ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠰᠤᠷᠪᠤᠯᠵᠢᠯᠠᠭ᠎ᠠ
ᠬᠥᠳᠡᠭᠡ ᠲᠣᠰᠬᠤᠨ᠎ᠤ ᠰᠤᠷᠭ᠋ᠠᠨ ᠬᠥᠮᠦᠵᠢᠯ᠎ᠤᠨ ᠰᠠᠬᠢᠨ ᠬᠠᠮᠠᠭ᠋ᠠᠯᠠᠭᠴᠢ
ᠨᠡᠶ᠋ᠢᠲᠡᠯᠡᠭᠰᠡᠨ ᠴᠠᠭ᠄ 2025-01-24

      《ᠬᠠᠯᠠᠭᠤᠨ ᠬᠠᠢ᠌ᠷ᠎ᠠ᠎ᠪᠠᠷ ᠵᠶ᠋ᠠᠨ ᠰᠤᠷᠭ᠋ᠠᠨ ᠬᠥᠮᠥᠵᠢᠭᠦᠯᠵᠦ᠂ ᠰᠤᠷᠤᠭᠴᠢᠳ᠎ᠤᠨ ᠰᠠᠬᠢᠭᠴᠢ ᠬᠠᠮᠠᠭ᠋ᠠᠯᠠᠭᠴᠢ  ᠪᠣᠯᠣᠨᠠᠮ!》 ᠬᠥᠬᠡᠬᠤᠲᠠ ᠵᠢᠨ ᠲᠦᠮᠡᠳ ᠵᠡᠭᠦᠨ ᠬᠣᠰᠢᠭᠤᠨ᠎ᠤ ᠱᠠ ᠡᠯ ᠶᠢᠩ ᠭᠣᠣᠯ ᠰᠤᠷᠭ᠋ᠠᠭᠤᠯᠢ ᠵᠢᠨ  ᠬᠥᠳᠡᠭᠡ ᠲᠣᠰᠬᠤᠨ᠎ᠤ ᠪᠠᠭᠰᠢ ᠯᠠᠩ ᠸᠠᠨ ᠰᠢ ᠡᠨᠡ ᠦᠭᠡ᠎ᠪᠠᠷ ᠥᠪᠡᠷ᠎ᠢ᠎ᠪᠠᠨ ᠵᠣᠷᠢᠭᠵᠢᠭᠤᠯᠵᠤ᠂ ᠵᠠᠯᠠᠭᠤ ᠨᠠᠰᠤ  ᠪᠠ ᠬᠠᠢ᠌ᠷ᠎ᠠ ᠰᠡᠳᠬᠢᠯᠭᠡ᠎ᠪᠠᠷ ᠬᠥᠳᠡᠭᠡ ᠲᠣᠰᠬᠤᠨ᠎ᠤ ᠬᠡᠦᠬᠡᠳ᠎ᠢ ᠤᠮᠳᠠᠯᠠᠨ᠂ ᠢᠷᠡᠭᠡᠳᠦᠢ ᠵᠦᠭ ᠲᠡᠮᠡᠦᠯᠬᠦ ᠬᠦᠰᠡᠯ  ᠬᠥᠪᠴᠢᠯᠡᠭᠰᠡᠭᠡᠷ ᠢᠷᠡᠵᠡᠢ᠃

      ᠰᠠᠶᠢᠬᠠᠨ ᠥᠩᠭᠡᠷᠡᠭᠰᠡᠨ 8 ᠰᠠᠷ᠎ᠠ᠎ᠳᠤ᠂ ᠯᠠᠩ ᠸᠠᠨ ᠰᠢ 《ᠪᠦᠬᠦ ᠤᠯᠤᠰ᠎ᠤᠨ ᠵᠢᠱ᠌ᠢᠶᠡᠴᠢ ᠪᠠᠭᠰᠢ》 ᠎ᠪᠠᠷ ᠦᠨᠡᠯᠡᠭᠳᠡᠵᠦ᠂ ᠡᠨᠡ ᠬᠦ᠌ ᠦᠨ᠎ᠡ ᠪᠡᠨ᠎ᠡ᠎ᠲᠠᠢ ᠢᠷᠠᠭᠤ ᠠᠯᠳᠠᠷ ᠪᠣᠯ ᠲᠡᠭᠦᠨ᠎ᠤ ᠣᠯᠠᠨ ᠵᠢᠯ᠎ᠤᠨ ᠲᠤᠷᠰᠢ  ᠬᠥᠳᠡᠭᠡ ᠲᠣᠰᠬᠤᠨ᠎ᠤ ᠰᠤᠷᠭ᠋ᠠᠨ ᠬᠥᠮᠦᠵᠢᠯ᠎ᠳᠤ ᠦᠨᠳᠦᠰᠦᠯᠡᠨ᠂ ᠦᠭᠡ ᠳᠠᠭᠤᠨ ᠦᠭᠡᠢ᠎ᠪᠠᠷ ᠬᠤᠪᠢ ᠨᠡᠮᠡᠷᠢ  ᠦᠵᠡᠭᠦᠯᠦᠭᠰᠡᠨ᠎ᠤ ᠬᠠᠮᠤᠭ᠎ᠤᠨ ᠰᠠᠢ᠌ᠨ ᠭᠡᠷᠡᠴᠢᠯᠡᠯ ᠪᠣᠯᠣᠨ᠎ᠠ᠃

      2013 ᠣᠨ᠎ᠳᠤ ᠯᠠᠩ ᠸᠠᠨ ᠰᠢ ᠪᠠᠭᠰᠢ ᠪᠣᠯᠬᠤ ᠬᠦᠰᠡᠯ ᠡᠪᠦᠷᠯᠡᠨ᠂ ᠱᠠ ᠡᠯ ᠶᠢᠩ ᠭᠣᠣᠯ ᠰᠤᠷᠭ᠋ᠠᠭᠤᠯᠢ  ᠪᠠᠢ᠌ᠭ᠎ᠠ ᠡᠨᠡ ᠬᠦ᠌ ᠬᠥᠳᠡᠭᠡ ᠳᠣᠰᠬᠤᠨ᠎ᠳᠤ ᠢᠷᠡᠵᠦ᠂ ᠨᠢᠭᠡ ᠮᠡᠳᠡᠬᠦ᠎ᠳᠤ 11 ᠵᠢᠯ ᠠᠵᠢᠯᠯᠠᠭᠰᠠᠨ ᠪᠠᠢ᠌ᠯ᠎ᠠ᠃  ᠲᠡᠷᠡ᠎ᠪᠠᠷ ᠰᠤᠷᠭ᠋ᠠᠭᠤᠯᠢ ᠵᠢ ᠭᠡᠷ ᠵᠶ᠋ᠠᠨ ᠰᠢᠭ ᠪᠣᠳᠤᠵᠤ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠨᠢᠭᠡᠳᠦᠭᠡᠷ  ᠹᠷᠣᠨᠲ᠎ᠢ ᠪᠠᠲᠤ ᠰᠠᠬᠢᠨ᠂ ᠪᠠᠭ᠎ᠠ ᠰᠤᠷᠭ᠋ᠠᠭᠤᠯᠢ ᠵᠢᠨ ᠲᠣᠭ᠋ᠠᠨ᠎ᠤ ᠤᠬᠠᠭ᠋ᠠᠨ᠎ᠤ ᠪᠠᠭᠰᠢ᠂ ᠠᠩᠭᠢ ᠵᠢᠨ ᠡᠷᠬᠢᠯᠡᠭᠴᠢ᠂  ᠳᠤᠮᠳᠠ ᠠᠩᠭᠢ ᠵᠢᠨ ᠬᠠᠪᠰᠤᠷᠤᠨ ᠵᠢᠯᠣᠭᠣᠳᠤᠭᠴᠢ ᠪᠣᠯᠵᠤ᠂ ᠲᠣᠭ᠋ᠠᠨ᠎ᠤ ᠤᠬᠠᠭ᠋ᠠᠨ᠎ᠤ ᠵᠢᠭ᠋ᠠᠬᠤ ᠵᠢ ᠰᠤᠳᠤᠯᠬᠤ  ᠳᠤᠭᠤᠢ᠌ᠯᠠᠩ᠎ᠤᠨ ᠳᠠᠷᠤᠭ᠎ᠠ ᠵᠢ ᠬᠠᠪᠰᠤᠷᠭ᠋ᠠᠨ ᠬᠠᠷᠢᠭᠤᠴᠠᠪᠠ᠃

       ᠯᠠᠩ ᠸᠠᠨ ᠰᠢ ᠬᠠᠯᠠᠭᠤᠨ ᠬᠠᠢ᠌ᠷ᠎ᠠ᠎ᠪᠠᠨ ᠪᠥᠬᠦᠨ᠎ᠢ ᠰᠤᠷᠤᠭᠴᠢ᠎ᠳᠤ᠎ᠪᠠᠨ ᠵᠣᠷᠢᠭᠤᠯᠤᠭᠰᠠᠨ ᠶᠤᠮ᠃ ᠴᠧᠨ  ᠭᠤᠸᠠᠨ ᠢᠦᠢ ᠳᠠᠰᠬᠠᠯ ᠵᠶ᠋ᠠᠨ ᠦᠷᠭᠦᠯᠵᠢ ᠳᠠᠭᠤᠰᠬᠠᠳᠠᠭ ᠦᠭᠡᠢ᠂ ᠰᠤᠷᠤᠯᠭ᠎ᠠ᠎ᠳᠤ᠎ᠪᠠᠨ ᠢᠲᠡᠭᠡᠯ ᠠᠯᠳᠠᠭᠰᠠᠨ ᠪᠠᠢ᠌ᠯ᠎ᠠ᠃ ᠯᠠᠩ ᠸᠠᠨ ᠰᠢ ᠣᠯᠠᠨ ᠤᠳᠠᠭ᠎ᠠ ᠭᠡᠷ᠎ᠲᠤ᠎ᠨᠢ ᠬᠦᠷᠴᠦ ᠰᠤᠷᠪᠤᠯᠵᠢᠯᠠᠨ᠂ ᠲᠡᠭᠦᠨ᠎ᠲᠠᠢ ᠨᠠᠢ᠌ᠵᠠ  ᠪᠣᠯᠣᠯᠴᠠᠵᠤ᠂ ᠲᠡᠭᠦᠨ᠎ᠤ ᠠᠮᠢᠳᠤᠷᠠᠯ᠎ᠢ᠎ᠨᠢ ᠬᠠᠯᠠᠮᠵᠢᠯᠠᠨ᠂ ᠲᠡᠭᠦᠨ᠎ᠢ ᠬᠠᠪᠰᠤᠷᠤᠨ ᠬᠢᠴᠢᠶᠡᠯ᠎ᠢ᠎ᠨᠢ ᠨᠥᠬᠥᠵᠦ  ᠥᠭᠳᠡᠭ᠃ ᠡᠴᠦᠰ᠎ᠲᠤ᠂ ᠴᠧᠨ ᠭᠤᠸᠠᠨ ᠢᠦᠢ ᠵᠢᠨ ᠰᠤᠷᠤᠯᠭ᠎ᠠ ᠵᠢᠨ ᠬᠢᠷᠢ ᠪᠦᠲᠦᠮᠵᠢ ᠨᠢᠭᠡ ᠯᠡ ᠳᠡᠭᠡᠷ᠎ᠡ  ᠳᠡᠭᠡᠭᠰᠢᠯᠡᠵᠦ᠂ ᠭᠤᠷᠪᠠᠨ ᠰᠠᠢ᠌ᠨᠲᠠᠢ ᠰᠤᠷᠤᠭᠴᠢ ᠪᠣᠯᠣᠨ᠂ ᠨᠡᠯᠢᠶᠡᠳ ᠰᠠᠢ᠌ᠨ ᠳᠤᠮᠳᠠᠳᠤ ᠰᠤᠷᠭ᠋ᠠᠭᠤᠯᠢ᠎ᠳᠤ ᠰᠢᠯᠭ᠋ᠠᠨ  ᠣᠷᠣᠭᠰᠠᠨ ᠪᠠᠢ᠌ᠨ᠎ᠠ᠃

       ᠯᠠᠩ ᠸᠠᠨ ᠰᠢ ᠬᠠᠮᠲᠤ ᠵᠢᠨ ᠵᠢᠭ᠋ᠠᠨ ᠰᠤᠷᠭ᠋ᠠᠯᠲᠠ ᠪᠣᠯᠣᠨ ᠥᠪᠡᠷᠮᠢᠴᠡ ᠵᠢᠭ᠋ᠠᠨ ᠰᠤᠷᠭ᠋ᠠᠯᠲᠠ ᠵᠢ  ᠤᠶᠠᠯᠳᠤᠭᠤᠯᠬᠤ ᠵᠢ ᠴᠢᠬᠤᠯᠠᠴᠢᠯᠠᠳᠠᠭ᠂ ᠸᠠᠩ ᠷᠥᠸᠧ ᠴᠢ᠂ ᠭᠦᠸᠧ ᠸᠧᠨ ᠯᠢᠩ ᠵᠡᠷᠭᠡ ᠰᠤᠷᠤᠭᠴᠢ ᠰᠤᠷᠤᠯᠴᠠᠬᠤ  ᠳᠤᠷ᠎ᠠ ᠪᠠᠬ᠎ᠠ ᠦᠭᠡᠢ᠂ ᠥᠪᠡᠷ᠎ᠢ᠎ᠪᠠᠨ ᠡᠵᠡᠮᠳᠡᠬᠦ ᠴᠢᠳᠠᠪᠤᠷᠢ ᠳᠤᠲᠠᠮᠠᠭ ᠪᠠᠢ᠌ᠳᠠᠯ᠎ᠳᠤ ᠬᠠᠨᠳᠤᠭᠤᠯᠤᠨ᠂ ᠲᠡᠳᠡᠨ᠎ᠢ  ᠵᠣᠷᠢᠭᠵᠢᠭᠤᠯᠵᠤ᠂ ᠲᠡᠳᠡᠨ᠎ᠲᠠᠢ ᠶᠠᠷᠢᠯᠴᠠᠨ᠂ ᠲᠡᠳᠡᠨ᠎ᠢ ᠬᠠᠪᠰᠣᠷᠤᠨ ᠵᠥᠷᠢᠶ᠎ᠡ ᠵᠢ ᠡᠷᠢᠵᠦ ᠲᠠᠨᠢᠭᠤᠯᠪᠠ᠃ ᠬᠤᠸᠠᠩ  ᠪᠦᠸᠧ ᠶᠠᠩ᠂ ᠶᠠᠩ ᠯᠢ ᠪᠦᠸᠧ ᠵᠡᠷᠭᠡ  ᠰᠤᠷᠤᠭᠴᠢ ᠰᠡᠴᠡᠨ ᠰᠡᠷᠭᠦᠯᠡᠩ ᠰᠤᠷᠤᠯᠭ᠎ᠠ ᠰᠠᠢ᠌ᠲᠠᠢ᠂ ᠲᠥᠬᠥᠭᠡᠷᠬᠦ  ᠴᠢᠳᠠᠪᠤᠷᠢ ᠪᠠ ᠴᠡᠭᠡᠵᠢᠯᠡᠬᠦ ᠴᠢᠳᠠᠪᠤᠷᠢ ᠰᠠᠢ᠌ᠨ ᠪᠠᠢ᠌ᠳᠠᠯ᠎ᠳᠤ ᠴᠢᠭᠯᠡᠭᠦᠯᠦᠨ᠂ ᠲᠡᠳᠡᠨ᠎ᠢ ᠢᠯᠡᠭᠦᠦ ᠦᠵᠡᠵᠦ ᠢᠯᠡᠭᠦᠦ  ᠤᠩᠰᠢᠵᠤ᠂ ᠬᠢᠴᠢᠶᠡᠯ᠎ᠠᠴᠠ ᠭᠠᠳᠠᠨᠠᠬᠢ ᠰᠡᠳᠦᠪ᠎ᠢ ᠢᠯᠡᠭᠦᠦ᠎ᠬᠢ ᠭᠡᠵᠦ ᠱᠠᠭ᠋ᠠᠷᠳᠠᠨ᠂ ᠡᠨᠡ ᠬᠦ᠌ ᠠᠷᠭ᠎ᠠ᠎ᠨᠢ  ᠰᠤᠷᠤᠭᠴᠢᠳ᠎ᠤᠨ ᠵᠥᠷᠢᠶ᠎ᠡ ᠵᠢ ᠪᠠᠭ᠋ᠠᠰᠬᠠᠵᠤ᠂ ᠬᠠᠮᠲᠤ᠎ᠳᠤ᠎ᠪᠠᠨ ᠳᠠᠪᠰᠢᠬᠤ ᠵᠢ ᠠᠬᠢᠭᠤᠯᠪᠠ᠃

       ᠯᠠᠩ ᠸᠠᠨ ᠰᠢ ᠪᠣᠯ ᠬᠤᠷᠴᠠ ᠰᠡᠷᠭᠦᠯᠡᠩ ᠮᠥᠷᠲᠡᠭᠡᠨ ᠨᠠᠷᠢᠨ ᠬᠢᠨᠠᠮᠠᠭ᠋ᠠᠢ ᠬᠥᠮᠥᠨ ᠶᠤᠮ᠂ ᠰᠤᠷᠤᠭᠴᠢᠳ᠎ᠤᠨ  ᠠᠰᠠᠭᠤᠳᠠᠯ᠎ᠢ ᠳᠣᠣᠷ᠎ᠠ᠎ᠨᠢ ᠰᠡᠷᠡᠵᠦ ᠮᠡᠳᠡᠳᠡᠭ᠃ ᠰᠤᠷᠤᠭᠴᠢ ᠯᠢᠦ ᠵᠢᠶᠣᠣ ᠰᠠᠢ᠌ᠨ ᠰᠤᠷᠳᠠᠭ ᠪᠣᠯᠪᠠᠴᠤ ᠬᠥᠮᠥᠨ᠎ᠤ  ᠡᠮᠦᠨ᠎ᠡ ᠦᠭᠡ ᠶᠠᠷᠢᠵᠤ ᠴᠢᠳᠠᠬᠤ ᠦᠭᠡᠢ᠂ ᠲᠡᠭᠦᠨ᠎ᠢ ᠬᠤᠪᠢᠷᠠᠭᠤᠯᠬᠤ ᠵᠢᠨ ᠲᠥᠯᠥᠭᠡ ᠯᠠᠩ ᠸᠠᠨ ᠰᠢ ᠬᠢᠴᠢᠶᠡᠯ  ᠳᠡᠭᠡᠷ᠎ᠡ ᠦᠷᠭᠦᠯᠵᠢ ᠲᠡᠭᠦᠨ᠎ᠠᠴᠠ ᠠᠰᠠᠭᠤᠵᠤ᠂ ᠬᠢᠴᠢᠶᠡᠯ᠎ᠤᠨ ᠳᠠᠷᠠᠭ᠎ᠠ ᠲᠡᠭᠦᠨ᠎ᠲᠠᠢ ᠪᠣᠳᠣᠯ ᠰᠠᠨᠠᠯ ᠶᠠᠷᠢᠯᠴᠠᠨ᠂  ᠲᠡᠭᠦᠨ᠎ᠢ ᠦᠷᠭᠦᠯᠵᠢ ᠵᠣᠷᠢᠭᠵᠢᠭᠤᠯᠤᠭᠰᠠᠨ᠎ᠠᠴᠠ ᠠᠭ᠋ᠠᠵᠢᠮ ᠵᠶ᠋ᠠᠷ ᠪᠡᠶ᠎ᠡ᠎ᠳᠤ᠎ᠪᠠᠨ ᠢᠲᠡᠭᠡᠯ᠎ᠲᠠᠢ ᠪᠣᠯᠵᠠᠢ᠃

       ᠠᠵᠢᠯᠯᠠᠵᠤ ᠰᠤᠳᠤᠯᠤᠨ ᠰᠤᠷᠤᠯᠴᠠᠬᠤ ᠶᠠᠪᠤᠴᠠ᠎ᠳᠤ ᠯᠠᠩ ᠸᠠᠨ ᠰᠢ ᠮᠠᠰᠢ ᠠᠷᠪᠢᠨ ᠲᠤᠷᠰᠢᠯᠭ᠎ᠠ  ᠬᠤᠷᠠᠮᠳᠤᠭᠤᠯᠪᠠ᠃ ᠲᠡᠷᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠂ ᠬᠣᠰᠢᠭᠤᠨ᠎ᠤ ᠳᠡᠰ᠎ᠤᠨ  ᠰᠢᠯᠢᠳᠡᠭ ᠠᠩᠭᠢ ᠵᠢᠨ ᠡᠷᠬᠢᠯᠡᠭᠴᠢ᠂ ᠰᠢᠯᠢᠳᠡᠭ ᠪᠠᠭᠰᠢ᠂ ᠰᠢᠯᠢᠳᠡᠭ ᠳᠤᠮᠳᠠ ᠠᠩᠭᠢ ᠵᠢᠨ ᠬᠠᠪᠰᠤᠷᠤᠨ  ᠵᠢᠯᠣᠭᠣᠳᠤᠭᠴᠢ᠎ᠪᠠᠷ ᠣᠯᠠᠨ ᠤᠳᠠᠭ᠎ᠠ ᠦᠨᠡᠯᠡᠭᠳᠡᠵᠦ᠂ ᠲᠡᠭᠦᠨ᠎ᠤ ᠳᠠᠭ᠋ᠠᠭᠤᠯᠤᠭᠰᠠᠨ ᠠᠩᠭᠢ᠎ᠨᠢ ᠤᠳᠠᠭ᠎ᠠ ᠪᠦᠷᠢ ᠵᠢᠨ  ᠶᠡᠷᠦᠩᠬᠡᠢ᠌ᠯᠡᠭᠰᠡᠨ ᠦᠨᠡᠯᠡᠯᠲᠡ᠎ᠳᠤ ᠲᠡᠷᠢᠭᠦᠯᠡᠵᠦ᠂ ᠣᠯᠠᠨ ᠤᠳᠠᠭ᠎ᠠ ᠲᠡᠷᠢᠭᠦᠨ᠎ᠤ ᠠᠩᠭᠢ ᠬᠠᠮᠲᠤ ᠨᠡᠶ᠋ᠢᠲᠡ᠎ᠪᠠᠷ  ᠦᠨᠡᠯᠡᠭᠳᠡᠪᠡ᠃

      ᠯᠠᠩ ᠸᠠᠨ ᠰᠢ ᠪᠣᠯ ᠥᠪᠥᠷ ᠮᠣᠩᠭᠣᠯ᠎ᠤᠨ ᠬᠥᠳᠡᠭᠡ ᠲᠣᠰᠬᠤᠨ᠎ᠤ ᠮᠠᠰᠢ ᠣᠯᠠᠨ ᠰᠢᠯᠢᠳᠡᠭ ᠪᠠᠭᠰᠢ ᠵᠢᠨ  ᠨᠢᠭᠡ ᠪᠢᠯᠡ᠃ ᠡᠨᠡ ᠬᠦ᠌ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠲᠡᠭᠦᠨ ᠰᠢᠭ ᠮᠠᠰᠢ ᠣᠯᠠᠨ ᠪᠠᠭᠰᠢ  ᠬᠥᠳᠡᠭᠡ ᠲᠣᠰᠬᠤᠨ᠎ᠳᠤ ᠦᠨᠳᠦᠰᠦᠯᠡᠵᠦ᠂ ᠦᠭᠡ ᠳᠠᠭᠤᠨ ᠦᠭᠡᠢ᠎ᠪᠠᠷ ᠬᠤᠪᠢ ᠨᠡᠮᠡᠷᠢ   ᠦᠵᠡᠭᠦᠯᠦᠨ᠂ ᠬᠠᠢ᠌ᠷ᠎ᠠ  ᠪᠠ ᠬᠠᠷᠢᠭᠤᠴᠠᠯᠭ᠎ᠠ᠎ᠪᠠᠷ ᠬᠡᠦᠬᠡᠳ᠎ᠤᠨ ᠢᠷᠡᠭᠡᠳᠦᠢ ᠵᠢ ᠰᠠᠬᠢᠨ ᠬᠠᠮᠠᠭ᠋ᠠᠯᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ  ᠰᠤᠷᠭ᠋ᠠᠨ ᠬᠥᠮᠥᠵᠢᠭᠦᠯᠬᠦ ᠶᠣᠰᠣ ᠵᠦᠢ ᠵᠢ ᠲᠠᠢ᠌ᠯᠪᠤᠷᠢᠯᠠᠵᠤ᠂ ᠬᠥᠳᠡᠭᠡ ᠲᠣᠰᠬᠤᠨ᠎ᠤ ᠬᠡᠦᠬᠡᠳ᠎ᠲᠤ ᠬᠦᠰᠡᠯ ᠵᠶ᠋ᠠᠨ  ᠲᠡᠷᠭᠡᠯᠰᠢᠭᠦᠯᠬᠦ ᠵᠠᠮ᠎ᠢ ᠳᠡᠪᠢᠰᠴᠦ ᠥᠭᠭᠦᠭᠰᠡᠨ ᠪᠠᠢ᠌ᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            