ᠨᠢᠭᠡ᠂ ᠭᠣᠣᠯ ᠭᠠᠷᠤᠯᠲᠠ ᠵᠢᠨ ᠭᠠᠵᠠᠷ
ᠬᠠᠷᠠᠴᠢᠨ ᠬᠣᠰᠢᠭᠤᠨ᠎ᠤ ᠤᠯᠠᠭ᠋ᠠᠨ ᠨᠠᠷᠠᠰᠤᠨ ᠲᠡᠯᠳᠡᠦ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠬᠠᠳᠠ ᠬᠣᠲᠠ ᠵᠢᠨ ᠬᠠᠷᠠᠴᠢᠨ ᠬᠣᠰᠢᠭᠤᠨ᠎ᠤ ᠮᠡᠶ᠋ᠢᠷᠡᠨ ᠪᠠᠯᠭ᠋ᠠᠰᠤ᠂ ᠸᠠᠩ᠎ᠤᠨ ᠣᠷᠳᠣᠨ ᠪᠠᠯᠭ᠋ᠠᠰᠤ᠂ ᠰᠢᠶᠣᠣ ᠨᠢᠦ ᠴᠢᠶᠦ᠋ᠨ ᠪᠠᠯᠭ᠋ᠠᠰᠤ᠎ᠠᠴᠠ ᠭᠠᠷᠤᠯᠲᠠ᠎ᠲᠠᠢ᠃
ᠬᠣᠶᠠᠷ᠂ ᠣᠷᠴᠢᠨ ᠲᠣᠭᠣᠷᠢᠨ᠎ᠤ ᠳᠠᠪᠠᠭᠤᠯᠢᠭ
ᠬᠠᠷᠠᠴᠢᠨ ᠬᠣᠰᠢᠭᠤ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠ ᠵᠡᠭᠦᠨ ᠬᠡᠰᠡᠭ᠂ ᠤᠯᠠᠭ᠋ᠠᠨᠬᠠᠳᠠ ᠬᠣᠲᠠ ᠵᠢᠨ ᠡᠮᠦᠨ᠎ᠡ ᠬᠡᠰᠡᠭ᠎ᠲᠤ ᠪᠠᠢ᠌ᠷᠢᠯᠠᠵᠤ᠂ ᠶᠠᠨᠱ᠌ᠠᠨ ᠠᠭᠤᠯᠠ ᠵᠢᠨ ᠰᠢᠰᠲ᠋ᠧᠮ᠎ᠤᠨ ᠴᠢ ᠯᠣᠣ᠎ᠲᠤ ᠠᠭᠤᠯᠠ ᠨᠢᠷᠤᠭᠤ ᠵᠢᠨ ᠵᠡᠭᠦᠨ ᠬᠣᠢ᠌ᠲᠤ ᠬᠣᠷᠮᠣᠢ᠎ᠳᠤ ᠪᠠᠢ᠌ᠷᠢᠯᠠᠵᠤ᠂ ᠳᠤᠮᠳᠠ ᠰᠡᠷᠢᠭᠦᠨ ᠪᠦᠰᠡ ᠵᠢᠨ ᠵᠠᠷᠢᠮᠳᠤᠭ ᠭᠠᠩ ᠬᠠᠭᠤᠷᠠᠢ ᠡᠬᠡ ᠭᠠᠵᠠᠷ᠎ᠤᠨ ᠴᠢᠨᠠᠷᠲᠠᠢ ᠤᠯᠠᠷᠢᠯ᠎ᠤᠨ ᠰᠠᠯᠬᠢᠨ᠎ᠤ ᠠᠭᠤᠷ ᠠᠮᠢᠰᠬᠤᠯ᠎ᠳᠤ ᠬᠠᠷᠢᠶᠠᠯᠠᠭᠳᠠᠵᠤ᠂ ᠣᠢ᠌ᠲᠤ ᠭᠠᠵᠠᠷ᠎ᠤᠨ ᠡᠬᠢ ᠪᠠᠶᠠᠯᠢᠭ ᠪᠠ ᠪᠠᠢ᠌ᠭ᠋ᠠᠯᠢ ᠵᠢᠨ ᠳᠠᠪᠠᠭᠤᠯᠢᠭ ᠣᠷᠴᠢᠨ ᠲᠣᠭᠣᠷᠢᠨ᠎ᠲᠠᠢ ᠪᠠᠢ᠌ᠳᠠᠭ᠃ ᠣᠶ ᠰᠢᠭᠤᠢ ᠵᠢᠨ ᠪᠦᠷᠬᠦᠴᠡ᠎ᠨᠢ 80%᠎ᠳᠤ ᠬᠦᠷᠴᠦ᠂ ᠣᠶ ᠵᠢᠨ ᠬᠣᠷᠮᠣᠢ ᠵᠢᠨ ᠭᠠᠵᠠᠷ ᠰᠢᠷᠣᠢ ᠵᠢᠨ ᠢᠯᠵᠢᠮᠡᠭ ᠡᠳ᠋᠎ᠤᠨ ᠳᠠᠪᠬᠤᠷᠭ᠎ᠠ᠎ᠨᠢ ᠵᠤᠵᠠᠭ᠋ᠠᠨ᠂ ᠣᠷᠭ᠋ᠠᠨᠢᠭ ᠪᠣᠳᠠᠰ᠎ᠤᠨ ᠠᠭᠤᠯᠤᠭᠳᠠᠴᠠ᠎ᠨᠢ ᠥᠨᠳᠥᠷ᠂ ᠵᠢᠯ᠎ᠤᠨ ᠨᠡᠷᠡᠨ᠎ᠤ ᠲᠤᠰᠤᠯᠲᠠ᠎ᠨᠢ 2700—3000 ᠴᠠᠭ᠂ ᠵᠢᠯ᠎ᠤᠨ ᠳᠤᠮᠳᠠᠴᠢ ᠠᠭ᠋ᠠᠷ᠎ᠤᠨ ᠳᠤᠯᠠᠭ᠋ᠠᠨ᠎ᠨᠢ 3—6℃᠂ ᠵᠢᠯ᠎ᠤᠨ ᠲᠤᠨᠳᠠᠰᠤ ᠨᠢ 500 ᠮᠢᠯᠢᠮᠧᠲᠷ ᠣᠷᠴᠢᠮ ᠪᠠᠢ᠌ᠵᠤ᠂ ᠵᠢᠯ᠎ᠤᠨ ᠳᠤᠮᠳᠠᠴᠢ ᠬᠠᠷᠢᠴᠠᠩᠭᠤᠢ ᠴᠢᠭᠢᠭᠲᠦᠴᠡ᠎ᠨᠢ 60% ᠪᠠᠢ᠌ᠵᠤ᠂ ᠬᠢᠷᠠᠭᠤ ᠦᠭᠡᠢ ᠬᠤᠭᠤᠴᠠᠭ᠎ᠠ᠎ᠨᠢ 95—145 ᠡᠳᠦᠷ ᠪᠠᠢ᠌ᠵᠤ᠂ ᠳᠥᠷᠪᠡᠨ ᠤᠯᠠᠷᠢᠯ ᠲᠣᠳᠣᠷᠬᠠᠢ ᠪᠠᠢ᠌ᠳᠠᠭ᠃
ᠭᠤᠷᠪᠠ᠂ ᠶᠠᠰᠤ ᠴᠢᠨᠠᠷ᠎ᠤᠨ ᠣᠨᠴᠠᠯᠢᠭ
ᠬᠠᠷᠠᠴᠢᠨ ᠬᠣᠰᠢᠭᠤᠨ᠎ᠤ ᠤᠯᠠᠭ᠋ᠠᠨ ᠨᠠᠷᠠᠰᠤᠨ ᠲᠡᠯᠳᠡᠦ ᠵᠢᠨ ᠬᠡᠯᠪᠡᠷᠢ᠎ᠨᠢ ᠲᠦᠪ ᠲᠡᠭᠰᠢ᠂ ᠲᠡᠯᠳᠡᠦ ᠵᠢᠨ ᠪᠦᠷᠬᠦᠭᠡᠰᠦ᠎ᠨᠢ ᠭᠥᠯᠢᠭᠡᠷ᠂ ᠬᠦᠷᠡᠩ ᠥᠩᠭᠡᠲᠡᠢ᠂ ᠲᠡᠯᠳᠡᠦ ᠵᠢᠨ ᠪᠠᠷᠢᠭᠤᠯ᠎ᠨᠢ ᠴᠠᠭ᠋ᠠᠨ᠂ ᠪᠡᠶ᠎ᠡ ᠵᠢᠨ ᠣᠷᠳᠣᠨ᠎ᠢ 6—8 ᠰᠠᠨᠲ᠋ᠢᠮᠧᠲᠷ᠂ ᠲᠠᠩ ᠬᠦᠨᠳᠦ᠎ᠨᠢ 70—100 ᠭ᠋ᠷᠡᠮ᠂ ᠮᠢᠬ᠎ᠠ᠎ᠨᠢ ᠨᠢᠭᠲᠠ ᠴᠢᠩᠭ᠎ᠠ᠂ ᠲᠡᠯᠳᠡᠦ ᠰᠡᠩᠭᠢᠨᠡᠮ᠎ᠡ ᠦᠨᠦᠷ ᠬᠠᠩᠬᠤᠯᠵᠤ᠂ ᠪᠤᠯᠭᠤᠭᠰᠠᠨ ᠢᠳᠡᠭᠡᠨ᠎ᠨᠢ ᠵᠦᠭᠡᠯᠡᠨ ᠮᠥᠷᠲᠡᠭᠡᠨ ᠠᠮᠲᠠᠲᠠᠢ ᠪᠠᠢ᠌ᠳᠠᠭ᠃
ᠬᠠᠷᠠᠴᠢᠨ ᠬᠣᠰᠢᠭᠤᠨ᠎ᠤ ᠤᠯᠠᠭ᠋ᠠᠨ ᠨᠠᠷᠠᠰᠤᠨ ᠲᠡᠯᠳᠡᠦ ᠵᠢᠨ ᠰᠢᠮ᠎ᠡ ᠲᠡᠵᠢᠭᠡᠯ ᠡᠯᠪᠡᠭ᠂ ᠦᠨᠦᠷ ᠠᠮᠲᠠ ᠥᠳᠬᠡᠨ᠂ ᠺᠠᠯᠢ᠂ ᠢᠳᠡᠭᠡᠨ᠎ᠤ ᠰᠢᠷᠬᠡᠭᠯᠢᠭ᠂ ᠰᠣᠷᠭᠣᠭ ᠰᠢᠪᠲᠦᠷᠲᠦ ᠬᠦᠴᠢᠯ᠂ ᠡᠧᠷᠭᠤᠲ᠋ᠢᠨᠤ ᠬᠦᠬᠦᠷ᠂ ᠣᠯᠠᠨᠴᠢ ᠰᠢᠬᠢᠷ᠎ᠤᠨ ᠠᠭᠤᠯᠤᠭᠳᠠᠴᠠ᠎ᠨᠢ ᠪᠦᠷ ᠯᠠᠪᠯᠠᠯᠲᠠ ᠵᠢᠨ ᠬᠡᠮᠵᠢᠭᠳᠡᠯ᠎ᠠᠴᠠ ᠥᠨᠳᠥᠷ ᠪᠠᠢ᠌ᠳᠠᠭ᠃ ᠵᠢᠷᠦᠬᠡᠨ ᠲᠢᠲᠢᠮ᠎ᠤᠨ ᠡᠪᠡᠳᠴᠢᠨ᠎ᠢ ᠤᠷᠢᠳᠴᠢᠯᠠᠨ ᠰᠡᠷᠭᠡᠢ᠌ᠯᠡᠬᠦ᠂ ᠰᠢᠩᠭᠡᠭᠡᠯᠲᠡ ᠵᠢ ᠰᠠᠢ᠌ᠵᠢᠷᠠᠭᠤᠯᠬᠤ᠂ ᠣᠶᠣᠨ ᠰᠠᠨᠠᠭ᠋ᠠᠨ᠎ᠤ ᠶᠠᠳᠠᠷᠠᠯᠢ ᠬᠥᠩᠭᠡᠷᠡᠭᠦᠯᠬᠦ ᠵᠡᠷᠭᠡ ᠡᠷᠡᠭᠦᠯᠵᠢᠯ᠎ᠤᠨ ᠦᠢ᠍ᠯᠡᠳᠦᠯ᠎ᠲᠠᠢ᠃
ᠳᠥᠷᠪᠡ᠂ ᠰᠢᠨ᠎ᠡ ᠰᠣᠷᠭᠣᠭ ᠵᠶ᠋ᠠᠷ ᠬᠠᠳᠠᠭ᠋ᠠᠯᠠᠬᠤ ᠪᠠ ᠢᠳᠡᠬᠦ ᠠᠷᠭ᠎ᠠ
ᠰᠢᠨ᠎ᠡ ᠰᠣᠷᠭᠣᠭ ᠪᠠᠢ᠌ᠯᠭ᠋ᠠᠬᠤ ᠠᠷᠭ᠎ᠠ᠄ ᠰᠣᠷᠭᠣᠭ ᠲᠡᠯᠳᠡᠦ ᠵᠢ ᠬᠦᠢ᠍ᠲᠡᠨ ᠵᠶ᠋ᠡᠷ ᠬᠠᠳᠠᠭ᠋ᠠᠯᠠᠵᠤ᠂ ᠴᠠᠭ ᠲᠤᠬᠠᠢᠳᠤᠨᠢ ᠢᠳᠡᠬᠦ ᠵᠢ ᠰᠠᠨᠠᠭᠤᠯᠤᠨ᠎ᠠ; ᠬᠠᠳᠠᠭ᠋ᠠᠭᠰᠠᠨ ᠲᠡᠯᠳᠡᠦ ᠵᠢ ᠰᠡᠷᠢᠭᠦᠨ ᠬᠠᠭᠤᠷᠠᠢ ᠭᠠᠵᠠᠷ᠎ᠲᠤ ᠨᠢᠭᠲᠠ ᠪᠢᠲᠡᠭᠦᠮᠵᠢᠯᠡᠵᠦ ᠬᠠᠳᠠᠭ᠋ᠠᠯᠠᠨ᠎ᠠ᠃
ᠲᠠᠨᠢᠯᠴᠠᠭᠤᠯᠬᠤ ᠢᠳᠡᠬᠦ ᠠᠷᠭ᠎ᠠ᠄ ᠤᠯᠠᠭ᠋ᠠᠨ ᠨᠠᠷᠠᠰᠤᠨ ᠲᠡᠯᠳᠡᠦ ᠵᠢ ᠮᠢᠬ᠎ᠠ ᠲᠠᠢ ᠬᠠᠭᠤᠷᠠᠬᠤ᠃