ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠠᠮᠤᠭᠤᠯᠠᠩᠲᠤ᠌ ᠬᠥᠳᠡᠭᠡ   -   ᠪᠠᠶᠠᠨ ᠰᠦᠷᠦᠭ
ᠬᠣᠨᠢᠨ᠎ᠤ ᠲᠡᠵᠢᠭᠡᠯ ᠪᠣᠷᠳᠤᠭ᠋ᠠᠨ᠎ᠳᠤ ᠪᠠᠭ᠎ᠠ ᠰᠦᠲᠠ ᠨᠡᠮᠡᠬᠦ ᠵᠢᠨ ᠦᠢ᠍ᠯᠡᠳᠦᠯ ᠪᠠ ᠬᠡᠷᠡᠭᠯᠡᠬᠦ᠎ᠳᠤ ᠠᠩᠬᠠᠷᠬᠤ ᠵᠦᠢ᠍ᠯ
ᠨᠡᠶ᠋ᠢᠲᠡᠯᠡᠭᠰᠡᠨ ᠴᠠᠭ᠄ 2019-04-16

      ᠬᠣᠨᠢᠨ᠎ᠤ ᠲᠡᠵᠢᠭᠡᠯ ᠪᠣᠷᠳᠤᠭ᠋ᠠᠨ᠎ᠳᠤ ᠪᠠᠭ᠎ᠠ ᠰᠦᠲᠠ ᠨᠡᠮᠡᠪᠡᠯ ᠶᠠᠮᠠᠷ ᠦᠢ᠍ᠯᠡᠳᠦᠯ᠎ᠲᠠᠢ ᠪᠤᠢ? ᠪᠠᠭ᠎ᠠ ᠰᠦᠳᠠ ᠵᠢᠨ ᠬᠢᠮᠢ ᠵᠢᠨ ᠨᠡᠷ᠎ᠡ᠎ᠨᠢ ᠨᠡᠭᠦᠷᠡᠰᠦᠬᠦ᠋ᠴᠢᠯ᠎ᠤᠨ ᠤᠰᠤᠲᠥ᠋ᠷᠥᠭᠴᠢᠲᠦ ᠨᠠᠲᠷᠢ (碳酸氢钠)᠂ ᠴᠠᠭ᠋ᠠᠨ ᠨᠤᠨᠲᠠᠭ᠂ ᠤᠰᠤᠨ᠎ᠳᠤ ᠠᠭᠤᠰᠳᠠᠭ᠂ ᠰᠤᠯᠠ ᠱᠦᠯᠳᠦᠯᠢᠭ ᠴᠢᠨᠠᠷ᠎ᠲᠠᠢ᠂ ᠤᠤᠭᠤᠪᠠᠯ ᠬᠣᠳᠣᠭᠣᠳᠣᠨ ᠬᠦᠴᠢᠯ᠎ᠢ ᠨᠠᠮᠠᠳᠬᠠᠵᠤ᠂ ᠰᠠᠯᠢᠰᠤᠲᠤ ᠰᠢᠩᠭᠡᠨ᠎ᠢ ᠠᠭᠤᠰᠬᠠᠨ᠎ᠠ᠃
ᠨᠢᠭᠡ᠂ ᠲᠡᠵᠢᠭᠡᠯ ᠪᠣᠷᠳᠣᠭ᠎ᠠ ᠳᠣᠲᠣᠷᠠᠬᠢ ᠦᠢ᠍ᠯᠡᠳᠦᠯ
      ᠮᠠᠯ ᠵᠢᠭᠦᠷᠲᠡᠨ᠎ᠤ ᠲᠡᠵᠢᠭᠡᠯ ᠪᠤᠷᠳᠤᠭ᠋ᠠᠨ᠎ᠳᠤ ᠪᠠᠭ᠎ᠠ ᠰᠦᠳᠠ ᠨᠡᠮᠡᠬᠦ᠎ᠨᠢ᠂ ᠠᠮᠢᠲᠠᠨ᠎ᠤ ᠲᠡᠵᠢᠭᠡᠯ ᠪᠣᠷᠳᠣᠭ᠎ᠠ ᠰᠢᠩᠭᠡᠭᠡᠬᠦ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠵᠦ᠂ ᠰᠢᠮ᠎ᠡ ᠲᠡᠵᠢᠭᠡᠯᠲᠦ ᠪᠣᠳᠠᠰ᠎ᠢ ᠠᠰᠢᠭᠯᠠᠬᠤ ᠪᠠ ᠬᠣᠣᠷᠲᠤ ᠪᠣᠳᠠᠰ᠎ᠢ   ᠭᠠᠳᠠᠭᠰᠢᠯᠠᠭᠤᠯᠬᠤ ᠵᠢ ᠲᠦᠷᠭᠡᠳᠭᠡᠨ᠂ ᠠᠮᠢᠲᠠᠨ᠎ᠤ ᠪᠡᠶ᠎ᠡ ᠵᠢᠨ ᠬᠦᠨᠳᠦ ᠵᠢᠨ ᠨᠡᠮᠡᠭᠳᠡᠯ ᠬᠤᠷᠳᠤᠴᠠ ᠵᠢ ᠳᠡᠭᠡᠭᠰᠢᠯᠡᠭᠦᠯᠦᠨ᠎ᠡ᠃ ᠡᠪᠡᠳᠴᠢᠨ᠎ᠢ ᠡᠰᠡᠷᠭᠦᠴᠡᠬᠦ ᠴᠢᠳᠠᠪᠤᠷᠢ ᠪᠠ ᠡᠭᠡᠯᠢᠯᠡᠪᠦᠷᠢ ᠵᠢᠨ ᠴᠢᠳᠠᠯ᠎ᠢ ᠬᠠᠮᠤᠭ ᠰᠠᠶ᠋ᠢᠨ ᠪᠠᠶ᠋ᠢᠳᠠᠯ᠎ᠳᠤ ᠪᠠᠢ᠌ᠯᠭ᠋ᠠᠵᠤ᠂ ᠰᠡᠲᠡᠭᠡᠯᠲᠡ ᠵᠢ ᠡᠰᠡᠷᠭᠦᠴᠡᠵᠦ ᠴᠢᠳᠠᠪᠤᠷᠢ ᠵᠢ ᠳᠡᠭᠡᠭᠰᠢᠯᠡᠭᠦᠯᠵᠦ᠂ ᠮᠠᠯ ᠵᠢᠭᠦᠷᠲᠡᠨ᠎ᠤ ᠡᠪᠡᠳᠴᠢᠨ ᠡᠮᠭᠡᠭ᠎ᠢ ᠰᠡᠷᠭᠡᠢ᠌ᠯᠡᠵᠦ᠂ ᠡᠷᠡᠭᠦᠯ ᠵᠶ᠋ᠠᠷ ᠪᠣᠶ᠋ᠢᠵᠢᠬᠤ᠎ᠳᠤ ᠢᠳᠡᠪᠬᠢᠲᠡᠶ ᠦᠢ᠍ᠯᠡᠳᠦᠯ ᠦᠵᠡᠭᠦᠯᠦᠨ᠎ᠡ᠃ ᠡᠭᠦᠨ᠎ᠠᠴᠠ ᠭᠠᠳᠠᠨ᠎ᠠ᠂ ᠪᠠᠭ᠎ᠠ ᠰᠦᠳᠠ ᠪᠠᠰᠠ ᠠᠮᠢᠳᠠᠨ᠎ᠤ ᠪᠡᠶ᠎ᠡ ᠵᠢᠨ ᠳᠣᠲᠤᠭ᠋ᠠᠲᠤ᠎ᠳᠠᠬᠢ ᠬᠦᠴᠢᠯ ᠱᠦᠯᠲᠦ ᠵᠢᠨ ᠲᠡᠩᠴᠡᠭᠦᠷᠢ ᠵᠢ ᠪᠠᠲᠤᠯᠠᠵᠤ᠂ ᠠᠭ᠋ᠠᠷ᠎ᠲᠠᠬᠢ ᠴᠢᠭᠢᠭ᠎ᠢ ᠰᠢᠩᠭᠡᠭᠡᠵᠦ ᠦᠨᠦᠷ᠎ᠢ ᠠᠷᠢᠯᠭ᠋ᠠᠵᠤ ᠠᠷᠢᠭᠤᠳᠬᠠᠬᠤ ᠦᠢ᠍ᠯᠡᠳᠦᠯ᠎ᠲᠠᠢ᠃
ᠬᠣᠶᠠᠷ᠂ ᠬᠡᠷᠡᠭᠯᠡᠬᠦ ᠦᠶ᠎ᠡ᠎ᠳᠠᠬᠢ ᠠᠩᠬᠠᠷᠬᠤ ᠵᠦᠢ᠍ᠯ
      ᠨᠢᠭᠡᠳᠦᠭᠡᠷ᠎ᠲᠤ᠂ ᠪᠠᠭ᠎ᠠ ᠰᠦᠳᠠ᠎ᠨᠢ ᠱᠦᠯᠳᠦᠯᠢᠭ ᠴᠢᠨᠠᠷ᠎ᠲᠠᠢ᠂ ᠸᠢᠲ᠋ᠠᠮᠢᠨ B1᠂ ᠸᠢᠲ᠋ᠠᠮᠢᠨ B2᠂ ᠸᠢᠲ᠋ᠠᠮᠢᠨ C ᠪᠣᠯᠤᠨ ᠨᠠᠪᠴᠢᠨ ᠬᠦᠴᠢᠯ (叶酸)᠂ ᠪᠠᠺᠲ᠋ᠧᠷᠢ ᠳᠠᠷᠤᠭᠴᠢ ᠡᠮᠲᠦ ᠪᠤᠳᠠᠰ (抗菌素药物) ᠵᠢᠴᠢ ᠣᠷᠭ᠋ᠠᠨᠢᠭ ᠬᠦᠴᠢᠯ (有机酸)᠎ᠲᠠᠢ ᠬᠠᠮᠲᠤ ᠬᠡᠷᠡᠭᠯᠡᠵᠦ ᠪᠣᠯᠬᠤ ᠦᠭᠡᠢ᠃
      ᠬᠣᠶᠠᠳᠤᠭ᠋ᠠᠷ᠎ᠲᠤ᠂ ᠬᠡᠷᠡᠭᠯᠡᠬᠦ ᠬᠡᠮᠵᠢᠶ᠎ᠡ ᠵᠢ ᠠᠩᠬᠠᠷᠤᠨ᠎ᠠ᠂ ᠬᠡᠮᠵᠢᠶ᠎ᠡ᠎ᠨᠢ ᠬᠡᠲᠦᠷᠡᠪᠡᠯ ᠱᠦᠯᠲᠦ ᠵᠢᠨ ᠬᠣᠣᠷᠳᠠᠯ ᠪᠣᠯᠣᠨ᠎ᠠ᠂ ᠡᠭᠦᠨ᠎ᠤ ᠬᠠᠮᠲᠤ ᠮᠠᠯ ᠵᠢᠭᠦᠷᠲᠡᠨ᠎ᠤ ᠨᠠᠲᠷᠢ ᠵᠢᠨ ᠳᠠᠪᠤᠰᠤ ᠬᠡᠲᠦᠷᠬᠡᠢ ᠢᠳᠡᠬᠦ᠎ᠠᠴᠠ ᠵᠠᠢ᠌ᠯᠠᠰᠬᠢᠬᠤ ᠵᠢᠨ ᠲᠥᠯᠥᠭᠡ᠂ ᠳᠠᠪᠤᠰᠤᠨ᠎ᠤ ᠬᠡᠮᠵᠢᠶ᠎ᠡ ᠵᠢ ᠬᠠᠷᠢᠴᠠᠩᠭᠤᠢ᠎ᠪᠠᠷ ᠪᠠᠭ᠋ᠠᠰᠬᠠᠨ᠎ᠠ᠃

ᠢᠷᠡᠯᠲᠡ᠄ ᠦᠪᠦᠷ ᠮᠤᠩᠭᠤᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠵᠤᠨ᠎ᠤ ᠤᠯᠠᠷᠢᠯ᠎ᠳᠤ ᠭᠠᠬᠠᠢ ᠲᠡᠵᠢᠭᠡᠬᠦ᠎ᠳᠤ ᠠᠩᠬᠠᠷᠬᠤ ᠵᠦᠢ᠍ᠯ
ᠰᠠᠶᠢ ᠲᠥᠷᠥᠭᠰᠡᠨ ᠲᠤᠭᠤᠯ᠎ᠢ ᠬᠡᠷᠬᠢᠨ ᠠᠷᠠᠴᠢᠯᠠᠬᠤ ᠪᠤᠢ
ᠬᠣᠨᠢᠨ᠎ᠤ ᠰᠢᠨᠵᠢᠯᠡᠬᠦ ᠤᠬᠠᠭ᠋ᠠᠨᠴᠢ ᠲᠡᠵᠢᠭᠡᠯᠭᠡ
ᠲᠠᠬᠢᠶᠠᠨ ᠰᠦᠷᠦᠭ᠎ᠤᠨ ᠲᠡᠵᠢᠭᠡᠯ ᠪᠤᠷᠳᠤᠭ᠋ᠠᠨ᠎ᠳᠤ ᠸᠢᠲ᠋ᠠᠮᠢᠨ᠎ᠤ ᠬᠡᠮᠵᠢᠶ᠎ᠡ ᠵᠢ ᠨᠡᠮᠡᠭᠳᠡᠭᠦᠯᠬᠦ ᠲᠤᠬᠠᠢ
ᠦᠨᠳᠡᠭᠡᠨ ᠬᠡᠷᠡᠭᠴᠡᠭᠡᠲᠦ ᠲᠠᠬᠢᠶᠠᠨ᠎ᠤ ᠴᠤᠷᠪᠠᠭ᠎ᠠ ᠵᠢ ᠪᠤᠢ᠌ᠵᠢᠭᠤᠯᠬᠤ (ᠨᠢᠭᠡ)
 
            