ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠠᠮᠤᠭᠤᠯᠠᠩᠲᠤ᠌ ᠬᠥᠳᠡᠭᠡ   -   ᠠᠯᠲᠠᠨ ᠮᠥᠬᠦᠯᠢᠭ
ᠪᠤᠭᠤᠳᠠᠢ ᠵᠢ ᠥᠨᠳᠥᠷ ᠤᠨᠠᠯᠲᠠ᠎ᠲᠠᠢ ᠲᠠᠷᠢᠵᠤ ᠪᠣᠢ᠌ᠵᠢᠭᠤᠯᠬᠤ᠎ᠳᠠᠬᠢ GIS ᠮᠡᠷᠭᠡᠵᠢᠯ᠎ᠤᠨ ᠬᠡᠷᠡᠭᠯᠡᠯᠲᠡ
ᠨᠡᠶ᠋ᠢᠲᠡᠯᠡᠭᠰᠡᠨ ᠴᠠᠭ᠄ 2025-05-10

      ᠪᠤᠭᠤᠳᠠᠢ ᠲᠠᠷᠢᠬᠤ᠎ᠳᠤ  ᠦᠷᠭᠦᠯᠵᠢ ᠬᠥᠷᠥᠰᠥ ᠰᠢᠷᠣᠢ ᠵᠢᠨ ᠴᠢᠭᠢᠭ᠎ᠤᠨ ᠪᠠᠢ᠌ᠳᠠᠯ ᠮᠠᠭᠤ᠂ ᠲᠠᠷᠢᠶᠠᠨ ᠭᠠᠵᠠᠷ᠎ᠤᠨ ᠭᠡᠷᠡᠯ ᠨᠡᠪᠲᠡᠷᠡᠬᠦ ᠨᠥᠬᠥᠴᠡᠯ ᠮᠠᠭᠤ᠂ ᠤᠰᠤ ᠬᠤᠷᠠᠬᠤ ᠵᠡᠷᠭᠡ ᠠᠰᠠᠭᠤᠳᠠᠯ᠎ᠳᠤ ᠲᠤᠯᠭ᠋ᠠᠷᠠᠵᠤ᠂ ᠪᠤᠭᠤᠳᠠᠢ ᠵᠢᠨ ᠥᠰᠦᠯᠲᠡ᠎ᠳᠤ ᠠᠰᠢᠭ ᠦᠭᠡᠢ᠂ ᠪᠤᠭᠤᠳᠠᠢ ᠵᠢᠨ ᠶᠠᠰᠤ ᠴᠢᠨᠠᠷ ᠪᠠ ᠤᠨᠠᠯᠲᠠ ᠵᠢ ᠳᠡᠭᠡᠭᠰᠢᠯᠡᠭᠦᠯᠬᠦ ᠵᠢ ᠨᠦᠯᠦᠭᠡᠯᠡᠳᠡᠭ᠃ ᠰᠢᠨᠵᠢᠯᠡᠬᠦ ᠤᠬᠠᠭ᠋ᠠᠨᠴᠢ ᠲᠠᠷᠢᠶᠠᠨ ᠭᠠᠵᠠᠷ᠎ᠤᠨ ᠲᠥᠯᠦᠪᠵᠢᠭᠦᠯᠭᠡ᠎ᠨᠢ ᠲᠠᠷᠢᠶᠠᠨ ᠭᠠᠵᠠᠷ᠎ᠤᠨ ᠪᠤᠭᠤᠳᠠᠢ ᠵᠢᠨ ᠤᠷᠭᠤᠯᠲᠠ ᠵᠢᠨ ᠨᠥᠬᠥᠴᠡᠯ᠎ᠢ  ᠰᠠᠢ᠌ᠵᠢᠷᠠᠭᠤᠯᠳᠠᠭ᠂ ᠭᠡᠪᠡᠴᠦ ᠤᠯᠠᠮᠵᠢᠯᠠᠯᠲᠤ ᠲᠠᠷᠢᠮᠠᠯ᠎ᠤᠨ ᠵᠠᠭᠪᠤᠷ᠎ᠨᠢ ᠨᠠᠷᠢᠯᠢᠭᠵᠢᠭᠤᠯᠤᠭᠰᠠᠨ ᠬᠠᠮᠢᠶᠠᠷᠤᠯᠲᠠ᠎ᠪᠠᠷ ᠳᠤᠲᠠᠮᠠᠭ ᠪᠠᠢ᠌ᠵᠤ᠂ ᠠᠳᠠᠯᠢ ᠪᠤᠰᠤ ᠬᠡᠰᠡᠭ ᠭᠠᠵᠠᠷ᠎ᠤᠨ ᠬᠥᠷᠥᠰᠥᠨ᠎ᠤ ᠴᠢᠭᠢᠭ᠎ᠤᠨ ᠪᠠᠢ᠌ᠳᠠᠯ᠂ ᠰᠢᠮ᠎ᠡ ᠲᠡᠵᠢᠭᠡᠯ᠂ ᠭᠠᠵᠠᠷ᠎ᠤᠨ ᠪᠠᠢ᠌ᠴᠠ ᠵᠡᠷᠭᠡ ᠬᠦᠴᠦᠨ ᠵᠦᠢ᠍ᠯ᠎ᠤᠨ ᠵᠥᠷᠢᠶ᠎ᠡ ᠵᠢ ᠪᠣᠳᠣᠯᠬᠢᠯᠠᠭᠰᠠᠨ ᠦᠭᠡᠢ᠂ ᠪᠦᠬᠦᠶ᠋ᠢᠯᠡ ᠬᠡᠰᠡᠭ ᠲᠠᠷᠢᠶᠠᠨ ᠭᠠᠵᠠᠷ ᠵᠶ᠋ᠠᠷ ᠨᠢᠭᠡᠴᠢ ᠪᠣᠯᠭ᠋ᠠᠨ ᠨᠢᠭᠡᠳᠦᠯᠲᠡᠢ ᠬᠠᠮᠢᠶᠠᠷᠬᠤ᠂ ᠤᠰᠤ ᠪᠣᠷᠳᠣᠭᠤᠷ᠎ᠤᠨ ᠬᠠᠮᠢᠶᠠᠷᠤᠯᠲᠠ᠂ ᠡᠪᠡᠳᠴᠢᠨ ᠬᠣᠷᠣᠬᠠᠢ ᠵᠢᠨ ᠬᠥᠨᠥᠭᠡᠯ᠎ᠢ ᠰᠡᠷᠭᠡᠢ᠌ᠯᠡᠨ ᠵᠠᠰᠠᠬᠤ ᠵᠡᠷᠭᠡ ᠠᠷᠭ᠎ᠠ ᠬᠡᠮᠵᠢᠶ᠎ᠡ᠎ᠨᠢ ᠬᠡᠰᠡᠭ ᠲᠠᠷᠢᠶᠠᠨ ᠭᠠᠵᠠᠷ᠎ᠲᠤ ᠵᠣᠬᠢᠴᠠᠬᠤ ᠴᠢᠨᠠᠷ ᠵᠶ᠋ᠠᠷ ᠠᠨᠠᠢ ᠪᠠᠢ᠌ᠵᠤ᠂ ᠪᠤᠭᠤᠳᠠᠢ ᠵᠢᠨ ᠬᠡᠪ᠎ᠤᠨ ᠥᠰᠦᠯᠲᠡ ᠪᠣᠶ᠋ᠢᠵᠢᠯᠲᠠ ᠵᠢ ᠪᠠᠲᠤᠯᠠᠬᠤ᠎ᠳᠤ ᠪᠡᠷᠬᠡ ᠮᠥᠷᠲᠡᠭᠡᠨ ᠪᠠᠰᠠ ᠡᠬᠢ ᠪᠠᠶᠠᠯᠢᠭ᠎ᠢ ᠪᠦᠷᠢᠯᠭᠡᠬᠦ ᠪᠣᠯᠣᠨ᠎ᠠ᠃ ᠲᠠᠷᠢᠶᠠᠯᠠᠩ᠎ᠤᠨ ᠮᠡᠳᠡᠭᠡ ᠵᠠᠩᠭᠢᠵᠢᠯᠲᠠ ᠵᠢᠨ ᠠᠬᠤᠢ ᠪᠠᠢ᠌ᠳᠠᠯ᠎ᠤᠨ ᠳᠣᠣᠷ᠎ᠠ᠂ GIS ᠮᠡᠷᠭᠡᠵᠢᠯ (ᠭᠠᠵᠠᠷ ᠵᠦᠢ ᠵᠢᠨ ᠮᠡᠳᠡᠭᠡ ᠵᠠᠩᠭᠢ ᠵᠢᠨ ᠰᠢᠰᠲ᠋ᠧᠮ)᠎ᠢ ᠬᠡᠷᠡᠭᠯᠡᠨ ᠲᠠᠷᠢᠶᠠᠨ ᠭᠠᠵᠠᠷ᠎ᠤᠨ ᠲᠥᠯᠦᠪᠵᠢᠭᠦᠯᠭᠡ ᠬᠢᠵᠦ᠂ ᠲᠠᠷᠢᠶᠠᠨ ᠭᠠᠵᠠᠷ᠎ᠢ ᠨᠠᠷᠢᠨ ᠬᠤᠪᠢᠶᠠᠬᠤ᠎ᠳᠤ ᠴᠢᠭᠯᠡᠭᠦᠯᠦᠨ ᠲᠤᠰᠬᠠᠢ ᠵᠦᠢ᠍ᠯ᠎ᠤᠨ ᠬᠠᠮᠢᠶᠠᠷᠤᠯᠲᠠ ᠵᠢᠨ ᠲᠥᠰᠥᠯ᠎ᠢ ᠠᠪᠴᠤ᠂ ᠲᠠᠷᠢᠶᠠᠯᠠᠩ᠎ᠤᠨ ᠡᠬᠢ ᠪᠠᠶᠠᠯᠢᠭ᠎ᠤᠨ ᠠᠰᠢᠭᠯᠠᠯᠲᠠ ᠵᠢᠨ ᠨᠤᠷᠮ᠎ᠠ ᠵᠢ ᠳᠡᠭᠡᠭᠰᠢᠯᠡᠭᠦᠯᠵᠦ᠂ ᠪᠤᠭᠤᠳᠠᠢ ᠵᠢᠨ ᠤᠷᠭᠤᠯᠲᠠ ᠵᠢ  ᠠᠬᠢᠭᠤᠯᠵᠤ ᠪᠣᠯᠤᠨ᠎ᠠ᠃

      ᠡᠩ ᠲᠡᠷᠢᠭᠦᠨ᠎ᠳᠤ᠂ GIS ᠮᠡᠷᠭᠡᠵᠢᠯ ᠵᠶ᠋ᠡᠷ ᠵᠢᠯᠣᠭᠣᠴᠢ ᠦᠭᠡᠢ ᠨᠢᠰᠬᠡᠯ᠎ᠤᠨ ᠲᠣᠭ᠎ᠠ ᠪᠠᠷᠢᠮᠲᠠ᠂ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠵᠢᠷᠤᠭ ᠳᠦᠷᠰᠦ ᠵᠢ ᠡᠮᠬᠢᠯᠡᠨ ᠨᠡᠢ᠌ᠯᠡᠭᠦᠯᠵᠦ᠂ ᠣᠯᠠᠨ ᠡᠬᠢᠲᠦ ᠲᠣᠭ᠎ᠠ ᠪᠠᠷᠢᠮᠲᠠ᠎ᠪᠠᠷ ᠳᠠᠮᠵᠢᠭᠤᠯᠤᠨ ᠲᠠᠷᠢᠶᠠᠨ ᠭᠠᠵᠠᠷ᠎ᠤᠨ ᠭᠠᠵᠠᠷ ᠵᠦᠢ ᠵᠢᠨ ᠣᠷᠣᠨ ᠵᠠᠢ ᠵᠢᠨ ᠲᠣᠭ᠎ᠠ ᠪᠠᠷᠢᠮᠲᠠ ᠵᠢᠨ ᠬᠥᠮᠥᠷᠭᠡ ᠵᠢ ᠪᠠᠢ᠌ᠭᠤᠯᠵᠤ᠂  ᠲᠠᠷᠢᠶᠠᠨ ᠭᠠᠵᠠᠷ᠎ᠤᠨ ᠪᠣᠳᠠᠲᠠᠢ ᠪᠠᠢ᠌ᠳᠠᠯ᠎ᠢ ᠲᠤᠰᠬᠠᠵᠤ᠂ ᠵᠢᠱ᠌ᠢᠶᠡᠯᠡᠪᠡᠯ  ᠨᠠᠯᠠᠤᠴᠠ᠂ ᠤᠰᠤᠨ᠎ᠤ ᠰᠤᠷᠪᠤᠯᠵᠢ ᠵᠢᠨ ᠲᠠᠷᠬᠠᠯᠲᠠ᠂ ᠬᠥᠷᠥᠰᠥᠨ᠎ᠤ ᠶᠠᠰᠤ ᠴᠢᠨᠠᠷ ᠵᠡᠷᠭᠡ  ᠪᠠᠢ᠌ᠵᠦ᠂ ᠪᠤᠭᠤᠳᠠᠢ ᠳᠠᠷᠢᠬᠤ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠲᠠᠷᠢᠶᠠᠨ ᠭᠠᠵᠠᠷ᠎ᠢ ᠲᠥᠯᠥᠪᠵᠢᠭᠦᠯᠵᠦ᠂ ᠳᠠᠷᠢᠬᠤ ᠲᠥᠰᠥᠯ᠎ᠢ ᠲᠣᠭᠲᠠᠭ᠋ᠠᠨ᠎ᠠ᠃ ᠡᠩ᠎ᠤᠨ ᠲᠡᠭᠰᠢ ᠳᠠᠷᠢᠬᠤ᠎ᠲᠠᠢ ᠬᠠᠷᠢᠴᠠᠭᠤᠯᠪᠠᠯ᠂  ᠰᠤᠪᠠᠭᠯᠠᠨ  ᠳᠠᠷᠢᠬᠤ ᠎ᠨᠢ  ᠤᠰᠤᠨ᠎ᠤ ᠠᠰᠢᠭᠯᠠᠯᠲᠠ ᠵᠢᠨ ᠨᠣᠷᠮ᠎ᠠ ᠵᠢ 9.5%᠎ᠪᠠᠷ ᠳᠡᠭᠡᠭᠰᠢᠯᠡᠭᠦᠯᠵᠦ᠂ ᠪᠤᠭᠤᠳᠠᠢ ᠵᠢᠨ ᠤᠷᠭᠤᠯᠲᠠ ᠵᠢᠨ ᠤᠰᠤᠨ᠎ᠤ ᠬᠡᠷᠡᠭᠴᠡᠭᠡ ᠵᠢ ᠬᠠᠩᠭ᠋ᠠᠵᠤ᠂ ᠤᠰᠤᠨ᠎ᠤ ᠡᠬᠢ ᠪᠠᠶᠠᠯᠢᠭ᠎ᠢ ᠪᠦᠷᠢᠯᠭᠡᠬᠦ ᠵᠢ ᠪᠠᠭ᠋ᠠᠰᠬᠠᠨ᠎ᠠ᠃ ᠥᠷᠭᠡᠨ ᠨᠠᠷᠢᠬᠠᠨ  ᠮᠦᠷ᠎ᠤᠨ  ᠴᠢᠬᠢᠭ᠎ᠢ  ᠰᠦᠪᠡᠭᠴᠢᠯᠡᠵᠦ  ᠰᠤᠪᠠᠭᠯᠠᠨ ᠲᠠᠷᠢᠬᠤ ᠵᠢ ᠡᠩ᠎ᠤᠨ ᠲᠠᠷᠢᠬᠤ ᠵᠠᠭᠪᠤᠷ᠎ᠲᠠᠢ ᠬᠠᠷᠢᠴᠠᠭᠤᠯᠪᠠᠯ ᠤᠨᠠᠯᠲᠠ᠎ᠨᠢ 6.9%~12.4%᠎ᠪᠠᠷ ᠨᠡᠮᠡᠭᠳᠡᠵᠦ᠂ ᠪᠤᠭᠤᠳᠠᠢ ᠵᠢᠨ ᠤᠨᠠᠯᠲᠠ ᠵᠢ ᠨᠡᠮᠡᠭᠳᠡᠭᠦᠯᠬᠦ ᠵᠢ ᠠᠬᠢᠭᠤᠯᠤᠨ᠎ᠠ᠃ ᠲᠠᠷᠢᠶᠠᠨ ᠭᠠᠵᠠᠷ᠎ᠤᠨ ᠲᠥᠯᠦᠪᠵᠢᠭᠦᠯᠭᠡ ᠪᠠ ᠲᠠᠷᠢᠵᠦ ᠪᠣᠢ᠌ᠵᠢᠭᠤᠯᠬᠤ ᠬᠠᠮᠢᠶᠠᠷᠤᠯᠲᠠ ᠵᠢ ᠥᠩᠭᠡᠷᠡᠭᠡᠭᠰᠡᠨ᠎ᠤ ᠲᠠᠷᠠᠭ᠎ᠠ᠂ ᠪᠤᠭᠤᠳᠠᠢ ᠵᠢᠨ ᠡᠯ᠎ᠡ ᠵᠦᠢ᠍ᠯ᠎ᠤᠨ ᠲᠠᠷᠢᠶᠠᠯᠠᠩ᠎ᠤᠨ ᠮᠡᠷᠭᠡᠵᠢᠯ᠎ᠤᠨ ᠰᠢᠨᠵᠢ ᠪᠠᠢ᠌ᠳᠠᠯ᠎ᠤᠨ ᠭᠦᠢ᠍ᠴᠡᠳᠬᠡᠬᠦ ᠲᠣᠭ᠎ᠠ ᠵᠢ ᠰᠠᠢ᠌ᠵᠢᠷᠠᠭᠤᠯᠵᠤ᠂ ᠭᠠᠷᠤᠯᠲᠠ᠎ᠪᠠᠨ ᠨᠡᠮᠡᠭᠳᠡᠭᠦᠯᠦᠭᠡᠳ ᠰᠠᠢ᠌ᠨ ᠦᠷ᠎ᠡ ᠪᠦᠲᠦᠮᠵᠢ  ᠣᠯᠳᠠᠭ᠃

      ᠳᠠᠷᠠᠭ᠎ᠠ᠎ᠨᠢ᠂ GIS ᠮᠡᠷᠭᠡᠵᠢᠯ᠎ᠢ ᠠᠰᠢᠭᠯᠠᠨ ᠲᠠᠷᠢᠶᠠᠨ ᠭᠠᠵᠠᠷ᠎ᠤᠨ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠨᠥᠬᠥᠴᠡᠯ᠎ᠢ ᠣᠢ᠌ᠯᠠᠭ᠋ᠠᠵᠤ᠂ ᠲᠠᠷᠢᠶᠠᠨ ᠭᠠᠵᠠᠷ᠎ᠤᠨ ᠬᠤᠪᠢᠶᠠᠷᠢᠯᠠᠯ᠎ᠤᠨ ᠵᠢᠷᠤᠭ᠎ᠢ ᠪᠣᠶ ᠪᠣᠯᠭ᠋ᠠᠨ᠂ ᠵᠦᠷᠢᠶᠡᠴᠢᠯᠡᠭᠰᠡᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠠᠪᠴᠤ᠂ ᠡᠬᠢ ᠪᠠᠶᠠᠯᠢᠭ᠎ᠤᠨ ᠪᠦᠷᠢᠯᠭᠡᠯᠲᠡ ᠵᠢ ᠪᠠᠭ᠋ᠠᠰᠬᠠᠨ᠎ᠠ᠃ GIS ᠮᠡᠷᠭᠡᠵᠢᠯ᠎ᠨᠢ ᠡᠯ᠎ᠡ ᠲᠠᠷᠢᠶᠠᠨ ᠭᠠᠵᠠᠷ᠎ᠲᠤ ᠨᠢᠭᠡᠨ ᠢᠵᠢ ᠪᠣᠯᠣᠮᠵᠢ᠎ᠲᠠᠢ ᠲᠠᠷᠢᠵᠤ ᠪᠣᠢ᠌ᠵᠢᠭᠤᠯᠬᠤ ᠬᠠᠮᠢᠶᠠᠷᠤᠯᠲᠠ ᠵᠢᠨ ᠲᠥᠰᠥᠯ᠎ᠢ ᠲᠣᠭᠲᠠᠭ᠋ᠠᠨ ᠥᠭᠴᠦ᠂ ᠲᠠᠷᠢᠶᠠᠨ ᠭᠠᠵᠠᠷ᠎ᠤᠨ ᠣᠷᠴᠢᠨ ᠲᠣᠭᠣᠷᠢᠨ᠎ᠳᠤ ᠵᠣᠬᠢᠴᠠᠬᠤ ᠴᠢᠨᠠᠷ ᠵᠶ᠋ᠠᠷ ᠴᠢᠩᠭ᠎ᠠ ᠲᠠᠷᠢᠮᠠᠯ᠎ᠢ ᠰᠣᠩᠭᠣᠵᠤ᠂ ᠲᠣᠬᠢᠷᠠᠮᠵᠢᠲᠠᠢ ᠤᠰᠤᠨ᠎ᠤ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ  ᠠᠪᠤᠨ᠎ᠠ᠃ ᠲᠠᠷᠢᠮᠠᠯ᠎ᠤᠨ ᠠᠵᠢᠯᠲᠠᠳ ᠠᠳᠠᠯᠢ ᠪᠤᠰᠤ ᠠᠷᠭ᠎ᠠ᠎ᠪᠠᠷ ᠡᠯ᠎ᠡ ᠲᠠᠷᠢᠶᠠᠨ ᠭᠠᠵᠠᠷ᠎ᠢ ᠬᠠᠮᠢᠶᠠᠷᠴᠤ᠂ ᠪᠤᠭᠤᠳᠠᠢ ᠵᠢᠨ ᠪᠦᠬᠦ ᠦᠷᠡᠵᠢᠯ᠎ᠤᠨ ᠬᠤᠭᠤᠴᠠᠭ᠋ᠠᠨ᠎ᠤ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠪᠠᠲᠤᠯᠠᠵᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠠᠷᠪᠢᠯᠠᠨ᠎ᠠ᠃

      ᠬᠠᠮᠤᠭ᠎ᠤᠨ ᠰᠡᠭᠦᠯ᠎ᠳᠤ᠂ GIS ᠮᠡᠷᠭᠡᠵᠢᠯ᠎ᠨᠢ ᠵᠢᠯᠣᠭᠣᠴᠢ ᠦᠭᠡᠢ ᠨᠢᠰᠬᠡᠯ᠎ᠤᠨ ᠠᠯᠤᠰ ᠰᠡᠷᠡᠯ ᠵᠡᠷᠭᠡ ᠪᠤᠰᠤᠳ ᠮᠡᠳᠡᠭᠡ ᠵᠠᠩᠭᠢ ᠵᠢᠨ ᠮᠡᠷᠭᠡᠵᠢᠯ᠎ᠲᠠᠢ ᠬᠠᠮᠵᠢᠯᠴᠠᠵᠤ᠂ ᠲᠠᠷᠢᠶᠠᠨ ᠭᠠᠵᠠᠷ᠎ᠢ ᠴᠠᠭ ᠲᠤᠬᠠᠢ᠎ᠳᠤᠨᠢ ᠬᠢᠨᠠᠨ ᠬᠡᠮᠵᠢᠵᠦ᠂ ᠥᠨᠳᠥᠷ ᠢᠯᠭ᠋ᠠᠮᠵᠢ᠎ᠲᠠᠢ ᠲᠠᠷᠢᠶᠠᠨ ᠭᠠᠵᠠᠷ᠎ᠤᠨ ᠵᠢᠷᠤᠭ ᠳᠦᠷᠰᠦ᠎ᠪᠠᠷ ᠪᠤᠭᠤᠳᠠᠢ ᠵᠢᠨ ᠤᠷᠭᠤᠯᠲᠠ ᠵᠢᠨ ᠪᠠᠢ᠌ᠳᠠᠯ᠎ᠢ ᠲᠤᠰᠬᠠᠵᠤ᠂ ᠪᠤᠭᠤᠳᠠᠢ ᠵᠢᠨ ᠤᠷᠭᠤᠯᠲᠠ ᠵᠢᠨ ᠪᠠᠢ᠌ᠳᠠᠯ ᠠᠨᠠᠢ ᠪᠤᠶᠤ ᠡᠪᠡᠳᠴᠢᠨ ᠬᠣᠷᠣᠬᠠᠢ ᠵᠢᠨ ᠭᠠᠮᠰᠢᠭ ᠣᠷᠣᠰᠢᠵᠤ ᠪᠠᠢ᠌ᠬᠤ ᠵᠢ ᠣᠯᠵᠤ ᠮᠡᠳᠡᠪᠡᠯ᠂ ᠴᠠᠭ ᠲᠤᠬᠠᠢ᠎ᠳᠤᠨᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠡᠪᠡᠳᠴᠢᠨ ᠬᠣᠷᠣᠬᠠᠢ ᠵᠢᠨ ᠬᠥᠨᠥᠭᠡᠯ᠎ᠤᠨ ᠪᠤᠭᠤᠳᠠᠢ᠎ᠳᠤ ᠦᠵᠡᠭᠦᠯᠬᠦ ᠮᠠᠭᠤ ᠨᠥᠯᠥᠭᠡ ᠵᠢ ᠪᠠᠭ᠋ᠠᠰᠬᠠᠨ᠎ᠠ᠃ GIS ᠮᠡᠷᠭᠡᠵᠢᠯ ᠬᠢᠭᠡᠳ ᠵᠢᠯᠣᠭᠣᠴᠢ ᠦᠭᠡᠢ ᠨᠢᠰᠬᠡᠯ᠎ᠤᠨ ᠠᠯᠤᠰ ᠰᠡᠷᠡᠯ᠎ᠤᠨ ᠮᠡᠷᠭᠡᠵᠢᠯ᠎ᠤᠨ ᠶᠡᠷᠦᠩᠬᠡᠢ᠌ᠯᠡᠭᠰᠡᠨ ᠬᠡᠷᠡᠭᠯᠡᠯᠲᠡ᠎ᠨᠢ ᠪᠤᠭᠤᠳᠠᠢ ᠵᠢᠨ ᠲᠠᠷᠢᠶᠠᠨ᠎ᠤ ᠬᠠᠮᠢᠶᠠᠷᠤᠯᠲᠠ ᠵᠢᠨ ᠴᠠᠭ ᠬᠤᠭᠤᠴᠠᠭ᠎ᠠ ᠪᠠ ᠣᠷᠣᠨ ᠵᠠᠢ ᠵᠢᠨ ᠬᠦᠯᠢᠶᠡᠰᠦᠯᠡᠯ᠎ᠠᠴᠠ ᠳᠠᠪᠠᠵᠤ᠂ ᠲᠠᠷᠢᠮᠠᠯ᠎ᠤᠨ ᠠᠵᠢᠯᠲᠠᠳ ᠪᠤᠭᠤᠳᠠᠢ ᠵᠢᠨ ᠲᠠᠷᠢᠶᠠᠨ᠎ᠤ ᠪᠣᠳᠠᠲᠤ ᠪᠠᠢ᠌ᠳᠠᠯ᠎ᠢ ᠴᠠᠭ ᠲᠤᠬᠠᠢ᠎ᠳᠤᠨᠢ ᠡᠵᠡᠮᠰᠢᠵᠦ ᠴᠢᠳᠠᠳᠠᠭ᠃ GIS ᠮᠡᠷᠭᠡᠵᠢᠯ᠎ᠨᠢ ᠪᠠᠰᠠ ᠣᠶᠤᠨᠴᠢᠯᠠᠭᠰᠠᠨ ᠲᠠᠷᠢᠶᠠᠯᠠᠩ᠎ᠤᠨ ᠮᠠᠰᠢᠨ ᠲᠥᠬᠦᠭᠡᠷᠦᠮᠵᠢ᠎ᠲᠠᠢ ᠬᠠᠮᠵᠢᠯᠴᠠᠨ᠂ ᠲᠠᠷᠢᠶᠠᠯᠠᠩ᠎ᠤᠨ ᠮᠠᠰᠢᠨ᠎ᠤ ᠵᠠᠮ ᠮᠥᠷ᠎ᠢ ᠰᠢᠯᠢᠳᠡᠭᠵᠢᠭᠦᠯᠵᠦ᠂ ᠪᠤᠭᠤᠳᠠᠢ ᠵᠢᠨ ᠲᠠᠷᠢᠶ᠎ᠠ ᠵᠢ ᠨᠠᠷᠢᠯᠢᠭ ᠦᠢ᠍ᠯᠡᠳᠪᠦᠷᠢᠯᠡᠬᠦ ᠪᠠ ᠬᠠᠮᠢᠶᠠᠷᠴᠤ ᠪᠣᠯᠣᠨ᠎ᠠ᠃

ᠢᠷᠡᠯᠲᠡ᠄ ᠪᠤᠭᠤᠲᠤ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            