠦᠬᠦ ᠤᠯᠤᠰ᠎ᠤᠨ ᠡᠯ᠎ᠡ ᠭᠠᠵᠠᠷ᠎ᠤᠨ 《ᠨᠤᠲᠤᠭ᠎ᠤᠨ ᠣᠨᠴᠠ ᠭᠠᠷᠤᠯᠲᠠ》 ᠵᠢᠨ ᠬᠥᠭᠵᠢᠯᠲᠡ ᠪᠠ ᠲᠠᠷᠢᠶᠠᠯᠠᠩ᠎ᠤᠨ ᠨᠡᠷᠡᠲᠦ  ᠲᠡᠮᠳᠡᠭᠲᠦ ᠵᠢᠨ  ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠪᠥᠬᠥ ᠤᠯᠤᠰ᠎ᠤᠨ ᠲᠣᠮᠣ ᠬᠡᠯᠪᠡᠷᠢ ᠵᠢᠨ ᠬᠤᠳᠠᠯᠳᠤᠭ᠋ᠠᠨ᠎ᠤ ᠬᠡᠲᠦ ᠳᠡᠯᠭᠡᠭᠦᠷ᠎ᠤᠨ ᠠᠵᠤ ᠠᠬᠤᠢ᠌ᠯᠠᠯ᠂ ᠡᠯᠧᠺᠲᠷᠣᠨ ᠬᠤᠳᠠᠯᠳᠤᠭ᠋ᠠᠨ᠎ᠤ ᠲᠠᠪᠴᠠᠩ᠎ᠢ ᠥᠷᠭᠡᠨ ᠵᠶ᠋ᠡᠷ ᠤᠷᠢᠨ ᠣᠷᠣᠯᠴᠠᠭᠤᠯᠵᠤ᠂ ᠲᠣᠮᠣ ᠬᠡᠯᠪᠡᠷᠢ ᠵᠢᠨ ᠰᠦᠯᠵᠢᠶᠡᠨ  ᠭᠠᠳᠠᠨᠠᠬᠢ  ᠦᠢ᠍ᠯᠡᠳᠪᠦᠷᠢᠯᠡᠯ ᠪᠣᠷᠤᠯᠠᠭᠤᠯᠭ᠎ᠠ ᠵᠢ ᠵᠣᠯᠭ᠋ᠠᠭᠤᠯᠬᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ  ᠬᠡᠷᠡᠭᠯᠡᠭᠡ ᠵᠢ ᠠᠬᠢᠭᠤᠯᠬᠤ ᠪᠠ ᠰᠢᠭᠤᠳ ᠨᠠᠪᠲᠠᠷᠡᠭᠦᠯᠵᠦ ᠪᠠᠷᠠᠭ᠎ᠠ  ᠬᠤᠳᠠᠯᠳᠤᠬᠤ  ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ 《ᠲᠠᠷᠢᠶᠠᠯᠠᠩ᠎ᠤᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭᠲᠦ ᠵᠢᠨ ᠢᠨᠲ᠋ᠧᠷ ᠰᠦᠯᠵᠢᠶᠡᠨ᠎ᠤ ᠳᠠᠮᠵᠢᠭᠤᠯᠭ᠎ᠠ ᠵᠢᠨ ᠨᠥᠯᠥᠭᠡᠯᠡᠬᠦ ᠬᠦᠴᠦᠨ᠎ᠤ ᠢᠯᠡᠳᠬᠡᠭᠴᠢ ᠵᠢᠨ ᠰᠤᠳᠤᠯᠭ᠋ᠠᠨ᠎ᠤ ᠮᠡᠳᠡᠭᠦᠯᠦᠯᠲᠡ (2024)》 ᠵᠢ ᠨᠡᠢ᠌ᠲᠡᠯᠡᠵᠦ᠂ ᠲᠠᠷᠢᠶᠠᠯᠠᠩ᠎ᠤᠨ ᠨᠠᠷᠠᠲᠤ ᠲᠡᠮᠳᠡᠭᠲᠦ ᠵᠢ ᠤᠬᠠᠭᠤᠯᠤᠨ ᠳᠡᠯᠭᠡᠷᠡᠭᠦᠯᠵᠦ᠂ ᠴᠢᠨᠠᠷ ᠰᠠᠢ᠌ᠲᠠᠢ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠷᠤᠯᠠᠭᠤᠯᠭ᠎ᠠ ᠵᠢ ᠳᠡᠯᠭᠡᠷᠡᠭᠦᠯᠬᠦ ᠵᠢ ᠠᠬᠢᠭᠤᠯᠤᠨ᠎ᠠ᠃ ᠠᠳᠠᠯᠢ ᠬᠤᠭᠤᠴᠠᠭ᠋ᠠᠨ᠎ᠳᠤ ᠂ ᠲᠣᠭ᠋ᠠᠴᠢᠯᠠᠭᠰᠠᠨ ᠡᠨᠧᠷᠭᠢ ᠣᠯᠭᠣᠬᠤ  ᠨᠡᠷᠡᠲᠦ ᠲᠡᠮᠳᠡᠭᠲᠦ ᠵᠢᠨ  ᠪᠠᠢ᠌ᠭᠤᠯᠤᠯᠲᠠ ᠪᠣᠯᠣᠨ 《  ᠨᠤᠲᠤᠭ᠎ᠤᠨ ᠣᠨᠴᠠ ᠭᠠᠷᠤᠯᠲᠠ 》  ᠵᠢᠨ ᠬᠥᠭᠵᠢᠯᠲᠡ ᠵᠢᠨ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠢᠵᠦ ᠂ ᠠᠺᠠᠳᠧᠮᠢᠴᠢ ᠲᠤᠰᠬᠠᠢ ᠮᠡᠷᠭᠡᠵᠢᠯᠲᠡᠨ᠎ᠢ ᠤᠷᠢᠵᠤ ᠭᠣᠣᠯ ᠵᠤᠷᠢᠯᠳᠠᠳᠤ ᠶᠠᠷᠢᠶ᠎ᠠ ᠢᠯᠡᠳᠬᠡᠯ ᠬᠢᠯᠭᠡᠵᠦ ᠂ ᠣᠷᠣᠨ ᠨᠤᠲᠤᠭ᠎ᠤᠨ ᠤᠳᠤᠷᠢᠳᠤᠯᠭ᠎ᠠ ᠂ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ᠎ᠢ ᠤᠷᠢᠵᠤ ᠨᠡᠢ᠌ᠲᠡᠯᠢᠭ ᠲᠤᠷᠰᠢᠯᠭ᠎ᠠ ᠵᠢᠨ ᠰᠣᠯᠢᠯᠴᠠᠭ᠎ᠠ ᠬᠢᠯᠭᠡᠵᠦ ᠂ ᠡᠯ᠎ᠡ ᠭᠠᠵᠠᠷ᠎ᠤᠨ 《  ᠨᠤᠲᠤᠭ᠎ᠤᠨ ᠣᠨᠴᠠ ᠭᠠᠷᠤᠯᠲᠠ 》  ᠪᠠ ᠲᠠᠷᠢᠶᠠᠯᠠᠩ᠎ᠤᠨ  ᠨᠡᠷᠡᠲᠦ ᠲᠡᠮᠳᠡᠭᠲᠦ ᠵᠢ  ᠲᠠᠨᠢᠯᠴᠠᠭᠤᠯᠵᠤ ᠂ 《  ᠮᠢᠩᠭ᠋ᠠᠨ ᠲᠦᠮᠡᠨ ᠢᠨᠵᠧᠨᠧᠷᠢᠩ 》᠎ᠤᠨ ᠵᠢᠱ᠌ᠢᠶ᠎ᠡ ᠦᠵᠡᠭᠦᠯᠬᠦ ᠴᠡᠭ᠎ᠢ ᠲᠣᠭᠣᠷᠢᠨ ᠦᠵᠡᠭᠦᠯᠵᠦ ᠰᠢᠨᠵᠢᠯᠡᠨ ᠪᠠᠢ᠌ᠴᠠᠭ᠋ᠠᠬᠤ ᠵᠢ ᠵᠣᠬᠢᠶᠠᠨ ᠪᠠᠢ᠌ᠭᠤᠯᠵᠤ ᠂ 《  ᠨᠤᠲᠤᠭ᠎ᠤᠨ  ᠠᠮᠲᠠᠲᠤ  ᠳᠤᠮᠳᠠᠳᠤ ᠤᠯᠤᠰ᠎ᠤᠨ 〈  ᠨᠤᠲᠤᠭ᠎ᠤᠨ ᠣᠨᠴᠠ ᠭᠠᠷᠤᠯᠲᠠ 〉  ᠵᠢ  ᠵᠢᠷᠤᠭᠯᠠᠨ ᠲᠣᠯᠢᠯᠯᠠᠬᠤ 2024 》᠎ᠢ ᠨᠠᠢ᠌ᠷᠠᠭᠤᠯᠤᠨ  ᠨᠡᠢ᠌ᠲᠡᠯᠡᠨ᠎ᠡ᠃ ᠲᠣᠰ ᠠᠵᠢᠯᠯᠠᠭ᠎ᠠ ᠵᠢ ᠬᠠᠩᠵᠧᠦ ᠬᠣᠲᠠ ᠵᠢᠨ ᠯᠢᠨ ᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ ᠳᠠᠭ᠋ᠠᠭ᠋ᠠᠴᠢᠯᠠᠨ  ᠡᠷᠬᠢᠯᠡᠨ᠎ᠡ ᠃ ᠡᠯ᠎ᠡ ᠭᠠᠵᠠᠷ᠎ᠤᠨ᠎ᠬᠢᠨ ᠠᠵᠢᠯᠯᠠᠭ᠎ᠠ᠎ᠳᠤ ᠣᠷᠣᠯᠴᠠᠬᠤ᠎ᠳᠤ ᠬᠡᠷᠪᠡ ᠬᠣᠯᠪᠣᠭᠳᠠᠯ ᠪᠦᠬᠦᠢ ᠥᠷᠲᠡᠭ ᠨᠡᠮᠡᠭᠳᠡᠯ᠎ᠤᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ᠎ᠲᠠᠢ ᠪᠠᠢ᠌ᠪᠠᠯ᠂ ᠰᠠᠢ᠌ᠨ ᠳᠤᠷ᠎ᠠ ᠵᠢᠨ ᠵᠠᠷᠴᠢᠮ ᠶᠣᠰᠣᠭ᠋ᠠᠷ ᠵᠧᠵᠢᠶᠠᠩ᠎ᠤᠨ ᠨᠦᠩ ᠪᠥᠸᠧ ᠲᠣᠭ᠋ᠠᠴᠢᠯᠠᠭᠰᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠎ᠲᠠᠢ ᠨᠡᠪᠲᠡᠷᠡᠯᠴᠡᠨ  ᠵᠣᠬᠢᠴᠠᠭᠤᠯᠤᠭ᠋ᠠᠷᠠᠢ ᠃ ᠲᠥᠪᠯᠡᠷᠡᠭᠦᠯᠦᠨ ᠳᠡᠯᠭᠡᠨ ᠦᠵᠡᠭᠦᠯᠵᠦ ᠲᠠᠨᠢᠯᠴᠠᠭᠤᠯᠬᠤ᠎ᠳᠤ ᠵᠣᠬᠢᠶᠠᠨ ᠪᠠᠢ᠌ᠭᠤᠯᠤᠨ ᠣᠷᠣᠯᠴᠠᠬᠤ᠎ᠠᠴᠠ ᠭᠠᠳᠠᠨ᠎ᠠ᠂ ᠮᠤᠵᠢ (ᠣᠷᠣᠨ᠂ ᠬᠣᠲᠠ)᠂ ᠬᠣᠲᠠ (  ᠭᠠᠵᠠᠷ ᠂ ᠵᠧᠦ)᠂ ᠰᠢᠶᠠᠨ (ᠬᠣᠲᠠ᠂ ᠲᠣᠭᠣᠷᠢᠭ) ᠵᠶ᠋ᠠᠷ ᠨᠢᠭᠡᠴᠢ ᠪᠣᠯᠭ᠋ᠠᠭᠰᠠᠨ ᠲᠤᠰᠬᠠᠢ ᠲᠠᠯᠠᠪᠤᠷ᠎ᠤᠨ ᠲᠠᠨᠢᠯᠴᠠᠭᠤᠯᠬᠤ ᠠᠵᠢᠯᠯᠠᠭ᠎ᠠ ᠵᠢ ᠵᠣᠷᠢᠭᠵᠢᠭᠤᠯᠤᠨ ᠳᠡᠮᠵᠢᠵᠦ᠂ ᠲᠥᠪᠯᠡᠷᠡᠭᠦᠯᠦᠨ ᠲᠠᠨᠢᠯᠴᠠᠭᠤᠯᠬᠤ ᠠᠵᠢᠯᠯᠠᠭ᠎ᠠ᠎ᠳᠤ ᠣᠷᠣᠯᠴᠠᠭᠰᠠᠨ 《ᠨᠤᠲᠤᠭ᠎ᠤᠨ ᠣᠨᠴᠠ ᠭᠠᠷᠤᠯᠲᠠ》 ᠵᠢᠨ ᠨᠠᠷᠠᠲᠤ ᠲᠡᠮᠳᠡᠭᠲᠦ ᠲᠠᠷᠢᠶᠠᠯᠠᠩ᠎ᠤᠨ ᠪᠦᠲᠦᠭᠡᠭᠳᠡᠬᠦᠨ ᠪᠠ ᠢᠳᠡᠪᠬᠢᠲᠡᠢ ᠵᠣᠬᠢᠶᠠᠨ ᠪᠠᠢ᠌ᠭᠤᠯᠵᠤ ᠠᠵᠢᠯᠯᠠᠭ᠎ᠠ᠎ᠳᠤ ᠣᠷᠣᠯᠴᠠᠭᠰᠠᠨ᠂ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠷᠤᠯᠠᠭᠤᠯᠭ᠎ᠠ ᠵᠢ ᠢᠯᠡᠳᠲᠡ ᠠᠬᠢᠭᠤᠯᠤᠭᠰᠠᠨ ᠬᠣᠯᠪᠣᠭᠳᠠᠯ ᠪᠦᠬᠦᠢ ᠨᠢᠭᠡᠴᠡ ᠵᠢ ᠵᠣᠬᠢᠰᠲᠠᠢ ᠠᠷᠭ᠎ᠠ ᠮᠠᠶᠢᠭ ᠵᠶ᠋ᠠᠷ ᠵᠠᠷᠯᠠᠨ ᠮᠡᠳᠡᠭᠳᠡᠨ᠎ᠡ᠃ 4. 《ᠤᠯᠤᠰ᠎ᠲᠠᠭᠠᠨ ᠦᠢ᠍ᠯᠡᠳᠪᠦᠷᠢᠯᠡᠭᠰᠡᠨ ᠰᠢᠷ᠎ᠠ ᠪᠤᠷᠴᠠᠭ᠂ ᠪᠤᠷᠴᠠᠭ᠎ᠤᠨ ᠢᠳᠡᠭᠡᠨ ᠵᠢᠴᠢ ᠰᠢᠷ᠎ᠠ ᠪᠤᠷᠴᠠᠭ᠎ᠤᠨ ᠤᠭᠤᠷᠠᠭ᠎ᠢ ᠪᠣᠯᠪᠠᠰᠤᠷᠠᠭᠤᠯᠬᠤ ᠦᠢ᠍ᠯᠡᠳᠬᠦᠨ》᠎ᠤ ᠲᠤᠰᠬᠠᠢ ᠠᠵᠢᠯᠯᠠᠭ᠎ᠠ ᠵᠢ ᠡᠷᠭᠢᠯᠡᠨ᠎ᠡ᠃ ᠡᠯ᠎ᠡ ᠮᠤᠵᠢ ᠵᠢᠨ ᠱᠠᠲᠤᠨ᠎ᠤ ᠲᠠᠷᠢᠶᠠᠯᠠᠩ ᠬᠥᠳᠡᠭᠡ ᠲᠣᠰᠬᠣᠨ᠎ᠤ ᠰᠠᠯᠠᠭ᠎ᠠ ᠮᠥᠴᠢᠷ᠎ᠤᠨ᠎ᠬᠢᠨ ᠰᠢᠷ᠎ᠠ ᠪᠤᠷᠴᠠᠭ ᠳᠠᠷᠢᠬᠤ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠣᠯ ᠴᠣᠭᠴᠠ᠂ ᠠᠷᠠᠯᠵᠢᠶᠠᠨ᠎ᠤ ᠡᠷᠦᠬᠡ᠂ ᠤᠯᠤᠰ᠎ᠲᠠᠭᠠᠨ ᠦᠢ᠍ᠯᠡᠳᠪᠦᠷᠢᠯᠡᠭᠰᠡᠨ ᠰᠢᠷ᠎ᠠ ᠪᠤᠷᠴᠠᠭ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠠᠵᠤ ᠠᠬᠤᠢ᠌ᠯᠠᠯ᠎ᠢ ᠰᠢᠯᠢᠨ ᠰᠣᠩᠭᠣᠵᠤ ᠲᠤᠰᠬᠠᠢ ᠠᠵᠢᠯᠯᠠᠭ᠎ᠠ᠎ᠳᠤ ᠣᠷᠣᠯᠴᠠᠬᠤ᠎ᠪᠠᠷ ᠨᠡᠷ᠎ᠡ ᠮᠡᠳᠡᠭᠦᠯᠬᠦ ᠵᠢ ᠢᠳᠡᠪᠬᠢᠲᠡᠢ ᠵᠣᠬᠢᠶᠠᠨ ᠪᠠᠢ᠌ᠭᠤᠯᠵᠤ᠂ ᠬᠠᠮ ᠵᠠᠭᠤᠴᠢᠯᠠᠭᠤᠷ᠎ᠤᠨ ᠪᠣᠰᠣᠭ᠎ᠠ ᠴᠣᠭᠴᠠᠲᠤ ᠮᠠᠶᠢᠭ᠎ᠤᠨ ᠤᠬᠠᠭᠤᠯᠭ᠎ᠠ᠎ᠪᠠᠷ ᠳᠠᠮᠵᠢᠭᠤᠯᠤᠨ᠂ ᠬᠡᠷᠡᠭᠯᠡᠭᠴᠢᠳ᠎ᠤᠨ ᠲᠠᠨᠢᠨ ᠮᠡᠳᠡᠷᠡᠬᠦᠢ ᠵᠢ ᠳᠡᠭᠡᠭᠰᠢᠯᠡᠭᠦᠯᠵᠦ᠂ ᠰᠢᠷ᠎ᠠ ᠪᠤᠷᠴᠠᠭ᠎ᠤᠨ ᠪᠦᠲᠦᠭᠡᠭᠳᠡᠬᠦᠨ᠎ᠤ ᠬᠡᠷᠡᠭᠯᠡᠭᠡ ᠵᠢ ᠬᠥᠲᠥᠯᠥᠨ ᠵᠢᠯᠤᠭᠣᠳᠴᠤ᠂ ᠦᠢ᠍ᠯᠡᠳᠪᠦᠷᠢᠯᠡᠯ ᠪᠣᠷᠤᠯᠠᠭᠤᠯᠭ᠎ᠠ ᠵᠢ ᠵᠣᠯᠭ᠋ᠠᠭᠤᠯᠬᠤ ᠵᠢ ᠠᠬᠢᠭᠤᠯᠤᠨ᠂ ᠤᠯᠤᠰ᠎ᠲᠠᠭᠠᠨ ᠦᠢ᠍ᠯᠡᠳᠪᠦᠷᠢᠯᠡᠭᠰᠡᠨ ᠰᠢᠷ᠎ᠠ ᠪᠤᠷᠴᠠᠭ᠎ᠤᠨ ᠪᠣᠷᠤᠯᠠᠭᠤᠯᠭ᠎ᠠ᠎ᠳᠤ ᠰᠠᠢ᠌ᠨ ᠰᠠᠢ᠌ᠬᠠᠨ ᠵᠠᠬ᠎ᠠ ᠳᠡᠯᠭᠡᠭᠦᠷ᠎ᠤᠨ ᠠᠭᠤᠷ ᠠᠮᠢᠰᠬᠤᠯ᠎ᠢ ᠪᠣᠶ ᠪᠣᠯᠭ᠋ᠠᠵᠤ᠂ ᠰᠢᠷ᠎ᠠ ᠪᠤᠷᠴᠠᠭ᠎ᠤᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠰᠢᠷ᠎ᠠ ᠪᠤᠷᠴᠠᠭ᠎ᠤᠨ ᠥᠪᠡᠷ᠎ᠢ᠎ᠪᠠᠨ ᠬᠠᠩᠭ᠋ᠠᠬᠤ ᠨᠣᠷᠮ᠎ᠠ ᠵᠢ ᠲᠣᠭᠲᠠᠭᠤᠨ ᠵᠶ᠋ᠠᠷ ᠳᠡᠭᠡᠭᠰᠢᠯᠡᠭᠦᠯᠬᠦ᠎ᠳᠤ ᠢᠳᠡᠪᠬᠢᠲᠡᠢ ᠬᠤᠪᠢ ᠨᠡᠮᠡᠷᠢ  ᠦᠵᠡᠭᠦᠯᠦᠨ᠎ᠡ᠃ 5. ᠲᠠᠷᠢᠶᠠᠯᠠᠩ᠎ᠤᠨ ᠨᠠᠷᠠᠲᠤ ᠲᠡᠮᠳᠡᠭᠲᠦ ᠵᠢ  ᠬᠠᠪᠰᠤᠷᠤᠨ  ᠲᠡᠳᠭᠦᠬᠦ ᠃ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠣᠷᠢᠶ᠎ᠠ ᠵᠢᠨ ᠲᠠᠷᠢᠶᠠᠯᠠᠩ ᠬᠥᠳᠡᠭᠡ ᠲᠣᠰᠬᠣᠨ᠎ᠤ ᠫᠷᠣᠭ᠌ᠷᠠᠮ᠎ᠤᠨ ᠲᠥᠪ᠂ ᠳᠤᠮᠳᠠᠳᠤ ᠤᠯᠤᠰ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠨᠡᠢ᠌ᠭᠡᠮᠯᠢᠭ᠎ᠲᠠᠢ ᠬᠣᠯᠪᠤᠭ᠋ᠠᠯᠠᠨ᠂ ᠪᠥᠬᠥ ᠤᠯᠤᠰ᠎ᠤᠨ ᠣᠶᠤᠲᠠᠳ᠎ᠢ ᠵᠣᠬᠢᠶᠠᠨ ᠪᠠᠢ᠌ᠭᠤᠯᠤᠨ 《ᠨᠤᠲᠤᠭ᠎ᠤᠨ ᠣᠨᠴᠠ ᠭᠠᠷᠤᠯᠲᠠ》 ᠪᠠ ᠲᠠᠷᠢᠶᠠᠯᠠᠩ᠎ᠤᠨ ᠨᠠᠷᠠᠲᠤ ᠲᠡᠮᠳᠡᠭᠲᠦ ᠵᠢᠨ ᠵᠢᠷᠤᠭ ᠲᠥᠯᠥᠪᠯᠡᠭᠡ᠂ ᠰᠢᠯᠢᠳᠡᠭ ᠪᠦᠲᠦᠭᠡᠯ᠎ᠤᠨ ᠦᠵᠡᠭᠦᠯᠭᠡ ᠵᠡᠷᠭᠡ᠎ᠳᠤ ᠣᠷᠣᠯᠴᠠᠭᠤᠯᠵᠤ᠂ ᠲᠠᠷᠢᠶᠠᠯᠠᠩ᠎ᠤᠨ ᠪᠦᠲᠦᠭᠡᠭᠳᠡᠬᠦᠨ᠎ᠤ ᠥᠷᠢᠰᠦᠯᠳᠦᠬᠦ ᠬᠦᠴᠦᠨ᠎ᠢ ᠴᠢᠩᠭ᠋ᠠᠷᠠᠭᠤᠯᠤᠨ᠂ ᠨᠠᠷᠠᠲᠤ ᠲᠡᠮᠳᠡᠭᠲᠦ ᠵᠢᠨ ᠦᠨ᠎ᠡ ᠥᠷᠲᠡᠭ᠎ᠢ ᠳᠡᠭᠡᠭᠰᠢᠯᠡᠭᠦᠯᠦᠨ᠎ᠡ᠃ ᠵᠧᠵᠢᠶᠠᠩ᠎ᠤᠨ 《  ᠰᠦᠯᠵᠢᠶᠡᠨ ᠳᠡᠭᠡᠷᠡᠬᠢ ᠲᠠᠷᠢᠶᠠᠯᠠᠩ᠎ᠤᠨ ᠦᠵᠡᠰᠬᠦᠯᠡᠩ᠎ᠤᠨ ᠴᠤᠭᠯᠠᠭ᠋ᠠᠨ 》᠎ᠤ ᠲᠠᠪᠴᠠᠩ᠎ᠳᠤ ᠲᠦᠰᠢᠭᠯᠡᠨ ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠲᠠᠢ ᠬᠣᠯᠪᠤᠭ᠋ᠠᠯᠠᠨ ᠂ ᠡᠯ᠎ᠡ ᠭᠠᠵᠠᠷ᠎ᠤᠨ ᠲᠠᠨᠢᠯᠴᠠᠭᠤᠯᠤᠭᠰᠠᠨ 《  ᠨᠤᠲᠤᠭ᠎ᠤᠨ ᠣᠨᠴᠠ ᠭᠠᠷᠤᠯᠲᠠ 》 ᠵᠢᠨ ᠭᠣᠣᠯᠯᠠᠬᠤ ᠡᠷᠬᠡ ᠣᠯᠭᠣᠭᠰᠠᠨ ᠠᠵᠤ ᠠᠬᠤᠢ᠌ᠯᠠᠯ᠎ᠢ ᠵᠣᠬᠢᠶᠠᠨ ᠪᠠᠢ᠌ᠭᠤᠯᠵᠤ ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠵᠢ ᠥᠷᠨᠢᠭᠦᠯᠦᠨ᠎ᠡ ᠃ ᠡᠯ᠎ᠡ ᠲᠥᠷᠥᠯ᠎ᠤᠨ ᠵᠠᠰᠠᠭ᠎ᠤᠨ ᠣᠷᠳᠣᠨ᠎ᠤ ᠬᠡᠷᠡᠭᠯᠡᠭᠡᠨ᠎ᠤ ᠲᠡᠮᠳᠡᠭᠲᠦ᠂ ᠲᠠᠪᠴᠠᠩ᠎ᠤᠨ ᠦᠨ᠎ᠡ ᠪᠠᠭᠤᠷᠠᠭᠤᠯᠬᠤ ᠲᠡᠮᠳᠡᠭᠲᠦ᠂ ᠬᠤᠳᠠᠯᠳᠤᠭ᠋ᠠᠴᠢᠨ᠎ᠤ ᠬᠠᠷᠠᠭ᠋ᠠᠯᠵᠠᠯ᠎ᠤᠨ ᠲᠡᠮᠳᠡᠭᠲᠦ ᠵᠡᠷᠭᠡ ᠬᠡᠯᠪᠡᠷᠢ᠎ᠪᠠᠷ ᠳᠠᠮᠵᠢᠭᠤᠯᠤᠨ᠂ ᠰᠦᠯᠵᠢᠶᠡᠨ ᠳᠡᠭᠡᠷᠡᠬᠢ ᠲᠠᠪᠴᠠᠩ ᠵᠢᠴᠢ ᠠᠵᠢᠯᠯᠠᠭ᠎ᠠ ᠵᠢᠨ ᠲᠤᠬᠠᠢ ᠵᠢᠨ ᠲᠠᠯᠠᠪᠤᠷ᠎ᠲᠤ ᠠᠷᠠᠳ᠎ᠲᠤ ᠠᠰᠢᠭ ᠬᠦᠷᠲᠡᠭᠡᠬᠦ ᠠᠰᠠᠷᠠᠮᠵᠢ ᠵᠢ ᠣᠯᠭᠣᠨ᠎ᠠ᠃

      ᠬᠥᠲᠥᠯᠥᠭᠴᠢ ᠰᠤᠷᠪᠤᠯᠵᠢᠯᠠᠭᠴᠢ᠄ ᠲᠣᠰ ᠤᠳᠠᠭ᠋ᠠᠨ᠎ᠤ ᠠᠵᠢᠯᠯᠠᠭ᠎ᠠ᠎ᠳᠤ ᠲᠠᠨᠢᠯᠴᠠᠭᠤᠯᠤᠭᠰᠠᠨ 《ᠨᠤᠲᠤᠭ᠎ᠤᠨ ᠣᠨᠴᠠ ᠭᠠᠷᠤᠯᠲᠠ》᠎ᠨᠢ ᠶᠠᠮᠠᠷ ᠶᠠᠮᠠᠷ ᠨᠥᠬᠥᠴᠡᠯ᠎ᠢ ᠪᠦᠷᠢᠯᠳᠦᠭᠦᠯᠬᠦ ᠴᠢᠬᠤᠯᠠᠲᠠᠢ ᠪᠣᠶ? ᠬᠡᠷᠬᠢᠨ  ᠭᠤᠶᠤᠴᠢᠯᠠᠨ  ᠮᠡᠳᠡᠭᠦᠯᠬᠦ ᠪᠤᠢ ?

      ᠬᠦᠨᠳᠦᠲᠦ ᠵᠣᠴᠢᠨ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠮᠡᠳᠡᠭᠡ ᠵᠠᠩᠭᠢ ᠵᠢᠨ ᠲᠥᠪ᠄ ᠠᠵᠢᠯᠯᠠᠭ᠎ᠠ᠎ᠳᠤ ᠣᠷᠣᠯᠴᠠᠭᠰᠠᠨ 《ᠨᠤᠲᠤᠭ᠎ᠤᠨ ᠣᠨᠴᠠ ᠭᠠᠷᠤᠯᠲᠠ》 ᠪᠠ ᠲᠠᠷᠢᠶᠠᠯᠠᠩ᠎ᠤᠨ ᠨᠡᠷᠡᠲᠦ  ᠲᠡᠮᠳᠡᠭᠲᠦ ᠎ᠨᠢ ᠨᠢᠳᠤᠨᠤᠨ᠎ᠤ ᠱᠠᠭ᠋ᠠᠷᠳᠠᠯᠭ᠎ᠠ᠎ᠲᠠᠢ ᠦᠨᠳᠦᠰᠦᠨ᠎ᠳᠡᠭᠡᠨ ᠠᠳᠠᠯᠢ᠂ ᠨᠢᠭᠡ᠎ᠳᠤ ᠤᠰᠤ ᠬᠥᠷᠥᠰᠥᠨ᠎ᠤ ᠠᠭᠤᠷ ᠠᠮᠢᠰᠬᠤᠯ᠎ᠤᠨ ᠡᠬᠢ ᠪᠠᠶᠠᠯᠢᠭ᠎ᠤᠨ ᠥᠪᠡᠷᠮᠢᠴᠡ ᠣᠨᠴᠠᠯᠢᠭ ᠎ᠲᠠᠢ; ᠬᠣᠶᠠᠷ᠎ᠲᠤ ᠣᠷᠣᠨ ᠪᠦᠰᠡ ᠵᠢᠨ ᠣᠨᠴᠠᠯᠢᠭ ᠲᠣᠪᠣᠢ᠌ᠮ᠎ᠠ ; ᠭᠤᠷᠪᠠ᠎ᠳᠤ ᠨᠢᠭᠡᠨᠲᠡ ᠠᠵᠤ ᠦᠢ᠍ᠯᠡᠰ  ᠪᠦᠷᠢᠯᠳᠦᠭᠰᠡᠨ ᠪᠠᠢ᠌ᠬᠤ ᠬᠡᠷᠡᠭᠲᠡᠢ; ᠳᠥᠷᠪᠡ᠎ᠳᠤ ᠰᠢᠮ᠎ᠡ ᠲᠡᠵᠢᠭᠡᠯ᠎ᠤᠨ ᠪᠦᠷᠢᠯᠳᠦᠭᠦᠨ᠂ ᠪᠣᠯᠪᠠᠰᠤᠷᠠᠭᠤᠯᠬᠤ ᠤᠷᠠᠯᠠᠯ᠂ ᠵᠠᠩᠭᠢᠯᠠᠭ᠎ᠠ ᠵᠢᠨ ᠴᠢᠨᠠᠷ ᠴᠢᠨᠰᠠᠭ᠎ᠠ ᠵᠢᠨ ᠭᠦᠢ᠍ᠴᠡᠳᠬᠡᠯ ᠲᠣᠭ᠎ᠠ᠂ ᠰᠣᠶᠣᠯ᠎ᠤᠨ ᠦᠨ᠎ᠡ ᠥᠷᠲᠡᠭ᠂ ᠨᠠᠷᠠᠲᠤ ᠲᠡᠮᠳᠡᠭᠲᠦ ᠵᠢᠨ ᠦᠨ᠎ᠡ ᠥᠷᠲᠡᠭ ᠵᠡᠷᠭᠡ ᠨᠡᠯᠢᠶᠡᠳ ᠥᠨᠳᠥᠷ ᠠᠯᠳᠠᠷᠰᠢᠯ ᠪᠠ ᠢᠷᠠᠭᠤ ᠠᠯᠳᠠᠷ᠎ᠤᠨ ᠬᠡᠮᠵᠢᠶ᠎ᠡ᠎ᠲᠠᠢ ; ᠲᠠᠪᠤ᠎ᠳᠤ ᠲᠣᠭ᠋ᠠᠴᠢᠯᠠᠭᠰᠠᠨ ᠡᠨᠧᠷᠭᠢ ᠣᠯᠭᠣᠬᠤ ᠠᠵᠤ ᠦᠢ᠍ᠯᠡᠰ᠎ᠤᠨ ᠬᠥᠭᠵᠢᠯᠲᠡ ᠵᠢ  ᠳᠣᠪᠣᠢ᠌ᠯᠭ᠋ᠠᠬᠤ ᠬᠡᠷᠡᠭᠲᠡᠢ ᠃ ᠲᠠᠨᠢᠯᠴᠠᠭᠤᠯᠬᠤ ᠠᠵᠢᠯᠯᠠᠭ᠎ᠠ ᠵᠢ ᠡᠷᠬᠢᠯᠡᠬᠦ᠎ᠪᠠᠷ ᠳᠠᠮᠵᠢᠭᠤᠯᠵᠤ ᠂ 《  ᠨᠤᠲᠤᠭ᠎ᠤᠨ ᠣᠨᠴᠠ ᠭᠠᠷᠤᠯᠲᠠ 》  ᠵᠢᠨ ᠠᠷᠤ᠎ᠳᠠᠬᠢ ᠳᠤᠮᠳᠠᠳᠤ ᠤᠯᠤᠰ᠎ᠤᠨ ᠦᠯᠢᠭᠡᠷ᠎ᠢ ᠰᠠᠢ᠌ᠲᠤᠷ ᠶᠠᠷᠢᠵᠤ ᠂   ᠨᠤᠲᠤᠭ᠎ᠤᠨ ᠣᠨᠴᠠ ᠭᠠᠷᠤᠯᠲᠠ 》  ᠵᠢᠨ ᠠᠵᠤ ᠠᠬᠤᠢ ᠵᠢᠨ ᠦᠷᠳᠡᠭ ᠂ ᠰᠣᠶᠣᠯ᠎ᠤᠨ ᠦᠷᠳᠡᠭ ᠂ ᠠᠮᠢ ᠠᠬᠤᠢ ᠵᠢᠨ ᠦᠷᠳᠡᠭ᠎ᠢ ᠭᠦᠢ᠍ᠴᠡᠳ ᠠᠭᠤᠳᠠᠯᠤᠨ ᠢᠯᠡᠷᠡᠭᠦᠯᠵᠦ ᠂ ᠪᠤᠰᠤᠳᠴᠢ ᠦᠨᠡᠨ ᠪᠣᠳᠠᠲᠠᠢ ᠂ ᠠᠮᠢᠳᠤᠯᠢᠭ ᠳᠦᠷᠰᠦᠯᠢᠭ ᠪᠠᠢ᠌ᠬᠤ ᠵᠢ ᠦᠨᠡᠨᠬᠦ ᠪᠡᠶᠡᠯᠡᠭᠦᠯᠵᠦ ᠂ ᠥᠪᠡᠷᠮᠢᠴᠡ ᠷᠢᠳᠢ ᠰᠢᠳᠢ᠎ᠲᠠᠢ ᠂ ᠬᠥᠭᠵᠢᠯᠲᠡ ᠵᠢᠨ ᠢᠷᠡᠭᠡᠳᠦᠢ ᠵᠢ ᠢᠯᠡᠷᠡᠭᠦᠯᠬᠦ ᠬᠡᠷᠡᠭᠲᠡᠢ ᠃ ᠣᠷᠣᠯᠴᠠᠬᠤ ᠭᠣᠣᠯ ᠴᠣᠭᠴᠠ᠎ᠨᠢ ᠥᠪᠡᠰᠦᠪᠡᠨ 《ᠨᠤᠲᠤᠭ᠎ᠤᠨ ᠣᠨᠴᠠ ᠭᠠᠷᠤᠯᠲᠠ》 ᠵᠢᠨ ᠲᠠᠨᠢᠯᠴᠠᠭᠤᠯᠬᠤ ᠠᠵᠢᠯᠯᠠᠭ᠎ᠠ ᠵᠢᠨ ᠭᠤᠶᠤᠴᠢᠯᠠᠨ ᠮᠡᠳᠡᠭᠦᠯᠬᠦ ᠲᠠᠪᠴᠠᠩ᠎ᠳᠤ ᠲᠠᠩᠰᠠᠨ ᠨᠣᠮᠧᠷ ᠡᠭᠦᠳᠦᠨ ᠪᠠᠢ᠌ᠭᠤᠯᠵᠤ᠂ 2024 ᠣᠨ᠎ᠤ 9 ᠰᠠᠷ᠎ᠠ ᠵᠢᠨ 23᠎ᠤ ᠡᠳᠦᠷ᠎ᠠᠴᠠ ᠡᠮᠦᠨ᠎ᠡ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠲᠠᠭᠯᠠᠨ ᠮᠡᠳᠡᠭᠦᠯᠬᠦ ᠵᠢᠨ ᠬᠠᠮᠲᠤ  ᠲᠤᠰᠢᠶᠠᠬᠤ ᠬᠡᠷᠡᠭᠲᠡᠢ ᠃ ᠡᠭᠦᠨ᠎ᠤ  ᠬᠠᠮᠲᠤ  ᠪᠢᠳᠡ 《ᠨᠤᠲᠤᠭ᠎ᠤᠨ ᠣᠨᠴᠠ ᠭᠠᠷᠤᠯᠲᠠ》 ᠵᠢᠨ ᠭᠣᠣᠯᠯᠠᠬᠤ ᠡᠷᠬᠡ ᠣᠯᠭᠣᠭᠰᠠᠨ ᠠᠵᠤ ᠠᠬᠤᠢ᠌ᠯᠠᠯ᠎ᠤᠨ 《ᠨᠤᠲᠤᠭ᠎ᠤᠨ ᠣᠨᠴᠠ ᠭᠠᠷᠤᠯᠲᠠ》 ᠵᠢᠨ ᠲᠠᠨᠢᠯᠴᠠᠭᠤᠯᠭ᠎ᠠ᠎ᠪᠠᠷ ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠵᠢᠨ ᠨᠡᠷ᠎ᠡ  ᠮᠡᠳᠡᠭᠦᠯᠬᠦ ᠵᠢ ᠪᠡᠶᠡᠯᠡᠬᠦᠯᠵᠦ ᠂ 《ᠰᠦᠯᠵᠢᠶᠡᠨ ᠳᠡᠭᠡᠷᠡᠬᠢ ᠲᠠᠷᠢᠶᠠᠯᠠᠩ᠎ᠤᠨ ᠦᠵᠡᠰᠬᠦᠯᠡᠩ᠎ᠤᠨ ᠴᠤᠭᠯᠠᠭ᠋ᠠᠨ》᠎ᠤ ᠲᠠᠪᠴᠠᠩ᠎ᠳᠤ ᠣᠷᠣᠵᠤ᠂ ᠡᠯᠧᠺᠲᠷᠣᠨ ᠬᠤᠳᠠᠯᠳᠤᠭ᠋ᠠᠨ᠎ᠤ ᠵᠣᠯᠭ᠋ᠠᠯᠴᠠᠭ᠎ᠠ ᠵᠢ ᠥᠷᠨᠢᠭᠦᠯᠬᠦ ᠵᠢ ᠵᠣᠷᠢᠭᠵᠢᠭᠤᠯᠤᠨ᠎ᠠ᠃

      ᠬᠥᠲᠥᠯᠥᠭᠴᠢ  ᠰᠤᠷᠪᠤᠯᠵᠢᠯᠠᠭᠴᠢ᠄ ᠡᠨᠡ ᠵᠢᠯ᠎ᠤᠨ 《ᠨᠤᠲᠤᠭ᠎ᠤᠨ ᠣᠨᠴᠠ ᠭᠠᠷᠤᠯᠲᠠ》 ᠵᠢᠨ ᠲᠤᠰᠬᠠᠢ ᠠᠵᠢᠯᠯᠠᠭ᠎ᠠ᠎ᠨᠢ ᠶᠠᠮᠠᠷ ᠶᠠᠮᠠᠷ ᠣᠨᠴᠠᠯᠢᠭ᠎ᠲᠠᠢ ᠪᠣᠶ?

      ᠬᠦᠨᠳᠦᠲᠦ ᠵᠣᠴᠢᠨ  ᠲᠠᠷᠢᠶᠠᠯᠠᠩ  ᠬᠥᠳᠡᠭᠡ ᠲᠣᠰᠬᠣᠨ᠎ᠤ ᠶᠠᠮᠤᠨ᠎ᠤ ᠮᠡᠳᠡᠭᠡ ᠵᠠᠩᠭᠢ ᠵᠢᠨ ᠲᠥᠪ᠄ ᠡᠨᠡ ᠵᠢᠯ ᠲᠥᠪ ᠲᠧᠯᠸᠢᠰ᠎ᠲᠠᠢ ᠬᠠᠮᠲᠤᠷᠠᠨ ᠭᠤᠸᠠᠩᠳᠦ᠋ᠩ᠎ᠤᠨ ᠢᠤᠢ᠍ᠢ᠍ᠨᠠᠨ᠎ᠳᠤ ᠶᠠᠪᠤᠭᠳᠠᠭᠰᠠᠨ 2024 ᠣᠨ᠎ᠤ 《ᠨᠤᠲᠤᠭ᠎ᠤᠨ ᠣᠨᠴᠠ ᠭᠠᠷᠤᠯᠲᠠ 》  ᠵᠢ ᠲᠠᠨᠢᠯᠴᠠᠭᠤᠯᠬᠤ ᠠᠵᠢᠯᠯᠠᠭ᠎ᠠ ᠵᠢᠨ ᠢᠤᠢ᠍ᠢ᠍ᠨᠠᠨ᠎ᠤ  ᠴᠦᠮ᠎ᠡ ᠦᠭᠡᠢ ᠰᠢᠷ᠎ᠠ ᠬᠠᠯᠢᠰᠤᠳᠤ ᠵᠢᠮᠢᠰ᠎ᠤᠨ  ᠲᠤᠰᠬᠠᠢ  ᠲᠠᠯᠠᠪᠤᠷ᠎ᠲᠤ᠂ 《  ᠡᠬᠢᠯᠡᠯᠲᠡ ᠵᠢᠨ ᠶᠣᠰᠣᠯᠠᠯ + ᠴᠤᠭᠯᠠᠭ᠎ᠠ ᠮᠠᠢ᠌ᠮᠠᠢ + ᠳᠠᠭᠤᠤ ᠬᠥᠭᠵᠢᠮ᠎ᠤᠨ ᠦᠳᠡᠰᠢᠯᠡᠭᠡ 》  ᠵᠢᠨ ᠬᠡᠯᠪᠡᠷᠢ᠎ᠪᠠᠷ ᠢᠤᠢ᠍ᠢ᠍ᠨᠠᠨ ᠎ᠤ ᠴᠦᠮ᠎ᠡ ᠦᠭᠡᠢ ᠰᠢᠷ᠎ᠠ ᠬᠠᠯᠢᠰᠤᠳᠤ ᠵᠢᠮᠢᠰ ᠎ᠢ  ᠲᠠᠨᠢᠯᠴᠠᠭᠤᠯᠬᠤ ᠵᠢᠨ ᠬᠠᠮᠲᠤ ᠰᠣᠶᠣᠯ ᠤᠷᠠᠯᠢᠭ ᠵᠶ᠋ᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠴᠢᠳᠠᠪᠤᠷᠢ ᠣᠯᠭᠣᠵᠤ ᠂ ᠢᠤᠢ᠍ᠢ᠍ᠨᠠᠨ᠎ᠤ ᠰᠣᠶᠣᠯ᠎ᠤᠨ ᠵᠥᠭᠡᠯᠡᠨ ᠪᠣᠳᠠᠲᠤ ᠬᠦᠴᠦᠨ ᠪᠠ ᠠᠯᠳᠠᠷᠰᠢᠯ᠎ᠢ ᠨᠡᠮᠡᠭᠳᠡᠭᠦᠯᠦᠨ᠎ᠡ ᠃ ᠪᠢᠳᠡ ᠪᠠᠰᠠ 3 — 4 ᠲᠠᠯᠠᠪᠤᠷ 《ᠨᠤᠲᠤᠭ᠎ᠤᠨ ᠣᠨᠴᠠ ᠭᠠᠷᠤᠯᠲᠠ》 ᠵᠢᠨ ᠲᠤᠰᠬᠠᠢ ᠲᠠᠯᠠᠪᠤᠷ᠎ᠤᠨ ᠲᠠᠨᠢᠯᠴᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠭᠣᠣᠯᠯᠠᠨ ᠡᠷᠭᠢᠯᠡᠭᠰᠡᠨ ᠨᠢᠭᠡᠴᠡ᠎ᠠᠴᠠ ᠲᠤᠰᠬᠠᠢ ᠮᠡᠷᠭᠡᠵᠢᠯᠲᠡᠨ᠎ᠢ ᠤᠷᠢᠵᠤ ᠲᠤᠬᠠᠢ ᠵᠢᠨ ᠭᠠᠵᠠᠷ᠎ᠤᠨ 《ᠨᠤᠲᠤᠭ᠎ᠤᠨ ᠣᠨᠴᠠ ᠭᠠᠷᠤᠯᠲᠠ》 ᠵᠢ ᠲᠠᠨᠢᠯᠴᠠᠭᠤᠯᠵᠤ᠂ ᠡᠯᠧᠺᠲᠷᠣᠨ ᠬᠤᠳᠠᠯᠳᠤᠭ᠋ᠠᠨ᠎ᠤ ᠵᠣᠯᠭ᠋ᠠᠯᠴᠠᠭ᠎ᠠ ᠵᠢ ᠥᠷᠨᠢᠭᠦᠯᠵᠦ ᠂ ᠬᠠᠮᠢᠶ᠎ᠠ ᠪᠦᠬᠦᠢ ᠰᠣᠨᠢᠨ ᠮᠡᠳᠡᠭᠡᠨ᠎ᠤ ᠨᠢᠭᠡᠴᠡ ᠵᠢᠨ ᠰᠤᠷᠪᠤᠯᠵᠢᠯᠠᠭᠴᠢ ᠵᠢ ᠤᠷᠢᠵᠤ ᠲᠤᠬᠠᠢ ᠵᠢᠨ  ᠲᠠᠯᠠᠪᠤᠷ᠎ᠤᠨ  ᠰᠣᠷᠪᠤᠯᠵᠢᠯᠠᠭ᠎ᠠ ᠬᠢᠯᠭᠡᠵᠦ ᠂ ᠬᠥᠲᠥᠯᠥᠭᠴᠢ ᠂ ᠮᠡᠷᠭᠡᠳ᠎ᠢ ᠵᠣᠬᠢᠶᠠᠨ ᠪᠠᠢ᠌ᠭᠤᠯᠤᠨ ᠰᠤᠷᠪᠤᠯᠵᠢᠯᠠᠬᠤ ᠪᠠ ᠰᠢᠭᠤᠳ ᠨᠡᠪᠲᠡᠷᠡᠭᠦᠯᠬᠦ ᠲᠠᠨᠢᠯᠴᠠᠭᠤᠯᠭ᠎ᠠ ᠬᠢᠯᠭᠡᠵᠦ ᠂ ᠳᠠᠭᠤᠤ ᠬᠥᠭᠵᠢᠮ᠎ᠤᠨ ᠨᠠᠢ᠌ᠷ ᠵᠡᠷᠭᠡ ᠵᠢ ᠡᠷᠬᠢᠯᠡᠵᠦ ᠂ ᠲᠤᠬᠠᠢ ᠵᠢᠨ ᠭᠠᠵᠠᠷ᠎ᠤᠨ 《  ᠨᠤᠲᠤᠭ᠎ᠤᠨ ᠣᠨᠴᠠ ᠭᠠᠷᠤᠯᠲᠠ 》 ᠎ᠳᠤ ᠬᠠᠳᠠᠭ᠋ᠠᠯᠠᠭᠳᠠᠵᠤ ᠪᠠᠢ᠌ᠭ᠎ᠠ ᠥᠪᠡᠷᠮᠢᠴᠡ ᠷᠢᠳᠢ ᠰᠢᠳᠢ ᠪᠠ ᠰᠣᠶᠣᠯ᠎ᠤᠨ ᠦᠨ᠎ᠡ ᠦᠷᠳᠡᠭ᠎ᠢ ᠭᠦᠨᠵᠡᠭᠡᠢ ᠮᠡᠳᠡᠭᠡᠯᠡᠵᠦ ᠂ ᠶᠠᠰᠤ ᠴᠢᠨᠠᠷ ᠂ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ ᠪᠠ ᠰᠣᠶᠣᠯ᠎ᠤᠨ  ᠬᠦᠴᠦ ᠨᠡᠮᠡᠷᠢᠭᠦᠯᠦᠭᠰᠡᠨ 《  ᠨᠤᠲᠤᠭ᠎ᠤᠨ ᠣᠨᠴᠠ ᠭᠠᠷᠤᠯᠲᠠ 》  ᠵᠢᠨ ᠳᠤᠮᠳᠠᠳᠤ ᠤᠯᠤᠰ᠎ᠤᠨ ᠦᠯᠢᠭᠡᠷ᠎ᠢ ᠰᠠᠢ᠌ᠲᠤᠷ ᠶᠠᠷᠢᠨ᠎ᠠ ᠃ ᠡᠯ᠎ᠡ ᠭᠠᠵᠠᠷ᠎ᠤᠨ᠎ᠬᠢᠨ ᠬᠡᠷᠪᠡ ᠬᠦᠰᠡᠯ ᠰᠠᠨᠠᠭ᠎ᠠ᠎ᠲᠠᠢ ᠪᠣᠯ ᠭᠣᠣᠯᠯᠠᠨ ᠡᠷᠭᠢᠯᠡᠭᠰᠡᠨ ᠨᠢᠭᠡᠴᠡ᠎ᠲᠠᠢ ᠬᠠᠷᠢᠯᠴᠠᠵᠤ᠂ ᠬᠠᠮᠲᠤ᠎ᠪᠠᠷ ᠲᠤᠰᠬᠠᠢ ᠲᠠᠯᠠᠪᠤᠷ᠎ᠤᠨ ᠲᠠᠨᠢᠯᠴᠠᠭᠤᠯᠬᠤ ᠠᠵᠢᠯᠯᠠᠭ᠎ᠠ ᠵᠢ ᠰᠠᠢ᠌ᠲᠤᠷ ᠲᠥᠯᠥᠪᠯᠡᠵᠦ᠂ ᠰᠠᠢ᠌ᠲᠤᠷ ᠵᠣᠬᠢᠶᠠᠨ ᠪᠠᠢ᠌ᠭᠤᠯᠵᠤ ᠪᠣᠯᠣᠨ᠎ᠠ᠃

ᠢᠷᠡᠯᠲᠡ᠄ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠮᠡᠳᠡᠭᠡ ᠵᠠᠩᠭᠢ ᠵᠢᠨ ᠲᠥᠪ
          
ᠬᠠᠮᠢᠶ᠎ᠡ ᠪᠦᠬᠦᠢ ᠰᠣᠨᠢᠨ
 
            