ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠠᠮᠤᠭᠤᠯᠠᠩᠲᠤ᠌ ᠬᠥᠳᠡᠭᠡ   -   ᠪᠠᠶᠠᠨ ᠰᠦᠷᠦᠭ
ᠠᠯᠠᠰᠢᠨ ᠬᠣᠨᠢᠨ᠎ᠤ ᠲᠠᠷᠭᠤ ᠪᠠᠭᠤᠷᠠᠬᠤ ᠵᠢ ᠰᠡᠷᠭᠡᠢ᠌ᠯᠡᠬᠦ ᠲᠤᠬᠠᠢ
ᠨᠡᠶ᠋ᠢᠲᠡᠯᠡᠭᠰᠡᠨ ᠴᠠᠭ᠄ 2025-06-13

      ᠨᠢᠭᠡ᠂  ᠲᠡᠵᠢᠭᠡᠨ ᠦᠷᠡᠵᠢᠭᠦᠯᠬᠦ ᠣᠷᠴᠢᠨ ᠲᠣᠭᠣᠷᠢᠨ᠎ᠢ  ᠰᠠᠢ᠌ᠵᠢᠷᠠᠭᠤᠯᠬᠤ ᠬᠡᠷᠡᠭᠲᠡᠢ᠃  ᠶᠠᠮᠠᠷᠪᠠ

ᠤᠯᠠᠷᠢᠯ᠎ᠳᠤ  ᠴᠦ᠍ ᠠᠯᠠᠰᠢᠨ ᠬᠣᠨᠢᠨ᠎ᠳᠤ ᠲᠣᠬᠢᠷᠠᠮᠵᠢᠲᠠᠢ ᠲᠡᠵᠢᠭᠡᠨ ᠦᠷᠡᠵᠢᠭᠦᠯᠬᠦ ᠣᠷᠴᠢᠨ ᠲᠣᠭᠣᠷᠢᠨ᠎ᠢ ᠬᠠᠩᠭ᠋ᠠᠵᠤ ᠥᠭᠬᠦ ᠬᠡᠷᠡᠭᠲᠡᠢ᠃  ᠢᠯᠠᠩᠭᠤᠶ᠎ᠠ ᠵᠣᠨ᠎ᠤ ᠤᠯᠠᠷᠢᠯ᠎ᠳᠤ᠂  ᠠᠭ᠋ᠠᠭᠢᠮ᠎ᠠ ᠬᠠᠯᠠᠭᠤᠨ ᠠᠭᠤᠷ ᠠᠮᠢᠰᠬᠤᠯ᠎ᠠᠴᠠ ᠪᠣᠯᠵᠤ᠂  ᠠᠯᠠᠰᠢᠨ  ᠬᠣᠨᠢᠨ᠎ᠤ ᠬᠠᠯᠠᠭᠤᠨ᠎ᠤ  ᠰᠡᠷᠡᠯᠵᠢᠯ᠎ᠢ ᠠᠮᠠᠷᠬᠠᠨ ᠡᠭᠦᠰᠬᠡᠵᠦ᠂  ᠠᠯᠠᠰᠢᠨ  ᠬᠣᠨᠢᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠨᠥᠯᠥᠭᠡᠯᠡᠳᠡᠭ᠂  ᠡᠨᠡ ᠪᠣᠯ ᠠᠯᠠᠰᠢᠨ ᠬᠣᠨᠢᠨ᠎ᠤ ᠲᠠᠷᠭᠤ  ᠪᠠᠭᠤᠷᠠᠳᠠᠭ᠎ᠤᠨ  ᠭᠣᠣᠯ ᠰᠢᠯᠲᠠᠭ᠋ᠠᠨ ᠮᠥᠨ᠂  ᠡᠢ᠌ᠮᠦ᠎ᠠᠴᠠ ᠵᠣᠨ᠎ᠤ ᠤᠯᠠᠷᠢᠯ᠎ᠳᠤ ᠨᠠᠩ ᠢᠯᠡᠭᠦᠦ ᠲᠡᠵᠢᠭᠡᠨ ᠦᠷᠡᠵᠢᠭᠦᠯᠬᠦ ᠣᠷᠴᠢᠨ ᠲᠣᠭᠣᠷᠢᠨ᠎ᠢ ᠡᠵᠡᠮᠳᠡᠨ᠂  ᠲᠡᠵᠢᠭᠡᠨ ᠦᠷᠡᠵᠢᠭᠦᠯᠬᠦ ᠣᠷᠴᠢᠨ ᠲᠣᠭᠣᠷᠢᠨ᠎ᠢ ᠰᠠᠢ᠌ᠵᠢᠷᠠᠭᠤᠯᠵᠤ᠂  ᠠᠯᠠᠰᠢᠨ ᠬᠣᠨᠢᠨ᠎ᠳᠤ ᠲᠠᠭ᠋ᠠᠯᠠᠮᠵᠢᠲᠠᠢ ᠠᠮᠢᠳᠤᠷᠠᠯ᠎ᠤᠨ ᠣᠷᠴᠢᠨ ᠲᠣᠭᠣᠷᠢᠨ᠎ᠢ ᠬᠠᠩᠭ᠋ᠠᠬᠤ ᠬᠡᠷᠡᠭᠲᠡᠢ᠃

      ᠬᠣᠶᠠᠷ᠂  ᠵᠤᠨ᠎ᠤ ᠤᠯᠠᠷᠢᠯ᠎ᠤᠨ ᠬᠤᠨᠢᠨ᠎ᠤ  ᠬᠠᠰᠢᠶ᠎ᠠ ᠰᠠᠷᠠᠪᠴᠢ ᠵᠢᠨ ᠬᠠᠯᠠᠭᠤᠨ᠎ᠢ ᠰᠡᠷᠭᠡᠢ᠌ᠯᠡᠬᠦ ᠠᠵᠢᠯ᠎ᠢ ᠰᠠᠢ᠌ᠲᠤᠷ ᠬᠢᠬᠦ ᠬᠡᠷᠡᠭᠲᠡᠢ᠃  ᠬᠣᠨᠢᠨ᠎ᠤ  ᠬᠠᠰᠢᠶ᠎ᠠ ᠰᠠᠷᠠᠪᠴᠢ ᠵᠢᠨ ᠪᠦᠲᠦᠭᠡᠨ ᠪᠠᠢ᠌ᠭᠤᠯᠤᠯᠲᠠ ᠵᠢᠨ ᠲᠠᠯ᠎ᠠ᠎ᠪᠠᠷ᠂  ᠬᠣᠨᠢᠨ᠎ᠤ ᠬᠠᠰᠢᠶ᠎ᠠ ᠰᠠᠷᠠᠪᠴᠢ  ᠵᠢ ᠡᠮᠦᠨᠡᠰᠢ᠎ᠪᠠᠨ ᠬᠠᠨᠳᠤᠭᠤᠯᠵᠤ᠂  ᠬᠠᠰᠢᠶ᠎ᠠ ᠰᠠᠷᠠᠪᠴᠢ ᠵᠢᠨ ᠥᠨᠳᠥᠷ᠎ᠤᠨ

ᠬᠡᠮᠵᠢᠶ᠎ᠡ ᠵᠢ 2.5 m ᠣᠷᠴᠢᠮ ᠪᠠᠢ᠌ᠯᠭ᠋ᠠᠵᠤ᠂  ᠴᠣᠩᠬᠣ ᠵᠢ ᠭᠠᠵᠠᠷ᠎ᠤᠨ ᠭᠠᠳᠠᠷᠭᠤ᠎ᠠᠴᠠ 1.5 m ᠥᠨᠳᠥᠷ ᠭᠠᠵᠠᠷ᠎ᠲᠤ ᠪᠠᠢ᠌ᠷᠢᠯᠠᠭᠤᠯᠬᠤ ᠬᠡᠷᠡᠭᠲᠡᠢ᠂  ᠢᠩᠭᠢᠪᠡᠯ ᠰᠠᠯᠬᠢ ᠨᠡᠪᠲᠡᠷᠡᠬᠦ᠎ᠳᠤ ᠲᠥᠬᠥᠮ ᠮᠥᠷᠲᠡᠭᠡᠨ ᠪᠠᠰᠠ  ᠴᠢᠭᠢᠭ ᠪᠠ ᠬᠠᠯᠠᠭᠤᠨ ᠎ᠢ  ᠬᠠᠯᠬᠠᠯᠠᠬᠤ ᠦᠢ᠍ᠯᠡᠳᠦᠯ᠎ᠲᠠᠢ ᠪᠠᠢ᠌ᠳᠠᠭ᠃  ᠡᠭᠦᠨ᠎ᠠᠴᠠ ᠭᠠᠳᠠᠨ᠎ᠠ᠂  ᠬᠤᠨᠢᠨ᠎ᠤ  ᠬᠠᠰᠢᠶ᠎ᠠ ᠰᠠᠷᠠᠪᠴᠢ ᠵᠢᠨ ᠲᠠᠰᠤᠯᠤᠪᠴᠢ ᠳᠠᠪᠬᠤᠷᠭ᠎ᠠ ᠵᠢ ᠬᠠᠮᠤᠭ ᠰᠠᠢ᠌ᠨ᠎ᠨᠢ ᠮᠣᠳᠣ᠎ᠪᠠᠷ ᠳᠡᠪᠢᠰᠴᠦ᠂ ᠮᠣᠳᠣᠨ᠎ᠤ ᠬᠣᠭᠣᠷᠣᠨᠳᠣᠬᠢ ᠵᠠᠢ ᠵᠢ ᠬᠣᠨᠢ ᠬᠣᠭᠣᠰᠤᠨ ᠭᠢᠰᠬᠢᠬᠦ ᠦᠭᠡᠢ ᠪᠠᠢ᠌ᠪᠠᠯ ᠵᠣᠬᠢᠨ᠎ᠠ᠂  ᠲᠡᠷᠡᠴᠢᠯᠡᠨ ᠲᠠᠰᠤᠯᠤᠪᠴᠢ ᠪᠣᠯᠣᠨ ᠭᠠᠵᠠᠷ᠎ᠤᠨ ᠭᠠᠳᠠᠷᠭᠤ ᠵᠢᠨ ᠬᠣᠭᠣᠷᠣᠨᠳᠣᠬᠢ ᠵᠠᠢ ᠵᠢ 20—30cm ᠪᠠᠢ᠌ᠯᠭ᠋ᠠᠨ᠎ᠠ᠂  ᠢᠩᠭᠢᠪᠡᠯ ᠪᠠᠭ᠋ᠠᠰᠤ ᠰᠢᠭᠡᠰᠦ ᠵᠢ ᠴᠡᠪᠡᠷᠯᠡᠬᠦ᠎ᠳᠤ ᠲᠦᠭᠦᠮ ᠪᠣᠯᠬᠤ᠎ᠪᠠᠷ ᠪᠠᠷᠠᠬᠤ ᠦᠭᠡᠢ᠂  ᠪᠠᠰᠠ ᠬᠤᠨᠢᠨ᠎ᠤ ᠬᠠᠰᠢᠶ᠎ᠠ ᠰᠠᠷᠠᠪᠴᠢ ᠵᠢᠨ ᠰᠠᠯᠬᠢ  ᠨᠡᠪᠲᠡᠷᠡᠬᠦ ᠵᠢ ᠪᠠᠲᠤᠯᠠᠵᠤ ᠴᠢᠳᠠᠨ᠎ᠠ᠃  ᠰᠠᠯᠬᠢ  ᠰᠠᠢ᠌ᠨ ᠨᠡᠪᠲᠡᠷᠡᠭᠦᠯᠬᠦ ᠵᠢᠨ  ᠲᠥᠯᠥᠭᠡ᠂  ᠬᠤᠨᠢᠨ᠎ᠤ  ᠬᠠᠰᠢᠶ᠎ᠠ ᠰᠠᠷᠠᠪᠴᠢ ᠵᠢ ᠵᠢᠷᠤᠵᠤ ᠲᠥᠯᠥᠪᠯᠡᠬᠦ᠎ᠳᠡᠭᠡᠨ ᠡᠮᠦᠨ᠎ᠡ ᠤᠮᠠᠷ᠎ᠠ ᠵᠢᠨ ᠬᠡᠷᠡᠮ ᠳᠡᠭᠡᠷ᠎ᠡ ᠰᠣᠯᠢᠭ ᠤᠷᠤᠰᠬᠠᠯ᠎ᠤᠨ ᠴᠣᠩᠬᠣ ᠲᠠᠭ᠋ᠠᠷᠠᠭᠤᠯᠵᠤ᠂  ᠴᠢᠬᠤᠯᠠ᠎ᠲᠠᠢ ᠪᠣᠯ ᠠᠭ᠋ᠠᠷ ᠨᠡᠪᠲᠡᠷᠡᠭᠦᠯᠬᠦ ᠰᠡᠩᠰᠡ᠂  ᠦᠯᠢᠶᠡᠭᠦᠷ ᠮᠠᠰᠢᠨ᠂  ᠠᠭ᠋ᠠᠷ ᠵᠤᠬᠢᠴᠠᠭᠤᠯᠤᠭᠤᠷ ᠵᠡᠷᠭᠡ ᠰᠠᠯᠬᠢ ᠨᠡᠪᠲᠡᠷᠡᠭᠦᠯᠦᠨ ᠬᠠᠯᠠᠭᠤᠨ᠎ᠢ ᠪᠠᠭᠤᠷᠠᠭᠤᠯᠬᠤ ᠲᠥᠬᠦᠭᠡᠷᠦᠮᠵᠢ ᠵᠢ ᠬᠠᠰᠢᠶ᠎ᠠ ᠵᠢᠨ ᠳᠣᠲᠣᠷ᠎ᠠ᠎ᠪᠠᠨ ᠤᠭᠰᠠᠷᠠᠨ᠎ᠠ᠃ ᠲᠣᠬᠢᠷᠠᠮᠵᠢᠲᠠᠢ ᠳᠤᠯᠠᠭ᠋ᠠᠨ᠎ᠤ ᠬᠡᠮᠵᠢᠶ᠎ᠡ᠎ᠳᠤ  ᠬᠦᠷᠭᠡᠬᠦ ᠵᠢᠨ ᠲᠥᠯᠥᠭᠡ᠂  ᠰᠠᠯᠬᠢ ᠨᠡᠪᠲᠡᠷᠡᠭᠦᠯᠬᠦ ᠵᠢᠨ ᠬᠠᠮᠲᠤ ᠥᠨᠳᠥᠷ ᠳᠤᠯᠠᠭ᠋ᠠᠨ᠎ᠤ ᠦᠶ᠎ᠡ᠎ᠳᠤ ᠬᠣᠨᠢᠨ ᠰᠦᠷᠦᠭ᠎ᠲᠤ ᠮᠠᠨᠠᠨ ᠰᠦᠷᠴᠢᠬᠦ ᠪᠤᠶᠤ ᠰᠠᠯᠬᠢ ᠨᠡᠪᠲᠡᠷᠡᠭᠦᠯᠬᠦ ᠠᠮᠠᠰᠠᠷ᠎ᠲᠤ ᠨᠣᠢ᠌ᠲᠠᠨ ᠬᠥᠰᠢᠭᠡ ᠲᠠᠭ᠋ᠠᠷᠠᠭᠤᠯᠪᠠᠯ᠂  ᠪᠦᠷ ᠬᠠᠰᠢᠶ᠎ᠠ ᠵᠢᠨ ᠳᠤᠯᠠᠭ᠋ᠠᠨ᠎ᠢ ᠪᠦᠲᠦᠮᠵᠢᠲᠡᠶ ᠪᠠᠭᠤᠷᠠᠭᠤᠯᠵᠤ ᠪᠣᠯᠣᠨ᠎ᠠ᠃  ᠭᠡᠬᠦ᠎ᠳᠡᠭᠡᠨ  ᠬᠡᠭᠡᠯ᠎ᠲᠠᠢ ᠡᠮ᠎ᠡ ᠬᠣᠨᠢ ᠵᠢᠴᠢ ᠬᠤᠷᠠᠭ᠎ᠠ ᠢᠰᠢᠭᠡᠨ᠎ᠤ ᠬᠠᠯᠠᠭᠤᠨ᠎ᠢ ᠪᠠᠭᠤᠷᠠᠭᠤᠯᠬᠤ᠎ᠳᠠᠭᠠᠨ ᠰᠢᠭᠤᠳ ᠤᠰᠤ᠎ᠪᠠᠷ ᠨᠣᠷᠭ᠋ᠠᠵᠤ ᠪᠣᠯᠬᠤ ᠦᠭᠡᠢ᠂  ᠰᠡᠷᠡᠯᠵᠢᠬᠦ ᠤᠷᠪᠠᠯ ᠡᠭᠦᠰᠬᠦ᠎ᠠᠴᠠ ᠰᠡᠷᠭᠡᠢ᠌ᠯᠡᠬᠦ ᠬᠡᠷᠡᠭᠲᠡᠢ᠂  ᠡᠭᠦᠨ᠎ᠠᠴᠠ ᠭᠠᠳᠠᠨ᠎ᠠ᠂  ᠤᠰᠤ᠎ᠪᠠᠷ ᠬᠠᠯᠠᠭᠤᠨ᠎ᠢ ᠪᠠᠭᠤᠷᠠᠭᠤᠯᠬᠤ᠎ᠳᠠᠭᠠᠨ  ᠬᠠᠰᠢᠶ᠎ᠠ ᠰᠠᠷᠠᠪᠴᠢ᠎ᠪᠠᠨ ᠬᠡᠲᠦᠷᠬᠡᠢ ᠴᠢᠭᠢᠭᠲᠦᠬᠦ᠎ᠠᠴᠠ ᠰᠡᠷᠭᠡᠢ᠌ᠯᠡᠬᠦ ᠬᠡᠷᠡᠭᠲᠡᠢ᠃  ᠬᠤᠨᠢᠨ᠎ᠤ ᠲᠠᠯᠠᠪᠠᠶ ᠵᠢᠨ ᠳᠥᠷᠪᠡᠨ ᠲᠠᠯ᠎ᠠ ᠵᠢᠴᠢ ᠲᠠᠯᠠᠪᠠᠶ ᠵᠢᠨ ᠳᠣᠲᠣᠷᠠᠬᠢ ᠬᠣᠭᠣᠰᠤᠨ ᠭᠠᠵᠠᠷ᠎ᠲᠤ ᠮᠣᠳᠣ ᠪᠠ ᠤᠷᠭᠤᠮᠠᠯ ᠳᠠᠷᠢᠪᠠᠯ ᠣᠷᠴᠢᠨ ᠲᠣᠭᠣᠷᠢᠨ᠎ᠢ ᠨᠣᠭᠣᠭ᠋ᠠᠷᠠᠭᠤᠯᠵᠤ᠂  ᠨᠠᠷᠠ ᠵᠢ ᠬᠠᠯᠬᠠᠯᠠᠨ ᠬᠠᠯᠠᠭᠤᠨ᠎ᠢ ᠪᠠᠭᠤᠷᠠᠭᠤᠯᠬᠤ ᠦᠢ᠍ᠯᠡᠳᠦᠯ᠎ᠲᠠᠢ ᠪᠥᠭᠡᠳ ᠪᠠᠰᠠ ᠬᠤᠨᠢᠨ᠎ᠤ ᠲᠠᠯᠠᠪᠠᠶ ᠵᠢᠨ ᠵᠢᠵᠢᠭ ᠣᠷᠴᠢᠨ ᠲᠣᠭᠣᠷᠢᠨ᠎ᠢ ᠲᠣᠬᠢᠷᠠᠭᠤᠯᠵᠤ ᠪᠣᠯᠣᠨ᠎ᠠ᠃

      ᠭᠤᠷᠪᠠ᠂  ᠬᠠᠰᠢᠶ᠎ᠠ ᠰᠠᠷᠠᠪᠴᠢ ᠵᠢᠨ ᠣᠷᠴᠢᠨ ᠲᠣᠭᠣᠷᠢᠨ᠎ᠤ ᠠᠷᠢᠭᠤᠨ ᠴᠡᠪᠡᠷ᠎ᠢ ᠪᠠᠲᠤᠯᠠᠬᠤ ᠬᠡᠷᠡᠭᠲᠡᠢ᠃  ᠵᠤᠨ᠎ᠤ ᠤᠯᠠᠷᠢᠯ᠎ᠳᠤ ᠳᠤᠯᠠᠭ᠋ᠠᠨ᠎ᠤ ᠬᠡᠮᠵᠢᠶ᠎ᠡ ᠨᠡᠯᠢᠶᠡᠳ ᠥᠨᠳᠥᠷ᠂  ᠲᠡᠵᠢᠭᠡᠯ ᠪᠣᠷᠳᠣᠭ᠎ᠠ ᠠᠮᠠᠷᠬᠠᠨ ᠢᠯᠵᠢᠷᠡᠨ ᠴᠢᠨᠠᠷ ᠬᠤᠪᠢᠷᠠᠵᠤ᠂  ᠪᠠᠭ᠋ᠠᠰᠤ ᠰᠢᠭᠡᠰᠦ ᠴᠦ᠍ ᠠᠮᠠᠷᠬᠠᠨ ᠢᠰᠴᠦ ᠶᠡᠬᠡ ᠬᠡᠮᠵᠢᠶᠡᠨ᠎ᠤ ᠬᠣᠣᠷᠲᠤ ᠬᠡᠢ ᠪᠡᠶᠡᠲᠦ ᠵᠢ ᠡᠭᠦᠰᠬᠡᠳᠡᠭ᠂  ᠵᠢᠱ᠌ᠢᠶᠡᠯᠡᠪᠡᠯ ᠰᠢᠪᠲᠦᠷ᠎ᠤᠨ ᠬᠡᠢ᠂  ᠬᠦᠬᠦᠷᠲᠦ ᠤᠰᠤᠲᠥ᠋ᠷᠥᠭᠴᠢ ᠵᠡᠷᠭᠡ ᠵᠢ ᠡᠭᠦᠰᠬᠡᠳᠡᠭ᠂  ᠡᠭᠦᠨ᠎ᠤ ᠤᠯᠠᠮ᠎ᠠᠴᠠ  ᠬᠠᠰᠢᠶ᠎ᠠ ᠰᠠᠷᠠᠪᠴᠢᠨ ᠳᠣᠲᠣᠷᠠᠬᠢ ᠠᠭ᠋ᠠᠷ᠎ᠤᠨ ᠴᠢᠨᠠᠷ᠎ᠢ ᠪᠠᠭᠤᠷᠠᠭᠤᠯᠤᠨ᠂  ᠠᠯᠠᠰᠢᠨ ᠬᠣᠨᠢ ᠡᠪ ᠦᠭᠡᠢ  ᠪᠠᠢ᠌ᠳᠠᠯ ᠭᠠᠷᠳᠠᠭ᠂  ᠡᠢ᠌ᠮᠦ᠎ᠠᠴᠠ ᠪᠣᠷᠳᠣᠭ᠋ᠠᠨ᠎ᠤ ᠰᠠᠪᠠ ᠳᠣᠲᠣᠷᠠᠬᠢ ᠦᠯᠡᠳᠡᠭᠰᠡᠨ ᠡᠳ᠋ ᠪᠣᠯᠣᠨ ᠬᠠᠰᠢᠶ᠎ᠠ ᠰᠠᠷᠠᠪᠴᠢᠨ ᠳᠣᠲᠣᠷᠠᠬᠢ ᠪᠠᠭ᠋ᠠᠰᠤ ᠰᠢᠭᠡᠰᠦ ᠵᠢ ᠴᠠᠭ ᠲᠤᠬᠠᠢ᠎ᠳᠤᠨᠢ ᠴᠡᠪᠡᠷᠯᠡᠵᠦ᠂ ᠳᠡᠪᠢᠰᠬᠡᠷ ᠡᠪᠡᠰᠦ ᠵᠢ᠎ᠨᠢ ᠦᠷᠭᠦᠯᠵᠢ ᠰᠣᠯᠢᠬᠤ ᠬᠡᠷᠡᠭᠲᠡᠢ᠃

      ᠳᠥᠷᠪᠡ᠂  ᠲᠣᠭᠲᠠᠭᠰᠠᠨ ᠬᠤᠭᠤᠴᠠᠭ᠎ᠠ᠎ᠲᠠᠢ᠎ᠪᠠᠷ ᠠᠷᠢᠭᠤᠳᠬᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃  ᠶᠡᠬᠡ ᠬᠡᠮᠵᠢᠶᠡᠨ᠎ᠤ ᠡᠪᠡᠳᠴᠢᠨ ᠡᠭᠦᠰᠬᠡᠭᠴᠢ ᠪᠠᠺᠲ᠋ᠧᠷᠢ ᠦᠷᠡᠵᠢᠨ  ᠲᠠᠷᠬᠠᠳᠠᠭ᠃  ᠵᠣᠨ᠎ᠤ ᠤᠯᠠᠷᠢᠯ᠎ᠳᠤ ᠢᠯᠠᠭ᠎ᠠ ᠪᠠᠲᠠᠭ᠋ᠠᠨ᠎ᠠ ᠠᠷᠪᠢᠨ  ᠪᠠᠢ᠌ᠵᠤ ᠠᠯᠠᠰᠢᠨ ᠬᠣᠨᠢᠨ᠎ᠤ ᠠᠮᠠᠷᠠᠯᠲᠠ ᠵᠢ ᠬᠠᠷᠰᠢᠯᠠᠬᠤ ᠵᠢᠨ ᠬᠠᠮᠲᠤ ᠪᠠᠰᠠ ᠡᠪᠡᠳᠴᠢᠨ ᠡᠮᠭᠡᠭ᠎ᠢ ᠠᠮᠠᠷᠬᠠᠨ ᠲᠠᠷᠬᠠᠭ᠋ᠠᠳᠠᠭ᠂  ᠡᠢ᠌ᠮᠦ᠎ᠠᠴᠠ ᠵᠣᠨ᠎ᠤ ᠤᠯᠠᠷᠢᠯ᠎ᠳᠤ ᠢᠯᠠᠭ᠎ᠠ ᠪᠠᠲᠠᠭ᠋ᠠᠨ᠎ᠠ ᠵᠢ ᠠᠯᠠᠵᠤ ᠤᠰᠠᠳᠬᠠᠬᠤ ᠠᠵᠢᠯ᠎ᠢ ᠰᠠᠢ᠌ᠲᠤᠷ ᠬᠢᠵᠦ᠂  ᠬᠣᠨᠢᠨ᠎ᠤ  ᠬᠠᠰᠢᠶ᠎ᠠ ᠰᠠᠷᠠᠪᠴᠢ ᠵᠢᠨ ᠡᠭᠦᠳᠡ ᠴᠣᠩᠬᠣᠨ᠎ᠳᠤ ᠱᠠ ᠴᠣᠩᠬᠣ ᠲᠠᠭ᠋ᠠᠷᠠᠭᠤᠯᠵᠤ ᠬᠣᠷᠣᠬᠠᠢ ᠠᠯᠠᠬᠤ ᠡᠮ ᠵᠶ᠋ᠡᠷ ᠠᠯᠠᠵᠤ  ᠤᠰᠠᠳᠬᠠᠬᠤ ᠬᠡᠷᠡᠭᠲᠡᠢ᠃

ᠢᠷᠡᠯᠲᠡ᠄ ᠪᠤᠭᠤᠲᠤ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠵᠤᠨ᠎ᠤ ᠤᠯᠠᠷᠢᠯ᠎ᠳᠤ ᠦᠬᠡᠷ ᠲᠡᠵᠢᠭᠡᠬᠦ᠎ᠳᠤ ᠵᠢᠷᠭᠤᠭ᠋ᠠᠨ ᠭᠣᠣᠯᠳᠠᠯᠭ᠎ᠠ ᠵᠢ ᠰᠠᠢ᠌ᠲᠤᠷ ᠬᠢᠬᠦ ᠬᠡᠷᠡᠭᠲᠡᠢ
ᠵᠤᠨ᠎ᠤ ᠤᠯᠠᠷᠢᠯ᠎ᠳᠤ ᠠᠯᠠᠰᠢᠨ ᠬᠣᠨᠢᠨ᠎ᠤ ᠬᠠᠯᠠᠭᠤᠨ᠎ᠤ ᠰᠡᠷᠡᠯᠵᠢᠯ᠎ᠢ ᠰᠡᠷᠭᠡᠢ᠌ᠯᠡᠬᠦ ᠠᠷᠭ᠎ᠠ
ᠭᠠᠳᠠᠨ᠎ᠠ᠎ᠠᠴᠠ ᠡᠭᠦᠯᠳᠡᠷ᠎ᠤᠨ ᠬᠤᠴᠠ ᠣᠷᠣᠭᠤᠯᠬᠤ᠎ᠳᠤ ᠶᠠᠭᠤ ᠵᠢ ᠠᠩᠬᠠᠷᠬᠤ ᠬᠡᠷᠡᠭᠲᠡᠶ ᠪᠣᠶ?
ᠬᠣᠨᠢ ᠵᠢ ᠰᠣᠩᠭᠣᠬᠤ ᠠᠷᠭ᠎ᠠ
ᠦᠷᠡᠰ ᠭᠠᠬᠠᠢ ᠤᠷᠤᠭᠤᠯᠵᠤ ᠢᠷᠡᠬᠦ ᠵᠠᠷᠴᠢᠮ ᠪᠠ ᠠᠷᠭ᠎ᠠ ᠬᠡᠮᠵᠢᠶ᠎ᠡ (ᠨᠢᠭᠡ)
 
            