2025 ᠣᠨ᠎ᠤ 3 ᠰᠠᠷ᠎ᠠ ᠵᠢᠨ 10᠎ᠤ ᠡᠳᠦᠷ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠰᠠᠢ᠌ᠳ ᠬᠠᠨ ᠵᠢᠶᠦ᠋ᠨ 2025 ᠣᠨ᠎ᠤ 1 ᠳ᠋ᠤᠭᠡᠷ ᠲᠣᠭ᠋ᠠᠲᠤ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠵᠠᠷᠯᠢᠭ᠎ᠲᠤ ᠭᠠᠷᠤᠨ ᠥᠰᠥᠭ ᠵᠢᠷᠤᠵᠤ᠂ 《ᠡᠭᠦᠯᠳᠡᠷ᠎ᠤᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠨᠡᠢ᠌ᠲᠡᠯᠡᠵᠦ᠂ 2025 ᠣᠨ᠎ᠤ 7 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠣᠢ᠌ᠷ᠎ᠠ᠎ᠳᠤ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠬᠠᠤᠯᠢ ᠲᠣᠭᠲᠠᠭ᠋ᠠᠯ᠎ᠤᠨ ᠵᠤᠷᠭ᠋ᠠᠨ᠂ ᠦᠷ᠎ᠡ ᠵᠢᠨ ᠦᠢ᠍ᠯᠡᠰ᠎ᠤᠨ ᠬᠠᠮᠢᠶᠠᠷᠤᠯᠲᠠ ᠵᠢᠨ ᠵᠤᠷᠭ᠋ᠠᠨ᠎ᠤ ᠬᠠᠷᠢᠭᠤᠴᠠᠯᠭ᠋ᠠᠲᠠᠨ᠎ᠠᠴᠠ ᠵᠠᠭᠤᠴᠢᠯᠠᠭᠤᠷ᠎ᠤᠨ ᠰᠤᠷᠪᠤᠯᠵᠢᠯᠠᠭᠴᠢ ᠵᠢᠨ ᠰᠣᠷᠪᠤᠯᠵᠢᠯᠠᠭ᠎ᠠ ᠵᠢ ᠬᠦᠯᠢᠶᠡᠵᠦ᠂ 《ᠠᠷᠭ᠎ᠠ》 ᠵᠢᠨ ᠬᠣᠯᠪᠣᠭᠳᠠᠯ ᠪᠦᠬᠦᠢ ᠪᠠᠢ᠌ᠳᠠᠯ᠎ᠳᠤ ᠲᠠᠢ᠌ᠯᠤᠮᠵᠢ ᠬᠢᠪᠡ᠃
ᠠᠰᠠᠭᠤᠯᠲᠠ᠄ 《ᠠᠷᠭ᠎ᠠ》 ᠵᠢ ᠨᠡᠢ᠌ᠲᠡᠯᠡᠭᠰᠡᠨ ᠠᠬᠤᠢ ᠪᠠᠢ᠌ᠳᠠᠯ᠎ᠢ ᠲᠠᠨᠢᠯᠴᠠᠭᠤᠯᠤᠨ᠎ᠠ ᠦᠦ?
ᠬᠠᠷᠢᠭᠤᠯᠲᠠ᠄ ᠮᠠᠯ ᠵᠢᠭᠦᠷᠲᠡᠨ᠎ᠤ ᠦᠷ᠎ᠡ ᠵᠢᠨ ᠦᠢ᠍ᠯᠡᠰ ᠪᠣᠯ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢᠨ ᠦᠨᠳᠦᠰᠦ ᠰᠠᠭᠤᠷᠢ᠂ ᠮᠠᠯ᠎ᠤᠨ ᠠᠰᠢᠭ ᠰᠢᠮ᠎ᠡ ᠵᠢᠨ ᠭᠠᠷᠤᠯᠲᠠ ᠵᠢ ᠲᠣᠭᠲᠠᠪᠤᠷᠢᠵᠢᠭᠤᠯᠵᠤ ᠬᠠᠩᠭ᠋ᠠᠯᠭ᠎ᠠ ᠵᠢ ᠪᠠᠲᠤᠯᠠᠬᠤ ᠵᠢᠨ ᠴᠢᠬᠤᠯᠠ ᠪᠠᠲᠤᠯᠠᠭ᠎ᠠ ᠪᠣᠯᠣᠨ᠎ᠠ᠂ ᠮᠥᠨᠴᠦ ᠮᠠᠯ ᠠᠵᠤ ᠠᠬᠤᠢ ᠵᠢᠨ ᠭᠣᠣᠯᠯᠠᠭᠴᠢ ᠥᠷᠢᠰᠦᠯᠳᠦᠬᠦ ᠬᠦᠴᠦᠨ᠎ᠤ ᠴᠢᠬᠤᠯᠠ ᠢᠯᠡᠷᠡᠯ ᠪᠣᠯᠣᠨ᠎ᠠ᠃ ᠡᠭᠦᠯᠳᠡᠷ᠎ᠤᠨ ᠮᠠᠯ ᠵᠢᠭᠦᠷᠲᠡᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠡᠮᠬᠢ ᠵᠢᠷᠤᠮ᠎ᠢ ᠵᠢᠷᠤᠮᠵᠢᠭᠤᠯᠬᠤ ᠵᠢᠨ ᠲᠥᠯᠥᠭᠡ᠂ 2005 ᠣᠨ᠎ᠳᠤ ᠲᠣᠭᠲᠠᠭ᠋ᠠᠭᠰᠠᠨ ᠮᠠᠯ ᠠᠵᠤ ᠠᠬᠤᠢ ᠵᠢᠨ ᠬᠠᠤᠯᠢ᠎ᠳᠤ ᠡᠭᠦᠯᠳᠡᠷ᠎ᠤᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠳᠦᠷᠢᠮ᠎ᠢ ᠲᠣᠭᠲᠠᠭ᠋ᠠᠵᠤ᠂ ᠭᠡᠷ᠎ᠤᠨ ᠲᠡᠵᠢᠭᠡᠪᠦᠷᠢ ᠵᠢᠨ ᠥᠨᠳᠡᠭᠡ᠂ ᠢᠴᠡᠭᠡᠯ ᠦᠷ᠎ᠡ ᠵᠢᠨ ᠰᠢᠩᠭᠡᠨ᠂ ᠬᠦᠪᠦᠷᠡᠯ ᠵᠡᠷᠭᠡ ᠤᠳᠤᠮᠯᠠᠯ᠎ᠤᠨ ᠮᠠᠲ᠋ᠧᠷᠢᠶᠠᠯ᠎ᠢ ᠦᠢ᠍ᠯᠡᠳᠪᠦᠷᠢᠯᠡᠵᠦ ᠡᠵᠡᠩᠨᠡᠬᠦ᠎ᠳᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠮᠠᠯ ᠠᠵᠤ ᠠᠬᠤᠢ ᠮᠠᠯ ᠡᠮᠨᠡᠯᠭᠡ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠣᠯᠭᠣᠭᠰᠠᠨ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠣᠯᠬᠤ ᠬᠡᠷᠡᠭᠲᠡᠢ ᠭᠡᠵᠦ ᠲᠣᠭᠲᠠᠭ᠋ᠠᠵᠠᠢ᠂ ᠤᠤᠯ᠎ᠤᠨ ᠲᠠᠷᠢᠶᠠᠯᠠᠩ᠎ᠤᠨ ᠶᠠᠮᠤᠨ ᠡᠭᠦᠨ᠎ᠢ ᠦᠨᠳᠦᠰᠦᠯᠡᠨ 《ᠭᠡᠷ᠎ᠤᠨ ᠲᠡᠵᠢᠭᠡᠪᠦᠷᠢ ᠵᠢᠨ ᠤᠳᠤᠮᠯᠠᠯ᠎ᠤᠨ ᠮᠠᠲ᠋ᠧᠷᠢᠶᠠᠯ᠎ᠢ ᠦᠢ᠍ᠯᠡᠳᠪᠦᠷᠢᠯᠡᠬᠦ ᠵᠥᠪᠰᠢᠶᠡᠷᠡᠯ᠎ᠤᠨ ᠠᠷᠭ᠎ᠠ》 ᠵᠢ ᠨᠡᠢ᠌ᠲᠡᠯᠡᠪᠡ᠃ 2015 ᠣᠨ᠎ᠳᠤ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠮᠠᠯ ᠠᠵᠤ ᠠᠬᠤᠢ ᠵᠢᠨ ᠬᠠᠤᠯᠢ᠎ᠳᠤ ᠭᠡᠷ᠎ᠤᠨ ᠲᠡᠵᠢᠭᠡᠪᠦᠷᠢ ᠵᠢᠨ ᠥᠨᠳᠡᠭᠡᠨ ᠡᠰ᠂ ᠢᠴᠡᠭᠡᠯ ᠦᠷ᠎ᠡ ᠵᠢᠨ ᠰᠢᠩᠭᠡᠨ᠂ ᠬᠦᠪᠦᠷᠡᠯ ᠵᠡᠷᠭᠡ ᠤᠳᠤᠮᠯᠠᠯ᠎ᠤᠨ ᠮᠠᠲ᠋ᠧᠷᠢᠶᠠᠯ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠢ ᠤᠤᠯ᠎ᠤᠨ ᠲᠠᠷᠢᠶᠠᠯᠠᠩ᠎ᠤᠨ ᠶᠠᠮᠤᠨ᠎ᠠᠴᠠ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠪᠠᠭᠤᠯᠭ᠋ᠠᠵᠤ᠂ ᠪᠤᠰᠤᠳ ᠡᠭᠦᠯᠳᠡᠷ᠎ᠤᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠣᠯᠭᠣᠵᠤ᠂ 《ᠭᠡᠷ᠎ᠤᠨ ᠲᠡᠵᠢᠭᠡᠪᠦᠷᠢ ᠵᠢᠨ ᠤᠳᠤᠮᠯᠠᠯ᠎ᠤᠨ ᠮᠠᠲ᠋ᠧᠷᠢᠶᠠᠯ᠎ᠢ ᠦᠢ᠍ᠯᠡᠳᠪᠦᠷᠢᠯᠡᠬᠦ ᠵᠥᠪᠰᠢᠶᠡᠷᠡᠯ᠎ᠤᠨ ᠠᠷᠭ᠎ᠠ》᠎ᠳᠤ ᠵᠣᠬᠢᠴᠠᠩᠭᠤᠢ᠎ᠪᠠᠷ ᠵᠠᠰᠠᠪᠤᠷᠢ ᠣᠷᠣᠭᠤᠯᠪᠠ᠃
ᠤᠳᠤ ᠦᠶ᠎ᠡ ᠵᠢᠨ ᠮᠠᠯ ᠠᠵᠤ ᠠᠬᠤᠢ ᠵᠢ ᠬᠥᠭᠵᠢᠭᠦᠯᠬᠦ ᠰᠢᠨ᠎ᠡ ᠱᠠᠭ᠋ᠠᠷᠳᠠᠯᠭ᠎ᠠ᠎ᠳᠤ ᠵᠣᠬᠢᠴᠠᠭᠤᠯᠤᠨ᠂ ᠮᠠᠯ ᠵᠢᠭᠦᠷᠲᠡᠨ᠎ᠤ ᠦᠷ᠎ᠡ ᠵᠢᠨ ᠦᠢ᠍ᠯᠡᠰ᠎ᠤᠨ ᠦᠷᠭᠦᠯᠵᠢᠯᠡᠨ ᠲᠣᠭᠲᠠᠭᠤᠨ ᠡᠷᠡᠭᠦᠯ ᠵᠶ᠋ᠡᠷ ᠬᠥᠭᠵᠢᠬᠦ ᠵᠢ ᠪᠠᠲᠤᠯᠠᠬᠤ ᠵᠢᠨ ᠲᠥᠯᠥᠭᠡ᠂ 2022 ᠣᠨ᠎ᠤ ᠮᠠᠯ ᠠᠵᠤ ᠠᠬᠤᠢ ᠵᠢᠨ ᠬᠠᠤᠯᠢ᠎ᠳᠤ ᠵᠠᠰᠠᠪᠤᠷᠢ ᠣᠷᠣᠭᠤᠯᠬᠤ᠎ᠳᠠᠭᠠᠨ᠂ 《ᠤᠯᠤᠰ᠎ᠠᠴᠠ ᠡᠭᠦᠯᠳᠡᠷ᠎ᠤᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠨᠢᠭᠡᠳᠦᠯᠲᠡᠢ ᠬᠠᠮᠢᠶᠠᠷᠴᠤ᠂ ᠱᠠᠲᠤ ᠬᠤᠪᠢᠶᠠᠨ ᠬᠠᠷᠢᠭᠤᠴᠠᠵᠤ᠂ ᠨᠢᠭᠡᠳᠦᠯᠲᠡᠢ ᠮᠡᠳᠡᠭᠡ ᠵᠠᠩᠭᠢ ᠵᠢᠨ ᠲᠠᠪᠴᠠᠩ᠎ᠳᠤ ᠭᠦᠢ᠍ᠴᠡᠳᠬᠡᠨ᠎ᠡ᠃ ᠪᠣᠳᠠᠲᠠᠢ ᠠᠷᠭ᠎ᠠ ᠪᠠ ᠵᠥᠪᠰᠢᠶᠡᠷᠡᠯ᠎ᠤᠨ ᠦᠨᠡᠮᠯᠡᠯ᠎ᠤᠨ ᠶᠠᠩᠵᠤ ᠬᠡᠯᠪᠡᠷᠢ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ》 ᠭᠡᠵᠦ ᠪᠣᠲᠠᠲᠠᠢ ᠲᠣᠭᠲᠠᠭ᠋ᠠᠭᠰᠠᠨ᠎ᠨᠢ ᠡᠭᠦᠯᠳᠡᠷ᠎ᠤᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠠᠵᠢᠯ᠎ᠳᠤ ᠨᠡᠩ ᠥᠨᠳᠥᠷ ᠰᠢᠨ᠎ᠡ ᠱᠠᠭ᠋ᠠᠷᠳᠠᠯᠭ᠎ᠠ ᠳᠤᠷᠠᠳᠤᠭᠰᠠᠨ ᠪᠠᠢ᠌ᠨ᠎ᠠ᠃ ᠮᠠᠯ ᠠᠵᠤ ᠠᠬᠤᠢ ᠵᠢᠨ ᠬᠠᠤᠯᠢ ᠵᠢᠨ ᠲᠣᠭᠲᠠᠭ᠋ᠠᠯ᠎ᠢ ᠨᠠᠢ᠌ᠳᠠᠪᠤᠷᠢᠵᠢᠭᠤᠯᠵᠤ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠭᠦᠨᠵᠡᠭᠡᠢ ᠪᠠᠢ᠌ᠴᠠᠭ᠋ᠠᠨ ᠰᠤᠳᠤᠯᠤᠯᠲᠠ ᠬᠢᠵᠦ᠂ ᠥᠷᠭᠡᠨ ᠵᠶ᠋ᠡᠷ ᠰᠠᠨᠠᠯ ᠬᠤᠷᠢᠶᠠᠵᠤ᠂ ᠣᠷᠣᠨ ᠨᠤᠲᠤᠭ᠎ᠤᠨ ᠲᠤᠷᠰᠢᠯᠭ᠎ᠠ ᠠᠷᠭ᠎ᠠ ᠬᠢᠳᠡᠯ᠎ᠢ ᠬᠢᠨᠠᠮᠠᠭ᠋ᠠᠢ ᠳ᠋ᠦᠩᠨᠡᠭᠰᠡᠨ ᠰᠠᠭᠤᠷᠢᠨ ᠳᠡᠭᠡᠷ᠎ᠡ᠂ 《ᠠᠷᠭ᠎ᠠ》 ᠵᠢ ᠰᠤᠳᠤᠯᠤᠨ ᠲᠣᠭᠲᠠᠭ᠋ᠠᠵᠤ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠵᠠᠷᠯᠢᠭ᠎ᠤᠨ ᠬᠡᠯᠪᠡᠷᠢ᠎ᠪᠠᠷ ᠨᠡᠢ᠌ᠲᠡᠯᠡᠨ ᠬᠡᠷᠡᠭᠵᠢᠭᠦᠯᠵᠦ᠂ 《ᠭᠡᠷ᠎ᠤᠨ ᠲᠡᠵᠢᠭᠡᠪᠦᠷᠢ ᠵᠢᠨ ᠤᠳᠤᠮᠯᠠᠯ᠎ᠤᠨ ᠮᠠᠲ᠋ᠧᠷᠢᠶᠠᠯ ᠦᠢ᠍ᠯᠡᠳᠪᠦᠷᠢᠯᠡᠬᠦ ᠵᠥᠪᠰᠢᠶᠡᠷᠡᠯ᠎ᠤᠨ ᠠᠷᠭ᠎ᠠ》 ᠵᠢ ᠬᠠᠮᠲᠤᠳᠤᠨᠢ ᠬᠦᠴᠦᠨ ᠦᠭᠡᠢ ᠪᠣᠯᠭ᠋ᠠᠪᠠ᠃
ᠢᠷᠡᠯᠲᠡ᠄ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠰᠣᠨᠢᠨ ᠮᠡᠳᠡᠭᠡᠨ᠎ᠤ ᠠᠯᠪᠠᠨ ᠭᠡᠷ