ᠬᠤᠷᠴᠢᠨ ᠦᠬᠡᠷ
ᠲᠤᠰ ᠡᠭᠦᠯᠳᠡᠷ᠎ᠤᠨ ᠦᠬᠡᠷ ᠪᠣᠯ ᠰᠦ ᠮᠢᠬᠠᠨ᠎ᠤ ᠬᠣᠣᠰ ᠬᠡᠷᠡᠭᠯᠡᠭᠦᠨᠲᠦ ᠡᠭᠦᠯᠳᠡᠷ᠎ᠤᠨ ᠦᠬᠡᠷ ᠮᠦᠨ᠃ ᠬᠤᠷᠴᠢᠨ ᠦᠬᠡᠷ᠎ᠢ ᠪᠣᠯ ᠰᠢᠮᠧᠨ᠋ᠲᠠᠷ ᠦᠬᠡᠷ᠂ ᠮᠣᠩᠭᠣᠯ ᠦᠬᠡᠷ᠂ ᠭᠤᠷᠪᠠᠨ ᠭᠣᠣᠯ᠎ᠤᠨ ᠦᠬᠡᠷ᠎ᠢ ᠬᠠᠮᠲᠤᠷᠠᠭᠤᠯᠤᠨ ᠬᠡᠷᠡᠭᠯᠡᠵᠦ ᠬᠠᠷᠢᠯᠴᠠᠨ ᠡᠷᠯᠢᠰᠡᠵᠢᠭᠦᠯᠵᠦ ᠪᠠᠢ᠌ᠭ᠋ᠠᠳ ᠪᠤᠢ᠌ᠵᠢᠭᠤᠯᠵᠤ ᠭᠠᠷᠭ᠋ᠠᠭᠰᠠᠨ ᠶᠣᠮ᠃ ᠲᠡᠷᠡ᠎ᠨᠢ ᠭᠤᠤᠯᠳᠠᠭᠤ ᠮᠠᠨ᠎ᠤ ᠤᠷᠤᠨ᠎ᠤ ᠵᠡᠭᠦᠨ ᠤᠷᠤᠨ᠎ᠳᠤ ᠲᠠᠷᠬᠠᠵᠤ ᠪᠣᠢ᠃
ᠬᠤᠷᠴᠢᠨ ᠦᠬᠡᠷ᠎ᠤᠨ ᠰᠦ ᠱᠦᠭᠦᠷᠡᠯ᠎ᠤᠨ ᠬᠤᠭᠤᠴᠠᠭ᠎ᠠ᠎ᠨᠢ ᠶᠡᠷᠦ᠎ᠳᠡᠭᠡᠨ 277 ᠡᠳᠦᠷ ᠪᠠᠢ᠌ᠵᠤ᠂ ᠵᠢᠯ᠎ᠤᠨ ᠳᠤᠮᠳᠠᠴᠢ ᠰᠦᠨ᠎ᠤ ᠭᠠᠷᠤᠯᠲᠠ᠎ᠨᠢ 3210 ᠺᠢᠯᠦᠭᠷᠡᠮ ᠪᠠᠢ᠌ᠳᠠᠭ᠃ 120 ᠡᠳᠦᠷ ᠪᠡᠯᠴᠢᠭᠡᠷᠯᠡᠭᠦᠯᠵᠦ ᠮᠠᠯᠵᠢᠭᠰᠠᠨ ᠬᠤᠷᠴᠢᠨ ᠦᠬᠡᠷ ᠪᠦᠷᠢ ᠵᠢᠨ ᠵᠢᠯ᠎ᠤᠨ ᠳᠤᠮᠳᠠᠴᠢ ᠰᠦᠨ᠎ᠤ ᠭᠠᠷᠤᠯᠲᠠ᠎ᠨᠢ 1256 ᠺᠢᠯᠦᠭᠷᠡᠮ᠂ ᠰᠦᠨ᠎ᠤ ᠲᠤᠰᠤᠯᠢᠭ᠎ᠤᠨ ᠨᠣᠷᠮ᠎ᠠ᠎ᠨᠢ 4.17% ᠪᠣᠯᠣᠨ᠎ᠠ᠃
(ᠢᠷᠡᠯᠲᠡ᠄ ᠴᠧᠨ ᠪᠠᠭ᠋ᠠᠲᠤᠷ᠂ ᠢ᠊ · ᠰᠤᠶᠤᠯᠲᠤ᠂ ᠤᠷᠠᠨᠴᠢᠮᠡᠭ᠂ ᠰᠡᠴᠡᠨᠪᠢᠯᠢᠭ᠂ ᠨᠠᠰᠤᠨᠳᠠᠯᠭᠡᠷ᠂ ᠨᠠᠷᠠᠨ ᠨᠠᠷ᠎ᠤᠨ ᠨᠠᠶ᠋ᠢᠷᠠᠭᠤᠯᠤᠨ ᠵᠤᠬᠢᠶᠠᠭᠰᠠᠨ 《ᠰᠦᠨ᠎ᠤ ᠦᠨᠢᠶᠡᠨ᠎ᠤ ᠠᠷᠠᠴᠢᠯᠠᠭ᠎ᠠ ᠲᠡᠵᠢᠭᠡᠯᠭᠡ ᠵᠢᠨ ᠠᠷᠭ᠎ᠠ ᠮᠡᠷᠭᠡᠵᠢᠯ》 ᠭᠡᠬᠦ ᠨᠤᠮ᠎ᠠᠴᠠ ᠰᠤᠩᠭᠤᠨ ᠰᠡᠶ᠋ᠢᠷᠡᠭᠦᠯᠪᠡ᠃)