ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠠᠮᠤᠭᠤᠯᠠᠩᠲᠤ᠌ ᠬᠥᠳᠡᠭᠡ   -   ᠠᠯᠲᠠᠨ ᠮᠥᠬᠦᠯᠢᠭ
ᠬᠠᠪᠤᠷ᠎ᠤᠨ ᠤᠯᠠᠷᠢᠯ᠎ᠳᠤ ᠵᠢᠮᠢᠰ᠎ᠤᠨ ᠬᠦᠷᠢᠶᠡᠯᠡᠩ᠎ᠳᠤ ᠣᠷᠭ᠋ᠠᠨᠢᠭ ᠪᠣᠷᠳᠣᠭᠤᠷ ᠣᠷᠣᠭᠤᠯᠬᠤ᠎ᠨᠢ ᠰᠢᠨᠵᠢᠯᠡᠬᠦ ᠤᠬᠠᠭ᠋ᠠᠨᠴᠢ ᠪᠢᠰᠢ
ᠨᠡᠶ᠋ᠢᠲᠡᠯᠡᠭᠰᠡᠨ ᠴᠠᠭ᠄ 2025-05-16

      1. ᠲᠠᠰᠤᠷᠠᠭᠰᠠᠨ ᠦᠨᠳᠦᠰᠦ ᠵᠢ ᠎ᠨᠢ ᠰᠡᠷᠭᠦᠭᠡᠵᠦ ᠲᠡᠢ᠌ᠯᠳᠡᠭ  ᠦᠭᠡᠢ

      ᠬᠠᠪᠤᠷ᠎ᠤᠨ ᠤᠯᠠᠷᠢᠯ᠎ᠳᠤ ᠰᠠᠭᠤᠷᠢ ᠪᠣᠷᠳᠣᠭᠤᠷ  ᠣᠷᠤᠭᠤᠯᠵᠤ᠂ ᠰᠠᠭᠤᠷᠢ ᠪᠣᠷᠳᠣᠭᠤᠷ᠎ᠨᠢ ᠭᠣᠣᠯᠳᠠᠭᠤ ᠣᠷᠭ᠋ᠠᠨᠢᠭ ᠪᠣᠷᠳᠣᠭᠤᠷ᠂ ᠨᠠᠢ᠌ᠷᠠᠯᠭ᠎ᠠ᠎ᠲᠠᠢ ᠪᠣᠷᠳᠣᠭᠤᠷ᠂ ᠴᠠᠬᠢᠭᠤᠷ ᠺᠠᠯᠼ ᠮᠠᠭᠨᠢ ᠪᠣᠯᠣᠨ᠎ᠠ᠂ ᠡᠳᠡᠭᠡᠷ᠎ᠨᠢ ᠦᠨᠳᠦᠰᠦᠨ᠎ᠳᠡᠭᠡᠨ ᠪᠦᠷ ᠬᠠᠲᠠᠭᠤ ᠪᠡᠶᠡᠲᠦ ᠪᠣᠷᠳᠣᠭᠤᠷ  ᠪᠠᠢ᠌ᠵᠤ᠂ ᠬᠠᠲᠠᠭᠤ ᠪᠡᠶᠡᠲᠦ ᠪᠣᠷᠳᠣᠭᠤᠷ᠎ᠢ ᠣᠷᠣᠭᠤᠯᠬᠤ᠎ᠳᠤ ᠨᠦᠬᠡ ᠮᠠᠯᠲᠠᠬᠤ ᠪᠤᠶᠤ ᠭᠤᠤ ᠭᠠᠷᠭ᠋ᠠᠨ᠎ᠠ᠂ ᠨᠦᠬᠡ ᠮᠠᠯᠲᠠᠬᠤ ᠪᠤᠶᠤ ᠭᠤᠤ ᠭᠠᠷᠭ᠋ᠠᠬᠤ᠎ᠳᠤ ᠦᠨᠳᠦᠰᠦ ᠵᠢ᠎ᠨᠢ ᠲᠠᠰᠤᠯᠬᠤ ᠎ᠨᠢ ᠵᠠᠢ᠌ᠯᠠᠰᠢ ᠦᠭᠡᠢ ᠶᠤᠮ᠃ ᠬᠠᠪᠤᠷ᠎ᠤᠨ ᠦᠨᠳᠦᠰᠦ᠎ᠨᠢ ᠮᠣᠳᠣᠨ᠎ᠤ ᠨᠠᠪᠴᠢ ᠨᠠᠮᠠᠭ᠎ᠠ ᠵᠢ ᠤᠷᠭᠤᠭᠤᠯᠤᠨ᠎ᠠ᠂ ᠬᠡᠷᠪᠡ ᠲᠠᠰᠤᠷᠠᠪᠠᠯ ᠵᠢᠮᠢᠰ᠎ᠤᠨ ᠮᠣᠳᠣ ᠴᠠᠭ ᠲᠤᠬᠠᠢ᠎ᠳᠤᠨᠢ ᠵᠠᠰᠠᠵᠤ ᠰᠡᠯᠪᠢᠬᠦ ᠴᠢᠳᠠᠯ ᠦᠭᠡᠢ ᠪᠣᠯᠳᠠᠭ᠃

      2. ᠦᠨᠳᠦᠰᠦᠨ ᠰᠢᠰᠲ᠋ᠧᠮ᠎ᠳᠤ ᠰᠢᠮ᠎ᠡ ᠲᠡᠵᠢᠭᠡᠯ᠎ᠢ  ᠬᠠᠳᠠᠭ᠋ᠠᠯᠠᠳᠠᠭ

      ᠬᠠᠪᠤᠷ᠎ᠤᠨ ᠦᠨᠳᠦᠰᠦ ᠰᠣᠶᠣᠭ᠋ᠠᠯᠠᠵᠤ ᠡᠨᠡ ᠦᠶ᠎ᠡ᠎ᠳᠤ ᠰᠢᠨ᠎ᠡ ᠨᠠᠪᠴᠢ ᠤᠷᠭᠤᠭ᠋ᠠᠳᠤᠶ ᠪᠠᠢ᠌ᠬᠤ᠎ᠳᠤ ᠵᠢᠮᠢᠰ᠎ᠤᠨ ᠮᠣᠳᠣ ᠬᠠᠷᠢᠨ ᠮᠠᠰᠢ ᠲᠦᠷᠭᠡᠨ ᠵᠶ᠋ᠡᠷ ᠪᠣᠷᠳᠣᠭᠤᠷ ᠬᠡᠷᠡᠭᠯᠡᠬᠦ ᠬᠠᠮᠤᠭ᠎ᠤᠨ ᠶᠡᠬᠡ ᠠᠰᠢᠭᠯᠠᠮᠵᠢ ᠵᠢᠨ ᠬᠤᠭᠤᠴᠠᠭ᠋ᠠᠨ᠎ᠳᠤ ᠣᠷᠣᠳᠠᠭ᠂ ᠤᠴᠢᠷ᠎ᠨᠢ ᠵᠢᠮᠢᠰ᠎ᠤᠨ ᠮᠣᠳᠣᠨ᠎ᠳᠤ ᠦᠨᠳᠦᠰᠦ ᠤᠷᠭᠤᠬᠤ᠂ ᠮᠥᠴᠢᠷ ᠰᠠᠯᠭ᠋ᠠᠬᠤ᠂ ᠨᠠᠪᠴᠢ ᠳᠡᠯᠭᠡᠬᠦ᠂ ᠴᠡᠴᠡᠭ ᠳᠡᠯᠭᠡᠷᠡᠬᠦ᠂ ᠵᠢᠮᠢᠰ ᠰᠠᠭᠤᠬᠤ᠎ᠳᠤ ᠶᠡᠬᠡ ᠬᠡᠮᠵᠢᠶᠡᠨ᠎ᠤ ᠰᠢᠮ᠎ᠡ ᠲᠡᠵᠢᠭᠡᠯ ᠵᠠᠷᠤᠴᠠᠭᠤᠯᠳᠠᠭ᠂ ᠵᠢᠮᠢᠰ᠎ᠤᠨ ᠮᠣᠳᠣ ᠶᠠᠭᠤᠨ᠎ᠤ ᠡᠮᠦᠨ᠎ᠡ ᠵᠢᠮᠢᠰ᠎ᠤᠨ ᠮᠣᠳᠣᠨ᠎ᠤ ᠪᠡᠶ᠎ᠡ᠎ᠳᠤ ᠬᠠᠳᠠᠭ᠋ᠠᠯᠠᠵᠤ ᠪᠠᠢ᠌ᠭ᠎ᠠ ᠰᠢᠮ᠎ᠡ ᠲᠡᠵᠢᠭᠡᠯ᠎ᠢ ᠬᠡᠷᠡᠭᠯᠡᠳᠡᠭ᠂ ᠲᠦᠷᠦᠭᠦᠦ ᠵᠢᠯ᠎ᠤᠨ ᠨᠠᠮᠤᠷ ᠰᠠᠭᠤᠷᠢ ᠪᠣᠷᠳᠣᠭᠤᠷ ᠣᠷᠣᠭᠤᠯᠤᠭᠰᠠᠨ ᠵᠢᠮᠢᠰ᠎ᠤᠨ ᠮᠣᠳᠣᠨ᠎ᠳᠤ ᠬᠠᠳᠠᠭ᠋ᠠᠯᠠᠵᠤ ᠪᠠᠢ᠌ᠭ᠎ᠠ ᠰᠢᠮ᠎ᠡ ᠲᠡᠵᠢᠭᠡᠯ᠎ᠤᠨ ᠣᠯᠠᠩᠬᠢ᠎ᠨᠢ ᠪᠦᠷ ᠦᠨᠳᠦᠰᠦ ᠵᠢᠨ ᠬᠡᠰᠡᠭ᠎ᠲᠤ ᠪᠠᠢ᠌ᠵᠤ᠂ ᠦᠨᠳᠦᠰᠦ ᠲᠠᠰᠤᠷᠠᠬᠤ᠎ᠨᠢ ᠰᠢᠮ᠎ᠡ ᠲᠡᠵᠢᠭᠡᠯ ᠳᠠᠮᠵᠢᠭᠤᠯᠬᠤ ᠵᠢ ᠲᠠᠰᠤᠯᠤᠭᠰᠠᠨ᠎ᠲᠠᠢ ᠠᠳᠠᠯᠢ ᠶᠤᠮ᠃

      3. ᠦᠨᠳᠦᠰᠦ ᠲᠠᠰᠤᠷᠠᠬᠤ᠎ᠨᠢ  ᠠᠮᠠᠰᠠᠷ ᠎ᠢ ᠭᠡᠮᠲᠦᠭᠡᠬᠦ᠎ᠲᠠᠢ ᠠᠳᠠᠯᠢ

      ᠵᠢᠮᠢᠰ᠎ᠤᠨ ᠮᠣᠳᠣ ᠤᠰᠤ ᠪᠣᠷᠳᠣᠭᠤᠷ  ᠰᠢᠩᠭᠡᠭᠡᠬᠦ᠎ᠳᠡᠭᠡᠨ ᠭᠣᠣᠯᠳᠠᠭᠤ ᠭᠠᠵᠠᠷ᠎ᠤᠨ ᠭᠠᠳᠠᠷᠭᠤ᠎ᠠᠴᠠ 20 ᠰᠠᠨᠲ᠋ᠢᠮᠧᠲᠷ᠎ᠤᠨ ᠳᠤᠮᠳᠠ ᠳᠠᠪᠬᠤᠷᠭ᠎ᠠ ᠵᠢᠨ ᠰᠠᠬᠠᠯ ᠦᠨᠳᠦᠰᠦ᠎ᠳᠤ ᠲᠦᠰᠢᠭᠯᠡᠨ᠎ᠡ᠂ ᠬᠡᠷᠪᠡ ᠡᠳᠡᠭᠡᠷ ᠰᠠᠬᠠᠯ ᠦᠨᠳᠦᠰᠦ ᠵᠢ ᠰᠢᠷᠬᠠᠲᠤᠭᠤᠯᠪᠠᠯ ᠬᠡᠪ᠎ᠤᠨ ᠪᠠᠢ᠌ᠳᠠᠯ ᠵᠶ᠋ᠠᠷ ᠤᠰᠤ ᠪᠣᠷᠳᠣᠭᠤᠷ ᠰᠣᠷᠣᠵᠤ ᠳᠡᠶ᠋ᠢᠯᠬᠦ ᠦᠭᠡᠢ᠂ ᠨᠡᠩ ᠴᠤ᠌ ᠮᠣᠳᠣᠨ᠎ᠤ ᠪᠡᠶ᠎ᠡ ᠵᠢᠨ ᠦᠨᠳᠦᠰᠦ᠂ ᠰᠠᠯᠠᠭ᠎ᠠ᠂ ᠨᠠᠪᠴᠢ ᠵᠢ ᠴᠢᠷᠦᠭᠳᠡᠭᠦᠯᠦᠨ᠎ᠡ᠃

      4. ᠣᠷᠭ᠋ᠠᠨᠢᠭ ᠪᠣᠷᠳᠣᠭᠤᠷ ᠣᠷᠣᠭᠤᠯᠬᠤ᠎ᠳᠤ ᠬᠦᠴᠦ ᠬᠦᠷᠦᠯᠴᠡᠬᠦ ᠦᠭᠡᠢ

      ᠬᠠᠪᠤᠷ᠎ᠤᠨ ᠤᠯᠠᠷᠢᠯ᠎ᠳᠤ ᠵᠢᠮᠢᠰ᠎ᠤᠨ ᠮᠣᠳᠣᠨ᠎ᠤ ᠦᠨᠳᠦᠰᠦ ᠤᠷᠭᠤᠬᠤ᠂ ᠮᠥᠴᠢᠷ ᠰᠠᠯᠭ᠋ᠠᠬᠤ᠂ ᠨᠠᠪᠴᠢ ᠳᠡᠯᠭᠡᠬᠦ᠂ ᠴᠡᠴᠡᠭ ᠳᠡᠯᠭᠡᠷᠡᠬᠦ᠂ ᠵᠢᠮᠢᠰ ᠰᠠᠭᠤᠬᠤ᠎ᠳᠤ ᠶᠡᠬᠡ ᠬᠡᠮᠵᠢᠶᠡᠨ᠎ᠤ ᠰᠢᠮ᠎ᠡ ᠲᠡᠵᠢᠭᠡᠯ ᠬᠡᠷᠡᠭᠰᠡᠨ᠎ᠡ᠂ ᠡᠨᠡ ᠬᠤᠭᠤᠴᠠᠭ᠋ᠠᠨ᠎ᠤ ᠰᠢᠮ᠎ᠡ ᠲᠡᠵᠢᠭᠡᠯ᠎ᠢ ᠭᠦᠢ᠍ᠴᠡᠳ ᠬᠠᠩᠭ᠋ᠠᠵᠤ ᠳᠡᠶ᠋ᠢᠯᠬᠦ ᠦᠭᠡᠢ ᠪᠣᠯ ᠵᠢᠮᠢᠰ᠎ᠤᠨ ᠮᠣᠳᠣᠨ᠎ᠤ ᠰᠡᠭᠦᠯᠴᠢ ᠵᠢᠨ ᠬᠤᠭᠤᠴᠠᠭ᠋ᠠᠨ᠎ᠤ ᠥᠰᠦᠯᠲᠡ ᠵᠢ ᠨᠥᠯᠥᠭᠡᠯᠡᠵᠦ᠂ ᠴᠡᠴᠡᠭ ᠵᠤᠯᠭ᠋ᠠᠷᠠᠵᠤ ᠵᠢᠮᠢᠰ ᠤᠨᠠᠬᠤ᠂ ᠤᠨᠠᠯᠲᠠ ᠪᠠᠭᠤᠷᠠᠬᠤ᠂ ᠰᠢᠬᠢᠷ᠎ᠤᠨ ᠥᠩᠭᠡ ᠬᠦᠷᠦᠯᠴᠡᠬᠦ ᠦᠭᠡᠢ᠂ ᠵᠢᠮᠢᠰ᠎ᠤᠨ ᠶᠠᠰᠤ ᠴᠢᠨᠠᠷ ᠮᠠᠭᠤᠳᠠᠬᠤ ᠬᠦᠨᠳᠦ ᠨᠣᠴᠢᠲᠠᠢ ᠦᠷ᠎ᠡ ᠳ᠋ᠦᠩ᠎ᠢ ᠪᠣᠢ ᠪᠣᠯᠭ᠋ᠠᠨ᠎ᠠ᠃ ᠡᠢ᠌ᠮᠦ᠎ᠠᠴᠠ ᠬᠠᠪᠤᠷ᠎ᠤᠨ ᠤᠯᠠᠷᠢᠯ᠎ᠳᠤ ᠤᠰᠤᠨ᠎ᠳᠤ ᠠᠭᠤᠰᠬᠤ ᠴᠢᠨᠠᠷᠲᠠᠢ ᠪᠣᠷᠳᠣᠭᠤᠷ᠎ᠢ ᠶᠡᠬᠡ᠎ᠪᠠᠷ ᠬᠡᠷᠡᠭᠯᠡᠬᠦ ᠵᠢ ᠡᠷᠬᠢᠮᠯᠡᠬᠦ᠎ᠠᠴᠠ ᠪᠢᠰᠢ᠂ ᠣᠷᠭ᠋ᠠᠨᠢᠭ  ᠪᠣᠷᠳᠣᠭᠤᠷ  ᠪᠢᠰᠢ ᠶᠤᠮ᠃

      ᠮᠡᠳᠡᠭᠡ ᠵᠠᠩᠭᠢ ᠵᠢᠨ ᠢᠷᠡᠯᠲᠡ᠄ ᠤᠯᠠᠭ᠋ᠠᠨᠬᠠᠳᠠ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ

ᠢᠷᠡᠯᠲᠡ᠄ ᠤᠯᠠᠭ᠋ᠠᠨᠬᠠᠳᠠ ᠬᠤᠳᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            