ᠵᠣᠨ᠎ᠤ ᠤᠯᠠᠷᠢᠯ᠎ᠳᠤ᠂ ᠦᠷᠭᠦᠯᠵᠢᠯᠡᠭᠰᠡᠨ ᠥᠨᠳᠥᠷ ᠳᠤᠯᠠᠭ᠋ᠠᠨ ᠠᠭᠤᠷ ᠠᠮᠢᠰᠬᠤᠯ᠎ᠨᠢ ᠬᠡᠪᠴᠢᠶᠡᠵᠢᠭᠦᠯᠦᠭᠰᠡᠨ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ᠎ᠳᠤ ᠲᠤᠢ᠌ᠯ᠎ᠤᠨ ᠠᠰᠢᠭ ᠦᠭᠡᠢ ᠪᠠᠢ᠌ᠳᠠᠭ᠃ ᠥᠨᠳᠥᠷ ᠳᠤᠯᠠᠭ᠋ᠠᠨ᠎ᠨᠢ ᠮᠠᠯ ᠵᠢᠭᠦᠷᠲᠡᠨ᠎ᠤ ᠬᠠᠯᠠᠭᠤᠨ᠎ᠤ ᠰᠡᠷᠡᠯᠵᠢᠯ᠎ᠢ ᠡᠭᠦᠰᠬᠡᠵᠦ᠂ ᠥᠰᠦᠯᠲᠡ᠎ᠨᠢ ᠮᠡᠳᠡᠭᠳᠡᠮ᠎ᠡ ᠤᠳᠠᠭ᠋ᠠᠰᠢᠷᠠᠵᠤ᠂ ᠢᠳᠡᠰᠢᠯᠡᠬᠦ ᠬᠡᠮᠵᠢᠶ᠎ᠡ᠎ᠨᠢ ᠪᠠᠭ᠋ᠠᠰᠴᠤ᠂ ᠦᠢ᠍ᠯᠡᠳᠪᠦᠷᠢᠯᠡᠬᠦ ᠴᠢᠳᠠᠪᠤᠷᠢ᠎ᠨᠢ ᠪᠠᠭᠤᠷᠠᠬᠤ ᠵᠡᠷᠭᠡ ᠦᠵᠡᠭᠳᠡᠯ ᠭᠠᠷᠴᠤ᠂ ᠪᠠᠰᠠ ᠠᠮᠢᠲᠠᠨ᠎ᠤ ᠡᠭᠡᠯᠢᠯᠡᠬᠦ ᠴᠢᠳᠠᠪᠤᠷᠢ ᠵᠢ ᠪᠠᠭᠤᠷᠠᠭᠤᠯᠤᠨ᠂ ᠡᠯ᠎ᠡ ᠵᠦᠢ᠍ᠯ᠎ᠤᠨ ᠬᠠᠯᠳᠠᠪᠤᠷᠢᠲᠤ ᠴᠢᠨᠠᠷᠲᠠᠢ᠂ ᠦᠷᠡᠵᠢᠯ᠎ᠤᠨ ᠰᠠᠭ᠋ᠠᠲᠠᠯ᠎ᠤᠨ ᠴᠢᠨᠠᠷᠲᠠᠢ ᠡᠪᠡᠳᠴᠢᠨ᠎ᠳᠤ ᠲᠤᠢ᠌ᠯ᠎ᠤᠨ ᠠᠮᠠᠷᠬᠠᠨ ᠨᠡᠷᠪᠡᠭᠳᠡᠵᠦ᠂ ᠴᠢᠨᠠᠭᠰᠢᠯᠠᠭ᠋ᠠᠳ ᠬᠠᠯᠠᠭᠤᠨ ᠰᠠᠴᠤᠷᠠᠯᠲᠠ ᠵᠢᠨ ᠡᠪᠡᠳᠴᠢᠨ ᠵᠶ᠋ᠡᠷ ᠦᠬᠦᠳᠡᠭ᠃
ᠬᠠᠯᠠᠭᠤᠨ᠎ᠠᠴᠠ ᠰᠡᠷᠭᠡᠢ᠌ᠯᠡᠵᠦ ᠬᠠᠯᠠᠭᠤᠨ᠎ᠢ ᠪᠠᠭᠤᠷᠠᠭᠤᠯᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃ ᠬᠠᠰᠢᠶ᠎ᠠ ᠰᠠᠷᠠᠪᠴᠢᠨ ᠳᠣᠲᠣᠷᠠᠬᠢ ᠤᠰᠤᠨ ᠬᠥᠰᠢᠭᠡ᠂ ᠰᠠᠯᠬᠢᠨ ᠰᠡᠩᠰᠡ ᠵᠡᠷᠭᠡ ᠲᠥᠬᠦᠭᠡᠷᠦᠮᠵᠢ ᠵᠢ ᠰᠡᠯᠪᠢᠨ ᠵᠠᠰᠠᠵᠤ ᠬᠠᠮᠠᠭ᠋ᠠᠯᠠᠬᠤ ᠠᠵᠢᠯ᠎ᠢ ᠰᠠᠢ᠌ᠲᠤᠷ ᠬᠢᠵᠦ᠂ ᠲᠡᠭᠦᠨ᠎ᠤ ᠬᠡᠪ᠎ᠤᠨ ᠶᠣᠰᠣᠭ᠋ᠠᠷ ᠠᠵᠢᠯᠯᠠᠬᠤ ᠵᠢ ᠪᠠᠲᠤᠯᠠᠬᠤ ᠬᠡᠷᠡᠭᠲᠡᠢ; ᠦᠳᠡ᠎ᠳᠤ ᠬᠠᠰᠢᠶ᠎ᠠ ᠰᠠᠷᠠᠪᠴᠢᠨ ᠳᠣᠲᠣᠷᠠᠬᠢ ᠠᠭ᠋ᠠᠷ ᠬᠠᠭᠤᠷᠠᠢ ᠦᠶ᠎ᠡ᠎ᠳᠤ᠂ ᠭᠠᠵᠠᠷ᠎ᠤᠨ ᠭᠠᠳᠠᠷᠭᠤ ᠪᠠ ᠮᠠᠯ᠎ᠤᠨ ᠪᠡᠶ᠎ᠡ᠎ᠳᠤ ᠪᠠᠭ᠎ᠠ ᠬᠡᠮᠵᠢᠶᠡᠨ᠎ᠤ ᠤᠰᠤ ᠵᠢ ᠮᠠᠨᠠᠨᠵᠢᠭᠣᠯᠣᠨ ᠰᠦᠷᠴᠢᠵᠦ ᠪᠣᠯᠣᠨ᠎ᠠ᠂ ᠭᠡᠬᠦ᠎ᠳᠡᠭᠡᠨ ᠶᠠᠭ᠋ᠠᠬᠢᠭᠰᠠᠨ ᠴᠦ᠍ ᠰᠢᠭᠤᠳ ᠪᠤᠶᠤ ᠣᠷᠳᠣ ᠬᠤᠭᠤᠴᠠᠭ᠎ᠠ᠎ᠪᠠᠷ ᠮᠠᠯ ᠵᠢᠭᠦᠷᠲᠡᠨ᠎ᠳᠤ ᠤᠰᠤ ᠰᠦᠷᠴᠢᠵᠦ ᠬᠠᠯᠠᠭᠤᠨ᠎ᠢ᠎ᠨᠢ ᠪᠠᠭᠤᠷᠠᠭᠤᠯᠵᠤ ᠪᠣᠯᠬᠤ ᠦᠭᠡᠢ᠃
ᠨᠡᠷᠡᠨ᠎ᠤ ᠭᠡᠷᠡᠯ᠎ᠤᠨ ᠰᠠᠴᠤᠷᠠᠭ᠎ᠠᠴᠠ ᠵᠠᠢ᠌ᠯᠠᠭᠤᠯᠬᠤ ᠬᠡᠷᠡᠭᠲᠡᠢ᠃ ᠮᠠᠯ ᠵᠢᠭᠦᠷᠲᠡᠨ᠎ᠤ ᠬᠠᠰᠢᠶ᠎ᠠ ᠰᠠᠷᠠᠪᠴᠢ ᠵᠢᠨ ᠡᠷᠬᠢᠨ ᠲᠣᠭᠣᠷᠢᠨ᠎ᠳᠤ ᠡᠪᠡᠰᠦ ᠪᠣᠷᠳᠣᠭ᠎ᠠ᠂ ᠲᠠᠷᠢᠮᠠᠯ᠂ ᠣᠶ ᠮᠣᠳᠣ ᠳᠠᠷᠢᠵᠤ᠂ ᠣᠷᠣᠢ ᠵᠢᠨ ᠬᠡᠰᠡᠭ᠎ᠲᠤᠨᠢ ᠨᠠᠷᠠ ᠬᠠᠯᠬᠠᠯᠠᠬᠤ ᠲᠣᠣᠷ ᠲᠠᠯᠪᠢᠬᠤ᠂ ᠢᠯᠴᠢ ᠬᠥᠨᠳᠡᠢ᠌ᠷᠡᠭᠦᠯᠬᠦ ᠮᠠᠲ᠋ᠧᠷᠢᠶᠠᠯ᠎ᠢ ᠪᠦᠷᠬᠦᠬᠦ ᠵᠡᠷᠭᠡ ᠠᠷᠭ᠎ᠠ ᠪᠠᠷᠢᠯ᠎ᠢ ᠬᠡᠷᠡᠭᠯᠡᠨ᠂ ᠮᠠᠯ᠎ᠤᠨ ᠬᠠᠰᠢᠶ᠎ᠠ ᠰᠠᠷᠠᠪᠴᠢ ᠵᠢᠨ ᠨᠡᠷᠡᠨ᠎ᠤ ᠢᠯᠴᠢ ᠵᠢᠨ ᠰᠠᠴᠤᠷᠠᠭ᠎ᠢ ᠰᠢᠩᠭᠡᠬᠡᠨ ᠠᠪᠬᠤ ᠵᠢ ᠪᠠᠭ᠋ᠠᠰᠬᠠᠵᠤ᠂ ᠪᠦᠬᠦᠶ᠋ᠢᠯᠡ ᠣᠷᠴᠢᠨ ᠲᠣᠭᠣᠷᠢᠨ᠎ᠤ ᠳᠤᠯᠠᠭ᠋ᠠᠨ᠎ᠤ ᠬᠡᠮᠵᠢᠶ᠎ᠡ ᠵᠢ ᠪᠠᠭᠤᠷᠠᠭᠤᠯᠤᠨ᠎ᠠ᠃
ᠲᠡᠵᠢᠭᠡᠪᠦᠷᠢ ᠵᠢᠨ ᠨᠢᠭᠲᠠᠴᠠ ᠵᠢ ᠵᠣᠬᠢᠰᠲᠠᠢ᠎ᠪᠠᠷ ᠪᠠᠭᠤᠷᠠᠭᠤᠯᠬᠤ ᠬᠡᠷᠡᠭᠲᠡᠢ᠃ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠎ᠳᠤ᠂ ᠨᠢᠭᠡᠴᠢ ᠲᠠᠯᠠᠪᠠᠶ ᠵᠢᠨ ᠳᠣᠲᠣᠷᠠᠬᠢ ᠮᠠᠯ ᠵᠢᠭᠦᠷᠲᠡᠨ᠎ᠤ ᠰᠦᠷᠦᠭᠵᠢᠯ᠎ᠤᠨ ᠲᠣᠭ᠎ᠠ ᠬᠡᠮᠵᠢᠶ᠎ᠡ᠎ᠨᠢ ᠶᠡᠬᠡ᠂ ᠨᠢᠭᠲᠠᠴᠠ᠎ᠨᠢ ᠥᠨᠳᠥᠷ ᠪᠣᠯᠬᠣᠷ ᠲᠣᠰ ᠪᠡᠶ᠎ᠡ ᠨᠢ ᠶᠡᠬᠡ ᠬᠡᠮᠵᠢᠶᠡᠨ᠎ᠤ ᠰᠠᠴᠤᠷᠠᠯᠲᠠ ᠵᠢᠨ ᠢᠯᠴᠢ ᠡᠭᠦᠰᠬᠡᠵᠦ᠂ ᠭᠠᠳᠠᠭ᠋ᠠᠳᠤ ᠣᠷᠴᠢᠨ ᠲᠣᠭᠣᠷᠢᠨ᠎ᠤ ᠳᠤᠯᠠᠭ᠋ᠠᠨ᠎ᠤ ᠬᠡᠮᠵᠢᠶ᠎ᠡ᠎ᠲᠠᠢ ᠳᠠᠪᠬᠤᠴᠠᠬᠤ ᠦᠢ᠍ᠯᠡᠳᠦᠯ ᠭᠠᠷᠭ᠋ᠠᠵᠤ᠂ ᠢᠯᠴᠢ ᠵᠢᠨ ᠰᠡᠷᠡᠯᠵᠢᠯ᠎ᠤᠨ ᠪᠣᠯᠣᠮᠵᠢ ᠵᠢ ᠨᠡᠮᠡᠭᠳᠡᠭᠦᠯᠬᠦ ᠪᠣᠯᠣᠨ᠎ᠠ᠃ ᠡᠢ᠌ᠮᠦ᠎ᠠᠴᠠ ᠲᠡᠵᠢᠭᠡᠪᠦᠷᠢ ᠵᠢᠨ ᠨᠢᠭᠲᠠᠴᠠ ᠵᠢ ᠵᠣᠬᠢᠬᠤ ᠬᠡᠮᠵᠢᠶ᠎ᠡ᠎ᠪᠠᠷ ᠪᠠᠭᠤᠷᠠᠭᠤᠯᠵᠤ᠂ ᠮᠠᠯ ᠵᠢᠭᠦᠷᠲᠡᠨ᠎ᠳᠤ ᠨᠡᠯᠢᠶᠡᠳ ᠲᠠᠭ᠋ᠠᠯᠠᠮᠵᠢᠲᠠᠢ ᠣᠷᠣᠰᠢᠨ ᠠᠮᠢᠳᠤᠷᠠᠬᠤ ᠣᠷᠴᠢᠨ ᠲᠣᠭᠣᠷᠢᠨ᠎ᠢ ᠪᠣᠶ ᠪᠣᠯᠭ᠋ᠠᠵᠤ ᠥᠭᠬᠦ ᠬᠡᠷᠡᠭᠲᠡᠢ᠃
ᠭᠦᠢ᠍ᠴᠡᠳ ᠴᠡᠪᠡᠷ ᠤᠰᠤ ᠬᠠᠩᠭ᠋ᠠᠵᠤ ᠥᠭᠬᠦ ᠬᠡᠷᠡᠭᠲᠡᠢ᠃ ᠥᠨᠳᠥᠷ ᠳᠤᠯᠠᠭ᠋ᠠᠨ᠎ᠤ ᠤᠯᠠᠷᠢᠯ᠎ᠳᠤ ᠮᠠᠯ ᠵᠢᠭᠦᠷᠲᠡᠨ᠎ᠤ ᠤᠤᠭᠤᠬᠤ ᠤᠰᠤᠨ᠎ᠤ ᠬᠡᠮᠵᠢᠶ᠎ᠡ ᠯᠠᠪᠲᠠᠢ ᠶᠡᠬᠡ᠎ᠪᠠᠷ ᠨᠡᠮᠡᠭᠳᠡᠵᠦ᠂ ᠤᠤᠭᠤᠬᠤ ᠤᠰᠤᠨ᠎ᠤ ᠬᠡᠮᠵᠢᠶ᠎ᠡ ᠬᠦᠷᠦᠯᠴᠡᠬᠦ ᠦᠭᠡᠢ ᠪᠣᠯ ᠮᠠᠯ ᠵᠢᠭᠦᠷᠲᠡᠨ᠎ᠤ ᠦᠢ᠍ᠯᠡᠳᠪᠦᠷᠢᠯᠡᠯ ᠪᠠ ᠡᠷᠡᠭᠦᠯ ᠮᠡᠨᠳᠦ ᠵᠢ ᠰᠢᠭᠤᠳ ᠨᠥᠯᠥᠭᠡᠯᠡᠬᠦ ᠪᠣᠯᠣᠨ᠎ᠠ᠃ ᠢᠯᠠᠩᠭᠤᠶ᠎ᠠ ᠰᠠᠭ᠋ᠠᠯᠢ ᠵᠢᠨ ᠦᠨᠢᠶ᠎ᠡ ᠪᠠ ᠬᠥᠬᠥᠭᠦᠯ ᠡᠬᠡ ᠮᠠᠯ᠎ᠤᠨ ᠠᠷᠢᠭᠤᠨ ᠴᠡᠪᠡᠷ ᠤᠰᠤ ᠤᠮᠳᠠ ᠵᠢᠨ ᠬᠠᠩᠭ᠋ᠠᠯᠭ᠎ᠠ ᠵᠢ ᠪᠠᠲᠤᠯᠠᠬᠤ ᠬᠡᠷᠡᠭᠲᠡᠢ᠃ ᠤᠤᠭᠤᠬᠤ ᠤᠰᠤᠨ ᠳᠤᠨᠢ ᠳᠠᠪᠤᠰᠤ᠂ ᠾᠯᠣᠷᠲᠤ ᠺᠠᠯᠢ᠂ ᠨᠡᠭᠦᠷᠡᠰᠦᠬᠦ᠋ᠴᠢᠯ᠎ᠤᠨ ᠤᠰᠤᠲᠥ᠋ᠷᠥᠭᠴᠢᠲᠤ ᠨᠠᠲᠷᠢ ᠵᠡᠷᠭᠡ ᠴᠠᠬᠢᠯᠭ᠋ᠠᠨ ᠵᠠᠳᠠᠯᠤᠭᠳᠠᠬᠤᠨᠢ ᠵᠣᠬᠢᠬᠤ ᠬᠡᠮᠵᠢᠶ᠎ᠡ᠎ᠪᠠᠷ ᠨᠥᠬᠥᠪᠦᠷᠢᠯᠡᠵᠦ ᠪᠣᠯᠣᠨ᠎ᠠ᠃
ᠲᠡᠵᠢᠭᠡᠯ ᠪᠣᠷᠳᠣᠭ᠎ᠠ ᠵᠢᠨ ᠨᠠᠢ᠌ᠷᠠᠯᠭ᠎ᠠ ᠵᠢ ᠵᠣᠬᠢᠰᠲᠠᠢ ᠲᠣᠬᠢᠷᠠᠭᠤᠯᠬᠤ ᠬᠡᠷᠡᠭᠲᠡᠢ᠃ ᠥᠨᠳᠥᠷ ᠡᠨᠧᠷᠭᠢᠲᠦ ᠥᠭᠡᠬᠦᠨᠤ ᠲᠦᠷᠦᠯ᠎ᠤᠨ ᠲᠡᠵᠢᠭᠡᠯ ᠪᠣᠷᠳᠣᠭ᠋ᠠᠨ᠎ᠤ ᠬᠠᠷᠢᠴᠠᠯ᠎ᠢ ᠵᠣᠬᠢᠰᠲᠠᠢ᠎ᠪᠠᠷ ᠪᠠᠭ᠋ᠠᠰᠬᠠᠵᠤ᠂ ᠰᠢᠩᠭᠡᠭᠡᠬᠦ᠎ᠳᠤ ᠠᠮᠠᠷᠬᠠᠨ᠂ ᠢᠳᠡᠬᠦ᠎ᠳᠤ ᠲᠣᠬᠢᠷᠠᠮᠵᠢᠲᠠᠢ ᠲᠡᠵᠢᠭᠡᠯ ᠪᠣᠷᠳᠣᠭ᠋ᠠᠨ᠎ᠤ ᠬᠠᠷᠢᠴᠠᠯ᠎ᠢ ᠨᠡᠮᠡᠭᠳᠡᠭᠦᠯᠦᠨ᠎ᠡ; ᠴᠠᠭ ᠲᠤᠬᠠᠢᠳᠤᠨᠢ ᠠᠵᠢᠯᠯᠠᠵᠤ ᠠᠮᠠᠷᠠᠬᠤ ᠴᠠᠭ ᠵᠶ᠋ᠠᠨ ᠲᠣᠬᠢᠷᠠᠭᠤᠯᠵᠤ᠂ ᠪᠠᠭ᠎ᠠ ᠬᠡᠮᠵᠢᠶ᠎ᠡ᠎ᠪᠠᠷ ᠣᠯᠠᠨ ᠤᠳᠠᠭ᠎ᠠ ᠲᠡᠵᠢᠭᠡᠬᠦ᠂ ᠣᠷᠣᠢ᠎ᠳᠤ᠎ᠪᠠᠨ ᠨᠡᠮᠡᠵᠦ ᠲᠡᠵᠢᠭᠡᠬᠦ ᠵᠠᠷᠴᠢᠮ ᠶᠣᠰᠣᠭ᠋ᠠᠷ᠂ ᠥᠷᠯᠥᠭᠡ ᠦᠳᠡᠰᠢ ᠵᠢᠨ ᠦᠶ᠎ᠡ᠎ᠪᠠᠷ ᠲᠡᠵᠢᠭᠡᠵᠦ᠂ ᠦᠳᠡ ᠵᠢᠨ ᠬᠠᠯᠠᠭᠤᠨ᠎ᠳᠤ ᠲᠡᠵᠢᠭᠡᠬᠦ ᠬᠡᠮᠵᠢᠶ᠎ᠡ᠎ᠪᠠᠨ ᠪᠠᠭ᠋ᠠᠰᠬᠠᠨ᠎ᠠ᠃
ᠬᠢᠵᠢᠭ ᠡᠪᠡᠳᠴᠢᠨ᠎ᠢ ᠰᠡᠷᠭᠡᠢ᠌ᠯᠡᠨ ᠬᠢᠵᠠᠭ᠋ᠠᠷᠯᠠᠬᠤ ᠠᠵᠢᠯ᠎ᠢ ᠴᠢᠩᠭ᠋ᠠᠳᠬᠠᠬᠤ ᠬᠡᠷᠡᠭᠲᠡᠢ᠃ ᠵᠣᠨ᠎ᠤ ᠤᠯᠠᠷᠢᠯ᠎ᠤᠨ ᠥᠨᠳᠥᠷ ᠳᠤᠯᠠᠭ᠋ᠠᠨ ᠠᠭᠤᠷ ᠠᠮᠢᠰᠬᠤᠯ᠎ᠳᠤ᠂ ᠮᠠᠯ ᠵᠢᠭᠦᠷᠲᠡᠨ᠎ᠤ ᠪᠠᠭ᠋ᠠᠰᠤ ᠰᠢᠭᠡᠰᠦᠨ᠎ᠤ ᠬᠣᠣᠷᠲᠤ ᠬᠡᠢ ᠪᠡᠶᠡᠲᠦ ᠵᠢᠨ ᠲᠠᠷᠬᠠᠯᠲᠠ᠎ᠨᠢ ᠨᠠᠩ ᠲᠦᠷᠭᠡᠨ ᠪᠠᠢ᠌ᠵᠤ᠂ ᠢᠯᠠᠭ᠎ᠠ ᠪᠠᠲᠠᠭ᠋ᠠᠨ᠎ᠠ ᠦᠷᠡᠵᠢᠳᠡᠭ ᠪᠣᠯᠬᠣᠷ ᠡᠷᠬᠡᠪᠰᠢ ᠴᠠᠭ ᠲᠤᠬᠠᠢᠳᠤᠨᠢ ᠪᠠᠭ᠋ᠠᠰᠤ ᠰᠢᠭᠡᠰᠦ ᠵᠢ ᠨᠢ ᠴᠡᠪᠡᠷᠯᠡᠵᠦ᠂ ᠢᠯᠠᠭ᠎ᠠ ᠬᠤᠯᠤᠭ᠋ᠠᠨ᠎ᠠ ᠵᠢ ᠤᠰᠠᠳᠬᠠᠬᠤ ᠬᠡᠷᠡᠭᠲᠡᠢ᠃ ᠡᠭᠦᠨ᠎ᠤ ᠬᠠᠮᠲᠤ ᠲᠣᠭᠲᠠᠮᠠᠯ ᠬᠤᠭᠤᠴᠠᠭ᠎ᠠ᠎ᠲᠠᠢ᠎ᠪᠠᠷ ᠬᠠᠰᠢᠶ᠎ᠠ ᠰᠠᠷᠠᠪᠴᠢ᠂ ᠲᠠᠯᠠᠪᠠᠢ ᠵᠢᠨ ᠳᠣᠲᠣᠷᠠᠬᠢ ᠣᠷᠴᠢᠨ ᠲᠣᠭᠣᠷᠢᠨ᠎ᠢ ᠴᠡᠪᠡᠷᠯᠡᠨ ᠠᠷᠢᠭᠤᠳᠬᠠᠬᠤ ᠠᠵᠢᠯ᠎ᠢ ᠰᠠᠢ᠌ᠲᠤᠷ ᠬᠢᠵᠦ᠂ ᠬᠢᠵᠢᠭ ᠦᠭᠡᠢ ᠲᠡᠵᠢᠭᠡᠨ ᠠᠷᠠᠴᠢᠯᠠᠬᠤ ᠠᠷᠢᠭᠤᠨ ᠴᠡᠪᠡᠷ ᠣᠷᠴᠢᠨ ᠲᠣᠭᠣᠷᠢᠨ᠎ᠢ ᠪᠠᠲᠤᠯᠠᠬᠤ ᠬᠡᠷᠡᠭᠲᠡᠢ᠃