ᠰᠤᠷᠪᠤᠯᠵᠢᠯᠠᠭᠰᠠᠨ ᠵᠣᠴᠢᠨ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠤᠷᠤᠨ ᠤ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ᠄ ᠦ᠋ ᠵᠥᠩ ᠶᠠᠨ | ᠰᠤᠷᠪᠤᠯᠵᠢᠯᠠᠭᠰᠠᠨ ᠴᠠᠭ᠄ 2019 ᠤᠨ ᠤ 10 ᠰᠠᠷ᠎ᠠ ᠶᠢᠨ 15 ᠤ ᠡᠳᠦᠷ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠪᠢᠳᠡ ᠠᠵᠠ ᠪᠠᠷ ᠥᠪᠥᠷ ᠮᠣᠩᠭᠤᠯ ᠤᠨ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠦ᠋ | ᠵᠥᠩ ᠶᠠᠨ ᠢ ᠤᠷᠢᠵᠤ᠂ ᠮᠠᠨ ᠤ ᠣᠷᠣᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ | ᠲᠥᠮᠥᠰᠥᠨ ᠤ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠷᠭᠡᠳᠬᠡᠨ ᠠᠬᠢᠭᠤᠯᠬᠤ ᠲᠤᠬᠠᠶ | ᠲᠠ ᠣᠯᠠᠨ ᠲᠠᠢ ᠬᠤᠪᠢᠶᠠᠯᠴᠠᠬᠤ ᠪᠠᠷ ᠪᠠᠶᠢᠨ᠎ᠠ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠲᠣᠰ ᠬᠤᠭᠤᠴᠠᠭᠠᠨ ᠤ ᠮᠠᠨ ᠤ | ᠰᠤᠷᠪᠤᠯᠵᠢᠯᠠᠭ᠎ᠠ ᠶᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠂ ᠥᠨᠥᠳᠥᠷ ᠪᠢᠳᠡ ᠠᠵᠠ ᠪᠠᠷ | ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ | ᠳᠡᠳ᠋ ᠲᠣᠭᠤᠷᠢᠨ ᠪᠠᠶᠢᠴᠠᠭᠠᠭᠴᠢ ᠦ᠋ ᠵᠥᠩ ᠶᠠᠨ ᠢ ᠤᠷᠢᠵᠤ᠂ ᠮᠠᠨ ᠤ ᠣᠷᠣᠨ ᠤ ᠡᠬᠢ ᠪᠠᠶᠠᠯᠢᠭ ᠤᠨ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠥᠮᠥᠰᠥᠨ ᠤ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠲᠦᠷᠭᠡᠳᠬᠡᠨ ᠠᠬᠢᠭᠤᠯᠬᠤ ᠲᠤᠬᠠᠶ ᠲᠠ ᠣᠯᠠᠨ ᠲᠠᠢ ᠪᠠᠨ ᠬᠤᠪᠢᠶᠠᠯᠴᠠᠬᠤ ᠪᠠᠷ ᠪᠠᠶᠢᠨ᠎ᠠ᠃ | ᠦ᠋ ᠲᠢᠩᠬᠢᠮ ᠤᠨ ᠳᠠᠷᠤᠭ᠎ᠠ᠄ ᠬᠥᠲᠥᠯᠥᠭᠴᠢ ᠰᠠᠶᠢᠨᠤ︕ | ᠬᠥᠲᠥᠯᠥᠭᠴᠢ᠄ ᠶᠡᠷᠦᠩᠬᠡᠶ ᠰᠠᠶᠢᠳ ᠯᠢ ᠺᠧ ᠴᠢᠶᠠᠩ ᠥᠪᠥᠷ ᠮᠣᠩᠭᠤᠯ ᠤᠨ ᠤᠯᠠᠭᠠᠨᠴᠠᠪ ᠬᠤᠲᠠ ᠪᠠᠷ | ᠲᠤᠭᠤᠷᠢᠨ ᠪᠠᠶᠢᠴᠠᠭᠠᠬᠤ ᠳᠠᠭᠠᠨ᠂ ᠲᠤᠰᠬᠠᠶᠢᠯᠠᠨ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠳᠤ | ᠴᠢᠭᠯᠡᠭᠦᠯᠦᠨ ᠱᠠᠭᠠᠷᠳᠠᠯᠭ᠎ᠠ ᠳᠤᠷᠠᠳᠤᠪᠠ᠂ ᠲᠡᠭᠡᠪᠡᠯ ᠲᠥᠮᠥᠰᠥ ᠨᠢ ᠮᠠᠨ ᠤ ᠣᠷᠣᠨ ᠳᠤ᠂ ᠤᠨᠴᠠᠭᠠᠶᠢᠯᠠᠨ | ᠤᠯᠠᠭᠠᠨᠴᠠᠪ ᠬᠤᠲᠠ ᠳᠤ ᠠᠪᠴᠤ ᠬᠡᠯᠡᠪᠡᠯ ᠶᠠᠮᠠᠷ ᠣᠨᠴᠠᠭᠠᠢ ᠴᠢᠬᠤᠯᠠ ᠠᠴᠢ ᠬᠤᠯᠪᠣᠭᠳᠠᠯ ᠲᠠᠢ ᠤᠤ︖ | ᠦ᠋ ᠲᠢᠩᠬᠢᠮ ᠤᠨ ᠳᠠᠷᠤᠭ᠎ᠠ᠄ ᠲᠥᠮᠥᠰᠥ ᠨᠢ ᠨᠢᠭᠡᠴᠢ ᠲᠠᠯᠠᠪᠠᠢ ᠶᠢᠨ ᠭᠠᠷᠤᠯᠲᠠ ᠥᠨᠳᠥᠷ᠂ ᠭᠠᠷᠣᠯᠲᠠ ᠶᠢ | ᠨᠡᠮᠡᠭᠳᠡᠬᠦ ᠳᠠᠯᠳᠠ ᠬᠦᠴᠦᠨ ᠶᠡᠭᠡ᠂ ᠵᠤᠬᠢᠴᠠᠬᠤ ᠴᠢᠨᠠᠷ ᠢᠶᠠᠷ ᠴᠢᠩᠭ᠎ᠠ᠂ ᠰᠢᠮ᠎ᠡ ᠲᠡᠵᠢᠭᠡᠯ ᠤᠨ ᠦᠷᠲᠡᠭ ᠢᠶᠠᠷ | ᠦᠨᠳᠦᠷ᠂ ᠴᠠᠷᠳᠠᠭᠤᠯ ᠪᠤᠶᠤ ᠲᠠᠯᠬ᠎ᠠ ᠶᠢᠨ ᠬᠡᠯᠪᠡᠷᠢ ᠪᠠᠷ ᠬᠠᠳᠠᠭᠠᠯᠠᠬᠤ ᠬᠤᠭᠤᠴᠠᠭ᠎ᠠ ᠨᠢ ᠤᠷᠲᠤ ᠵᠡᠷᠭᠡ ᠣᠨᠴᠠᠯᠢᠭ | ᠲᠠᠢ ᠪᠠᠶᠢᠵᠤ᠂ ᠨᠢᠭᠡᠨᠲᠡ ᠮᠠᠨ ᠤ ᠤᠯᠤᠰ ᠤᠨ ᠤᠰᠤᠨ ᠲᠤᠲᠤᠷᠭ᠎ᠠ᠂ ᠪᠣᠭᠤᠳᠠᠶ᠂ ᠡᠷᠳᠡᠨᠢ ᠰᠢᠰᠢ ᠠᠴᠠ | ᠳᠠᠷᠠᠭᠠᠯᠠᠭᠰᠠᠨ ᠳᠥᠷᠪᠡᠳᠦᠭᠡᠷ ᠶᠡᠭᠡ ᠠᠮᠤ ᠪᠤᠳᠠᠭᠠᠨ ᠤ ᠲᠠᠷᠢᠮᠠᠯ ᠪᠣᠯᠵᠠᠢ᠂ ᠲᠥᠮᠥᠰᠥ ᠶᠢᠨ ᠠᠵᠤ ᠦᠢᠯᠡᠰ ᠤᠨ | ᠬᠥᠭᠵᠢᠯᠲᠡ ᠶᠢ ᠲᠦᠯᠬᠢᠨ ᠠᠬᠢᠭᠤᠯᠬᠤ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ ᠴᠢᠬᠤᠯᠠ | ᠦᠶᠯᠡᠳᠦᠯ ᠦᠵᠡᠭᠦᠯᠦᠨ᠎ᠡ᠃ ᠮᠠᠨ ᠤ ᠣᠷᠣᠨ ᠤ ᠲᠥᠮᠥᠰᠥ ᠶᠢᠨ ᠲᠠᠷᠢᠶᠠᠯᠠᠭ᠎ᠠ ᠨᠢ ᠭᠤᠤᠯᠳᠠᠭᠤ ᠭᠠᠩ ᠬᠠᠭᠤᠷᠠᠶ | ᠬᠦᠢᠲᠡᠨ ᠰᠡᠷᠢᠭᠦᠨ ᠣᠷᠣᠨ ᠪᠤᠯᠤᠨ ᠭᠤᠤᠯᠳᠠᠯᠭᠠᠲᠤ ᠶᠠᠳᠠᠭᠤ ᠬᠦᠴᠢᠷᠳᠡᠯᠲᠡᠶ ᠣᠷᠣᠨ ᠢᠶᠠᠷ ᠲᠠᠷᠬᠠᠳᠠᠭ᠂ ᠲᠥᠮᠥᠰᠥ | ᠨᠢ ᠨᠢᠭᠡᠨᠲᠡ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠳᠤ ᠬᠦᠴᠦ ᠨᠠᠮᠡᠷᠢᠯᠡᠭᠰᠡᠨ ᠣᠨᠴᠠᠯᠢᠭᠲᠤ | ᠳᠠᠪᠠᠭᠤᠯᠢᠭ ᠠᠵᠤ ᠦᠶᠯᠡᠰ ᠪᠣᠯᠵᠠᠶ᠃ ᠪᠦᠬᠦ ᠣᠷᠣᠨ ᠤ 57 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ | ᠳᠣᠲᠣᠷᠠᠬᠢ 32 ᠨᠢ ᠲᠥᠮᠥᠰᠥ ᠶᠢᠨ ᠭᠤᠤᠯ ᠭᠠᠷᠤᠯᠲᠠ ᠶᠢᠨ ᠬᠤᠰᠢᠭᠤ ᠰᠢᠶᠠᠨ ᠪᠠᠶᠢᠵᠤ᠂ ᠡᠭᠦᠨ ᠳᠤ | ᠲᠠᠷᠢᠶᠠᠯᠠᠭ᠎ᠠ ᠶᠢᠨ ᠲᠠᠯᠠᠪᠠᠢ ᠨᠢ 10 ᠲᠦᠮᠡᠨ ᠮᠦ ᠠᠴᠠ ᠳᠡᠭᠡᠭᠰᠢᠬᠢ 20 ᠭᠤᠤᠯ ᠭᠠᠷᠤᠯᠲᠠ ᠶᠢᠨ ᠬᠤᠰᠢᠭᠤ | ᠰᠢᠶᠠᠨ ᠤ ᠳᠣᠲᠣᠷᠠᠬᠢ 17 ᠨᠢ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠪᠣᠯᠤᠨ᠎ᠠ᠃ ᠤᠯᠠᠭᠠᠨᠴᠠᠪ ᠬᠤᠲᠠ ᠶᠢᠨ | 10 ᠭᠤᠤᠯ ᠭᠠᠷᠤᠯᠲᠠ ᠶᠢᠨ ᠬᠤᠰᠢᠭᠤ ᠰᠢᠶᠠᠨ ᠨᠢ ᠪᠦᠬᠦᠨ ᠢᠶᠠᠷ ᠢᠶᠠᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ | ᠪᠠᠶᠢᠵᠤ᠂ ᠪᠥᠬᠦ ᠤᠯᠠᠭᠠᠨᠴᠠᠪ ᠬᠤᠲᠠ ᠶᠢᠨ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠲᠥᠮᠥᠰᠥ ᠶᠢᠨ ᠠᠵᠤ | ᠦᠶᠯᠡᠰ ᠠᠴᠠ ᠢᠷᠡᠯᠲᠡ ᠲᠠᠢ ᠣᠷᠣᠯᠭ᠎ᠠ ᠨᠢ ᠲᠠᠷᠢᠮᠠᠯ ᠤᠨ ᠦᠢᠯᠡᠰ ᠤᠨ ᠣᠷᠣᠯᠭ᠎ᠠ ᠶᠢᠨ 1 / 2 ᠢ ᠡᠵᠡᠯᠡᠵᠦ᠂ | ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠴᠡᠪᠡᠷ ᠣᠷᠣᠯᠭ᠎ᠠ ᠶᠢᠨ 1 / 3 ᠰᠢᠬᠠᠮ ᠢ ᠡᠵᠡᠯᠡᠵᠦ ᠪᠠᠶᠢᠨ᠎ᠠ᠂ ᠬᠡᠰᠡᠭ | ᠬᠤᠰᠢᠭᠤ ᠰᠢᠶᠠᠨ ᠤ ᠲᠠᠷᠢᠶᠠᠴᠢᠳ ᠤᠨ ᠣᠷᠣᠯᠭ᠎ᠠ ᠶᠢᠨ ᠬᠠᠭᠠᠰ ᠨᠢ ᠲᠥᠮᠥᠰᠥ ᠶᠢᠨ ᠠᠵᠤ ᠦᠢᠯᠡᠰ ᠠᠴᠠ ᠢᠷᠡᠯᠲᠡ | ᠲᠠᠢ᠂ ᠲᠥᠮᠥᠰᠥ ᠶᠢᠨ ᠠᠵᠤ ᠦᠶᠯᠡᠰ ᠪᠣᠯ ᠲᠤᠬᠠᠶ ᠶᠢᠨ ᠭᠠᠵᠠᠷ ᠤᠨ ᠲᠠᠷᠢᠶᠠᠴᠢᠳ ᠤᠨ ᠶᠠᠳᠠᠭᠤ ᠠᠴᠠ ᠠᠩᠭᠢᠵᠢᠷᠠᠨ | ᠣᠷᠣᠯᠭ᠎ᠠ ᠪᠠᠨ ᠨᠡᠮᠡᠭᠳᠡᠭᠦᠯᠬᠦ ᠶᠢ ᠲᠦᠯᠬᠢᠨ ᠠᠬᠢᠭᠤᠯᠬᠤ ᠨᠡᠷ᠎ᠡ ᠨᠢᠳᠡᠷ ᠲᠤ ᠪᠠᠨ ᠨᠡᠶᠢᠴᠡᠭᠰᠡᠨ ᠭᠤᠤᠯᠯᠠᠬᠤ ᠠᠵᠤ | ᠦᠶᠯᠡᠰ ᠪᠣᠯᠤᠨ᠎ᠠ᠃ ᠡᠭᠦᠨ ᠤ ᠬᠠᠮᠲᠤ᠂ ᠮᠠᠨ ᠤ ᠣᠷᠣᠨ ᠤ ᠲᠥᠮᠥᠰᠥ ᠶᠢᠨ ᠭᠤᠣᠯ ᠭᠠᠷᠤᠯᠲᠠ ᠶᠢᠨ ᠤᠷᠤᠨ ᠨᠢ | ᠪᠠᠰᠠ ᠤᠯᠤᠰ ᠤᠨ ︽ᠬᠠᠳᠤᠭᠤᠷ ᠤᠨ ᠨᠤᠭᠤᠯᠤᠭ᠎ᠠ︾ ᠶᠢᠨ ᠡᠷᠳᠡᠨᠢ ᠰᠢᠰᠢ ᠲᠠᠷᠢᠬᠤ ᠲᠠᠯᠠᠪᠠᠢ ᠶᠢ ᠲᠤᠬᠢᠷᠠᠭᠤᠯᠤᠨ | ᠪᠠᠭᠠᠰᠬᠠᠬᠤ ᠭᠤᠤᠯᠳᠠᠯᠭᠠᠲᠤ ᠭᠠᠵᠠᠷ ᠣᠷᠣᠨ ᠪᠣᠯᠤᠨ᠎ᠠ᠂ ᠡᠶᠢᠮᠦ ᠠᠴᠠ᠂ ᠲᠥᠮᠥᠰᠥ ᠶᠢᠨ ᠠᠵᠤ ᠦᠢᠯᠡᠰ ᠤᠨ | ᠦᠷᠭᠦᠯᠵᠢᠯᠡᠨ ᠡᠷᠡᠭᠦᠯ ᠢᠶᠠᠷ ᠲᠦᠷᠭᠡᠨ ᠬᠥᠭᠵᠢᠬᠦ ᠶᠢ ᠲᠦᠯᠬᠢᠨ ᠠᠬᠢᠭᠤᠯᠬᠤ ᠨᠢ ︽ᠬᠠᠳᠤᠭᠤᠷ ᠤᠨ ᠨᠤᠭᠤᠯᠤᠭ᠎ᠠ︾ | ᠶᠢᠨ ᠭᠠᠵᠠᠷ ᠣᠷᠣᠨ ᠤ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠪᠠ ᠶᠠᠳᠠᠭᠤ ᠠᠴᠠ ᠠᠩᠭᠢᠵᠢᠷᠠᠭᠤᠯᠵᠤ | ᠪᠤᠭᠤᠮᠲᠠ ᠰᠢᠪᠲᠤᠯᠤᠯᠲᠠ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ 2019 ᠣᠨ ᠤ 2 ᠰᠠᠷ᠎ᠠ | ᠳᠤ᠂ ᠶᠡᠷᠦᠩᠬᠡᠶ ᠰᠠᠶᠢᠳ ᠯᠢ ᠺᠧ ᠴᠢᠶᠠᠩ ᠥᠪᠥᠷ ᠮᠣᠩᠭᠤᠯ ᠤᠨ ᠤᠯᠠᠭᠠᠨᠴᠠᠪ ᠬᠤᠲᠠ ᠪᠠᠷ ᠲᠤᠭᠤᠷᠢᠨ | ᠪᠠᠶᠢᠴᠠᠭᠠᠬᠤ ᠳᠤ ᠪᠠᠨ᠂ ︽ᠲᠦᠮᠦᠰᠦ ᠶᠢ ᠭᠤᠤᠯ ᠠᠮᠤ ᠪᠤᠳᠠᠭ᠎ᠠ ᠪᠣᠯᠭᠠᠬᠤ ᠨᠢ ᠮᠠᠰᠢ ᠶᠡᠭᠡ ᠠᠯᠤᠰ ᠢᠷᠡᠭᠡᠳᠦᠶ ᠲᠠᠢ᠂ | ᠮᠠᠨ ᠤ ᠤᠯᠤᠰ ᠤᠨ ︿ᠬᠠᠳᠤᠭᠤᠷ ᠤᠨ ᠨᠤᠭᠤᠯᠤᠭ᠎ᠠ﹀ ᠶᠢᠨ ᠭᠠᠵᠠᠷ ᠣᠷᠣᠨ ᠤ ᠡᠷᠳᠡᠨᠢ ᠰᠢᠰᠢ ᠲᠠᠷᠢᠬᠤ ᠲᠠᠯᠠᠪᠠᠢ ᠶᠢ | ᠲᠤᠬᠢᠷᠠᠭᠤᠯᠤᠨ ᠪᠠᠭᠠᠰᠬᠠᠬᠤ ᠲᠠᠢ ᠤᠶᠠᠯᠳᠤᠭᠤᠯᠤᠨ᠂ ᠲᠠᠷᠢᠶᠠᠴᠢᠳ ᠢ ᠴᠢᠨᠠᠷᠯᠢᠭ᠂ ᠳᠠᠪᠠᠭᠤᠯᠢᠭ ᠲᠠᠢ ᠲᠦᠮᠦᠰᠦ | ᠲᠠᠷᠢᠬᠤ ᠶᠢ ᠳᠠᠮᠵᠢᠵᠤ᠂ ᠲᠣᠮᠣ ᠠᠵᠤ ᠦᠶᠯᠡᠰ ᠪᠣᠯᠭᠠᠨ ᠦᠷᠭᠡᠳᠭᠡᠨ ᠬᠥᠭᠵᠢᠭᠦᠯᠵᠦ᠂ ᠶᠠᠳᠠᠭᠤ ᠠᠴᠠ | ᠠᠩᠭᠢᠵᠢᠷᠠᠭᠤᠯᠵᠤ ᠪᠣᠭᠤᠮᠲᠠ ᠰᠢᠪᠲᠤᠯᠬᠤ ᠳᠤ ᠬᠦᠴᠦ ᠨᠡᠮᠡᠷᠢᠯᠡᠭᠦᠯᠬᠦ ᠬᠡᠷᠡᠭᠲᠡᠶ︾ ᠭᠡᠵᠦ ᠴᠢᠬᠤᠯᠠᠴᠢᠯᠠᠪᠠ᠂ ᠡᠨᠡ ᠨᠢ | ᠮᠠᠨ ᠤ ᠣᠷᠣᠨ ᠤ ᠲᠥᠮᠥᠰᠥ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠳᠤ ᠲᠣᠳᠣᠷᠬᠠᠶ ᠴᠢᠭᠯᠡᠯ ᠵᠢᠭᠠᠵᠤ | ᠥᠭᠭᠦᠭᠰᠡᠨ ᠢᠶᠠᠷ ᠪᠠᠷᠠᠬᠤ ᠦᠭᠡᠢ᠂ ᠣᠯᠳᠠᠬᠤᠶ᠎ᠠ ᠪᠡᠷᠬᠡ ᠬᠥᠭᠵᠢᠯᠲᠡ ᠶᠢᠨ ᠠᠵᠠ ᠲᠣᠬᠢᠶᠠᠯ ᠤᠯᠭᠤᠭᠰᠠᠨ ᠪᠠᠶᠢᠨ᠎ᠠ᠃ | | ᠬᠥᠲᠥᠯᠥᠭᠴᠢ᠄ ᠡᠦ ᠲᠢᠩᠬᠢᠮ ᠤᠨ ᠳᠠᠷᠤᠭ᠎ᠠ ᠡ᠂ ᠮᠠᠨ ᠤ ᠣᠷᠣᠨ ᠤ ᠲᠥᠮᠥᠰᠥ ᠶᠢᠨ ᠠᠵᠤ ᠦᠶᠯᠡᠰ ᠪᠥᠬᠦ | ᠤᠯᠤᠰ ᠲᠤ ᠶᠠᠮᠠᠷ ᠵᠡᠷᠭᠡ ᠪᠠᠶᠢᠷᠢ ᠰᠠᠭᠤᠷᠢ ᠲᠠᠢ ᠪᠠᠶᠢᠬᠤ ᠶᠢ ᠲᠠ ᠶᠠᠷᠢᠭᠠᠳ ᠥᠭᠭᠦᠨ᠎ᠡ ᠤᠤ︖ | | ᠦ᠋ ᠲᠢᠩᠬᠢᠮ ᠤᠨ ᠳᠠᠷᠤᠭ᠎ᠠ᠄ ᠮᠠᠨ ᠤ ᠣᠷᠣᠨ ᠪᠣᠯ ᠪᠥᠬᠦ ᠤᠯᠤᠰ ᠤᠨ 5 ᠲᠣᠮᠣ ᠲᠥᠮᠥᠰᠥ ᠶᠢᠨ ᠭᠤᠤᠯ | ᠭᠠᠷᠤᠯᠲᠠ ᠶᠢᠨ ᠮᠣᠵᠢ ᠣᠷᠣᠨ ᠤ ᠨᠢᠭᠡ ᠪᠣᠯᠤᠨ᠎ᠠ᠃ ︽ᠠᠷᠪᠠᠨ ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ | ᠮᠠᠨ ᠤ ᠣᠷᠣᠨ ᠤ ᠲᠥᠮᠥᠰᠥ ᠶᠢᠨ ᠠᠵᠤ ᠦᠶᠯᠡᠰ ᠨᠢ ᠲᠥᠷᠥ ᠶᠢᠨ ᠪᠣᠳᠣᠯᠭ᠎ᠠ ᠪᠠᠷ ᠠᠬᠢᠭᠤᠯᠬᠤ᠂ ᠰᠢᠨᠵᠢᠯᠡᠭᠡ | ᠮᠡᠷᠭᠡᠵᠢᠯ ᠢᠶᠠᠷ ᠠᠬᠢᠭᠤᠯᠬᠤ ᠪᠠ ᠵᠠᠬ᠎ᠠ ᠳᠡᠯᠭᠡᠭᠦᠷ ᠤᠨ ᠳᠠᠶᠢᠴᠢᠯᠠᠯᠲᠠ ᠳᠣᠤᠷ᠎ᠠ ᠲᠦᠷᠭᠡᠨ ᠢᠶᠠᠷ ᠬᠥᠭᠵᠢᠵᠦ᠂ | 2010 ᠣᠨ ᠪᠣᠯᠬᠤ ᠳᠤ᠂ ᠲᠥᠮᠥᠰᠥ ᠶᠢᠨ ᠲᠠᠷᠢᠶᠠᠯᠠᠭ᠎ᠠ ᠶᠢᠨ ᠲᠠᠯᠠᠪᠠᠢ ᠨᠢ 1000 ᠲᠦᠮᠡᠨ ᠮᠦ ᠠᠴᠠ ᠳᠠᠪᠠᠵᠤ᠂ | ᠭᠠᠷᠤᠯᠲᠠ ᠨᠢ 37 ᠳ᠋ᠦᠩᠰᠢᠭᠤᠷ ᠵᠢᠩ ᠠᠴᠠ ᠳᠡᠭᠡᠭᠰᠢ ᠳᠤ ᠬᠦᠷᠴᠦ᠂ ᠪᠦᠬᠦ ᠤᠯᠤᠰ ᠲᠤ ᠲᠡᠷᠢᠭᠦᠯᠡᠪᠡ᠃ | ︽ᠠᠷᠪᠠᠨ ᠬᠤᠶᠠᠳᠤᠭᠠᠷ ᠲᠠᠪᠤᠨ ᠵᠢᠯ︾ ᠠᠴᠠ ᠨᠠᠰᠢ᠂ ᠡᠮᠦᠨᠡᠲᠦ ᠣᠷᠣᠨ ᠤ ᠡᠯ᠎ᠡ ᠭᠠᠵᠠᠷ ᠤᠨ ᠬᠢᠨ ᠡᠪᠦᠯ ᠤᠨ | ᠲᠥᠮᠥᠰᠥ ᠲᠠᠷᠢᠬᠤ ᠶᠢ ᠶᠡᠬᠡᠪᠡᠷ ᠳᠡᠯᠭᠡᠷᠡᠭᠦᠯᠵᠦ᠂ ᠲᠥᠮᠥᠰᠥ ᠶᠢᠨ ᠪᠦᠲᠦᠨ ᠵᠢᠯ ᠤᠨ ᠬᠠᠩᠭᠠᠯᠭ᠎ᠠ ᠶᠢᠨ ᠪᠦᠲᠦᠴᠡ | ᠦᠨᠳᠦᠰᠦᠨ ᠳᠡᠭᠡᠨ ᠪᠦᠷᠢᠯᠳᠦᠭᠰᠡᠨ ᠪᠣᠯᠬᠤᠷ᠂ ᠮᠠᠨ ᠤ ᠣᠷᠣᠨ ᠤ ᠲᠥᠮᠥᠰᠥ ᠲᠠᠷᠢᠬᠤ ᠲᠠᠯᠠᠪᠠᠢ ᠵᠢᠯ ᠳᠠᠷᠠᠭᠠᠯᠠᠨ | ᠪᠠᠭᠠᠰᠴᠠᠢ᠂ 2018 ᠣᠨ ᠪᠣᠯᠬᠤ ᠳᠤ᠂ ᠲᠥᠮᠥᠰᠥ ᠲᠠᠷᠢᠭᠰᠠᠨ ᠲᠠᠯᠠᠪᠠᠢ 526.5 ᠲᠦᠮᠡᠨ ᠮᠦ ᠬᠦᠷᠦᠭᠰᠡᠨ | ᠪᠣᠯᠪᠠᠴᠤ ᠤᠨᠠᠯᠲᠠ ᠨᠢ ᠮᠦᠨ 30 ᠳ᠋ᠦᠩᠰᠢᠭᠤᠷ ᠵᠢᠩ ᠣᠷᠴᠢᠮ ᠳᠤ ᠲᠣᠭᠲᠠᠪᠤᠷᠢᠵᠢᠵᠤ᠂ ᠪᠥᠬᠦ ᠤᠯᠤᠰ ᠤᠨ | ᠲᠠᠪᠤᠳᠤᠭᠠᠷ ᠲᠤ ᠵᠢᠭᠰᠠᠭᠠᠭᠳᠠᠵᠠᠶ᠃ ᠭᠡᠪᠡᠴᠦ ᠲᠥᠮᠥᠰᠥ ᠪᠣᠯ ᠮᠠᠨ ᠤ ᠣᠷᠣᠨ ᠤ ᠭᠤᠤᠯᠳᠠᠯᠭᠠᠲᠤ ᠲᠠᠷᠢᠮᠠᠯ᠂ | ᠭᠠᠷᠤᠯᠲᠠ ᠶᠢᠨ ᠣᠷᠣᠨ ᠨᠢ ᠬᠠᠷᠢᠴᠠᠩᠭᠤᠶ ᠲᠦᠪᠯᠡᠷᠡᠵᠦ᠂ ᠪᠦᠲᠦᠭᠡᠭᠳᠡᠭᠦᠨ ᠤ ᠶᠠᠰᠤ ᠴᠢᠨᠠᠷ ᠨᠢ ᠰᠠᠶᠢᠨ᠂ ᠠᠵᠤ | ᠦᠢᠯᠡᠰ ᠤᠨ ᠰᠠᠭᠤᠷᠢ ᠨᠢ ᠯᠠᠪᠳᠠᠭᠤᠨ ᠪᠠᠲᠤᠲᠠᠶ᠂ ᠲᠥᠮᠥᠰᠥ ᠶᠢᠨ ᠬᠤᠤᠷ ᠦᠭᠡᠶᠢᠳᠡᠭᠦᠯᠦᠭᠰᠡᠨ ᠦᠷ᠎ᠡ ᠶᠢᠨ | ᠲᠥᠮᠥᠰᠥ ᠶᠢ ᠦᠷᠡᠵᠢᠭᠦᠯᠦᠨ ᠪᠣᠶᠢᠵᠢᠭᠤᠯᠬᠤ᠂ ᠪᠣᠬᠢᠷᠲᠤᠯ ᠦᠭᠡᠢ ᠥᠪᠡᠷ ᠤᠨ ᠥᠷᠲᠡᠭ ᠢ ᠠᠷᠪᠢᠯᠠᠬᠤ ᠦᠷ᠎ᠡ | ᠠᠰᠢᠭ ᠢ ᠨᠡᠮᠡᠭᠳᠡᠭᠦᠯᠬᠦ ᠮᠡᠷᠭᠡᠵᠢᠯ ᠤᠨ ᠳᠡᠯᠭᠡᠷᠡᠭᠦᠯᠦᠯᠲᠡ ᠪᠠ ᠪᠠᠷᠢᠮᠵᠢᠶᠠᠵᠢᠭᠤᠯᠤᠨ ᠦᠶᠯᠡᠳᠪᠦᠷᠢᠯᠡᠬᠦ᠂ | ᠬᠡᠪᠴᠢᠶᠡᠵᠢᠭᠦᠯᠦᠨ ᠲᠠᠷᠢᠬᠤ᠂ ᠠᠵᠤ ᠦᠢᠯᠡᠰᠵᠢᠭᠦᠯᠦᠨ ᠡᠵᠡᠩᠨᠡᠬᠦ ᠵᠢᠴᠢ ᠬᠠᠳᠠᠭᠠᠯᠠᠵᠤ ᠡᠳ᠋ᠰᠢᠭᠦᠯᠦᠨ | ᠪᠤᠯᠪᠠᠰᠤᠷᠠᠭᠤᠯᠬᠤ ᠵᠡᠷᠭᠡ ᠲᠠᠯ᠎ᠠ ᠪᠠᠷ ᠮᠥᠨ ᠪᠥᠬᠦ ᠤᠯᠤᠰ ᠤᠨ ᠡᠮᠦᠨ᠎ᠡ ᠡᠩᠨᠡᠭᠡᠨ ᠳᠤ ᠪᠠᠶᠢᠵᠤ᠂ ᠳᠠᠪᠠᠭᠤᠯᠢᠭ ᠲᠠᠯ᠎ᠠ | ᠳᠤᠪᠤᠶᠢᠮ᠎ᠠ᠃ | ᠬᠥᠲᠥᠯᠥᠭᠴᠢ᠄ ᠦ᠋ ᠲᠢᠩᠬᠢᠮ ᠤᠨ ᠳᠠᠷᠤᠭ᠎ᠠ ᠡ᠂ ᠲᠠᠨ ᠤ ᠰᠠᠶ᠋ᠢ ᠶᠢᠨ ᠲᠠᠨᠢᠯᠴᠠᠭᠤᠯᠤᠭᠰᠠᠨ ᠢᠶᠠᠷ᠂ ︽ᠠᠷᠪᠠᠨ | ᠬᠤᠶᠠᠳᠤᠭᠠᠷ ᠲᠠᠪᠤᠨ ᠵᠢᠯ︾ ᠠᠴᠠ ᠨᠠᠰᠢ ᠮᠠᠨ ᠤ ᠣᠷᠣᠨ ᠤ ᠲᠥᠮᠥᠰᠥ ᠲᠠᠷᠢᠬᠤ ᠲᠠᠯᠠᠪᠠᠢ ᠪᠠᠭᠠᠰᠤᠬᠤ ᠬᠠᠨᠳᠤᠰᠢ | ᠲᠠᠢ᠂ ᠭᠡᠪᠡᠴᠦ ᠲᠠ ᠪᠠᠰᠠ ᠮᠠᠨ ᠤ ᠣᠷᠣᠨ ᠤ ᠲᠥᠮᠥᠰᠥ ᠶᠢᠨ ᠠᠵᠤ ᠦᠶᠯᠡᠰ ᠮᠥᠨ ᠪᠥᠬᠦ ᠤᠯᠤᠰ ᠤᠨ ᠡᠮᠦᠨ᠎ᠡ | ᠡᠩᠨᠡᠭᠡᠨ ᠳᠤ ᠪᠠᠶᠢᠵᠤ᠂ ᠳᠤᠪᠤᠶᠢᠮ᠎ᠠ ᠳᠠᠪᠠᠭᠤᠯᠢᠭ ᠲᠠᠯ᠎ᠠ ᠲᠠᠢ ᠭᠡᠵᠡᠢ᠂ ᠳᠤᠤᠷ᠎ᠠ ᠮᠠᠨ ᠤ ᠣᠷᠣᠨ ᠤ ᠲᠥᠮᠥᠰᠥ ᠶᠢᠨ | ᠳᠠᠪᠠᠭᠤᠯᠢᠭ ᠢ ᠪᠣᠳᠠᠲᠠᠶ ᠪᠠᠷ ᠵᠠᠳᠠᠯᠤᠭᠠᠳ ᠦᠭᠭᠦᠨ᠎ᠡ ᠤᠤ︖ | | ᠦ᠋ ᠲᠢᠩᠬᠢᠮ ᠤᠨ ᠳᠠᠷᠤᠭ᠎ᠠ᠄ ᠮᠠᠨ ᠤ ᠤᠷᠤᠨ ᠤ ᠲᠥᠮᠥᠰᠥ ᠶᠢᠨ ᠳᠠᠪᠠᠭᠤᠯᠢᠭ ᠨᠢ ᠭᠤᠤᠯᠳᠠᠭᠤ ᠡᠬᠢ | ᠪᠠᠶᠠᠯᠢᠭ᠂ ᠰᠠᠭᠤᠷᠢ᠂ ᠠᠵᠤ ᠦᠶᠯᠡᠰ ᠲᠤ ᠪᠣᠶ᠂ ᠪᠣᠳᠠᠲᠠᠶ ᠪᠠᠷ ᠬᠡᠯᠡᠪᠡᠯ᠄ ᠨᠢᠭᠡᠳᠦᠭᠡᠷ ᠲᠤ᠂ ᠲᠥᠮᠥᠰᠥ ᠶᠢ | ᠦᠷᠡᠵᠢᠭᠦᠯᠦᠨ ᠪᠣᠶᠢᠵᠢᠭᠤᠯᠬᠤ ᠴᠢᠳᠠᠪᠤᠷᠢ ᠲᠤᠪᠤᠶᠢᠮ᠎ᠠ᠃ ᠮᠠᠨ ᠤ ᠣᠷᠣᠨ ᠤ ᠲᠥᠮᠥᠰᠥ ᠶᠢᠨ ᠭᠤᠣᠯ | ᠭᠠᠷᠤᠯᠲᠠ ᠶᠢᠨ ᠤᠷᠤᠨ ᠪᠣᠯ ᠪᠥᠬᠦ ᠤᠯᠤᠰ ᠤᠨ ᠬᠡᠪᠴᠢᠶᠡᠨ ᠳᠠᠬᠢ ᠬᠤᠤᠷ ᠦᠭᠡᠶᠢᠳᠡᠭᠦᠯᠦᠭᠰᠡᠨ ᠦᠷ᠎ᠡ ᠶᠢᠨ | ᠲᠥᠮᠥᠰᠥ ᠶᠢᠨ ᠬᠠᠮᠤᠭ ᠤᠨ ᠲᠣᠬᠢᠷᠠᠮᠵᠢᠲᠠᠶ ᠦᠶᠯᠡᠳᠪᠦᠷᠢᠯᠡᠯ ᠤᠨ ᠰᠠᠭᠤᠷᠢᠨ ᠭᠠᠵᠠᠷ ᠪᠣᠯᠤᠨ᠎ᠠ᠂ ᠣᠳᠣᠬᠠᠨ ᠳᠤ | ᠪᠥᠬᠦ ᠣᠷᠣᠨ ᠳᠤ 57 ᠦᠷ᠎ᠡ ᠶᠢᠨ ᠲᠥᠮᠥᠰᠥ ᠡᠵᠡᠩᠨᠡᠬᠦ ᠠᠵᠤ ᠠᠬᠤᠶᠢᠯᠠᠯ ᠪᠠᠶᠢᠵᠤ᠂ ᠤᠭ ᠦᠷ᠎ᠡ ᠶᠢ ᠵᠢᠷᠤᠵᠤ | ᠲᠦᠰᠦᠪᠯᠡᠭᠰᠡᠨ ᠦᠶᠯᠡᠳᠪᠦᠷᠢᠯᠡᠯ ᠤᠨ ᠴᠢᠳᠠᠪᠤᠷᠢ ᠨᠢ 25 ᠳ᠋ᠦᠩᠰᠢᠭᠤᠷ ᠮᠦᠬᠦᠯᠢᠭ ᠣᠷᠴᠢᠮ ᠬᠦᠷᠴᠦ᠂ ᠵᠢᠯ ᠤᠨ | ᠵᠢᠷᠤᠵᠤ ᠲᠦᠰᠦᠪᠯᠡᠭᠰᠡᠨ ᠦᠶᠯᠡᠳᠪᠦᠷᠢᠯᠡᠯ ᠤᠨ ᠴᠢᠳᠠᠪᠤᠷᠢ ᠨᠢ 500 ᠲᠦᠮᠡᠨ ᠮᠦᠬᠦᠯᠢᠭ ᠠᠴᠠ ᠳᠡᠭᠡᠭᠰᠢᠬᠢ ᠦᠷ᠎ᠡ | ᠶᠢᠨ ᠲᠥᠮᠥᠰᠥ ᠦᠶᠯᠡᠳᠪᠦᠷᠢᠯᠡᠬᠦ ᠠᠵᠤ ᠠᠬᠤᠶᠢᠯᠠᠯ 30 ᠭᠠᠷᠤᠶ ᠪᠣᠶ᠃ ᠮᠠᠨ ᠤ ᠣᠷᠣᠨ ᠤ ᠲᠥᠮᠥᠰᠥ ᠶᠢᠨ ᠬᠤᠤᠷ | ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠶᠢᠨ ᠠᠷᠠᠯᠵᠢᠶᠠᠨ ᠤ ᠬᠡᠮᠵᠢᠶ᠎ᠡ ᠪᠦᠬᠦ ᠤᠯᠤᠰ ᠤᠨ 60 % ᠠᠴᠠ | ᠳᠡᠭᠡᠭᠰᠢᠬᠢ ᠶᠢ ᠡᠵᠡᠯᠡᠵᠦ᠂ ᠵᠢᠯ ᠤᠨ ᠲᠥᠮᠥᠰᠥ ᠲᠠᠷᠢᠵᠤ ᠦᠢᠯᠡᠳᠪᠦᠷᠢᠯᠡᠬᠦ ᠲᠠᠯᠠᠪᠠᠢ ᠶᠢ 80 ᠲᠦᠮᠡᠨ ᠮᠦ ᠣᠷᠴᠢᠮ | ᠪᠠᠶᠢᠬᠤ ᠶᠢ ᠪᠠᠲᠤᠯᠠᠵᠤ᠂ ᠤᠤᠯ ᠦᠷ᠎ᠡ ᠶᠢᠨ ᠦᠶᠯᠡᠳᠪᠦᠷᠢᠯᠡᠯ ᠤᠨ ᠲᠠᠯᠠᠪᠠᠢ ᠨᠢ 10 ᠲᠦᠮᠡᠨ ᠮᠦ ᠠᠴᠠ ᠳᠡᠭᠡᠭᠰᠢ | ᠪᠠᠶᠢᠵᠤ᠂ ᠪᠣᠷᠣᠯᠠᠭᠤᠯᠭ᠎ᠠ ᠶᠢᠨ ᠭᠠᠵᠠᠷ ᠣᠷᠣᠨ ᠨᠢ ᠪᠦᠬᠦ ᠤᠯᠤᠰ ᠤᠨ ᠭᠤᠤᠯ ᠪᠣᠯᠬᠤ ᠲᠠᠷᠢᠶᠠᠯᠠᠩ ᠤᠨ ᠮᠣᠵᠢ | ᠣᠷᠣᠨ ᠢ ᠴᠦᠮ ᠪᠦᠷᠬᠦᠪᠡ᠃ 2017 ᠣᠨ ᠳᠤ ᠤᠤᠯ ᠤᠨ ᠲᠠᠷᠢᠶᠠᠯᠠᠩ ᠤᠨ ᠶᠠᠮᠤᠨ ᠠᠴᠠ ᠬᠥᠯᠥᠨ ᠪᠣᠶᠢᠷ | ᠬᠤᠲᠠ ᠶᠢ ᠨᠢᠭᠡᠳᠦᠭᠡᠷ ᠪᠦᠯᠦᠭ ᠤᠯᠤᠰ ᠤᠨ ᠣᠷᠣᠨ ᠪᠦᠰᠡ ᠶᠢᠨ ᠴᠢᠨᠠᠷᠲᠠᠶ ᠰᠢᠯᠢᠳᠡᠭ ᠡᠭᠦᠯᠳᠡᠷ ᠤᠨ ᠲᠦᠮᠦᠰᠦ | ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢᠶᠠᠷ ᠦᠨᠡᠯᠡᠨ ᠲᠤᠭᠲᠠᠬᠭᠠᠪᠠ᠂ 2019 ᠣᠨ ᠳᠤ᠂ | ᠲᠠᠷᠢᠶᠠᠯᠠᠩ ᠬᠥᠳᠡᠭᠡ ᠠᠵᠤ ᠠᠬᠤᠢ ᠶᠢᠨ ᠶᠠᠮᠤᠨ ᠠᠴᠠ ᠤᠯᠠᠭᠠᠨᠴᠠᠪ ᠬᠤᠲᠠ ᠶᠢᠨ ᠳᠥᠷᠪᠡᠳ ᠬᠤᠰᠢᠭᠤ᠂ ᠴᠠᠬᠠᠷ | ᠪᠠᠷᠠᠭᠤᠨ ᠭᠠᠷᠤᠨ ᠡᠮᠦᠨᠡᠲᠦ ᠬᠤᠰᠢᠭᠤ ᠪᠣᠯᠤᠨ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠥᠬᠡ ᠬᠤᠰᠢᠭᠤ ᠶᠢ | ᠬᠤᠶᠠᠳᠤᠭᠠᠷ ᠪᠦᠯᠦᠭ ᠣᠷᠣᠨ ᠪᠦᠰᠡ ᠶᠢᠨ ᠴᠢᠨᠠᠷᠲᠠᠶ ᠰᠢᠯᠢᠳᠡᠭ ᠡᠭᠦᠯᠳᠡᠷ ᠤᠨ ᠲᠦᠮᠦᠰᠦ ᠦᠷᠡᠵᠢᠭᠦᠯᠦᠨ | ᠪᠣᠶᠢᠵᠢᠭᠤᠯᠬᠤ ᠰᠠᠭᠤᠷᠢᠨ ᠭᠠᠵᠠᠷ ᠢᠶᠠᠷ ᠦᠨᠡᠯᠡᠨ ᠲᠤᠭᠲᠠᠬᠭᠠᠪᠠ᠃ ᠬᠤᠶᠠᠳᠤᠭᠠᠷ ᠲᠤ᠂ ᠲᠥᠮᠥᠰᠥ ᠶᠢᠨ ᠨᠡᠷᠡᠲᠦ | ᠲᠡᠮᠳᠡᠭᠲᠦ ᠶᠢᠨ ᠳᠠᠪᠠᠭᠤᠯᠢᠭ ᠨᠢ ᠢᠯᠡᠷᠬᠡᠶ᠃ ︽ᠤᠯᠠᠭᠠᠨᠴᠠᠪ ᠤᠨ ᠲᠥᠮᠥᠰᠥ︾᠂ ︽ᠠᠷᠤᠨ ᠤ ᠲᠥᠮᠥᠰᠥ︾᠂ | ︽ᠭᠦ᠋ ᠶᠠᠩ ᠶᠢᠨ ᠲᠥᠮᠥᠰᠥ︾ ᠨᠢ ᠴᠥᠮ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠢᠯᠡᠷᠬᠡᠶᠢᠯᠡᠯᠲᠦ | ᠲᠦᠷᠦᠯ ᠲᠡᠮᠳᠡᠭᠲᠦ ᠪᠦᠲᠦᠭᠡᠭᠳᠡᠬᠦᠨ ᠤ ᠦᠨᠡᠮᠯᠡᠯ ᠣᠯᠵᠠᠶ᠃ ︽ᠦᠴᠤᠸᠠᠨ ᠲᠡᠮᠳᠡᠭᠲᠦ︾ ᠲᠦᠮᠦᠰᠦ ᠨᠢ | ᠤᠯᠤᠰ ᠤᠨ A ᠲᠡᠰ ᠤᠨ ᠪᠤᠬᠢᠷᠲᠤᠯ ᠦᠭᠡᠢ ᠢᠳᠡᠭᠡᠨ ᠤ ᠭᠡᠷᠡᠴᠢᠯᠡᠯ ᠢ ᠣᠯᠪᠠ᠃ ︽ᠾᠧᠦ ᠴᠢ ᠬᠤᠩ︾ | ᠲᠡᠮᠳᠡᠭᠲᠦ ᠨᠢ ᠣᠯᠠᠨ ᠤᠯᠤᠰ ᠤᠨ ᠲᠠᠸᠠᠷ ᠤᠨ ᠨᠡᠷᠡᠲᠦ ᠲᠡᠮᠳᠡᠭᠲᠦ ᠶᠢᠨ ᠪᠠᠷᠢᠮᠵᠢᠶᠠᠲᠤ ᠢᠨᠵᠧᠨᠧᠷᠢᠩ ᠤᠨ ᠵᠣᠬᠢᠶᠠᠨ | ᠪᠠᠶᠢᠭᠤᠯᠤᠯᠲᠠ ᠤᠨ 5 A ᠲᠡᠰ ᠤᠨ ᠣᠯᠠᠨ ᠤᠯᠤᠰ ᠤᠨ ᠨᠡᠷᠡᠲᠦ ᠲᠡᠮᠳᠡᠭᠲᠦ ᠶᠢᠨ ᠭᠡᠷᠡᠴᠢᠯᠡᠯ ᠢ ᠣᠯᠵᠣ᠂ 2015 | ᠣᠨ ᠤ 16 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠨᠡᠷᠡᠲᠦ ᠲᠡᠮᠳᠡᠭᠲᠦ ᠶᠢᠨ ᠦᠵᠡᠰᠬᠦᠯᠡᠩ ᠳᠤ ᠠᠯᠲᠠᠨ | ᠱᠠᠩᠨᠠᠯ ᠬᠦᠷᠲᠡᠪᠡ᠃ ᠤᠯᠠᠭᠠᠨᠴᠠᠪ ᠬᠤᠲᠠ ᠨᠢ 2009 ᠣᠨ ᠳᠤ ᠳᠤᠮᠳᠠᠳᠤ ᠤᠯᠤᠰ ᠤᠨ ᠢᠳᠡᠭᠡᠨ ᠤ ᠠᠵᠤ | ᠦᠶᠯᠡᠳᠪᠦᠷᠢ ᠶᠢᠨ ᠨᠡᠶᠢᠭᠡᠮᠯᠢᠭ ᠠᠴᠠ ︽ᠳᠤᠮᠳᠠᠳᠤ ᠤᠯᠤᠰ ᠤᠨ ᠲᠥᠮᠥᠰᠥ ᠶᠢᠨ ᠨᠡᠶᠢᠰᠯᠡᠯ︾ ᠢᠶᠠᠷ ᠦᠨᠡᠯᠡᠵᠦ᠂ | 2018 ᠣᠨ ᠳᠤ ᠤᠯᠤᠰ ᠠᠴᠠ ︽ᠳᠤᠮᠳᠠᠳᠤ ᠤᠯᠤᠰ ᠤᠨ ᠣᠨᠴᠠᠯᠢᠭ ᠪᠦᠬᠦᠢ ᠲᠠᠷᠢᠶᠠᠯᠠᠩ ᠤᠨ ᠪᠦᠲᠦᠭᠡᠭᠳᠡᠬᠦᠨ | ᠤ ᠳᠠᠪᠠᠭᠤᠯᠢᠭ ᠣᠷᠣᠨ︾ ᠭᠡᠵᠦ ᠦᠨᠡᠯᠡᠪᠡ᠃ | ᠦ᠋ ᠲᠢᠩᠬᠢᠮ ᠤᠨ ᠳᠠᠷᠤᠭ᠎ᠠ᠄ ᠭᠤᠷᠪᠠᠳᠤᠭᠠᠷ ᠲᠤ᠂ ᠦᠶᠯᠡᠳᠪᠦᠷᠢᠯᠡᠯ ᠤᠨ ᠨᠥᠬᠦᠴᠡᠯ ᠣᠨᠴᠠ ᠰᠠᠶᠢᠨ᠃ | ᠮᠠᠨ ᠤ ᠣᠷᠣᠨ ᠤ ᠠᠭᠤᠷ ᠠᠮᠢᠰᠬᠤᠯ ᠬᠦᠢᠲᠡᠨ ᠰᠡᠷᠢᠭᠦᠨ᠂ ᠡᠳᠦᠷ ᠰᠦᠨᠢ ᠶᠢᠨ ᠳᠤᠯᠠᠭᠠᠨ ᠤ ᠵᠥᠷᠢᠶ᠎ᠡ ᠶᠡᠭᠡ᠂ | ᠬᠤᠷ᠎ᠠ ᠲᠤᠨᠳᠠᠰᠣᠨ ᠤ ᠵᠢᠮ᠎ᠡ ᠶᠣᠰᠣ ᠨᠢ ᠲᠥᠮᠥᠰᠥ ᠶᠢᠨ ᠤᠰᠤ ᠬᠡᠷᠡᠭᠰᠡᠬᠦ ᠵᠢᠮ᠎ᠡ ᠶᠣᠰᠣ ᠲᠠᠢ ᠦᠨᠳᠦᠰᠦᠨ ᠲᠡᠭᠡᠨ | ᠨᠡᠶᠢᠴᠡᠵᠦ᠂ ᠭᠡᠷᠡᠯ ᠤᠨ ᠲᠤᠰᠤᠯᠲᠠ ᠴᠢᠩᠭ᠎ᠠ᠂ ᠪᠣᠷᠣᠭᠠᠨ ᠤ ᠤᠯᠠᠷᠢᠯ ᠪᠤᠯᠤᠨ ᠬᠠᠯᠠᠭᠤᠨ ᠤ ᠤᠯᠠᠷᠢᠯ ᠨᠢ ᠵᠡᠷᠭᠡ ᠪᠠᠷ | ᠢᠯᠡᠷᠡᠬᠦ ᠵᠡᠷᠭᠡ ᠨᠢ ᠲᠥᠮᠥᠰᠥ ᠶᠢᠨ ᠥᠰᠥᠯᠲᠡ ᠪᠣᠶᠢᠵᠢᠯᠲᠠ ᠳᠤ ᠲᠦᠢᠯ ᠤᠨ ᠠᠰᠢᠭᠲᠠᠢ ᠶᠤᠮ᠃ ᠡᠭᠦᠨ ᠤ ᠬᠠᠮᠲᠤ᠂ | ᠵᠡᠭᠦᠨ ᠬᠡᠰᠡᠭ ᠤᠨ ᠭᠤᠣᠯ ᠭᠠᠷᠤᠯᠲᠠ ᠶᠢᠨ ᠤᠷᠤᠨ ᠤ ᠳᠠᠯᠠᠢ ᠶᠢᠨ ᠲᠦᠪᠰᠢᠨ ᠥᠨᠳᠥᠷ᠂ ᠠᠭᠤᠷ ᠠᠮᠢᠰᠬᠤᠯ | ᠬᠦᠢᠲᠡᠨ ᠰᠡᠷᠢᠭᠦᠨ᠂ ᠪᠠᠷᠠᠭᠤᠨ ᠬᠡᠰᠡᠭ ᠤᠨ ᠭᠤᠣᠯ ᠭᠠᠷᠤᠯᠲᠠ ᠶᠢᠨ ᠤᠷᠤᠨ ᠤ ᠠᠭᠤᠷ ᠠᠮᠢᠰᠬᠤᠯ ᠭᠠᠩ ᠬᠠᠭᠤᠷᠠᠶ᠂ | ᠰᠠᠯᠬᠢᠨ ᠤ ᠬᠤᠷᠳᠤᠴᠠ ᠬᠤᠷᠳᠤᠨ᠂ ᠬᠤᠤᠷ ᠳᠠᠮᠵᠢᠭᠤᠯᠬᠤ ᠵᠠᠭᠤᠴᠢ ᠴᠥᠭᠡᠨ᠂ ᠡᠪᠡᠳᠴᠢᠨ᠂ ᠬᠤᠷᠤᠬᠠᠢ ᠶᠢᠨ | ᠭᠠᠮᠰᠢᠭ ᠤᠨ ᠡᠭᠦᠰᠬᠦ ᠳᠠᠪᠲᠠᠮᠵᠢ ᠨᠢ ᠳᠣᠤᠷ᠎ᠠ᠂ ᠲᠥᠮᠥᠰᠥ ᠲᠠᠷᠢᠵᠤ ᠦᠢᠯᠡᠳᠪᠦᠷᠢᠯᠡᠬᠦ ᠳᠤ ᠣᠨᠴᠠ ᠰᠠᠶᠢᠨ | ᠳᠠᠪᠠᠭᠤᠯᠢᠭ ᠲᠠᠯ᠎ᠠ ᠲᠠᠢ᠃ ᠳᠦᠷᠪᠡᠳᠦᠭᠡᠷ ᠲᠤ᠂ ᠲᠥᠮᠥᠰᠥ ᠶᠢᠨ ᠣᠷᠣᠨ ᠪᠦᠰᠡ ᠶᠢᠨ ᠲᠠᠷᠬᠠᠯᠲᠠ ᠲᠥᠪᠯᠡᠷᠡᠩᠭᠦᠶ᠃ | ᠮᠠᠨ ᠤ ᠣᠷᠣᠨ ᠤ ᠲᠥᠮᠥᠰᠥ ᠶᠢᠨ ᠳᠠᠪᠠᠭᠤᠯᠢᠭ ᠭᠠᠷᠤᠯᠲᠠ ᠶᠢᠨ ᠣᠷᠣᠨ ᠨᠢ ᠭᠤᠤᠯᠳᠠᠭᠤ ᠮᠤᠨᠢ ᠠᠭᠤᠯᠠ ᠶᠢᠨ | ᠬᠤᠷᠮᠣᠶ ᠳᠠᠭᠠᠤ ᠶᠢᠨ ᠪᠤᠭᠤᠲᠤ ᠬᠤᠲᠠ᠂ ᠬᠥᠬᠡᠬᠤᠲᠠ᠂ ᠤᠯᠠᠭᠠᠨᠴᠠᠪ ᠬᠤᠲᠠ᠂ ᠰᠢᠯᠢ ᠶᠢᠨ ᠭᠤᠤᠯ ᠠᠶᠢᠮᠠᠭ᠂ | ᠤᠯᠠᠭᠠᠨᠬᠠᠳᠠ ᠬᠤᠲᠠ ᠵᠢᠴᠢ ᠶᠡᠭᠡ ᠬᠢᠩᠭᠠᠨ ᠳᠠᠪᠠᠭ᠎ᠠ ᠶᠢᠨ ᠬᠤᠷᠮᠣᠶ ᠳᠠᠭᠠᠤ ᠶᠢᠨ ᠬᠥᠯᠥᠨ ᠪᠤᠶᠢᠷ ᠬᠤᠲᠠ᠂ | ᠬᠢᠩᠭᠠᠨ ᠠᠶᠢᠮᠠᠭ ᠲᠤ ᠲᠥᠪᠯᠡᠷᠡᠵᠦ ᠪᠠᠶᠢᠨ᠎ᠠ᠂ ᠲᠠᠷᠢᠶᠠᠯᠠᠭ᠎ᠠ ᠶᠢᠨ ᠲᠠᠯᠠᠪᠠᠢ ᠨᠢ ᠪᠦᠬᠦ ᠣᠷᠣᠨ ᠤ 90% ᠠᠴᠠ | ᠳᠡᠭᠡᠭᠰᠢᠬᠢ ᠶᠢ ᠡᠵᠡᠯᠡᠵᠦ᠂ ᠭᠠᠷᠤᠯᠲᠠ ᠨᠢ 95 % ᠣᠷᠴᠢᠮ ᠢ ᠡᠵᠡᠯᠡᠨ᠎ᠡ᠃ ᠤᠯᠠᠭᠠᠨᠴᠠᠪ ᠬᠤᠲᠠ ᠪᠠᠷ ᠲᠥᠪ | ᠪᠣᠯᠭᠠᠭᠰᠠᠨ ᠳᠤᠮᠳᠠ ᠬᠡᠰᠡᠭ ᠤᠨ ᠲᠥᠮᠥᠰᠥ ᠶᠢᠨ ᠠᠵᠤ ᠦᠢᠯᠡᠰ ᠤᠨ ᠳᠠᠪᠠᠭᠤᠯᠢᠭ ᠣᠷᠣᠨ ᠪᠣᠯᠤᠨ ᠬᠥᠯᠥᠨ ᠪᠣᠶᠢᠷ | ᠬᠤᠲᠠ ᠪᠠᠷ ᠲᠥᠪ ᠪᠣᠯᠭᠠᠭᠰᠠᠨ ᠵᠡᠭᠦᠨ ᠬᠡᠰᠡᠭ ᠤᠨ ᠲᠥᠮᠥᠰᠥ ᠶᠢᠨ ᠠᠵᠤ ᠦᠢᠯᠡᠰ ᠤᠨ ᠳᠠᠪᠠᠭᠤᠯᠢᠭ ᠣᠷᠣᠨ ᠢ | ᠨᠢᠭᠡᠨᠲᠡ ᠪᠠᠶᠢᠭᠤᠯᠤᠨ ᠪᠦᠷᠢᠯᠳᠦᠭᠦᠯᠪᠡ᠃ ᠳᠤᠮᠳᠠ ᠬᠡᠰᠡᠭ ᠤᠨ ᠳᠠᠪᠠᠭᠤᠯᠢᠭ ᠣᠷᠣᠨ ᠳᠤ ᠬᠤᠤᠷ | ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠶᠢ ᠦᠷᠡᠵᠢᠭᠦᠯᠬᠦ ᠪᠠᠷ ᠭᠤᠤᠯᠯᠠᠳᠠᠭ᠂ ᠡᠭᠦᠨ ᠤ ᠬᠠᠮᠲᠤ᠂ ᠲᠥᠮᠥᠰᠥ | ᠡᠳ᠋ᠰᠢᠭᠦᠯᠦᠨ ᠪᠤᠯᠪᠠᠰᠤᠷᠠᠭᠤᠯᠬᠤ ᠬᠦᠲᠦᠴᠢ ᠠᠵᠤ ᠠᠬᠤᠶᠢᠯᠠᠯ ᠤᠨ ᠲᠣᠭᠤᠷᠢᠨ ᠳᠤ᠂ ᠡᠳ᠋ᠰᠢᠭᠦᠯᠦᠨ | ᠪᠤᠯᠪᠠᠰᠤᠷᠠᠭᠤᠯᠬᠤ ᠳᠤ ᠲᠤᠰᠬᠠᠶ ᠬᠡᠷᠡᠭᠯᠡᠬᠦ ᠲᠥᠮᠥᠰᠥ ᠶᠢᠨ ᠰᠠᠭᠤᠷᠢᠨ ᠭᠠᠵᠠᠷ ᠪᠠ ᠪᠣᠬᠢᠷᠲᠤᠯ ᠥᠬᠡᠶ᠂ ᠣᠷᠭᠠᠨᠢᠭ | ᠰᠢᠨ᠎ᠡ ᠰᠣᠷᠭᠤᠭ ᠢᠳᠡᠰᠢᠨ ᠲᠥᠮᠥᠰᠥ ᠶᠢᠨ ᠰᠠᠭᠤᠷᠢᠨ ᠭᠠᠵᠠᠷ ᠪᠠᠶᠢᠭᠤᠯᠤᠭᠳᠠᠵᠠᠢ᠃ ᠵᠡᠭᠦᠨ ᠬᠡᠰᠡᠭ ᠤᠨ | ᠳᠠᠪᠠᠭᠤᠯᠢᠭ ᠣᠷᠣᠨ ᠤ ᠶᠡᠭᠡ ᠬᠢᠩᠭᠠᠨ ᠳᠠᠪᠠᠭᠠᠨ ᠤ ᠳᠠᠪᠠᠭᠠᠨ ᠠᠷᠤ ᠶᠢᠨ ᠭᠠᠵᠠᠷ ᠣᠷᠣᠨ ᠳᠤ ᠰᠢᠯᠢᠳᠡᠭ ᠡᠭᠦᠯᠳᠡᠷ | ᠤᠨ ᠬᠤᠤᠷ ᠦᠭᠡᠶᠢᠳᠡᠭᠦᠯᠦᠭᠰᠡᠨ ᠲᠥᠮᠥᠰᠥ ᠶᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠪᠠᠶᠢᠭᠤᠯᠤᠭᠳᠠᠵᠤ᠂ | ᠳᠠᠪᠠᠭᠠᠨ ᠤ ᠵᠡᠭᠦᠨ ᠡᠮᠦᠨ᠎ᠡ ᠬᠡᠰᠡᠭ ᠲᠤ ︽ᠪᠣᠬᠢᠷᠲᠤᠯ ᠥᠬᠡᠶ︾ ᠰᠢᠨ᠎ᠡ ᠰᠣᠷᠭᠤᠭ ᠢᠳᠡᠰᠢᠨ ᠲᠥᠮᠥᠰᠥ | ᠦᠶᠯᠡᠳᠪᠦᠷᠢᠯᠡᠬᠦ ᠰᠠᠭᠤᠷᠢᠨ ᠭᠠᠵᠠᠷ ᠪᠠᠶᠢᠭᠤᠯᠤᠭᠳᠠᠪᠠ᠃ ᠲᠠᠪᠤ ᠳᠤ᠂ ᠠᠵᠤ ᠦᠢᠯᠡᠰ ᠤᠨ ᠳᠠᠶᠢᠴᠢᠯᠠᠬᠤ ᠴᠢᠳᠠᠪᠤᠷᠢ | ᠴᠢᠩᠭ᠎ᠠ᠃ ᠪᠥᠬᠦ ᠣᠷᠣᠨ ᠤ ᠲᠥᠮᠥᠰᠥ ᠡᠳ᠋ᠰᠢᠭᠦᠯᠦᠨ ᠪᠤᠯᠪᠠᠰᠤᠷᠠᠭᠤᠯᠬᠤ᠂ ᠪᠠᠷᠠᠭ᠎ᠠ ᠶᠢᠨ ᠭᠦᠶᠯᠭᠡᠭᠡᠨ ᠤ ᠬᠦᠲᠦᠴᠢ | ᠠᠵᠤ ᠠᠬᠤᠶᠢᠯᠠᠯ ᠪᠦᠬᠦᠨ ᠢᠶᠠᠷ ᠢᠶᠠᠨ ᠲᠥᠮᠥᠰᠥ ᠶᠢᠨ ᠳᠠᠪᠠᠭᠤᠯᠢᠭ ᠣᠷᠣᠨ ᠳᠤ ᠲᠥᠪᠯᠡᠷᠡᠵᠦ᠂ ᠣᠳᠣ | ᠪᠣᠷᠣᠯᠠᠭᠤᠯᠤᠯᠲᠠ ᠶᠢᠨ ᠣᠷᠣᠯᠭ᠎ᠠ ᠨᠢ 500 ᠲᠦᠮᠡᠨ ᠲᠥᠭᠦᠷᠢᠭ ᠠᠴᠠ ᠳᠡᠭᠡᠭᠰᠢᠬᠢ ᠲᠥᠮᠥᠰᠥ ᠡᠳ᠋ᠰᠢᠭᠦᠯᠦᠨ | ᠪᠤᠯᠪᠠᠰᠤᠷᠠᠭᠤᠯᠬᠤ ᠠᠵᠤ ᠠᠬᠤᠶᠢᠯᠠᠯ 49 ᠪᠠᠶᠢᠵᠤ᠂ ᠵᠢᠯ ᠤᠨ ᠰᠢᠨ᠎ᠡ ᠰᠣᠷᠭᠤᠭ ᠢᠳᠡᠰᠢᠨ ᠲᠥᠮᠥᠰᠥ ᠡᠳ᠋ᠰᠢᠭᠦᠯᠦᠨ | ᠪᠤᠯᠪᠠᠰᠤᠷᠠᠭᠤᠯᠬᠤ ᠴᠢᠳᠠᠪᠤᠷᠢ ᠨᠢ 300 ᠲᠦᠮᠡᠨ ᠲᠣᠨ ᠠᠴᠠ ᠳᠡᠭᠡᠭᠰᠢ ᠳᠤ ᠬᠦᠷᠴᠡᠶ᠂ ᠡᠭᠦᠨ ᠳᠤ 5 ᠲᠥᠮᠥᠰᠥᠨ | ᠲᠠᠯᠬ᠎ᠠ ︵全粉︶ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠪᠠᠶᠢᠵᠤ᠂ ᠰᠢᠨ᠎ᠡ ᠲᠥᠮᠥᠰᠥ | ᠡᠳ᠋ᠰᠢᠭᠦᠯᠦᠨ ᠪᠤᠯᠪᠠᠰᠤᠷᠠᠭᠤᠯᠬᠤ ᠴᠢᠳᠠᠪᠤᠷᠢ 40 ᠲᠦᠮᠡᠨ ᠲᠣᠨ ᠣᠷᠴᠢᠮ ᠪᠠᠶᠢᠵᠤ᠂ ᠲᠠᠯᠠᠰᠢᠭᠤᠯᠤᠨ ᠡᠳ᠋ᠰᠢᠭᠦᠯᠦᠨ | ᠪᠤᠯᠪᠠᠰᠤᠷᠠᠭᠤᠯᠬᠤ ᠴᠢᠳᠠᠪᠤᠷᠢ ᠪᠥᠬᠦ ᠤᠯᠤᠰ ᠤᠨ 35 % ᠣᠷᠴᠢᠮ ᠢ ᠡᠵᠡᠯᠡᠵᠦ᠂ ᠴᠠᠷᠳᠠᠭᠤᠯ ᠡᠳ᠋ᠰᠢᠭᠦᠯᠦᠨ | ᠪᠤᠯᠪᠠᠰᠤᠷᠠᠭᠤᠯᠬᠤ ᠴᠢᠳᠠᠪᠤᠷᠢ ᠪᠥᠬᠦ ᠤᠯᠤᠰ ᠤᠨ 30 % ᠣᠷᠴᠢᠮ ᠢ ᠡᠵᠡᠯᠡᠨ᠎ᠡ᠃ ᠤᠨᠴᠠᠭᠠᠶᠢᠯᠠᠨ ᠤᠯᠠᠭᠠᠨᠴᠠᠪ | ᠬᠤᠲᠠ᠂ ᠲᠥᠮᠥᠰᠥ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠬᠡᠪᠴᠢᠶᠡᠵᠢᠭᠦᠯᠦᠨ ᠠᠬᠢᠭᠤᠯᠬᠤ | ᠰᠠᠭᠤᠷᠢ ᠨᠥᠬᠦᠴᠡᠯ ᠢᠶᠠᠷ ᠰᠠᠶᠢᠨ᠂ ᠡᠳ᠋ᠰᠢᠭᠦᠯᠦᠨ ᠪᠤᠯᠪᠠᠰᠤᠷᠠᠭᠤᠯᠬᠤ᠂ ᠪᠠᠷᠠᠭ᠎ᠠ ᠶᠢᠨ ᠭᠦᠶᠯᠭᠡᠭᠡᠨ ᠤ ᠬᠦᠲᠦᠴᠢ | ᠠᠵᠤ ᠠᠬᠤᠶᠢᠯᠠᠯ ᠪᠥᠬᠦ ᠣᠷᠣᠨ ᠤ 70 % ᠣᠷᠴᠢᠮ ᠢ ᠡᠵᠡᠯᠡᠨ᠎ᠡ᠃ ᠬᠡᠯᠡᠯᠭᠡᠨ ᠦᠭᠡᠢ᠂ ᠪᠢᠳᠡᠨ ᠳᠤ ᠪᠠᠰᠠ | ᠦᠷ᠎ᠡ ᠶᠢᠨ ᠲᠥᠮᠥᠰᠥ ᠶᠢᠨ ᠰᠢᠨ᠎ᠡ ᠶᠢ ᠡᠭᠦᠳᠬᠦ ᠴᠢᠳᠠᠪᠤᠷᠢ ᠬᠦᠷᠦᠯᠴᠡᠬᠦ ᠦᠭᠡᠢ᠂ ᠠᠵᠤ ᠦᠢᠯᠡᠰ ᠤᠨ ᠪᠦᠲᠦᠴᠡ | ᠪᠠᠰᠠ ᠲᠡᠶᠢᠮᠦ ᠵᠦᠶ ᠵᠣᠬᠢᠰᠲᠠᠶ ᠪᠢᠰᠢ᠂ ᠵᠠᠬ᠎ᠠ ᠳᠡᠯᠭᠡᠭᠦᠷ ᠤᠯᠠᠮ ᠶᠡᠭᠡ ᠦᠷᠢᠰᠦᠯᠳᠦᠭᠡᠨ ᠲᠤᠯᠭᠠᠷᠠᠵᠤ ᠪᠠᠶᠢᠬᠤ᠂ | ᠬᠠᠳᠠᠭᠠᠯᠠᠬᠤ ᠵᠡᠷᠭᠡ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠬᠤᠴᠣᠷᠤᠩᠭᠤᠶ᠂ ᠪᠠᠶᠢᠩᠭᠤᠵᠢᠭᠰᠠᠨ ᠡᠭᠡᠯᠵᠢᠯᠡᠨ | ᠲᠠᠷᠢᠬᠤ ᠳᠦᠷᠢᠮ ᠬᠠᠷᠠᠬᠠᠨ ᠪᠠᠶᠢᠭᠤᠯᠤᠭᠳᠠᠭᠠᠳᠤᠶ ᠵᠡᠷᠭᠡ ᠠᠰᠠᠭᠤᠳᠠᠯ ᠣᠷᠣᠰᠢᠵᠤ ᠪᠠᠶᠢᠬᠤ ᠪᠦᠭᠡᠳ ᠪᠢᠳᠡᠨᠦᠰ ᠤᠨ | ᠳᠠᠷᠤᠢ ᠲᠦᠷᠭᠡᠨ ᠰᠢᠢᠳᠪᠦᠷᠢᠯᠡᠬᠦ ᠶᠢ ᠱᠠᠭᠠᠷᠳᠠᠵᠤ ᠪᠠᠶᠢᠨ᠎ᠠ᠃ | ᠬᠥᠲᠥᠯᠥᠭᠴᠢ᠄ ᠡᠦ ᠲᠢᠩᠬᠢᠮ ᠤᠨ ᠳᠠᠷᠤᠭ᠎ᠠ ᠡ᠂ ᠲᠠᠨ ᠤ ᠬᠡᠯᠡᠬᠦ ᠪᠠᠷ ᠮᠠᠨ ᠤ ᠣᠷᠣᠨ ᠤ ᠲᠥᠮᠥᠰᠥ ᠶᠢᠨ | ᠠᠵᠤ ᠦᠶᠯᠡᠰ ᠪᠠᠰᠠ ᠮᠠᠰᠢ ᠤᠯᠠᠨ ᠳᠠᠪᠠᠭᠤᠯᠢᠭ ᠲᠠᠯ᠎ᠠ ᠲᠠᠢ᠂ ᠲᠡᠭᠡᠪᠡᠯ ᠪᠢᠳᠡ ᠪᠥᠬᠦ ᠣᠷᠣᠨ ᠤ ᠲᠥᠮᠥᠰᠥ ᠶᠢᠨ | ᠠᠵᠤ ᠦᠢᠯᠡᠰ ᠤᠨ ᠬᠥᠭᠵᠢᠯᠲᠡ ᠳᠤ ᠶᠡᠷᠦᠩᠬᠡᠶ ᠰᠡᠳᠬᠢᠴᠡ ᠪᠠ ᠬᠠᠷᠠᠯᠲᠠ ᠪᠠᠶᠢᠨ᠎ᠠ ᠤᠤ︖ | ᠦ᠋ ᠲᠢᠩᠬᠢᠮ ᠤᠨ ᠳᠠᠷᠤᠭ᠎ᠠ᠄ ᠪᠠᠶᠢᠨ᠎ᠠ᠂ ᠪᠢᠳᠡ ᠲᠤᠰᠬᠠᠶᠢᠯᠠᠨ ᠮᠠᠨ ᠤ ᠣᠷᠣᠨ ᠤ ᠲᠥᠮᠥᠰᠥ ᠶᠢᠨ ᠠᠵᠤ | ᠦᠶᠯᠡᠰ ᠲᠤ ᠪᠠᠶᠢᠴᠠᠭᠠᠨ ᠰᠤᠳᠤᠯᠤᠯᠲᠠ᠂ ᠵᠠᠳᠠᠯᠤᠯᠲᠠ᠂ ᠲᠦᠯᠦᠪᠵᠢᠭᠦᠯᠭᠡ ᠬᠢᠵᠦ᠂ ᠲᠠᠷᠠᠭᠠᠴᠢ ᠶᠢᠨ ᠠᠯᠬᠤᠮ ᠤᠨ | ᠬᠥᠭᠵᠢᠯᠲᠡ ᠶᠢᠨ ᠰᠡᠳᠬᠢᠴᠡ ᠪᠣᠯᠤᠨ ᠬᠠᠷᠠᠯᠲᠠ ᠶᠢ ᠳᠤᠷᠠᠳᠪᠠ᠃ ᠶᠡᠷᠦᠩᠬᠡᠶ ᠰᠡᠳᠬᠢᠮᠵᠢ᠄ ᠶᠠᠰᠤ ᠴᠢᠨᠠᠷ ᠢᠶᠠᠷ | ᠲᠥᠮᠥᠰᠥ ᠶᠢ ᠬᠥᠭᠵᠢᠭᠦᠯᠬᠦ᠂ ᠪᠣᠬᠢᠷᠲᠤᠯ ᠦᠭᠡᠢ ᠪᠠᠷ ᠲᠥᠮᠥᠰᠥ ᠶᠢ ᠬᠥᠭᠵᠢᠭᠦᠯᠬᠦ᠂ ᠲᠠᠸᠠᠷ ᠤᠨ ᠨᠡᠷᠡᠲᠦ | ᠲᠡᠮᠳᠡᠭᠲᠦ ᠪᠠᠷ ᠲᠥᠮᠥᠰᠥ ᠶᠢ ᠬᠦᠴᠦᠷᠬᠡᠭᠵᠢᠭᠦᠯᠬᠦ ᠶᠢ ᠪᠠᠷᠢᠮᠲᠠᠯᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ | ᠳᠠᠪᠠᠭᠤᠯᠢᠭ ᠢᠶᠠᠨ ᠲᠦᠰᠢᠭᠯᠡᠨ᠂ ᠦᠷ᠎ᠡ ᠶᠢᠨ ᠲᠥᠮᠥᠰᠥᠨ ᠤ ᠠᠵᠤ ᠦᠶᠯᠡᠰ ᠢ ᠪᠤᠵᠠᠭᠠᠶᠢᠷᠠᠭᠤᠯᠵᠤ᠂ | ᠪᠣᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠨᠢᠭᠡ ᠪᠦᠯᠦᠭ ᠦᠷ᠎ᠡ ᠶᠢᠨ | ᠲᠥᠮᠥᠰᠥ ᠶᠢᠨ ᠠᠵᠤ ᠠᠬᠤᠶᠢᠯᠠᠯ ᠢ ᠲᠡᠳᠬᠦᠨ ᠳᠠᠮᠵᠢᠵᠤ᠂ ᠠᠵᠤ ᠠᠬᠤᠶᠢᠯᠠᠯ ᠤᠨ ᠦᠷ᠎ᠡ ᠪᠤᠶᠢᠵᠢᠭᠤᠯᠤᠨ ᠰᠢᠨ᠎ᠡ | ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠂ ᠦᠷ᠎ᠡ ᠶᠢᠨ ᠲᠥᠮᠥᠰᠥ ᠶᠢᠨ ᠰᠠᠭᠤᠷᠢᠨ ᠭᠠᠵᠠᠷ ᠤᠨ ᠬᠠᠮᠠᠭᠠᠯᠠᠯᠲᠠ | ᠪᠠ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠥᠬᠦ ᠤᠯᠤᠰ ᠤᠨ ᠰᠢᠯᠢᠳᠡᠭ ᠬᠤᠤᠷ | ᠦᠭᠡᠶᠢᠳᠡᠭᠦᠯᠦᠭᠰᠡᠨ ᠲᠥᠮᠥᠰᠥ ᠲᠠᠷᠢᠵᠤ ᠦᠢᠯᠡᠳᠪᠦᠷᠢᠯᠡᠬᠦ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ | ᠪᠠᠶᠢᠭᠤᠯᠤᠨ᠎ᠠ᠃ ᠪᠣᠬᠢᠷᠲᠤᠯ ᠦᠭᠡᠢ ᠠᠮᠢ ᠠᠬᠤᠢ ᠶᠢᠨ ᠳᠠᠪᠠᠭᠤᠯᠢᠭ ᠲᠤ ᠪᠠᠨ ᠲᠦᠰᠢᠭᠯᠡᠨ᠂ ᠰᠢᠯᠢᠳᠡᠭ ᠰᠢᠨ᠎ᠡ | ᠰᠣᠷᠭᠤᠭ ᠢᠳᠡᠰᠢᠨ ᠲᠥᠮᠥᠰᠥ ᠶᠢᠨ ᠠᠵᠤ ᠦᠢᠯᠡᠰ ᠪᠠᠶᠢᠭᠤᠯᠵᠤ᠂ ᠲᠠᠯᠠᠪᠠᠢ ᠶᠢ ᠨᠢ ᠲᠣᠭᠲᠠᠪᠤᠷᠢᠵᠢᠭᠤᠯᠤᠨ᠂ ᠶᠠᠰᠤ | ᠴᠢᠨᠠᠷ ᠢ ᠨᠢ ᠳᠡᠭᠡᠭᠰᠢᠯᠡᠭᠦᠯᠵᠦ᠂ ᠦᠪᠡᠷ ᠤᠨ ᠦᠷᠲᠡᠭ ᠢ ᠨᠢ ᠳᠤᠷᠤᠭᠰᠢᠯᠠᠭᠤᠯᠵᠤ᠂ ᠠᠰᠢᠭ ᠣᠷᠣᠯᠭ᠎ᠠ ᠶᠢ ᠨᠢ | ᠲᠣᠭᠲᠠᠪᠤᠷᠢᠵᠢᠭᠤᠯᠤᠨ᠂ ᠴᠢᠨᠠᠷᠯᠢᠭ ᠰᠢᠨ᠎ᠡ ᠰᠣᠷᠭᠤᠭ ᠢᠳᠡᠰᠢᠨ ᠲᠥᠮᠥᠰᠥ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠠᠶᠢᠭᠤᠯᠤᠨ᠎ᠠ᠃ ᠭᠠᠷᠤᠯᠲᠠ ᠶᠢᠨ ᠣᠷᠣᠨ ᠤ ᠳᠠᠪᠠᠭᠤᠯᠢᠭ ᠲᠤ ᠪᠠᠨ ᠲᠦᠰᠢᠭᠯᠡᠨ᠂ ᠣᠳᠣᠬᠢᠴᠢᠯᠠᠭᠰᠠᠨ | ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠢ ᠢᠳᠡᠪᠬᠢᠲᠡᠶ ᠪᠠᠷ ᠭᠠᠳᠠᠨ᠎ᠠ ᠠᠴᠠ ᠣᠷᠣᠭᠤᠯᠤᠨ᠂ | ᠣᠳᠣ ᠶᠢᠨ ᠪᠠᠶᠢᠭ᠎ᠠ ᠠᠵᠤ ᠠᠬᠤᠶᠢᠯᠠᠯ ᠤᠨ ᠳᠡᠰ ᠳᠡᠪᠰᠢᠨ ᠥᠭᠡᠷᠡᠴᠢᠯᠡᠬᠦ ᠶᠢ ᠳᠠᠮᠵᠢᠵᠤ᠂ ᠨᠢᠭᠡ ᠪᠦᠯᠦᠭ | ᠡᠳ᠋ᠰᠢᠭᠦᠯᠦᠨ ᠪᠤᠯᠪᠠᠰᠤᠷᠠᠭᠤᠯᠬᠤ ᠬᠦᠲᠦᠴᠢ ᠠᠵᠤ ᠠᠬᠤᠶᠢᠯᠠᠯ ᠢ ᠪᠣᠶᠢᠵᠢᠭᠤᠯᠤᠨ᠂ ᠨᠠᠷᠢᠯᠢᠭ ᠭᠦᠨ ᠡᠳ᠋ᠰᠢᠭᠦᠯᠦᠨ | ᠪᠤᠯᠪᠠᠰᠤᠷᠠᠭᠤᠯᠬᠤ ᠠᠵᠤ ᠦᠶᠯᠡᠰ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠨᠥᠯᠥᠭᠡᠯᠡᠨ | ᠳᠠᠶᠢᠴᠢᠯᠠᠬᠤ ᠴᠢᠳᠠᠪᠤᠷᠢ ᠶᠢ ᠴᠢᠩᠭᠠᠷᠠᠭᠤᠯᠵᠤ᠂ ᠴᠢᠨᠠᠷᠯᠢᠭ ᠲᠥᠮᠥᠰᠥ ᠡᠳ᠋ᠰᠢᠭᠦᠯᠦᠨ ᠪᠤᠯᠪᠠᠰᠤᠷᠠᠭᠤᠯᠵᠤ | ᠦᠶᠯᠡᠳᠪᠦᠷᠢᠯᠡᠬᠦ ᠰᠠᠭᠤᠷᠢᠨ ᠭᠠᠵᠠᠷ ᠪᠠ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢᠯᠡᠰ ᠤᠨ ᠪᠥᠭᠡᠮᠨᠡᠷᠡᠯ ᠤᠨ | ᠰᠠᠭᠤᠷᠢᠨ ᠭᠠᠵᠠᠷ ᠢ ᠪᠠᠶᠢᠭᠤᠯᠤᠨ᠎ᠠ᠃ ︽ᠲᠦᠮᠦᠰᠦ ᠶᠢᠨ ᠨᠡᠶᠢᠰᠯᠡᠯ︾ ᠤᠨ ᠳᠠᠪᠠᠭᠤᠯᠢᠭ ᠲᠤ ᠪᠠᠨ ᠲᠦᠰᠢᠭᠯᠡᠨ᠂ ︽ | ᠮᠧᠩ ᠱᠦ︾ ᠶᠢᠨ ᠲᠠᠸᠠᠷ ᠤᠨ ᠨᠡᠷᠡᠲᠦ ᠲᠡᠮᠳᠡᠭᠲᠦ ᠶᠢ ᠬᠦᠴᠦᠷᠬᠡᠭᠵᠢᠭᠦᠯᠦᠨ᠂ ᠨᠡᠷᠡᠲᠦ ᠲᠡᠮᠳᠡᠭᠲᠦ ᠶᠢ ᠤᠬᠠᠭᠤᠯᠬᠤ᠂ | ᠳᠡᠯᠭᠡᠷᠡᠭᠦᠯᠬᠦ ᠪᠠ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠤᠯᠠᠭᠠᠨᠴᠠᠪ ᠤᠨ ᠲᠥᠮᠥᠰᠥ ᠵᠡᠷᠭᠡ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠠᠸᠠᠷ ᠤᠨ ᠨᠡᠷᠡᠲᠦ ᠲᠡᠮᠳᠡᠭᠲᠦ ᠶᠢᠨ ᠨᠥᠯᠥᠭᠡᠯᠡᠬᠦ ᠬᠦᠴᠦᠨ ᠢ | ᠳᠡᠭᠡᠭᠰᠢᠯᠡᠭᠦᠯᠦᠨ᠎ᠡ᠃ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠲᠤ ᠲᠦᠰᠢᠭᠯᠡᠨ᠂ ᠶᠠᠳᠠᠭᠤ ᠶᠢ ᠲᠡᠳᠬᠦᠬᠦ ᠠᠵᠤ | ᠦᠶᠯᠡᠰ ᠢ ᠪᠤᠳᠠᠲᠠᠶᠢᠵᠢᠭᠤᠯᠤᠨ᠂ ᠲᠥᠮᠥᠰᠥ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ | ᠲᠡᠮᠡᠴᠡᠨ ᠣᠯᠵᠤ᠂ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ | ᠲᠥᠮᠥᠰᠥ ᠶᠢᠨ ᠨᠢᠭᠡ᠂ ᠬᠤᠶᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠶᠠᠳᠠᠭᠤ ᠶᠢ ᠲᠡᠳᠬᠦᠬᠦ ᠭᠤᠤᠯᠯᠠᠬᠤ ᠠᠵᠤ ᠦᠢᠯᠡᠰ ᠤᠨ ᠪᠠᠶᠢᠷᠢ ᠰᠠᠭᠤᠷᠢ ᠶᠢ ᠪᠠᠬᠢᠵᠢᠭᠦᠯᠦᠨ᠂ ᠶᠠᠳᠠᠭᠤ | ᠬᠦᠴᠢᠷᠳᠡᠯᠲᠡᠶ ᠡᠷᠦᠬᠡ ᠶᠢᠨ ᠵᠠᠬᠢᠶᠠᠯᠠᠭ᠎ᠠ ᠶᠢᠨ ᠲᠠᠷᠢᠶᠠᠯᠠᠭ᠎ᠠ ᠶᠢᠨ ᠲᠠᠯᠠᠪᠠᠢ ᠶᠢ ᠥᠷᠭᠡᠳᠬᠡᠵᠦ᠂ ᠣᠷᠣᠯᠭ᠎ᠠ ᠶᠢ | ᠨᠡᠮᠡᠭᠳᠡᠭᠦᠯᠦᠨ ᠳᠠᠶᠢᠴᠢᠯᠠᠬᠤ ᠴᠢᠳᠠᠪᠤᠷᠢ ᠶᠢ ᠴᠢᠩᠭᠠᠳᠬᠠᠨ᠎ᠠ᠃ ᠬᠥᠭᠵᠢᠯᠲᠡ ᠶᠢᠨ ᠬᠠᠷᠠᠯᠲᠠ᠄ 2022 ᠣᠨ | ᠪᠣᠯᠬᠤ ᠳᠤ᠂ ᠪᠥᠬᠦ ᠣᠷᠣᠨ ᠤ ᠲᠥᠮᠥᠰᠥ ᠶᠢᠨ ᠲᠠᠷᠢᠶᠠᠯᠠᠭ᠎ᠠ ᠶᠢᠨ ᠲᠠᠯᠠᠪᠠᠢ ᠶᠢ 800 ᠲᠦᠮᠡᠨ ᠮᠦ ᠣᠷᠴᠢᠮ | ᠬᠦᠷᠲᠡᠯ᠎ᠡ ᠰᠡᠷᠭᠦᠭᠡᠨ᠎ᠡ᠂ ᠡᠳ᠋ᠰᠢᠭᠦᠯᠦᠨ ᠪᠤᠯᠪᠠᠰᠤᠷᠠᠭᠤᠯᠬᠤ ᠳᠤ ᠲᠤᠰᠬᠠᠢ ᠬᠡᠷᠡᠭᠯᠡᠬᠦ ᠲᠥᠮᠥᠰᠥ ᠲᠠᠷᠢᠬᠤ ᠬᠠᠷᠢᠴᠠᠯ ᠢ | ᠣᠳᠣᠬᠠᠨ ᠤ 27% ᠣᠷᠴᠢᠮ ᠠᠴᠠ 35% ᠣᠷᠴᠢᠮ ᠪᠤᠯᠲᠠᠯ᠎ᠠ ᠳᠡᠭᠡᠭᠰᠢᠯᠡᠭᠦᠯᠦᠨ᠎ᠡ᠂ ᠬᠤᠣᠷ | ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠶᠢ ᠦᠷᠡᠵᠢᠭᠦᠯᠦᠨ ᠪᠤᠶᠢᠵᠢᠭᠤᠯᠬᠤ ᠲᠠᠯᠠᠪᠠᠢ ᠶᠢᠨ ᠬᠤᠪᠢ ᠶᠢᠨ ᠵᠢᠩ ᠢ | ᠣᠳᠣᠬᠠᠨ ᠤ 27% ᠠᠴᠠ 35% ᠠᠴᠠ ᠳᠡᠭᠡᠭᠰᠢ ᠪᠣᠯᠲᠠᠯ᠎ᠠ ᠨᠡᠮᠡᠭᠳᠡᠭᠦᠯᠵᠦ᠂ ᠪᠦᠬᠦ ᠤᠯᠤᠰ ᠤᠨ ᠬᠠᠮᠤᠭ ᠤᠨ | ᠲᠤᠮᠤ ᠰᠢᠯᠢᠳᠡᠭ ᠬᠤᠣᠷ ᠦᠭᠡᠶᠢᠳᠡᠭᠦᠯᠦᠭᠰᠡᠨ ᠲᠥᠮᠥᠰᠥ ᠲᠠᠷᠢᠬᠤ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠠᠶᠢᠭᠤᠯᠤᠨ᠎ᠠ᠃ ᠬᠤᠣᠷ ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠶᠢᠨ ᠲᠦᠭᠡᠮᠡᠯᠵᠢᠭᠦᠯᠬᠦ ᠨᠣᠷᠮ᠎ᠠ ᠶᠢ 80% | ᠠᠴᠠ 95% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠂ ᠭᠤᠣᠯ ᠭᠠᠷᠣᠯᠲᠠ ᠶᠢᠨ ᠣᠷᠣᠨ ᠤ ᠠᠮᠢ ᠠᠬᠤᠶ ᠶᠢᠨ | ᠨᠥᠬᠦᠷᠰᠡᠭ ᠬᠡᠯᠪᠡᠷᠢ ᠶᠢᠨ ᠪᠠᠶᠢᠩᠭᠤᠵᠢᠭᠰᠠᠨ ᠭᠤᠷᠪᠠᠨ ᠵᠢᠯ ᠪᠠᠷ ᠡᠭᠡᠯᠵᠢᠯᠡᠨ ᠲᠠᠷᠢᠬᠤ ᠳᠦᠷᠢᠮ ᠢ ᠦᠨᠳᠦᠰᠦᠨ | ᠳᠤ ᠪᠠᠨ ᠪᠦᠷᠢᠯᠳᠦᠭᠦᠯᠦᠨ᠎ᠡ᠂ ︽ᠮᠧᠩ ᠱᠦ︾ ᠲᠠᠸᠠᠷ ᠤᠨ ᠨᠡᠷᠡᠲᠦ ᠲᠡᠮᠳᠡᠭᠲᠦ ᠶᠢ ᠪᠥᠬᠦ ᠤᠯᠤᠰ ᠳᠤ ᠠᠯᠳᠠᠷᠲᠤ | ᠨᠡᠷᠡᠲᠦ ᠲᠡᠮᠳᠡᠭᠲᠦ ᠪᠣᠯᠭᠠᠨ ᠪᠠᠶᠢᠭᠤᠯᠵᠤ᠂ ᠤᠯᠠᠭᠠᠨᠴᠠᠪ ᠤᠨ ᠲᠥᠮᠥᠰᠥ ᠵᠡᠷᠭᠡ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠲᠠᠸᠠᠷ ᠤᠨ ᠨᠡᠷᠡᠲᠦ ᠲᠡᠮᠳᠡᠭᠲᠦ ᠶᠢᠨ ᠨᠥᠯᠥᠭᠡᠯᠡᠬᠦ ᠬᠦᠴᠦᠨ ᠢ ᠢᠯᠡᠳᠲᠡ ᠳᠡᠭᠡᠭᠰᠢᠯᠡᠭᠦᠯᠦᠨ᠎ᠡ᠃ | ᠲᠥᠮᠥᠰᠥᠨ ᠤ ᠭᠠᠷᠤᠯᠲᠠ ᠶᠢᠨ ᠣᠷᠣᠨ ᠤ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠴᠢᠳᠠᠪᠤᠷᠢ ᠶᠢ ᠶᠡᠬᠡᠪᠡᠷ | ᠳᠡᠭᠡᠭᠰᠢᠯᠡᠭᠦᠯᠵᠦ᠂ ᠨᠢᠭᠡ᠂ ᠬᠤᠶᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠤᠨ ᠪᠠᠶᠢᠷᠢᠰᠢᠯ ᠢ | ᠦᠨᠳᠦᠰᠦᠨ ᠳᠡᠭᠡᠨ ᠪᠠᠶᠢᠭᠤᠯᠵᠤ᠂ ᠠᠵᠤ ᠦᠢᠯᠡᠰ ᠤᠨ ᠪᠦᠬᠦᠯᠢ ᠴᠣᠭᠴᠠ ᠶᠢᠨ ᠦᠷ᠎ᠡ ᠠᠰᠢᠭ ᠢ ᠢᠯᠡᠳᠲᠡ | ᠳᠡᠭᠡᠭᠰᠢᠯᠡᠭᠦᠯᠵᠦ᠂ ᠭᠤᠣᠯ ᠭᠠᠷᠤᠯᠲᠠ ᠶᠢᠨ ᠤᠷᠤᠨ ᠤ ᠲᠠᠷᠢᠶᠠᠴᠢᠳ ᠤᠨ ᠶᠠᠳᠠᠭᠤ ᠠᠴᠠ ᠠᠩᠭᠢᠵᠢᠷᠠᠨ ᠣᠷᠣᠯᠭ᠎ᠠ | ᠪᠠᠨ ᠨᠡᠮᠡᠭᠳᠡᠭᠦᠯᠬᠦ ᠶᠢ ᠳᠠᠶᠢᠴᠢᠯᠠᠨ᠎ᠠ᠃ | ᠬᠥᠲᠥᠯᠥᠭᠴᠢ᠄ 2022 ᠣᠨ ᠪᠣᠯᠬᠤ ᠳᠤ᠂ ᠮᠠᠨ ᠤ ᠣᠷᠣᠨ ᠤ ᠲᠥᠮᠥᠰᠥ ᠶᠢᠨ ᠠᠵᠤ ᠦᠢᠯᠡᠰ ᠤᠨ | ᠬᠥᠭᠵᠢᠯᠲᠡ ᠶᠢᠨ ᠬᠠᠷᠠᠯᠲᠠ ᠶᠢ ᠦᠨᠡᠨᠬᠦ ᠪᠠᠲᠤᠯᠠᠬᠤ ᠶᠢᠨ ᠲᠥᠯᠥᠭᠡ᠂ ᠪᠢᠳᠡ ᠠᠯᠢ ᠬᠡᠳᠦᠨ ᠲᠠᠯ᠎ᠠ ᠪᠠᠷ ᠴᠢᠷᠮᠠᠶᠢᠬᠤ | ᠴᠢᠬᠤᠯᠠᠲᠠᠶ ᠪᠣᠶ︖ | | ᠡᠦ ᠲᠢᠩᠬᠢᠮ ᠤᠨ ᠳᠠᠷᠤᠭ᠎ᠠ᠄ ᠨᠢᠭᠡ ᠳᠤ᠂ ᠰᠢᠨᠵᠢᠯᠡᠭᠡ ᠮᠡᠷᠭᠡᠵᠢᠯ ᠪᠠᠷ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ | ᠬᠦᠷᠢᠶᠡᠯᠡᠩ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ | ᠰᠤᠷᠭᠠᠭᠤᠯᠢ᠂ ᠥᠪᠥᠷ ᠮᠣᠩᠭᠤᠯ ᠤᠨ ᠲᠥᠮᠥᠰᠥ ᠲᠠᠷᠢᠵᠤ ᠦᠷᠡᠵᠢᠭᠦᠯᠬᠦ ᠲᠥᠪ᠂ ᠤᠯᠠᠭᠠᠨᠴᠠᠪ ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠡᠷᠳᠡᠮ ᠰᠢᠨᠵᠢᠯᠡᠭᠡᠨ ᠤ | ᠪᠠᠶᠢᠭᠤᠯᠭ᠎ᠠ ᠨᠢᠭᠡᠴᠢ ᠶᠢ ᠵᠣᠬᠢᠶᠠᠨ ᠪᠠᠶᠢᠭᠤᠯᠵᠤ᠂ ᠤᠯᠤᠰ ᠤᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮᠵᠢ ᠶᠢᠨ | ᠪᠦᠯᠬᠦᠮ ᠨᠡᠶᠢᠲᠡ ᠪᠠ ᠠᠵᠤ ᠦᠢᠯᠡᠰ ᠤᠨ ᠲᠡᠷᠢᠭᠦᠨ ᠤ ᠲᠤᠰᠬᠠᠶ ᠮᠡᠷᠭᠡᠵᠢᠯᠲᠡᠨ ᠢ ᠢᠳᠡᠪᠬᠢᠲᠡᠶ ᠪᠠᠷ ᠭᠠᠳᠠᠨ᠎ᠠ ᠠᠴᠠ | ᠣᠷᠣᠭᠤᠯᠤᠨ᠂ ᠴᠢᠨᠠᠷᠯᠢᠭ ᠦᠷ᠎ᠡ ᠶᠢᠨ ᠡᠬᠢ ᠪᠠᠶᠠᠯᠢᠭ ᠢ ᠴᠤᠭᠯᠠᠭᠤᠯᠬᠤ ᠪᠠ ᠨᠡᠭᠡᠭᠡᠨ ᠠᠰᠢᠭᠯᠠᠬᠤ᠂ ᠴᠢᠨᠠᠷᠯᠢᠭ | ᠰᠢᠨ᠎ᠡ ᠡᠭᠦᠯᠳᠡᠷ ᠢ ᠰᠤᠩᠭᠤᠨ ᠪᠤᠶᠢᠵᠢᠭᠤᠯᠬᠤ ᠵᠢᠴᠢ ᠪᠣᠬᠢᠷᠲᠤᠯ ᠥᠬᠡᠶ᠂ ᠴᠢᠨᠠᠷᠯᠢᠭ᠂ ᠥᠨᠳᠥᠷ ᠦᠷ᠎ᠡ ᠠᠰᠢᠭ ᠲᠠᠢ | ᠲᠠᠷᠢᠵᠤ ᠪᠣᠶᠢᠵᠢᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠶᠢ ᠥᠷᠨᠢᠭᠦᠯᠦᠨ᠎ᠡ᠃ ᠪᠣᠶᠢᠵᠢᠭᠤᠯᠬᠤ ᠦᠷᠡᠵᠢᠭᠦᠯᠬᠦ | ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠦᠷ᠎ᠡ ᠶᠢᠨ ᠲᠥᠮᠥᠰᠥ ᠶᠢᠨ ᠠᠵᠤ ᠠᠬᠤᠶᠢᠯᠠᠯ ᠢ ᠭᠤᠤᠯᠳᠠᠯᠭᠠᠲᠠᠢ | ᠳᠠᠮᠵᠢᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠵᠢᠴᠢ ᠠᠰᠢᠭ ᠲᠤᠰᠠ ᠶᠢ ᠬᠠᠮᠲᠤᠪᠠᠷ ᠡᠳ᠋ᠯᠡᠬᠦ ᠲᠣᠭᠲᠠᠴᠠ ᠶᠢᠨ | ᠰᠢᠨ᠎ᠡ ᠶᠢ ᠡᠭᠦᠳᠴᠦ᠂ ᠡᠷᠳᠡᠮ ᠰᠢᠨᠵᠢᠯᠡᠬᠡᠨ ᠢᠶᠠᠷ ᠦᠷ᠎ᠡ ᠪᠤᠶᠢᠵᠢᠭᠤᠯᠬᠤ ᠲᠠᠢ ᠬᠠᠮᠲᠤᠷᠠᠨ ᠪᠣᠭᠤᠮᠲᠠ ᠰᠢᠪᠲᠤᠯᠬᠤ | ᠶᠢ ᠢᠳᠡᠪᠬᠢᠲᠡᠢ ᠥᠷᠨᠢᠭᠦᠯᠵᠦ᠂ ᠥᠨᠳᠥᠷ ᠤᠨᠠᠯᠲᠠ ᠲᠠᠢ᠂ ᠴᠢᠨᠠᠷᠯᠢᠭ᠂ ᠣᠯᠠᠨ ᠡᠰᠡᠷᠭᠦᠴᠡᠯ ᠲᠠᠢ ᠲᠤᠰᠬᠠᠢ | ᠬᠡᠷᠡᠭᠯᠡᠭᠡᠨ ᠤ ᠰᠢᠨ᠎ᠡ ᠡᠭᠦᠯᠳᠡᠷ ᠢ ᠰᠤᠩᠭᠤᠨ ᠪᠤᠶᠢᠵᠢᠭᠤᠯᠬᠤ ᠬᠡᠷᠡᠭᠲᠡᠢ᠃ ᠲᠥᠮᠥᠰᠥᠨ ᠤ ᠳᠠᠪᠠᠭᠤᠯᠢᠭ ᠭᠤᠣᠯ | ᠭᠠᠷᠤᠯᠲᠠ ᠶᠢᠨ ᠤᠷᠤᠨ ᠳᠤ ᠰᠢᠨ᠎ᠡ ᠡᠭᠦᠯᠳᠡᠷ ᠢ ᠭᠠᠳᠠᠨ᠎ᠠ ᠠᠴᠠ ᠤᠷᠤᠭᠤᠯᠬᠤ᠂ ᠰᠢᠯᠢᠨ ᠰᠣᠩᠭᠤᠬᠤ ᠪᠠ ᠵᠢᠱᠢᠶ᠎ᠡ | ᠦᠵᠡᠭᠦᠯᠦᠨ ᠳᠡᠯᠭᠡᠷᠡᠭᠦᠯᠬᠦ ᠠᠵᠢᠯ ᠢ ᠢᠳᠡᠪᠬᠢᠲᠡᠢ ᠥᠷᠨᠢᠭᠦᠯᠵᠦ᠂ ᠲᠤᠰᠬᠠᠶ ᠮᠡᠷᠭᠡᠵᠢᠯ ᠤᠨ ᠦᠶᠯᠡᠴᠢᠯᠡᠭᠡᠨ ᠤ | ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ ᠪᠣᠬᠢᠷᠲᠤᠯ ᠥᠬᠡᠶ᠂ ᠴᠢᠨᠠᠷᠯᠢᠭ᠂ ᠥᠨᠳᠥᠷ ᠦᠷ᠎ᠡ ᠠᠰᠢᠭ ᠲᠠᠢ | ᠪᠠᠷᠢᠮᠵᠢᠶᠠᠵᠢᠭᠰᠠᠨ ᠦᠶᠯᠡᠳᠪᠦᠷᠢᠯᠡᠯ ᠤᠨ ᠮᠡᠷᠭᠡᠵᠢᠯ ᠢ ᠶᠡᠬᠡᠪᠡᠷ ᠳᠡᠯᠭᠡᠷᠡᠭᠦᠯᠦᠨ᠎ᠡ᠃ ᠬᠤᠶᠠᠷ ᠲᠤ᠂ ᠲᠥᠮᠥᠰᠥ | ᠦᠶᠯᠡᠳᠪᠦᠷᠢᠯᠡᠬᠦ ᠨᠥᠬᠦᠴᠡᠯ ᠢ ᠰᠠᠶᠢᠵᠢᠷᠠᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠪᠣᠯᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠵᠡᠷᠭᠡ ᠲᠠᠷᠢᠶᠠᠯᠠᠩ ᠤᠨ ᠰᠠᠭᠤᠷᠢ | ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠲᠥᠮᠥᠰᠥ ᠶᠢᠨ ᠳᠠᠪᠠᠭᠤᠯᠢᠭ ᠭᠤᠤᠯ | ᠭᠠᠷᠤᠯᠲᠠ ᠶᠢᠨ ᠬᠤᠰᠢᠭᠤ ᠰᠢᠶᠠᠨ ᠲᠡᠰᠢ ᠦᠷᠭᠦᠯᠵᠢᠯᠡᠨ ᠬᠡᠯᠪᠡᠶᠢᠯᠭᠡᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ | ᠪᠠᠷ ᠭᠤᠤᠯᠳᠠᠯᠭ᠎ᠠ ᠪᠣᠯᠭᠠᠨ᠂ ︽ᠲᠥᠮᠥᠰᠥ ᠭᠠᠷᠬᠤ ᠮᠥᠷᠲᠡᠭᠡᠨ ᠤᠰᠤ ᠳᠤᠲᠠᠬᠤ︾ ᠠᠰᠠᠭᠤᠳᠠᠯ ᠢ ᠰᠢᠶᠳᠪᠦᠷᠢᠯᠡᠬᠦ | ᠬᠡᠷᠡᠭᠲᠡᠶ᠃ ᠰᠦᠷᠴᠢᠨ ᠤᠰᠤᠯᠠᠬᠤ ᠲᠠᠯᠠᠪᠠᠢ ᠶᠢ ᠪᠠᠭᠠᠰᠬᠠᠨ᠂ ᠳᠤᠰᠤᠯᠭᠠᠨ ᠤᠰᠤᠯᠠᠬᠤ ᠪᠠᠷ ᠭᠤᠤᠯ ᠪᠣᠯᠭᠠᠭᠰᠠᠨ᠂ | ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ | ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠨᠡᠮᠡᠭᠳᠡᠭᠦᠯᠦᠨ᠎ᠡ᠂ ᠳᠤᠮᠳᠠ ᠪᠠᠷᠠᠭᠤᠨ ᠬᠡᠰᠡᠭ ᠤᠨ ᠲᠥᠮᠥᠰᠥ ᠶᠢᠨ | ᠤᠰᠤᠯᠠᠯᠲᠠ ᠶᠢᠨ ᠭᠠᠵᠠᠷ ᠲᠤ ᠢᠳᠡᠭ ᠢᠳᠡᠭ ᠢᠶᠠᠷ ᠲᠤᠰᠤᠯᠭᠠᠨ ᠤᠰᠤᠯᠠᠬᠤ ᠶᠢ ᠪᠦᠷᠢᠨ ᠪᠦᠷᠬᠦᠭᠦᠯᠬᠦ ᠶᠢ | ᠪᠡᠶᠡᠯᠡᠭᠦᠯᠦᠨ᠎ᠡ᠃ ᠭᠤᠣᠯ ᠭᠠᠷᠤᠯᠲᠠ ᠶᠢᠨ ᠤᠷᠤᠨ ᠤ ᠭᠦᠨ ᠬᠠᠭᠠᠯᠪᠤᠷᠢᠯᠠᠵᠤ ᠭᠦᠨ ᠰᠤᠯᠠᠷᠠᠭᠤᠯᠬᠤ᠂ ᠣᠷᠭᠠᠨᠢᠭ | ᠪᠣᠷᠳᠣᠭᠤᠷ ᠣᠷᠣᠭᠤᠯᠬᠤ ᠶᠢ ᠨᠡᠮᠡᠭᠳᠡᠭᠦᠯᠵᠦ᠂ ᠲᠠᠷᠢᠶᠠᠨ ᠭᠠᠵᠠᠷ ᠢ ᠡᠭᠡᠯᠵᠢᠯᠡᠨ ᠲᠠᠷᠢᠬᠤ᠂ ᠡᠰᠢ ᠰᠦᠷᠡᠯ ᠢ ᠲᠠᠷᠢᠶᠠᠨ | ᠳᠤ ᠨᠢ ᠪᠤᠴᠠᠭᠠᠬᠤ ᠵᠡᠷᠭᠡ ᠠᠷᠭ᠎ᠠ ᠬᠡᠮᠵᠢᠶ᠎ᠡ ᠪᠠᠷ ᠭᠠᠵᠠᠷ ᠤᠨ ᠬᠦᠴᠦ ᠶᠢ ᠨᠡᠮᠡᠭᠳᠡᠭᠦᠯᠬᠦ ᠶᠢ ᠶᠡᠬᠡᠪᠡᠷ ᠳᠡᠯᠭᠡᠷᠡᠭᠦᠯᠵᠦ᠂ | 3 ᠵᠢᠯ ᠤᠨ ᠲᠤᠲᠤᠷ᠎ᠠ ᠨᠥᠬᠦᠴᠡᠯ ᠲᠠᠢ ᠭᠠᠵᠠᠷ ᠣᠷᠣᠨ ᠳᠤ ᠲᠥᠮᠥᠰᠥ ᠶᠢ ᠡᠭᠡᠯᠵᠢᠯᠡᠨ ᠲᠠᠷᠢᠬᠤ᠂ ᠭᠦᠨ | ᠬᠠᠭᠠᠯᠪᠤᠷᠢᠯᠠᠵᠤ ᠭᠦᠨ ᠰᠤᠯᠠᠷᠠᠭᠤᠯᠬᠤ᠂ ᠣᠷᠭᠠᠨᠢᠭ ᠪᠣᠷᠳᠣᠭᠤᠷ ᠣᠷᠣᠭᠤᠯᠬᠤ ᠶᠢ ᠨᠡᠮᠡᠭᠳᠡᠭᠦᠯᠬᠦ ᠶᠢ ᠪᠦᠬᠦ ᠲᠠᠯ᠎ᠠ ᠪᠠᠷ | ᠪᠦᠷᠬᠦᠭᠦᠯᠬᠦ ᠪᠠᠷ ᠴᠢᠷᠮᠠᠶᠢᠨ᠎ᠠ᠃ ᠭᠤᠷᠪᠠ ᠳᠤ᠂ ᠲᠥᠮᠥᠰᠥ ᠲᠠᠷᠢᠬᠤ ᠪᠦᠲᠦᠴᠡ ᠶᠢ ᠰᠢᠯᠢᠳᠡᠭᠵᠢᠭᠦᠯᠦᠨ᠎ᠡ᠃ | ︽ᠬᠠᠳᠤᠭᠤᠷ ᠤᠨ ᠨᠤᠭᠤᠯᠤᠭ᠎ᠠ︾ ᠭᠠᠵᠠᠷ ᠣᠷᠣᠨ ᠤ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠲᠠᠢ | ᠤᠶᠠᠯᠳᠤᠭᠤᠯᠤᠨ᠂ ᠲᠥᠮᠥᠰᠥᠨ ᠤ ᠠᠵᠤ ᠦᠢᠯᠡᠰ ᠤᠨ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠂ | ᠦᠷ᠎ᠡ ᠶᠢᠨ ᠲᠥᠮᠥᠰᠥ ᠶᠢ ᠬᠦᠴᠦᠷᠬᠡᠭᠵᠢᠭᠦᠯᠬᠦ᠂ ᠲᠤᠰᠬᠠᠢ ᠬᠡᠷᠡᠭᠯᠡᠭᠡᠨ ᠤ ᠲᠥᠮᠥᠰᠥ ᠶᠢ ᠪᠤᠵᠠᠭᠠᠶᠢᠷᠠᠭᠤᠯᠬᠤ᠂ | ᠰᠢᠨ᠎ᠡ ᠰᠣᠷᠭᠤᠭ ᠢᠳᠡᠰᠢᠨ ᠲᠥᠮᠥᠰᠥ ᠶᠢ ᠰᠢᠯᠢᠭᠳᠡᠭᠵᠢᠭᠦᠯᠬᠦ ᠰᠡᠳᠬᠢᠴᠡ ᠪᠠᠷ᠂ ᠲᠥᠮᠥᠰᠥ ᠶᠢᠨ ᠲᠠᠷᠢᠮᠠᠯ ᠤᠨ | ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠰᠢᠨ᠎ᠡ ᠰᠣᠷᠭᠤᠭ ᠢᠳᠡᠰᠢᠨ ᠲᠥᠮᠥᠰᠥ | ᠲᠠᠷᠢᠬᠤ ᠬᠡᠪᠴᠢᠶ᠎ᠡ ᠶᠢ ᠲᠣᠭᠲᠠᠪᠤᠷᠢᠵᠢᠭᠤᠯᠵᠤ᠂ ᠰᠢᠨ᠎ᠡ ᠰᠣᠷᠭᠤᠭ ᠢᠳᠡᠰᠢᠨ ᠲᠥᠮᠥᠰᠥ ᠶᠢᠨ ᠤᠨᠠᠯᠲᠠ᠂ ᠴᠢᠨᠠᠷ ᠪᠠ | ᠲᠠᠷᠢᠮᠠᠯ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠡᠭᠦᠯᠳᠡᠷ ᠤᠨ ᠪᠦᠲᠦᠴᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠷ ᠪᠠᠭᠤᠷᠠᠶ ᠡᠭᠦᠯᠳᠡᠷ ᠢ ᠪᠠᠭᠠᠰᠬᠠᠨ᠂ | ᠳᠦᠷᠰᠦ ᠬᠡᠯᠪᠡᠷᠢ ᠨᠢ ᠰᠠᠶᠢᠬᠠᠨ᠂ ᠴᠢᠨᠠᠷᠯᠢᠭ᠂ ᠡᠰᠡᠷᠭᠦ ᠴᠢᠨᠠᠷ ᠰᠠᠶᠢᠨ ᠪᠠ ᠨᠠᠷᠢᠯᠢᠭ ᠭᠦᠨᠵᠡᠭᠡᠶ ᠡᠳ᠋ᠰᠢᠭᠦᠯᠦᠨ | ᠪᠣᠯᠪᠠᠰᠤᠷᠠᠭᠤᠯᠬᠤ ᠳᠤ ᠲᠣᠬᠢᠷᠠᠬᠤ ᠴᠢᠨᠠᠷᠯᠢᠭ ᠲᠤᠰᠬᠠᠶ ᠬᠡᠷᠡᠭᠯᠡᠭᠡᠨ ᠤ ᠡᠭᠦᠯᠳᠡᠷ ᠢ ᠶᠡᠬᠡᠪᠡᠷ ᠳᠡᠯᠭᠡᠷᠡᠭᠦᠯᠬᠦ ᠬᠡᠷᠡᠭᠲᠡᠶ᠃ | ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠭᠠᠩ ᠳᠤ ᠲᠣᠬᠢᠷᠠᠮᠵᠢᠲᠠᠢ ᠪᠣᠯ ᠭᠠᠩ ᠳᠤ᠂ ᠤᠰᠤᠨ ᠳᠤ | ᠲᠣᠬᠢᠷᠠᠮᠵᠢᠲᠠᠢ ᠪᠣᠯ ᠤᠰᠤᠨ ᠳᠤ︾ ᠭᠡᠬᠦ ᠵᠠᠷᠴᠢᠮ ᠢ ᠪᠠᠷᠢᠮᠲᠠᠯᠠᠨ᠂ ᠤᠰᠤᠯᠠᠯᠲᠠ ᠶᠢᠨ ᠲᠠᠷᠢᠶᠠᠨ ᠳᠤ ᠭᠤᠤᠯᠳᠠᠭᠤ | ᠦᠷ᠎ᠡ ᠶᠢᠨ ᠲᠥᠮᠥᠰᠥ ᠪᠠ ᠲᠤᠰᠬᠠᠢ ᠬᠡᠷᠡᠭᠯᠡᠭᠡᠨ ᠤ ᠲᠥᠮᠥᠰᠥ ᠡᠳ᠋ᠰᠢᠭᠦᠯᠦᠨ ᠪᠤᠯᠪᠠᠰᠤᠷᠠᠭᠤᠯᠬᠤ ᠶᠢ ᠬᠥᠭᠵᠢᠭᠦᠯᠵᠦ᠂ | ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠳᠤ ᠲᠦᠰᠢᠭᠯᠡᠨ ᠴᠢᠨᠠᠷᠯᠢᠭ ᠡᠳ᠋ᠰᠢᠭᠦᠯᠦᠨ ᠪᠣᠯᠪᠠᠰᠤᠷᠠᠭᠤᠯᠬᠤ | ᠲᠥᠮᠥᠰᠥ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠂ ᠭᠠᠩ ᠬᠠᠭᠤᠷᠠᠶ | ᠲᠠᠷᠢᠶᠠᠨ ᠳᠤ ᠪᠣᠬᠢᠷᠲᠤᠯ ᠥᠬᠡᠶ ᠠᠮᠢ ᠠᠬᠤᠢ ᠶᠢᠨ ᠳᠠᠪᠠᠭᠤᠯᠢᠭ ᠲᠤ ᠲᠦᠰᠢᠭᠯᠡᠨ᠂ ᠪᠣᠬᠢᠷᠲᠤᠯ ᠥᠬᠡᠶ᠂ ᠣᠷᠭᠠᠨᠢᠭ᠂ | ᠰᠢᠨ᠎ᠡ ᠰᠣᠷᠭᠤᠭ ᠢᠳᠡᠰᠢᠨ ᠲᠥᠮᠥᠰᠥ ᠶᠢ ᠬᠥᠭᠵᠢᠭᠦᠯᠵᠦ᠂ ᠭᠠᠩ ᠬᠠᠭᠤᠷᠠᠶ ᠭᠠᠵᠠᠷ ᠤᠨ ᠲᠥᠮᠥᠰᠥ ᠶᠢᠨ ᠨᠡᠷᠡᠲᠦ | ᠲᠡᠮᠳᠡᠭᠲᠦ ᠶᠢ ᠢᠳᠡᠪᠬᠢᠲᠡᠶ ᠪᠠᠷ ᠪᠦᠲᠦᠭᠡᠨ ᠪᠠᠶᠢᠭᠤᠯᠤᠨ᠎ᠠ᠃ | ᠦ᠋ ᠲᠢᠩᠬᠢᠮ ᠤᠨ ᠳᠠᠷᠤᠭ᠎ᠠ᠄ ᠳᠥᠷᠪᠡ ᠳᠤ᠂ ᠦᠷ᠎ᠡ ᠶᠢᠨ ᠲᠦᠮᠦᠰᠦ ᠶᠢᠨ ᠠᠵᠤ ᠦᠢᠯᠡᠰ ᠢ | ᠬᠦᠴᠦᠷᠬᠡᠭᠵᠢᠭᠦᠯᠦᠨ᠎ᠡ᠃ ᠲᠥᠮᠥᠰᠥᠨ ᠤ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ | ᠶᠢ ᠢᠳᠡᠪᠬᠢᠲᠡᠢ ᠨᠠᠶᠢᠳᠠᠪᠤᠷᠢᠵᠢᠭᠤᠯᠤᠨ ᠨᠡᠶᠢᠲᠡᠯᠡᠵᠦ᠂ ᠤᠯᠤᠰ ᠤᠨ ᠲᠥᠮᠥᠰᠥᠨ ᠤ ᠰᠢᠯᠢᠳᠡᠭ ᠡᠭᠦᠯᠳᠡᠷ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠦᠷ᠎ᠡ ᠶᠢᠨ ᠲᠥᠮᠥᠰᠥ ᠶᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠳᠠᠪᠠᠭᠤᠯᠢᠭ ᠦᠷ᠎ᠡ ᠶᠢᠨ ᠲᠥᠮᠥᠰᠥ ᠶᠢᠨ ᠰᠠᠭᠤᠷᠢᠨ ᠭᠠᠵᠠᠷ ᠢ ᠬᠠᠮᠠᠭᠠᠯᠠᠬᠤ ᠡᠷᠴᠢᠮ ᠢ | ᠴᠢᠩᠭᠠᠷᠠᠭᠤᠯᠤᠨ᠂ ᠦᠷ᠎ᠡ ᠶᠢᠨ ᠲᠦᠮᠦᠰᠦ ᠲᠠᠷᠢᠬᠤ ᠲᠠᠷᠢᠶᠠᠨ ᠭᠠᠵᠠᠷ ᠢ ᠭᠤᠷᠪᠠᠨ ᠵᠢᠯ ᠠᠴᠠ ᠳᠡᠭᠡᠭᠰᠢ ᠡᠭᠡᠯᠵᠢᠯᠡᠨ | ᠲᠠᠷᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠲᠥᠮᠥᠰᠥ ᠶᠢᠨ ᠴᠢᠨᠠᠷ ᠤᠨ ᠰᠤᠭᠤᠴᠢᠨ ᠪᠠᠶᠢᠴᠠᠭᠠᠬᠤ ᠪᠠ ᠬᠢᠨᠠᠨ | ᠬᠠᠮᠢᠶᠠᠷᠬᠤ ᠡᠷᠴᠢᠮ ᠢ ᠴᠢᠩᠭᠠᠳᠬᠠᠨ᠂ ᠲᠥᠮᠥᠰᠥ ᠶᠢᠨ ᠴᠢᠨᠠᠷ ᠢ ᠮᠦᠷᠳᠡᠬᠦ ᠰᠢᠰᠲ᠋ᠧᠮᠵᠢ ᠶᠢ ᠪᠦᠷᠢᠨᠰᠢᠭᠦᠯᠵᠦ᠂ | ᠦᠷ᠎ᠡ ᠶᠢᠨ ᠲᠥᠮᠥᠰᠥ ᠶᠢᠨ ᠦᠶᠯᠡᠳᠪᠦᠷᠢᠯᠡᠯ ᠢ ᠭᠡᠷᠡᠴᠢᠯᠡᠨ ᠮᠠᠭᠠᠳᠯᠠᠬᠤ ᠠᠵᠢᠯ ᠢ ᠢᠳᠡᠪᠬᠢᠲᠡᠢ ᠥᠷᠨᠢᠭᠦᠯᠦᠨ᠂ | ᠴᠢᠨᠠᠷᠯᠢᠭ ᠲᠥᠮᠥᠰᠥ ᠶᠢᠨ ᠨᠡᠷᠡᠲᠦ ᠲᠡᠮᠳᠡᠭᠲᠦ ᠶᠢ ᠪᠤᠢ ᠪᠣᠯᠭᠠᠵᠤ᠂ ᠲᠠᠸᠠᠷ ᠤᠨ ᠨᠡᠷᠡᠲᠦ ᠲᠡᠮᠳᠡᠭᠲᠦ ᠶᠢᠨ ᠦᠨ᠎ᠡ | ᠥᠷᠲᠡᠭ ᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠠᠵᠤ | ᠠᠬᠤᠶᠢᠯᠠᠯ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠣᠳᠣᠬᠢᠴᠢᠯᠠᠭᠰᠠᠨ ᠲᠥᠮᠥᠰᠥ ᠶᠢᠨ ᠠᠭᠠᠷ | ᠲᠤᠬᠢᠷᠠᠭᠤᠯᠤᠨ ᠬᠠᠳᠠᠭᠠᠯᠠᠬᠤ ᠬᠥᠮᠥᠷᠭᠡ ᠶᠢ ᠥᠭᠡᠷᠡᠴᠢᠯᠡᠨ ᠪᠦᠲᠦᠭᠡᠨ ᠪᠠᠶᠢᠭᠤᠯᠵᠤ᠂ ᠦᠷ᠎ᠡ ᠶᠢᠨ ᠲᠥᠮᠥᠰᠥ ᠶᠢ | ᠢᠯᠭᠠᠨ ᠰᠣᠩᠭᠤᠬᠤ᠂ ᠪᠣᠭᠤᠳᠠᠯᠯᠠᠬᠤ᠂ ᠬᠦᠮᠦᠷᠭᠡᠨ ᠳᠤ ᠤᠷᠤᠭᠤᠯᠵᠤ ᠭᠠᠷᠭᠠᠬᠤ ᠵᠡᠷᠭᠡ ᠲᠥᠬᠦᠭᠡᠷᠦᠮᠵᠢ ᠶᠢ ᠢᠵᠢ | ᠪᠦᠷᠢᠳᠦᠭᠦᠯᠦᠨ᠂ ᠦᠷ᠎ᠡ ᠶᠢᠨ ᠲᠥᠮᠥᠰᠥ ᠶᠢᠨ ᠬᠠᠳᠠᠭᠠᠯᠠᠬᠤ ᠶᠠᠪᠤᠴᠠ ᠳᠠᠬᠢ ᠬᠤᠷᠣᠭᠳᠠᠯ ᠶᠡᠭᠡ ᠪᠠᠶᠢᠬᠤ | ᠠᠰᠠᠭᠤᠳᠠᠯ ᠢ ᠰᠢᠶᠳᠪᠦᠷᠢᠯᠡᠵᠦ᠂ ᠲᠥᠮᠥᠰᠥ ᠶᠢᠨ ᠬᠠᠳᠠᠭᠠᠯᠠᠬᠤ ᠶᠠᠪᠤᠴᠠ ᠳᠠᠬᠢ ᠬᠤᠷᠣᠭᠳᠠᠯ ᠤᠨ ᠨᠣᠷᠮ᠎ᠠ ᠶᠢ | 10% ᠠᠴᠠ ᠳᠣᠷᠣᠭᠰᠢ ᠪᠠᠶᠢᠯᠭᠠᠬᠤ ᠪᠠᠷ ᠴᠢᠷᠮᠠᠶᠢᠨ᠎ᠠ᠃ ᠲᠠᠪᠤᠳᠤᠭᠠᠷ ᠲᠤ᠂ ᠲᠥᠮᠥᠰᠥ ᠶᠢᠨ ᠪᠠᠷᠢᠮᠵᠢᠶᠠᠵᠢᠭᠰᠠᠨ | ᠦᠶᠯᠡᠳᠪᠦᠷᠢᠯᠡᠯ ᠢ ᠲᠦᠯᠬᠢᠨ ᠠᠬᠢᠭᠤᠯᠤᠨ᠎ᠠ᠃ ᠲᠥᠮᠥᠰᠥᠨ ᠤ ᠦᠶᠯᠡᠳᠪᠦᠷᠢᠯᠡᠯ ᠤᠨ ᠲᠤᠭ᠎ᠠ ᠬᠡᠮᠵᠢᠶ᠎ᠡ ᠶᠢ ᠲᠡᠷᠢᠭᠦᠨ | ᠪᠠᠶᠢᠷᠢᠨ ᠳᠤ ᠲᠠᠯᠪᠢᠵᠤ ᠪᠠᠶᠢᠭᠰᠠᠨ ᠠᠴᠠ ᠶᠠᠰᠤ ᠴᠢᠨᠠᠷ ᠢ ᠲᠡᠷᠢᠭᠦᠨ ᠪᠠᠶᠢᠷᠢᠨ ᠳᠤ ᠲᠠᠯᠪᠢᠬᠤ ᠪᠣᠯᠭᠠᠨ | ᠬᠤᠪᠢᠷᠠᠭᠤᠯᠵᠤ᠂ ᠭᠠᠷᠤᠯᠲᠠ ᠶᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠵᠤ ᠪᠠᠶᠢᠭᠰᠠᠨ ᠠᠴᠠ ᠶᠠᠰᠤ ᠴᠢᠨᠠᠷ ᠢ | ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠬᠤ ᠪᠣᠯᠭᠠᠨ ᠬᠤᠪᠢᠷᠠᠭᠤᠯᠤᠨ᠎ᠠ᠃ ᠴᠢᠨᠠᠷᠯᠢᠭ᠂ ᠪᠣᠬᠢᠷᠲᠤᠯ ᠥᠬᠡᠶ | ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ ᠦᠶᠯᠡᠳᠪᠦᠷᠢᠯᠡᠯ ᠤᠨ ᠪᠠᠷᠢᠮᠵᠢᠶ᠎ᠠ ᠶᠢ ᠤᠯᠠᠮ ᠨᠢᠭᠡ ᠠᠯᠬᠤᠮ | ᠡᠮᠬᠢᠯᠡᠨ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠲᠡᠳᠬᠦᠨ ᠪᠣᠶᠢᠵᠢᠭᠤᠯᠵᠤ᠂ ᠠᠵᠤ ᠦᠶᠯᠡᠰ | ᠢᠶᠠᠷ ᠶᠠᠳᠠᠭᠤ ᠶᠢ ᠲᠡᠳᠬᠦᠬᠦ ᠲᠠᠢ ᠤᠶᠠᠯᠳᠤᠭᠤᠯᠤᠨ ᠵᠠᠬᠢᠶᠠᠯᠠᠭ᠎ᠠ ᠶᠢᠨ ᠲᠠᠷᠢᠮᠠᠯ ᠢ ᠶᠡᠬᠡᠪᠡᠷ ᠬᠥᠭᠵᠢᠭᠦᠯᠵᠦ᠂ | ᠴᠢᠨᠠᠷᠯᠢᠭ ᠲᠤᠰᠬᠠᠶ ᠬᠡᠷᠡᠭᠯᠡᠭᠡᠨ ᠤ ᠡᠭᠦᠯᠳᠡᠷ ᠪᠠ ᠪᠣᠬᠢᠷᠲᠤᠯ ᠥᠬᠡᠶ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ | ᠠᠰᠢᠭ ᠢ ᠨᠡᠮᠡᠭᠳᠡᠭᠦᠯᠬᠦ ᠮᠡᠷᠭᠡᠵᠢᠯ ᠢ ᠳᠡᠯᠭᠡᠷᠡᠭᠦᠯᠦᠨ᠂ ᠲᠥᠮᠥᠰᠥ ᠶᠢᠨ ᠦᠶᠯᠡᠳᠪᠦᠷᠢᠯᠡᠯ ᠤᠨ ᠪᠠᠷᠢᠮᠵᠢᠶᠠᠵᠢᠭᠰᠠᠨ | ᠭᠤᠤᠯᠳᠠᠯᠭᠠᠲᠠᠢ ᠬᠤᠰᠢᠭᠤ ᠰᠢᠶᠠᠨ ᠢᠶᠠᠷ ᠭᠤᠤᠯ ᠪᠣᠯᠭᠠᠵᠤ᠂ ᠲᠥᠮᠥᠰᠥ ᠶᠢᠨ ᠪᠣᠬᠢᠷᠲᠤᠯ ᠥᠬᠡᠶ ᠥᠨᠳᠥᠷ ᠦᠷ᠎ᠡ | ᠠᠰᠢᠭᠲᠤ ᠪᠠᠷᠢᠮᠵᠢᠶᠠᠵᠢᠭᠰᠠᠨ ᠦᠶᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠲᠥᠪᠯᠡᠷᠡᠭᠦᠯᠦᠨ | ᠪᠠᠶᠢᠭᠤᠯᠵᠤ᠂ 2022 ᠣᠨ ᠪᠣᠯᠬᠤ ᠳᠤ ᠪᠠᠷᠢᠮᠵᠢᠶᠠᠵᠢᠭᠰᠠᠨ ᠮᠡᠷᠭᠡᠵᠢᠯ ᠤᠨ ᠪᠦᠷᠬᠦᠴᠡ ᠶᠢᠨ ᠨᠣᠷᠮ᠎ᠠ ᠶᠢ 70% | ᠳᠤ ᠬᠦᠷᠭᠡᠵᠦ᠂ ᠲᠥᠮᠥᠰᠥ ᠶᠢᠨ ᠦᠢᠯᠡᠳᠪᠦᠷᠢᠯᠡᠯ ᠤᠨ ᠬᠢᠮᠢ ᠶᠢᠨ ᠪᠣᠷᠳᠣᠭᠤᠷ ᠪᠠ ᠲᠠᠷᠢᠶᠠᠨ ᠡᠮ ᠢ ᠬᠤᠶᠠᠷ ᠲᠠᠯ᠎ᠠ | ᠪᠠᠷ ᠪᠠᠭᠠᠰᠬᠠᠬᠤ᠂ ᠤᠰᠤ ᠬᠡᠷᠡᠭᠯᠡᠬᠦ ᠪᠠ ᠰᠦᠯᠢᠶᠣᠣ ᠪᠦᠷᠬᠦᠪᠴᠢ ᠶᠢ ᠬᠤᠶᠠᠷ ᠲᠠᠯ᠎ᠠ ᠪᠠᠷ ᠡᠵᠡᠮᠳᠡᠬᠦ᠂ ᠶᠠᠰᠤ ᠴᠢᠨᠠᠷ | ᠪᠠ ᠦᠷ᠎ᠡ ᠠᠰᠢᠭ ᠢ ᠬᠤᠶᠠᠷ ᠲᠠᠯ᠎ᠠ ᠪᠠᠷ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ᠵᠢᠷᠭᠤᠳᠤᠭᠠᠷ ᠲᠤ᠂ ᠲᠥᠮᠥᠰᠥ | ᠶᠢᠨ ᠠᠵᠤ ᠦᠢᠯᠡᠰᠵᠢᠭᠰᠡᠨ ᠬᠥᠭᠵᠢᠯᠲᠡ ᠶᠢ ᠠᠬᠢᠭᠤᠯᠤᠨ᠎ᠠ᠃ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠢ | ᠵᠦᠶ ᠵᠣᠬᠢᠰᠲᠠᠶ ᠪᠠᠶᠢᠷᠢᠯᠠᠭᠤᠯᠵᠤ᠂ ᠳᠤᠮᠳᠠ ᠵᠢᠵᠢᠭ ᠬᠡᠯᠪᠡᠷᠢ ᠶᠢᠨ ᠡᠳ᠋ᠰᠢᠭᠦᠯᠦᠨ ᠪᠤᠯᠪᠠᠰᠤᠷᠠᠭᠤᠯᠬᠤ ᠠᠵᠤ | ᠠᠬᠤᠶᠢᠯᠠᠯ ᠢ ᠨᠡᠶᠢᠯᠡᠭᠦᠯᠦᠨ ᠳᠠᠬᠢᠨ ᠪᠠᠶᠢᠭᠤᠯᠬᠤ ᠶᠢ ᠳᠠᠮᠵᠢᠵᠤ᠂ ᠲᠥᠮᠥᠰᠥ ᠡᠳ᠋ᠰᠢᠭᠦᠯᠦᠨ ᠪᠤᠯᠪᠠᠰᠤᠷᠠᠭᠤᠯᠬᠤ ᠠᠵᠤ | ᠦᠢᠯᠡᠰ ᠤᠨ ᠬᠦᠷᠢᠶᠡᠯᠡᠩ ᠪᠠᠶᠢᠭᠤᠯᠵᠤ᠂ ᠬᠤᠶᠠᠳᠠᠬᠢ ᠤᠳᠠᠭ᠎ᠠ ᠡᠳ᠋ᠰᠢᠭᠦᠯᠦᠨ ᠠᠰᠢᠭᠯᠠᠬᠤ ᠪᠠ ᠬᠠᠶᠠᠭᠳᠠᠮᠠᠯ ᠤᠰᠤ | ᠶᠢ ᠰᠢᠶᠳᠪᠦᠷᠢᠯᠡᠬᠦ ᠶᠢ ᠲᠥᠪᠯᠡᠷᠡᠭᠦᠯᠦᠨ ᠶᠠᠪᠤᠭᠳᠠᠭᠤᠯᠵᠤ᠂ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ᠂ | ᠵᠠᠰᠠᠭ ᠤᠨ ᠣᠷᠳᠣᠨ ᠠᠴᠠ ᠮᠦᠩᠭᠦ ᠨᠦᠬᠦᠪᠦᠷᠢᠯᠡᠭᠰᠡᠨ ᠪᠤᠵᠠᠷ ᠤᠰᠤ ᠶᠢ ᠠᠰᠢᠭᠯᠠᠬᠤ᠂ ᠵᠠᠰᠠᠬᠤ ᠵᠠᠭᠪᠤᠷ ᠢ | ᠰᠦᠪᠡᠭᠴᠢᠯᠡᠨ ᠬᠡᠷᠡᠭᠵᠢᠭᠦᠯᠦᠨ᠎ᠡ᠃ ᠭᠠᠷᠤᠯᠲᠠ ᠶᠢᠨ ᠣᠷᠣᠨ ᠤ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠤ᠂ | ᠨᠠᠷᠢᠯᠢᠭ ᠭᠦᠨᠵᠡᠭᠡᠶ ᠡᠳ᠋ᠰᠢᠭᠦᠯᠦᠨ ᠪᠤᠯᠪᠠᠰᠤᠷᠠᠭᠤᠯᠬᠤ ᠶᠢ ᠳᠠᠮᠵᠢᠨ ᠬᠥᠭᠵᠢᠭᠦᠯᠵᠦ᠂ ᠣᠯᠠᠨ ᠡᠰᠢᠵᠢᠭᠰᠡᠨ᠂ ᠤᠯᠠᠨ | ᠲᠦᠮᠡᠨᠴᠢᠯᠡᠭᠰᠡᠨ ᠭᠤᠤᠯ ᠢᠳᠡᠭᠡᠨ ᠤ ᠪᠦᠲᠦᠭᠡᠭᠳᠡᠭᠦᠨ ᠢ ᠢᠳᠡᠪᠬᠢᠲᠡᠢ ᠨᠡᠭᠡᠭᠡᠨ ᠬᠥᠭᠵᠢᠭᠦᠯᠵᠦ᠂ ᠲᠤᠬᠠᠶ ᠶᠢᠨ | ᠭᠠᠵᠠᠷ ᠲᠤᠨᠢ ᠡᠳ᠋ᠰᠢᠭᠦᠯᠦᠨ ᠪᠤᠯᠪᠠᠰᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠪᠦᠲᠦᠭᠡᠭᠳᠡᠭᠦᠨ ᠤ ᠵᠡᠷᠭᠡ ᠳᠡᠰ ᠢ | ᠳᠡᠭᠡᠭᠰᠢᠯᠡᠭᠦᠯᠵᠦ᠂ ᠪᠦᠲᠦᠭᠡᠭᠳᠡᠭᠦᠨ ᠤ ᠨᠡᠮᠡᠯᠲᠡ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠤᠤᠯᠳᠠᠭᠤ ᠡᠳ᠋ᠰᠢᠭᠦᠯᠦᠨ | ᠪᠤᠯᠪᠠᠰᠤᠷᠠᠭᠤᠯᠬᠤ ᠠᠵᠤ ᠠᠬᠤᠶᠢᠯᠠᠯ ᠬᠢᠭᠡᠳ ᠬᠡᠪᠴᠢᠶᠡᠵᠢᠭᠰᠡᠨ ᠡᠵᠡᠩᠨᠡᠯᠲᠡ ᠶᠢᠨ ᠭᠤᠤᠯ ᠴᠣᠭᠴᠠ ᠶᠢ ᠳᠠᠮᠵᠢᠵᠤ᠂ | ᠠᠵᠤ ᠠᠬᠤᠶᠢᠯᠠᠯ + ᠰᠠᠭᠤᠷᠢᠨ ᠭᠠᠵᠠᠷ + ᠬᠤᠷᠰᠢᠶᠠᠵᠢᠯ ᠭᠡᠬᠦ ᠵᠠᠭᠪᠤᠷ ᠢᠶᠠᠷ ᠳᠠᠮᠵᠢᠨ ᠵᠠᠬᠢᠶᠠᠯᠠᠭ᠎ᠠ ᠶᠢᠨ | ᠦᠶᠯᠡᠳᠪᠦᠷᠢᠯᠡᠯ ᠥᠷᠨᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠠᠰᠢᠭ ᠲᠤᠰᠠ ᠶᠢᠨ ᠬᠤᠯᠪᠣᠭᠠᠨ | ᠤ ᠲᠣᠭᠲᠠᠴᠠ ᠶᠢ ᠪᠠᠶᠢᠭᠤᠯᠤᠨ᠎ᠠ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠢᠳᠡᠪᠬᠢᠲᠡᠶ ᠪᠠᠷ | ᠬᠥᠲᠥᠯᠥᠨ ᠵᠢᠯᠣᠭᠤᠳᠴᠤ ᠪᠠᠶᠢᠭᠠᠳ ᠰᠢᠨ᠎ᠡ ᠰᠣᠷᠭᠤᠭ ᠢᠶᠠᠷ ᠬᠠᠳᠠᠭᠠᠯᠠᠬᠤ᠂ ᠦᠶᠯᠡᠳᠪᠦᠷᠢᠯᠡᠭᠰᠡᠨ ᠤ ᠳᠠᠷᠠᠭ᠎ᠠ | ᠴᠡᠪᠡᠷᠰᠢᠭᠦᠯᠬᠦ᠂ ᠳᠡᠰ ᠬᠤᠪᠢᠶᠠᠨ ᠪᠣᠭᠤᠳᠠᠯᠯᠠᠬᠤ᠂ ᠴᠡᠪᠡᠷ ᠨᠣᠭᠤᠭ᠎ᠠ ᠶᠢ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ | ᠠᠵᠤ ᠦᠢᠯᠡᠰ ᠤᠨ ᠳᠡᠰ ᠬᠤᠪᠢᠶᠠᠬᠤ ᠶᠢ ᠥᠷᠨᠢᠭᠦᠯᠵᠦ᠂ ᠦᠶᠯᠡᠳᠪᠦᠷᠢᠯᠡᠭᠰᠡᠨ ᠤ ᠳᠠᠷᠠᠭ᠎ᠠ ᠲᠠᠸᠠᠷᠵᠢᠭᠤᠯᠤᠨ | ᠰᠢᠶᠳᠪᠦᠷᠢᠯᠡᠬᠦ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠭᠤᠤᠯ ᠪᠣᠯᠬᠤ ᠬᠡᠷᠡᠭᠯᠡᠭᠡᠨ ᠤ ᠵᠠᠬ᠎ᠠ | ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠲᠥᠮᠥᠰᠥᠨ ᠤ ᠡᠯᠧᠺᠲᠷᠣᠨ ᠬᠤᠳᠠᠯᠳᠤᠭᠠᠨ ᠤ ᠶᠠᠪᠤᠳᠠᠯ | ᠪᠠ ᠣᠶᠤᠨᠴᠢ ᠪᠠᠷᠠᠭ᠎ᠠ ᠶᠢᠨ ᠭᠦᠶᠯᠭᠡᠭᠡᠨ ᠢ ᠬᠥᠭᠵᠢᠭᠦᠯᠬᠦ ᠶᠢ ᠳᠠᠮᠵᠢᠵᠤ᠂ ᠵᠠᠬᠢᠶᠠᠯᠠᠭ᠎ᠠ ᠶᠢᠨ ᠮᠠᠶ᠋ᠢᠭ ᠤᠨ | ᠦᠶᠯᠡᠳᠪᠦᠷᠢᠯᠡᠯ᠂ ᠰᠦᠯᠵᠢᠶᠡᠨ ᠬᠡᠯᠪᠡᠷᠢ ᠪᠠᠷ ᠬᠤᠳᠠᠯᠳᠤᠨ ᠠᠪᠬᠤ᠂ ᠪᠠᠷᠠᠭ᠎ᠠ ᠶᠢᠨ ᠭᠦᠶᠯᠭᠡᠭᠡᠨ ᠤ ᠮᠠᠶ᠋ᠢᠭ ᠢᠶᠠᠷ | ᠲᠤᠬᠢᠷᠠᠭᠤᠯᠤᠨ ᠬᠦᠷᠭᠡᠬᠦ ᠶᠢ ᠪᠡᠶᠡᠯᠡᠭᠦᠯᠦᠨ᠎ᠡ᠃ | ᠦ᠋ ᠲᠢᠩᠬᠢᠮ ᠤᠨ ᠳᠠᠷᠤᠭ᠎ᠠ᠄ ᠳᠤᠯᠤᠳᠤᠭᠠᠷ ᠲᠤ᠂ ᠲᠥᠮᠥᠰᠥ ᠶᠢᠨ ᠨᠡᠷᠡᠲᠦ ᠲᠡᠮᠳᠡᠭᠲᠦ ᠶᠢᠨ ᠨᠥᠯᠥᠭᠡᠯᠡᠬᠦ | ᠬᠦᠴᠦᠨ ᠢ ᠳᠡᠭᠡᠭᠰᠢᠯᠡᠭᠦᠯᠦᠨ᠎ᠡ᠃ ︽ᠮᠧᠩ ᠱᠦ︾ ᠨᠡᠷᠡᠲᠦ ᠲᠡᠮᠳᠡᠭᠲᠦ ᠶᠢ ᠡᠭᠦᠳᠦᠨ ᠪᠠᠶᠢᠭᠤᠯᠬᠤ ᠶᠢ ᠲᠡᠳᠬᠦᠨ | ᠳᠠᠮᠵᠢᠵᠤ᠂ ᠲᠠᠸᠠᠷ ᠤᠨ ᠨᠡᠷᠡᠲᠦ ᠲᠡᠮᠳᠡᠭᠲᠦ ᠶᠢ ᠤᠬᠠᠭᠤᠯᠬᠤ ᠪᠠ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠂ | ︽ᠳᠤᠮᠳᠠᠳᠤ ᠤᠯᠤᠰ ᠤᠨ ᠲᠥᠮᠥᠰᠥ ᠶᠢᠨ ᠨᠡᠶᠢᠰᠯᠡᠯ︾᠂ ︽ᠤᠯᠠᠭᠠᠨᠴᠠᠪ ᠤᠨ ᠲᠥᠮᠥᠰᠥ︾ ᠵᠡᠷᠭᠡ ᠣᠷᠣᠨ ᠪᠦᠰᠡ | ᠶᠢᠨ ᠨᠡᠶᠢᠲᠡ ᠶᠢᠨ ᠬᠡᠷᠡᠭᠯᠡᠭᠡᠨ ᠤ ᠲᠠᠸᠠᠷ ᠤᠨ ᠨᠡᠷᠡᠲᠦ ᠲᠡᠮᠳᠡᠭᠲᠦ ᠶᠢᠨ ᠨᠥᠯᠥᠭᠡᠯᠡᠬᠦ ᠬᠦᠴᠦᠨ ᠢ ᠴᠢᠷᠮᠠᠶᠢᠨ | ᠥᠷᠭᠡᠳᠬᠡᠵᠦ᠂ ᠨᠡᠷ᠎ᠡ ᠠᠯᠳᠠᠷᠰᠢᠯ ᠢ ᠳᠡᠭᠡᠭᠰᠢᠯᠡᠭᠦᠯᠦᠨ᠎ᠡ᠃ ᠦᠷ᠎ᠡ ᠶᠢᠨ ᠲᠥᠮᠥᠰᠥᠨ ᠤ ᠠᠵᠤ ᠠᠬᠤᠶᠢᠯᠠᠯ᠂ | ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ | ︽ᠦᠪᠦᠷ ᠮᠣᠩᠭᠤᠯ ᠲᠡᠮᠳᠡᠭᠲᠦ︾ ᠴᠢᠨᠠᠷᠯᠢᠭ ᠣᠨᠴᠠᠯᠢᠭᠲᠤ ᠪᠦᠲᠦᠭᠡᠭᠳᠡᠬᠦᠨ ᠤ ᠲᠠᠸᠠᠷ ᠤᠨ ᠨᠡᠷᠡᠲᠦ ᠲᠡᠮᠳᠡᠭᠲᠦ ᠶᠢ | ᠪᠣᠶᠢᠵᠢᠭᠤᠯᠬᠤ ᠶᠢ ᠢᠳᠡᠪᠬᠢᠲᠡᠢ ᠳᠠᠮᠵᠢᠵᠤ᠂ ᠲᠠᠸᠠᠷ ᠤᠨ ᠨᠡᠷᠡᠲᠦ ᠲᠡᠮᠳᠡᠭᠲᠦ ᠶᠢᠨ ᠳᠡᠯᠭᠡᠷᠡᠭᠦᠯᠦᠯᠲᠡ ᠶᠢ | ᠴᠢᠩᠭᠠᠳᠬᠠᠨ᠂ ᠲᠠᠸᠠᠷ ᠤᠨ ᠨᠡᠷᠡᠲᠦ ᠲᠡᠮᠳᠡᠭᠲᠦ ᠶᠢᠨ ᠠᠯᠳᠠᠷᠰᠢᠯ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ | ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠤᠯᠤᠰ ᠤᠨ ᠳᠣᠲᠣᠭᠠᠳᠤ ᠶᠢᠨ ᠣᠯᠠᠨ ᠣᠯᠣᠰ ᠤᠨ ᠬᠡᠪᠴᠢᠶᠡᠨ ᠤ | ᠲᠥᠮᠥᠰᠥ ᠶᠢᠨ ᠬᠤᠷᠠᠯ᠂ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠳᠠᠭᠠᠭᠠᠴᠢᠯᠠᠨ ᠡᠷᠬᠢᠯᠡᠬᠦ ᠶᠢ | ᠢᠳᠡᠪᠬᠢᠲᠡᠢ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠲᠥᠮᠥᠰᠥ ᠶᠢ ᠤᠬᠠᠭᠤᠯᠤᠨ᠂ ᠠᠯᠳᠠᠷᠰᠢᠯ ᠪᠠ ᠵᠠᠬ᠎ᠠ | ᠳᠡᠯᠭᠡᠭᠦᠷ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠳᠠᠪᠠᠭᠤᠯᠢᠭ ᠣᠷᠣᠨ ᠤ ᠪᠠᠶᠢᠷᠢ ᠰᠠᠭᠤᠷᠢ ᠶᠢ | ᠪᠠᠬᠢᠵᠢᠭᠦᠯᠦᠨ᠎ᠡ᠃ ᠨᠠᠢᠮᠠᠳᠤᠭᠠᠷ ᠲᠤ᠂ ᠲᠥᠮᠥᠰᠥ ᠶᠢᠨ ᠣᠳᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠢ | ᠪᠠᠶᠢᠭᠤᠯᠤᠨ᠎ᠠ᠃ ᠤᠯᠠᠭᠠᠨᠴᠠᠪ ᠬᠤᠲᠠ ᠵᠡᠷᠭᠡ ᠲᠥᠮᠥᠰᠥ ᠶᠢᠨ ᠳᠠᠪᠠᠭᠤᠯᠢᠭ ᠤᠷᠤᠨ ᠳᠤ᠂ ᠤᠷᠢᠳᠠᠪᠠᠷ | ᠬᠡᠷᠡᠭᠵᠢᠭᠦᠯᠵᠦ ᠤᠷᠢᠳᠠᠪᠠᠷ ᠲᠤᠷᠰᠢᠬᠤ᠂ ᠢᠳᠡᠪᠬᠢᠲᠡᠢ ᠪᠠᠷ ᠤᠯᠤᠰ ᠤᠨ ᠳᠡᠮᠵᠢᠯᠭᠡ ᠶᠢ ᠲᠡᠮᠡᠴᠡᠨ ᠣᠯᠬᠤ ᠵᠠᠷᠴᠢᠮ ᠢ | ᠪᠠᠷᠢᠮᠲᠠᠯᠠᠵᠤ᠂ ᠲᠥᠮᠥᠰᠥ ᠶᠢᠨ ᠠᠵᠤ ᠦᠢᠯᠡᠰ ᠤᠨ ᠲᠣᠭᠤᠷᠢᠨ ᠳᠤ᠂ ᠡᠭᠦᠯᠳᠡᠷ ᠰᠤᠳᠤᠯᠤᠨ ᠨᠡᠭᠡᠭᠡᠬᠦ᠂ ᠮᠡᠷᠭᠡᠵᠢᠯ | ᠬᠤᠷᠠᠭᠤᠯᠬᠤ᠂ ᠭᠤᠤᠯ ᠢᠳᠡᠭᠡᠨ ᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠦᠷ᠎ᠡ ᠶᠢᠨ ᠲᠥᠮᠥᠰᠥ ᠶᠢᠨ | ᠦᠶᠯᠡᠳᠪᠦᠷᠢᠯᠡᠯ ᠬᠠᠩᠭᠠᠯᠭ᠎ᠠ᠂ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠰᠦᠷᠦᠭᠵᠢᠯ᠂ ᠭᠦᠶᠯᠭᠡᠭᠡᠨ | ᠤ ᠠᠷᠠᠯᠵᠢᠶ᠎ᠠ᠂ ᠲᠣᠮᠣ ᠳ᠋ᠠᠶᠢᠲ᠋ᠠ ᠶᠢᠨ ᠲᠠᠪᠴᠠᠩ ᠵᠢᠴᠢ ᠲᠠᠷᠢᠶᠠᠯᠠᠬᠤ ᠰᠣᠶᠣᠯ ᠪᠠ ᠭᠤᠤᠯ ᠠᠮᠤ ᠪᠤᠳᠠᠭᠠᠴᠢᠯᠠᠬᠤ ᠪᠠᠷ | ᠵᠢᠱᠢᠶ᠎ᠡ ᠦᠵᠡᠭᠦᠯᠬᠦ ᠵᠡᠷᠭᠡ ᠶᠢ ᠨᠢᠭᠡ ᠴᠣᠭᠴᠠᠵᠢᠭᠤᠯᠤᠭᠰᠠᠨ ᠲᠥᠮᠥᠰᠥ ᠶᠢᠨ ᠣᠳᠣ ᠦᠶ᠎ᠡ ᠶᠢᠨ ᠠᠵᠤ ᠦᠢᠯᠡᠰ ᠤᠨ | ᠬᠦᠷᠢᠶᠡᠯᠡᠩ ᠢ ᠴᠣᠭᠴᠠᠯᠠᠵᠤ᠂ ᠲᠥᠮᠥᠰᠥ ᠶᠢᠨ ᠠᠵᠤ ᠦᠢᠯᠡᠰ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ | ᠶᠢ ᠨᠥᠯᠥᠭᠡᠯᠡᠨ ᠳᠠᠶᠢᠴᠢᠯᠠᠨ᠎ᠠ᠃ | ᠬᠥᠲᠥᠯᠥᠭᠴᠢ᠄ ᠦ᠋ ᠲᠢᠩᠬᠢᠮ ᠤᠨ ᠳᠠᠷᠤᠭ᠎ᠠ ᠡ᠂ ᠡᠨᠡ ᠵᠢᠯ ᠪᠢᠳᠡ ᠲᠥᠮᠥᠰᠥ ᠶᠢᠨ ᠠᠵᠤ ᠦᠢᠯᠡᠰ ᠤᠨ | ᠬᠥᠭᠵᠢᠯᠲᠡ ᠶᠢᠨ ᠲᠠᠯ᠎ᠠ ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ ᠪᠣᠶ︖ | ᠦ᠋ ᠲᠢᠩᠬᠢᠮ ᠤᠨ ᠳᠠᠷᠤᠭ᠎ᠠ᠄ ᠪᠢᠳᠡᠨ ᠤ ᠪᠣᠳᠠᠲᠠᠶ ᠠᠷᠭ᠎ᠠ ᠬᠡᠮᠵᠢᠶ᠎ᠡ ᠭᠡᠪᠡᠯ᠄ ᠨᠢᠭᠡᠳᠦᠭᠡᠷ ᠲᠤ᠂ ᠮᠠᠨ ᠤ | ᠣᠷᠣᠨ ᠤ ᠲᠥᠮᠥᠰᠥ ᠶᠢᠨ ᠲᠤᠬᠠᠢ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠠᠢ᠃ 3 | ᠰᠠᠷ᠎ᠠ ᠶᠢᠨ 18 ᠤ ᠡᠳᠦᠷ ᠤᠯᠠᠭᠠᠨᠴᠠᠪ ᠬᠤᠲᠠ ᠳᠤ ︽ᠶᠠᠰᠤ ᠴᠢᠨᠠᠷ ᠢᠶᠠᠷ ᠲᠥᠮᠥᠰᠥ ᠶᠢ ᠬᠥᠭᠵᠢᠭᠦᠯᠬᠦ᠂ | ᠬᠡᠪᠴᠢᠶᠡᠵᠢᠭᠦᠯᠬᠦ ᠪᠠᠷ ᠲᠥᠮᠥᠰᠥ ᠶᠢ ᠥᠷᠭᠡᠳᠬᠡᠬᠦ᠂ ᠲᠠᠸᠠᠷ ᠤᠨ ᠨᠡᠷᠡᠲᠦ ᠲᠡᠮᠳᠡᠭ ᠢᠶᠠᠷ ᠲᠥᠮᠥᠰᠥ ᠶᠢ | ᠬᠦᠴᠦᠷᠬᠡᠭᠵᠢᠭᠦᠯᠬᠦ︾ ᠪᠠᠷ ᠭᠤᠤᠯ ᠰᠡᠳᠦᠪ ᠪᠣᠯᠭᠠᠭᠰᠠᠨ ︽ᠳᠤᠮᠳᠠᠳᠤ ᠤᠯᠤᠰ ᠤᠨ ᠲᠥᠮᠥᠰᠥ ᠶᠢᠨ ᠨᠡᠶᠢᠰᠯᠡᠯ︾ | ᠭᠡᠬᠦ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠢ ᠡᠷᠬᠢᠯᠡᠨ ᠬᠤᠷᠠᠯᠳᠤᠭᠤᠯᠵᠠᠢ᠂ | ᠲᠥᠮᠥᠰᠥ ᠶᠢᠨ ᠠᠵᠤ ᠦᠢᠯᠡᠰ ᠤᠨ ᠲᠤᠰᠬᠠᠶ ᠮᠡᠷᠭᠡᠵᠢᠯᠲᠡᠨ᠂ ᠡᠷᠳᠡᠮᠲᠡᠨ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ | ᠭᠤᠤᠯ ᠴᠣᠭᠴᠠ᠂ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ᠂ ᠬᠤᠳᠠᠯᠳᠤᠨ ᠠᠪᠤᠭᠴᠢ᠂ ᠲᠠᠷᠢᠶᠠᠯᠠᠩ ᠤᠨ | ᠡᠳ᠋ ᠪᠠᠷᠠᠭ᠎ᠠ ᠶᠢᠨ ᠠᠵᠤ ᠠᠬᠤᠶᠢᠯᠠᠯ᠂ ᠭᠦᠶᠯᠭᠡᠭᠡᠨ ᠤ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ᠂ ᠮᠥᠩᠭᠦᠨ | ᠭᠦᠶᠯᠭᠡᠭᠡ ᠳᠠᠭᠠᠳᠬᠠᠯ ᠤᠨ ᠪᠠᠶᠢᠭᠤᠯᠤᠮᠵᠢ᠂ ᠵᠠᠭᠤᠴᠢᠯᠠᠭᠤᠷ ᠵᠡᠷᠭᠡ 1000 ᠢᠯᠡᠭᠦᠦ ᠬᠥᠮᠦᠨ᠂ ᠲᠥᠮᠥᠰᠥ ᠶᠢᠨ | ᠠᠵᠤ ᠦᠢᠯᠡᠰ ᠤᠨ ᠲᠣᠭᠤᠷᠢᠨ ᠳᠤ ᠲᠤᠰᠬᠠᠶ ᠰᠡᠳᠦᠪᠲᠦ ᠶᠠᠷᠢᠯᠴᠠᠭ᠎ᠠ ᠬᠢᠵᠦ᠂ ᠥᠷᠭᠡᠨ ᠳᠡᠯᠭᠡᠷ ᠡᠷᠳᠡᠮ | ᠰᠢᠨᠵᠢᠯᠡᠭᠡᠨ ᠤ ᠰᠣᠯᠢᠯᠴᠠᠭ᠎ᠠ ᠥᠷᠨᠢᠭᠦᠯᠪᠡ᠃ ᠣᠳᠣ ᠶᠠᠭ ᠨᠠᠮᠤᠷ ᠤᠨ ᠤᠯᠠᠷᠢᠯ ᠤᠨ ᠲᠥᠮᠥᠰᠥᠨ ᠤ ᠪᠣᠬᠢᠷᠲᠤᠯ | ᠥᠬᠡᠶ ᠬᠥᠭᠵᠢᠯᠲᠡ ᠶᠢᠨ ᠶᠡᠭᠡ ᠬᠤᠷᠠᠯ ᠢ ᠢᠳᠡᠪᠬᠢᠲᠡᠢ ᠪᠡᠯᠡᠳᠬᠡᠵᠦ ᠪᠣᠶ᠂ ᠵᠢᠱᠢᠯᠲᠡ ᠪᠠᠷ 9 ᠰᠠᠷ᠎ᠠ ᠶᠢᠨ ᠡᠬᠢ ᠪᠠᠷ | ᠬᠤᠷᠠᠯᠳᠤᠨ᠎ᠠ᠃ ᠡᠭᠦᠨ ᠤ ᠬᠠᠮᠲᠤ᠂ ᠤᠯᠠᠭᠠᠨᠴᠠᠪ ᠬᠤᠲᠠ ᠪᠠᠰᠠ 2020 ᠣᠨ ᠤ ᠪᠦᠬᠦ ᠤᠯᠤᠰ ᠤᠨ ᠲᠥᠮᠥᠰᠥ | ᠶᠢᠨ ᠭᠤᠤᠯ ᠢᠳᠡᠭᠡᠨ ᠤ ᠠᠵᠤ ᠦᠢᠯᠡᠰ ᠤᠨ ᠬᠤᠯᠪᠣᠭ᠎ᠠ ᠶᠢᠨ ᠵᠢᠷᠭᠤᠳᠤᠭᠠᠷ ᠬᠤᠭᠤᠴᠠᠭᠠᠨ ᠤ ᠬᠤᠷᠠᠯ ᠢ ᠡᠷᠬᠢᠯᠡᠬᠦ | ᠡᠷᠬᠡ ᠶᠢ ᠣᠯᠪᠠ᠃ ᠡᠳᠡᠭᠡᠷ ᠠᠵᠢᠯᠯᠠᠭ᠎ᠠ ᠪᠠᠷ ᠳᠠᠮᠵᠢᠨ᠂ ᠤᠯᠠᠭᠠᠨᠴᠠᠪ ᠬᠤᠲᠠ ᠶᠢᠨ ︽ᠳᠤᠮᠳᠠᠳᠤ ᠤᠯᠤᠰ ᠤᠨ | ᠲᠥᠮᠥᠰᠥ ᠶᠢᠨ ᠨᠡᠶᠢᠰᠯᠡᠯ︾ ᠢ ᠤᠬᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠠᠢ᠂ ᠡᠨᠡ ᠨᠢ | ᠪᠠᠰᠠ ᠥᠪᠥᠷ ᠮᠣᠩᠭᠤᠯ ᠤᠨ ᠲᠥᠮᠥᠰᠥ ᠶᠢᠨ ᠠᠵᠤ ᠦᠢᠯᠡᠰ ᠢ ᠤᠬᠠᠭᠤᠯᠵᠤ ᠪᠠᠶᠢᠭ᠎ᠠ ᠶᠠᠪᠤᠳᠠᠯ ᠪᠤᠯᠣᠨ᠎ᠠ᠃ | ᠬᠤᠶᠠᠳᠤᠭᠠᠷ ᠲᠤ᠂ ᠦᠷ᠎ᠡ ᠶᠢᠨ ᠲᠥᠮᠥᠰᠥ ᠶᠢ ᠦᠷᠡᠵᠢᠭᠦᠯᠦᠨ ᠪᠣᠶᠢᠵᠢᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠠᠢ᠃ ᠪᠢᠳᠡ ᠤ ᠴᠢᠷᠮᠠᠶᠢᠯᠠᠭ᠎ᠠ ᠪᠠᠷ ᠳᠠᠮᠵᠢᠨ᠂ ᠤᠯᠤᠰ ᠠᠴᠠ ᠳᠥᠷᠪᠡᠳ ᠬᠤᠰᠢᠭᠤ᠂ ᠴᠠᠬᠠᠷ ᠪᠠᠷᠠᠭᠤᠨ | ᠭᠠᠷᠤᠨ ᠡᠮᠦᠨᠡᠲᠦ ᠬᠤᠰᠢᠭᠤ ᠪᠣᠯᠤᠨ ᠶᠠᠭᠰᠢ ᠬᠤᠲᠠ ᠶᠢ ᠤᠯᠤᠰ ᠤᠨ ᠲᠥᠮᠥᠰᠥ ᠲᠠᠷᠢᠬᠤ ᠲᠣᠮᠣ ᠰᠢᠶᠠᠨ ᠢᠶᠠᠷ | ᠲᠤᠭᠲᠠᠭᠠᠵᠠᠢ᠂ 2019 ᠣᠨ ᠠᠴᠠ ᠡᠬᠢᠯᠡᠨ ᠭᠤᠷᠪᠠᠨ ᠵᠢᠯ ᠳᠠᠷᠠᠭᠠᠯᠠᠨ ᠲᠥᠪ ᠤᠨ ᠡᠳ᠋ ᠤᠨ ᠵᠠᠰᠠᠭ ᠠᠴᠠ ᠰᠢᠶᠠᠨ | ᠪᠦᠷᠢ ᠳᠤ ᠵᠢᠯ ᠤᠨ 2000 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠲᠥᠮᠥᠰᠥ ᠶᠢᠨ ᠰᠢᠯᠢᠳᠡᠭ | ᠡᠭᠦᠯᠳᠡᠷ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠠᠮᠵᠢᠨ᠎ᠠ᠃ ᠲᠠᠷᠢᠶᠠᠯᠠᠩ ᠬᠥᠳᠡᠭᠡ ᠠᠵᠤ | ᠠᠬᠤᠢ ᠶᠢᠨ ᠶᠠᠮᠤᠨ ᠨᠢ ᠦᠷ᠎ᠡ ᠶᠢᠨ ᠲᠦᠮᠦᠰᠦ ᠦᠶᠯᠡᠳᠬᠦ ᠲᠣᠮᠣ ᠰᠢᠶᠠᠨ ᠨᠢᠭᠡᠪᠦᠷᠢ ᠳᠤ ᠴᠢᠭᠯᠡᠭᠦᠯᠦᠨ ᠲᠤᠰᠬᠠᠶ | ᠮᠡᠷᠭᠡᠵᠢᠯᠲᠡᠨ ᠤ ᠵᠢᠯᠣᠭᠤᠳᠬᠤ ᠳᠤᠭᠤᠶᠢᠯᠠᠩ ᠪᠠᠶᠢᠭᠤᠯᠵᠤ᠂ ᠦᠷ᠎ᠡ ᠶᠢᠨ ᠲᠦᠮᠦᠰᠦ ᠦᠶᠯᠡᠳᠬᠦ ᠲᠣᠮᠣ ᠰᠢᠶᠠᠨ ᠤ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠲᠤᠰᠬᠠᠶ ᠮᠡᠷᠭᠡᠵᠢᠯᠲᠡᠨ ᠤ | ᠳᠤᠭᠤᠶᠢᠯᠠᠩ ᠤᠨ ᠬᠠᠮᠲᠤ ᠶᠢᠨ ᠵᠢᠯᠣᠭᠤᠳᠤᠯᠭ᠎ᠠ ᠳᠣᠤᠷ᠎ᠠ᠂ 3 ᠦᠷ᠎ᠡ ᠶᠢᠨ ᠲᠦᠮᠦᠰᠦ ᠦᠶᠯᠡᠳᠬᠦ ᠲᠣᠮᠣ ᠰᠢᠶᠠᠨ | ᠲᠤᠰ ᠲᠤᠰ ᠬᠡᠷᠡᠭᠵᠢᠭᠦᠯᠬᠦ ᠲᠥᠰᠦᠯ ᠢᠶᠠᠨ ᠨᠠᠶᠢᠷᠠᠭᠤᠯᠤᠨ᠂ 7 ᠰᠠᠷ᠎ᠠ ᠶᠢᠨ ᠳᠤᠮᠳᠠᠴᠢ 8 ᠰᠠᠷ᠎ᠠ ᠶᠢᠨ ᠡᠬᠢ ᠪᠠᠷ | ᠲᠠᠷᠢᠶᠠᠯᠠᠩ ᠬᠥᠳᠡᠭᠡ ᠠᠵᠤ ᠠᠬᠤᠢ ᠶᠢᠨ ᠶᠠᠮᠤᠨ ᠨᠢ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠤᠶᠠᠷ | ᠡᠭᠡᠯᠵᠢ ᠶᠢᠨ ᠬᠢᠨᠠᠨ ᠲᠣᠭᠲᠠᠭᠠᠯᠲᠠ ᠬᠢᠵᠦ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠬᠡᠷᠡᠭᠵᠢᠭᠦᠯᠬᠦ ᠲᠥᠰᠦᠯ ᠢ | 8 ᠰᠠᠷ᠎ᠠ ᠶᠢᠨ 22 ᠤᠨ ᠡᠳᠦᠷ ᠲᠠᠷᠢᠶᠠᠯᠠᠩ ᠬᠥᠳᠡᠭᠡ ᠠᠵᠤ ᠠᠬᠤᠢ ᠶᠢᠨ ᠶᠠᠮᠤᠨ ᠳᠤ ᠳᠠᠬᠢᠨ ᠮᠡᠳᠡᠭᠦᠯᠵᠦ ᠬᠢᠨᠠᠨ | ᠲᠣᠭᠲᠠᠭᠠᠯᠭᠠᠪᠠ᠃ ᠤᠶᠢᠷ᠎ᠠ ᠳᠤ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠᠰᠠ ︽2019 | ᠣᠨ ᠤ ᠤᠯᠠᠭᠠᠨᠴᠠᠪ ᠬᠤᠲᠠ ᠶᠢᠨ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢ ᠬᠡᠷᠡᠭᠵᠢᠭᠦᠯᠬᠦ ᠲᠥᠰᠦᠯ︾ | ︵ᠤᠯᠠᠭᠠᠨᠴᠠᠪ ᠵᠠᠰᠠᠭ ᠲᠠᠷᠬᠠᠭᠠᠭᠰᠠᠨ ﹇2019﹈ 60 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ 7. | 5 ᠲᠦᠮᠡᠨ ᠲᠡᠭᠰᠢ ᠳᠥᠷᠪᠡᠯᠵᠢᠨ ᠮᠧᠲᠷ ᠨᠠᠭᠡᠳᠡᠰᠦ ᠪᠣᠶᠢᠵᠢᠭᠤᠯᠬᠤ ᠲᠠᠰᠤᠭ᠂ 0.75 ᠲᠦᠮᠡᠨ ᠮᠦ ᠳᠤᠯᠠᠭᠠᠨ | ᠲᠤᠤᠷᠲᠤ ᠲᠠᠰᠤᠭ᠂ 23 ᠲᠦᠮᠡᠨ ᠲᠣᠨ ᠥᠨᠳᠥᠷ ᠪᠠᠷᠢᠮᠵᠢᠶᠠᠲᠤ ᠬᠥᠮᠥᠷᠭᠡᠯᠡᠨ ᠬᠠᠳᠠᠭᠠᠯᠠᠬᠤ ᠲᠥᠬᠦᠭᠡᠷᠦᠮᠵᠢ ᠶᠢ | ᠰᠢᠨ᠎ᠡ ᠪᠠᠷ ᠪᠠᠶᠢᠭᠤᠯᠬᠤ ᠶᠢ ᠳᠠᠮᠵᠢᠵᠤ᠂ ᠵᠢᠯ ᠳᠤ 10 ᠳ᠋ᠦᠩᠰᠢᠭᠤᠷ ᠰᠠᠭᠤᠷᠢ ᠬᠤᠤᠷ ᠦᠭᠡᠶᠢᠳᠡᠭᠦᠯᠦᠭᠰᠡᠨ ᠨᠢᠯᠬ᠎ᠠ | ᠴᠢᠬᠢ᠂ 20 ᠳ᠋ᠦᠩᠰᠢᠭᠤᠷ ᠮᠥᠬᠦᠯᠢᠭ ᠤᠤᠯ ᠦᠷ᠎ᠡ ︵ᠪᠠᠭ᠎ᠠ ᠬᠡᠯᠪᠡᠷᠢ ᠶᠢᠨ ᠲᠥᠮᠥᠰᠥ︶᠂ 5 ᠳ᠋ᠦᠩᠰᠢᠭᠤᠷ | ᠮᠥᠬᠦᠯᠢᠭ ᠪᠠᠭ᠎ᠠ ᠬᠡᠯᠪᠡᠷᠢ ᠶᠢᠨ ᠲᠥᠮᠥᠰᠥ᠂ 253 ᠲᠦᠮᠡᠨ ᠳᠣᠨ ᠢ ᠬᠥᠮᠥᠷᠭᠡᠯᠡᠨ ᠬᠠᠳᠠᠭᠠᠯᠠᠬᠤ ᠴᠢᠳᠠᠪᠤᠷᠢ ᠶᠢ | ᠪᠦᠷᠢᠯᠳᠦᠭᠦᠯᠦᠭᠰᠡᠨ᠂ ᠰᠢᠯᠢᠳᠡᠭ ᠡᠭᠦᠯᠳᠡᠷ ᠢ ᠦᠷᠡᠵᠢᠭᠦᠯᠬᠦ ᠰᠢᠰᠲ᠋ᠧᠮ ᠪᠣᠯᠤᠨ ᠦᠶᠯᠡᠳᠪᠦᠷᠢᠯᠡᠯ ᠤᠨ ᠰᠠᠭᠤᠷᠢᠨ | ᠭᠠᠵᠠᠷ ᠢ ᠪᠦᠲᠦᠭᠡᠨ ᠪᠠᠶᠢᠭᠤᠯᠬᠤ ᠶᠢ ᠴᠢᠩᠭᠠᠳᠬᠠᠪᠠ᠃ | ᠦ᠋ ᠲᠢᠩᠬᠢᠮ ᠤᠨ ᠳᠠᠷᠤᠭ᠎ᠠ᠄ ᠭᠤᠷᠪᠠᠳᠤᠭᠠᠷ ᠲᠤ᠂ ᠲᠥᠮᠥᠰᠥ ᠶᠢᠨ ᠠᠵᠤ ᠦᠢᠯᠡᠰ ᠢ ᠬᠦᠭᠵᠢᠭᠦᠯᠬᠦ ᠲᠥᠷᠥ | ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠠᠢ᠃ ᠡᠨᠡ ᠵᠢᠯ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠤᠨ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠬᠠᠮᠲᠤᠷᠠᠨ ︽︿ᠬᠠᠳᠤᠭᠤᠷ ᠤᠨ ᠨᠤᠭᠤᠯᠤᠭ᠎ᠠ﹀ | ᠶᠢᠨ ᠭᠠᠵᠠᠷ ᠣᠷᠣᠨ ᠳᠤ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠲᠥᠮᠥᠰᠥ ᠶᠢ ᠳᠡᠮᠵᠢᠬᠦ | ᠬᠤᠯᠪᠣᠭᠳᠠᠯ ᠪᠦᠬᠦᠢ ᠵᠦᠶᠯᠡᠰ ᠤᠨ ᠲᠤᠬᠠᠶ ᠮᠡᠳᠡᠭᠳᠡᠯ︾ ︵ᠥᠪᠥᠷ ᠡᠳ᠋ ᠠᠷᠠᠯᠵᠢᠶ᠎ᠠ ﹇2019﹈ 1007 ᠳ᠋ᠤᠭᠠᠷ | ᠲᠣᠭᠠᠲᠤ︶ ᠢ ᠳᠠᠷᠤᠮᠠᠯᠯᠠᠨ ᠲᠠᠷᠬᠠᠭᠠᠪᠠ᠂ ᠬᠥᠬᠡᠬᠤᠲᠠ᠂ ᠪᠤᠭᠤᠲᠤ ᠬᠤᠲᠠ᠂ ᠬᠥᠯᠥᠨ ᠪᠣᠶᠢᠷ ᠬᠤᠲᠠ᠂ | ᠬᠢᠩᠭᠠᠨ ᠠᠶᠢᠮᠠᠭ᠂ ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ᠂ ᠣᠷᠳᠣᠰ | ᠬᠤᠲᠠ ᠵᠡᠷᠭᠡ 8 ᠲᠥᠮᠥᠰᠥ ᠶᠢᠨ ᠭᠤᠤᠯ ᠭᠠᠷᠤᠯᠲᠠ ᠶᠢᠨ ᠠᠶᠢᠮᠠᠭ ᠬᠤᠲᠠ ᠳᠤ ᠡᠷᠳᠡᠨᠢ ᠰᠢᠰᠢ ᠦᠶᠯᠡᠳᠪᠦᠷᠢᠯᠡᠭᠴᠢ | ᠶᠢᠨ ᠨᠥᠬᠦᠪᠥᠷᠢ ᠶᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠲᠥᠮᠥᠰᠥ ᠶᠢ ᠬᠥᠭᠵᠢᠭᠦᠯᠬᠦ ᠳᠤ ᠲᠥᠷᠥ ᠶᠢᠨ | ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ᠃ ᠤᠯᠠᠭᠠᠨᠴᠠᠪ ᠬᠤᠲᠠ ᠥᠪᠥᠷ ᠮᠣᠩᠭᠤᠯ ᠤᠨ ᠲᠥᠮᠥᠰᠥ ᠶᠢᠨ ᠭᠤᠣᠯ | ᠭᠠᠷᠤᠯᠲᠠ ᠶᠢᠨ ᠤᠷᠤᠨ ᠪᠣᠯᠤᠭᠰᠠᠨ ᠤ ᠬᠤᠪᠢ ᠳᠤ᠂ ︽ᠲᠥᠮᠥᠰᠥ ᠶᠢᠨ ᠬᠤᠤᠷ ᠦᠭᠡᠶᠢᠳᠡᠭᠦᠯᠦᠭᠰᠡᠨ ᠦᠷ᠎ᠡ ᠶᠢᠨ | ᠲᠥᠮᠥᠰᠥ ᠶᠢᠨ ᠨᠥᠬᠦᠪᠥᠷᠢ ᠶᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠨ ᠨᠡᠶᠢᠲᠡᠯᠡᠵᠦ᠂ ᠤᠭ | ᠦᠷ᠎ᠡ ᠶᠢ ᠲᠠᠷᠢᠪᠠᠯ᠂ ᠮᠦ ᠪᠦᠷᠢ ᠳᠤ 200 ᠲᠥᠭᠦᠷᠢᠭ ᠤᠨ ᠨᠥᠬᠦᠪᠥᠷᠢ ᠥᠭᠴᠦ᠂ ᠠᠩᠬᠠᠨ ᠤ ᠦᠷ᠎ᠡ ᠶᠢ 50 ᠮᠦ | ᠠᠴᠠ ᠳᠡᠭᠡᠭᠰᠢ ᠲᠠᠷᠢᠭᠰᠠᠨ ᠡᠷᠦᠬᠡ ᠳᠤ ᠺᠢᠯᠣᠭ᠍ᠷᠠᠮ ᠪᠦᠷᠢ ᠳᠤ 1 ᠲᠥᠭᠦᠷᠢᠭ ᠤᠨ ᠨᠥᠬᠦᠪᠥᠷᠢ ᠥᠭᠴᠦ᠂ 50 ᠮᠦ | ᠠᠴᠠ ᠲᠤᠷᠤᠭᠰᠢ ᠲᠠᠷᠢᠭᠰᠠᠨ ᠡᠷᠦᠬᠡ ᠳᠤ ᠺᠢᠯᠣᠭ᠍ᠷᠠᠮ ᠪᠦᠷᠢ ᠳᠤ 0.5 ᠲᠥᠭᠦᠷᠢᠭ ᠤᠨ ᠨᠥᠬᠦᠪᠥᠷᠢ ᠦᠭᠭᠦᠨ᠎ᠡ᠂ | ᠡᠭᠦᠨ ᠤ ᠬᠠᠮᠲᠤ ᠪᠣᠬᠢᠷᠲᠤᠯ ᠥᠬᠡᠶ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠠᠮᠡᠭᠳᠠᠭᠦᠯᠦᠨ ᠲᠠᠷᠢᠬᠤ | ᠮᠡᠷᠭᠡᠵᠢᠯ ᠢ ᠢᠵᠢ ᠪᠦᠷᠢᠳᠦᠭᠦᠯᠬᠦ ᠶᠢ ᠳᠡᠯᠭᠡᠷᠡᠭᠦᠯᠵᠦ᠂ ᠶᠠᠰᠤ ᠴᠢᠨᠠᠷ ᠲᠤ ᠲᠦᠰᠢᠭᠯᠡᠨ ᠣᠷᠣᠨ ᠪᠦᠰᠡ ᠶᠢᠨ ᠨᠡᠶᠢᠲᠡ | ᠶᠢᠨ ᠬᠡᠷᠡᠭᠯᠡᠭᠡᠨ ᠤ ᠲᠠᠸᠠᠷ ᠤᠨ ᠨᠡᠷᠡᠲᠦ ᠲᠡᠮᠳᠡᠭᠲᠦ ᠶᠢ ᠪᠣᠶ ᠪᠣᠯᠭᠠᠵᠤ᠂ ᠲᠥᠮᠥᠰᠥ ᠶᠢᠨ ᠠᠵᠤ ᠦᠢᠯᠡᠰ ᠤᠨ | ᠲᠦᠷᠭᠡᠨ ᠬᠥᠭᠵᠢᠯᠲᠡ ᠶᠢ ᠠᠬᠢᠭᠤᠯᠤᠨ᠎ᠠ᠃ ᠳᠦᠷᠪᠡᠳᠦᠭᠡᠷ ᠲᠤ᠂ ᠲᠥᠷᠥᠯ ᠵᠦᠶᠯ ᠢᠶᠠᠷ ᠬᠥᠲᠥᠯᠥᠨ ᠵᠢᠯᠣᠭᠤᠳᠬᠤ | ᠶᠢ ᠴᠢᠩᠭᠠᠷᠠᠭᠤᠯᠤᠨ᠎ᠠ᠃ ᠲᠥᠮᠥᠰᠥ ᠶᠢ ᠡᠭᠡᠯᠵᠢᠯᠡᠨ ᠲᠠᠷᠢᠬᠤ ᠳᠦᠷᠢᠮ ᠤᠨ ᠲᠤᠷᠰᠢᠯᠲᠠ ᠶᠢᠨ ᠴᠢᠭ ᠤᠨ ᠲᠠᠯᠠᠪᠠᠢ | ᠶᠢ ᠰᠢᠨ᠎ᠡ ᠪᠠᠷ 30 ᠲᠦᠮᠡᠨ ᠮᠦ ᠨᠡᠮᠡᠭᠳᠡᠭᠦᠯᠵᠦ᠂ 125 ᠲᠦᠮᠡᠨ ᠮᠦ ᠳᠤ ᠬᠦᠷᠭᠡᠵᠦ᠂ 1.875 ᠳ᠋ᠦᠩᠰᠢᠭᠤᠷ | ᠲᠥᠭᠦᠷᠢᠭ ᠤᠨ ᠨᠥᠬᠦᠪᠥᠷᠢ ᠮᠥᠩᠭᠦ ᠶᠢ ᠰᠢᠨ᠎ᠡ ᠪᠠᠷ ᠨᠡᠮᠡᠭᠳᠡᠭᠦᠯᠦᠨ᠂ ᠲᠥᠮᠥᠰᠥ ᠶᠢ ᠵᠢᠯ ᠳᠠᠷᠠᠭᠠᠯᠠᠨ ᠲᠠᠷᠢᠬᠤ | ᠬᠠᠷᠰᠢ ᠰᠠᠭᠠᠳ ᠢ ᠭᠤᠣᠯᠳᠠᠯᠭᠠᠲᠠᠢ ᠰᠢᠶᠳᠪᠦᠷᠢᠯᠡᠨ᠎ᠡ᠃ ᠰᠦᠯᠢᠶᠣᠣ ᠪᠦᠷᠬᠦᠪᠴᠢ ᠶᠢᠨ ᠬᠡᠮᠵᠢᠶ᠎ᠡ ᠶᠢ ᠪᠠᠭᠠᠰᠬᠠᠬᠤ ᠪᠠ | ᠤᠰᠤ ᠠᠷᠪᠢᠯᠠᠬᠤ ᠲᠠᠷᠢᠶᠠᠯᠠᠩ ᠤᠨ ᠲᠤᠰᠬᠠᠢ ᠲᠥᠷᠥᠯ ᠤᠨ ᠪᠡᠯᠡ ᠮᠥᠩᠭᠦ 2000 ᠲᠦᠮᠡᠨ ᠲᠥᠭᠦᠷᠢᠭ ᠶᠢ | ᠠᠰᠢᠭᠯᠠᠨ ᠲᠥᠮᠥᠰᠥ ᠶᠢ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠵᠢᠱᠢᠶ᠎ᠡ | ᠦᠵᠡᠭᠦᠯᠬᠦ ᠲᠠᠯᠠᠪᠠᠢ ᠶᠢ 2 ᠲᠦᠮᠡᠨ ᠮᠦ ᠬᠡᠷᠡᠭᠵᠢᠭᠦᠯᠵᠦ᠂ ᠠᠵᠤ ᠦᠢᠯᠡᠰ ᠤᠨ ᠪᠣᠬᠢᠷᠲᠤᠯ ᠦᠭᠡᠢ ᠴᠢᠨᠠᠷᠯᠢᠭ | ᠥᠨᠳᠥᠷ ᠦᠷ᠎ᠡ ᠪᠦᠲᠦᠮᠵᠢᠲᠡᠢ ᠬᠥᠭᠵᠢᠯᠲᠡ ᠶᠢ ᠳᠠᠶᠢᠴᠢᠯᠠᠨ᠎ᠠ᠃ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ | ᠭᠠᠷᠤᠯᠲᠠ ᠶᠢᠨ ᠣᠷᠣᠨ ᠤ ᠠᠩᠬ᠎ᠠ ᠪᠣᠯᠪᠠᠰᠤᠷᠠᠭᠤᠯᠤᠯᠲᠠ ᠶᠢᠨ ᠨᠥᠬᠦᠪᠥᠷᠢ ᠶᠢᠨ ᠲᠦᠷᠦᠯ ᠵᠦᠢᠯ ᠤᠨ 346 | ᠲᠦᠮᠡᠨ ᠲᠥᠭᠦᠷᠢᠭ ᠢ ᠠᠰᠢᠭᠯᠠᠨ ᠲᠥᠮᠥᠰᠥ ᠬᠠᠳᠠᠭᠠᠯᠠᠬᠤ ᠵᠣᠭᠤᠷᠢ ᠶᠢ ᠪᠦᠲᠦᠭᠡᠨ ᠪᠠᠶᠢᠭᠤᠯᠬᠤ ᠳᠤ ᠬᠡᠷᠡᠭᠯᠡᠨ᠎ᠡ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠠᠴᠠ ᠥᠪᠥᠷ ᠮᠣᠩᠭᠤᠯ ᠤᠨ ᠵᠥᠩ ᠵᠢᠶᠠ ᠲᠠᠷᠢᠶᠠᠯᠠᠩ ᠤᠨ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ | ᠤᠨ ᠬᠢᠵᠠᠭᠠᠷᠲᠤ ᠺᠣᠮᠫᠠᠨᠢ ᠶᠢ ᠵᠢᠷᠭᠤᠳᠤᠭᠠᠷ ᠤᠳᠠᠭᠠᠨ ᠤ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ | ᠭᠤᠣᠯᠳᠠᠯᠭᠠᠲᠠᠢ ᠬᠦᠲᠦᠴᠢ ᠠᠵᠤ ᠠᠬᠤᠶᠢᠯᠠᠯ ᠢᠶᠠᠷ ᠲᠠᠨᠢᠯᠴᠠᠭᠤᠯᠪᠠ᠃ | ᠦ᠋ ᠲᠢᠩᠬᠢᠮ ᠤᠨ ᠳᠠᠷᠤᠭ᠎ᠠ᠄ ᠲᠠᠪᠤᠳᠤᠭᠠᠷ ᠲᠤ᠂ ᠦᠶᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ | ᠲᠦᠯᠬᠢᠨ ᠠᠬᠢᠭᠤᠯᠵᠠᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠨ᠂ | ᠪᠠᠷᠢᠮᠵᠢᠶᠠᠵᠢᠭᠰᠠᠨ ᠦᠶᠯᠡᠳᠪᠦᠷᠢᠯᠡᠯ ᠤᠨ ᠮᠡᠷᠭᠡᠵᠢᠯ ᠢ ᠢᠵᠢ ᠪᠦᠷᠢᠳᠦᠭᠦᠯᠦᠨ ᠳᠡᠯᠭᠡᠷᠡᠭᠦᠯᠵᠦ᠂ ᠤᠯᠠᠭᠠᠨᠴᠠᠪ ᠬᠤᠲᠠ | ᠵᠡᠷᠭᠡ ᠲᠥᠮᠥᠰᠥ ᠶᠢᠨ ᠳᠠᠪᠠᠭᠤᠯᠢᠭ ᠭᠤᠤᠯ ᠭᠠᠷᠤᠯᠲᠠ ᠶᠢᠨ ᠣᠷᠣᠨ ᠤ 11 ᠬᠤᠰᠢᠭᠤ ᠰᠢᠶᠠᠨ ᠢᠶᠠᠷ ᠭᠤᠤᠯᠳᠠᠯᠭ᠎ᠠ | ᠪᠣᠯᠭᠠᠨ᠎ᠠ᠃ ᠪᠥᠬᠦ ᠣᠷᠣᠨ ᠤ ᠲᠥᠮᠥᠰᠥ ᠶᠢ ᠪᠠᠷᠢᠮᠵᠢᠶᠠᠵᠢᠭᠤᠯᠤᠨ ᠦᠶᠯᠡᠳᠪᠦᠷᠢᠯᠡᠬᠦ ᠮᠡᠷᠭᠡᠵᠢᠯ ᠤᠨ ᠪᠦᠷᠬᠦᠴᠡ ᠶᠢᠨ | ᠨᠣᠷᠮ᠎ᠠ ᠶᠢ 2018 ᠣᠨ ᠤ 58.7% ᠪᠠᠶᠢᠭᠰᠠᠨ ᠠᠴᠠ 2019 ᠣᠨ ᠤ 68% ᠪᠣᠯᠲᠠᠯ᠎ᠠ ᠳᠡᠭᠡᠭᠰᠢᠯᠡᠭᠦᠯᠵᠦ᠂ | ᠬᠤᠤᠷ ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠶᠢᠨ ᠨᠣᠷᠮ᠎ᠠ ᠶᠢ 78.1% ᠪᠠᠶᠢᠭᠰᠠᠨ ᠠᠴᠠ | ᠳᠡᠭᠡᠭᠰᠢᠯᠡᠭᠦᠯᠦᠭᠡᠳ 85% ᠪᠤᠯᠭᠠᠨ᠎ᠠ᠂ ᠲᠥᠮᠥᠰᠥ ᠶᠢᠨ ᠦᠶᠯᠡᠳᠪᠦᠷᠢᠯᠡᠯ ᠤᠨ ᠬᠢᠷᠢ ᠲᠦᠪᠰᠢᠨ ᠪᠠ | ᠪᠦᠲᠦᠭᠡᠭᠳᠡᠭᠦᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠵᠢᠷᠭᠤᠳᠤᠭᠠᠷ ᠲᠤ᠂ | ᠲᠥᠮᠥᠰᠥᠨ ᠤ ᠣᠳᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠢ ᠢᠳᠡᠪᠬᠢᠲᠡᠢ ᠪᠠᠶᠢᠭᠤᠯᠵᠠᠢ᠃ ᠤᠯᠤᠰ ᠤᠨ | ᠲᠡᠰ ᠤᠨ ᠶᠠᠳᠠᠭᠤ ᠬᠦᠴᠢᠷᠳᠡᠯᠲᠡᠶ ᠰᠢᠶᠠᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠶᠢ ᠲᠥᠮᠥᠰᠥ ᠶᠢᠨ ᠣᠳᠣ | ᠦᠶ᠎ᠡ ᠶᠢᠨ ᠠᠵᠤ ᠦᠢᠯᠡᠰ ᠤᠨ ᠬᠦᠷᠢᠶᠡᠯᠡᠩ ᠢᠶᠠᠷ ᠪᠦᠲᠦᠭᠡᠨ ᠪᠠᠶᠢᠭᠤᠯᠬᠤ ᠪᠠᠷ ᠨᠢᠭᠡᠨᠲᠡ ᠭᠠᠷᠳᠠᠨ ᠬᠢᠵᠦ ᠡᠬᠢᠯᠡᠵᠡᠢ᠃ | ᠣᠳᠣᠬᠠᠨ ᠳᠤ᠂ ᠨᠢᠭᠡᠨᠲᠡ 13 ᠲᠦᠮᠡᠨ ᠮᠦ ᠲᠠᠷᠢᠮᠠᠯ ᠤᠨ ᠬᠡᠪᠴᠢᠶ᠎ᠡ ᠲᠠᠢ ᠪᠣᠯᠵᠤ᠂ 2 ᠥᠪᠡᠷᠲᠡᠭᠡᠨ ᠵᠠᠰᠠᠬᠤ | ᠣᠷᠣᠨ ᠤ ᠲᠥᠮᠥᠰᠥ ᠶᠢᠨ ᠬᠦᠲᠦᠴᠢ ᠠᠵᠤ ᠠᠬᠤᠶᠢᠯᠠᠯ᠂ 6 ᠲᠠᠸᠠᠷ ᠤᠨ ᠨᠡᠷᠡᠲᠦ ᠲᠡᠮᠳᠡᠭᠲᠦ ᠪᠤᠶᠤ ᠲᠠᠸᠠᠷ ᠤᠨ | ᠲᠡᠮᠳᠡᠭ᠂ 1 ᠰᠠᠭᠤᠷᠢ ᠲᠥᠮᠥᠰᠥ ᠶᠢᠨ ᠮᠦᠽᠧᠶ ᠲᠠᠢ ᠪᠣᠯᠵᠠᠢ᠃ ᠲᠥᠮᠥᠰᠥᠨ ᠤ ᠠᠵᠤ ᠦᠢᠯᠡᠰ ᠤᠨ ᠲᠣᠮᠣ | ᠳ᠋ᠠᠶᠢᠲ᠋ᠠ ᠶᠢᠨ ᠲᠠᠪᠴᠠᠩ ᠢ ᠢᠳᠡᠪᠬᠢᠲᠡᠢ ᠪᠠᠶᠢᠭᠤᠯᠵᠤ᠂ ᠵᠢᠯ ᠳᠤ 20 ᠲᠦᠮᠡᠨ ᠲᠣᠨ ︽ᠲᠥᠪ ᠲᠣᠭᠤᠭᠠᠨ ᠭᠡᠷ︾ | ᠢ ᠤᠯᠠᠷᠢᠭᠤᠯᠬᠤ ᠴᠢᠳᠠᠪᠤᠷᠢ ᠲᠠᠢ ᠪᠠᠶᠢᠭᠤᠯᠵᠤ᠂ 100 ᠲᠦᠮᠡᠨ ᠲᠣᠨ ᠴᠠᠷᠳᠠᠭᠤᠯ ᠡᠳ᠋ᠰᠢᠭᠦᠯᠦᠨ ᠪᠣᠯᠪᠠᠰᠤᠷᠠᠭᠤᠯᠬᠤ | ᠴᠢᠳᠠᠪᠤᠷᠢ ᠶᠢ ᠰᠢᠨ᠎ᠡ ᠪᠠᠷ ᠪᠠᠶᠢᠭᠤᠯᠵᠠᠢ᠃ ᠡᠭᠦᠨ ᠤ ᠬᠠᠮᠲᠤ᠂ ᠤᠤᠯ ᠤᠨ ᠠᠵᠤ ᠠᠬᠤᠶᠢᠯᠠᠯ ᠤᠨ ᠬᠠᠲᠠᠭᠠᠭᠰᠠᠨ | ᠲᠦᠮᠦᠰᠦ ᠶᠢᠨ ᠵᠦᠰᠦᠮᠡᠯ᠂ ᠬᠠᠲᠠᠭᠠᠭᠰᠠᠨ ᠲᠦᠮᠦᠰᠦ ᠶᠢᠨ ᠬᠡᠷᠴᠢᠮᠡᠯ᠂ ᠴᠠᠷᠳᠠᠭᠤᠯ᠂ ᠲᠥᠮᠥᠰᠥᠨ ᠤ ᠲᠦᠷᠭᠡᠨ | ᠬᠥᠯᠳᠡᠭᠡᠬᠦ ᠭᠤᠣᠯ ᠢᠳᠡᠭᠡᠨ ᠵᠡᠷᠭᠡ ᠪᠦᠲᠦᠭᠡᠭᠳᠡᠬᠦᠨ ᠤ ᠦᠢᠯᠡᠳᠪᠦᠷᠢᠯᠡᠯ ᠤᠨ ᠱᠤᠭᠤᠮ ᠢ ᠰᠢᠨ᠎ᠡ ᠪᠠᠷ ᠪᠠᠶᠢᠭᠤᠯᠬᠤ | ᠪᠠ ᠥᠷᠭᠡᠳᠬᠡᠨ ᠪᠠᠶᠢᠭᠤᠯᠬᠤ ᠶᠢ ᠵᠣᠷᠢᠭᠵᠢᠭᠤᠯᠤᠨ᠂ ᠳᠡᠰ ᠳᠡᠪᠰᠢᠭᠦᠯᠦᠨ ᠥᠭᠡᠷᠡᠴᠢᠯᠡᠭᠰᠡᠨ ᠤ ᠳᠠᠷᠠᠭ᠎ᠠ ᠵᠢᠯ ᠳᠤ | ᠰᠢᠨ᠎ᠡ ᠰᠣᠷᠭᠤᠭ ᠲᠥᠮᠥᠰᠥ ᠶᠢ ᠡᠳ᠋ᠰᠢᠭᠦᠯᠦᠨ ᠤᠯᠠᠷᠢᠭᠤᠯᠬᠤ ᠴᠢᠳᠠᠪᠤᠷᠢ ᠨᠢ ᠳᠡᠭᠡᠭᠰᠢᠯᠡᠭᠡᠳ 75 ᠲᠦᠮᠡᠨ ᠲᠣᠨ | ᠪᠤᠯᠤᠨ᠎ᠠ᠃ | ᠬᠥᠲᠥᠯᠥᠭᠴᠢ᠄ ᠵᠠ᠂ ᠡᠦ ᠲᠢᠩᠬᠢᠮ ᠤᠨ ᠳᠠᠷᠤᠭ᠎ᠠ ᠶᠢᠨ ᠨᠠᠷᠢᠨ ᠲᠠᠶᠢᠯᠪᠤᠷᠢᠯᠠᠭᠰᠠᠨ ᠳᠤ ᠮᠠᠰᠢ ᠲᠠᠯᠠᠷᠬᠠᠵᠤ | ᠪᠠᠶᠢᠨ᠎ᠠ᠂ ᠪᠠᠰᠠ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ᠂ ᠲᠣᠰ | ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠪᠢᠳᠡ ᠳᠠᠷᠠᠭᠠᠴᠢ ᠶᠢᠨ ᠨᠡᠪᠲᠡᠷᠡᠭᠦᠯᠭᠡ ᠳᠤ | ᠳᠠᠬᠢᠨ ᠠᠭᠤᠯᠵᠠᠶ᠎ᠠ︕ | ᠦ᠋ ᠲᠢᠩᠬᠢᠮ ᠤᠨ ᠳᠠᠷᠤᠭ᠎ᠠ᠄ ᠪᠠᠶᠠᠷᠲᠠᠶ︕ | |