ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠠᠮᠤᠭᠤᠯᠠᠩᠲᠤ᠌ ᠬᠥᠳᠡᠭᠡ   -   ᠪᠠᠶᠠᠨ ᠰᠦᠷᠦᠭ
ᠦᠷᠡᠰ ᠭᠠᠬᠠᠢ ᠤᠷᠤᠭᠤᠯᠵᠤ ᠢᠷᠡᠬᠦ ᠵᠠᠷᠴᠢᠮ ᠪᠠ ᠠᠷᠭ᠎ᠠ ᠬᠡᠮᠵᠢᠶ᠎ᠡ (ᠨᠢᠭᠡ)
ᠨᠡᠶ᠋ᠢᠲᠡᠯᠡᠭᠰᠡᠨ ᠴᠠᠭ᠄ 2020-03-23

ᠦᠷᠡᠰ ᠭᠠᠬᠠᠢ ᠬᠠᠩᠭ᠋ᠠᠬᠤ ᠲᠠᠯᠠᠪᠠᠢ ᠵᠢ ᠰᠤᠩᠭᠤᠬᠤ
     (ᠨᠢᠭᠡ) ᠦᠷᠡᠰ ᠭᠠᠬᠠᠢ ᠵᠢ ᠬᠠᠩᠭ᠋ᠠᠬᠤ ᠲᠠᠯᠠᠪᠠᠢ᠎ᠨᠢ ᠦᠷᠡᠰ ᠭᠠᠬᠠᠢ ᠵᠢ ᠦᠷᠡᠵᠢᠭᠦᠯᠬᠦ ᠡᠵᠡᠩᠨᠡᠯᠲᠡ ᠵᠢᠨ ᠡᠷᠬᠡ᠎ᠲᠠᠢ ᠪᠠᠢ᠌ᠬᠤ ᠬᠡᠷᠡᠭᠲᠡᠢ᠃
      ᠦᠷᠡᠰ ᠭᠠᠬᠠᠢ ᠵᠢ ᠬᠠᠩᠭ᠋ᠠᠬᠤ ᠲᠠᠯᠠᠪᠠᠢ᠎ᠨᠢ ᠵᠠᠰᠠᠭ᠎ᠤᠨ ᠤᠷᠳᠤᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ (ᠮᠠᠯ ᠠᠵᠤ ᠠᠬᠤᠢ ᠵᠢᠨ ᠲᠤᠪᠴᠢᠶ᠎ᠠ) ᠵᠢᠨ ᠣᠯᠭᠣᠭᠰᠠᠨ 《ᠦᠷ᠎ᠡ ᠵᠢᠨ ᠮᠠᠯ ᠵᠢᠭᠦᠷᠲᠡᠨ᠎ᠢ ᠦᠷᠡᠵᠢᠭᠦᠯᠬᠦ ᠡᠵᠡᠩᠨᠡᠯᠲᠡ ᠵᠢ ᠵᠦᠪᠰᠢᠶᠡᠷᠡᠬᠦ ᠦᠨᠡᠮᠯᠡᠯ》᠂ ᠲᠤᠬᠠᠢ ᠵᠢᠨ ᠭᠠᠵᠠᠷ᠎ᠤᠨ ᠮᠠᠯ ᠡᠮᠨᠡᠯᠭᠡ ᠵᠢᠨ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠭᠠᠵᠠᠷ᠎ᠠᠴᠠ ᠣᠯᠭᠣᠭᠰᠠᠨ 《ᠮᠠᠯ ᠡᠮᠨᠡᠯᠭᠡ ᠵᠢᠨ ᠡᠷᠡᠭᠦᠯ ᠬᠠᠮᠠᠭ᠋ᠠᠯᠠᠯ᠎ᠳᠤ ᠬᠢᠷᠢ ᠲᠡᠩᠴᠡᠭᠰᠡᠨ ᠦᠨᠡᠮᠯᠡᠯ》 ᠵᠢᠴᠢ ᠲᠤᠬᠠᠢ ᠵᠢᠨ ᠭᠠᠵᠠᠷ᠎ᠤᠨ ᠦᠢ᠍ᠯᠡᠳᠪᠦᠷᠢ ᠬᠤᠳᠠᠯᠳᠤᠭ᠋ᠠᠨ᠎ᠤ ᠰᠠᠯᠠᠭ᠎ᠠ ᠮᠦᠴᠢᠷ᠎ᠠᠴᠠ ᠤᠯᠭᠤᠭᠰᠠᠨ 《ᠡᠵᠡᠩᠨᠡᠯᠲᠡ ᠵᠢᠨ ᠦᠨᠡᠮᠯᠡᠯ》᠎ᠲᠠᠢ ᠪᠠᠢ᠌ᠬᠤ ᠮᠦᠷᠲᠡᠭᠡᠨ ᠦᠨᠡᠮᠯᠡᠯ᠎ᠨᠢ ᠬᠦᠴᠦᠨ᠎ᠲᠠᠢ ᠬᠤᠭᠤᠴᠠᠭ᠋ᠠᠨ᠎ᠳᠤ ᠪᠠᠢ᠌ᠬᠤ ᠬᠡᠷᠡᠭᠲᠡᠢ᠃ ᠣᠳᠣᠬᠠᠨ᠎ᠳᠤ ᠦᠷ᠎ᠡ ᠵᠢᠨ ᠭᠠᠬᠠᠢ ᠵᠢᠨ ᠲᠠᠯᠠᠪᠠᠢ ᠵᠢᠨ 《ᠦᠷᠡᠰ ᠮᠠᠯ ᠵᠢᠭᠦᠷᠲᠡᠨ᠎ᠢ ᠦᠷᠡᠵᠢᠭᠦᠯᠬᠦ ᠡᠵᠡᠩᠨᠡᠯᠲᠡ ᠵᠢ ᠵᠦᠪᠰᠢᠶᠡᠷᠡᠬᠦ ᠦᠨᠡᠮᠯᠡᠯ》᠎ᠢ ᠵᠠᠷᠢᠮ᠎ᠢ᠎ᠨᠢ ᠲᠠᠷᠢᠶᠠᠯᠠᠩ᠎ᠤᠨ ᠬᠡᠯᠲᠡᠰ᠎ᠠᠴᠠ ᠤᠯᠭᠤᠵᠤ᠂ ᠵᠠᠷᠢᠮ᠎ᠢ᠎ᠨᠢ ᠮᠤᠵᠢ ᠵᠢᠨ ᠱᠠᠲᠤᠨ᠎ᠤ ᠮᠠᠯ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠣᠯᠭᠣᠵᠣ ᠪᠠᠢ᠌ᠨ᠎ᠠ᠃
     (ᠬᠤᠶᠠᠷ) ᠦᠷᠡᠰ ᠭᠠᠬᠠᠢ ᠬᠠᠩᠭ᠋ᠠᠬᠤ ᠲᠠᠯᠠᠪᠠᠢ᠎ᠨᠢ ᠬᠡᠪᠴᠢᠶᠡᠵᠢᠭ᠍ᠰᠠᠨ ᠬᠡᠮᠵᠢᠶ᠎ᠡ᠎ᠲᠠᠢ ᠪᠠᠢ᠌ᠬᠤ ᠬᠡᠷᠡᠭᠲᠡᠢ᠃
      ᠬᠡᠪᠴᠢᠶᠡᠵᠢᠭ᠍ᠰᠠᠨ ᠦᠷᠡᠰ ᠭᠠᠬᠠᠢ ᠵᠢᠨ ᠲᠠᠯᠠᠪᠠᠢ᠎ᠨᠢ ᠦᠷ᠎ᠡ ᠰᠢᠯᠢᠵᠦ᠂ ᠡᠭᠦᠯᠳᠡᠷ ᠪᠤᠢ᠌ᠵᠢᠭᠤᠯᠬᠤ᠂ ᠲᠡᠵᠢᠭᠡᠨ ᠠᠷᠠᠴᠢᠯᠠᠬᠤ ᠬᠠᠮᠢᠶᠠᠷᠤᠯᠲᠠ ᠵᠢᠴᠢ ᠬᠢᠵᠢᠭ ᠰᠡᠷᠭᠡᠢ᠌ᠯᠡᠬᠦ ᠵᠡᠷᠭᠡ   ᠲᠠᠯ᠎ᠠ᠎ᠪᠠᠷ ᠨᠡᠯᠢᠶᠡᠳ ᠬᠡᠪᠴᠢᠶᠡᠵᠢᠵᠦ᠂ ᠲᠡᠷᠢᠭᠦᠨ᠎ᠤ ᠮᠡᠷᠭᠡᠵᠢᠯ᠎ᠲᠠᠢ᠂ ᠦᠷ᠎ᠡ ᠵᠢᠨ ᠭᠠᠬᠠᠢ ᠵᠢᠨ ᠴᠢᠨᠠᠷ᠎ᠨᠢ ᠪᠠᠲᠤᠯᠠᠭ᠎ᠠ᠎ᠲᠠᠢ᠂ ᠮᠡᠷᠭᠡᠵᠢᠯ᠎ᠤᠨ ᠦᠢ᠍ᠯᠡᠴᠢᠯᠡᠭᠡᠨ᠎ᠤ ᠬᠦᠮᠦᠰ᠎ᠲᠠᠢ ᠪᠠᠢ᠌ᠳᠠᠭ᠃ ᠦᠷ᠎ᠡ ᠵᠢᠨ ᠭᠠᠬᠠᠢ ᠵᠢᠨ ᠪᠦᠷᠢᠨ ᠪᠦᠲᠦᠨ ᠮᠠᠲ᠋ᠧᠷᠢᠶᠠᠯ᠎ᠢ ᠬᠠᠩᠭ᠋ᠠᠵᠤ᠂ ᠲᠡᠵᠢᠭᠡᠯᠭᠡ᠂ ᠠᠷᠠᠴᠢᠯᠠᠭ᠎ᠠ ᠵᠢ ᠳᠡᠭᠡᠭᠰᠢᠯᠡᠭᠦᠯᠬᠦ ᠬᠠᠪᠰᠤᠷᠤᠮᠵᠢ ᠪᠤᠯᠭ᠋ᠠᠳᠠᠭ ᠶᠤᠮ᠃
     (ᠭᠣᠷᠪᠠ) ᠦᠷᠡᠰ ᠭᠠᠬᠠᠢ ᠬᠠᠩᠭ᠋ᠠᠬᠤ ᠲᠠᠯᠠᠪᠠᠢ᠎ᠨᠢ ᠨᠡᠯᠢᠶᠡᠳ ᠰᠠᠢ᠌ᠨ ᠢᠲᠡᠭᠡᠮᠵᠢ᠎ᠲᠠᠢ ᠪᠠᠢ᠌ᠬᠤ ᠬᠡᠷᠡᠭᠲᠡᠢ᠃
      ᠢᠲᠡᠭᠡᠮᠵᠢ᠎ᠪᠠᠷ ᠰᠠᠢ᠌ᠨ ᠭᠠᠬᠠᠢ ᠵᠢᠨ ᠲᠠᠯᠠᠪᠠᠢ ᠵᠢᠨ᠎ᠬᠢᠨ ᠰᠠᠨᠠᠭ᠋ᠠᠨ᠎ᠳᠤ ᠲᠤᠬᠢᠷᠠᠭᠰᠠᠨ ᠦᠷᠡᠰ ᠭᠠᠬᠠᠢ ᠵᠢ ᠰᠤᠩᠭᠤᠵᠤ ᠦᠭᠳᠡᠭ᠃ ᠭᠡᠬᠦ᠎ᠳᠡᠭᠡᠨ ᠭᠡᠷ᠎ᠡ ᠪᠢᠴᠢᠭ ᠪᠢᠴᠢᠵᠦ᠂ ᠵᠦᠷᠢᠴᠡᠯ ᠮᠦᠷᠭᠦᠯᠳᠦᠭᠡᠨ ᠭᠠᠷᠭ᠋ᠠᠬᠤ᠎ᠠᠴᠠ ᠬᠢᠴᠢᠶᠡᠬᠦ ᠬᠡᠷᠡᠭᠲᠡᠢ᠃ ᠦᠷ᠎ᠡ ᠵᠢᠨ ᠭᠠᠬᠠᠢ ᠤᠷᠤᠭᠤᠯᠬᠤ᠎ᠳᠠᠭᠠᠨ ᠢᠯᠡᠭᠦᠬᠡᠨ ᠪᠠᠢ᠌ᠴᠠᠭ᠋ᠠᠨ ᠰᠤᠳᠤᠯᠤᠯᠲᠠ ᠬᠢᠵᠦ᠂ ᠵᠠᠷ ᠮᠡᠳᠡᠭᠡ ᠵᠢᠨ ᠦᠨᠡᠨ ᠬᠤᠳᠠᠯ᠎ᠢ᠎ᠨᠢ ᠢᠯᠭ᠋ᠠᠵᠤ ᠴᠢᠳᠠᠬᠤ ᠪᠦᠭᠡᠳ ᠦᠷ᠎ᠡ ᠵᠢᠨ ᠭᠠᠬᠠᠢ ᠬᠠᠩᠭ᠋ᠠᠬᠤ ᠲᠠᠯᠠᠪᠠᠢ ᠵᠢᠨ ᠲᠤᠰᠬᠠᠢ ᠮᠡᠷᠭᠡᠵᠢᠯᠲᠡᠨ᠎ᠤ ᠦᠭᠡ ᠵᠢ ᠴᠤ᠌ ᠨᠢᠭᠡᠮᠦᠰᠦᠨ ᠢᠲᠡᠭᠡᠵᠦ ᠪᠣᠯᠬᠣ ᠦᠭᠡᠢ ᠶᠤᠮ᠃

     (ᠢᠷᠡᠯᠲᠡ᠄ ᠦ᠊· ᠪᠤᠶᠠᠨᠳᠡᠯᠭᠡᠷ ᠨᠠᠷ᠎ᠤᠨ ᠨᠠᠢ᠌ᠷᠠᠭᠤᠯᠤᠭᠰᠠᠨ 《ᠭᠠᠬᠠᠢ ᠵᠢᠨ ᠰᠠᠢ᠌ᠨ ᠡᠭᠦᠯᠳᠡᠷ ᠰᠤᠩᠭᠤᠬᠤ ᠮᠡᠷᠭᠡᠵᠢᠯ》 ᠭᠡᠬᠦ ᠨᠤᠮ᠎ᠠᠴᠠ ᠰᠤᠩᠭᠤᠨ ᠰᠡᠢ᠌ᠷᠡᠭᠦᠯᠪᠡ᠃)

ᠢᠷᠡᠯᠲᠡ᠄ 《ᠭᠠᠬᠠᠢ ᠵᠢᠨ ᠰᠠᠢ᠌ᠨ ᠡᠭᠦᠯᠳᠡᠷ ᠰᠤᠩᠭᠤᠬᠤ ᠮᠡᠷᠭᠡᠵᠢᠯ》
          
ᠬᠠᠮᠢᠶ᠎ᠡ ᠪᠦᠬᠦᠢ ᠰᠣᠨᠢᠨ
ᠦᠨᠳᠡᠭᠡᠨ ᠲᠠᠬᠢᠶᠠᠨ᠎ᠤ ᠰᠠᠢ᠌ᠨ ᠡᠭᠦᠯᠳᠡᠷ᠎ᠤᠨ ᠪᠠᠷᠢᠮᠵᠢᠶ᠎ᠠ ᠪᠠ ᠰᠠᠢ᠌ᠨ ᠡᠭᠦᠯᠳᠡᠷ᠎ᠢ ᠢᠯᠭ᠋ᠠᠨ ᠲᠠᠨᠢᠬᠤ
ᠰᠦᠨ᠎ᠤ ᠦᠨᠢᠶᠡᠨ᠎ᠤ ᠡᠭᠦᠯᠳᠡᠷ ᠪᠠ ᠪᠡᠶ᠎ᠡ ᠪᠠᠢ᠌ᠳᠠᠯ᠎ᠤᠨ ᠤᠨᠴᠠᠯᠢᠭ (ᠨᠢᠭᠡ)
ᠲᠠᠬᠢᠶᠠᠨ᠎ᠤ ᠤᠷᠤᠨ ᠨᠤᠲᠤᠭ᠎ᠤᠨ ᠡᠭᠦᠯᠳᠡᠷ (ᠨᠢᠭᠡ)
ᠲᠠᠬᠢᠶᠠᠨ᠎ᠤ ᠤᠷᠤᠨ ᠨᠤᠲᠤᠭ᠎ᠤᠨ ᠡᠭᠦᠯᠳᠡᠷ (ᠬᠤᠶᠠᠷ)
ᠦᠷᠡᠰ ᠭᠠᠬᠠᠢ ᠤᠷᠤᠭᠤᠯᠵᠤ ᠢᠷᠡᠬᠦ ᠵᠠᠷᠴᠢᠮ ᠪᠠ ᠠᠷᠭ᠎ᠠ ᠬᠡᠮᠵᠢᠶ᠎ᠡ (ᠭᠤᠷᠪᠠ)
 
            