ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠰᠤᠷᠪᠤᠯᠵᠢᠯᠠᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠦᠯᠳᠡ ᠵᠢᠴᠢ ᠵᠢᠷᠭᠤᠭ᠋ᠠᠨ ᠠᠬᠢᠭᠤᠯᠬᠤ ᠳᠦᠷᠢᠮ᠎ᠢ ᠠᠬᠢᠭᠤᠯᠤᠭᠰᠠᠨ ᠪᠠᠢ᠌ᠳᠠᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ
ᠨᠡᠶ᠋ᠢᠲᠡᠯᠡᠭᠰᠡᠨ ᠴᠠᠭ᠄ 2024-08-30

      8 ᠰᠠᠷ᠎ᠠ ᠵᠢᠨ 30᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ ᠥᠪᠡᠷᠲᠡᠭᠡᠨ ᠵᠠᠰᠠᠬᠤ ᠣᠷᠣᠨ᠎ᠤ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠦᠯᠳᠡ  ᠵᠢᠴᠢ ᠵᠢᠷᠭᠤᠭ᠋ᠠᠨ ᠠᠬᠢᠭᠤᠯᠬᠤ ᠳᠦᠷᠢᠮ᠎ᠢ ᠠᠬᠢᠭᠤᠯᠤᠭᠰᠠᠨ ᠪᠠᠢ᠌ᠳᠠᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ ᠸᠠᠩ ᠫᠢᠩ ᠭᠣᠣᠯ ᠰᠡᠳᠦᠪ᠎ᠢ ᠨᠡᠢ᠌ᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ ᠵᠢᠨ ᠳᠡᠳ᠋ ᠱᠦᠵᠢ᠂ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠬᠠᠨ ᠢᠦᠢ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠡᠷᠬᠢᠯᠡᠭᠴᠢ ᠺᠠᠩ ᠢᠦᠢ  ᠹᠸᠩ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠢ ᠯᠢᠩ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ (ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠵᠤᠤ ᠶᠦᠩ ᠰᠢᠶᠠᠩ ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠭᠦᠸᠧ ᠵᠧᠦ ᠮᠢᠩ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠳᠠᠷᠤᠭ᠎ᠠ ᠴᠧᠨ ᠵᠧᠩ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ  ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃


          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠨᠠᠢ᠍ᠮᠠᠳᠤᠭ᠋ᠠᠷ ᠲᠠᠪᠤᠨ ᠵᠢᠯ》᠎ᠤᠨ

          ᠬᠠᠤᠯᠢ ᠲᠦᠭᠡᠮᠡᠯᠵᠢᠭᠦᠯᠦᠯᠳᠡ  ᠵᠢᠴᠢ ᠵᠢᠷᠭᠤᠭ᠋ᠠᠨ ᠠᠬᠢᠭᠤᠯᠬᠤ ᠳᠦᠷᠢᠮ᠎ᠢ ᠠᠬᠢᠭᠤᠯᠤᠭᠰᠠᠨ

          ᠪᠠᠢ᠌ᠳᠠᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ  ᠰᠤᠷᠪᠤᠯᠵᠢᠯᠠᠭᠴᠢ ᠵᠢᠨ

          ᠠᠰᠠᠭᠤᠯᠲᠠ ᠵᠢ ᠬᠠᠷᠢᠭᠤᠯᠪᠠ

      ᠳᠤᠮᠳᠠᠳᠤ ᠤᠯᠤᠰ᠎ᠤᠨ ᠰᠦᠯᠵᠢᠶ᠎ᠡ ᠵᠢᠨ ᠰᠤᠷᠪᠤᠯᠵᠢᠯᠠᠭᠴᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ  ᠪᠦᠲᠦᠭᠡᠨ ᠪᠠᠢ᠌ᠭᠤᠯᠤᠯᠳᠠ ᠵᠢ ᠠᠬᠢᠭᠤᠯᠬᠤ ᠳᠦᠷᠢᠮ》᠎ᠢ ᠬᠡᠷᠡᠭᠵᠢᠭᠦᠯᠦᠭᠰᠡᠨ ᠨᠢᠭᠡ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠰᠲ᠋ᠧᠮ᠎ᠤᠨ᠎ᠬᠢᠨ ᠬᠠᠤᠯᠢ ᠶᠣᠰᠣᠭ᠋ᠠᠷ  ᠲᠤᠭᠤᠰᠢᠯᠠᠭᠤᠯᠤᠨ  ᠨᠠᠢ᠌ᠳᠠᠪᠤᠷᠢᠵᠢᠭᠤᠯᠬᠤ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ?

      ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ (ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠲᠢᠩᠬᠢᠮ᠎ᠤᠨ ᠳᠠᠷᠤᠭ᠎ᠠ ᠵᠤᠤ ᠶᠦᠩ ᠰᠢᠶᠠᠩ᠄ ᠡᠨᠡᠬᠦ ᠰᠤᠷᠪᠤᠯᠵᠢᠯᠠᠭᠴᠢ ᠵᠢᠨ ᠠᠰᠠᠭᠤᠭᠰᠠᠨ᠎ᠳᠤ ᠲᠠᠯᠠᠷᠬᠠᠵᠤ ᠪᠠᠢ᠌ᠨ᠎ᠠ᠃ ᠨᠢᠳᠤᠨᠤᠨ᠎ᠤ 9 ᠰᠠᠷ᠎ᠠ᠎ᠳᠤ 《ᠳᠦᠷᠢᠮ》᠎ᠢ ᠬᠡᠷᠡᠭᠵᠢᠭᠦᠯᠦᠭᠰᠡᠨ᠎ᠠᠴᠠ  ᠨᠠᠭ᠋ᠠᠰᠢ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ ᠭᠣᠣᠯᠳᠠᠭᠤ ᠬᠣᠶᠠᠷ ᠲᠠᠯ᠎ᠠ ᠵᠢᠨ ᠠᠵᠢᠯ᠎ᠢ ᠰᠠᠢ᠌ᠲᠤᠷ ᠠᠳᠬᠤᠪᠠ᠄

      ᠨᠢᠭᠡ ᠲᠠᠯ᠎ᠠ᠎ᠪᠠᠷ᠂ ᠤᠬᠠᠭᠤᠯᠤᠨ ᠲᠠᠢ᠌ᠯᠪᠤᠷᠢᠯᠠᠬᠤ ᠠᠵᠢᠯ᠎ᠤᠨ ᠡᠷᠴᠢᠮ᠎ᠢ ᠴᠢᠩᠭ᠋ᠠᠷᠠᠭᠤᠯᠪᠠ᠃ ᠨᠢᠭᠡ᠎ᠳᠤ 《ᠳᠦᠷᠢᠮ》᠎ᠢ ᠺᠠᠳ᠋ᠷ᠎ᠤᠨ ᠪᠣᠯᠪᠠᠰᠤᠷᠠᠯ᠎ᠤᠨ ᠲᠥᠯᠥᠪᠯᠡᠭᠡ᠎ᠳᠤ ᠣᠷᠣᠭᠤᠯᠵᠤ᠂ ᠲᠤᠰᠬᠠᠢ ᠮᠡᠷᠭᠡᠵᠢᠯᠲᠡᠨ᠎ᠢ ᠤᠷᠢᠵᠤ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠯᠭᠡᠵᠦ᠂ 7 ᠲᠠᠯᠠᠪᠤᠷ ᠪᠣᠯᠪᠠᠰᠤᠷᠠᠯ᠎ᠢ ᠵᠣᠬᠢᠶᠠᠨ ᠪᠠᠢ᠌ᠭᠤᠯᠪᠠ᠃ ᠬᠣᠶᠠᠷ᠎ᠲᠤ ᠦᠨᠳᠦᠰᠦᠨ ᠱᠠᠲᠤᠨ᠎ᠳᠤ ᠣᠴᠢᠬᠤ ᠵᠢ ᠵᠣᠬᠢᠶᠠᠨ ᠪᠠᠢ᠌ᠭᠤᠯᠤᠨ᠂ ᠠᠵᠢᠯ ᠦᠢ᠍ᠯᠡᠰ᠎ᠤᠨ ᠠᠵᠢᠯᠯᠠᠭ᠎ᠠ ᠥᠷᠨᠢᠭᠦᠯᠵᠦ᠂  ᠳᠠᠭ᠋ᠠᠭᠤᠯᠤᠭᠴᠢ  ᠠᠵᠤ ᠠᠬᠤᠢ᠌ᠯᠠᠯ᠂ ᠬᠣᠷᠰᠢᠶ᠎ᠠ ᠵᠡᠷᠭᠡ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠣᠯ ᠴᠣᠭᠴᠠ ᠵᠢᠴᠢ ᠮᠠᠯᠴᠢᠨ ᠲᠠᠷᠢᠶᠠᠴᠢᠨ᠎ᠳᠤ ᠲᠤᠰᠬᠠᠢ ᠳᠡᠪᠲᠡᠷ᠂ ᠤᠬᠠᠭᠤᠯᠭ᠎ᠠ ᠵᠢᠨ ᠳᠡᠪᠲᠡᠷ 1 ᠲᠦᠮᠡ ᠭᠠᠷᠤᠢ ᠬᠤᠪᠢ  ᠳᠠᠷᠬᠠᠭ᠋ᠠᠪᠠ᠃ ᠭᠤᠷᠪᠠ᠎ᠳᠤ ᠰᠤᠨᠢᠨ ᠮᠡᠳᠡᠭᠡᠨ᠎ᠤ ᠵᠠᠭᠤᠴᠢᠯᠠᠭᠤᠷ᠎ᠤᠨ᠎ᠬᠢᠨ ᠎ᠳᠤ  《ᠳᠦᠷᠢᠮ》᠎ᠤᠨ ᠭᠣᠣᠯᠳᠠᠯᠭ᠎ᠠ᠎ᠲᠠᠢ ᠠᠭᠤᠯᠭ᠎ᠠ ᠵᠢ ᠨᠡᠢ᠌ᠲᠡᠯᠡᠵᠦ᠂ ᠪᠥᠬᠥ ᠲᠠᠯ᠎ᠠ᠎ᠪᠠᠷ ᠣᠯᠠᠨ ᠲᠠᠯ᠎ᠠ᠎ᠠᠴᠠ ᠲᠠᠢ᠌ᠯᠤᠮᠵᠢ ᠬᠢᠵᠦ᠂ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠪᠠ᠃

      ᠨᠥᠭᠥᠭᠡ ᠲᠠᠯ᠎ᠠ᠎ᠪᠠᠷ᠂  ᠲᠤᠭᠤᠰᠢᠯᠠᠭᠤᠯᠤᠨ  ᠨᠠᠢ᠌ᠳᠠᠪᠤᠷᠢᠵᠢᠭᠤᠯᠬᠤ ᠵᠢ ᠴᠢᠩᠭ᠎ᠠ  ᠠᠩᠬᠠᠷᠪᠠ᠃ ᠣᠨ᠎ᠤ ᠡᠭᠦᠷᠭᠡ ᠵᠢᠨ ᠨᠠᠷᠢᠨ ᠲᠠᠩᠰᠠ ᠵᠢ ᠲᠣᠭᠲᠠᠭ᠋ᠠᠵᠤ᠂ 156 ᠵᠦᠢ᠍ᠯ᠎ᠤᠨ ᠪᠣᠳᠠᠲᠠᠢ ᠡᠭᠦᠷᠭᠡ ᠪᠣᠯᠭ᠋ᠠᠨ ᠨᠠᠷᠢᠯᠢᠭᠵᠢᠭᠤᠯᠤᠨ ᠬᠤᠪᠢᠶᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠰᠠᠷ᠎ᠠ᠎ᠪᠠᠷ ᠲᠣᠬᠢᠷᠠᠭᠤᠯᠤᠨ  ᠠᠬᠢᠭᠤᠯᠪᠠ᠃ 《ᠳᠦᠷᠢᠮ》᠎ᠢ ᠬᠡᠷᠡᠭᠵᠢᠭᠦᠯᠦᠭᠰᠡᠨ᠎ᠠᠴᠠ  ᠨᠠᠭ᠋ᠠᠰᠢ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠬᠦ᠂ ᠠᠮᠤ ᠪᠤᠳᠠᠭ᠎ᠠ ᠪᠠ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ  ᠲᠣᠭᠲᠠᠭᠤᠨ ᠠᠶᠤᠯᠭᠦᠢ  ᠬᠠᠩᠭ᠋ᠠᠯᠭ᠎ᠠ ᠵᠢ ᠪᠠᠲᠤᠯᠠᠬᠤ ᠲᠠᠯ᠎ᠠ᠎ᠪᠠᠷ ᠢᠳᠡᠪᠬᠢᠲᠡᠢ ᠦᠢ᠍ᠯᠡᠳᠦᠯ ᠦᠵᠡᠭᠦᠯᠪᠡ᠃ ᠡᠨᠡ᠎ᠨᠢ ᠭᠣᠣᠯᠳᠠᠭᠤ ᠲᠠᠪᠤᠨ  ᠲᠦᠷᠭᠡᠳᠭᠡᠬᠦ  ᠳᠡᠭᠡᠷ᠎ᠡ ᠢᠯᠡᠷᠡᠵᠦ ᠪᠠᠢ᠌ᠨ᠎ᠠ᠄

      ᠨᠢᠭᠡ᠎ᠳᠤ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ  ᠴᠢᠳᠠᠪᠤᠷᠢ ᠵᠢ ᠲᠦᠷᠭᠡᠪᠴᠢᠯᠡᠨ  ᠳᠡᠭᠡᠭᠰᠢᠯᠡᠭᠦᠯᠪᠡ᠃  ᠪᠥᠬᠥ ᠣᠷᠣᠨ᠎ᠤ ᠠᠮᠤ ᠪᠤᠳᠠᠭ᠎ᠠ ᠳᠠᠷᠢᠬᠤ ᠲᠠᠯᠠᠪᠠᠶ 1.14 ᠳ᠋ᠦᠩᠰᠢᠭᠤᠷ ᠮᠦ᠍᠎ᠳᠤ ᠬᠦᠷᠴᠦ᠂ ᠤᠯᠤᠰ᠎ᠤᠨ ᠡᠭᠦᠷᠭᠡ᠎ᠪᠠᠨ ᠳᠠᠪᠠᠭᠤᠯᠤᠨ ᠪᠡᠶᠡᠯᠡᠭᠦᠯᠵᠦ᠂ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠵᠢᠱ᠌ᠢᠶ᠎ᠡ ᠦᠵᠡᠭᠦᠯᠬᠦ ᠣᠷᠣᠨ᠎ᠢ 1000 ᠲᠦᠮᠡᠨ ᠮᠦ᠍᠎ᠠᠴᠠ ᠳᠡᠭᠡᠭᠰᠢ  ᠪᠠᠢ᠌ᠭᠤᠯᠪᠠ᠃ ᠮᠢᠬᠠᠨ᠎ᠤ ᠲᠥᠷᠥᠯ᠎ᠤᠨ ᠲᠣᠭᠲᠠᠭᠤᠨ ᠬᠠᠩᠭ᠋ᠠᠯᠭ᠎ᠠ ᠵᠢ ᠪᠠᠲᠤᠯᠠᠵᠤ᠂ ᠠᠯᠠᠰᠢᠨ ᠦᠬᠡᠷ ᠠᠯᠠᠰᠢᠨ ᠬᠣᠨᠢᠨ᠎ᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠵᠢ 276 ᠰᠢᠨ᠎ᠡ᠎ᠪᠠᠷ ᠪᠠᠢ᠌ᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠢ᠌ᠭᠤᠯᠵᠤ᠂  ᠳᠡᠭᠡᠷ᠎ᠡ  ᠬᠠᠭ᠋ᠠᠰ ᠵᠢᠯ᠎ᠳᠤ ᠭᠣᠣᠯ ᠪᠣᠯᠬᠤ ᠮᠢᠬᠠᠨ᠎ᠤ ᠲᠥᠷᠥᠯ᠎ᠤᠨ ᠭᠠᠷᠤᠯᠲᠠ 102 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 4.3%᠎ᠪᠠᠷ ᠨᠡᠮᠡᠭᠳᠡᠪᠡ᠃ ᠦᠨᠢᠶᠡᠨ ᠰᠦ ᠵᠢᠨ ᠭᠠᠷᠤᠯᠲᠠ 282.5 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 2.6%᠎ᠪᠠᠷ ᠨᠡᠮᠡᠭᠳᠡᠪᠡ᠃  ᠲᠡᠵᠢᠭᠡᠯ  ᠡᠪᠡᠰᠦ ᠪᠣᠷᠳᠣᠭ᠎ᠠ ᠵᠢᠨ ᠠᠵᠤ ᠦᠢ᠍ᠯᠡᠰ᠎ᠢ ᠲᠠᠰᠤᠷᠠᠯᠲᠠ ᠦᠭᠡᠢ ᠪᠤᠵᠠᠭ᠋ᠠᠢ᠌ᠷᠠᠭᠤᠯᠵᠤ᠂ 1753 ᠲᠦᠮᠡᠨ ᠮᠦ᠍ ᠴᠢᠨᠠᠷ ᠰᠠᠢ᠌ᠲᠠᠢ ᠲᠡᠵᠢᠭᠡᠯ ᠡᠪᠡᠰᠦ ᠵᠢ ᠳᠠᠷᠢᠪᠠ᠃

      ᠬᠣᠶᠠᠷ᠎ᠲᠤ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠰᠠᠭᠤᠷᠢ ᠵᠢ ᠲᠦᠷᠭᠡᠪᠴᠢᠯᠡᠨ ᠪᠡᠬᠢᠵᠢᠭᠦᠯᠪᠡ᠃ 710 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠠᠵᠢᠯ ᠡᠬᠢᠯᠡᠭᠦᠯᠦᠨ ᠪᠦᠲᠦᠭᠡᠨ ᠪᠠᠢ᠌ᠭᠤᠯᠵᠤ᠂ 2130 ᠲᠦᠮᠡᠨ ᠮᠦ᠍ ᠬᠠᠷ᠎ᠠ ᠬᠥᠷᠥᠰᠥ ᠵᠢᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠬᠤ ᠡᠭᠦᠷᠭᠡ ᠵᠢ ᠪᠡᠶᠡᠯᠡᠭᠦᠯᠵᠦ᠂ 3 ᠤᠯᠤᠰ᠎ᠤᠨ ᠬᠤᠵᠢᠷᠯᠢᠭ ᠭᠠᠵᠠᠷ᠎ᠢ ᠶᠡᠷᠦᠩᠬᠡᠢ᠌ᠯᠡᠨ ᠠᠰᠢᠭᠯᠠᠬᠤ ᠲᠤᠷᠰᠢᠯᠲᠠ ᠵᠢ ᠵᠥᠪᠰᠢᠶᠡᠷᠡᠨ ᠪᠦᠲᠦᠭᠡᠨ ᠪᠠᠢ᠌ᠭᠤᠯᠵᠤ᠂ 50 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠦᠨ ᠵᠠᠰᠠᠬᠤ ᠵᠢ ᠳᠠᠶ᠋ᠢᠴᠢᠯᠠᠪᠠ᠃ ᠦᠷ᠎ᠡ ᠵᠢᠨ ᠦᠢ᠍ᠯᠡᠰ᠎ᠤᠨ ᠬᠥᠭᠵᠢᠯ ᠮᠠᠨᠳᠤᠯᠲᠠ ᠵᠢ ᠦᠷᠭᠦᠯᠵᠢᠯᠡᠨ ᠠᠬᠢᠭᠤᠯᠵᠤ᠂ ᠦᠬᠡᠷ ᠬᠤᠨᠢᠨ᠎ᠤ ᠭᠣᠣᠯ ᠡᠭᠦᠯᠳᠡᠷ ᠪᠣᠢ᠌ᠵᠢᠭᠤᠯᠬᠤ ᠲᠠᠯᠠᠪᠠᠢ ᠵᠢᠨ ᠲᠣᠭ᠎ᠠ ᠪᠦᠬᠦ ᠤᠯᠤᠰ᠎ᠤᠨ ᠲᠡᠷᠢᠭᠦᠨ᠎ᠳᠤ ᠣᠷᠣᠵᠤ᠂ 60 《ᠴᠢᠬᠢ  ᠦᠵᠡᠵᠦ ᠦᠷ᠎ᠡ ᠰᠣᠩᠭᠣᠬᠤ》  ᠲᠠᠪᠴᠠᠩ᠎ᠤᠨ ᠳᠡᠯᠭᠡᠨ ᠦᠵᠡᠭᠦᠯᠬᠦ ᠲᠠᠯᠠᠪᠠᠢ 7000 ᠮᠦ᠍ ᠵᠢ ᠳᠠᠪᠠᠵᠤ᠂ ᠲᠠᠷᠢᠶᠠᠴᠢᠳ᠎ᠢ ᠬᠠᠪᠰᠤᠷᠤᠨ ᠰᠠᠢ᠌ᠨ ᠡᠭᠦᠯᠳᠡᠷ ᠰᠣᠩᠭᠣᠵᠤ᠂  ᠤᠨᠠᠯᠲᠠ ᠵᠢ᠎ᠨᠢ ᠳᠡᠭᠡᠭᠰᠢᠯᠡᠭᠦᠯᠵᠦ᠂ ᠣᠷᠣᠯᠭ᠎ᠠ ᠵᠢ᠎ᠨᠢ ᠨᠡᠮᠡᠭᠳᠡᠭᠦᠯᠪᠡ᠃ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠲᠠᠰᠤᠷᠠᠯᠲᠠ ᠦᠭᠡᠢ ᠬᠦᠴᠦᠯᠡᠵᠦ᠂ ᠲᠠᠷᠢᠶᠠᠯᠠᠩ᠎ᠤᠨ ᠳᠡᠭᠡᠳᠦ ᠵᠡᠷᠭᠡ ᠵᠢᠨ ᠣᠷᠣᠨ᠂ ᠰᠦ ᠰᠠᠭ᠋ᠠᠯᠢ ᠵᠢᠨ ᠰᠢᠨ᠎ᠡ ᠵᠢ ᠡᠭᠦᠳᠬᠦ ᠲᠥᠪ᠂ ᠡᠬᠡ ᠨᠣᠣᠷᠠᠭ᠎ᠤᠨ ᠰᠢᠨ᠎ᠡ ᠵᠢ ᠡᠭᠦᠳᠬᠦ ᠲᠥᠪ ᠵᠡᠷᠭᠡ ᠲᠠᠪᠴᠠᠩ᠎ᠢ ᠰᠠᠢ᠌ᠲᠤᠷ ᠪᠠᠢ᠌ᠭᠤᠯᠵᠤ᠂ 《ᠮᠸᠩ ᠨᠤᠩ ᠴᠤᠸᠠᠩ》 ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ 110 ᠦᠢ᠍ᠯᠡᠴᠢᠯᠡᠭᠡᠨ᠎ᠤ ᠵᠠᠭᠪᠤᠷ᠎ᠢ ᠠᠩᠬ᠎ᠠ ᠡᠭᠦᠳᠴᠦ᠂ ᠲᠠᠷᠢᠶᠠᠯᠠᠩ᠎ᠤᠨ ᠮᠡᠷᠭᠡᠵᠢᠯ ᠵᠶ᠋ᠡᠷ ᠲᠠᠷᠢᠶᠠᠯᠠᠩ᠎ᠢ ᠲᠤᠰᠠᠯᠠᠬᠤ 《ᠡᠴᠦᠰ᠎ᠤᠨ ᠨᠢᠭᠡ ᠺᠢᠯᠣᠮᠧᠲᠷ》᠎ᠢ  ᠨᠡᠪᠲᠡᠷᠡᠭᠦᠯᠪᠡ᠃

      ᠭᠤᠷᠪᠠ᠎ᠳᠤ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠤᠶᠠᠨ ᠬᠠᠳᠠᠨ ᠴᠢᠨᠠᠷ᠎ᠢ ᠲᠦᠷᠭᠡᠪᠴᠢᠯᠡᠨ ᠴᠢᠩᠭ᠋ᠠᠷᠠᠭᠤᠯᠪᠠ᠃ ᠠᠵᠤ ᠦᠢ᠍ᠯᠡᠰ᠎ᠤᠨ ᠬᠡᠯᠬᠢᠶ᠎ᠡ ᠵᠢ ᠲᠠᠰᠤᠷᠠᠯᠲᠠ ᠦᠭᠡᠢ ᠤᠷᠲᠤᠳᠬᠠᠵᠤ᠂ 1 ᠤᠯᠤᠰ᠎ᠤᠨ ᠲᠠᠰ᠎ᠤᠨ ᠠᠵᠤ ᠦᠢ᠍ᠯᠡᠰ᠎ᠤᠨ ᠪᠦᠯᠦᠭᠯᠡᠯ᠂ 2 ᠠᠵᠤ ᠦᠢ᠍ᠯᠡᠰ᠎ᠤᠨ ᠬᠦᠷᠢᠶᠡᠯᠡᠩ᠂ 8 ᠠᠵᠤ ᠦᠢ᠍ᠯᠡᠰ᠎ᠤᠨ ᠬᠦᠴᠦᠷᠬᠡᠭ ᠪᠠᠯᠭ᠋ᠠᠰᠤ ᠵᠢ ᠰᠢᠨ᠎ᠡ᠎ᠪᠠᠷ ᠡᠭᠦᠳᠦᠨ ᠪᠠᠢ᠌ᠭᠤᠯᠪᠠ᠃ 13 ᠤᠯᠤᠰ᠎ᠤᠨ ᠲᠠᠰ᠎ᠤᠨ  ᠳᠠᠭ᠋ᠠᠭᠤᠯᠤᠭᠴᠢ  ᠠᠵᠤ ᠠᠬᠤᠢ᠌ᠯᠠᠯ᠎ᠢ ᠰᠢᠨ᠎ᠡ᠎ᠪᠠᠷ ᠮᠠᠭ᠋ᠠᠳᠯᠠᠨ ᠲᠣᠭᠲᠠᠭ᠋ᠠᠵᠤ᠂ ᠶᠡᠷᠦᠩᠬᠡᠢ ᠲᠣᠭ᠎ᠠ᠎ᠨᠢ 72 ᠪᠣᠯᠪᠠ᠃ 124 ᠰᠢᠨ᠎ᠡ᠎ᠪᠠᠷ ᠣᠷᠣᠭᠤᠯᠤᠨ ᠠᠪᠴᠢᠷᠠᠭᠰᠠᠨ ᠭᠣᠣᠯᠳᠠᠯᠭ᠎ᠠ᠎ᠲᠠᠢ ᠡᠳ᠋ᠰᠢᠭᠦᠯᠬᠦ ᠲᠥᠷᠥᠯ ᠵᠦᠢ᠍ᠯ ᠪᠠᠢ᠌ᠵᠤ᠂ ᠲᠣᠭᠲᠠᠭ᠋ᠠᠭᠰᠠᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠢ ᠡᠳ᠋ᠰᠢᠭᠦᠯᠬᠦ ᠠᠵᠤ ᠠᠬᠤᠢ᠌ᠯᠠᠯ 1214 ᠪᠣᠯᠪᠠ᠃ ᠨᠠᠷᠠᠲᠤ ᠲᠡᠮᠳᠡᠭᠲᠦ ᠵᠢᠨ ᠨᠥᠯᠥᠭᠡᠯᠡᠬᠦ ᠬᠦᠴᠦᠨ᠎ᠢ ᠦᠷᠭᠦᠯᠵᠢᠯᠡᠨ ᠳᠡᠭᠡᠭᠰᠢᠯᠡᠭᠦᠯᠵᠦ᠂ 6 ᠴᠢᠨᠠᠷ ᠰᠠᠢ᠌ᠲᠠᠢ ᠪᠣᠬᠢᠷᠲᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠡᠵᠡᠩᠨᠡᠨ ᠪᠣᠷᠣᠯᠠᠭᠤᠯᠬᠤ ᠲᠥᠪ᠎ᠲᠤ ᠰᠢᠨ᠎ᠡ᠎ᠪᠠᠷ ᠫᠠᠢ᠌ᠰᠠ ᠡᠯᠭᠦᠨ᠂ ᠡᠨᠡ ᠵᠢᠯ᠎ᠠᠴᠠ  ᠨᠠᠭ᠋ᠠᠰᠢ᠂ 《ᠦᠪᠦᠷ  ᠮᠣᠩᠭᠣᠯ᠎ᠤᠨ  ᠪᠦᠲᠦᠭᠡᠭᠳᠡᠬᠦᠨ᠎ᠢ ᠪᠡᠭᠡᠵᠢᠩ᠎ᠳᠤ ᠣᠷᠣᠭᠤᠯᠬᠤ》 ᠪᠣᠷᠤᠯᠠᠭᠤᠯᠭ᠎ᠠ 217 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠬᠣᠶᠠᠷ ᠳᠠᠬᠢᠨ ᠰᠢᠬᠠᠮ ᠨᠡᠮᠡᠭᠳᠡᠵᠡᠢ᠃

      ᠳᠥᠷᠪᠡ᠎ᠳᠤ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠰᠢᠰᠲ᠋ᠧᠮᠵᠢ ᠵᠢ ᠲᠦᠷᠭᠡᠳᠬᠡᠨ ᠰᠢᠯᠢᠳᠡᠭᠵᠢᠭᠦᠯᠪᠡ᠃ ᠲᠠᠷᠢᠶᠠᠯᠠᠩ ᠮᠠᠯ ᠠᠵᠤ ᠠᠬᠤᠢ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠭᠣᠣᠯ ᠴᠣᠭᠴᠠ

1.9 ᠲᠦᠮᠡ᠎ᠳᠤ ᠬᠦᠷᠴᠦ᠂ ᠦᠢ᠍ᠯᠡᠴᠢᠯᠡᠭᠡᠨ᠎ᠤ ᠲᠠᠯᠠᠪᠠᠶ 3000 ᠲᠦᠮᠡᠨ ᠮᠦ᠍ ᠵᠢ ᠳᠠᠪᠠᠬᠤ ᠪᠣᠯᠣᠮᠵᠢ᠎ᠲᠠᠢ ᠪᠠᠢ᠌ᠨ᠎ᠠ᠃ ᠦᠬᠡᠷ ᠬᠣᠨᠢ ᠲᠡᠵᠢᠭᠡᠨ ᠦᠷᠡᠵᠢᠭᠦᠯᠬᠦ 47 ᠲᠣᠮᠣ ᠰᠢᠶᠠᠨ᠎ᠳᠤ 4 ᠵᠦᠢ᠍ᠯ᠎ᠤᠨ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠠᠭᠪᠤᠷ᠎ᠢ ᠳᠡᠯᠭᠡᠷᠡᠭᠦᠯᠵᠦ᠂ ᠪᠥᠬᠥ ᠣᠷᠣᠨ᠎ᠤ 70% ᠵᠢᠨ ᠦᠬᠡᠷ ᠬᠣᠨᠢ ᠵᠢ ᠬᠠᠮᠤᠷᠪᠠ᠃ ᠬᠣᠶᠠᠳᠤᠭ᠋ᠠᠷ ᠡᠭᠡᠯᠵᠢ ᠵᠢᠨ ᠭᠠᠵᠠᠷ ᠰᠢᠷᠣᠢ ᠵᠢ ᠤᠷᠲᠤᠳᠬᠠᠨ ᠳᠠᠭ᠋ᠠᠭ᠋ᠠᠴᠢᠯᠠᠭᠤᠯᠬᠤ ᠲᠤᠷᠰᠢᠯᠲᠠ᠂ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠢ ᠵᠢᠷᠤᠮᠵᠢᠭᠤᠯᠤᠨ ᠬᠠᠮᠢᠶᠠᠷᠴᠤ ᠠᠰᠢᠭᠯᠠᠬᠤ ᠲᠤᠷᠰᠢᠯᠲᠠ ᠵᠢ ᠤᠷᠤᠭᠰᠢᠲᠠᠢ ᠲᠦᠯᠬᠢᠨ ᠠᠬᠢᠭᠤᠯᠵᠤ᠂ ᠣᠷᠣᠨ ᠰᠠᠭᠤᠴᠠ ᠵᠢᠨ ᠭᠠᠵᠠᠷ᠎ᠤᠨ ᠳᠦᠷᠢᠮ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠠᠬᠢᠴᠠ ᠪᠦᠬᠦ ᠤᠯᠤᠰ᠎ᠤᠨ ᠡᠮᠦᠨ᠎ᠡ ᠡᠩᠨᠡᠭᠡᠨ᠎ᠳᠤ ᠣᠷᠣᠪᠠ᠃

      ᠲᠠᠪᠤ᠎ᠳᠤ ᠲᠠᠷᠢᠶᠠᠯᠠᠩ ᠮᠠᠯ ᠠᠵᠤ ᠠᠬᠤᠢ ᠵᠢᠨ ᠪᠣᠬᠢᠷᠲᠤᠯ ᠦᠭᠡᠢ ᠬᠥᠭᠵᠢᠯᠲᠡ ᠵᠢ ᠲᠦᠷᠭᠡᠳᠬᠡᠨ ᠠᠬᠢᠭᠤᠯᠪᠠ᠃ ᠨᠤᠲᠤᠭ ᠪᠡᠯᠴᠢᠭᠡᠷ᠎ᠤᠨ ᠮᠠᠯ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ᠎ᠲᠠᠢ ᠤᠶᠠᠯᠳᠤᠭᠤᠯᠤᠨ᠂ 17 ᠨᠤᠲᠤᠭ ᠪᠡᠯᠴᠢᠭᠡᠷ᠎ᠤᠨ  ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ  ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢ ᠪᠥᠬᠥ ᠲᠠᠯ᠎ᠠ᠎ᠪᠠᠷ ᠡᠬᠢᠯᠡᠭᠦᠯᠪᠡ᠃ ᠨᠢᠭᠡ ᠪᠦᠯᠦᠭ ᠥᠨᠳᠥᠷ ᠦᠷ᠎ᠡ ᠠᠰᠢᠭ᠎ᠲᠠᠢ ᠤᠰᠤ ᠠᠷᠪᠢᠯᠠᠬᠤ ᠵᠢᠱ᠌ᠢᠶ᠎ᠡ ᠦᠵᠡᠭᠦᠯᠬᠦ ᠣᠷᠣᠨ᠂ ᠵᠢᠱ᠌ᠢᠶ᠎ᠡ ᠦᠵᠡᠭᠦᠯᠬᠦ ᠰᠢᠶᠠᠨ᠎ᠢ ᠪᠦᠲᠦᠭᠡᠨ ᠪᠠᠢ᠌ᠭᠤᠯᠵᠤ᠂ ᠥᠨᠳᠥᠷ ᠦᠷ᠎ᠡ ᠠᠰᠢᠭ᠎ᠲᠠᠢ ᠤᠰᠤ ᠠᠷᠪᠢᠯᠠᠬᠤ ᠤᠰᠤᠯᠠᠯᠲᠠ ᠵᠢ 200 ᠲᠦᠮᠡᠨ  ᠮᠦ᠍ ᠰᠢᠨ᠎ᠡ᠎ᠪᠠᠷ  ᠨᠡᠮᠡᠭᠳᠡᠭᠰᠡᠨ  ᠪᠠ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ 270 ᠲᠦᠮᠡᠨ  ᠮᠦ᠍  ᠰᠢᠨ᠎ᠡ᠎ᠪᠠᠷ ᠨᠡᠮᠡᠭᠳᠡᠵᠦ᠂ ᠵᠢᠱ᠌ᠢᠯᠲᠡ᠎ᠪᠠᠷ ᠪᠦᠬᠦ ᠵᠢᠯ᠎ᠳᠤ 2.5 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠠᠷᠪᠢᠯᠠᠬᠤ ᠵᠢ  ᠳᠠᠢ᠌ᠴᠢᠯᠠᠬᠤ ᠪᠣᠯᠤᠨ᠎ᠠ᠃

      ᠮᠡᠳᠡᠭᠡ ᠵᠠᠩᠭᠢ ᠵᠢᠨ ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ  ᠴᠠᠭ᠋ᠠᠵᠠ ᠵᠢᠨ ᠲᠢᠩᠬᠢᠮ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            