ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠰᠤᠷᠪᠤᠯᠵᠢᠯᠠᠭ᠎ᠠ
 ᠨᠢᠭᠡ  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠢᠯ᠎ᠤᠨ ᠠᠯᠪᠠᠨ ᠭᠡᠷ᠎ᠤᠨ ᠬᠠᠷᠢᠭᠤᠴᠠᠯᠭ᠋ᠠᠲᠠᠨ 《ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠵᠶ᠋ᠠᠷ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》᠎ᠢ ᠲᠣᠭᠲᠠᠭ᠋ᠠᠨ ᠬᠡᠷᠡᠭᠵᠢᠭᠦᠯᠬᠦ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠨᠡᠶ᠋ᠢᠲᠡᠯᠡᠭᠰᠡᠨ ᠴᠠᠭ᠄ 2025-06-05

      ᠰᠤᠷᠪᠤᠯᠵᠢᠯᠠᠭᠰᠠᠨ ᠵᠣᠴᠢᠨ᠄ ᠭᠦᠸᠧ ᠵᠠᠨ ᠵᠢᠶᠠᠩ

       ᠰᠤᠷᠪᠤᠯᠵᠢᠯᠠᠭᠰᠠᠨ ᠴᠠᠭ᠄ 2025—05—07

      ᠭᠣᠣᠯ ᠠᠭᠤᠯᠭ᠎ᠠ᠄ ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠠᠴᠠ 《ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠵᠶ᠋ᠠᠷ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》 (ᠳᠣᠷᠣᠭᠰᠢ 《ᠬᠡᠷᠡᠭᠵᠢᠭᠦᠯᠬᠦ ᠰᠠᠨᠠᠯ》  ᠭᠡᠵᠦ ᠳᠥᠭᠥᠮᠴᠢᠯᠡᠨ᠎ᠡ)᠎ᠢ ᠳᠠᠷᠤᠮᠠᠯᠯᠠᠨ ᠲᠠᠷᠬᠠᠭ᠋ᠠᠵᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠢᠯ᠎ᠤᠨ ᠠᠯᠪᠠᠨ ᠭᠡᠷ᠎ᠤᠨ ᠬᠠᠷᠢᠭᠤᠴᠠᠯᠭ᠋ᠠᠲᠠᠨ 《ᠬᠡᠷᠡᠭᠵᠢᠭᠦᠯᠬᠦ ᠰᠠᠨᠠᠯ》᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

      ᠬᠥᠲᠥᠯᠥᠭᠴᠢ ᠰᠤᠷᠪᠤᠯᠵᠢᠯᠠᠭᠴᠢ᠄ 《ᠬᠡᠷᠡᠭᠵᠢᠭᠦᠯᠬᠦ ᠰᠠᠨᠠᠯ》᠎ᠢ ᠨᠡᠢ᠌ᠲᠡᠯᠡᠭᠰᠡᠨ ᠠᠬᠤᠢ ᠪᠠᠢ᠌ᠳᠠᠯ᠎ᠨᠢ ᠶᠠᠭᠤ

ᠪᠣᠶ?

      ᠭᠦᠸᠧ ᠵᠠᠨ ᠵᠢᠶᠠᠩ᠄ ᠶᠡᠷᠦᠩᠬᠡᠢ ᠱᠦᠵᠢ ᠰᠢ ᠵᠢᠨ ᠫᠢᠩ 《ᠲᠠᠷᠢᠶᠠᠯᠠᠩ  ᠲᠠᠷᠢᠶᠠᠯᠠᠬᠤ ᠣᠷᠣᠨ  ᠲᠠᠷᠢᠶᠠᠴᠢᠨ》᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠨᠢᠳᠤᠨᠤᠨ᠎ᠤ ᠵᠢᠯ᠎ᠤᠨ ᠡᠴᠦᠰ᠎ᠲᠤ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠬᠤᠷᠠᠯ ᠳᠡᠭᠡᠷ᠎ᠡ ᠴᠢᠬᠤᠯᠠ ᠵᠢᠭ᠋ᠠᠪᠤᠷᠢ ᠥᠭᠴᠦ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠲᠠᠷᠢᠶᠠᠯᠠᠩ ᠬᠥᠳᠡᠭᠡ ᠲᠣᠰᠬᠣᠨ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠵᠤ᠂ ᠲᠠᠪᠤᠨ ᠱᠠᠲᠤᠨ᠎ᠤ ᠱᠦᠵᠢ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠳᠬᠤᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠪᠠᠲᠤᠳᠬᠠᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠪᠣᠯᠣᠨ ᠲᠠᠷᠢᠶᠠᠴᠢᠨ ᠲᠦᠮᠡᠨ᠎ᠤ ᠢᠳᠡᠪᠬᠢᠵᠢᠯ᠎ᠢ ᠭᠦᠢ᠍ᠴᠡᠳ ᠳᠠᠢ᠍ᠢ᠍ᠴᠢᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠥᠨᠢ ᠤᠳᠠᠭ᠋ᠠᠨ ᠴᠢᠷᠮᠠᠢ᠌ᠨ ᠠᠵᠢᠯᠯᠠᠵᠤ᠂  ᠲᠠᠷᠢᠶᠠᠯᠠᠩ  ᠬᠥᠳᠡᠭᠡ ᠲᠣᠰᠬᠣᠨ᠎ᠤ ᠣᠳᠣᠬᠢᠴᠢᠯᠠᠯᠲᠠ ᠵᠢᠨ ᠠᠯᠬᠤᠴᠠ ᠵᠢ ᠲᠦᠷᠭᠡᠳᠬᠡᠵᠦ᠂ ᠲᠠᠷᠢᠶᠠᠯᠠᠩ᠎ᠤᠨ  ᠰᠠᠭᠤᠷᠢ ᠵᠢ ᠨᠡᠩ ᠪᠠᠲᠤᠳᠬᠠᠵᠤ᠂ ᠬᠥᠳᠡᠭᠡ ᠲᠣᠰᠬᠣᠨ᠎ᠢ ᠨᠡᠩ ᠴᠡᠴᠡᠭᠯᠡᠨ ᠬᠥᠭᠵᠢᠭᠦᠯᠵᠦ᠂ ᠲᠠᠷᠢᠶᠠᠴᠢᠳ᠎ᠤᠨ ᠠᠮᠢᠳᠤᠷᠠᠯ᠎ᠢ ᠨᠡᠩ ᠬᠥᠭᠵᠢᠶᠡᠨᠲᠡᠢ ᠪᠣᠯᠭ᠋ᠠᠬᠤ ᠵᠢ ᠠᠬᠢᠭᠤᠯᠵᠤ᠂  ᠲᠠᠷᠢᠶᠠᠯᠠᠩ᠎ᠤᠨ  ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠬᠠᠷᠠᠯᠲᠠ  ᠲᠡᠢ᠌ᠰᠢ  ᠯᠠᠪᠳᠠᠭᠤᠨ ᠪᠠᠲᠤᠲᠠᠢ  ᠤᠷᠤᠭᠰᠢᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ 2024 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠶᠡᠷᠦᠩᠬᠡᠢ ᠱᠦᠵᠢ  ᠰᠢ ᠵᠢᠨ ᠫᠢᠩ᠎ᠤᠨ 《ᠲᠠᠷᠢᠶᠠᠯᠠᠩ  ᠲᠠᠷᠢᠶᠠᠯᠠᠬᠤ ᠣᠷᠣᠨ  ᠲᠠᠷᠢᠶᠠᠴᠢᠨ》᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ  ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠤᠢ ᠪᠣᠯᠭ᠋ᠠᠬᠤ ᠠᠵᠢᠯ᠎ᠤᠨ ᠭᠣᠣᠯ ᠱᠤᠭᠤᠮ᠎ᠢ  ᠲᠤᠭᠤᠰᠢᠯᠠᠭᠤᠯᠬᠤ ᠵᠢ ᠪᠠᠷᠢᠮᠲᠠᠯᠠᠵᠤ᠂ 《ᠮᠢᠩᠭ᠋ᠠᠨ ᠲᠦᠮᠡᠨ ᠢᠨᠵᠧᠨᠧᠷᠢᠩ》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠬᠦ᠎ᠪᠠᠷ ᠬᠥᠲᠥᠯᠥᠨ ᠳᠠᠭ᠋ᠠᠭᠤᠯᠵᠤ᠂  ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠠᠬᠢᠭᠤᠯᠵᠠᠢ᠃ ᠪᠦᠬᠦ ᠣᠷᠣᠨ᠎ᠤ ᠠᠮᠤ ᠪᠤᠳᠠᠭ᠋ᠠᠨ᠎ᠤ ᠤᠨᠠᠯᠲᠠ ᠠᠩᠬ᠎ᠠ ᠤᠳᠠᠭ᠎ᠠ 800 ᠳ᠋ᠦᠩᠰᠢᠭᠤᠷ ᠵᠢᠩ᠎ᠢ ᠳᠠᠪᠠᠵᠤ᠂ 820.1 ᠳ᠋ᠦᠩᠰᠢᠭᠤᠷ ᠵᠢᠩ᠎ᠳᠤ ᠬᠦᠷᠴᠦ᠂ 《ᠬᠣᠷᠢᠨ ᠨᠢᠭᠡᠨ  ᠵᠢᠯ ᠳᠠᠷᠠᠭ᠋ᠠᠯᠠᠨ ᠡᠯᠪᠡᠭ ᠬᠣᠷᠢᠶᠠᠯᠲᠠ》 ᠵᠢ  ᠪᠡᠶᠡᠯᠡᠭᠦᠯᠵᠦ᠂ ᠨᠡᠮᠡᠭᠳᠡᠯ᠎ᠤᠨ ᠬᠡᠮᠵᠢᠶ᠎ᠡ᠎ᠨᠢ ᠪᠦᠬᠦ ᠤᠯᠤᠰ᠎ᠤᠨ ᠭᠤᠷᠪᠠᠳᠤᠭ᠋ᠠᠷ ᠮᠢᠬᠠᠨ᠎ᠤ ᠭᠠᠷᠤᠯᠲᠠ 300 ᠲᠦᠮᠡᠨ ᠲᠣᠨ᠎ᠢ ᠳᠠᠪᠠᠵᠤ᠂ ᠰᠦ ᠰᠠᠭ᠋ᠠᠯᠢ ᠵᠢᠨ ᠭᠠᠷᠤᠯᠲᠠ ᠦᠷᠭᠦᠯᠵᠢᠯᠡᠨ ᠪᠥᠬᠥ ᠤᠯᠤᠰ᠎ᠲᠤ ᠲᠡᠷᠢᠭᠦᠯᠡᠵᠦ᠂ ᠮᠠᠯ ᠠᠵᠤ ᠠᠬᠤᠢ ᠵᠢᠨ ᠦᠢ᠍ᠯᠡᠳᠪᠦᠷᠢᠯᠡᠯ 《ᠬᠣᠷᠢᠨ  ᠵᠢᠯ  ᠳᠠᠷᠠᠭ᠋ᠠᠯᠠᠨ ᠲᠣᠭᠲᠠᠭᠤᠨ》 ᠪᠠᠢ᠌ᠬᠤ ᠵᠢ  ᠪᠡᠶᠡᠯᠡᠭᠦᠯᠵᠦ᠂  ᠮᠠᠯᠴᠢᠨ ᠲᠠᠷᠢᠶᠠᠴᠢᠨ᠎ᠤ ᠬᠥᠮᠥᠨ ᠳᠤᠮᠳᠠᠴᠢ ᠵᠢᠨ ᠲᠤᠬᠢᠷᠠᠭᠤᠯᠵᠤ ᠪᠤᠯᠬᠤᠢ᠌ᠴᠠ  ᠣᠷᠣᠯᠭ᠎ᠠ 22543 ᠲᠥᠭᠥᠷᠢᠭ᠎ᠲᠤ ᠬᠦᠷᠴᠦ᠂ ᠪᠥᠬᠥ ᠤᠯᠤᠰ᠎ᠲᠤ 12 ᠳ᠋ᠤᠭ᠋ᠠᠷ᠎ᠲᠤ ᠣᠷᠣᠵᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠠᠷᠢᠴᠠᠯ᠎ᠢ 2.26 ᠪᠣᠯᠲᠠᠯ᠎ᠠ ᠪᠠᠭ᠋ᠠᠰᠬᠠᠨ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠢ ᠦᠷᠭᠦᠯᠵᠢᠯᠡᠨ ᠰᠠᠢ᠌ᠵᠢᠷᠠᠭᠤᠯᠵᠤ᠂ ᠬᠥᠳᠡᠭᠡ ᠲᠣᠰᠬᠣᠨ᠎ᠤ ᠵᠠᠰᠠᠯᠲᠠ ᠵᠢᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ᠎ᠤᠨ ᠠᠮᠤᠷ ᠲᠣᠭᠲᠠᠭᠤᠨ᠎ᠢ ᠪᠠᠲᠤᠯᠠᠪᠠ᠃ ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠰᠡᠭᠦᠯ ᠬᠤᠷᠢᠶᠠᠬᠤ ᠵᠢᠯ ᠪᠣᠯᠬᠤ ᠪᠥᠭᠡᠳ ᠪᠠᠰᠠ ᠴᠤ᠌ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢ ᠲᠥᠯᠥᠪᠯᠡᠨ ᠪᠠᠢ᠌ᠷᠢᠯᠠᠭᠤᠯᠬᠤ ᠵᠢᠯ ᠪᠣᠯᠬᠤ ᠲᠤᠯᠠ 《ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ  ᠮᠠᠯᠴᠢᠨ  ᠲᠠᠷᠢᠶᠠᠴᠢᠨ》᠎ᠤ  ᠠᠵᠢᠯ᠎ᠢ ᠰᠠᠢ᠌ᠲᠤᠷ ᠬᠢᠬᠦ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ 2 ᠰᠠᠷ᠎ᠠ ᠵᠢᠨ 23᠎ᠤ ᠡᠳᠦᠷ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ  ᠬᠥᠳᠡᠭᠡ ᠲᠣᠰᠬᠣᠨ᠎ᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠵᠶ᠋ᠠᠷ ᠠᠬᠢᠭᠤᠯᠬᠤ ᠲᠤᠬᠠᠢ ᠰᠠᠨᠠᠯ》᠎ᠢ ᠵᠢᠩᠬᠢᠨᠢ᠎ᠪᠠᠷ ᠨᠡᠢ᠌ᠲᠡᠯᠡᠪᠡ᠂ ᠡᠨᠡ ᠪᠣᠯ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ  ᠨᠠᠭ᠋ᠠᠰᠢᠬᠢ 《ᠲᠠᠷᠢᠶᠠᠯᠠᠩ ᠲᠠᠷᠢᠶᠠᠯᠠᠬᠤ ᠣᠷᠣᠨ  ᠲᠠᠷᠢᠶᠠᠴᠢᠨ》᠎ᠤ ᠠᠵᠢᠯ᠎ᠢ ᠵᠢᠯᠤᠭᠣᠳᠬᠤ 13 ᠳ᠋ᠤᠭ᠋ᠠᠷ ᠪᠢᠴᠢᠭ ᠮᠠᠲ᠋ᠧᠷᠢᠶᠠᠯ ᠪᠣᠯᠣᠨ᠎ᠠ᠂ ᠡᠨᠡ᠎ᠨᠢ ᠨᠠᠮ᠎ᠤᠨ ᠲᠥᠪ ᠬᠣᠷᠢᠶᠠᠨ᠎ᠤ 《ᠲᠠᠷᠢᠶᠠᠯᠠᠩ ᠲᠠᠷᠢᠶᠠᠯᠠᠬᠤ ᠣᠷᠣᠨ  ᠲᠠᠷᠢᠶᠠᠴᠢᠨ》᠎ᠤ ᠠᠵᠢᠯ᠎ᠢ ᠴᠢᠩᠭ᠋ᠠᠳᠬᠠᠬᠤ ᠢᠯᠡ ᠲᠣᠳᠣ ᠣᠪᠣᠷ᠎ᠢ ᠳᠠᠬᠢᠨᠲᠠ ᠬᠠᠷᠠᠭᠤᠯᠵᠤ᠂ ᠲᠠᠷᠢᠶᠠᠯᠠᠩ᠎ᠢ ᠴᠢᠬᠤᠯᠠᠴᠢᠯᠠᠨ ᠲᠠᠷᠢᠶᠠᠯᠠᠩ᠎ᠢ ᠬᠦᠴᠦᠷᠬᠡᠭᠵᠢᠭᠦᠯᠬᠦ ᠴᠢᠩᠭ᠎ᠠ ᠳᠣᠬᠢᠶ᠎ᠠ ᠵᠢ ᠭᠠᠷᠭ᠋ᠠᠭᠰᠠᠨ ᠪᠠᠢ᠌ᠨ᠎ᠠ᠃ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠬᠤᠷᠠᠯ ᠪᠣᠯᠣᠨ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠢ  ᠲᠤᠭᠤᠰᠢᠯᠠᠭᠤᠯᠤᠨ  ᠨᠠᠢ᠌ᠳᠠᠪᠤᠷᠢᠵᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠠᠴᠠ 《ᠬᠡᠷᠡᠭᠵᠢᠭᠦᠯᠬᠦ ᠰᠠᠨᠠᠯ》᠎ᠢ ᠨᠡᠢ᠌ᠲᠡᠯᠡᠪᠡ᠃ 《ᠬᠡᠷᠡᠭᠵᠢᠭᠦᠯᠬᠦ ᠰᠠᠨᠠᠯ》᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠤᠨ ᠠᠵᠢᠯ᠎ᠤᠨ ᠭᠣᠣᠯ ᠱᠤᠭᠤᠮ᠎ᠢ ᠪᠠᠲᠤ ᠪᠡᠬᠢ ᠪᠤᠶ ᠪᠣᠯᠭ᠋ᠠᠵᠤ᠂ 《ᠬᠣᠶᠠᠷ ᠶᠡᠬᠡ ᠶᠠᠪᠤᠳᠠᠯ》᠎ᠢ ᠰᠠᠢ᠌ᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠴᠢᠨᠠᠷ ᠰᠠᠢ᠌ᠲᠠᠢ ᠪᠦᠲᠦᠭᠡᠨ ᠪᠠᠶ᠋ᠢᠭᠤᠯᠬᠤ ᠬᠠᠷᠠᠯᠲᠠ ᠵᠢ ᠲᠣᠭᠲᠠᠭ᠋ᠠᠵᠤ᠂ 《ᠮᠢᠩᠭ᠋ᠠᠨ  ᠲᠦᠮᠡᠨ  ᠢᠨᠵᠧᠨᠧᠷᠢᠩ》᠎ᠤᠨ ᠲᠤᠷᠰᠢᠯᠭ᠎ᠠ ᠵᠢ ᠭᠦᠨᠵᠡᠭᠡᠢ ᠰᠤᠷᠤᠯᠴᠠᠨ ᠬᠡᠷᠡᠭᠯᠡᠵᠦ᠂ 2025 ᠣᠨ᠎ᠤ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠤ ᠭᠣᠣᠯᠳᠠᠯᠭ᠎ᠠ᠎ᠲᠠᠢ ᠠᠵᠢᠯ᠎ᠳᠤ ᠪᠠᠢ᠌ᠷᠢᠯᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ 《ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ  ᠮᠠᠯᠴᠢᠨ  ᠲᠠᠷᠢᠶᠠᠴᠢᠨ》᠎ᠤ  ᠠᠵᠢᠯ᠎ᠢ ᠢᠮᠠᠭᠲᠠ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠵᠢᠨ ᠪᠠᠢ᠌ᠷᠢᠨ᠎ᠳᠤ ᠲᠠᠯᠪᠢᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠢ ᠤᠷᠢᠳᠠᠪᠠᠷ ᠬᠥᠭᠵᠢᠭᠦᠯᠬᠦ ᠵᠢ ᠪᠠᠷᠢᠮᠲᠠᠯᠠᠬᠤ ᠡᠷᠡᠰ ᠵᠣᠷᠢᠭ᠎ᠢ ᠭᠦᠢ᠍ᠴᠡᠳ ᠢᠯᠡᠷᠡᠭᠦᠯᠪᠡ᠃

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            