ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠠᠮᠤᠭᠤᠯᠠᠩᠲᠤ᠌ ᠬᠥᠳᠡᠭᠡ   -   ᠪᠠᠶᠠᠨ ᠰᠦᠷᠦᠭ
ᠥᠨᠳᠡᠭᠡᠨ ᠲᠠᠬᠢᠶᠠᠨ᠎ᠤ ᠭᠠᠷᠤᠯᠲᠠ ᠵᠢ ᠲᠣᠭᠲᠠᠪᠤᠷᠢᠵᠢᠭᠤᠯᠬᠤ ᠬᠠᠮᠢᠶᠠᠷᠤᠯᠲᠠ ᠵᠢᠨ ᠮᠡᠷᠭᠡᠵᠢᠯ
ᠨᠡᠶ᠋ᠢᠲᠡᠯᠡᠭᠰᠡᠨ ᠴᠠᠭ᠄ 2019-11-01

     1. ᠲᠡᠵᠢᠭᠡᠯ ᠪᠣᠷᠳᠣᠭ᠋ᠠᠨ᠎ᠤ ᠴᠢᠨᠠᠷ ᠴᠢᠨᠰᠠᠭ᠎ᠠ ᠵᠢ ᠪᠠᠲᠤᠯᠠᠨ᠎ᠠ᠂ ᠲᠡᠵᠢᠭᠡᠯ   ᠪᠤᠷᠳᠤᠭ᠎ᠠ ᠵᠢ ᠭᠡᠨᠡᠳᠲᠡ ᠬᠤᠪᠢᠷᠠᠭᠤᠯᠬᠤ ᠦᠭᠡᠢ᠂ ᠬᠤᠷᠤᠬᠠᠢ᠌ᠳᠠᠭᠰᠠᠨ᠂ ᠸᠠᠯᠠᠭᠰᠠᠨ ᠲᠡᠵᠢᠭᠡᠯ ᠪᠤᠷᠳᠤᠭ᠎ᠠ ᠵᠢ ᠬᠡᠷᠡᠭᠯᠡᠬᠦ ᠦᠭᠡᠢ᠂ ᠬᠥᠪᠥᠩ᠎ᠤᠨ ᠦᠷ᠎ᠡ᠂ ᠰᠢᠯᠢᠮᠳᠡᠭ᠎ᠤᠨ ᠪᠤᠤᠪᠤ ᠵᠢᠨ ᠬᠡᠮᠬᠡᠳᠡᠭ ᠵᠡᠷᠭᠡ ᠵᠢ ᠪᠠᠭ᠎ᠠ ᠬᠡᠷᠡᠭᠯᠡᠬᠦ ᠬᠡᠷᠡᠭᠲᠡᠢ᠃
     2. ᠰᠡᠷᠡᠯᠵᠢᠯᠲᠡ ᠡᠭᠦᠰᠬᠦ ᠵᠢ ᠰᠡᠷᠭᠡᠢ᠌ᠯᠡᠬᠦ ᠬᠡᠷᠡᠭᠲᠡᠢ᠂ ᠵᠢᠱ᠌ᠢᠶᠡᠯᠡᠪᠡᠯ ᠪᠣᠷᠳᠣᠭ᠎ᠠ᠂ ᠡᠪᠡᠳᠴᠢᠨ ᠭᠡᠮ᠂ ᠴᠠᠭ ᠠᠭᠤᠷ᠎ᠤᠨ ᠭᠡᠨᠡᠳᠲᠡ ᠵᠢᠨ ᠬᠤᠪᠢᠷᠠᠯᠲᠠ᠂ ᠠᠶᠤᠵᠤ ᠰᠤᠴᠢᠬᠤ᠂ ᠡᠭᠡᠯᠢᠯᠡᠪᠦᠷᠢ ᠬᠢᠬᠦ ᠵᠡᠷᠭᠡ᠃ ᠴᠠᠭ ᠲᠤᠬᠠᠢ᠎ᠳᠤᠨᠢ ᠤᠷᠢᠳᠴᠢᠯᠠᠨ ᠰᠡᠷᠭᠡᠢ᠌ᠯᠡᠬᠦ ᠠᠵᠢᠯ᠎ᠢ ᠰᠠᠢ᠌ᠲᠤᠷ ᠬᠢᠬᠦ ᠬᠡᠷᠡᠭᠲᠡᠢ᠃
     3. ᠲᠣᠭᠲᠠᠭᠰᠠᠨ ᠬᠤᠭᠤᠴᠠᠭ᠎ᠠ᠎ᠲᠠᠢ᠎ᠪᠠᠷ ᠥᠨᠳᠡᠭᠡᠨ᠎ᠤ ᠬᠦᠨᠳᠦ ᠵᠢ ᠬᠡᠮᠵᠢᠨ᠎ᠡ᠂ ᠥᠨᠳᠡᠭᠡᠨ᠎ᠤ ᠬᠦᠨᠳᠦ ᠵᠢᠨ ᠨᠡᠮᠡᠭᠳᠡᠯ᠎ᠤᠨ ᠬᠡᠮᠵᠢᠶ᠎ᠡ ᠵᠢ ᠦᠨᠳᠦᠰᠦᠯᠡᠨ ᠠᠷᠠᠴᠢᠯᠠᠭ᠎ᠠ ᠬᠠᠮᠢᠶᠠᠷᠤᠯᠲᠠ᠂ ᠣᠨᠴᠠᠭ᠋ᠠᠢ᠌ᠯᠠᠨ ᠰᠢᠮ᠎ᠡ ᠲᠡᠵᠢᠭᠡᠯ᠎ᠤᠨ ᠲᠠᠯ᠎ᠠ᠎ᠪᠠᠷ᠎ᠬᠢ ᠬᠠᠮᠢᠶᠠᠷᠤᠯᠲᠠ᠎ᠨᠢ ᠵᠣᠬᠢᠰᠲᠠᠶ ᠡᠰᠡᠬᠦ ᠵᠢ ᠮᠠᠭ᠋ᠠᠳᠯᠠᠨ᠎ᠠ᠃ ᠲᠠᠬᠢᠶᠠᠨ ᠰᠦᠷᠦᠭ᠎ᠲᠤ ᠲᠣᠬᠢᠷᠠᠭᠤᠯᠤᠯᠲᠠ ᠬᠢᠵᠦ᠂ ᠡᠪᠡᠳᠴᠢᠨ ᠭᠡᠮ᠎ᠲᠠᠢ ᠳᠠᠬᠢᠶ᠎ᠠ᠂ ᠦᠨᠳᠡᠭᠡᠯᠡᠬᠦ᠎ᠨᠢ ᠪᠠᠭ᠎ᠠ ᠳᠠᠬᠢᠶ᠎ᠠ᠂ ᠦᠨᠳᠡᠭᠡᠯᠡᠬᠦ᠎ᠪᠠᠨ ᠵᠣᠭᠰᠣᠭᠰᠠᠨ ᠲᠠᠬᠢᠶ᠎ᠠ ᠵᠢ ᠴᠠᠭ ᠲᠤᠬᠠᠶ᠎ᠳᠤᠨᠢ ᠰᠢᠯᠢᠨ᠎ᠡ᠃
     4. ᠫᠧᠩ ᠰᠠᠷᠠᠪᠴᠢ ᠵᠢᠨ ᠠᠭᠤᠷ ᠠᠮᠢᠰᠬᠤᠯ ᠰᠢᠨ᠎ᠡ ᠰᠣᠷᠭᠣᠭ᠂ ᠣᠷᠴᠢᠨ ᠲᠣᠭᠣᠷᠢᠨ᠎ᠨᠢ ᠨᠠᠮ ᠵᠢᠮ ᠲᠠᠭ᠋ᠠᠯᠠᠮᠵᠢᠲᠠᠶ᠂ ᠲᠣᠭᠲᠠᠭᠤᠨ ᠪᠠᠢ᠌ᠬᠤ ᠵᠢ ᠪᠠᠲᠤᠯᠠᠵᠤ᠂ ᠲᠠᠬᠢᠶ᠎ᠠ ᠵᠢᠨ ᠦᠨᠳᠡᠭᠡᠯᠡᠬᠦ ᠤᠷᠴᠢᠨ ᠲᠤᠭᠤᠷᠢᠨ ᠨᠠᠮ ᠵᠢᠮ ᠪᠠᠢ᠌ᠬᠤ ᠬᠡᠷᠡᠭᠲᠡᠢ᠃
     5. ᠠᠷᠠᠴᠢᠯᠠᠭ᠎ᠠ ᠬᠠᠮᠢᠶᠠᠷᠤᠯᠲᠠ ᠵᠢᠨ ᠠᠵᠢᠯᠯᠠᠬᠤ ᠳᠡᠰ ᠳᠠᠷᠠᠭ᠋ᠠᠯᠠᠯ ᠵᠶ᠋ᠠᠨ ᠲᠤᠭᠲᠠᠮᠠᠯ ᠪᠠᠢ᠌ᠯᠭ᠋ᠠᠨ᠎ᠠ᠂ ᠪᠣᠷᠳᠣᠭ᠎ᠠ ᠦᠭᠬᠦ᠂ ᠥᠨᠳᠡᠭᠡ ᠲᠡᠭᠦᠬᠦ᠂ ᠱᠦᠭᠦᠷᠳᠡᠨ ᠴᠡᠪᠡᠷᠯᠡᠬᠦ᠂ ᠪᠠᠢ᠌ᠴᠠᠭ᠋ᠠᠬᠤ᠂ ᠢᠯᠭ᠋ᠠᠳᠠᠰᠤ ᠴᠡᠪᠡᠷᠯᠡᠬᠦ ᠵᠡᠷᠭᠡ ᠠᠵᠢᠯᠯᠠᠬᠤ ᠳᠡᠰ ᠳᠠᠷᠠᠭ᠎ᠠ ᠵᠢ ᠲᠣᠭᠲᠠᠭᠰᠠᠨ ᠴᠠᠭ᠎ᠤᠨ ᠬᠦᠰᠦᠨᠦᠭᠲᠦ᠎ᠪᠠᠷ ᠶᠠᠪᠤᠭᠳᠠᠭᠤᠯᠵᠤ᠂ ᠬᠤᠪᠢᠷᠠᠭᠤᠯᠵᠤ ᠪᠣᠯᠬᠤ ᠦᠭᠡᠢ᠃
     6. ᠵᠤᠬᠢᠬᠤ ᠭᠡᠷᠡᠯ᠎ᠤᠨ ᠲᠤᠰᠤᠯᠲᠠ ᠪᠠ ᠲᠤᠬᠢᠷᠠᠮᠵᠢᠲᠠᠢ ᠭᠡᠷᠡᠯ᠎ᠤᠨ ᠲᠤᠰᠤᠯᠲᠠ ᠵᠢᠨ ᠴᠠᠭ᠎ᠢ ᠪᠠᠲᠤᠯᠠᠨ᠎ᠠ᠂ ᠬᠠᠷᠢᠯᠴᠠᠨ ᠲᠤᠩᠰᠢᠯᠴᠠᠬᠤ ᠭᠡᠮ᠎ᠠᠴᠠ ᠰᠡᠷᠭᠡᠢ᠌ᠯᠡᠵᠦ᠂ ᠲᠤᠰ ᠭᠡᠮ᠎ᠢ ᠡᠭᠦᠰᠭᠡᠵᠦ ᠮᠡᠳᠡᠬᠦ ᠡᠯ᠎ᠡ ᠵᠦᠢᠯ᠎ᠤᠨ ᠡᠯᠧᠮᠧᠨ᠋ᠲ᠎ᠢ ᠤᠷᠢᠳᠴᠢᠯᠠᠨ ᠠᠷᠢᠯᠭ᠋ᠠᠨ᠎ᠠ᠃

ᠢᠷᠡᠯᠲᠡ᠄ ᠦᠪᠦᠷ ᠮᠣᠩᠭᠤᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠣᠨᠢᠨ᠎ᠤ ᠲᠡᠵᠢᠭᠡᠯ ᠪᠣᠷᠳᠤᠭ᠋ᠠᠨ᠎ᠳᠤ ᠪᠠᠭ᠎ᠠ ᠰᠦᠲᠠ ᠨᠡᠮᠡᠬᠦ ᠵᠢᠨ ᠦᠢ᠍ᠯᠡᠳᠦᠯ ᠪᠠ ᠬᠡᠷᠡᠭᠯᠡᠬᠦ᠎ᠳᠤ ᠠᠩᠬᠠᠷᠬᠤ ᠵᠦᠢ᠍ᠯ
ᠵᠤᠨ᠎ᠤ ᠤᠯᠠᠷᠢᠯ᠎ᠳᠤ ᠭᠠᠬᠠᠢ ᠲᠡᠵᠢᠭᠡᠬᠦ᠎ᠳᠤ ᠠᠩᠬᠠᠷᠬᠤ ᠵᠦᠢ᠍ᠯ
ᠰᠠᠶᠢ ᠲᠥᠷᠥᠭᠰᠡᠨ ᠲᠤᠭᠤᠯ᠎ᠢ ᠬᠡᠷᠬᠢᠨ ᠠᠷᠠᠴᠢᠯᠠᠬᠤ ᠪᠤᠢ
ᠬᠣᠨᠢᠨ᠎ᠤ ᠰᠢᠨᠵᠢᠯᠡᠬᠦ ᠤᠬᠠᠭ᠋ᠠᠨᠴᠢ ᠲᠡᠵᠢᠭᠡᠯᠭᠡ
ᠲᠠᠬᠢᠶᠠᠨ ᠰᠦᠷᠦᠭ᠎ᠤᠨ ᠲᠡᠵᠢᠭᠡᠯ ᠪᠤᠷᠳᠤᠭ᠋ᠠᠨ᠎ᠳᠤ ᠸᠢᠲ᠋ᠠᠮᠢᠨ᠎ᠤ ᠬᠡᠮᠵᠢᠶ᠎ᠡ ᠵᠢ ᠨᠡᠮᠡᠭᠳᠡᠭᠦᠯᠬᠦ ᠲᠤᠬᠠᠢ
 
            