ᠠᠰᠠᠭᠤᠯᠲᠠ᠄ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠢ ᠬᠡᠷᠡᠭᠵᠢᠭᠦᠯᠬᠦ ᠶᠠᠪᠤᠴᠠ᠎ᠳᠤ᠂ 《ᠠᠷᠭ᠎ᠠ》᠎ᠳᠤ ᠠᠷᠠᠳ᠎ᠲᠤ ᠲᠥᠬᠥᠮ ᠦᠵᠡᠭᠦᠯᠬᠦ ᠶᠠᠮᠠᠷ ᠶᠠᠮᠠᠷ ᠠᠷᠭ᠎ᠠ ᠬᠡᠮᠵᠢᠶ᠎ᠡ ᠵᠢ ᠲᠣᠭᠲᠠᠭ᠋ᠠᠭᠰᠠᠨ ᠪᠣᠶ?
ᠬᠠᠷᠢᠭᠤᠯᠲᠠ᠄ 《ᠠᠷᠭ᠎ᠠ》᠎ᠳᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠬᠦ᠂ ᠵᠠᠰᠠᠭ ᠵᠠᠬᠢᠷᠭ᠋ᠠᠨ᠎ᠤ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ ᠵᠠᠷᠴᠢᠮ᠎ᠢ ᠪᠠᠷᠢᠮᠲᠠᠯᠠᠵᠤ᠂ ᠠᠷᠠᠳ᠎ᠲᠤ ᠲᠥᠬᠥᠮ ᠦᠵᠡᠭᠦᠯᠬᠦ ᠭᠤᠷᠪᠠᠨ ᠲᠠᠯ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠪᠠ᠃ ᠨᠢᠭᠡ᠎ᠳᠤ ᠨᠢᠭᠡᠳᠦᠯᠲᠡᠢ ᠲᠠᠪᠴᠠᠩ ᠵᠶ᠋ᠠᠷ ᠭᠦᠢ᠍ᠴᠡᠳᠬᠡᠨ᠎ᠡ᠃ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠭᠤᠶᠤᠴᠢᠯᠠᠬᠤ᠂ ᠬᠦᠯᠢᠶᠡᠨ ᠠᠪᠴᠤ ᠰᠢᠢ᠍ᠳᠪᠦᠷᠢᠯᠡᠬᠦ᠂ ᠬᠢᠨᠠᠨ ᠬᠠᠷᠭᠤᠭᠤᠯᠬᠤ᠂ ᠬᠢᠨᠠᠨ ᠣᠯᠭᠣᠬᠤ ᠵᠢ ᠳᠤᠮᠳᠠᠳᠤ ᠤᠯᠤᠰ᠎ᠤᠨ ᠦᠷ᠎ᠡ ᠵᠢᠨ ᠦᠢ᠍ᠯᠡᠰ᠎ᠤᠨ ᠲᠣᠮᠣ ᠳ᠋ᠠᠢ᠌ᠲ᠋ᠠ ᠵᠢᠨ ᠲᠠᠪᠴᠠᠩ᠎ᠳᠤ ᠨᠢᠭᠡᠳᠦᠯᠲᠡᠢ ᠭᠦᠢ᠍ᠴᠡᠳᠬᠡᠵᠦ᠂ ᠲᠠᠪᠴᠠᠩ᠎ᠠᠴᠠ ᠪᠠᠢ᠌ᠴᠠᠭ᠋ᠠᠨ ᠯᠠᠪᠯᠠᠬᠤ᠂ ᠬᠢᠨᠠᠨ ᠰᠢᠯᠭ᠋ᠠᠬᠤ ᠵᠡᠷᠭᠡ ᠴᠢᠳᠠᠪᠬᠢ ᠵᠢ ᠬᠠᠩᠭ᠋ᠠᠬᠤ ᠵᠢᠨ ᠬᠠᠮᠲᠤ ᠪᠦᠬᠦ ᠤᠯᠤᠰ᠎ᠤᠨ ᠨᠢᠭᠡ ᠴᠣᠭᠴᠠᠵᠢᠭᠰᠠᠨ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠲᠠᠢ ᠵᠣᠯᠭ᠋ᠠᠭᠤᠯᠤᠨ᠎ᠠ᠃ ᠬᠣᠶᠠᠷ᠎ᠲᠤ ᠬᠦᠴᠦᠨ᠎ᠲᠠᠢ ᠬᠤᠭᠤᠴᠠᠭ᠎ᠠ ᠵᠢ ᠨᠢᠭᠡᠳᠭᠡᠪᠡ᠃ ᠣᠳᠣᠬᠠᠨ᠎ᠳᠤ ᠡᠯ᠎ᠡ ᠮᠤᠵᠢ ᠵᠢᠨ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ 3 ᠵᠢᠯ᠂ 5 ᠵᠢᠯ ᠠᠳᠠᠯᠢ ᠪᠤᠰᠤ ᠪᠠᠢ᠌ᠳᠠᠭ᠂ ᠲᠠᠷᠢᠶᠠᠯᠠᠩ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠪᠡᠶᠡᠴᠢ ᠴᠣᠭᠴᠠ᠎ᠳᠤ ᠦᠢ᠍ᠯᠡᠴᠢᠯᠡᠬᠦ ᠵᠢᠨ ᠲᠥᠯᠥᠭᠡ᠂ ᠬᠠᠮᠤᠭ᠎ᠤᠨ ᠶᠡᠬᠡ ᠬᠡᠮᠵᠢᠶ᠎ᠡ᠎ᠪᠠᠷ ᠠᠵᠤ ᠠᠬᠤᠢ᠌ᠯᠠᠯ᠎ᠳᠤ ᠠᠰᠢᠭᠲᠠᠢ ᠠᠷᠠᠳ᠎ᠲᠤ ᠲᠥᠬᠥᠮ ᠦᠵᠡᠭᠦᠯᠬᠦ ᠵᠢᠨ ᠲᠥᠯᠥᠭᠡ᠂ 《ᠠᠷᠭ᠎ᠠ》᠎ᠳᠤ ᠬᠦᠴᠦᠨ᠎ᠲᠠᠢ ᠬᠤᠭᠤᠴᠠᠭ᠎ᠠ ᠵᠢ 5 ᠵᠢᠯ ᠵᠶ᠋ᠡᠷ ᠨᠢᠭᠡᠳᠦᠯᠲᠡᠢ ᠲᠣᠭᠲᠠᠭ᠋ᠠᠭᠰᠠᠨ ᠪᠥᠭᠡᠳ ᠨᠢᠭᠡᠨᠲᠡ ᠣᠯᠣᠭᠰᠠᠨ ᠦᠷ᠎ᠡ ᠵᠢᠨ ᠮᠠᠯ ᠵᠢᠭᠦᠷᠲᠡᠨ᠎ᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠵᠢ ᠬᠤᠪᠢᠷᠠᠭᠤᠯᠬᠤ ᠦᠭᠡᠢ᠂ ᠬᠤᠭᠤᠴᠠᠭ᠎ᠠ᠎ᠨᠢ ᠲᠤᠯᠤᠭᠰᠠᠨ᠎ᠤ ᠳᠠᠷᠠᠭ᠎ᠠ ᠰᠢᠨ᠎ᠡ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ ᠭᠡᠵᠦ ᠲᠣᠳᠣᠷᠬᠠᠢ ᠲᠣᠭᠲᠠᠭ᠋ᠠᠵᠠᠢ᠃ ᠭᠤᠷᠪᠠ᠎ᠳᠤ ᠬᠤᠪᠢᠷᠠᠭᠤᠯᠬᠤ ᠭᠠᠷ ᠭᠦᠢ᠍ᠴᠡᠳᠬᠡᠯ᠎ᠢ ᠳᠦᠭᠦᠮᠴᠢᠯᠡᠪᠡ᠃ ᠦᠢ᠍ᠯᠡᠳᠪᠦᠷᠢᠯᠡᠵᠦ ᠡᠵᠡᠩᠨᠡᠭᠴᠢ ᠵᠢᠨ ᠨᠡᠷᠡᠢ᠌ᠳᠦᠯ᠎ᠢ ᠬᠤᠪᠢᠷᠠᠭᠤᠯᠬᠤ᠂ ᠬᠠᠤᠯᠢ ᠪᠠᠷ ᠲᠣᠭᠲᠠᠭ᠋ᠠᠭᠰᠠᠨ ᠲᠥᠯᠥᠭᠡᠯᠡᠭᠴᠢ (ᠬᠠᠷᠢᠭᠤᠴᠠᠯᠭ᠋ᠠᠲᠠᠨ) ᠵᠢᠴᠢ ᠡᠴᠢᠭᠡ ᠡᠬᠡ᠎ᠨᠢ ᠣᠷᠣᠯᠠᠨ ᠡᠭᠦᠯᠳᠡᠷ᠎ᠤᠨ ᠮᠠᠯ ᠵᠢᠭᠦᠷᠲᠡᠨ (ᠡᠭᠦᠯᠳᠡᠷ ᠪᠠ ᠲᠥᠬᠥᠷᠵᠢᠭᠰᠡᠨ ᠤᠳᠤᠮ᠎ᠢ ᠪᠠᠭᠲᠠᠭ᠋ᠠᠨ᠎ᠠ) ᠪᠠ ᠲᠠᠸᠠᠷ᠎ᠤᠨ ᠲᠥᠯ ᠮᠠᠯ᠂ ᠴᠤᠷᠪᠠᠭ᠎ᠠ ᠵᠢᠨ ᠦᠢ᠍ᠯᠡᠳᠪᠦᠷᠢᠯᠡᠯ ᠡᠵᠡᠩᠨᠡᠯᠲᠡ ᠵᠢ ᠡᠷᠭᠢᠯᠡᠬᠦ᠎ᠳᠤ᠂ ᠲᠡᠭᠦᠨ᠎ᠤ ᠦᠢ᠍ᠯᠡᠳᠪᠦᠷᠢᠯᠡᠵᠦ ᠡᠵᠡᠩᠨᠡᠭᠰᠡᠨ ᠮᠠᠯ ᠵᠢᠭᠦᠷᠲᠡᠨ᠎ᠤ ᠡᠭᠦᠯᠳᠡᠷ᠎ᠢ ᠬᠤᠪᠢᠷᠠᠭᠤᠯᠬᠤ ᠴᠢᠬᠤᠯᠠᠲᠠᠢ ᠪᠠᠢ᠌ᠪᠠᠯ᠂ ᠤᠤᠯ᠎ᠤᠨ ᠦᠨᠡᠮᠯᠡᠯ ᠣᠯᠭᠣᠭᠰᠠᠨ ᠪᠠᠢ᠌ᠭᠤᠯᠭ᠎ᠠ᠎ᠳᠤ ᠬᠤᠪᠢᠷᠠᠭᠤᠯᠬᠤ ᠭᠤᠶᠤᠴᠢᠯᠠᠯ᠎ᠤᠨ ᠬᠦᠰᠦᠨᠦᠭᠲᠦ ᠵᠢᠴᠢ ᠭᠡᠷᠡᠴᠢᠯᠡᠬᠦ ᠮᠠᠲ᠋ᠧᠷᠢᠶᠠᠯ ᠵᠶ᠋ᠠᠨ ᠲᠤᠰᠢᠶᠠᠨ᠎ᠠ᠂ ᠨᠥᠬᠥᠴᠡᠯ᠎ᠳᠤ ᠨᠡᠢ᠌ᠴᠡᠭᠰᠡᠨ ᠪᠠᠢ᠌ᠪᠠᠯ᠂ ᠤᠤᠯ᠎ᠤᠨ ᠦᠨᠡᠮᠯᠡᠯ ᠣᠯᠭᠣᠭᠰᠠᠨ ᠪᠠᠢ᠌ᠭᠤᠯᠭ᠎ᠠ᠎ᠨᠢ ᠠᠷᠪᠠᠨ ᠲᠠᠪᠤᠨ ᠠᠵᠢᠯ᠎ᠤᠨ ᠡᠳᠦᠷ᠎ᠤᠨ ᠳᠣᠲᠣᠷ᠎ᠠ ᠬᠤᠪᠢᠷᠠᠭᠤᠯᠵᠤ ᠥᠭᠭᠦᠨ᠎ᠡ᠃