ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠠᠮᠤᠭᠤᠯᠠᠩᠲᠤ᠌ ᠬᠥᠳᠡᠭᠡ   -   ᠠᠯᠲᠠᠨ ᠮᠥᠬᠦᠯᠢᠭ
ᠮᠥᠨᠳᠥᠷ ᠪᠠ ᠦᠶᠡᠷ ᠤᠰᠤᠲᠤᠯ᠎ᠤᠨ ᠭᠠᠮᠰᠢᠭ᠎ᠲᠤ ᠳᠠᠭ᠋ᠠᠷᠢᠭᠳᠠᠭᠰᠠᠨ ᠡᠷᠳᠡᠨᠢ ᠰᠢᠰᠢ ᠵᠢ ᠠᠷᠭ᠋ᠠᠴᠠᠬᠤ ᠠᠷᠭ᠎ᠠ ᠬᠡᠮᠵᠢᠶ᠎ᠡ
ᠨᠡᠶ᠋ᠢᠲᠡᠯᠡᠭᠰᠡᠨ ᠴᠠᠭ᠄ 2025-07-16

ᠣᠢ᠌ᠷ᠎ᠠ ᠵᠢᠨ ᠬᠤᠭᠤᠴᠠᠭ᠋ᠠᠨ᠎ᠳᠤ᠂ ᠪᠤᠭᠤᠲᠤ ᠬᠤᠳᠠ ᠮᠥᠨᠳᠥᠷ᠂ ᠰᠢᠷᠦᠭᠦᠨ ᠪᠣᠷᠣᠭ᠋ᠠᠨ ᠵᠡᠷᠭᠡ ᠰᠣᠯᠢᠭ ᠤᠷᠤᠰᠬᠠᠯ᠎ᠤᠨ ᠠᠭᠤᠷ ᠠᠮᠢᠰᠬᠤᠯ᠎ᠳᠤ ᠤᠴᠠᠷᠠᠵᠤ᠂ ᠡᠷᠳᠡᠨᠢ ᠰᠢᠰᠢ ᠵᠡᠷᠭᠡ ᠵᠢᠨ ᠴᠥᠭᠡᠨ ᠪᠤᠰᠤ ᠲᠠᠷᠢᠶᠠᠨ ᠭᠠᠵᠠᠷ ᠭᠠᠮᠰᠢᠭᠳᠠᠪᠠ᠃ ᠨᠠᠪᠴᠢ᠎ᠨᠢ ᠰᠠᠯᠪᠤᠷᠠᠵᠤ᠂ ᠤᠷᠭᠤᠮᠠᠯ ᠡᠰᠢ᠎ᠨᠢ ᠬᠡᠪᠳᠡᠨ᠂ ᠲᠠᠷᠢᠶᠠᠨ ᠭᠠᠵᠠᠷ᠎ᠲᠤ ᠤᠰᠤ ᠬᠤᠷᠠᠵᠤ ᠁ ᠡᠶ᠋ᠢᠮᠦ ᠪᠠᠶ᠋ᠢᠳᠠᠯ᠎ᠳᠤ ᠲᠣᠬᠢᠶᠠᠯᠳᠤᠪᠠᠯ᠂ ᠴᠠᠭ ᠲᠤᠬᠠᠶ᠎ᠳᠤᠨᠢ ᠰᠢᠨᠵᠢᠯᠡᠬᠦ ᠤᠬᠠᠭ᠋ᠠᠨᠴᠢ ᠨᠥᠬᠥᠪᠥᠷᠢᠯᠡᠬᠦ ᠠᠷᠭ᠎ᠠ ᠬᠡᠮᠵᠢᠶ᠎ᠡ ᠠᠪᠴᠤ᠂ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠬᠤ ᠬᠡᠷᠡᠭᠲᠡᠶ᠃

ᠮᠥᠨᠳᠥᠷ ᠭᠠᠮᠰᠢᠭ᠎ᠢ ᠠᠷᠭ᠋ᠠᠴᠠᠬᠤ ᠠᠷᠭ᠎ᠠ ᠬᠡᠮᠵᠢᠶ᠎ᠡ  

ᠡᠩ ᠲᠡᠷᠢᠭᠦᠨ᠎ᠳᠤ ᠦᠯᠡᠳᠡᠭᠰᠡᠨ ᠰᠠᠯᠠᠭ᠎ᠠ ᠨᠠᠮᠠᠭ᠎ᠠ ᠵᠢ ᠴᠡᠪᠡᠷᠯᠡᠵᠦ᠂ ᠲᠠᠷᠢᠶᠠᠨ᠎ᠳᠤ ᠤᠨᠠᠭᠰᠠᠨ ᠨᠠᠪᠴᠢ᠂ ᠬᠤᠭᠤᠷᠠᠭᠰᠠᠨ ᠰᠠᠯᠠᠭ᠎ᠠ ᠵᠢ᠎ᠨᠢ ᠰᠢᠯᠵᠢᠭᠦᠯᠦᠨ ᠠᠷᠢᠯᠭ᠋ᠠᠵᠤ᠂ ᠢᠯᠵᠢᠷᠡᠵᠦ ᠡᠪᠡᠳᠴᠢᠨ᠎ᠤ ᠬᠣᠣᠷ ᠬᠥᠨᠥᠭᠡᠯ ᠡᠭᠦᠰᠬᠦ᠎ᠠᠴᠠ ᠵᠠᠶ᠋ᠢᠯᠠᠰᠬᠢᠬᠦ ᠬᠡᠷᠡᠭᠲᠡᠶ᠃ ᠳᠠᠷᠠᠭ᠎ᠠ᠎ᠳᠤᠨᠢ᠂ ᠨᠠᠪᠴᠢᠨ᠎ᠤ ᠭᠠᠳᠠᠷᠭᠤ ᠵᠢᠨ ᠪᠤᠷᠳᠤᠭᠤᠷ᠎ᠢ ᠴᠠᠭ ᠲᠤᠬᠠᠶ᠎ᠳᠤᠨᠢ ᠰᠦᠷᠴᠢᠨ ᠣᠷᠣᠭᠤᠯᠵᠤ᠂ ᠠᠽᠣᠲ᠂ ᠹᠣᠰᠹᠣᠷ᠂ ᠺᠠᠯᠢ ᠵᠢᠴᠢ ᠪᠢᠴᠢᠯ ᠡᠯᠧᠮᠧᠨ᠋ᠲ᠎ᠲᠠᠢ ᠨᠠᠪᠴᠢᠨ᠎ᠤ ᠭᠠᠳᠠᠷᠭᠤ ᠵᠢᠨ ᠪᠤᠷᠳᠤᠭᠤᠷ᠎ᠢ ᠰᠣᠩᠭᠣᠨ ᠬᠡᠷᠡᠭᠯᠡᠵᠦ᠂ 0.3% ᠵᠢᠨ ᠰᠢᠭᠡᠰᠦᠯᠢᠭ ᠡᠳ᠋ +0.2% ᠹᠣᠰᠹᠣᠷ ᠬᠦᠴᠢᠯ ᠬᠣᠶᠠᠷ ᠤᠰᠤᠲᠥ᠋ᠷᠥᠭᠴᠢᠲᠦ ᠺᠠᠯᠢ +5ppm ᠵᠢ ᠶᠦᠨ᠎ᠲᠠᠢ ᠡᠳ᠋ ᠳᠣᠲᠣᠭ᠋ᠠᠳᠤ ᠡᠰᠲ᠋ᠧᠷ᠎ᠢ ᠰᠦᠷᠴᠢᠨ ᠣᠷᠣᠭᠤᠯᠵᠤ  ᠡᠰᠡᠬᠦᠯ᠎ᠡ ᠲᠣᠳᠣᠷᠬᠠᠢ᠌ᠯᠠᠯᠲᠠ᠎ᠪᠠᠷ ᠲᠣᠬᠢᠷᠠᠭᠤᠯᠤᠨ᠎ᠠ ᠂ 5-7 ᠡᠳᠦᠷ᠎ᠲᠤ ᠨᠢᠭᠡ ᠤᠳᠠᠭ᠎ᠠ᠂ ᠦᠷᠭᠦᠯᠵᠢᠯᠡᠨ 2-3 ᠤᠳᠠᠭ᠎ᠠ ᠣᠷᠤᠭᠤᠯᠵᠤ᠂ ᠤᠷᠭᠤᠮᠠᠯ ᠤᠷᠭᠤᠴᠠ ᠵᠢᠨ ᠪᠠᠶ᠋ᠢᠳᠠᠯ᠎ᠢ ᠲᠦᠷᠭᠡᠨ ᠰᠡᠷᠭᠦᠭᠡᠬᠦ᠎ᠳᠤ ᠲᠤᠰᠠᠯᠠᠨ᠎ᠠ᠃ ᠡᠰᠢ ᠰᠦᠷᠡᠯ᠎ᠨᠢ ᠪᠠᠭ᠎ᠠ ᠬᠣᠬᠢᠷᠠᠭᠰᠠᠨ ᠡᠷᠳᠡᠨᠢ ᠰᠢᠰᠢ ᠵᠢ ᠬᠥᠩᠭᠡᠬᠡᠨ ᠲᠦᠰᠢᠬᠦ ᠵᠢᠨ ᠬᠠᠮᠲᠤ ᠰᠢᠷᠣᠶ ᠨᠡᠮᠡᠵᠦ ᠪᠡᠬᠢᠯᠡᠨ᠎ᠡ; ᠬᠡᠷᠪᠡ ᠡᠰᠢ ᠰᠦᠷᠡᠯ ᠲᠠᠰᠤᠷᠠᠬᠤ᠎ᠨᠢ ᠬᠦᠨᠳᠦ ᠨᠣᠴᠢᠲᠠᠶ ᠪᠣᠯ ᠤᠷᠭᠤᠮᠠᠯ ᠬᠠᠵᠠᠭᠤ᠎ᠳᠤ ᠪᠤᠰᠤᠳ ᠣᠬᠣᠷ ᠬᠤᠭᠤᠴᠠᠭ᠋ᠠᠨ᠎ᠤ ᠲᠠᠷᠢᠮᠠᠯ᠎ᠢ ᠨᠥᠬᠥᠵᠦ ᠳᠠᠷᠢᠵᠤ᠂ ᠬᠣᠬᠢᠷᠠᠯ ᠵᠶ᠋ᠠᠨ ᠨᠥᠬᠥᠪᠥᠷᠢᠯᠡᠬᠦ ᠵᠢ ᠰᠠᠨᠠᠭᠤᠯᠵᠤ ᠪᠠᠢ᠌ᠨ᠎ᠠ᠃

 ᠤᠰᠤᠲᠤᠯ ᠭᠠᠮᠰᠢᠭ᠎ᠢ ᠠᠷᠭ᠋ᠠᠴᠠᠬᠤ ᠠᠷᠭ᠎ᠠ ᠬᠡᠮᠵᠢᠶ᠎ᠡ  

ᠲᠡᠷᠢᠭᠦᠨ ᠴᠢᠬᠤᠯᠠ ᠡᠭᠦᠷᠭᠡ ᠪᠣᠯ ᠬᠤᠷᠠᠭᠰᠠᠨ ᠤᠰᠤ ᠵᠢ ᠴᠡᠪᠡᠷᠯᠡᠵᠦ᠂ ᠰᠤᠪᠠᠭ ᠮᠠᠯᠲᠠᠨ ᠲᠠᠲᠠᠵᠤ᠂ 24 ᠴᠠᠭ ᠳᠣᠲᠣᠷ᠎ᠠ ᠲᠠᠷᠢᠶᠠᠨ ᠭᠠᠵᠠᠷ᠎ᠤᠨ ᠤᠰᠤ ᠵᠢ ᠭᠠᠳᠠᠭᠰᠢᠯᠠᠭᠤᠯᠬᠤ ᠵᠢ ᠪᠠᠲᠤᠯᠠᠵᠤ᠂ ᠦᠨᠳᠦᠰᠦᠨ᠎ᠤ ᠰᠢᠰᠲ᠋ᠧᠮ ᠳᠡᠪᠲᠦᠭᠡᠬᠦ ᠴᠠᠭ᠎ᠢ ᠪᠠᠭ᠋ᠠᠰᠬᠠᠨ᠎ᠠ᠃ ᠡᠭᠦᠨ᠎ᠤ ᠬᠠᠮᠲᠤ ᠦᠨᠳᠦᠰᠦ ᠤᠷᠭᠤᠭᠤᠯᠬᠤ ᠡᠮ ᠪᠠ ᠪᠠᠺᠲ᠋ᠧᠷᠢ ᠠᠯᠠᠬᠤ ᠡᠮ᠎ᠢ ᠰᠦᠷᠴᠢᠨ ᠣᠷᠣᠭᠤᠯᠵᠤ᠂ ᠦᠨᠳᠦᠰᠦ ᠵᠢᠨ ᠰᠢᠰᠲ᠋ᠧᠮ ᠢᠯᠵᠢᠷᠡᠬᠦ ᠪᠠ ᠡᠪᠡᠳᠴᠢᠨ᠎ᠤ ᠬᠥᠨᠥᠭᠡᠯ ᠡᠭᠦᠰᠬᠦ ᠵᠢ ᠰᠡᠷᠭᠡᠶ᠋ᠢᠯᠡᠨ᠎ᠡ᠃ ᠨᠠᠯᠠᠨ ᠬᠠᠵᠠᠢ᠌ᠵᠤ ᠤᠨᠠᠭᠰᠠᠨ ᠡᠷᠳᠡᠨᠢ ᠰᠢᠰᠢ ᠵᠢᠨ ᠤᠷᠭᠤᠮᠠᠯ᠎ᠤᠨ ᠬᠡᠯᠪᠡᠶ᠋ᠢᠯᠲᠡ ᠵᠢᠨ ᠥᠨᠴᠥᠭ᠎ᠨᠢ ᠶᠡᠬᠡ ᠪᠢᠰᠢ ᠪᠣᠯ ᠪᠣᠷᠣᠭ᠋ᠠᠨ᠎ᠤ ᠳᠠᠷᠠᠭ᠎ᠠ ᠬᠥᠷᠥᠰᠥ ᠵᠢᠭ᠋ᠠᠬᠠᠨ ᠬᠠᠲᠠᠬᠤ ᠦᠶ᠎ᠡ᠎ᠳᠤ ᠬᠥᠩᠭᠡᠬᠡᠨ ᠠᠰᠬᠠᠨ ᠲᠦᠰᠢᠵᠦ᠂ ᠦᠨᠳᠦᠰᠦ ᠵᠢᠨ ᠰᠢᠰᠲ᠋ᠧᠮ᠎ᠢ᠎ᠨᠢ ᠭᠡᠮᠲᠦᠭᠡᠬᠦ᠎ᠠᠴᠠ ᠵᠠᠶ᠋ᠢᠯᠠᠰᠬᠢᠨ᠎ᠡ᠃ ᠪᠦᠷᠢᠮᠦᠰᠦᠨ ᠨᠠᠯᠠᠨ ᠬᠠᠵᠠᠢ᠌ᠵᠤ ᠤᠨᠠᠭᠰᠠᠨ ᠮᠥᠷᠲᠡᠭᠡᠨ ᠡᠰᠢ ᠰᠦᠷᠡᠯ᠎ᠨᠢ ᠬᠤᠭᠤᠷᠠᠭᠰᠠᠨ ᠪᠠᠶ᠋ᠢᠪᠠᠯ ᠴᠠᠭ ᠲᠤᠬᠠᠶ᠎ᠳᠤᠨᠢ ᠠᠪᠴᠤ ᠬᠠᠶᠠᠭ᠋ᠠᠳ ᠪᠤᠰᠤᠳ ᠵᠦᠢ᠍ᠯ ᠲᠠᠷᠢᠮᠠᠯ᠎ᠢ ᠨᠥᠬᠥᠵᠦ ᠳᠠᠷᠢᠬᠤ ᠬᠡᠷᠡᠭᠲᠡᠶ᠃ ᠡᠭᠦᠨ᠎ᠠᠴᠠ ᠭᠠᠳᠠᠨ᠎ᠠ᠂ ᠭᠠᠮᠰᠢᠭ ᠥᠩᠭᠡᠷᠡᠭᠰᠡᠨ᠎ᠤ ᠳᠠᠷᠠᠭ᠎ᠠ ᠡᠷᠳᠡᠨᠢ ᠰᠢᠰᠢ ᠵᠢᠨ ᠡᠰᠡᠷᠭᠦᠴᠡᠬᠦ ᠴᠢᠳᠠᠪᠤᠷᠢ ᠮᠠᠭᠤᠳᠠᠳᠠᠭ ᠲᠤᠯᠠ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠵᠢ ᠣᠨᠴᠠ ᠠᠩᠬᠠᠷᠬᠤ ᠬᠡᠷᠡᠭᠲᠡᠶ ᠪᠥᠭᠡᠳ ᠤᠰᠤ ᠪᠣᠷᠳᠣᠭᠤᠷ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠡᠷᠳᠡᠨᠢ ᠰᠢᠰᠢ ᠵᠢᠨ ᠤᠷᠭᠤᠯᠲᠠ ᠵᠢᠨ ᠪᠠᠶ᠋ᠢᠳᠠᠯ᠎ᠢ ᠦᠨᠳᠦᠰᠦᠯᠡᠨ ᠲᠣᠬᠢᠷᠠᠮᠵᠢᠲᠠᠶ ᠴᠠᠭ᠎ᠲᠤ ᠪᠣᠷᠳᠣᠭᠤᠷ ᠨᠡᠮᠡᠬᠦ ᠬᠡᠷᠡᠭᠲᠡᠶ᠂ ᠢᠯᠠᠩᠭᠤᠶ᠎ᠠ ᠺᠠᠯᠢ ᠵᠢᠨ ᠪᠣᠷᠳᠣᠭᠤᠷ ᠨᠡᠮᠡᠵᠦ ᠣᠷᠣᠭᠤᠯᠬᠤ ᠵᠢ ᠴᠢᠬᠤᠯᠠᠴᠢᠯᠠᠵᠤ᠂ ᠢᠳᠡᠭᠡ ᠬᠤᠷᠠᠵᠤ ᠪᠣᠯᠪᠠᠰᠤᠷᠠᠬᠤ᠎ᠳᠤ ᠭᠦᠢ᠍ᠴᠡᠳ ᠰᠢᠮ᠎ᠡ ᠲᠡᠵᠢᠭᠡᠯ ᠬᠠᠩᠭ᠋ᠠᠬᠤ ᠬᠡᠷᠡᠭᠲᠡᠶ᠃

ᠢᠷᠡᠯᠲᠡ᠄ ᠪᠤᠭᠤᠲᠤ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            