ᠦᠬᠡᠷ ᠬᠣᠨᠢ ᠵᠢ ᠲᠠᠬᠢᠶ᠎ᠠ ᠭᠠᠬᠠᠢ ᠵᠢᠨ ᠲᠡᠵᠢᠭᠡᠯ ᠪᠣᠷᠳᠣᠭ᠎ᠠ᠎ᠪᠠᠷ ᠲᠡᠵᠢᠭᠡᠵᠦ ᠪᠣᠯᠬᠤ ᠦᠭᠡᠢ᠃ ᠮᠠᠨ᠎ᠤ ᠤᠯᠤᠰ᠎ᠲᠤ᠂ ᠣᠷᠳᠣ ᠬᠤᠭᠤᠴᠠᠭ᠋ᠠᠨ᠎ᠤ ᠲᠤᠷᠰᠢ ᠨᠠᠷᠠᠲᠠᠢ ᠦᠢ᠍ᠯᠡᠳᠪᠦᠷᠢ ᠵᠢᠨ᠎ᠬᠢᠨ ᠲᠠᠬᠢᠶ᠎ᠠ ᠭᠠᠬᠠᠢ ᠵᠢᠨ ᠪᠣᠷᠳᠣᠭ᠎ᠠ ᠪᠣᠯᠪᠠᠰᠤᠷᠠᠭᠤᠯᠬᠤ᠎ᠪᠠᠷ ᠭᠣᠣᠯ ᠪᠣᠯᠭ᠋ᠠᠭᠰᠠᠭ᠋ᠠᠷ ᠢᠷᠡᠵᠡᠶ᠃ ᠶᠡᠷᠦᠩᠬᠡᠢ᠎ᠳᠤ᠎ᠨᠢ ᠠᠪᠴᠤ ᠬᠡᠯᠡᠪᠡᠯ ᠦᠬᠡᠷ ᠬᠣᠨᠢᠨ᠎ᠤ ᠲᠡᠵᠢᠭᠡᠯ ᠪᠣᠷᠳᠣᠭ᠎ᠠ ᠵᠢ ᠨᠡᠭᠡᠭᠡᠨ ᠠᠰᠢᠭᠯᠠᠵᠤ ᠬᠡᠷᠡᠭᠯᠡᠭᠰᠡᠨ᠎ᠨᠢ ᠬᠠᠷᠢᠴᠠᠩᠭᠤᠢ᠎ᠪᠠᠷ ᠬᠣᠵᠢᠭᠳᠠᠵᠤ ᠪᠠᠢ᠌ᠬᠤ ᠤᠴᠢᠷ᠎ᠠᠴᠠ ᠵᠠᠬ᠎ᠠ ᠳᠡᠯᠭᠡᠭᠦᠷ ᠳᠡᠭᠡᠷ᠎ᠡ ᠦᠬᠡᠷ ᠬᠣᠨᠢ ᠲᠡᠵᠢᠭᠡᠬᠦ᠎ᠳᠤ ᠬᠡᠷᠡᠭᠯᠡᠬᠦ ᠲᠡᠵᠢᠭᠡᠯ ᠪᠣᠷᠳᠣᠭ᠋ᠠᠨ᠎ᠤ ᠨᠡᠷᠡᠳᠥ ᠲᠥᠷᠥᠯ ᠲᠡᠮᠳᠡᠭᠲᠦ ᠨᠡᠯᠢᠶᠡᠳ ᠴᠥᠭᠡᠨ ᠪᠠᠢ᠌ᠬᠤ ᠵᠢᠨ ᠳᠡᠭᠡᠷ᠎ᠡ ᠦᠬᠡᠷ ᠬᠣᠨᠢᠨ᠎ᠤ ᠲᠤᠰᠬᠠᠢ ᠬᠡᠷᠡᠭᠯᠡᠬᠦ ᠲᠡᠵᠢᠭᠡᠯ ᠪᠣᠷᠳᠣᠭ᠎ᠠ ᠵᠢ ᠦᠢ᠍ᠯᠡᠳᠪᠦᠷᠢᠯᠡᠬᠦ᠂ ᠪᠣᠷᠣᠯᠠᠭᠤᠯᠬᠤ ᠲᠠᠯ᠎ᠠ᠎ᠪᠠᠷ ᠳᠡᠮᠡᠢ ᠬᠥᠭᠵᠢᠭᠰᠡᠨ ᠦᠭᠡᠢ᠂ ᠲᠠᠷᠢᠶᠠᠴᠢᠨ ᠡᠷᠥᠭᠡ ᠵᠢᠨ ᠦᠬᠡᠷ ᠬᠣᠨᠢᠨ᠎ᠤ ᠲᠡᠵᠢᠭᠡᠯ ᠪᠣᠷᠳᠣᠭ᠎ᠠ ᠵᠢᠨ ᠲᠤᠬᠠᠢ ᠶᠡᠷᠦ ᠵᠢᠨ ᠮᠡᠳᠡᠯᠭᠡ ᠬᠦᠷᠦᠯᠴᠡᠬᠦ ᠦᠭᠡᠢ ᠪᠥᠭᠡᠳ ᠣᠯᠠᠩᠬᠢ᠎ᠳᠠᠭᠠᠨ ᠬᠡᠭᠡᠯᠲᠦᠭᠦᠯᠭᠡ ᠬᠢᠬᠦ᠎ᠪᠠᠷ ᠭᠣᠣᠯ ᠪᠣᠯᠭ᠋ᠠᠵᠤ᠂ ᠪᠣᠷᠳᠣᠵᠤ ᠲᠠᠷᠭᠤᠯᠠᠭᠤᠯᠬᠤ ᠭᠠᠬᠠᠢ᠂ ᠠᠯᠠᠰᠢᠨ ᠲᠠᠬᠢᠶ᠎ᠠ ᠵᠢᠨ ᠲᠡᠵᠢᠭᠡᠯ ᠪᠣᠷᠳᠣᠭ᠎ᠠ ᠵᠢ ᠨᠡᠢ᠌ᠳᠡᠮ ᠬᠡᠷᠡᠭᠯᠡᠨ ᠦᠬᠡᠷ ᠬᠣᠨᠢ ᠵᠢ ᠲᠡᠵᠢᠭᠡᠵᠦ᠂ ᠵᠣᠬᠢᠬᠤ ᠬᠡᠮᠵᠢᠶᠡᠨ᠎ᠤ ᠬᠣᠬᠢᠷᠠᠯ ᠤᠴᠠᠷᠠᠭᠰᠠᠨ ᠪᠠᠢ᠌ᠨ᠎ᠠ᠃ ᠦᠬᠡᠷ ᠬᠣᠨᠢ ᠵᠢ ᠲᠠᠬᠢᠶ᠎ᠠ ᠭᠠᠬᠠᠢ ᠵᠢᠨ ᠲᠡᠵᠢᠭᠡᠯ ᠪᠣᠷᠳᠣᠭ᠎ᠠ᠎ᠪᠠᠷ ᠲᠡᠵᠢᠭᠡᠳᠡᠭ ᠦᠭᠡᠢ ᠪᠠᠢ᠌ᠳᠠᠭ᠎ᠤᠨ ᠭᠣᠣᠯ ᠰᠢᠯᠲᠠᠭ᠋ᠠᠨ᠎ᠨᠢ᠄
ᠨᠢᠭᠡ᠂ ᠲᠠᠬᠢᠶ᠎ᠠ ᠭᠠᠬᠠᠢ ᠵᠢᠨ ᠲᠡᠵᠢᠭᠡᠯ ᠪᠣᠷᠳᠣᠭ᠋ᠠᠨ᠎ᠳᠤ ᠶᠡᠬᠡ ᠬᠡᠮᠵᠢᠶᠡᠨ᠎ᠤ ᠨᠢᠶᠠᠨ ᠳᠠᠷᠤᠭᠴᠢ ᠵᠢ ᠨᠡᠮᠡᠳᠡᠭ ᠪᠣᠯᠬᠣᠷ ᠦᠬᠡᠷ ᠬᠣᠨᠢ ᠵᠢ ᠤᠷᠲᠤ ᠬᠤᠭᠤᠴᠠᠭ᠎ᠠ᠎ᠪᠠᠷ ᠲᠡᠵᠢᠭᠡᠪᠡᠯ ᠭᠦᠵᠡᠭᠡᠨᠤ ᠳᠣᠲᠣᠷᠠᠬᠢ ᠠᠰᠢᠭᠲᠠᠢ ᠮᠢᠺᠷᠣᠪ ᠪᠠ ᠰᠣᠷᠮᠤᠤᠰᠤᠯᠢᠭ ᠬᠣᠷᠣᠬᠠᠢ ᠵᠢ ᠡᠪᠳᠡᠵᠦ᠂ ᠭᠦᠵᠡᠭᠡᠨᠤ ᠮᠢᠺᠷᠣᠪ᠎ᠤᠨ ᠢᠰᠬᠦ ᠵᠢ ᠨᠥᠯᠥᠭᠡᠯᠡᠵᠦ᠂ ᠬᠡᠪᠢᠭᠴᠢ ᠠᠮᠢᠲᠠᠨ᠎ᠤ ᠤᠭᠤᠷᠠᠭ᠎ᠤᠨ ᠪᠤᠰᠤ ᠠᠽᠣᠲᠢ ᠰᠢᠩᠭᠡᠬᠡᠨ ᠠᠪᠴᠤ ᠠᠰᠢᠭᠯᠠᠬᠤ ᠵᠢ ᠨᠥᠯᠥᠭᠡᠯᠡᠨ᠎ᠡ᠃
ᠬᠣᠶᠠᠷ᠂ ᠲᠠᠬᠢᠶ᠎ᠠ ᠭᠠᠬᠠᠢ ᠵᠢᠨ ᠲᠡᠵᠢᠭᠡᠯ ᠪᠣᠷᠳᠣᠭ᠋ᠠᠨ᠎ᠳᠤ ᠶᠡᠬᠡ ᠬᠡᠮᠵᠢᠶᠡᠨ᠎ᠤ ᠬᠠᠮᠠᠭ᠋ᠠᠯᠠᠭᠠ ᠦᠭᠡᠢ ᠥᠭᠡᠬᠦ ᠨᠡᠮᠡᠳᠡᠭ ᠪᠣᠯᠬᠣᠷ ᠦᠬᠡᠷ ᠬᠣᠨᠢ ᠵᠢ ᠤᠷᠲᠤ ᠬᠤᠭᠤᠴᠠᠭ᠎ᠠ᠎ᠪᠠᠷ ᠲᠡᠵᠢᠭᠡᠪᠡᠯ ᠢᠳᠡᠰᠢᠯᠡᠬᠦ ᠬᠡᠮᠵᠢᠶ᠎ᠡ ᠪᠠ ᠰᠢᠷᠬᠡᠭᠯᠢᠭ ᠡᠳ᠋᠎ᠤᠨ ᠰᠢᠩᠭᠡᠭᠡᠯᠲᠡ ᠵᠢᠨ ᠨᠣᠷᠮ᠎ᠠ ᠵᠢ ᠳᠣᠷᠣᠭᠰᠢᠯᠠᠭᠤᠯᠵᠤ᠂ ᠬᠡᠢ ᠳᠦᠭᠦᠷᠴᠦ᠂ ᠬᠣᠳᠣᠭᠣᠳᠤ ᠵᠢ᠎ᠨᠢ ᠲᠡᠯᠡᠳᠡᠭ᠃
ᠭᠤᠷᠪᠠ᠂ ᠲᠠᠬᠢᠶ᠎ᠠ ᠭᠠᠬᠠᠢ ᠵᠢᠨ ᠲᠡᠵᠢᠭᠡᠯ ᠪᠣᠷᠳᠣᠭ᠋ᠠᠨ᠎ᠳᠤ ᠶᠡᠷᠦ᠎ᠨᠢ ᠠᠮᠢᠲᠠᠨ᠎ᠤ ᠢᠷᠡᠯᠲᠡ ᠵᠢᠨ ᠴᠢᠨᠠᠷᠲᠠᠢ ᠲᠡᠵᠢᠭᠡᠯ ᠪᠣᠷᠳᠣᠭ᠎ᠠ ᠵᠢ ᠶᠡᠬᠡ ᠬᠡᠮᠵᠢᠶ᠎ᠡ᠎ᠪᠠᠷ ᠨᠡᠮᠡᠳᠡᠭ ᠪᠣᠯᠬᠣᠷ ᠦᠬᠡᠷ᠎ᠤᠨ ᠭᠠᠯᠵᠠᠭᠤ ᠡᠪᠡᠳᠴᠢᠨ᠎ᠤ ᠬᠠᠯᠳᠠᠪᠤᠷᠢᠯᠠᠬᠤ ᠵᠠᠮ᠎ᠢ ᠲᠤᠢ᠌ᠯᠪᠤᠷᠢᠲᠠᠢ ᠲᠠᠰᠤᠯᠵᠤ᠂ ᠦᠬᠡᠷ᠎ᠤᠨ ᠭᠠᠯᠵᠠᠭᠤ ᠡᠪᠡᠳᠴᠢᠨ ᠨᠢ ᠮᠠᠨ᠎ᠤ ᠤᠯᠤᠰ᠎ᠤᠨ ᠬᠢᠯᠢ ᠳᠣᠲᠣᠷ᠎ᠠ ᠡᠭᠦᠰᠬᠦ ᠵᠢ ᠰᠡᠷᠭᠡᠢ᠌ᠯᠡᠬᠦ ᠵᠢᠨ ᠲᠥᠯᠥᠭᠡ ᠬᠡᠷᠡᠭᠯᠡᠬᠦ ᠵᠢ ᠴᠠᠭ᠋ᠠᠵᠠᠯᠠᠨ᠎ᠠ᠃
ᠳᠥᠷᠪᠡ᠂ ᠦᠬᠡᠷ ᠬᠣᠨᠢᠨ᠎ᠤ ᠲᠡᠵᠢᠭᠡᠯ ᠪᠣᠷᠳᠣᠭ᠋ᠠᠨ᠎ᠳᠤ ᠭᠦᠵᠡᠭᠡ ᠵᠢ ᠲᠣᠬᠢᠷᠠᠭᠤᠯᠬᠤ ᠡᠮ᠂ ᠭᠦᠵᠡᠭᠡ ᠵᠢ ᠨᠠᠮᠳᠠᠭᠤᠯᠬᠤ ᠡᠮ᠎ᠢ ᠶᠡᠬᠡ ᠬᠡᠮᠵᠢᠶ᠎ᠡ᠎ᠪᠠᠷ ᠨᠡᠮᠡᠳᠡᠭ᠂ ᠭᠡᠲᠡᠯ᠎ᠡ ᠲᠠᠬᠢᠶ᠎ᠠ ᠭᠠᠬᠠᠢ ᠵᠢᠨ ᠲᠡᠵᠢᠭᠡᠯ ᠪᠣᠷᠳᠣᠭ᠋ᠠᠨ᠎ᠳᠤ ᠡᠳᠡᠭᠡᠷ ᠪᠦᠷᠢᠯᠳᠦᠭᠦᠨ ᠪᠠᠢ᠌ᠬᠤ ᠦᠭᠡᠢ᠂ ᠤᠷᠲᠤ ᠬᠤᠭᠤᠴᠠᠭ᠎ᠠ᠎ᠪᠠᠷ ᠬᠡᠷᠡᠭᠯᠡᠪᠡᠯ ᠭᠦᠵᠡᠭᠡᠨᠤ ᠬᠦᠴᠢᠯᠯᠢᠭ᠎ᠤᠨ ᠬᠡᠮᠵᠢᠶ᠎ᠡ ᠵᠢ ᠬᠡᠲᠦᠷᠬᠡᠢ ᠥᠨᠳᠥᠷ ᠪᠣᠯᠭ᠋ᠠᠵᠤ᠂ ᠦᠬᠡᠷ ᠬᠣᠨᠢᠨ᠎ᠤ ᠢᠳᠡᠭᠡᠨ᠎ᠤ ᠳᠤᠷᠠᠰᠢᠯ᠎ᠢ ᠨᠥᠯᠥᠭᠡᠯᠡᠨ᠂ ᠥᠰᠦᠯᠲᠡ ᠵᠢ ᠨᠥᠯᠥᠭᠡᠯᠡᠨ᠎ᠡ᠃
ᠶᠡᠷᠦᠩᠬᠡᠢ᠌ᠯᠡᠪᠡᠯ᠂ ᠬᠡᠷᠪᠡ ᠦᠬᠡᠷ ᠬᠣᠨᠢ ᠵᠢ ᠤᠷᠲᠤ ᠬᠤᠭᠤᠴᠠᠭ᠎ᠠ᠎ᠪᠠᠷ ᠲᠠᠬᠢᠶ᠎ᠠ ᠭᠠᠬᠠᠢ ᠵᠢᠨ ᠲᠡᠵᠢᠭᠡᠯ ᠪᠣᠷᠳᠣᠭ᠎ᠠ᠎ᠪᠠᠷ ᠲᠡᠵᠢᠭᠡᠪᠡᠯ ᠤᠳᠠᠭ᠋ᠠᠨ ᠴᠢᠨᠠᠷᠲᠠᠢ ᠬᠣᠣᠷᠳᠠᠯ ᠪᠣᠯᠵᠤ᠂ ᠬᠤᠨᠢᠨ᠎ᠤ ᠬᠥᠯ᠎ᠨᠢ ᠵᠥᠭᠡᠯᠡᠷᠡᠵᠦ᠂ ᠵᠣᠭᠰᠣᠵᠤ ᠳᠡᠶ᠋ᠢᠯᠬᠦ ᠦᠭᠡᠢ᠂ ᠲᠠᠷᠭᠤᠯᠠᠬᠤ ᠦᠭᠡᠢ᠂ ᠬᠣᠳᠣᠭᠣᠳᠤᠨ᠎ᠤ ᠰᠢᠩᠭᠡᠭᠡᠯᠲᠡ ᠮᠠᠭᠤᠳᠠᠵᠤ᠂ ᠰᠡᠭᠦᠯᠴᠢ ᠵᠢᠨ ᠬᠤᠭᠤᠴᠠᠭ᠋ᠠᠨ᠎ᠤ ᠥᠰᠦᠯᠲᠡ ᠤᠳᠠᠭ᠋ᠠᠨ ᠪᠣᠯᠵᠤ᠂ ᠦᠬᠡᠷ ᠢᠳᠡᠭᠰᠡᠨ᠎ᠤ ᠳᠠᠷᠠᠭ᠎ᠠ ᠲᠣᠭᠰᠢᠨ ᠪᠣᠯᠵᠤ ᠬᠡᠷᠡᠮ ᠬᠠᠰᠢᠶ᠎ᠠ ᠬᠠᠷᠠᠢ᠌ᠨ ᠭᠠᠷᠳᠠᠭ ᠪᠣᠯᠵᠤ ᠮᠡᠳᠡᠨ᠎ᠡ᠃