ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠠᠮᠤᠭᠤᠯᠠᠩᠲᠤ᠌ ᠬᠥᠳᠡᠭᠡ   -   ᠪᠠᠶᠠᠨ ᠰᠦᠷᠦᠭ
ᠲᠠᠬᠢᠶᠠᠨ ᠰᠦᠷᠦᠭ᠎ᠤᠨ ᠲᠡᠵᠢᠭᠡᠯ ᠪᠤᠷᠳᠤᠭ᠋ᠠᠨ᠎ᠳᠤ ᠸᠢᠲ᠋ᠠᠮᠢᠨ᠎ᠤ ᠬᠡᠮᠵᠢᠶ᠎ᠡ ᠵᠢ ᠨᠡᠮᠡᠭᠳᠡᠭᠦᠯᠬᠦ ᠲᠤᠬᠠᠢ
ᠨᠡᠶ᠋ᠢᠲᠡᠯᠡᠭᠰᠡᠨ ᠴᠠᠭ᠄ 2019-11-06

      ᠲᠠᠬᠢᠶᠠᠨ ᠰᠦᠷᠦᠭ᠎ᠲᠤ ᠸᠠᠺᠼᠢᠨ ᠲᠠᠷᠢᠬᠤ ᠪᠠ ᠰᠦᠷᠦᠭ ᠰᠤᠯᠢᠬᠤ ᠦᠶ᠎ᠡ᠎ᠳᠤ᠂   ᠪᠤᠷᠳᠤᠭ᠋ᠠᠨ᠎ᠳᠤᠨᠢ ᠸᠢᠲ᠋ᠠᠮᠢᠨ A᠂ ᠸᠢᠲ᠋ᠠᠮᠢᠨ E᠂ ᠸᠢᠲ᠋ᠠᠮᠢᠨ C᠂ ᠸᠢᠲ᠋ᠠᠮᠢᠨ D ᠵᠢᠨ ᠬᠡᠮᠵᠢᠶ᠎ᠡ ᠵᠢ᠎ᠨᠢ ᠨᠡᠮᠡᠭᠳᠡᠭᠦᠯᠬᠦ ᠬᠡᠷᠡᠭᠲᠡᠶ᠃
      ᠲᠠᠬᠢᠶᠠᠨ ᠰᠦᠷᠦᠭ᠎ᠲᠤ ᠤᠳᠠᠭ᠋ᠠᠨ ᠴᠢᠨᠠᠷᠲᠠᠶ ᠠᠮᠢᠰᠬᠤᠯ᠎ᠤᠨ ᠵᠠᠮ᠎ᠤᠨ ᠡᠪᠡᠳᠴᠢᠨ ᠡᠭᠦᠰᠬᠦ ᠦᠶ᠎ᠡ᠎ᠳᠤ ᠲᠡᠵᠢᠭᠡᠯ ᠪᠤᠷᠳᠤᠭ᠋ᠠᠨ᠎ᠳᠤᠨᠢ ᠪᠠᠰᠠ ᠸᠢᠲ᠋ᠠᠮᠢᠨ A᠂ ᠸᠢᠲ᠋ᠠᠮᠢᠨ E᠂ ᠸᠢᠲ᠋ᠠᠮᠢᠨ C ᠵᠢᠨ ᠬᠡᠮᠵᠢᠶ᠎ᠡ᠎ᠶᠢ ᠨᠡᠮᠡᠭᠳᠡᠭᠦᠯᠦᠨ᠎ᠡ᠃
      ᠴᠤᠷᠪᠠᠭ᠎ᠠ ᠵᠢᠨ ᠪᠣᠷᠳᠣᠭ᠋ᠠᠨ᠎ᠳᠠᠬᠢ ᠸᠢᠲ᠋ᠠᠮᠢᠨ A ᠵᠢᠨ ᠠᠭᠤᠯᠤᠭᠳᠠᠴᠠ᠎ᠨᠢ ᠬᠡᠳᠦᠶ ᠳᠣᠤᠷ᠎ᠠ ᠪᠣᠯ᠂ ᠲᠠᠬᠢᠶᠠᠨ᠎ᠤ ᠪᠦᠮᠪᠦᠭᠡᠯᠢᠭ ᠬᠤᠷᠤᠬᠠᠢ᠌ᠲᠤ ᠡᠪᠡᠳᠴᠢᠨ (鸡球虫病) ᠡᠭᠦᠰᠬᠦ ᠨᠤᠷᠮ᠎ᠠ᠎ᠨᠢ ᠲᠡᠳᠦᠶ ᠥᠨᠳᠥᠷ ᠪᠠᠢ᠌ᠳᠠᠭ᠂ ᠡᠢ᠌ᠮᠦ᠎ᠠᠴᠠ ᠲᠠᠬᠢᠶᠠᠨ᠎ᠤ ᠪᠦᠮᠪᠦᠭᠡᠯᠢᠭ ᠬᠤᠷᠤᠬᠠᠢ᠌ᠲᠤ ᠡᠪᠡᠳᠴᠢᠨ ᠲᠤᠰᠪᠠᠯ᠂ ᠪᠣᠷᠳᠣᠭ᠋ᠠᠨ᠎ᠳᠤ᠎ᠪᠠᠨ ᠸᠢᠲ᠋ᠠᠮᠢᠨ A᠂ ᠸᠢᠲ᠋ᠠᠮᠢᠨ K᠂ ᠸᠢᠲ᠋ᠠᠮᠢᠨ C ᠵᠢᠨ ᠬᠡᠮᠵᠢᠶ᠎ᠡ ᠵᠢ᠎ᠨᠢ ᠨᠡᠮᠡᠭᠳᠡᠭᠦᠯᠬᠦ ᠬᠡᠷᠡᠭᠲᠡᠢ᠃
      ᠲᠠᠬᠢᠶ᠎ᠠ ᠡᠯᠢᠭᠡ ᠦᠭᠡᠭᠦᠯᠡᠭᠰᠡᠨ ᠶᠡᠷᠦᠩᠬᠡᠢ᠌ᠯᠡᠭᠰᠡᠨ ᠭᠡᠮ (脂肪肝综合症)᠎ᠳᠤ ᠨᠡᠷᠪᠡᠭᠳᠡᠪᠡᠯ ᠲᠡᠵᠢᠭᠡᠯ ᠪᠤᠷᠳᠤᠭ᠎ᠠ᠎ᠳᠤᠨᠢ ᠾᠯᠣᠷᠲᠤ ᠰᠥᠰᠥᠨ ᠱᠦᠯᠲᠦ (氯化胆碱) ᠪᠠ ᠸᠢᠲ᠋ᠠᠮᠢᠨ᠎ᠤ ᠨᠡᠮᠡᠯᠲᠡ ᠡᠳ᠋ (维生素添加剂) ᠨᠡᠮᠡᠬᠦ ᠬᠡᠷᠡᠭᠲᠡᠢ᠃
      ᠵᠤᠨ᠎ᠤ ᠤᠯᠠᠷᠢᠯ᠎ᠤᠨ ᠦᠨᠳᠦᠷ ᠬᠠᠯᠠᠭᠤᠨ᠎ᠳᠤ᠂ ᠲᠠᠬᠢᠶᠠᠨ ᠪᠣᠷᠳᠣᠭ᠋ᠠᠨ᠎ᠳᠤ 0.1 %— 0.5 % ᠵᠢᠨ ᠸᠢᠲ᠋ᠠᠮᠢᠨ C ᠨᠡᠮᠡᠪᠡᠯ᠂ ᠲᠠᠬᠢᠶᠠᠨ᠎ᠤ ᠡᠪᠡᠳᠴᠢᠨ ᠡᠰᠡᠷᠭᠦᠴᠡᠬᠦ ᠴᠢᠳᠠᠪᠤᠷᠢ ᠵᠢ ᠨᠡᠮᠡᠭᠳᠡᠭᠦᠯᠵᠦ᠂ ᠪᠡᠶ᠎ᠡ ᠵᠢᠨ ᠳᠤᠯᠠᠭ᠋ᠠᠨ᠎ᠢ᠎ᠨᠢ ᠪᠠᠭᠤᠷᠠᠭᠤᠯᠤᠨ᠂ ᠬᠠᠯᠠᠭᠤᠨ᠎ᠳᠠᠬᠢ ᠰᠡᠷᠡᠯᠵᠢᠯ᠎ᠢ ᠡᠰᠡᠷᠭᠦᠴᠡᠵᠦ᠂ ᠦᠢᠯᠡᠳᠪᠦᠷᠢᠯᠡᠬᠦ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ᠃ ᠮᠢᠬᠠᠨ ᠴᠤᠷᠪᠠᠭ᠎ᠠ ᠵᠢᠨ ᠲᠡᠵᠢᠭᠡᠯ ᠪᠣᠷᠳᠣᠭ᠋ᠠᠨ᠎ᠳᠤ ᠵᠣᠬᠢᠬᠤ ᠬᠡᠮᠵᠢᠶᠡᠨ᠎ᠤ ᠸᠢᠲ᠋ᠠᠮᠢᠨ A ᠵᠢᠨ ᠠᠭᠤᠯᠤᠭᠳᠠᠴᠠ ᠵᠢ ᠨᠡᠮᠡᠭᠳᠡᠭᠦᠯᠪᠡᠯ᠂ ᠲᠡᠵᠢᠭᠡᠯ ᠪᠣᠷᠳᠣᠭ᠋ᠠᠨ᠎ᠤ ᠠᠰᠢᠭᠯᠠᠮᠵᠢ ᠵᠢᠨ ᠨᠣᠷᠮ᠎ᠠ ᠵᠢ ᠳᠡᠭᠡᠭᠰᠢᠯᠡᠭᠦᠯᠵᠦ᠂ ᠲᠠᠬᠢᠶᠠᠨ᠎ᠤ ᠥᠰᠥᠯᠲᠡ ᠪᠣᠢ᠌ᠵᠢᠯᠲᠠ ᠵᠢᠨ ᠬᠤᠷᠳᠤᠴᠠ ᠵᠢ ᠲᠦᠷᠭᠡᠳᠬᠡᠨ᠎ᠡ᠃
      ᠥᠨᠳᠡᠭᠡᠨ ᠲᠠᠬᠢᠶᠠᠨ᠎ᠤ ᠥᠨᠳᠡᠭᠡᠯᠡᠬᠦ ᠣᠷᠭᠢᠯ᠎ᠤᠨ ᠬᠤᠭᠤᠴᠠᠭ᠋ᠠᠨ᠎ᠳᠤ ᠸᠢᠲ᠋ᠠᠮᠢᠨ B2 ᠵᠢᠨ ᠬᠡᠮᠵᠢᠶ᠎ᠡ᠎ᠪᠠᠨ ᠨᠡᠮᠡᠭᠳᠡᠭᠦᠯᠪᠡᠯ ᠵᠣᠬᠢᠨ᠎ᠠ᠃ ᠥᠨᠳᠡᠭᠡᠨ ᠬᠠᠯᠢᠰᠤᠨ᠎ᠤ ᠬᠠᠲᠠᠭᠤᠴᠠ ᠵᠢ ᠨᠡᠮᠡᠭᠳᠡᠭᠦᠯᠬᠦ ᠵᠢᠨ ᠲᠥᠯᠥᠭᠡ᠂ ᠪᠣᠷᠳᠣᠭ᠋ᠠᠨ᠎ᠳᠤᠨᠢ ᠺᠠᠯᠼ ᠨᠡᠮᠡᠬᠦ᠎ᠠᠴᠠ ᠭᠠᠳᠠᠨ᠎ᠠ ᠸᠢᠲ᠋ᠠᠮᠢᠨ A᠂ ᠸᠢᠲ᠋ᠠᠮᠢᠨ C ᠨᠡᠮᠡᠪᠡᠯ ᠵᠤᠬᠢᠨ᠎ᠠ᠃
      ᠲᠠᠬᠢᠶᠠᠨ᠎ᠳᠤ ᠸᠢᠲ᠋ᠠᠮᠢᠨ ᠲᠤᠲᠠᠭᠳᠠᠭᠰᠠᠨ ᠭᠡᠮ ᠡᠭᠦᠰᠬᠦ ᠦᠶᠡᠰ᠂ ᠪᠣᠷᠳᠣᠭ᠋ᠠᠨ᠎ᠳᠠᠬᠢ ᠣᠯᠠᠨ ᠵᠦᠢ᠍ᠯ᠎ᠤᠨ ᠸᠢᠲ᠋ᠠᠮᠢᠨ᠎ᠤ ᠠᠭᠤᠯᠤᠭᠳᠠᠴᠠ᠎ᠢ ᠬᠡᠪ᠎ᠤᠨ ᠬᠡᠮᠵᠢᠶᠡᠨ᠎ᠠᠴᠠ 2 — 3 ᠳᠠᠬᠢᠨ ᠪᠤᠯᠭ᠋ᠠᠬᠤ ᠬᠡᠷᠡᠭᠲᠡᠢ᠃ ᠴᠤᠷᠪᠠᠭ᠎ᠠ ᠪᠠ ᠦᠷ᠎ᠡ ᠵᠢᠨ ᠲᠠᠬᠢᠶᠠᠨ᠎ᠤ ᠬᠤᠨᠤᠭ᠎ᠤᠨ ᠪᠤᠷᠳᠤᠭ᠋ᠠᠨ᠎ᠳᠤ ᠣᠯᠠᠨ ᠵᠦᠢᠯ᠎ᠤᠨ ᠸᠢᠲ᠋ᠠᠮᠢᠨ ᠨᠡᠮᠡᠬᠦ ᠬᠡᠮᠵᠢᠶ᠎ᠡ᠎ᠨᠢ ᠬᠡᠪ᠎ᠤᠨ ᠬᠡᠮᠵᠢᠶ᠎ᠡ᠎ᠠᠴᠠ 1 — 1.5 ᠳᠠᠬᠢᠨ ᠢᠯᠡᠭᠦᠦ ᠪᠠᠢ᠌ᠯᠭ᠋ᠠᠵᠤ᠂ ᠰᠢᠩᠭᠡᠯᠢᠭ᠎ᠲᠤ ᠲᠡᠵᠢᠭᠡᠭᠰᠡᠨ ᠲᠠᠬᠢᠶᠠᠨ ᠰᠦᠷᠦᠭ᠎ᠤᠨ ᠲᠡᠵᠢᠭᠡᠯ ᠪᠣᠷᠳᠣᠭ᠋ᠠᠨ᠎ᠳᠠᠬᠢ ᠸᠢᠲ᠋ᠠᠮᠢᠨ A᠂ ᠸᠢᠲ᠋ᠠᠮᠢᠨ D ᠵᠢᠨ ᠬᠡᠷᠡᠭᠯᠡᠬᠦ ᠬᠡᠮᠵᠢᠶ᠎ᠡ ᠵᠢ ᠡᠩ᠎ᠤᠨ ᠲᠠᠬᠢᠶᠠᠨ᠎ᠠᠴᠠ 5 % — 10 % ᠢᠯᠡᠭᠦᠦ ᠪᠠᠢ᠌ᠯᠭ᠋ᠠᠬᠤ ᠬᠡᠷᠡᠭᠲᠡᠢ᠃
      ᠪᠣᠷᠳᠣᠭ᠎ᠠ ᠵᠢ ᠤᠳᠠᠭ᠋ᠠᠨ ᠬᠠᠳᠠᠭ᠋ᠠᠯᠠᠭᠰᠠᠨ ᠪᠤᠯ᠂ ᠣᠯᠠᠨ ᠵᠦᠢ᠍ᠯ᠎ᠤᠨ ᠸᠢᠲ᠋ᠠᠮᠢᠨ᠎ᠤ ᠨᠡᠮᠡᠯᠲᠡ ᠡᠳ᠋᠎ᠤᠨ ᠬᠡᠮᠵᠢᠶ᠎ᠡ ᠵᠢ ᠨᠡᠮᠡᠭᠳᠡᠭᠦᠯᠵᠦ᠂ ᠸᠢᠲ᠋ᠠᠮᠢᠨ ᠠᠯᠳᠠᠭᠳᠠᠬᠤ᠎ᠠᠴᠠ ᠰᠡᠷᠭᠡᠢ᠌ᠯᠡᠨ᠎ᠡ᠃

ᠢᠷᠡᠯᠲᠡ᠄ ᠦᠪᠦᠷ ᠮᠣᠩᠭᠤᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠦᠨᠳᠡᠭᠡᠨ ᠬᠡᠷᠡᠭᠴᠡᠭᠡᠲᠦ ᠲᠠᠬᠢᠶᠠᠨ᠎ᠤ ᠴᠤᠷᠪᠠᠭ᠎ᠠ ᠵᠢ ᠪᠤᠢ᠌ᠵᠢᠭᠤᠯᠬᠤ (ᠨᠢᠭᠡ)
ᠭᠠᠬᠠᠶ ᠲᠡᠵᠢᠭᠡᠬᠦ ᠲᠠᠯᠠᠪᠠᠢ ᠵᠢ ᠴᠤᠬᠤᠢ᠎ᠪᠠᠷ ᠠᠷᠢᠭᠤᠳᠬᠠᠬᠤ᠎ᠳᠤ ᠠᠩᠬᠠᠷᠬᠤ ᠵᠦᠢ᠍ᠯᠡᠰ
ᠬᠤᠷᠠᠭ᠎ᠠ ᠪᠤᠷᠳᠤᠬᠤ ᠮᠡᠷᠭᠡᠵᠢᠯ (ᠨᠢᠭᠡ)
ᠬᠤᠷᠠᠭ᠎ᠠ ᠪᠤᠷᠳᠤᠬᠤ ᠮᠡᠷᠭᠡᠵᠢᠯ (ᠬᠤᠶᠠᠷ)
ᠰᠠᠭ᠋ᠠᠯᠢ ᠵᠢᠨ ᠦᠨᠢᠶᠡᠨ᠎ᠤ ᠬᠤᠨᠤᠭ᠎ᠤᠨ ᠪᠤᠷᠳᠤᠭ᠎ᠠ ᠵᠢ ᠬᠡᠷᠬᠢᠨ ᠲᠣᠬᠢᠷᠠᠭᠤᠯᠬᠤ ᠪᠤᠢ
 
            