ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠠᠮᠤᠭᠤᠯᠠᠩᠲᠤ᠌ ᠬᠥᠳᠡᠭᠡ   -   ᠪᠠᠶᠠᠨ ᠰᠦᠷᠦᠭ
ᠰᠦᠨ᠎ᠤ ᠦᠨᠢᠶᠡᠨ᠎ᠤ ᠡᠭᠦᠯᠳᠡᠷ ᠪᠠ ᠪᠡᠶ᠎ᠡ ᠪᠠᠢ᠌ᠳᠠᠯ᠎ᠤᠨ ᠤᠨᠴᠠᠯᠢᠭ (ᠨᠢᠭᠡ)
ᠨᠡᠶ᠋ᠢᠲᠡᠯᠡᠭᠰᠡᠨ ᠴᠠᠭ᠄ 2020-04-02

      ᠬᠤᠯᠰᠲᠸᠢᠢ᠍ᠨ ᠦᠬᠡᠷ
      ᠤᠤᠯ᠎ᠳᠠᠭᠠᠨ ᠬᠤᠯᠠᠨᠳ᠋ ᠦᠬᠡᠷ ᠭᠡᠵᠦ ᠨᠡᠷᠡᠢ᠌ᠳᠴᠦ ᠪᠠᠢ᠌ᠵᠠᠢ᠃ ᠲᠤᠰ ᠡᠭᠦᠯᠳᠡᠷ᠎ᠤᠨ ᠦᠬᠡᠷ ᠪᠤᠯ ᠡᠷᠲᠡᠨ᠎ᠤ ᠰᠦᠨ ᠬᠡᠷᠡᠭᠯᠡᠭᠦᠨᠲᠦ ᠡᠭᠦᠯᠳᠡᠷ᠎ᠤᠨ ᠦᠬᠡᠷ ᠪᠤᠯᠤᠨ᠎ᠠ᠂ ᠶᠡᠷᠦ᠎ᠳᠡᠭᠡᠨ ᠬᠤᠯᠠᠨᠳ᠋᠎ᠲᠤ ᠤᠭ ᠭᠠᠷᠤᠯ᠎ᠲᠠᠢ ᠬᠠᠷ᠎ᠠ ᠠᠯᠠᠭ ᠰᠦᠨ᠎ᠤ ᠦᠨᠢᠶ᠎ᠡ ᠵᠢ ᠵᠢᠭ᠋ᠠᠵᠤ ᠪᠤᠢ᠃
      ᠬᠤᠯᠰᠲᠸᠢᠢ᠍ᠨ (Holstenins) ᠦᠬᠡᠷ᠎ᠤᠨ ᠵᠢᠰᠦᠮ᠎ᠤᠨ ᠤᠨᠴᠠᠯᠢᠭ᠎ᠨᠢ ᠭᠡᠪᠡᠯ᠂ ᠪᠡᠶ᠎ᠡ ᠵᠢᠨ ᠬᠤᠢ᠌ᠲᠤ ᠬᠡᠰᠡᠭ᠎ᠨᠢ ᠡᠮᠦᠨ᠎ᠡ ᠬᠡᠰᠡᠭ᠎ᠠᠴᠠ᠎ᠪᠠᠨ ᠪᠦᠢ᠍ᠵᠢᠯᠲᠡ ᠰᠠᠢ᠌ᠲᠠᠢ᠂ ᠪᠦᠬᠦᠢ᠌ᠯᠡ ᠪᠡᠶ᠎ᠡ ᠵᠢᠨ ᠬᠡᠯᠪᠡᠷᠢ᠎ᠨᠢ ᠱᠠᠭ᠋ᠠᠨᠳᠠᠭ ᠬᠡᠯᠪᠡᠷᠢᠲᠡᠢ᠂ ᠳᠡᠯᠡᠩ᠎ᠨᠢ ᠲᠤᠮᠤ ᠪᠦᠭᠡᠳ ᠳᠡᠯᠡᠩ᠎ᠤᠨ ᠪᠤᠯᠴᠢᠷᠬᠠᠢ ᠵᠢᠨ ᠪᠦᠢ᠍ᠵᠢᠯᠲᠡ᠎ᠨᠢ ᠰᠠᠢ᠌ᠨ ᠪᠠᠢ᠌ᠳᠠᠭ᠃ ᠡᠪᠡᠷ᠎ᠨᠢ ᠨᠠᠷᠢᠨ ᠮᠦᠷᠲᠡᠭᠡᠨ ᠪᠤᠭᠤᠨᠢ᠂ ᠤᠯᠠᠩᠬᠢ᠎ᠨᠢ ᠡᠮᠦᠰᠢ᠎ᠪᠠᠨ ᠬᠤᠮᠢᠵᠤ ᠤᠷᠭᠤᠳᠠᠭ᠃ ᠵᠢᠰᠦᠮ᠎ᠨᠢ ᠬᠠᠷ᠎ᠠ ᠠᠯᠠᠭ

(ᠰᠢᠷ᠎ᠠ ᠠᠯᠠᠭ ᠪᠠᠰᠠ ᠪᠤᠢ) ᠪᠦᠭᠡᠳ ᠮᠠᠩᠨᠠᠢ ᠳᠡᠭᠡᠷ᠎ᠡ᠎ᠨᠢ ᠴᠠᠭ᠋ᠠᠨ ᠤᠳᠤ᠎ᠲᠠᠢ ᠪᠠᠢ᠌ᠳᠠᠭ᠃ ᠬᠡᠪᠡᠯᠢ᠂ ᠰᠡᠭᠦᠯ᠂ ᠳᠦᠷᠪᠡᠨ ᠮᠦᠴᠢ ᠵᠢᠨ ᠳᠤᠤᠷᠠᠳᠤ ᠬᠡᠰᠡᠭ᠎ᠨᠢ ᠴᠤᠯ ᠴᠠᠭ᠋ᠠᠨ ᠶᠤᠮ᠃ ᠳᠡᠯᠡᠩ᠎ᠤᠨ ᠬᠦᠬᠡ ᠰᠤᠳᠠᠯ᠎ᠨᠢ ᠬᠦᠭᠵᠢᠯᠲᠡᠢ᠂ ᠰᠦ ᠱᠦᠭᠦᠷᠡᠯ᠎ᠤᠨ ᠬᠤᠭᠤᠴᠠᠭ᠋ᠠᠨ᠎ᠳᠠᠬᠢ ᠰᠦᠨ᠎ᠤ ᠭᠠᠷᠤᠯᠲᠠ᠎ᠨᠢ ᠶᠡᠷᠦ᠎ᠳᠡᠭᠡᠨ4500 ~ 5500 ᠺᠢᠯᠤᠭ᠌ᠷᠡᠮ᠎ᠳᠤ ᠬᠦᠷᠴᠦ᠂ ᠰᠦᠨ᠎ᠤ ᠲᠤᠰᠤᠯᠢᠭ᠎ᠤᠨ ᠨᠤᠷᠮ᠎ᠠ᠎ᠨᠢ 3.2%~3.4% ᠪᠠᠢ᠌ᠳᠠᠭ᠃ ᠪᠤᠬᠠᠨ᠎ᠤ ᠪᠡᠶ᠎ᠡ ᠵᠢᠨ ᠬᠦᠨᠳᠦ᠎ᠨᠢ 800 ~1000 ᠺᠢᠯᠦᠭᠷᠡᠮ᠂ ᠦᠨᠢᠶᠡᠨ᠎ᠤ ᠬᠢᠨᠢ 500 ~ 600 ᠺᠢᠯᠦᠭᠷᠡᠮ ᠪᠤᠯᠤᠨ᠎ᠠ᠃ ᠨᠢᠳᠦᠯᠦᠯᠲᠡ ᠵᠢᠨ ᠨᠤᠷᠮ᠎ᠠ᠎ᠨᠢ 55%~58% ᠪᠤᠯᠬᠤ ᠶᠤᠮ᠃
      ᠮᠠᠰᠢ ᠤᠯᠠᠨ ᠤᠯᠤᠰ᠎ᠨᠢ ᠲᠤᠰ ᠡᠭᠦᠯᠳᠡᠷ᠎ᠤᠨ ᠦᠬᠡᠷ᠎ᠢ ᠤᠷᠤᠭᠤᠯᠤᠭᠰᠠᠨ ᠳᠠᠷᠠᠭ᠎ᠠ᠂ ᠤᠷᠲᠤ ᠬᠤᠭᠤᠴᠠᠭ᠎ᠠ᠎ᠪᠠᠷ ᠰᠤᠩᠭᠤᠨ ᠪᠤᠢ᠌ᠵᠢᠭᠤᠯᠬᠤ ᠪᠤᠶᠤ ᠲᠤᠰ ᠭᠠᠵᠠᠷ ᠤᠷᠤᠨ᠎ᠤ᠎ᠪᠠᠨ ᠦᠬᠡᠷ᠎ᠲᠠᠢ ᠡᠷᠯᠢᠰᠡᠵᠢᠭᠦᠯᠵᠦ ᠪᠠᠢ᠌ᠭ᠋ᠠᠳ ᠲᠤᠬᠠᠢ ᠵᠢᠨ ᠭᠠᠵᠠᠷ ᠤᠷᠤᠨ᠎ᠤ ᠨᠦᠭᠦᠴᠡᠯ᠎ᠳᠤ ᠵᠤᠬᠢᠴᠠᠭᠰᠠᠨ ᠰᠦᠨ ᠬᠡᠷᠡᠭᠯᠡᠭᠦᠨᠲᠦ ᠦᠬᠡᠷ (ᠬᠠᠷ᠎ᠠ ᠠᠯᠠᠭ ᠰᠦᠨ᠎ᠤ ᠦᠨᠢᠶ᠎ᠡ)᠎ᠢ ᠪᠤᠢ᠌ᠵᠢᠭᠤᠯᠵᠤ ᠭᠠᠷᠭ᠋ᠠᠭᠰᠠᠨ ᠪᠠᠢ᠌ᠨ᠎ᠠ᠃ ᠡᠢ᠌ᠮᠦᠷᠬᠦᠦ ᠦᠬᠡᠷ᠎ᠤᠨ ᠳᠦᠷᠰᠦ ᠪᠠᠢ᠌ᠳᠠᠯ᠎ᠨᠢ ᠠᠳᠠᠯᠢ ᠪᠤᠰᠤ ᠤᠨᠴᠠᠯᠢᠭ᠎ᠲᠠᠢ ᠪᠤᠯᠤᠭᠰᠠᠨ ᠪᠤᠯᠬᠤᠷ᠂ ᠠᠯᠢ ᠤᠯᠤᠰ᠎ᠨᠢ ᠡᠷᠯᠢᠰᠡᠵᠢᠭᠦᠯᠦᠨ ᠪᠤᠢ᠌ᠵᠢᠭᠤᠯᠤᠭᠰᠠᠰᠨ ᠪᠤᠯ ᠲᠡᠷᠡ ᠤᠯᠤᠰ᠎ᠤᠨ ᠨᠡᠷ᠎ᠡ᠎ᠪᠠᠷ ᠨᠡᠷᠡᠢ᠌ᠳᠦᠭᠰᠡᠨ ᠪᠠᠢ᠌ᠨ᠎ᠠ᠃ ᠵᠢᠱ᠌ᠢᠶᠡᠯᠡᠪᠡᠯ ᠠᠮᠸᠷᠢᠺᠡ ᠵᠢᠨ ᠬᠤᠯᠰᠲᠸᠢᠢ᠍ᠨ ᠦᠬᠡᠷ᠂ ᠺᠠᠨᠠᠳᠠ ᠵᠢᠨ ᠬᠤᠯᠰᠲᠸᠢᠢ᠍ᠨ ᠦᠬᠡᠷ᠂ ᠶᠠᠫᠤᠨ᠎ᠤ ᠬᠤᠯᠰᠲᠸᠢᠢ᠍ᠨ ᠦᠬᠡᠷ᠂ ᠳᠤᠮᠳᠠᠳᠤ ᠵᠢᠨ ᠬᠤᠯᠰᠲᠸᠢᠢ᠍ᠨ ᠦᠬᠡᠷ ᠭᠡᠬᠦ ᠮᠡᠲᠦ᠎ᠪᠠᠷ ᠨᠡᠷᠡᠢ᠌ᠳᠪᠡ᠃ ᠡᠢ᠌ᠮᠦ ᠦᠬᠡᠷ᠎ᠤᠨ ᠵᠠᠩ ᠠᠭ᠋ᠠᠯᠢ᠎ᠨᠢ ᠨᠤᠮᠤᠬᠠᠨ᠂ ᠵᠤᠬᠢᠴᠠᠬᠤ ᠴᠢᠨᠠᠷ ᠵᠶ᠋ᠠᠷ ᠰᠠᠢ᠌ᠨ᠂ ᠤᠳᠤᠮᠯᠠᠯ᠎ᠤᠨ ᠴᠢᠨᠠᠷ᠎ᠨᠢ ᠴᠢᠩᠭ᠎ᠠ᠂ ᠰᠦᠨ᠎ᠤ ᠭᠠᠷᠤᠯᠲᠠ᠎ᠨᠢ ᠦᠨᠳᠦᠷ᠂ ᠰᠦᠨ᠎ᠤ ᠴᠢᠨᠠᠷ ᠴᠢᠨᠰᠠᠭ᠎ᠠ᠎ᠨᠢ ᠰᠠᠢ᠌ᠨ᠂ ᠰᠦᠨ᠎ᠳᠠᠬᠢ ᠰᠦᠨ ᠲᠤᠰᠤ ᠪᠤᠯᠤᠨ ᠤᠭᠤᠷᠠᠭ᠎ᠤᠨ ᠠᠭᠤᠯᠤᠭᠳᠠᠴᠠ᠎ᠨᠢ ᠪᠦᠷ ᠨᠡᠯᠢᠶᠡᠳ ᠦᠨᠳᠦᠷ ᠪᠠᠢ᠌ᠳᠠᠭ᠃ ᠭᠡᠪᠡᠴᠦ ᠡᠪᠡᠳᠴᠢᠨ ᠡᠰᠡᠷᠭᠦᠴᠡᠬᠦ ᠪᠠ ᠬᠠᠯᠠᠭᠤᠨ᠎ᠳᠤ ᠲᠡᠰᠪᠦᠷᠢᠲᠡᠢ ᠴᠢᠳᠠᠪᠤᠷᠢ᠎ᠨᠢ ᠪᠠᠷᠤᠭᠲᠠᠢ ᠪᠦᠭᠡᠳ ᠲᠡᠵᠢᠭᠡᠯ ᠡᠪᠡᠰᠦ ᠪᠤᠷᠳᠤᠭ᠎ᠠ ᠵᠢᠨ ᠱᠠᠭ᠋ᠠᠷᠳᠠᠯᠭ᠎ᠠ᠎ᠨᠢ ᠴᠤ᠌ ᠨᠡᠯᠢᠶᠡᠳ ᠦᠨᠳᠦᠷ ᠪᠠᠢ᠌ᠳᠠᠭ᠃
      ᠤᠳᠤᠬᠠᠨ᠎ᠳᠤ ᠮᠠᠨ᠎ᠤ ᠤᠷᠤᠨ᠎ᠤ ᠰᠦᠨ᠎ᠤ ᠦᠨᠢᠶᠡᠨ᠎ᠤ ᠤᠯᠠᠩᠬᠢ᠎ᠨᠢ ᠳᠤᠮᠳᠠᠳᠤ ᠵᠢᠨ ᠬᠤᠯᠰᠲᠸᠢᠢ᠍ᠨ ᠦᠬᠡᠷ (ᠬᠠᠷ᠎ᠠ ᠠᠯᠠᠭ ᠰᠦᠨ᠎ᠤ ᠦᠨᠢᠶ᠎ᠡ) ᠪᠤᠯᠤᠨ᠎ᠠ᠃ ᠭᠤᠤᠯᠳᠠᠭᠤ ᠬᠦᠬᠡᠬᠤᠲᠠ᠂ ᠪᠤᠭᠤᠲᠤ᠂ ᠬᠦᠯᠦᠨ ᠪᠦᠢ᠍ᠷ᠎ᠲᠤ ᠲᠠᠷᠬᠠᠵᠤ ᠪᠠᠢ᠌ᠬᠤ ᠪᠦᠭᠡᠳ ᠪᠤᠰᠤᠳ ᠠᠢ᠌ᠮᠠᠭ ᠬᠤᠲᠠ ᠪᠠᠯᠭ᠋ᠠᠰᠤᠨ᠎ᠳᠤ ᠪᠠᠰᠠ ᠲᠦᠪᠯᠡᠷᠡᠭᠦᠯᠦᠨ ᠮᠠᠯᠵᠢᠵᠤ ᠪᠤᠢ᠃ ᠪᠤᠢ ᠪᠦᠬᠦᠢ ᠡᠭᠦᠯᠳᠡᠷ᠎ᠤᠨ ᠰᠦᠨ᠎ᠤ ᠦᠨᠢᠶᠡᠨ ᠳᠤᠲᠤᠷ᠎ᠠ ᠬᠤᠯᠰᠲᠸᠢᠢ᠍ᠨ ᠦᠬᠡᠷ᠎ᠤᠨ ᠰᠦᠨ᠎ᠤ ᠭᠠᠷᠤᠯᠲᠠ᠎ᠨᠢ ᠬᠠᠮᠤᠭ᠎ᠠᠴᠠ ᠦᠨᠳᠦᠷ ᠪᠠᠢ᠌ᠳᠠᠭ᠃ ᠠᠳᠠᠯᠢ ᠪᠤᠰᠤ ᠭᠠᠵᠠᠷ ᠤᠷᠤᠨ᠎ᠳᠤ ᠮᠠᠯᠵᠢᠵᠤ ᠪᠠᠢ᠌ᠭ᠎ᠠ ᠮᠠᠨ᠎ᠤ ᠤᠯᠤᠰ᠎ᠤᠨ ᠬᠤᠯᠰᠲᠸᠢᠢ᠍ᠨ ᠦᠬᠡᠷ᠎ᠤᠨ ᠰᠦᠨ᠎ᠤ ᠭᠠᠷᠤᠯᠲᠠ᠎ᠨᠢ ᠴᠤ᠌ ᠮᠠᠰᠢ ᠶᠡᠬᠡ ᠵᠦᠷᠢᠶᠡᠨ᠎ᠲᠠᠢ ᠶᠤᠮ᠃ ᠡᠨᠡ᠎ᠨᠢ ᠡᠯ᠎ᠡ ᠭᠠᠵᠠᠷ ᠤᠷᠤᠨ᠎ᠤ ᠠᠷᠠᠴᠢᠯᠠᠨ ᠬᠠᠮᠢᠶᠠᠷᠤᠯᠲᠠ ᠵᠢᠨ ᠨᠦᠬᠦᠴᠡᠯ᠎ᠲᠠᠢ ᠮᠠᠰᠢ ᠶᠡᠬᠡ ᠬᠤᠯᠪᠤᠭᠳᠠᠯ᠎ᠲᠠᠢ ᠪᠢᠯᠡ᠃ ᠤᠯᠠᠩᠬᠢ ᠭᠠᠵᠠᠷ ᠤᠷᠤᠨ᠎ᠤ ᠬᠤᠯᠰᠲᠸᠢᠢ᠍ᠨ ᠦᠬᠡᠷ ᠪᠦᠷᠢ ᠵᠢᠨ ᠵᠢᠯ᠎ᠤᠨ ᠳᠤᠮᠳᠠᠴᠢ ᠰᠦᠨ᠎ᠤ ᠭᠠᠷᠤᠯᠲᠠ᠎ᠨᠢ 5000 ᠺᠢᠯᠦᠭᠷᠡᠮ ᠤᠷᠴᠢᠮ ᠪᠠᠢ᠌ᠵᠤ᠂ ᠮᠠᠨ᠎ᠤ ᠤᠷᠤᠨ᠎ᠤ ᠵᠢᠯ᠎ᠤᠨ ᠳᠤᠮᠳᠠᠴᠢ ᠰᠦᠨ᠎ᠤ ᠭᠠᠷᠤᠯᠲᠠ᠎ᠨᠢ ᠪᠠᠷᠤᠭ 5000 ᠺᠢᠯᠦᠭᠷᠡᠮ ᠤᠷᠴᠢᠮ ᠪᠦᠭᠡᠳ ᠬᠦᠬᠡᠬᠤᠲᠠ ᠵᠢᠨ ᠵᠢᠯ᠎ᠤᠨ ᠳᠤᠮᠳᠠᠴᠢ ᠰᠦᠨ᠎ᠤ ᠭᠠᠷᠤᠯᠲᠠ᠎ᠨᠢ ᠬᠠᠷᠢᠨ 5000 ᠺᠢᠯᠦᠭᠷᠡᠮ᠎ᠠᠴᠠ ᠳᠠᠪᠠᠭᠰᠠᠨ ᠪᠠᠢ᠌ᠨ᠎ᠠ᠃ ᠪᠡᠭᠡᠵᠢᠩ᠂ ᠱᠠᠩᠬᠠᠢ ᠵᠡᠷᠭᠡ ᠠᠷᠠᠴᠢᠯᠠᠨ ᠬᠠᠮᠢᠶᠠᠷᠤᠯᠲᠠ ᠵᠢᠨ ᠨᠦᠬᠦᠴᠡᠯ ᠵᠶ᠋ᠡᠷ ᠨᠡᠯᠢᠶᠡᠳ ᠰᠠᠢ᠌ᠨ ᠮᠦᠷᠲᠡᠭᠡᠨ ᠡᠭᠦᠯᠳᠡᠷ ᠪᠤᠢ᠌ᠵᠢᠭᠤᠯᠬᠤ ᠮᠡᠷᠭᠡᠵᠢᠯ ᠵᠶ᠋ᠡᠷ ᠴᠤ᠌ ᠨᠡᠯᠢᠶᠡᠳ ᠦᠨᠳᠦᠷ ᠭᠠᠵᠠᠷ ᠤᠷᠤᠨ᠎ᠤ ᠬᠤᠯᠰᠲᠸᠢᠢ᠍ᠨ ᠦᠬᠡᠷ ᠪᠦᠷᠢ ᠵᠢᠨ ᠵᠢᠯ᠎ᠤᠨ ᠳᠤᠮᠳᠠᠴᠢ ᠰᠦᠨ᠎ᠤ ᠭᠠᠷᠤᠯᠲᠠ᠎ᠨᠢ 8000 ᠺᠢᠯᠦᠭᠷᠡᠮ᠎ᠠᠴᠠ ᠳᠡᠭᠡᠭᠰᠢ ᠪᠠᠢ᠌ᠳᠠᠭ᠃ ᠭᠡᠲᠡᠯ᠎ᠡ ᠠᠷᠠᠴᠢᠯᠠᠨ ᠬᠠᠮᠢᠶᠠᠷᠤᠯᠲᠠ ᠵᠢᠨ ᠨᠦᠭᠦᠴᠡᠯ ᠵᠶ᠋ᠡᠷ ᠨᠡᠯᠢᠶᠡᠳ ᠪᠠᠷᠤᠭᠲᠠᠢ ᠭᠠᠵᠠᠷ ᠤᠷᠤᠨ᠎ᠤ ᠬᠤᠯᠰᠲᠸᠢᠢ᠍ᠨ ᠦᠬᠡᠷ ᠪᠦᠷᠢ ᠵᠢᠨ ᠵᠢᠯ᠎ᠤᠨ ᠳᠤᠮᠳᠠᠴᠢ ᠰᠦᠨ᠎ᠤ ᠭᠠᠷᠤᠯᠲᠠ᠎ᠨᠢ ᠵᠦᠪᠬᠡᠨ 3000 ᠺᠢᠯᠦᠭᠷᠡᠮ ᠤᠷᠴᠢᠮ ᠪᠠᠢ᠌ᠳᠠᠭ᠃
      ᠮᠠᠨ᠎ᠤ ᠤᠯᠤᠰ᠎ᠤᠨ ᠬᠤᠯᠰᠲᠸᠢᠢ᠍ᠨ ᠦᠬᠡᠷ᠎ᠤᠨ ᠪᠤᠬᠠᠨ᠎ᠤ ᠪᠡᠶ᠎ᠡ ᠵᠢᠨ ᠦᠨᠳᠦᠷ᠎ᠨᠢ 155 ᠰᠡᠨᠲ᠋ᠢᠮᠸᠲᠷ᠂ ᠦᠨᠢᠶᠡᠨ᠎ᠤ ᠬᠢᠨᠢ 130 ~135 ᠰᠡᠨᠲ᠋ᠢᠮᠸᠲᠷ᠂ ᠪᠤᠬᠠᠨ᠎ᠤ ᠪᠡᠶ᠎ᠡ ᠵᠢᠨ ᠤᠷᠲᠤ᠎ᠨᠢ 200 ᠰᠡᠨᠲ᠋ᠢᠮᠸᠲᠷ᠂ ᠦᠨᠢᠶᠡᠨ᠎ᠤ ᠬᠢᠨᠢ 160 ~170 ᠰᠡᠨᠲ᠋ᠢᠮᠸᠲᠷ᠂ ᠪᠤᠬᠠᠨ᠎ᠤ ᠪᠡᠶ᠎ᠡ ᠵᠢᠨ ᠬᠦᠨᠳᠦ᠎ᠨᠢ 1100 ᠺᠢᠯᠦᠭᠷᠡᠮ᠂ ᠦᠨᠢᠶᠡᠨ᠎ᠤ ᠬᠢᠨᠢ 580 ~ 600 ᠺᠢᠯᠦᠭᠷᠡᠮ ᠪᠤᠯᠤᠨ᠎ᠠ᠃
     (ᠢᠷᠡᠯᠲᠡ᠄ ᠴᠸᠨ ᠪᠠᠭ᠋ᠠᠲᠤᠷ᠂ ᠢ᠊ · ᠰᠤᠶᠤᠯᠲᠤ ᠨᠠᠷ᠎ᠤᠨ ᠨᠠᠢ᠌ᠷᠠᠭᠤᠯᠤᠭᠰᠠᠨ 《ᠰᠦᠨ᠎ᠤ ᠦᠨᠢᠶᠡᠨ᠎ᠤ ᠠᠷᠠᠴᠢᠯᠠᠭ᠎ᠠ ᠲᠡᠵᠢᠭᠡᠯᠭᠡ ᠵᠢᠨ ᠠᠷᠭ᠎ᠠ ᠮᠡᠷᠭᠡᠵᠢᠯ》 ᠭᠡᠬᠦ ᠨᠤᠮ᠎ᠠᠴᠠ ᠰᠤᠩᠭᠤᠨ ᠰᠡᠢ᠌ᠷᠡᠭᠦᠯᠪᠡ᠃)

ᠢᠷᠡᠯᠲᠡ᠄ 《ᠰᠦᠨ᠎ᠤ ᠦᠨᠢᠶᠡᠨ᠎ᠤ ᠠᠷᠠᠴᠢᠯᠠᠭ᠎ᠠ ᠲᠡᠵᠢᠭᠡᠯᠭᠡ ᠵᠢᠨ ᠠᠷᠭ᠎ᠠ ᠮᠡᠷᠭᠡᠵᠢᠯ》
          
ᠬᠠᠮᠢᠶ᠎ᠡ ᠪᠦᠬᠦᠢ ᠰᠣᠨᠢᠨ
ᠲᠠᠬᠢᠶᠠᠨ᠎ᠤ ᠤᠷᠤᠨ ᠨᠤᠲᠤᠭ᠎ᠤᠨ ᠡᠭᠦᠯᠳᠡᠷ (ᠨᠢᠭᠡ)
ᠲᠠᠬᠢᠶᠠᠨ᠎ᠤ ᠤᠷᠤᠨ ᠨᠤᠲᠤᠭ᠎ᠤᠨ ᠡᠭᠦᠯᠳᠡᠷ (ᠬᠤᠶᠠᠷ)
ᠦᠷᠡᠰ ᠭᠠᠬᠠᠢ ᠤᠷᠤᠭᠤᠯᠵᠤ ᠢᠷᠡᠬᠦ ᠵᠠᠷᠴᠢᠮ ᠪᠠ ᠠᠷᠭ᠎ᠠ ᠬᠡᠮᠵᠢᠶ᠎ᠡ (ᠭᠤᠷᠪᠠ)
ᠦᠷᠡᠰ ᠭᠠᠬᠠᠢ ᠤᠷᠤᠭᠤᠯᠵᠤ ᠢᠷᠡᠬᠦ ᠵᠠᠷᠴᠢᠮ ᠪᠠ ᠠᠷᠭ᠎ᠠ ᠬᠡᠮᠵᠢᠶ᠎ᠡ (ᠬᠤᠶᠠᠷ)
ᠰᠦᠨ᠎ᠤ ᠦᠨᠢᠶᠡᠨ᠎ᠤ ᠡᠭᠦᠯᠳᠡᠷ ᠪᠠ ᠪᠡᠶ᠎ᠡ ᠪᠠᠢ᠌ᠳᠠᠯ᠎ᠤᠨ ᠤᠨᠴᠠᠯᠢᠭ (ᠬᠤᠶᠠᠷ)
 
            